ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2021/10/19
   ᠨᠢᠭᠡᠳᠦᠭᠡᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ  ︾  ᠎ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ  ᠤᠷᠳᠤᠰ ᠬᠤᠳᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠣᠯ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠭᠠᠵᠠᠷ ᠤᠨ ᠳᠡᠰ ᠤᠨ ᠪᠠᠶᠢᠭᠤᠯᠭ᠎ᠠ ᠪᠠᠶᠢᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃   ᠭᠤᠷᠪᠠᠳᠤᠭᠠᠷ ᠵᠦᠢᠯ  ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ  ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠎ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂  ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃   ᠭᠤᠣᠯ ᠲᠤᠰᠢᠶᠠᠯ ᠬᠠᠷᠢᠭᠤᠴᠠᠯᠭ᠎ᠠ᠄   ︵ᠨᠢᠭᠡ︶ ᠤᠯᠤᠰ  ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ  ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠵᠠᠰᠠᠭ  ᠤᠨ  ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠪᠡ᠂ ᠲᠥᠰᠦᠯ ᠵᠡᠷᠭᠡ ᠲᠥᠷᠦ ᠶᠢᠨ ᠪᠣᠳᠣᠯᠭ᠎ᠠ ᠶᠢ ᠰᠤᠳᠤᠯᠤᠨ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃   ︵ᠬᠤᠶᠠᠷ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ᠵᠠᠰᠠᠭ ᠤᠨ ᠣᠷᠳᠣᠨ ᠤ ᠬᠠᠯᠠᠮᠰᠢᠯ ᠤᠲᠠᠰᠤ ᠵᠡᠷᠭᠡ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂  ᠢᠵᠢ ᠪᠦᠷᠢᠳᠦᠭᠦᠯᠦᠭᠰᠡᠨ ᠲᠦᠷᠢᠮ ᠢ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ︵ᠭᠤᠷᠪᠠ︶ ᠪᠦᠬᠦ ᠬᠤᠲᠠ ᠶᠢᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ ᠶᠢᠨ ᠳᠦᠷᠢᠮ  ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ ᠴᠣᠮᠬᠠᠳᠬᠠᠵᠤ᠂ ᠨᠢᠭᠡᠳᠦᠯᠲᠡᠢ ᠮᠦᠷᠳᠡᠭᠡᠨ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠭᠳᠠᠯᠴᠠᠭ᠎ᠠ ᠶᠢ ᠪᠠᠶᠢᠭᠤᠯᠤᠨ᠎ᠠ᠃ ᠪᠥᠬᠦ ᠬᠤᠲᠠ ᠶᠢᠨ ᠵᠠᠰᠠᠭ ᠤᠨ ᠶᠠᠪᠤᠳᠠᠯ ᠎ ᠤᠨ ᠦᠶᠯᠡᠴᠢᠯᠡᠭᠡᠨ ᠤ  ᠪᠤᠯᠪᠠᠰᠣᠷᠠᠭᠤᠯᠤᠯ᠂ ᠣᠨ ᠤ ᠰᠢᠯᠭᠠᠨ ᠬᠢᠨᠠᠯᠲᠠ ᠵᠡᠷᠭᠡ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠎ ᠤᠨ ᠦᠢᠯᠡᠴᠢᠯᠡᠭᠡᠨ ᠤ ᠯᠠᠪᠯᠠᠯᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃   ︵ᠳᠥᠷᠪᠡ  ︶ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠤᠨ  ᠡᠷᠬᠢᠯᠳᠡ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠎ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ ᠥᠷᠨᠢᠭᠦᠯᠦᠨ᠎ᠡ᠃   ︵ᠲᠠᠪᠤ  ︶ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ  ᠵᠠᠩᠬᠢᠴᠢᠯᠠᠯᠳᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠎ ᠤᠨ ᠦᠢᠯᠡᠴᠢᠯᠡᠭᠡᠨ ᠤ ᠮᠡᠳᠡᠭᠡ ᠵᠠᠩᠬᠢᠴᠢᠯᠠᠯᠳᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠬᠢᠴᠢᠯᠠᠯᠳᠠ ᠶᠢᠨ  ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠬᠤᠲᠠ ᠶᠢᠨ  ︽ᠢᠨᠲ᠋ᠧᠷ ᠰᠦᠯᠵᠢᠶ᠎ᠡ + ᠵᠠᠰᠠᠭ  ᠤᠨ ᠶᠠᠪᠤᠳᠠᠯ ᠤᠨ ᠦᠢᠯᠡᠴᠢᠯᠡᠭᠡ  ︾᠎ ᠶᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢᠨ ᠬᠡᠷᠡᠭᠯᠡᠯᠲᠡ ᠶᠢ ᠠᠬᠢᠭᠤᠯᠵᠤ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃   ︵ᠵᠢᠷᠭᠤᠭ᠎ᠠ︶ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠬᠤ ᠎ ᠶᠢᠨ ᠬᠠᠮᠲᠤ ᠬᠤᠰᠢᠭᠤ ᠲᠣᠭᠤᠷᠢᠭ ᠢ ᠵᠢᠯᠣᠭᠤᠳᠤᠨ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃   ︵ᠳᠣᠯᠤᠭ᠎ᠠ︶ ᠪᠦᠬᠦ ᠬᠤᠲᠠ ᠶᠢᠨ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ  ᠴᠤᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠠᠵᠢᠯ ᠢ ᠬᠠᠷᠢᠭᠤᠴᠠᠵᠤ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠵᠤ᠂  ᠠᠷᠠᠳ ᠲᠤ ᠳᠥᠭᠦᠮ ᠦᠵᠡᠭᠦᠯᠬᠦ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠳᠦᠷᠢᠮᠵᠢᠭᠦᠯᠦᠨ᠎ᠡ᠃ ᠪᠦᠬᠦ ᠬᠤᠲᠠ ᠶᠢᠨ ᠵᠠᠰᠠᠭ ᠵᠠᠬᠢᠷᠭᠠᠨ ᠎ ᠤ ᠡᠷᠬᠡ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ ᠵᠢᠷᠤᠮᠵᠢᠭᠰᠠᠨ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠨ᠎ᠠ᠃   ︵ᠨᠠᠶᠮᠠ︶ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂  ᠪᠦᠬᠦ  ᠬᠤᠲᠠ ᠵᠢᠨ‌ᠡᠯᠧᠺᠲᠷᠣᠨ ᠵᠠᠰᠠᠭ ᠤᠨ ᠶᠠᠪᠤᠳᠠᠯ ᠎ ᠤᠨ ᠠᠵᠢᠯ ᠎ ᠤᠨ ᠡᠳᠦᠷ ᠲᠤᠲᠤᠮ ᠤᠨ ᠬᠢᠨᠠᠨ ᠬᠠᠮᠢᠶᠠᠷᠤᠯᠲᠠ ᠪᠠ ᠣᠨ ᠤ ᠰᠢᠯᠭᠠᠨ ᠬᠢᠨᠠᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ  ᠎ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠲᠤᠭᠤᠷᠢᠭ  ᠰᠠᠯᠠᠭ᠎ᠠ ᠮᠦᠴᠢᠷ ᠢ ᠵᠤᠬᠢᠴᠠᠭᠤᠯᠤᠨ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠎ ᠶᠢᠨ ᠪᠦᠲᠦᠭᠡᠨ ᠪᠠᠶᠢᠭᠤᠯᠤᠯᠲᠠ  ᠂ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠬᠤ ᠶᠢ  ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠰᠦᠯᠵᠢᠶ᠎ᠡ ᠬᠢᠭᠡᠳ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠤ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠶᠢᠭᠤᠯᠤᠯᠲᠠ  ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠶᠢᠰᠦ︶ ᠬᠤᠲᠠ ᠶᠢᠨ ᠲᠣᠰ ᠱᠠᠲᠤᠨ ᠤ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ  ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠲᠣᠭᠤᠷᠢᠭ  ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂  ᠰᠢᠯᠭᠠᠨ ᠬᠢᠨᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠢ ᠬᠤᠯᠪᠣᠭᠳᠠᠯ ᠪᠦᠬᠦᠢ ᠯᠠᠪᠯᠠᠯᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠬᠦ ᠶᠢ ᠬᠠᠷᠢᠭᠤᠴᠠᠨ᠎ᠠ᠃    ︵ᠠᠷᠪᠠ︶ ᠪᠦᠬᠦ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ ᠤᠳᠠᠰᠤᠨ ᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠦᠬᠦ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ ᠣᠳᠠᠰᠣᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠣᠨ ᠤ ᠰᠢᠯᠭᠠᠨ ᠬᠢᠨᠠᠯᠳᠠ ᠶᠢ ᠬᠠᠷᠢᠭᠤᠴᠠᠵᠤ᠂ ᠵᠠᠰᠠᠭ ᠤᠨ ᠣᠷᠳᠣᠨ ᠤ ᠬᠠᠯᠠᠮᠰᠢᠯ ᠣᠳᠠᠰᠣᠨ ᠤ ᠰᠦᠯᠵᠢᠶᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃    ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ  ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠳᠥᠷᠪᠡᠳᠦᠭᠡᠷ ᠵᠦᠢᠯ  ᠤᠷᠳᠤᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠳᠤ ᠳᠣᠣᠷᠠᠬᠢ ᠮᠡᠳᠣ ᠳᠣᠲᠣᠭᠠᠳᠤ ᠶᠢᠨ ᠪᠠᠶᠢᠭᠤᠯᠤᠮᠵᠢ ᠶᠢ  ᠲᠤᠬᠢᠷᠠᠭᠤᠯᠤᠨ᠎ᠠ᠄     ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠵᠢᠯᠲᠠᠨ ᠤ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ ᠬᠥᠳᠡᠯᠮᠦᠷᠢ ᠴᠠᠯᠢᠩ᠂ ᠡᠳ᠋ ᠤᠨ ᠶᠠᠪᠤᠳᠠᠯ᠂ ᠡᠳ᠋ ᠬᠥᠷᠥᠩᠭᠡ ᠬᠤᠳᠠᠯᠳᠤᠨ ᠠᠪᠬᠤ ᠪᠠ ᠬᠠᠮᠢᠶᠠᠷᠬᠤ᠂ ᠠᠵᠢᠯ ᠠᠴᠠ ᠎ ᠪᠠᠨ ᠠᠮᠠᠷᠠᠭᠰᠠᠳ ᠪᠠᠭᠤᠭᠰᠠᠳ᠂ ᠳᠠᠩᠰᠠ ᠡᠪᠬᠡᠮᠡᠯ ᠤᠨ ᠬᠠᠮᠢᠶᠠᠷᠤᠯᠲᠠ᠂ ᠠᠯᠪᠠᠨ ᠪᠢᠴᠢᠭ ᠰᠢᠶᠳᠪᠦᠷᠢᠯᠡᠬᠦ᠂ ᠬᠤᠷᠠᠯ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ  ᠮᠠᠲ᠋ᠧᠷᠢᠶᠠᠯ ᠵᠡᠷᠭᠡ ᠠᠵᠢᠯ ᠢ ᠬᠠᠷᠢᠭᠤᠴᠠᠨ᠎ᠠ᠃ ᠨᠠᠷᠢᠨ ᠪᠢᠴᠢᠭᠡᠴᠢ ᠶᠢᠨ ᠠᠵᠢᠯ ᠢ ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠮᠠᠲ᠋ᠧᠷᠢᠶᠠᠯ ᠵᠡᠷᠭᠡ ᠶᠢᠨ  ᠲᠤᠭᠤᠷᠪᠢᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠰᠠᠯᠠᠭ᠎ᠠ ᠲᠠᠰᠤᠭ ᠵᠢᠴᠢ ᠠᠵᠢᠯᠲᠠᠨ ᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃     ︵ᠬᠤᠶᠠᠷ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠠᠯᠠᠭ᠎ᠠ᠃ ᠪᠦᠬᠦ ᠬᠤᠲᠠ ᠶᠢᠨ ᠵᠠᠰᠠᠭ  ᠤᠨ  ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠯ ᠤᠨ ᠴᠢᠨᠠᠷᠲᠠᠢ ᠲᠦᠷᠢᠮ᠂ ᠲᠥᠰᠦᠯ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠣᠷᠣᠨᠵᠢᠭᠤᠯᠬᠤ︾ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠤᠨ  ᠪᠦᠬᠦ ᠬᠠᠷᠢᠴᠠᠭ᠎ᠠ ᠶᠢ  ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠢ ᠵᠠᠰᠠᠭ ᠤᠨ ᠶᠠᠪᠤᠳᠠᠯ ᠤᠨ ᠣᠶᠤᠨᠴᠢ ᠲᠠᠪᠴᠠᠩ ᠳᠤ ᠲᠥᠪᠯᠡᠷᠡᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠣᠷᠣᠵᠣ ᠰᠠᠭᠤᠯᠭᠠᠬᠤ ᠶᠢ ᠣᠷᠣᠨᠵᠢᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠡᠷᠬᠡ ᠣᠯᠭᠤᠯᠲᠠ ᠶᠢ  ᠣᠷᠣᠨᠵᠢᠭᠤᠯᠬᠤ᠂ ᠡᠯᠧᠺᠲᠷᠣᠨ ᠦᠷ᠎ᠡ ᠪᠦᠳᠦᠮᠵᠢ ᠶᠢᠨ ᠬᠢᠨᠠᠨ ᠪᠠᠶᠢᠴᠠᠭᠠᠯᠳᠠ ᠶᠢ ᠣᠷᠣᠨᠵᠢᠭᠤᠯᠬᠤ ᠶᠢ ᠪᠡᠶᠡᠯᠡᠭᠦᠯᠦᠨ᠎ᠡ︶ ᠠᠵᠢᠯ ᠢ ᠬᠠᠷᠢᠭᠤᠴᠠᠨ᠎ᠠ᠃ ᠬᠤᠲᠠ ᠶᠢᠨ ᠲᠣᠰ ᠱᠠᠲᠤᠨ ᠤ ᠵᠠᠰᠠᠭ  ᠤᠨ ᠶᠠᠪᠤᠳᠠᠯ ᠤᠨ ᠲᠢᠩᠬᠢᠮ ᠤᠨ ᠠᠵᠢᠯ ᠎ ᠤᠨ ᠡᠷᠬᠢᠯᠳᠡ ᠬᠠᠮᠢᠶᠠᠷᠤᠯᠳᠠ ᠶᠢ  ᠵᠢᠯᠣᠭᠤᠳᠴᠤ᠂ ᠵᠠᠰᠠᠭ ᠎ ᠤᠨ  ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠮᠡᠳᠡᠭᠡ  