ᠳ᠋ᠦ᠋ ᠬᠤᠢ ᠯᠢᠶᠠᠩ ᠤᠯᠤᠰ ᠤᠨ ᠪᠠᠶᠠᠷ ᠤᠨ ᠠᠮᠠᠷᠡᠯᠳᠡ ᠶᠢᠨ ᠬᠤᠭᠤᠴᠠᠭᠠᠨ ᠤ ᠠᠶᠤᠯ ᠦᠭᠡᠢ ᠦᠢᠯᠡᠳᠪᠤᠷᠢᠯᠡᠯ ᠲᠤᠯᠠᠭᠠᠯᠠᠭ᠎ᠠ ᠶᠢᠨ ᠪᠠᠳᠤᠯᠠᠭ᠎ᠠ ᠴᠠᠭᠢᠯᠭᠠᠨ ᠭᠦᠴᠦᠨ ᠤ ᠬᠠᠨᠭ᠍ᠭᠠᠯᠭ᠎ᠠ ᠪᠡ ᠵᠠᠬ᠎ᠠ  ᠲᠡᠯᠭᠡᠭᠦᠷ ᠤᠨ ᠦᠨ᠎ᠡ ᠶᠢ ᠲᠤᠬᠳᠠᠪᠤᠷᠢᠵᠢᠭᠤᠯᠬᠤ ᠬᠠᠨᠭ᠍ᠭᠠᠯᠭ᠎ᠠ ᠶᠢ ᠪᠠᠳᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2021/10/8
     ᠤᠢᠢᠷ᠎ᠡ ᠶᠢᠨ ᠡᠳᠦᠷ᠂ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠳ᠋ᠦᠡᠭᠱᠸᠡᠭ ᠲᠤᠭᠤᠷᠢᠭ᠂ ᠭᠢᠶ᠎ᠡ ᠪᠠᠭᠰᠢ ᠲᠤᠭᠤᠷᠢᠭ ᠲᠤ ᠠᠶᠤᠯ ᠦᠭᠡᠢ ᠦᠢᠯᠡᠳᠪᠤᠷᠢᠯᠡᠯ᠂ ᠳᠤᠯᠠᠭᠠᠯᠠᠭ᠎ᠠ ᠶᠢᠨ ᠬᠠᠨᠭ᠍ᠭᠠᠯᠭ᠎ᠠ᠂ ᠴᠠᠭᠢᠯᠭᠠᠨ ᠭᠦᠴᠦᠨ ᠤ ᠪᠠᠳᠤᠯᠠᠭ᠎ᠠ ᠪᠡ ᠵᠠᠬ᠎ᠠ ᠲᠡᠯᠭᠡᠭᠦᠷ ᠤᠨ ᠦᠨ᠎ᠡ ᠶᠢ ᠲᠤᠬᠳᠠᠪᠤᠷᠢᠵᠢᠭᠤᠯᠬᠤ ᠬᠠᠨᠭ᠍ᠭᠠᠯᠭ᠎ᠠ ᠶᠢ ᠪᠠᠳᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠤᠬᠰᠡᠨ ᠤ ᠬᠠᠮᠳᠤ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠤᠷᠳᠤᠨ ᠢ ᠲᠦᠯᠦᠭᠡᠯᠡᠨ ᠠᠵᠢᠯ ᠤᠨ ᠪᠠᠶᠢᠷᠢ ᠪᠠᠨ ᠪᠠᠳᠤ ᠰᠠᠭᠢᠵᠤ ᠪᠠᠶᠢᠭ᠎ᠠ ᠨᠢᠭᠡᠳᠤᠭᠡᠷ ᠹᠷᠳᠲ ᠤᠨ ᠺᠠᠳ᠋ᠷ ᠠᠵᠢᠯᠳᠡᠳ ᠲᠤ ᠪᠠᠶᠠᠷ ᠤᠨ ᠡᠳᠦᠷ ᠤᠨ ᠮᠠᠨᠳᠤᠴᠢᠯᠡᠯ ᠪᠡ ᠲᠤᠳᠤᠨᠤ ᠬᠠᠯᠠᠮᠵᠢᠯᠡᠯ ᠭᠦᠷᠭᠡᠭᠰᠡᠨ ᠪᠠᠶᠢᠨ᠎ᠡ᠃ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠰᠤ᠋ ᠼᠦᠢ ᠹᠠᠨᠭ᠌᠂ ᠬᠤᠳᠠ ᠶᠢᠨ ᠲᠡᠳ᠋ ᠲᠠᠷᠤᠭ᠎ᠠ ᠸᠠᠩ ᠰᠢᠨ ᠢᠤᠢ᠂ ᠭᠤᠤ ᠸᠧᠨ ᠡᡁᠧ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠪᠠᠶᠢᠴᠠᠭᠠᠨ ᠰᠤᠳᠤᠯᠦᠯᠳᠡ ᠳᠤ ᠤᠷᠤᠯᠴᠡᠪᠡ᠃
     ᠳ᠋ᠦᠡᠭᠱᠸᠡᠭ ᠲᠤᠭᠤᠷᠢᠭ ᠤᠨ ᠮᠢᠨ ᠳ᠋ᠠ ᠨᠡᠭᠦᠷᠡᠰᠤᠨ ᠠᠭᠤᠷᠬᠠᠢ᠂ ᠤᠷᠳᠤᠰ ᠤᠨ ᠨᠡᠭᠦᠷᠡᠰᠤᠨ ᠤ ᠭᠢᠨᠠᠯᠳᠡ ᠬᠠᠮᠢᠶᠠᠷᠤᠯᠳᠡ ᠶᠢᠨ ᠬᠤᠪᠢᠶᠠᠷᠢ ᠲᠤᠪᠴᠢᠶ᠎ᠡ᠂ ᠬᠤᠳᠠ ᠶᠢᠨ ᠪᠠᠴᠢᠮ ᠪᠠᠶᠢᠳᠡᠯ ᠢ ᠠᠷᠭᠠᠴᠠᠭᠠᠬᠤ ᠬᠠᠮᠢᠶᠠᠷᠤᠯᠳᠡ ᠶᠢᠨ ᠲᠤᠪᠴᠢᠶ᠎ᠡ᠂ ᠬᠤᠳᠠ ᠶᠢᠨ ᠡᠨᠧᠷᠭᠢ ᠶᠢᠨ ᠲᠤᠪᠴᠢᠶᠡᠨ ᠳᠤ᠂ ᠳ᠋ᠦ᠋ ᠬᠤᠢ ᠯᠢᠶᠠᠩ ᠨᠡᠭᠦᠷᠡᠰᠤᠨ ᠠᠭᠤᠷᠬᠠᠢ ᠶᠢᠨ ᠦᠢᠯᠡᠳᠪᠤᠷᠢᠯᠡᠯ ᠡᠵᠡᠩᠨᠡᠯᠳᠡ ᠪᠡ ᠨᠡᠭᠦᠷᠡᠰᠤᠨ ᠠᠭᠤᠷᠬᠠᠢ ᠶᠢᠨ ᠠᠮᠦᠷ ᠲᠦᠪᠰᠢᠨ ᠠᠶᠤᠯ ᠲᠦᠭᠰᠢᠭᠦᠷᠢ ᠶᠢᠨ ᠭᠢᠨᠠᠯᠳᠡ ᠭᠡᠮᠵᠢᠯᠳᠡ ᠤᠷᠢᠳᠴᠢᠯᠡᠨ ᠰᠡᠷᠡᠮᠵᠢᠯᠡᠭᠦᠯᠭᠦ ᠰᠢᠰᠲ᠋ᠧᠮ ᠵᠡᠷᠭᠡ ᠪᠠᠶᠢᠳᠡᠯ ᠢ ᠠᠬᠤᠢ ᠳᠠᠯᠠᠪᠠᠢ ᠳᠤ ᠪᠠᠶᠢᠴᠠᠭᠠᠨ ᠦᠵᠡᠵᠤ᠂ ᠠᠶᠤᠯ ᠦᠭᠡᠢ ᠦᠢᠯᠡᠳᠪᠤᠷᠢᠯᠡᠯ ᠤᠨ ᠬᠠᠮᠢᠶᠠᠷᠤᠯᠳᠡ᠂ ᠦᠢᠯᠡᠳᠪᠤᠷᠢᠯᠡᠯ ᠢ ᠲᠤᠬᠳᠠᠪᠤᠷᠢᠵᠢᠭᠤᠯᠤᠨ ᠬᠠᠨᠭ᠍ᠭᠠᠯᠭ᠎ᠠ ᠶᠢ ᠪᠠᠳᠤᠯᠠᠬᠰᠡᠨ ᠵᠡᠷᠭᠡ ᠪᠠᠶᠢᠳᠡᠯ ᠢ ᠨᠢᠮᠪᠠᠢ ᠤᠢᠢᠯᠠᠭᠠᠬᠰᠡᠨ ᠤ ᠬᠠᠮᠳᠤ ᠰᠤᠭᠤᠴᠢᠨ ᠪᠠᠶᠢᠴᠠᠭᠠᠬᠤ ᠵᠡᠷᠭᠡ ᠭᠡᠯᠪᠡᠷᠢ ᠪᠠᠷ ᠲᠡᠮᠵᠢᠭᠤᠯᠤᠨ ᠵᠢᠵᠢᠭᠦᠷᠯᠡᠨ ᠰᠡᠭᠢᠬᠰᠡᠨ ᠠᠵᠢᠯ ᠢ ᠪᠠᠶᠢᠴᠠᠭᠠᠨ ᠦᠵᠡᠪᠡ᠃ ᠲᠡᠷᠡ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠬᠢᠨ ᠶᠠᠷᠦᠩᠭᠡᠢ ᠱᠦᠵᠢ ᠰᠢ ᠶᠢᠨ ᠫᠢᠡᠭ ᠤᠨ ᠠᠶᠤᠯ ᠦᠭᠡᠢ ᠦᠢᠯᠡᠳᠪᠤᠷᠢᠯᠡᠯ ᠤᠨ ᠲᠤᠬᠠᠢ ᠴᠢᠬᠤᠯᠡ ᠦᠭᠦᠯᠡᠯᠳᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠠᠭᠢ ᠪᠤᠢ ᠪᠤᠯᠭᠠᠨ᠂ ᠠᠶᠤᠯ ᠦᠭᠡᠢ ᠦᠢᠯᠡᠳᠪᠤᠷᠢᠯᠡᠯ ᠤᠨ ᠭᠦᠪᠴᠢ ᠶᠢ ᠴᠠᠭ ᠢᠮᠠᠬᠳᠡ ᠴᠢᠩᠭᠠᠯᠡᠨ᠂ ᠠᠶᠤᠯ ᠦᠭᠡᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠳᠤ ᠦᠶ᠎ᠡ ᠶᠢᠨ ᠮᠡᠷᠭᠡᠵᠢᠯ ᠢ ᠭᠦᠢᠴᠡᠳ ᠠᠰᠢᠬᠯᠡᠨ ᠠᠮᠦᠷ ᠲᠦᠪᠰᠢᠨ ᠤ ᠬᠢᠨᠠᠯᠳᠡ ᠬᠠᠮᠢᠶᠠᠷᠤᠯᠳᠡ ᠪᠠᠨ ᠴᠢᠩᠭᠠᠳᠬᠠᠨ᠂ ᠤᠳᠤᠷᠢᠳᠬᠤ ᠺᠠᠳ᠋ᠷᠴᠤᠳ ᠲᠤᠯᠤᠭᠠᠢᠢᠯᠡᠨ 24 ᠴᠠᠭ ᠵᠢᠵᠢᠭᠦᠷᠯᠡᠭᠦ ᠲᠦᠷᠢᠮ ᠢ ᠴᠢᠩᠭ᠎ᠠ ᠭᠡᠷᠡᠭᠵᠢᠭᠦᠯᠵᠤ᠂ ᠠᠶᠤᠯ ᠦᠭᠡᠢ ᠦᠢᠯᠡᠳᠪᠤᠷᠢᠯᠡᠯ ᠤᠨ ᠡᠯ᠎ᠡ ᠲᠦᠷᠦᠯ ᠤᠨ ᠡᠭᠦᠷᠭᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠭᠡᠷᠡᠭᠳᠡᠢ᠃ ᠨᠡᠭᠦᠷᠡᠰᠤᠨ ᠤ ᠦᠢᠯᠡᠳᠪᠤᠷᠢᠯᠡᠯ ᠢ ᠲᠤᠬᠳᠠᠪᠤᠷᠢᠵᠢᠭᠤᠯᠤᠨ ᠬᠠᠨᠭ᠍ᠭᠠᠯᠭ᠎ᠠ ᠶᠢ ᠪᠠᠳᠤᠯᠠᠬᠤ ᠠᠵᠢᠯ ᠢ ᠯᠠᠪᠳᠠᠭᠤᠨ ᠪᠠᠳᠤᠳᠡᠢ ᠰᠠᠶᠢᠳᠤᠷ ᠭᠢᠵᠤ᠂ ᠨᠡᠭᠦᠷᠡᠰᠤᠨ ᠤ ᠬᠠᠨᠭ᠍ᠭᠠᠯᠭ᠎ᠠ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠦᠨ᠂ ᠠᠷᠭ᠎ᠠ ᠪᠦᠭᠦᠨ ᠢ ᠰᠦᠪᠡᠭᠴᠢᠯᠡᠨ ᠴᠠᠭᠢᠯᠭᠠᠨ ᠭᠠᠷᠭᠠᠬᠤ ᠢᠯᠴᠢ ᠬᠠᠨᠭ᠍ᠭᠠᠬᠤ ᠠᠵᠤ ᠠᠬᠤᠢᠢᠯᠡᠯ ᠤᠨ ᠦᠢᠯᠡᠳᠪᠤᠷᠢᠯᠡᠯ ᠤᠨ ᠱᠠᠭᠠᠷᠳᠠᠯᠭ᠎ᠠ ᠶᠢ ᠪᠠᠳᠤᠯᠠᠬᠤ ᠭᠡᠷᠡᠭᠳᠡᠢ ᠭᠡᠵᠤ ᠴᠢᠬᠤᠯᠡᠴᠢᠯᠡᠪᠡ᠃      ᠤᠯᠤᠰ ᠤᠨ ᠴᠠᠭᠢᠯᠭᠠᠨ ᠭᠦᠴᠦᠨ ᠤ ᠦᠪᠤᠷ ᠮᠤᠩᠭᠤᠯ ᠤᠨ ᠳ᠋ᠦᠡᠭᠱᠸᠡᠭ ᠳᠠᠬᠢ ᠴᠠᠭᠢᠯᠭᠠᠨ ᠭᠦᠴᠦᠨ ᠤ ᠺᠤᠮᠫᠠᠨᠢ᠂ ᠤᠷᠳᠤᠰ ᠤᠨ ᠴᠠᠭᠢᠯᠭᠠᠨ ᠤ ᠦᠢᠯᠡᠰ ᠤᠨ ᠲᠤᠪᠴᠢᠶᠡᠨ ᠳᠤ ᠳ᠋ᠦ᠋ ᠬᠤᠢ ᠯᠢᠶᠠᠩ ᠲᠦᠪᠯᠡᠷᠡᠭᠦᠯᠦᠨ ᠳᠤᠯᠠᠭᠠᠯᠠᠭ᠎ᠠ ᠬᠠᠨᠭ᠍ᠭᠠᠬᠤ ᠪᠡᠯᠡᠳᠭᠡᠯ᠂ ᠴᠠᠭᠢᠯᠭᠠᠨ ᠬᠠᠨᠭ᠍ᠭᠠᠬᠤ ᠦᠢᠯᠡᠴᠢᠯᠡᠭᠡ ᠪᠠᠳᠤᠯᠠᠭ᠎ᠠ ᠵᠡᠷᠭᠡ ᠠᠵᠢᠯ ᠤᠨ ᠪᠠᠶᠢᠳᠡᠯ ᠢ ᠨᠢᠮᠪᠠᠢ ᠤᠢᠢᠯᠠᠭᠠᠪᠡ᠃ ᠲᠡᠷᠡ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠬᠰᠢᠳᠡ ᠴᠢᠩᠭᠠᠳᠬᠠᠵᠤ᠂ ᠵᠤᠭᠢᠶᠡᠨ ᠪᠠᠶᠢᠭᠤᠯᠤᠯᠳᠡ ᠶᠢᠨ ᠤᠳᠤᠷᠢᠳᠤᠯᠭ᠎ᠠ ᠪᠠᠨ ᠡᠷᠴᠢᠮᠵᠢᠭᠦᠯᠦᠨ᠂ ᠨᠢᠬᠳᠡ ᠵᠤᠭᠢᠴᠠᠭᠤᠯᠤᠨ ᠬᠠᠮᠵᠢᠯᠴᠡᠵᠤ᠂ ᠦᠢᠯᠡᠴᠢᠯᠡᠭᠡ ᠪᠠᠳᠤᠯᠠᠭ᠎ᠠ ᠶᠢᠨ ᠲᠦᠪᠰᠢᠨ ᠢᠶᠠᠨ ᠲᠠᠰᠤᠷᠡᠯᠳᠡ ᠦᠭᠡᠢ ᠲᠡᠭᠡᠭᠰᠢᠯᠡᠭᠦᠯᠦᠨ᠂ ᠳᠤᠯᠠᠭᠠᠯᠠᠭ᠎ᠠ ᠬᠠᠨᠭ᠍ᠭᠠᠬᠤ ᠴᠠᠭᠢᠯᠭᠠᠨ ᠬᠠᠨᠭ᠍ᠭᠠᠬᠤ ᠶᠢ ᠪᠠᠳᠤᠯᠡᠵᠤ᠂ ᠤᠯᠡᠨ ᠲᠦᠮᠡᠨ ᠢ ᠪᠠᠶᠠᠷ ᠭᠦᠷ ᠲᠠᠢ ᠪᠠᠷ ᠪᠠᠶᠠᠷ ᠤᠨ ᠡᠳᠦᠷ ᠢᠶᠠᠨ ᠦᠡᠭᠭᠡᠷᠡᠭᠦᠯᠵᠤ᠂ ᠲᠤᠯᠠᠭᠠᠨ ᠡᠪᠤᠯᠵᠢᠯᠡᠭᠦᠯᠭᠦ ᠭᠡᠷᠡᠭᠳᠡᠢ ᠭᠡᠵᠤ ᠴᠢᠬᠤᠯᠠᠴᠢᠯᠡᠪᠡ᠃
     ᠳ᠋ᠦᠡᠭᠱᠸᠡᠭ ᠲᠤᠭᠤᠷᠢᠭ ᠤᠨ ᠳ᠋ᠠ ᠷᠦᠨ ᠹᠠ ᠴᠢᠯᠦᠭᠡᠳᠤ ᠲᠡᠯᠭᠡᠭᠦᠷ ᠪᠡ ᠭᠢᠶ᠎ᠡ ᠪᠠᠭᠰᠢ ᠲᠤᠭᠤᠷᠢᠭ ᠤᠨ ᠢ ᠮᠢᠨ ᠢᠳᠡᠰᠢᠨ ᠨᠤᠭᠤᠭᠠᠨ ᠤ ᠵᠠᠬ᠎ᠠ ᠲᠡᠯᠭᠡᠭᠦᠷ ᠲᠤ᠂ ᠳ᠋ᠦ᠋ ᠬᠤᠢ ᠯᠢᠶᠠᠩ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ᠂ ᠲᠡᠸᠠᠷ ᠤᠨ ᠦᠨ᠎ᠡ᠂ ᠪᠠᠷᠠᠭᠠᠨ ᠤ ᠨᠦᠭᠡᠴᠡᠯᠡᠯ ᠵᠡᠷᠭᠡ ᠪᠠᠶᠢᠳᠡᠯ ᠢ ᠨᠢᠮᠪᠠᠢ ᠤᠢᠢᠯᠠᠭᠠᠪᠡ᠃ ᠲᠡᠷᠡ ᠪᠠᠶᠠᠷ ᠤᠨ ᠡᠳᠦᠷ ᠤᠨ ᠬᠤᠭᠤᠴᠠᠭᠠᠨ ᠳᠤ ᠭᠦᠮᠦᠨ ᠬᠠᠷ᠎ᠡ᠂ ᠪᠠᠷᠠᠭᠠᠨ ᠤ ᠭᠦᠢᠯᠭᠡᠭᠡᠨ ᠤ ᠭᠡᠮᠵᠢᠶ᠎ᠡ ᠨᠡᠮᠡᠭᠳᠡᠭᠦ ᠪᠤᠯᠬᠤᠷ ᠪᠠᠶᠢᠡᠭᠭᠤᠵᠢᠬᠰᠡᠨ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠶᠢ ᠰᠠᠶᠢᠳᠤᠷ ᠭᠢᠵᠤ᠂ ᠢᠳᠡᠭᠡᠨ ᠤᠮᠳᠠᠭᠠᠨ ᠤ ᠠᠮᠦᠷ ᠲᠦᠪᠰᠢᠨ᠂ ᠪᠦᠳᠦᠭᠡᠭᠳᠡᠭᠦᠨ ᠤ ᠴᠢᠨᠡᠷ ᠴᠢᠨᠰᠠᠭ᠎ᠠ ᠪᠡ ᠦᠨ᠎ᠡ ᠶᠢᠨ ᠭᠢᠨᠠᠯᠳᠡ ᠬᠠᠮᠢᠶᠠᠷᠤᠯᠳᠡ ᠶᠢᠨ ᠠᠵᠢᠯ ᠢ ᠴᠢᠩᠭᠠᠳᠬᠠᠨ᠂ ᠦᠷᠭᠡᠨ ᠤᠯᠡᠨ ᠬᠤᠳᠠ ᠶᠢᠨ ᠠᠷᠠᠳ ᠲᠤ ᠠᠮᠦᠷ ᠲᠦᠪᠰᠢᠨ ᠡᠮᠭᠢ ᠲᠢᠭᠯᠢᠮ ᠲᠠᠢ ᠪᠠᠷᠠᠭ᠎ᠠ ᠬᠤᠳᠠᠯᠳᠤᠨ ᠠᠪᠬᠤ ᠤᠷᠴᠢᠨ ᠨᠦᠭᠦᠴᠡᠯ ᠢ ᠪᠤᠢ ᠪᠤᠯᠭᠠᠬᠤ ᠭᠡᠷᠡᠭᠳᠡᠢ ᠭᠡᠵᠤ ᠵᠢᠭᠠᠵᠤ ᠭᠠᠷᠭᠠᠪᠡ᠃      ᠪᠠᠶᠢᠴᠠᠭᠠᠨ ᠰᠤᠳᠤᠯᠦᠯᠳᠡ ᠲᠤᠮᠳᠡ᠂ ᠳ᠋ᠦ᠋ ᠬᠤᠢ ᠯᠢᠶᠠᠩ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠳᠤ ᠰᠡᠭᠢᠵᠤ ᠪᠠᠶᠢᠭ᠎ᠠ ᠲᠤᠳᠤᠭᠠᠳᠤ ᠶᠢ ᠬᠠᠮᠠᠭᠠᠯᠠᠬᠤ ᠠᠷᠠᠳ ᠤᠨ ᠴᠠᠬᠳᠠᠭ᠎ᠠ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠢ ᠪᠤᠯᠭᠤᠭᠠᠨ ᠦᠵᠡᠪᠡ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号