︽ᠣᠷᠳᠣᠰ ᠬᠤᠲᠠ ᠶᠢᠨ ᠴᠡᠷᠢᠭ ᠢ ᠳᠠᠭᠠᠭᠰᠠᠨ ᠬᠡᠷ  ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠷᠳᠤᠰ ᠲᠠᠬᠢ ᠴᠡᠷᠢᠭ ᠤᠨ ᠬᠤᠪᠢᠶᠠᠷᠢ ᠲᠣᠭᠤᠷᠢᠭ ᠤᠨ ᠮᠡᠳᠡᠭᠳᠡᠯ  ᠤᠷᠳᠤᠰ ᠵᠠᠰᠠᠭ ᠲᠠᠷᠬᠠᠭᠠᠬᠤ ﹇2021﹈ 104 ᠳ᠋ᠤᠬᠡᠷ ᠲᠤᠭᠠᠳᠤ
ᠨᠡᠶᠢᠲᠡᠯᠡᠭᠰᠡᠨ ᠴᠠᠭ᠄
2021/12/15
ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ᠂ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠳᠤ᠄    ᠣᠷᠳᠣᠰ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠠᠴᠠ ᠬᠠᠮᠲᠤᠷᠠᠨ ᠲᠣᠭᠲᠠᠭᠠᠭᠰᠠᠨ ︽ᠣᠷᠳᠣᠰ ᠬᠤᠲᠠ ᠶᠢᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ ᠢᠶᠠᠷ ᠵᠦᠪᠰᠢᠶᠡᠷᠡᠭᠦᠯᠦᠬᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                          ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                          ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ                             2021 ᠣᠨ ᠤ 7 ᠰᠠᠷ᠎ᠠ ᠶᠢᠨ 13᠎ ᠤ ᠡᠳᠦᠷ   ᠣᠷᠳᠣᠰ ᠬᠤᠲᠠ ᠶᠢᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶        ᠮᠠᠨ ᠤ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠢ ᠲᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠴᠢᠨᠠᠭᠰᠢᠳᠠ ᠰᠠᠶᠢᠲᠤᠷ ᠬᠢᠵᠣ᠂ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠪᠦᠬᠦᠨ ᠢ ᠠᠵᠢᠯ ᠣᠯᠭᠤᠬᠤ ᠶᠢ ᠪᠡᠶᠡᠯᠡᠭᠦᠯᠬᠦ ᠶᠢᠨ ᠲᠤᠰᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ︽ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠴᠢᠩᠭᠠᠳᠬᠠᠬᠤ ᠲᠤᠬᠠᠶ ᠰᠠᠨᠠᠯ︾ ︵ᠲᠥᠪ ᠲᠠᠷᠬᠠᠭᠠᠭᠰᠠᠨ ﹇2019﹈ 30 ᠳ᠋ᠤᠭᠠᠷ ᠲᠣᠭᠠᠲᠤ︶᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠶᠡᠷᠦᠩᠬᠡᠶ ᠱᠲ᠋ᠠᠪ ᠤᠨ ᠬᠡᠯᠲᠡᠰ᠂ ᠶᠡᠷᠦᠩᠬᠡᠶ ᠤᠯᠤᠰ ᠲᠥᠷᠥ ᠶᠢᠨ ᠬᠡᠯᠲᠡᠰ ᠤᠨ ︿ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ﹀᠎ ᠶᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇2013﹈ 42 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠬᠡᠷᠡᠭᠵᠢᠭᠦᠯᠬᠦ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2014﹈ 74 ᠳ᠋ᠤᠬᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃    ᠨᠢᠭᠡ᠂ ᠲᠥᠪᠬᠢᠨᠡᠭᠦᠯᠬᠦ ᠡᠲᠡᠭᠡᠳ    ᠲᠣᠰ ᠠᠷᠭ᠎ᠠ ᠶᠢ ᠣᠷᠳᠣᠰ ᠬᠤᠲᠠ ᠶᠢᠨ ᠬᠠᠷᠢᠶᠠᠨ ᠳᠠᠬᠢ ᠬᠤᠲᠠ ᠳᠤ ᠰᠠᠭᠤᠭ᠎ᠠ ᠡᠯ᠎ᠡ ᠴᠡᠷᠢᠭ ᠠᠩᠭᠢ᠂ ᠴᠡᠷᠢᠭ ᠠᠩᠭᠢ ᠶᠢᠨ ᠳ᠋ᠢᠸᠢᠽᠢ ︵ᠪᠠᠷᠢᠭᠠᠳᠠ︶᠎ ᠶᠢᠨ ᠱᠠᠲᠤᠨ ᠠᠴᠠ ᠳᠡᠭᠡᠭᠰᠢᠬᠢ ᠨᠢᠭᠡᠴᠡ ᠶᠢᠨ ᠤᠯᠤᠰ ᠲᠥᠷᠥ ᠶᠢᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠶᠢᠨ ᠬᠠᠮᠲᠤ ᠴᠡᠷᠢᠭ ᠠᠩᠭᠢ ᠶᠢ ᠳᠠᠭᠠᠬᠤ ᠭᠠᠷᠳᠠᠮ ᠢ ᠭᠦᠢᠴᠡᠳᠭᠡᠭᠰᠡᠨ ᠵᠢᠩᠬᠢᠨᠢ ᠠᠯᠪᠠᠨ ᠤ ᠴᠡᠷᠢᠭ ᠤᠨ ᠬᠤᠯᠪᠣᠰᠤ ᠳᠤ ᠬᠡᠷᠡᠭᠯᠡᠨ᠎ᠡ᠃    ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠴᠡᠷᠢᠭ ᠢ ᠲᠡᠭᠠᠬᠰᠡᠠ ᠭᠡᠷ ᠪᠦᠯᠢ ᠶᠢᠨ ᠬᠢᠨ ᠢ ᠲᠥᠪᠬᠢᠨᠡᠭᠦᠯᠵᠦ ᠥᠭᠬᠦ ᠤᠢᠭᠡᠢ᠄ ᠨᠢᠭᠡᠨᠲᠡ ᠠᠵᠢᠯ ᠠᠴᠠ ᠪᠠᠭᠤᠬᠤ ᠨᠠᠰᠤᠨ ᠳᠤ ᠬᠦᠷᠦᠭᠰᠡᠠ︔ ᠲᠠᠩᠰᠠ ᠡᠪᠬᠡᠮᠡᠯ ᠤᠨ ᠠᠩᠬᠠᠨ ᠤ ᠮᠠᠲ᠋ᠧᠷᠢᠶᠠᠯ ᠨᠢ ᠪᠦᠷᠢᠨ ᠪᠤᠰᠤ ᠨᠥᠬᠦᠪᠥᠷᠢᠯᠡᠭᠰᠡᠨ ᠪᠣᠯᠪᠠᠴᠤ ᠮᠥᠨ ᠪᠦᠷᠢᠨ ᠪᠤᠰᠤ ᠪᠤᠶᠤ ᠬᠤᠳᠠᠯ ᠬᠠᠭᠤᠷᠮᠠᠭ ᠪᠠᠶᠢᠬᠤ︔ ᠲᠤᠰ ᠬᠥᠮᠦᠨ ᠨᠢ ᠲᠥᠪᠬᠢᠨᠡᠭᠦᠯᠦᠨ ᠠᠵᠢᠯ ᠣᠯᠭᠤᠬᠤ ᠶᠢ ᠲᠡᠪᠴᠢᠭᠰᠡᠨ ᠪᠤᠶᠤ ᠨᠥᠬᠦᠴᠡᠯ ᠳᠤ ᠨᠡᠶᠢᠴᠡᠬᠦ ᠦᠭᠡᠢ ᠪᠤᠰᠤᠳ ᠪᠠᠶᠢᠳᠠᠯ ᠲᠠᠢ ᠪᠠᠶᠢᠬᠤ᠃    ᠬᠤᠶᠠᠷ᠂ ᠲᠥᠪᠬᠢᠨᠡᠭᠦᠯᠬᠦ ᠠᠷᠭ᠎ᠠ ᠮᠠᠶ᠋ᠢᠭ    ︵ᠨᠢᠭᠡ︶ ᠳᠠᠭᠠᠯᠳᠤᠭᠤᠯᠤᠨ ᠰᠢᠯᠵᠢᠭᠦᠯᠬᠦ    1. ᠲᠠᠭᠠᠯᠳᠤᠭᠤᠯᠤᠨ ᠰᠢᠯᠵᠢᠭᠦᠯᠬᠦ ᠭᠡᠳᠡᠭ ᠨᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠬᠤᠲᠠ ᠶᠢᠨ ᠭᠠᠳᠠᠨ᠎ᠠ ᠠᠴᠠ ᠲᠣᠰ ᠬᠤᠲᠠ ᠪᠤᠶᠤ ᠲᠣᠰ ᠬᠤᠲᠠ ᠶᠢᠨ ᠳᠣᠲᠣᠷᠠᠬᠢ ᠬᠤᠰᠢᠭᠤ ᠲᠣᠭᠤᠷᠢᠭ ᠤᠨ ᠬᠤᠭᠤᠷᠣᠨᠳᠣ ᠰᠢᠯᠵᠢᠭᠦᠯᠬᠦ ᠶᠢ ᠵᠢᠭᠠᠵᠤ ᠪᠣᠶ᠃ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ ᠬᠤᠰᠢᠭᠤᠨ ᠤ ᠬᠤᠭᠤᠷᠤᠨᠳᠤ ᠰᠢᠯᠵᠢᠭᠦᠯᠬᠦ ᠨᠢ ᠲᠠᠭᠠᠯᠳᠤᠭᠤᠯᠤᠨ ᠰᠢᠯᠵᠢᠭᠦᠯᠬᠦ ᠬᠡᠪᠴᠢᠶᠡᠨ ᠳᠤ ᠪᠠᠭᠲᠠᠬᠤ ᠥᠬᠡᠶ᠃    2. ᠵᠢᠩᠬᠢᠨᠢ ᠠᠯᠪᠠᠨ ᠤ ᠴᠡᠷᠢᠭ ᠤᠨ ᠬᠡᠷ ᠪᠦᠯᠢ ᠶᠢ ᠰᠢᠯᠵᠢᠭᠦᠯᠬᠦ ᠠᠴᠠ ᠡᠮᠦᠨ᠎ᠡ᠂ ᠤᠤᠯ ᠤᠨ ᠡᠷᠦᠬᠡ ᠠᠮᠠ ᠶᠢᠨ ᠲᠠᠩᠰᠠ ᠪᠠᠶᠢᠭᠰᠠᠨ ᠭᠠᠵᠠᠷ ︵ᠪᠤᠶᠤ ᠤᠤᠯ ᠤᠨ ᠴᠡᠷᠢᠭ ᠢ ᠲᠠᠭᠠᠭᠰᠠᠨ ᠭᠠᠵᠠᠷ︶᠎ ᠲᠤ ᠠᠯᠪᠠᠨ ᠪᠠᠶᠢᠭᠤᠯᠭ᠎ᠠ ᠠᠵᠢᠯ ᠣᠶᠢᠯᠡᠰ ᠎ ᠤᠨ ᠨᠢᠭᠡᠴᠡ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠪᠠᠶᠢᠪᠠᠯ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠲᠤᠰᠬᠠᠶ ᠮᠡᠷᠭᠡᠵᠢᠯ ᠢ ᠨᠢ ᠳᠣᠭᠢᠷᠠᠭᠤᠯᠵᠤ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠪᠠᠶᠢᠯᠭᠠᠬᠤ︾ ᠵᠠᠷᠴᠢᠮ ᠶᠣᠰᠣᠭᠠᠷ᠂ ᠲᠣᠰ ᠬᠥᠮᠦᠨ ᠤ ᠬᠢᠷᠢ ᠬᠡᠮ᠂ ᠲᠤᠰᠢᠶᠠᠯ ᠪᠠ ᠲᠤᠰᠢᠶᠠᠯ ᠤᠨ ᠪᠠᠶᠢᠷᠢ ᠶᠢᠨ ᠲᠥᠷᠥᠯ ᠢᠯᠭᠠᠯ ᠢᠶᠠᠷ ᠯᠠᠪᠯᠠᠯᠲᠠ ᠪᠣᠯᠭᠠᠵᠤ᠂ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠰᠢᠯᠵᠢᠭᠦᠯᠬᠦ ᠠᠷᠭ᠎ᠠ ᠮᠠᠶ᠋ᠢᠭ ᠢᠶᠠᠷ ᠠᠵᠢᠯ ᠲᠥᠷᠥᠯ ᠢᠶᠠᠷ ᠲᠠᠭᠠᠷᠠᠬᠤ ᠠᠯᠪᠠᠨ ᠪᠠᠶᠢᠭᠤᠯᠭ᠎ᠠ ᠠᠵᠢᠯ ᠣᠶᠢᠯᠡᠰ ᠤᠨ ᠤᠨ ᠨᠢᠭᠡᠴᠡ ᠳᠤ ᠰᠢᠯᠵᠢᠭᠦᠯᠦᠨ᠎ᠡ    ︵ᠬᠤᠶᠠᠷ︶ ᠠᠵᠢᠯ ᠣᠯᠭᠤᠵᠤ ᠲᠥᠪᠬᠢᠨᠡᠭᠦᠯᠬᠦ    ᠴᠡᠷᠢᠭ ᠢ ᠲᠠᠭᠠᠵᠣ ᠠᠵᠢᠯ ᠣᠯᠤᠭᠠᠳᠤᠶ ᠴᠡᠷᠢᠭ ᠤᠨ ᠬᠡᠷ ᠪᠦᠯᠢ ᠶᠢ ︽ᠬᠠᠷᠢᠶ᠎ᠠ ᠤᠷᠤᠨ ᠳᠤᠨᠢ ᠬᠠᠮᠢᠶᠠᠷᠤᠭᠤᠯᠬᠤ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠪᠠᠶᠢᠯᠭᠠᠬᠤ︾ ᠵᠠᠷᠴᠢᠮ ᠢᠶᠠᠷ ᠲᠥᠪᠬᠢᠨᠡᠭᠦᠯᠵᠦ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠠᠴᠠ ᠠᠵᠢᠯ ᠣᠯᠭᠤᠵᠤ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠢ ᠲᠠᠭᠠᠭᠰᠠᠨ ᠬᠡᠷ ᠪᠦᠯᠢ ᠶᠢ ᠵᠢᠯ ᠪᠦᠷᠢ ᠵᠣᠬᠢᠬᠤ ᠬᠠᠷᠢᠴᠠᠯ ᠢᠶᠠᠷ ᠠᠵᠤ ᠠᠬᠤᠶᠢᠯᠠᠯ ᠳᠤ ᠲᠥᠪᠬᠢᠨᠡᠭᠦᠯᠬᠦ᠂ ᠠᠵᠢᠯ ᠣᠶᠢᠯᠡᠰ ᠤᠨ ᠨᠢᠭᠡᠴᠡ ᠶᠢᠨ ᠰᠢᠯᠭᠠᠯᠲᠠ ᠪᠠᠷ ᠤᠷᠢᠬᠤ ᠵᠡᠷᠭᠡ ᠠᠷᠭ᠎ᠠ ᠮᠠᠶ᠋ᠢᠭ ᠢᠶᠠᠷ ᠲᠥᠪᠬᠢᠨᠡᠭᠦᠯᠦᠨ᠎ᠡ᠃    1. ᠬᠤᠳᠠ ᠶᠢᠨ ᠲᠤᠰ ᠱᠠᠳᠤ ᠨᠢ ᠤᠷᠳᠤᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠪᠠᠶᠢᠭᠤᠯᠭ᠎ᠠ᠂ ᠵᠡᠪᠰᠡᠭᠲᠦ ᠴᠠᠭᠳᠠᠭ᠎ᠠ ᠶᠢᠨ ᠤᠷᠳᠤᠰ ᠲᠠᠬᠢ ᠰᠠᠯᠪᠤᠷᠢ ᠠᠩᠬᠢ ᠶᠢᠨ ᠪᠠᠶᠢᠭᠤᠯᠭ᠎ᠠ ᠵᠢᠴᠢ ᠪᠡᠯᠡᠳᠬᠡᠯ ᠶᠡᠭᠡ ᠠᠩᠬᠢ᠂ ᠦᠢᠯᠡᠴᠢᠯᠡᠭᠡᠨ ᠤ ᠪᠠᠲᠤᠯᠠᠭ᠎ᠠ ᠶᠢᠨ ᠶᠡᠭᠡ ᠠᠩᠬᠢ᠂ ᠵᠢᠭᠠᠨ ᠵᠢᠯᠣᠭᠤᠳᠬᠤ ᠠᠩᠬᠢ᠂ ᠡᠭᠦᠷᠭᠡ ᠭᠦᠢᠴᠡᠳᠬᠡᠬᠦ ᠨᠢᠭᠡᠳᠦᠭᠡᠷ᠂ ᠬᠤᠶᠠᠳᠤᠭᠠᠷ ᠶᠡᠭᠡ ᠠᠩᠬᠢ᠂ ᠡᠭᠦᠷᠭᠡ ᠭᠦᠢᠴᠡᠳᠬᠡᠬᠦ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠳᠤᠮᠳᠠ ᠠᠩᠬᠢ᠂ ᠪᠡᠯᠡᠳᠬᠡᠯ ᠠᠯᠪᠠᠨ ᠤ 90 ᠳ᠋ᠤᠭᠠᠷ ᠬᠤᠷᠢᠶ᠎ᠠ᠂ 93502 ᠴᠡᠷᠢᠭ ᠠᠩᠬᠢ ᠶᠢᠨ 81 ᠳ᠋ᠤᠭᠠᠷ ᠠᠩᠬᠢ᠂ 31401 ᠴᠡᠷᠢᠭ ᠠᠩᠬᠢ ᠶᠢᠨ 86 ᠳ᠋ᠤᠭᠠᠷ ᠠᠩᠬᠢ ᠶᠢᠨ ᠴᠡᠷᠢᠭ ᠢ ᠲᠠᠭᠠᠵᠣ ᠠᠵᠢᠯ ᠣᠯᠤᠭᠠᠳᠤᠶ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃    2. ᠡᠯ᠎ᠡ ᠬᠤᠰᠢᠭᠤ ᠲᠣᠭᠤᠷᠢᠭ ᠨᠢ ᠬᠠᠷᠢᠶ᠎ᠠ ᠰᠠᠭᠤᠭ᠎ᠠ ᠭᠠᠵᠠᠷ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠶᠢᠨ ᠬᠤᠰᠢᠭᠤ ᠲᠣᠭᠤᠷᠢᠭ ᠲᠤ ᠰᠠᠭᠤᠭ᠎ᠠ ᠳᠤᠮᠳᠠ ᠠᠩᠭᠢ ᠵᠡᠷᠭᠡ ᠴᠡᠷᠢᠭ ᠠᠩᠭᠢ ᠶᠢᠨ ᠴᠡᠷᠢᠭ ᠢ ᠲᠠᠭᠠᠵᠣ ᠠᠵᠢᠯ ᠣᠯᠤᠭᠠᠳᠤᠶ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃ ᠡᠭᠦᠨ ᠳᠤ᠂ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ ᠬᠤᠰᠢᠭᠤ ᠨᠢ ᠲᠥᠪᠬᠢᠨᠡᠭᠦᠯᠬᠦ ᠬᠡᠷᠡᠭᠴᠡᠭᠡ ᠪᠠᠨ ᠦᠨᠳᠦᠰᠦᠯᠡᠨ ᠵᠣᠬᠢᠬᠤ ᠬᠤᠲᠠ ᠶᠢᠨ ᠲᠠᠰ ᠤᠨ ᠲᠥᠪᠬᠢᠨᠡᠭᠦᠯᠬᠦ ᠡᠭᠦᠷᠭᠡ ᠶᠢ ᠡᠭᠦᠷᠭᠡᠯᠡᠨ᠎ᠡ᠃    3. ᠴᠡᠷᠢᠭ ᠢ ᠲᠠᠭᠠᠵᠣ ᠠᠵᠢᠯ ᠣᠯᠤᠭᠠᠳᠤᠢ ᠬᠡᠷ ᠪᠦᠯᠢ ᠶᠢᠨ ᠬᠢᠨ ᠥᠪᠡᠷ ᠢᠶᠠᠨ ᠠᠵᠤ ᠠᠬᠤᠶᠢᠯᠠᠯ ᠳᠤ ᠠᠵᠢᠯ ᠣᠯᠤᠭᠰᠠᠨ ᠪᠠᠶᠢᠪᠠᠯ᠂ ᠭᠥᠯᠢᠶᠡᠨ ᠠᠪᠤᠭᠰᠠᠨ ᠨᠢᠭᠡᠴᠡ ᠪᠤᠶᠤ ᠲᠣᠰ ᠬᠥᠮᠦᠨ ᠠᠴᠠ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠵᠦ ᠳᠠᠩᠰᠠᠯᠠᠭᠤᠯᠤᠨ᠎ᠠ᠃    4. ᠴᠡᠷᠢᠭ ᠢ ᠳᠠᠭᠠᠵᠤ ᠠᠵᠢᠯ ᠣᠯᠤᠭᠰᠠᠨ ᠴᠡᠷᠢᠭ ᠤᠨ ᠭᠡᠷ ᠪᠦᠯᠢ ᠶᠢᠨ ᠬᠢᠨ ᠲᠥᠪᠬᠢᠨᠡᠭᠦᠯᠦᠨ ᠲᠣᠬᠢᠷᠠᠭᠤᠯᠬᠤ ᠨᠢᠭᠡᠴᠡ ᠶᠢᠨ ᠠᠳᠠᠯᠢ ᠲᠦᠷᠦᠯ ᠤᠨ ᠬᠥᠮᠦᠰ ᠤᠨ ᠠᠳᠠᠯᠢ ᠲᠡᠭᠰᠢ ᠬᠥᠯᠥᠰᠥ ᠣᠯᠭᠤᠮᠵᠢ᠂ ᠠᠰᠠᠷᠠᠮᠵᠢ ᠬᠠᠷᠠᠭᠠᠯᠵᠠᠯ ᠢ ᠬᠦᠷᠳᠡᠨ᠎ᠠ᠂ ᠬᠦᠳᠡᠯᠮᠦᠷᠢ ︵ᠤᠷᠢᠵᠤ ᠬᠡᠷᠡᠭᠯᠡᠬᠦ︶᠎ ᠶᠢᠨ ᠭᠡᠷ᠎ᠡ ᠶᠢᠨ ᠬᠤᠭᠤᠴᠠᠭᠠᠨ ᠳᠤ ᠲᠤᠰ ᠬᠥᠮᠦᠨ ᠤ ᠣᠴᠢᠷ ᠰᠢᠯᠲᠠᠭᠠᠨ ᠦᠭᠡᠢ ᠪᠣᠯ ᠳᠤᠷ᠎ᠠ ᠪᠠᠷ ᠢᠶᠠᠨ ᠠᠵᠢᠯ ᠠᠴᠠ ᠨᠢ ᠵᠣᠭᠰᠣᠭᠠᠵᠤ ᠪᠣᠯᠬᠤ ᠦᠭᠡᠢ᠂ ᠬᠡᠷᠪᠡ ᠠᠵᠤ ᠠᠬᠤᠶ ᠶᠢᠨ ᠴᠢᠨᠠᠷᠲᠠᠶ ᠬᠥᠮᠦᠨ ᠬᠠᠰᠤᠬᠤ ᠳᠤ ᠬᠦᠷᠪᠡᠯ ᠤᠷᠢᠳᠠᠪᠠᠷ ᠦᠯᠡᠳᠡᠭᠡᠨ ᠬᠡᠷᠡᠭᠯᠡᠨ᠎ᠡ᠃    ︵ ᠭᠤᠷᠪᠠ︶ ᠦᠨᠳᠦᠰᠦᠨ ᠠᠮᠢᠳᠤᠷᠠᠯ ᠤᠨ ᠨᠥᠬᠦᠪᠥᠷᠢ ᠣᠯᠭᠤᠨ᠎ᠠ᠃ ᠲᠣᠰ ᠵᠢᠯ ᠤᠨ ᠠᠵᠢᠯ ᠣᠯᠭᠤᠵᠤ ᠲᠥᠪᠬᠢᠨᠡᠭᠦᠯᠬᠦ ᠬᠡᠪᠴᠢᠶᠡᠨ ᠳᠤ ᠣᠷᠣᠭᠤᠯᠤᠭᠠᠳᠤᠶ ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠳᠤ ︽ᠣᠷᠳᠣᠰ ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠠᠵᠢᠯ ᠣᠯᠤᠭᠠᠳᠤᠶ ᠴᠡᠷᠢᠭ ᠢ ᠳᠠᠭᠠᠭᠰᠠᠨ ᠬᠡᠷ ᠪᠦᠯᠢ ᠎ ᠶᠢᠨ ᠬᠢᠨ ᠤ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ ᠣᠯᠭᠤᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠣᠷᠳᠣᠰ ᠴᠡᠷᠢᠭ ᠠᠴᠠ ᠬᠠᠯᠠᠭᠳᠠᠭᠰᠠᠳ ᠲᠠᠷᠬᠠᠭᠠᠭᠰᠠᠨ ﹇2019﹈ 71 ᠳ᠋ᠤᠬᠡᠷ ᠲᠣᠭᠠᠲᠤ︶ ᠶᠣᠰᠣᠭᠠᠷ ᠦᠨᠳᠦᠰᠦᠨ ᠠᠮᠢᠳᠤᠷᠠᠯ ᠤᠨ ᠨᠥᠬᠦᠪᠥᠷᠢ ᠣᠯᠭᠤᠨ᠎ᠠ᠃    ︵ᠳᠥᠷᠪᠡ︶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠴᠡᠷᠢᠭ ᠢ ᠳᠠᠭᠠᠵᠤ ᠠᠵᠢᠯ ᠣᠯᠤᠭᠠᠳᠤᠶ ᠴᠡᠷᠢᠭ ᠤᠨ ᠬᠡᠷ ᠪᠦᠯᠢ ᠶᠢᠨ ᠬᠢᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠢᠶᠠᠷ ᠯᠠᠪᠯᠠᠯᠲᠠ ᠪᠣᠯᠭᠠᠨ ᠨᠢᠭᠡ ᠤᠳᠠᠭᠠᠨ ᠤ ᠰᠤᠶᠢᠳᠬᠡᠯ ᠬᠤᠷᠢᠶᠠᠬᠤ ᠥᠬᠡᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠤᠶᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠢ ᠰᠣᠩᠭᠤᠨ ᠭᠥᠷᠳᠡᠵᠦ ᠪᠣᠯᠤᠨ᠎ᠠ᠂ ᠪᠠᠰᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠎ ᠤᠨ ᠠᠵᠢᠯ ᠮᠡᠷᠭᠡᠵᠢᠯ ᠤᠨ ᠤᠷ᠎ᠠ ᠴᠢᠳᠠᠪᠦᠷᠢ ᠶᠢᠨ ᠨᠦᠬᠦᠪᠦᠷᠢ ᠶᠢᠨ ᠴᠢᠨᠠᠷᠲᠠᠢ ᠪᠤᠯᠪᠠᠰᠤᠷᠠᠭᠤᠯᠤᠯ ᠳᠤ ᠤᠷᠤᠯᠴᠠᠵᠣ ᠪᠣᠯᠣᠨ᠎ᠠ    ︵ᠲᠠᠪᠤ︶ ᠠᠳᠠᠯ ᠣᠶᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ᠠᠳᠠᠯ ᠣᠶᠢᠯᠡᠰ ᠴᠣᠭᠴᠠᠯᠠᠬᠤ ᠬᠦᠰᠡᠯ ᠲᠠᠢ ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠴᠡᠷᠢᠭ ᠠᠴᠠ ᠬᠠᠯᠠᠭᠳᠠᠭᠰᠠᠳ ᠤᠨ ᠠᠳᠠᠯ ᠣᠶᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠬᠤᠯᠪᠣᠭᠳᠠᠯ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠳᠡᠵᠣ ᠪᠤᠯᠤᠨ᠎ᠠ᠃     ᠭᠤᠷᠪᠠ᠂ ᠲᠥᠪᠬᠢᠨᠡᠭᠦᠯᠬᠦ ᠲᠡᠰ ᠳᠠᠷᠠᠭᠠᠯᠠᠯ    ︵ᠨᠢᠭᠡ︶ ᠮᠡᠳᠡᠭᠦᠯᠬᠦ ᠮᠠᠲ᠋ᠧᠷᠢᠶᠠᠯ    ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠵᠢᠯ ᠪᠦᠷᠢ ᠶᠢᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠡᠲᠡᠭᠡᠳ ᠤᠨ ᠲᠠᠨᠢᠯᠴᠠᠭᠤᠯᠭ᠎ᠠ ᠶᠢᠨ ᠬᠦᠰᠦᠨᠦᠭᠲᠦ ᠵᠢᠴᠢ ᠪᠤᠰᠤᠳ ᠮᠠᠲ᠋ᠧᠷᠢᠶᠠᠯ ᠢ ᠬᠠᠩᠭᠠᠨ᠎ᠠ᠂ ᠪᠣᠳᠠᠲᠠᠶ ᠪᠠᠭᠲᠠᠬᠤ ᠨᠢ᠄    1. ᠴᠡᠷᠢᠭ ᠢ ᠲᠠᠭᠠᠬᠤ ᠪᠠᠷ ᠭᠤᠶᠤᠴᠢᠯᠠᠬᠤ ᠮᠡᠳᠡᠭᠦᠯᠦᠯᠲᠡ ᠶᠢᠨ ᠬᠦᠰᠦᠨᠦᠭᠲᠦ ᠪᠤᠶᠤ ᠴᠡᠷᠢᠭ ᠢ ᠲᠠᠭᠠᠬᠰᠠᠨ ᠭᠡᠷ ᠪᠦᠯᠢ ᠎ ᠶᠢᠨ ᠬᠢᠨ ᠤ ᠮᠡᠳᠡᠭᠦᠯᠬᠦ ᠬᠦᠰᠦᠨᠦᠭᠲᠦ ᠪᠤᠶᠤ ᠴᠡᠷᠢᠭ ᠢ ᠲᠠᠭᠠᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠪᠠᠭᠤᠯᠭᠠᠪᠤᠷᠢ︔    2. ᠵᠢᠩᠬᠢᠨᠢ ᠠᠯᠪᠠᠨ ᠤ ᠴᠡᠷᠢᠭ ᠤᠨ ᠲᠤᠰᠢᠶᠠᠯ ᠡᠭᠦᠷᠭᠡᠯᠡᠬᠦ ᠵᠠᠷᠯᠢᠭ ᠪᠤᠶᠤ ᠴᠡᠷᠢᠭ ᠤᠨ ᠲᠠᠷᠤᠭ᠎ᠠ ᠲᠣᠮᠢᠯᠠᠬᠤ ᠪᠠᠭᠤᠯᠭᠠᠬᠤ ᠮᠡᠳᠡᠭᠦᠯᠦᠯᠲᠡ ᠶᠢᠨ ᠬᠦᠰᠦᠨᠦᠭᠲᠦ ᠶᠢᠨ ᠪᠠᠭᠤᠯᠭᠠᠪᠤᠷᠢ︔    3. ᠵᠢᠩᠬᠢᠨᠢ ᠠᠯᠪᠠᠨ ᠤ ᠴᠡᠷᠢᠭ ᠤᠨ ᠨᠠᠮᠲᠠᠷ ᠤᠨ ᠬᠦᠰᠦᠨᠦᠭᠲᠦ ᠶᠢᠨ ᠪᠠᠭᠤᠯᠭᠠᠪᠤᠷᠢ︔    4. ᠭᠠᠪᠢᠶ᠎ᠠ ᠪᠠᠶᠢᠭᠤᠯᠤᠭᠠᠳ ᠱᠠᠩᠨᠠᠯ ᠣᠯᠤᠭᠰᠠᠨ ︵ᠮᠡᠳᠡᠭᠳᠡᠯ᠂ ᠵᠠᠷᠯᠠᠯ᠂ ᠪᠠᠶᠠᠷ ᠤᠨ ᠮᠡᠳᠡᠭᠡ᠂ ᠦᠨᠡᠮᠯᠡᠯ︶᠎ ᠤᠨ ᠪᠠᠭᠤᠯᠭᠠᠪᠤᠷᠢ︔    5. ᠤᠷᠤᠬ ᠤᠨ ᠦᠨᠡᠮᠯᠡᠯ ᠤᠨ ᠤᠬ ᠮᠠᠲ᠋ᠧᠷᠢᠶᠠᠯ᠂ ᠪᠠᠭᠤᠯᠭᠠᠪᠤᠷᠢ︔    6. ᠴᠡᠷᠢᠭ ᠢ ᠳᠠᠭᠠᠭᠰᠠᠨ ᠬᠡᠷ ᠪᠦᠯᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠣᠭ ᠮᠠᠲ᠋ᠧᠷᠢᠶᠠᠯ ᠵᠢᠴᠢ ᠬᠠᠭᠤᠯᠪᠤᠷᠢ︔    7. ᠴᠡᠷᠢᠭ ᠢ ᠳᠠᠭᠠᠭᠰᠠᠨ ᠬᠡᠷ ᠪᠦᠯᠢ ᠶᠢᠨ ᠤᠤᠯ ᠤᠨ ᠠᠵᠢᠯᠯᠠᠵᠤ ᠪᠠᠶᠢᠭᠰᠠᠨ ᠨᠢᠭᠡᠴᠡ ᠳᠤ ᠠᠵᠢᠯᠯᠠᠭᠰᠠᠨ ᠥᠩᠭᠡᠷᠡᠯᠲᠡ ᠶᠢᠨ ᠭᠡᠷᠡᠴᠢ ︵ᠠᠯᠪᠠᠲᠠᠨ ᠪᠤᠶᠤ ᠠᠵᠢᠯ ᠣᠶᠢᠯᠡᠰ ᠤᠨ ᠨᠢᠭᠡᠴᠡ ᠶᠢᠨ ᠭᠡᠷᠡᠴᠢ ᠵᠢᠴᠢ ᠲᠤᠬᠠᠶ ᠶᠢᠨ ᠭᠠᠵᠠᠷ ᠎ ᠤᠨ ᠣᠷᠣᠨ ᠲᠣᠭᠠᠨ ᠤ ᠰᠠᠯᠠᠭ᠎ᠠ ᠮᠥᠴᠢᠷ ᠤᠨ ᠭᠡᠷᠡᠴᠢ᠂ ᠴᠢᠬᠤᠯᠠᠲᠠᠶ ᠦᠶ᠎ᠡ ᠳᠤ ᠭᠠᠳᠠᠭᠰᠢ ᠰᠢᠯᠵᠢᠭᠦᠯᠬᠦ ᠪᠠᠷ ᠳᠡᠮᠵᠢᠨ ᠬᠠᠮᠢᠶ᠎ᠠ ᠪᠥᠬᠦᠶ ᠪᠠᠶᠢᠳᠠᠯ ᠢ ᠨᠠᠶᠢᠳᠠᠪᠤᠷᠢᠵᠢᠭᠤᠯᠵᠤ ᠪᠣᠯᠤᠨ᠎ᠠ︶︔    8. ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ᠃   ︵ᠬᠤᠶᠠᠷ︶ ᠲᠥᠯᠥᠪᠯᠡᠭᠡ ᠲᠣᠭᠲᠠᠭᠠᠨ᠎ᠠ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠭᠰᠢ ᠮᠡᠳᠡᠭᠦᠯᠦᠭᠰᠡᠨ ᠴᠡᠷᠢᠭ ᠢ ᠲᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠴᠡᠷᠢᠭ ᠢ ᠲᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠩᠬ᠎ᠠ ᠠᠯᠬᠤᠮ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠳᠠᠷᠠᠭ᠎ᠠ ᠵᠢᠯ ᠤᠨ 4 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠬᠤᠪᠢᠶᠠᠷᠢᠯᠠᠬᠤ ᠲᠥᠰᠦᠯ ᠢ ᠲᠣᠭᠲᠠᠭᠠᠵᠤ᠂ ᠬᠤᠲᠠ ᠎ ᠶᠢᠨ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠢ ᠲᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠲᠤᠰᠬᠠᠶ ᠠᠵᠢᠯ ᠤᠨ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠰᠤᠳᠤᠯᠤᠨ ᠬᠢᠨᠠᠨ ᠲᠣᠭᠲᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃    ︵ᠭᠤᠷᠪᠠ︶ ᠰᠢᠯᠭᠠᠨ ᠬᠢᠨᠠᠬᠤ ᠨᠡᠷᠡᠰ ᠤᠨ ᠵᠢᠭᠰᠠᠭᠠᠯᠲᠠ᠃ ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ ᠢᠶᠠᠷ ᠲᠦᠷᠦᠭᠦᠯᠡᠭᠦᠯᠦᠨ᠂ ᠬᠤᠲᠠ ᠳᠤ ᠰᠠᠭᠤᠭ᠎ᠠ ᠴᠡᠷᠢᠭ ᠠᠩᠭᠢ ᠶᠢᠨ ᠵᠢᠩᠬᠢᠨᠢ ᠠᠯᠪᠠᠨ ᠤ ᠴᠡᠷᠢᠭ ᠤᠨ ᠴᠡᠷᠢᠭ ᠤᠨ ᠠᠯᠪᠠ ᠬᠠᠭᠠᠭᠰᠠᠨ ᠬᠤᠭᠤᠴᠠᠭ᠎ᠠ᠂ ᠲᠤᠰᠢᠶᠠᠯ ᠤᠨ ᠵᠡᠷᠬᠡ ᠳᠡᠰ᠂ ᠲᠤᠰᠢᠶᠠᠯ ᠡᠭᠦᠷᠭᠡᠯᠡᠭᠰᠡᠨ ᠣᠨ ᠵᠢᠯ᠂ ᠠᠵᠢᠯᠯᠠᠭᠰᠠᠨ ᠥᠩᠭᠡᠷᠡᠯᠲᠡ᠂ ᠴᠡᠷᠢᠭ ᠠᠩᠭᠢ ᠳᠤ ᠪᠠᠶᠢᠬᠤ ᠦᠶ᠎ᠡ ᠶᠢᠨ ᠠᠵᠢᠯ ᠤᠨ ᠢᠯᠡᠷᠡᠯ᠂ ᠬᠢᠯᠢ ᠬᠢᠵᠠᠭᠠᠷ ᠤᠨ ᠬᠦᠴᠢᠷ ᠪᠡᠷᠬᠡᠰᠢᠶᠡᠯᠲᠡᠶ ᠭᠠᠵᠠᠷ ᠣᠷᠣᠨ᠂ ᠣᠨᠴᠠᠭᠠᠶ ᠠᠵᠢᠯ ᠤᠨ ᠪᠠᠶᠢᠷᠢ᠂ ᠵᠡᠮᠳᠡᠭ ᠪᠣᠯᠤᠭᠰᠠᠨ ᠵᠡᠷᠭᠡ ᠪᠠᠶᠢᠳᠠᠯ ᠢ ᠦᠨᠳᠦᠰᠦᠯᠡᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠭᠤᠶᠤᠴᠢᠯᠠᠯ ᠭᠠᠷᠭᠠᠭᠰᠠᠨ ᠵᠢᠩᠬᠢᠨᠢ ᠠᠯᠪᠠᠨ ᠤ ᠴᠡᠷᠢᠭ ᠲᠤ ᠰᠢᠯᠭᠠᠨ ᠬᠢᠨᠠᠯᠳᠠ ᠶᠢᠨ ᠬᠤᠪᠢ ᠤᠯᠭᠤᠬᠤ ᠶᠢᠨ ᠬᠠᠮᠲᠤ ᠡᠯ᠎ᠡ ᠴᠡᠷᠢᠭ ᠠᠩᠭᠢ ᠶᠢᠨ ᠬᠤᠪᠢᠶᠠᠷᠢᠯᠠᠵᠤ ᠪᠣᠯᠬᠤ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠦᠨᠳᠦᠰᠦᠯᠡᠨ ᠪᠦᠬᠦᠯᠢ ᠴᠣᠭᠴᠠ ᠶᠢᠨ ᠠᠵᠢᠯ ᠤᠨ ᠪᠠᠶᠢᠷᠢ ᠰᠣᠩᠭᠤᠨ ᠨᠡᠷᠡᠰ ᠤᠨ ᠵᠢᠭᠰᠠᠭᠠᠯᠲᠠ ᠬᠢᠵᠦ᠂ ᠰᠢᠯᠭᠠᠨ ᠬᠢᠨᠠᠭᠰᠠᠨ ᠬᠢᠷᠢ ᠪᠦᠲᠦᠮᠵᠢ ᠵᠢᠴᠢ ᠨᠡᠷᠡᠰ ᠤᠨ ᠵᠢᠭᠰᠠᠭᠠᠯᠲᠠ ᠶᠢ ᠵᠣᠬᠢᠬᠤ ᠬᠡᠯᠪᠡᠷᠢ ᠪᠠᠷ ᠵᠠᠷᠯᠠᠨ ᠨᠡᠶᠢᠲᠡᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃    ︵ᠳᠥᠷᠪᠡ︶ ᠢᠯᠡ ᠪᠠᠷ ᠠᠵᠢᠯ ᠤᠨ ᠪᠠᠶᠢᠷᠢ ᠰᠣᠩᠭᠤᠬᠤ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠰᠢᠯᠭᠠᠨ ᠬᠢᠨᠠᠯᠳᠠ ᠶᠢᠨ ᠬᠤᠪᠢ ᠶᠢᠨ ᠵᠢᠭᠰᠠᠭᠠᠯᠲᠠ ᠶᠢᠨ ᠪᠠᠶᠢᠳᠠᠯ ᠢ ᠦᠨᠳᠦᠰᠦᠯᠡᠨ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠵᠣᠬᠢᠶᠠᠨ ᠪᠠᠶᠢᠭᠤᠯᠵᠤ ᠰᠣᠩᠭᠤᠭᠤᠯᠢ ᠶᠢᠨ ᠪᠡᠯᠡᠳᠬᠡᠯ ᠨᠢᠭᠡᠴᠡ ᠳᠤ ᠢᠯᠡ ᠪᠠᠷ ᠠᠵᠢᠯ ᠤᠨ ᠪᠠᠶᠢᠷᠢ ᠰᠣᠩᠭᠤᠬᠤ ᠶᠢᠨ ᠬᠠᠮᠲᠤ ᠭᠠᠷ ᠤᠨ ᠦᠰᠦᠭ ᠵᠢᠷᠤᠵᠤ ᠨᠤᠳᠠᠯᠠᠨ᠎ᠠ᠃   ︵ᠲᠠᠪᠤ︶ ᠬᠦᠯᠢᠶᠡᠨ ᠠᠪᠬᠤ ᠪᠠ ᠰᠢᠯᠵᠢᠭᠦᠯᠬᠦ ᠬᠠᠷᠢᠴᠠᠭ᠎ᠠ᠃ ᠰᠤᠩᠭᠤᠭᠰᠠᠨ ᠠᠵᠢᠯ ᠤᠨ ᠪᠠᠶᠢᠷᠢ ᠶᠢ ᠨᠤᠲᠠᠯᠠᠭᠰᠠᠨ ᠤ ᠳᠠᠷᠠᠭ᠎ᠠ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠲᠣᠭᠲᠠᠭᠰᠠᠨ ᠴᠠᠭ ᠤᠨ ᠳᠣᠲᠣᠷ᠎ᠠ ᠲᠥᠪᠬᠢᠨᠡᠭᠦᠯᠬᠦ ᠭᠠᠵᠠᠷ ᠤᠨ ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠤᠶᠤ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠬᠦᠷᠴᠦ ᠨᠡᠷ᠎ᠡ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠨ᠎ᠡ᠃     ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠨᠢ ᠥᠭᠡᠷᠡᠴᠢᠯᠡᠯᠲᠡ ᠬᠢᠵᠣ ᠬᠥᠭᠵᠢᠭᠦᠯᠬᠦ ᠲᠣᠭᠲᠠᠭᠤᠨ ᠪᠠᠶᠢᠯᠭᠠᠬᠤ ᠶᠡᠭᠡ ᠲᠠᠯ᠎ᠠ ᠳᠤ ᠬᠤᠯᠪᠣᠭᠳᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠬᠤᠯᠪᠣᠭᠳᠠᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ ᠶᠣᠮ᠃ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠎ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠪᠠᠲᠤᠯᠠᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠵᠦ ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ︽ᠴᠡᠷᠢᠭ ᠠᠴᠠ ᠬᠠᠯᠠᠭᠳᠠᠭᠰᠠᠨ ᠤ ᠲᠠᠷᠠᠭᠠᠬᠢ ᠠᠵᠢᠯ᠂ ᠬᠤᠯᠪᠤᠰᠤ᠂ ᠦᠷ᠎ᠡ ᠬᠡᠣᠬᠡᠳ︾᠎ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠦᠬᠦ ᠤᠯᠤᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾᠎ ᠶᠢᠨ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠰᠢᠨ᠎ᠡ ᠴᠠᠭ ᠦᠶ᠎ᠡ ᠶᠢᠨ ᠪᠦᠬᠦ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠦᠨ᠎ᠡ᠃   ︵ᠬᠤᠶᠠᠷ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠴᠡᠷᠢᠭ ᠢ ᠳᠠᠭᠠᠭᠰᠠᠨ ᠬᠡᠷ ᠪᠦᠯᠢ ᠎ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠲᠤᠰᠬᠠᠶ ᠠᠵᠢᠯ ᠤᠨ ᠳᠤᠭᠤᠶᠢᠯᠠᠩ ᠠᠴᠠ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠰᠠᠯᠠᠭ᠎ᠠ ᠮᠥᠴᠢᠷ ᠲᠤ ᠬᠤᠯᠪᠣᠭᠳᠠᠬᠤ ᠬᠠᠮᠢᠶ᠎ᠠ ᠪᠥᠬᠦᠶ ᠠᠵᠢᠯ ᠢ ᠬᠠᠮᠵᠢᠯᠴᠠᠨ ᠰᠠᠶᠢᠲᠤᠷ ᠬᠢᠨ᠎ᠠ᠃ ᠬᠤᠲᠠ ᠎ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠬᠤᠲᠠ ᠶᠢᠨ ᠲᠣᠰ ᠱᠠᠲᠤᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠬᠤ ᠶᠢᠨ ᠬᠠᠮᠲᠤ᠂ ᠡᠯ᠎ᠡ ᠬᠤᠰᠢᠭᠤ ᠲᠣᠭᠤᠷᠢᠭ ᠤᠨ ᠠᠵᠢᠯ ᠢᠶᠠᠨ ᠥᠷᠨᠢᠭᠦᠯᠬᠦ ᠶᠢ ᠵᠢᠯᠣᠭᠤᠳᠤᠨ᠎ᠠ᠃   ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠨᠢ ︽ᠦᠨᠡᠨ ᠠᠴᠠ ᠵᠥᠪ ᠢ ᠡᠷᠢᠬᠦ᠂ ᠡᠷᠬᠡ ᠲᠡᠭᠰᠢ ᠲᠥᠪ ᠭᠤᠤᠯᠴᠢ ᠪᠠᠶᠢᠬᠤ︾ ᠵᠠᠷᠴᠢᠮ ᠶᠣᠰᠣᠭᠠᠷ᠂ ︽ ᠲᠤᠤᠷ᠎ᠠ ᠠᠴᠠ ᠳᠡᠭᠡᠭᠰᠢ᠂ ᠠᠷᠠᠳᠴᠢᠯᠠᠯ ᠢᠶᠠᠷ ᠢᠯᠡ ᠪᠣᠯᠭᠠᠬᠤ᠂ ᠬᠠᠮᠲᠤ ᠪᠠᠷ ᠰᠤᠳᠤᠯᠬᠤ︾ ᠠᠷᠭ᠎ᠠ ᠮᠠᠶ᠋ᠢᠭ ᠢ ᠠᠪᠴᠤ᠂ ᠲᠠᠰ ᠳᠠᠷᠠᠭᠠᠯᠠᠯ ᠢ ᠵᠢᠷᠤᠮᠵᠢᠭᠤᠯᠤᠨ᠂ ᠪᠣᠭᠤᠮᠲᠠ ᠶᠢ ᠴᠢᠩᠭ᠎ᠠ ᠠᠳᠬᠤᠵᠤ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠶᠢ ᠮᠡᠳᠡᠭᠦᠯᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠪᠬᠢᠨᠡᠭᠦᠯᠬᠦ ᠲᠥᠯᠥᠪᠯᠡᠭᠡ ᠶᠢ ᠦᠨᠳᠦᠰᠦᠯᠡᠨ᠂ ᠲᠥᠪᠬᠢᠨᠡᠭᠦᠯᠬᠦ ᠠᠵᠢᠯ ᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠪᠠ ᠲᠥᠪᠬᠢᠨᠡᠭᠦᠯᠬᠦ ᠪᠠᠯᠠ ᠮᠥᠩᠭᠦ ᠶᠢᠨ ᠲᠥᠰᠦᠪ ᠵᠡᠷᠭᠡ ᠠᠵᠢᠯ ᠢ ᠰᠠᠶᠢᠲᠤᠷ ᠬᠢᠵᠦ᠂ ᠲᠥᠪᠬᠢᠨᠡᠭᠦᠯᠬᠦ ᠡᠭᠦᠷᠭᠡ ᠶᠢ ᠵᠢᠩᠬᠢᠨᠢ ᠪᠠᠷ ᠪᠠᠭᠤᠯᠭᠠᠭᠰᠠᠨ ᠤ ᠳᠠᠷᠠᠭ᠎ᠠ᠂ ᠴᠠᠭ ᠲᠤᠬᠠᠶ ᠳᠤᠨᠢ ᠬᠠᠮᠢᠶ᠎ᠠ ᠪᠥᠬᠦᠶ ᠲᠥᠪᠬᠢᠨᠡᠭᠦᠯᠬᠦ ᠭᠠᠷᠳᠠᠮ ᠢ ᠭᠦᠢᠴᠡᠳᠬᠡᠨ᠎ᠡ᠃ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠬᠠᠮᠢᠶ᠎ᠠ ᠪᠥᠬᠦᠶ ᠭᠠᠷᠳᠠᠮ ᠢ ᠭᠦᠢᠴᠡᠳᠬᠡᠵᠣ᠂ ᠵᠦᠶ ᠵᠤᠬᠢᠰᠲᠠᠢ ᠰᠢᠯᠲᠠᠭᠠᠨ ᠥᠬᠡᠶ ᠪᠠᠷ ᠬᠤᠭᠤᠴᠠᠭ᠎ᠠ ᠦᠩᠬᠡᠷᠡᠬᠡᠳ ᠭᠠᠷᠳᠠᠮ ᠢ ᠭᠦᠢᠴᠡᠳᠬᠡᠬᠦ ᠥᠬᠡᠶ ᠪᠤᠶᠤ ᠲᠥᠪᠬᠢᠨᠡᠭᠦᠯᠬᠦ ᠶᠢ ᠳᠠᠭᠠᠬᠤ ᠥᠬᠡᠶ ᠪᠠᠶᠢᠪᠠᠯ᠂ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠨᠢ ᠳᠠᠭᠢᠵᠤ ᠮᠡᠳᠡᠭᠦᠯᠬᠦ ᠥᠬᠡᠶ᠂ ᠬᠤᠲᠠ᠂ ᠬᠤᠰᠢᠭᠤ ᠲᠣᠭᠤᠷᠢᠭ ᠨᠢ ᠳᠠᠭᠢᠵᠤ ᠲᠥᠪᠬᠢᠨᠡᠭᠦᠯᠬᠦ ᠶᠢ ᠬᠠᠷᠢᠭᠤᠴᠠᠬᠤ ᠥᠬᠡᠶ᠃ ᠡᠯ᠎ᠡ ᠬᠤᠰᠢᠭᠤ ᠲᠣᠭᠤᠷᠢᠭ ᠨᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠲᠥᠪᠬᠢᠨᠡᠭᠦᠯᠦᠭᠰᠡᠨ ᠤ ᠳᠠᠷᠠᠭ᠎ᠠ᠂ 15 ᠠᠵᠢᠯᠯᠠᠬᠤ ᠡᠳᠦᠷ ᠎ ᠤᠨ ᠳᠣᠲᠣᠷ᠎ᠠ ᠳᠡᠭᠡᠭᠰᠢ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠵᠦ ᠲᠠᠩᠰᠠᠯᠠᠭᠤᠯᠤᠨ᠎ᠠ᠃     ᠲᠠᠪᠤ᠂ ᠳᠠᠭᠠᠯᠳᠤᠭᠤᠯᠤᠭᠰᠠᠨ ᠲᠦᠷᠢᠮ    ︵ᠨᠢᠭᠡ︶ ᠡᠯ᠎ᠡ ᠬᠤᠰᠢᠭᠤ ᠲᠤᠭᠤᠷᠢᠭ ᠤᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠳᠤ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃    ︵ᠬᠤᠶᠠᠷ︶ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠠᠵᠢᠯᠳᠠᠨ ᠳᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 24 ᠳ᠋ᠤᠬᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠠᠵᠢᠯᠳᠠᠨ ᠤ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠳᠤ ᠲᠣᠰ ᠠᠷᠭ᠎ᠠ ᠪᠠᠷ ᠯᠠᠪᠯᠠᠯᠲᠠ ᠪᠣᠯᠭᠠᠵᠤ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃    ︵ᠭᠤᠷᠪᠠ︶ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠬᠤᠲᠠ ᠎ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ
 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号