ᠵᠠᠩᠬᠢᠴᠢᠯᠠᠯᠳᠠ ᠪᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢᠨ ᠬᠡᠷᠡᠭᠯᠡᠯᠳᠡ ᠶᠢ ᠬᠠᠷᠢᠭᠤᠴᠠᠨ᠎ᠠ᠃ ᠪᠦᠬᠦ ᠬᠤᠲᠠ ᠶᠢᠨ ᠰᠦᠯᠵᠢᠶᠡᠨ ᠳᠡᠭᠡᠷᠡᠬᠢ ᠨᠢᠭᠡ ᠴᠣᠭᠴᠠᠵᠢᠭᠤᠯᠤᠭᠰᠠᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ  ᠤᠨ ᠪᠠᠶᠢᠭᠤᠯᠤᠯᠲᠠ ᠬᠡᠷᠡᠭᠯᠡᠯᠲᠡ ᠵᠢᠴᠢ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠰᠢᠯᠭᠠᠨ ᠬᠢᠨᠠᠵᠤ ᠦᠨᠡᠯᠡᠬᠦ᠂ ᠦᠷ᠎ᠡ ᠪᠦᠳᠦᠮᠵᠢ ᠶᠢ ᠬᠢᠨᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃  ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠤᠨ ᠢᠯᠡᠴᠢᠯᠡᠨ ᠮᠡᠳᠡᠭᠦᠯᠦᠯᠳᠡ᠂ ᠵᠠᠭᠠᠯᠳᠣᠯᠭ᠎ᠠ ᠵᠡᠷᠭᠡ ᠠᠵᠢᠯ ᠢ  ᠰᠢᠢᠳᠪᠤᠷᠢᠯᠡᠨ᠎ᠡ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠴᠠᠭᠠᠨ ᠰᠤᠳᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠭᠤᠷᠪᠠ︶ ᠥᠭᠡᠷᠡᠴᠢᠯᠡᠯᠲᠡ ᠶᠢ ᠠᠬᠢᠭᠤᠯᠬᠤ ᠰᠠᠯᠠᠭ᠎ᠠ᠃ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ ᠴᠣᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠠᠬᠢᠭᠤᠯᠵᠤ᠂ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ ᠴᠣᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ  ᠎ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ  ᠤᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠡᠷᠬᠡ ᠶᠢᠨ ᠨᠠᠷᠢᠨ  ᠳᠠᠩᠰᠠ ᠶᠢᠨ ᠬᠠᠮᠢᠶᠠᠷᠤᠯᠲᠠ ᠪᠠ ᠳᠦᠷᠢᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠲᠣᠭᠤᠷᠢᠭ ᠪᠠ ᠰᠠᠯᠠᠭ᠎ᠠ ᠮᠥᠴᠢᠷ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ  ᠢ ᠴᠣᠮᠬᠠᠳᠬᠠᠨ ᠡᠷᠬᠡ ᠶᠢ ᠳᠣᠷᠣᠭᠰᠢ  ᠳᠠᠯᠪᠢᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂  ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠰᠣᠨ ᠠᠪᠴᠣ᠂ ᠬᠦᠴᠦᠨ ᠦᠭᠡᠢ ᠪᠣᠯᠭᠠᠬᠤ ᠪᠠ ᠳᠣᠷᠣᠭᠰᠢ  ᠳᠠᠯᠪᠢᠬᠤ ᠠᠵᠢᠯ ᠢ ᠵᠢᠯᠣᠭᠤᠳᠤᠨ᠎ᠠ᠃    ︵ᠳᠥᠷᠪᠡ︶ ᠡᠯᠧᠺᠲᠷᠣᠨ ᠵᠠᠰᠠᠭ ᠤᠨ ᠶᠠᠪᠤᠳᠠᠯ ᠤᠨ ᠰᠠᠯᠠᠭ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ  ᠶᠢ ᠡᠷᠴᠢᠮᠵᠢᠭᠦᠯᠦᠨ ᠪᠠᠶᠢᠭᠤᠯᠬᠤ᠂ ᠬᠠᠮᠢᠶᠠᠷᠬᠤ ᠎ ᠶᠢ ᠵᠣᠬᠢᠴᠠᠭᠤᠯᠤᠨ ᠵᠢᠯᠣᠭᠤᠳᠤᠨ᠎ᠠ᠃ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠪᠠᠶᠢᠭᠤᠯᠤᠯᠲᠠ᠂ ᠬᠠᠮᠢᠶᠠᠷᠤᠯᠲᠠ ᠪᠠ ᠠᠭᠤᠯᠭ᠎ᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠡᠯᠧᠺᠲᠷᠣᠨ  ᠵᠠᠰᠠᠭ  ᠤᠨ ᠶᠠᠪᠤᠳᠠᠯ ᠤᠨ ᠰᠢᠯᠭᠠᠨ ᠬᠢᠨᠠᠵᠤ ᠦᠨᠡᠯᠡᠬᠦ  ᠂ ᠵᠠᠰᠠᠭ  ᠤᠨ ᠣᠷᠳᠣᠨ ᠤ ᠰᠦᠯᠵᠢᠶᠡᠨ ᠤ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠬᠤᠲᠠ ᠎ ᠶᠢᠨ ᠵᠠᠰᠠᠭ  ᠤᠨ ᠣᠷᠳᠣᠨ ᠤ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠲᠠᠪᠤ︶ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠯᠠᠭ᠎ᠠ  ᠃ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢ  ᠲᠠᠶᠢᠯᠪᠤᠷᠢᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠬᠤᠰᠢᠭᠤ ᠲᠣᠭᠤᠷᠢᠭ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠯᠭᠠᠨ ᠬᠢᠨᠠᠵᠤ ᠦᠨᠡᠯᠡᠬᠦ᠂ ᠲᠤᠬᠠᠶᠢᠯᠠᠭᠰᠠᠨ ᠠᠵᠢᠯ ᠎ ᠤᠨ  ᠪᠤᠯᠪᠠᠰᠣᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ  ᠠᠵᠢᠯ ᠤᠨ ᠭᠤᠤᠯᠳᠠᠯᠭ᠎ᠠ ᠶᠢ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ᠂ ᠭᠠᠷᠴᠠᠭ ᠪᠠ ᠣᠨ ᠤ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃  ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃    ︵ᠵᠢᠷᠭᠤᠭ᠎ᠠ︶ ᠬᠠᠤᠯᠢ ᠲᠣᠭᠲᠠᠭᠠᠯ ᠢ ᠤᠬᠠᠭᠤᠯᠬᠤ ᠰᠠᠯᠠᠭ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡ᠂ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ ᠴᠣᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ  ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ  ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠠᠰᠠᠭᠤᠨ ᠯᠠᠪᠯᠠᠬᠤ ᠵᠢᠴᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ  ᠶᠢ ᠬᠡᠷᠡᠭᠵᠢᠭᠦᠯᠦᠭᠰᠡᠨ ᠪᠠᠶᠢᠳᠠᠯ ᠢ  ᠱᠠᠯᠠᠪᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢᠨ ᠬᠠᠮᠲᠤ᠂ ᠪᠠᠷᠢᠮᠵᠢᠶ᠎ᠠ ᠶᠢᠨ ᠬᠠᠮᠢᠶ᠎ᠠ ᠪᠥᠬᠦᠶ ᠤᠬᠠᠭᠤᠯᠭ᠎ᠠ ᠪᠤᠯᠪᠠᠰᠣᠷᠠᠭᠤᠯᠤᠯ ᠤᠨ ᠠᠵᠢᠯ ᠢ ᠬᠠᠷᠢᠭᠤᠴᠠᠨ᠎ᠠ᠃ ᠡᠷᠬᠡ ᠶᠢᠨ  ᠨᠠᠷᠢᠨ ᠳᠠᠩᠰᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠢᠴᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ  ᠭᠦᠢᠴᠡᠳᠭᠡᠨ  ᠬᠠᠷᠢᠭᠤ ᠦᠭᠭᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠠᠶᠢᠭᠤᠯᠭ᠎ᠠ ᠶᠢᠨ ᠬᠠᠤᠯᠢ ᠲᠦᠭᠡᠮᠡᠯᠵᠢᠭᠦᠯᠬᠦ ᠬᠥᠮᠦᠵᠢᠯ᠂ ᠰᠣᠨᠢᠨ ᠮᠡᠳᠡᠭᠡᠨ ᠤ ᠤᠬᠠᠭᠤᠯᠭ᠎ᠠ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ  ᠵᠡᠷᠭᠡ ᠤᠬᠠᠭᠤᠯᠬᠤ ᠲᠠᠪᠴᠠᠩ ᠤᠨ ᠬᠠᠮᠢᠶᠠᠷᠴᠤ ᠬᠠᠮᠠᠭᠠᠯᠠᠬᠤ ᠠᠵᠢᠯ ᠢ ᠡᠭᠦᠷᠭᠡᠯᠡᠨ᠎ᠡ᠃   ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠪᠠ ᠲᠣᠰᠬᠤᠨ  ᠎ ᠢ ᠳᠠᠭᠠᠭᠠᠴᠢᠯᠠᠨ  ᠬᠠᠷᠢᠯᠴᠠᠵᠤ ᠲᠤᠰᠬᠤᠨ ᠳᠤ  ᠰᠠᠭᠤᠬᠤ ᠠᠵᠢᠯ ᠢ ᠬᠠᠷᠢᠭᠤᠴᠠᠨ᠎ᠠ᠃   ᠲᠠᠪᠤᠳᠤᠭᠠᠷ ᠵᠦᠢᠯ  ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 14 ᠨᠡᠷᠡᠰ ᠪᠣᠯᠤᠨ᠎ᠠ᠃ ᠲᠣᠪᠴᠢᠶᠠᠨ ᠳᠠᠷᠤᠭ᠎ᠠ 1 ᠨᠡᠷᠡᠰ᠂ ᠲᠣᠪᠴᠢᠶᠠᠨ ᠳᠡᠳ᠋ ᠳᠠᠷᠤᠭ᠎ᠠ 3 ᠨᠡᠷᠡᠰ︔ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 10 ᠨᠡᠷᠡᠰ᠂ 7 ᠵᠢᠩᠬᠢᠨᠢ ᠲᠡᠰ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1  ᠨᠡᠷᠡᠰ ᠪᠠᠭᠲᠠᠨ᠎ᠠ  ︶ 3 ᠨᠡᠷᠡᠰ ᠰᠠᠯᠠᠭᠠᠨ ᠲᠡᠳ᠋ ᠲᠡᠰ᠃   ᠵᠢᠷᠭᠤᠳᠤᠭᠠᠷ ᠵᠦᠢᠯ  ᠤᠷᠳᠤᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠬᠠᠷᠢᠶ᠎ᠠ ᠠᠵᠢᠯ ᠦᠶᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠶᠯᠡᠰ ᠢ ᠠᠰᠲᠠᠭᠠᠨ ᠲᠣᠭᠲᠠᠭᠠᠨ᠎ᠠ᠃   ᠳᠣᠯᠣᠳᠤᠭᠠᠷ ᠵᠦᠢᠯ   ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃   ᠨᠠᠶᠮᠠᠳᠤᠭᠠᠷ ᠵᠦᠢᠯ  ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠠᠵᠢᠯᠯᠠᠬᠤ ᠭᠠᠵᠠᠷ᠄ ᠣᠷᠳᠣᠰ ᠤᠨ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠶ  ᠎ ᠶᠢᠨT 1 - T 3 ᠲᠣᠭᠤᠷᠢᠯ  ᠠᠰᠠᠷ   ᠠᠯᠪᠠᠯᠠᠬᠤ ᠤᠲᠠᠰᠤ᠄ 0477 - 8581603   ᠠᠵᠢᠯᠯᠠᠬᠤ ᠴᠠᠭ᠄ 9᠄ 00 —12᠄ 00   14᠄ 00—17᠄ 30   ᠰᠢᠦᠳᠠᠨ ᠳ᠋ᠤᠭᠠᠷ᠄ 017000   ᠰᠦᠯᠵᠢᠶᠡᠨ ᠤ ᠬᠠᠶ᠋ᠢᠭ᠄ http᠄ / / zwfwj . ordos . gov . cn /᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