ᠪᠤᠶᠠᠨ ᠤ ᠡᠯᠴᠢᠨ — ᠳᠤᠷᠠᠰᠬᠠᠯᠲᠦ
ᠨᠡᠶᠢᠲᠡᠯᠡᠭᠰᠡᠨ ᠴᠠᠭ᠄
2021/10/18
     ︽ᠠᠮᠢᠳᠦᠷᠠᠯ ᠬᠠᠶᠢᠷ᠎ᠡ ᠳᠡᠭᠡᠷ᠎ᠡ ᠳᠤᠭᠲᠠᠳᠠᠭ︾ ᠭᠡᠳᠡᠭ ᠢᠶᠠᠷ᠂ ᠬᠠᠶᠢᠷ᠎ᠡ ᠶᠢᠨ ᠬᠦᠴᠦᠨ ᠳᠤ ᠳᠡᠯᠡᠬᠡᠢ ᠭᠡᠭᠡᠷᠡᠵᠤ᠂ ᠬᠠᠯᠠᠮᠵᠢ ᠶᠢᠨ ᠲᠤᠶᠠᠭᠠᠨ ᠳᠤ ᠬᠦᠮᠦᠨ ᠪᠠᠶᠠᠰᠦᠨ᠎ᠡ᠃ ᠤᠲᠤᠭ ᠤᠨ ᠡᠮᠦᠨᠡᠲᠦ ᠬᠤᠰᠢᠭᠤᠨ ᠤ ᠨᠠᠩᠰᠦ ᠪᠠᠯᠭᠠᠰᠦ ᠶᠢᠨ ᠰᠢᠷᠬᠠᠤᠰᠢᠭᠤ ᠭᠠᠴᠠᠭᠠᠨ ᠳᠤ ᠪᠤᠰᠤᠳ ᠢ ᠳᠤᠰᠠᠯᠠᠬᠤ ᠪᠠᠷ ᠵᠢᠷᠭᠠᠯ ᠢᠶᠠᠨ ᠪᠤᠯᠭᠠᠳᠠᠭ ᠵᠢᠷ ᠤᠨ ᠨᠢᠭᠡᠨ ᠮᠠᠯᠴᠢᠨ ᠪᠤᠢ᠂ ᠲᠡᠬᠦᠨ ᠤ ᠨᠡᠷ᠎ᠡ ᠶᠢ ᠳᠤᠷᠠᠰᠬᠠᠯᠲᠦ ᠭᠡᠳᠡᠭ᠃      ᠳᠤᠷᠠᠰᠬᠠᠯᠲᠦ 2014 ᠤᠨ ᠠᠴᠠ ᠡᠬᠢᠯᠡᠨ ᠬᠠᠭᠤᠴᠢᠨ ᠬᠤᠪᠴᠠᠰᠦ ᠬᠤᠨᠠᠷ ᠢ ᠴᠤᠭᠯᠠᠭᠤᠯᠵᠤ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠬᠡᠤᠬᠡᠳ ᠲᠤ ᠬᠠᠨᠳᠢᠪᠯᠡᠨ ᠢᠯᠡᠭᠡᠵᠡᠢ᠃ ᠡᠳᠡᠭᠡᠷ ᠵᠢᠯ ᠳᠤ ᠲᠡᠷᠡ ᠤᠷᠢᠳ ᠬᠤᠵᠢᠳ ᠮᠤᠩᠭᠤᠯ ᠤᠯᠤᠰ᠂ ᠭᠠᠨᠰᠦ᠂ ᠬᠦᠬᠡᠨᠠᠭᠤᠷ᠂ ᠲᠦᠪᠡᠳ᠂ ᠰᠧᠴᠤᠸᠠᠨ ᠵᠡᠷᠭᠡ ᠭᠠᠵᠠᠷ ᠤᠷᠤᠨ ᠤ ᠠᠮᠢᠳᠦᠷᠠᠯ ᠬᠦᠴᠢᠷᠳᠡᠯᠲᠡᠢ ᠬᠡᠤᠬᠡᠳ ᠲᠤ 10 