ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠬᠦᠭᠵᠢᠬᠦᠯᠬᠦ﹀ ᠠᠵᠢᠯᠯᠠᠭ᠎ᠠ ᠶᠢ | ᠬᠦᠨᠵᠡᠬᠡᠢ ᠨᠠᠶᠢᠲᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠵᠤ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2021 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠲᠠᠪᠤᠷᠢᠵᠢᠭᠤᠯᠰᠤᠭᠠᠢ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 5 ᠰᠠᠷ᠎ᠠ ᠶᠢᠨ 19 ᠤ ᠡᠳᠦᠷ | | | | | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠬᠦᠨᠵᠡᠬᠡᠢ | ᠨᠠᠶᠢᠲᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ | | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ | ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠢᠨ᠎ᠡ ᠶᠢ | ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ ᠶᠠᠪᠤᠳᠠᠯ ᠮᠥᠨ᠃ ᠰᠢᠨ᠎ᠡ ᠶᠢ ᠡᠭᠦᠳᠬᠦ | ᠬᠥᠭᠵᠢᠯᠲᠡ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠬᠦ ᠶᠢᠨ ᠲᠤᠰᠠᠳᠠ᠂ ︽ | ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠰᠢᠨᠵᠢᠯᠡᠬᠦ ᠤᠬᠠᠭᠠᠨ ᠮᠡᠷᠭᠡᠵᠢᠯ ᠢᠶᠠᠷ | ᠦᠪᠦᠷ ᠮᠣᠩᠭᠤᠯ ᠢ ᠬᠦᠭᠵᠢᠬᠦᠯᠬᠦ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠨᠠᠮ | ᠲᠠᠷᠬᠠᠭᠠᠭᠰᠠᠨ ﹇2020﹈ 17 ᠳ᠋ᠤᠭᠠᠷ ᠲᠣᠭᠠᠲᠤ︶ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠠᠢᠮᠠᠨ ᠶᠡᠭᠡ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠥᠲᠥᠭᠡᠨ ᠪᠠᠶᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠲᠤᠭᠳᠠᠵᠤ᠂ ᠲᠣᠰ ᠲᠥᠰᠦᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠤᠨ᠎ᠠ | ︵ᠨᠢᠭᠡ︶ ᠠᠵᠤ ᠦᠢᠯᠡᠰ ᠤᠨ ᠬᠡᠯᠬᠢᠶ᠎ᠡ ᠶᠢ ᠳᠠᠬᠢᠨ ᠪᠠᠶᠢᠭᠤᠯᠬᠤ ᠶᠢ ᠠᠬᠢᠭᠤᠯᠤᠨ᠎ᠠ᠃ ᠠᠷᠢᠭᠤᠨ ᠴᠡᠪᠡᠷ ᠡᠨᠧᠷᠭᠢ᠂ | ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠤᠭ | ᠲᠥᠬᠦᠭᠡᠷᠦᠮᠵᠢ ᠦᠢᠯᠡᠳᠬᠦ ᠵᠡᠷᠭᠡ ᠳᠥᠷᠪᠡᠨ ᠭᠤᠣᠯᠳᠠᠯᠭ᠎ᠠ ᠲᠠᠢ ᠠᠵᠤ ᠦᠢᠯᠡᠰ ᠢ ᠳᠣᠪᠤᠶᠢᠯᠭᠠᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠳᠤᠲᠠᠭᠳᠠᠵᠤ ᠪᠠᠶᠢᠭ᠎ᠠ ᠬᠡᠰᠡᠭ ᠪᠠ ᠪᠠᠭᠤᠷᠠᠢ ᠭᠤᠭᠴᠤᠭ᠎ᠠ ᠶᠢᠨ ᠲᠣᠭᠤᠷᠢᠨ ᠳᠤ᠂ | ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ | ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠤᠨᠢᠨ ᠳᠡᠭᠡᠷ᠎ᠡ ᠨᠢ ᠥᠷᠨᠢᠭᠦᠯᠵᠦ᠂ ᠪᠡᠯᠡ | ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ | ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠡᠷᠴᠢᠮᠯᠢᠭ ᠥᠨᠳᠥᠷ ᠦᠷ᠎ᠡ ᠪᠦᠲᠦᠮᠵᠢᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ | ᠲᠣᠭᠲᠠᠭᠤᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠶᠢᠨ ᠲᠤᠰᠬᠠᠶ ᠵᠦᠢᠯ ᠤᠨ ᠪᠠᠯᠠ ᠮᠥᠩᠭᠦ ᠶᠢ ᠪᠠᠶᠢᠭᠤᠯᠵᠤ᠂ ᠳᠥᠷᠪᠡᠨ ᠭᠤᠤᠯᠳᠠᠯᠭ᠎ᠠ ᠲᠠᠢ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠶᠢᠯᠡᠰᠵᠢᠭᠦᠯᠬᠦ ᠲᠥᠷᠥᠯ ᠵᠦᠢᠯ ᠢ ᠳᠡᠮᠵᠢᠵᠦ᠂ ᠬᠤᠲᠠ᠂ | ᠬᠤᠰᠢᠭᠤ ᠲᠣᠭᠤᠷᠢᠭ ︵ᠬᠦᠷᠢᠶᠡᠯᠡᠩ ᠲᠣᠭᠤᠷᠢᠭ︶ ᠨᠢ ᠲᠥᠷᠥᠯ ᠵᠦᠢᠯ ᠤᠨ ᠬᠡᠪᠴᠢᠶ᠎ᠡ᠂ ᠮᠡᠷᠭᠡᠵᠢᠯ ᠤᠨ ᠲᠡᠷᠢᠭᠦᠨ ᠤ | ᠴᠢᠨᠠᠷ ᠵᠢᠴᠢ ᠠᠵᠤ ᠦᠢᠯᠡᠰ ᠲᠤ ᠦᠵᠡᠭᠦᠯᠬᠦ ᠳᠠᠶᠢᠴᠢᠯᠠᠬᠤ ᠦᠢᠯᠡᠳᠦᠯ ᠵᠡᠷᠭᠡ ᠶᠢ ᠦᠨᠳᠦᠰᠦᠯᠡᠨ ᠬᠠᠮᠲᠤᠪᠠᠷ ᠳᠡᠮᠵᠢᠯᠭᠡ | ᠦᠵᠡᠭᠦᠯᠦᠨ᠎ᠡ᠃ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠳᠤ ᠡᠭᠦᠰᠦᠭᠰᠡᠨ ᠮᠡᠷᠭᠡᠵᠢᠯ ᠣᠷᠣᠭᠤᠯᠬᠤ | ᠵᠠᠷᠤᠳᠠᠯ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠬᠤᠲᠠ ᠶᠢᠨ | ᠳᠣᠲᠣᠷᠠᠬᠢ ᠡᠯ᠎ᠡ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠤᠨ ᠳᠡᠭᠡᠳᠦ ᠳᠣᠤᠷᠠᠳᠤ ᠤᠷᠤᠰᠬᠠᠯ ᠤᠨ ᠠᠵᠤ | ᠠᠬᠤᠶᠢᠯᠠᠯ ᠲᠠᠢ ᠬᠤᠯᠪᠣᠭᠠᠯᠠᠨ ᠠᠵᠤ ᠦᠢᠯᠡᠰ ᠤᠨ ᠭᠡᠯᠬᠢᠶ᠎ᠡ ᠶᠢᠨ ᠬᠠᠮᠲᠤᠷᠠᠯᠴᠠᠭᠠᠨ ᠤ ᠬᠠᠮᠲᠤ ᠶᠢᠨ ᠴᠣᠭᠴᠠ ᠶᠢ ᠵᠣᠬᠢᠶᠠᠨ | ᠪᠠᠶᠢᠭᠤᠯᠬᠤ ᠶᠢ ᠵᠣᠷᠢᠭᠵᠢᠭᠤᠯᠵᠤ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠪᠣᠭᠤᠮᠲᠠ ᠰᠢᠪᠲᠤᠯᠬᠤ ᠠᠵᠤ ᠦᠢᠯᠡᠰ ᠤᠨ ᠬᠡᠯᠬᠢᠶ᠎ᠡ ᠶᠢᠨ | ᠬᠠᠩᠭᠠᠯᠭ᠎ᠠ ᠬᠡᠷᠡᠭᠴᠡᠭᠡ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠡᠭᠡᠳᠦ ᠳᠣᠤᠷᠠᠳᠤ ᠤᠷᠤᠰᠬᠠᠯ ᠤᠨ ᠪᠠ | ᠵᠡᠬᠦᠨᠳᠡᠬᠢ ᠪᠠᠷᠠᠭᠤᠨᠳᠡᠬᠢ ᠬᠡᠯᠬᠢᠶ᠎ᠡ ᠶᠢᠨ ᠠᠵᠤ ᠠᠬᠤᠶᠢᠯᠠᠯ ᠤᠨ ᠬᠠᠮᠵᠢᠯᠴᠠᠨ ᠢᠵᠢ ᠪᠥᠷᠢᠳᠦᠭᠦᠯᠬᠦ ᠶᠢ ᠠᠬᠢᠭᠤᠯᠤᠨ᠎ᠠ᠃︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ︶ | ︵ᠬᠤᠶᠠᠷ︶ ᠰᠢᠨ᠎ᠡ ᠶᠢ ᠡᠭᠦᠳᠬᠦ ᠬᠡᠯᠬᠢᠶ᠎ᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ | ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ | ᠭᠤᠣᠯᠳᠠᠯᠭ᠎ᠠ ᠲᠠᠢ ᠠᠵᠤ ᠦᠢᠯᠡᠰ ᠳᠡᠭᠡᠷ᠎ᠡ ᠲᠥᠪᠯᠡᠷᠡᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠮᠡᠷᠭᠡᠵᠢᠯ ᠬᠢᠭᠡᠳ ᠠᠵᠤ ᠠᠬᠤᠶ ᠶᠢᠨ ᠤᠶᠠᠯᠳᠤᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠠᠵᠤ | ᠦᠢᠯᠡᠰᠵᠢᠯᠲᠡ ᠶᠢ ᠬᠠᠷᠰᠢᠯᠠᠵᠤ ᠪᠠᠶᠢᠭᠰᠠᠨ ︽ᠰᠢᠪᠡᠭᠡ ᠬᠠᠰᠢᠶ᠎ᠠ︾ ᠶᠢ ᠨᠤᠷᠠᠭᠠᠵᠤ᠂ ᠠᠵᠤ ᠦᠢᠯᠡᠰ ᠤᠨ ᠳᠤᠮᠳᠠ ᠳᠡᠭᠡᠳᠦ | ᠲᠡᠰ ᠲᠡᠶᠢᠰᠢ ᠲᠡᠪᠰᠢᠬᠤ ᠶᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾᠂ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠬᠥᠷᠬᠦ ᠨᠡᠭᠦᠷᠡᠰᠦᠲᠥ᠋ᠷᠥᠭᠴᠢ ᠶᠢᠨ | ᠲᠠᠪᠬᠤᠷ ᠢᠰᠦᠯ ᠢ ᠭᠠᠳᠠᠭᠰᠢᠯᠠᠭᠤᠯᠬᠤ ᠵᠦᠭᠰᠢᠷᠡᠬᠦᠯᠦᠨ ᠨᠠᠮᠳᠠᠭᠠᠬᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ᠂ | ᠥᠩᠭᠡ ᠦᠵᠡᠮᠵᠢ ᠶᠢᠨ ᠤᠰᠤᠲᠥ᠋ᠷᠥᠭᠴᠢ ᠬᠠᠳᠠᠭᠠᠯᠠᠬᠤ ᠲᠠᠯᠠᠪᠤᠷ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠬᠡᠷᠡᠭᠴᠡᠭᠡ | ᠱᠠᠭᠠᠷᠳᠠᠯᠭ᠎ᠠ ᠪᠠ ᠭᠤᠤᠯᠳᠠᠯᠭ᠎ᠠ ᠲᠠᠢ ᠠᠵᠤ ᠦᠢᠯᠡᠰ ᠤᠨ ᠮᠡᠷᠭᠡᠵᠢᠯ ᠤᠨ ᠲᠠᠰ ᠳᠡᠪᠰᠢᠬᠦ ᠶᠢᠨ ᠲᠣᠭᠤᠷᠢᠨ ᠳᠤ᠂ ᠰᠢᠨ᠎ᠡ ᠶᠢ | ᠡᠭᠦᠳᠬᠦ ᠬᠡᠯᠬᠢᠶᠡᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶᠡᠨ ᠤ ᠵᠢᠷᠤᠭ ᠤᠨ ᠵᠢᠭᠰᠠᠯ ᠢ | ᠲᠣᠭᠲᠠᠭᠠᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠳᠡᠮᠵᠢᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯᠡᠰ ᠢ ᠬᠠᠮᠲᠤᠷᠠᠨ ᠬᠡᠷᠡᠭᠵᠢᠭᠦᠯᠵᠦ᠂ ᠲᠠᠩ ᠭᠠᠭᠴᠠ | ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ | ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ | ᠶᠢᠨ ᠵᠥᠪᠯᠡᠯ︶ | ︵ᠭᠤᠷᠪᠠ︶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ ᠲᠤᠭᠠᠵᠢᠭᠤᠯᠤᠭᠰᠠᠨ | ᠠᠵᠤ ᠠᠬᠤᠶ ᠪᠠ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠣᠶᠤᠨᠴᠢ ᠦᠢᠯᠡᠳᠬᠦ ᠵᠡᠷᠭᠡ ᠠᠵᠤ | ᠦᠢᠯᠡᠰ ᠢ ᠶᠡᠬᠡᠪᠡᠷ ᠪᠤᠶᠢᠵᠢᠭᠤᠯᠵᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ | ᠠᠵᠤ ᠦᠢᠯᠡᠰ ᠤᠨ ᠲᠥᠷᠥᠯ ᠵᠦᠢᠯ ᠪᠠ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠲᠥᠪᠯᠡᠷᠡᠭᠦᠯᠦᠨ ᠲᠡᠳᠬᠦᠵᠦ ᠨᠠᠶᠢᠳᠠᠪᠤᠷᠢᠵᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ | ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢ ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ | ᠬᠤᠲᠠ᠂ ᠬᠤᠰᠢᠭᠤ ᠲᠣᠭᠤᠷᠢᠭ ︵ᠬᠦᠷᠢᠶᠡᠯᠡᠩ ᠲᠣᠭᠤᠷᠢᠭ︶ ᠨᠢ ᠲᠥᠷᠥᠯ ᠵᠦᠢᠯ ᠤᠨ ᠮᠡᠷᠭᠡᠵᠢᠯ ᠤᠨ ᠲᠡᠷᠢᠭᠦᠨ ᠤ ᠴᠢᠨᠠᠷ᠂ | ᠵᠢᠱᠢᠭᠰᠡᠨ ᠦᠷ᠎ᠡ ᠠᠰᠢᠭ ᠵᠡᠷᠭᠡ ᠶᠢ ᠦᠨᠳᠦᠰᠦᠯᠡᠨ ᠬᠠᠮᠲᠤᠪᠠᠷ ᠳᠡᠮᠵᠢᠯᠭᠡ ᠦᠵᠡᠭᠦᠯᠦᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠰᠢᠭᠯᠠᠯᠲᠠ ᠳᠤ ᠤᠷᠤᠭᠤᠯᠬᠤ ᠠᠴᠠ ᠡᠮᠦᠨᠡᠬᠢ ᠲᠤᠷᠰᠢᠯᠲᠠ ᠪᠠᠷ | ᠪᠣᠯᠪᠠᠰᠤᠷᠠᠩᠭᠤᠶ ᠪᠣᠯᠭᠠᠬᠤ ᠶᠢ ᠠᠬᠢᠭᠤᠯᠤᠨ᠂ ᠠᠵᠤ ᠦᠢᠯᠡᠰᠵᠢᠬᠦᠯᠦᠯᠲᠡ ᠶᠢᠨ ᠮᠡᠷᠭᠡᠵᠢᠯ ᠤᠨ ᠪᠣᠭᠤᠮᠢ ᠶᠢ ᠰᠢᠪᠲᠤᠯᠵᠤ᠂ | ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠳᠡᠮᠵᠢᠯᠭᠡ | ᠦᠵᠡᠭᠦᠯᠦᠨ᠎ᠡ᠃ ᠬᠢᠶ᠎ᠠ ᠪᠠᠭᠰᠢ ᠲᠣᠭᠤᠷᠢᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠤᠷᠢᠳᠠᠪᠠᠷ ᠬᠡᠷᠡᠭᠵᠢᠭᠦᠯᠬᠦ | ᠬᠤᠲᠠ ᠪᠠᠶᠢᠭᠤᠯᠬᠤ ᠶᠢ ᠳᠡᠮᠵᠢᠵᠦ᠂ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ︶ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠥᠨᠳᠥᠷ ᠦᠷ᠎ᠡ ᠠᠰᠢᠭ ᠲᠠᠢ ᠡᠭᠦᠯᠳᠡᠷ ᠪᠤᠶᠢᠵᠢᠭᠤᠯᠬᠤ᠂ | ᠤᠨᠴᠠᠯᠢᠭᠳᠤ ᠳᠠᠷᠢᠵᠤ ᠲᠡᠵᠢᠭᠡᠬᠦ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠠᠰᠢᠭᠯᠠᠯᠲᠠ᠂ ᠲᠠᠷᠢᠶᠠᠯᠠᠩ | ᠮᠠᠯ ᠠᠵᠤ ᠠᠬᠤᠶ ᠶᠢᠨ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠠᠷᠢᠶᠠᠯᠠᠩ ᠮᠠᠯ | ᠠᠵᠤ ᠠᠬᠤᠶ ᠶᠢᠨ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠲᠥᠷᠥᠯ ᠵᠦᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠪᠠ ᠮᠠᠯᠴᠢᠨ | ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠴᠡᠪᠡᠷ ᠡᠨᠧᠷᠭᠢ ᠬᠠᠩᠭᠠᠬᠤ᠂ ᠥᠨᠳᠥᠷ ᠦᠷ᠎ᠡ ᠪᠦᠲᠦᠮᠵᠢᠲᠡᠶ ᠣᠯᠠᠨ ᠨᠡᠶᠢᠲᠡ | ᠶᠢᠨ ᠦᠢᠯᠡᠴᠢᠯᠡᠬᠡᠨ ᠵᠡᠷᠭᠡ ᠲᠠᠯ᠎ᠠ ᠶᠢᠨ ᠮᠡᠷᠭᠡᠵᠢᠯ ᠤᠨ ᠵᠢᠱᠢᠶ᠎ᠡ ᠦᠵᠡᠭᠦᠯᠦᠨ ᠬᠡᠷᠡᠭᠯᠡᠬᠦ ᠶᠢ ᠳᠡᠮᠵᠢᠵᠦ᠂ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠨᠡᠮᠡᠷᠢᠯᠡᠨ᠎ᠡ᠃ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠳᠣᠰ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠣᠭᠤᠷᠢᠭ ᠲᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ 1000 ᠲᠦᠮᠡᠨ | ᠲᠥᠭᠦᠷᠢᠭ ᠲᠤᠬᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠭᠦᠯᠬᠦ ᠶᠢ | ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠵᠤ᠂ ᠮᠡᠷᠭᠡᠵᠢᠯ ᠤᠨ | ᠰᠤᠳᠤᠯᠤᠨ ᠨᠡᠭᠡᠭᠡᠯᠲᠡ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠥᠷᠨᠢᠭᠦᠯᠦᠨ᠎ᠡ᠃ ᠮᠠᠨ ᠤ ᠬᠤᠳᠠ ᠶᠢᠨ ᠲᠠᠷᠢᠶᠠᠯᠠᠩ | ᠮᠠᠯ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠵᠤ ᠠᠬᠤᠶᠢᠯᠠᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ | ᠶᠢ ᠬᠥᠲᠥᠯᠥᠨ ᠵᠢᠯᠣᠭᠤᠳᠬᠤ ᠪᠠ ᠲᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ | ᠲᠦᠷᠢᠮ ᠢ ᠭᠦᠨᠵᠡᠭᠡᠶ ᠬᠡᠷᠡᠭᠵᠢᠭᠦᠯᠵᠦ᠂ ᠬᠠᠮᠢᠶᠠᠷᠤᠯᠲᠠ ᠶᠢᠨ ᠲᠣᠭᠲᠠᠴᠠ ᠪᠠ ᠳᠡᠮᠵᠢᠬᠦ ᠠᠷᠭ᠎ᠠ ᠬᠡᠮᠵᠢᠶ᠎ᠡ ᠶᠢᠨ ᠰᠢᠨ᠎ᠡ ᠶᠢ | ᠡᠭᠦᠳᠴᠦ᠂ ᠵᠢᠯ ᠪᠦᠷᠢ ᠠᠳᠠᠭ ᠪᠠᠭ᠎ᠠ ᠳᠠᠭᠠᠨ 1000 ᠲᠦᠮᠡᠨ ᠲᠥᠭᠦᠷᠢᠭ ᠲᠤᠬᠢᠷᠠᠭᠤᠯᠵᠤ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠲᠠᠪᠤ︶ ᠨᠡᠶᠢᠭᠡᠮ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ | ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠯᠥᠪᠯᠡᠭᠡ ᠶᠢ ᠬᠡᠷᠡᠭᠵᠢᠭᠦᠯᠵᠦ᠂ ᠠᠮᠢ ᠠᠬᠤᠶ | ᠶᠢᠨ ᠣᠷᠴᠢᠨ ᠨᠥᠬᠦᠴᠡᠯ᠂ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠤ᠂ ᠤᠯᠠᠨ ᠨᠡᠶᠢᠲᠡ | ᠶᠢᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ | ᠬᠦᠷᠢᠶᠡᠨ ᠳᠤ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ ᠬᠡᠷᠡᠭᠯᠡᠬᠦ | ᠶᠢ ᠲᠡᠮᠵᠢᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠯ᠎ᠡ ᠲᠥᠷᠥᠯ ᠤᠨ ᠲᠤᠰᠬᠠᠶ ᠪᠠᠯᠠ | ᠮᠥᠩᠭᠦ ᠶᠢᠨ ᠡᠷᠴᠢᠮᠵᠢᠭᠦᠯᠦᠨ ᠬᠠᠮᠵᠢᠯᠴᠠᠬᠤ ᠶᠢ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ | ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠣᠭᠲᠠᠭᠤᠨ ᠢᠶᠠᠷ ᠳᠡᠮᠵᠢᠬᠦ ᠡᠷᠴᠢᠮ ᠢ | ᠴᠢᠩᠭᠠᠷᠠᠭᠤᠯᠵᠤ᠂ ᠵᠢᠯ ᠪᠦᠷᠢ ᠠᠳᠠᠭ ᠪᠠᠭ᠎ᠠ ᠳᠠᠭᠠᠨ 2000 ᠲᠦᠮᠡᠨ ᠲᠥᠭᠦᠷᠢᠭ ᠲᠤᠬᠢᠷᠠᠭᠤᠯᠵᠤ ᠡᠷᠡᠭᠦᠯ ᠬᠠᠮᠠᠭᠠᠯᠠᠯ | ᠬᠢᠭᠡᠳ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ | ᠣᠷᠳᠣᠰ ᠤᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠵᠢᠯ ᠪᠦᠷᠢ 5000 ᠲᠦᠮᠡᠨ ᠲᠥᠭᠦᠷᠢᠭ ᠳᠣᠭᠢᠷᠠᠭᠤᠯᠤᠨ ᠪᠣᠬᠢᠷᠲᠤᠯ | ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠪᠣᠬᠢᠷᠲᠤᠯ ᠢ ᠪᠠᠭᠠᠰᠬᠠᠨ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠷᠭᠡᠵᠢᠯ ᠢ ᠤᠯᠠᠷᠢᠭᠤᠯᠤᠨ ᠬᠡᠷᠡᠭᠯᠡᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠬᠤᠶᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ | ︵ᠵᠢᠷᠭᠤᠭ᠎ᠠ︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ ᠶᠢ ᠲᠡᠭ | ᠪᠣᠯᠭᠠᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠯ᠎ᠡ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠨᠢ ᠠᠵᠤ | ᠠᠬᠤᠶᠢᠯᠠᠯᠲᠠᠨ ᠤ ᠰᠢᠨ᠎ᠡ ᠶᠢ ᠡᠭᠦᠳᠦᠨ ᠬᠥᠭᠵᠢᠭᠦᠯᠬᠦ ᠦᠵᠡᠯ ᠤᠬᠠᠮᠰᠠᠷ ᠢ ᠬᠦᠴᠦᠯᠡᠨ ᠪᠤᠶᠢᠵᠢᠭᠤᠯᠵᠤ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠢ ᠬᠥᠲᠥᠯᠦᠨ ᠵᠢᠯᠣᠭᠤᠳᠴᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠠᠬᠢ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠥᠬᠡᠶ ᠪᠤᠶᠤ | ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠪᠠᠷ ᠪᠠᠭ᠎ᠠ ᠪᠠᠶᠢᠪᠠᠯ᠂ ︽ᠴᠡᠭ ᠠᠴᠠ ᠴᠡᠭ ᠲᠤ ᠬᠥᠷᠬᠦ︾ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠬᠤᠲᠠ ᠶᠢᠨ | ᠰᠤᠳᠤᠯᠤᠨ ᠨᠡᠭᠡᠭᠡᠬᠦ ᠣᠷᠣᠭᠤᠯᠤᠯᠲᠠ ᠥᠬᠡᠶ᠂ ᠰᠤᠳᠤᠯᠤᠨ ᠨᠡᠭᠡᠭᠡᠬᠦ ᠪᠠᠶᠢᠭᠤᠯᠤᠮᠵᠢ ᠥᠬᠡᠶ ᠪᠠ ᠡᠭᠦᠳᠦᠯᠲᠡ ᠶᠢᠨ ᠲᠤᠰᠬᠠᠶ | ᠠᠰᠢᠭ ᠥᠬᠡᠶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ︽ᠦᠬᠡᠢ ᠪᠣᠯᠭᠠᠬᠤ︾ ᠶᠢ | ᠪᠡᠶᠡᠯᠡᠭᠦᠯᠬᠦ ᠪᠠᠷ ᠴᠢᠷᠮᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠲᠥᠷᠢᠮ ᠪᠠᠶᠢᠭᠤᠯᠬᠤ ᠶᠢ ᠠᠬᠢᠭᠤᠯᠵᠤ᠂ ᠰᠤᠳᠤᠯᠤᠨ ᠨᠡᠭᠡᠭᠡᠬᠦ ᠵᠠᠷᠤᠳᠠᠯ ᠤᠨ | ᠲᠣᠭᠠᠴᠠᠭ᠎ᠠ ᠬᠢᠬᠦ ᠶᠢ ᠵᠢᠷᠤᠮᠵᠢᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠵᠡᠩᠨᠡᠯᠲᠡ ᠶᠢᠨ ᠣᠷᠣᠯᠭ᠎ᠠ ᠳᠠᠬᠢ | ᠡᠵᠡᠯᠡᠬᠦ ᠬᠠᠷᠢᠴᠠᠯ ᠨᠢ 3% ᠠᠴᠠ ᠳᠡᠭᠡᠭᠰᠢ ᠪᠤᠯᠤᠭᠰᠠᠨ ᠪᠤᠶᠤ ᠰᠤᠳᠤᠯᠤᠨ ᠨᠡᠭᠡᠭᠡᠬᠦ ᠣᠷᠣᠭᠤᠯᠤᠯᠲᠠ ᠨᠢ 5000 ᠲᠦᠮᠡᠨ | ᠲᠥᠭᠦᠷᠢᠭ ᠠᠴᠠ ᠳᠡᠭᠡᠭᠰᠢ ᠪᠤᠯᠤᠭᠰᠠᠨ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠳᠤ ᠲᠠᠰ ᠬᠤᠪᠢᠶᠠᠨ ᠬᠠᠮᠤᠭ ᠤᠨ | ᠥᠨᠳᠥᠷ ᠲᠡᠭᠡᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠱᠠᠭᠠᠷᠳᠠᠯᠭ᠎ᠠ ᠳᠤ ᠬᠦᠷᠦᠭᠰᠡᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠳᠠᠬᠢᠨ ᠢᠶᠠᠷ ᠱᠠᠩᠨᠠᠯ ᠨᠥᠬᠦᠪᠥᠷᠢ ᠣᠯᠭᠤᠨ᠎ᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠢᠭᠡᠳ ᠡᠳ᠋ ᠤᠨ | ᠵᠠᠰᠠᠭ ᠤᠨ ᠨᠥᠬᠦᠪᠥᠷᠢ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠨᠡᠶᠢᠯᠡᠭᠦᠯᠦᠨ ᠬᠤᠯᠪᠣᠬᠤ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠪᠠᠷ ᠶᠡᠭᠡ᠂ ᠰᠢᠨ᠎ᠡ ᠶᠢ ᠡᠭᠦᠳᠬᠦ ᠴᠢᠳᠠᠪᠤᠷᠢ ᠪᠠᠷ | ᠴᠢᠩᠭ᠎ᠠ᠂ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢᠶᠠᠷ ᠢᠯᠡᠷᠬᠡᠶ ᠳᠠᠭᠠᠭᠤᠯᠤᠭᠴᠢ ᠠᠵᠤ ᠠᠬᠤᠶᠢᠯᠠᠯ ᠳᠤ ᠲᠥᠷᠥᠯ | ᠵᠦᠢᠯ᠂ ᠲᠠᠪᠴᠠᠩ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠳᠡᠮᠵᠢᠯᠭᠡ ᠦᠵᠡᠭᠦᠯᠵᠦ᠂ ︽ᠨᠢᠭᠡ ᠠᠵᠤ ᠠᠬᠤᠶᠢᠯᠠᠯ ᠨᠢᠭᠡ | ᠠᠷᠭ᠎ᠠ ᠪᠣᠳᠣᠯᠭ᠎ᠠ︾ ᠪᠠᠶᠢᠬᠤᠤ ᠥᠪᠡᠷᠮᠢᠴᠡ ᠦᠢᠯᠡᠴᠢᠯᠡᠭᠡ ᠬᠠᠩᠭᠠᠨ᠎ᠠ᠃ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠵᠤ ᠤᠷᠮᠠᠰᠢᠭᠤᠯᠬᠤ ᠲᠣᠭᠲᠠᠴᠠ | ᠶᠢ ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠠᠰᠢᠭ ᠬᠤᠨᠵᠢᠪᠣᠷᠢ ᠲᠠᠢ ᠠᠳᠠᠯᠢ ᠪᠠᠷ | ᠦᠵᠡᠵᠦ᠂ ᠨᠡᠮᠡᠭᠳᠡᠯ ᠤᠨ ᠬᠡᠮᠵᠢᠶ᠎ᠡ ᠶᠢᠨ ᠬᠡᠰᠡᠭ ᠢ 150% ᠪᠠᠷ ᠨᠡᠮᠡᠵᠦ ᠪᠤᠳᠤᠨ᠎ᠠ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ | ᠰᠢᠨ᠎ᠡ ᠪᠠᠷ ᠮᠠᠭᠠᠳᠯᠠᠨ ᠲᠤᠭᠳᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶᠢᠯᠠᠯ ᠤᠨ | ᠮᠡᠷᠭᠡᠵᠢᠯ ︵ᠰᠤᠳᠤᠯᠤᠨ ᠨᠡᠭᠡᠭᠡᠬᠦ︶ ᠤᠨ ᠲᠥᠪ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 300 ᠲᠦᠮᠡᠨ | ᠲᠥᠭᠦᠷᠢᠭ ᠪᠠ 30 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠲᠥᠪ ᠤᠨ ᠠᠵᠤ ᠠᠬᠤᠶᠢᠯᠠᠯ ᠲᠠᠢ | ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠳᠤ ᠰᠤᠳᠤᠯᠤᠨ ᠨᠡᠭᠡᠭᠡᠬᠦ ᠲᠠᠪᠴᠠᠩ ᠪᠠᠶᠢᠭᠤᠯᠵᠤ᠂ ᠰᠢᠨ᠎ᠡ | ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠤᠰᠬᠠᠶ ᠠᠰᠢᠭ ᠤᠨ ᠡᠭᠦᠳᠦᠨ ᠪᠦᠲᠦᠭᠡᠯᠲᠡ᠂ ᠬᠡᠷᠡᠭᠯᠡᠯᠲᠡ ᠵᠡᠷᠭᠡ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠢᠯᠣᠭᠤᠳᠤᠨ ᠤᠷᠮᠠᠰᠢᠭᠤᠯᠬᠤ ᠶᠢ ᠴᠢᠩᠭᠠᠳᠬᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ | ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠤᠨ᠎ᠠ᠃ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ | ᠬᠡᠷᠡᠭᠵᠢᠭᠦᠯᠵᠦ᠂ ᠱᠠᠲᠤᠯᠠᠨ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠶᠠᠷ ᠵᠢᠯ ᠳᠠᠷᠠᠭᠠᠯᠠᠨ ᠬᠥᠮᠥᠷᠭᠡ ᠳᠤ | ᠣᠷᠣᠭᠤᠯᠤᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ 5 | ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠳᠠᠬᠢᠨᠲᠠ ᠵᠥᠪᠰᠢᠶᠡᠷᠡᠯ ᠣᠯᠤᠭᠰᠠᠨ ᠪᠠ ᠪᠦᠬᠦᠯᠢ | ᠴᠣᠭᠴᠠ ᠪᠠᠷ ᠢᠶᠠᠨ ᠮᠠᠨ ᠤ ᠬᠤᠲᠠ ᠳᠤ ᠨᠡᠭᠦᠵᠦ ᠤᠷᠤᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠳᠤ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ | ᠬᠤᠲᠠ ᠶᠢᠨ ᠲᠠᠰ ᠤᠨ ︽ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠭᠠᠶᠢᠵᠢᠭᠰᠠᠨ ᠰᠢᠨᠡᠴᠢᠯᠡᠭᠰᠡᠨ︾ ᠠᠵᠤ ᠠᠬᠤᠶᠢᠯᠠᠯ᠂ | ︽ᠵᠢᠵᠢᠭ ᠮᠤᠨᠳᠠᠭ ᠤᠳ︾ ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠳᠤ 10 ᠲᠦᠮᠡᠨ ᠲᠥᠭᠦᠷᠢᠭ ᠪᠠ 20 | ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠨᠠᠢᠮᠠ︶ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠵᠦᠢᠯᠡᠰ ᠢ ᠬᠡᠷᠡᠭᠵᠢᠭᠦᠯᠬᠦ | ᠶᠢ ᠲᠡᠮᠵᠢᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠵᠦᠢᠯᠡᠰ ᠢ ᠡᠭᠦᠷᠭᠡᠯᠡᠵᠦ ᠪᠠᠶᠢᠭ᠎ᠠ | ᠨᠢᠭᠡᠴᠡ ᠳᠤ ᠲᠡᠭᠦᠨ ᠤ ᠣᠯᠤᠭᠰᠠᠨ ᠤᠯᠤᠰ ᠤᠨ ᠲᠤᠰᠬᠠᠶ ᠵᠦᠢᠯ ᠤᠨ ᠰᠠᠯᠭᠠᠨ ᠥᠭᠬᠦ ᠵᠣᠭᠤᠰ ᠤᠨ ᠲᠣᠭᠠᠨ ᠤ 10% | ᠶᠢᠨ ᠨᠥᠬᠦᠪᠥᠷᠢ ᠥᠭᠭᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ | ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠤᠰᠬᠠᠶ ᠵᠦᠢᠯ ᠤᠨ ᠪᠡᠯᠡ ᠮᠥᠩᠭᠦ ᠶᠢ ᠠᠳᠠᠭ ᠪᠠᠭ᠎ᠠ ᠳᠠᠭᠠᠨ 1000 ᠲᠦᠮᠡᠨ | ᠲᠥᠭᠦᠷᠢᠭ ᠲᠤᠬᠢᠷᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠮᠵᠢᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ | ᠪᠤᠳᠤᠯᠭ᠎ᠠ ᠲᠣᠭᠲᠠᠭᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠳᠣᠲᠣᠭᠠᠳᠤ ᠶᠢᠨ ᠰᠤᠳᠤᠯᠤᠨ ᠨᠡᠭᠡᠭᠡᠬᠦ | ᠬᠠᠮᠢᠶᠠᠷᠤᠯᠲᠠ ᠶᠢᠨ ᠲᠥᠷᠢᠮ ᠢ ᠲᠡᠬᠦᠯᠳᠡᠷᠵᠢᠬᠦᠯᠵᠤ᠂ ᠰᠢᠨ᠎ᠡ ᠶᠢ ᠡᠭᠦᠳᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠨ᠎ᠡ᠃ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯᠲᠠᠨ ᠢ ᠶᠡᠬᠡᠪᠡᠷ ᠪᠤᠶᠢᠵᠢᠭᠤᠯᠵᠤ᠂ ᠠᠵᠤ ᠠᠬᠤᠶᠢᠯᠠᠯ ᠳᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠤᠰᠢᠶᠠᠯᠲᠠᠨ ᠢ ᠰᠣᠩᠭᠤᠨ ᠲᠣᠮᠢᠯᠠᠵᠤ᠂ ᠠᠵᠤ | ᠠᠬᠤᠶᠢᠯᠠᠯ ᠤᠨ ᠮᠡᠷᠭᠡᠵᠢᠯ ᠤᠨ ᠲᠦᠷᠦᠭᠦᠦ ᠲᠤᠰᠢᠶᠠᠯᠲᠠᠨ ᠢ ᠪᠤᠶᠢᠵᠢᠭᠤᠯᠬᠤ ᠶᠢ ᠵᠣᠷᠢᠭᠵᠢᠭᠤᠯᠤᠨ ᠲᠡᠮᠵᠢᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠶᠢᠰᠦ︶ ᠠᠵᠤ ᠠᠬᠤᠶᠢᠯᠠᠯ ᠳᠤ ᠬᠤᠯᠪᠣᠭᠳᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠤᠳᠤᠵᠤ ᠰᠠᠭᠤᠳᠬᠠᠨ ᠬᠠᠰᠤᠬᠤ᠂ ᠠᠵᠤ ᠠᠬᠤᠶᠢᠯᠠᠯ ᠤᠨ | ᠠᠵᠢᠯᠳᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠬᠠᠰᠤᠬᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠶᠢᠨ ᠨᠤᠷᠮ᠎ᠠ ᠶᠢᠨ ᠬᠠᠷᠠᠭᠠᠯᠵᠠᠯ᠂ ᠠᠳᠠᠯ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠶᠢᠯᠢ ᠲᠤᠰᠢᠶᠠᠪᠠᠯ ᠵᠣᠬᠢᠬᠤ ᠠᠰᠢᠭ ᠣᠷᠣᠯᠭ᠎ᠠ ᠶᠢᠨ | ᠲᠤᠭ᠎ᠠ ᠶᠢ ᠲᠤᠯᠭᠠᠨ ᠬᠠᠰᠤᠬᠤ᠂ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ | ᠬᠡᠯᠲᠦᠷᠢᠭᠦᠯᠬᠦ ᠵᠡᠷᠭᠡ ᠭᠠᠶᠢᠯᠢ ᠲᠠᠳᠠᠪᠤᠷᠢ ᠶᠢᠨ ᠬᠠᠷᠠᠭᠠᠯᠵᠠᠯ ᠤᠨ ᠲᠥᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ | ᠬᠥᠭᠵᠢᠭᠦᠯᠬᠦ︾ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠦᠭᠵᠢᠬᠡᠭᠰᠡᠨ ᠠᠵᠤ ᠦᠢᠯᠡᠰ ᠤᠨ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠠᠷᠠᠯᠵᠢᠶ᠎ᠠ ᠳᠤ | ᠤᠷᠢᠳᠠᠪᠠᠷ ᠣᠷᠣᠯᠴᠠᠬᠤ᠂ ᠨᠠᠷᠠᠨ ᠤ ᠡᠨᠧᠷᠬᠢ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠶᠢ | ᠲᠣᠬᠢᠷᠠᠭᠤᠯᠬᠤ᠂ ᠲᠣᠩᠭᠤᠷᠤᠤ ᠱᠠᠲᠤᠯᠢᠭ ᠴᠠᠬᠢᠯᠭᠠᠨ ᠳᠠᠮᠵᠢᠭᠤᠯᠵᠤ ᠲᠦᠭᠡᠭᠡᠬᠦ ᠦᠨ᠎ᠡ ᠶᠢ ᠬᠡᠷᠡᠭᠵᠢᠬᠦᠯᠬᠦ ᠵᠡᠷᠭᠡ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠮᠡᠷᠭᠡᠵᠢᠯ ᠤᠨ ᠦᠷ᠎ᠡ | ᠪᠦᠲᠦᠭᠡᠯ ᠢ ᠡᠵᠡᠮᠰᠢᠭᠴᠢ ᠮᠠᠨ ᠤ ᠬᠤᠲᠠ ᠳᠤ ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ | ᠪᠠᠶᠢᠭᠤᠯᠬᠤ ᠭᠠᠶᠢᠯᠢ ᠲᠠᠲᠠᠪᠤᠷᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ | ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠠᠴᠢᠶᠠᠯᠠᠪᠤᠷᠢ ᠶᠢ ᠪᠥᠲᠥᠭᠡᠨ ᠪᠠᠶᠢᠭᠤᠯᠬᠤ ᠠᠵᠢᠯᠯᠠᠭ᠎ᠠ | | ︵ᠠᠷᠪᠠ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ | ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ | ᠬᠦᠴᠦᠨ ᠢᠶᠠᠨ ᠲᠥᠪᠯᠡᠷᠡᠭᠦᠯᠦᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ︽ᠶᠠᠰᠤ ᠴᠢᠨᠠᠷ ᠢ ᠳᠡᠭᠡᠭᠰᠢᠯᠡᠭᠦᠯᠵᠦ ᠣᠷᠣᠨ ᠪᠠᠶᠢᠷᠢ ᠶᠢ ᠨᠢ ᠳᠡᠭᠡᠭᠰᠢᠯᠡᠭᠦᠯᠬᠦ︾ ᠶᠢ ᠠᠬᠢᠭᠤᠯᠵᠤ᠂ ᠰᠢᠨ᠎ᠡ | ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ | ᠮᠠᠲ᠋ᠧᠷᠢᠶᠠᠯ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠬᠤ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠢ ᠰᠤᠳᠤᠯᠤᠨ ᠨᠡᠭᠡᠭᠡᠬᠦ | ᠶᠢᠨ ᠲᠣᠭᠤᠷᠢᠨ ᠳᠤ᠂ ᠬᠥᠲᠥᠴᠢ ᠠᠵᠤ ᠠᠬᠤᠶᠢᠯᠠᠯ ᠪᠠ ᠨᠠᠷᠠᠲᠤ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠨᠢᠭᠲᠠ | ᠠᠩᠬᠠᠷᠴᠤ᠂ ᠨᠢᠭᠡ ᠪᠦᠯᠦᠭ ᠴᠢᠬᠤᠯᠠ ᠶᠡᠭᠡ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠥᠷᠥᠯ ᠵᠦᠢᠯ ᠪᠠ | ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠲᠥᠪᠯᠡᠷᠡᠭᠦᠯᠦᠨ ᠬᠦᠴᠦ | ᠣᠷᠣᠭᠤᠯᠤᠨ ᠠᠪᠴᠢᠷᠠᠬᠤ ᠬᠡᠷᠡᠭᠲᠡᠶ᠃ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠᠷ ᠳᠠᠮᠵᠢᠭᠤᠯᠤᠨ᠂ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠲᠡ ᠶᠢᠨ ᠲᠤᠭᠤᠷᠢᠭ ᠢ ᠪᠥᠬᠦ ᠬᠤᠲᠠ ᠶᠢᠨ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠤᠨ ᠲᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠭᠤᠯᠤᠮᠳᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠪᠥᠲᠥᠭᠡᠨ ᠪᠠᠶᠢᠭᠤᠯᠤᠨ᠎ᠠ | ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠱᠠᠲᠤᠨ ᠠᠴᠠ ᠨᠢᠭᠡᠳᠦᠯᠲᠡᠶ | ᠲᠥᠯᠥᠪᠯᠡᠬᠦ ᠶᠢ ᠴᠢᠩᠭᠠᠳᠬᠠᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠲᠡᠭᠦᠯᠳᠡᠷᠵᠢᠭᠦᠯᠬᠦ ᠶᠢ ᠳᠡᠮᠵᠢᠵᠦ᠂ ᠰᠢᠨ᠎ᠡ ᠬᠡᠯᠪᠡᠷᠢ ᠶᠢᠨ ᠵᠠᠰᠠᠯᠲᠠ | ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠡᠷᠬᠡ ᠣᠯᠭᠤᠬᠤ ᠵᠦᠢᠯᠡᠰ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠬᠤᠲᠠ | ᠶᠢᠨ ᠱᠠᠲᠤᠨ ᠤ ᠠᠵᠤ ᠠᠬᠤᠶ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠪᠦᠬᠦᠨ ᠢ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠪᠠᠭᠤᠯᠭᠠᠨ᠎ᠠ᠃ ᠬᠤᠲᠠ ᠶᠢᠨ ᠡᠳ᠋ ᠤᠨ ᠵᠠᠰᠠᠭ ᠠᠴᠠ | ᠵᠢᠯ ᠪᠦᠷᠢ 5000 ᠲᠦᠮᠡᠨ ᠲᠥᠭᠦᠷᠢᠭ ᠳᠣᠭᠢᠷᠠᠭᠤᠯᠤᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠨᠡᠪᠴᠢᠬᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠰᠢᠨ᠎ᠡ ᠶᠢ | ᠡᠭᠦᠳᠬᠦ ᠲᠠᠪᠴᠠᠩ ᠢ ᠪᠤᠶᠢᠵᠢᠭᠤᠯᠤᠨ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ | ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠤᠨ ᠨᠡᠭᠦᠷᠡᠰᠦ ᠪᠠᠷ | ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠥᠳᠥᠭᠡᠨ | ᠪᠠᠶᠢᠭᠤᠯᠬᠤ ᠶᠢ ᠲᠡᠮᠵᠢᠨ᠎ᠡ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠦᠷᠢᠶᠡᠴᠢᠯᠡᠭᠰᠡᠨ ᠬᠢᠨᠠᠨ ᠰᠢᠯᠭᠠᠯᠲᠠ ᠶᠢ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠪᠤᠶᠢᠵᠢᠭᠤᠯᠬᠤ ᠬᠦᠢᠴᠡᠳᠬᠡᠯ ᠲᠤᠭ᠎ᠠ ᠶᠢ ᠳᠣᠪᠤᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ︽ᠰᠢᠯᠢᠳᠡᠭ ᠢ ᠠᠬᠢᠭᠤᠯᠤᠨ ᠪᠤᠶᠢᠵᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠣᠲᠣ ᠶᠢᠨ | ᠪᠠᠶᠢᠭ᠎ᠠ ᠬᠦᠷᠢᠶᠡᠯᠡᠩ ᠲᠣᠭᠤᠷᠢᠭ ᠠᠴᠠ ᠪᠤᠶᠢᠵᠢᠭᠤᠯᠬᠤ ᠡᠲᠡᠭᠡᠳ ᠢ ᠰᠢᠯᠢᠨ ᠰᠣᠩᠭᠤᠵᠤ᠂ ᠪᠤᠶᠢᠵᠢᠭᠤᠯᠬᠤ | ᠬᠤᠭᠤᠴᠠᠭᠠᠨ ᠳᠤ ᠵᠢᠯ ᠪᠦᠷᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ | ᠵᠥᠪᠰᠢᠶᠡᠷᠡᠯ ᠣᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ ᠬᠠᠮᠤᠭ ᠤᠨ | ᠥᠨᠳᠥᠷ ᠲᠡᠭᠡᠨ 1000 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠡᠯ᠎ᠡ ᠲᠥᠷᠥᠯ ᠤᠨ ᠬᠦᠷᠢᠶᠡᠯᠡᠩ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠲᠦᠷᠭᠡᠳᠬᠡᠬᠦ ᠶᠢ ᠳᠡᠮᠵᠢᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠤᠷᠮᠠᠰᠢᠭᠤᠯᠬᠤ ᠲᠤᠭᠳᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ | ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠠᠷᠪᠠᠨ ᠨᠢᠭᠡ︶ ᠰᠤᠳᠤᠯᠤᠨ ᠨᠡᠭᠡᠭᠡᠬᠦ ᠲᠠᠪᠴᠠᠩ ᠤᠨ ᠴᠡᠭ ᠢ ᠨᠡᠮᠡᠭᠳᠡᠭᠦᠯᠵᠦ ᠬᠡᠪᠴᠢᠶ᠎ᠡ ᠶᠢ ᠥᠷᠭᠡᠳᠬᠡᠬᠦ ᠶᠢ | ᠠᠬᠢᠭᠤᠯᠤᠨ᠎ᠠ᠃ ᠣᠷᠳᠣᠰ ᠤᠨ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠣᠲᠣ ᠦᠶ᠎ᠡ ᠶᠢᠨ | ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠪᠣᠯᠤᠨ ᠴᠦᠯᠡᠷᠭᠡᠭᠵᠢᠯ ᠢ ᠵᠠᠰᠠᠬᠤ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠲᠦᠷᠭᠡᠳᠬᠡᠨ ᠪᠠᠶᠢᠭᠤᠯᠤᠨ᠎ᠠ᠃ ᠠᠵᠤ ᠠᠬᠤᠶᠢᠯᠠᠯ ᠤᠨ ᠡᠯ᠎ᠡ ᠲᠥᠷᠥᠯ ᠤᠨ ᠰᠢᠨ᠎ᠡ ᠶᠢ ᠡᠭᠦᠳᠬᠦ | ᠲᠠᠪᠴᠠᠩ ᠢ ᠲᠦᠷᠦᠭᠦᠯᠡᠨ ᠡᠭᠦᠳᠦᠨ ᠪᠠᠶᠢᠭᠤᠯᠬᠤ ᠶᠢ ᠶᠡᠬᠡᠪᠡᠷ ᠳᠡᠮᠵᠢᠵᠦ᠂ ᠡᠭᠦᠳᠦᠨ ᠪᠠᠶᠢᠭᠤᠯᠬᠤ ᠬᠤᠭᠤᠴᠠᠭᠠᠨ ᠳᠠᠬᠢ | ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠳᠤ ᠪᠠᠯᠠ ᠮᠥᠩᠭᠦ᠂ ᠭᠠᠵᠠᠷ ᠰᠢᠷᠣᠶ᠂ ᠡᠨᠧᠷᠭᠢ ᠬᠡᠷᠡᠭᠯᠡᠬᠦ ᠵᠡᠷᠭᠡ | ᠲᠠᠯ᠎ᠠ ᠪᠠᠷ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠪᠠᠶᠢᠭᠤᠯᠬᠤ ᠶᠢ ᠵᠥᠪᠰᠢᠶᠡᠷᠡᠭᠰᠡᠨ ᠥᠪᠡᠷᠲᠡᠭᠡᠨ ᠵᠠᠰᠠᠬᠤ | ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ | 500 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ ᠪᠠ ᠢᠨᠵᠧᠨᠧᠷᠢᠩ ᠤᠨ ᠰᠤᠳᠤᠯᠭᠠᠨ ᠤ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ | ᠲᠥᠪ᠂ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠲᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ | ᠳᠠᠭᠠᠨ 200 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ | ᠶᠢᠨ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠳᠤ 5 ᠵᠢᠯ ᠳᠠᠷᠠᠭᠠᠯᠠᠨ᠂ ᠵᠢᠯ ᠪᠦᠷᠢ ᠠᠳᠠᠭ | ᠪᠠᠭ᠎ᠠ ᠳᠠᠭᠠᠨ 20 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ | ᠨᠥᠬᠦᠴᠡᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠮᠤ ᠬᠡᠯᠪᠡᠷᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠡᠮᠵᠢᠭᠦᠷᠯᠢᠭ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠨᠡᠬᠡᠬᠡᠯᠲᠡ ᠲᠠᠢ | ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ | ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠲᠠᠪᠴᠠᠩ ᠤᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠬᠦᠯᠦᠬᠦᠷ ᠢ ᠲᠤᠰᠬᠠᠶᠢᠵᠢᠭᠤᠯᠬᠤ᠂ ᠳᠡᠭᠡᠳᠦ ᠲᠡᠰᠵᠢᠬᠦᠯᠬᠦ ᠳᠠᠰᠢ ᠬᠥᠭᠵᠢᠭᠦᠯᠬᠦ ᠶᠢ ᠠᠬᠢᠭᠤᠯᠵᠤ᠂ ᠨᠡᠪᠴᠢᠬᠦᠯᠬᠦ | ᠲᠥᠷᠥᠯ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠎ᠡ᠃ ᠰᠢᠨ᠎ᠡ ᠪᠠᠷ ᠮᠠᠭᠠᠳᠯᠠᠨ | ᠲᠣᠭᠲᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ | ᠶᠢ ᠡᠭᠦᠳᠬᠦ ᠣᠷᠣᠨ ᠵᠠᠶ᠂ ᠣᠴᠢ ᠲᠥᠯᠦᠪᠯᠡᠭᠡ ᠶᠢᠨ ᠰᠢᠨ᠎ᠡ ᠶᠢ ᠡᠭᠦᠳᠬᠦ ᠣᠷᠣᠨ ᠵᠠᠶ ᠳᠤ ᠲᠠᠰ ᠪᠠ ᠲᠥᠷᠥᠯ | ᠬᠡᠯᠪᠡᠷᠢ ᠪᠠᠷ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠬᠤ ᠶᠢᠨ ᠬᠠᠮᠲᠤ᠂ | ᠦᠢᠯᠡᠴᠢᠯᠡᠬᠡᠨ ᠤ ᠠᠮᠵᠢᠯᠲᠠ ᠪᠦᠲᠦᠮᠵᠢ ᠶᠢ ᠦᠨᠳᠦᠰᠦᠯᠡᠨ ᠴᠢᠨᠠᠭᠰᠢᠳᠠ ᠵᠣᠭᠤᠰ ᠮᠥᠩᠭᠦ ᠪᠠᠷ ᠲᠤᠰᠠᠯᠠᠨ᠎ᠠ᠃ ᠰᠢᠨ᠎ᠡ ᠶᠢ | ᠡᠭᠦᠳᠬᠦ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠶᠢ ᠲᠡᠮᠵᠢᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠡᠯ᠎ᠡ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠠᠵᠢᠯᠯᠠᠭ᠎ᠠ | ︵ᠠᠷᠪᠠᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠬᠤ ᠲᠠᠪᠴᠠᠩ ᠢ | ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠮᠤ ᠵᠠᠬ᠎ᠠ ᠳᠡᠯᠭᠡᠭᠦᠷ ᠢ ᠪᠠᠶᠢᠭᠤᠯᠵᠤ᠂ 5 ᠵᠢᠯ ᠳᠠᠷᠠᠭᠠᠯᠠᠨ | ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠦᠵᠡᠭᠦᠯᠵᠦ᠂ ᠮᠡᠷᠭᠡᠵᠢᠯ ᠣᠷᠣᠭᠤᠯᠬᠤ ᠪᠠ ᠠᠷᠠᠯᠵᠢᠶᠠᠯᠠᠬᠤ ᠶᠢ ᠠᠬᠢᠭᠤᠯᠤᠨ᠎ᠠ ᠃ | ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ | ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ ᠲᠠᠪᠴᠠᠩ ᠳᠤ ᠦᠢᠯᠡᠴᠢᠯᠡᠬᠡᠨ ᠤ ᠠᠮᠵᠢᠯᠲᠠ ᠪᠦᠲᠦᠮᠵᠢ ᠶᠢ ᠦᠨᠳᠦᠰᠦᠯᠡᠨ᠂ 5 ᠵᠢᠯ | ᠳᠠᠷᠠᠭᠠᠯᠠᠨ ᠵᠢᠯ ᠪᠦᠷᠢ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠤᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ | ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ | ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ︵ᠠᠷᠪᠠᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ | ᠬᠤᠪᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ | ︾ ᠭᠤᠤᠯᠳᠠᠯᠭ᠎ᠠ ᠲᠠᠢ ᠬᠠᠮᠲᠤᠷᠠᠯᠴᠠᠬᠤ ᠭᠤᠤᠯ ᠴᠣᠭᠴᠠ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠮᠡᠳᠡᠭᠡ ᠵᠠᠩᠭᠢ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠶᠢ ᠨᠠᠷᠢᠯᠢᠭ | ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠎ᠠ᠃ ᠮᠡᠷᠭᠡᠵᠢᠯ ᠰᠢᠯᠵᠢᠭᠦᠯᠬᠦ᠂ ᠠᠳᠠᠯ ᠦᠢᠯᠡᠰ ᠴᠣᠭᠴᠠᠯᠠᠨ ᠨᠡᠪᠴᠢᠬᠦᠯᠬᠦ | ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ | ᠮᠠᠭᠠᠳᠯᠠᠨ ᠲᠤᠭᠳᠠᠭᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠬᠡᠨ ᠤ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠨ᠎ᠠ᠃ ᠮᠡᠷᠭᠡᠵᠢᠯ ᠤᠨ ᠵᠠᠭᠤᠴᠢᠯᠠᠭᠴᠢ᠂ ᠲᠤᠰᠬᠠᠶ ᠠᠰᠢᠭ ᠤᠨ ᠣᠷᠣᠯᠠᠭᠴᠢ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠬᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠡᠷᠭᠡᠵᠢᠯ ᠤᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠶᠢ ᠠᠬᠢᠭᠤᠯᠵᠤ᠂ | ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠰᠠᠨ ᠨᠢᠭᠡᠴᠡ ᠳᠤ ᠲᠥᠷᠥᠯ ᠬᠡᠯᠪᠡᠷᠢ ᠪᠠ | ᠲᠠᠰ ᠢᠶᠠᠷ ᠨᠢ ᠨᠢᠭᠡ ᠤᠳᠠᠭ᠎ᠠ ᠶᠢᠨ ᠴᠢᠨᠠᠷᠲᠠᠶ ᠪᠠᠷ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ︶ | ︵ᠠᠷᠪᠠᠨ ᠲᠠᠪᠤ︶ ᠰᠢᠨ᠎ᠡ ᠶᠢ ᠡᠭᠦᠳᠬᠦ ᠦᠢᠯᠡᠳᠬᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠠᠩᠬ᠎ᠠ ᠤᠳᠠᠭ᠎ᠠ ᠣᠷᠣᠭᠤᠯᠤᠭᠰᠠᠨ᠂ | ᠭᠤᠣᠯᠯᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠣᠯᠪᠠᠴᠤ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠲᠦᠷ ᠪᠦᠷᠢᠯᠳᠦᠭᠦᠯᠦᠭᠡᠳᠦᠶ ᠴᠢᠬᠤᠯᠠ ᠶᠡᠭᠡ ᠰᠢᠨ᠎ᠡ ᠶᠢ ᠡᠭᠦᠳᠦᠭᠰᠡᠨ ᠦᠢᠯᠡᠳᠬᠦᠨ ᠢ ᠬᠤᠳᠠᠯᠳᠤᠨ ᠠᠪᠬᠤ | ᠡᠷᠴᠢᠮ ᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠬᠦ ᠵᠢᠴᠢ ᠠᠩᠬᠠᠨ ᠤ ᠦᠢᠯᠡᠳᠬᠦᠨ ᠤ ᠭᠠᠷᠴᠠᠭ᠂ ᠳᠠᠪᠠᠭᠤᠯᠢᠭ ᠠᠵᠤ | ᠦᠢᠯᠡᠳᠪᠦᠷᠢ ᠶᠢᠨ ᠦᠢᠯᠡᠳᠬᠦᠨ ᠤ ᠭᠠᠷᠴᠠᠭ ᠢ ᠰᠣᠩᠭᠤᠨ ᠨᠡᠶᠢᠲᠡᠯᠡᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ | ᠶᠢᠨ ᠲᠥᠷᠥᠯ ᠵᠦᠢᠯ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠪᠠᠷ ᠬᠤᠳᠠᠯᠳᠤᠨ ᠠᠪᠬᠤ ᠲᠥᠷᠥᠯ ᠵᠦᠢᠯ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠤᠳᠠᠯᠳᠤᠨ ᠠᠪᠬᠤ ᠲᠥᠷᠥᠯ ᠵᠦᠢᠯ | ᠵᠢᠴᠢ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ ᠰᠠᠭᠤᠷᠢ ᠲᠦᠬᠦᠬᠡᠷᠦᠮᠵᠢ᠂ ᠣᠯᠠᠨ ᠨᠡᠶᠢᠲᠡ ᠶᠢᠨ ᠦᠢᠯᠡᠳᠬᠦᠨ ᠪᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ ᠳᠤ᠂ ᠰᠢᠨ᠎ᠡ ᠶᠢ ᠡᠭᠦᠳᠬᠦ ᠵᠢᠴᠢ ᠠᠩᠬᠠᠨ ᠤ ᠦᠢᠯᠡᠳᠬᠦᠨ ᠪᠠ | ᠳᠠᠪᠠᠭᠤᠯᠢᠭ ᠠᠵᠤ ᠦᠢᠯᠡᠳᠪᠦᠷᠢ ᠶᠢᠨ ᠦᠢᠯᠡᠳᠬᠦᠨ ᠢ ᠳᠡᠯᠭᠡᠷᠡᠭᠦᠯᠦᠨ ᠬᠡᠷᠡᠭᠯᠡᠨ᠎ᠡ᠃ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠶᠢ ᠡᠭᠦᠳᠬᠦ ᠵᠢᠴᠢ ᠠᠩᠬᠠᠨ ᠤ | ᠦᠢᠯᠡᠳᠬᠦᠨ ᠪᠠ ᠳᠠᠪᠠᠭᠤᠯᠢᠭ ᠠᠵᠤ ᠦᠢᠯᠡᠳᠪᠦᠷᠢ ᠶᠢᠨ ᠦᠢᠯᠡᠳᠬᠦᠨ ᠢ ᠬᠡᠷᠡᠭᠯᠡᠬᠦ ᠶᠢ ᠵᠣᠷᠢᠭᠵᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ᠲᠠᠪᠤ᠂ ᠨᠡᠬᠡᠬᠡᠯᠳᠡ ᠬᠢᠵᠦ ᠬᠠᠮᠵᠢᠯᠴᠠᠵᠤ ᠰᠢᠨ᠎ᠡ ᠶᠢ ᠡᠭᠦᠳᠬᠦ ᠠᠵᠢᠯᠯᠠᠭ᠎ᠠ | ︵ᠠᠷᠪᠠᠨ ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠲᠠᠳᠠᠨ | ᠠᠪᠴᠢᠷᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠶᠡᠬᠡᠪᠡᠷ ᠥᠷᠨᠢᠭᠦᠯᠵᠦ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ᠂ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠰᠢᠨ᠎ᠡ ᠶᠢ ᠡᠭᠦᠳᠬᠦ ᠲᠠᠪᠴᠠᠩ ᠢ ᠬᠠᠮᠲᠤ ᠪᠠᠷ | ᠪᠠᠶᠢᠭᠤᠯᠬᠤ ᠶᠢ ᠭᠤᠣᠯᠳᠠᠯᠭ᠎ᠠ ᠲᠠᠢ ᠪᠠᠷ ᠠᠬᠢᠭᠤᠯᠤᠨ᠎ᠠ᠃ ᠨᠠᠷᠠᠲᠠᠶ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠮᠠᠨ ᠤ ᠬᠤᠲᠠ ᠳᠤ ᠪᠠᠶᠢᠭᠤᠯᠤᠭᠰᠠᠨ ᠰᠤᠳᠤᠯᠬᠤ ᠰᠣᠷᠣᠭᠴᠢ ᠶᠢᠨ ᠬᠦᠷᠢᠶᠡᠯᠡᠩ᠂ | ᠰᠤᠳᠤᠯᠤᠨ ᠨᠡᠭᠡᠭᠡᠬᠦ ᠰᠠᠯᠪᠤᠷᠢ ᠪᠠᠶᠢᠭᠤᠯᠤᠮᠵᠢ ᠳᠤ ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠳᠡᠮᠵᠢᠯᠭᠡ | ᠦᠵᠡᠭᠦᠯᠵᠦ᠂ ︽ᠨᠢᠭᠡ ᠬᠦᠷᠢᠶᠡᠯᠡᠩ ᠬᠤᠶᠠᠷ ᠭᠠᠵᠠᠷ︾ ᠢ ᠬᠠᠮᠲᠤᠪᠠᠷ ᠪᠠᠶᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠭᠵᠢᠬᠦᠯᠬᠦ︾ ᠬᠠᠮᠲᠤᠷᠠᠯᠴᠠᠭᠠᠨ ᠤ ᠲᠤᠰᠬᠠᠶ ᠵᠦᠢᠯ ᠢ | ᠪᠠᠶᠢᠭᠤᠯᠵᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠬᠢᠭᠡᠳ ︽ | 4+8+N︾ ᠭᠤᠤᠯ ᠴᠣᠭᠴᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ᠂ | ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠶᠢ ᠬᠠᠮᠲᠤᠷᠠᠨ ᠥᠷᠨᠢᠭᠦᠯᠬᠦ ᠶᠢ ᠳᠡᠮᠵᠢᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ | ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ | ᠶᠢᠨ ᠵᠥᠪᠯᠡᠯ︶ | ︵ᠠᠷᠪᠠᠨ ᠳᠣᠯᠤᠭ᠎ᠠ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠶᠡᠬᠡᠪᠡᠷ ᠬᠥᠭᠵᠢᠭᠦᠯᠦᠨ᠎ᠡ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠭᠤᠤᠯᠯᠠᠭᠤᠯᠤᠨ ᠵᠣᠬᠢᠶᠠᠨ ᠪᠠᠶᠢᠭᠤᠯᠤᠭᠰᠠᠨ ᠰᠢᠨ᠎ᠡ ᠬᠡᠯᠪᠡᠷᠢ ᠶᠢᠨ | ᠰᠤᠳᠤᠯᠤᠨ ᠨᠡᠭᠡᠭᠡᠬᠦ ᠪᠠᠶᠢᠭᠤᠯᠤᠮᠵᠢ ᠳᠤ᠂ ᠪᠥᠲᠥᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ ︽ᠨᠢᠭᠡ ᠬᠡᠷᠡᠭ ᠢ | ᠨᠢᠭᠡ ᠵᠥᠪᠯᠡᠬᠦ︾ ᠪᠠᠷ ᠳᠠᠮᠵᠢᠭᠤᠯᠤᠨ ᠬᠠᠮᠤᠭ ᠠᠷᠪᠢᠨ ᠳᠠᠭᠠᠨ 5 ᠵᠢᠯ᠂ ᠬᠠᠮᠤᠭ ᠠᠷᠪᠢᠨ ᠳᠠᠭᠠᠨ 2 ᠳ᠋ᠦᠩᠰᠢᠭᠤᠷ | ᠲᠥᠭᠦᠷᠢᠭ ᠤᠨ ᠵᠠᠷᠤᠳᠠᠯ ᠤᠨ ᠳᠡᠮᠵᠢᠯᠭᠡ ᠣᠯᠭᠤᠵᠤ ᠪᠣᠯᠤᠨ᠎ᠠ᠃ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠢᠶᠠᠷ | ᠭᠤᠤᠯᠯᠠᠭᠤᠯᠤᠨ ᠵᠣᠬᠢᠶᠠᠨ ᠪᠠᠶᠢᠭᠤᠯᠤᠭᠰᠠᠨ ᠭᠤᠤᠯᠳᠠᠯᠭ᠎ᠠ ᠲᠠᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ | ᠪᠠᠶᠢᠭᠤᠯᠤᠮᠵᠢ ᠳᠤ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠯᠠ | ᠮᠥᠩᠭᠦ ᠶᠢ 1᠄ 1 ᠶᠢᠨ ᠬᠠᠷᠢᠴᠠᠯ ᠢᠶᠠᠷ᠂ ᠬᠠᠮᠤᠭ ᠠᠷᠪᠢᠨ ᠳᠠᠭᠠᠨ 5 ᠵᠢᠯ᠂ ᠵᠢᠯ ᠪᠦᠷᠢ ᠬᠠᠮᠤᠭ ᠠᠷᠪᠢᠨ ᠳᠠᠭᠠᠨ 500 | ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠨᠥᠬᠦᠴᠡᠯ ᠳᠤ ᠨᠡᠶᠢᠴᠡᠬᠦ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ | ᠪᠠᠶᠢᠭᠤᠯᠤᠮᠵᠢ ᠳᠤ᠂ ᠳᠡᠭᠡᠷ᠎ᠡ ᠵᠢᠯ ᠤᠨ ᠡᠳ᠋ ᠤᠨ ᠵᠠᠰᠠᠭ ᠤᠨ ᠳᠡᠮᠵᠢᠯᠭᠡ ᠶᠢ ᠬᠠᠰᠤᠭᠰᠠᠨ ᠤ ᠳᠠᠷᠠᠭᠠᠬᠢ ᠰᠤᠳᠤᠯᠤᠨ ᠨᠡᠭᠡᠭᠡᠬᠦ | ᠵᠠᠷᠤᠳᠠᠯ ᠤᠨ ᠶᠡᠷᠦᠩᠬᠡᠶ ᠲᠤᠭ᠎ᠠ ᠶᠢ ᠦᠨᠳᠦᠰᠦᠯᠡᠨ᠂ 20% ᠶᠢᠨ ᠪᠠᠷᠢᠮᠵᠢᠶ᠎ᠠ ᠪᠠᠷ ᠬᠠᠮᠤᠭ ᠤᠨ ᠥᠨᠳᠥᠷ ᠲᠡᠭᠡᠨ 500 | ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ | ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠲᠡᠷᠢᠭᠦᠨ ᠤ ᠬᠥᠭᠵᠢᠭᠰᠡᠨ ᠭᠠᠵᠠᠷ ᠣᠷᠣᠨ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ | ᠢᠳᠡᠪᠬᠢᠲᠡᠶ ᠥᠷᠨᠢᠭᠦᠯᠵᠦ᠂ ︽ᠭᠠᠳᠠᠨ᠎ᠠ ᠠᠴᠠ ᠤᠷᠤᠭᠤᠯᠤᠨ ᠠᠪᠴᠢᠷᠠᠵᠤ ᠨᠡᠪᠴᠢᠬᠦᠯᠬᠦ︾ ︽ᠬᠠᠷᠢᠶᠠᠲᠤ ᠭᠠᠳᠠᠨ᠎ᠠ | ᠤᠷᠤᠨ ᠳᠤ ᠪᠤᠶᠢᠵᠢᠭᠤᠯᠬᠤ︾ ᠵᠡᠷᠭᠡ ᠵᠠᠭᠪᠤᠷ ᠢ ᠬᠠᠶᠢᠨ ᠰᠦᠪᠡᠭᠴᠢᠯᠡᠵᠦ᠂ ᠤᠨᠳᠤᠤ ᠭᠠᠵᠠᠷ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠠᠴᠢᠶᠠᠯᠠᠪᠤᠷᠢ ᠶᠢ ᠪᠠᠶᠢᠭᠤᠯᠤᠨ᠎ᠠ᠃ ᠮᠠᠨ ᠤ ᠬᠤᠲᠠ ᠶᠢᠨ ᠠᠵᠤ ᠠᠬᠤᠶᠢᠯᠠᠯ ᠤᠨ | ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠠᠵᠤ ᠠᠬᠤᠶᠢᠯᠠᠯ ᠯᠤᠭ᠎ᠠ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠮᠡᠷᠭᠡᠵᠢᠯ ᠰᠢᠯᠵᠢᠭᠦᠯᠬᠦ ᠲᠥᠪ | ᠂ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠵᠡᠷᠭᠡ ᠶᠢ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠰᠢᠨ᠎ᠡ ᠪᠠᠷ | ᠵᠥᠪᠰᠢᠶᠡᠷᠡᠭᠳᠡᠭᠰᠡᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠪᠠ | ᠤᠯᠤᠰ ᠤᠨ ᠴᠢᠳᠠᠪᠤᠷᠢᠲᠠᠨ ᠣᠷᠣᠭᠤᠯᠵᠤ ᠣᠶᠤᠨ ᠣᠷᠣᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠲᠣᠰ ᠲᠣᠰ | ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠪᠠ 30 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ | ᠶᠢᠨ ᠡᠳ᠋ ᠤᠨ ᠵᠠᠰᠠᠭ ᠤᠨ ᠲᠣᠪᠴᠢᠶ᠎ᠠ︶ | ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠳᠠᠭᠠᠭᠤᠯᠤᠨ ᠬᠥᠮᠦᠵᠢᠭᠦᠯᠬᠦ | ᠠᠵᠢᠯᠯᠠᠭ᠎ᠠ | ︵ᠠᠷᠪᠠ ᠶᠢᠰᠦ︶ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠴᠢᠳᠠᠪᠤᠷᠢᠲᠠᠨ ᠢ ᠢᠳᠡᠪᠬᠢᠲᠡᠶ ᠪᠠᠷ | ᠤᠷᠤᠭᠤᠯᠤᠨ ᠠᠪᠴᠢᠷᠠᠨ᠎ᠠ᠃ ︽ᠨᠢᠭᠡ ᠲᠦᠪ ᠣᠯᠠᠨ ᠴᠡᠭ︾ ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ | ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠴᠢᠳᠠᠪᠤᠷᠢᠲᠠᠨ ᠣᠷᠳᠣᠰ︾ ᠤᠨ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠦᠨ᠂ ︽ᠳᠡᠭᠡᠳᠦ ᠵᠡᠷᠭᠡ ᠶᠢᠨ ᠨᠠᠷᠢᠯᠢᠭᠵᠢᠭᠰᠠᠨ ᠦᠵᠡᠬᠦᠷ ᠲᠡᠰ ᠤᠨ ᠳᠤᠲᠠᠭᠳᠠᠵᠤ ᠪᠠᠶᠢᠭ᠎ᠠ︾ | ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠮᠠᠨ ᠤ ᠬᠤᠲᠠ ᠳᠤ ᠠᠪᠴᠢᠷᠠᠵᠤ ᠬᠤᠪᠢᠷᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠣᠷᠦ᠋ᠢᠯᠠᠭᠰᠠᠨ ᠴᠢᠳᠠᠪᠤᠷᠢᠲᠠᠨ ᠤ ᠪᠦᠯᠬᠦᠮ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ | ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠲᠤᠰᠠᠯᠠᠮᠵᠢ ᠣᠯᠭᠤᠵᠤ᠂ ᠠᠵᠤ ᠦᠢᠯᠡᠰ ᠤᠨ ᠬᠥᠭᠵᠢᠯᠲᠡ | ᠶᠢ ᠳᠠᠶᠢᠴᠢᠯᠠᠬᠤ ᠦᠢᠯᠡᠳᠦᠯ ᠢᠶᠠᠷ ᠯᠤᠲᠤ ᠶᠡᠭᠡ ᠪᠠᠶᠢᠪᠠᠯ᠂ ᠲᠤᠰᠠᠯᠠᠮᠵᠢ ᠶᠢ ᠨᠡᠮᠡᠵᠦ ᠪᠣᠯᠤᠨ᠎ᠠ᠃ ᠣᠷᠣᠭᠤᠯᠤᠨ | ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ | ᠴᠢᠳᠠᠪᠤᠷᠢᠲᠠᠨ ᠤ ᠪᠦᠯᠬᠦᠮ ᠳᠤ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠦᠨ᠎ᠡ᠃ | ᠰᠢᠨ᠎ᠡ ᠪᠠᠷ ᠵᠥᠪᠰᠢᠶᠡᠷᠡᠨ ᠪᠠᠶᠢᠭᠤᠯᠤᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠳᠤ ᠨᠢᠭᠡ | ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ︔ ᠥᠷᠲᠡᠭᠡ ᠪᠠᠶᠢᠭᠤᠯᠤᠭᠰᠠᠨ ᠤ | ᠳᠠᠷᠠᠭ᠎ᠠ᠂ ᠣᠷᠣᠭᠤᠯᠤᠯᠲᠠ ᠪᠠ ᠦᠷ᠎ᠡ ᠪᠦᠲᠦᠮᠵᠢ ᠪᠠᠷ ᠨᠢ ᠵᠢᠯ ᠪᠦᠷᠢ ᠬᠠᠮᠤᠭ ᠤᠨ ᠥᠨᠳᠥᠷ ᠲᠡᠭᠡᠨ 50 ᠲᠦᠮᠡᠨ | ᠲᠥᠭᠦᠷᠢᠭ ᠤᠨ ᠠᠵᠢᠯᠯᠠᠭᠠᠨ ᠤ ᠨᠥᠬᠦᠪᠥᠷᠢ ᠣᠯᠭᠤᠵᠤ᠂ ᠠᠺᠠᠳᠧᠮᠢᠴᠢ ᠵᠢᠴᠢ ᠲᠡᠳᠡᠨ ᠤ ᠪᠦᠯᠬᠦᠮ ᠨᠡᠶᠢᠲᠡ ᠶᠢᠨ ᠮᠠᠨ ᠤ | ᠬᠤᠲᠠ ᠳᠤ ᠬᠡᠷᠡᠭᠵᠢᠭᠦᠯᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠳᠤ ᠭᠤᠤᠯᠳᠠᠯᠭ᠎ᠠ ᠲᠠᠢ | ᠳᠡᠮᠵᠢᠯᠭᠡ ᠦᠵᠡᠭᠦᠯᠦᠨ᠎ᠡ᠃ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠪᠡᠭᠡᠵᠢᠩ᠂ ᠱᠠᠩᠬᠠᠶ᠂ ᠱᠧᠨᠵᠧᠨ ᠤ ᠴᠢᠳᠠᠪᠤᠷᠢᠲᠠᠨ ᠤ ᠠᠵᠢᠯ ᠤᠨ ᠥᠷᠲᠡᠭᠡ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ︽ᠪᠡᠭᠡᠵᠢᠩ ᠱᠠᠩᠬᠠᠶ ᠭᠤᠸᠠᠩᠵᠧᠦ ᠳᠤ ᠰᠣᠳᠣᠯᠣᠨ ᠨᠡᠭᠡᠭᠡᠵᠤ᠂ ᠣᠷᠳᠣᠰ ᠲᠤ | ᠬᠤᠪᠢᠷᠠᠭᠤᠯᠬᠤ︾ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠭᠪᠤᠷ ᠢ ᠬᠠᠶᠢᠨ ᠰᠦᠪᠡᠭᠴᠢᠯᠡᠵᠦ᠂ ︽ᠴᠢᠳᠠᠪᠤᠷᠢᠲᠠᠨ ᠤ | ᠬᠠᠷᠢᠶᠠᠲᠤ ᠭᠠᠳᠠᠨ᠎ᠠ ᠤᠷᠤᠨ︾ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠥᠪ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠪᠠᠯ | ᠣᠷᠣᠭᠤᠯᠵᠤ ᠠᠪᠴᠢᠷᠠᠭᠰᠠᠨ ᠵᠢᠷᠭᠤᠭᠠᠨ ᠲᠥᠷᠥᠯ ᠤᠨ ᠴᠢᠳᠠᠪᠤᠷᠢᠲᠠᠨ ᠤ ᠦᠷ᠎ᠡ ᠬᠡᠤᠬᠡᠳ ᠢ ᠮᠠᠨ ᠤ ᠬᠤᠲᠠ ᠳᠤ | ᠰᠤᠷᠭᠠᠭᠤᠯᠢ ᠳᠤ ᠣᠷᠣᠭᠤᠯᠬᠤ ᠴᠢᠬᠤᠯᠠᠲᠠᠶ ᠪᠣᠯ᠂ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠳᠣᠭᠢᠷᠠᠭᠤᠯᠤᠨ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ | ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ︶ | ︵ᠬᠤᠷᠢ︶ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ | ᠃ ᠠᠺᠠᠳᠧᠮᠢᠴᠢ ᠶᠢᠨ ᠪᠡᠯᠡᠳᠬᠡᠯ ᠵᠢᠱᠢᠭᠳᠡᠭᠴᠢ ᠶᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠲᠣᠰ ᠭᠠᠵᠠᠷ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠲᠣᠰ ᠭᠠᠵᠠᠷ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠠᠭᠠᠭᠤᠯᠤᠭᠴᠢ | ᠴᠢᠳᠠᠪᠤᠷᠢᠲᠠᠨ ᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠳᠤ ᠭᠤᠤᠯᠳᠠᠯᠭ᠎ᠠ ᠲᠠᠢ | ᠳᠡᠮᠵᠢᠯᠭᠡ ᠦᠵᠡᠭᠦᠯᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ | ᠲᠥᠯᠥᠪᠯᠡᠭᠡ ᠳᠤ ᠰᠣᠩᠭᠤᠭᠳᠠᠭᠰᠠᠨ ᠬᠤᠪᠢ ᠬᠥᠮᠦᠨ᠂ ᠪᠦᠯᠬᠦᠮ ᠨᠡᠶᠢᠲᠡ ᠳᠤ ᠨᠢᠭᠡ ᠤᠳᠠᠭ᠎ᠠ ᠶᠢᠨ ᠴᠢᠨᠠᠷᠲᠠᠶ ᠪᠠᠷ 50 | ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠯᠠᠭᠤ | ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ | ᠬᠢᠵᠦ ᠪᠠᠶᠢᠭ᠎ᠠ ᠳ᠋ᠣᠺᠲ᠋ᠣᠷ᠂ ᠮᠠᠰᠲ᠋ᠧᠷ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠯᠢᠳᠡᠭ ᠵᠠᠯᠠᠭᠤ | ᠴᠢᠳᠠᠪᠤᠷᠢᠲᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠳᠡᠮᠵᠢᠯᠭᠡ ᠦᠵᠡᠭᠦᠯᠦᠨ᠎ᠡ᠃ ᠠᠵᠤ | ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠢ ᠬᠤᠯᠪᠣᠭᠠᠯᠠᠭᠤᠯᠬᠤ ᠶᠢ | ᠠᠬᠢᠭᠤᠯᠵᠤ᠂ ᠨᠢᠭᠡ ᠪᠦᠯᠦᠭ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠤᠷᠮᠠᠰᠢᠭᠤᠯᠬᠤ ᠶᠢ ᠴᠢᠩᠭᠠᠳᠬᠠᠨ᠎ᠠ᠃ | ᠠᠵᠢᠯ ᠦᠢᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠠᠵᠢᠯ ᠤᠨ | ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ᠂ ᠲᠤᠰᠢᠶᠠᠯ ᠬᠠᠪᠰᠤᠷᠭᠠᠨ ᠰᠢᠨ᠎ᠡ ᠶᠢ ᠡᠭᠦᠳᠬᠦ᠂ ᠠᠵᠢᠯ ᠤᠨ | ᠪᠠᠶᠢᠷᠢ ᠳᠡᠭᠡᠷ᠎ᠡ ᠪᠠᠨ ᠠᠵᠤ ᠠᠬᠤᠶᠢᠯᠠᠯ ᠪᠠᠶᠢᠭᠤᠯᠬᠤ ᠵᠡᠷᠭᠡ ᠤᠷᠮᠠᠰᠢᠭᠤᠯᠬᠤ ᠲᠥᠷᠦ ᠶᠢᠨ ᠪᠤᠳᠤᠯᠭ᠎ᠠ ᠶᠢ | ᠨᠠᠶᠢᠲᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ | ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠡᠭᠦᠷᠭᠡᠯᠡᠵᠦ | ᠪᠠᠶᠢᠭ᠎ᠠ᠂ ᠳᠡᠭᠡᠳᠦ ᠵᠡᠷᠭᠡ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠵᠢᠯ ᠠᠴᠠ ᠪᠠᠨ | ᠪᠠᠭᠤᠵᠤ ᠠᠮᠠᠷᠠᠬᠤ ᠭᠠᠷᠳᠠᠮ ᠢ ᠬᠤᠶᠢᠰᠢᠯᠠᠭᠤᠯᠤᠨ ᠬᠦᠢᠴᠡᠳᠬᠡᠵᠤ ᠪᠣᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ᠂ ᠬᠤᠭᠤᠴᠠᠭᠠᠲᠤ ᠡᠷᠬᠡ ᠪᠠ ᠠᠰᠢᠭ ᠬᠤᠪᠢᠶᠠᠬᠤ | ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ ᠪᠠᠷ ᠤᠷᠮᠠᠰᠢᠭᠤᠯᠬᠤ ᠪᠤᠶᠤ | ᠪᠡᠯᠡᠨ ᠵᠣᠭᠤᠰ ᠤᠨ ᠠᠰᠢᠭ ᠬᠤᠪᠢᠶᠠᠬᠤ ᠤᠷᠮᠠᠰᠢᠭᠤᠯᠤᠯ ᠤᠨ ᠵᠠᠷᠤᠯᠭ᠎ᠠ ᠶᠢ ᠴᠠᠯᠢᠩ ᠤᠨ ᠶᠡᠷᠦᠩᠬᠡᠶ ᠲᠤᠭᠠᠨ ᠤ ᠰᠠᠭᠤᠷᠢ | ᠲᠤᠭᠠᠨ ᠳᠤ ᠤᠷᠤᠭᠤᠯᠬᠤ ᠦᠬᠡᠢ᠃ ᠬᠤᠳᠠ ᠶᠢᠨ ᠳᠣᠲᠣᠷᠠᠬᠢ ᠳᠡᠭᠡᠳᠦ ᠰᠤᠷᠭᠠᠭᠤᠯᠢ᠂ ᠬᠤᠳᠠ ᠶᠢᠨ ᠬᠠᠷᠢᠶ᠎ᠠ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ | ᠠᠵᠢᠯ ᠤᠨ ᠵᠠᠷᠤᠳᠠᠯ ᠢ ᠲᠤᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ | ᠤᠯᠬᠤ ᠶᠢ ᠨᠢᠭᠡᠳᠦᠭᠡᠷ ᠲᠤ ᠪᠡᠶᠡᠯᠡᠭᠦᠯᠦᠭᠰᠡᠨ ᠨᠢᠭᠡᠴᠡ ᠵᠢᠴᠢ ᠬᠠᠮᠢᠶ᠎ᠠ ᠪᠥᠬᠦᠶ ᠬᠥᠮᠦᠰ ᠲᠤ ᠥᠪᠡᠷᠲᠡᠭᠡᠨ ᠵᠠᠰᠠᠬᠤ ᠣᠷᠣᠨ ᠤ | ᠱᠠᠩᠨᠠᠯ ᠤᠨ ᠮᠥᠩᠭᠦ ᠲᠠᠢ ᠲᠡᠩᠴᠡᠭᠦᠤ ᠲᠣᠭᠠᠨ ᠤ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ᠳᠣᠯᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠵᠢᠯᠯᠠᠭ᠎ᠠ | ︵ᠬᠤᠷᠢᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ | ᠠᠷᠭ᠎ᠠ ᠮᠠᠶ᠋ᠢᠭ ᠢ ᠥᠭᠡᠷᠡᠴᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ | ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢ ᠳᠥᠭᠦᠮᠴᠢᠯᠡᠵᠦ᠂ ᠲᠥᠷᠥᠯ ᠵᠦᠢᠯ ᠤᠨ ᠰᠢᠭᠤᠳ ᠵᠠᠷᠤᠳᠠᠯ ᠳᠤ | ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨ᠎ᠠ᠂ ᠪᠤᠰᠤᠳ ᠵᠦᠢᠯ ᠢᠯᠭᠠᠯ ᠤᠨ ᠵᠠᠷᠤᠳᠠᠯ ᠳᠤ ᠵᠥᠪᠬᠡᠨ ᠦᠨᠳᠦᠰᠦᠨ | ᠲᠥᠰᠦᠭᠡᠯᠡᠨ ᠪᠤᠳᠤᠭᠰᠠᠨ ᠲᠣᠳᠣᠷᠬᠠᠶᠢᠯᠠᠯᠲᠠ ᠶᠢ ᠬᠠᠩᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ | ᠵᠦᠢᠯᠡᠰ ᠤᠨ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ᠂ ᠵᠦᠢᠯᠡᠰ ᠤᠨ | ᠰᠢᠭᠤᠳ ᠵᠠᠷᠤᠳᠠᠯ ᠳᠤ ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨ᠎ᠠ᠂ ᠪᠤᠰᠤᠳ ᠵᠦᠢᠯ ᠢᠯᠭᠠᠯ ᠤᠨ ᠵᠠᠷᠤᠳᠠᠯ ᠢ | ᠲᠣᠬᠢᠷᠠᠭᠤᠯᠬᠤ ᠡᠷᠬᠡ ᠶᠢ ᠪᠦᠬᠦᠨ ᠢ ᠵᠦᠢᠯᠡᠰ ᠢ ᠡᠭᠦᠷᠭᠡᠯᠡᠬᠦ ᠨᠢᠭᠡᠴᠡ ᠳᠤ ᠪᠠᠭᠤᠯᠭᠠᠨ᠎ᠠ᠃ ᠲᠥᠷᠥᠯ ᠵᠦᠢᠯ ᠤᠨ | ᠵᠠᠷᠤᠳᠠᠯ ᠤᠨ ᠬᠡᠷᠡᠭᠯᠡᠯᠲᠡ ᠶᠢᠨ ︽ᠳᠠᠭᠠᠭᠠᠴᠢᠯᠠᠯᠲᠠ ᠶᠢᠨ ᠲᠦᠷᠢᠮ︾ ᠤᠨ ᠲᠤᠷᠰᠢᠯᠲᠠ ᠶᠢ ᠥᠷᠨᠢᠭᠦᠯᠵᠦ᠂ ᠵᠦᠢᠯ | ᠢᠯᠭᠠᠯ ᠤᠨ ᠬᠠᠷᠢᠴᠠᠯ ᠢ ᠬᠢᠵᠠᠭᠠᠷᠯᠠᠬᠤ ᠥᠬᠡᠶ᠃ ᠬᠤᠳᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠰᠬᠠᠶ ᠵᠦᠢᠯ ᠤᠨ ᠪᠡᠯᠡ ᠮᠥᠩᠭᠦ ᠶᠢ ᠰᠢᠭᠤᠳ ᠰᠢᠯᠵᠢᠭᠦᠯᠦᠨ ᠥᠭᠬᠦ ᠲᠣᠭᠲᠠᠴᠠ ᠪᠠ ᠬᠤᠳᠠ ᠠᠯᠤᠰᠯᠠᠨ ᠬᠡᠷᠡᠭᠯᠡᠬᠦ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ᠂ | ᠬᠤᠶᠢᠰᠢᠳᠠ ᠶᠢᠨ ᠨᠥᠬᠦᠪᠥᠷᠢ ᠪᠠᠷ ᠭᠤᠣᠯ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ ᠳᠡᠮᠵᠢᠬᠦ ᠠᠷᠭ᠎ᠠ | ᠮᠠᠶ᠋ᠢᠭ ᠢ ᠪᠤᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠲᠥᠬᠦᠭᠡᠷᠦᠮᠵᠢ ᠬᠤᠷᠣᠭᠳᠠᠯ ᠮᠠᠲ᠋ᠧᠷᠢᠶᠠᠯ | ᠬᠤᠳᠠᠯᠳᠤᠨ ᠠᠪᠬᠤ ᠠᠷᠭ᠎ᠠ ᠶᠢ ᠰᠠᠶᠢᠵᠢᠷᠠᠭᠤᠯᠤᠨ᠎ᠠ᠃ ᠭᠠᠭᠴᠠᠭᠠᠷ ᠣᠷᠣᠯᠠᠨ ᠬᠦᠢᠴᠡᠳᠬᠡᠬᠦ ᠪᠤᠶᠤ ᠦᠢᠯᠡᠳᠪᠦᠷᠢᠯᠡᠬᠦ | ᠬᠡᠮᠵᠢᠭᠦᠷᠯᠢᠭ ᠲᠥᠬᠦᠭᠡᠷᠦᠮᠵᠢ ᠳᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠨᠢ ᠬᠤᠯᠪᠣᠭᠳᠠᠯ ᠪᠥᠬᠦᠶ ᠲᠣᠭᠲᠠᠭᠠᠯ ᠪᠠ ᠲᠠᠰ ᠳᠠᠷᠠᠭᠠᠯᠠᠯ ᠶᠣᠰᠣᠭᠠᠷ ᠨᠠᠩ ᠠᠮᠢᠳᠤᠯᠢᠭ ᠪᠥᠭᠡᠳ ᠳᠥᠭᠦᠮ ᠳᠥᠲᠡ | ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ ᠪᠣᠯᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠳᠤ ᠪᠠᠴᠢᠮ ᠬᠡᠷᠡᠭᠰᠡᠬᠦ | ᠲᠥᠬᠦᠭᠡᠷᠦᠮᠵᠢ ᠪᠣᠯᠤᠨ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠡᠰ | ᠳᠠᠷᠠᠭᠠᠯᠠᠯ ᠢ ᠭᠦᠢᠴᠡᠳᠬᠡᠬᠦ ᠥᠭᠡᠢ ᠪᠠᠶᠢᠵᠤ ᠪᠣᠯᠬᠤ ᠪᠥᠭᠡᠳ ᠣᠨᠴᠠ ᠶᠠᠪᠤᠳᠠᠯ ᠢ ᠤᠨᠴᠠᠭᠠᠶᠢᠯᠠᠨ ᠰᠢᠢᠳᠪᠦᠷᠢᠯᠡᠬᠦ᠂ | ᠬᠡᠵᠢᠶ᠎ᠡ ᠣᠴᠢᠪᠠᠯ ᠬᠡᠵᠢᠶ᠎ᠡ ᠡᠷᠬᠢᠯᠡᠬᠦ ᠬᠤᠳᠠᠯᠳᠤᠨ ᠠᠪᠬᠤ ᠲᠣᠭᠲᠠᠴᠠ ᠶᠢ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠬᠤᠷᠢᠨ ᠳᠥᠷᠪᠡ︶ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ | ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠬᠡᠪᠴᠢᠶᠡᠨ ᠳᠣᠲᠣᠷ᠎ᠠ᠂ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ | ᠪᠡᠶ᠎ᠡ ᠪᠠᠨ ᠳᠠᠭᠠᠭᠠᠨ ᠲᠣᠭᠲᠠᠭᠠᠬᠤ ᠶᠢᠨ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨ᠎ᠡ ᠶᠢ | ᠡᠭᠦᠳᠬᠦ ᠪᠦᠯᠬᠦᠮ ᠨᠡᠶᠢᠲᠡ ᠪᠠ ᠰᠢᠯᠢᠳᠡᠭ ᠵᠠᠯᠠᠭᠤ ᠴᠢᠳᠠᠪᠤᠷᠢᠲᠠᠨ ᠳᠠᠰᠢ ᠬᠡᠯᠪᠠᠶᠢᠯᠭᠡᠵᠦ ᠪᠣᠯᠤᠨ᠎ᠠ᠃ ᠪᠦᠬᠦ ᠴᠠᠭ ᠢᠶᠠᠷ ᠢᠶᠠᠨ | ᠬᠤᠲᠠ ᠶᠢᠨ ᠳᠡᠰ ᠤᠨ ᠵᠠᠩᠭᠢᠯᠠᠭ᠎ᠠ ᠶᠢᠨ ᠬᠦᠷᠢᠶᠡᠨ ᠤ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ | ᠡᠭᠦᠷᠭᠡᠯᠡᠭᠰᠡᠨ ᠪᠦᠯᠬᠦᠮ ᠤᠨ ᠬᠠᠷᠢᠭᠤᠴᠠᠯᠭᠠᠲᠠᠨ ᠵᠢᠴᠢ ᠨᠢᠭᠡᠴᠡ ᠶᠢᠨ ᠣᠷᠣᠭᠤᠯᠤᠨ ᠠᠪᠴᠢᠷᠠᠭᠰᠠᠨ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠵᠡᠷᠭᠡ ᠳᠤ ᠣᠨ ᠤ ᠴᠠᠯᠢᠩ ᠤᠨ ᠲᠦᠷᠢᠮ᠂ ᠵᠥᠪᠯᠡᠯᠴᠡᠭᠡᠷ ᠤᠨ | ᠴᠠᠯᠢᠩ᠂ ᠲᠥᠷᠥᠯ ᠵᠦᠢᠯ ᠤᠨ ᠴᠠᠯᠢᠩ ᠵᠡᠷᠭᠡ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ ᠪᠣᠯᠤᠨ᠎ᠠ᠂ | ᠬᠡᠷᠡᠭᠰᠡᠬᠦ ᠵᠠᠷᠤᠳᠠᠯ ᠢ ᠲᠥᠷᠥᠯ ᠵᠦᠢᠯ ᠤᠨ ᠵᠠᠷᠤᠳᠠᠯ ᠤᠨ ᠳᠣᠲᠣᠷ᠎ᠠ ᠲᠤᠰᠠᠭᠠᠷ ᠬᠢᠨᠠᠨ ᠲᠣᠭᠲᠠᠭᠠᠵᠤ᠂ ᠲᠡᠭᠦᠨ ᠤ ᠴᠠᠯᠢᠩ | ᠬᠥᠯᠥᠰᠥ ᠶᠢ ᠪᠠᠶᠢᠭ᠎ᠠ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ | ᠳᠣᠲᠣᠷ᠎ᠠ ᠠᠰ ᠲᠤᠨᠢ ᠵᠢᠭᠰᠠᠭᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠤᠨ | ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ ᠪᠤᠳᠤᠵᠤ ᠣᠷᠣᠭᠤᠯᠬᠤ ᠥᠬᠡᠶ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠨ ᠤ ᠲᠤᠰᠢᠶᠠᠯ ᠬᠠᠪᠰᠤᠷᠭᠠᠭᠰᠠᠨ ᠪᠤᠶᠤ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ | ᠦᠢᠯᠡᠰ ᠴᠣᠭᠴᠠᠯᠠᠭᠰᠠᠨ ᠣᠷᠣᠯᠭ᠎ᠠ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ | ᠬᠢᠵᠠᠭᠠᠷᠯᠠᠭᠳᠠᠬᠤ ᠥᠬᠡᠶ᠂ ᠶᠡᠷᠦᠩᠬᠡᠢ ᠲᠤᠭᠠᠨ ᠤ ᠰᠠᠭᠤᠷᠢ ᠲᠤᠭᠠᠨ ᠳᠤ ᠤᠷᠤᠭᠤᠯᠬᠤ ᠦᠬᠡᠢ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ | ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠬᠤᠷᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ | ᠵᠦᠢᠯᠡᠰ᠂ ᠲᠠᠪᠴᠠᠩ᠂ ᠴᠢᠳᠠᠪᠤᠷᠢᠲᠠᠨ᠂ ᠪᠡᠯᠡ ᠮᠥᠩᠭᠦ ᠶᠢ ᠨᠢᠭᠡ ᠴᠤᠭᠴᠠᠵᠢᠭᠤᠯᠤᠨ ᠥᠨᠳᠥᠷ ᠪᠦᠲᠦᠮᠵᠢᠲᠡᠶ ᠪᠠᠷ | ᠲᠣᠬᠢᠷᠠᠭᠤᠯᠬᠤ ᠶᠢ ᠠᠬᠢᠭᠤᠯᠤᠨ᠎ᠠ᠃ ᠰᠠᠭᠤᠷᠢ ᠰᠤᠳᠤᠯᠤᠯ ᠢ ᠴᠢᠩᠭᠠᠳᠬᠠᠵᠤ᠂ ᠮᠠᠨ ᠤ ᠬᠤᠲᠠ ᠶᠢᠨ ᠭᠤᠣᠯᠳᠠᠯᠭ᠎ᠠ ᠲᠠᠢ | ᠠᠵᠤ ᠦᠢᠯᠡᠰ ᠤᠨ ᠲᠣᠭᠤᠷᠢᠨ ᠳᠤ ᠬᠡᠷᠡᠭᠯᠡᠭᠡᠨ ᠤ ᠰᠠᠭᠤᠷᠢ ᠰᠤᠳᠤᠯᠤᠯ ᠪᠠ ᠬᠤᠰᠢᠭᠤᠷᠠᠯ ᠤᠨ ᠴᠢᠨᠠᠷᠲᠠᠶ ᠮᠡᠷᠭᠡᠵᠢᠯ ᠤᠨ | ᠨᠡᠭᠡᠭᠡᠯᠲᠡ ᠬᠢᠬᠦ ᠶᠢ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ | ᠬᠠᠮᠢᠶᠠᠷᠤᠯᠲᠠ ᠶᠢ ᠰᠠᠶᠢᠵᠢᠷᠠᠭᠤᠯᠵᠤ᠂ ᠬᠠᠨᠳᠤᠯᠭ᠎ᠠ ᠲᠠᠢ ᠪᠠᠷ ᠨᠠᠶᠢᠳᠠᠬᠤ᠂ ᠵᠠᠷᠯᠠᠨ ᠮᠠᠩᠯᠠᠶᠢᠯᠠᠭᠤᠯᠬᠤ ᠵᠡᠷᠭᠡ ᠲᠥᠷᠥᠯ ᠵᠦᠢᠯ | ᠲᠣᠭᠲᠠᠭᠠᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠲᠤᠰᠬᠠᠶ | ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠲᠥᠷᠥᠯ ᠵᠦᠢᠯ ᠢ ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ᠂ ᠬᠢᠨᠠᠯᠲᠠ ᠲᠠᠯᠪᠢᠵᠤ ᠬᠠᠮᠢᠶᠠᠷᠬᠤ ᠶᠢ ᠰᠠᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠦᠷᠦᠯ ᠵᠦᠢᠯ ᠢ ᠬᠢᠨᠠᠨ | ᠲᠣᠭᠲᠠᠭᠠᠬᠤ᠂ ᠴᠢᠳᠠᠪᠤᠷᠢᠲᠠᠨ ᠢ ᠦᠨᠡᠯᠡᠬᠦ᠂ ᠪᠠᠶᠢᠭᠤᠯᠤᠮᠵᠢ ᠶᠢ ᠦᠨᠡᠯᠡᠬᠦ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠢᠨᠠᠨ ᠪᠠᠶᠢᠴᠠᠭᠠᠯᠲᠠ᠂ ᠲᠡᠮᠳᠡᠭᠯᠡᠯ ᠪᠠ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠳᠬᠠᠨ᠎ᠠ᠃ ᠵᠠᠩᠭᠢᠯᠠᠭ᠎ᠠ ᠶᠢᠨ ᠴᠡᠭ ᠲᠤ ᠴᠢᠭᠯᠡᠭᠦᠯᠦᠨ ︽ᠬᠥᠰᠢᠶ᠎ᠡ ᠲᠡᠮᠲᠡᠭ︾ ᠤᠨ ᠮᠠᠶ᠋ᠢᠭ ᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ | ᠬᠡᠷᠡᠭᠵᠢᠭᠦᠯᠬᠦ ᠦᠶᠡᠯᠡᠯ ᠤᠨ ᠬᠤᠭᠤᠴᠠᠭᠠᠨ ᠳᠠᠬᠢ ᠡᠯ᠎ᠡ ᠲᠥᠷᠥᠯ ᠤᠨ ᠦᠨᠡᠯᠡᠨ ᠵᠢᠱᠢᠬᠦ᠂ ᠪᠠᠶᠢᠴᠠᠭᠠᠬᠤ᠂ ᠬᠢᠨᠠᠨ ᠪᠤᠳᠤᠬᠤ | ᠵᠡᠷᠭᠡ ᠠᠵᠢᠯᠯᠠᠭ᠎ᠠ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ | ᠬᠢᠨᠠᠯᠲᠠ ᠲᠠᠯᠪᠢᠬᠤ᠂ ᠪᠠᠶᠢᠴᠠᠭᠠᠬᠤ᠂ ᠬᠢᠨᠠᠨ ᠪᠤᠳᠤᠬᠤ ᠵᠡᠷᠭᠡ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ | ᠲᠡᠭᠦᠯᠳᠡᠷᠵᠢᠭᠦᠯᠵᠦ᠂ ᠠᠳᠠᠯᠢ ᠨᠢᠭᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ ᠬᠢᠨᠠᠯᠲᠠ | ᠲᠠᠯᠪᠢᠬᠤ ᠪᠠ ᠪᠠᠶᠢᠴᠠᠭᠠᠬᠤ ᠶᠢ ᠬᠡᠷᠡᠭᠵᠢᠬᠦᠯᠵᠤ᠂ ᠳᠣᠲᠣᠭᠠᠳᠤ ᠶᠢᠨ ᠬᠢᠨᠠᠨ ᠪᠤᠳᠤᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ | ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠤᠪᠢᠷᠠᠭᠤᠯᠵᠤ᠂ | ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠢᠯᠡᠴᠢᠯᠡᠭᠡ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠣᠲᠣᠭᠠᠳᠤ ᠶᠢᠨ ᠵᠠᠰᠠᠯᠲᠠ ᠶᠢ ᠲᠡᠭᠦᠯᠳᠡᠷᠵᠢᠭᠦᠯᠵᠦ᠂ | ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠨᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠷᠣᠨ ᠲᠤᠭ᠎ᠠ | ᠪᠤᠶᠤ ᠠᠵᠢᠯᠲᠠᠨ ᠤ ᠶᠡᠷᠦᠩᠬᠡᠶ ᠲᠣᠭᠠᠨ ᠤ ᠳᠣᠲᠣᠷ᠎ᠠ ᠠᠵᠢᠯ ᠤᠨ ᠪᠠᠶᠢᠷᠢ ᠳᠣᠭᠢᠷᠠᠭᠤᠯᠬᠤ ᠲᠥᠰᠦᠯ ᠪᠠ ᠬᠠᠮᠢᠶᠠᠷᠤᠯᠲᠠ ᠶᠢᠨ | ᠠᠷᠭ᠎ᠠ ᠶᠢ ᠦᠪᠡᠰᠦᠪᠡᠨ ᠲᠣᠭᠲᠠᠭᠠᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠢᠨᠠᠨ ᠪᠤᠳᠤᠬᠤ ᠲᠣᠪᠴᠢᠶ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ᠨᠠᠢᠮᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ | ᠠᠵᠢᠯᠯᠠᠭ᠎ᠠ | ︵ᠬᠤᠷᠢᠨ ᠵᠢᠷᠭᠤᠭ᠎ᠠ︶ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠦᠬᠦ ᠠᠮᠢ ᠨᠠᠰᠤᠨ ᠤ | ᠦᠶᠡᠯᠡᠯ ᠤᠨ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠬᠠᠮᠰᠠᠷ ᠢ ᠳᠡᠭᠡᠭᠰᠢᠯᠡᠭᠦᠯᠵᠦ᠂ | ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠶᠢ ᠬᠤᠳᠠ ᠶᠢᠨ ᠵᠣᠷᠢᠭ ᠰᠠᠨᠠᠭ᠎ᠠ ᠪᠠ | ᠦᠷᠳᠡᠭ ᠤᠨ ᠤᠳᠤᠷᠢᠳᠤᠮᠵᠢ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠣᠷᠣᠭᠤᠯᠤᠯᠲᠠ ᠶᠢ | ᠨᠡᠮᠡᠭᠳᠡᠭᠦᠯᠵᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ | ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠬᠥᠲᠥᠯᠥᠨ ᠵᠢᠯᠣᠭᠤᠳᠬᠤ | ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠦᠭᠰᠡᠨ ᠦᠯᠢᠭᠡᠷ ᠢ ᠰᠠᠶᠢᠲᠤᠷ ᠶᠠᠷᠢᠵᠤ᠂ ᠨᠡᠶᠢᠭᠡᠮ ᠳᠠᠶᠠᠭᠠᠷ ᠤᠨ ᠰᠢᠨ᠎ᠡ ᠶᠢ | ᠡᠭᠦᠳᠬᠦ ᠬᠠᠯᠠᠭᠤᠨ ᠰᠡᠳᠬᠢᠯᠭᠡ ᠶᠢ ᠬᠦᠭᠵᠢᠬᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠷᠢᠨ ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠪᠠ | ᠬᠠᠮᠠᠭᠠᠯᠠᠯᠲᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠰᠢᠨ᠎ᠡ ᠪᠠᠷ ᠵᠥᠪᠰᠢᠶᠡᠷᠡᠭᠳᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠪᠠᠭᠤᠯᠢᠭ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠷᠰᠢᠯᠲᠠ ᠶᠢᠨ ᠴᠡᠭ ᠪᠠ ᠵᠢᠱᠢᠶ᠎ᠡ ᠦᠵᠡᠭᠦᠯᠬᠦ ᠨᠢᠭᠡᠴᠡ ᠳᠤ ᠲᠠᠰ᠂ ᠲᠥᠷᠥᠯ ᠬᠡᠯᠪᠡᠷᠢ ᠪᠠᠷ ᠨᠢ ᠬᠠᠮᠤᠭ ᠥᠨᠳᠥᠷ ᠲᠡᠭᠡᠨ | 50 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠠᠷᠢᠮᠵᠢᠶ᠎ᠠ ᠳᠤ ᠨᠡᠶᠢᠴᠡᠭᠦᠯᠦᠨ ᠰᠢᠨ᠎ᠡ ᠪᠠᠷ ᠭᠡᠷᠡᠴᠢᠯᠡᠨ ᠮᠠᠭᠠᠳᠯᠠᠭᠰᠠᠨ ᠠᠵᠤ ᠠᠬᠤᠶᠢᠯᠠᠯ᠂ ᠳᠡᠭᠡᠳᠦ ᠰᠤᠷᠭᠠᠭᠤᠯᠢ ᠪᠠ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠰᠢᠨ᠎ᠡ ᠶᠢ ᠡᠭᠦᠳᠬᠦ ᠴᠢᠳᠠᠪᠤᠷᠢ᠂ ᠭᠡᠷᠡᠴᠢᠯᠡᠨ | ᠮᠠᠭᠠᠳᠯᠠᠭᠰᠠᠨ ᠥᠪᠡᠷ ᠤᠨ ᠥᠷᠲᠡᠭ ᠵᠡᠷᠭᠡ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠪᠠᠷ ᠬᠠᠮᠤᠭ ᠤᠨ ᠥᠨᠳᠥᠷ ᠲᠡᠭᠡᠨ | 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠠᠮᠠᠭᠠᠯᠠᠬᠤ ᠦᠢᠯᠡᠴᠢᠯᠡᠬᠡᠨ ᠤ ᠲᠥᠪ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ | ᠬᠡᠷᠡᠭᠵᠢᠬᠦᠯᠵᠤ ᠡᠷᠬᠡ ᠬᠠᠮᠠᠭᠠᠯᠠᠬᠤ ᠲᠤᠭᠳᠠᠴᠠ ᠶᠢ ᠲᠡᠬᠦᠯᠳᠡᠷᠵᠢᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠨᠠᠢᠮᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠠᠯᠳᠠᠭ᠎ᠠ ᠪᠤᠷᠤᠭᠤ ᠶᠢ ᠪᠠᠭᠲᠠᠭᠠᠬᠤ | ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠶᠤᠯ ᠲᠦᠭᠰᠢᠭᠦᠷᠢ ᠶᠡᠬᠡᠲᠡᠶ | ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠵᠣᠷᠢᠭᠲᠠᠶ ᠪᠠᠷ | ᠦᠢᠯᠡᠳᠦᠯᠭᠡ ᠬᠢᠬᠦ᠂ ᠵᠣᠷᠢᠭᠲᠠᠶ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠪᠤᠷᠤᠭᠤ ᠲᠤᠷᠰᠢᠬᠤ ᠶᠢ ᠵᠥᠪᠰᠢᠶᠡᠷᠡᠬᠦ᠂ | ᠢᠯᠠᠭᠳᠠᠯ ᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ᠎ᠠ᠃ ᠡᠳ᠋ ᠤᠨ ᠵᠠᠰᠠᠭ ᠤᠨ ᠵᠣᠭᠤᠰ ᠢᠶᠠᠷ ᠲᠤᠰᠠᠯᠠᠭᠰᠠᠨ | ᠰᠢᠨ᠎ᠡ ᠶᠢ ᠡᠭᠦᠳᠬᠦ ᠲᠥᠷᠥᠯ ᠵᠦᠢᠯ ᠨᠢ ᠵᠢᠱᠢᠭᠰᠡᠨ ᠬᠠᠷᠠᠯᠲᠠ ᠪᠠᠨ ᠣᠯᠤᠭᠠᠳᠤᠶ᠂ ᠲᠤᠰᠬᠠᠶ ᠮᠡᠷᠭᠡᠵᠢᠯᠲᠡᠨ ᠢᠶᠠᠷ | ᠦᠨᠡᠯᠡᠬᠦᠯᠦᠬᠡᠳ ᠦᠨᠡᠨᠬᠦ ᠴᠢᠬᠤᠯᠠ ᠬᠠᠶᠢᠨ ᠰᠦᠪᠡᠭᠴᠢᠯᠡᠬᠦ ᠦᠨ᠎ᠡ ᠥᠷᠲᠡᠭ ᠲᠠᠢ ᠮᠥᠷᠲᠡᠭᠡᠨ ᠰᠢᠨ᠎ᠡ ᠶᠢ ᠡᠭᠦᠳᠬᠦ ᠭᠤᠤᠯ | ᠴᠣᠭᠴᠠ ᠨᠢ ᠨᠢᠭᠡᠨᠲᠡ ᠴᠢᠷᠮᠠᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠪᠠᠯ᠂ ᠲᠡᠳᠡᠨ ᠤ ᠰᠤᠳᠤᠯᠭᠠᠨ ᠥᠷᠨᠢᠭᠦᠯᠬᠦ ᠶᠢ | ᠦᠷᠭᠦᠯᠵᠢᠯᠡᠨ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠲᠥᠷᠥᠯ ᠵᠦᠢᠯ ᠳᠤ ᠵᠠᠷᠤᠳᠠᠯ ᠤᠨ ᠲᠤᠰᠠᠯᠠᠮᠵᠢ ᠪᠤᠶᠤ ᠲᠦᠭᠰᠢᠭᠦᠷᠢᠲᠦ ᠪᠠᠯᠠ ᠣᠷᠣᠭᠤᠯᠤᠯᠲᠠ ᠬᠢᠵᠦ᠂ ᠲᠣᠭᠲᠠᠭᠠᠯ ᠳᠤ | ᠨᠡᠶᠢᠴᠡᠬᠦ ᠪᠣᠯᠪᠠᠴᠤ ᠵᠢᠱᠢᠭᠰᠡᠨ ᠦᠷ᠎ᠡ ᠪᠦᠲᠦᠮᠵᠢ ᠳᠤ ᠬᠦᠷᠴᠦ ᠳᠡᠶᠢᠯᠦᠭᠰᠡᠨ ᠥᠬᠡᠶ ᠂ ᠬᠠᠮᠢᠶ᠎ᠠ ᠪᠥᠬᠦᠶ ᠨᠢᠭᠡᠴᠡ ᠪᠠ | ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠭᠡᠭᠰᠡᠨ᠂ ᠬᠤᠪᠢ ᠶᠢᠨ ᠠᠰᠢᠭ ᠢ ᠬᠥᠭᠡᠭᠡᠴᠡᠯᠳᠦᠭᠰᠡᠨ | ᠦᠬᠡᠢ ᠤᠷᠢᠲᠠᠯ ᠳᠣᠤᠷ᠎ᠠ᠂ ᠨᠠᠵᠠᠭᠠᠶ ᠲᠠᠯ᠎ᠠ ᠶᠢᠨ ᠦᠨᠡᠯᠡᠯᠲᠡ ᠬᠢᠬᠦ ᠥᠬᠡᠶ᠂ ᠬᠠᠮᠢᠶ᠎ᠠ ᠪᠥᠬᠦᠶ ᠬᠠᠷᠢᠭᠤᠴᠠᠯᠭ᠎ᠠ ᠶᠢ | ᠭᠡᠯᠳᠦᠷᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠢᠨᠠᠨ ᠪᠤᠳᠤᠬᠤ ᠲᠣᠪᠴᠢᠶ᠎ᠠ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ︶ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢ ᠶᠢᠰᠦ︶ ᠪᠠᠯᠠ ᠮᠥᠩᠭᠦ ᠶᠢᠨ ᠪᠠᠲᠤᠯᠠᠭ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠡᠷᠬᠡ ᠰᠡᠳᠦᠪ ᠢ | ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠲᠤᠯᠭᠠᠲᠤ ᠨᠡᠮᠡᠭᠳᠡᠯ ᠪᠠ | ᠨᠡᠶᠢᠭᠡᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠶᠢᠨ ᠲᠣᠰ ᠱᠠᠲᠤᠨ ᠤ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠶ ᠪᠠᠯᠠ ᠮᠥᠩᠭᠦ ᠶᠢᠨ ᠲᠥᠰᠦᠪ ᠢ | 2021 ᠣᠨ ᠤ ᠰᠠᠭᠤᠷᠢ ᠲᠤᠭ᠎ᠠ ᠳᠡᠭᠡᠷ᠎ᠡ ᠭᠤᠷᠪᠠᠨ ᠵᠢᠯ ᠳᠠᠷᠠᠭᠠᠯᠠᠨ 15% ᠪᠠᠷ ᠠᠬᠢᠨ ᠨᠡᠮᠡᠭᠳᠡᠬᠦᠯᠦᠨ᠎ᠡ︔ ᠬᠤᠰᠢᠭᠤ | ᠲᠤᠭᠤᠷᠢᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ1% ᠠᠴᠠ ᠳᠣᠤᠷ᠎ᠠ ᠪᠠᠶᠢᠯᠭᠠᠬᠤ ᠥᠬᠡᠶ ᠪᠥᠭᠡᠳ ᠵᠢᠯ ᠳᠠᠷᠠᠭᠠᠯᠠᠨ ᠨᠡᠮᠡᠭᠳᠡᠭᠦᠯᠦᠨ᠎ᠡ᠃ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠵᠡᠷᠭᠡ ᠪᠠᠶᠢᠭᠤᠯᠤᠮᠵᠢ ᠨᠤᠭᠤᠳ ᠡᠯ᠎ᠡ ᠲᠠᠯ᠎ᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ᠂ | ᠰᠤᠳᠤᠯᠤᠨ ᠨᠡᠭᠡᠭᠡᠬᠦ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠶ᠃ ᠰᠢᠨᠵᠢᠯᠡᠬᠦ | ᠤᠬᠠᠭᠠᠨ ᠮᠡᠷᠭᠡᠵᠢᠯ ᠬᠢᠭᠡᠳ ᠮᠥᠩᠭᠦᠨ ᠬᠦᠢᠯᠬᠡᠬᠡᠨ ᠤ ᠭᠦᠨᠵᠡᠭᠡᠶ ᠠᠭᠤᠰᠤᠯᠴᠠᠯ ᠢ ᠶᠡᠬᠡᠪᠡᠷ ᠠᠬᠢᠭᠤᠯᠵᠤ᠂ ᠠᠳᠠᠭ ᠪᠠᠭ᠎ᠠ | ᠳᠠᠭᠠᠨ 30 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠨᠥᠬᠦᠪᠥᠷᠢᠯᠡᠬᠦ | ᠲᠣᠭᠲᠠᠴᠠ ᠶᠢ ᠪᠠᠶᠢᠭᠤᠯᠵᠤ᠂ ᠪᠠᠩᠬᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ ᠪᠠᠩᠬᠢ ᠪᠠᠶᠢᠭᠤᠯᠬᠤ ᠶᠢ | ᠵᠣᠷᠢᠭᠵᠢᠭᠤᠯᠵᠤ᠂ ᠮᠥᠩᠭᠦᠨ ᠬᠦᠢᠯᠬᠡᠬᠡᠨ ᠤ ᠬᠥᠷᠥᠩᠭᠡ᠂ ᠠᠷᠠᠳ ᠤᠨ ᠬᠥᠷᠥᠩᠭᠡ ᠶᠢᠨ ᠰᠢᠨ᠎ᠡ ᠶᠢ ᠡᠭᠦᠳᠬᠦ ᠬᠦᠷᠢᠶᠡᠨ ᠳᠤ | ᠢᠯᠡᠬᠦᠤ ᠣᠷᠣᠬᠤ ᠶᠢ ᠬᠥᠲᠥᠯᠦᠨ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠪᠦᠷᠢᠳᠬᠡᠬᠦ | ᠪᠠ ᠬᠢᠨᠠᠨ ᠬᠡᠮᠵᠢᠬᠦ ᠶᠢ ᠴᠢᠩᠭᠠᠳᠬᠠᠵᠤ᠂ ᠪᠦᠷᠢᠳᠭᠡᠪᠡᠰᠦ ᠵᠣᠬᠢᠬᠤ ᠶᠢ ᠪᠦᠬᠦᠨ ᠢ ᠪᠦᠷᠢᠳᠬᠡᠬᠦ ᠶᠢ ᠦᠨᠡᠨᠬᠦ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ᠂ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ᠂ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠭᠤᠴᠢ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠡᠯ᠎ᠡ ᠬᠤᠰᠢᠭᠤ ᠲᠤᠭᠤᠷᠢᠭ ᠤᠨ ᠬᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠨᠢᠭᠡᠳᠦᠭᠡᠷ ᠭᠠᠷ | ᠨᠢᠭᠡᠳᠦᠭᠡᠷ ᠦᠢᠯᠡᠳᠪᠦᠷᠢᠯᠡᠯ ᠤᠨ ᠬᠦᠴᠦᠨ ᠢ ᠠᠳᠬᠤᠬᠤ︾ ᠲᠤᠰᠢᠶᠠᠯ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠦᠪᠡᠭᠴᠢᠯᠡᠬᠦ ᠪᠠ ᠠᠬᠢᠭᠤᠯᠬᠤ ᠬᠡᠷᠡᠭᠲᠡᠶ᠃ ᠡᠯ᠎ᠡ | ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠲᠠ ᠶᠢᠨ | ᠰᠢᠭᠤᠳ ᠬᠠᠷᠢᠶ᠎ᠠ ᠬᠦᠷᠢᠶᠡᠯᠡᠩ ᠲᠣᠭᠤᠷᠢᠭ ᠨᠢ ᠵᠢᠯ ᠪᠦᠷᠢ ᠶᠢᠨ ᠵᠢᠯ ᠤᠨ ᠰᠡᠭᠦᠯᠴᠢ ᠠᠴᠠ ᠡᠮᠦᠨ᠎ᠡ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠪᠠᠶᠢᠳᠠᠯ ᠢᠶᠠᠨ | ᠮᠡᠳᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ︽1+1︾ ᠬᠤᠲᠠ ᠶᠢᠨ ᠰᠢᠭᠤᠳ | ᠬᠠᠷᠢᠶ᠎ᠠ ᠰᠠᠯᠠᠭ᠎ᠠ ᠮᠥᠴᠢᠷ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ | ᠬᠦᠢᠴᠡᠳᠬᠡᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠬᠤ ᠡᠷᠴᠢᠮ ᠢᠶᠠᠨ | ᠴᠢᠩᠭᠠᠷᠠᠭᠤᠯᠵᠤ᠂ ᠲᠣᠰ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠪᠠᠨ ᠴᠢᠩᠭᠠᠳᠬᠠᠨ᠎ᠠ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠠᠷᠪᠠ᠂ ᠪᠤᠰᠤᠳ ᠵᠦᠢᠯ | ᠲᠣᠰ ᠲᠥᠰᠦᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 | ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠶᠢᠯᠪᠤᠷᠢᠯᠠᠯᠲᠠ ᠬᠢᠵᠦ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠲᠦᠷᠢᠮ ᠢ ᠢᠵᠢ ᠪᠦᠷᠢᠳᠦᠬᠦᠯᠦᠨ ᠲᠣᠭᠲᠠᠭᠠᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠬᠤᠶᠢᠰᠢᠳᠠ ᠰᠢᠨ᠎ᠡ ᠲᠥᠷᠥ ᠶᠢᠨ ᠪᠣᠳᠣᠯᠭ᠎ᠠ ᠨᠡᠶᠢᠲᠡᠯᠡᠭᠰᠡᠨ ᠪᠠᠶᠢᠪᠠᠯ᠂ ᠤᠯᠤᠰ | ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠵᠢᠷᠤᠮᠯᠠᠨ᠎ᠠ᠃ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢ ᠲᠥᠷᠥ ᠶᠢᠨ ᠪᠣᠳᠣᠯᠭ᠎ᠠ ᠶᠢ ᠮᠥᠷᠳᠡᠨ ᠲᠠᠭᠠᠵᠤ ᠦᠨᠡᠯᠡᠨ ᠵᠢᠱᠢᠬᠦ ᠪᠠᠨ ᠴᠢᠩᠭᠠᠳᠬᠠᠵᠤ᠂ | ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠣᠰ ᠲᠥᠰᠦᠯ ᠢ ᠲᠤᠬᠢᠷᠠᠭᠤᠯᠤᠨ | ᠲᠡᠬᠦᠯᠳᠡᠷᠵᠢᠬᠦᠯᠦᠨ᠎ᠡ᠃ | | |