ᠡᠵᠡᠨ ᠬᠤᠷᠤᠭ᠎ᠠ ᠬᠤᠰᠢᠭᠤ ᠲᠠᠷᠢᠶᠠᠴᠢᠨ ᠬᠦᠯᠦᠰᠤᠨ ᠠᠵᠢᠯᠴᠢᠨ ᠳᠤ ᠲᠤᠬᠢᠲᠠᠢ ᠦᠢᠯᠡᠴᠢᠯᠡᠭᠡ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2021/10/8
     2021 ᠤᠨ ᠳᠤ ᠬᠡᠷᠡᠭᠯᠡᠯᠲᠡ ᠳᠤ ᠤᠷᠤᠭᠰᠠᠨ ᠡᠵᠡᠨ ᠬᠤᠷᠤᠭ᠎ᠠ ᠬᠤᠰᠢᠭᠤᠨ ᠤ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠭᠦᠷ ᠨᠢ ᠠᠵᠢᠨᠠᠢ ᠴᠡᠴᠡᠷᠯᠢᠭ ᠤᠨ ᠬᠤᠶᠢᠳᠤ ᠡᠭᠦᠳᠡᠨ ᠤ ᠡᠰᠡᠷᠭᠦ ᠲᠠᠯ᠎ᠠ ᠳᠤ ᠪᠠᠶᠢᠷᠢᠰᠢᠵᠦ᠂ ᠠᠯᠲᠠᠨᠰᠢᠷᠡᠭᠡᠳᠤ ᠪᠠᠯᠭᠠᠰᠤᠨ ᠳᠤ ᠬᠦᠯᠦᠰᠤᠨ ᠠᠵᠢᠯ ᠬᠢᠭᠦ ᠪᠠᠷ ᠢᠷᠡᠭᠰᠡᠳ ᠲᠤ ᠦᠢᠯᠡᠴᠢᠯᠡᠭᠡ ᠬᠠᠩᠭᠠᠵᠦ ᠡᠬᠢᠯᠡᠵᠠᠢ᠃ ᠲᠤᠰ ᠵᠠᠬ᠎ᠠ ᠲᠡᠯᠭᠡᠭᠦᠷ ᠲᠤ ᠬᠤᠭᠤᠯᠠᠨ ᠤ ᠭᠠᠵᠠᠷ᠂ ᠠᠵᠢᠯ ᠵᠦᠪᠳᠡᠨ ᠬᠡᠯᠡᠯᠴᠡᠬᠦ ᠭᠠᠵᠠᠷ᠂ ᠰᠦᠢᠳᠬᠡᠯ ᠬᠤᠷᠢᠶᠠᠬᠤ ᠦᠭᠡᠢ ᠪᠡᠶ᠎ᠠ ᠤᠬᠢᠶᠠᠯᠭ᠎ᠠ ᠶᠢᠨ ᠭᠠᠵᠠᠷ ᠬᠠᠩᠭᠠᠨ᠂ WIFI᠂ ᠨᠤᠮ ᠵᠢᠭᠡᠯᠡᠨ ᠤᠩᠰᠢᠬᠤ ᠦᠷᠦᠭᠡ ᠵᠡᠷᠭᠡ ᠲᠦᠭᠦᠭᠡᠷᠦᠮᠵᠢ ᠶᠢ ᠪᠦᠷᠢᠯᠳᠦᠭᠦᠯᠵᠦ᠂ ᠲᠠᠷᠢᠶᠠᠴᠢᠨ ᠬᠦᠯᠦᠰᠤᠨ ᠠᠵᠢᠯᠴᠢᠨ ᠳᠤ ᠦᠨᠡᠨ ᠬᠦ ᠠᠰᠢᠭ ᠬᠦᠷᠳᠡᠭᠡᠭᠰᠡᠨ ᠪᠠᠶᠢᠨ᠎ᠠ᠃      ᠲᠠᠷᠢᠶᠠᠴᠢᠨ ᠬᠦᠯᠦᠰᠤᠨ ᠠᠵᠢᠯᠴᠢᠨ ᠤ ᠠᠵᠢᠯ ᠤᠯᠬᠤ ᠳᠤ ᠲᠦᠭᠦᠮ ᠦᠵᠡᠭᠦᠯᠬᠦ ᠶᠢᠨ ᠲᠦᠯᠦᠭᠡ᠂ ᠵᠠᠰᠠᠭ ᠤᠨ ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠷᠧᠨ ᠼᠦᠩ ᠵᠦᠩ ᠬᠦᠮᠦᠨ ᠤ ᠬᠦᠴᠦᠨ ᠤ ᠡᠬᠢ ᠪᠠᠶᠠᠯᠢᠭ ᠤᠨ ᠺᠤᠮᠫᠠᠨᠢ ᠲᠠᠢ ᠬᠠᠪᠰᠤᠷᠤᠨ ᠠᠵᠢᠯᠯᠠᠵᠦ᠂ 500 ᠬᠦᠮᠦᠨ ᠤ ᠵᠢᠷᠭᠢᠶ᠎ᠠ ᠶᠢᠨ ᠬᠤᠯᠪᠤᠭ᠎ᠠ ᠶᠢ ᠪᠠᠶᠢᠭᠤᠯᠤᠨ᠂ ᠬᠦᠳᠡᠯᠮᠦᠷᠢᠯᠡᠭᠴᠢ ᠡᠵᠡᠨ ᠮᠡᠳᠡᠨ ᠠᠵᠢᠯ ᠰᠤᠩᠭᠤᠬᠤ᠂ ᠵᠠᠬ᠎ᠠ ᠲᠡᠯᠭᠡᠭᠦᠷ ᠢᠶᠠᠷ ᠠᠵᠢᠯ ᠤᠯᠭᠤᠯᠲᠠ ᠶᠢ ᠵᠤᠬᠢᠴᠠᠭᠤᠯᠬᠤ ᠵᠠᠷᠴᠢᠮ ᠢ ᠪᠠᠷᠢᠮᠳᠠᠯᠠᠨ ᠠᠵᠢᠯᠯᠠᠵᠡᠢ᠃ ᠡᠭᠦᠨ ᠠᠴᠠ ᠭᠠᠳᠠᠨ᠎ᠠ ᠂ ᠠᠵᠢᠯᠴᠢᠳ ᠴᠦᠮ ᠲᠤᠳᠤᠭᠠᠳᠤ ᠶᠢ ᠬᠠᠮᠠᠭᠠᠯᠠᠬᠤ ᠬᠤᠯᠪᠤᠭᠳᠠᠯ ᠪᠦᠬᠦᠢ ᠮᠡᠳᠡᠭᠡ ᠵᠠᠩᠬᠢ ᠶᠢᠨ ᠰᠢᠰᠲ᠋ᠧᠮ ᠳᠤ ᠲᠠᠩᠰᠠᠯᠠᠭᠤᠯᠵᠦ᠂ ᠬᠦᠮᠦᠨ ᠪᠦᠷᠢ ᠳᠤ ᠬᠤᠳᠠᠯᠳᠤᠭᠠᠨ ᠤ ᠤᠰᠤᠯ ᠡ᠊ᠨᠳᠡᠯ ᠤᠨ ᠲᠠᠭᠠᠳᠬᠠᠯ ᠢ ᠬᠤᠳᠠᠯᠳᠤᠨ ᠠᠪᠴᠤ ᠦᠭᠭᠦᠨ᠂ ᠠᠵᠢᠯᠴᠢᠨ ᠬᠡᠷᠡᠭᠯᠡᠬᠦ ᠨᠢᠭᠡᠴᠢ ᠪᠤᠯᠤᠨ ᠬᠦᠯᠦᠰᠤᠯᠡᠭᠴᠢ ᠶᠢᠨ ᠲᠠᠳᠠᠭᠠᠯᠵᠠᠯ ᠡᠷᠡᠭᠡᠯᠵᠡᠭᠡ ᠶᠢ ᠲᠠᠶᠢᠯᠵᠦ ᠴᠢᠳᠠᠭᠰᠠᠨ ᠪᠠᠶᠢᠨ᠎ᠠ᠃      ᠤᠢᠢᠯᠠᠭᠠᠭᠰᠠᠨ ᠢᠶᠠᠷ᠂ ᠲᠤᠰ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠭᠦᠷ 11 ᠰᠠᠷ᠎ᠠ ᠶᠢᠨ 10᠎ ᠤ ᠡᠳᠤᠷ ᠪᠤᠯᠳᠠᠯ᠎ᠠ ᠲᠠᠩᠰᠠᠯᠠᠭᠤᠯᠤᠭᠰᠠᠨ ᠲᠠᠷᠢᠶᠠᠴᠢᠨ ᠬᠦᠯᠦᠰᠤᠨ ᠠᠵᠢᠯᠴᠢᠨ ᠪᠦᠬᠦᠨ ᠠᠴᠠ ᠡᠳᠤᠷ ᠪᠦᠷᠢ ᠵᠦᠪᠬᠡᠨ 12 ᠲᠦᠭᠦᠷᠢᠭ ᠤᠨ ᠬᠤᠭᠤᠯᠠᠨ ᠤ ᠰᠦᠢᠳᠭᠡᠯ ᠬᠤᠷᠢᠶᠠᠵᠦ᠂ ᠦᠨ᠎ᠠ ᠲᠦᠯᠦᠪᠦᠷᠢ ᠦᠭᠡᠢ ᠬᠤᠨᠤᠭ ᠤᠨ ᠭᠠᠵᠠᠷ ᠲᠤᠬᠢᠷᠠᠭᠤᠯᠵᠤ ᠥᠭᠴᠡᠢ᠃ 11 ᠰᠠᠷ᠎ᠠ ᠶᠢᠨ 10᠎ ᠠᠴᠠ ᠬᠤᠶᠢᠰᠢ᠂ ᠡᠳᠤᠷ ᠪᠦᠷᠢ 5 ᠲᠦᠭᠦᠷᠢᠭ ᠤᠨ ᠬᠤᠨᠤᠭ ᠤᠨ ᠰᠦᠢᠳᠭᠡᠯ᠂ 17 ᠲᠦᠭᠦᠷᠢᠭ ᠤᠨ ᠬᠤᠭᠤᠯᠠᠨ ᠤ ᠰᠦᠢᠳᠭᠡᠯ ᠬᠤᠷᠢᠶᠠᠭᠰᠠᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号