ᠴᠠᠬᠢᠯᠭᠠᠨ ᠬᠤᠯᠪᠤᠭᠠᠨ ᠤ ᠮᠡᠬᠡᠯᠡᠯ ᠤᠨ ᠤᠪ ᠮᠡᠭᠡ
ᠨᠡᠶᠢᠲᠡᠯᠡᠭᠰᠡᠨ ᠴᠠᠭ᠄
2021/10/12
  ᠤᠳᠠᠰᠤ ᠪᠠᠷ ᠮᠡᠭᠡᠯᠡᠬᠦ᠄   1. ᠦᠷ᠎ᠡ ᠬᠡᠦᠬᠡᠳ ᠨᠢ ᠤᠤᠯᠭᠠᠯᠠᠭᠳᠠᠵᠤ᠂ ᠳ᠋ᠢᠶᠠᠩᠬᠤᠸᠠ ᠳᠠᠭᠤ ᠰᠢᠩᠭᠡᠭᠡᠯᠲᠡ ᠶᠢ ᠠᠰᠢᠭᠯᠠᠨ ᠭᠡᠷ ᠤᠨ ᠬᠥᠮᠦᠰ ᠢ ᠨᠢ ᠠᠶᠤᠯᠭᠠᠨ ᠭᠡᠯᠮᠡᠭᠳᠡᠬᠦᠯᠵᠦ᠂ ᠪᠠᠷᠢᠴᠠᠭᠠᠯᠠᠭᠳᠠᠭᠰᠠᠨ ᠬᠥᠮᠦᠨ ᠳᠤ ᠵᠣᠭᠤᠰ ᠭᠤᠪᠢᠭᠤᠯᠬᠤ ᠶᠢ ᠱᠠᠭᠠᠷᠳᠠᠳᠠᠭ᠃   2. ᠲᠥᠷᠥᠯ ᠰᠠᠳᠤᠨ ᠨᠠᠶᠢᠵᠠ ᠨᠥᠬᠦᠳ ᠢᠶᠠᠷ ᠣᠪᠯᠠᠵᠤ᠂ ᠲᠡᠷᠭᠡᠨ ᠠᠳᠡᠯ᠂ ᠡᠪᠡᠳᠴᠢᠯᠡᠭᠰᠡᠨ᠂ ᠬᠠᠤᠯᠢ ᠠᠴᠠ ᠵᠥᠷᠢᠴᠡᠵᠦ ᠵᠣᠭᠤᠰ ᠲᠤᠰᠢᠶᠠᠬᠤ ᠴᠢᠬᠤᠯᠠᠲᠠᠶ ᠵᠡᠷᠭᠡ ᠰᠢᠯᠲᠠᠭ ᠢᠶᠠᠷ ᠮᠡᠬᠡᠯᠡᠬᠦ ᠠᠵᠢᠯᠯᠠᠭ᠎ᠠ ᠬᠢᠬᠦ᠃   3. ᠴᠠᠬᠢᠯᠭᠠᠨ ᠬᠤᠯᠪᠣᠭᠠᠨ ᠤ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠤᠲᠠᠰᠤᠨ ᠤ ᠰᠦᠢᠳᠬᠡᠯ ᠥᠷᠢᠲᠦᠬᠦ ᠵᠡᠷᠭᠡ ᠨᠡᠷ᠎ᠡ ᠪᠠᠷ ᠮᠡᠬᠡᠯᠡᠯ ᠬᠢᠬᠦ᠃   4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠵᠡᠷᠭᠡ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠢᠶᠠᠷ ᠣᠪᠯᠠᠵᠤ᠂ ᠬᠡᠨ ᠬᠡᠨ ᠵᠣᠭᠤᠰ ᠤᠬᠢᠶᠠᠬᠤ᠂ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠢᠶᠠᠷ ᠰᠢᠯᠲᠠᠭ ᠪᠣᠯᠭᠠᠵᠤ ᠮᠡᠬᠡᠯᠡᠬᠦ ᠠᠵᠢᠯᠯᠠᠭ᠎ᠠ ᠬᠢᠬᠦ᠃   5. ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠭᠠᠶᠢᠯᠢ ᠪᠤᠴᠠᠭᠠᠬᠤ ᠪᠠᠷ ᠰᠢᠯᠲᠠᠭ ᠪᠣᠯᠭᠠᠨ ᠬᠦᠮᠦᠰ ᠢ ATM ᠳᠡᠭᠡᠷ᠎ᠡ ᠠᠵᠢᠯᠯᠠᠭᠤᠯᠬᠤ ᠪᠠᠷ ᠱᠠᠭᠠᠷᠳᠠᠵᠤ ᠮᠡᠬᠡᠯᠡᠬᠦ ᠠᠵᠢᠯᠯᠠᠭ᠎ᠠ ᠬᠢᠬᠦ᠃   6. ᠬᠡᠨ ᠬᠡᠨ ᠱᠠᠩᠨᠠᠯ ᠣᠯᠤᠭᠰᠠᠨ ᠭᠡᠵᠦ ᠬᠤᠳᠠᠯ ᠬᠡᠯᠡᠭᠡᠳ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠦᠢᠯᠡᠴᠢᠯᠡᠭᠡᠨ ᠤ ᠰᠦᠢᠳᠬᠡᠯ ᠪᠠ ᠭᠠᠷ ᠭᠦᠢᠴᠡᠳᠬᠡᠯ ᠤᠨ ᠰᠦᠢᠳᠬᠡᠯ ᠵᠡᠷᠭᠡ ᠶᠢ ᠲᠤᠰᠢᠶᠠᠬᠤ ᠪᠠᠷ ᠮᠡᠬᠡᠯᠡᠬᠦ ᠡᠵᠢᠯᠯᠠᠭ᠎ᠠ ᠬᠢᠬᠦ᠃   ᠣᠬᠤᠷ ᠴᠢᠮᠡᠭᠡ ᠪᠠᠷ ᠮᠡᠬᠡᠯᠡᠬᠦ᠄   1 . ᠬᠦᠮᠦᠰ ᠲᠤ ᠣᠬᠤᠷ ᠮᠡᠳᠡᠭᠡ ᠶᠠᠪᠤᠭᠤᠯᠵᠤ ᠪᠠᠩᠬᠢ ᠶᠢᠨ ᠺᠠᠷᠲ ᠢ ᠴᠢᠨᠢ ᠥᠭᠡᠷ᠎ᠡ ᠭᠠᠵᠠᠷ ᠲᠤ ᠬᠡᠷᠡᠭᠯᠡᠵᠦ ᠪᠠᠶᠢᠨ᠎ᠠ ᠭᠡᠮᠡᠨ ᠮᠡᠬᠡᠯᠡᠵᠦ᠂ ᠬᠠᠷᠢᠭᠤ ᠤᠲᠠᠰᠤ ᠶᠠᠪᠤᠭᠤᠯᠬᠤ ᠦᠶ᠎ᠡ ᠳᠤ ᠬᠠᠤᠯᠢ ᠪᠤᠰᠤ ᠡᠲᠡᠭᠡᠳ ᠪᠠᠩᠬᠢ ᠶᠢᠨ ᠠᠵᠢᠯᠲᠠᠨ ᠢᠶᠠᠷ ᠬᠠᠭᠤᠷᠮᠠᠭᠯᠠᠨ ᠮᠡᠬᠡᠯᠡᠵᠦ ᠪᠠᠶᠢᠨ᠎ᠠ᠃   2 . ᠣᠬᠤᠷ ᠴᠢᠮᠡᠭᠡ ᠪᠠᠷ ᠪᠠᠩᠬᠢ ᠶᠢᠨ ᠲᠠᠩᠰᠠᠨ ᠨᠣᠮᠧᠷ ᠵᠢᠴᠢ ︽ᠲᠦᠷᠭᠡᠨ ᠭᠤᠪᠢᠭᠤᠯᠤᠭᠰᠠᠨ ᠵᠣᠭᠤᠰ︾ ᠵᠡᠷᠭᠡ ᠮᠡᠳᠡᠭᠡ ᠵᠠᠩᠭᠢ ᠶᠢ ᠶᠠᠪᠤᠭᠤᠯᠵᠤ ᠮᠡᠬᠡᠯᠡᠬᠦ᠃   ᠰᠦᠯᠵᠢᠶᠡᠨ ᠤ ᠮᠡᠬᠡᠯᠡᠯ᠄   1 . ᠰᠦᠯᠵᠢᠶᠡᠨ ᠳᠡᠭᠡᠷ᠎ᠡ ᠰᠲ᠋ᠣᠺ ᠢ ᠰᠣᠩᠭᠤᠬᠤ ᠪᠤᠶᠤ ᠬᠤᠳᠠᠯᠳᠤᠨ ᠠᠪᠬᠤ ᠳᠤ ᠬᠠᠪᠰᠤᠷᠬᠤ ᠮᠡᠳᠡᠭᠡ ᠵᠠᠩᠭᠢ ᠨᠡᠶᠢᠲᠡᠯᠡᠵᠦ ᠮᠡᠬᠡᠯᠡᠬᠦ᠃   2 . ᠱᠠᠩᠨᠠᠯ ᠣᠯᠤᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠵᠦ ᠮᠡᠬᠡᠯᠡᠭᠳᠡᠭᠴᠢ ᠰᠦᠯᠵᠢᠶᠡᠨ ᠳᠤ ᠭᠠᠷᠬᠤ ᠳᠠᠭᠠᠨ QQ᠎ ᠶᠢᠨ ᠱᠠᠩᠨᠠᠯ ᠣᠯᠤᠭᠰᠠᠨ ᠪᠤᠶᠤ ᠰᠦᠯᠵᠢᠶᠡᠨ ᠤ ᠲᠣᠭᠯᠠᠭᠠᠮ ᠤᠨ ᠱᠠᠩᠨᠠᠯ ᠣᠯᠤᠭᠰᠠᠨ ᠢ ᠣᠯᠵᠤ ᠮᠡᠳᠡᠨ᠎ᠡ᠂ ᠭᠡᠪᠡᠴᠦ ᠡᠷᠬᠡᠪᠰᠢ ᠤᠷᠢᠳᠠᠪᠠᠷ ᠭᠠᠷ ᠭᠦᠶ᠋ᠴᠡᠳᠬᠡᠯ ᠤᠨ ᠰᠦᠢᠳᠬᠡᠯ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠡᠷᠭᠡ ᠶᠢ ᠲᠤᠰᠢᠶᠠᠵᠤ᠂ ᠬᠠᠤᠯᠢ ᠪᠤᠰᠤ ᠡᠲᠡᠭᠡᠳ ᠡᠭᠦᠨ ᠢᠶᠠᠷ ᠵᠣᠭᠤᠰ ᠢ ᠮᠡᠬᠡᠯᠡᠨ ᠠᠪᠳᠠᠭ᠃  
ᠢᠷᠡᠯᠲᠡ᠄ ᠠᠯᠠᠱᠠ ᠶᠢᠨ ᠡᠳᠦᠷ ᠤᠨ ᠰᠤᠨᠢᠨ