ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ᠄ | ︽ᠣᠷᠳᠣᠰ ᠬᠤᠲᠠ ᠶᠢᠨ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ | ︵2021 — 2025 ᠣᠨ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 8 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ | ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ | ᠠᠳᠬᠤᠭᠠᠷᠠᠢ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 5 ᠰᠠᠷ᠎ᠠ ᠶᠢᠨ 21 ᠤ ᠡᠳᠦᠷ | | | | | | ᠤᠷᠳᠤᠰ ᠬᠤᠳᠠ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ ︵ | 2021 — 2025 ᠣᠨ︶ | ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ | ᠤᠨ ᠥᠷᠢᠰᠥᠯᠳᠦᠬᠦ ᠬᠦᠴᠦᠨ ᠪᠠ ᠶᠡᠷᠦᠩᠬᠡᠶᠢᠯᠡᠭᠰᠡᠨ ᠣᠶᠢᠯᠡᠳᠪᠦᠷᠢᠯᠡᠬᠦ ᠴᠢᠳᠠᠪᠤᠷᠢ ᠶᠢ ᠦᠨᠡᠨᠬᠦ ᠴᠢᠩᠭᠠᠳᠬᠠᠵᠣ᠂ ᠣᠲᠣ | ᠦᠶ᠎ᠡ ᠶᠢᠨ ᠦᠷ᠎ᠡ ᠶᠢᠨ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠦᠷ᠎ᠡ ᠶᠢᠨ ᠣᠶᠢᠯᠡᠰ | ᠤᠨ ᠬᠥᠭᠵᠢᠯᠲᠡ ᠶᠢᠨ ︽ᠵᠠᠩᠬᠢᠯᠠᠭ᠎ᠠ︾ ᠶᠢᠨ ᠮᠡᠷᠭᠡᠵᠢᠯ ᠢ ᠰᠢᠪᠲᠤᠯᠤᠨ᠂ ᠦᠷ᠎ᠡ ᠶᠢᠨ ᠣᠶᠢᠯᠡᠰ ᠤᠨ ᠪᠡᠶ᠎ᠡ ᠤᠷᠪᠠᠭ᠋ᠤ | ᠲᠡᠶᠢᠨ ᠢ ᠰᠠᠶᠢᠲᠤᠷ ᠬᠢᠬᠦ ᠶᠢᠨ ᠲᠤᠰᠠᠳᠠ᠂ ︽︿ᠦᠷ᠎ᠡ ᠶᠢᠨ ᠣᠶᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ︵2020 — 2022 ᠣᠨ︶﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2020﹈ 40 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ | ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠪᠣᠯᠤᠨ 2021 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠣᠷᠳᠣᠰ ᠬᠤᠲᠠ | ᠶᠢᠨ ᠦᠷ᠎ᠡ ᠶᠢᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠬᠠᠷᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠶ᠂ | ᠣᠶ ᠰᠢᠭᠤᠶ ᠡᠪᠡᠰᠣ ᠪᠡᠯᠴᠢᠬᠡᠷ ᠤᠨ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠳᠬᠠᠵᠣ᠂ ᠠᠵᠢᠯ ᠤᠨ ᠳᠦᠷᠢᠮ ᠢ ᠲᠦᠷᠭᠡᠳᠬᠡᠨ | ᠲᠡᠭᠦᠯᠳᠡᠷᠵᠢᠭᠦᠯᠵᠦ᠂ ᠮᠡᠷᠭᠡᠵᠢᠯ᠂ ᠲᠦᠷᠦᠯ ᠵᠦᠢᠯ᠂ ᠲᠣᠭᠲᠠᠴᠠ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ | ᠂ ᠬᠢᠨᠠᠨ ᠬᠠᠮᠢᠶᠠᠷᠤᠯᠳᠠ ᠪᠠᠷ ᠬᠦᠴᠦᠲᠡᠢ ᠤᠳᠤ ᠦᠶ᠎ᠡ ᠶᠢᠨ ᠦᠷ᠎ᠡ ᠶᠢᠨ ᠦᠢᠯᠡᠰ ᠤᠨ ᠵᠠᠰᠠᠯᠲᠠ ᠶᠢᠨ ᠲᠤᠭᠳᠠᠯᠴᠠᠭ᠎ᠠ ᠶᠢ | ᠪᠦᠬᠦ ᠲᠠᠯ᠎ᠠ ᠪᠠᠷ ᠪᠠᠶᠢᠭᠤᠯᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠭᠰᠠᠨ᠂ ᠴᠢᠳᠠᠪᠤᠷᠢᠲᠠᠨ ᠢᠶᠠᠷ ᠦᠨᠳᠦᠰᠦ ᠪᠣᠯᠭᠠᠭᠰᠠᠨ᠂ ᠭᠠᠵᠠᠷ ᠣᠷᠣᠨ ᠬᠠᠮᠵᠢᠯᠴᠠᠨ ᠬᠥᠭᠵᠢᠭᠰᠡᠨ᠂ | ᠠᠵᠤ ᠠᠬᠤᠶᠢᠯᠠᠯ ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠭᠦᠨᠵᠡᠭᠡᠢ ᠠᠭᠤᠰᠤᠯᠴᠠᠭᠤᠯᠤᠭᠰᠠᠨ᠂ | ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠨ ᠬᠥᠭᠵᠢᠭᠦᠯᠦᠭᠰᠡᠨ ᠤᠳᠤ ᠦᠶ᠎ᠡ ᠶᠢᠨ ᠦᠷ᠎ᠡ | ᠶᠢᠨ ᠦᠢᠯᠡᠰ ᠤᠨ ᠲᠤᠭᠳᠠᠯᠴᠠᠭ᠎ᠠ ᠶᠢ ᠪᠠᠶᠢᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠦᠷ᠎ᠡ ᠶᠢᠨ ᠦᠢᠯᠡᠰ ᠤᠨ ᠰᠠᠭᠤᠷᠢ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | 1. ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠵᠦᠢ ᠵᠣᠬᠢᠰᠲᠠᠶ ᠪᠠᠶᠢᠷᠢᠯᠠᠭᠤᠯᠬᠤ ᠶᠢ | ᠪᠠᠷᠢᠮᠲᠠᠯᠠᠨ᠎ᠠ᠃ ᠮᠠᠨ ᠤ ᠬᠤᠲᠠ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠠᠴᠠ ᠡᠭᠦᠰᠴᠦ᠂ | ᠲᠠᠷᠢᠮᠠᠯ᠂ ᠮᠠᠯ ᠵᠢᠭᠦᠷᠲᠡᠨ᠂ ᠤᠰᠤᠨ ᠭᠠᠷᠤᠯᠲᠠ᠂ ᠣᠶ ᠰᠢᠭᠤᠶ ᠡᠪᠡᠰᠦ ᠪᠡᠯᠴᠢᠭᠡᠷ ᠤᠨ ᠦᠷ᠎ᠡ ᠶᠢᠨ ᠦᠢᠯᠡᠰ ᠤᠨ | ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠣᠷᠣᠨ ᠨᠤᠲᠤᠭ ᠤᠨ ᠣᠨᠴᠠ ᠪᠠᠶᠢᠳᠠᠭ ᠦᠷ᠎ᠡ ᠡᠳ᠋ ᠤᠨ ᠡᠬᠢ | ᠪᠠᠶᠠᠯᠢᠭ ᠢ ᠬᠠᠮᠠᠭᠠᠯᠠᠬᠤ᠂ ᠦᠷ᠎ᠡ ᠶᠢᠨ ᠪᠤᠶᠢᠵᠢᠭᠤᠯᠤᠯᠳᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢ | ᠭᠤᠤᠯᠳᠠᠯᠭ᠎ᠠ ᠲᠠᠢ ᠴᠢᠩᠭᠠᠳᠬᠠᠵᠤ᠂ ᠠᠷᠪᠠᠰ ᠤᠨ ᠨᠣᠯᠤᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ | ᠠᠯᠠᠰᠢᠨ ᠬᠤᠨᠢ ᠢᠮᠠᠭ᠎ᠠ᠂ ᠠᠯᠠᠰᠢᠨ ᠦᠬᠡᠷ᠂ ᠦᠨᠢᠶ᠎ᠡ᠂ ᠦᠦᠰᠢᠨ ᠮᠣᠷᠢ᠂ ᠡᠷᠳᠡᠨᠢ ᠰᠢᠰᠢ᠂ ᠡᠯᠳᠡᠪ ᠠᠮᠤ ᠪᠤᠷᠴᠠᠭ᠂ | ᠭᠤᠸ᠎ᠠ ᠵᠢᠮᠢᠰ ᠨᠣᠭᠤᠭ᠎ᠠ ᠴᠠᠭ᠎ᠠ᠂ ᠡᠪᠡᠰᠤ ᠪᠤᠷᠳᠤᠭ᠎ᠠ᠂ ᠨᠤᠲᠤᠭ ᠤᠨ ᠮᠣᠳᠣᠨ ᠤ ᠲᠦᠷᠦᠯ᠂ ᠨᠤᠲᠤᠭ ᠤᠨ ᠡᠪᠡᠰᠦᠨ ᠤ | ᠲᠦᠷᠦᠯ᠂ ᠱᠤᠷᠠᠭ ᠵᠠᠮᠠᠭ᠂ ᠶᠠᠰᠤᠲᠤ ᠮᠡᠯᠡᠬᠡᠶ ᠵᠡᠷᠭᠡ ᠣᠷᠣᠨ ᠨᠤᠲᠤᠭ ᠤᠨ ᠳᠠᠪᠠᠭᠤᠯᠢᠭ ᠤᠨᠴᠠᠯᠢᠭᠳᠤ ᠪᠤᠳᠠᠰ ᠤᠨ | ᠳᠦᠷᠰᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠰᠤᠳ ᠳᠦᠷᠰᠦ ᠶᠢ ᠬᠠᠮᠲᠤ ᠳᠤᠨᠢ ᠬᠠᠷᠠᠭᠠᠯᠵᠠᠵᠤ᠂ ᠵᠦᠶ ᠵᠣᠬᠢᠰᠲᠠᠶ | ᠪᠠᠶᠢᠷᠢᠯᠠᠭᠤᠯᠵᠤ᠂ ᠡᠮᠬᠢ ᠵᠢᠷᠤᠮ ᠲᠠᠢ ᠠᠬᠢᠭᠤᠯᠤᠨ᠎ᠠ᠃ | 2. ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠪᠠᠷ ᠰᠢᠪᠲᠤᠯᠤᠯᠲᠠ ᠬᠢᠨ᠎ᠠ᠃ | ᠣᠲᠣ ᠪᠠᠶᠢᠭ᠎ᠠ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠰᠠᠭᠤᠷᠢ ᠶᠢ ᠭᠦᠢᠴᠡᠳ ᠠᠰᠢᠭᠯᠠᠨ᠂ ᠦᠷ᠎ᠡ ᠶᠢᠨ ᠣᠶᠢᠯᠡᠰ | ᠤᠨ ᠬᠥᠭᠵᠢᠯᠲᠡ ᠶᠢᠨ ᠰᠠᠭᠤᠷᠢ ᠲᠦᠭᠦᠭᠡᠷᠤᠮᠵᠢ ᠶᠢ ᠬᠦᠴᠦᠯᠡᠨ ᠰᠠᠶᠢᠵᠢᠷᠠᠭᠤᠯᠵᠤ᠂ ᠦᠷ᠎ᠡ ᠶᠢᠨ ᠣᠶᠢᠯᠡᠰ ᠤᠨ ᠬᠦᠷᠢᠶ᠎ᠡ | ᠬᠡᠪᠴᠢᠶᠡᠨ ᠤ ᠬᠠᠮᠢᠶ᠎ᠠ ᠪᠥᠬᠦᠶ ᠠᠵᠤ ᠠᠬᠤᠶᠢᠯᠠᠯ᠂ ᠡᠷᠳᠡᠮ ᠰᠢᠨᠵᠢᠯᠡᠬᠡᠨ ᠤ ᠬᠦᠷᠢᠶᠡᠯᠡᠩ ᠠᠴᠠ ᠰᠢᠯᠢᠳᠡᠭ ᠢ ᠨᠢ ᠰᠣᠩᠭᠤᠨ | ᠳᠡᠮᠵᠢᠵᠦ᠂ ᠮᠡᠷᠭᠡᠵᠢᠯ ᠣᠷᠣᠭᠤᠯᠬᠤ ᠪᠠ ᠬᠠᠮᠲᠤᠷᠠᠯᠴᠠᠬᠤ ᠪᠠᠷ ᠳᠡᠮᠵᠢᠨ᠂ ᠬᠠᠮᠲᠤᠷᠠᠨ ᠪᠣᠭᠤᠮᠲᠠ ᠰᠢᠪᠲᠤᠯᠬᠤ ᠶᠢ | ᠥᠷᠨᠢᠭᠦᠯᠵᠦ᠂ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠦᠷ᠎ᠡ ᠶᠢᠨ ᠣᠶᠢᠯᠡᠰ ᠤᠨ | ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠰᠠᠭᠤᠷᠢ ᠶᠢ | ᠪᠠᠲᠤᠳᠬᠠᠨ᠎ᠠ᠃ | 3. ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠶᠢ ᠪᠠᠷᠢᠮᠲᠠᠯᠠᠵᠤ᠂ ᠣᠯᠠᠨ ᠡᠰᠢᠲᠦ ᠣᠷᠣᠭᠤᠯᠤᠯᠲᠠ ᠬᠢᠨ᠎ᠠ | ᠃ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠤᠶᠠᠷ ᠲᠠᠯ᠎ᠠ ᠶᠢᠨ ᠣᠶᠢᠯᠡᠳᠤᠯ ᠢ ᠭᠦᠢᠴᠡᠳ ᠪᠠᠳᠠᠷᠠᠭᠤᠯᠵᠤ᠂ ᠬᠤᠲᠠ᠂ | ᠬᠤᠰᠢᠭᠤ ︵ᠲᠣᠭᠤᠷᠢᠭ︶ ᠬᠤᠶᠠᠷ ᠱᠠᠲᠤᠨ ᠤ ᠵᠠᠰᠠᠭ ᠤᠨ ᠣᠷᠳᠣᠨ ᠨᠢ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ | ᠶᠢᠨ ᠴᠢᠨᠠᠷᠲᠠᠶ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠨ᠎ᠡ᠃ ᠣᠷᠣᠨ ᠨᠤᠲᠤᠭ ᠤᠨ | ᠤᠨᠴᠠᠯᠢᠭᠳᠤ ᠦᠷ᠎ᠡ ᠶᠢᠨ ᠣᠶᠢᠯᠡᠰ ᠤᠨ ᠭᠤᠤᠯᠳᠠᠯᠭ᠎ᠠ ᠲᠠᠢ ᠲᠥᠷᠥᠯ ᠵᠣᠶᠢᠯ ᠤᠨ ᠬᠥᠲᠥᠯᠦᠨ ᠳᠠᠭᠠᠭᠤᠯᠬᠤ ᠣᠶᠢᠯᠡᠳᠤᠯ ᠢ | ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠡᠳᠡᠨ ᠠᠪᠴᠢᠷᠠᠵᠤ᠂ ᠮᠥᠩᠭᠦᠨ | ᠭᠦᠢᠯᠬᠡᠬᠡᠨ ᠤ ᠳᠡᠮᠵᠢᠯᠭᠡ ᠶᠢ ᠴᠢᠩᠭᠠᠷᠠᠭᠤᠯᠤᠨ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ | ᠦᠷ᠎ᠡ ᠶᠢᠨ ᠣᠶᠢᠯᠡᠰ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠤᠭᠳᠠᠴᠠ ᠶᠢᠨ ᠰᠢᠨ᠎ᠡ ᠶᠢ ᠡᠭᠦᠳᠦᠨ᠎ᠡ᠃ | 4. ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠠᠶᠢᠭᠤᠯᠤᠯ | ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ | ᠪᠠᠶᠢᠭᠤᠯᠤᠮᠵᠢ ᠶᠢ ᠤᠶᠠᠯᠳᠤᠭᠤᠯᠤᠭᠰᠠᠨ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ | ᠤᠳᠤ ᠦᠶ᠎ᠡ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠤᠭᠳᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠢ | ᠪᠠᠶᠠᠯᠢᠭ ᠢ ᠬᠠᠮᠠᠭᠠᠯᠠᠬᠤ᠂ ᠦᠷ᠎ᠡ ᠶᠢᠨ ᠪᠤᠶᠢᠵᠢᠭᠤᠯᠤᠯᠳᠠ ᠶᠢᠨ ᠰᠢᠨ᠎ᠡ ᠶᠢ ᠡᠭᠦᠳᠬᠦ ᠪᠠ ᠦᠷ᠎ᠡ ᠶᠢᠨ ᠦᠢᠯᠡᠰ ᠤᠨ | ᠦᠢᠯᠡᠳᠪᠦᠷᠢᠯᠡᠯ ᠢ ᠰᠢᠰᠲ᠋ᠧᠮᠵᠢᠭᠦᠯᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠳᠤ ᠦᠶ᠎ᠡ ᠶᠢᠨ ᠦᠷ᠎ᠡ ᠶᠢᠨ | ᠦᠢᠯᠡᠰ ᠤᠨ ᠲᠤᠳᠠᠯᠴᠠᠭᠠ ᠶᠢ ᠲᠦᠷᠭᠡᠪᠴᠢᠯᠡᠨ ᠪᠠᠶᠢᠭᠤᠯᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ︵ᠭᠤᠷᠪᠠ︶ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠪᠥᠬᠦ ᠬᠤᠲᠠ ᠶᠢᠨ ᠣᠲᠣ ᠦᠶ᠎ᠡ ᠶᠢᠨ ᠦᠷ᠎ᠡ ᠶᠢᠨ ᠣᠶᠢᠯᠡᠰ ᠤᠨ ᠭᠤᠤᠯ | ᠥᠷᠢᠰᠦᠯᠳᠦᠬᠦ ᠬᠦᠴᠦᠨ ᠪᠠ ᠶᠡᠷᠦᠩᠬᠡᠶᠢᠯᠡᠭᠰᠡᠨ ᠣᠶᠢᠯᠡᠳᠪᠦᠷᠢᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠦᠷ᠎ᠡ ᠡᠳ᠋ | ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠰᠢᠨ᠎ᠡ ᠲᠦᠷᠦᠯ ᠵᠣᠶᠢᠯ ᠪᠠ ᠢᠵᠢ ᠪᠥᠷᠢᠳᠦᠭᠦᠯᠬᠦ ᠲᠤᠭᠳᠠᠯᠴᠠᠭ᠎ᠠ ᠶᠢ | ᠪᠤᠶᠢᠵᠢᠭᠤᠯᠤᠨ᠎ᠠ᠃ ᠦᠷ᠎ᠡ ᠪᠤᠶᠢᠵᠢᠭᠤᠯᠬᠤ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠠᠵᠤ ᠠᠬᠤᠶᠢᠯᠠᠯ | ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠤᠶᠠᠯᠳᠤᠭᠤᠯᠤᠭᠰᠠᠨ᠂ ᠪᠤᠶᠢᠵᠢᠭᠤᠯᠬᠤ ᠦᠷᠡᠵᠢᠭᠦᠯᠬᠦ | ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠪᠤᠢ ᠪᠣᠯᠭᠠᠨ᠎ᠠ᠃ | ᠣᠷᠣᠨ ᠨᠤᠲᠤᠭ ᠤᠨ ᠤᠨᠴᠠᠯᠢᠭᠳᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ᠂ ᠦᠷ᠎ᠡ ᠶᠢᠨ ᠦᠢᠯᠡᠰ ᠤᠨ ᠰᠠᠶᠢᠨ | ᠦᠷ᠎ᠡ ᠶᠢᠨ ᠪᠦᠷᠬᠦᠴᠡ ᠶᠢᠨ ᠨᠤᠷᠮ᠎ᠠ ᠪᠠᠷ ᠥᠨᠳᠥᠷ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠳᠠ ᠪᠠ ᠰᠢᠨ᠎ᠡ ᠲᠦᠷᠦᠯ ᠵᠣᠶᠢᠯ ᠢ ᠬᠠᠮᠠᠭᠠᠯᠠᠬᠤ ᠬᠢᠷᠢ ᠲᠦᠪᠰᠢᠨ ᠢᠶᠠᠷ ᠨᠡᠯᠢᠶᠡᠳ ᠥᠨᠳᠥᠷ ᠰᠠᠶᠢᠨ ᠦᠷ᠎ᠡ ᠶᠢᠨ | ᠦᠢᠯᠡᠰ ᠤᠨ ᠬᠥᠭᠵᠢᠯᠲᠡ ᠶᠢᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠤᠨ᠎ᠠ᠃ | 1. ᠲᠠᠷᠢᠮᠠᠯ ᠤᠨ ᠦᠷ᠎ᠡ ᠶᠢᠨ ᠦᠢᠯᠡᠰ᠃ ᠮᠠᠨ ᠤ ᠬᠤᠲᠠ ᠶᠢᠨ ᠬᠤᠪᠣᠷ ᠴᠤᠬᠠᠭ ᠲᠠᠷᠢᠮᠠᠯ ᠤᠨ ᠦᠷ᠎ᠡ ᠡᠳ᠋ ᠤᠨ ᠡᠬᠢ | ᠪᠠᠶᠠᠯᠢᠭ ︵ᠵᠥᠭᠡᠯᠡᠨ ᠨᠠᠷᠢᠮᠤ᠂ ᠬᠠᠲᠠᠭᠤ ᠦᠨᠦᠷᠲᠦ ᠨᠠᠷᠢᠮᠤ᠂ ᠬᠡᠭᠡᠷ᠎ᠡ ᠶᠢᠨ ᠸᠠᠨᠳᠧᠦ ᠪᠤᠷᠴᠠᠭ᠂ ᠵᠢᠵᠢᠭ ᠰᠢᠷ᠎ᠠ ᠪᠤᠷᠴᠠᠭ᠂ | ᠵᠢᠵᠢᠭ ᠬᠠᠷ᠎ᠠ ᠪᠤᠷᠴᠠᠭ᠂ ᠳ᠋ᠧᠩᠯᠦ ᠤᠯᠠᠭᠠᠨ ᠠᠮᠲᠠᠲᠤ ᠬᠡᠮᠬᠡ᠂ ᠤᠯᠠᠭᠠᠨ ᠰᠣᠩᠭᠢᠨ᠎ᠠ ᠵᠡᠷᠭᠡ︶ ᠢ ᠬᠠᠮᠠᠭᠠᠯᠠᠨ ᠠᠰᠢᠭᠯᠠᠭᠰᠠᠨ | ᠰᠠᠭᠤᠷᠢᠨ ᠳᠡᠭᠡᠷ᠎ᠡ᠂ ᠲᠠᠷᠢᠮᠠᠯ ᠤᠨ ᠰᠢᠨ᠎ᠡ ᠦᠷ᠎ᠡ ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ ᠴᠢᠩᠭᠠᠳᠬᠠᠨ᠎ᠠ᠃ ᠭᠤᠤᠯ | ᠪᠣᠯᠬᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠮᠠᠨ ᠤ ᠬᠤᠲᠠ ᠶᠢᠨ ᠳᠠᠷᠢᠬᠤ ᠳᠤ | ᠳᠣᠭᠢᠷᠠᠬᠤ ᠡᠷᠳᠡᠨᠢ ᠰᠢᠰᠢ᠂ ᠰᠢᠯᠦᠬᠡᠶ ᠰᠢᠰᠢ ᠶᠢᠨ ᠲᠥᠷᠥᠯ ᠤᠨ ᠴᠢᠨᠠᠷ ᠰᠠᠶᠢᠲᠠᠶ ᠰᠢᠨ᠎ᠡ ᠲᠦᠷᠦᠯ ᠵᠣᠶᠢᠯ ᠢ 5 ᠠᠴᠠ | ᠳᠡᠭᠡᠭᠰᠢ ᠪᠤᠶᠢᠵᠢᠭᠤᠯᠵᠤ᠂ ᠰᠠᠶᠢᠨ ᠦᠷ᠎ᠡ ᠣᠶᠢᠯᠡᠳᠪᠦᠷᠢᠯᠡᠬᠦ ᠰᠠᠭᠤᠷᠢᠨ ᠭᠠᠵᠠᠷ ᠤᠨ ᠲᠠᠯᠠᠪᠠᠶ ᠶᠢ 2 ᠲᠦᠮᠡᠨ ᠮᠥ ᠠᠴᠠ | ᠳᠡᠭᠡᠭᠰᠢ ︵ᠲᠡᠵᠢᠭᠡᠯ ᠡᠪᠡᠰᠦᠨ ᠤ ᠰᠠᠶᠢᠨ ᠦᠷ᠎ᠡ ᠶᠢᠨ ᠰᠠᠭᠤᠷᠢᠨ ᠭᠠᠵᠠᠷ ᠪᠠᠭᠲᠠᠨ᠎ᠠ︶ ᠳᠤ ᠲᠣᠭᠲᠠᠪᠤᠷᠢᠵᠢᠭᠤᠯᠵᠤ᠂ | ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠬᠤ ᠦᠷ᠎ᠡ ᠶᠢᠨ ᠪᠦᠷᠬᠦᠴᠡ ᠶᠢᠨ ᠨᠣᠷᠮ᠎ᠠ ᠶᠢ 5 ᠵᠠᠭᠤᠨ ᠤ ᠨᠢᠭᠡᠴᠢ | ᠳᠡᠭᠡᠭᠰᠢᠯᠡᠭᠦᠯᠦᠨ᠎ᠡ᠃ | 2. ᠮᠠᠯ ᠵᠢᠭᠦᠷᠲᠡᠨ ᠤ ᠡᠭᠦᠯᠳᠡᠷ ᠤᠨ ᠦᠢᠯᠡᠰ᠃ ᠭᠤᠣᠯᠳᠠᠯᠭ᠎ᠠ ᠲᠠᠢ ᠭᠠᠵᠠᠷ ᠣᠷᠣᠨ ᠳᠤ ᠣᠷᠣᠨ ᠨᠤᠲᠤᠭ ᠤᠨ | ᠣᠨᠴᠠ ᠪᠠᠶᠢᠳᠠᠭ ᠮᠠᠯ ᠵᠢᠭᠦᠷᠲᠡᠨ ᠢ ᠭᠤᠣᠯᠳᠠᠯᠭ᠎ᠠ ᠲᠠᠢ ᠬᠥᠭᠵᠢᠭᠦᠯᠵᠦ᠂ ᠮᠠᠯ ᠵᠢᠭᠦᠷᠲᠡᠨ ᠤ ᠰᠠᠶᠢᠨ ᠡᠭᠦᠯᠳᠡᠷ ᠤᠨ | ᠨᠤᠷᠮ᠎ᠠ ᠶᠢ 98% ᠠᠴᠠ ᠳᠡᠭᠡᠭᠰᠢ ᠳᠤ ᠬᠦᠷᠭᠡᠨ᠎ᠡ᠃ ᠴᠢᠨᠠᠷ ᠰᠠᠶᠢᠲᠠᠶ ᠠᠷᠪᠠᠰ ᠤᠨ ᠨᠣᠯᠤᠤᠷ ᠤᠨ ᠢᠮᠠᠭᠠᠨ ᠤ ᠵᠢᠯ ᠤᠨ | ᠡᠭᠦᠯᠳᠡᠷ ᠬᠠᠩᠭᠠᠬᠤ ᠴᠢᠳᠠᠪᠤᠷᠢ ᠶᠢ 5000 ᠳᠤ ᠪᠠᠶᠢᠯᠭᠠᠵᠣ᠂ ᠴᠢᠨᠠᠷ ᠰᠠᠶᠢᠲᠠᠶ ᠣᠷᠳᠣᠰ ᠤᠨ ᠨᠠᠷᠢᠨ ᠨᠤᠤᠰᠤᠳᠤ ᠬᠤᠨᠢ | ᠶᠢᠨ ᠵᠢᠯ ᠤᠨ ᠡᠭᠦᠯᠳᠡᠷ ᠬᠠᠩᠭᠠᠬᠤ ᠴᠢᠳᠠᠪᠤᠷᠢ ᠶᠢ 3000 ᠳᠤ ᠪᠠᠶᠢᠯᠭᠠᠵᠣ᠂ ᠴᠢᠨᠠᠷ ᠰᠠᠶᠢᠲᠠᠶ ᠠᠯᠠᠰᠢᠨ ᠬᠤᠨᠢ ᠢᠮᠠᠭᠠᠨ ᠤ | ᠵᠢᠯ ᠤᠨ ᠡᠭᠦᠯᠳᠡᠷ ᠬᠠᠩᠭᠠᠬᠤ ᠴᠢᠳᠠᠪᠤᠷᠢ ᠶᠢ 4000 ᠳᠤ ᠪᠠᠶᠢᠯᠭᠠᠨ᠎ᠠ᠃ ᠬᠤᠲᠠ ᠶᠢᠨ ᠲᠠᠰ ᠤᠨ ᠤᠬᠤᠨ᠎ᠠ ᠬᠤᠴᠠᠨ ᠤ | ᠲᠠᠯᠠᠪᠠᠶ ᠶᠢ 20 ᠪᠠᠶᠢᠭᠤᠯᠤᠨ ᠲᠡᠭᠦᠯᠳᠡᠷᠵᠢᠭᠦᠯᠵᠦ᠂ ᠡᠭᠦᠨ ᠳᠤ ᠠᠷᠪᠠᠰ ᠤᠨ ᠨᠣᠯᠤᠤᠷ ᠤᠨ ᠢᠮᠠᠭᠠᠨ ᠤ ᠤᠬᠤᠨ᠎ᠠ ᠶᠢᠨ | ᠲᠠᠯᠠᠪᠠᠶ 10᠂ ᠣᠷᠳᠣᠰ ᠤᠨ ᠨᠠᠷᠢᠨ ᠨᠤᠤᠰᠤᠳᠤ ᠬᠤᠨᠢ ᠶᠢᠨ ᠬᠤᠴᠠᠨ ᠤ ᠲᠠᠯᠠᠪᠠᠶ 4᠂ ᠠᠯᠠᠰᠢᠨ ᠬᠤᠨᠢ ᠢᠮᠠᠭᠠᠨ ᠤ | ᠲᠠᠯᠠᠪᠠᠶ 6 ᠪᠠᠶᠢᠨ᠎ᠠ᠃ ᠠᠷᠪᠠᠰ ᠤᠨ ᠨᠣᠯᠤᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢᠨ ᠤ ᠤᠯᠤᠰ ᠤᠨ | ᠲᠠᠰ ᠤᠨ ᠮᠠᠯ ᠤᠨ ᠲᠠᠯᠠᠪᠠᠶ ᠶᠢ ᠲᠣᠰ ᠲᠣᠰ 1 ᠪᠠᠶᠢᠭᠤᠯᠬᠤ ᠪᠠᠷ ᠴᠢᠷᠮᠠᠶᠢᠨ᠎ᠠ᠃ ᠦᠦᠰᠢᠨ ᠮᠣᠷᠢᠨ ᠤ ᠡᠭᠦᠯᠳᠡᠷ ᠢ | ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠴᠢᠨᠠᠷ ᠰᠠᠶᠢᠲᠠᠶ ᠠᠯᠠᠰᠢᠨ ᠦᠬᠡᠷ ᠤᠨ ᠪᠠᠷᠢᠮᠵᠢᠶᠠᠵᠢᠭᠤᠯᠤᠨ ᠦᠷᠡᠵᠢᠭᠦᠯᠦᠨ | ᠪᠤᠶᠢᠵᠢᠭᠤᠯᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ | 3. ᠤᠢ ᠰᠢᠭᠤᠶ ᠡᠪᠡᠰᠦ ᠪᠡᠯᠴᠢᠭᠡᠷ ᠤᠨ ᠦᠷ᠎ᠡ ᠶᠢᠨ ᠦᠢᠯᠡᠰ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ | ᠪᠥᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠠᠭᠤᠷᠢ ᠪᠠᠷ ᠨᠡᠯᠢᠶᠡᠳ ᠰᠠᠶᠢᠨ᠂ ᠵᠣᠬᠢᠬᠤ ᠬᠡᠪᠴᠢᠶ᠎ᠡ ᠲᠠᠢ ᠠᠩᠬᠠᠨ ᠤ | ᠦᠷ᠎ᠡ ᠶᠢᠨ ᠰᠠᠭᠤᠷᠢᠨ ᠭᠠᠵᠠᠷ ᠢ ᠰᠣᠩᠭᠤᠵᠤ᠂ ᠬᠠᠰᠢᠶᠠᠯᠠᠨ ᠪᠢᠲᠡᠭᠦᠮᠵᠢᠯᠡᠨ ᠪᠤᠶᠢᠵᠢᠭᠤᠯᠬᠤ᠂ ᠲᠡᠭᠰᠢ ᠬᠤᠵᠤᠤᠯ᠎ᠠ ᠪᠠᠷ | ᠢᠳᠡᠷᠵᠢᠭᠦᠯᠬᠦ ᠪᠠ ᠨᠥᠬᠦᠵᠦ ᠲᠡᠷᠢᠵᠦ ᠪᠣᠷᠳᠣᠭᠤᠷ ᠣᠷᠣᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠲᠠᠯ᠎ᠠ ᠪᠡᠯᠴᠢᠭᠡᠷ ᠤᠨ | ᠬᠤᠶᠠᠳᠤᠭᠠᠷ ᠨᠣᠮᠧᠷᠲᠤ ᠴᠠᠷᠭᠠᠰᠤ ᠶᠢᠨ ᠠᠩᠬᠠᠨ ᠤ ᠦᠷ᠎ᠡ᠂ ᠤᠷᠳᠤᠰ ᠤᠨ ᠰᠢᠬᠢᠷ ᠡᠪᠡᠰᠦ᠂ ᠲᠡᠰᠬᠢ᠂ ᠲᠤᠮᠳᠠ ᠶᠢᠨ | ᠬᠠᠷᠭᠠᠨ᠎ᠠ᠂ ᠨᠠᠷᠢᠨ ᠨᠠᠪᠴᠢᠲᠤ ᠬᠠᠷᠭᠠᠨ᠎ᠠ᠂ ᠬᠦᠴᠢᠩᠭᠢ ᠬᠡᠯᠪᠡᠷᠢᠲᠦ ᠬᠤᠨᠴᠢᠷ ᠵᠡᠷᠭᠡ ᠬᠡᠭᠡᠷ᠎ᠡ ᠶᠢᠨ ᠨᠤᠲᠤᠭ ᠤᠨ ᠡᠪᠡᠰᠦᠨ | ᠤ ᠲᠦᠷᠦᠯ ᠢ ᠭᠤᠣᠯᠳᠠᠯᠭ᠎ᠠ ᠲᠠᠢ ᠪᠤᠶᠢᠵᠢᠭᠤᠯᠤᠨ᠎ᠠ᠃ ᠦᠷ᠎ᠡ ᠪᠤᠶᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠪᠠᠷ | ᠳᠠᠮᠵᠢᠭᠤᠯᠤᠨ᠂ ᠦᠷ᠎ᠡ ᠪᠠ ᠵᠤᠯᠵᠠᠭ᠎ᠠ ᠮᠣᠳᠣ ᠶᠢ ᠥᠷᠭᠡᠳᠬᠡᠨ ᠦᠷᠡᠵᠢᠭᠦᠯᠬᠦ ᠵᠡᠷᠭᠡ ᠶᠢ ᠬᠡᠷᠡᠭᠯᠡᠨ ᠨᠤᠲᠤᠭ ᠤᠨ ᠡᠪᠡᠰᠦᠨ ᠤ | ᠲᠦᠷᠦᠯ ᠤᠨ ᠣᠷᠣᠨ ᠪᠦᠰᠡ ᠶᠢᠨ ᠴᠢᠨᠠᠷᠲᠠᠶ ᠥᠪᠡᠰᠦᠪᠡᠨ ᠪᠤᠶᠢᠵᠢᠭᠤᠯᠵᠤ ᠥᠪᠡᠰᠦᠪᠡᠨ ᠦᠷᠡᠵᠢᠭᠦᠯᠬᠦ ᠬᠢᠷᠢ ᠲᠦᠪᠰᠢᠨ ᠢ | ᠴᠢᠩᠭᠠᠷᠠᠭᠤᠯᠤᠨ᠎ᠠ᠃ ᠨᠤᠲᠤᠭ ᠤᠨ ᠡᠪᠡᠰᠦᠨ ᠤ ᠲᠦᠷᠦᠯ ᠢ 1.5 ᠲᠦᠮᠡᠨ ᠮᠥ ᠪᠤᠶᠢᠵᠢᠭᠤᠯᠬᠤ ᠪᠠ ᠦᠷᠡᠵᠢᠭᠦᠯᠦᠨ | ᠪᠤᠶᠢᠵᠢᠭᠤᠯᠬᠤ ᠶᠢ ᠪᠡᠶᠡᠯᠡᠭᠦᠯᠦᠨ᠎ᠡ ︵ᠦᠷ᠎ᠡ ᠲᠡᠭᠦᠬᠦ ᠰᠠᠭᠤᠷᠢᠨ ᠭᠠᠵᠠᠷ ᠪᠠᠭᠲᠠᠨ᠎ᠠ︶᠃ ᠪᠥᠬᠦ ᠬᠤᠲᠠ ᠶᠢᠨ ᠣᠶ | ᠮᠣᠳᠣᠨ ᠤ ᠰᠠᠶᠢᠨ ᠦᠷ᠎ᠡ ᠶᠢ ᠬᠡᠷᠡᠭᠯᠡᠬᠦ ᠨᠣᠷᠮ᠎ᠠ ᠶᠢ 65% ᠠᠴᠠ ᠳᠡᠭᠡᠭᠰᠢ ᠳᠤ ᠬᠦᠷᠦᠭᠦᠯᠵᠦ᠂ ᠨᠤᠲᠤᠭ ᠤᠨ ᠰᠢᠯᠢᠳᠡᠭ | ᠮᠣᠳᠣᠨ ᠤ ᠲᠦᠷᠦᠯ ᠢ 2 ᠠᠴᠠ ᠳᠡᠭᠡᠭᠰᠢ ᠰᠣᠩᠭᠤᠨ ᠪᠤᠶᠢᠵᠢᠭᠤᠯᠵᠤ᠂ 1000 ᠮᠥ ᠣᠶ ᠮᠣᠳᠣᠨ ᠤ ᠰᠢᠯᠢᠳᠡᠭ ᠡᠭᠦᠯᠳᠡᠷ | ᠤᠨ ᠰᠠᠭᠤᠷᠢᠨ ᠭᠠᠵᠠᠷ ᠪᠠ 1000 ᠮᠥ ᠣᠶ ᠮᠣᠳᠣᠨ ᠤ ᠦᠷ᠎ᠡ ᠴᠤᠭᠯᠠᠭᠤᠯᠬᠤ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ | 4. ᠤᠰᠤᠨ ᠭᠠᠷᠤᠯᠲᠠ ᠶᠢᠨ ᠦᠷ᠎ᠡ ᠶᠢᠨ ᠦᠢᠯᠡᠰ᠃ ᠤᠰᠤᠨ ᠭᠠᠷᠤᠯᠲᠠ ᠶᠢᠨ ᠰᠠᠶᠢᠨ ᠦᠷ᠎ᠡ ᠶᠢᠨ ᠲᠠᠯᠠᠪᠠᠶ ᠶᠢᠨ | ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠮᠠᠨ ᠤ ᠬᠤᠳᠠ ᠶᠢᠨ ︽ᠬᠠᠳᠤᠨ ᠭᠤᠣᠯ ᠤᠨ ᠤᠷᠳᠤᠰ ᠤᠨ ᠬᠡᠰᠡᠭ | ᠤᠨ ᠬᠠᠳᠤᠨ ᠭᠤᠣᠯ ᠤᠨ ᠴᠤᠯᠪᠤᠷᠲᠤ ᠵᠢᠭᠠᠰᠤᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠤᠯᠤᠰ ᠤᠨ ᠲᠡᠰ ᠤᠨ | ᠣᠷᠣᠨ︾ ᠤ ᠤᠰᠤᠨ ᠭᠠᠷᠤᠯᠲᠠ ᠶᠢᠨ ᠡᠭᠦᠯᠳᠡᠷ ᠤᠨ ᠡᠬᠢ ᠪᠠᠶᠠᠯᠢᠭ ᠪᠣᠯᠤᠨ ᠣᠨᠴᠠ ᠪᠠᠶᠢᠭ᠎ᠠ ᠨᠤᠲᠤᠭ ᠤᠨ ᠡᠭᠦᠯᠳᠡᠷ ᠢ | ᠬᠠᠮᠠᠭᠠᠯᠠᠵᠤ᠂ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠭᠦᠨ ᠪᠣᠯᠬᠤ ᠬᠠᠳᠤᠨ ᠭᠤᠣᠯ ᠤᠨ ᠮᠥᠷᠭᠦ ᠵᠢᠭᠠᠰᠤ᠂ | ᠬᠠᠳᠤᠨ ᠭᠤᠣᠯ ᠤᠨ ᠴᠤᠯᠪᠤᠷᠲᠤ ᠵᠢᠭᠠᠰᠤ ᠪᠣᠯᠤᠨ ᠶᠠᠰᠤᠲᠤ ᠮᠡᠯᠡᠬᠡᠶ᠂ ᠱᠤᠷᠠᠭ ᠵᠠᠮᠠᠭ ᠵᠡᠷᠭᠡ ᠶᠢ ᠥᠪᠡᠰᠦᠪᠡᠨ ᠦᠷᠡᠵᠢᠭᠦᠯᠬᠦ | ᠪᠠ ᠰᠣᠩᠭᠤᠨ ᠪᠤᠶᠢᠵᠢᠭᠤᠯᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠪᠦᠲᠦᠭᠡᠭᠳᠡᠭᠦᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠂ ᠡᠭᠦᠯᠳᠡᠷ ᠬᠠᠮᠠᠭᠠᠯᠠᠬᠤ ᠪᠠ ᠥᠪᠡᠰᠦᠪᠡᠨ ᠦᠷᠡᠵᠢᠭᠦᠯᠵᠦ ᠡᠵᠡᠩᠨᠡᠬᠦ ᠪᠠ ᠠᠰᠢᠭᠯᠠᠬᠤ ᠵᠣᠷᠢᠯᠭ᠎ᠠ ᠶᠢ | ᠬᠠᠩᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠵᠠᠮᠠᠭ ᠤᠨ | ᠦᠷ᠎ᠡ ᠶᠢ ᠰᠣᠩᠭᠤᠨ ᠪᠤᠶᠢᠵᠢᠭᠤᠯᠬᠤ ᠲᠥᠪ ᠢ ᠠᠩᠬ᠎ᠠ ᠠᠯᠬᠤᠮ ᠪᠠᠶᠢᠭᠤᠯᠵᠤ᠂ ᠤᠷᠳᠤᠰ ᠬᠤᠳᠠ ᠶᠢᠨ ᠱᠤᠷᠠᠭ ᠵᠠᠮᠠᠭ ᠢ | ᠦᠷᠡᠵᠢᠭᠦᠯᠬᠦ ᠳᠤ ᠴᠢᠨᠠᠷ ᠰᠠᠶᠢᠲᠠᠶ ᠵᠠᠮᠠᠭ ᠤᠨ ᠦᠷ᠎ᠡ ᠶᠢ ᠬᠠᠩᠭᠠᠨ᠎ᠠ᠃ | ᠬᠤᠶᠠᠷ᠂ ᠭᠤᠣᠯᠳᠠᠯᠭ᠎ᠠ ᠲᠠᠢ ᠠᠵᠢᠯ | ︵ᠨᠢᠭᠡ︶ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ | 1. ᠦᠷ᠎ᠡ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠬᠤᠷᠢᠶᠠᠨ ᠴᠤᠭᠯᠠᠭᠤᠯᠬᠤ ᠠᠵᠢᠯᠯᠠᠭ᠎ᠠ ᠶᠢ | ᠥᠷᠨᠢᠭᠦᠯᠦᠨ᠎ᠡ᠃ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠮᠠᠯ ᠤᠨ ᠵᠦᠢᠯ ᠪᠠ ᠠᠩᠬᠠᠳᠤᠭᠠᠷ ᠤᠳᠠᠭᠠᠨ ᠤ ᠣᠶ | ᠰᠢᠭᠤᠶ ᠡᠪᠡᠰᠦᠨ ᠤ ᠦᠷ᠎ᠡ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠬᠤᠷᠢᠶᠠᠨ ᠴᠤᠭᠯᠠᠭᠤᠯᠬᠤ ᠠᠵᠢᠯ ᠢ | ᠬᠠᠮᠵᠢᠯᠴᠠᠨ ᠥᠷᠨᠢᠭᠦᠯᠵᠦ᠂ ᠲᠠᠷᠢᠮᠠᠯ ᠵᠢᠴᠢ ᠪᠡᠯᠴᠢᠬᠡᠷ ᠡᠪᠡᠰᠦᠨ ᠤ ᠦᠷ᠎ᠡ ᠶᠢᠨ ᠡᠬᠢ ᠪᠠᠶᠠᠯᠢᠭ ᠢ 240 ᠬᠤᠪᠢ ᠠᠴᠠ | ᠳᠡᠭᠡᠭᠰᠢ ᠴᠤᠭᠯᠠᠭᠤᠯᠵᠤ᠂ ᠨᠤᠲᠤᠭ ᠤᠨ ᠮᠣᠳᠣᠨ ᠤ ᠲᠦᠷᠦᠯ ᠪᠠ ᠨᠤᠲᠤᠭ ᠤᠨ ᠡᠪᠡᠰᠦᠨ ᠤ ᠲᠦᠷᠦᠯ ᠤᠨ ᠡᠬᠢ ᠪᠠᠶᠠᠯᠢᠭ ᠢ | 390 ᠬᠤᠪᠢ ᠠᠴᠠ ᠳᠡᠭᠡᠭᠰᠢ ᠴᠤᠭᠯᠠᠭᠤᠯᠵᠤ᠂ ᠮᠠᠨ ᠤ ᠬᠤᠲᠠ ᠶᠢᠨ ᠣᠨᠴᠠ ᠪᠠᠶᠢᠳᠠᠭ᠂ ᠬᠤᠪᠣᠷ ᠴᠤᠬᠠᠭ ᠣᠷᠣᠨ | ᠨᠤᠲᠤᠭ ᠤᠨ ᠲᠦᠷᠦᠯ ᠵᠣᠶᠢᠯ᠂ ᠬᠦᠳᠡᠭᠡ ᠶᠢᠨ ᠵᠢᠴᠢ ᠵᠡᠷᠯᠢᠭ ᠲᠦᠷᠦᠯ ᠵᠣᠶᠢᠯ ᠢ ᠦᠷ᠎ᠡ ᠶᠢᠨ ᠡᠬᠢ ᠪᠠᠶᠠᠯᠢᠭ ᠤᠨ | ᠬᠥᠮᠥᠷᠭᠡ ᠳᠤ ᠣᠷᠣᠭᠤᠯᠤᠨ ᠬᠠᠮᠠᠭᠠᠯᠠᠬᠤ ᠪᠠᠷ ᠴᠢᠷᠮᠠᠶᠢᠵᠤ᠂ ᠪᠥᠬᠦ ᠬᠤᠲᠠ ᠶᠢᠨ ᠣᠶ ᠮᠣᠳᠣᠨ ᠤ ᠤᠷᠭᠤᠮᠠᠯ ᠤᠨ ᠦᠷ᠎ᠡ | ᠶᠢᠨ ᠡᠬᠢ ᠪᠠᠶᠠᠯᠢᠭ ᠢ ᠰᠢᠰᠲ᠋ᠧᠮ ᠲᠠᠢ ᠴᠤᠭᠯᠠᠭᠤᠯᠤᠨ ᠬᠠᠮᠠᠭᠠᠯᠠᠵᠤ᠂ ᠬᠢᠨᠠᠨ ᠲᠣᠭᠲᠠᠭᠠᠵᠤ ᠦᠨᠡᠯᠡᠬᠦ ᠶᠢ ᠴᠢᠩᠭᠠᠷᠠᠭᠤᠯᠤᠨ᠂ | ᠪᠥᠬᠦ ᠬᠤᠲᠠ ᠶᠢᠨ ᠣᠶ ᠮᠣᠳᠣᠨ ᠤ ᠤᠷᠭᠤᠮᠠᠯ ᠤᠨ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ | ᠵᠢᠭᠰᠠᠭᠠᠯᠲᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠪᠥᠬᠦ ᠬᠤᠲᠠ ᠶᠢᠨ ᠮᠠᠯ ᠵᠢᠭᠦᠷᠲᠡᠨ ᠤ | ᠦᠷ᠎ᠡ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠪᠥᠬᠦ ᠬᠤᠲᠠ ᠶᠢᠨ ᠮᠠᠯ ᠵᠢᠭᠦᠷᠲᠡᠨ ᠤ | ᠤᠳᠤᠮᠯᠠᠯ ᠤᠨ ᠡᠬᠢ ᠪᠠᠶᠠᠯᠢᠭ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ | ᠪᠣᠳᠠᠲᠠᠶ ᠨᠠᠶᠢᠳᠠᠪᠤᠷᠢᠵᠢᠭᠤᠯᠤᠨ᠎ᠠ᠃ ᠳᠣᠤᠷᠠᠬᠢ ᠡᠯ᠎ᠡ ᠵᠣᠶᠢᠯ ᠤᠨ ᠡᠭᠦᠷᠭᠡ ᠶᠢ ᠴᠥᠮ ᠡᠯ᠎ᠡ ᠬᠤᠰᠢᠭᠤ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠬᠡᠷᠡᠭᠲᠡᠶ᠂ ᠳᠠᠭᠢᠵᠤ ᠵᠢᠭᠰᠠᠭᠠᠬᠤ ᠥᠬᠡᠶ︶᠃ | 2. ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠠᠷᠪᠠᠰ ᠤᠨ ᠨᠣᠯᠤᠤᠷ ᠤᠨ | ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ ᠦᠦᠰᠢᠨ ᠮᠣᠷᠢ᠂ ᠬᠤᠤᠰ ᠪᠥᠬᠦᠲᠦ ᠲᠡᠮᠡᠭᠡ ᠵᠡᠷᠭᠡ ᠣᠷᠣᠨ ᠨᠤᠲᠤᠭ | ᠤᠨ ᠡᠭᠦᠯᠳᠡᠷ ᠢ ᠬᠠᠮᠠᠭᠠᠯᠠᠬᠤ ᠠᠵᠢᠯ ᠢ ᠳᠡᠮᠵᠢᠨ᠎ᠡ᠃ ᠴᠡᠴᠡᠭ ᠤᠨ ᠨᠠᠪᠴᠢᠲᠤ ᠬᠠᠶᠢᠲᠠᠩ᠂ ᠮᠣᠩᠭᠤᠯ ᠪᠤᠶᠢᠯᠠᠰᠤᠨ ᠲᠤᠭᠤᠷ᠂ | ᠲᠠᠪᠤᠯᠵᠢᠨ ᠪᠠᠲᠤᠴᠠᠭᠠᠨ᠂ ᠮᠣᠩᠭᠤᠯ ᠲᠣᠮᠣ ᠮᠣᠳᠣ᠂ ᠣᠷᠬᠢᠴᠠ᠂ ᠬᠠᠭᠠᠰ ᠬᠤᠨᠤᠭ ᠤᠨ ᠴᠡᠴᠡᠭ᠂ ᠡᠯᠡᠰᠦᠨ ᠪᠠᠯᠤ᠂ | ᠬᠤᠨᠢᠨ ᠡᠪᠡᠰᠦ᠂ ᠬᠤᠯᠢᠮᠠᠭ ᠴᠡᠴᠡᠭᠲᠦ ᠴᠠᠷᠭᠠᠰᠤ ᠵᠡᠷᠭᠡ ᠤᠨᠴᠠᠯᠢᠬᠳᠤ ᠮᠥᠬᠦᠬᠦ ᠰᠢᠬᠠᠭᠰᠠᠨ ᠳᠦᠷᠰᠦ ᠶᠢ ᠬᠠᠮᠠᠭᠠᠯᠠᠬᠤ | ᠡᠷᠴᠢᠮ ᠢ ᠴᠢᠩᠭᠠᠷᠠᠭᠤᠯᠵᠤ᠂ ᠨᠤᠲᠤᠭ ᠤᠨ ᠮᠤᠳᠤ ᠡᠪᠡᠰᠤᠨ ᠤ ᠲᠦᠷᠦᠯ ᠤᠨ ᠡᠬᠢ ᠪᠠᠶᠠᠯᠢᠭ ᠤᠨ ᠬᠥᠮᠥᠷᠭᠡ ᠪᠠ ᠡᠬᠢ | ᠪᠠᠶᠠᠯᠢᠭ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠭᠤᠣᠯᠳᠠᠭᠤ ᠠᠮᠢᠳᠤ ᠪᠡᠶ᠎ᠡ ᠶᠢ ᠬᠠᠮᠠᠭᠠᠯᠠᠬᠤ | ᠠᠷᠭ᠎ᠠ ᠮᠠᠶ᠋ᠢᠭ ᠢᠶᠠᠷ ᠬᠠᠮᠠᠭᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠤᠳᠤᠮᠯᠠᠯ ᠤᠨ ᠪᠣᠳᠠᠰ ᠢ | ᠬᠠᠳᠠᠭᠠᠯᠠᠬᠤ ᠠᠵᠢᠯ ᠢ ᠬᠢᠵᠦ᠂ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠪᠤᠳᠠᠰ ᠤᠨ ᠲᠦᠷᠰᠣ ᠶᠢᠨ ᠤᠳᠤᠮᠯᠠᠯ ᠤᠨ | ᠡᠬᠢ ᠪᠠᠶᠠᠯᠢᠭ ᠢ ᠬᠠᠮᠠᠭᠠᠯᠠᠵᠣ᠂ ᠬᠠᠮᠠᠭᠠᠯᠠᠬᠤ ᠶᠣᠰᠣᠲᠠᠶ ᠮᠠᠯ ᠤᠨ ᠡᠭᠦᠯᠳᠡᠷ ᠤᠨ ᠰᠦᠷᠦᠭ ᠲᠤ ᠨᠥᠬᠦᠪᠥᠷᠢ ᠥᠭᠬᠦ | ᠡᠷᠴᠢᠮ ᠢ ᠴᠢᠩᠭᠠᠳᠬᠠᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠢ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶᠃ | | 3. ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠬᠠᠮᠵᠢᠨ | ᠲᠡᠭᠦᠯᠳᠡᠷᠵᠢᠭᠦᠯᠦᠨ᠎ᠡ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠠᠮᠢᠲᠠᠨ ᠤᠷᠭᠤᠮᠠᠯ ᠤᠨ ᠡᠬᠢ | ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠬᠤᠪᠣᠷ ᠴᠤᠬᠠᠭ᠂ ᠮᠥᠬᠦᠬᠦ | ᠰᠢᠬᠠᠭᠰᠠᠨ᠂ ᠤᠨᠴᠠ ᠪᠠᠶᠢᠳᠠᠭ ᠡᠬᠢ ᠪᠠᠶᠠᠯᠢᠭ ᠪᠤᠯᠤᠨ ᠤᠨᠴᠠᠯᠢᠬᠳᠤ ᠣᠷᠣᠨ ᠨᠤᠲᠤᠭ ᠤᠨ ᠲᠥᠷᠥᠯ ᠵᠣᠶᠢᠯ ᠢ | ᠭᠡᠭᠡᠭᠳᠡᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ | ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠳᠤᠮᠳᠠ ᠬᠤᠭᠤᠴᠠᠭᠠᠨ ᠤ ᠬᠥᠮᠥᠷᠭᠡ᠂ ᠡᠪᠡᠰᠦᠨ ᠤ ᠦᠷ᠎ᠡ ᠡᠳ᠋ ᠤᠨ | ᠡᠬᠢ ᠪᠠᠶᠠᠯᠢᠭ ᠤᠨ ᠭᠤᠤᠯ ᠬᠥᠮᠥᠷᠭᠡ᠂ ᠨᠤᠲᠤᠭ ᠤᠨ ᠡᠪᠡᠰᠦᠨ ᠤ ᠲᠦᠷᠦᠯ ᠤᠨ ᠡᠬᠢ ᠪᠠᠶᠠᠯᠢᠭ ᠤᠨ ᠬᠥᠮᠥᠷᠭᠡ ᠶᠢ | ᠪᠠᠶᠢᠭᠤᠯᠤᠨ ᠲᠡᠭᠦᠯᠳᠡᠷᠵᠢᠭᠦᠯᠵᠣ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠤᠢ ᠮᠣᠳᠣᠨ ᠤ ᠦᠷ᠎ᠡ | ᠶᠢᠨ ᠡᠬᠢ ᠪᠠᠶᠠᠯᠢᠭ ᠢ ᠬᠠᠳᠠᠭᠠᠯᠠᠬᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ ︵ᠬᠤᠳᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ︵ᠬᠤᠶᠠᠷ︶ ᠲᠥᠷᠥᠯ ᠵᠦᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ | 1. ᠡᠭᠦᠯᠳᠡᠷ ᠪᠤᠶᠢᠵᠢᠭᠤᠯᠬᠤ᠂ ᠤᠳᠤᠮ ᠢ ᠰᠠᠶᠢᠵᠢᠷᠠᠭᠤᠯᠬᠤ ᠶᠢ ᠴᠢᠩᠭᠠᠳᠬᠠᠨ᠎ᠠ᠃ ᠡᠭᠦᠯᠳᠡᠷ ᠪᠤᠶᠢᠵᠢᠭᠤᠯᠬᠤ | ᠠᠩᠬᠠᠨ ᠤ ᠮᠠᠲ᠋ᠧᠷᠢᠶᠠᠯ ᠢ ᠥᠷᠭᠡᠨ ᠢᠶᠠᠷ ᠴᠤᠭᠯᠠᠭᠤᠯᠵᠤ᠂ ᠭᠤᠤᠯᠳᠠᠯᠭ᠎ᠠ ᠲᠠᠢ ᠠᠵᠤ ᠣᠶᠢᠯᠡᠰ ᠤᠨ ᠬᠦᠷᠢᠶ᠎ᠡ ᠬᠡᠪᠴᠢᠶᠡᠨ | ᠳᠤ᠂ 1 — 2 ᠶᠠᠰᠤ ᠴᠢᠨᠠᠷ ᠢᠶᠠᠷ ᠰᠠᠶᠢᠨ᠂ ᠡᠰᠡᠷᠭᠦᠴᠡᠬᠦ ᠴᠢᠨᠠᠷ ᠢᠶᠠᠷ ᠴᠢᠩᠭ᠎ᠠ ᠭᠠᠵᠠᠷ ᠣᠷᠣᠨ ᠤ ᠬᠠᠭᠤᠴᠢᠨ | ᠡᠭᠦᠯᠳᠡᠷ ᠢ ᠤᠷᠢᠳᠠᠪᠠᠷ ᠨᠡᠭᠡᠭᠡᠨ ᠠᠰᠢᠭᠯᠠᠬᠤ ᠪᠠᠷ ᠴᠢᠷᠮᠠᠶᠢᠨ᠎ᠠ᠃ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠲᠤᠪᠠᠷ | ᠡᠳ᠋ᠯᠡᠬᠦ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠮᠠᠨ ᠤ | ᠬᠤᠲᠠ ᠳᠤ ᠳᠠᠷᠢᠬᠤ ᠳᠤ ᠳᠣᠭᠢᠷᠠᠬᠤ ᠡᠷᠳᠡᠨᠢ ᠰᠢᠰᠢ᠂ ᠰᠢᠯᠦᠬᠡᠶ ᠰᠢᠰᠢ ᠶᠢᠨ ᠲᠥᠷᠥᠯ ᠤᠨ ᠴᠢᠨᠠᠷ ᠰᠠᠶᠢᠲᠠᠶ ᠰᠢᠨ᠎ᠡ | ᠡᠭᠦᠯᠳᠡᠷ ᠢ 5 ᠠᠴᠠ ᠳᠡᠭᠡᠭᠰᠢ ᠪᠤᠶᠢᠵᠢᠭᠤᠯᠤᠨ᠎ᠠ᠃ ᠵᠢᠮᠢᠰᠯᠡᠬᠦ ᠨᠣᠷᠮ᠎ᠠ᠂ ᠠᠮᠢᠳᠤ ᠪᠣᠳᠠᠰ ᠤᠨ ᠬᠡᠮᠵᠢᠶ᠎ᠡ ᠶᠢ ᠳᠡᠭᠡᠭᠰᠢᠯᠡᠭᠦᠯᠵᠦ | ᠂ ᠮᠥᠬᠦᠯᠢᠭ ᠤᠨ ᠬᠠᠭᠠᠷᠠᠬᠤ ᠶᠢ ᠪᠠᠭᠤᠷᠠᠭᠤᠯᠬᠤ ᠪᠠᠷ ᠭᠤᠤᠯᠳᠠᠯᠭ᠎ᠠ ᠪᠣᠯᠭᠠᠨ᠂ ᠲᠤᠷᠤᠭ ᠲᠡᠷᠪᠡᠯᠵᠢ᠂ ᠲᠠᠯᠠᠨ ᠬᠠᠯᠢᠰᠤ᠂ | ᠴᠠᠭᠠᠨ ᠬᠠᠷᠭᠠᠨ᠎ᠠ᠂ ᠲᠤᠮᠳᠠ ᠶᠢᠨ ᠬᠠᠷᠭᠠᠨ᠎ᠠ᠂ ᠡᠯᠡᠰᠦᠨ ᠪᠤᠷᠭᠠᠰᠤ᠂ ᠰᠧᠩᠳᠧᠩ᠂ ᠠᠷᠤ ᠭᠠᠵᠠᠷ ᠤᠨ ᠤᠯᠠᠭᠠᠨ ᠵᠡᠷᠭᠡ | ᠰᠢᠯᠢᠳᠡᠭ ᠣᠶ ᠡᠪᠡᠰᠦᠨ ᠤ ᠡᠭᠦᠯᠳᠡᠷ ᠢ 2 ᠠᠴᠠ ᠳᠡᠭᠡᠭᠰᠢ ᠪᠤᠶᠢᠵᠢᠭᠤᠯᠤᠨ᠎ᠠ᠃ ᠮᠠᠯ ᠵᠢᠭᠦᠷᠲᠡᠨ ᠤ ᠤᠳᠤᠮ ᠢ | ᠰᠠᠶᠢᠵᠢᠷᠠᠭᠤᠯᠬᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠡᠭᠦᠯᠳᠡᠷ ᠪᠤᠶᠢᠵᠢᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠂ ᠠᠷᠪᠠᠰ ᠤᠨ ᠨᠣᠯᠤᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ | ᠦᠦᠰᠢᠨ ᠮᠣᠷᠢ ᠵᠡᠷᠭᠡ ᠳᠠᠪᠠᠭᠤᠯᠢᠭ ᠤᠨᠴᠠᠯᠢᠭᠳᠤ ᠣᠷᠣᠨ ᠨᠤᠲᠤᠭ ᠤᠨ ᠡᠭᠦᠯᠳᠡᠷ ᠢ ᠦᠷᠭᠦᠯᠵᠢᠯᠡᠨ ᠰᠣᠩᠭᠤᠨ | ᠪᠤᠶᠢᠵᠢᠭᠤᠯᠵᠤ ᠳᠡᠭᠡᠭᠰᠢᠯᠡᠭᠦᠯᠦᠨ᠎ᠡ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶᠃ | 2. ᠬᠠᠮᠲᠤᠷᠠᠨ ᠡᠭᠦᠯᠳᠡᠷ ᠪᠤᠶᠢᠵᠢᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ | ᠭᠤᠣᠯᠳᠠᠯᠭᠠᠲᠤ ᠦᠷ᠎ᠡ ᠶᠢᠨ ᠦᠢᠯᠡᠰ ᠤᠨ ᠬᠦᠷᠢᠶᠡᠨ ᠳᠤ ᠭᠤᠣᠯᠯᠠᠭᠴᠢ ᠦᠷ᠎ᠡ ᠶᠢᠨ ᠢᠷᠡᠯᠲᠡ ᠶᠢᠨ ᠬᠠᠩᠭᠠᠯᠭ᠎ᠠ ᠶᠢᠨ | ᠨᠣᠷᠮ᠎ᠠ ᠶᠢ ᠳᠡᠭᠡᠭᠰᠢᠯᠡᠭᠦᠯᠬᠦ᠂ ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠤᠶᠢᠵᠢᠭᠤᠯᠬᠤ ᠪᠠᠷ ᠬᠠᠷᠠᠯᠲᠠ ᠪᠣᠯᠭᠠᠵᠤ᠂ ᠲᠠᠷᠢᠶᠠᠯᠠᠩ | ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠶᠢᠯᠠᠯ ᠳᠡᠭᠡᠳᠦ | ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢᠨ ᠨᠢᠭᠲᠠ ᠤᠶᠠᠯᠳᠤᠯ ᠢ ᠠᠬᠢᠭᠤᠯᠵᠤ᠂ ᠠᠷᠪᠠᠰ ᠤᠨ ᠨᠣᠣᠯᠤᠷ ᠤᠨ | ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ ᠠᠯᠠᠰᠢᠨ ᠬᠤᠨᠢ᠂ ᠠᠯᠠᠰᠢᠨ ᠦᠬᠡᠷ᠂ ᠡᠷᠳᠡᠨᠢ ᠰᠢᠰᠢ᠂ ᠰᠢᠯᠦᠬᠡᠶ | ᠰᠢᠰᠢ᠂ ᠡᠪᠡᠰᠦ ᠪᠤᠷᠳᠤᠭ᠎ᠠ᠂ ᠤᠰᠤᠨ ᠭᠠᠷᠤᠯᠲᠠ ᠶᠢᠨ ᠦᠷ᠎ᠡ ᠵᠢᠷᠠᠭᠠᠬᠠᠶ᠂ ᠬᠤᠪᠣᠷ ᠴᠤᠬᠠᠭ ᠮᠥᠬᠦᠬᠦ ᠰᠢᠬᠠᠭᠰᠠᠨ | ᠨᠤᠲᠤᠭ ᠤᠨ ᠮᠣᠳᠣᠨ ᠤ ᠲᠥᠷᠥᠯ᠂ ᠨᠤᠲᠤᠭ ᠤᠨ ᠡᠪᠡᠰᠦᠨ ᠤ ᠲᠥᠷᠥᠯ ᠵᠡᠷᠭᠡ ᠮᠠᠨ ᠤ ᠬᠤᠲᠠ ᠶᠢᠨ ᠳᠠᠪᠠᠭᠤᠯᠢᠭ | ᠤᠨᠴᠠᠯᠢᠭᠳᠤ ᠪᠣᠳᠠᠰ ᠤᠨ ᠳᠦᠷᠰᠦ ᠶᠢᠨ ᠲᠣᠭᠤᠷᠢᠨ ᠳᠤ᠂ ᠳᠠᠪᠠᠭᠤᠯᠢᠭ ᠬᠦᠴᠦᠨ ᠢ ᠡᠮᠬᠢᠯᠡᠨ ᠨᠡᠶᠢᠯᠡᠭᠦᠯᠵᠦ ᠬᠠᠮᠲᠤᠷᠠᠨ | ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠨ᠂ | ᠬᠦᠴᠦ ᠪᠠᠨ ᠬᠠᠮᠲᠤᠳᠬᠠᠨ ᠮᠠᠨ ᠤ ᠬᠤᠲᠠ ᠶᠢᠨ ᠦᠷ᠎ᠡ ᠶᠢᠨ ᠣᠶᠢᠯᠡᠰ ᠤᠨ ᠰᠢᠨ᠎ᠡ ᠶᠢ ᠡᠭᠦᠳᠬᠦ ᠬᠢᠷᠢ ᠲᠦᠪᠰᠢᠨ ᠢ | ᠳᠡᠭᠡᠭᠰᠢᠯᠡᠭᠦᠯᠵᠦ᠂ ᠡᠭᠦᠯᠳᠡᠷ ᠰᠣᠩᠭᠤᠨ ᠪᠤᠶᠢᠵᠢᠭᠤᠯᠬᠤ ᠠᠬᠢᠴᠠ ᠶᠢ ᠲᠦᠷᠭᠡᠳᠬᠡᠨ᠎ᠡ ︵ᠬᠤᠲᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶᠃ | 3. ᠰᠢᠯᠢᠳᠡᠭ ᠡᠭᠦᠯᠳᠡᠷ ᠢ ᠱᠠᠩᠨᠠᠬᠤ ᠲᠣᠭᠲᠠᠴᠠ ᠶᠢ ᠬᠡᠷᠡᠭᠵᠢᠭᠦᠯᠦᠨ᠎ᠡ᠃ ᠰᠢᠯᠢᠳᠡᠭ ᠡᠭᠦᠯᠳᠡᠷ ᠢ ᠱᠠᠩᠨᠠᠬᠤ ᠲᠥᠷᠥ | ᠶᠢᠨ ᠪᠣᠳᠣᠯᠭ᠎ᠠ ᠶᠢ ᠬᠡᠷᠡᠭᠵᠢᠭᠦᠯᠬᠦ ᠵᠢᠴᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠯᠭ᠎ᠠ ᠳᠤ ᠨᠡᠶᠢᠴᠡᠬᠦ ᠰᠢᠯᠢᠳᠡᠭ ᠡᠭᠦᠯᠳᠡᠷ | ᠪᠣᠯᠤᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠢ ᠱᠠᠩᠨᠠᠭᠰᠠᠨ ᠰᠠᠭᠤᠷᠢᠨ ᠳᠡᠭᠡᠷ᠎ᠡ᠂ ᠠᠷᠪᠠᠰ ᠤᠨ ᠨᠣᠯᠤᠤᠷ ᠤᠨ | ᠢᠮᠠᠭ᠎ᠠ᠂ ᠤᠷᠳᠤᠰ ᠤᠨ ᠨᠠᠷᠢᠨ ᠨᠤᠤᠰᠤᠳᠤ ᠬᠤᠨᠢ᠂ ᠦᠦᠰᠢᠨ ᠮᠤᠷᠢ ᠶᠢᠨ ᠡᠭᠦᠯᠳᠡᠷ ᠬᠠᠮᠠᠭᠠᠯᠠᠬᠤ ᠲᠠᠯᠠᠪᠠᠢ᠂ ᠣᠷᠣᠭᠤᠯᠵᠤ | ᠢᠷᠡᠭᠰᠡᠨ ᠠᠯᠠᠰᠢᠨ ᠬᠤᠨᠢ᠂ ᠠᠯᠠᠰᠢᠨ ᠦᠬᠡᠷ᠂ ᠦᠷ᠎ᠡ ᠶᠢᠨ ᠮᠠᠯ ᠵᠢᠭᠦᠷᠲᠡᠨ ᠤ ᠲᠠᠯᠠᠪᠠᠢ᠂ ᠡᠷᠳᠡᠨᠢ ᠰᠢᠰᠢ ᠬᠢᠭᠡᠳ | ᠰᠢᠯᠦᠬᠡᠶ ᠰᠢᠰᠢ ᠶᠢᠨ ᠲᠦᠷᠦᠯ ᠤᠨ ᠬᠤᠯᠢᠮᠠᠭ ᠠᠮᠤ ᠪᠤᠷᠴᠠᠭ ᠤᠨ ᠲᠠᠷᠢᠮᠠᠯ ᠤᠨ ᠦᠷ᠎ᠡ ᠪᠤᠶᠢᠵᠢᠭᠤᠯᠬᠤ ᠠᠵᠤ ᠠᠬᠤᠶᠢᠯᠠᠯ | ᠡᠷᠳᠡᠮ ᠰᠢᠨᠵᠢᠯᠡᠬᠡᠨ ᠤ ᠨᠢᠭᠡᠴᠡ ᠶᠢ ᠵᠣᠬᠢᠬᠤ ᠬᠡᠮᠵᠢᠶ᠎ᠡ ᠪᠠᠷ ᠱᠠᠩᠨᠠᠬᠤ ᠬᠡᠷᠡᠭᠲᠡᠶ᠃ ᠬᠤᠲᠠ ᠶᠢᠨ ᠳᠣᠲᠣᠷᠠᠬᠢ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠡᠯᠡᠰᠦᠨ ᠪᠤᠷᠭᠠᠰᠤ᠂ ᠲᠤᠷᠤᠭ ᠲᠡᠷᠪᠡᠯᠵᠢ᠂ ᠲᠠᠯᠠᠨ | ᠬᠠᠯᠢᠰᠤ᠂ ᠮᠠᠩᠬᠠᠨ ᠠᠷᠴᠠ᠂ ᠬᠠᠭᠤᠷᠠᠶ ᠪᠤᠷᠭᠠᠰᠤ᠂ ᠲᠤᠮᠳᠠ ᠶᠢᠨ ᠬᠠᠷᠭᠠᠨ᠎ᠠ᠂ ᠨᠠᠷᠠᠰᠤ ᠵᠡᠷᠭᠡ ᠲᠦᠷᠦᠯ ᠵᠣᠶᠢᠯ ᠤᠨ ᠵᠢᠯ | ᠤᠨ ᠳᠡᠯᠭᠡᠷᠡᠭᠦᠯᠬᠦ ᠲᠠᠯᠠᠪᠠᠶ ᠪᠤᠶᠤ ᠰᠢᠷᠢᠰ ᠲᠦᠷᠦᠯ ᠵᠣᠶᠢᠯ ᠤᠨ ᠨᠡᠶᠢᠲᠡ ᠳᠡᠯᠭᠡᠷᠡᠭᠦᠯᠬᠦ ᠲᠠᠯᠠᠪᠠᠶ ᠨᠢ ᠲᠣᠭᠲᠠᠭᠠᠭᠰᠠᠨ | ᠱᠠᠭᠠᠷᠳᠠᠯᠭ᠎ᠠ ᠳᠤ ᠬᠦᠷᠦᠭᠰᠡᠨ ᠰᠢᠯᠢᠳᠡᠭ ᠡᠭᠦᠯᠳᠡᠷ ᠲᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ ︵ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | 4. ᠦᠷ᠎ᠡ ᠶᠢᠨ ᠣᠶᠢᠯᠡᠰ ᠤᠨ ᠰᠠᠭᠤᠷᠢ ᠰᠤᠳᠤᠯᠤᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ | ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠣᠭᠤᠷᠢᠨ ᠳᠤ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ | ᠰᠤᠳᠤᠯᠤᠯ ᠤᠨ ᠬᠦᠷᠢᠶᠡᠨ ᠤ ᠳᠠᠪᠠᠭᠤᠯᠢᠭ ᠢ ᠪᠠᠳᠠᠷᠠᠭᠤᠯᠤᠨ᠂ ᠳᠠᠪᠠᠭᠤᠯᠢᠭ ᠦᠷ᠎ᠡ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠠᠵᠢᠯ ᠢ ᠴᠢᠩᠭᠠᠳᠬᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠷᠳᠡᠮ | ᠰᠢᠨᠵᠢᠯᠡᠬᠡᠨ ᠤ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ ᠪᠤᠰᠤᠳ ᠡᠷᠳᠡᠮ ᠰᠢᠨᠵᠢᠯᠡᠬᠡᠨ ᠤ | ᠬᠦᠷᠢᠶᠡᠯᠡᠩ ᠭᠠᠵᠠᠷ ᠢ ᠮᠠᠨ ᠤ ᠬᠤᠲᠠ ᠳᠤ ᠣᠷᠣᠭᠤᠯᠤᠨ ᠠᠪᠴᠢᠷᠠᠵᠤ ᠰᠢᠨᠵᠢᠯᠡᠬᠦ ᠤᠬᠠᠭᠠᠨ ᠤ ᠰᠤᠳᠤᠯᠭᠠᠨ ᠬᠢᠯᠭᠡᠨ᠎ᠡ᠃ | ᠮᠠᠨ ᠤ ᠬᠤᠳᠠ ᠶᠢᠨ ᠴᠢᠬᠤᠯᠠ ᠲᠠᠷᠢᠮᠠᠯ ᠤᠨ ᠵᠦᠢᠯ᠂ ᠡᠪᠡᠰᠦᠨ ᠲᠡᠵᠢᠭᠡᠯᠳᠤ ᠭᠡᠷ ᠤᠨ ᠲᠡᠵᠢᠭᠡᠪᠦᠷᠢ ᠪᠣᠯᠤᠨ ᠤᠢ ᠰᠢᠭᠤᠶ | ᠡᠪᠡᠰᠦᠨ ᠤ ᠲᠥᠷᠥᠯ ᠵᠦᠢᠯ ᠤᠨ ᠭᠧᠨ ᠤ ᠵᠢᠷᠤᠭ ᠤᠨ ᠵᠢᠭᠰᠠᠯ ᠢ ᠠᠯᠬᠤᠮ ᠠᠯᠬᠤᠮ ᠢᠶᠠᠷ ᠪᠠᠶᠢᠭᠤᠯᠵᠤ᠂ ᠲᠡᠷᠢᠭᠦᠨ ᠤ | ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠮᠡᠷᠭᠡᠵᠢᠯ ᠢ ᠠᠰᠢᠭᠯᠠᠨ ᠡᠭᠦᠯᠳᠡᠷ ᠰᠠᠶᠢᠵᠢᠷᠠᠭᠤᠯᠤᠨ᠂ ᠦᠷ᠎ᠡ ᠪᠤᠶᠢᠵᠢᠭᠤᠯᠬᠤ | ᠮᠠᠲ᠋ᠧᠷᠢᠶᠠᠯ ᠢ ᠡᠭᠦᠳᠴᠦ᠂ ᠦᠷ᠎ᠡ ᠶᠢᠨ ᠡᠬᠢ ᠪᠠᠶᠠᠯᠢᠭ ᠤᠨ ᠣᠨᠴᠣᠭᠤᠶ ᠭᠧᠨ ᠢ ᠠᠭᠤᠳᠠᠯᠬᠤ ᠪᠠ ᠠᠰᠢᠭᠯᠠᠵᠤ᠂ ᠦᠷ᠎ᠡ | ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠰᠠᠭᠤᠷᠢ ᠲᠠᠯᠪᠢᠵᠤ ᠥᠭᠭᠦᠨ᠎ᠡ ︵ᠬᠤᠳᠠ | ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠳᠠ ᠶᠢᠨ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶᠃ | 5. ᠡᠮᠦᠨᠡᠳᠤ ᠤᠷᠤᠨ ᠳᠤ ᠪᠤᠶᠢᠵᠢᠭᠤᠯᠬᠤ ᠡᠷᠳᠡᠮ ᠰᠢᠨᠵᠢᠯᠡᠬᠡᠨ ᠤ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠡᠮᠦᠨᠡᠳᠤ ᠤᠷᠤᠨ ᠳᠤ ᠪᠤᠶᠢᠵᠢᠭᠤᠯᠬᠤ ᠦᠷ᠎ᠡ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠵᠤ᠂ ᠦᠷ᠎ᠡ ᠪᠤᠶᠢᠵᠢᠭᠤᠯᠬᠤ ᠡᠷᠳᠡᠮ ᠰᠢᠨᠵᠢᠯᠡᠬᠡᠨ ᠤ ᠨᠢᠭᠡᠴᠡ ᠬᠢᠭᠡᠳ ᠦᠷ᠎ᠡ ᠶᠢᠨ ᠠᠵᠤ ᠠᠬᠤᠶᠢᠯᠠᠯ ᠤᠨ | ᠡᠮᠦᠨᠡᠳᠤ ᠤᠷᠤᠨ ᠳᠤ ᠪᠤᠶᠢᠵᠢᠭᠤᠯᠬᠤ ᠡᠷᠳᠡᠮ ᠰᠢᠨᠵᠢᠯᠡᠬᠡᠨ ᠤ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠂ | ᠡᠮᠦᠨᠡᠳᠤ ᠤᠷᠤᠨ ᠳᠤ ᠪᠤᠶᠢᠵᠢᠭᠤᠯᠬᠤ ᠰᠠᠭᠤᠷᠢᠨ ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ᠂ ᠢᠵᠢ ᠪᠦᠷᠢᠳᠦᠭᠦᠯᠬᠦ ᠪᠠ | ᠦᠷ᠎ᠡ ᠪᠤᠶᠢᠵᠢᠭᠤᠯᠬᠤ ᠲᠤᠷᠰᠢᠯᠲᠠ ᠶᠢᠨ ᠲᠦᠭᠦᠭᠡᠷᠤᠮᠵᠢ ᠶᠢᠨ ᠪᠦᠳᠦᠬᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ | ᠲᠤᠰᠬᠠᠶᠢᠵᠢᠭᠰᠠᠨ ᠡᠪᠡᠳᠴᠢᠨ ᠬᠤᠷᠣᠬᠠᠶ ᠶᠢᠨ ᠬᠦᠨᠦᠬᠡᠯ ᠢ ᠨᠢᠭᠡᠳᠦᠯᠲᠡᠶ ᠰᠡᠷᠭᠡᠶᠢᠯᠡᠨ ᠵᠠᠰᠠᠬᠤ ᠲᠥᠬᠦᠭᠡᠷᠦᠮᠵᠢ ᠬᠤᠳᠠᠯᠳᠤᠨ | ᠠᠪᠬᠤ ᠵᠡᠷᠭᠡ ᠳᠤ ᠳᠡᠮᠵᠢᠯᠭᠡ ᠦᠵᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠦᠷ᠎ᠡ ᠪᠤᠶᠢᠵᠢᠭᠤᠯᠬᠤ ᠦᠢᠯᠡᠴᠢᠯᠡᠭᠡ᠂ | ᠦᠷ᠎ᠡ ᠪᠤᠶᠢᠵᠢᠭᠤᠯᠬᠤ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠠᠵᠢᠯ ᠢ ᠥᠷᠨᠢᠭᠦᠯᠵᠦ᠂ ᠦᠷ᠎ᠡ ᠪᠤᠶᠢᠵᠢᠭᠤᠯᠬᠤ ᠡᠷᠳᠡᠮ | ᠰᠢᠨᠵᠢᠯᠡᠬᠡᠨ ᠤ ᠨᠢᠭᠡᠴᠡ᠂ ᠦᠷ᠎ᠡ ᠶᠢᠨ ᠠᠵᠤ ᠠᠬᠤᠶᠢᠯᠠᠯ ᠤᠨ ᠦᠷ᠎ᠡ ᠪᠤᠶᠢᠵᠢᠭᠤᠯᠬᠤ ᠮᠠᠲ᠋ᠧᠷᠢᠶᠠᠯ ᠢ ᠡᠮᠦᠨᠡᠳᠤ ᠤᠷᠤᠨ ᠳᠤ | ᠪᠤᠶᠢᠵᠢᠭᠤᠯᠬᠤ ᠪᠠ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠵᠡᠷᠭᠡ ᠳᠤ ᠮᠡᠷᠭᠡᠵᠢᠯ ᠤᠨ | ᠲᠤᠯᠭᠠᠭᠤᠷᠢᠯᠠᠯ ᠪᠠ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠬᠠᠷᠢᠭᠤᠴᠠᠨ᠎ᠠ︶᠃ | ︵ᠭᠤᠷᠪᠠ︶ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠬᠡᠳᠬᠡᠨ᠎ᠡ | 1. ᠰᠠᠶᠢᠨ ᠡᠭᠦᠯᠳᠡᠷ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ᠬᠤᠶᠠᠷ ᠭᠤᠣᠯ ᠤᠨ ᠰᠠᠪᠠ ᠭᠠᠵᠠᠷ ᠲᠤ ᠴᠢᠨᠠᠷ ᠰᠠᠶᠢᠲᠠᠢ ᠡᠷᠳᠡᠨᠢ ᠰᠢᠰᠢ᠂ ᠭᠤᠸ᠎ᠠ ᠵᠢᠮᠢᠰ ᠢᠳᠡᠰᠢᠨ ᠨᠣᠭᠤᠭ᠎ᠠ ᠶᠢᠨ | ᠦᠷ᠎ᠡ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠮᠡᠷᠭᠡᠵᠢᠯ ᠤᠨ ᠬᠤᠷᠠᠮᠠᠯ ᠤᠨ ᠰᠠᠭᠤᠷᠢᠨ ᠭᠠᠵᠠᠷ ᠢ | ᠪᠥᠳᠥᠭᠡᠨ ᠪᠠᠶᠢᠭᠤᠯᠵᠤ᠂ ᠵᠡᠭᠦᠨ ᠬᠡᠰᠡᠭ ᠤᠨ ᠳᠣᠪᠣᠷᠬᠠᠭ ᠠᠭᠤᠯᠠᠷᠬᠠᠭ ᠣᠷᠣᠨ ᠳᠤ ᠴᠢᠨᠠᠷ ᠰᠠᠶᠢᠲᠠᠶ ᠬᠤᠯᠢᠮᠠᠭ ᠠᠮᠤ | ᠪᠤᠷᠴᠠᠭ ᠤᠨ ᠦᠷ᠎ᠡ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠮᠡᠷᠭᠡᠵᠢᠯ ᠤᠨ ᠬᠤᠷᠠᠮᠠᠯ ᠤᠨ ᠰᠠᠭᠤᠷᠢᠨ | ᠭᠠᠵᠠᠷ ᠢ ᠪᠥᠳᠥᠭᠡᠨ ᠪᠠᠶᠢᠭᠤᠯᠵᠤ᠂ ᠪᠡᠯᠴᠢᠬᠡᠷ ᠡᠪᠡᠰᠦ ᠵᠢᠴᠢ ᠤᠢ ᠮᠣᠳᠣ ᠲᠡᠷᠢᠬᠤ ᠳᠤ ᠵᠤᠬᠢᠷᠠᠬᠤ ᠭᠠᠵᠠᠷ ᠣᠷᠣᠨ ᠳᠤ | ᠦᠷ᠎ᠡ ᠲᠡᠭᠦᠬᠦ ᠰᠠᠭᠤᠷᠢᠨ ᠭᠠᠵᠠᠷ ᠪᠠ ᠵᠤᠯᠵᠠᠭ᠎ᠠ ᠮᠣᠳᠣᠨ ᠤ ᠬᠦᠷᠢᠶᠡᠯᠡᠩ ᠢ ᠪᠥᠳᠥᠭᠡᠨ ᠪᠠᠶᠢᠭᠤᠯᠤᠨ᠎ᠠ᠃ ᠰᠠᠭᠤᠷᠢᠨ | ᠭᠠᠵᠠᠷ ᠤᠨ ᠲᠠᠷᠢᠶᠠᠨ ᠭᠠᠵᠠᠷ ᠤᠨ ᠶᠠᠰᠤ ᠴᠢᠨᠠᠷ᠂ ᠡᠭᠦᠯᠳᠡᠷ ᠦᠷ᠎ᠡ ᠪᠤᠶᠢᠵᠢᠭᠤᠯᠬᠤ ᠲᠤᠷᠰᠢᠯᠲᠠ᠂ ᠡᠪᠡᠳᠴᠢᠨ ᠬᠤᠷᠣᠬᠠᠶ | ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠨ ᠵᠠᠰᠠᠬᠤ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠵᠡᠷᠭᠡ ᠶᠢ | ᠳᠡᠭᠡᠭᠰᠢᠯᠡᠭᠦᠯᠬᠦ ᠪᠠᠷ ᠳᠠᠮᠵᠢᠭᠤᠯᠤᠨ᠂ ᠡᠭᠦᠯᠳᠡᠷ ᠦᠷ᠎ᠡ ᠪᠤᠶᠢᠵᠢᠭᠤᠯᠬᠤ ᠡᠷᠳᠡᠮ ᠰᠢᠨᠵᠢᠯᠡᠬᠡᠨ ᠤ ᠨᠢᠭᠡᠴᠡ ᠶᠢᠨ ᠰᠢᠨ᠎ᠡ | ᠡᠭᠦᠯᠳᠡᠷ ᠦᠷ᠎ᠡ ᠰᠣᠩᠭᠤᠨ ᠪᠤᠶᠢᠵᠢᠭᠤᠯᠬᠤ᠂ ᠲᠤᠷᠰᠢᠯᠲᠠ ᠬᠢᠬᠦ᠂ ᠰᠠᠶᠢᠨ ᠦᠷ᠎ᠡ ᠰᠠᠶᠢᠨ ᠠᠷᠭ᠎ᠠ ᠶᠢ ᠢᠵᠢ ᠪᠥᠷᠢᠳᠦᠭᠦᠯᠦᠨ | ᠬᠤᠷᠠᠮᠳᠤᠭᠤᠯᠬᠤ᠂ ᠤᠤᠯ ᠤᠨ ᠡᠭᠦᠯᠳᠡᠷ ᠦᠷ᠎ᠡ ᠶᠢ ᠦᠷᠡᠵᠢᠭᠦᠯᠬᠦ᠂ ᠮᠡᠷᠭᠡᠵᠢᠯ ᠢ ᠳᠡᠯᠭᠡᠷᠡᠭᠦᠯᠬᠦ ᠪᠣᠯᠪᠠᠰᠤᠷᠠᠭᠤᠯᠤᠯ ᠳᠤ | ᠲᠤᠯᠭᠠᠭᠤᠷᠢᠯᠠᠯ ᠬᠠᠩᠭᠠᠵᠤ᠂ ᠡᠭᠦᠯᠳᠡᠷ ᠦᠷ᠎ᠡ ᠪᠤᠶᠢᠵᠢᠭᠤᠯᠬᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠂ | ᠡᠯ᠎ᠡ ᠬᠤᠰᠢᠭᠤ ᠲᠤᠭᠤᠷᠢᠭ ᠤᠨ ᠪᠡᠶ᠎ᠡ ᠪᠠᠨ ᠲᠠᠭᠠᠭᠠᠭᠰᠠᠨ ᠲᠣᠭᠲᠠᠪᠤᠷᠢᠲᠠᠶ ᠰᠠᠶᠢᠨ ᠡᠭᠦᠯᠳᠡᠷ ᠦᠷ᠎ᠡ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃ | ︵1︶ ᠡᠷᠳᠡᠨᠢ ᠰᠢᠰᠢ᠃ ᠨᠥᠬᠦᠴᠡᠯ ᠲᠠᠢ ᠡᠭᠦᠯᠳᠡᠷ ᠦᠷ᠎ᠡ ᠪᠤᠶᠢᠵᠢᠭᠤᠯᠬᠤ ᠠᠵᠤ ᠠᠬᠤᠶᠢᠯᠠᠯ ᠤᠨ ᠰᠠᠶᠢᠨ ᠡᠭᠦᠯᠳᠡᠷ | ᠦᠷ᠎ᠡ ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ | ᠲᠠᠯᠠᠳ ᠬᠤᠰᠢᠭᠤ᠂ ᠦᠦᠰᠢᠨ ᠬᠤᠰᠢᠭᠤ᠂ ᠬᠠᠩᠭᠢᠨ ᠬᠤᠰᠢᠭᠤᠨ ᠳᠤ ᠥᠨᠳᠥᠷ ᠪᠠᠷᠢᠮᠵᠢᠶᠠᠲᠤ ᠡᠷᠳᠡᠨᠢ ᠰᠢᠰᠢ ᠶᠢᠨ ᠦᠷ᠎ᠡ | ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 15000 ᠮᠦ ᠪᠠᠶᠢᠭᠤᠯᠤᠨ᠎ᠠ᠃ ᠡᠷᠳᠡᠨᠢ ᠰᠢᠰᠢ ᠶᠢᠨ ᠭᠤᠤᠯ ᠭᠠᠷᠤᠯᠲᠠ | ᠶᠢᠨ ᠣᠷᠣᠨ ᠳᠤ ᠵᠢᠯ ᠪᠦᠷᠢ 100 ᠮᠥ ᠠᠴᠠ ᠪᠠᠭ᠎ᠠ ᠥᠬᠡᠶ ᠡᠷᠳᠡᠨᠢ ᠰᠢᠰᠢ ᠶᠢᠨ ᠰᠢᠨ᠎ᠡ ᠡᠭᠦᠯᠳᠡᠷ ᠦᠷ᠎ᠡ᠂ ᠰᠢᠨ᠎ᠡ | ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠴᠡᠭ ᠢ 1 ᠳᠣᠭᠢᠷᠠᠭᠤᠯᠤᠨ᠎ᠠ᠃ | ︵2︶ ᠬᠤᠯᠢᠮᠠᠭ ᠠᠮᠤ ᠪᠤᠷᠴᠠᠭ᠃ ᠬᠤᠯᠢᠮᠠᠭ ᠠᠮᠤ ᠪᠤᠷᠴᠠᠭ ᠤᠨ ᠰᠠᠶᠢᠨ ᠡᠭᠦᠯᠳᠡᠷ ᠦᠷ᠎ᠡ ᠶᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠵᠡᠭᠦᠨ ᠬᠡᠰᠡᠭ ᠤᠨ ᠳᠣᠪᠣᠷᠬᠠᠭ | ᠠᠭᠤᠯᠠᠷᠬᠠᠭ ᠣᠷᠣᠨ ᠵᠡᠷᠭᠡ ᠡᠯᠳᠡᠪ ᠠᠮᠤ ᠡᠯᠳᠡᠪ ᠪᠤᠷᠴᠠᠭ ᠤᠨ ᠭᠤᠣᠯ ᠭᠠᠷᠤᠯᠲᠠ ᠶᠢᠨ ᠣᠷᠣᠨ ᠤ ᠡᠯᠳᠡᠪ ᠠᠮᠤ ᠡᠯᠳᠡᠪ | ᠪᠤᠷᠴᠠᠭ ᠤᠨ ᠦᠷ᠎ᠡ ᠪᠤᠶᠢᠵᠢᠭᠤᠯᠬᠤ ᠠᠵᠢᠯ ᠥᠷᠨᠢᠭᠦᠯᠬᠦ ᠶᠢ ᠲᠡᠮᠵᠢᠨ᠎ᠡ᠃ ᠡᠯᠳᠡᠪ ᠠᠮᠤ ᠡᠯᠳᠡᠪ ᠪᠤᠷᠴᠠᠭ ᠤᠨ ᠭᠤᠣᠯ | ᠭᠠᠷᠤᠯᠲᠠ ᠶᠢᠨ ᠣᠷᠣᠨ ᠳᠤ ᠵᠢᠯ ᠪᠦᠷᠢ 30 ᠮᠤ᠋ ᠠᠴᠠ ᠪᠠᠭ᠎ᠠ ᠦᠭᠡᠢ ᠬᠤᠯᠢᠮᠠᠭ ᠠᠮᠤ ᠪᠤᠷᠴᠠᠭ ᠤᠨ ᠰᠢᠨ᠎ᠡ ᠲᠦᠷᠦᠯ | ᠵᠦᠢᠯ᠂ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠴᠢᠭ ᠢ 1 ᠲᠣᠬᠢᠷᠠᠭᠤᠯᠤᠨ᠎ᠠ᠃ | ︵3︶ ᠭᠤᠸ᠎ᠠ ᠵᠢᠮᠢᠰ ᠢᠳᠡᠰᠢᠨ ᠨᠣᠭᠤᠭ᠎ᠠ᠃ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠰᠠᠶᠢᠨ ᠡᠭᠦᠯᠳᠡᠷ ᠦᠷ᠎ᠡ ᠶᠢ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠯᠠᠳ | ᠬᠤᠰᠢᠭᠤ᠂ ᠵᠡᠭᠦᠨᠭᠠᠷ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤ ᠵᠡᠷᠭᠡ ᠭᠤᠸ᠎ᠠ ᠵᠢᠮᠢᠰ | ᠢᠳᠡᠰᠢᠨ ᠨᠣᠭᠤᠭ᠎ᠠ ᠶᠢᠨ ᠳᠠᠪᠠᠭᠤᠯᠢᠭ ᠭᠠᠷᠤᠯᠲᠠ ᠶᠢᠨ ᠣᠷᠣᠨ ᠢ ᠳᠡᠮᠵᠢᠵᠦ᠂ ᠭᠤᠸ᠎ᠠ ᠵᠢᠮᠢᠰ ᠢᠳᠡᠰᠢᠨ ᠨᠣᠭᠤᠭ᠎ᠠ ᠶᠢᠨ | ᠦᠷ᠎ᠡ᠂ ᠦᠷ᠎ᠡ ᠴᠢᠬᠢ ᠶᠢ ᠣᠶᠢᠯᠡᠳᠪᠦᠷᠢᠯᠠᠨ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ 1000 ᠮᠥ | ᠪᠠᠶᠢᠭᠤᠯᠵᠤ᠂ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠣᠶᠢᠯᠡᠳᠪᠦᠷᠢᠯᠠᠯ ᠤᠨ ᠦᠷ᠎ᠡ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠤᠯᠠᠮᠵᠢᠯᠠᠯᠲᠤ ᠦᠷ᠎ᠡ ᠶᠢᠨ ᠬᠠᠮᠠᠭᠠᠯᠠᠯᠲᠠ ᠶᠢ ᠴᠢᠩᠭᠠᠳᠬᠠᠨ᠎ᠠ | ᠃ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠭᠤᠣᠯ ᠭᠠᠷᠤᠯᠲᠠ ᠶᠢᠨ ᠣᠷᠣᠨ ᠳᠤ ᠵᠢᠯ ᠪᠦᠷᠢ 10 ᠮᠣ᠋ ᠠᠴᠠ ᠪᠠᠭ᠎ᠠ ᠦᠭᠡᠢ | ᠭᠤᠸ᠎ᠠ ᠵᠢᠮᠢᠰ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠦᠷ᠎ᠡ᠂ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠴᠡᠭ ᠢ 5 ᠲᠣᠬᠢᠷᠠᠭᠤᠯᠤᠨ᠎ᠠ᠃ | ︵4︶ ᠪᠡᠯᠴᠢᠬᠡᠷ ᠡᠪᠡᠰᠦ ᠪᠠ ᠠᠮᠢ ᠠᠬᠤᠶ ᠳᠤ ᠬᠡᠷᠡᠭᠯᠡᠬᠦ ᠡᠪᠡᠰᠦ᠃ ᠮᠠᠨ ᠤ ᠬᠤᠲᠠ ᠶᠢᠨ ᠪᠡᠯᠴᠢᠬᠡᠷ ᠡᠪᠡᠰᠦ | ᠳᠠᠷᠢᠬᠤ ᠳᠤ ᠵᠤᠬᠢᠷᠠᠬᠤ ᠠᠰᠢᠭᠲᠠᠶ ᠭᠠᠵᠠᠷ ᠵᠦᠶ ᠪᠠ ᠠᠭᠤᠷ ᠠᠮᠢᠰᠬᠤᠯ ᠤᠨ ᠨᠥᠬᠦᠴᠡᠯ ᠢ ᠭᠦᠢᠴᠡᠳ ᠠᠰᠢᠭᠯᠠᠨ᠂ | ᠪᠡᠯᠴᠢᠬᠡᠷ ᠡᠪᠡᠰᠦᠨ ᠤ ᠰᠠᠭᠤᠷᠢᠨ ᠭᠠᠵᠠᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠪᠠᠷ ᠲᠦᠰᠢᠭ ᠪᠣᠯᠭᠠᠵᠤ᠂ | ᠴᠠᠷᠭᠠᠰᠤ ᠶᠢᠨ ᠤᠤᠯ ᠦᠷ᠎ᠡ ᠶᠢᠨ ᠲᠠᠷᠢᠶ᠎ᠠ ᠶᠢ 5000 ᠮᠥ ᠪᠥᠲᠥᠭᠡᠨ ᠪᠠᠶᠢᠭᠤᠯᠵᠤ᠂ ᠲᠤᠮᠳᠠ ᠶᠢᠨ ᠬᠠᠷᠭᠠᠨ᠎ᠠ ᠵᠡᠷᠭᠡ | ᠠᠮᠢ ᠠᠬᠤᠶ ᠳᠤ ᠬᠡᠷᠡᠭᠯᠡᠬᠦ ᠡᠪᠡᠰᠦᠨ ᠤ ᠦᠷ᠎ᠡ ᠲᠡᠭᠦᠬᠦ ᠰᠠᠭᠤᠷᠢᠨ ᠭᠠᠵᠠᠷ ᠢ 5000 ᠮᠥ ᠪᠥᠲᠥᠭᠡᠨ ᠪᠠᠶᠢᠭᠤᠯᠬᠤ ᠶᠢ | ᠳᠡᠮᠵᠢᠨ᠎ᠡ᠃ | ︵5︶ ᠤᠢ ᠮᠣᠳᠣᠨ ᠤ ᠰᠠᠶᠢᠨ ᠡᠭᠦᠯᠳᠡᠷ ᠦᠷ᠎ᠡ᠃ ᠣᠶ ᠮᠣᠳᠣᠨ ᠤ ᠰᠠᠶᠢᠨ ᠡᠭᠦᠯᠳᠡᠷ ᠦᠷ᠎ᠡ ᠶᠢᠨ ᠰᠠᠭᠤᠷᠢᠨ | ᠭᠠᠵᠠᠷ᠂ ᠦᠷ᠎ᠡ ᠴᠤᠭᠯᠠᠭᠤᠯᠬᠤ ᠰᠠᠭᠤᠷᠢᠨ ᠭᠠᠵᠠᠷ ᠪᠠ ᠪᠠᠲᠤᠯᠠᠭ᠎ᠠ ᠶᠢᠨ ᠴᠢᠨᠠᠷᠲᠠᠶ ᠵᠤᠯᠵᠠᠭ᠎ᠠ ᠮᠣᠳᠣᠨ ᠤ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠩᠭᠢᠨ ᠬᠤᠰᠢᠭᠤᠨ ᠤ ᠤᠯᠤᠰ ᠤᠨ ᠴᠠᠭᠠᠨ ᠬᠠᠷᠭᠠᠨ᠎ᠠ ᠶᠢᠨ ᠰᠠᠶᠢᠨ ᠦᠷ᠎ᠡ | ᠶᠢᠨ ᠰᠠᠭᠤᠷᠢᠨ ᠭᠠᠵᠠᠷ ᠤᠨ ᠴᠠᠭᠠᠨ ᠬᠠᠷᠭᠠᠨ᠎ᠠ ᠶᠢᠨ ᠡᠭᠦᠯᠳᠡᠷ ᠦᠷ᠎ᠡ ᠶᠢᠨ ᠡᠬᠢ ᠪᠠᠶᠠᠯᠢᠭ ᠢ ᠬᠠᠳᠠᠭᠠᠯᠠᠬᠤ ᠬᠥᠮᠥᠷᠭᠡ ᠶᠢ | 300 ᠮᠥ ᠪᠠᠶᠢᠭᠤᠯᠬᠤ ᠶᠢ ᠳᠡᠮᠵᠢᠵᠦ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤᠨ ᠤ | ᠲᠤᠷᠤᠭ ᠲᠡᠷᠪᠡᠯᠵᠢ ᠵᠡᠷᠭᠡ ᠦᠷ᠎ᠡ ᠲᠡᠭᠦᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠠᠵᠢᠯ ᠥᠷᠨᠢᠭᠦᠯᠬᠦ ᠶᠢ ᠳᠡᠮᠵᠢᠵᠦ᠂ ᠦᠦᠰᠢᠨ ᠬᠤᠰᠢᠭᠤᠨ ᠤ ᠰᠢᠷᠬᠤᠰᠤᠨ ᠭᠤᠤᠯ ᠤᠨ ᠣᠶ ᠰᠢᠭᠤᠶ ᠶᠢᠨ ᠲᠠᠯᠠᠪᠠᠶ ᠶᠢᠨ | ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠵᠤᠯᠵᠠᠭ᠎ᠠ ᠮᠣᠳᠣᠨ ᠤ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠶᠢᠨ ᠬᠡᠪᠴᠢᠶ᠎ᠡ ᠵᠢᠴᠢ ᠲᠦᠷᠦᠯ ᠵᠣᠶᠢᠯ ᠢ ᠥᠷᠭᠡᠳᠬᠡᠬᠦ ᠶᠢ ᠳᠡᠮᠵᠢᠵᠦ᠂ ᠰᠠᠶᠢᠨ ᠡᠭᠦᠯᠳᠡᠷ ᠦᠷ᠎ᠡ | ᠦᠷᠡᠵᠢᠭᠦᠯᠦᠨ ᠪᠤᠶᠢᠵᠢᠭᠤᠯᠬᠤ ᠠᠬᠢᠴᠠ ᠶᠢ ᠳᠡᠭᠡᠭᠰᠢᠯᠡᠭᠦᠯᠦᠨ᠂ ᠣᠷᠳᠣᠰ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ | ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠵᠤᠯᠵᠠᠭ᠎ᠠ ᠮᠣᠳᠣᠨ ᠤ ᠬᠦᠷᠢᠶᠡᠯᠡᠩ ᠳᠤ | ᠣᠷᠣᠭᠤᠯᠬᠤ ᠪᠠᠷ ᠴᠢᠷᠮᠠᠶᠢᠵᠤ᠂ ᠣᠶ ᠮᠣᠳᠣᠨ ᠤ ᠦᠷ᠎ᠡ ᠴᠢᠬᠢ ᠶᠢᠨ ᠬᠠᠩᠭᠠᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | ᠭᠤᠣᠯ ᠪᠣᠯᠬᠤ ᠣᠶᠢᠵᠢᠭᠤᠯᠤᠯᠲᠠ ᠶᠢᠨ ᠮᠣᠳᠣᠨ ᠤ ᠲᠦᠷᠦᠯ ᠤᠨ ᠰᠠᠶᠢᠨ ᠡᠭᠦᠯᠳᠡᠷ ᠦᠷ᠎ᠡ ᠶᠢᠨ ᠬᠠᠩᠭᠠᠯᠭ᠎ᠠ ᠶᠢᠨ | ᠨᠤᠷᠮ᠎ᠠ ᠶᠢ 70% ᠳᠤ ᠬᠦᠷᠬᠡᠨ᠎ᠡ᠃ | 2. ᠮᠠᠯ ᠵᠢᠭᠦᠷᠲᠡᠨ ᠤ ᠡᠭᠦᠯᠳᠡᠷ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ ︵ᠬᠤᠲᠠ | ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ︶᠃ | ᠮᠠᠨ ᠤ ᠬᠤᠳᠠ ᠶᠢᠨ ᠣᠨᠴᠠ ᠪᠠᠶᠢᠭ᠎ᠠ ᠮᠠᠯ ᠤᠨ ᠡᠭᠦᠯᠳᠡᠷ ᠤᠨ ᠭᠤᠣᠯ ᠭᠠᠷᠤᠯᠲᠠ ᠶᠢᠨ ᠣᠷᠣᠨ ᠳᠤ ᠠᠷᠪᠠᠰ ᠤᠨ | ᠨᠣᠯᠤᠤᠷ ᠤᠨ ᠢᠮᠠᠭ᠎ᠠ᠂ ᠤᠷᠳᠤᠰ ᠤᠨ ᠨᠠᠷᠢᠨ ᠨᠤᠤᠰᠤᠳᠤ ᠬᠤᠨᠢ᠂ ᠦᠦᠰᠢᠨ ᠮᠣᠷᠢ ᠶᠢᠨ ᠡᠭᠦᠯᠳᠡᠷ ᠬᠠᠮᠠᠭᠠᠯᠠᠬᠤ ᠠᠵᠢᠯ ᠢ | ᠭᠤᠣᠯᠳᠠᠯᠭ᠎ᠠ ᠲᠠᠢ ᠥᠷᠨᠢᠭᠦᠯᠵᠦ᠂ ᠭᠤᠣᠯ ᠪᠣᠯᠬᠤ ᠡᠭᠦᠯᠳᠡᠷ ᠪᠤᠶᠢᠵᠢᠭᠤᠯᠬᠤ ᠲᠠᠯᠠᠪᠠᠢ ᠶᠢᠨ ᠪᠦᠳᠦᠬᠡᠨ ᠪᠠᠶᠢᠭᠤᠯᠤᠯᠲᠠ ᠶᠢ | ᠲᠡᠳᠬᠦᠬᠦ ᠡᠷᠴᠢᠮ ᠢ ᠴᠢᠩᠭᠠᠳᠬᠠᠵᠣ᠂ ᠠᠯᠠᠰᠢᠨ ᠬᠤᠨᠢ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠭᠠᠭ᠋ᠠᠶ ᠶᠢᠨ | ᠡᠭᠦᠯᠳᠡᠷ ᠦᠷ᠎ᠡ ᠶᠢᠨ ᠮᠠᠯ ᠤᠨ ᠲᠠᠯᠠᠪᠠᠢ ᠶᠢᠨ ᠰᠠᠭᠤᠷᠢ ᠲᠦᠭᠦᠭᠡᠷᠤᠮᠵᠢ ᠶᠢᠨ ᠪᠦᠳᠦᠬᠡᠨ ᠪᠠᠶᠢᠭᠤᠯᠤᠯᠲᠠ ᠶᠢ ᠲᠡᠮᠵᠢᠵᠤ᠂ | ᠡᠭᠦᠯᠳᠡᠷ ᠦᠷ᠎ᠡ ᠰᠣᠩᠭᠤᠨ ᠪᠤᠶᠢᠵᠢᠭᠤᠯᠬᠤ ᠪᠠᠷ ᠳᠠᠮᠵᠢᠭᠤᠯᠤᠨ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠲᠤᠭᠳᠠᠯᠴᠠᠭ᠎ᠠ ᠶᠢ ᠪᠦᠳᠦᠬᠡᠨ | ᠪᠠᠶᠢᠭᠤᠯᠤᠨ᠎ᠠ᠃ | ︵1︶ ᠠᠷᠪᠠᠰ ᠤᠨ ᠨᠣᠣᠯᠤᠷ ᠤᠨ ᠢᠮᠠᠭ᠎ᠠ᠃ ᠠᠷᠪᠠᠰ ᠤᠨ ᠨᠣᠯᠤᠤᠷ ᠤᠨ ᠢᠮᠠᠭᠠᠨ ᠤ ᠭᠤᠣᠯ ᠭᠠᠷᠤᠯᠲᠠ ᠶᠢᠨ | ᠣᠷᠣᠨ ᠤᠳᠤᠭ ᠬᠤᠰᠢᠭᠤ ᠪᠠᠷ ᠭᠤᠣᠯ ᠣᠷᠣᠨ ᠪᠣᠯᠭᠠᠵᠤ᠂ ᠤᠳᠤᠭ ᠤᠨ ᠡᠮᠦᠨᠡᠲᠦ ᠬᠤᠰᠢᠭᠤ᠂ ᠬᠠᠩᠭᠢᠨ ᠬᠤᠰᠢᠭᠤ ᠶᠢ | ᠨᠥᠯᠥᠭᠡᠯᠡᠨ᠂ ᠨᠣᠯᠤᠤᠷ ᠤᠨ ᠢᠮᠠᠭᠠᠨ ᠤ ᠡᠭᠦᠯᠳᠡᠷ ᠦᠷ᠎ᠡ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠬᠢᠭᠡᠳ | ᠦᠷ᠎ᠡ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠡᠭᠦᠯᠳᠡᠷ ᠦᠷ᠎ᠡ ᠪᠤᠶᠢᠵᠢᠭᠤᠯᠬᠤ ᠭᠤᠣᠯ ᠲᠠᠯᠠᠪᠠᠢ ᠶᠢᠨ | ᠪᠦᠳᠦᠬᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠡᠭᠦᠯᠳᠡᠷ ᠦᠷ᠎ᠡ ᠪᠤᠶᠢᠵᠢᠭᠤᠯᠬᠤ ᠠᠵᠤ ᠠᠬᠤᠶᠢᠯᠠᠯ ᠬᠢᠭᠡᠳ ᠡᠷᠳᠡᠮ | ᠰᠢᠨᠵᠢᠯᠡᠬᠡᠨ ᠤ ᠬᠦᠷᠢᠶᠡᠯᠡᠩ ᠭᠠᠵᠠᠷ ᠤᠨ ᠬᠠᠮᠳᠤᠷᠠᠯᠴᠠᠭ᠎ᠠ ᠶᠢ ᠶᠢ ᠵᠣᠷᠢᠭᠵᠢᠭᠤᠯᠤᠨ᠂ ᠤᠳᠤ ᠪᠠᠶᠢᠭ᠎ᠠ ᠡᠭᠦᠯᠳᠡᠷ ᠦᠷ᠎ᠡ | ᠪᠤᠶᠢᠵᠢᠭᠤᠯᠬᠤ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠵᠦᠢ ᠵᠣᠬᠢᠰᠲᠠᠶ᠂ ᠥᠨᠳᠥᠷ ᠪᠦᠲᠦᠮᠵᠢᠲᠡᠶ ᠰᠢᠨᠵᠢᠯᠡᠬᠦ | ᠤᠬᠠᠭᠠᠨᠴᠢ ᠪᠠᠷ ᠡᠭᠦᠯᠳᠡᠷ ᠦᠷ᠎ᠡ ᠪᠤᠶᠢᠵᠢᠭᠤᠯᠬᠤ ᠲᠤᠭᠳᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠬᠤᠶᠠᠷ ᠴᠢᠨᠠᠷ | ᠰᠠᠶᠢᠲᠠᠢ ᠨᠢᠭᠡ ᠥᠨᠳᠥᠷ ᠡᠭᠦᠯᠳᠡᠷ ᠤᠨ ᠰᠦᠷᠦᠭ ︵ᠬᠤᠶᠠᠷ ᠴᠢᠨᠠᠷ ᠰᠠᠶᠢᠲᠠᠢ᠄ ᠴᠢᠨᠠᠷ ᠰᠠᠶᠢᠲᠠᠶ ᠨᠣᠯᠤᠤᠷ᠂ ᠴᠢᠨᠠᠷ | ᠰᠠᠶᠢᠲᠠᠶ ᠮᠢᠬ᠎ᠠ᠂ ᠨᠢᠭᠡ ᠥᠨᠳᠥᠷ᠄ ᠦᠷᠡᠵᠢᠯ ᠤᠨ ᠨᠣᠷᠮ᠎ᠠ ᠥᠨᠳᠥᠷ︶ ᠢ ᠰᠣᠩᠭᠤᠨ ᠪᠤᠶᠢᠵᠢᠭᠤᠯᠤᠨ᠎ᠠ᠃ ᠲᠠᠯᠠᠪᠠᠶ ᠡᠷᠦᠬᠡ | ᠬᠤᠯᠪᠣᠭᠠᠯᠠᠨ ᠡᠭᠦᠯᠳᠡᠷ ᠪᠤᠶᠢᠵᠢᠭᠤᠯᠬᠤ ᠲᠣᠭᠲᠠᠴᠠ ᠶᠢᠨ ᠶᠣᠰᠣᠭᠠᠷ ᠡᠭᠦᠯᠳᠡᠷ ᠪᠤᠶᠢᠵᠢᠭᠤᠯᠬᠤ ᠭᠤᠤᠯᠯᠠᠭᠴᠢ ᠡᠷᠦᠬᠡ ᠶᠢ | ᠪᠠᠶᠢᠭᠤᠯᠬᠤ ᠶᠢ ᠵᠣᠷᠢᠭᠵᠢᠭᠤᠯᠤᠨ᠎ᠠ᠃ ᠪᠥᠬᠦ ᠬᠤᠲᠠ ᠶᠢᠨ ᠠᠷᠪᠠᠰ ᠤᠨ ᠨᠣᠯᠤᠤᠷ ᠤᠨ ᠢᠮᠠᠭᠠᠨ ᠤ ᠭᠤᠤᠯ ᠡᠭᠦᠯᠳᠡᠷ | ᠬᠠᠮᠠᠭᠠᠯᠠᠬᠤ ᠣᠷᠣᠨ ᠤ 22 ᠭᠠᠴᠠᠭ᠎ᠠ ᠶᠢ ᠳᠡᠮᠵᠢᠬᠦ ᠡᠷᠴᠢᠮ ᠢᠶᠠᠨ ᠭᠤᠤᠯᠳᠠᠯᠭ᠎ᠠ ᠲᠠᠢ ᠴᠢᠩᠭᠠᠷᠠᠭᠤᠯᠵᠤ᠂ ᠡᠭᠦᠯᠳᠡᠷ | ᠬᠠᠮᠠᠭᠠᠯᠠᠬᠤ ᠣᠷᠣᠨ ᠤ ᠭᠤᠤᠯ ᠰᠦᠷᠦᠭ ᠤᠨ ᠤᠬᠤᠨ᠎ᠠ᠂ ᠡᠮ᠎ᠡ ᠢᠮᠠᠭ᠎ᠠ ᠳᠤ ᠨᠥᠬᠦᠪᠥᠷᠢ ᠣᠯᠭᠤᠨ᠎ᠠ᠃ ᠠᠷᠪᠠᠰ ᠤᠨ | ᠨᠣᠯᠤᠤᠷ ᠤᠨ ᠢᠮᠠᠭᠠᠨ ᠤ ᠭᠠᠷ ᠬᠡᠭᠡᠯᠲᠦᠭᠦᠯᠭᠡ ᠶᠢᠨ ᠥᠷᠲᠡᠭᠡ ᠶᠢ ᠰᠢᠨ᠎ᠡ ᠪᠠᠷ 240 ᠪᠠᠶᠢᠭᠤᠯᠤᠨ ᠲᠡᠭᠦᠯᠳᠡᠷᠵᠢᠭᠦᠯᠦᠨ᠎ᠡ᠃ | | ︵2︶ ᠣᠷᠳᠣᠰ ᠤᠨ ᠨᠠᠷᠢᠨ ᠨᠤᠤᠰᠤᠳᠤ ᠬᠤᠨᠢ᠃ ᠣᠷᠳᠣᠰ ᠤᠨ ᠨᠠᠷᠢᠨ ᠨᠤᠤᠰᠤᠳᠤ ᠬᠤᠨᠢᠨ ᠤ ᠭᠤᠤᠯ ᠭᠠᠷᠤᠯᠲᠠ | ᠶᠢᠨ ᠣᠷᠣᠨ ᠦᠤᠰᠢᠨ ᠬᠤᠰᠢᠭᠤ ᠪᠠᠷ ᠭᠤᠤᠯᠳᠠᠯᠭ᠎ᠠ ᠲᠠᠢ ᠬᠥᠭᠵᠢᠭᠦᠯᠬᠦ ᠣᠷᠣᠨ ᠪᠦᠰᠡ ᠪᠣᠯᠭᠠᠵᠤ᠂ ᠣᠲᠤᠭ ᠬᠤᠰᠢᠭᠤ᠂ | ᠣᠲᠤᠭ ᠤᠨ ᠡᠮᠦᠨᠡᠲᠦ ᠬᠤᠰᠢᠭᠤ ᠵᠡᠷᠭᠡ ᠭᠠᠵᠠᠷ ᠣᠷᠣᠨ ᠢ ᠨᠥᠯᠥᠭᠡᠯᠡᠨ᠂ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠶᠢᠨ | ᠪᠥᠲᠥᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠬᠢᠭᠡᠳ ᠡᠷᠳᠡᠮ | ᠰᠢᠨᠵᠢᠯᠡᠬᠡᠨ ᠤ ᠬᠦᠷᠢᠶᠡᠯᠡᠩ ᠭᠠᠵᠠᠷ ᠤᠨ ᠬᠠᠮᠳᠤᠷᠠᠯᠴᠠᠭ᠎ᠠ ᠶᠢ ᠵᠣᠷᠢᠭᠵᠢᠭᠤᠯᠤᠨ᠂ ᠬᠤᠶᠠᠷ ᠴᠢᠨᠠᠷ ᠰᠠᠶᠢᠲᠠᠢ ᠨᠢᠭᠡ ᠥᠨᠳᠥᠷ | ᠡᠭᠦᠯᠳᠡᠷ ᠤᠨ ᠰᠦᠷᠦᠭ ︵ᠬᠤᠶᠠᠷ ᠴᠢᠨᠠᠷ ᠰᠠᠶᠢᠲᠠᠢ᠄ ᠴᠢᠨᠠᠷ ᠰᠠᠶᠢᠲᠠᠶ ᠨᠣᠤᠰᠣ᠂ ᠴᠢᠨᠠᠷ ᠰᠠᠶᠢᠲᠠᠶ ᠮᠢᠬ᠎ᠠ᠂ ᠨᠢᠭᠡ ᠥᠨᠳᠥᠷ | ᠄ ᠦᠷᠡᠵᠢᠯ ᠤᠨ ᠨᠣᠷᠮ᠎ᠠ ᠥᠨᠳᠥᠷ︶ ᠢ ᠰᠣᠩᠭᠤᠨ ᠪᠤᠶᠢᠵᠢᠭᠤᠯᠤᠨ᠎ᠠ᠃ ᠪᠥᠬᠦ ᠬᠤᠲᠠ ᠶᠢᠨ ᠣᠷᠳᠣᠰ ᠤᠨ ᠨᠠᠷᠢᠨ | ᠨᠤᠤᠰᠤᠳᠤ ᠬᠤᠨᠢᠨ ᠤ ᠡᠭᠦᠯᠳᠡᠷ ᠬᠠᠮᠠᠭᠠᠯᠠᠬᠤ ᠭᠤᠤᠯ ᠤᠷᠤᠨ ᠤ 28 ᠭᠠᠴᠠᠭ᠎ᠠ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠡᠭᠦᠯᠳᠡᠷ ᠬᠠᠮᠠᠭᠠᠯᠠᠬᠤ ᠣᠷᠣᠨ ᠤ ᠭᠤᠤᠯ ᠰᠦᠷᠦᠭ ᠤᠨ ᠬᠤᠴᠠ᠂ ᠡᠮ᠎ᠡ ᠬᠤᠨᠢᠨ ᠳᠤ ᠨᠥᠬᠦᠪᠥᠷᠢ | ᠣᠯᠭᠤᠨ᠎ᠠ᠃ ᠣᠷᠳᠣᠰ ᠤᠨ ᠨᠠᠷᠢᠨ ᠨᠤᠤᠰᠤᠳᠤ ᠬᠤᠨᠢᠨ ᠤ ᠭᠠᠷ ᠬᠡᠭᠡᠯᠲᠦᠭᠦᠯᠭᠡ ᠶᠢᠨ ᠥᠷᠲᠡᠭᠡ ᠶᠢ ᠰᠢᠨ᠎ᠡ ᠪᠠᠷ 160 | ᠪᠠᠶᠢᠭᠤᠯᠤᠨ ᠲᠡᠭᠦᠯᠳᠡᠷᠵᠢᠭᠦᠯᠦᠨ᠎ᠡ᠃ | ︵3︶ ᠠᠯᠠᠰᠢᠨ ᠬᠤᠨᠢ᠃ ᠬᠤᠶᠠᠷ ᠭᠤᠣᠯ ᠤᠨ ᠰᠠᠪᠠ ᠭᠠᠵᠠᠷ ᠲᠤ ᠠᠯᠠᠰᠢᠨ ᠬᠤᠨᠢᠨ ᠤ ᠡᠭᠦᠯᠳᠡᠷ ᠦᠷ᠎ᠡ ᠶᠢᠨ | ᠦᠢᠯᠡᠰ ᠢ ᠭᠤᠣᠯᠳᠠᠯᠭ᠎ᠠ ᠲᠠᠢ ᠪᠠᠷ ᠬᠥᠭᠵᠢᠭᠦᠯᠵᠦ᠂ ᠠᠯᠠᠰᠢᠨ ᠬᠤᠨᠢᠨ ᠤ ᠡᠭᠦᠯᠳᠡᠷ ᠢ ᠨᠤᠲᠤᠭ ᠲᠤᠨᠢ ᠳᠠᠰᠬᠠᠬᠤ ᠶᠢ | ᠴᠢᠩᠭᠠᠳᠬᠠᠨ᠎ᠠ᠃ ᠤᠬᠤᠨ᠎ᠠ ᠬᠤᠴᠠ ᠶᠢᠨ ᠭᠤᠤᠯ ᠲᠠᠯᠠᠪᠠᠢ ᠶᠢᠨ ᠰᠠᠭᠤᠷᠢ ᠲᠦᠭᠦᠭᠡᠷᠤᠮᠵᠢ ᠶᠢᠨ ᠪᠥᠳᠥᠭᠡᠨ | ᠪᠠᠶᠢᠭᠤᠯᠤᠯᠲᠠ ᠶᠢ ᠲᠡᠮᠵᠢᠨ᠎ᠡ᠃ ᠤᠬᠤᠨ᠎ᠠ ᠬᠤᠨᠢ ᠶᠢᠨ ᠲᠠᠯᠠᠪᠠᠶ ᠪᠣᠯᠤᠨ ᠡᠭᠦᠯᠳᠡᠷ ᠪᠤᠶᠢᠵᠢᠭᠤᠯᠬᠤ ᠡᠷᠦᠬᠡ ᠶᠢᠨ ᠬᠠᠮᠲᠤᠷᠠᠨ | ᠡᠭᠦᠯᠳᠡᠷ ᠪᠤᠶᠢᠵᠢᠭᠤᠯᠬᠤ ᠵᠢᠴᠢ ᠭᠠᠷ ᠬᠡᠭᠡᠯᠲᠦᠭᠦᠯᠭᠡ ᠶᠢᠨ ᠥᠷᠲᠡᠭᠡ ᠪᠠᠶᠢᠭᠤᠯᠬᠤ ᠶᠢ ᠳᠡᠮᠵᠢᠵᠦ᠂ ᠤᠬᠤᠨ᠎ᠠ ᠬᠤᠴᠠ ᠶᠢᠨ | ᠲᠠᠯᠠᠪᠠᠶ ᠶᠢᠨ ᠬᠦᠪᠦᠷᠡᠯ ᠰᠢᠯᠵᠢᠭᠦᠯᠦᠨ ᠤᠷᠭᠤᠭᠤᠯᠬᠤ᠂ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠶᠢ ᠳᠡᠮᠵᠢᠵᠦ᠂ | ᠴᠢᠨᠠᠷ ᠰᠠᠶᠢᠲᠠᠶ ᠦᠷ᠎ᠡ ᠡᠭᠦᠯᠳᠡᠷ ᠤᠨ ᠮᠠᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠯᠠᠰᠢᠨ ᠬᠤᠨᠢᠨ ᠤ ᠭᠠᠷ | ᠬᠡᠭᠡᠯᠲᠦᠭᠦᠯᠭᠡ ᠶᠢᠨ ᠥᠷᠲᠡᠭᠡ ᠶᠢ ᠰᠢᠨ᠎ᠡ ᠪᠠᠷ 130 ᠪᠠᠶᠢᠭᠤᠯᠤᠨ ᠲᠡᠭᠦᠯᠳᠡᠷᠵᠢᠭᠦᠯᠦᠨ᠎ᠡ᠃ | ︵4︶ ᠠᠯᠠᠰᠢᠨ ᠦᠬᠡᠷ᠃ ᠠᠯᠠᠰᠢᠨ ᠦᠬᠡᠷ ᠤᠨ ᠳᠡᠭᠡᠳᠦ ᠲᠠᠰ ᠤᠨ ᠠᠵᠤ ᠣᠶᠢᠯᠡᠰ ᠤᠨ ᠰᠠᠭᠤᠷᠢᠨ ᠭᠠᠵᠠᠷ ᠢ | ᠪᠠᠶᠢᠭᠤᠯᠬᠤ ᠪᠠᠷ ᠬᠠᠷᠠᠯᠲᠠ ᠪᠣᠯᠭᠠᠨ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠶᠢ ᠴᠢᠩᠭᠠᠳᠬᠠᠵᠤ᠂ | ᠬᠦᠯᠳᠡᠭᠡᠭᠰᠡᠨ ᠦᠷ᠎ᠡ ᠶᠢᠨ ᠰᠢᠩᠭᠡᠨ ᠢᠶᠠᠷ ᠭᠠᠷ ᠬᠡᠬᠡᠯᠳᠦᠭᠦᠯᠬᠡ ᠬᠢᠬᠦ ᠪᠦᠷᠬᠦᠯᠳᠡ ᠶᠢᠨ ᠬᠡᠪᠴᠢᠶ᠎ᠡ ᠶᠢ ᠥᠷᠭᠡᠳᠬᠡᠨ᠂ ᠴᠢᠨᠠᠷ | ᠰᠠᠶᠢᠲᠠᠶ ᠠᠯᠠᠰᠢᠨ ᠦᠬᠡᠷ ᠤᠨ ᠬᠦᠯᠳᠡᠭᠡᠭᠰᠡᠨ ᠦᠷ᠎ᠡ ᠶᠢᠨ ᠰᠢᠩᠭᠡᠨ ᠢᠶᠠᠷ ᠭᠠᠷ ᠬᠡᠬᠡᠯᠳᠦᠭᠦᠯᠬᠡ ᠬᠢᠬᠦ ᠪᠠᠷ ᠲᠣᠰ ᠭᠠᠵᠠᠷ ᠤᠨ | ᠠᠯᠠᠰᠢᠨ ᠦᠬᠡᠷ ᠤᠨ ᠵᠢᠭᠳᠡ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠷᠭᠦᠯᠵᠢᠯᠡᠨ ᠰᠠᠶᠢᠵᠢᠷᠠᠭᠤᠯᠬᠤ ᠪᠠ | ᠣᠷᠣᠨ ᠨᠤᠲᠤᠭ ᠲᠤᠨᠢ ᠲᠠᠰᠬᠠᠬᠤ ᠪᠠᠷ ᠳᠠᠮᠵᠢᠭᠤᠯᠤᠨ ᠠᠯᠠᠰᠢᠨ ᠦᠬᠡᠷ ᠤᠨ ᠶᠠᠰᠤ ᠴᠢᠨᠠᠷ ᠪᠠ ᠣᠶᠢᠯᠡᠳᠪᠦᠷᠢᠯᠠᠯ ᠤᠨ | ᠴᠢᠳᠠᠮᠵᠢ ᠶᠢ ᠳᠡᠭᠡᠭᠰᠢᠯᠡᠭᠦᠯᠦᠨ᠎ᠡ᠃ ᠭᠠᠷ ᠬᠡᠭᠡᠯᠲᠦᠭᠦᠯᠭᠡ ᠶᠢᠨ ᠥᠷᠲᠡᠭᠡ ᠴᠡᠭ ᠪᠠᠶᠢᠭᠤᠯᠬᠤ᠂ ᠬᠡᠭᠡᠯᠲᠦᠭᠦᠯᠦᠭᠴᠢ ᠶᠢ | ᠬᠥᠮᠦᠵᠢᠭᠦᠯᠬᠦ᠂ ᠭᠠᠷ ᠬᠡᠭᠡᠯᠲᠦᠭᠦᠯᠭᠡ ᠬᠢᠬᠦ ᠭᠤᠭᠴᠤᠭ᠎ᠠ᠂ ᠰᠢᠯᠢᠳᠡᠭ ᠡᠭᠦᠯᠳᠡᠷ ᠤᠨ ᠦᠨᠢᠶ᠎ᠡ ᠶᠢ ᠥᠷᠭᠡᠳᠬᠡᠨ | ᠦᠷᠡᠵᠢᠭᠦᠯᠬᠦ ᠶᠢ ᠲᠠᠮᠵᠢᠵᠣ ᠨᠥᠬᠦᠪᠥᠷᠢ ᠥᠭᠴᠦ᠂ ᠵᠢᠯ ᠪᠦᠷᠢ ᠠᠯᠠᠰᠢᠨ ᠦᠬᠡᠷ ᠤᠨ ᠬᠦᠢᠲᠡᠨ ᠢᠶᠠᠷ ᠬᠡᠭᠡᠯᠲᠦᠭᠦᠯᠬᠦ | ᠥᠷᠲᠡᠭᠡ ᠶᠢ ᠰᠢᠨ᠎ᠡ ᠪᠠᠷ 25 ᠪᠠᠶᠢᠭᠤᠯᠤᠨ ᠲᠡᠭᠦᠯᠳᠡᠷᠵᠢᠭᠦᠯᠦᠨ᠎ᠡ᠃ | ︵5︶ ᠰᠠᠭᠠᠯᠢ ᠶᠢᠨ ᠦᠨᠢᠶ᠎ᠡ᠃ ᠳᠠᠯᠠᠳ ᠬᠤᠰᠢᠭᠤ ᠪᠠᠷ ᠭᠤᠣᠯ ᠪᠣᠯᠭᠠᠭᠰᠠᠨ ᠬᠠᠲᠤᠨ ᠭᠤᠣᠯ ᠤᠨ ᠰᠠᠪᠠ | ᠭᠠᠵᠠᠷ ᠲᠤ᠂ ᠰᠢᠯᠢᠳᠡᠭ ᠡᠭᠦᠯᠳᠡᠷ ᠤᠨ ᠬᠦᠯᠳᠡᠭᠡᠭᠰᠡᠨ ᠦᠷ᠎ᠡ ᠶᠢᠨ ᠰᠢᠩᠬᠡᠨ᠂ ᠪᠡᠯᠭᠡ ᠶᠢᠨ ᠡᠵᠡᠮᠳᠡᠯ ᠤᠨ ᠮᠡᠷᠭᠡᠵᠢᠯ ᠢ | ᠠᠰᠢᠭᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠰᠠᠭᠠᠯᠢ ᠶᠢᠨ ᠦᠨᠢᠶ᠎ᠡ ᠶᠢᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠦᠨ᠎ᠡ᠃ | ︵6︶ ᠮᠣᠷᠢ᠃ ᠦᠦᠰᠢᠨ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠬᠠᠩᠭᠢᠨ | ᠬᠤᠰᠢᠭᠤᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠳᠤᠭᠤᠨ ᠤ ᠠᠵᠤ | ᠣᠶᠢᠯᠡᠰ ᠤᠨ ᠬᠥᠭᠵᠢᠯᠲᠡ ᠶᠢᠨ ᠲᠥᠷᠥᠯ ᠵᠣᠶᠢᠯ ᠳᠤ ᠲᠦᠰᠢᠭᠯᠡᠨ ᠠᠳᠤᠭᠤᠨ ᠤ ᠰᠠᠶᠢᠨ ᠡᠭᠦᠯᠳᠡᠷ ᠢ ᠳᠡᠭᠡᠭᠰᠢᠯᠡᠭᠦᠯᠬᠦ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠠᠮᠵᠢᠵᠣ ᠠᠳᠤᠭᠤᠨ ᠤ ᠡᠭᠦᠯᠳᠡᠷ ᠤᠨ ᠣᠶᠢᠯᠡᠰ ᠢ ᠬᠦᠭᠵᠢᠭᠦᠯᠵᠣ᠂ | ᠦᠦᠰᠢᠨ ᠮᠤᠷᠢ ᠶᠢᠨ ᠬᠠᠮᠠᠭᠠᠯᠠᠯᠲᠠ᠂ ᠡᠭᠦᠯᠳᠡᠷ ᠬᠠᠮᠠᠭᠠᠯᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠭᠧᠨ ᠤ ᠬᠥᠮᠥᠷᠭᠡ | ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠭᠤᠤᠯᠳᠠᠯᠭ᠎ᠠ ᠲᠠᠢ ᠬᠢᠨ᠎ᠠ᠃ ᠦᠦᠰᠢᠨ ᠮᠤᠷᠢ ᠶᠢᠨ ᠭᠤᠣᠯ ᠲᠡᠵᠢᠭᠡᠪᠦᠷᠢ | ᠶᠢᠨ ᠡᠷᠦᠬᠡ ᠶᠢᠨ ᠰᠠᠭᠤᠷᠢ ᠠᠳᠤᠭᠤᠨ ᠤ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠦᠦᠰᠢᠨ ᠮᠤᠷᠢ ᠶᠢᠨ ᠤᠳᠤᠮ | ᠤᠨ ᠴᠡᠪᠡᠷ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠴᠢᠩᠭᠠᠳᠬᠠᠵᠤ᠂ ᠵᠢᠯ ᠪᠦᠷᠢ ᠠᠳᠠᠭ ᠲᠠᠭᠠᠨ 15 ᠤᠳᠤᠮ ᠢ | ᠲᠡᠳᠬᠦᠨ᠎ᠡ᠃ | ︵7︶ ᠭᠠᠭ᠋ᠠᠶ᠃ ᠤᠯᠤᠰ ᠤᠨ ᠳᠣᠲᠣᠭᠠᠳᠤ ᠶᠢᠨ ᠰᠢᠯᠢᠳᠡᠭ ᠡᠭᠦᠯᠳᠡᠷ ᠤᠨ ᠭᠠᠭ᠋ᠠᠶ ᠶᠢ ᠣᠷᠣᠭᠤᠯᠤᠨ ᠠᠪᠴᠢᠷᠠᠵᠤ᠂ | ᠭᠠᠭ᠋ᠠᠶ ᠶᠢᠨ ᠰᠠᠶᠢᠨ ᠡᠭᠦᠯᠳᠡᠷ ᠤᠨ ᠨᠥᠬᠦᠪᠥᠷᠢ ᠶᠢ ᠬᠡᠷᠡᠭᠵᠢᠭᠦᠯᠵᠦ᠂ ᠡᠭᠦᠯᠳᠡᠷ ᠤᠨ ᠭᠠᠭ᠋ᠠᠶ ᠶᠢᠨ ᠲᠠᠯᠠᠪᠠᠢ ᠶᠢᠨ ᠪᠦᠳᠦᠭᠡᠨ | ᠪᠠᠶᠢᠭᠤᠯᠤᠯᠲᠠ ᠶᠢ ᠲᠡᠮᠵᠢᠵᠤ᠂ ᠭᠠᠭ᠋ᠠᠶ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠨ᠎ᠡ᠃ | 3. ᠤᠰᠤᠨ ᠭᠠᠷᠤᠯᠲᠠ ᠶᠢᠨ ᠦᠷ᠎ᠡ ᠵᠢᠷᠭᠠᠬᠠᠢ ᠶᠢᠨ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ | ᠶᠢ ᠴᠢᠩᠭᠠᠳᠬᠠᠨ᠎ᠠ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ︶᠃ | ︽ᠳ᠋ᠠ ᠱᠣ᠋ ᠸᠠᠨ ᠬᠠᠲᠤᠨ ᠭᠤᠤᠯ ᠤᠨ ᠵᠢᠭᠠᠰᠤ︾ ︽ᠵᠢᠤᠢ ᠾᠧ ᠲᠠᠨ ᠤ ᠵᠢᠭᠠᠰᠤ︾ ︽ᠬᠠᠲᠤᠨ ᠭᠤᠤᠯ ᠤᠨ | ᠡᠷᠲᠡᠨ ᠤ ᠵᠠᠮ ᠤᠨ ᠵᠢᠭᠠᠰᠤ︾ ᠵᠡᠷᠭᠡ ᠨᠤᠲᠤᠭ ᠤᠨ ᠨᠠᠷᠠᠲᠤ ᠲᠡᠮᠳᠡᠭᠲᠦ ᠶᠢᠨ ᠳᠠᠪᠠᠭᠤᠯᠢᠭ ᠢᠶᠠᠷ ᠢᠶᠠᠨ ᠨᠠᠭᠤᠷ | ᠴᠥᠭᠦᠷᠥᠮ ᠳᠤ ᠲᠡᠵᠢᠭᠡᠨ ᠦᠷᠡᠵᠢᠭᠦᠯᠬᠦ ᠵᠢᠭᠠᠰᠤᠨ ᠤ ᠲᠦᠷᠦᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ | ᠬᠠᠲᠤᠨ ᠭᠤᠤᠯ ᠤᠨ ᠮᠥᠷᠭᠦ᠂ ᠬᠠᠲᠤᠨ ᠭᠤᠤᠯ ᠤᠨ ᠴᠤᠯᠪᠤᠷᠲᠤ ᠵᠢᠭᠠᠰᠤ᠂ ᠶᠠᠰᠤᠲᠤ ᠮᠡᠯᠡᠬᠡᠶ ᠵᠢᠴᠢ ᠪᠤᠰᠤᠳ ᠤᠰᠤᠨ | ᠭᠠᠷᠤᠯᠲᠠ ᠶᠢᠨ ᠰᠢᠯᠢᠳᠡᠭ ᠦᠷ᠎ᠡ ᠵᠢᠷᠠᠭᠠᠬᠠᠶ ᠶᠢ ᠦᠷᠡᠵᠢᠭᠦᠯᠦᠨ ᠪᠤᠶᠢᠵᠢᠭᠤᠯᠬᠤ ᠪᠠᠷᠢᠮᠵᠢᠶᠠᠵᠢᠭᠤᠯᠤᠭᠰᠠᠨ ᠲᠠᠯᠠᠪᠠᠶ ᠶᠢ 3 | ᠪᠠᠶᠢᠭᠤᠯᠤᠨ ᠲᠡᠭᠦᠯᠳᠡᠷᠵᠢᠭᠦᠯᠦᠨ᠎ᠡ᠃ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ᠂ ᠲᠣᠰ ᠭᠠᠵᠠᠷ ᠤᠨ ᠠᠵᠤ | ᠠᠬᠤᠶᠢᠯᠠᠯ ᠲᠠᠢ ᠬᠠᠮᠲᠤᠷᠠᠯᠴᠠᠬᠤ ᠪᠠᠷ ᠳᠠᠮᠵᠢᠭᠤᠯᠤᠨ ᠠᠵᠤ ᠠᠬᠤᠶᠢᠯᠠᠯ ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ | ᠪᠠᠶᠢᠭᠤᠯᠤᠮᠵᠢ ᠶᠢ ᠨᠢᠭᠡ ᠴᠤᠭᠴᠠᠵᠢᠭᠤᠯᠤᠭᠰᠠᠨ ᠱᠤᠷᠠᠭ ᠵᠠᠮᠠᠭ ᠤᠨ ᠲᠥᠷᠥᠯ ᠢ ᠰᠣᠩᠭᠤᠨ ᠪᠤᠶᠢᠵᠢᠭᠤᠯᠬᠤ ᠲᠥᠪ ᠢ 1 | ᠪᠠᠶᠢᠭᠤᠯᠤᠨ᠎ᠠ᠃ | ︵ᠲᠦᠷᠪᠡ︶ ᠤᠳᠤ ᠦᠶ᠎ᠡ ᠶᠢᠨ ᠦᠷ᠎ᠡ ᠶᠢᠨ ᠦᠢᠯᠡᠰ ᠢ ᠬᠦᠴᠦᠯᠡᠨ ᠬᠥᠭᠵᠢᠭᠦᠯᠦᠨ᠎ᠡ | 1. ᠣᠲᠣ ᠦᠶ᠎ᠡ ᠶᠢᠨ ᠦᠷ᠎ᠡ ᠶᠢᠨ ᠣᠶᠢᠯᠡᠰ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠦᠷ᠎ᠡ ᠶᠢᠨ ᠦᠢᠯᠡᠰ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠮᠵᠢᠵᠤ᠂ ᠨᠢᠭᠡ ᠪᠦᠯᠦᠭ ᠦᠷ᠎ᠡ ᠶᠢᠨ ᠰᠢᠨ᠎ᠡ ᠶᠢ ᠡᠭᠦᠳᠬᠦ | ᠴᠢᠳᠠᠪᠤᠷᠢ ᠪᠠᠷ ᠴᠢᠩᠭ᠎ᠠ᠂ ᠦᠢᠯᠡᠳᠪᠦᠷᠢᠯᠡᠯ ᠤᠨ ᠮᠡᠷᠭᠡᠵᠢᠯ ᠨᠢ ᠲᠡᠷᠢᠭᠦᠨ ᠤ ᠬᠢ᠂ ᠵᠠᠬ᠎ᠠ ᠳᠡᠯᠭᠡᠭᠦᠷ ᠲᠤ ᠡᠵᠡᠯᠡᠬᠦ | ᠨᠤᠷᠮ᠎ᠠ ᠪᠠᠷ ᠥᠨᠳᠥᠷ᠂ ᠡᠵᠡᠩᠨᠡᠯᠲᠡ ᠶᠢᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠪᠦᠷᠢᠨ ᠪᠦᠲᠦᠨ | ᠤᠳᠤ ᠦᠶ᠎ᠡ ᠶᠢᠨ ᠦᠷ᠎ᠡ ᠶᠢᠨ ᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠤᠨ | ᠪᠤᠵᠠᠭᠠᠶᠢᠷᠠᠭᠤᠯᠵᠤ᠂ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠤᠯ ᠬᠦᠴᠦᠨ ᠤ ᠣᠶᠢᠯᠡᠳᠤᠯ ᠢ ᠪᠠᠳᠠᠷᠠᠭᠤᠯᠵᠤ᠂ | ᠦᠷ᠎ᠡ ᠶᠢᠨ ᠣᠶᠢᠯᠡᠰ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ | ᠬᠤᠪᠢᠷᠠᠭᠤᠯᠬᠤ᠂ ᠵᠠᠬ᠎ᠠ ᠳᠡᠯᠭᠡᠭᠦᠷ ᠲᠤ ᠳᠡᠯᠭᠡᠷᠡᠭᠦᠯᠬᠦ ᠵᠡᠷᠭᠡ ᠲᠠᠯ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠦᠷ᠎ᠡ ᠶᠢᠨ ᠡᠬᠢ | ᠪᠠᠶᠠᠯᠢᠭ ᠤᠨ ᠶᠠᠰᠤ ᠴᠢᠨᠠᠷ ᠤᠨ ᠮᠥᠷᠳᠡᠵᠦ ᠪᠣᠯᠬᠤᠶᠢᠴᠠ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠵᠤ | ᠠᠬᠤᠶᠢᠯᠠᠯ ᠤᠨ ᠨᠡᠶᠢᠭᠡᠮ ᠤᠨ ᠬᠥᠷᠥᠩᠭᠡ ᠶᠢ ᠲᠠᠲᠠᠬᠤ᠂ ᠵᠠᠬ᠎ᠠ ᠳᠡᠯᠭᠡᠭᠦᠷ ᠲᠤ ᠭᠠᠷᠴᠤ ᠪᠠᠯᠠ ᠳᠣᠭᠢᠷᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠠᠵᠤ ᠣᠶᠢᠯᠡᠰ ᠤᠨ ᠬᠡᠯᠬᠢᠶ᠎ᠡ ᠶᠢ ᠤᠷᠳᠤᠳᠬᠠᠨ ᠬᠦᠨᠵᠡᠬᠡᠶᠢᠷᠡᠭᠦᠯᠵᠣ᠂ ᠦᠷ᠎ᠡ ᠶᠢᠨ ᠣᠶᠢᠯᠡᠰ | ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠡᠷᠳᠡᠮ ᠰᠢᠨᠵᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ | ᠬᠢᠬᠦ ᠶᠢ ᠵᠣᠷᠢᠭᠵᠢᠭᠤᠯᠤᠨ᠂ ᠦᠷ᠎ᠡ ᠶᠢᠨ ᠣᠶᠢᠯᠡᠰ ᠤᠨ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ | ᠂ ᠦᠷ᠎ᠡ ᠶᠢᠨ ᠣᠶᠢᠯᠡᠰ ᠤᠨ ᠨᠡᠷᠡᠳᠤ ᠠᠵᠤ ᠠᠬᠤᠶᠢᠯᠠᠯ ᠢ ᠪᠣᠶ ᠪᠣᠯᠭᠠᠨ᠎ᠠ᠃ ᠡᠯ᠎ᠡ ᠦᠷ᠎ᠡ ᠪᠤᠶᠢᠵᠢᠭᠤᠯᠬᠤ ᠠᠵᠤ ᠠᠬᠤᠶᠢᠯᠠᠯ | ᠤᠨ ᠰᠠᠶᠢᠨ ᠰᠠᠶᠢᠬᠠᠨ ᠬᠥᠭᠵᠢᠯᠲᠡ ᠶᠢ ᠳᠡᠮᠵᠢᠵᠦ᠂ ᠲᠡᠳᠡᠨ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠪᠣᠶ ᠪᠣᠯᠭᠠᠨ᠂ ᠦᠷ᠎ᠡ ᠪᠤᠶᠢᠵᠢᠭᠤᠯᠬᠤ ᠠᠵᠤ ᠠᠬᠤᠶᠢᠯᠠᠯ ᠤᠨ ᠬᠤᠯᠪᠣᠭᠠᠯᠠᠨ ᠬᠥᠭᠵᠢᠬᠦ ᠥᠷᠢᠰᠦᠯᠳᠦᠬᠦ | ᠬᠦᠴᠦᠨ ᠢ ᠪᠣᠶ ᠪᠣᠯᠭᠠᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | | 2. ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ | ᠰᠦᠷᠦᠭᠵᠢᠨ ᠬᠥᠭᠵᠢᠭᠦᠯᠬᠦ ᠶᠢ ᠪᠠᠷᠢᠮᠲᠠᠯᠠᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠦᠷ᠎ᠡ ᠶᠢᠨ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠎ᠡ᠃ ᠦᠷ᠎ᠡ | ᠶᠢᠨ ᠣᠶᠢᠯᠡᠰ ᠤᠨ ᠰᠢᠨ᠎ᠡ ᠶᠢ ᠡᠭᠦᠳᠬᠦ ᠠᠵᠤ ᠣᠶᠢᠯᠡᠰ ᠤᠨ ᠲᠣᠭᠤᠷᠢᠭ ᠪᠠ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠦᠷ᠎ᠡ ᠶᠢᠨ ᠣᠶᠢᠯᠡᠰ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠬᠤᠷᠠᠮᠳᠤᠭᠤᠯᠤᠨ᠂ ᠰᠢᠯᠵᠢᠭᠦᠯᠦᠨ ᠬᠤᠪᠢᠷᠠᠭᠤᠯᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ᠂ ᠰᠣᠯᠢᠯᠴᠠᠨ | ᠠᠷᠠᠯᠵᠢᠶᠠᠯᠠᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠬᠤᠪᠢᠷᠠᠭᠤᠯᠬᠤ ᠶᠢ ᠠᠬᠢᠭᠤᠯᠵᠤ᠂ ᠦᠷ᠎ᠡ ᠶᠢᠨ ᠣᠶᠢᠯᠡᠰ ᠤᠨ ᠥᠷᠲᠡᠭ ᠤᠨ ᠬᠡᠯᠬᠢᠶ᠎ᠡ ᠶᠢ ᠤᠷᠲᠤᠳᠬᠠᠨ᠎ᠠ᠃ ᠲᠠᠷᠢᠶᠠᠯᠠᠩ | ᠤᠨ ᠮᠡᠷᠭᠡᠵᠢᠯ ᠢ ᠳᠡᠯᠭᠡᠷᠡᠭᠦᠯᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠲᠠᠷᠢᠶᠠᠯᠠᠩ ᠮᠠᠯ | ᠠᠵᠤ ᠠᠬᠤᠶ ᠪᠠ ᠣᠶ ᠰᠢᠭᠤᠶ ᠡᠪᠡᠰᠦ ᠪᠡᠯᠴᠢᠭᠡᠷ ᠤᠨ ᠮᠡᠷᠭᠡᠵᠢᠯ ᠢ ᠳᠡᠯᠭᠡᠷᠡᠭᠦᠯᠬᠦ ᠣᠶᠢᠯᠡᠴᠢᠯᠡᠬᠡᠨ ᠤ ᠲᠤᠭᠳᠠᠯᠴᠠᠭ᠎ᠠ ᠶᠢᠨ | ᠳᠠᠪᠠᠭᠤᠯᠢᠭ᠂ ᠡᠩᠨᠡᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠴᠢᠨᠠᠷ ᠰᠠᠶᠢᠲᠠᠶ ᠲᠥᠷᠥᠯ ᠵᠣᠶᠢᠯ ᠪᠠ ᠲᠡᠷᠢᠭᠦᠨ ᠤ | ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠴᠢᠨᠠᠷ ᠰᠠᠶᠢᠲᠠᠶ ᠡᠭᠦᠯᠳᠡᠷ ᠢ ᠲᠦᠭᠡᠮᠡᠯᠵᠢᠭᠦᠯᠦᠨ ᠠᠰᠢᠭᠯᠠᠬᠤ | ᠣᠶᠢᠯᠡᠳᠦᠯᠬᠡ ᠶᠢᠨ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠠᠵᠣ ᠠᠬᠤᠶᠢᠯᠠᠯ ᠲᠡᠬᠡᠳᠤ | ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ ᠦᠷ᠎ᠡ ᠶᠢᠨ | ᠦᠢᠯᠡᠰ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠭᠠᠷ ᠬᠡᠬᠡᠯᠳᠦᠭᠦᠯᠬᠡ ᠶᠢᠨ ᠦᠷᠳᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠳᠡᠯᠭᠡᠷᠡᠭᠦᠯᠬᠦ | ᠲᠤᠭᠳᠠᠯᠴᠠᠭ᠎ᠠ ᠶᠢᠨ ᠪᠠᠶᠢᠭᠤᠯᠤᠯᠲᠠ ᠶᠢ ᠵᠣᠷᠢᠭᠵᠢᠭᠤᠯᠤᠨ ᠲᠡᠮᠵᠢᠵᠤ᠂ ᠰᠠᠶᠢᠨ ᠦᠷ᠎ᠡ ᠰᠠᠶᠢᠨ ᠠᠷᠭ᠎ᠠ ᠶᠢ ᠡᠷᠦᠭᠡ ᠳᠤ | ᠣᠷᠣᠭᠤᠯᠬᠤ ᠶᠢ ᠳᠡᠯᠭᠡᠷᠡᠭᠦᠯᠦᠨ᠎ᠡ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶᠃ | ︵ᠲᠠᠪᠤ︶ ᠦᠷ᠎ᠡ ᠶᠢᠨ ᠦᠢᠯᠡᠰ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 1. ᠦᠷ᠎ᠡ ᠶᠢᠨ ᠣᠶᠢᠯᠡᠰ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢ ᠴᠢᠩᠭᠠᠷᠠᠭᠤᠯᠤᠨ᠎ᠠ᠃ ᠵᠠᠰᠠᠭ | ᠵᠠᠬᠢᠷᠭᠠᠨ ᠤ ᠵᠥᠪᠰᠢᠶᠡᠷᠡᠯ ᠤᠨ ᠪᠦᠬᠦ ᠶᠠᠪᠤᠴᠠ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠦᠢᠯᠡᠳᠪᠦᠷᠢᠯᠡᠯ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ ᠣᠯᠭᠤᠵᠤ᠂ ᠵᠠᠰᠠᠭ ᠵᠠᠬᠢᠷᠭᠠᠨ ᠤ ᠵᠥᠪᠰᠢᠶᠡᠷᠡᠯ | ᠤᠨ ᠲᠠᠷᠠᠭᠠᠴᠢ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠳᠠ ᠶᠢ ᠴᠢᠩᠭᠠᠳᠬᠠᠵᠤ᠂ ᠰᠠᠶᠢᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ | ᠲᠣᠭᠲᠠᠴᠠ ᠶᠢ ᠪᠦᠷᠢᠨᠰᠢᠬᠦᠯᠵᠦ᠂ ᠬᠢᠨᠠᠨ ᠪᠠᠶᠢᠴᠠᠭᠠᠭᠰᠠᠨ ᠦᠭᠡᠢ ᠪᠠᠷ ᠤᠷᠢᠳᠠᠪᠠᠷ ᠳᠡᠯᠭᠡᠷᠡᠭᠦᠯᠬᠦ᠂ ᠦᠨᠡᠮᠯᠡᠯ ᠦᠭᠡᠢ ᠪᠠᠷ | ᠦᠢᠯᠡᠳᠪᠦᠷᠢᠯᠡᠬᠦ᠂ ᠫᠠᠶᠢᠰᠠ ᠲᠤᠬᠤᠵᠤ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠦᠷ᠎ᠡ᠂ ᠦᠷ᠎ᠡ ᠶᠢᠨ ᠴᠢᠬᠢ᠂ ᠦᠷ᠎ᠡ | ᠡᠭᠦᠯᠳᠡᠷ ᠤᠨ ᠮᠠᠯ ᠵᠢᠭᠦᠷᠲᠡᠨ ᠢ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠎ᠠ᠃ ︽ᠬᠤᠶᠠᠷ ᠢ | ᠲᠠᠰᠢᠷᠠᠮ ᠳᠠᠭᠠᠤ ᠬᠢᠵᠦ ᠨᠢᠭᠡ ᠶᠢ ᠢᠯᠡ ᠪᠣᠯᠭᠠᠬᠤ︾ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠪᠠ ᠴᠣᠬᠢᠯᠲᠠ ᠥᠭᠬᠦ ᠶᠢᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠨ᠂ ᠬᠠᠷᠢᠶ᠎ᠠ ᠭᠠᠵᠠᠷ ᠤᠨ | ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ | ᠭᠤᠤᠯᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠠᠯᠲᠠ ᠪᠠᠨ ᠬᠡᠮᠵᠢᠶᠡᠵᠢᠭᠦᠯᠦᠨ᠂ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠣᠬᠢᠯᠲᠠ ᠥᠭᠬᠦ ᠭᠤᠤᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠪᠤᠳᠠᠰ ᠤᠨ ᠲᠦᠷᠰᠤ᠂ ᠴᠢᠬᠤᠯᠠ | ᠭᠤᠭᠴᠤᠭ᠎ᠠ᠂ ᠴᠢᠬᠤᠯᠠ ᠬᠡᠷᠡᠭ ᠲᠤ ᠬᠢᠨᠠᠨ ᠬᠠᠮᠢᠶᠠᠷᠤᠯᠳᠠ ᠬᠢᠵᠣ᠂ ᠬᠢᠨᠠᠨ ᠬᠠᠮᠢᠶᠠᠷᠤᠯᠳᠠ ᠶᠢᠨ ᠮᠡᠳᠡᠭᠡ ᠵᠠᠩᠭᠢ ᠶᠢ ᠬᠠᠤᠯᠢ | ᠶᠣᠰᠣᠭᠠᠷ ᠢᠯᠡ ᠪᠣᠯᠭᠠᠨ᠎ᠠ᠃ ᠮᠠᠯ ᠵᠢᠭᠦᠷᠲᠡᠨ ᠤ ᠡᠭᠦᠯᠳᠡᠷ ᠤᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ | ᠂ ᠬᠠᠭᠤᠷᠮᠠᠭ ᠮᠠᠭᠤ ᠡᠭᠦᠯᠳᠡᠷ ᠤᠨ ᠮᠠᠯ᠂ ᠬᠦᠯᠳᠡᠭᠡᠭᠰᠡᠨ ᠦᠷ᠎ᠡ ᠶᠢᠨ ᠰᠢᠩᠬᠡᠨ᠂ ᠬᠦᠪᠦᠷᠡᠯ ᠢ ᠪᠠᠶᠢᠴᠠᠭᠠᠬᠤ ᠡᠷᠴᠢᠮ ᠢ | ᠴᠢᠩᠭᠠᠷᠠᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶᠃ | 2. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠲᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠣᠶᠢᠯᠡᠳᠪᠦᠷᠢᠯᠠᠯ ᠤᠨ ᠵᠠᠩᠭᠢᠯᠠᠭ᠎ᠠ ᠶᠢᠨ ᠦᠶ᠎ᠡ ᠳᠤ ᠦᠷ᠎ᠡ ᠶᠢᠨ ᠵᠠᠬ᠎ᠠ | ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠦᠷ᠎ᠡ ᠶᠢᠨ ᠡᠷᠬᠡ ᠳᠤ ᠬᠠᠯᠳᠠᠭᠰᠠᠨ ᠣᠶᠢᠯᠠ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠣ᠂ ᠡᠭᠦᠯᠳᠡᠷ ᠤᠨ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ᠡᠷᠬᠡ ᠪᠠᠨ ᠬᠠᠮᠠᠭᠠᠯᠠᠬᠤ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠵᠣ᠂ ᠬᠡᠷᠡᠭ ᠰᠢᠢᠳᠪᠦᠷᠢᠯᠡᠬᠦ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠯᠦᠭᠡ ᠶᠢᠨ ᠡᠷᠬᠡ ᠪᠠᠨ | ᠬᠠᠮᠠᠭᠠᠯᠠᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠠᠷᠢᠮᠠᠯ ᠭᠤᠤᠯᠳᠠᠯᠭ᠎ᠠ ᠲᠠᠢ ᠡᠭᠦᠯᠳᠡᠷ ᠤᠨ | ᠡᠷᠬᠡ ᠪᠠᠨ ᠬᠠᠮᠠᠭᠠᠯᠠᠬᠤ ᠠᠵᠢᠯ ᠢ ᠥᠷᠨᠢᠭᠦᠯᠵᠦ᠂ ᠤᠷᠭᠤᠮᠠᠯ ᠤᠨ ᠰᠢᠨ᠎ᠡ ᠦᠷ᠎ᠡ ᠶᠢᠨ ᠡᠷᠬᠡ ᠶᠢ ᠬᠠᠮᠠᠭᠠᠯᠠᠬᠤ ᠪᠦᠲᠦᠮᠵᠢᠲᠡᠶ | ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | 3. ᠡᠭᠦᠯᠳᠡᠷ ᠢ ᠦᠨᠡᠯᠡᠬᠦ ᠲᠤᠭᠳᠠᠯᠴᠠᠭ᠎ᠠ ᠶᠢ ᠪᠠᠶᠢᠭᠤᠯᠤᠨ᠎ᠠ᠃ ᠲᠠᠷᠢᠮᠠᠯ ᠵᠢᠴᠢ ᠡᠪᠡᠰᠦᠨ ᠤ ᠡᠭᠦᠯᠳᠡᠷ ᠦᠷ᠎ᠡ ᠶᠢᠨ | ᠣᠷᠣᠨ ᠪᠦᠰᠡ ᠶᠢᠨ ᠵᠢᠱᠢᠶ᠎ᠡ ᠦᠵᠡᠭᠦᠯᠬᠦ ᠶᠢ ᠰᠢᠰᠲ᠋ᠧᠮ ᠲᠠᠢ ᠪᠠᠷ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠪᠠᠷ ᠭᠤᠣᠯ ᠪᠣᠯᠭᠠᠭᠰᠠᠨ᠂ ᠡᠭᠦᠯᠳᠡᠷ ᠦᠷ᠎ᠡ ᠶᠢᠨ ᠣᠨᠴᠣᠭᠤᠶ ᠴᠢᠨᠠᠷ ᠢ ᠬᠢᠨᠠᠨ | ᠲᠣᠭᠲᠠᠭᠠᠵᠤ ᠵᠥᠪᠰᠢᠶᠡᠷᠡᠨ ᠣᠷᠣᠭᠤᠯᠬᠤ᠂ ᠮᠥᠷᠳᠡᠨ ᠦᠨᠡᠯᠡᠬᠦ ᠬᠢᠭᠡᠳ ᠵᠢᠱᠢᠶ᠎ᠡ ᠦᠵᠡᠭᠦᠯᠵᠦ ᠳᠡᠯᠭᠡᠷᠡᠭᠦᠯᠬᠦ ᠶᠢ | ᠣᠷᠭᠠᠨᠢᠭ ᠢᠶᠠᠷ ᠤᠶᠠᠯᠳᠤᠭᠤᠯᠤᠭᠰᠠᠨ ᠦᠷ᠎ᠡ ᠶᠢᠨ ᠦᠢᠯᠡᠰ ᠤᠨ ᠰᠢᠨ᠎ᠡ ᠮᠠᠶ᠋ᠢᠭ ᠤᠨ ᠡᠭᠦᠯᠳᠡᠷ ᠢ ᠦᠨᠡᠯᠡᠨ ᠬᠠᠮᠢᠶᠠᠷᠬᠤ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠬᠤᠳᠠ ᠶᠢᠨ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶᠃ | 4. ᠬᠡᠷᠡᠴᠢᠯᠡᠵᠣ ᠪᠠᠶᠢᠴᠠᠭᠠᠨ ᠰᠢᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠦᠷ᠎ᠡ ᠶᠢᠨ | ᠣᠶᠢᠯᠡᠰ ᠤᠨ ᠣᠶᠢᠯᠡᠳᠭᠦᠨ ᠤ ᠶᠠᠰᠤ ᠴᠢᠨᠠᠷ ᠪᠠ ᠮᠥᠷᠳᠡᠵᠦ ᠪᠣᠯᠬᠤᠶᠢᠴᠠ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠦᠷ᠎ᠡ ᠶᠢᠨ ᠣᠶᠢᠯᠡᠰ ᠤᠨ ᠣᠶᠢᠯᠡᠳᠭᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠶᠠᠰᠤ ᠴᠢᠨᠠᠷ ᠤᠨ | ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠡᠷᠡᠴᠢᠯᠡᠯ ᠤᠨ ᠲᠦᠷᠢᠮ ᠢ ᠠᠵᠤ ᠠᠬᠤᠶᠢᠯᠠᠯ ᠤᠨ ᠤᠬᠠᠮᠰᠠᠷᠲᠤ ᠠᠵᠢᠯᠯᠠᠭ᠎ᠠ | ᠪᠣᠯᠭᠠᠨ ᠬᠤᠪᠢᠷᠠᠭᠤᠯᠤᠨ᠎ᠠ᠃ ᠦᠨᠳᠦᠰᠦᠨ ᠱᠠᠲᠤᠨ ᠤ ᠲᠠᠷᠢᠮᠠᠯ ᠤᠨ ᠦᠷ᠎ᠡ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ | ᠲᠥᠪ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠳᠤ | ᠬᠤᠰᠢᠭᠤ ᠲᠤᠭᠤᠷᠢᠭ ᠤᠨ ᠲᠠᠰ ᠤᠨ ᠦᠷ᠎ᠡ ᠶᠢᠨ ᠶᠠᠰᠤ ᠴᠢᠨᠠᠷ ᠢ ᠪᠠᠷᠢᠮᠵᠢᠶᠠᠵᠢᠭᠤᠯᠤᠨ ᠰᠢᠯᠭᠠᠨ ᠪᠠᠶᠢᠴᠠᠭᠠᠬᠤ ᠲᠠᠰᠤᠭ ᠢ | ᠰᠢᠨ᠎ᠡ ᠪᠠᠷ 2 ᠪᠠᠶᠢᠭᠤᠯᠬᠤ ᠪᠠᠷ ᠴᠢᠷᠮᠠᠶᠢᠨ᠎ᠠ᠃ ᠬᠤᠲᠠ ᠶᠢᠨ ᠱᠠᠲᠤᠨ ᠤ ᠣᠶ ᠮᠣᠳᠣᠨ ᠤ ᠦᠷ᠎ᠡ ᠶᠢᠨ ᠶᠠᠰᠤ ᠴᠢᠨᠠᠷ ᠲᠤ | ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ᠢ 1᠂ ᠬᠤᠰᠢᠭᠤ ᠲᠣᠭᠤᠷᠢᠭ ᠤᠨ ᠱᠠᠲᠤᠨ ᠤ ᠣᠶ ᠮᠣᠳᠣᠨ ᠤ ᠦᠷ᠎ᠡ | ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠥᠷᠲᠡᠭᠡ ᠶᠢ 3 ᠪᠠᠶᠢᠭᠤᠯᠤᠨ᠎ᠠ᠃ ᠬᠤᠲᠠ ᠶᠢᠨ | ᠱᠠᠲᠤᠨ ᠤ ᠡᠪᠡᠰᠦᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠥᠷᠲᠡᠭᠡ ᠶᠢ 1 | ᠪᠠᠶᠢᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | 5. ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ ᠣᠶᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ᠂ ᠬᠠᠮᠢᠶᠠᠷᠤᠯᠲᠠ᠂ ᠣᠶᠢᠯᠡᠴᠢᠯᠡᠬᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠦᠷ᠎ᠡ ᠶᠢᠨ ᠣᠶᠢᠯᠡᠰ ᠤᠨ ᠰᠤᠳᠤᠯᠤᠨ ᠨᠡᠭᠡᠭᠡᠬᠦ᠂ ᠣᠶᠢᠯᠡᠳᠪᠦᠷᠢᠯᠡᠬᠦ᠂ ᠶᠠᠰᠤ ᠴᠢᠨᠠᠷ ᠤᠨ ᠪᠠᠶᠢᠴᠠᠭᠠᠯᠲᠠ | ᠬᠢᠬᠦ᠂ ᠡᠳ᠋ᠰᠢᠭᠦᠯᠬᠦ᠂ ᠮᠡᠷᠭᠡᠵᠢᠯ ᠢ ᠳᠡᠯᠭᠡᠷᠡᠭᠦᠯᠬᠦ᠂ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠶᠢ ᠠᠬᠢᠭᠤᠯᠤᠨ᠎ᠠ᠃ ᠪᠦᠬᠦ ᠬᠤᠳᠠ ᠶᠢᠨ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠮᠡᠷᠭᠡᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠦᠷ᠎ᠡ ᠶᠢᠨ ᠦᠢᠯᠡᠰ ᠤᠨ | ᠬᠥᠭᠵᠢᠯᠲᠡ ᠶᠢᠨ ᠰᠢᠨ᠎ᠡ ᠤᠨᠤᠯ᠂ ᠰᠢᠨ᠎ᠡ ᠮᠡᠷᠭᠡᠵᠢᠯ ᠤᠨ ᠲᠣᠭᠤᠷᠢᠨ ᠳᠤ ᠪᠣᠯᠪᠠᠰᠤᠷᠠᠭᠤᠯᠤᠯ ᠪᠠ ᠰᠣᠯᠢᠯᠴᠠᠭ᠎ᠠ | ᠥᠷᠨᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠨᠥᠭᠡᠴᠡᠯᠡᠯᠲᠡ ᠶᠢ | ᠠᠯᠬᠤᠮ ᠠᠯᠬᠤᠮ ᠢᠶᠠᠷ ᠴᠢᠩᠭᠠᠳᠬᠠᠨ᠎ᠠ ︵ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠣᠷᠳᠣᠰ ᠬᠤᠲᠠ ᠶᠢᠨ ᠣᠲᠣ ᠦᠶ᠎ᠡ ᠶᠢᠨ | ᠦᠷ᠎ᠡ ᠶᠢᠨ ᠣᠶᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠢᠭᠡᠳᠦᠯᠲᠡᠶ | ᠤᠳᠤᠷᠢᠳᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠬᠦᠴᠦ ᠪᠠᠨ ᠬᠠᠮᠲᠤᠳᠬᠠᠨ ᠠᠬᠢᠭᠤᠯᠬᠤ ᠠᠵᠢᠯ ᠤᠨ | ᠲᠣᠭᠲᠠᠴᠠ ᠶᠢ ᠲᠦᠷᠭᠡᠳᠬᠡᠨ ᠪᠣᠶ ᠪᠣᠯᠭᠠᠵᠤ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠡᠯ᠎ᠡ ᠵᠣᠶᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠦᠷ᠎ᠡ ᠶᠢᠨ | ᠣᠶᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ | ᠰᠢᠢᠳᠪᠦᠷᠢᠯᠡᠨ᠎ᠡ᠃ ᠡᠯ᠎ᠡ ᠬᠤᠰᠢᠭᠤ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠷ᠎ᠡ ᠶᠢᠨ | ᠣᠶᠢᠯᠡᠰ ᠤᠨ ᠠᠵᠢᠯ ᠢ ᠭᠤᠤᠯᠳᠠᠯᠭ᠎ᠠ ᠲᠠᠢ ᠠᠵᠢᠯ ᠤᠨ ᠬᠡᠪᠴᠢᠶᠡᠨ ᠳᠤ ᠣᠷᠣᠭᠤᠯᠵᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠥᠭᠵᠢᠭᠦᠯᠬᠦ ᠬᠡᠷᠡᠭᠲᠡᠶ᠃ ᠦᠷ᠎ᠡ ᠶᠢᠨ | ᠣᠶᠢᠯᠡᠰ ᠤᠨ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠶᠢ ᠦᠨᠡᠨᠬᠦ ᠴᠢᠩᠭᠠᠳᠬᠠᠵᠤ᠂ ᠲᠣᠰ ᠭᠠᠵᠠᠷ ᠣᠷᠣᠨ ᠤ | ᠦᠷ᠎ᠡ ᠶᠢᠨ ᠣᠶᠢᠯᠡᠰ ᠤᠨ ᠬᠥᠭᠵᠢᠯᠲᠡ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠵᠢᠯᠣᠭᠤᠳᠴᠤ ᠬᠢᠨᠠᠯᠲᠠ | ᠲᠠᠯᠪᠢᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠣᠶᠢᠯ | ᠤᠨ ᠭᠤᠤᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ ︵ᠣᠷᠳᠣᠰ ᠬᠤᠲᠠ ᠶᠢᠨ ᠣᠲᠣ ᠦᠶ᠎ᠡ ᠶᠢᠨ ᠦᠷ᠎ᠡ ᠶᠢᠨ ᠣᠶᠢᠯᠡᠰ ᠢ ᠳᠡᠭᠡᠭᠰᠢᠯᠡᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠦᠨ᠎ᠡ᠃ ᠬᠤᠲᠠ᠂ ᠬᠤᠰᠢᠭᠤ ᠲᠣᠭᠤᠷᠢᠭ | ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠲᠤᠰᠬᠠᠶ ᠵᠣᠶᠢᠯ ᠤᠨ ᠪᠠᠯᠠ ᠮᠥᠩᠭᠦ ᠪᠠ ᠲᠥᠷᠥ | ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠦᠷ᠎ᠡ ᠶᠢᠨ ᠣᠶᠢᠯᠡᠰ ᠤᠨ ᠬᠥᠭᠵᠢᠯᠲᠡ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠂ ᠦᠷ᠎ᠡ ᠶᠢᠨ ᠣᠶᠢᠯᠡᠰ ᠤᠨ ᠬᠥᠭᠵᠢᠯᠲᠡ ᠶᠢ ᠣᠲᠣ ᠶᠢᠨ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠶᠢ ᠴᠠᠭ ᠲᠤᠨᠢ ᠪᠣᠳᠣᠯᠬᠢᠯᠠᠵᠤ᠂ ᠨᠡᠶᠢᠭᠡᠮ ᠤᠨ ᠬᠥᠷᠥᠩᠭᠡ ᠶᠢ | ᠲᠡᠳᠡᠨ ᠦᠷ᠎ᠡ ᠶᠢᠨ ᠣᠶᠢᠯᠡᠰ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠭᠤᠯᠬᠤ ᠬᠡᠷᠡᠭᠲᠡᠶ᠃ ᠦᠷ᠎ᠡ ᠶᠢᠨ | ᠦᠢᠯᠡᠰ ᠢ ᠬᠥᠭᠵᠢᠭᠦᠯᠬᠦ ᠠᠵᠤ ᠦᠢᠯᠡᠰ ᠤᠨ ᠰᠠᠭᠤᠷᠢ ᠮᠥᠩᠭᠦ ᠶᠢ ᠴᠠᠭ ᠲᠤᠨᠢ ᠲᠣᠬᠢᠷᠠᠭᠤᠯᠤᠨ ᠪᠠᠶᠢᠭᠤᠯᠵᠤ᠂ ᠤᠳᠤ ᠦᠶ᠎ᠡ | ᠶᠢᠨ ᠦᠷ᠎ᠡ ᠶᠢᠨ ᠦᠢᠯᠡᠰ ᠤᠨ ᠬᠥᠭᠵᠢᠯᠲᠡ ᠳᠤ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ︔ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠲᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠴᠢᠭᠯᠡᠯ ᠳᠤ ᠨᠡᠶᠢᠴᠡᠬᠦ ᠲᠥᠷᠥᠯ ᠵᠣᠶᠢᠯ ᠳᠤ ᠳᠡᠮᠵᠢᠯᠭᠡ ᠦᠵᠡᠭᠦᠯᠬᠦ ᠬᠡᠷᠡᠭᠲᠡᠶ︔ ᠰᠢᠨᠵᠢᠯᠡᠬᠦ ᠤᠬᠠᠭᠠᠨ | ᠮᠡᠷᠭᠡᠵᠢᠯ ᠤᠨ ᠰᠠᠯᠠᠭ᠎ᠠ ᠮᠥᠴᠢᠷ ᠤᠳ ᠦᠷ᠎ᠡ ᠶᠢᠨ ᠣᠶᠢᠯᠡᠰ ᠤᠨ ᠲᠠᠯ᠎ᠠ ᠪᠠᠷ ᠬᠢ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠯᠭᠡ ᠶᠢ ᠳᠡᠯᠭᠡᠷᠡᠭᠦᠯᠬᠦ᠂ ᠬᠥᠲᠥᠯᠦᠨ ᠵᠢᠯᠣᠭᠤᠳᠬᠤ᠂ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠦᠷ᠎ᠡ ᠶᠢᠨ | ᠣᠶᠢᠯᠡᠰ ᠤᠨ ᠰᠢᠨ᠎ᠡ ᠶᠢ ᠡᠭᠦᠳᠬᠦ ᠢᠨᠵᠧᠨᠧᠷᠢᠩ ᠢ ᠭᠤᠤᠯᠳᠠᠯᠭ᠎ᠠ ᠲᠠᠢ ᠳᠡᠮᠵᠢᠵᠦ᠂ ᠦᠷ᠎ᠡ ᠶᠢᠨ ᠣᠶᠢᠯᠡᠰ ᠤᠨ ᠰᠢᠨ᠎ᠡ ᠶᠢ | ᠡᠭᠦᠳᠬᠦ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠶ︔ ᠪᠠᠶᠢᠭᠠᠯᠢ | ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ | ᠡᠭᠦᠯᠳᠡᠷ ᠬᠠᠮᠠᠭᠠᠯᠠᠬᠤ ᠲᠠᠯᠠᠪᠠᠶ ᠪᠠ ᠭᠤᠤᠯ ᠪᠣᠯᠬᠤ ᠡᠭᠦᠯᠳᠡᠷ ᠪᠤᠶᠢᠵᠢᠭᠤᠯᠬᠤ ᠲᠠᠯᠠᠪᠠᠶ ᠶᠢᠨ ᠬᠡᠷᠡᠭᠯᠡᠬᠦ ᠭᠠᠵᠠᠷ ᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠶᠢᠨ ᠨᠠᠷᠢᠨ | ᠲᠠᠩᠰᠠ ᠶᠢ ᠡᠮᠬᠢᠯᠡᠨ ᠳᠢᠭᠯᠡᠵᠦ᠂ ᠢᠳᠡᠪᠬᠢᠲᠡᠶ ᠪᠠᠷ ᠬᠠᠮᠵᠢᠯᠴᠠᠨ᠂ ᠪᠥᠬᠦ ᠬᠤᠲᠠ ᠶᠢᠨ ᠦᠷ᠎ᠡ ᠶᠢᠨ ᠣᠶᠢᠯᠡᠰ ᠤᠨ ᠴᠢᠨᠠᠷ | ᠰᠠᠶᠢᠲᠠᠶ ᠬᠥᠭᠵᠢᠯᠲᠡ ᠶᠢᠨ ᠡᠯ᠎ᠡ ᠵᠣᠶᠢᠯ ᠤᠨ ᠬᠠᠷᠠᠯᠲᠠᠲᠤ ᠡᠭᠦᠷᠭᠡ ᠪᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠵᠤ᠂ ᠪᠥᠬᠦ ᠬᠤᠲᠠ ᠶᠢᠨ ᠦᠷ᠎ᠡ ᠶᠢᠨ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠠᠬᠢᠭᠤᠯᠬᠤ | ᠬᠡᠷᠡᠭᠲᠡᠶ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ︵ᠭᠤᠷᠪᠠ︶ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠠᠪᠤᠨ | ᠵᠢᠯ ᠤᠨ ᠠᠵᠢᠯᠯᠠᠭ᠎ᠠ ᠶᠢᠨ ᠲᠥᠰᠦᠯ ᠤᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠦᠨᠡᠯᠡᠬᠦ | ᠭᠦᠢᠴᠡᠳᠬᠡᠬᠦ ᠲᠤᠭ᠎ᠠ ᠶᠢᠨ ᠲᠤᠭᠳᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠰᠢᠯᠭᠠᠨ ᠬᠢᠨᠠᠵᠣ | ᠵᠠᠷᠯᠠᠬᠤ ᠲᠥᠷᠢᠮ ᠢ ᠪᠠᠶᠢᠭᠤᠯᠤᠨ᠂ ᠬᠤᠰᠢᠭᠤ ᠲᠤᠭᠤᠷᠢᠭ ᠪᠣᠯᠤᠨ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠵᠢᠯ ᠢ | ᠠᠬᠢᠭᠤᠯᠤᠭᠰᠠᠨ ᠪᠠᠶᠢᠳᠠᠯ ᠢ ᠰᠢᠯᠭᠠᠨ ᠦᠨᠡᠯᠡᠵᠦ᠂ ᠰᠢᠯᠭᠠᠨ ᠬᠢᠨᠠᠵᠣ ᠦᠨᠡᠯᠡᠭᠰᠡᠨ ᠦᠷ᠎ᠡ ᠳ᠋ᠦᠩ ᠢ ᠲᠣᠭᠲᠠᠮᠠᠯ | ᠬᠤᠭᠤᠴᠠᠭ᠎ᠠ ᠲᠠᠢ ᠪᠠᠷ ᠵᠠᠷᠯᠠᠵᠣ᠂ ᠠᠵᠢᠯᠯᠠᠭ᠎ᠠ ᠶᠢᠨ ᠲᠥᠰᠦᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠨ᠎ᠠ ︵ᠤᠷᠳᠤᠰ ᠬᠤᠳᠠ ᠶᠢᠨ ᠤᠳᠤ ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠬᠠᠷᠢᠭᠤᠴᠠᠨ᠎ᠠ︶᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠬᠤᠰᠢᠭᠤ ᠲᠤᠭᠤᠷᠢᠭ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠪᠠᠷ ᠳᠠᠮᠵᠢᠭᠤᠯᠤᠨ᠂ | ᠦᠷ᠎ᠡ ᠶᠢᠨ ᠣᠶᠢᠯᠡᠰ ᠤᠨ ᠬᠥᠭᠵᠢᠯᠲᠡ ᠶᠢᠨ ᠪᠠᠶᠢᠳᠠᠯ ᠳᠤ ᠤᠬᠠᠭᠤᠯᠭ᠎ᠠ ᠬᠢᠵᠦ᠂ ᠣᠯᠤᠭᠰᠠᠨ ᠰᠠᠶᠢᠨ ᠦᠷ᠎ᠡ ᠪᠦᠲᠦᠮᠵᠢ ᠶᠢ | ᠴᠠᠭ ᠲᠤᠬᠠᠶ ᠳᠤᠨᠢ ᠲᠤᠰᠬᠠᠬᠤ ᠬᠡᠷᠡᠭᠲᠡᠶ᠃ ᠤᠬᠠᠭᠤᠯᠭ᠎ᠠ ᠪᠠᠷ ᠳᠡᠮᠵᠢᠨ᠂ ᠪᠥᠬᠦ ᠬᠤᠲᠠ ᠳᠤ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠦᠷ᠎ᠡ ᠶᠢᠨ ᠣᠶᠢᠯᠡᠰ ᠢ ᠴᠢᠬᠤᠯᠠᠴᠢᠯᠠᠬᠤ᠂ | ᠦᠷ᠎ᠡ ᠶᠢᠨ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠢᠨ᠎ᠡ ᠪᠠᠶᠢᠳᠠᠯ ᠢ ᠪᠣᠶ ᠪᠣᠯᠭᠠᠨ᠎ᠠ ︵ᠣᠷᠳᠣᠰ ᠬᠤᠲᠠ | ᠶᠢᠨ ᠣᠲᠣ ᠦᠶ᠎ᠡ ᠶᠢᠨ ᠦᠷ᠎ᠡ ᠶᠢᠨ ᠣᠶᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠠᠷᠢᠭᠤᠴᠠᠨ᠎ᠠ︶ | ᠃ | |