ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠠᠵᠢᠯ ᠦᠢᠯᠡᠰ ᠤᠨ ᠨᠢᠭᠡᠴᠡ ᠳᠤ᠄ | ᠡᠯ᠎ᠡ ᠱᠠᠲᠤᠨ ᠤ ᠲᠣᠭᠤᠷᠢᠨ ᠪᠠᠶᠢᠴᠠᠭᠠᠬᠤ ᠪᠠ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠴᠢᠨᠠᠭᠰᠢᠳᠠ ᠨᠠᠶᠢᠲᠠᠪᠤᠷᠢᠵᠢᠭᠤᠯᠵᠤ᠂ ᠲᠥᠰᠦᠪ ᠤᠨ ᠭᠦᠢᠴᠡᠳᠬᠡᠯ ᠤᠨ ᠬᠠᠮᠢᠶᠠᠷᠤᠯᠲᠠ ᠶᠢ | ᠴᠢᠩᠭᠠᠳᠬᠠᠵᠤ᠂ ᠪᠦᠬᠦ ᠬᠤᠲᠠ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢ ᠲᠦᠷᠭᠡᠳᠬᠡᠵᠦ᠂ ᠡᠳ᠋ ᠤᠨ | ᠵᠠᠰᠠᠭ ᠤᠨ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠴᠠᠭ ᠲᠤᠬᠠᠶ ᠳᠤᠨᠢ ᠪᠠᠳᠠᠷᠠᠭᠤᠯᠵᠤ᠂ ︽ᠵᠢᠷᠭᠤᠭ᠎ᠠ ᠶᠢ ᠲᠣᠭᠲᠠᠭᠤᠨ | ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠳᠤ ᠪᠠᠲᠤ ᠪᠠᠬᠢ ᠡᠳ᠋ ᠤᠨ | ᠬᠦᠴᠦᠨ ᠤ ᠪᠠᠲᠤᠯᠠᠭ᠎ᠠ ᠬᠠᠩᠭᠠᠬᠤ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ︽ᠲᠥᠰᠦᠪ ᠤᠨ ᠬᠦᠢᠴᠡᠳᠬᠡᠯ ᠤᠨ ᠬᠠᠮᠢᠶᠠᠷᠤᠯᠲᠠ ᠶᠢ ᠴᠢᠩᠭᠠᠳᠬᠠᠵᠤ ᠲᠥᠰᠦᠪ ᠤᠨ | ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 19 | ᠳ᠋ᠤᠭᠡᠷ ᠲᠣᠭᠠᠲᠤ︶ ᠢ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠲᠡᠷᠡᠴᠢᠯᠡᠨ ᠮᠠᠨ ᠤ ᠬᠤᠲᠠ ᠶᠢᠨ ᠪᠤᠲᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠳᠣᠤᠷᠠᠬᠢ ᠱᠠᠭᠠᠷᠳᠠᠯᠭ᠎ᠠ ᠶᠢ ᠳᠤᠷᠠᠳᠪᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ | ᠶᠢ ᠬᠠᠮᠲᠤ ᠳᠤᠨᠢ ᠰᠠᠶᠢᠲᠤᠷ ᠠᠳᠬᠤᠲᠤᠭᠠᠶ᠃ | ᠨᠢᠭᠡ᠂ ᠲᠥᠰᠦᠪ ᠤᠨ ᠵᠠᠷᠤᠯᠭ᠎ᠠ ᠶᠢᠨ ᠠᠬᠢᠴᠠ ᠶᠢᠨ ᠬᠤᠯᠪᠤᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ | ᠡᠯ᠎ᠡ ᠬᠤᠰᠢᠭᠤ ᠲᠤᠭᠤᠷᠢᠭ᠂ ᠰᠠᠯᠠᠭ᠎ᠠ ᠮᠥᠴᠢᠷ᠂ ᠨᠢᠭᠡᠴᠡ ᠶᠢᠨ ᠰᠠᠷ᠎ᠠ ᠪᠦᠷᠢ ᠶᠢᠨ ᠵᠠᠷᠤᠯᠭ᠎ᠠ ᠶᠢᠨ ᠠᠬᠢᠴᠠ ᠶᠢ | ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠴᠠᠭ ᠤᠨ ᠳᠠᠷᠠᠭᠠᠯᠠᠯ ᠤᠨ ᠠᠬᠢᠴᠠ ᠳᠤ ᠬᠦᠷᠦᠭᠦᠯᠬᠦ ᠬᠡᠷᠡᠭᠲᠡᠶ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠲᠥᠰᠦᠪ ᠤᠨ ᠬᠦᠢᠴᠡᠳᠬᠡᠯ ᠢ ᠲᠥᠰᠦᠪ ᠤᠨ ᠲᠣᠬᠢᠷᠠᠭᠤᠯᠤᠯᠲᠠ ᠯᠤᠭ᠎ᠠ | ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠲᠣᠰ ᠱᠠᠲᠤᠨ ᠤ ᠲᠥᠷᠥᠯ ᠵᠦᠢᠯ ᠤᠨ | ᠵᠠᠷᠤᠯᠭ᠎ᠠ ᠶᠢᠨ ᠲᠥᠰᠦᠪ ᠪᠣᠯᠤᠨ ᠡᠯ᠎ᠡ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠠᠬᠢᠴᠠ ᠶᠢ | ᠰᠠᠷ᠎ᠠ ᠪᠠᠷ ᠨᠡᠶᠢᠲᠡᠯᠡᠵᠤ᠂ ᠬᠤᠶᠠᠷ ᠰᠠᠷ᠎ᠠ ᠳᠠᠷᠠᠭᠠᠯᠠᠨ ᠵᠠᠷᠤᠯᠭ᠎ᠠ ᠶᠢᠨ ᠠᠬᠢᠴᠠ ᠪᠠᠷ ᠨᠡᠯᠢᠶᠡᠳ ᠤᠳᠠᠭᠠᠨ ᠪᠠᠶᠢᠭ᠎ᠠ ᠬᠤᠰᠢᠭᠤ | ᠲᠣᠭᠤᠷᠢᠭ᠂ ᠰᠠᠯᠠᠭ᠎ᠠ ᠮᠥᠴᠢᠷ ᠪᠣᠯᠤᠨ ᠨᠢᠭᠡᠴᠡ ᠶᠢ ᠴᠠᠭ ᠲᠤᠨᠢ ᠳᠣᠭᠢᠷᠠᠭᠤᠯᠤᠨ ᠪᠣᠯᠵᠣᠨ ᠶᠠᠷᠢᠯᠴᠠᠵᠤ ᠱᠠᠭᠠᠷᠳᠠᠭᠤᠯᠬᠤ | ᠬᠡᠷᠡᠭᠲᠡᠶ᠃ ᠱᠠᠭᠠᠷᠳᠠᠭᠤᠯᠤᠭᠰᠠᠨ ᠤ ᠳᠠᠷᠠᠭ᠎ᠠ ᠮᠥᠨ ᠬᠦ ᠬᠠᠷᠠᠯᠲᠠᠲᠤ ᠱᠠᠭᠠᠷᠳᠠᠯᠭ᠎ᠠ ᠳᠤ ᠬᠦᠷᠦᠭᠰᠡᠨ ᠥᠬᠡᠶ ᠪᠠᠶᠢᠪᠠᠯ᠂ | ᠡᠳ᠋ ᠤᠨ ᠵᠠᠰᠠᠭ ᠤᠨ ᠨᠢᠭᠡᠳᠦᠯᠲᠡᠶ ᠲᠣᠬᠢᠷᠠᠭᠤᠯᠤᠯᠲᠠ ᠶᠢ ᠲᠣᠭᠲᠠᠭᠠᠯ ᠶᠣᠰᠣᠭᠠᠷ ᠬᠤᠷᠢᠶᠠᠨ ᠠᠪᠤᠨ᠎ᠠ᠃ | ᠬᠤᠶᠠᠷ᠂ ᠰᠢᠯᠵᠢᠭᠦᠯᠦᠨ ᠦᠭᠴᠦ ᠲᠤᠷᠤᠭᠰᠢ ᠪᠠᠭᠤᠯᠭᠠᠬᠤ ᠠᠬᠢᠴᠠ ᠶᠢ ᠲᠦᠷᠭᠡᠳᠬᠡᠨ᠎ᠡ | ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠲᠤᠰ ᠰᠠᠯᠠᠭ᠎ᠠ ᠮᠥᠴᠢᠷ ᠪᠠ ᠨᠢᠭᠡᠴᠡ ᠶᠢᠨ ᠢᠶᠠᠨ ᠲᠥᠰᠦᠪ ᠢ | ᠬᠦᠢᠴᠡᠳᠬᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠢᠴᠡᠳᠬᠡᠵᠦ᠂ ᠲᠤᠰ ᠠᠵᠢᠯ ᠲᠦᠷᠦᠯ ᠤᠨ | ᠬᠦᠷᠢᠶᠡᠨ ᠳᠠᠬᠢ ᠵᠦᠢᠯᠡᠰ ᠤᠨ ᠬᠥᠮᠥᠷᠭᠡ ᠶᠢ ᠪᠠᠶᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠢᠳᠡᠪᠬᠢᠲᠡᠶ ᠪᠠᠷ | ᠬᠠᠮᠵᠢᠯᠴᠠᠨ ᠰᠢᠯᠵᠢᠭᠦᠯᠦᠨ ᠦᠭᠴᠦ ᠬᠤᠪᠢᠶᠠᠷᠢᠯᠠᠨ ᠪᠠᠭᠤᠯᠭᠠᠬᠤ ᠠᠬᠢᠴᠠ ᠶᠢ ᠦᠨᠡᠨᠬᠦ ᠲᠦᠷᠭᠡᠳᠬᠡᠬᠦ ᠬᠡᠷᠡᠭᠲᠡᠶ᠃ ᠨᠢᠬᠡᠨᠲᠡ | ᠲᠤᠳᠤᠷᠬᠠᠶᠢᠯᠠᠭᠰᠠᠨ ᠰᠢᠯᠵᠢᠭᠦᠯᠦᠨ ᠦᠭᠬᠦᠯᠲᠡ ︵ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠤᠷᠢᠳᠴᠢᠯᠠᠨ ᠪᠠᠭᠤᠯᠭᠠᠭᠰᠠᠨ ᠪᠤᠶᠤ ᠲᠥᠰᠦᠪ ᠢ ᠭᠦᠢᠴᠡᠳᠬᠡᠬᠦ ᠳᠤᠮᠳᠠ ᠪᠠᠭᠤᠯᠭᠠᠭᠰᠠᠨ ᠡᠩ ᠤᠨ ᠴᠢᠨᠠᠷᠲᠠᠶ | ᠰᠢᠯᠵᠢᠭᠦᠯᠦᠨ ᠥᠭᠬᠦ ᠪᠠ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠪᠠᠭᠲᠠᠨ᠎ᠠ︶ ᠶᠢ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠰᠢᠭᠤᠳ ᠪᠠᠭᠤᠯᠭᠠᠨ᠎ᠠ᠂ ᠡᠭᠦᠨ ᠠᠴᠠ ᠪᠤᠰᠤᠳ ᠰᠢᠯᠵᠢᠭᠦᠯᠦᠨ ᠦᠭᠬᠦᠯᠲᠡ ᠶᠢ ᠬᠠᠮᠢᠶ᠎ᠠ ᠪᠥᠬᠦᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ 30 ᠡᠳᠦᠷ ᠤᠨ ᠳᠣᠲᠣᠷ᠎ᠠ ᠬᠠᠮᠲᠤ ᠪᠠᠷ ᠰᠤᠳᠤᠯᠵᠤ ᠪᠠᠶᠢᠭᠠᠳ | ᠬᠤᠪᠢᠶᠠᠷᠢᠯᠠᠬᠤ ᠲᠥᠰᠦᠯ ᠳᠤᠷᠠᠳᠤᠭᠰᠠᠨ ᠤ ᠲᠠᠷᠠᠭ᠎ᠠ ᠪᠠᠭᠤᠯᠭᠠᠨ᠎ᠠ᠃ ᠬᠤᠲᠠ ᠶᠢᠨ ᠲᠤᠰ ᠱᠠᠲᠤᠨ ᠤ ᠲᠥᠰᠦᠪ ᠲᠤ | ᠲᠣᠬᠢᠷᠠᠭᠤᠯᠤᠭᠰᠠᠨ ᠳᠣᠷᠣᠭᠰᠢ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠵᠠᠷᠤᠯᠭ᠎ᠠ ᠶᠢ ᠬᠤᠲᠠ ᠶᠢᠨ ᠡᠳ᠋ ᠤᠨ | ᠵᠠᠰᠠᠭ ᠠᠴᠠ ᠲᠥᠰᠦᠪ ᠢ ᠴᠤᠬᠤᠯᠠᠪᠤᠷᠢᠯᠠᠭᠰᠠᠨ ᠤ ᠳᠠᠷᠠᠭ᠎ᠠ 60 ᠡᠳᠦᠷ ᠤᠨ ᠳᠣᠲᠣᠷ᠎ᠠ ᠵᠢᠩᠬᠢᠨᠢ ᠪᠠᠷ ᠪᠠᠭᠤᠯᠭᠠᠬᠤ ᠬᠡᠷᠡᠭᠲᠡᠶ | ᠃ ᠵᠠᠷᠴᠢᠮ ᠳᠡᠭᠡᠷ᠎ᠡ ᠪᠠᠨ ᠬᠠᠮᠤᠭ ᠤᠳᠠᠭᠠᠨ ᠳᠠᠭᠠᠨ ᠪᠠᠭᠤᠯᠭᠠᠬᠤ ᠴᠠᠭ ᠢ ᠲᠣᠰ ᠵᠢᠯ ᠤᠨ 8 ᠳ᠋ᠤᠭᠠᠷ ᠰᠠᠷ᠎ᠠ ᠶᠢᠨ | ᠰᠡᠭᠦᠯᠴᠢ ᠠᠴᠠ ᠬᠤᠶᠢᠰᠢᠯᠠᠭᠤᠯᠵᠤ ᠪᠣᠯᠬᠤ ᠥᠬᠡᠶ᠂ ᠡᠰᠡ ᠲᠡᠭᠡᠪᠡᠯ ᠨᠢᠭᠡ ᠰᠠᠷ᠎ᠠ ᠬᠤᠶᠢᠰᠢᠯᠠᠭᠤᠯᠬᠤ ᠪᠦᠷᠢ ᠳᠠᠷᠠᠭ᠎ᠠ | ᠵᠢᠯ ᠤᠨ ᠲᠣᠰ ᠲᠥᠷᠥᠯ ᠵᠦᠢᠯ ᠤᠨ ᠵᠠᠷᠤᠯᠭ᠎ᠠ ᠶᠢᠨ ᠲᠥᠰᠦᠪ ᠤᠨ 5% ᠶᠢ ᠵᠣᠬᠢᠴᠠᠩᠭᠤᠶ ᠪᠠᠷ ᠬᠠᠰᠤᠨ᠎ᠠ᠂ ᠡᠭᠦᠨ ᠠᠴᠠ | ᠪᠣᠯᠵᠣ ᠬᠤᠲᠠ ᠶᠢᠨ ᠱᠠᠲᠤᠨ ᠤ ᠢᠵᠢ ᠪᠥᠷᠢᠳᠦᠭᠦᠯᠬᠦ ᠨᠥᠬᠦᠪᠥᠷᠢ ᠪᠠ ᠬᠤᠰᠢᠭᠤ ᠲᠤᠭᠤᠷᠢᠭ ᠤᠨ ᠡᠳ᠋ ᠤᠨ ᠬᠦᠴᠦᠨ | ᠬᠦᠷᠦᠯᠴᠡᠬᠦ ᠥᠬᠡᠶ ᠵᠡᠷᠭᠡ ᠠᠰᠠᠭᠤᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠡ ᠠᠴᠠ ᠬᠠᠷᠢᠭᠤᠴᠠᠨ᠎ᠠ᠃ ᠬᠤᠲᠠ | ᠶᠢᠨ ᠲᠣᠰ ᠱᠠᠲᠤᠨ ᠤ ᠣᠷᠣᠯᠠᠨ ᠨᠠᠶᠢᠷᠠᠭᠤᠯᠬᠤ ᠲᠥᠰᠦᠪ ᠢ ᠲᠣᠰ ᠵᠢᠯ ᠤᠨ 9 ᠰᠠᠷ᠎ᠠ ᠶᠢᠨ 30 ᠤ ᠡᠳᠦᠷ ᠠᠴᠠ ᠡᠮᠦᠨ᠎ᠡ | ᠪᠠᠭᠤᠯᠭᠠᠬᠤ ᠬᠡᠷᠡᠭᠲᠡᠶ᠂ ᠬᠤᠭᠤᠴᠠᠭ᠎ᠠ ᠦᠩᠬᠡᠷᠡᠭᠡᠳ ᠪᠠᠭᠤᠯᠭᠠᠭᠰᠠᠨ ᠥᠬᠡᠶ ᠪᠣᠯ ᠬᠤᠷᠢᠶᠠᠨ ᠠᠪᠴᠤ ᠨᠢᠭᠡᠳᠦᠯᠲᠡᠶ | ᠲᠥᠯᠥᠪᠯᠡᠨ ᠳᠣᠭᠢᠷᠠᠭᠤᠯᠤᠨ᠎ᠠ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 6 ᠰᠠᠷ᠎ᠠ ᠶᠢᠨ 4 ᠤ ᠡᠳᠦᠷ | | | ᠲᠥᠰᠦᠪ ᠤᠨ ᠬᠦᠢᠴᠡᠳᠬᠡᠯ ᠤᠨ ᠬᠠᠮᠢᠶᠠᠷᠤᠯᠲᠠ ᠶᠢ ᠴᠢᠩᠭᠠᠳᠬᠠᠵᠤ ᠲᠥᠰᠦᠪ ᠤᠨ ᠵᠠᠷᠤᠯᠭ᠎ᠠ ᠶᠢᠨ ᠠᠬᠢᠴᠠ ᠶᠢ | ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ | ᠠᠯᠪᠠᠨ ᠲᠢᠩᠬᠢᠮ ᠤᠨ ᠮᠡᠳᠡᠭᠳᠡᠯ | ᠥᠪᠥᠷ ᠵᠠᠰᠠᠭ ᠠᠯᠪᠠᠨ ᠲᠠᠷᠬᠠᠭᠠᠭᠰᠠᠨ ﹇2021 ﹈ 19 ᠳ᠋ᠣᠭᠡᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠠᠵᠢᠯ ᠦᠢᠯᠡᠰ ᠤᠨ ᠨᠢᠭᠡᠴᠡ ᠳᠤ᠄ | 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠂ | ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠰᠢ ᠶᠢᠨ ᠫᠢᠩ | ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠦᠬᠦ ᠤᠯᠤᠰ ᠤᠨ ︽ᠬᠤᠶᠠᠷ | ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠲᠥᠰᠦᠪ ᠤᠨ ᠬᠦᠢᠴᠡᠳᠬᠡᠯ ᠤᠨ | ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠲᠥᠰᠦᠪ ᠤᠨ ᠵᠠᠷᠤᠯᠭ᠎ᠠ ᠶᠢᠨ ᠠᠬᠢᠴᠠ ᠶᠢ ᠲᠦᠷᠭᠡᠳᠬᠡᠵᠤ᠂ ︽ | ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ | ︾ ᠡᠭᠦᠷᠭᠡ ᠶᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | | ᠨᠢᠭᠡ᠂ ᠲᠥᠰᠦᠪ ᠢ ᠬᠦᠢᠴᠡᠳᠬᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ | ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠬᠡᠨ᠎ᠡ | ᠲᠥᠰᠦᠪ ᠤᠨ ᠬᠦᠢᠴᠡᠳᠬᠡᠯ ᠨᠢ ᠨᠠᠮ ᠪᠠ ᠤᠯᠤᠰ ᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ | ᠪᠦᠲᠦᠮᠵᠢᠲᠡᠶ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠬᠤᠯᠪᠣᠭᠳᠠᠵᠤ ᠪᠠᠶᠢᠳᠠᠭ᠃ ᠡᠯ᠎ᠡ ᠭᠠᠵᠠᠷ ᠣᠷᠣᠨ᠂ | ᠰᠠᠯᠠᠭ᠎ᠠ ᠮᠥᠴᠢᠷ᠂ ᠨᠢᠭᠡᠴᠡ ᠶᠢᠨ ᠬᠢᠨ ᠲᠥᠰᠦᠪ ᠢ ᠭᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ ᠪᠠ ᠬᠦᠢᠴᠡᠳᠬᠡᠬᠦ ᠴᠢᠳᠠᠪᠤᠷᠢ ᠶᠢ ᠴᠢᠨᠠᠭᠰᠢᠳᠠ | ᠳᠡᠭᠡᠭᠰᠢᠯᠡᠭᠦᠯᠵᠦ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠲᠤᠰ ᠲᠤᠰ ᠲᠤᠨᠢ ᠰᠢᠪᠲᠤᠯᠤᠯᠲᠠ ᠭᠠᠷᠭᠠᠵᠤ᠂ ᠲᠥᠰᠦᠪ ᠢ | ᠭᠦᠢᠴᠡᠳᠬᠡᠬᠦ ᠶᠠᠪᠤᠴᠠ ᠳᠠᠬᠢ ᠵᠠᠷᠤᠯᠭ᠎ᠠ ᠶᠢᠨ ᠠᠬᠢᠴᠠ ᠤᠳᠠᠭᠠᠨ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ | ᠠᠮᠢᠳᠤᠯᠢᠭᠵᠢᠭᠤᠯᠬᠤ ᠡᠷᠴᠢᠮ ᠬᠦᠷᠦᠯᠴᠡᠬᠦ ᠦᠭᠡᠢ ᠪᠠᠶᠢᠬᠤ ᠵᠡᠷᠭᠡ ᠵᠠᠩᠭᠢᠯᠠᠭ᠎ᠠ ᠶᠢᠨ ᠴᠢᠨᠠᠷᠲᠠᠶ ᠠᠰᠠᠭᠤᠳᠠᠯ ᠢ ᠬᠦᠴᠦᠯᠡᠨ | ᠰᠢᠢᠳᠪᠦᠷᠢᠯᠡᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠠᠢ᠃ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠳᠤ ᠲᠣᠭᠲᠠᠭᠠᠭᠰᠠᠨ ᠲᠥᠰᠦᠪ ᠤᠨ ᠬᠠᠮᠢᠶᠠᠷᠤᠯᠲᠠ | ᠶᠢᠨ ᠡᠷᠬᠡ ᠲᠤᠰᠢᠶᠠᠯ ᠶᠣᠰᠣᠭᠠᠷ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠲᠥᠰᠦᠪ ᠢ ᠭᠦᠢᠴᠡᠳᠬᠡᠬᠦ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠢᠴᠡᠳᠬᠡᠬᠦ ᠶᠢᠨ ᠬᠠᠮᠲᠤ ᠭᠦᠢᠴᠡᠳᠬᠡᠭᠰᠡᠨ ᠦᠷ᠎ᠡ | ᠳ᠋ᠦᠩ ᠳᠡᠭᠡᠨ ᠬᠠᠷᠢᠭᠤᠴᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠰᠦᠪ ᠢ ᠭᠦᠢᠴᠡᠳᠬᠡᠵᠦ | ᠪᠠᠶᠢᠭ᠎ᠠ ᠪᠠᠶᠢᠳᠠᠯ ᠤᠨ ᠲᠤᠬᠠᠶ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | ᠬᠤᠶᠠᠷ᠂ ᠲᠥᠰᠦᠪ ᠤᠨ ᠵᠠᠷᠤᠯᠭ᠎ᠠ ᠶᠢᠨ ᠣᠨ ᠤ ᠬᠠᠷᠠᠯᠲᠠ ᠶᠢ ᠲᠤᠳᠤᠷᠬᠠᠶᠢᠯᠠᠨ᠎ᠠ | ᠡᠯ᠎ᠡ ᠠᠶᠢᠮᠠᠭ ᠬᠤᠳᠠ ᠶᠢᠨ ᠰᠠᠷ᠎ᠠ ᠪᠦᠷᠢ ᠶᠢᠨ ᠵᠠᠷᠤᠯᠭ᠎ᠠ ᠶᠢᠨ ᠠᠬᠢᠴᠠ ᠶᠢ ᠴᠠᠭ ᠤᠨ ᠲᠠᠷᠠᠭᠠᠯᠠᠯ ᠤᠨ ᠠᠬᠢᠴᠠ ᠳᠤ | ᠬᠦᠷᠦᠭᠦᠯᠵᠦ᠂ ᠬᠠᠮᠤᠭ ᠤᠨ ᠳᠣᠣᠷ᠎ᠠ ᠳᠠᠭᠠᠨ ᠴᠠᠭ ᠤᠨ ᠲᠠᠷᠠᠭᠠᠯᠠᠯ ᠤᠨ ᠠᠬᠢᠴᠠ ᠶᠢᠨ 80% ᠠᠴᠠ ᠳᠣᠣᠷ᠎ᠠ | ᠪᠠᠶᠢᠯᠭᠠᠵᠤ ᠪᠣᠯᠬᠤ ᠥᠭᠡᠢ᠂ ᠪᠥᠬᠦ ᠵᠢᠯ ᠤᠨ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠠᠬᠢᠴᠠ ᠶᠢ | 92% ᠣᠷᠴᠢᠮ ᠳᠤ ᠬᠦᠷᠦᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠨᠢᠭᠡᠴᠡ ᠶᠢᠨ | ᠵᠢᠯ ᠪᠦᠷᠢ ᠶᠢᠨ ᠰᠠᠷ᠎ᠠ ᠶᠢᠨ ᠵᠠᠷᠤᠯᠭ᠎ᠠ ᠶᠢᠨ ᠠᠬᠢᠴᠠ ᠶᠢ ᠵᠠᠷᠴᠢᠮ ᠳᠡᠭᠡᠷ᠎ᠡ ᠪᠠᠨ ᠴᠠᠭ ᠤᠨ ᠲᠠᠷᠠᠭᠠᠯᠠᠯ ᠤᠨ ᠠᠬᠢᠴᠠ ᠶᠢᠨ | 80% ᠠᠴᠠ ᠳᠡᠭᠡᠭᠰᠢ ᠳᠤ ᠬᠦᠷᠦᠭᠦᠯᠵᠦ᠂ 9 ᠳ᠋ᠣᠭᠡᠷ ᠰᠠᠷ᠎ᠠ ᠶᠢᠨ ᠰᠡᠭᠦᠯᠴᠢ ᠪᠠᠷ ᠨᠠᠭᠠᠳᠤ ᠵᠠᠬ᠎ᠠ ᠳᠠᠭᠠᠨ | ᠲᠤᠬᠢᠷᠠᠭᠤᠯᠤᠯᠳᠠ ᠬᠢᠭᠰᠡᠨ ᠲᠥᠰᠦᠪ ᠤᠨ 60% ᠠᠴᠠ ᠳᠡᠭᠡᠭᠰᠢ ᠳᠤ ᠬᠦᠷᠦᠭᠦᠯᠵᠦ᠂ ᠵᠢᠯ ᠤᠨ ᠡᠴᠦᠰ ᠲᠤ | ᠲᠤᠬᠢᠷᠠᠭᠤᠯᠤᠯᠳᠠ ᠬᠢᠭᠰᠡᠨ ᠲᠥᠰᠦᠪ ᠤᠨ 90% ᠣᠷᠴᠢᠮ ᠳᠤ ᠬᠦᠷᠦᠭᠦᠯᠬᠦ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠠᠴᠠ ᠪᠠᠶᠢᠳᠠᠯ ᠢᠶᠠᠨ ᠦᠨᠳᠦᠰᠦᠯᠡᠨ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠤᠨ ᠲᠥᠰᠦᠪ ᠤᠨ ᠵᠠᠷᠤᠯᠭ᠎ᠠ ᠶᠢᠨ | ᠠᠬᠢᠴᠠ ᠶᠢ ᠨᠡᠶᠢᠲᠡᠯᠡᠵᠤ᠂ ᠵᠠᠷᠤᠯᠭ᠎ᠠ ᠶᠢᠨ ᠠᠬᠢᠴᠠ ᠨᠢ ᠠᠷᠤᠨ ᠳᠤ ᠪᠠᠶᠢᠬᠤ ᠮᠥᠷᠲᠡᠭᠡᠨ ᠱᠠᠭᠠᠷᠳᠠᠯᠭ᠎ᠠ ᠳᠤ ᠥᠯᠥ | ᠬᠦᠷᠦᠭᠰᠡᠨ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ᠂ ᠨᠢᠭᠡᠴᠡ | ᠲᠠᠢ ᠴᠠᠭ ᠲᠤᠨᠢ ᠳᠣᠭᠢᠷᠠᠭᠤᠯᠤᠨ ᠪᠣᠯᠵᠣᠨ ᠶᠠᠷᠢᠯᠴᠠᠬᠤ ᠬᠡᠷᠡᠭᠲᠡᠶ᠃ | ᠭᠤᠷᠪᠠ᠂ ᠰᠢᠯᠵᠢᠭᠦᠯᠦᠨ ᠥᠭᠬᠦ ᠲᠥᠰᠦᠪ ᠢ ᠪᠠᠭᠤᠯᠭᠠᠬᠤ ᠶᠢ ᠲᠦᠷᠭᠡᠳᠭᠡᠨ᠎ᠡ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠯᠪᠣᠭᠠᠯᠠᠨ ᠬᠦᠴᠦᠯᠡᠵᠦ᠂ ᠡᠳ᠋ ᠤᠨ | ᠬᠦᠴᠦᠨ ᠢᠶᠠᠨ ᠦᠷᠭᠦᠯᠵᠢᠯᠡᠨ ᠲᠤᠷᠤᠭᠰᠢ ᠪᠠᠭᠤᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠦᠪ ᠤᠨ ᠬᠠᠤᠯᠢ︾ ᠵᠢᠴᠢ ᠬᠡᠷᠡᠭᠵᠢᠭᠦᠯᠬᠦ ᠲᠦᠷᠢᠮ ᠤᠨ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ ᠶᠢ ᠴᠢᠩᠭ᠎ᠠ | ᠵᠢᠷᠤᠮᠯᠠᠵᠤ᠂ ᠰᠢᠯᠵᠢᠭᠦᠯᠦᠨ ᠥᠭᠬᠦ ᠲᠥᠰᠦᠪ ᠢ ᠪᠠᠭᠤᠯᠭᠠᠬᠤ ᠶᠢ ᠲᠦᠷᠭᠡᠳᠬᠡᠵᠦ᠂ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠨᠢ ᠲᠥᠪ ᠠᠴᠠ | ᠤᠷᠢᠳᠴᠢᠯᠠᠨ ᠪᠠᠭᠤᠯᠭᠠᠭᠰᠠᠨ ᠪᠤᠶᠤ ᠲᠥᠰᠦᠪ ᠢ ᠬᠦᠢᠴᠡᠳᠬᠡᠬᠦ ᠳᠤᠮᠳᠠ ᠪᠠᠭᠤᠯᠭᠠᠭᠰᠠᠨ ᠡᠩ ᠤᠨ ᠴᠢᠨᠠᠷᠲᠠᠶ ᠰᠢᠯᠵᠢᠭᠦᠯᠦᠨ | ᠥᠭᠬᠦ ᠪᠠ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠶᠢ ᠭᠥᠯᠢᠶᠡᠨ ᠠᠪᠤᠭᠰᠠᠨ ᠤ ᠳᠠᠷᠠᠭ᠎ᠠ᠂ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠢ ᠱᠠᠭᠠᠷᠳᠠᠭᠤᠯᠵᠤ ᠪᠠᠶᠢᠭᠠᠳ ᠬᠤᠪᠢᠶᠠᠷᠢᠯᠠᠬᠤ ᠰᠠᠨᠠᠯ ᠢ ᠲᠦᠷᠭᠡᠬᠡᠨ ᠳᠤᠷᠠᠳᠤᠭᠤᠯᠬᠤ ᠶᠢᠨ ᠬᠠᠮᠲᠤ 30 | ᠡᠳᠦᠷ ᠤᠨ ᠳᠣᠲᠣᠷ᠎ᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠪᠠᠭᠤᠯᠭᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠡᠯ᠎ᠡ ᠱᠠᠲᠤᠨ ᠤ ᠲᠥᠰᠦᠪ ᠤᠨ ᠲᠤᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠡᠩ ᠤᠨ ᠴᠢᠨᠠᠷᠲᠠᠶ | ᠰᠢᠯᠵᠢᠭᠦᠯᠦᠨ ᠥᠭᠬᠦ ᠪᠠ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠶᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠰᠦᠪ ᠢ ᠵᠥᠪᠰᠢᠶᠡᠷᠡᠭᠰᠡᠨ ᠤ ᠳᠠᠷᠠᠭᠠᠬᠢ 30 ᠡᠳᠦᠷ ᠪᠣᠯᠤᠨ 60 ᠡᠳᠦᠷ | ᠤᠨ ᠳᠣᠲᠣᠷ᠎ᠠ ᠲᠤᠰ ᠲᠤᠰ ᠵᠢᠩᠬᠢᠨᠢ ᠪᠠᠷ ᠪᠠᠭᠤᠯᠭᠠᠬᠤ ᠬᠡᠷᠡᠭᠲᠡᠶ᠃ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠳᠤ ᠰᠢᠯᠵᠢᠭᠦᠯᠦᠨ ᠥᠭᠬᠦ ᠳᠡᠭᠡᠨ ᠲᠥᠰᠦᠪ ᠢ ᠴᠠᠭ ᠲᠤᠬᠠᠶ ᠳᠤᠨᠢ ᠪᠠᠭᠤᠯᠭᠠᠬᠤ ᠬᠡᠷᠡᠭᠲᠡᠶ︔ | ᠪᠣᠳᠠᠲᠤ ᠪᠠᠶᠢᠳᠠᠯ ᠢ ᠦᠨᠳᠦᠰᠦᠯᠡᠨ ᠳ᠋ᠦᠩᠨᠡᠨ ᠪᠤᠳᠤᠬᠤ ᠵᠡᠷᠭᠡ ᠣᠨᠴᠠᠭᠠᠶ ᠵᠦᠢᠯᠡᠰ ᠤᠨ ᠰᠢᠯᠵᠢᠭᠦᠯᠦᠨ ᠥᠭᠬᠦ ᠳᠤ | ᠬᠤᠭᠤᠴᠠᠭ᠎ᠠ ᠬᠤᠪᠢᠶᠠᠨ ᠲᠥᠰᠦᠪ ᠪᠠᠭᠤᠯᠭᠠᠬᠤ ᠪᠤᠶᠤ ᠤᠷᠢᠳᠠᠪᠠᠷ ᠤᠷᠢᠳᠴᠢᠯᠠᠨ ᠥᠭᠴᠦ ᠲᠠᠷᠠᠭ᠎ᠠ ᠨᠢ ᠳ᠋ᠦᠩᠨᠡᠨ ᠪᠤᠳᠤᠵᠤ | ᠪᠣᠯᠤᠨ᠎ᠠ᠂ ᠡᠭᠦᠨ ᠳᠤ ᠬᠤᠭᠤᠴᠠᠭ᠎ᠠ ᠬᠤᠪᠢᠶᠠᠨ ᠪᠠᠭᠤᠯᠭᠠᠬᠤ ᠠᠷᠭ᠎ᠠ ᠮᠠᠶ᠋ᠢᠭ ᠢ ᠠᠪᠤᠭᠰᠠᠨ ᠪᠠᠶᠢᠪᠠᠯ᠂ ᠬᠠᠮᠤᠭ ᠰᠡᠭᠦᠯᠴᠢ | ᠶᠢᠨ ᠨᠢᠭᠡ ᠬᠤᠭᠤᠴᠠᠭᠠᠨ ᠤ ᠪᠠᠭᠤᠯᠭᠠᠬᠤ ᠴᠠᠭ ᠢ ᠲᠤᠰ ᠵᠢᠯ ᠤᠨ 9 ᠰᠠᠷ᠎ᠠ ᠶᠢᠨ 30 ᠤ ᠡᠳᠦᠷ ᠠᠴᠠ ᠬᠤᠶᠢᠰᠢᠯᠠᠭᠤᠯᠵᠤ | ᠪᠣᠯᠬᠤ ᠦᠭᠡᠢ᠃ | ᠲᠦᠷᠪᠡ᠂ ᠣᠷᠣᠯᠠᠨ ᠨᠠᠶᠢᠷᠠᠭᠤᠯᠬᠤ ᠲᠥᠰᠦᠪ ᠢ ᠨᠠᠷᠢᠯᠢᠬᠵᠢᠭᠤᠯᠤᠨ ᠨᠠᠶᠢᠲᠠᠪᠤᠷᠢᠵᠢᠭᠤᠯᠤᠨ᠎ᠠ | ᠣᠷᠣᠯᠠᠨ ᠨᠠᠶᠢᠷᠠᠭᠤᠯᠬᠤ ᠲᠥᠰᠦᠪ ᠢ ᠨᠠᠶᠢᠷᠠᠭᠤᠯᠤᠨ ᠵᠢᠭᠰᠠᠭᠠᠬᠤ ᠲᠡᠰ ᠳᠠᠷᠠᠭᠠᠯᠠᠯ ᠢ ᠴᠢᠨᠠᠭᠰᠢᠳᠠ ᠵᠢᠷᠤᠮᠵᠢᠭᠤᠯᠵᠤ᠂ | ᠣᠷᠣᠯᠠᠨ ᠨᠠᠶᠢᠷᠠᠭᠤᠯᠬᠤ ᠲᠥᠰᠦᠪ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠲᠥᠰᠦᠪ ᠤᠨ | ᠨᠠᠷᠢᠯᠢᠭ ᠣᠨᠣᠪᠴᠢᠲᠤ ᠴᠢᠨᠠᠷ ᠪᠠ ᠪᠣᠳᠠᠲᠠᠶᠢᠵᠢᠭᠤᠯᠬᠤ ᠨᠤᠷᠮ᠎ᠠ ᠶᠢ ᠳᠡᠭᠡᠭᠰᠢᠯᠡᠬᠦᠯᠬᠦ ᠬᠡᠷᠡᠭᠲᠠᠢ᠃ ᠵᠢᠯ ᠤᠨ ᠡᠬᠢᠨ ᠳᠤ | ᠪᠣᠳᠠᠲᠠᠶ ᠨᠢᠭᠡᠴᠡ ᠳᠤ ᠨᠠᠶᠢᠳᠠᠪᠤᠷᠢᠵᠢᠭᠤᠯᠤᠭᠰᠠᠨ ᠦᠭᠡᠢ ᠣᠷᠣᠯᠠᠨ ᠨᠠᠶᠢᠷᠠᠭᠤᠯᠤᠭᠰᠠᠨ ᠲᠥᠰᠦᠪ᠂ ᠬᠦᠢᠴᠡᠳᠭᠡᠵᠤ ᠪᠠᠶᠢᠭ᠎ᠠ | ᠳᠡᠭᠡᠳᠦ ᠱᠠᠲᠤᠨ ᠠᠴᠠ ᠪᠠᠭᠤᠯᠭᠠᠭᠰᠠᠨ ᠰᠢᠯᠵᠢᠭᠦᠯᠦᠨ ᠦᠭᠬᠦ ᠵᠡᠷᠭᠡ ᠡᠳ᠋ ᠤᠨ ᠵᠠᠰᠠᠭ ᠤᠨ ᠪᠡᠯᠡ ᠮᠥᠩᠭᠦ ᠶᠢ ᠡᠯ᠎ᠡ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ | ᠠᠬᠤᠶ ᠪᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠵᠤ᠂ ᠪᠣᠳᠠᠲᠠᠶ ᠨᠢᠭᠡᠴᠡ ᠳᠤ | ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠶ᠃ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ | ᠂ ᠲᠣᠰ ᠱᠠᠲᠤᠨ ᠤ ᠣᠷᠣᠯᠠᠨ ᠨᠠᠶᠢᠷᠠᠭᠤᠯᠬᠤ ᠲᠥᠰᠦᠪ ᠢ ᠲᠣᠰ ᠵᠢᠯ ᠤᠨ 6 ᠳ᠋ᠤᠭᠠᠷ ᠰᠠᠷ᠎ᠠ ᠶᠢᠨ 30 ᠤ ᠡᠳᠦᠷ ᠠᠴᠠ | ᠡᠮᠦᠨ᠎ᠡ ᠪᠠᠭᠤᠯᠭᠠᠬᠤ ᠬᠡᠷᠡᠭᠲᠡᠶ᠂ ᠬᠤᠭᠤᠴᠠᠭ᠎ᠠ ᠦᠩᠬᠡᠷᠡᠭᠡᠳ ᠪᠠᠭᠤᠯᠭᠠᠭᠰᠠᠨ ᠥᠬᠡᠶ ᠪᠣᠯ ᠬᠤᠷᠢᠶᠠᠨ ᠠᠪᠴᠤ ᠨᠢᠭᠡᠳᠦᠯᠲᠡᠶ | ᠲᠥᠯᠥᠪᠯᠡᠨ ᠬᠡᠷᠡᠭᠯᠡᠬᠦ ᠬᠡᠷᠡᠭᠲᠠᠢ᠃ | ᠲᠠᠪᠤ᠂ ᠰᠢᠭᠤᠳ ᠬᠦᠷᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠬᠦᠯᠳᠡᠷᠵᠢᠬᠦᠯᠦᠨ᠎ᠡ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ | ᠰᠢᠭᠤᠳ ᠬᠦᠷᠬᠦ ᠪᠠᠶᠢᠩᠭᠤ ᠶᠢᠨ ᠲᠣᠭᠲᠠᠴᠠ ᠪᠠᠶᠢᠭᠤᠯᠬᠤ ᠶᠢ ᠠᠬᠢᠭᠤᠯᠬᠤ ᠶᠢᠨ ᠬᠠᠮᠲᠤ ᠡᠳ᠋ ᠤᠨ ᠵᠠᠰᠠᠭ ᠤᠨ ᠶᠠᠮᠤᠨ ᠤ | ᠱᠠᠭᠠᠷᠳᠠᠯᠭ᠎ᠠ ᠶᠣᠰᠣᠭᠠᠷ ᠰᠢᠭᠤᠳ ᠬᠦᠷᠬᠦ ᠪᠠᠯᠠ ᠮᠥᠩᠭᠦ ᠶᠢᠨ ᠬᠡᠪᠴᠢᠶ᠎ᠡ ᠶᠢ ᠦᠷᠭᠡᠳᠭᠡᠭᠦ ᠬᠡᠷᠡᠭᠲᠠᠢ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠪᠣᠯᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠥᠨᠳᠥᠷ ᠦᠷ᠎ᠡ ᠪᠦᠲᠦᠮᠵᠢᠲᠡᠶ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ︽ᠲᠥᠪ ᠠᠴᠠ ᠬᠡᠰᠡᠭᠯᠡᠬᠦ᠂ ᠮᠤᠵᠢ ᠶᠢᠨ ᠱᠠᠲᠤᠨ ᠠᠴᠠ | ᠨᠠᠷᠢᠯᠢᠬᠵᠢᠭᠤᠯᠬᠤ᠂ ᠪᠦᠷᠢᠳᠬᠡᠨ ᠵᠦᠪᠰᠢᠶᠡᠷᠡᠬᠦᠯᠬᠦ᠂ ᠲᠦᠷᠭᠡᠨ ᠪᠠᠭᠤᠯᠭᠠᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ | ᠣᠷᠣᠨ ᠠᠴᠠ ᠲᠥᠪ ᠤᠨ ᠰᠢᠭᠤᠳ ᠬᠦᠷᠬᠦ ᠪᠠᠯᠠ ᠮᠥᠩᠭᠦ ᠶᠢᠨ ᠬᠦᠢᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠢ | ᠣᠯᠤᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠬᠠᠮᠢᠶ᠎ᠠ ᠪᠥᠬᠦᠶ ᠪᠠᠭᠤᠯᠭᠠᠬᠤ ᠲᠠᠰ ᠳᠠᠷᠠᠭᠠᠯᠠᠯ ᠢ ᠪᠡᠶᠡᠯᠡᠭᠦᠯᠵᠦ᠂ | ᠰᠢᠭᠤᠳ ᠬᠦᠷᠬᠦ ᠪᠠᠯᠠ ᠮᠥᠩᠭᠦ ᠶᠢ ᠨᠢᠭᠡᠳᠦᠯᠲᠡᠶ ᠲᠥᠰᠦᠭᠡᠯᠡᠨ ᠪᠤᠳᠤᠵᠤ᠂ ᠲᠤᠰᠠᠭᠠᠷ ᠳᠣᠭᠢᠷᠠᠭᠤᠯᠤᠨ᠂ ᠲᠤᠰᠠᠭᠠᠷ | ᠢᠯᠡᠷᠬᠡᠶᠢᠯᠡᠵᠤ᠂ ᠡᠳ᠋ ᠤᠨ ᠵᠠᠰᠠᠭ ᠤᠨ ᠪᠠᠯᠠ ᠮᠥᠩᠭᠦ ᠦᠨᠳᠦᠰᠦᠨ ᠱᠠᠲᠤᠨ ᠳᠤ ᠰᠢᠭᠤᠳ ᠬᠦᠷᠬᠦ᠂ ᠠᠷᠠᠳ ᠤᠨ | ᠠᠮᠢᠳᠤᠷᠠᠯ ᠳᠤ ᠰᠢᠭᠤᠳ ᠠᠰᠢᠭ ᠬᠦᠷᠲᠡᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠲᠣᠬᠢᠷᠠᠭᠤᠯᠬᠤ ᠶᠣᠰᠣᠲᠠᠶ ᠬᠤᠯᠪᠣᠭᠳᠠᠯ ᠪᠦᠬᠦᠢ ᠪᠡᠯᠡ ᠮᠥᠩᠭᠦ ᠶᠢ ᠲᠣᠭᠲᠠᠭᠠᠯ | ᠶᠣᠰᠣᠭᠠᠷ ᠬᠤᠪᠢᠶᠠᠷᠢᠯᠠᠨ ᠪᠠᠭᠤᠯᠭᠠᠬᠤ ᠶᠢᠨ ᠬᠠᠮᠲᠤ ᠬᠢᠨᠠᠨ ᠡᠵᠡᠮᠳᠡᠬᠦ ᠰᠢᠰᠲ᠋ᠧᠮ ᠳᠤ ᠤᠷᠤᠭᠤᠯᠬᠤ ᠬᠡᠷᠡᠭᠲᠠᠢ᠃ ᠡᠯ᠎ᠡ | ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ ᠨᠦᠭᠦᠳ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠦᠭᠬᠦ | ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠪᠠᠯᠠ ᠮᠥᠩᠭᠦ ᠶᠢ ᠬᠠᠮᠤᠭ ᠡᠴᠦᠰ ᠤᠨ ᠵᠣᠭᠤᠰ ᠬᠤᠷᠢᠶᠠᠭᠴᠢ | ᠳᠤ ᠵᠠᠷᠤᠴᠠᠭᠤᠯᠵᠤ᠂ ᠲᠣᠭᠲᠠᠭᠠᠯ ᠠᠴᠠ ᠵᠥᠷᠢᠴᠡᠨ ᠪᠠᠯᠠ ᠮᠥᠩᠭᠦ ᠶᠢ ᠲᠥᠰᠦᠪ ᠤᠨ ᠨᠢᠭᠡᠴᠡ ᠶᠢᠨ ᠪᠣᠳᠠᠲᠠᠶ ᠪᠠᠶᠢᠭ᠎ᠠ ᠪᠠᠯᠠ | ᠮᠥᠩᠭᠦ ᠶᠢᠨ ᠲᠠᠩᠰᠠᠨ ᠡᠷᠦᠬᠡ ᠳᠤ ᠰᠢᠯᠵᠢᠭᠦᠯᠦᠭᠰᠡᠨ ᠤ ᠳᠠᠷᠠᠭ᠎ᠠ ᠠᠰᠢᠭ ᠭᠥᠷᠳᠡᠬᠦ ᠡᠲᠡᠭᠡᠳ ᠲᠤ ᠳᠠᠬᠢᠨ ᠥᠭᠴᠦ ᠪᠣᠯᠬᠤ | ᠥᠬᠡᠶ᠃ | ᠵᠢᠷᠭᠤᠭ᠎ᠠ᠂ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠠᠮᠢᠳᠤᠯᠢᠭ ᠬᠡᠷᠡᠭᠯᠡᠬᠦ ᠶᠢ ᠴᠢᠩᠭᠠᠳᠬᠠᠨ᠎ᠠ | ᠨᠠᠷᠢᠨ ᠨᠢᠭᠲᠠ ᠪᠤᠳᠤᠵᠤ ︽ᠠᠷᠪᠢᠯᠠᠨ ᠭᠠᠮᠨᠠᠬᠤ︾ ᠶᠢ ᠪᠠᠷᠢᠮᠲᠠᠯᠠᠵᠤ᠂ ᠨᠡᠮᠡᠭᠳᠡᠯ ᠪᠠᠯᠠ ᠮᠥᠩᠭᠦ ᠶᠢ ᠰᠠᠶᠢᠲᠤᠷ | ᠬᠡᠷᠡᠭᠯᠡᠬᠦ ᠮᠥᠷᠲᠡᠭᠡᠨ ᠦᠯᠡᠳᠡᠭᠡᠯ ᠪᠠᠯᠠ ᠮᠥᠩᠭᠦ ᠶᠢ ᠨᠠᠩ ᠴᠤ ᠰᠠᠶᠢᠲᠤᠷ ᠬᠡᠷᠡᠭᠯᠡᠬᠦ ᠬᠡᠷᠡᠭᠲᠡᠶ᠃ ᠡᠯ᠎ᠡ ᠭᠠᠵᠠᠷ ᠣᠷᠣᠨ᠂ | ᠰᠠᠯᠠᠭ᠎ᠠ ᠮᠥᠴᠢᠷ᠂ ᠨᠢᠭᠡᠴᠡ ᠨᠦᠭᠦᠳ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠠᠮᠢᠳᠤᠯᠢᠭ ᠪᠣᠯᠭᠠᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠠᠴᠠ | ᠭᠠᠳᠠᠨ᠎ᠠ᠂ ᠦᠯᠡᠳᠡᠪᠦᠷᠢ ᠪᠠᠯᠠ ᠮᠥᠩᠭᠦ ᠪᠠ ᠬᠤᠶᠠᠷ ᠵᠢᠯ ᠳᠠᠷᠠᠭᠠᠯᠠᠨ ᠬᠡᠷᠡᠭᠯᠡᠵᠦ ᠳᠠᠭᠤᠰᠤᠭᠠᠳᠤᠶ ᠳ᠋ᠦᠩᠨᠡᠨ | ᠰᠢᠯᠵᠢᠭᠦᠯᠦᠭᠰᠡᠨ ᠪᠠᠯᠠ ᠮᠥᠩᠭᠦ ᠶᠢ ᠴᠥᠮ ᠬᠤᠷᠢᠶᠠᠨ ᠠᠪᠴᠤ ᠲᠥᠰᠦᠪ ᠤᠨ ᠲᠣᠭᠲᠠᠪᠤᠷᠢᠵᠢᠭᠤᠯᠤᠨ ᠳᠣᠭᠢᠷᠠᠭᠤᠯᠬᠤ | ᠰᠠᠭᠤᠷᠢ ᠮᠥᠩᠭᠦ ᠶᠢ ᠨᠥᠬᠦᠪᠥᠷᠢᠯᠡᠬᠦ ᠬᠡᠷᠡᠭᠲᠡᠶ︔ ᠬᠤᠶᠠᠷ ᠵᠢᠯ ᠪᠣᠯᠤᠭᠠᠳᠤᠶ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢ | ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠳ᠋ᠦᠩᠨᠡᠨ ᠰᠢᠯᠵᠢᠭᠦᠯᠬᠦ ᠶᠢ ᠵᠥᠪᠰᠢᠶᠡᠷᠡᠭᠰᠡᠨ ᠲᠥᠷᠥᠯ ᠵᠦᠢᠯ ᠤᠨ ᠪᠠᠯᠠ | ᠮᠥᠩᠭᠦ ᠶᠢᠨ ᠤᠤᠯ ᠤᠨ ᠬᠡᠷᠡᠭᠴᠡᠭᠡ ᠶᠣᠰᠣᠭᠠᠷ ᠬᠡᠷᠡᠭᠯᠡᠬᠦ ᠶᠢᠨ ᠬᠠᠮᠲᠤ ᠲᠥᠰᠦᠪ ᠤᠨ ᠬᠦᠢᠴᠡᠳᠬᠡᠯ ᠢ ᠲᠦᠷᠭᠡᠳᠬᠡᠵᠦ᠂ | ᠤᠤᠯ ᠤᠨ ᠬᠡᠷᠡᠭᠴᠡᠭᠡ ᠶᠣᠰᠣᠭᠠᠷ ᠬᠡᠷᠡᠭᠯᠡᠬᠦ ᠴᠢᠬᠤᠯᠠ ᠥᠬᠡᠶ ᠶᠢ ᠨᠢ ᠴᠠᠭ ᠲᠤᠬᠠᠶ ᠳᠤᠨᠢ ᠡᠳ᠋ ᠤᠨ ᠵᠠᠰᠠᠭ ᠲᠤ ᠪᠤᠴᠠᠭᠠᠨ | ᠥᠭᠴᠦ᠂ ᠪᠠᠯᠠ ᠮᠥᠩᠭᠦ ᠶᠢᠨ ᠳᠡᠮᠵᠢᠯᠭᠡ ᠪᠠᠴᠢᠮ ᠬᠡᠷᠡᠭᠰᠡᠬᠦ ᠬᠦᠷᠢᠶ᠎ᠡ ᠴᠠᠷᠠᠭ᠎ᠠ ᠳᠤ ᠲᠣᠭᠲᠠᠭᠠᠯ ᠶᠣᠰᠣᠭᠠᠷ ᠨᠢᠭᠡᠳᠦᠯᠲᠡᠶ | ᠲᠥᠯᠥᠪᠯᠡᠨ ᠬᠡᠷᠡᠭᠯᠡᠬᠦ ᠬᠡᠷᠡᠭᠲᠡᠶ᠃ ᠲᠡᠷᠡᠴᠢᠯᠡᠨ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠦᠨᠳᠦᠰᠦᠨ ᠡᠷᠦᠬᠡ ᠶᠢ | ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠵᠤ᠂ ᠵᠢᠯ ᠪᠦᠷᠢ ᠶᠢᠨ ᠵᠢᠯ ᠤᠨ ᠡᠴᠦᠰ ᠠᠴᠠ ᠡᠮᠦᠨ᠎ᠡ ᠡᠳ᠋ ᠤᠨ ᠵᠠᠰᠠᠭ ᠤᠨ | ᠰᠠᠯᠭᠠᠨ ᠥᠭᠭᠦᠭᠰᠡᠨ ᠵᠣᠭᠤᠰ ᠤᠨ ᠦᠯᠡᠳᠡᠪᠦᠷᠢ ᠶᠢ ᠠᠳᠠᠯᠢ ᠱᠠᠲᠤᠨ ᠤ ᠡᠳ᠋ ᠤᠨ ᠵᠠᠰᠠᠭ ᠲᠤ ᠪᠤᠴᠠᠭᠠᠨ ᠥᠭᠬᠦ ᠬᠡᠷᠡᠭᠲᠡᠶ᠃ | | ᠳᠣᠯᠤᠭ᠎ᠠ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠤᠬᠢᠷᠠᠭᠤᠯᠤᠨ ᠪᠠᠭᠤᠯᠭᠠᠬᠤ ᠶᠢ ᠲᠦᠷᠬᠡᠳᠭᠡᠨ᠎ᠡ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠢᠭᠡᠯᠡᠯᠭᠡ ᠶᠢᠨ ᠲᠡᠮᠳᠡᠭᠲᠦ ᠶᠢᠨ | ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠯᠠᠪᠳᠠᠭᠤᠨ ᠪᠠᠲᠤᠲᠠᠶ ᠪᠠᠷ | ᠳᠡᠭᠡᠭᠰᠢᠯᠡᠭᠦᠯᠵᠦ᠂ ᠰᠤᠯᠠ ᠲᠠᠯᠪᠢᠵᠤ ᠪᠦᠷᠢᠯᠭᠡᠨ ᠰᠦᠢᠳᠬᠡᠬᠦ᠂ ᠵᠠᠷᠤᠯᠭ᠎ᠠ ᠤᠳᠠᠭᠠᠨ ᠪᠠᠶᠢᠬᠤ᠂ ᠬᠡᠷᠡᠭᠯᠡᠯᠲᠡ ᠶᠢᠨ ᠦᠷ᠎ᠡ | ᠪᠦᠲᠦᠮᠵᠢ ᠪᠠᠷ ᠠᠨᠠᠶ ᠪᠠᠶᠢᠬᠤ ᠪᠠᠶᠢᠳᠠᠯ ᠢ ᠡᠷᠡᠰ ᠲᠡᠪᠴᠢᠬᠦ ᠬᠡᠷᠡᠭᠲᠠᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠦᠪ ᠤᠨ | ᠬᠠᠮᠢᠶᠠᠷᠤᠯᠲᠠ ᠶᠢ ᠴᠢᠩᠭᠠᠳᠬᠠᠵᠤ᠂ ᠣᠨ ᠤ ᠰᠢᠨ᠎ᠡ ᠪᠠᠷ ᠨᠡᠮᠡᠭᠳᠡᠬᠦ ᠥᠭᠴᠡᠭᠡ ᠶᠢᠨ ᠬᠢᠵᠠᠭᠠᠷ ᠲᠤᠭ᠎ᠠ ᠶᠢ ᠵᠢᠯ ᠤᠨ ᠡᠬᠢᠨ ᠤ | ᠲᠥᠰᠦᠪ ᠲᠤ ᠴᠠᠭ ᠲᠤᠬᠠᠶ ᠳᠤᠨᠢ ᠣᠷᠣᠭᠤᠯᠬᠤ ᠪᠤᠶᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠨᠠᠶᠢᠷᠠᠭᠤᠯᠤᠨ | ᠵᠣᠬᠢᠶᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠤᠶᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ︵ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ︶ ᠳᠤ ᠮᠡᠳᠡᠬᠦᠯᠦᠨ ᠵᠦᠪᠰᠢᠶᠡᠷᠡᠬᠦᠯᠬᠦ | ᠬᠡᠷᠡᠭᠲᠠᠢ᠃ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠤᠳ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠲᠥᠷᠥᠯ | ᠵᠦᠢᠯ ᠤᠨ ᠨᠦᠬᠡᠴᠡᠯᠡᠮᠵᠢ ᠶᠢ ᠤᠷᠢᠳᠴᠢᠯᠠᠨ ᠰᠠᠶᠢᠲᠤᠷ ᠬᠢᠵᠦ᠂ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠬᠡᠷᠡᠭᠴᠡᠭᠡ | ᠪᠠ ᠰᠠᠯᠠᠭ᠎ᠠ ᠮᠥᠴᠢᠷ ᠤᠨ ᠲᠤᠬᠠᠶ ᠶᠢᠨ ᠵᠢᠯ ᠤᠨ ᠪᠣᠳᠠᠲᠤ ᠠᠵᠢᠯ ᠤᠨ ᠬᠡᠮᠵᠢᠶ᠎ᠡ ᠶᠢ ᠦᠨᠳᠦᠰᠦᠯᠡᠨ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠥᠩᠭᠦ ᠭᠤᠶᠤᠴᠢᠯᠠᠵᠤ᠂ ᠪᠠᠯᠠ ᠮᠥᠩᠭᠦ ᠨᠢ ᠲᠥᠷᠥᠯ ᠵᠦᠢᠯ ᠢᠶᠠᠨ ᠲᠠᠭᠠᠬᠤ ᠶᠢ ᠦᠨᠡᠨᠬᠦ | ᠪᠠᠲᠤᠯᠠᠬᠤ ᠬᠡᠷᠡᠭᠲᠠᠢ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠳᠣᠷᠣᠭᠰᠢ ᠪᠠᠭᠤᠯᠭᠠᠬᠤ ᠶᠢ ᠲᠦᠷᠭᠡᠳᠬᠡᠵᠦ᠂ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠤᠯᠤᠰ ᠤᠨ ᠬᠥᠮᠥᠷᠭᠡ ᠳᠤ ᠦᠯᠡᠳᠡᠭᠡᠬᠦ ᠪᠤᠶᠤ ᠰᠠᠯᠠᠭ᠎ᠠ ᠮᠥᠴᠢᠷ | ᠨᠢᠭᠡᠴᠡ ᠳᠤ ᠬᠠᠳᠠᠭᠠᠯᠠᠬᠤ ᠶᠢ ᠡᠷᠡᠰ ᠴᠠᠭᠠᠵᠠᠯᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠬᠦ ᠦᠷ᠎ᠡ | ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ᠨᠠᠢᠮᠠ᠂ ᠡᠯ᠎ᠡ ᠱᠠᠲᠤᠨ ᠤ ᠲᠥᠰᠦᠪ ᠤᠨ ᠵᠦᠢᠯᠡᠰ ᠤᠨ ᠨᠦᠬᠡᠴᠡᠯᠡᠮᠵᠢ ᠪᠠ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ | ᠡᠯ᠎ᠡ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ ᠶᠢᠨ ᠬᠢᠨ ︽ᠤᠷᠢᠳ ᠢᠶᠠᠷ ᠤᠴᠢᠷ ᠶᠠᠪᠤᠳᠠᠯ ᠢ ᠪᠣᠳᠣᠯᠬᠢᠯᠠᠵᠤ | ᠳᠠᠷᠠᠭ᠎ᠠ ᠨᠢ ᠵᠣᠭᠤᠰ ᠢ ᠲᠤᠬᠢᠷᠠᠭᠤᠯᠬᠤ︾ ᠣᠶᠢᠯᠠᠭᠠᠭᠳᠠᠬᠤᠨ ᠢ ᠪᠤᠶ ᠪᠣᠯᠭᠠᠵᠤ᠂ ᠲᠥᠰᠦᠪ ᠤᠨ ᠵᠦᠢᠯᠡᠰ ᠢ | ᠪᠠᠶᠢᠩᠭᠤᠵᠢᠭᠤᠯᠤᠨ ᠨᠥᠭᠡᠴᠡᠯᠡᠬᠦ ᠶᠢ ᠠᠬᠢᠭᠤᠯᠵᠤ᠂ ᠡᠷᠲᠡᠭᠡᠨ ᠠᠴᠠ ᠲᠥᠯᠥᠪᠯᠡᠬᠦ᠂ ᠰᠠᠶᠢᠲᠤᠷ ᠲᠥᠯᠥᠪᠯᠡᠬᠦ᠂ ᠶᠠᠰᠤ | ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠵᠦᠢᠯᠡᠰ ᠢ ᠲᠥᠪ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ | ᠪᠠ ᠣᠷᠣᠨ ᠨᠤᠲᠤᠭ ᠤᠨ ᠭᠤᠣᠯ ᠠᠵᠢᠯ ᠲᠠᠢ ᠨᠢᠭᠲᠠ ᠵᠣᠯᠭᠠᠭᠤᠯᠬᠤ ᠶᠢ ᠠᠬᠢᠭᠤᠯᠵᠤ᠂ ᠵᠦᠢᠯᠡᠰ ᠤᠨ ᠬᠥᠮᠥᠷᠭᠡ ᠳᠤ | ᠣᠷᠤᠭ᠎ᠠ ᠦᠭᠡᠢ ᠵᠦᠢᠯᠡᠰ ᠲᠤ ᠡᠩ ᠤᠨ ᠪᠠᠶᠢᠳᠠᠯ ᠳᠤ ᠲᠥᠰᠦᠪ ᠤᠨ ᠲᠤᠬᠢᠷᠠᠭᠤᠯᠤᠯᠲᠠ ᠬᠢᠬᠦ ᠦᠭᠡᠢ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠨᠢ ᠰᠢᠨᠵᠢᠯᠡᠬᠦ ᠤᠬᠠᠭᠠᠨᠴᠢ᠂ ᠬᠡᠷᠡᠭᠯᠡᠯᠲᠡ ᠨᠢ ᠵᠦᠢ | ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠵᠤ᠂ ᠲᠥᠰᠦᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ ᠵᠡᠷᠭᠡ ᠲᠠᠷᠠᠭᠠᠴᠢ | ᠶᠢᠨ ᠪᠦᠬᠦ ᠶᠠᠪᠤᠴᠠ ᠶᠢᠨ ᠬᠠᠮᠢᠶᠠᠷᠤᠯᠲᠠ ᠳᠤ ᠰᠠᠭᠤᠷᠢ ᠶᠢ ᠪᠠᠲᠤᠳᠬᠠᠬᠤ ᠬᠡᠷᠡᠭᠲᠠᠢ᠃ ᠴᠢᠬᠤᠯᠠ ᠶᠡᠭᠡ ᠲᠦᠷᠦᠯ ᠵᠦᠢᠯ ᠢ | ᠬᠢᠨᠠᠨ ᠲᠣᠭᠲᠠᠭᠠᠵᠤ ᠨᠤᠲᠠᠯᠠᠬᠤ ᠵᠡᠷᠭᠡ ᠠᠵᠢᠯ ᠢ ᠡᠷᠲᠡᠭᠡᠨ ᠠᠴᠠ ᠰᠠᠶᠢᠲᠤᠷ ᠬᠢᠵᠦ᠂ ᠳᠠᠷᠠᠭ᠎ᠠ ᠵᠢᠯ ᠤᠨ ᠲᠥᠰᠦᠪ ᠤᠨ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠢ ᠲᠤᠰ ᠵᠢᠯ ᠳᠤᠨᠢ ᠪᠡᠶᠡᠯᠡᠭᠦᠯᠵᠦ᠂ ᠵᠢᠯ ᠳᠠᠷᠠᠭᠠᠯᠠᠨ | ᠦᠷᠬᠦᠯᠵᠢᠯᠡᠨ ᠲᠠᠪᠳᠠᠨ ᠬᠠᠮᠢᠶᠠᠷᠬᠤ ᠬᠡᠷᠡᠭᠲᠡᠢ᠃ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠲᠥᠷᠥᠯ ᠤᠨ | ᠲᠥᠷᠥᠯ ᠵᠦᠢᠯ ᠤᠨ ︽ᠲᠤᠰ ᠵᠢᠯ ᠳᠤᠨᠢ ᠬᠢᠨᠠᠨ ᠲᠤᠭᠳᠠᠭᠠᠵᠤ᠂ ᠲᠠᠷᠠᠭ᠎ᠠ ᠵᠢᠯ ᠳᠤᠨᠢ ᠪᠡᠯᠡ ᠮᠥᠩᠭᠦ ᠲᠣᠬᠢᠷᠠᠭᠤᠯᠬᠤ︾ | ᠲᠥᠰᠦᠪ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠠᠶᠢᠭᠤᠯᠵᠤ᠂ ᠪᠡᠯᠡ ᠮᠥᠩᠭᠦ ᠶᠢ ᠰᠤᠯᠠ ᠪᠠᠶᠢᠯᠭᠠᠬᠤ ᠠᠴᠠ | ᠵᠠᠶᠢᠯᠠᠰᠬᠢᠬᠦ ᠬᠡᠷᠡᠭᠲᠡᠶ᠃ | ᠶᠢᠰᠦ᠂ ᠲᠥᠰᠦᠪ ᠤᠨ ᠬᠦᠢᠴᠡᠳᠭᠡᠯ ᠢ ᠲᠥᠰᠦᠪ ᠤᠨ ᠲᠤᠬᠢᠷᠠᠭᠤᠯᠤᠯᠳᠠ ᠲᠠᠢ ᠬᠤᠯᠪᠣᠭᠳᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠰᠦᠪ ᠤᠨ ᠭᠦᠢᠴᠡᠳᠬᠡᠯ ᠢ ᠲᠥᠰᠦᠪ ᠤᠨ | ᠲᠤᠬᠢᠷᠠᠭᠤᠯᠤᠯᠳᠠ ᠲᠠᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ᠂ ᠨᠢᠭᠡᠴᠡ ᠳᠤ | ︽ᠡᠨᠡ ᠵᠢᠯ ᠰᠠᠶᠢᠲᠤᠷ ᠬᠡᠷᠡᠭᠯᠡᠵᠤ ᠴᠢᠳᠠᠬᠤ ᠦᠭᠡᠢ ᠪᠤᠯ ᠲᠠᠷᠠᠭ᠎ᠠ ᠵᠢᠯ ᠤᠨ ᠲᠥᠰᠦᠪ ᠤᠨ ᠲᠤᠬᠢᠷᠠᠭᠤᠯᠤᠯᠲᠠ ᠶᠢ | ᠪᠠᠭᠠᠰᠬᠠᠬᠤ︾ ᠱᠠᠭᠠᠷᠳᠠᠭᠤᠯᠬᠤ ᠲᠣᠭᠲᠠᠴᠠ ᠶᠢ ᠪᠤᠢ ᠪᠣᠯᠭᠠᠵᠤ᠂ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠲᠥᠰᠦᠪ ᠢ | ᠭᠦᠢᠴᠡᠳᠬᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠬᠦ ᠶᠢ ᠠᠬᠢᠭᠤᠯᠬᠤ ᠬᠡᠷᠡᠭᠲᠡᠶ᠃ ᠬᠢᠨᠠᠨ | ᠪᠤᠳᠤᠬᠤ ᠪᠤᠶᠤ ᠲᠣᠭᠤᠷᠢᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ | ᠪᠠᠶᠢᠬᠤ ᠪᠤᠶᠤ ᠵᠠᠷᠤᠯᠭ᠎ᠠ ᠶᠢᠨ ᠠᠬᠢᠴᠠ ᠤᠳᠠᠭᠠᠨ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠᠷ ᠠᠨᠠᠶ᠂ ᠪᠠᠯᠠ | ᠮᠥᠩᠭᠦ ᠶᠢᠨ ᠬᠤᠪᠢᠶᠠᠷᠢᠯᠠᠯᠲᠠ ᠨᠢ ᠴᠠᠭ ᠤᠨ ᠬᠢᠵᠠᠭᠠᠷ ᠠᠴᠠ ᠬᠡᠲᠦᠷᠡᠭᠰᠡᠨ ᠭᠠᠵᠠᠷ ᠣᠷᠣᠨ ᠪᠠ ᠰᠠᠯᠠᠭ᠎ᠠ ᠮᠥᠴᠢᠷ᠂ ᠨᠢᠭᠡᠴᠡ | ᠶᠢᠨ ᠲᠠᠷᠠᠭ᠎ᠠ ᠵᠢᠯ ᠤᠨ ᠣᠨ ᠤ ᠲᠥᠰᠦᠪ ᠤᠨ ᠲᠣᠬᠢᠷᠠᠭᠤᠯᠤᠯᠲᠠ ᠶᠢᠨ ᠬᠡᠪᠴᠢᠶ᠎ᠡ ᠶᠢ ᠵᠣᠬᠢᠴᠠᠩᠭᠤᠶ ᠪᠠᠷ ᠪᠠᠭᠠᠰᠬᠠᠬᠤ | ᠬᠡᠷᠡᠭᠲᠡᠶ᠃ | ᠠᠷᠪᠠ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠵᠠᠷᠤᠳᠠᠯ ᠢ ᠦᠨᠡᠨᠬᠦ ᠪᠠᠲᠤᠯᠠᠨ᠎ᠠ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ | ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ ᠪᠠᠶᠢᠭ᠎ᠠ ᠪᠠᠶᠢᠳᠠᠯ ᠢ ᠦᠨᠳᠦᠰᠦᠯᠡᠨ᠂ | ᠥᠭᠡᠷᠡᠴᠢᠯᠡᠯᠲᠡ ᠳᠤ ᠬᠤᠯᠪᠣᠭᠳᠠᠬᠤ ᠨᠢᠭᠡᠴᠡ ᠶᠢᠨ ᠬᠡᠪ ᠤᠨ ᠠᠵᠢᠯᠯᠠᠭᠠᠨ ᠪᠠ ᠡᠭᠦᠷᠭᠡ ᠲᠤᠰᠢᠶᠠᠯ ᠢᠶᠠᠨ ᠬᠦᠢᠴᠡᠳᠬᠡᠬᠦ | ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠥᠭᠡᠷᠡᠴᠢᠯᠡᠯᠲᠡ ᠳᠤ | ᠬᠤᠯᠪᠣᠭᠳᠠᠬᠤ ᠡᠯ᠎ᠡ ᠨᠢᠭᠡᠴᠡ ᠶᠢᠨ ᠬᠠᠮᠢᠶ᠎ᠠ ᠪᠥᠬᠦᠶ ᠭᠠᠷᠳᠠᠮ ᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠰᠠᠯᠠᠭ᠎ᠠ | ᠮᠥᠴᠢᠷ ᠤᠨ ᠳᠣᠲᠣᠭᠠᠳᠤ ᠳᠠᠭᠠᠨ ᠲᠣᠬᠢᠷᠠᠭᠤᠯᠤᠯᠲᠠ ᠬᠢᠬᠦ ᠳᠤ ᠬᠠᠷᠢᠶᠠᠯᠠᠭᠳᠠᠪᠠᠯ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠤᠷᠠᠳᠤᠭᠰᠠᠨ ᠬᠠᠷᠢᠶ᠎ᠠ ᠨᠢᠭᠡᠴᠡ ᠶᠢᠨ ᠬᠤᠭᠤᠷᠣᠨᠳᠣᠬᠢ | ᠪᠠᠯᠠ ᠮᠥᠩᠭᠦ ᠶᠢ ᠳᠣᠭᠢᠷᠠᠭᠤᠯᠵᠤ ᠬᠤᠪᠢᠶᠠᠷᠢᠯᠠᠨ ᠰᠢᠯᠵᠢᠭᠦᠯᠬᠦ ᠭᠤᠶᠤᠴᠢᠯᠠᠯ ᠤᠨ ᠰᠠᠨᠠᠯ ᠤᠨ ᠶᠣᠰᠣᠭᠠᠷ ᠪᠠᠯᠠ ᠮᠥᠩᠭᠦ ᠶᠢ | ᠴᠠᠭ ᠲᠤᠬᠠᠶ ᠳᠤᠨᠢ ᠬᠤᠪᠢᠶᠠᠷᠢᠯᠠᠨ ᠰᠢᠯᠵᠢᠭᠦᠯᠬᠦ ᠬᠡᠷᠡᠭᠲᠡᠶ︔ ᠰᠠᠯᠠᠭ᠎ᠠ ᠮᠥᠴᠢᠷ ᠤᠨ ᠬᠤᠭᠤᠷᠣᠨᠳᠣ ᠪᠠᠨ ᠲᠣᠬᠢᠷᠠᠭᠤᠯᠤᠯᠲᠠ | ᠬᠢᠬᠦ ᠳᠤ ᠬᠠᠷᠢᠶᠠᠯᠠᠭᠳᠠᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ | ᠮᠥᠴᠢᠷ ᠤᠨ ᠵᠥᠪᠳᠡᠯᠴᠡᠭᠡᠳ ᠰᠠᠨᠠᠯ ᠨᠢᠭᠡᠳᠦᠭᠰᠡᠨ ᠪᠠᠯᠠ ᠮᠥᠩᠭᠦ ᠶᠢ ᠳᠣᠭᠢᠷᠠᠭᠤᠯᠵᠤ ᠬᠤᠪᠢᠶᠠᠷᠢᠯᠠᠨ ᠰᠢᠯᠵᠢᠭᠦᠯᠬᠦ | ᠭᠤᠶᠤᠴᠢᠯᠠᠯ ᠤᠨ ᠰᠠᠨᠠᠯ ᠶᠣᠰᠣᠭᠠᠷ ᠪᠠᠯᠠ ᠮᠥᠩᠭᠦ ᠶᠢ ᠴᠠᠭ ᠲᠤᠬᠠᠶ ᠳᠤᠨᠢ ᠬᠤᠪᠢᠶᠠᠷᠢᠯᠠᠨ ᠰᠢᠯᠵᠢᠭᠦᠯᠵᠦ᠂ ᠠᠵᠢᠯᠲᠠᠨ᠂ | ᠲᠥᠷᠥᠯ ᠵᠦᠢᠯ ᠤᠨ ᠵᠠᠷᠤᠳᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠬᠤ ᠬᠡᠷᠡᠭᠲᠡᠶ᠃ | ᠠᠷᠪᠠᠨ ᠨᠢᠬᠡ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠨ᠎ᠠ | ᠡᠯ᠎ᠡ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ ᠨᠦᠭᠦᠳ ︽ᠠᠷᠪᠢᠯᠠᠨ ᠭᠠᠮᠨᠠᠬᠤ︾ ᠵᠠᠷᠴᠢᠮ ᠢ ᠦᠷᠭᠦᠯᠵᠢᠯᠡᠨ | ᠪᠠᠷᠢᠮᠲᠠᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠵᠡᠷᠭᠡ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ | ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ ᠶᠡᠭᠡ ᠪᠠᠷ ᠬᠡᠷᠡᠭᠯᠡᠵᠦ᠂ ᠪᠦᠷᠢᠯᠭᠡᠨ ᠰᠦᠢᠳᠬᠡᠵᠦ ᠪᠣᠯᠬᠤ ᠦᠭᠡᠢ᠂ | ︽ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ︾᠂ ︽ᠲᠦᠷᠢ ᠲᠥᠷᠬᠦ ᠶᠢᠨ ᠢᠨᠵᠧᠨᠧᠷᠢᠩ︾ ᠢ ᠴᠢᠩᠭ᠎ᠠ | ᠴᠠᠭᠠᠵᠠᠯᠠᠬᠤ ᠬᠡᠷᠡᠭᠲᠡᠶ︔ ᠵᠢᠯ ᠤᠨ ᠡᠴᠦᠰ ᠲᠤ ᠵᠣᠭᠤᠰ ᠢ ᠲᠦᠪᠯᠡᠷᠡᠬᠦᠯᠦᠨ ᠵᠠᠷᠤᠬᠤ ᠶᠢ ᠴᠢᠩᠭ᠎ᠠ ᠴᠠᠭᠠᠵᠠᠯᠠᠵᠤ᠂ | ᠲᠣᠭᠲᠠᠭᠠᠯ ᠢ ᠵᠥᠷᠢᠴᠡᠨ ︽ᠰᠠᠯᠭᠠᠨ ᠥᠭᠬᠦ ᠪᠠᠷ ᠵᠠᠷᠤᠯᠭ᠎ᠠ ᠪᠠᠨ ᠪᠣᠯᠭᠠᠬᠤ︾᠂ ᠵᠠᠷᠤᠯᠭ᠎ᠠ ᠶᠢ ᠬᠤᠳᠠᠯ ᠢᠶᠠᠷ ᠵᠢᠭᠰᠠᠭᠠᠬᠤ᠂ | ᠪᠡᠯᠡ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ︔ | ᠲᠦᠷ ᠵᠣᠭᠤᠰ ᠥᠭᠬᠦ ᠬᠠᠮᠢᠶᠠᠷᠤᠯᠲᠠ ᠶᠢ ᠴᠢᠩᠳᠠᠯᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠠᠯᠤᠰᠯᠠᠨ ᠤᠯᠤᠰ ᠤᠨ ᠬᠥᠮᠥᠷᠭᠡ ᠶᠢᠨ ᠪᠠᠯᠠ ᠮᠥᠩᠭᠦ ᠶᠢ ᠳᠣᠭᠢᠷᠠᠭᠤᠯᠬᠤ ᠪᠠ ᠵᠢᠭᠡᠯᠡᠨ ᠬᠡᠷᠡᠭᠯᠡᠵᠦ ᠪᠣᠯᠬᠤ ᠥᠬᠡᠶ᠂ ᠪᠠᠯᠠ | ᠲᠣᠬᠢᠷᠠᠭᠤᠯᠭ᠎ᠠ ᠶᠢᠨ ᠲᠠᠪᠴᠠᠩ ᠤᠨ ᠺᠣᠮᠫᠠᠨᠢ ᠵᠡᠷᠭᠡ ᠲᠥᠰᠦᠪ ᠤᠨ ᠪᠤᠰᠤ ᠨᠢᠭᠡᠴᠡ ᠵᠢᠴᠢ ᠣᠨ ᠤ ᠲᠥᠰᠦᠪ ᠲᠤ | ᠣᠷᠣᠭᠤᠯᠤᠭᠠᠳᠤᠶ ᠲᠥᠷᠥᠯ ᠵᠦᠢᠯ ᠳᠤ ᠵᠣᠭᠤᠰ ᠵᠢᠭᠡᠯᠡᠬᠦ ᠪᠠ ᠡᠳ᠋ ᠤᠨ ᠵᠠᠰᠠᠭ ᠤᠨ ᠪᠠᠯᠠ ᠮᠥᠩᠭᠦ ᠶᠢ ᠣᠷᠣᠯᠠᠨ ᠥᠭᠬᠦ ᠶᠢ | ᠴᠢᠩᠭ᠎ᠠ ᠴᠠᠭᠠᠵᠠᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠰᠦᠪ ᠤᠨ ᠬᠢᠵᠠᠭᠠᠷᠯᠠᠯ ᠢ | ᠴᠢᠩᠳᠠᠯᠠᠵᠤ᠂ ᠪᠣᠳᠠᠲᠠᠶ ᠣᠷᠣᠯᠭ᠎ᠠ ᠠᠴᠠ ᠳᠠᠪᠠᠭᠤᠯᠤᠨ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠤᠶᠤ | ᠲᠥᠰᠦᠪ ᠢ ᠨᠡᠬᠡᠮᠵᠢᠯᠡᠨ ᠨᠡᠮᠡᠬᠦ ᠪᠠᠷ ᠲᠣᠬᠢᠷᠠᠭᠤᠯᠵᠤ ᠪᠣᠯᠬᠤ ᠥᠬᠡᠶ᠂ ᠲᠥᠰᠦᠪ ᠥᠬᠡᠶ᠂ ᠲᠥᠰᠦᠪ ᠠᠴᠠ ᠳᠠᠪᠠᠭᠤᠯᠤᠨ | ᠪᠠᠯᠠ ᠮᠥᠩᠭᠦ ᠰᠠᠯᠭᠠᠨ ᠥᠭᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ | ᠶᠢᠨ ᠬᠠᠲᠠᠭᠤ ᠵᠠᠷᠴᠢᠮ ᠢ ᠪᠠᠷᠢᠮᠲᠠᠯᠠᠵᠤ᠂ ᠬᠠᠤᠯᠢ ᠲᠣᠭᠲᠠᠭᠠᠯ ᠢ ᠵᠥᠷᠢᠴᠡᠭᠰᠡᠨ ᠬᠤᠯᠪᠣᠭᠳᠠᠯ ᠪᠦᠬᠦᠢ ᠠᠰᠠᠭᠤᠳᠠᠯ ᠠᠴᠠ | ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠬᠡᠷᠡᠭᠲᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ | 2021 ᠣᠨ ᠤ 4 ᠰᠠᠷ᠎ᠠ ᠶᠢᠨ 9 ᠤ ᠡᠳᠦᠷ | | | | |