ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ᠄ | ︽ᠣᠷᠳᠣᠰ ᠬᠤᠲᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︿ᠣᠷᠣᠨ ᠪᠦᠰᠡ ᠶᠢᠨ ᠦᠨᠡᠯᠡᠨ | ᠵᠢᠱᠢᠬᠦ ᠠᠵᠢᠯ﹀ ᠤᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ︶︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ | ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 9 ᠰᠠᠷ᠎ᠠ ᠶᠢᠨ 2 ᠤᠨ ᠡᠳᠦᠷ | | | | | | | ᠣᠷᠳᠣᠰ ᠬᠤᠲᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠣᠷᠣᠨ ᠪᠦᠰᠡ ᠶᠢᠨ ᠦᠨᠡᠯᠡᠨ ᠵᠢᠱᠢᠯᠲᠡ | ︾ ᠶᠢᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ︶ | | ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠣᠶᠢᠯᠡᠴᠢᠯᠡᠬᠦ ᠲᠤᠬᠠᠶ ᠡᠯ᠎ᠡ ᠵᠣᠶᠢᠯ ᠤᠨ ᠰᠢᠢᠳᠪᠦᠷᠢᠳᠤ ᠪᠣᠳᠣᠯᠭ᠎ᠠ | ᠪᠠᠶᠢᠷᠢᠯᠠᠭᠤᠯᠤᠯᠲᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠᠨ | ᠴᠢᠨᠠᠭᠰᠢᠳᠠ ᠳᠡᠭᠡᠭᠰᠢᠯᠡᠭᠦᠯᠬᠦ ᠪᠠ ᠰᠢᠨ᠎ᠡ ᠶᠢ ᠡᠭᠦᠳᠴᠦ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠬᠡᠳᠬᠡᠬᠦ | ᠶᠢᠨ ᠲᠤᠰᠠᠳᠠ᠂ ᠮᠠᠨ ᠤ ᠬᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠭᠤᠣᠯ ᠬᠠᠷᠠᠯᠲᠠ | ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠪᠤᠶᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠣᠷᠣᠨ ᠪᠦᠰᠡ | ᠶᠢᠨ ᠴᠢᠨᠠᠷᠲᠠᠶ ᠦᠨᠡᠯᠡᠨ ᠵᠢᠱᠢᠬᠦ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠪᠦᠲᠦᠭᠡᠨ | ᠪᠠᠶᠢᠭᠤᠯᠤᠯᠲᠠ ᠶᠢᠨ ᠲᠦᠷᠦᠯ ᠵᠣᠶᠢᠯ ᠢ ᠬᠢᠨᠠᠨ ᠵᠥᠪᠰᠢᠶᠡᠷᠡᠬᠦ ᠶᠠᠪᠤᠴᠠ ᠳᠤ ᠬᠤᠯᠪᠣᠭᠳᠠᠬᠤ ᠤᠷᠢᠳᠠᠴᠢ ᠴᠢᠨᠠᠷᠲᠠᠶ ᠦᠨᠡᠯᠡᠨ | ᠵᠢᠱᠢᠬᠦ ᠠᠵᠢᠯ ᠢ ᠲᠦᠷᠭᠡᠬᠡᠨ ᠪᠡᠶᠡᠯᠡᠭᠦᠯᠵᠦ᠂ ᠪᠦᠬᠦᠯᠢ ᠴᠣᠭᠴᠠ ᠶᠢᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠦᠨᠡᠯᠡᠨ | ᠵᠢᠱᠢᠭᠰᠡᠨ ᠦᠷ᠎ᠡ ᠪᠦᠲᠦᠭᠡᠯ ᠢ ᠪᠤᠢ ᠪᠣᠯᠭᠠᠵᠤ᠂ ᠲᠦᠷᠦᠯ ᠵᠣᠶᠢᠯ ᠢ ᠪᠦᠲᠦᠭᠡᠨ ᠪᠠᠶᠢᠭᠤᠯᠬᠤ ᠨᠢᠭᠡᠴᠡ ᠳᠤ ᠬᠠᠩᠭᠠᠨ ᠥᠭᠴᠦ | ᠬᠠᠮᠲᠤ ᠪᠠᠷ ᠡᠳ᠋ᠯᠡᠭᠦᠯᠦᠨ ᠬᠡᠷᠡᠭᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠣᠶᠢᠯ ᠢ ᠬᠢᠨᠠᠨ ᠵᠥᠪᠰᠢᠶᠡᠷᠡᠬᠦ | ᠶᠠᠪᠤᠴᠠ ᠳᠠᠬᠢ ᠦᠨᠡᠯᠡᠨ ᠵᠢᠱᠢᠵᠦ ᠦᠨᠡᠯᠡᠬᠦ ᠵᠦᠢᠯᠡᠰ ᠤᠯᠠᠨ᠂ ᠴᠠᠭ ᠬᠤᠷᠣᠭᠠᠬᠤ ᠨᠢ ᠤᠷᠲᠤ᠂ ᠥᠪᠡᠷ ᠤᠨ ᠦᠷᠲᠡᠭ ᠨᠢ | ᠥᠨᠳᠥᠷ ᠵᠡᠷᠭᠡ ᠠᠰᠠᠭᠤᠳᠠᠯ ᠢ ᠰᠢᠢᠳᠪᠦᠷᠢᠯᠡᠵᠣ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠴᠢᠨᠠᠭᠰᠢᠳᠠ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠲᠦᠷᠦᠯ ᠵᠣᠶᠢᠯ ᠢ ᠨᠠᠶᠢᠳᠠᠪᠤᠷᠢᠵᠢᠭᠤᠯᠬᠤ ᠶᠢ | ᠲᠦᠷᠬᠡᠳᠬᠡᠨ᠎ᠡ᠃ | ︵ᠬᠤᠶᠠᠷ︶ ᠬᠡᠷᠡᠭᠵᠢᠭᠦᠯᠬᠦ ᠬᠡᠪᠴᠢᠶ᠎ᠡ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠬᠢᠨᠠᠨ | ᠬᠠᠷᠭᠤᠭᠤᠯᠬᠤ ᠠᠯᠪᠠᠨ ᠵᠠᠷ ᠤᠨ ᠭᠠᠷᠴᠠᠭ ︵2021 ᠣᠨ ᠤ ᠬᠡᠪᠯᠡᠯ︶︾ ᠳᠤ ᠤᠷᠤᠭᠤᠯᠤᠭᠰᠠᠨ 8 ᠠᠵᠤ ᠣᠶᠢᠯᠡᠳᠪᠦᠷᠢ | ᠶᠢᠨ ᠬᠦᠷᠢᠶᠡᠯᠡᠩ ᠲᠣᠭᠤᠷᠢᠭ ᠵᠢᠴᠢ 15 ᠬᠦᠷᠢᠶᠡᠯᠡᠩ ᠲᠤᠭᠤᠷᠢᠭ ᠤᠨ ᠬᠠᠷᠢᠶ᠎ᠠ ᠬᠡᠰᠡᠭ᠄ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠬᠡᠰᠡᠭ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠰᠡᠭ᠂ ᠬᠥᠩᠭᠡᠨ ᠨᠡᠬᠡᠮᠡᠯ ᠤᠨ ᠠᠵᠤ ᠦᠢᠯᠡᠰ ᠤᠨ | ᠬᠡᠰᠡᠭ︶᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ | ᠳᠠᠯᠠᠳ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ | ᠶᠢᠨ ᠬᠦᠷᠢᠶᠡᠯᠡᠩ ᠲᠣᠭᠤᠷᠢᠭ ︵ᠵᠡᠭᠦᠨᠭᠠᠷ ᠠᠵᠤ ᠦᠢᠯᠡᠰ ᠤᠨ ᠬᠡᠰᠡᠭ᠂ ᠳ᠋ᠠ ᠯᠤ᠋ ᠠᠵᠤ ᠦᠢᠯᠡᠰ ᠤᠨ ᠬᠡᠰᠡᠭ︶᠂ ᠥᠪᠥᠷ | ᠮᠣᠩᠭᠤᠯ ᠤᠨ ᠣᠷᠳᠣᠰ ᠤᠨ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠵᠢᠶᠠᠩᠰᠦ ᠠᠵᠤ | ᠦᠢᠯᠡᠰ ᠤᠨ ᠬᠡᠰᠡᠭ᠂ ᠱᠧᠩ ᠶᠤᠸᠠᠨ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠱᠤᠷᠤᠭ | ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠱᠣᠷᠤᠭ ᠠᠵᠤ ᠦᠢᠯᠡᠰ ᠤᠨ ᠬᠡᠰᠡᠭ᠂ ᠨᠠᠷᠢᠠᠭᠤᠤᠯ ᠠᠵᠤ | ᠣᠶᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠬᠠᠩᠬᠢᠨ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ | ᠲᠣᠭᠤᠷᠢᠭ ︵ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠰᠢᠨ᠎ᠡ ᠡᠨᠧᠷᠭᠢ ᠶᠢᠨ ᠠᠵᠤ ᠣᠶᠢᠯᠡᠰ ᠤᠨ ᠬᠡᠰᠡᠭ︶᠂ ᠥᠪᠥᠷ | ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠴᠢ ᠫᠠᠨ ᠵᠢᠩ ᠠᠵᠤ | ᠣᠶᠢᠯᠡᠰ ᠤᠨ ᠬᠡᠰᠡᠭ᠂ ᠮᠧᠩ ᠰᠢ ᠠᠵᠤ ᠣᠶᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ | ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ | ᠤᠨ ᠬᠦᠷᠢᠶᠡᠯᠡᠩ᠃ | ︵ᠭᠤᠷᠪᠠ︶ ᠬᠡᠷᠡᠭᠵᠢᠭᠦᠯᠬᠦ ᠭᠤᠣᠯ ᠴᠣᠭᠴᠠ | ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠨ ᠵᠤᠬᠢᠶᠠᠨ ᠪᠠᠶᠢᠭᠤᠯᠵᠤ᠂ ᠬᠠᠷᠢᠶ᠎ᠠ | ᠣᠷᠣᠨ ᠤ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ | ᠨᠢᠭᠡᠳᠤᠯᠲᠠᠢ ᠲᠦᠯᠦᠪᠯᠡᠨ ᠠᠬᠢᠭᠤᠯᠤᠨ᠎ᠠ︔ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠡᠯ᠎ᠡ ᠵᠣᠶᠢᠯ ᠤᠨ | ᠦᠨᠡᠯᠡᠨ ᠵᠢᠱᠢᠬᠦ ᠠᠵᠢᠯ ᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠨ᠎ᠠ︔ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠵᠢᠯᠣᠭᠤᠳᠬᠤ ᠶᠢ ᠬᠠᠷᠢᠭᠤᠴᠠᠨ᠎ᠠ᠃ | ᠬᠤᠶᠠᠷ᠂ ᠠᠭᠤᠯᠭ᠎ᠠ ᠡᠭᠦᠷᠭᠡ | ︵ᠨᠢᠭᠡ︶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ | ︽ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠲᠦᠷᠢᠮ︾ ︵ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 559 ᠳ᠋ᠤᠬᠡᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠡᠷᠬᠡᠪᠰᠢ ᠶᠡᠷᠦᠩᠬᠡᠶ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠴᠠ ᠡᠮᠦᠨ᠎ᠡ | ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠪᠡᠶᠡᠯᠡᠭᠦᠯᠦᠨ᠎ᠡ᠃ ᠣᠳᠣᠬᠠᠨ ᠳᠤ ᠪᠥᠬᠦ | ᠬᠤᠲᠠ ᠶᠢᠨ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠴᠥᠮ ᠲᠥᠯᠥᠪᠵᠢᠭᠦᠯᠭᠡ ᠶᠢᠨ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠠᠵᠤ | ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠰᠢᠨ᠎ᠡ ᠪᠠᠷ ᠨᠠᠶᠢᠷᠠᠭᠤᠯᠤᠨ ᠵᠣᠬᠢᠶᠠᠬᠤ | ᠪᠤᠶᠤ ᠵᠠᠰᠠᠨ ᠨᠠᠶᠢᠷᠠᠭᠤᠯᠬᠤ ᠶᠠᠪᠤᠴᠠ ᠳᠤ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠶᠢ | ᠵᠠᠰᠠᠨ ᠨᠠᠶᠢᠷᠠᠭᠤᠯᠬᠤ ᠠᠵᠢᠯ ᠢ ᠴᠠᠭ ᠲᠤᠬᠠᠶ ᠳᠤᠨᠢ ᠦᠷᠨᠢᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ | ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶ | ︵ᠬᠤᠶᠠᠷ︶ ᠲᠦᠯᠦᠪᠵᠢᠭᠦᠯᠬᠡ ᠶᠢᠨ ᠤᠰᠤᠨ ᠤ ᠡᠬᠢ ᠪᠠᠶᠠᠯᠢᠭ ᠤᠨ ᠨᠤᠳᠠᠯᠠᠯᠳᠠ | ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠣᠷᠣᠨ ᠪᠦᠰᠡ ᠶᠢᠨ | ᠦᠨᠡᠯᠡᠨ ᠵᠢᠱᠢᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠷᠬᠡᠪᠰᠢ ᠶᠡᠷᠦᠩᠬᠡᠶ | ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠴᠠ ᠡᠮᠦᠨ᠎ᠡ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ | ᠨᠤᠲᠠᠯᠠᠯᠲᠠ ᠶᠢ ᠪᠡᠶᠡᠯᠡᠭᠦᠯᠦᠨ᠎ᠡ᠃ ᠣᠳᠣᠬᠠᠨ ᠳᠤ ᠪᠥᠬᠦ ᠬᠤᠲᠠ ᠶᠢᠨ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠴᠥᠮ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠢ ᠨᠤᠲᠠᠯᠠᠬᠤ ᠠᠵᠢᠯ ᠢ ᠨᠢᠭᠡᠨᠲᠡ ᠥᠷᠨᠢᠭᠦᠯᠵᠦ᠂ | ᠡᠭᠦᠨ ᠳᠤ 7 ᠬᠦᠷᠢᠶᠡᠯᠡᠩ ᠲᠣᠭᠤᠷᠢᠭ ᠤᠨ 12 ᠬᠡᠰᠡᠭ ᠵᠢᠴᠢ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ | ᠬᠦᠷᠢᠶᠡᠯᠡᠩ ᠨᠢᠭᠡᠨᠳᠡ ᠪᠡᠶᠡᠯᠡᠭᠦᠯᠵᠣ᠂ ᠲᠠᠷᠠᠭᠠᠴᠢ ᠶᠢᠨ ᠠᠯᠬᠤᠮ ᠳᠤ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ | ᠤᠨ ᠶᠡᠷᠦᠩᠬᠡᠶ ᠲᠥᠯᠥᠪᠵᠢᠭᠦᠯᠭᠡ ᠶᠢ ᠰᠢᠨ᠎ᠡ ᠪᠠᠷ ᠨᠠᠶᠢᠷᠠᠭᠤᠯᠤᠨ ᠵᠣᠬᠢᠶᠠᠬᠤ ᠪᠤᠶᠤ ᠵᠠᠰᠠᠨ ᠨᠠᠶᠢᠷᠠᠭᠤᠯᠬᠤ ᠶᠠᠪᠤᠴᠠ ᠳᠤ | ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠢ ᠨᠤᠲᠠᠯᠠᠬᠤ ᠠᠵᠢᠯ ᠢ ᠴᠠᠭ ᠲᠤᠬᠠᠶ ᠳᠤᠨᠢ ᠦᠷᠨᠢᠭᠦᠯᠦᠨ᠎ᠡ︔ ᠣᠷᠳᠣᠰ | ᠤᠨ ᠳᠡᠭᠡᠳᠦ ᠰᠢᠨ᠎ᠡ ᠮᠡᠷᠭᠡᠵᠢᠯ ᠤᠨ ᠠᠵᠤ ᠣᠶᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠲᠡᠯᠡᠳ ᠠᠵᠤ ᠠᠬᠤᠶ ᠶᠢᠨ ᠨᠡᠭᠡᠭᠡᠯᠲᠡ | ᠶᠢᠨ ᠬᠦᠷᠢᠶᠡᠯᠡᠩ ᠲᠣᠭᠤᠷᠢᠭ ᠤᠨ ᠲᠡᠯᠡᠳ ᠠᠵᠤ ᠣᠶᠢᠯᠡᠰ ᠤᠨ ᠬᠡᠰᠡᠭ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠪᠠᠷ ᠪᠠᠶᠢᠨ᠎ᠠ︔ ᠥᠪᠥᠷ ᠮᠣᠩᠭᠤᠯ ᠤᠨ | ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠵᠡᠭᠦᠨᠭᠠᠷ ᠠᠵᠤ ᠣᠶᠢᠯᠡᠰ ᠤᠨ | ᠬᠡᠰᠡᠭ ᠲᠤ ᠶᠠᠭ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ | ᠶᠡᠷᠦᠩᠬᠡᠶ ᠲᠦᠯᠦᠪᠵᠢᠭᠦᠯᠬᠡ ᠲᠠᠢ ᠤᠶᠠᠯᠳᠤᠭᠤᠯᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠳᠤ | ᠲᠤᠬᠢᠷᠠᠭᠤᠯᠤᠯᠳᠠ ᠬᠢᠵᠣ ᠵᠠᠰᠠᠨ ᠨᠠᠶᠢᠷᠠᠭᠤᠯᠵᠤ ᠪᠠᠶᠢᠨ᠎ᠠ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ | ᠮᠥᠴᠢᠷ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶ | ︵ᠭᠤᠷᠪᠠ︶ ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠦᠨᠡᠯᠡᠨ ᠵᠢᠱᠢᠯᠲᠡ | ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ | ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 6 ᠬᠦᠷᠢᠶᠡᠯᠡᠩ ᠲᠣᠭᠤᠷᠢᠭ ᠤᠨ 11 ᠬᠡᠰᠡᠭ ᠲᠤ ᠨᠢᠭᠡᠨᠲᠡ ︽ | ᠲᠠᠪᠤ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠦᠭᠰᠡᠨ ᠪᠤᠶᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ | ᠤᠨ ᠴᠣᠬᠤᠯᠠᠪᠤᠷᠢ ᠶᠢ ᠣᠯᠤᠭᠰᠠᠨ ᠪᠣᠯᠬᠤᠷ ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠯᠲᠡ | ᠬᠢᠬᠦ ᠴᠢᠬᠤᠯᠠ ᠥᠬᠡᠶ︔ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ | ᠬᠦᠷᠢᠶᠡᠯᠡᠩ ᠲᠣᠭᠤᠷᠢᠭ᠂ ᠥᠪᠥᠷ ᠮᠣᠩᠭᠤᠯ ᠤᠨ ᠣᠷᠳᠣᠰ ᠤᠨ ᠱᠣᠷᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ | ᠲᠣᠭᠤᠷᠢᠭ ᠤᠨ ᠱᠣᠷᠤᠭ ᠠᠵᠤ ᠣᠶᠢᠯᠡᠰ ᠤᠨ ᠬᠡᠰᠡᠭ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠰᠢᠨ᠎ᠡ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠬᠤ ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠣᠷᠣᠨ | ᠪᠦᠰᠡ ᠶᠢᠨ ᠦᠨᠡᠯᠡᠨ ᠵᠢᠱᠢᠬᠦ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠣᠶ︔ ᠣᠷᠳᠣᠰ ᠤᠨ ᠳᠡᠭᠡᠳᠦ ᠰᠢᠨ᠎ᠡ ᠮᠡᠷᠭᠡᠵᠢᠯ | ᠤᠨ ᠠᠵᠤ ᠣᠶᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠬᠥᠩᠭᠡᠨ ᠨᠡᠬᠡᠮᠡᠯ ᠤᠨ ᠠᠵᠤ ᠣᠶᠢᠯᠡᠰ ᠤᠨ ᠬᠡᠰᠡᠭ | ᠂ ᠥᠪᠥᠷ ᠮᠣᠩᠭᠤᠯ ᠤᠨ ᠣᠷᠳᠣᠰ ᠤᠨ ᠲᠡᠯᠡᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠲᠡᠯᠡᠳ | ᠠᠵᠤ ᠣᠶᠢᠯᠡᠰ ᠤᠨ ᠬᠡᠰᠡᠭ᠂ ᠲᠦᠩ ᠴᠣᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ 2022 ᠣᠨ ᠤ 10 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠬᠤ ᠣᠷᠣᠨ ᠪᠦᠰᠡ ᠶᠢᠨ | ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ | ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠤᠰᠤᠨ ᠠᠰᠢᠭᠯᠠᠯᠲᠠ ᠶᠢᠨ | ᠲᠣᠪᠴᠢᠶ᠎ᠠ︶ | ︵ᠲᠥᠷᠪᠡ︶ ᠣᠷᠣᠨ ᠪᠦᠰᠡ ᠶᠢᠨ ᠭᠠᠵᠠᠷ ᠤᠨ ᠭᠠᠶ ᠭᠠᠮᠰᠢᠭ ᠤᠨ ᠠᠶᠤᠯᠳᠤ ᠴᠢᠨᠠᠷ ᠢ ᠦᠨᠡᠯᠡᠨ ᠵᠢᠱᠢᠬᠦ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ | ᠤᠨ ᠣᠷᠣᠨ ᠪᠦᠰᠡ ᠶᠢᠨ ᠭᠠᠵᠠᠷ ᠤᠨ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ 12 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠳᠣᠰ | ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠡᠰᠡᠭ ᠢ ᠪᠡᠶᠡᠯᠡᠭᠦᠯᠵᠦ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ | ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ | ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ | ᠥᠪᠥᠷ ᠮᠣᠩᠭᠤᠯ ᠤᠨ ᠣᠷᠳᠣᠰ ᠤᠨ ᠱᠣᠷᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠱᠣᠷᠤᠭ | ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠭᠡᠭᠡᠯᠲᠡ ᠶᠢᠨ | ᠬᠦᠷᠢᠶᠡᠯᠡᠩ ᠲᠣᠭᠤᠷᠢᠭ ︵ᠴᠢ ᠫᠠᠨ ᠵᠢᠩ ᠠᠵᠤ ᠣᠶᠢᠯᠡᠰ ᠤᠨ ᠬᠡᠰᠡᠭ᠂ ᠮᠧᠩ ᠰᠢ ᠠᠵᠤ ᠣᠶᠢᠯᠡᠰ ᠤᠨ ᠬᠡᠰᠡᠭ︶᠂ | ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ | ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ | ᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ | 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ | ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵ᠲᠠᠪᠤ︶ ᠣᠷᠣᠨ ᠪᠦᠰᠡ ᠶᠢᠨ ᠲᠠᠷᠦᠵᠣ ᠪᠦᠷᠬᠦᠭᠰᠡᠨ ᠠᠭᠤᠷᠬᠠᠶ ᠶᠢᠨ ᠡᠬᠢ ᠪᠠᠶᠠᠯᠢᠭ ᠢ ᠪᠠᠶᠢᠴᠠᠭᠠᠵᠤ ᠦᠨᠡᠯᠡᠨ | ᠵᠢᠱᠢᠬᠦ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ | ᠤᠨ ᠳᠠᠷᠤᠵᠤ ᠪᠦᠷᠬᠦᠭᠰᠡᠨ ᠠᠭᠤᠷᠬᠠᠶ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠣᠷᠣᠨ ᠪᠦᠰᠡ ᠶᠢᠨ ᠦᠨᠡᠯᠡᠨ | ᠵᠢᠱᠢᠯᠳᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ 9 ᠳ᠋ᠤᠬᠡᠷ ᠰᠠᠷ᠎ᠠ | ᠶᠢᠨ ᠰᠡᠭᠦᠯᠴᠢ ᠠᠴᠠ ᠡᠮᠦᠨ᠎ᠡ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ | ᠬᠦᠷᠢᠶᠡᠯᠡᠩ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ ᠢ ᠪᠡᠶᠡᠯᠡᠭᠦᠯᠵᠣ᠂ ᠥᠪᠥᠷ | ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ | ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠤᠷᠤᠭ ᠤᠨ ᠠᠵᠣ ᠠᠬᠤᠶ | ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠤᠷᠤᠭ ᠤᠨ ᠠᠵᠣ ᠦᠢᠯᠡᠰ ᠤᠨ ᠬᠡᠰᠡᠭ᠂ ᠥᠪᠥᠷ ᠮᠣᠩᠭᠤᠯ ᠤᠨ | ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ︵ᠴᠢ ᠫᠠᠨ ᠵᠢᠩ ᠤᠨ ᠠᠵᠤ ᠦᠢᠯᠡᠰ | ᠤᠨ ᠬᠡᠰᠡᠭ᠂ ᠮᠧᠩ ᠰᠢ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ | ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ᠂ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ | ᠬᠦᠷᠢᠶᠡᠯᠡᠩ ᠤᠨ ᠴᠢᠬᠤᠯᠠ ᠠᠭᠤᠷᠬᠠᠶ ᠶᠢᠨ ᠡᠬᠢ ᠪᠠᠶᠠᠯᠢᠭ ᠢ ᠲᠠᠷᠤᠵᠤ ᠪᠦᠷᠦᠭᠰᠡᠨ ᠪᠠᠶᠢᠳᠠᠯ ᠢ ᠬᠢᠨᠠᠨ ᠬᠠᠷᠭᠤᠭᠤᠯᠬᠤ | ᠠᠵᠢᠯ᠂ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠷᠤᠵᠤ ᠪᠦᠷᠬᠦᠭᠰᠡᠨ ᠴᠢᠬᠤᠯᠠ ᠠᠭᠤᠷᠬᠠᠶ | ᠶᠢᠨ ᠡᠬᠢ ᠪᠠᠶᠠᠯᠢᠭ ᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠢ | 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ | ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵ᠵᠢᠷᠭᠤᠭ᠎ᠠ︶ ᠣᠷᠣᠨ ᠪᠦᠰᠡ ᠶᠢᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠥᠯᠥᠭᠡ ᠶᠢ ᠦᠨᠡᠯᠡᠨ ᠵᠢᠱᠢᠬᠦ | ᠤᠯᠤᠰ ᠪᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠤᠨ ᠨᠥᠯᠥᠭᠡ ᠶᠢ ᠦᠨᠡᠯᠡᠨ ᠵᠢᠱᠢᠬᠦ ᠬᠠᠮᠢᠶ᠎ᠠ | ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ | 2021 ᠣᠨ ᠤ 9 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠢ ᠪᠠᠶᠢᠴᠠᠭᠠᠬᠤ ᠠᠵᠢᠯ ᠢ ᠪᠡᠶᠡᠯᠡᠭᠦᠯᠦᠨ᠎ᠡ︔ ᠣᠷᠳᠣᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠬᠥᠩᠭᠡᠨ ᠨᠡᠬᠡᠮᠡᠯ ᠤᠨ | ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ | ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ | ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ | ᠣᠷᠳᠣᠰ ᠤᠨ ᠱᠤᠷᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠣᠷᠤᠭ ᠠᠵᠤ ᠦᠢᠯᠡᠰ ᠤᠨ | ᠬᠡᠰᠡᠭ᠂ ᠥᠪᠥᠷ ᠮᠣᠩᠭᠤᠯ ᠤᠨ ᠣᠷᠳᠣᠰ ᠤᠨ ᠬᠠᠩᠭᠢᠨ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ | ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ | ᠶᠢᠨ ᠬᠦᠷᠢᠶᠡᠯᠡᠩ ᠲᠤᠭᠤᠷᠢᠭ ᠤᠨ ᠮᠧᠩ ᠰᠢ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠠᠩᠬᠤ | ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠨᠢ 2021 ᠣᠨ ᠤ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠤᠨ ᠨᠥᠯᠥᠭᠡ ᠶᠢ ᠦᠨᠡᠯᠡᠨ ᠵᠢᠱᠢᠬᠦ | ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ 10 ᠳ᠋ᠤᠭᠠᠷ ᠰᠠᠷ᠎ᠠ | ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠤᠶᠢᠯᠡᠰ ᠤᠨ ᠨᠥᠯᠥᠭᠡ ᠶᠢ ᠦᠨᠡᠯᠡᠨ | ᠵᠢᠱᠢᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ | ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ︶ | ︵ᠲᠤᠯᠤᠭ᠎ᠠ︶ ᠣᠷᠣᠨ ᠪᠦᠰᠡ ᠤᠨ ᠴᠢᠨᠠᠷᠲᠠᠶ ᠭᠠᠵᠠᠷ ᠬᠥᠳᠡᠯᠦᠯᠲᠡ ᠤᠨ ᠠᠶᠤᠯ ᠦᠭᠡᠢ ᠴᠢᠨᠠᠷ ᠢ ᠦᠨᠡᠯᠡᠬᠦ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠣᠷᠣᠨ ᠪᠦᠰᠡ ᠶᠢᠨ ᠴᠢᠨᠠᠷᠲᠠᠶ ᠭᠠᠵᠠᠷ ᠬᠥᠳᠡᠯᠦᠯᠲᠡ ᠶᠢᠨ ᠠᠶᠤᠯ ᠦᠭᠡᠶ ᠶᠢᠨ ᠴᠢᠨᠠᠷ ᠢ ᠦᠨᠡᠯᠡᠬᠦ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠬᠥᠩᠭᠡᠨ ᠨᠡᠬᠡᠮᠡᠯ ᠤᠨ ᠠᠵᠤ ᠦᠢᠯᠡᠰ ᠤᠨ ᠬᠡᠰᠡᠭ᠂ ᠥᠪᠥᠷ | ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ | ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠬᠠᠩᠭᠢᠨ ᠠᠵᠤ ᠠᠬᠤᠶ ᠶᠢᠨ | ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ | ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠮᠧᠩ ᠰᠢ ᠠᠵᠤ ᠣᠶᠢᠯᠡᠰ ᠤᠨ | ᠬᠡᠰᠡᠭ᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ ᠨᠢ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠭᠠᠵᠠᠷ | ᠬᠥᠳᠡᠯᠦᠯᠲᠡ ᠶᠢᠨ ᠠᠶᠤᠯ ᠦᠬᠡᠢ ᠶᠢᠨ ᠴᠢᠨᠠᠷ ᠢ ᠦᠨᠡᠯᠡᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ | ᠵᠢᠴᠢ ᠬᠡᠰᠡᠭ ᠨᠢ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ | ᠭᠠᠵᠠᠷ ᠬᠥᠳᠡᠯᠦᠯᠲᠡ ᠶᠢᠨ ᠠᠶᠤᠯ ᠥᠬᠡᠶ ᠶᠢᠨ ᠴᠢᠨᠠᠷ ᠢ ᠦᠨᠡᠯᠡᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ | ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ︶ | ︵ᠨᠠᠢᠮᠠ︶ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠤᠨ ᠣᠷᠣᠨ | ᠪᠦᠰᠡ ᠶᠢᠨ ᠴᠢᠨᠠᠷᠲᠠᠶ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ ᠠᠵᠢᠯ ᠤᠨ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ | ᠶᠢᠨ ᠬᠦᠷᠢᠶᠡᠯᠡᠩ ᠲᠤᠭᠤᠷᠢᠭ ︵ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ᠂ ᠲᠣᠨᠣᠭᠯᠠᠯ ᠦᠢᠯᠡᠳᠬᠦ ᠠᠵᠤ | ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ | ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ | ᠮᠧᠩ ᠰᠤ᠋ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠵᠢᠶᠠᠩᠰᠦ ᠠᠵᠤ ᠦᠢᠯᠡᠰ ᠤᠨ ᠬᠡᠰᠡᠭ᠂ | ᠥᠪᠥᠷ ᠮᠣᠩᠭᠤᠯ ᠤᠨ ᠣᠷᠳᠣᠰ ᠤᠨ ᠱᠤᠷᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠤᠷᠤᠭ | ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠬᠠᠩᠭᠢᠨ ᠠᠵᠤ ᠠᠬᠤᠶ ᠶᠢᠨ ᠨᠡᠬᠡᠬᠡᠯᠳᠡ ᠶᠢᠨ | ᠬᠦᠷᠢᠶᠡᠯᠡᠩ ᠲᠤᠭᠤᠷᠢᠭ ᠤᠨ ᠰᠢᠨ᠎ᠡ ᠡᠨᠧᠷᠭᠢ ᠶᠢᠨ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ | ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠴᠢ ᠫᠠᠨ ᠵᠢᠩ ᠠᠵᠤ ᠣᠶᠢᠯᠡᠰ ᠤᠨ ᠬᠡᠰᠡᠭ᠂ | ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ ᠨᠢ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠠᠭᠤᠷ | ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ ᠶᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ | ᠬᠡᠰᠡᠭ ᠨᠢ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠠᠭᠤᠷ | ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ ᠶᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ | ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠴᠠᠭ ᠠᠭᠤᠷ ᠤᠨ ᠲᠣᠪᠴᠢᠶ᠎ᠠ︶ | ︵ᠶᠢᠰᠦ︶ ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ | ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ | ᠪᠣᠯᠤᠨ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠢ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠬᠤᠰᠢᠭᠤ | ᠲᠣᠭᠤᠷᠢᠭ ᠢᠶᠠᠷ ᠨᠢᠭᠡᠴᠡ ᠪᠣᠯᠭᠠᠨ᠂ ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ ᠠᠵᠢᠯ ᠢ | ᠶᠠᠪᠤᠭᠳᠠᠭᠤᠯᠤᠨ᠎ᠠ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠠᠷᠪᠠ︶ ᠥᠷᠨᠢᠭᠦᠯᠬᠦ ᠴᠢᠬᠤᠯᠠ ᠲᠠᠢ ᠪᠤᠰᠤᠳ ᠣᠷᠣᠨ ᠪᠦᠰᠡ ᠶᠢᠨ ᠦᠨᠡᠯᠡᠨ ᠵᠢᠱᠢᠯᠲᠡ | ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠥᠷᠨᠢᠭᠦᠯᠬᠦ ᠪᠠᠷ ᠱᠠᠭᠠᠷᠳᠠᠭᠰᠠᠨ ᠪᠤᠰᠤᠳ ᠣᠷᠣᠨ ᠪᠦᠰᠡ ᠶᠢᠨ | ᠦᠨᠡᠯᠡᠨ ᠵᠢᠱᠢᠬᠦ ᠵᠣᠶᠢᠯᠡᠰ ᠪᠠᠶᠢᠪᠠᠯ᠂ ᠲᠣᠰ ᠲᠥᠰᠦᠯ ᠶᠣᠰᠣᠭᠠᠷ ᠬᠠᠷᠢᠴᠠᠭᠤᠯᠤᠨ ᠬᠡᠷᠡᠭᠵᠢᠭᠦᠯᠦᠨ᠎ᠡ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠬᠢᠨᠠᠨ ᠲᠣᠭᠲᠠᠭᠠᠬᠤ ᠲᠡᠰ ᠳᠠᠷᠠᠭᠠᠯᠠᠯ ᠢ ᠵᠢᠷᠤᠮᠵᠢᠭᠤᠯᠤᠨ᠎ᠠ | ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠰᠠᠯᠠᠭ᠎ᠠ | ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠬᠡᠷᠡᠭᠵᠢᠭᠦᠯᠬᠦ ᠣᠷᠣᠨ | ᠪᠦᠰᠡ ᠶᠢᠨ ᠦᠨᠡᠯᠡᠨ ᠵᠢᠱᠢᠬᠦ ᠵᠣᠶᠢᠯᠡᠰ ᠤᠨ ᠠᠵᠢᠯᠯᠠᠭᠠᠨ ᠤ ᠵᠢᠷᠤᠮᠵᠢᠯ᠂ ᠮᠡᠷᠭᠡᠵᠢᠯ ᠤᠨ ᠪᠠᠷᠢᠮᠵᠢᠶ᠎ᠠ᠂ ᠬᠡᠷᠡᠭᠯᠡᠬᠦ ᠨᠥᠬᠦᠴᠡᠯ᠂ | ᠬᠦᠴᠦᠨ ᠲᠠᠢ ᠬᠤᠭᠤᠴᠠᠭ᠎ᠠ᠂ ᠬᠢᠨᠠᠨ ᠲᠣᠭᠲᠠᠭᠠᠬᠤ ᠴᠤᠪᠤᠷᠠᠯ᠂ ᠰᠤᠶᠢᠳᠬᠡᠯ ᠬᠤᠷᠢᠶᠠᠬᠤ ᠪᠠᠷᠢᠮᠵᠢᠶ᠎ᠠ ᠵᠢᠴᠢ ᠦᠨᠡᠯᠡᠨ | ᠵᠢᠱᠢᠬᠦ ᠵᠣᠶᠢᠯᠡᠰ ᠢ ᠳᠠᠭᠠᠭᠠᠨ ᠭᠦᠢᠴᠡᠳᠬᠡᠬᠦ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠶᠢᠨ ᠱᠠᠭᠠᠷᠳᠠᠯᠭ᠎ᠠ ᠵᠡᠷᠭᠡ ᠠᠭᠤᠯᠭ᠎ᠠ | ᠶᠢ ᠲᠣᠳᠣᠷᠬᠠᠶᠢᠯᠠᠵᠤ᠂ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ | ᠵᠢᠱᠢᠬᠦ ᠠᠵᠢᠯ ᠢ ᠰᠠᠶᠢᠲᠤᠷ ᠥᠷᠨᠢᠭᠦᠯᠬᠦ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠵᠤ᠂ ᠣᠷᠣᠨ ᠪᠦᠰᠡ ᠶᠢᠨ | ᠦᠨᠡᠯᠡᠨ ᠵᠢᠱᠢᠬᠦ ᠠᠵᠢᠯ ᠢ ᠦᠨᠳᠦᠰᠦ ᠪᠠᠷᠢᠮᠲᠠ ᠲᠠᠢ᠂ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠳᠤᠯᠠᠨ᠎ᠠ᠃ | ︵ᠬᠤᠶᠠᠷ︶ ᠦᠨᠡᠯᠡᠨ ᠵᠢᠱᠢᠯᠳᠡ ᠶᠢᠨ ᠬᠡᠷᠡᠭᠵᠢᠭᠦᠯᠦᠯᠲᠡ ᠶᠢ ᠲᠦᠷᠭᠡᠳᠬᠡᠨ᠎ᠡ | ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠷᠢᠨ | ᠬᠢᠨᠠᠮᠠᠭᠠᠶ ᠰᠤᠳᠤᠯᠵᠤ᠂ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ | ᠪᠥᠬᠦ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠨᠢᠭᠡ ᠴᠣᠠᠠᠴᠠᠵᠢᠭᠤᠯᠥᠨ ᠠᠬᠢᠭᠤᠯᠤᠨ᠎ᠠ᠃ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ | ᠬᠠᠮᠢᠶᠠᠷᠤᠯᠲᠠ ᠶᠢᠨ ᠵᠥᠪᠯᠡᠯ ᠨᠢ ᠠᠵᠤ ᠣᠶᠢᠯᠡᠰ ᠤᠨ ᠬᠥᠭᠵᠢᠯᠲᠡ ᠶᠢᠨ ᠬᠡᠷᠡᠭᠴᠡᠭᠡ᠂ ᠲᠥᠷᠥᠯ ᠵᠣᠶᠢᠯ ᠤᠨ ᠪᠥᠲᠥᠭᠡᠨ | ᠪᠠᠶᠢᠭᠤᠯᠤᠯᠲᠠ ᠶᠢᠨ ᠲᠥᠯᠥᠪᠯᠡᠭᠡ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠣᠷᠣᠨ ᠪᠦᠰᠡ ᠶᠢᠨ ᠦᠨᠡᠯᠡᠨ ᠵᠢᠱᠢᠯᠲᠡ ᠶᠢ | ᠥᠷᠨᠢᠭᠦᠯᠬᠦ ᠣᠷᠣᠨ ᠪᠦᠰᠡ ᠶᠢᠨ ᠲᠠᠯᠠᠪᠠᠶ᠂ ᠪᠠᠶᠢᠷᠢᠰᠢᠯ ᠤᠨ ᠬᠡᠪᠴᠢᠶ᠎ᠡ ᠶᠢ ᠲᠦᠷᠭᠡᠨ ᠢᠶᠠᠷ ᠰᠢᠨᠵᠢᠯᠡᠬᠦ ᠤᠬᠠᠭᠠᠨᠴᠢ ᠪᠥᠭᠡᠳ | ᠵᠦᠶ ᠵᠣᠬᠢᠰᠲᠠᠶ ᠲᠣᠭᠲᠠᠭᠠᠵᠤ᠂ ᠡᠯ᠎ᠡ ᠵᠣᠶᠢᠯ ᠤᠨ ᠣᠷᠣᠨ ᠪᠦᠰᠡ ᠶᠢᠨ ᠦᠨᠡᠯᠡᠨ ᠵᠢᠱᠢᠯᠲᠡ ᠳᠤ ᠲᠣᠭᠲᠠᠭᠠᠭᠰᠠᠨ | ᠪᠠᠷᠢᠮᠵᠢᠶᠠᠲᠤ ᠲᠠᠰ ᠳᠠᠷᠠᠭᠠᠯᠠᠯ ᠶᠣᠰᠣᠭᠠᠷ ᠭᠤᠶᠤᠴᠢᠯᠠᠬᠤ᠂ ᠬᠤᠳᠠᠯᠳᠤᠨ ᠠᠪᠬᠤ᠂ ᠨᠠᠶᠢᠷᠠᠭᠤᠯᠤᠨ ᠵᠣᠬᠢᠶᠠᠬᠤ ᠶᠢᠨ ᠬᠠᠮᠲᠤ | ᠦᠨᠡᠯᠡᠨ ᠵᠢᠱᠢᠭᠰᠡᠨ ᠮᠡᠳᠡᠭᠦᠯᠦᠯᠲᠡ ᠶᠢ ᠲᠦᠷᠭᠡᠨ ᠢᠶᠠᠷ ᠪᠣᠶ ᠪᠣᠯᠭᠠᠨ᠎ᠠ᠃ | ︵ᠭᠤᠷᠪᠠ︶ ᠬᠢᠨᠠᠨ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ | ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ | ᠪᠠ ︽ᠬᠠᠮᠤᠭ ᠠᠷᠪᠢᠨ ᠳᠠᠭᠠᠨ ᠨᠢᠭᠡ ᠯᠠ ᠤᠳᠠᠭ᠎ᠠ ᠭᠦᠶᠦᠯᠬᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ | ᠵᠦᠢᠯᠡᠰ ᠤᠨ ᠬᠢᠨᠠᠨ ᠵᠥᠪᠰᠢᠶᠡᠷᠡᠯ ᠢ ᠲᠥᠪᠯᠡᠷᠡᠭᠦᠯᠦᠨ ᠬᠤᠯᠪᠣᠯᠳᠤᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠳᠠᠭᠤᠰᠤᠭᠰᠠᠨ ᠤ ᠳᠠᠷᠠᠭ᠎ᠠ᠂ ᠬᠢᠨᠠᠨ | ᠵᠥᠪᠰᠢᠶᠡᠷᠡᠬᠦ ᠡᠷᠬᠡ ᠮᠡᠳᠡᠯ ᠶᠣᠰᠣᠭᠠᠷ ᠵᠤᠬᠢᠴᠠᠯᠳᠤᠭᠰᠠᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠬᠦᠷᠬᠡᠨ᠎ᠡ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠭᠥᠯᠢᠶᠡᠨ ᠠᠪᠴᠤ ᠰᠢᠢᠳᠪᠦᠷᠢᠯᠡᠭᠰᠡᠨ ᠤ | ᠳᠠᠷᠠᠭ᠎ᠠ᠂ ᠪᠠᠶᠢᠴᠠᠭᠠᠬᠤ ᠪᠤᠶᠤ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠬᠢᠨᠠᠨ ᠲᠣᠭᠲᠠᠭᠠᠬᠤ ᠪᠤᠶᠤ ᠭᠤᠷᠪᠠᠳᠠᠬᠢ ᠡᠲᠡᠭᠡᠳ ᠠᠴᠠ ᠠᠰᠠᠭᠤᠨ ᠯᠠᠪᠯᠠᠬᠤ ᠵᠡᠷᠭᠡ ᠪᠠᠷ ᠳᠠᠮᠵᠢᠭᠤᠯᠤᠨ | ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠨᠤᠲᠠᠯᠠᠵᠤ ᠪᠣᠯᠤᠨ᠎ᠠ᠃ ᠣᠷᠣᠨ ᠪᠦᠰᠡ ᠶᠢᠨ ᠦᠨᠡᠯᠡᠨ | ᠵᠢᠱᠢᠯᠲᠡ ᠳᠤ ᠣᠯᠠᠨ ᠦᠨᠡᠯᠡᠨ ᠵᠢᠱᠢᠯᠲᠡ ᠶᠢ ᠨᠡᠶᠢᠯᠡᠭᠦᠯᠦᠨ ᠨᠢᠭᠡ ᠪᠣᠯᠭᠠᠬᠤ᠂ ᠬᠠᠮᠲᠤᠷᠠᠨ ᠦᠨᠡᠯᠡᠨ ᠵᠢᠱᠢᠬᠦ᠂ ᠬᠠᠮᠲᠤᠷᠠᠨ | ᠬᠢᠨᠠᠨ ᠪᠠᠶᠢᠴᠠᠭᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠤᠨ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ | ᠤᠨ ᠵᠥᠪᠰᠢᠶᠡᠷᠡᠯ ᠤᠯᠬᠤ ᠶᠢ ᠲᠦᠷᠬᠡᠨ ᠢᠶᠠᠷ ᠠᠬᠢᠭᠤᠯᠤᠨ᠎ᠠ᠃ | ︵ᠲᠥᠷᠪᠡ︶ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠡᠷᠡᠭᠯᠡᠨ᠎ᠡ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠲᠣᠪᠴᠢᠶ᠎ᠠ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠬᠤᠯᠪᠤᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠨᠠᠷᠢᠨ ᠲᠠᠩᠰᠠ ᠳᠤ ᠣᠷᠣᠭᠤᠯᠤᠭᠰᠠᠨ ᠦᠨᠡᠯᠡᠨ ᠵᠢᠱᠢᠬᠦ ᠵᠣᠶᠢᠯᠡᠰ ᠢ ᠵᠣᠶᠢᠯ ᠳᠠᠷᠠᠭᠠᠯᠠᠨ ᠬᠢᠨᠠᠨ | ᠬᠠᠷᠭᠤᠭᠤᠯᠵᠤ ᠰᠤᠳᠤᠯᠤᠭᠠᠳ᠂ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠨᠠᠷᠢᠯᠢᠭ ᠣᠨᠣᠴᠠᠲᠠᠶ ᠪᠣᠳᠠᠲᠠᠶ ᠰᠠᠨᠠᠯ ᠪᠠ | ᠬᠠᠮᠲᠤ ᠪᠠᠷ ᠡᠳ᠋ᠯᠡᠬᠦ ᠶᠢ ᠬᠢᠵᠠᠭᠠᠷᠯᠠᠬᠤ ᠨᠠᠷᠢᠨ ᠲᠠᠩᠰᠠ ᠶᠢᠨ ᠭᠠᠷᠴᠠᠭ ᠢ ᠳᠤᠷᠠᠳᠤᠨ ᠭᠠᠷᠭᠠᠬᠤ ᠶᠢᠨ ᠬᠠᠮᠲᠤ ᠴᠠᠭ | ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠴᠠᠭᠠᠨ ᠯᠠᠪᠯᠠᠬᠤ ᠳᠤ ᠲᠥᠬᠦᠮ | ᠦᠵᠡᠭᠦᠯᠦᠨ᠎ᠡ᠃ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠠᠮᠵᠢᠯᠴᠠᠬᠤ᠂ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠠᠩ ᠣᠯᠠᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ | ᠮᠡᠳᠡᠷᠡᠬᠦ᠂ ᠬᠠᠮᠲᠤ ᠪᠠᠷ ᠡᠳ᠋ᠯᠡᠬᠦ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ | ᠬᠥᠩᠭᠡᠷᠡᠭᠦᠯᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠬᠡᠨ ᠢᠶᠠᠷ | ᠠᠬᠢᠭᠤᠯᠬᠤ ᠪᠤᠯ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠬᠦ᠂ ᠲᠥᠷᠥᠯ ᠵᠣᠶᠢᠯ ᠤᠨ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠵᠢᠴᠢ ᠬᠦᠷᠢᠶᠡᠯᠡᠩ ᠲᠣᠭᠤᠷᠢᠭ ᠤᠨ ᠲᠥᠷᠥᠯ ᠵᠣᠶᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ᠂ ᠠᠵᠤ | ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠮᠥᠨ᠃ ᠡᠯ᠎ᠡ ᠬᠤᠰᠢᠭᠤ ᠲᠤᠭᠤᠷᠢᠭ᠂ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠬᠤᠰᠢᠭᠤ | ᠲᠤᠭᠤᠷᠢᠭ ᠬᠢᠭᠡᠳ ᠰᠠᠯᠠᠭ᠎ᠠ ᠮᠥᠴᠢᠷ᠂ ᠰᠠᠯᠠᠭ᠎ᠠ ᠮᠥᠴᠢᠷ ᠬᠢᠭᠡᠳ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ | ᠠᠰᠠᠭᠤᠳᠠᠯ ᠪᠠ ᠬᠦᠴᠢᠷᠳᠡᠯ ᠢ ᠦᠨᠡᠨ ᠬᠦ ᠰᠢᠢᠳᠪᠦᠷᠢᠯᠡᠵᠣ᠂ ᠠᠵᠢᠯ ᠢ ᠡᠮᠬᠢ ᠵᠢᠷᠤᠮ ᠲᠠᠢ ᠦᠷᠨᠢᠭᠦᠯᠬᠦ ᠶᠢ ᠦᠨᠡᠨ ᠬᠦ | ᠪᠠᠳᠤᠯᠠᠨ᠎ᠠ᠃ | ︵ᠬᠤᠶᠠᠷ︶ ᠬᠠᠷᠢᠭᠤᠴᠠᠯᠭ᠎ᠠ ᠶᠢ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ | ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢ ᠦᠨᠡᠯᠡᠨ ᠵᠢᠱᠢᠬᠦ | ᠠᠵᠢᠯ ᠢ ᠠᠬᠢᠭᠤᠯᠬᠤ ᠶᠢ ᠬᠠᠮᠳᠤᠪᠠᠷ ᠬᠠᠷᠢᠭᠤᠴᠠᠵᠣ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠲᠣᠪᠴᠢᠶ᠎ᠠ | ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠰᠤᠳᠤᠯᠤᠨ ᠳᠣᠭᠢᠷᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠢᠳᠡᠪᠬᠢᠲᠡᠶ ᠪᠠᠷ ᠬᠠᠮᠵᠢᠯᠴᠠᠨ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠷᠣᠨ ᠪᠦᠰᠡ | ᠶᠢᠨ ᠦᠨᠡᠯᠡᠨ ᠵᠢᠱᠢᠬᠦ ᠵᠠᠷᠤᠳᠠᠯ ᠤᠨ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠪᠠᠯᠠ ᠮᠥᠩᠭᠦ ᠶᠢᠨ ᠢᠷᠡᠯᠲᠡ ᠶᠢ ᠲᠣᠳᠣᠷᠬᠠᠶᠢᠯᠠᠨ᠂ ᠰᠢᠯᠭᠠᠨ ᠬᠢᠨᠠᠬᠤ ᠪᠠᠷᠢᠮᠵᠢᠶ᠎ᠠ ᠪᠠ ᠴᠠᠭ ᠤᠨ | ᠬᠢᠵᠠᠭᠠᠷ ᠤᠨ ᠱᠠᠭᠠᠷᠳᠠᠯᠭ᠎ᠠ ᠶᠢ ᠨᠠᠷᠢᠯᠢᠭᠵᠢᠭᠤᠯᠤᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠳ ᠬᠠᠷᠢᠶ᠎ᠠ ᠭᠠᠵᠠᠷ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠲᠥᠰᠦᠯ ᠢ ᠴᠢᠨᠠᠭᠰᠢᠳᠠ ᠨᠠᠷᠢᠯᠢᠬᠵᠢᠭᠤᠯᠤᠨ | ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠨ᠂ ᠬᠠᠮᠢᠶ᠎ᠠ ᠪᠥᠬᠦᠶ ᠠᠷᠭ᠎ᠠ ᠬᠡᠮᠵᠢᠶ᠎ᠡ ᠪᠠ | ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠤᠨ ᠵᠠᠷᠤᠳᠠᠯ ᠢ ᠪᠠᠲᠤᠯᠠᠨ᠂ ᠬᠦᠷᠢᠶᠡᠯᠡᠩ ᠲᠣᠭᠤᠷᠢᠭ ᠤᠨ | ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠬᠦ | ᠠᠬᠢᠴᠠ ᠶᠢ ᠲᠦᠷᠭᠡᠳᠬᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠣᠷᠣᠨ ᠪᠦᠰᠡ ᠶᠢᠨ | ᠦᠨᠡᠯᠡᠨ ᠵᠢᠱᠢᠬᠦ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠬᠢᠵᠦ᠂ ᠣᠷᠣᠨ ᠪᠦᠰᠡ | ᠶᠢᠨ ᠦᠨᠡᠯᠡᠨ ᠵᠢᠱᠢᠬᠦ ᠠᠵᠢᠯ ᠤᠨ ᠬᠠᠤᠯᠢ ᠲᠣᠭᠲᠠᠭᠠᠯ ᠶᠣᠰᠣᠭᠠᠷ ᠲᠦᠷᠭᠡᠨ ᠢᠶᠠᠷ ᠤᠷᠤᠭᠰᠢᠲᠠᠶ ᠶᠠᠪᠤᠭᠳᠠᠬᠤ ᠶᠢ ᠦᠨᠡᠨ ᠬᠦ | ᠪᠠᠳᠤᠯᠠᠨ᠎ᠠ᠃ | ︵ᠭᠤᠷᠪᠠ︶ ᠮᠥᠷᠳᠡᠨ ᠵᠢᠯᠣᠭᠤᠳᠴᠤ᠂ ᠬᠢᠨᠠᠨ ᠵᠢᠯᠣᠭᠤᠳᠬᠤ ᠪᠠᠨ ᠴᠢᠩᠭᠠᠳᠬᠠᠨ᠎ᠠ | ᠬᠤᠲᠠ ᠶᠢᠨ ᠰᠢᠭᠤᠳ ᠬᠠᠷᠢᠶ᠎ᠠ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠢᠳᠡᠪᠬᠢᠲᠡᠶ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠮᠡᠷᠭᠡᠵᠢᠯ ᠤᠨ ᠮᠥᠷᠳᠡᠨ | ᠵᠢᠯᠣᠭᠤᠳᠬᠤ ᠪᠠᠨ ᠴᠢᠩᠭᠠᠳᠬᠠᠨ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠮᠥᠷᠳᠡᠨ | ᠪᠠᠶᠢᠴᠠᠭᠠᠵᠣ ᠰᠤᠳᠤᠯᠬᠤ ᠶᠢᠨ ᠬᠠᠮᠲᠤ ᠰᠢᠢᠳᠪᠦᠷᠢᠯᠡᠬᠦ ᠲᠥᠰᠦᠯ ᠲᠤᠷᠠᠳᠤᠨ᠎ᠠ᠃ ᠠᠵᠤ ᠣᠶᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠡᠭᠦᠷᠭᠡ ᠶᠢ ᠠᠬᠢᠭᠤᠯᠤᠭᠰᠠᠨ ᠪᠠᠶᠢᠳᠠᠯ ᠤᠨ ᠠᠵᠢᠯ ᠤᠨ | ᠲᠣᠬᠢᠷᠠᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠣᠳᠠᠲᠠᠶ ᠨᠠᠶᠢᠳᠠᠪᠤᠷᠢᠵᠢᠭᠤᠯᠤᠨ᠂ | ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠨ᠎ᠠ᠃ ᠣᠷᠣᠨ ᠪᠦᠰᠡ ᠶᠢᠨ ᠦᠨᠡᠯᠡᠨ ᠵᠢᠱᠢᠯᠲᠡ ᠶᠢ | ᠥᠷᠨᠢᠭᠦᠯᠦᠭᠰᠡᠨ ᠪᠠᠶᠢᠳᠠᠯ ᠢ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠨ ᠤ ᠪᠣᠳᠠᠲᠤ ᠠᠮᠵᠢᠯᠲᠠ ᠶᠢ | ᠰᠢᠯᠭᠠᠨ ᠬᠢᠨᠠᠵᠤ ᠦᠨᠡᠯᠡᠬᠦ ᠲᠤᠭᠳᠠᠯᠴᠠᠭ᠎ᠠ ᠳᠤ ᠣᠷᠣᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠱᠠᠭᠠᠷᠳᠠᠨ ᠪᠠᠶᠢᠴᠠᠭᠠᠬᠤ ᠲᠠᠰᠤᠭ ᠨᠢ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠠᠵᠤ ᠣᠶᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ | ᠰᠤᠳᠤᠯᠵᠤ ᠬᠢᠨᠠᠨ ᠵᠢᠯᠣᠭᠤᠳᠬᠤ ᠪᠠᠨ ᠴᠢᠩᠭᠠᠳᠬᠠᠨ᠎ᠠ᠃ | | | | | | | |