ᠲᠦᠮᠡ ᠢᠯᠡᠬᠦᠦ ᠡᠳ᠋ ᠪᠤᠳᠠᠰ ᠬᠠᠨᠳᠢᠪᠯᠠᠪᠠ᠃      ︽ᠵᠠᠮ ᠤᠨ ᠬᠠᠵᠠᠭᠤ ᠪᠠᠷ ᠬᠠᠶᠠᠭᠳᠠᠭᠰᠠᠨ ᠬᠠᠭᠤᠴᠢᠨ ᠬᠤᠪᠴᠠᠰᠦ ᠬᠤᠨᠠᠷ ᠢ ᠦᠵᠡᠭᠡᠳ ᠬᠠᠶᠢᠷᠠᠨ ᠰᠠᠨᠠᠭᠳᠠᠵᠤ᠂ ᠲᠡᠳᠡᠭᠡᠷ ᠢ ᠠᠮᠢᠳᠦᠷᠠᠯ ᠬᠦᠴᠢᠷᠳᠡᠯᠲᠡᠢ ᠬᠦᠮᠦᠰ ᠲᠤ ᠥᠭᠴᠢᠭᠡᠪᠡᠯ ᠶᠠᠮᠠᠷ ᠰᠠᠶᠢᠬᠠᠨ ᠪᠤᠢ ᠬᠡᠵᠤ ᠪᠤᠳᠤᠭᠠᠳ ᠡᠨᠡ ᠬᠦ ᠠᠵᠢᠯ ᠢᠶᠠᠨ ᠡᠬᠢᠯᠡᠵᠤ ᠬᠢᠵᠡᠢ᠃ ᠰᠠᠶ᠋ᠢ ᠡᠬᠢᠯᠡᠩᠬᠦᠳᠡ ᠬᠠᠭᠤᠴᠢᠨ ᠬᠤᠪᠴᠠᠰᠦ ᠬᠤᠨᠠᠷ ᠢ ᠴᠤᠭᠯᠠᠭᠤᠯᠤᠭᠰᠠᠨ ᠤ ᠳᠠᠷᠠᠭ᠎ᠠ ᠬᠡᠨ ᠳᠤ ᠥᠭᠬᠦ᠂ ᠬᠠᠮᠢᠭ᠎ᠠ ᠠᠪᠠᠴᠢᠬᠤ ᠪᠢᠯᠡ ᠭᠡᠵᠤ ᠪᠠᠰᠠ ᠲᠤᠯᠤᠭᠠᠢ ᠡᠪᠡᠳᠴᠦ ᠪᠠᠶᠢᠭᠰᠠᠨ᠃ ᠳᠡᠭᠡᠭᠡᠳ ᠭᠠᠷ ᠤᠲᠠᠰᠦ ᠪᠠᠷ ᠲᠠᠮᠵᠢᠨ ᠵᠤᠷᠢᠯᠲᠠ ᠨᠢᠭᠡᠲᠡᠢ ᠬᠦᠮᠦᠰ ᠲᠠᠢ ᠲᠠᠨᠢᠯᠴᠠᠵᠤ᠂ ᠤᠯᠠᠨ ᠤ ᠬᠦᠴᠦ ᠪᠠᠷ ᠡᠳᠡᠭᠡᠷ ᠬᠤᠪᠴᠠᠰᠦ ᠬᠤᠨᠠᠷ ᠢᠶᠠᠨ ᠭᠠᠳᠠᠭᠰᠢ ᠬᠠᠨᠳᠢᠪᠯᠡᠨ ᠶᠠᠪᠤᠭᠤᠯᠬᠤ ᠪᠤᠯᠵᠡᠢ᠃ ᠪᠢ ᠴᠤᠭᠯᠠᠭᠤᠯᠤᠭᠰᠠᠨ ᠬᠤᠪᠴᠠᠰᠦ ᠪᠠᠨ ᠤᠬᠢᠶᠠᠵᠤ ᠠᠷᠢᠭᠤᠳᠬᠠᠭᠰᠠᠨ ᠤ ᠳᠠᠷᠠᠭ᠎ᠠ ᠤᠷᠢᠳ ᠢᠶᠠᠷ ᠬᠦᠯᠦᠨ ᠪᠤᠶᠢᠷ᠂ ᠰᠢᠯᠢ ᠶᠢᠨ ᠭᠤᠤᠯ ᠵᠡᠷᠭᠡ ᠭᠠᠵᠠᠷ ᠲᠤ ᠠᠪᠠᠴᠢᠵᠤ᠂ ᠳᠠᠬᠢᠭᠠᠳ ᠴᠠᠭᠠᠰᠢ ᠪᠠᠨ ᠮᠤᠩᠭᠤᠯ ᠤᠯᠤᠰ ᠲᠤ ᠭᠤᠪᠢᠭᠤᠯᠳᠠᠭ ︾ ᠭᠡᠵᠤ ᠳᠤᠷᠠᠰᠬᠠᠯᠲᠦ ᠶᠠᠷᠢᠯ᠎ᠡ᠃      2019 ᠤᠨ ᠳᠤ ᠳᠤᠷᠠᠰᠬᠠᠯᠲᠦ ᠶᠢᠨ ᠨᠥᠯᠥᠭᠡᠯᠡᠯ ᠳᠤᠤᠷ᠎ᠡ ᠤᠳᠤᠭ ᠤᠨ ᠡᠮᠦᠨᠡᠲᠦ ᠬᠤᠰᠢᠭᠤᠨ ᠤ ᠬᠡᠤᠬᠡᠳ ᠪᠠᠭᠠᠴᠤᠳ ᠤᠨ ᠬᠦᠳᠡᠯᠭᠡᠭᠡᠨ ᠤ ᠲᠦᠪ ᠠᠴᠠ ᠨᠡᠶᠢᠲᠡ ᠶᠢᠨ ᠠᠰᠠᠷᠠᠮᠵᠢ ᠶᠢᠨ ᠨᠡᠶᠢᠬᠡᠮᠯᠢᠭ ᠢ ᠪᠠᠶᠢᠭᠤᠯᠪᠠ᠃ ᠳᠤᠷᠠᠰᠬᠠᠯᠲᠦ ᠴᠢᠯᠥᠭᠡ ᠵᠠᠪ ᠲᠠᠭᠠᠷᠠᠪᠠᠯ ᠨᠡᠶᠢᠬᠡᠮᠯᠢᠭ ᠲᠤ ᠤᠴᠢᠵᠤ ᠥᠪᠡᠷ ᠤᠨ ᠪᠤᠶᠠᠨ ᠤ ᠠᠵᠢᠯᠯᠠᠭ᠎ᠠ ᠪᠠᠨ ᠳᠠᠶᠠᠭᠠᠷ ᠲᠠᠢ ᠬᠤᠪᠢᠶᠠᠯᠴᠠᠳᠠᠭ ᠪᠢᠯᠡ᠃ ᠬᠢᠵᠢᠭ ᠤᠨ ᠨᠥᠯᠥᠭᠡ ᠠᠴᠠ ᠪᠤᠯᠵᠤ᠂ ᠡᠨᠡ ᠬᠤᠶᠠᠷ ᠵᠢᠯ ᠳᠤᠷᠠᠰᠬᠠᠯᠲᠦ ᠴᠤᠭᠯᠠᠭᠤᠯᠤᠭᠰᠠᠨ ᠬᠠᠭᠤᠴᠢᠨ ᠬᠤᠪᠴᠠᠰᠦ ᠬᠤᠨᠠᠷ ᠢᠶᠠᠨ ᠢᠯᠡᠭᠡᠬᠦ ᠪᠠᠨ ᠲᠦᠷ ᠵᠤᠭᠰᠦᠭᠠᠵᠤ᠂ ᠬᠤᠪᠴᠠᠰᠦᠨ ᠤᠢᠢᠯᠡᠳᠪᠦᠷᠢ ᠲᠠᠢ ᠬᠠᠷᠢᠯᠴᠠᠨ ᠰᠢᠨ᠎ᠡ ᠬᠤᠪᠴᠠᠰᠦ ᠬᠤᠨᠠᠷ ᠬᠤᠳᠠᠯᠳᠤᠨ ᠠᠪᠴᠦ ᠬᠡᠤᠬᠡᠳ ᠲᠤ ᠭᠤᠪᠢᠭᠤᠯᠳᠠᠭ ᠪᠤᠯᠵᠡᠢ᠃ ︽ᠤᠳᠤᠬᠠᠨ ᠳᠤ ᠨᠡᠶᠢᠬᠡᠮᠯᠢᠭ ᠲᠤ 100 ᠭᠠᠷᠦᠢ ᠭᠡᠰᠢᠬᠦᠨ ᠲᠠᠢ᠃ ᠤᠯᠠᠨ ᠢᠶᠠᠷ ᠢᠶᠠᠨ ᠮᠥᠡᠭᠬᠦ ᠪᠠᠨ ᠴᠤᠭᠯᠠᠭᠤᠯᠤᠨ ᠰᠢᠨ᠎ᠡ ᠬᠤᠪᠴᠠᠰᠦ ᠱᠠᠬᠠᠢ᠂ ᠪᠢᠴᠢᠭ ᠤᠨ ᠬᠡᠷᠡᠭᠰᠡᠯ ᠬᠤᠳᠠᠯᠳᠤᠨ ᠠᠪᠴᠦ ᠰᠢᠭᠤᠳ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠷᠭᠠᠭᠤᠯᠢ ᠳᠤ ᠬᠠᠨᠳᠢᠪᠯᠠᠳᠠᠭ︾ ᠭᠡᠵᠤ ᠳᠤᠷᠠᠰᠬᠠᠯᠲᠦ ᠶᠠᠷᠢᠪᠠ᠃      ᠨᠡᠶᠢᠬᠡᠮᠯᠢᠭ ᠪᠠᠶᠢᠭᠤᠯᠤᠭᠳᠠᠭᠰᠠᠨ ᠤ ᠳᠠᠷᠠᠭ᠎ᠠ ᠬᠤᠰᠢᠭᠤᠨ ᠤ ᠬᠡᠳᠤᠨ ᠮᠤᠩᠭᠤᠯ ᠰᠤᠷᠭᠠᠭᠤᠯᠢ᠂ ᠡᠮᠨᠡᠯᠭᠡ ᠶᠢᠨ ᠬᠤᠷᠢᠶᠠᠨ ᠳᠤ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠡᠳ᠋ ᠪᠤᠳᠠᠰ ᠬᠠᠨᠳᠢᠪᠯᠠᠭᠰᠡᠨ ᠪᠦᠭᠡᠳ ᠬᠦᠬᠡᠨᠠᠭᠤᠷ ᠮᠤᠵᠢ ᠶᠢᠨ ᠠᠩ ᠨᠤᠤ ᠼᠦᠨ ᠪᠠᠭ᠎ᠠ ᠰᠤᠷᠭᠠᠭᠤᠯᠢ ᠪᠤᠯᠤᠨ ᠦᠨᠦᠴᠢᠨ ᠬᠡᠤᠬᠡᠳ ᠤᠨ ᠠᠰᠠᠷᠠᠮᠵᠢ ᠶᠢᠨ ᠰᠤᠷᠭᠠᠭᠤᠯᠢ ᠳᠤ ᠲᠠᠮᠢᠷ ᠤᠨ ᠬᠤᠪᠴᠠᠰᠦ᠂ ᠱᠠᠬᠠᠢ᠂ ᠪᠢᠴᠢᠭ ᠤᠨ ᠬᠡᠷᠡᠭᠰᠡᠯ᠂ ᠨᠤᠮ ᠰᠤᠳᠤᠷ ᠵᠡᠷᠭᠡ ᠡᠳ᠋ ᠪᠤᠳᠠᠰ ᠢ ᠬᠠᠨᠳᠢᠪᠯᠠᠨ ᠢᠯᠡᠭᠡᠭᠰᠡᠨ ᠪᠠᠶᠢᠨ᠎ᠡ᠃ ᠳᠤᠷᠠᠰᠬᠠᠯᠲᠦ᠄ ︽ᠰᠤᠷᠭᠠᠭᠤᠯᠢ ᠶᠢᠨ ᠲᠠᠯ᠎ᠡ ᠠᠴᠠ ᠡᠳᠡᠭᠡᠷ ᠡᠳ᠋ ᠪᠤᠳᠠᠰ ᠢ ᠬᠦᠯᠢᠶᠡᠨ ᠠᠪᠴᠦ ᠰᠤᠷᠤᠬᠴᠢ ᠳᠠᠭᠠᠨ ᠬᠤᠪᠢᠶᠠᠬᠤ ᠳᠤ ᠵᠢᠷᠤᠬ ᠰᠡᠬᠦᠳᠡᠷ᠂ ᠰᠢᠩᠬᠡᠭᠡᠯᠲᠡ ᠬᠢᠵᠤ ᠵᠢᠷᠬᠢᠶ᠎ᠡ ᠪᠠᠷ ᠨᠡᠮ᠎ᠡ ᠳᠤ ᠶᠠᠪᠤᠭᠤᠯᠳᠠᠭ᠃ ᠪᠢ ᠳᠠᠬᠢᠭᠠᠳ ᠡᠳᠡᠭᠡᠷ ᠢ ᠨᠡᠶᠢᠬᠡᠮᠯᠢᠭ ᠤᠨ ᠬᠡᠰᠢᠬᠦᠳ ᠲᠠᠢ ᠪᠠᠨ ᠬᠤᠪᠢᠶᠠᠯᠴᠠᠳᠠᠭ᠃ ᠡᠨᠡ ᠬᠦ ᠠᠵᠢᠯᠯᠠᠭ᠎ᠠ ᠳᠤᠭᠲᠠᠭᠰᠠᠨ ᠬᠤᠭᠤᠴᠠᠭ᠎ᠠ ᠭᠡᠵᠤ ᠦᠭᠡᠢ᠂ ᠲᠡᠳᠡ ᠶᠠᠮᠠᠷ ᠴᠢᠬᠤᠯᠠ ᠤᠴᠢᠷ ᠪᠠᠶᠢᠪᠠᠯ ᠨᠡᠮ᠎ᠡ ᠪᠠᠷ ᠳᠠᠮᠵᠢᠨ ᠨᠡᠶᠢᠬᠡᠮᠯᠢᠭ ᠲᠠᠢ ᠬᠠᠷᠢᠯᠴᠠᠳᠠᠭ᠂ ᠪᠢᠳᠠ ᠴᠢᠳᠠᠯ ᠤᠨ ᠬᠢᠷᠢ ᠪᠠᠷ ᠪᠡᠶᠡᠯᠡᠬᠦᠯᠵᠤ ᠥᠭᠳᠡᠭ ᠶᠤᠮ︾ ᠭᠡᠵᠤ ᠶᠠᠷᠢᠯ᠎ᠡ᠃ ᠲᠦᠷᠦᠬᠦᠭᠡᠨ᠂ ᠠᠩ ᠨᠤᠤ ᠼᠦᠨ ᠪᠠᠭ᠎ᠠ ᠰᠤᠷᠭᠠᠭᠤᠯᠢ ᠠᠴᠠ ᠲᠤᠰᠬᠠᠢᠢᠯᠠᠨ ᠡᠳᠡᠨ ᠳᠤ ᠬᠡᠮᠡᠷᠯᠢᠭ ᠲᠤᠭ ᠪᠡᠯᠡᠭᠯᠡᠵᠤ᠂ ᠲᠠᠯᠠᠷᠬᠠᠯ ᠤᠨ ᠰᠡᠳᠬᠢᠯ ᠢᠶᠠᠨ ᠢᠯᠡᠳᠭᠡᠵᠡᠢ᠃      ᠤᠷᠴᠢᠮ ᠤᠨ ᠵᠢᠯ ᠠᠴᠠ ᠳᠤᠷᠠᠰᠬᠠᠯᠲᠦ ᠥᠪᠡᠷ ᠢᠶᠠᠨ ᠰᠡᠳᠬᠢᠴᠡ ᠵᠦᠢ ᠰᠤᠷᠤᠯᠴᠠᠵᠤ᠂ ᠰᠤᠷᠭᠠᠭᠤᠯᠢ ᠪᠠᠷ ᠶᠠᠪᠤᠬᠤ ᠳᠠᠭᠠᠨ ᠰᠤᠷᠤᠬᠴᠢ ᠨᠠᠷ ᠲᠤ ᠰᠡᠳᠬᠢᠴᠡ ᠶᠢᠨ ᠬᠢᠴᠢᠶᠡᠯ ᠤᠷᠤᠳᠠᠭ ᠪᠠᠶᠢᠨ᠎ᠡ᠃ ᠬᠢᠵᠢᠭ ᠳᠡᠯᠭᠡᠷᠡᠬᠦ ᠠᠴᠠ ᠡᠮᠦᠨ᠎ᠡ ᠲᠡᠷᠡ ᠦᠷᠬᠦᠯᠵᠢ ᠰᠤᠷᠤᠭᠴᠢᠳ ᠢ ᠵᠤᠬᠢᠶᠠᠨ ᠪᠠᠶᠢᠭᠤᠯᠵᠤ᠂ ᠦᠨᠦᠴᠢᠨ ᠬᠡᠤᠬᠡᠳ ᠤᠨ ᠬᠦᠷᠢᠶᠡᠯᠡᠩ ᠳᠤ ᠤᠴᠢᠵᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠬᠦᠯᠳᠡᠭ᠃      ᠡᠨᠡ ᠳᠤᠯᠤᠭᠠᠨ ᠵᠢᠯ ᠳᠤ ᠳᠤᠷᠠᠰᠬᠠᠯᠲᠦ ᠴᠤᠭᠯᠠᠭᠤᠯᠤᠭᠰᠠᠨ ᠬᠠᠭᠤᠴᠢᠨ ᠬᠤᠪᠴᠠᠰᠦ ᠬᠤᠨᠠᠷ ᠢᠶᠠᠨ ᠴᠦᠮ ᠥᠪᠡᠷ ᠢᠶᠠᠨ ᠤᠬᠢᠶᠠᠵᠤ ᠠᠷᠢᠭᠤᠳᠬᠠᠨ᠂ ᠮᠥᠡᠭᠬᠦ ᠭᠠᠷᠭᠠᠨ ᠭᠤᠪᠢᠭᠤᠯᠳᠠᠭ ᠪᠢᠯᠡ᠃ ᠡᠳᠤᠭᠡ ᠪᠤᠯᠳᠠᠯ᠎ᠡ ᠬᠡᠳᠤᠢ ᠵᠤᠭᠤᠰ ᠵᠠᠷᠦᠴᠠᠭᠤᠯᠤᠭᠰᠠᠨ ᠢᠶᠠᠨ ᠲᠡᠷᠡ ᠥᠪᠡᠷ ᠢᠶᠠᠨ ᠪᠠᠰᠠ ᠰᠠᠶᠢᠨ ᠮᠡᠳᠡᠬᠦ ᠦᠭᠡᠢ᠃ ︽ᠬᠡᠤᠬᠡᠳ ᠤᠨ ᠬᠤᠪᠴᠠᠰᠦ ᠬᠤᠨᠠᠷ᠂ ᠪᠢᠴᠢᠭ ᠰᠤᠳᠤᠷ ᠭᠠᠷᠳᠠᠵᠤ ᠠᠪᠬᠤ ᠳᠤ ᠨᠢᠭᠤᠷ ᠳᠡᠭᠡᠷ᠎ᠡ ᠨᠢ ᠳᠤᠲᠤᠷᠠᠭᠰᠠᠨ ᠢᠨᠢᠶᠡᠳᠤ ᠮᠦᠰᠢᠶᠡᠯ ᠪᠤᠯ ᠮᠢᠨᠦ ᠬᠠᠮᠤᠭ ᠤᠨ ᠶᠡᠭᠡ ᠬᠦᠳᠡᠯᠭᠡᠬᠦ ᠬᠦᠴᠦᠨ ᠪᠤᠯᠤᠨ᠎ᠡ᠃ ᠡᠨᠡ ᠬᠦ ᠠᠵᠢᠯᠯᠠᠭ᠎ᠠ ᠪᠠᠨ ᠪᠢ ᠨᠠᠰᠦᠨ ᠲᠤᠷᠰᠢᠳᠠ ᠪᠠᠷᠢᠮᠲᠠᠯᠠᠨ᠎ᠡ︾ ᠭᠡᠵᠤ ᠳᠤᠷᠠᠰᠬᠠᠯᠲᠦ ᠢᠨᠢᠶᠡᠮᠰᠦᠭᠯᠡᠨ ᠶᠠᠷᠢᠯ᠎ᠡ᠃
   ᠲᠤᠷᠠᠰᠬᠠᠯᠳᠤ ᠬᠦᠤ ᠲᠠᠢ ᠪᠠᠨ
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号