ᠳ᠋ᠥ᠋ ᠬᠤᠢ ᠯᠢᠶᠠᠩ ᠦᠤᠰᠢᠨ ᠬᠤᠰᠢᠭᠤ ᠡᠵᠡᠨ ᠬᠤᠷᠤᠭ᠎ᠠ ᠬᠤᠰᠢᠭᠤ ᠵᠡᠭᠦᠨᠭᠠᠷ ᠬᠤᠰᠢᠭᠤᠨ ᠳᠤ ᠨᠠᠭᠤᠷ ᠭᠤᠤᠯ ᠤᠨ ᠬᠠᠮᠢᠶᠠᠷᠤᠯᠳᠠ ᠬᠠᠮᠠᠭᠠᠯᠠᠯᠳᠠ ᠪᠠ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠱᠠᠯᠠᠪᠳᠠᠭᠤᠯᠤᠨ ᠵᠢᠯᠤᠭᠤᠳᠴᠦ ᠪᠠᠶᠢᠴᠠᠭᠠᠵᠠᠢ
ᠨᠡᠶᠢᠲᠡᠯᠡᠭᠰᠡᠨ ᠴᠠᠭ᠄
2021/10/8
      10 ᠰᠠᠷ᠎ᠠ ᠶᠢᠨ 6᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠦᠤᠰᠢᠨ ᠬᠤᠰᠢᠭᠤ᠂ ᠡᠵᠡᠨ ᠬᠤᠷᠤᠭ᠎ᠠ ᠬᠤᠰᠢᠭᠤ᠂ ᠵᠡᠭᠦᠨᠭᠠᠷ ᠬᠤᠰᠢᠭᠤᠨ ᠳᠤ ᠨᠠᠭᠤᠷ ᠭᠤᠤᠯ ᠤᠨ ᠬᠠᠮᠢᠶᠠᠷᠤᠯᠳᠠ ᠬᠠᠮᠠᠭᠠᠯᠠᠯᠳᠠ ᠪᠠ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠱᠠᠯᠠᠪᠳᠠᠭᠤᠯᠤᠨ ᠵᠢᠯᠤᠭᠤᠳᠴᠦ ᠪᠠᠶᠢᠴᠠᠭᠠᠪᠠ᠃ ᠬᠤᠳᠠ ᠶᠢᠨ ᠤᠳᠤᠷᠢᠳᠤᠯᠭ᠎ᠠ ᠰᠥ᠋ ᠼᠦᠢ ᠹᠠᠨᠭ᠌ ᠂ ᠬᠤᠸᠠ ᠷᠦᠢ ᠹᠸᠡᠭ᠂ ᠡᠷᠳᠡᠨᠢᠪᠢᠯᠢᠭ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠬᠤᠯᠪᠤᠬᠳᠠᠯ ᠪᠦᠭᠦᠢ ᠱᠠᠯᠠᠪᠳᠠᠭᠤᠯᠤᠨ ᠵᠢᠯᠤᠭᠤᠳᠬᠤ ᠳᠤ ᠤᠷᠤᠯᠴᠠᠪᠠ᠃      ᠦᠤᠰᠢᠨ ᠬᠤᠰᠢᠭᠤ ᠪᠠ ᠡᠵᠡᠨ ᠬᠤᠷᠤᠭ᠎ᠠ ᠬᠤᠰᠢᠭᠤᠨ ᠳᠤ ᠳ᠋ᠦ᠋ ᠬᠤᠢ ᠯᠢᠶᠠᠩ ᠤᠷᠢᠳ ᠬᠤᠵᠢᠳ ᠴᠠᠭᠠᠨᠨᠠᠭᠤᠷ᠂ ᠤᠯᠠᠭᠠᠨ ᠬᠠᠳᠠᠨ ᠳᠡᠮᠡᠭᠡᠨ ᠨᠠᠭᠤᠷ ᠲᠤ ᠭᠦᠷᠴᠦ᠂ ᠨᠠᠭᠤᠷ ᠭᠤᠤᠯ ᠤᠨ ᠤᠰᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠰᠡᠷᠭᠦᠭᠡᠨ ᠵᠠᠰᠠᠬᠰᠠᠨ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠡᠵᠤ᠂ ᠨᠠᠭᠤᠷ ᠭᠤᠤᠯ ᠤᠨ ᠬᠠᠮᠢᠶᠠᠷᠤᠯᠳᠠ ᠬᠠᠮᠠᠭᠠᠯᠠᠯᠳᠠ᠂ ᠶᠡᠷᠦᠩᠭᠡᠶᠢᠯᠡᠭᠰᠡᠨ ᠵᠠᠰᠠᠯᠳᠠ᠂ ᠪᠤᠭᠢᠷᠳᠤᠯ ᠢ ᠰᠡᠷᠭᠡᠶᠢᠯᠡᠨ ᠵᠠᠰᠠᠬᠰᠠᠨ ᠪᠠᠶᠢᠳᠠᠯ᠂ ᠬᠠᠤᠯᠢ ᠭᠡᠷᠡᠭᠵᠢᠭᠦᠯᠭᠦ ᠭᠢᠨᠠᠯᠳᠠ ᠬᠠᠮᠢᠶᠠᠷᠤᠯᠳᠠ ᠪᠠ ᠨᠠᠭᠤᠷ ᠭᠤᠤᠯ ᠤᠨ ᠲᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠬᠰᠠᠨ ᠪᠠᠶᠢᠳᠠᠯ ᠵᠡᠷᠭᠡ ᠶᠢ ᠨᠠᠷᠢᠨ ᠤᠢᠢᠯᠠᠭᠠᠪᠠ᠃ ᠲᠡᠷᠠ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠭᠤᠷ ᠭᠤᠤᠯ ᠤᠨ ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠠ ᠱᠠᠳᠤᠨ ᠤ ᠨᠠᠭᠤᠷ ᠭᠤᠤᠯ ᠤᠨ ᠲᠠᠷᠤᠭ᠎ᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠤᠳᠠᠳᠠᠶᠢᠵᠢᠭᠤᠯᠵᠤ᠂ ᠨᠠᠭᠤᠷ ᠭᠤᠤᠯ ᠤᠨ ︽ᠲᠦᠷᠪᠡᠨ ᠲᠤᠷ᠎ᠠ ᠪᠠᠷ ᠪᠠᠶᠢᠳᠠᠯ ᠢ ᠴᠡᠪᠡᠷᠯᠡᠨ ᠵᠠᠰᠠᠬᠤ︾ ᠠᠵᠢᠯ ᠤᠨ ᠭᠦᠴᠦᠯᠠᠴᠠ ᠪᠠᠨ ᠨᠡᠮᠡᠭᠳᠡᠭᠦᠯᠤᠨ ᠂ ᠨᠠᠭᠤᠷ ᠭᠤᠤᠯ ᠤᠨ ᠤᠷᠴᠢᠨ ᠲᠤᠭᠤᠷᠢᠨ ᠢ ᠡᠪᠳᠡᠭᠰᠡᠨ ᠡᠯ᠎ᠠ ᠲᠦᠷᠦᠯ ᠤᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠭᠢᠯᠳᠠ ᠦᠭᠴᠦ᠂ ᠨᠠᠭᠤᠷ ᠭᠤᠤᠯ ᠢ ᠰᠡᠭᠢᠨ ᠬᠠᠮᠠᠭᠠᠯᠠᠬᠤ ᠬᠠᠷᠢᠭᠤᠴᠠᠯᠭ᠎ᠠ᠂ ᠨᠠᠭᠤᠷ ᠭᠤᠤᠯ ᠢ ᠰᠠᠭᠢᠨ ᠬᠠᠮᠠᠭᠠᠯᠠᠬᠤ ᠡᠭᠦᠷᠭᠡᠯᠡᠯ᠂ ᠨᠠᠭᠤᠷ ᠭᠤᠤᠯ ᠢ ᠰᠠᠭᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠦ ᠶᠢ ᠦᠨᠡᠨ ᠭᠦ ᠪᠡᠶᠡᠯᠡᠭᠦᠯᠭᠦ ᠭᠡᠷᠡᠭᠳᠡᠢ᠃ ᠡᠳᠦᠷ ᠲᠤᠳᠤᠮ ᠤᠨ ᠬᠠᠮᠠᠭᠠᠯᠠᠯᠳᠠ ᠬᠠᠮᠢᠶᠠᠷᠤᠯᠳᠠ ᠪᠠ ᠭᠢᠨᠠᠯᠳᠠ ᠪᠠᠶᠢᠴᠠᠭᠠᠯᠳᠠ ᠪᠠᠨ ᠡᠷᠴᠢᠮᠵᠢᠭᠦᠯᠵᠤ᠂ ᠤᠶᠤᠨᠴᠢ ᠨᠠᠭᠤᠷ ᠭᠤᠤᠯ ᠤᠨ ᠪᠠᠶᠢᠭᠤᠯᠤᠯᠳᠠ ᠶᠢ ᠲᠦᠷᠭᠡᠳᠭᠡᠨ᠂ ᠤᠳᠤᠭᠢᠴᠢᠯᠠᠬᠰᠠᠨ ᠭᠢᠨᠠᠨ ᠡᠵᠡᠮᠰᠢᠯᠳᠡ ᠶᠢᠨ ᠠᠷᠭ᠎ᠠ ᠪᠠᠷᠢᠯ ᠪᠠ ᠲᠤᠰᠬᠠᠢ ᠭᠢᠨᠠᠨ ᠭᠡᠮᠵᠢᠯᠳᠠ ᠶᠢᠨ ᠭᠦᠴᠦᠨ ᠢ ᠭᠦᠢᠴᠡᠳ ᠠᠰᠢᠬᠯᠠᠵᠤ᠂ ᠨᠠᠭᠤᠷ ᠭᠤᠤᠯ ᠤᠨ ᠲᠤᠭᠤᠷᠢᠨ ᠪᠠᠶᠢᠴᠠᠭᠠᠯᠳᠠ᠂ ᠤᠰᠤᠨ ᠤ ᠴᠢᠨᠠᠷ ᠤᠨ ᠭᠢᠨᠠᠨ ᠭᠡᠮᠵᠢᠯᠳᠠ ᠂ ᠪᠠᠶᠢᠳᠠᠯ ᠤᠨ ᠨᠠᠶᠢᠳᠠᠯᠠᠯ ᠵᠡᠷᠭᠡ ᠠᠵᠢᠯ ᠢ ᠪᠠᠶᠢᠡᠭᠭᠤᠵᠢᠭᠤᠯᠤᠨ ᠵᠤᠭᠢᠶᠠᠨ ᠪᠠᠶᠢᠭᠤᠯᠤᠨ ᠦᠷᠨᠢᠭᠦᠯᠵᠤ᠂ ᠨᠠᠭᠤᠷ ᠭᠤᠤᠯ ᠤᠨ ᠵᠠᠰᠠᠯᠳᠠ ᠶᠢᠨ ᠤᠳᠤᠭᠢᠴᠢᠯᠠᠯᠳᠠ ᠶᠢᠨ ᠲᠦᠪᠰᠢᠨ ᠢ ᠪᠦᠳᠦᠮᠵᠢᠳᠠᠢ ᠲᠡᠭᠡᠭᠰᠢᠯᠡᠭᠦᠯᠭᠦ ᠭᠡᠷᠡᠭᠳᠡᠢ᠃ ᠤᠰᠤᠨ ᠤ ᠡᠭᠢ ᠪᠠᠶᠠᠯᠢᠭ ᠤᠨ ᠬᠠᠮᠠᠭᠠᠯᠠᠯᠳᠠ᠂ ᠤᠰᠤᠨ ᠤ ᠡᠷᠭᠢ ᠲᠠᠭᠠᠤ ᠶᠢᠨ ᠬᠠᠮᠠᠭᠠᠯᠠᠯᠳᠠ ᠬᠠᠮᠢᠶᠠᠷᠤᠯᠳᠠ᠂ ᠤᠰᠤᠨ ᠤ ᠪᠤᠭᠢᠷᠳᠤᠯ ᠤᠨ ᠵᠠᠰᠠᠯᠳᠠ᠂ ᠤᠰᠤᠨ ᠤ ᠤᠷᠴᠢᠨ ᠲᠤᠭᠤᠷᠢᠨ ᠤ ᠵᠠᠰᠠᠯᠳᠠ᠂ ᠤᠰᠤᠨ ᠤ ᠠᠮᠢ ᠠᠬᠤᠢ ᠶᠢᠨ ᠰᠡᠷᠭᠦᠭᠡᠯᠳᠡ ᠵᠡᠷᠭᠡ ᠠᠵᠢᠯ ᠢ ᠨᠢᠭᠡᠳᠤᠯᠳᠠᠢ ᠲᠦᠯᠦᠪᠵᠢᠭᠦᠯᠤᠨ ᠰᠠᠶᠢᠳᠤᠷ ᠭᠢᠵᠤ᠂ ᠨᠠᠭᠤᠷ ᠭᠤᠤᠯ ᠤᠨ ᠠᠮᠢ ᠠᠬᠤᠢ ᠶᠢᠨ ᠰᠢᠰᠲ᠋ᠧᠮ ᠢ ᠦᠷᠭᠦᠯᠵᠢᠯᠠᠨ ᠰᠠᠶᠢᠵᠢᠷᠠᠭᠤᠯᠬᠤ ᠶᠢ ᠠᠭᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃      ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠤ ᠠᠶᠠᠨᠴᠢᠳ ᠤᠨ ᠲᠡᠷᠭᠡᠨ ᠤ ᠦᠷᠳᠡᠭᠡᠨ ᠳᠤ᠂ ᠳ᠋ᠥ᠋ ᠬᠤᠢ ᠯᠢᠶᠠᠩ ᠠᠶᠠᠨᠴᠢᠳ ᠤᠨ ᠦᠷᠳᠡᠭᠡᠨ ᠳᠤ ᠤᠷᠤᠬᠤ ᠠᠮᠤᠷ ᠲᠦᠪᠰᠢᠨ ᠤ ᠪᠠᠶᠢᠴᠠᠭᠠᠯᠳᠠ᠂ ᠪᠡᠶ᠎ᠠ ᠶᠢᠨ ᠬᠠᠯᠠᠭᠤᠨ ᠤ ᠭᠡᠮᠵᠢᠯᠳᠠ᠂ ᠲᠤᠰᠠᠭᠠᠷᠯᠠᠬᠤ ᠲᠤᠭᠤᠷᠢᠭ ᠤᠨ ᠲᠤᠭᠢᠷᠠᠭᠤᠯᠤᠯᠳᠠ ᠵᠡᠷᠭᠡ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠡᠪᠡ᠃ ᠲᠡᠷᠠ ᠲᠡᠷᠭᠡᠨ ᠦᠷᠳᠡᠭᠡ ᠭᠦᠮᠦᠨ ᠠᠮᠠ ᠶᠢᠨ ᠰᠢᠯᠵᠢᠯᠳᠠ ᠶᠡᠭᠡ᠂ ᠨᠢᠬᠳᠠ ᠤᠢᠢᠷᠠᠳᠬᠤ ᠭᠡᠮᠵᠢᠶ᠎ᠠ ᠶᠡᠭᠡ ᠤᠯᠠᠨ ᠨᠠᠶᠢᠳᠠ ᠶᠢᠨ ᠦᠢᠯᠡᠴᠢᠯᠡᠭᠡᠨ ᠤ ᠲᠠᠯᠠᠪᠤᠷ ᠪᠤᠯᠤᠬᠰᠠᠨ ᠤ ᠬᠤᠪᠢ ᠳᠤ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠳᠤ ᠦᠴᠦᠭᠡᠨ ᠴᠦ ᠴᠠᠯᠠᠭᠠᠢᠢᠷᠠᠵᠤ ᠪᠤᠯᠬᠤ ᠦᠭᠡᠢ᠃ ᠪᠠᠶᠢᠡᠭᠭᠤᠵᠢᠬᠰᠠᠨ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠢᠮᠠᠬᠳᠠ ᠨᠢᠮᠪᠠᠢ ᠠᠳᠬᠤᠵᠤ᠂ ᠬᠠᠷᠢᠭᠤᠴᠠᠯᠭ᠎ᠠ ᠶᠢ ᠴᠢᠨᠠᠬᠰᠢᠳᠠ ᠴᠢᠩᠭᠠᠳᠬᠠᠨ ᠪᠤᠳᠠᠳᠠᠶᠢᠵᠢᠭᠤᠯᠵᠤ᠂ ᠰᠠᠯᠠᠭ᠎ᠠ ᠮᠦᠴᠢᠷ ᠤᠨ ᠬᠠᠮᠵᠢᠯᠴᠠᠭ᠎ᠠ ᠬᠤᠯᠪᠤᠭᠠᠯᠠᠯ ᠢ ᠴᠢᠩᠭᠠᠳᠬᠠᠨ᠂ ᠭᠤᠬᠴᠤᠭ᠎ᠠ ᠶᠢ ᠪᠢᠳᠡᠭᠦᠮᠵᠢᠯᠡᠭᠦ ᠬᠠᠮᠢᠶᠠᠷᠤᠯᠳᠠ ᠶᠢ ᠴᠢᠩᠭᠠᠳᠬᠠᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠭᠦ ᠶᠢ ᠰᠡᠷᠭᠡᠶᠢᠯᠡᠭᠦ ᠠᠵᠢᠯ ᠢ ᠰᠢᠨᠵᠢᠯᠡᠭᠦ ᠤᠬᠠᠭᠠᠨᠴᠢ ᠪᠠᠷ ᠨᠠᠷᠢᠨ ᠤᠨᠤᠪᠴᠢᠳᠠᠢ ᠭᠢᠵᠤ᠂ ᠭᠢᠯᠪᠠᠷ ᠪᠤᠰᠤ ᠪᠠᠷ ᠢᠷᠡᠭᠰᠡᠨ ᠦᠷ᠎ᠠ ᠪᠦᠳᠦᠭᠡᠯ ᠢᠶᠠᠨ ᠪᠠᠳᠤ ᠰᠠᠭᠢᠬᠤ ᠭᠡᠷᠡᠭᠳᠡᠢ ᠭᠡᠵᠤ ᠵᠢᠭᠠᠵᠤ ᠭᠠᠷᠭᠠᠪᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号