ᠰᠡᠴᠡᠨ᠄ ᠦᠨᠳᠦᠰᠦᠨ ᠱᠠᠲᠤᠨ ᠳᠤ  ᠭᠦᠨᠵᠡᠬᠡᠶᠢᠷᠡᠨ ᠠᠷᠠᠳ ᠤᠨ ᠲᠥᠯᠥᠭᠡ ᠠᠯᠢᠪᠠ ᠪᠠᠨ ᠵᠤᠷᠢᠭᠤᠯᠤᠨ᠎ᠠ
ᠨᠡᠶᠢᠲᠡᠯᠡᠭᠰᠡᠨ ᠴᠠᠭ᠄
2021/10/25
     ᠵᠡᠭᠦᠨᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠮ ᠬᠠᠷᠢᠯᠴᠠᠭᠠᠨ ᠤ ᠡ᠊ᠨᠳᠡᠯ ᠤᠨ ᠲᠤᠰᠬᠠᠶ ᠰᠢᠭᠦᠬᠦ ᠲᠢᠩᠬᠢᠮ ᠤᠨ ᠳᠠᠷᠤᠭ᠎ᠠ ᠰᠡᠴᠡᠠ ᠪᠤᠯ ᠬᠡᠷᠡᠭ ᠪᠤᠯᠭᠠᠨ ᠢ ᠲᠥᠪ ᠭᠤᠣᠯᠴᠢ ᠪᠠᠷ ᠰᠢᠭᠦᠨ ᠳᠠᠰᠤᠯᠵᠤ᠂ ᠵᠦᠷᠢᠴᠡᠯ ᠵᠠᠭᠤᠷᠠᠯᠳᠤᠭᠠᠨ ᠪᠦᠬᠦᠨ ᠢ ᠠᠮᠵᠢᠯᠲᠠ ᠲᠠᠢ ᠪᠠᠷ ᠡᠶᠡᠳᠡᠬᠦᠯᠵᠦ᠂ ᠰᠢᠬᠦᠭᠴᠢ ᠬᠦᠮᠦᠨ ᠤ ᠴᠤᠭ ᠵᠢᠪᠬᠤᠭ᠎ᠠ ᠶᠢ ᠪᠠᠳᠠᠷᠠᠭᠤᠯᠵᠤ ᠶᠠᠪᠤᠭᠰᠠᠨ ᠨᠢᠬᠡᠨ᠃      ᠦᠨᠳᠦᠰᠦᠨ ᠱᠠᠲᠤᠨ ᠳᠤ ᠬᠦᠨᠵᠡᠬᠡᠶᠢᠷᠡᠵᠦ ᠬᠠᠤᠯᠢ ᠵᠦᠢ ᠨᠠᠶᠢᠷ ᠲᠠᠯ᠎ᠠ ᠶᠢ ᠬᠠᠮᠲᠤ ᠳᠤᠨᠢ ᠬᠠᠷᠠᠭᠠᠯᠵᠠᠨ᠎ᠠ      1993 ᠣᠨ ᠤ 7 ᠰᠠᠷ᠎ᠠ ᠳᠤ ᠰᠡᠴᠡᠨ ᠦᠪᠦᠷ ᠮᠤᠩᠭᠤᠯ ᠤᠨ ᠬᠠᠤᠯᠢ ᠴᠠᠭᠠᠵᠠ ᠶᠢᠨ ᠰᠤᠷᠭᠠᠭᠤᠯᠢ ᠠᠴᠠ ᠲᠡᠭᠦᠰᠦᠭᠡᠳ ᠵᠡᠭᠦᠨᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠠᠵᠢᠯ ᠬᠤᠪᠢᠶᠠᠭᠳᠠᠵᠤ᠂ 1997 ᠣᠨ ᠤ 1 ᠰᠠᠷ᠎ᠠ ᠳᠤ ᠱᠠᠭᠳᠠᠷ ᠠᠷᠠᠳ ᠤᠨ ᠰᠢᠭᠦᠬᠦ ᠲᠢᠩᠬᠢᠮ ᠳᠤ ᠠᠵᠢᠯ ᠰᠢᠯᠵᠢᠵᠡᠢ᠃ ᠱᠠᠭᠳᠠᠷ ᠪᠠᠯᠭᠠᠰᠤᠨ ᠳᠤ ᠠᠵᠢᠯᠯᠠᠭᠰᠠᠨ 23 ᠵᠢᠯ ᠳᠤ ᠰᠡᠴᠡᠨ ᠲᠤᠬᠠᠢ ᠶᠢᠨ ᠭᠠᠵᠠᠷ ᠤᠨ ᠠᠷᠠᠳ ᠲᠦᠮᠡᠨ ᠤ ᠵᠦᠷᠢᠴᠡᠯ ᠵᠠᠭᠤᠷᠠᠯᠳᠤᠭᠠᠨ ᠢ ᠰᠢᠢᠳᠪᠦᠷᠢᠯᠡᠵᠦ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠤᠵᠤ ᠶᠠᠪᠤᠭᠰᠠᠨ ᠪᠠᠶᠢᠨ᠎ᠠ᠃      ᠬᠠᠤᠯᠢ ᠴᠠᠭᠠᠵᠠ ᠲᠥᠪ ᠴᠢᠩᠭ᠎ᠠ ᠪᠠᠶᠢᠳᠠᠭ ᠪᠤᠯᠪᠠᠴᠤ ᠬᠥᠮᠦᠨ ᠬᠠᠷᠢᠨ ᠬᠠᠶᠢᠷ᠎ᠠ ᠰᠡᠳᠬᠢᠯᠭᠡ ᠲᠠᠢ ᠪᠠᠶᠢᠳᠠᠭ᠃ ᠬᠠᠤᠯᠢ ᠴᠠᠭᠠᠵᠠ ᠶᠢᠨ ᠬᠡᠪᠴᠢᠶ᠎ᠠ ᠳᠤ ᠶᠠᠮᠠᠷ ᠨᠢᠬᠡᠨ ᠲᠤᠬᠠᠶ ᠶᠢᠨ ᠬᠥᠮᠦᠨ ᠬᠦᠴᠢᠷᠳᠡᠯ ᠳᠤ ᠲᠤᠯᠭᠠᠷᠠᠭᠰᠠᠨ ᠪᠠᠶᠢᠪᠠᠯ ᠰᠡᠴᠡᠨ ᠬᠡᠵᠢᠶᠡᠳᠡ ᠬᠠᠪᠰᠤᠷᠤᠯᠭ᠎ᠠ ᠲᠡᠮᠵᠢᠯᠬᠡ ᠦᠵᠡᠬᠦᠯᠵᠦ᠂ ᠦᠨᠡᠨ ᠰᠡᠳᠬᠢᠯ ᠢᠶᠠᠷ ᠢᠶᠠᠨ ᠤᠶᠠᠷᠠᠭᠤᠯᠵᠤ ᠤᠬᠠᠭᠠᠷᠠᠭᠤᠯᠳᠠᠭ ᠪᠠᠶᠢᠨ᠎ᠠ᠃ 2012 ᠣᠨ ᠳᠤ ᠰᠡᠴᠡᠠ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠵᠠᠭᠤᠷᠠᠯᠳᠤᠭᠠᠨ ᠤ ᠨᠢᠭᠡᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠡᠢ᠃ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠨᠢ ᠬᠡᠳᠦ᠋ᠢᠪᠡᠷ ᠡᠶᠡᠳᠡᠭᠦᠯᠬᠦ ᠬᠡᠯᠡᠯᠴᠡᠭᠡᠷ ᠳᠣᠭᠢᠷᠬᠠᠰᠠᠨ ᠪᠣᠯᠪᠠᠴᠤ ᠭᠠᠩᠰᠠᠷᠠᠬᠤ ᠭᠡᠮ᠂ ᠵᠢᠷᠦᠬᠡᠨ ᠡᠪᠡᠳᠴᠢᠨ ᠳᠤ ᠨᠡᠷᠪᠡᠭᠳᠡᠭᠰᠡᠨ ᠵᠠᠭᠠᠯᠳᠤᠭᠴᠢ ᠸᠠᠩ ᠣᠪᠣᠭᠲᠤ ᠵᠢᠩᠬᠢᠨᠢ ᠭᠦᠢᠴᠡᠳᠬᠡᠬᠦ ᠶᠠᠪᠤᠴᠠ ᠪᠠᠷ ᠶᠠᠪᠤᠬᠤ ᠲᠤᠷ᠎ᠠ ᠦᠭᠡᠢ ᠪᠠᠶᠢᠵᠤ᠂ ᠰᠢᠬᠦᠭᠴᠢ ᠲᠡᠬᠦᠨ ᠢ ᠬᠠᠪᠰᠤᠷᠴᠤ ᠪᠠᠶᠢᠭᠠᠳ 17 ᠲᠦᠮᠡᠨ ᠲᠥᠭᠦᠷᠢᠭ ᠤᠨ ᠵᠢᠭᠡᠯᠡᠯᠭᠡ ᠶᠢ ᠨᠢ ᠪᠤᠴᠠᠭᠠᠵᠤ ᠠᠪᠴᠢᠷᠠᠬᠤ ᠶᠢ ᠱᠠᠭᠠᠷᠳᠠᠵᠠᠶ᠃ ᠲᠤᠰ ᠬᠡᠷᠡᠭ ᠤᠨ ᠤᠴᠢᠷ ᠰᠢᠯᠲᠠᠭᠠᠨ ᠢ ᠣᠶᠢᠯᠠᠭᠠᠭᠰᠠᠨ ᠤ ᠳᠠᠷᠠᠭ᠎ᠠ᠂ ᠰᠡᠴᠡᠨ ᠰᠠᠨᠠᠭᠠᠴᠢᠯᠠᠭ᠎ᠠ ᠠᠴᠠ ᠪᠠᠨ ᠸᠠᠩ ᠣᠪᠣᠭᠲᠤ ᠳᠤ ᠬᠤᠯᠪᠤᠭᠳᠠᠯ ᠪᠦᠬᠦᠢ ᠬᠦᠢᠴᠡᠳᠬᠡᠬᠦ ᠶᠠᠪᠤᠴᠠ ᠶᠢ ᠲᠠᠶᠢᠯᠪᠤᠷᠢᠯᠠᠵᠤ ᠥᠭᠭᠦᠭᠰᠡᠨ ᠪᠣᠯᠪᠠᠴᠤ ᠸᠠᠩ ᠣᠪᠣᠭᠲᠤ ᠣᠭᠲᠣ ᠰᠤᠨᠤᠰᠬᠤ ᠦᠬᠡᠢ ᠪᠠᠶᠢᠪᠠ᠃ ᠣᠷᠳᠣ ᠬᠤᠭᠤᠴᠠᠭᠠᠨ ᠤ ᠢᠳᠬᠠᠵᠤ ᠲᠠᠶᠢᠯᠪᠤᠷᠢᠯᠠᠬᠤ ᠶᠠᠪᠤᠴᠠ ᠲᠤᠮᠳᠠ ᠸᠠᠩ ᠣᠪᠣᠭᠲᠤ 61000 ᠲᠥᠭᠦᠷᠢᠭ ᠤᠨ ᠪᠠᠴᠢᠮ ᠬᠡᠷᠡᠭᠴᠡᠭᠡ ᠲᠠᠢ ᠪᠠᠶᠢᠬᠤ ᠶᠢ ᠤᠢᠢᠯᠠᠭᠠᠭᠰᠠᠨ ᠰᠡᠴᠡᠨ ᠲᠡᠷᠡ ᠲᠠᠷᠦ᠋ᠢᠬᠠᠨ ᠵᠠᠭᠠᠯᠳᠤᠭᠳᠠᠭᠴᠢ ᠪᠠ ᠪᠤᠰᠤᠳ ᠪᠠᠶᠢᠭᠤᠯᠭ᠎ᠠ ᠲᠠᠢ ᠬᠠᠷᠢᠯᠴᠠᠨ ᠵᠤᠬᠢᠴᠠᠭᠤᠯᠵᠤ ᠪᠠᠶᠢᠭᠠᠳ ᠸᠠᠩ ᠣᠪᠣᠭᠲᠤ ᠳᠤ 3 ᠲᠦᠮᠡᠨ ᠲᠥᠭᠦᠷᠢᠭ ᠤᠨ ᠡᠮᠨᠡᠯᠭᠡ ᠶᠢᠨ ᠵᠠᠷᠤᠳᠠᠯ ᠵᠢᠭᠡᠯᠡᠵᠦ ᠥᠭᠬᠦᠭᠰᠡᠨ ᠮᠦᠷᠳᠡᠬᠡᠨ ᠥᠪᠡᠷ ᠤᠨ ᠢᠶᠠᠨ 31000 ᠲᠥᠭᠦᠷᠢᠭ ᠢ ᠸᠠᠩ ᠣᠪᠣᠭᠲᠤ ᠳᠤ ᠵᠢᠭᠡᠯᠡᠵᠦ ᠦᠭᠴᠡᠢ᠃ ᠡᠭᠦᠨ ᠢᠶᠠᠷ ᠪᠠᠷᠠᠬᠤ ᠦᠭᠡᠢ ᠰᠡᠴᠡᠨ ᠤᠯᠠᠨ ᠵᠦᠢᠯ ᠤᠨ ᠡᠪᠡᠳᠴᠢᠨ ᠡᠮᠬᠡᠭ ᠲᠤ ᠪᠠᠷᠢᠭᠳᠠᠭᠰᠨᠨ ᠸᠠᠩ ᠣᠪᠣᠭᠲᠤ ᠶᠢ ᠦᠷᠬᠦᠯᠵᠢ ᠰᠡᠳᠬᠢᠯ ᠳᠡᠭᠡᠨ ᠪᠤᠳᠤᠵᠤ᠂ ᠤᠳᠤ ᠪᠣᠯᠲᠠᠯ᠎ᠠ ᠬᠠᠷᠢᠯᠴᠠᠵᠤ ᠪᠠᠶᠢᠬᠤ ᠪᠦᠬᠡᠳ ᠦᠷᠬᠦᠯᠵᠢ ᠡᠷᠬᠢᠵᠤ ᠦᠵᠡᠳᠡᠭ ᠪᠠᠶᠢᠨ᠎ᠠ᠃      ᠨᠢᠭᠡ ᠰᠡᠳᠬᠢᠯ ᠢᠶᠠᠷ ᠠᠷᠠᠳ ᠤᠨ ᠲᠥᠯᠥᠭᠡ ᠦᠢᠯᠡᠴᠢᠯᠡᠵᠦ ᠵᠥᠷᠢᠴᠡᠯ ᠵᠠᠭᠤᠷᠠᠯᠳᠤᠭᠠᠨ ᠢ ᠨᠠᠮᠳᠠᠭᠤᠯᠤᠨ᠎ᠠ      ᠦᠨᠳᠦᠰᠦᠨ ᠱᠠᠲᠤᠨ ᠤ ᠰᠢᠭᠦᠬᠦ ᠲᠢᠩᠬᠢᠮ ᠤᠨ ᠰᠢᠭᠦᠭᠴᠢ ᠪᠣᠯᠤᠭᠰᠠᠨ ᠤ ᠬᠤᠪᠢ ᠳᠤ ᠰᠡᠴᠡᠨ ᠦᠪᠡᠷ ᠤᠨ ᠬᠢᠨᠢ ᠠᠵᠢᠯ ᠨᠢ ᠵᠥᠪ ᠪᠤᠷᠤᠭᠤ ᠶᠢ ᠮᠠᠭᠠᠳᠯᠠᠬᠤ ᠲᠡᠳᠦᠢ ᠪᠢᠰᠢ᠂ ᠬᠠᠷᠢᠨ ᠤᠯᠠᠩᠭᠢ ᠳᠠᠭᠠᠨ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ ᠶᠠᠪᠤᠳᠠᠯ ᠪᠣᠯᠤᠨ᠎ᠠ ᠭᠡᠳᠡᠭ ᠢ ᠲᠤᠲᠤᠷᠬᠠᠢ ᠤᠢᠢᠯᠠᠭᠠᠵᠤ ᠪᠠᠶᠢᠯ᠎ᠠ᠃ 2018 ᠣᠨ ᠳᠤ ᠰᠡᠴᠡᠠ ᠴᠧᠨ ᠣᠪᠣᠭᠲᠤ ᠠᠴᠠ ᠵᠡᠭᠦᠨᠭᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠵᠠᠭᠠᠯᠳᠤᠭᠰᠠᠨ ᠡᠮᠴᠢ ᠪᠠ ᠡᠪᠡᠳᠴᠢᠲᠡᠨ ᠤ ᠬᠤᠭᠤᠷᠤᠨᠳᠤᠬᠢ ᠵᠠᠭᠤᠷᠠᠯᠳᠤᠭᠠᠨ ᠤ ᠬᠡᠷᠡᠭ ᠢ ᠰᠢᠭᠦᠨ ᠰᠢᠢᠳᠪᠦᠷᠢᠯᠡᠵᠡᠢ᠃ ᠵᠠᠭᠠᠯᠳᠤᠭᠴᠢ ᠴᠧᠨ ᠣᠪᠣᠭᠲᠤ ᠶᠢᠨ ᠡᠬᠡᠨᠡᠷ ᠨᠢ ᠵᠡᠭᠦᠨᠭᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ B ᠬᠡᠲᠦ ᠳᠣᠯᠭᠢᠶᠠᠨ ᠤ ᠪᠠᠶᠢᠴᠠᠭᠠᠯᠳᠠ ᠬᠢᠭᠰᠡᠨ ᠪᠣᠯᠪᠠᠴᠤ ᠵᠡᠬᠦᠨ ᠭᠠᠷ ᠨᠢ ᠵᠡᠮᠳᠡᠭ ᠬᠡᠦᠬᠡᠳ ᠲᠦᠷᠦᠵᠡᠢ᠃ ᠴᠧᠨ ᠣᠪᠣᠭᠲᠤ ᠡᠮᠨᠡᠯᠭᠡ ᠶᠢᠨ ᠬᠤᠷᠢᠶᠠᠨ ᠤ ᠠᠵᠢᠯᠲᠠᠨ ᠠᠴᠠ B ᠬᠡᠳᠦ ᠳᠣᠯᠭᠢᠶᠠᠨ ᠤ ᠪᠠᠶᠢᠴᠠᠭᠠᠯᠲᠠ ᠬᠢᠬᠦ ᠳᠤ ᠬᠡᠦᠬᠡᠳ ᠤᠨ ᠪᠠᠶᠢᠳᠠᠯ ᠢ ᠮᠡᠳᠡᠭᠳᠡᠭᠰᠡᠨ ᠦᠭᠡᠶ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ ᠭᠡᠵᠦ ᠦᠵᠡᠪᠡ᠂ ᠬᠡᠪᠡᠴᠦ ᠰᠢᠯᠭᠠᠨ ᠲᠣᠭᠲᠠᠭᠠᠬᠤ ᠰᠠᠯᠠᠭ᠎ᠠ ᠮᠥᠴᠢᠷ ᠠᠴᠠ ᠨᠢᠯᠬ᠎ᠠ ᠬᠡᠦᠬᠡᠳ ᠤᠨ ᠵᠡᠮᠳᠡᠭ ᠪᠤᠯᠤᠭᠰᠠᠨ ᠨᠢ ᠡᠮᠨᠡᠯᠭᠡ ᠶᠢᠨ ᠬᠤᠷᠢᠶ᠎ᠠ ᠲᠠᠢ ᠬᠤᠯᠪᠣᠭᠳᠠᠯ ᠦᠭᠡᠶ ᠭᠡᠵᠦ ᠮᠠᠭᠠᠳᠯᠠᠨ ᠲᠣᠭᠲᠠᠭᠠᠵᠠᠶ᠃ ᠬᠤᠶᠠᠷ ᠤᠳᠠᠭᠠᠨ ᠤ ᠲᠢᠩᠬᠢᠮ ᠤᠨ ᠰᠢᠭᠦᠯᠲᠡ ᠳᠤ ᠬᠤᠶᠠᠷ ᠲᠠᠯ᠎ᠠ ᠪᠠᠷ ᠢᠶᠠᠨ ᠴᠥᠮ ᠰᠠᠨᠠᠯ ᠨᠢᠭᠡᠳᠬᠦ ᠦᠬᠡᠢ ᠪᠠᠶᠢᠪᠠ᠃ ᠭᠡᠲᠡᠯ᠎ᠡ ᠡᠨᠡ ᠦᠶ᠎ᠡ ᠳᠤ ᠴᠧᠨ ᠣᠪᠣᠭᠲᠤ ᠶᠢᠨ ᠡᠴᠢᠭᠡ ᠨᠢ ᠪᠠᠰᠠ ᠬᠦᠨᠳᠦ ᠡᠪᠡᠳᠴᠢᠨ ᠳᠤ ᠨᠡᠷᠪᠡᠭᠳᠡᠵᠦ᠂ ᠠᠮᠢᠳᠤᠷᠠᠯ ᠤᠨ ᠳᠠᠷᠤᠭᠠᠰᠤ ᠪᠠ ᠪᠣᠳᠠᠲᠤ ᠪᠠᠶᠢᠳᠠᠯ ᠤᠨ ᠴᠣᠬᠢᠯᠲᠠ ᠳᠣᠣᠷ᠎ᠠ ᠴᠧᠨ ᠣᠪᠣᠭᠲᠤ ᠶᠢᠨ ᠤᠬᠠᠭᠠᠨ ᠰᠠᠨᠠᠭ᠎ᠠ ᠨᠢ ᠪᠠᠯᠠᠷᠠᠵᠤ᠂ ᠡᠰᠡ ᠯᠡ ᠪᠤᠷᠤᠭᠤ ᠰᠢᠢᠳᠪᠦᠷᠢ ᠭᠠᠷᠭᠠᠬᠤ ᠰᠢᠬᠠᠵᠠᠢ᠃      ᠰᠡᠴᠡᠠ ᠡᠨᠡ ᠬᠡᠷᠡᠭ ᠢ ᠳᠥᠭᠦᠮᠬᠡᠨ ᠢᠷᠭᠡᠨ ᠤ ᠬᠡᠷᠡᠭ ᠤᠨ ᠵᠠᠭᠤᠷᠠᠯᠳᠤᠭᠠᠨ ᠢᠶᠠᠷ ᠦᠵᠡᠵᠦ ᠰᠢᠭᠤᠳ ᠰᠢᠭᠦᠭᠰᠡᠨ ᠦᠬᠡᠢ᠂ ᠬᠠᠷᠢᠨ ᠴᠠᠭ ᠪᠠ ᠤᠶᠤᠨ ᠴᠢᠳᠠᠯ ᠢᠶᠠᠨ ᠵᠠᠷᠤᠴᠠᠭᠤᠯᠵᠤ ᠪᠠᠶᠢᠭᠠᠳ ᠴᠧᠨ ᠣᠪᠣᠭᠲᠤ ᠨᠢᠭᠡ ᠭᠡᠷ ᠤᠨ ᠬᠢᠨ ᠳᠤ ᠠᠮᠢᠳᠤᠷᠠᠯ ᠤᠨ ᠢᠲᠡᠭᠡᠯ ᠢ ᠲᠠᠬᠢᠨ ᠤᠯᠭᠤᠭᠰᠠᠨ ᠪᠠᠶᠢᠨ᠎ᠠ᠃ ᠰᠡᠴᠡᠠ ᠴᠧᠨ ᠣᠪᠣᠭᠲᠤ ᠶᠢᠨ ᠬᠢᠨ ᠳᠤ ᠠᠮᠤ ᠪᠤᠳᠠᠭ᠎ᠠ᠂ ᠭᠤᠯᠢᠷ᠂ ᠲᠤᠰᠦ ᠵᠡᠷᠭᠡ ᠠᠮᠢᠳᠤᠷᠠᠯ ᠤᠨ ᠬᠡᠷᠡᠭᠴᠡᠭᠡᠨ ᠤ ᠵᠦᠢᠯ ᠢ ᠬᠤᠳᠠᠯᠳᠤᠨ ᠠᠪᠴᠤ ᠥᠭᠭᠦᠭᠰᠡᠨ ᠢᠶᠠᠷ ᠪᠠᠷᠠᠬᠤ ᠤᠢᠭᠡᠢ ᠪᠠᠰᠠ ᠴᠧᠨ ᠣᠪᠣᠭᠲᠤ ᠶᠢᠨ ᠡᠴᠢᠭᠡ ᠨᠢ ᠬᠦᠨᠳᠦ ᠡᠪᠡᠳᠴᠢᠯᠡᠭᠡᠳ ᠡᠮᠨᠡᠭᠦᠯᠬᠦ ᠵᠣᠭᠤᠰ ᠤᠢᠭᠡᠢ ᠪᠣᠯᠤᠭᠰᠠᠨ ᠦᠶ᠎ᠡ ᠳᠤ 1 ᠲᠦᠮᠡᠨ ᠲᠥᠭᠦᠷᠢᠭ ᠴᠤᠭᠯᠠᠭᠤᠯᠵᠤ ᠦᠭᠬᠦᠬᠡᠳ ᠪᠠᠴᠢᠮ ᠪᠠᠶᠢᠳᠠᠯ ᠢ ᠠᠪᠤᠷᠠᠵᠠᠢ᠃ ᠶᠠᠭ ᠡᠳᠡᠭᠡᠷ ᠬᠠᠪᠰᠤᠷᠤᠯᠭ᠎ᠠ ᠲᠡᠮᠵᠢᠯᠬᠡ ᠪᠠᠶᠢᠭᠰᠠᠨ ᠠᠴᠠ ᠰᠠᠶ᠋ᠢ ᠲᠡᠳᠡᠨ ᠤ ᠭᠡᠷ ᠪᠦᠯᠢ ᠶᠢᠨ ᠬᠢᠨ ᠠᠮᠢᠳᠤᠷᠠᠯ ᠤᠨ ᠬᠦᠰᠡᠯ ᠡᠷᠡᠮᠡᠯᠵᠡᠯ ᠢ ᠠᠭᠠᠵᠢᠮ ᠢᠶᠠᠷ ᠣᠯᠵᠤ ᠬᠠᠷᠠᠵᠠᠢ᠃ ᠥᠨᠥᠳᠦᠷ ᠴᠧᠨ ᠣᠪᠣᠭᠲᠤ ᠡᠮᠨᠡᠯᠭᠡ ᠶᠢᠨ ᠬᠤᠷᠢᠶᠠᠨ ᠤ 6 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠶᠢ ᠣᠯᠵᠤ᠂ ᠬᠡᠦᠬᠡᠳ ᠨᠢ ᠴᠦ ᠢᠳᠡᠷᠡᠭᠦᠨ ᠢᠶᠠᠷ ᠦᠰᠦᠨ ᠪᠤᠶᠢᠵᠢᠵᠤ᠂ ᠠᠮᠢᠳᠤᠷᠠᠯ ᠨᠢ ᠠᠭᠠᠵᠢᠮ ᠢᠶᠠᠷ ᠰᠠᠶᠢᠵᠢᠷᠠᠵᠠᠢ᠃ ︽ᠮᠠᠨ ᠤ ᠬᠢᠨ ᠤ ᠣᠳᠣ ᠶᠢᠨ ᠵᠣᠯ ᠵᠢᠷᠭᠠᠯᠲᠤ ᠠᠮᠢᠳᠤᠷᠠᠯ ᠰᠡᠴᠡᠨ ᠰᠢᠬᠦᠭᠴᠢ ᠶᠢᠨ ᠲᠤᠰᠠ ᠲᠡᠮᠵᠢᠯᠬᠡ ᠠᠴᠠ ᠰᠠᠯᠵᠤ ᠴᠢᠳᠠᠬᠤ ᠦᠬᠡᠢ ᠰᠢᠦ︾ ᠬᠡᠵᠦ ᠴᠧᠨ ᠣᠪᠣᠭᠲᠤ ᠲᠠᠯᠠᠷᠬᠠᠨ ᠶᠠᠷᠢᠵᠤ ᠪᠠᠶᠢᠯ᠎ᠠ᠃      ᠰᠠᠨᠠᠭᠠᠴᠢᠯᠠᠭ᠎ᠠ ᠠᠴᠠ ᠪᠠᠨ ᠰᠢᠬᠦᠭᠴᠢ ᠬᠦᠮᠦᠨ ᠤ ᠬᠦᠨᠳᠦ ᠡᠬᠦᠷᠬᠡ ᠶᠢ ᠡᠬᠦᠷᠬᠡᠯᠡᠵᠤ ᠶᠠᠪᠤᠨ᠎ᠠ      2009 ᠣᠨ ᠤ 11 ᠰᠠᠷ᠎ᠠ ᠶᠢᠨ 5᠎ ᠤ ᠡᠳᠦᠷ᠂ ᠰᠡᠴᠡᠨ ᠱᠠᠭᠳᠠᠷ ᠠᠷᠠᠳ ᠤᠨ ᠰᠢᠭᠦᠬᠦ ᠲᠢᠩᠬᠢᠮ ᠤᠨ ᠠᠵᠢᠯ ᠢ ᠪᠦᠭᠦ ᠲᠠᠯ᠎ᠠ ᠪᠠᠷ ᠬᠦᠯᠢᠶᠡᠨ ᠠᠪᠴᠠᠢ᠃ ᠲᠤᠬᠠᠶ ᠶᠢᠨ ᠦᠶ᠎ᠡ ᠳᠤ ᠰᠢᠭᠦᠬᠦ ᠲᠢᠩᠬᠢᠮ ᠤᠨ ᠠᠵᠢᠯᠲᠠᠳ ᠤᠨ ᠨᠠᠰᠤᠵᠢᠯ ᠤᠨ ᠪᠠᠶᠢᠳᠠᠯ ᠬᠦᠨᠳᠦ ᠨᠤᠴᠢᠳᠠᠢ᠂ ᠰᠠᠭᠤᠷᠢ ᠲᠦᠬᠦᠬᠡᠷᠦᠮᠵᠢ ᠨᠢ ᠡᠪᠳᠡᠷᠡᠵᠦ ᠬᠠᠭᠤᠴᠢᠷᠠᠭᠰᠠᠨ ᠪᠠᠶᠢᠵᠠᠢ᠃ ᠰᠡᠴᠡᠠ ᠰᠢᠭᠦᠬᠦ ᠲᠢᠩᠬᠢᠮ ᠤᠨ ᠲᠦᠷᠢ ᠲᠦᠷᠬᠦ ᠶᠢ ᠰᠠᠶᠢᠵᠢᠷᠠᠭᠤᠯᠬᠤ ᠪᠠᠷ ᠰᠡᠮ ᠵᠤᠷᠢᠭ ᠰᠢᠭᠤᠳᠴᠤ᠂ ᠭᠤᠷᠪᠠᠭ᠋ᠠᠨ ᠵᠢᠯ ᠤᠨ ᠴᠠᠭ ᠢ ᠵᠠᠷᠤᠴᠠᠭᠤᠯᠤᠭᠠᠳ ᠰᠢᠭᠦᠬᠦ ᠲᠢᠩᠬᠢᠮ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ ᠰᠢᠨᠡᠳᠬᠡᠭᠰᠡᠨ ᠪᠠᠶᠢᠨ᠎ᠠ᠃ 2021 ᠣᠨ ᠤ 2 ᠰᠠᠷ᠎ᠠ ᠳᠤ ᠲᠡᠷᠡ ᠵᠡᠭᠦᠨᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠮ ᠬᠠᠷᠢᠯᠴᠠᠭᠠᠨ ᠤ ᠡ᠊ᠨᠳᠡᠯ ᠤᠨ ᠲᠤᠰᠬᠠᠶ ᠰᠢᠭᠦᠬᠦ ᠲᠢᠩᠬᠢᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠰᠡᠴᠡᠨ ᠠᠵᠢᠯ ᠦᠢᠯᠡᠰ ᠲᠡᠭᠡᠨ ᠬᠢᠯᠠᠷᠠᠭᠤᠯᠵᠤ ᠶᠠᠪᠤᠭᠰᠠᠨ ᠠᠴᠠ 2015 ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠠᠴᠠ ︽ᠪᠥᠬᠦ ᠣᠷᠣᠨ ᠤ ᠰᠢᠭᠦᠬᠦ ᠬᠤᠷᠢᠶ᠎ᠠ ᠶᠢᠨ ᠬᠡᠷᠡᠭ ᠰᠢᠢᠳᠪᠦᠷᠢᠯᠡᠬᠦ ᠵᠢᠱᠢᠶᠡᠴᠢ︾᠎ ᠪᠠᠷ ᠦᠨᠡᠯᠡᠵᠦ᠂ 2019 ᠣᠨ ᠳᠤ ᠠᠷᠠᠳ ᠤᠨ ᠲᠡᠭᠡᠳᠤ ᠰᠢᠭᠦᠬᠦ ᠬᠤᠷᠢᠶ᠎ᠠ ᠠᠴᠠ ︽ᠪᠥᠬᠦ ᠤᠯᠤᠰ ᠤᠨ ᠰᠢᠭᠦᠬᠦ ᠬᠤᠷᠢᠶ᠎ᠠ ᠶᠢᠨ ᠬᠡᠷᠡᠭ ᠰᠢᠢᠳᠪᠦᠷᠢᠯᠡᠬᠦ ᠵᠢᠱᠢᠶᠡᠴᠢ︾᠎ ᠪᠠᠷ ᠰᠤᠩᠭᠤᠵᠤ᠂ 2020 ᠣᠨ ᠳᠤ ᠠᠷᠠᠳ ᠤᠨ ᠲᠡᠭᠡᠳᠤ ᠰᠢᠭᠦᠬᠦ ᠬᠤᠷᠢᠶ᠎ᠠ ᠠᠴᠠ ᠲᠡᠭᠦᠨ ᠢ ︽ᠪᠥᠬᠦ ᠤᠯᠤᠰ ᠤᠨ ᠰᠢᠯᠢᠳᠡᠭ ᠰᠢᠭᠦᠭᠴᠢ︾᠎ ᠪᠠᠷ ᠦᠨᠡᠯᠡᠭᠰᠡᠨ ᠪᠠᠶᠢᠨ᠎ᠠ᠃      ᠰᠢᠬᠦᠭᠴᠢ ᠪᠤᠯᠤᠭᠰᠠᠨ ᠡᠳᠡᠬᠡᠷ ᠵᠢᠯ ᠤᠳ ᠲᠤ ᠰᠡᠴᠡᠠ ᠬᠠᠤᠯᠢ ᠴᠠᠭᠠᠵᠠ ᠶᠢᠨ ᠠᠵᠢᠯᠳᠠᠨ ᠤ ᠢᠲᠡᠭᠡᠯ ᠪᠢᠰᠢᠷᠡᠯ ᠢ ᠪᠠᠲᠤ ᠰᠠᠬᠢᠨ᠂ ᠠᠵᠢᠯ ᠤᠨ ᠪᠠᠶᠢᠷᠢ ᠳᠡᠭᠡᠷ᠎ᠡ ᠪᠠᠨ ᠦᠭᠡ ᠳᠠᠭᠤᠨ ᠦᠭᠡᠢ ᠵᠢᠳᠬᠦᠵᠦ᠂ ᠤᠯᠠᠨ ᠲᠦᠮᠡᠨ ᠤ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠨ᠂ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢᠶᠠᠷ ᠬᠥᠭᠵᠢᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠦᠷ᠎ᠡ ᠪᠦᠳᠦᠮᠵᠢ ᠶᠢ ᠪᠢᠴᠢᠭᠯᠡᠵᠦ ᠶᠠᠪᠤᠭᠰᠠᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号