ᠡᠵᠡᠨ ᠬᠤᠷᠤᠭ᠎ᠠ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠭᠠᠵᠠᠷ ᠤᠷᠤᠨ ᠤ ᠪᠡᠯᠬᠡ ᠲᠡᠮᠳᠡᠭᠳᠦ ᠦᠢᠯᠡᠳᠭᠦᠨ ᠤ ᠬᠢᠨᠠᠨ ᠪᠠᠶᠢᠴᠠᠭᠠᠯᠳᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2021/10/8
     ᠲᠦᠪ ᠭᠤᠤᠯᠴᠢ᠂ ᠡᠷᠡᠬᠦᠯ ᠵᠠᠬ᠎ᠠ ᠲᠡᠯᠬᠡᠬᠦᠷ ᠤᠨ ᠦᠷᠢᠰᠦᠯᠳᠦᠬᠡᠨ ᠤ ᠠᠭᠤᠷ ᠠᠮᠢᠰᠬᠤᠯ ᠢ ᠤᠯᠠᠮ ᠨᠢᠬᠡ ᠠᠯᠬᠤᠮ ᠪᠤᠢ ᠪᠤᠯᠭᠠᠨ᠂ ᠭᠠᠵᠠᠷ ᠤᠷᠤᠨ ᠤ ᠪᠡᠯᠬᠡ ᠲᠡᠮᠳᠡᠭᠳᠦ ᠦᠢᠯᠡᠳᠬᠦᠨ ᠢ ᠬᠠᠮᠠᠭᠠᠯᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠵᠤ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠳᠤᠯᠠᠬᠤ ᠶᠢᠨ ᠲᠤᠰᠠᠳᠠ ᠤᠢᠢᠷ᠎ᠠ ᠳᠤ ᠡᠵᠡᠨ ᠬᠤᠷᠤᠭ᠎ᠠ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠭᠠᠵᠠᠷ ᠤᠷᠤᠨ ᠤ ᠪᠡᠯᠬᠡ ᠲᠡᠮᠳᠡᠭᠳᠦ ᠶᠢᠨ ᠬᠡᠷᠡᠭᠯᠡᠯᠳᠡ ᠶᠢᠨ ᠲᠤᠰᠬᠠᠢ ᠲᠦᠷᠦᠯ ᠤᠨ ᠬᠢᠨᠠᠨ ᠪᠠᠶᠢᠴᠠᠭᠠᠯᠳᠠ ᠶᠢ ᠦᠷᠨᠢᠬᠦᠯᠦᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠳᠤ ᠡᠵᠡᠨ ᠬᠤᠷᠤᠭ᠎ᠠ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠭᠠᠵᠠᠷ ᠤᠷᠤᠨ ᠤ ᠪᠡᠯᠬᠡ ᠲᠡᠮᠳᠡᠭᠳᠦ ᠦᠢᠯᠡᠳᠬᠦᠨ ᠳᠤ ᠠᠩᠬᠠᠷᠤᠯ ᠢᠶᠠᠨ ᠲᠦᠪᠯᠡᠷᠡᠬᠦᠯᠵᠦ᠂ ᠬᠠᠤᠯᠢ ᠬᠡᠷᠡᠭᠵᠢᠬᠦᠯᠬᠦ ᠠᠵᠢᠯᠳᠠᠳ ᠦᠢᠯᠡᠳᠬᠦᠨ ᠤ ᠪᠤᠭᠤᠳᠠᠯ ᠲᠡᠭᠡᠷ᠎ᠡ ᠲᠠᠷᠤᠮᠠᠯᠯᠠᠭᠰᠠᠨ ᠭᠠᠷᠤᠯᠳᠠ ᠶᠢᠨ ᠤᠷᠤᠨ᠂ ᠨᠡᠷᠡᠶᠢᠳᠦᠯ᠂ ᠢᠯᠡᠳᠬᠡᠮᠵᠢ ᠲᠡᠮᠳᠡᠭ ᠤᠨ ᠪᠠᠶᠢᠳᠠᠯ ᠳᠤ ᠪᠠᠶᠢᠴᠠᠭᠠᠯᠳᠠ ᠬᠢᠵᠤ᠂ ᠭᠠᠵᠠᠷ ᠤᠷᠤᠨ ᠤ ᠲᠤᠰᠬᠠᠢ ᠬᠡᠷᠡᠭᠯᠡᠬᠡᠨ ᠤ ᠲᠡᠮᠳᠡᠭ ᠢ ᠲᠤᠷ᠎ᠠ ᠪᠠᠷ ᠢᠶᠠᠨ ᠬᠡᠷᠡᠭᠯᠡᠭᠰᠡᠨ᠂ ᠬᠠᠭᠤᠷᠮᠠᠭᠯᠠᠨ ᠵᠤᠬᠢᠶᠠᠭᠰᠠᠨ ᠵᠡᠷᠬᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠬᠠᠤᠯᠢ ᠬᠡᠷᠡᠭᠵᠢᠬᠦᠯᠬᠦ ᠠᠵᠢᠯᠳᠠᠨ ᠠᠴᠠ ᠬᠠᠷᠢᠶᠠᠳᠤ ᠤᠷᠤᠨ ᠤ ᠬᠤᠳᠠᠯᠳᠤᠭᠠᠴᠢᠨ ᠡᠷᠦᠬᠡ ᠳᠤ ︽ᠲᠠᠸᠠᠷ ᠤᠨ ᠲᠡᠮᠳᠡᠭ ᠤᠨ ᠬᠠᠤᠯᠢ︾᠂ ︽ᠭᠠᠵᠠᠷ ᠤᠷᠤᠨ ᠤ ᠪᠡᠯᠬᠡ ᠲᠡᠮᠳᠡᠭᠳᠦ ᠦᠢᠯᠡᠳᠬᠦᠨ ᠢ ᠬᠠᠮᠠᠭᠠᠯᠠᠬᠤ ᠲᠤᠭᠳᠠᠭᠠᠯ︾ ᠵᠡᠷᠬᠡ ᠬᠠᠤᠯᠢ ᠴᠠᠭᠠᠵᠠ ᠶᠢᠨ ᠲᠤᠭᠳᠠᠭᠠᠯ ᠢ ᠵᠤᠬᠢᠰᠳᠠᠢ ᠤᠬᠠᠭᠤᠯᠤᠨ ᠲᠠᠶᠢᠯᠪᠤᠷᠢᠯᠠᠵᠤ᠂ ᠵᠦᠪ ᠶᠠᠷᠢᠶ᠎ᠠ ᠬᠡᠯᠡᠯᠴᠡᠬᠡᠨ ᠤ ᠤᠳᠤᠷᠢᠳᠤᠮᠵᠢ ᠶᠢ ᠪᠤᠢ ᠪᠤᠯᠭᠠᠨ᠂ ᠬᠤᠳᠠᠯᠳᠤᠭ᠎ᠠ ᠡᠵᠡᠩᠨᠡᠬᠦ ᠰᠡᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠪᠠ᠃ ᠤᠳᠤᠬᠠᠨ ᠪᠤᠯᠳᠠᠯ᠎ᠠ ᠬᠠᠤᠯᠢ ᠬᠡᠷᠡᠭᠵᠢᠬᠦᠯᠬᠦ ᠠᠵᠢᠯᠳᠠᠨ ᠢ 26 ᠬᠦᠮᠦᠨ ᠤᠳᠠᠭ᠎ᠠ ᠲᠤᠮᠢᠯᠠᠵᠤ᠂ 10 ᠬᠡᠳᠦ ᠲᠡᠯᠬᠡᠬᠦᠷ ᠲᠤ ᠪᠠᠶᠢᠴᠠᠭᠠᠯᠳᠠ ᠬᠢᠵᠤ᠂ ᠭᠠᠵᠠᠷ ᠤᠷᠤᠨ ᠤ ᠪᠡᠯᠬᠡ ᠲᠡᠮᠳᠡᠭᠳᠦ ᠲᠠᠸᠠᠷ ᠤᠨ ᠲᠤᠰᠬᠠᠢ ᠬᠡᠷᠡᠭᠯᠡᠬᠦ ᠡᠷᠬᠡ ᠳᠤ ᠬᠠᠯᠳᠠᠭᠰᠠᠨ ᠰᠡᠵᠢᠭᠯᠡᠯᠳᠡᠢ ᠬᠡᠷᠡᠭ ᠤᠨ ᠰᠦᠪᠡᠭᠴᠢ ᠶᠢ 1 ᠢᠯᠡᠷᠡᠬᠦᠯᠪᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号