ᠵᠠᠩ ᠱᠤᠤ ᠴᠦᠨ ᠤᠷᠳᠤᠰ ᠬᠤᠳᠠ ᠳᠤ ᠡᠨᠧᠷᠭᠢ ᠴᠠᠬᠢᠯᠭᠠᠨ ᠬᠦᠴᠦᠨ ᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠪᠠᠨ ᠨᠡᠮᠡᠭᠳᠡᠭᠦᠯᠬᠦ ᠶᠢ ᠪᠦᠬᠦ ᠬᠦᠴᠦ ᠪᠠᠷ ᠢᠶᠠᠨ ᠠᠬᠢᠭᠤᠯᠵᠤ ᠪᠦᠬᠦ ᠤᠯᠤᠰ ᠤᠨ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2021/10/8
     ᠤᠢᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠤᠤ ᠴᠦᠨ ᠤᠷᠳᠤᠰ ᠬᠤᠳᠠ ᠳᠤ ᠬᠦᠷᠴᠦ᠂ ᠡᠨᠡ ᠡᠪᠦᠯ ᠢᠷᠡᠬᠦ ᠬᠠᠪᠤᠷ ᠤᠨ ᠡᠨᠧᠷᠭᠢ ᠴᠠᠬᠢᠯᠭᠠᠨ ᠬᠦᠴᠦᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠪᠠᠶᠢᠴᠠᠭᠠᠨ ᠰᠤᠳᠤᠯᠪᠠ᠃ ᠵᠠᠩ ᠱᠤᠤ ᠴᠦᠨ ᠬᠠᠳᠠᠶᠢᠭᠤᠤᠯ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠳᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠬᠠᠩᠭᠠᠯᠭ᠎ᠠ ᠶᠢ ᠪᠠᠲᠤᠯᠠᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠨᠧᠷᠭᠢ ᠴᠠᠬᠢᠯᠭᠠᠨ ᠬᠦᠴᠦᠨ ᠤ ᠪᠠᠲᠤᠯᠠᠭ᠎ᠠ ᠪᠣᠯ ᠣᠳᠣᠬᠠᠨ ᠤ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠯᠤᠰ ᠲᠦᠷᠦ ᠶᠢ ᠡᠷᠬᠢᠮᠯᠡᠵᠦ᠂ ᠶᠡᠭᠡ ᠲᠠᠯ᠎ᠠ ᠶᠢ ᠪᠤᠳᠤᠯᠬᠢᠯᠠᠵᠤ᠂ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠯ ᠳᠤ ᠤᠴᠠᠷᠠᠭᠤᠯᠬᠤ ᠦᠭᠡᠢ᠂ ᠠᠷᠠᠳ ᠤᠯᠠᠨ ᠢ ᠳᠤᠯᠠᠭᠠᠨ ᠡᠪᠦᠯᠵᠢᠬᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠨᠢ ᠦᠨᠡᠨ ᠬᠦ ᠭᠦᠢᠴᠡᠳᠬᠡᠯᠭᠡᠵᠦ᠂ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠤᠨ ᠴᠢᠳᠠᠪᠤᠷᠢ ᠪᠠᠨ ᠲᠣᠭᠲᠠᠭᠤᠨ ᠢᠶᠠᠷ ᠰᠤᠯᠠᠯᠠᠵᠤ᠂ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ᠃ ᠤᠷᠳᠤᠰ ᠬᠤᠳᠠ ᠨᠡᠭᠦᠷᠡᠰᠦ ᠶᠢᠨ ᠭᠠᠷᠤᠯᠲᠠ ᠶᠢᠨ ᠲᠤᠮᠤ ᠬᠤᠳᠠ ᠪᠣᠯᠤᠭᠰᠠᠨ ᠤ ᠬᠤᠪᠢ ᠳᠤ᠂ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠪᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠬᠠᠮᠰᠠᠷ ᠠᠴᠠ ᠪᠠᠨ ᠪᠦᠬᠦ ᠤᠯᠤᠰ ᠤᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠴᠠᠬᠢᠯᠭᠠᠨ ᠤ ᠦᠨ᠎ᠡ ᠶᠢ ᠬᠥᠲᠥᠯᠥᠨ ᠵᠢᠯᠣᠭᠤᠳᠬᠤ ᠲᠣᠭᠲᠡᠴᠡ ᠶᠢ ᠤᠯᠠᠮ ᠴᠢᠨᠠᠭᠰᠢᠲᠠ ᠰᠤᠳᠤᠯᠵᠤ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠂ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ᠂ ᠣᠯᠠᠨ ᠨᠡᠶᠢᠲᠡ ᠶᠢᠨ ᠦᠢᠯᠡᠴᠢᠯᠡᠭᠡ᠂ ᠬᠤᠲᠠ ᠶᠢᠨ ᠡᠵᠡᠩᠨᠡᠯᠲᠡ ᠵᠡᠷᠭᠡ ᠬᠦᠷᠢᠶ᠎ᠡ ᠴᠠᠷᠠᠭ᠎ᠠ ᠳᠤ ᠬᠡᠷᠡᠭᠯᠡᠬᠦ ᠴᠠᠬᠢᠯᠭᠠᠨ ᠢ ᠤᠷᠢᠳ ᠢᠶᠠᠷ ᠪᠠᠲᠤᠯᠠᠵᠤ᠂ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠦ ᠱᠠᠭᠠᠷᠲᠠᠪᠠ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠳᠤ ᠣᠷᠣᠯᠴᠠᠵᠠᠢ᠃      ᠬᠤᠳᠠ ᠶᠢᠨ ᠤᠳᠤᠷᠢᠳᠤᠯᠭ᠎ᠠ ᠯᠢ ᠯᠢ᠂ ᠳ᠋ᠦ᠋ ᠬᠤᠢ ᠯᠢᠶᠠᠩ᠂ ᠰᠣ᠋ ᠼᠦᠢ ᠹᠠᠩ᠂ ᠵᠠᠩ ᠸᠧᠢ ᠪᠠᠶᠢᠴᠠᠭᠠᠨ ᠰᠤᠳᠤᠯᠤᠯᠲᠠ ᠪᠡ ᠶᠠᠷᠢᠯᠴᠠᠬᠤ ᠬᠤᠷᠠᠯ ᠳᠤ ᠤᠷᠤᠯᠴᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号