ᠳ᠋ᠥ᠋ ᠬᠤᠢ ᠯᠢᠶᠠᠩ ᠳ᠋ᠦᠡᠭᠱᠸᠡᠭ ᠲᠤᠭᠤᠷᠢᠭ ᠭᠢᠶ᠎ᠠ ᠪᠠᠭᠰᠢ ᠲᠤᠭᠤᠷᠢᠭ ᠲᠤ ᠪᠠᠶᠠᠷ ᠤᠨ ᠡᠳᠦᠷ ᠤᠨ ᠲᠤᠬᠤᠨᠢᠭᠤᠯᠭ᠎ᠠ ᠪᠠ ᠵᠢᠵᠢᠭᠦᠷᠯᠡᠨ ᠠᠵᠢᠯᠯᠠᠵᠤ ᠪᠠᠶᠢᠭ᠎ᠠ ᠪᠠᠶᠢᠳᠠᠯ ᠳᠤ ᠪᠠᠶᠢᠴᠠᠭᠠᠯᠳᠠ ᠭᠢᠪᠡ
ᠨᠡᠶᠢᠲᠡᠯᠡᠭᠰᠡᠨ ᠴᠠᠭ᠄
2021/10/8
     ᠤᠢᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠥ᠋ ᠬᠤᠢ ᠯᠢᠶᠠᠩ ᠳ᠋ᠦᠡᠭᠱᠸᠡᠭ ᠲᠤᠭᠤᠷᠢᠭ ᠪᠠ ᠭᠢᠶ᠎ᠠ ᠪᠠᠭᠰᠢ ᠲᠤᠭᠤᠷᠢᠭ ᠲᠤ ᠪᠠᠶᠠᠷ ᠤᠨ ᠡᠳᠦᠷ ᠤᠨ ᠠᠮᠠᠷᠠᠯᠳᠠ ᠶᠢᠨ ᠬᠤᠭᠤᠴᠠᠭᠠᠨ ᠳᠤ ᠨᠢᠭᠡᠳᠦᠭᠡᠷ ᠹᠷᠤᠨᠲ ᠢ ᠪᠠᠳᠤ ᠰᠠᠭᠢᠵᠤ ᠪᠠᠶᠢᠭ᠎ᠠ ᠭᠠᠯ ᠰᠡᠷᠭᠡᠶᠢᠯᠡᠵᠤ ᠤᠨᠳᠠᠷᠠᠭᠠᠬᠤ ᠲᠠᠷᠤᠭ᠎ᠠ ᠪᠠᠶᠢᠯᠳᠤᠬᠴᠢᠳ ᠢ ᠪᠤᠯᠭᠤᠭᠠᠨ ᠲᠤᠬᠤᠨᠢᠭᠤᠯᠵᠤ᠂ ᠵᠠᠷᠢᠮ ᠪᠠᠶᠢᠭᠤᠯᠭ᠎ᠠ ᠶᠢᠨ ᠵᠢᠵᠢᠭᠦᠷᠯᠡᠨ ᠠᠵᠢᠯᠯᠠᠵᠤ ᠪᠠᠶᠢᠭ᠎ᠠ ᠪᠠᠶᠢᠳᠠᠯ ᠳᠤ ᠪᠠᠶᠢᠴᠠᠭᠠᠯᠳᠠ ᠭᠢᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠰᠥ᠋ ᠼᠦᠢ ᠹᠠᠨᠭ᠌᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠪᠤᠯᠭᠤᠭᠠᠨ ᠲᠤᠬᠤᠨᠢᠭᠤᠯᠬᠤ ᠪᠠ ᠪᠠᠶᠢᠴᠠᠭᠠᠯᠳᠠ ᠳᠤ ᠤᠷᠤᠯᠴᠠᠪᠠ᠃
     ᠳ᠋ᠦᠡᠭᠱᠸᠡᠭ ᠲᠤᠭᠤᠷᠢᠭ ᠤᠨ ᠭᠠᠯ ᠰᠡᠷᠭᠡᠶᠢᠯᠡᠵᠤ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠯᠢᠨ ᠶᠢᠨ ᠵᠡᠭᠡᠯᠢ ᠶᠢᠨ ᠭᠠᠯ ᠰᠡᠷᠭᠡᠶᠢᠯᠡᠵᠤ ᠤᠨᠳᠠᠷᠠᠭᠠᠬᠤ ᠠᠪᠤᠷᠠᠨ ᠲᠤᠰᠠᠯᠠᠬᠤ ᠦᠷᠳᠡᠭᠡ ᠳᠤ ᠳ᠋ᠦ᠋ ᠬᠤᠢ ᠯᠢᠶᠠᠩ ᠠᠵᠢᠯ ᠤᠨ ᠪᠠᠶᠢᠷᠢ ᠪᠠᠨ ᠪᠠᠳᠤ ᠰᠠᠭᠢᠵᠤ ᠪᠠᠶᠢᠭ᠎ᠠ ᠭᠠᠯ ᠰᠡᠷᠭᠡᠶᠢᠯᠡᠵᠤ ᠤᠨᠳᠠᠷᠠᠭᠠᠬᠤ ᠲᠠᠷᠤᠭ᠎ᠠ ᠪᠠᠶᠢᠯᠳᠤᠬᠴᠢᠳ ᠢ ᠪᠤᠯᠭᠤᠭᠠᠨ ᠲᠤᠬᠤᠨᠢᠭᠤᠯᠤᠭᠰᠠᠨ ᠤ ᠬᠠᠮᠳᠤ ᠪᠦᠭᠦ ᠬᠤᠳᠠ ᠶᠢᠨ ᠭᠠᠯ ᠰᠡᠷᠭᠡᠶᠢᠯᠡᠵᠤ ᠤᠨᠳᠠᠷᠠᠭᠠᠬᠤ ᠠᠪᠤᠷᠠᠨ ᠲᠤᠰᠠᠯᠠᠬᠤ ᠠᠵᠢᠯ ᠳᠤ ᠪᠠᠶᠢᠴᠠᠭᠠᠨ ᠰᠤᠳᠤᠯᠤᠯᠳᠠ ᠭᠢᠪᠡ᠃ ᠲᠡᠷᠠ ᠭᠠᠯ ᠰᠡᠷᠭᠡᠶᠢᠯᠡᠵᠤ ᠤᠨᠳᠠᠷᠠᠭᠠᠬᠤ ᠠᠪᠤᠷᠠᠨ ᠲᠤᠰᠠᠯᠠᠬᠤ ᠡ᠊ᠡᠭᠨᠡᠭᠡ ᠠᠵᠤ ᠠᠬᠤᠢ ᠨᠡᠶᠢᠭᠡᠮ ᠤᠨ ᠭᠦᠭᠵᠢᠯᠳᠠ ᠳᠤ ᠦᠢᠯᠡᠴᠢᠯᠡᠭᠦ᠂ ᠤᠯᠠᠨ ᠲᠦᠮᠠᠨ ᠤ ᠠᠵᠢᠯ ᠠᠮᠢᠳᠤᠷᠠᠯ ᠢ ᠪᠠᠳᠤᠯᠠᠬᠤ ᠲᠤᠮᠳᠠ ᠲᠦᠢᠯ ᠤᠨ ᠴᠢᠬᠤᠯᠠ ᠦᠢᠯᠡᠳᠦᠯ ᠦᠵᠡᠭᠦᠯᠵᠤ ᠪᠠᠶᠢᠳᠠᠭ ᠶᠤᠮ᠃ ᠡᠯ᠎ᠠ ᠱᠠᠳᠤᠨ ᠤ ᠭᠠᠯ ᠰᠡᠷᠭᠡᠶᠢᠯᠡᠵᠤ ᠤᠨᠳᠠᠷᠠᠭᠠᠬᠤ ᠠᠪᠤᠷᠠᠨ ᠲᠤᠰᠠᠯᠠᠬᠤ ᠡ᠊ᠡᠭᠨᠡᠭᠡ ᠡᠳᠦᠷ ᠲᠤᠳᠤᠮ ᠤᠨ ᠵᠢᠵᠢᠭᠦᠷᠯᠡᠭᠦ ᠠᠵᠢᠯ ᠢᠶᠠᠨ ᠡᠷᠴᠢᠮᠵᠢᠭᠦᠯᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠭᠦ ᠶᠢ ᠰᠠᠶᠢᠳᠤᠷ ᠠᠳᠬᠤᠨ᠂ ᠭᠦᠳᠡᠭᠡ ᠲᠤᠰᠬᠤᠨ ᠤ ᠡᠪᠤᠯ ᠤᠨ ᠤᠯᠠᠷᠢᠯ ᠤᠨ ᠲᠤᠯᠠᠭᠠᠯᠠᠭ᠎ᠠ᠂ ᠭᠦᠮᠦᠨ ᠠᠮᠠ ᠨᠢᠬᠳᠠᠷᠠᠬᠰᠠᠨ ᠲᠠᠯᠠᠪᠤᠷ ᠵᠡᠷᠭᠡ ᠶᠢᠨ ᠲᠤᠭᠤᠷᠢᠨ ᠳᠤ ᠠᠮᠤᠷ ᠲᠦᠪᠰᠢᠨ ᠤ ᠠᠷᠬᠠᠭ ᠭᠡᠮ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠭᠯᠡᠭᠦᠯᠦᠯᠳᠤ ᠴᠢᠨᠠᠷ ᠲᠠᠢ ᠦᠷᠨᠢᠭᠦᠯᠵᠤ᠂ ᠨᠡᠶᠢᠭᠡᠮ ᠤᠨ ᠭᠠᠯ ᠰᠡᠷᠭᠡᠶᠢᠯᠡᠵᠤ ᠤᠨᠳᠠᠷᠠᠭᠠᠬᠤ ᠤᠬᠠᠭᠤᠯᠭ᠎ᠠ ᠭᠦᠮᠦᠵᠢᠯ ᠤᠨ ᠠᠵᠢᠯ ᠤᠨ ᠭᠦᠴᠦᠯᠠᠴᠠ ᠪᠠᠨ ᠦᠷᠭᠦᠯᠵᠢᠯᠡᠨ ᠨᠡᠮᠡᠭᠳᠡᠭᠦᠯᠵᠤ᠂ ᠲᠦᠷᠭᠡᠨ ᠲᠦᠳᠡ᠂ ᠰᠢᠨᠵᠢᠯᠡᠭᠦ ᠤᠬᠠᠭᠠᠨᠴᠢ᠂ ᠠᠮᠤᠷ ᠲᠦᠪᠰᠢᠨ ᠂ ᠦᠨᠳᠦᠷ ᠪᠦᠳᠦᠮᠵᠢᠳᠠᠢ ᠪᠠᠷ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠯᠠᠪᠳᠠᠭᠤᠨ ᠪᠠᠳᠤᠳᠠᠢ ᠠᠵᠢᠯ ᠢᠶᠠᠷ ᠪᠦᠭᠦ ᠬᠤᠳᠠ ᠶᠢᠨ ᠴᠢᠨᠠᠷ ᠰᠠᠶᠢᠳᠠᠢ ᠭᠦᠭᠵᠢᠯᠳᠠ ᠳᠤ ᠰᠢᠯᠢᠳᠡᠭ ᠰᠠᠶᠢᠨ ᠠᠮᠤᠷ ᠲᠦᠪᠰᠢᠨ ᠤᠷᠴᠢᠨ ᠲᠤᠭᠤᠷᠢᠨ ᠢ ᠤᠯᠭᠤᠬᠤ ᠭᠡᠷᠡᠭᠳᠡᠢ ᠭᠡᠵᠤ ᠵᠢᠭᠠᠵᠤ ᠭᠠᠷᠭᠠᠪᠠ᠃      ᠪᠠᠶᠢᠴᠠᠭᠠᠨ ᠰᠤᠳᠤᠯᠤᠯᠳᠠ ᠭᠢᠬᠦ ᠬᠤᠭᠤᠴᠠᠭᠠᠨ ᠳᠤ᠂ ᠳ᠋ᠥ᠋ ᠬᠤᠢ ᠯᠢᠶᠠᠩ ︽ᠮᠡᠳᠡᠭᠳᠡᠯ ᠪᠠᠭᠤᠯᠭᠠᠬᠤ ᠦᠭᠡᠢ᠂ ᠤᠷᠢᠳᠴᠢᠯᠠᠨ ᠮᠡᠳᠡᠭᠳᠡᠭᠦ ᠦᠭᠡᠢ᠂ ᠬᠠᠷᠢᠭᠤ ᠮᠡᠳᠡᠭᠦᠯᠦᠯᠳᠠ ᠶᠢ ᠰᠤᠨᠤᠰᠬᠤ ᠦᠭᠡᠢ᠂ ᠪᠠᠷ᠎ᠠ ᠪᠤᠯᠤᠯᠴᠠᠬᠤ ᠦᠭᠡᠢ᠂ ᠦᠨᠳᠦᠰᠦᠨ ᠱᠠᠳᠤᠨ ᠳᠤ ᠭᠦᠷᠴᠦ᠂ ᠲᠤᠬᠠᠢ ᠶᠢᠨ ᠲᠠᠯᠠᠪᠠᠢ ᠳᠤ ᠰᠢᠭᠤᠳ ᠭᠦᠷᠭᠦ︾ ᠭᠡᠯᠪᠠᠷᠢ ᠪᠠᠷ ᠤᠷᠢᠳ ᠬᠤᠵᠢᠳ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠶᠡᠷᠦᠩᠭᠡᠢ ᠵᠢᠵᠢᠭᠦᠷᠯᠡᠬᠦ ᠲᠠᠰᠤᠭ ᠪᠠ ᠭᠢᠶ᠎ᠠ ᠪᠠᠭᠰᠢ ᠲᠤᠭᠤᠷᠢᠭ ᠤᠨ ᠪᠢᠨ ᠾᠧ ᠵᠡᠭᠡᠯᠢ ᠶᠢᠨ ᠭᠡᠷᠡᠭ ᠡᠷᠭᠢᠯᠡᠭᠦ ᠭᠠᠵᠠᠷ ᠲᠤ ᠭᠦᠷᠴᠦ᠂ ᠡᠯ ᠎ᠠ ᠱᠠᠳᠤᠨ ᠤ ᠵᠢᠵᠢᠭᠦᠷᠯᠡᠵᠤ ᠪᠠᠶᠢᠭ᠎ᠠ ᠪᠠᠶᠢᠳᠠᠯ ᠢ ᠳ᠋ᠢᠶᠠᠩᠬᠤᠸᠠ ᠪᠠᠷ ᠰᠤᠭᠤᠴᠢᠨ ᠪᠠᠶᠢᠴᠠᠭᠠᠵᠤ᠂ ᠵᠢᠵᠢᠭᠦᠷ ᠤᠨ ᠭᠦᠰᠦᠨᠦᠭᠳᠦ ᠪᠠ ᠵᠢᠵᠢᠭᠦᠷᠯᠡᠭᠦ ᠠᠵᠢᠯ ᠤᠨ ᠲᠡᠮᠳᠡᠭᠯᠡᠯ ᠢ ᠨᠠᠷᠢᠨ ᠪᠠᠶᠢᠴᠠᠭᠠᠨ ᠦᠵᠡᠵᠤ᠂ ᠪᠢᠨ ᠾᠧ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠤᠨ ᠬᠤᠳᠠ ᠶᠢᠨ ᠲᠠᠷᠤᠭ᠎ᠠ ᠶᠢᠨ ᠬᠠᠯᠠᠮᠰᠢᠯ ᠤᠳᠠᠰᠤ ᠶᠢᠨ ᠬᠠᠷᠢᠭᠤ ᠲᠤᠰᠬᠠᠬᠰᠠᠨ ᠠᠰᠠᠭᠤᠳᠠᠯ ᠢ ᠰᠢᠢᠳᠪᠤᠷᠢᠯᠡᠭᠰᠡᠨ ᠪᠠᠶᠢᠳᠠᠯ ᠢ ᠤᠢᠢᠯᠠᠭᠠᠪᠠ᠃ ᠲᠡᠷᠠ ᠡᠯ᠎ᠠ ᠱᠠᠳᠤᠨ ᠤ ᠵᠢᠵᠢᠭᠦᠷᠯᠡᠭᠦ ᠠᠵᠢᠯ ᠤᠨ ᠪᠠᠶᠢᠷᠢ ᠳᠤ ᠤᠳᠤᠷᠢᠳᠤᠯᠭ᠎ᠠ ᠵᠢᠵᠢᠭᠦᠷ ᠢ ᠲᠠᠭᠠᠭᠤᠯᠬᠤ᠂ 24 ᠴᠠᠭ ᠢᠶᠠᠷ ᠵᠢᠵᠢᠭᠦᠷᠯᠡᠭᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠰᠠᠭᠢᠯᠭ᠎ᠠ ᠪᠠᠳᠤ ᠶᠢ ᠴᠢᠩᠭ᠎ᠠ ᠰᠠᠭᠢᠵᠤ᠂ ᠵᠢᠵᠢᠭᠦᠷᠯᠡᠭᠰᠡᠨ ᠪᠠᠶᠢᠳᠠᠯ ᠢ ᠴᠠᠭ ᠲᠠᠷᠤᠢ ᠳᠤᠨᠢ ᠤᠨᠤᠪᠴᠢᠳᠠᠢ ᠲᠡᠮᠳᠡᠭᠯᠡᠵᠤ᠂ ︽ᠮᠡᠳᠡᠭᠦᠯᠭᠦ ᠭᠡᠷᠡᠭ ᠭᠠᠷᠬᠤ ᠦᠭᠡᠢ ᠪᠠᠶᠢᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠭᠡᠷᠡᠭᠳᠡᠢ᠃ ᠠᠵᠢᠯ ᠤᠨ ᠲᠤᠬᠳᠠᠴᠠ ᠪᠠᠨ ᠴᠢᠨᠠᠬᠰᠢᠳᠠ ᠲᠡᠭᠦᠯᠳᠡᠷᠵᠢᠭᠦᠯᠵᠤ᠂ ᠨᠢᠭᠡᠳᠤᠯᠳᠠᠢ ᠵᠤᠭᠢᠴᠠᠭᠤᠯᠬᠤ ᠪᠠ ᠠᠵᠢᠯ ᠢ ᠲᠤᠭᠢᠷᠠᠭᠤᠯᠬᠤ ᠶᠢ ᠴᠢᠩᠭᠠᠳᠬᠠᠨ᠂ ᠵᠢᠵᠢᠭᠦᠷᠯᠡᠭᠦ ᠺᠠᠳ᠋ᠷ ᠭᠡᠨᠡᠳᠳᠡ ᠡᠭᠦᠰᠦᠭᠰᠡᠨ ᠭᠡᠷᠡᠭ ᠢ ᠠᠷᠭᠠᠴᠠᠭᠠᠬᠤ ᠴᠢᠳᠠᠪᠤᠷᠢ ᠪᠠᠨ ᠲᠡᠭᠡᠭᠰᠢᠯᠡᠭᠦᠯᠵᠤ᠂ ᠭᠡᠨᠡᠳᠳᠡ ᠡᠭᠦᠰᠦᠭᠰᠡᠨ ᠪᠠᠶᠢᠳᠠᠯ ᠲᠤᠯᠭᠠᠷᠠᠪᠠᠯ ᠴᠠᠭ ᠲᠠᠷᠤᠢ ᠳᠤᠨᠢ ᠲᠤᠭᠢᠳᠠᠢ ᠰᠢᠢᠳᠪᠤᠷᠢᠯᠡᠭᠦ ᠶᠢ ᠪᠠᠳᠤᠯᠠᠬᠤ ᠭᠡᠷᠡᠭᠳᠡᠢ᠃ ᠠᠷᠠᠳ ᠲᠦᠮᠠᠨ ᠢᠶᠠᠷ ᠭᠤᠤᠯ ᠪᠤᠯᠭᠠᠬᠤ ᠭᠦᠭᠵᠢᠯᠳᠠ ᠶᠢᠨ ᠦᠵᠠᠯ ᠰᠠᠨᠠᠭ᠎ᠠ ᠶᠢ ᠪᠠᠳᠤ ᠪᠤᠢ ᠪᠤᠯᠭᠠᠵᠤ᠂ ᠰᠠᠨᠠᠭᠠᠴᠢᠯᠠᠭ᠎ᠠ ᠠᠴᠠ ᠪᠠᠨ ︽ᠡᠭᠦᠳᠡᠨ ᠳᠤᠨᠢ ᠭᠦᠷᠴᠦ ᠰᠠᠨᠠᠯ ᠰᠠᠨᠠᠭᠤᠯᠭ᠎ᠠ ᠬᠤᠷᠢᠶᠠᠵᠤ︾ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠠ ᠤᠯᠠᠨ ᠲᠦᠮᠠᠨ ᠤ ᠭᠡᠷᠡᠭᠴᠡᠭᠡ ᠱᠠᠭᠠᠷᠳᠠᠯᠭ᠎ᠠ ᠶᠢ ᠤᠢᠢᠯᠠᠭᠠᠨ᠂ ᠤᠯᠠᠨ ᠲᠦᠮᠨᠨ ᠤ ᠲᠤᠰᠬᠠᠬᠰᠠᠨ ᠭᠦᠴᠢᠷᠳᠠᠯ ᠲᠠᠢ ᠲᠦᠪᠡᠭ ᠲᠠᠢ ᠠᠰᠠᠭᠤᠳᠠᠯ ᠢ ᠪᠦᠭᠦ ᠭᠦᠴᠦᠨ ᠢᠶᠠᠷ ᠢᠶᠠᠨ ᠰᠢᠢᠳᠪᠤᠷᠢᠯᠠᠵᠤ᠂ ᠤᠯᠠᠨ ᠲᠦᠮᠠᠨ ᠤ ᠵᠤᠯ ᠵᠢᠷᠭᠠᠯᠳᠤ ᠲᠦᠷᠦᠭᠳᠡᠯ ᠪᠠ ᠬᠠᠨᠤᠮᠵᠢ ᠶᠢᠨ ᠭᠡᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠭᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号