ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2021/10/19
   ᠨᠢᠭᠡᠳᠦᠭᠡᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ  ︾   ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ  ᠤᠷᠳᠤᠰ ᠬᠤᠳᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠣᠯ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠭᠠᠵᠠᠷ ᠤᠨ ᠳᠡᠰ ᠤᠨ ᠪᠠᠶᠢᠭᠤᠯᠭ᠎ᠠ ᠪᠠᠶᠢᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃   ᠭᠤᠷᠪᠠᠳᠤᠭᠠᠷ ᠵᠦᠢᠯ  ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ  ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ  ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂  ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃   ᠭᠤᠣᠯ ᠲᠤᠰᠢᠶᠠᠯ ᠬᠠᠷᠢᠭᠤᠴᠠᠯᠭ᠎ᠠ᠄   ︵ᠨᠢᠭᠡ︶ ᠤᠯᠤᠰ  ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ  ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠵᠠᠰᠠᠭ  ᠤᠨ  ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠪᠡ᠂ ᠲᠥᠰᠦᠯ ᠵᠡᠷᠭᠡ ᠲᠥᠷᠦ ᠶᠢᠨ ᠪᠣᠳᠣᠯᠭ᠎ᠠ ᠶᠢ ᠰᠤᠳᠤᠯᠤᠨ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃   ︵ᠬᠤᠶᠠᠷ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ᠵᠠᠰᠠᠭ ᠤᠨ ᠣᠷᠳᠣᠨ ᠤ ᠬᠠᠯᠠᠮᠰᠢᠯ ᠤᠲᠠᠰᠤ ᠵᠡᠷᠭᠡ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂  ᠢᠵᠢ ᠪᠦᠷᠢᠳᠦᠭᠦᠯᠦᠭᠰᠡᠨ ᠲᠦᠷᠢᠮ ᠢ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ︵ᠭᠤᠷᠪᠠ︶ ᠪᠦᠬᠦ ᠬᠤᠲᠠ ᠶᠢᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ ᠶᠢᠨ ᠳᠦᠷᠢᠮ  ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ ᠴᠣᠮᠬᠠᠳᠬᠠᠵᠤ᠂ ᠨᠢᠭᠡᠳᠦᠯᠲᠡᠢ ᠮᠦᠷᠳᠡᠭᠡᠨ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠭᠳᠠᠯᠴᠠᠭ᠎ᠠ ᠶᠢ ᠪᠠᠶᠢᠭᠤᠯᠤᠨ᠎ᠠ᠃ ᠪᠥᠬᠦ ᠬᠤᠲᠠ ᠶᠢᠨ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ  ᠪᠤᠯᠪᠠᠰᠣᠷᠠᠭᠤᠯᠤᠯ᠂ ᠣᠨ ᠤ ᠰᠢᠯᠭᠠᠨ ᠬᠢᠨᠠᠯᠲᠠ ᠵᠡᠷᠭᠡ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠯᠠᠪᠯᠠᠯᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃   ︵ᠳᠥᠷᠪᠡ  ︶ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠤᠨ  ᠡᠷᠬᠢᠯᠳᠡ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ ᠥᠷᠨᠢᠭᠦᠯᠦᠨ᠎ᠡ᠃   ︵ᠲᠠᠪᠤ  ︶ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ  ᠵᠠᠩᠬᠢᠴᠢᠯᠠᠯᠳᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠮᠡᠳᠡᠭᠡ ᠵᠠᠩᠬᠢᠴᠢᠯᠠᠯᠳᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠬᠢᠴᠢᠯᠠᠯᠳᠠ ᠶᠢᠨ  ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠬᠤᠲᠠ ᠶᠢᠨ  ︽ᠢᠨᠲ᠋ᠧᠷ ᠰᠦᠯᠵᠢᠶ᠎ᠡ + ᠵᠠᠰᠠᠭ  ᠤᠨ ᠶᠠᠪᠤᠳᠠᠯ ᠤᠨ ᠦᠢᠯᠡᠴᠢᠯᠡᠭᠡ  ︾ ᠶᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠠᠬᠢᠭᠤᠯᠵᠤ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃   ︵ᠵᠢᠷᠭᠤᠭ᠎ᠠ︶ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠬᠤ  ᠶᠢᠨ ᠬᠠᠮᠲᠤ ᠬᠤᠰᠢᠭᠤ ᠲᠣᠭᠤᠷᠢᠭ ᠢ ᠵᠢᠯᠣᠭᠤᠳᠤᠨ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃   ︵ᠳᠣᠯᠤᠭ᠎ᠠ︶ ᠪᠦᠬᠦ ᠬᠤᠲᠠ ᠶᠢᠨ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ  ᠴᠤᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠠᠵᠢᠯ ᠢ ᠬᠠᠷᠢᠭᠤᠴᠠᠵᠤ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠵᠤ᠂  ᠠᠷᠠᠳ ᠲᠤ ᠳᠥᠭᠦᠮ ᠦᠵᠡᠭᠦᠯᠬᠦ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠳᠦᠷᠢᠮᠵᠢᠭᠦᠯᠦᠨ᠎ᠡ᠃ ᠪᠦᠬᠦ ᠬᠤᠲᠠ ᠶᠢᠨ ᠵᠠᠰᠠᠭ ᠵᠠᠬᠢᠷᠭᠠᠨ  ᠤ ᠡᠷᠬᠡ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ ᠵᠢᠷᠤᠮᠵᠢᠭᠰᠠᠨ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠨ᠎ᠠ᠃   ︵ᠨᠠᠶᠮᠠ︶ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂  ᠪᠦᠬᠦ  ᠬᠤᠲᠠ ᠵᠢᠨ‌ᠡᠯᠧᠺᠲᠷᠣᠨ ᠵᠠᠰᠠᠭ ᠤᠨ ᠶᠠᠪᠤᠳᠠᠯ  ᠤᠨ ᠠᠵᠢᠯ  ᠤᠨ ᠡᠳᠦᠷ ᠲᠤᠲᠤᠮ ᠤᠨ ᠬᠢᠨᠠᠨ ᠬᠠᠮᠢᠶᠠᠷᠤᠯᠲᠠ ᠪᠠ ᠣᠨ ᠤ ᠰᠢᠯᠭᠠᠨ ᠬᠢᠨᠠᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ   ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠲᠤᠭᠤᠷᠢᠭ  ᠰᠠᠯᠠᠭ᠎ᠠ ᠮᠦᠴᠢᠷ ᠢ ᠵᠤᠬᠢᠴᠠᠭᠤᠯᠤᠨ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ  ᠶᠢᠨ ᠪᠦᠲᠦᠭᠡᠨ ᠪᠠᠶᠢᠭᠤᠯᠤᠯᠲᠠ  ᠂ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠬᠤ ᠶᠢ  ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠰᠦᠯᠵᠢᠶ᠎ᠡ ᠬᠢᠭᠡᠳ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠤ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠶᠢᠭᠤᠯᠤᠯᠲᠠ  ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠶᠢᠰᠦ︶ ᠬᠤᠲᠠ ᠶᠢᠨ ᠲᠣᠰ ᠱᠠᠲᠤᠨ ᠤ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ  ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠲᠣᠭᠤᠷᠢᠭ  ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂  ᠰᠢᠯᠭᠠᠨ ᠬᠢᠨᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠢ ᠬᠤᠯᠪᠣᠭᠳᠠᠯ ᠪᠦᠬᠦᠢ ᠯᠠᠪᠯᠠᠯᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠬᠦ ᠶᠢ ᠬᠠᠷᠢᠭᠤᠴᠠᠨ᠎ᠠ᠃    ︵ᠠᠷᠪᠠ︶ ᠪᠦᠬᠦ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ ᠤᠳᠠᠰᠤᠨ ᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠦᠬᠦ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ ᠣᠳᠠᠰᠣᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠣᠨ ᠤ ᠰᠢᠯᠭᠠᠨ ᠬᠢᠨᠠᠯᠳᠠ ᠶᠢ ᠬᠠᠷᠢᠭᠤᠴᠠᠵᠤ᠂ ᠵᠠᠰᠠᠭ ᠤᠨ ᠣᠷᠳᠣᠨ ᠤ ᠬᠠᠯᠠᠮᠰᠢᠯ ᠣᠳᠠᠰᠣᠨ ᠤ ᠰᠦᠯᠵᠢᠶᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃    ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ  ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠳᠥᠷᠪᠡᠳᠦᠭᠡᠷ ᠵᠦᠢᠯ  ᠤᠷᠳᠤᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠳᠤ ᠳᠣᠣᠷᠠᠬᠢ ᠮᠡᠳᠣ ᠳᠣᠲᠣᠭᠠᠳᠤ ᠶᠢᠨ ᠪᠠᠶᠢᠭᠤᠯᠤᠮᠵᠢ ᠶᠢ  ᠲᠤᠬᠢᠷᠠᠭᠤᠯᠤᠨ᠎ᠠ᠄     ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠵᠢᠯᠲᠠᠨ ᠤ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ ᠬᠥᠳᠡᠯᠮᠦᠷᠢ ᠴᠠᠯᠢᠩ᠂ ᠡᠳ᠋ ᠤᠨ ᠶᠠᠪᠤᠳᠠᠯ᠂ ᠡᠳ᠋ ᠬᠥᠷᠥᠩᠭᠡ ᠬᠤᠳᠠᠯᠳᠤᠨ ᠠᠪᠬᠤ ᠪᠠ ᠬᠠᠮᠢᠶᠠᠷᠬᠤ᠂ ᠠᠵᠢᠯ ᠠᠴᠠ  ᠪᠠᠨ ᠠᠮᠠᠷᠠᠭᠰᠠᠳ ᠪᠠᠭᠤᠭᠰᠠᠳ᠂ ᠳᠠᠩᠰᠠ ᠡᠪᠬᠡᠮᠡᠯ ᠤᠨ ᠬᠠᠮᠢᠶᠠᠷᠤᠯᠲᠠ᠂ ᠠᠯᠪᠠᠨ ᠪᠢᠴᠢᠭ ᠰᠢᠶᠳᠪᠦᠷᠢᠯᠡᠬᠦ᠂ ᠬᠤᠷᠠᠯ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ  ᠮᠠᠲ᠋ᠧᠷᠢᠶᠠᠯ ᠵᠡᠷᠭᠡ ᠠᠵᠢᠯ ᠢ ᠬᠠᠷᠢᠭᠤᠴᠠᠨ᠎ᠠ᠃ ᠨᠠᠷᠢᠨ ᠪᠢᠴᠢᠭᠡᠴᠢ ᠶᠢᠨ ᠠᠵᠢᠯ ᠢ ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠮᠠᠲ᠋ᠧᠷᠢᠶᠠᠯ ᠵᠡᠷᠭᠡ ᠶᠢᠨ  ᠲᠤᠭᠤᠷᠪᠢᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠰᠠᠯᠠᠭ᠎ᠠ ᠲᠠᠰᠤᠭ ᠵᠢᠴᠢ ᠠᠵᠢᠯᠲᠠᠨ ᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃     ︵ᠬᠤᠶᠠᠷ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠠᠯᠠᠭ᠎ᠠ᠃ ᠪᠦᠬᠦ ᠬᠤᠲᠠ ᠶᠢᠨ ᠵᠠᠰᠠᠭ  ᠤᠨ  ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠯ ᠤᠨ ᠴᠢᠨᠠᠷᠲᠠᠢ ᠲᠦᠷᠢᠮ᠂ ᠲᠥᠰᠦᠯ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠣᠷᠣᠨᠵᠢᠭᠤᠯᠬᠤ︾ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠤᠨ  ᠪᠦᠬᠦ ᠬᠠᠷᠢᠴᠠᠭ᠎ᠠ ᠶᠢ  ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠢ ᠵᠠᠰᠠᠭ ᠤᠨ ᠶᠠᠪᠤᠳᠠᠯ ᠤᠨ ᠣᠶᠤᠨᠴᠢ ᠲᠠᠪᠴᠠᠩ ᠳᠤ ᠲᠥᠪᠯᠡᠷᠡᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠣᠷᠣᠵᠣ ᠰᠠᠭᠤᠯᠭᠠᠬᠤ ᠶᠢ ᠣᠷᠣᠨᠵᠢᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠡᠷᠬᠡ ᠣᠯᠭᠤᠯᠲᠠ ᠶᠢ  ᠣᠷᠣᠨᠵᠢᠭᠤᠯᠬᠤ᠂ ᠡᠯᠧᠺᠲᠷᠣᠨ ᠦᠷ᠎ᠡ ᠪᠦᠳᠦᠮᠵᠢ ᠶᠢᠨ ᠬᠢᠨᠠᠨ ᠪᠠᠶᠢᠴᠠᠭᠠᠯᠳᠠ ᠶᠢ ᠣᠷᠣᠨᠵᠢᠭᠤᠯᠬᠤ ᠶᠢ ᠪᠡᠶᠡᠯᠡᠭᠦᠯᠦᠨ᠎ᠡ︶ ᠠᠵᠢᠯ ᠢ ᠬᠠᠷᠢᠭᠤᠴᠠᠨ᠎ᠠ᠃ ᠬᠤᠲᠠ ᠶᠢᠨ ᠲᠣᠰ ᠱᠠᠲᠤᠨ ᠤ ᠵᠠᠰᠠᠭ  ᠤᠨ ᠶᠠᠪᠤᠳᠠᠯ ᠤᠨ ᠲᠢᠩᠬᠢᠮ ᠤᠨ ᠠᠵᠢᠯ  ᠤᠨ ᠡᠷᠬᠢᠯᠳᠡ ᠬᠠᠮᠢᠶᠠᠷᠤᠯᠳᠠ ᠶᠢ  ᠵᠢᠯᠣᠭᠤᠳᠴᠤ᠂ ᠵᠠᠰᠠᠭ  ᠤᠨ  ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠮᠡᠳᠡᠭᠡ  ᠵᠠᠩᠬᠢᠴᠢᠯᠠᠯᠳᠠ ᠪᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠬᠡᠷᠡᠭᠯᠡᠯᠳᠡ ᠶᠢ ᠬᠠᠷᠢᠭᠤᠴᠠᠨ᠎ᠠ᠃ ᠪᠦᠬᠦ ᠬᠤᠲᠠ ᠶᠢᠨ ᠰᠦᠯᠵᠢᠶᠡᠨ ᠳᠡᠭᠡᠷᠡᠬᠢ ᠨᠢᠭᠡ ᠴᠣᠭᠴᠠᠵᠢᠭᠤᠯᠤᠭᠰᠠᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ  ᠤᠨ ᠪᠠᠶᠢᠭᠤᠯᠤᠯᠲᠠ ᠬᠡᠷᠡᠭᠯᠡᠯᠲᠡ ᠵᠢᠴᠢ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠰᠢᠯᠭᠠᠨ ᠬᠢᠨᠠᠵᠤ ᠦᠨᠡᠯᠡᠬᠦ᠂ ᠦᠷ᠎ᠡ ᠪᠦᠳᠦᠮᠵᠢ ᠶᠢ ᠬᠢᠨᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃  ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠤᠨ ᠢᠯᠡᠴᠢᠯᠡᠨ ᠮᠡᠳᠡᠭᠦᠯᠦᠯᠳᠡ᠂ ᠵᠠᠭᠠᠯᠳᠣᠯᠭ᠎ᠠ ᠵᠡᠷᠭᠡ ᠠᠵᠢᠯ ᠢ  ᠰᠢᠢᠳᠪᠤᠷᠢᠯᠡᠨ᠎ᠡ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠴᠠᠭᠠᠨ ᠰᠤᠳᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠭᠤᠷᠪᠠ︶ ᠥᠭᠡᠷᠡᠴᠢᠯᠡᠯᠲᠡ ᠶᠢ ᠠᠬᠢᠭᠤᠯᠬᠤ ᠰᠠᠯᠠᠭ᠎ᠠ᠃ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ ᠴᠣᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠠᠬᠢᠭᠤᠯᠵᠤ᠂ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ ᠴᠣᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ   ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ  ᠤᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠡᠷᠬᠡ ᠶᠢᠨ ᠨᠠᠷᠢᠨ  ᠳᠠᠩᠰᠠ ᠶᠢᠨ ᠬᠠᠮᠢᠶᠠᠷᠤᠯᠲᠠ ᠪᠠ ᠳᠦᠷᠢᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠲᠣᠭᠤᠷᠢᠭ ᠪᠠ ᠰᠠᠯᠠᠭ᠎ᠠ ᠮᠥᠴᠢᠷ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ  ᠢ ᠴᠣᠮᠬᠠᠳᠬᠠᠨ ᠡᠷᠬᠡ ᠶᠢ ᠳᠣᠷᠣᠭᠰᠢ  ᠳᠠᠯᠪᠢᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂  ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠰᠣᠨ ᠠᠪᠴᠣ᠂ ᠬᠦᠴᠦᠨ ᠦᠭᠡᠢ ᠪᠣᠯᠭᠠᠬᠤ ᠪᠠ ᠳᠣᠷᠣᠭᠰᠢ  ᠳᠠᠯᠪᠢᠬᠤ ᠠᠵᠢᠯ ᠢ ᠵᠢᠯᠣᠭᠤᠳᠤᠨ᠎ᠠ᠃    ︵ᠳᠥᠷᠪᠡ︶ ᠡᠯᠧᠺᠲᠷᠣᠨ ᠵᠠᠰᠠᠭ ᠤᠨ ᠶᠠᠪᠤᠳᠠᠯ ᠤᠨ ᠰᠠᠯᠠᠭ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ  ᠶᠢ ᠡᠷᠴᠢᠮᠵᠢᠭᠦᠯᠦᠨ ᠪᠠᠶᠢᠭᠤᠯᠬᠤ᠂ ᠬᠠᠮᠢᠶᠠᠷᠬᠤ  ᠶᠢ ᠵᠣᠬᠢᠴᠠᠭᠤᠯᠤᠨ ᠵᠢᠯᠣᠭᠤᠳᠤᠨ᠎ᠠ᠃ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠪᠠᠶᠢᠭᠤᠯᠤᠯᠲᠠ᠂ ᠬᠠᠮᠢᠶᠠᠷᠤᠯᠲᠠ ᠪᠠ ᠠᠭᠤᠯᠭ᠎ᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠡᠯᠧᠺᠲᠷᠣᠨ  ᠵᠠᠰᠠᠭ  ᠤᠨ ᠶᠠᠪᠤᠳᠠᠯ ᠤᠨ ᠰᠢᠯᠭᠠᠨ ᠬᠢᠨᠠᠵᠤ ᠦᠨᠡᠯᠡᠬᠦ  ᠂ ᠵᠠᠰᠠᠭ  ᠤᠨ ᠣᠷᠳᠣᠨ ᠤ ᠰᠦᠯᠵᠢᠶᠡᠨ ᠤ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠬᠤᠲᠠ  ᠶᠢᠨ ᠵᠠᠰᠠᠭ  ᠤᠨ ᠣᠷᠳᠣᠨ ᠤ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠲᠠᠪᠤ︶ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠯᠠᠭ᠎ᠠ  ᠃ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢ  ᠲᠠᠶᠢᠯᠪᠤᠷᠢᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠬᠤᠰᠢᠭᠤ ᠲᠣᠭᠤᠷᠢᠭ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠯᠭᠠᠨ ᠬᠢᠨᠠᠵᠤ ᠦᠨᠡᠯᠡᠬᠦ᠂ ᠲᠤᠬᠠᠶᠢᠯᠠᠭᠰᠠᠨ ᠠᠵᠢᠯ  ᠤᠨ  ᠪᠤᠯᠪᠠᠰᠣᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ  ᠠᠵᠢᠯ ᠤᠨ ᠭᠤᠤᠯᠳᠠᠯᠭ᠎ᠠ ᠶᠢ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ᠂ ᠭᠠᠷᠴᠠᠭ ᠪᠠ ᠣᠨ ᠤ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃  ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃    ︵ᠵᠢᠷᠭᠤᠭ᠎ᠠ︶ ᠬᠠᠤᠯᠢ ᠲᠣᠭᠲᠠᠭᠠᠯ ᠢ ᠤᠬᠠᠭᠤᠯᠬᠤ ᠰᠠᠯᠠᠭ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡ᠂ ︽ᠡᠷᠭᠡ ᠶᠢ ᠲᠤᠷᠤᠭᠰᠢ ᠲᠠᠯᠪᠢᠵᠤ᠂ ᠬᠠᠮᠢᠶᠠᠷᠤᠯᠳᠠ ᠶᠢ ᠴᠣᠮᠬᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ  ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ  ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠠᠰᠠᠭᠤᠨ ᠯᠠᠪᠯᠠᠬᠤ ᠵᠢᠴᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ  ᠶᠢ ᠬᠡᠷᠡᠭᠵᠢᠭᠦᠯᠦᠭᠰᠡᠨ ᠪᠠᠶᠢᠳᠠᠯ ᠢ  ᠱᠠᠯᠠᠪᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢᠨ ᠬᠠᠮᠲᠤ᠂ ᠪᠠᠷᠢᠮᠵᠢᠶ᠎ᠠ ᠶᠢᠨ ᠬᠠᠮᠢᠶ᠎ᠠ ᠪᠥᠬᠦᠶ ᠤᠬᠠᠭᠤᠯᠭ᠎ᠠ ᠪᠤᠯᠪᠠᠰᠣᠷᠠᠭᠤᠯᠤᠯ ᠤᠨ ᠠᠵᠢᠯ ᠢ ᠬᠠᠷᠢᠭᠤᠴᠠᠨ᠎ᠠ᠃ ᠡᠷᠬᠡ ᠶᠢᠨ  ᠨᠠᠷᠢᠨ ᠳᠠᠩᠰᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠢᠴᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ  ᠭᠦᠢᠴᠡᠳᠭᠡᠨ  ᠬᠠᠷᠢᠭᠤ ᠦᠭᠭᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠠᠶᠢᠭᠤᠯᠭ᠎ᠠ ᠶᠢᠨ ᠬᠠᠤᠯᠢ ᠲᠦᠭᠡᠮᠡᠯᠵᠢᠭᠦᠯᠬᠦ ᠬᠥᠮᠦᠵᠢᠯ᠂ ᠰᠣᠨᠢᠨ ᠮᠡᠳᠡᠭᠡᠨ ᠤ ᠤᠬᠠᠭᠤᠯᠭ᠎ᠠ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ  ᠵᠡᠷᠭᠡ ᠤᠬᠠᠭᠤᠯᠬᠤ ᠲᠠᠪᠴᠠᠩ ᠤᠨ ᠬᠠᠮᠢᠶᠠᠷᠴᠤ ᠬᠠᠮᠠᠭᠠᠯᠠᠬᠤ ᠠᠵᠢᠯ ᠢ ᠡᠭᠦᠷᠭᠡᠯᠡᠨ᠎ᠡ᠃   ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠪᠠ ᠲᠣᠰᠬᠤᠨ   ᠢ ᠳᠠᠭᠠᠭᠠᠴᠢᠯᠠᠨ  ᠬᠠᠷᠢᠯᠴᠠᠵᠤ ᠲᠤᠰᠬᠤᠨ ᠳᠤ  ᠰᠠᠭᠤᠬᠤ ᠠᠵᠢᠯ ᠢ ᠬᠠᠷᠢᠭᠤᠴᠠᠨ᠎ᠠ᠃   ᠲᠠᠪᠤᠳᠤᠭᠠᠷ ᠵᠦᠢᠯ  ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 14 ᠨᠡᠷᠡᠰ ᠪᠣᠯᠤᠨ᠎ᠠ᠃ ᠲᠣᠪᠴᠢᠶᠠᠨ ᠳᠠᠷᠤᠭ᠎ᠠ 1 ᠨᠡᠷᠡᠰ᠂ ᠲᠣᠪᠴᠢᠶᠠᠨ ᠳᠡᠳ᠋ ᠳᠠᠷᠤᠭ᠎ᠠ 3 ᠨᠡᠷᠡᠰ︔ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 10 ᠨᠡᠷᠡᠰ᠂ 7 ᠵᠢᠩᠬᠢᠨᠢ ᠲᠡᠰ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1  ᠨᠡᠷᠡᠰ ᠪᠠᠭᠲᠠᠨ᠎ᠠ  ︶ 3 ᠨᠡᠷᠡᠰ ᠰᠠᠯᠠᠭᠠᠨ ᠲᠡᠳ᠋ ᠲᠡᠰ᠃   ᠵᠢᠷᠭᠤᠳᠤᠭᠠᠷ ᠵᠦᠢᠯ  ᠤᠷᠳᠤᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠬᠠᠷᠢᠶ᠎ᠠ ᠠᠵᠢᠯ ᠦᠶᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠶᠯᠡᠰ ᠢ ᠠᠰᠲᠠᠭᠠᠨ ᠲᠣᠭᠲᠠᠭᠠᠨ᠎ᠠ᠃   ᠳᠣᠯᠣᠳᠤᠭᠠᠷ ᠵᠦᠢᠯ   ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃   ᠨᠠᠶᠮᠠᠳᠤᠭᠠᠷ ᠵᠦᠢᠯ  ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠠᠵᠢᠯᠯᠠᠬᠤ ᠭᠠᠵᠠᠷ᠄ ᠣᠷᠳᠣᠰ ᠤᠨ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠶ   ᠶᠢᠨT 1 - T 3 ᠲᠣᠭᠤᠷᠢᠯ  ᠠᠰᠠᠷ   ᠠᠯᠪᠠᠯᠠᠬᠤ ᠤᠲᠠᠰᠤ᠄ 0477 - 8581603   ᠠᠵᠢᠯᠯᠠᠬᠤ ᠴᠠᠭ᠄ 9᠄ 00 —12᠄ 00   14᠄ 00—17᠄ 30   ᠰᠢᠦᠳᠠᠨ ᠳ᠋ᠤᠭᠠᠷ᠄ 017000   ᠰᠦᠯᠵᠢᠶᠡᠨ ᠤ ᠬᠠᠶ᠋ᠢᠭ᠄ http᠄ / / zwfwj . ordos . gov . cn /᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