ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ᠄ | ᠣᠶᠢᠷ᠎ᠠ ᠶᠢᠨ ᠬᠤᠭᠤᠴᠠᠭᠠᠨ ᠳᠤ ᠮᠧᠩ ᠰᠢ ᠴᠠᠬᠢᠯᠭᠠᠨ ᠲᠣᠤᠷ ᠤᠨ ᠴᠠᠬᠢᠯᠭᠠᠨ ᠭᠠᠷᠭᠠᠬᠤ ᠬᠦᠴᠦᠨ ᠬᠦᠨᠳᠦ ᠨᠣᠴᠢᠲᠠᠶ | ᠳᠤᠲᠠᠭᠳᠠᠵᠤ᠂ ᠴᠠᠬᠢᠯᠭᠠᠨ ᠬᠦᠴᠦᠨ ᠤ ᠳᠤᠲᠠᠭᠤᠳᠠᠯ ᠦᠷᠭᠦᠯᠵᠢᠯᠡᠨ ᠨᠡᠮᠡᠭᠳᠡᠵᠦ᠂ ᠡᠮᠬᠢ ᠵᠢᠷᠤᠮ ᠲᠠᠢ ᠪᠠᠷ ᠴᠠᠬᠢᠯᠭᠠᠨ | ᠬᠡᠷᠡᠭᠯᠡᠬᠦ ᠬᠡᠪᠴᠢᠶ᠎ᠡ ᠥᠷᠭᠡᠳᠴᠦ᠂ ᠲᠠᠪᠳᠠᠮᠵᠢ ᠨᠡᠮᠡᠭᠳᠡᠵᠣ᠂ ᠮᠠᠨ ᠤ ᠬᠤᠲᠠ ᠶᠢᠨ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ | ᠬᠡᠶ᠂ ᠬᠢᠮᠢ ᠶᠢᠨ ᠠᠵᠤ ᠣᠶᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠭᠤᠤᠯᠳᠠᠯᠭ᠎ᠠ ᠲᠠᠢ ᠲᠣᠮᠣ ᠬᠡᠯᠪᠡᠷᠢ ᠶᠢᠨ ᠠᠵᠤ | ᠣᠶᠢᠯᠡᠳᠪᠦᠷᠢ ᠶᠢᠨ ᠠᠵᠤ ᠠᠬᠤᠶᠢᠯᠠᠯ ᠤᠨ ᠬᠡᠪ ᠤᠨ ᠣᠶᠢᠯᠡᠳᠪᠦᠷᠢᠯᠠᠯ ᠢ ᠨᠥᠯᠥᠭᠡᠯᠡᠵᠦ᠂ ᠴᠢᠨᠠᠭᠰᠢᠯᠠᠪᠠᠯ ᠬᠡᠰᠡᠭ ᠠᠵᠤ | ᠠᠬᠤᠶᠢᠯᠠᠯ ᠤᠨ ᠣᠶᠢᠯᠡᠳᠪᠦᠷᠢᠯᠠᠯ ᠨᠢᠭᠡᠨᠲᠡ ᠵᠤᠭᠰᠤᠭᠰᠠᠨ ᠪᠠᠶᠢᠨ᠎ᠠ᠃ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠴᠢᠮ | ᠪᠠᠶᠢᠳᠠᠯ ᠢ ᠪᠦᠲᠦᠮᠵᠢᠲᠡᠶ ᠠᠷᠭᠠᠴᠠᠵᠤ᠂ ᠴᠠᠬᠢᠯᠭᠠᠨ ᠲᠣᠤᠷ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠪᠠ ᠪᠥᠬᠦ | ᠬᠤᠲᠠ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠤᠰᠠᠳᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ | ᠵᠣᠬᠢᠴᠠᠭᠤᠯᠤᠨ ᠬᠤᠯᠪᠤᠯᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠢ | ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠵᠤᠬᠢᠴᠠᠭᠤᠯᠤᠨ ᠬᠤᠯᠪᠤᠯᠳᠤᠭᠤᠯᠬᠤ ᠠᠵᠢᠯ ᠤᠨ ᠲᠣᠭᠲᠠᠴᠠ | ᠶᠢ ᠪᠠᠶᠢᠭᠤᠯᠤᠨ᠎ᠠ | ᠬᠤᠲᠠ᠂ ᠬᠤᠰᠢᠭᠤ ᠲᠣᠭᠤᠷᠢᠭ᠂ ᠠᠵᠤ ᠠᠬᠤᠶᠢᠯᠠᠯ ᠭᠤᠷᠪᠠᠨ ᠱᠠᠲᠤᠨ ᠤ ᠡᠮᠬᠢ ᠵᠢᠷᠤᠮ ᠲᠠᠢ ᠪᠠᠷ ᠴᠠᠬᠢᠯᠭᠠᠨ | ᠬᠡᠷᠡᠭᠯᠡᠬᠦ ᠶᠢ ᠵᠣᠬᠢᠴᠠᠭᠤᠯᠤᠨ ᠬᠤᠯᠪᠤᠯᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠰᠢᠭᠤ ᠲᠤᠭᠤᠷᠢᠭ | ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠬᠤᠰᠢᠭᠤ ᠲᠤᠭᠤᠷᠢᠭ ᠤᠨ ᠡᠮᠬᠢ ᠵᠢᠷᠤᠮ ᠲᠠᠢ ᠴᠠᠬᠢᠯᠭᠠᠨ ᠬᠡᠷᠡᠭᠯᠡᠬᠦ | ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰᠬᠠᠶ ᠤᠳᠤᠷᠢᠳᠬᠤ ᠳᠤᠭᠤᠶᠢᠯᠠᠩ | ᠪᠠᠶᠢᠭᠤᠯᠤᠨ᠂ ᠪᠣᠳᠠᠲᠤ ᠪᠠᠶᠢᠳᠠᠯ ᠳᠤ ᠨᠡᠶᠢᠴᠡᠬᠦ ᠡᠮᠬᠢ ᠵᠢᠷᠤᠮ ᠲᠠᠢ ᠴᠠᠬᠢᠯᠭᠠᠨ ᠬᠡᠷᠡᠭᠯᠡᠬᠦ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠲᠣᠭᠲᠠᠭᠠᠵᠤ᠂ ᠬᠠᠷᠢᠶ᠎ᠠ ᠣᠷᠣᠨ ᠤ ᠠᠵᠤ ᠠᠬᠤᠶᠢᠯᠠᠯ ᠤᠳ ᠢ ᠨᠢᠭᠡ ᠨᠢᠭᠡ ᠪᠠᠷ ᠣᠶᠢᠯᠠᠭᠠᠵᠣ᠂ | ᠭᠤᠣᠯᠳᠠᠯᠭ᠎ᠠ ᠲᠠᠢ ᠬᠡᠷᠡᠭᠯᠡᠭᠴᠢ ᠶᠢᠨ ᠲᠠᠩᠰᠠ ᠡᠪᠬᠡᠮᠡᠯ ᠪᠠᠶᠢᠭᠤᠯᠤᠨ᠂ ᠠᠮᠦᠷ ᠲᠦᠪᠰᠢᠨ ᠢᠶᠠᠷ ᠴᠠᠬᠢᠯᠭᠠᠨ ᠬᠡᠷᠡᠭᠯᠡᠬᠦ | ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠠᠵᠤ ᠠᠬᠤᠶᠢᠯᠠᠯ ᠢ ᠱᠠᠭᠠᠷᠳᠠᠭᠤᠯᠵᠤ | ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠡᠯᠡᠳᠬᠡᠯ ᠲᠥᠰᠦᠯ ᠪᠠᠶᠢᠭᠤᠯᠤᠨ᠎ᠠ᠃ ᠡᠮᠬᠢ ᠵᠢᠷᠤᠮ ᠲᠠᠢ ᠪᠠᠷ | ᠴᠠᠬᠢᠯᠭᠠᠨ ᠬᠡᠷᠡᠭᠯᠡᠬᠦ ᠬᠠᠷᠢᠴᠠᠯ ᠨᠢ ᠵᠢᠯ ᠤᠨ ᠡᠬᠢᠨ ᠳᠤ ᠪᠠᠭᠤᠯᠭᠠᠭᠰᠠᠨ ᠬᠠᠷᠢᠴᠠᠯ ᠠᠴᠠ ᠬᠡᠲᠦᠷᠡᠭᠰᠡᠨ ᠦᠶ᠎ᠡ ᠳᠤ᠂ ᠭᠤᠷᠪᠠᠨ | ᠱᠠᠲᠤᠨ ᠤ ᠬᠤᠯᠪᠤᠯᠳᠤᠭᠤᠯᠬᠤ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠵᠦ᠂ ᠠᠮᠤᠷ ᠲᠦᠪᠰᠢᠨ᠂ ᠣᠶᠢᠯᠡᠳᠪᠦᠷᠢᠯᠠᠯ | ᠵᠡᠷᠭᠡ ᠡᠯ᠎ᠡ ᠲᠠᠯ᠎ᠠ ᠶᠢᠨ ᠠᠵᠢᠯ ᠢ ᠡᠮᠬᠢ ᠵᠢᠷᠤᠮ ᠲᠠᠢ ᠪᠠᠷ ᠰᠠᠶᠢᠲᠤᠷ ᠳᠣᠭᠢᠷᠠᠭᠤᠯᠤᠨ᠎ᠠ᠃ | ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠬᠤᠲᠠ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠢᠯ ᠢ ᠵᠣᠬᠢᠴᠠᠭᠤᠯᠬᠤ ᠳᠤᠭᠤᠶᠢᠯᠠᠩ ︵ᠲᠤᠤᠷ᠎ᠠ | ᠵᠣᠬᠢᠴᠠᠭᠤᠯᠬᠤ ᠳᠤᠭᠤᠶᠢᠯᠠᠩ ᠬᠡᠨ᠎ᠡ︶ ᠪᠣᠯ ᠪᠥᠬᠦ ᠬᠤᠲᠠ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠢᠯ ᠢ | ᠵᠢᠯᠣᠭᠤᠳᠤᠨ ᠵᠣᠬᠢᠴᠠᠭᠤᠯᠬᠤ ᠪᠠᠶᠢᠭᠤᠯᠤᠮᠵᠢ ᠪᠣᠯᠤᠨ᠎ᠠ᠂ ᠠᠯᠪᠠᠨ ᠬᠡᠷ ᠢ ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ ᠳᠤ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠥᠬᠦᠶ ᠰᠠᠯᠠᠭ᠎ᠠ | ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠣ᠂ ᠨᠢᠭᠲᠠ ᠬᠠᠮᠵᠢᠯᠴᠠᠨ᠎ᠠ᠃ | ︵ᠨᠢᠭᠡ︶ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ | 1. ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠡᠳᠦᠷ ᠲᠤᠳᠦᠮ ᠤᠨ ᠠᠵᠢᠯ ᠢ ᠬᠠᠷᠢᠭᠤᠴᠠᠨ᠎ᠠ︔ | 2. ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠠᠢ ᠬᠠᠮᠲᠤᠷᠠᠨ ᠮᠠᠨ ᠤ ᠬᠤᠲᠠ ᠶᠢᠨ ᠠᠵᠤ ᠦᠢᠯᠡᠳᠪᠦᠷᠢ ᠶᠢᠨ | ᠪᠦᠲᠦᠴᠡ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠣᠨᠴᠠᠯᠢᠭ᠂ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡᠨ ᠤ | ᠪᠠᠶᠢᠳᠠᠯ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ | ᠳᠡᠰ ᠳᠠᠷᠠᠭᠠᠯᠠᠯ ᠤᠨ ᠬᠦᠰᠦᠨᠦᠭᠲᠦ ᠶᠢ ᠲᠣᠭᠲᠠᠭᠠᠨ᠎ᠠ᠃ | ︵ᠬᠤᠶᠠᠷ︶ ᠬᠤᠲᠠ ᠶᠢᠨ ᠡᠨᠧᠷᠭᠢ ᠶᠢᠨ ᠲᠣᠪᠴᠢᠶ᠎ᠠ | 1. ᠬᠤᠳᠠ ᠶᠢᠨ ᠳᠣᠲᠣᠷᠠᠬᠢ ᠴᠠᠬᠢᠯᠭᠠᠨ ᠭᠠᠷᠭᠠᠬᠤ ᠠᠵᠤ ᠠᠬᠤᠶᠢᠯᠠᠯ ᠪᠣᠯᠤᠨ ᠨᠡᠭᠦᠷᠡᠰᠦᠨ ᠤ ᠦᠢᠯᠡᠳᠪᠦᠷᠢᠯᠡᠯ ᠤᠨ | ᠠᠵᠤ ᠠᠬᠤᠶᠢᠯᠠᠯ ᠢ ᠱᠠᠭᠠᠷᠳᠠᠨ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠪᠠ ᠨᠥᠭᠡᠴᠡᠯᠡᠯᠲᠡ ᠶᠢ ᠪᠠᠲᠤᠯᠠᠨ᠎ᠠ︔ | 2. ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠲᠠᠢ ᠬᠠᠮᠲᠤᠷᠠᠨ᠂ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠵᠢᠴᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠯᠤᠭ᠎ᠠ | ᠵᠤᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠢᠯ ᠢ ᠬᠠᠮᠲᠤᠪᠠᠷ | ᠰᠠᠶᠢᠲᠤᠷ ᠬᠢᠨ᠎ᠠ᠃ | ︵ᠭᠤᠷᠪᠠ︶ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | 1. ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠲᠠᠢ | ᠬᠠᠮᠲᠤᠷᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠠᠵᠢᠯ ᠢ ᠬᠠᠮᠲᠤᠪᠠᠷ | ᠰᠠᠶᠢᠲᠤᠷ ᠬᠢᠨ᠎ᠠ︔ | 2. ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠴᠠᠬᠢᠯᠭᠠᠨ ᠲᠠᠰᠤᠷᠠᠭᠰᠠᠨ ᠠᠴᠠ ᠪᠣᠯᠵᠣ ᠬᠦᠨᠳᠦ ᠶᠡᠭᠡ | ᠪᠡᠶ᠎ᠡ ᠶᠢᠨ ᠭᠡᠮᠲᠦᠯ ᠡᠭᠦᠰᠬᠦ ᠪᠤᠶᠤ ᠲᠣᠨᠤᠭ ᠲᠥᠬᠦᠭᠡᠷᠦᠮᠵᠢ ᠨᠢ ᠬᠦᠨᠳᠦ ᠨᠣᠴᠢᠲᠠᠶ ᠡᠪᠳᠡᠭᠳᠡᠬᠦ ᠳᠠᠭᠠᠭᠠᠴᠠ ᠵᠢᠴᠢ ᠣᠷᠭᠢᠯ | ᠦᠶ᠎ᠡ ᠠᠴᠠ ᠵᠠᠶᠢᠯᠠᠬᠤ ᠪᠠ ᠴᠠᠬᠢᠯᠭᠠᠨ ᠢ ᠵᠣᠭᠰᠣᠭᠠᠵᠤ ᠬᠢᠵᠠᠭᠠᠷᠯᠠᠬᠤ ᠴᠢᠳᠠᠪᠤᠷᠢ ᠶᠢ ᠵᠠᠳᠠᠯᠬᠤ ᠪᠠ ᠦᠨᠡᠯᠡᠨ ᠵᠢᠱᠢᠬᠦ ᠶᠢ | ᠬᠠᠷᠢᠭᠤᠴᠠᠵᠤ᠂ ᠲᠣᠰ ᠲᠥᠷᠥᠯ ᠤᠨ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠢ ᠵᠢᠯᠣᠭᠤᠳᠤᠨ ︽ᠳᠣᠲᠣᠭᠠᠳᠤ ᠶᠢᠨ | ᠳᠠᠭᠠᠭᠠᠴᠠ ᠶᠢᠨ ᠪᠠᠴᠢᠮ ᠪᠠᠶᠢᠳᠠᠯ ᠢ ᠠᠷᠭᠠᠴᠠᠬᠤ ᠡᠵᠡᠮᠳᠡᠬᠦ ᠲᠥᠰᠦᠯ︾ ᠢ ᠲᠣᠭᠲᠠᠭᠠᠨ᠎ᠠ᠃ | ︵ᠲᠥᠷᠪᠡ︶ ᠤᠷᠳᠤᠰ ᠤᠨ ᠴᠠᠬᠢᠯᠭᠠᠨ ᠦᠢᠯᠡᠰ ᠤᠨ ᠲᠣᠪᠴᠢᠶ᠎ᠠ᠂ ᠰᠢᠤᠸᠠᠢ ᠵᠢᠶᠠ ᠸᠠᠨ ᠤ ᠴᠠᠬᠢᠯᠭᠠᠨ ᠬᠠᠩᠭᠠᠬᠤ | ᠲᠣᠪᠴᠢᠶ᠎ᠠ | 1. ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠶᠢ ᠬᠠᠮᠵᠢᠨ ᠬᠠᠷᠢᠶ᠎ᠠ ᠣᠷᠣᠨ ᠤ | ᠳᠣᠲᠣᠷᠠᠬᠢ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠡᠳᠦᠷ ᠲᠤᠳᠤᠮ ᠤᠨ ᠬᠠᠮᠢᠶᠠᠷᠤᠯᠲᠠ ᠶᠢ ᠬᠠᠮᠲᠤ ᠪᠠᠷ ᠰᠠᠶᠢᠲᠤᠷ | ᠬᠢᠨ᠎ᠠ︔ | 2. ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠶᠢᠨ ᠪᠠᠭᠤᠯᠭᠠᠭᠰᠠᠨ ᠡᠮᠬᠢ ᠵᠢᠷᠤᠮ ᠲᠠᠢ ᠪᠠᠷ ᠴᠠᠬᠢᠯᠭᠠᠨ | ᠬᠡᠷᠡᠭᠯᠡᠬᠦ ᠭᠦᠢᠴᠡᠳᠬᠡᠬᠦ ᠲᠤᠭ᠎ᠠ ᠶᠢ ᠦᠨᠳᠦᠰᠦᠯᠡᠨ᠂ ᠴᠠᠬᠢᠯᠭᠠᠨ ᠬᠠᠩᠭᠠᠬᠤ ᠡᠵᠡᠩᠨᠡᠯᠲᠡ ᠶᠢᠨ ᠣᠷᠣᠨ ᠪᠦᠰᠡ ᠶᠢᠨ ᠡᠮᠬᠢ | ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠯᠥᠪᠯᠡᠭᠡ ᠶᠢ ᠵᠠᠳᠠᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠰᠢᠨᠵᠢ | ᠴᠢᠨᠠᠷ ᠲᠠᠢ ᠤᠶᠠᠯᠳᠤᠭᠤᠯᠤᠨ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠲᠠᠢ | ᠬᠠᠮᠲᠤᠷᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ | ᠲᠡᠰ ᠳᠠᠷᠠᠭᠠᠯᠠᠯ ᠤᠨ ᠬᠦᠰᠦᠨᠦᠭᠲᠦ ᠶᠢ ᠬᠠᠮᠲᠤᠪᠠᠷ ᠲᠣᠭᠲᠠᠭᠠᠨ᠎ᠠ᠃ ᠴᠠᠬᠢᠯᠭᠠᠨ ᠬᠦᠴᠦᠨ ᠤ ᠡᠨᠧᠷᠭᠢ ᠶᠢᠨ ᠬᠠᠩᠭᠠᠯᠭ᠎ᠠ | ᠬᠦᠷᠦᠯᠴᠡᠬᠦ ᠥᠬᠡᠶ ᠦᠶ᠎ᠡ ᠳᠤ᠂ ᠴᠠᠬᠢᠯᠭᠠᠨ ᠬᠦᠴᠦᠨ ᠪᠤᠶᠤ ᠴᠠᠬᠢᠯᠭᠠᠨ ᠤ ᠬᠡᠮᠵᠢᠶ᠎ᠡ ᠶᠢᠨ ᠳᠤᠲᠠᠭᠤᠳᠠᠯ ᠢᠶᠠᠷ ᠲᠡᠰ | ᠬᠤᠪᠢᠶᠠᠭᠰᠠᠨ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠨᠡᠶᠢᠲᠡᠯᠡᠬᠦ ᠶᠢᠨ ᠬᠠᠮᠲᠤ᠂ ᠪᠣᠳᠠᠲᠤ ᠪᠠᠶᠢᠳᠠᠯ ᠢ ᠦᠨᠳᠦᠰᠦᠯᠡᠨ | ᠴᠠᠬᠢᠯᠭᠠᠨ ᠬᠠᠩᠭᠠᠬᠤ ᠡᠵᠡᠩᠨᠡᠯᠲᠡ ᠶᠢᠨ ᠣᠷᠣᠨ ᠪᠦᠰᠡ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠯᠥᠪᠯᠡᠭᠡ ᠶᠢ | ᠵᠠᠳᠠᠯᠤᠨ᠎ᠠ︔ | 3. ᠬᠠᠷᠢᠶ᠎ᠠ ᠣᠷᠣᠨ ᠤ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠪᠦᠷᠢᠳᠬᠡᠨ ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠠᠩᠭᠠᠬᠤ ᠡᠵᠡᠩᠨᠡᠯᠲᠡ ᠶᠢᠨ ᠣᠷᠣᠨ ᠪᠦᠰᠡ ᠪᠠᠷ ᠡᠮᠬᠢ | ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠳᠤ ᠨᠥᠯᠥᠭᠡᠯᠡᠭᠳᠡᠭᠰᠡᠨ ᠳᠠᠭᠠᠭᠠᠴᠠ ᠪᠠ ᠴᠠᠬᠢᠯᠭᠠᠨ ᠤ ᠬᠡᠮᠵᠢᠶ᠎ᠡ ᠶᠢ ᠪᠤᠳᠦᠬᠤ ᠶᠢᠨ | ᠬᠠᠮᠲᠤ ᠵᠣᠬᠢᠴᠠᠭᠤᠯᠬᠤ ᠳᠤᠭᠤᠶᠢᠯᠠᠩ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠨ᠎ᠡ︔ | 4. ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠣᠬᠢᠷᠠᠭᠤᠯᠭ᠎ᠠ ᠶᠢᠨ ᠵᠠᠷᠯᠢᠭ ᠢ ᠬᠡᠷᠡᠭᠵᠢᠭᠦᠯᠬᠦ ᠥᠬᠡᠶ ᠬᠡᠷᠡᠭᠯᠡᠭᠴᠢ ᠶᠢ | ᠬᠠᠮᠤᠭ ᠤᠨ ᠲᠡᠷᠢᠭᠦᠨ ᠳᠤ ᠵᠣᠬᠢᠴᠠᠭᠤᠯᠬᠤ ᠳᠤᠭᠤᠶᠢᠯᠠᠩ ᠳᠤ ᠮᠡᠳᠡᠭᠦᠯᠬᠦ ᠶᠢᠨ ᠬᠠᠮᠲᠤ᠂ ᠬᠤᠲᠠ ᠶᠢᠨ ᠠᠵᠤ ᠣᠶᠢᠯᠡᠳᠪᠦᠷᠢ | ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠠᠴᠠ ᠴᠠᠬᠢᠯᠭᠠᠨ ᠵᠣᠭᠰᠣᠭᠠᠬᠤ ᠠᠷᠭ᠎ᠠ ᠬᠡᠮᠵᠢᠶ᠎ᠡ ᠠᠪᠤᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠴᠠᠬᠢᠯᠭᠠᠨ ᠬᠡᠷᠡᠭᠯᠡᠬᠦ ᠠᠵᠤ | ᠠᠬᠤᠶᠢᠯᠠᠯ ᠢ ᠱᠠᠭᠠᠷᠳᠠᠭᠤᠯᠵᠤ ᠪᠠᠶᠢᠭᠠᠳ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠬᠤᠭᠤᠴᠠᠭᠠᠨ ᠤ ᠠᠶᠤᠯ ᠥᠭᠡᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠯᠭᠡᠵᠦ᠂ ᠴᠠᠬᠢᠯᠭᠠᠨ ᠵᠣᠭᠰᠣᠭᠰᠠᠨ ᠠᠴᠠ ᠪᠣᠯᠣᠭᠠᠳ ᠠᠶᠤᠯ ᠥᠭᠡᠢ | ᠦᠢᠯᠡᠳᠪᠦᠷᠢᠯᠡᠯ ᠤᠨ ᠠᠳᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠳᠡᠯ ᠵᠢᠴᠢ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠨᠥᠯᠥᠭᠡᠯᠡᠬᠦ ᠪᠤᠰᠤᠳ ᠬᠡᠷᠡᠭ ᠭᠠᠷᠬᠤ ᠠᠴᠠ ᠵᠠᠶᠢᠯᠠᠰᠬᠢᠨ᠎ᠠ᠃ | ︵ᠬᠤᠶᠠᠷ︶ ᠬᠤᠲᠠ ᠶᠢᠨ ᠡᠨᠧᠷᠭᠢ ᠶᠢᠨ ᠲᠣᠪᠴᠢᠶ᠎ᠠ ᠨᠢ ᠵᠢᠯᠣᠭᠤᠳᠣᠯᠭ᠎ᠠ ᠪᠠᠶᠢᠴᠠᠭᠠᠯᠲᠠ ᠪᠠᠨ ᠴᠢᠩᠭᠠᠳᠬᠠᠵᠤ᠂ | ᠨᠡᠭᠦᠷᠡᠰᠦᠨ ᠤ ᠣᠶᠢᠯᠡᠳᠪᠦᠷᠢᠯᠠᠯ ᠤᠨ ᠠᠵᠤ ᠠᠬᠤᠶᠢᠯᠠᠯ ᠢ ᠵᠣᠬᠢᠴᠠᠭᠤᠯᠤᠨ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ | ᠪᠠ ᠨᠥᠭᠡᠴᠡᠯᠡᠯᠲᠡ ᠶᠢ ᠪᠠᠲᠤᠯᠠᠵᠤ᠂ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠪᠥᠬᠦ ᠬᠦᠴᠦᠨ ᠢᠶᠠᠷ ᠢᠶᠠᠨ ᠴᠠᠬᠢᠯᠭᠠᠨ | ᠭᠠᠷᠭᠠᠬᠤ ᠶᠢ ᠵᠣᠷᠢᠭᠵᠢᠭᠤᠯᠤᠨ᠂ ᠲᠥᠯᠥᠪᠯᠡᠭᠡ ᠪᠤᠰᠤ ᠪᠠᠷ ᠠᠵᠢᠯᠯᠠᠭ᠎ᠠ ᠪᠠᠨ ᠵᠣᠭᠰᠣᠭᠠᠬᠤ᠂ ᠮᠠᠰᠢᠨ ᠴᠣᠭᠴᠠᠯᠠᠪᠤᠷᠢ ᠶᠢ | ᠪᠠᠶᠢᠴᠠᠭᠠᠨ ᠵᠠᠰᠠᠬᠤ ᠬᠤᠭᠤᠴᠠᠭ᠎ᠠ ᠠᠴᠠ ᠬᠡᠲᠦᠷᠡᠭᠦᠯᠬᠦ ᠵᠡᠷᠭᠡ ᠴᠠᠬᠢᠯᠭᠠᠨ ᠭᠠᠷᠭᠠᠬᠤ ᠴᠢᠳᠠᠪᠤᠷᠢ ᠶᠢ ᠨᠥᠯᠥᠭᠡᠯᠡᠬᠦ ᠣᠶᠢᠯᠠ | ᠠᠵᠢᠯᠯᠠᠭ᠎ᠠ ᠠᠴᠠ ᠡᠷᠡᠰ ᠵᠠᠶᠢᠯᠠᠰᠬᠢᠵᠦ᠂ ᠮᠠᠨ ᠤ ᠬᠤᠲᠠ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠭᠦᠢᠴᠡᠳ ᠪᠠᠶᠢᠬᠤ | ᠶᠢ ᠦᠨᠡᠨᠬᠦ ᠪᠠᠳᠤᠯᠠᠨ᠎ᠠ᠃ | ︵ᠭᠤᠷᠪᠠ︶ ᠴᠠᠬᠢᠯᠭᠠᠨ ᠬᠦᠴᠦᠨ ᠤ ᠠᠵᠢᠯᠯᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠴᠠᠬᠢᠯᠭᠠᠨ | ᠬᠠᠩᠭᠠᠬᠤ ᠰᠠᠯᠠᠭ᠎ᠠ ᠮᠥᠴᠢᠷ ᠤᠳ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠬᠡᠷᠡᠭᠵᠢᠭᠦᠯᠬᠦ ᠶᠠᠪᠤᠴᠠ ᠳᠤ ᠨᠡᠭᠦᠷᠡᠰᠦ᠂ | ᠪᠠᠶᠢᠭᠠᠯᠢ ᠶᠢᠨ ᠰᠢᠲᠠᠮᠠᠬᠠᠶ ᠬᠡᠶ᠂ ᠨᠡᠭᠦᠷᠡᠰᠤᠨ ᠤ ᠬᠢᠮᠢ ᠶᠢᠨ ᠠᠵᠤ ᠣᠶᠢᠯᠡᠳᠪᠦᠷᠢ ᠵᠡᠷᠭᠡ ᠴᠢᠬᠤᠯᠠ ᠬᠡᠷᠡᠭᠯᠡᠭᠴᠢ ᠶᠢᠨ | ᠴᠠᠬᠢᠯᠭᠠᠨ ᠬᠡᠷᠡᠭᠯᠡᠬᠦ ᠬᠡᠷᠡᠭᠴᠡᠭᠡ ᠶᠢ ᠦᠨᠡᠨᠬᠦ ᠪᠠᠲᠤᠯᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 7 ᠰᠠᠷ᠎ᠠ ᠶᠢᠨ 26 ᠤ ᠡᠳᠦᠷ | |