ᠢᠲᠡᠭᠡᠯ ᠪᠢᠰᠢᠷᠡᠯ ᠬᠠᠶᠢᠷ᠎ᠠ ᠪᠠᠷ ᠰᠠᠭᠤᠷᠢᠯᠠᠭᠰᠠᠨ ᠦᠢᠯᠡᠰ ᠤᠨ ᠬᠠᠷᠭᠤᠢ
ᠨᠡᠶᠢᠲᠡᠯᠡᠭᠰᠡᠨ ᠴᠠᠭ᠄
2021/10/19
     — ᠰᠢᠯᠢᠳᠡᠭ ᠠᠩᠭᠢ ᠶᠢᠨ ᠡᠷᠬᠢᠯᠡᠭᠴᠢ ᠰᠠᠴᠡᠨᠲᠦ ᠪᠠᠭᠰᠢ ᠶᠢᠨ ᠲᠤᠬᠠᠢ ᠲᠡᠮᠳᠡᠭᠯᠡᠯ      ᠰᠤᠷᠭᠠᠭᠤᠯᠢ ᠪᠠᠨ ᠭᠡᠷ ᠢᠶᠠᠨ ᠰᠢᠭ ᠪᠤᠳᠤᠵᠦ᠂ ᠰᠤᠷᠤᠭᠴᠢᠳ ᠲᠠᠭᠠᠨ ᠬᠡᠤᠬᠡᠳ ᠢᠶᠠᠨ ᠰᠢᠭ ᠬᠠᠨᠳᠤᠵᠦ᠂ ᠠᠮᠵᠢᠯᠲᠠ ᠪᠦᠲᠦᠭᠡᠯ ᠢᠶᠠᠷ ᠤᠨᠳᠤᠷᠤᠮᠠᠯ ᠪᠤᠯᠠᠭ ᠪᠣᠯᠭᠠᠨ᠂ ᠦᠢᠯᠡᠰ ᠤᠨ ᠬᠦᠰᠡᠯ ᠢᠶᠠᠨ ᠲᠡᠷᠭᠡᠯᠰᠢᠭᠦᠯᠵᠦ ᠶᠠᠪᠤᠭ᠎ᠠ ᠰᠡᠴᠡᠨᠲᠤ ᠪᠠᠭᠰᠢ ᠪᠣᠯ ᠣᠳᠤᠭ ᠤᠨ ᠡᠮᠦᠨᠡᠲᠦ ᠬᠤᠰᠢᠭᠤᠨ ᠤ ᠦᠨᠳᠦᠰᠦᠳᠡᠨ ᠤ ᠠᠵᠢᠯ ᠮᠡᠷᠭᠡᠵᠢᠯ ᠤᠨ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠵᠢᠴᠢ ᠠᠩᠭᠢ ᠶᠢᠨ ᠡᠷᠬᠢᠯᠡᠭᠴᠢ ᠶᠢᠨ ᠠᠵᠢᠯ ᠢ ᠬᠢᠵᠦ ᠪᠠᠶᠢᠭ᠎ᠠ ᠵᠠᠯᠠᠭᠤ ᠪᠠᠭᠰᠢ ᠪᠤᠯᠬᠤ ᠶᠤᠮ᠃      ᠰᠡᠴᠡᠨᠳᠦ 2006 ᠣᠨ ᠠᠴᠠ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠠᠵᠢᠯ ᠤᠨ ᠪᠠᠶᠢᠷᠢᠨ ᠲᠡᠭᠡᠷ᠎ᠡ ᠠᠵᠢᠯᠯᠠᠭᠰᠠᠨ ᠠᠴᠠ ᠠᠪᠤᠭᠠᠳ ᠡᠳᠦᠬᠡ ᠪᠤᠯᠳᠠᠯ᠎ᠠ 16 ᠵᠢᠯ ᠤᠨ ᠲᠤᠷᠰᠢ ᠲᠠᠪᠤᠨ ᠠᠩᠭᠢ ᠶᠢᠨ 140 ᠭᠠᠷᠣᠢ ᠰᠤᠷᠤᠭᠴᠢ ᠶᠢ ᠲᠡᠭᠦᠰᠬᠡᠵᠤ᠂ ᠶᠡᠭᠡ ᠰᠤᠷᠭᠠᠭᠤᠯᠢ ᠶᠢᠨ ᠠᠯᠳᠠᠨ ᠪᠤᠱᠤᠭ᠎ᠠ ᠶᠢ ᠠᠮᠵᠢᠯᠳᠠᠳᠠᠢ ᠠᠯᠬᠤᠭᠤᠯᠤᠭᠰᠠᠨ ᠪᠢᠯᠡ᠃ ᠲᠡᠭᠦᠨ ᠤ ᠡᠷᠬᠢᠯᠡᠵᠦ ᠪᠠᠶᠢᠭᠰᠠᠨ ᠠᠩᠭᠢ ᠨᠢ ᠤᠷᠤᠨ ᠤ ᠲᠡᠰ ᠤᠨ ︽ᠲᠡᠷᠢᠬᠦᠨ ᠤ ᠠᠩᠭᠢ ᠨᠢᠭᠡᠴᠢ︾᠎ ᠶᠢᠨ ᠢᠷᠠᠭᠤ ᠠᠯᠳᠠᠷ ᠢ 3 ᠤᠳᠠᠭ᠎ᠠ᠂ ᠬᠤᠳᠠ ᠶᠢᠨ ᠲᠡᠰ ᠤᠨ ︽ᠲᠡᠷᠢᠬᠦᠨ ᠤ ᠠᠩᠭᠢ ᠶᠢᠨ ᠨᠢᠭᠡᠴᠢ︾᠎ ᠶᠢᠨ ᠢᠷᠠᠭᠤ ᠠᠯᠳᠠᠷ ᠢ 2 ᠤᠳᠠᠭ᠎ᠠ᠂ ᠬᠤᠰᠢᠭᠤ ᠲᠡᠰ ᠤᠨ ︽ᠲᠡᠷᠢᠬᠦᠨ ᠤ ᠠᠩᠭᠢ ᠨᠢᠭᠡᠴᠢ︾᠎ ᠶᠢᠨ ᠢᠷᠠᠭᠤ ᠠᠯᠳᠠᠷ ᠢ 1 ᠤᠳᠠᠭ᠎ᠠ ᠬᠦᠷᠳᠡᠵᠤ᠂ ᠲᠡᠷᠡ ᠦᠪᠡᠷ ᠢᠶᠠᠨ ᠬᠤᠰᠢᠭᠤ ᠱᠠᠳᠤᠨ ᠤ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ ᠪᠠᠭᠰᠢ ᠪᠠᠷ ᠤᠯᠠᠨᠳᠠ ᠦᠨᠡᠯᠡᠭᠳᠡᠵᠦ ᠦᠡᠭᠭᠡᠷᠡᠵᠡᠢ᠃      ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠤᠯ ᠶᠤᠰᠤ ᠰᠤᠷᠳᠠᠬᠤᠨ ᠢᠶᠠᠷ ᠬᠦᠮᠦᠨ ᠬᠦᠮᠦᠵᠢᠬᠦᠯᠬᠦ ᠶᠢᠨ ᠦᠨᠳᠦᠰᠦᠨ ᠡᠬᠦᠷᠬᠡ ᠶᠢ ᠡᠭᠦᠷᠭᠡᠯᠡᠵᠦ ᠪᠠᠶᠢᠳᠠᠭ᠃ ᠠᠩᠭᠢ ᠶᠢᠨ ᠡᠷᠬᠢᠯᠡᠭᠴᠢ ᠶᠢᠨ ᠠᠵᠢᠯ ᠨᠢ ᠰᠤᠷᠤᠭᠴᠢ ᠶᠢᠨ ᠰᠤᠷᠭᠠᠭᠤᠯᠢ ᠳᠠᠬᠢ ᠦᠰᠦᠨ ᠪᠤᠶᠢᠵᠢᠯᠳᠠ ᠶᠢ ᠰᠢᠭᠤᠳ ᠨᠦᠯᠦᠬᠡᠯᠡᠬᠦ ᠪᠠᠷ ᠪᠠᠷᠡᠬᠤ ᠦᠬᠡᠢ ᠨᠠᠰᠤᠨ ᠲᠤᠷᠰᠢᠳᠠ ᠶᠢᠨ ᠵᠠᠩ ᠲᠠᠳᠬᠠᠯ ᠢ ᠨᠢ ᠴᠤ ᠨᠦᠯᠦᠭᠡᠯᠡᠵᠤ ᠮᠡᠳᠡᠬᠦ ᠶᠤᠮ᠃ ᠡᠶᠢᠮᠦ ᠠᠴᠠ ᠰᠡᠴᠡᠨᠳᠦ ᠤᠯᠠᠨ ᠵᠢᠯ ᠤᠯᠤᠰ ᠲᠦᠷᠦ ᠶᠢᠨ ᠬᠢᠴᠢᠶᠠᠯ ᠢ ᠵᠢᠭᠠᠨ ᠰᠤᠷᠭᠠᠬᠤ ᠪᠠ ᠠᠩᠭᠢ ᠡᠷᠬᠢᠯᠡᠬᠦ ᠶᠠᠪᠤᠴᠠ ᠲᠤᠮᠳᠠ ᠪᠠᠨ ᠡᠯ᠎ᠡ ᠲᠠᠯ᠎ᠠ ᠶᠢᠨ ᠰᠢᠯᠢᠳᠡᠭ ᠬᠡᠪ ᠪᠤᠯᠪᠠᠰᠤᠷᠠᠯ ᠢ ᠪᠦᠷᠢᠯᠳᠦᠭᠦᠯᠵᠤ᠂ ᠰᠢᠨᠳᠠᠷᠡᠰᠢ ᠦᠬᠡᠢ ᠠᠵᠢᠯᠯᠠᠵᠤ᠂ ᠰᠤᠯᠠ ᠴᠠᠭ ᠢᠶᠠᠷ ᠢᠶᠠᠨ ᠰᠤᠷᠤᠭᠴᠢᠳ ᠲᠠᠢ ᠪᠠᠨ ᠬᠠᠮᠲᠤ ᠨᠠᠭᠠᠳᠤᠨ ᠬᠠᠮᠳᠤ ᠠᠵᠢᠯ ᠬᠦᠳᠡᠯᠮᠦᠷᠢ ᠳᠤ ᠤᠷᠤᠯᠴᠠᠵᠤ᠂ ᠬᠠᠮᠲᠤ ᠪᠠᠷ ᠰᠤᠷᠤᠯᠴᠠᠵᠤ ᠬᠠᠮᠳᠤ ᠪᠠᠷ ᠲᠠᠪᠰᠢᠵᠤ ᠶᠠᠪᠤᠵᠠᠢ᠃      ᠠᠩᠭᠢ ᠶᠢᠨ ᠡᠷᠬᠢᠯᠡᠭᠴᠢ ᠪᠤᠯ ᠨᠢᠭᠡ ᠠᠩᠭᠢ ᠶᠢᠨ ᠰᠤᠷᠤᠭᠴᠢ ᠳᠤ ᠠᠪᠴᠤ ᠬᠡᠯᠡᠪᠠᠯ ᠬᠦᠮᠤᠵᠢᠭᠦᠯᠦᠭᠴᠢ᠂ ᠳᠠᠭᠠᠭᠤᠯᠤᠭᠴᠢ᠂ ᠡᠪᠯᠡᠭᠴᠢ᠂ ᠤᠳᠤᠷᠢᠳᠤᠭᠴᠢ ᠪᠦᠭᠡᠳ ᠰᠢᠭᠦᠭᠴᠢ ᠪᠤᠯᠬᠤ ᠶᠤᠮ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠤᠯᠠᠩᠭᠢ ᠨᠢ ᠭᠡᠷ ᠪᠦᠯᠢ ᠶᠢᠨ ᠬᠢᠨᠢ ᠣᠷᠴᠢᠨ ᠪᠠᠶᠢᠳᠠᠯ ᠪᠤᠳᠤᠯᠢᠶᠠᠨᠲᠠᠢ᠂ ᠬᠠᠶᠢᠷ᠎ᠠ ᠬᠠᠯᠠᠮᠵᠢ ᠪᠠᠷ ᠲᠤᠳᠠᠮᠠᠭ ᠪᠠᠶᠢᠳᠠᠭ ᠠᠴᠠ ᠲᠡᠲᠡᠨ ᠢ ᠰᠤᠷᠭᠠᠵᠤ ᠬᠦᠮᠦᠵᠢᠬᠦᠯᠬᠦ ᠳᠡᠭᠡᠨ ᠨᠡᠩ ᠢᠯᠡᠬᠦᠦ ᠬᠦᠯᠢᠴᠡᠩᠭᠦᠢ ᠬᠠᠨᠳᠤᠬᠤ ᠬᠡᠷᠡᠭᠳᠡᠢ ᠪᠠᠶᠢᠳᠠᠭ᠃ ᠵᠠᠷᠢᠮ ᠠᠯᠢᠶ᠎ᠠ ᠲᠦᠢᠳᠬᠡᠷ ᠰᠤᠷᠤᠭᠴᠢ ᠶᠢ ᠪᠠᠭᠰᠢ ᠠᠴᠠ ᠴᠠᠭ ᠦᠷᠬᠦᠯᠵᠢ ᠠᠯᠳᠠᠭ᠎ᠠ ᠪᠤᠷᠤᠭᠤ ᠶᠢ ᠨᠢ ᠠᠭᠤᠴᠢᠯᠠᠨ ᠪᠠᠭᠳᠠᠭᠠᠵᠤ ᠵᠠᠰᠠᠨ ᠵᠠᠯᠠᠷᠠᠭᠤᠯᠳᠠᠭ ᠮᠦᠷᠳᠡᠬᠡᠨ ᠶᠡᠷᠦ ᠠᠴᠠ ᠪᠠᠨ ᠭᠠᠳᠠᠭᠤᠷᠴᠢᠯᠠᠳᠠᠭ ᠦᠬᠡᠢ᠂ ᠬᠠᠷᠢᠨ ᠰᠤᠷᠤᠭᠴᠢ ᠪᠦᠬᠦᠨ ᠳᠡᠭᠡᠨ ᠠᠳᠠᠯᠢ ᠲᠡᠭᠰᠢ ᠪᠠᠷ ᠬᠠᠨᠳᠤᠳᠠᠭ᠃ ᠠᠩᠭᠢ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ ᠪᠠᠨ ᠰᠢᠨᠡᠳᠬᠡᠬᠦ ᠪᠠᠷ ᠲᠠᠮᠵᠢᠨ ᠰᠤᠷᠤᠭᠴᠢ ᠪᠠᠨ ᠬᠠᠶᠢᠷ᠎ᠠ ᠪᠠᠷ ᠬᠥᠮᠥᠵᠢᠭᠦᠯᠵᠦ᠂ ᠰᠤᠷᠤᠭᠴᠢ ᠶᠢᠨ ᠢᠶᠠᠨ ᠵᠠᠩ ᠠᠭᠠᠯᠢ᠂ ᠪᠤᠳᠤᠯ ᠰᠡᠳᠬᠢᠯ ᠢ ᠰᠠᠶᠢᠨ ᠤᠢᠢᠯᠠᠭᠠᠵᠤ᠂ ᠰᠤᠷᠤᠭᠴᠢᠳ ᠤᠨ ᠢᠶᠠᠨ ᠦᠪᠡᠷ ᠦᠪᠡᠷ ᠤᠨ ᠤᠨᠴᠠᠯᠢᠭ ᠲᠤᠨᠢ ᠲᠤᠬᠢᠷᠠᠭᠤᠯᠤᠨ ᠦᠵᠡᠯ ᠰᠠᠨᠠᠭᠠᠨ ᠤ ᠠᠵᠢᠯ ᠢ ᠵᠥᠪ ᠢᠶᠠᠷ ᠵᠢᠭᠠᠨ ᠵᠢᠯᠤᠭᠤᠳᠳᠠᠭ᠃ ᠬᠢᠴᠢᠶᠡᠯ ᠤᠨ ᠵᠢᠭᠠᠨ ᠰᠤᠷᠭᠠᠯᠲᠠ ᠳᠤᠮᠳᠠ ᠲᠠᠰᠤᠷᠠᠯᠲᠠ ᠦᠭᠡᠢ ᠰᠢᠨ᠎ᠡ ᠮᠠᠶ᠋ᠢᠭ ᠤᠨ ᠬᠢᠴᠢᠶᠡᠯᠯᠡᠭᠡ ᠶᠢᠨ ᠵᠢᠭᠠᠨ ᠰᠤᠷᠭᠠᠯᠲᠠ ᠶᠢ ᠶᠠᠪᠤᠭᠳᠠᠭᠤᠯᠵᠤ ᠂ ᠪᠠᠭᠰᠢ ᠠᠴᠠ ᠭᠤᠣᠯᠯᠠᠨ ᠶᠠᠷᠢᠬᠤ ᠶᠢ ᠲᠡᠪᠴᠢᠨ᠂ ᠰᠤᠷᠤᠭᠴᠢᠳ ᠢ ᠵᠣᠬᠢᠶᠠᠨ ᠪᠠᠶᠢᠭᠤᠯᠤᠨ ᠬᠠᠮᠲᠤ ᠪᠠᠷ ᠰᠢᠨ᠎ᠡ ᠮᠡᠳᠡᠯᠭᠡ ᠶᠢ ᠰᠣᠲᠤᠯᠤᠨ ᠰᠤᠷᠤᠯᠴᠠᠬᠤ ᠠᠷᠭ᠎ᠠ ᠠᠪᠴᠠᠯ ᠢᠶᠠᠷ ᠭᠤᠣᠯ ᠪᠣᠯᠭᠠᠵᠤ᠂ ᠤᠯᠠᠨ ᠢᠶᠠᠷ ᠢᠶᠠᠨ ᠰᠢᠢᠳᠪᠦᠷᠢᠯᠡᠵᠦ ᠰᠤᠷᠤᠯᠴᠠᠬᠤ ᠵᠢᠭᠠᠨ ᠰᠤᠷᠭᠠᠯᠲᠠ ᠶᠢᠨ ᠠᠷᠭ᠎ᠠ ᠶᠢ ᠠᠪᠳᠠᠭ᠃ ᠰᠤᠷᠤᠭᠴᠢᠳ ᠤᠨ ᠰᠡᠳᠬᠢᠴᠡ ᠶᠢᠨ ᠣᠨᠴᠠᠯᠢᠭ ᠢ ᠦᠨᠳᠦᠰᠦᠯᠡᠵᠦ ᠤᠯᠠᠨ ᠢᠶᠠᠷ ᠢᠶᠠᠨ ︽ᠠᠷᠭ᠎ᠠ ᠪᠤᠳᠤᠬᠤ︾ ᠠᠩᠭᠢ ᠶᠢᠨ ᠶᠠᠪᠤᠳᠠᠯ ᠤᠨ ᠬᠠᠮᠢᠶᠠᠷᠤᠯᠲᠠ ᠶᠢᠨ ᠬᠦᠳᠡᠯᠭᠡᠭᠡᠨ ᠢ ᠦᠷᠬᠦᠯᠵᠢ ᠦᠷᠨᠢᠬᠦᠯᠳᠡᠭ ᠪᠠᠶᠢᠨ᠎ᠠ᠃ ᠵᠢᠱᠢᠶᠡᠯᠡᠪᠡᠯ᠄ ︽ᠪᠢ ᠠᠩᠭᠢ ᠶᠢᠨ ᠬᠠᠮᠲᠤᠷᠠᠯ ᠳᠤ ᠶᠠᠭᠤ ᠬᠢᠭᠦ ᠪᠤᠢ︾᠂ ︽ᠬᠠᠮᠲᠤ ᠰᠤᠷᠤᠯᠭᠠᠲᠠᠨ ᠤ ᠬᠠᠷᠠᠭᠠᠨ ᠳᠠᠬᠢ ᠪᠢ︾᠂ ︽ᠲᠡᠷᠡ ᠨᠠᠳᠠ ᠳᠤ ᠭᠦᠨ ᠰᠠᠭᠤᠭᠳᠠᠯ ᠦᠯᠡᠳᠡᠭᠡᠪᠡ︾᠂ ︽ᠪᠠᠭᠰᠢ ᠲᠠ ᠵᠠᠪᠠᠯ ᠰᠠᠶᠢᠰᠢᠶᠠᠬᠤ ᠴᠢᠬᠤᠯᠠ ᠲᠠᠢ ᠶᠠᠪᠤᠳᠠᠯ︾ ᠵᠡᠷᠭᠡ ᠠᠰᠠᠭᠤᠳᠠᠯ ᠤᠨ ᠲᠣᠭᠤᠷᠢᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠶᠠᠷᠢᠯᠴᠠᠭ᠎ᠠ ᠦᠷᠨᠢᠭᠦᠯᠵᠦ᠂ ᠰᠤᠷᠤᠭᠴᠢᠳ ᠦᠪᠡᠷ ᠤᠨ ᠪᠡᠶ᠎ᠡ᠂ ᠬᠠᠮᠲᠤ ᠰᠤᠷᠤᠯᠭᠠᠳᠠᠨ᠂ ᠠᠩᠭᠢ ᠨᠢᠭᠡᠴᠢ ᠳᠤᠨᠢ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠦᠨ᠂ ᠡᠳᠡᠭᠡᠷ ᠠᠰᠠᠭᠤᠳᠠᠯ ᠢ ᠰᠶᠢᠳᠪᠦᠷᠢᠯᠡᠭᠦ ᠲᠤᠬᠠᠢ ᠵᠣᠬᠢᠰᠲᠠᠢ ᠠᠷᠭ᠎ᠠ ᠶᠢ ᠤᠯᠠᠨ ᠢᠶᠠᠷ ᠢᠶᠠᠨ ᠪᠤᠳᠤᠯᠬᠢᠯᠠᠬᠤ ᠶᠢᠨ ᠬᠠᠮᠳᠤ ᠰᠤᠷᠤᠭᠴᠢᠳ ᠥᠪᠡᠷ ᠢ ᠪᠠᠨ ᠦᠨᠡᠯᠡᠨ᠂ ᠦᠪᠡᠷ ᠢ ᠪᠠᠨ ᠰᠢᠬᠦᠮᠵᠢᠯᠡᠵᠦ᠂ ᠪᠠᠭᠰᠢ ᠰᠤᠷᠤᠭᠴᠢ ᠬᠠᠮᠳᠤ ᠪᠠᠷ ᠦᠰᠦᠨ ᠪᠤᠶᠢᠵᠢᠯᠲᠠ ᠶᠢᠨ ᠴᠢᠭᠯᠡᠯ ᠢᠶᠠᠨ ᠲᠤᠭᠳᠠᠭᠠᠵᠤ᠂ ᠬᠠᠮᠲᠤ ᠪᠠᠷ ᠤᠷᠤᠭᠰᠢᠯᠠᠬᠤ ᠬᠦᠴᠦᠨ ᠢᠶᠠᠨ ᠨᠢᠬᠡᠳᠬᠡᠳᠡᠭ ᠪᠠᠶᠢᠨ᠎ᠠ᠃      ᠰᠡᠴᠡᠨᠳᠦ ᠪᠤᠯ ᠰᠤᠷᠤᠭᠴᠢ ᠶᠢᠨ ᠲᠦᠯᠦᠭᠡ ᠣᠶᠣᠨ ᠤᠬᠠᠭᠠᠨ ᠢᠶᠠᠨ ᠰᠢᠪᠬᠠᠵᠤ᠂ ᠡᠬᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ ᠶᠠᠪᠤᠳᠠᠭ ᠰᠠᠶᠢᠨ ᠪᠠᠭᠰᠢ᠃ ᠲᠠᠯᠠᠢ ᠰᠢᠬ ᠬᠦᠨ ᠮᠡᠳᠡᠯᠭᠡ ᠪᠠᠷ ᠢᠶᠠᠨ᠂ ᠲᠠᠯ᠎ᠠ ᠰᠢᠬ ᠠᠭᠤᠳᠠᠮ ᠪᠠᠭᠳᠠᠭᠠᠮᠵᠢ ᠪᠠᠷ ᠢᠶᠠᠨ ᠤᠯᠠᠨ ᠤᠯᠠᠨ ᠴᠢᠳᠡᠪᠦᠷᠢᠳᠡᠨ ᠢ ᠬᠦᠮᠦᠵᠢᠬᠦᠯᠦᠨ ᠥᠭᠬᠦ ᠪᠠᠷ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠢᠯᠡᠰ ᠤᠨ ᠲᠦᠯᠦᠬᠡ ᠪᠢᠯᠢᠭ ᠤᠶᠤᠨ ᠢᠶᠠᠨ ᠵᠤᠷᠢᠭᠤᠯᠵᠤ ᠵᠠᠯᠠᠭᠤ ᠽᠠᠨᠳᠠᠨ ᠨᠠᠰᠤ ᠪᠠᠨ ᠡᠷᠢᠯᠬᠢᠯᠡᠯ ᠲᠡᠮᠡᠦᠯᠦᠯ᠂ ᠡᠭᠦᠷᠭᠡ ᠬᠠᠷᠢᠭᠤᠴᠠᠯᠭ᠎ᠠ᠂ ᠢᠲᠡᠭᠡᠯ ᠬᠠᠶᠢᠷ᠎ᠠ ᠪᠠᠷ ᠪᠢᠴᠢᠭᠯᠡᠵᠦ ᠶᠠᠪᠤᠭ᠎ᠠ ᠲᠡᠭᠦᠨ ᠳᠤ ᠢᠷᠡᠭᠡᠳᠦᠢ ᠶᠢᠨ ᠦᠢᠯᠡᠰ ᠤᠨ ᠬᠠᠷᠭᠤᠢ ᠳᠤᠨᠢ ᠦᠨᠳᠦᠷ ᠠᠮᠵᠢᠯᠲᠠ ᠶᠢ ᠢᠷᠦᠭᠡᠨ ᠳᠠᠭᠠᠳᠬᠠᠶ᠎ᠠ︕
   ᠰᠡᠴᠡᠨᠳᠤ ᠪᠠᠭᠰᠢ
  ᠬᠢᠴᠢᠶᠡᠯ ᠶᠡᠷᠢᠵᠤ ᠪᠠᠶᠢᠭ᠎ᠠ ᠨᠢ
ᠢᠷᠡᠯᠲᠡ᠄ ᠤᠷᠳᠤᠰ ᠮᠤᠩᠭᠤᠯ ᠰᠦᠯᠵᠢᠶ᠎ᠠ