ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠷᠳᠣᠰ ᠬᠤᠲᠠ ᠶᠢᠨ ︿ | ᠨᠢᠭᠡ ᠦᠨᠡᠮᠯᠡᠯ ᠢᠶᠠᠷ ᠨᠡᠪᠲᠡᠷᠡᠬᠦ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠲᠤᠭᠠᠶ᠃ | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 9 ᠰᠠᠷ᠎ᠠ ᠶᠢᠨ 16 ᠤ ᠡᠳᠦᠷ | | | | | ᠣᠷᠳᠣᠰ ᠬᠤᠲᠠ ᠶᠢᠨ ︽ᠨᠢᠭᠡ ᠦᠨᠡᠮᠯᠡᠯ ᠢᠶᠠᠷ ᠨᠡᠪᠲᠡᠷᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ | ᠬᠡᠷᠡᠭᠵᠢᠭᠦᠯᠬᠦ ᠲᠦᠰᠦᠯ | | ᠪᠥᠬᠦ ᠤᠯᠤᠰ ᠤᠨ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠬᠦᠨᠵᠡᠬᠡᠶᠢᠷᠡᠭᠦᠯᠵᠣ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ | ᠳ᠋ᠢᠶᠠᠩᠬᠤᠸᠠ ᠬᠤᠷᠠᠯ ᠪᠠ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠧᠯᠸᠢᠰ | ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠨ ᠤ | ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ︽ ᠤᠷᠤᠭᠤᠯᠬᠤ ᠶᠢ ᠵᠦᠪᠰᠢᠶᠡᠷᠡᠵᠣ ᠡᠵᠡᠩᠨᠡᠬᠦ ᠶᠢ ᠵᠦᠪᠰᠢᠶᠡᠷᠡᠬᠦ | ᠦᠬᠡᠢ︾ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ︽ᠨᠢᠭᠡ ᠤᠴᠢᠷ ᠶᠠᠪᠤᠳᠠᠯ︾ ᠢ ᠪᠦᠲᠦᠭᠡᠬᠦ ᠪᠠᠷ ᠤᠳᠤᠷᠢᠳᠤᠮᠵᠢ ᠪᠣᠯᠭᠠᠨ᠂ ᠠᠵᠢᠯ ᠲᠦᠷᠦᠯ ᠤᠨ ᠶᠡᠷᠦᠩᠬᠡᠶᠢᠯᠡᠭᠰᠡᠨ | ᠵᠥᠪᠰᠢᠶᠡᠷᠡᠯ ᠤᠨ ᠲᠦᠷᠢᠮ ᠢ ᠪᠠᠶᠢᠭᠤᠯᠵᠤ᠂ ᠨᠢᠭᠡ ᠠᠵᠢᠯ ᠲᠦᠷᠦᠯ ᠤᠨ ᠤᠷᠤᠭᠤᠯᠬᠤ ᠶᠢ ᠵᠦᠪᠰᠢᠶᠡᠷᠡᠬᠦ ᠡᠵᠡᠩᠨᠡᠬᠦ ᠶᠢ | ᠵᠦᠪᠰᠢᠶᠡᠷᠡᠬᠦ ᠳᠤ ᠬᠤᠯᠪᠣᠭᠳᠠᠭᠰᠠᠨ ᠤᠯᠠᠨ ᠵᠥᠪᠰᠢᠶᠡᠷᠡᠯ ᠤᠨ ᠦᠨᠡᠮᠯᠡᠯ ᠢ ᠨᠡᠶᠢᠯᠡᠭᠦᠯᠦᠭᠡᠳ ᠨᠢᠭᠡ ᠠᠵᠢᠯ ᠲᠦᠷᠦᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠵᠤ᠂ ᠨᠢᠭᠡ ᠠᠵᠢᠯ ᠲᠦᠷᠦᠯ ᠤᠨ ᠪᠦᠬᠦ ᠬᠡᠯᠬᠢᠶ᠎ᠡ ᠪᠠᠷ ᠵᠥᠪᠰᠢᠶᠡᠷᠡᠬᠦ᠂ | ᠤᠯᠠᠨ ᠤᠴᠢᠷ ᠶᠠᠪᠤᠳᠠᠯ ᠢ ᠨᠡᠶᠢᠯᠡᠭᠦᠯᠬᠦ᠂ ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠰᠢᠨ᠎ᠡ ᠵᠠᠭᠪᠤᠷ ᠢ | ᠪᠤᠢ ᠪᠣᠯᠭᠠᠨ᠎ᠠ᠃ ᠡᠩ ᠲᠡᠷᠢᠭᠦᠨ ᠳᠤ ︽ᠨᠢᠭᠡ ᠣᠴᠢᠷ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠵᠣᠶᠢᠯᠡᠰ ᠤᠨ | ᠳᠣᠲᠣᠷᠠᠬᠢ ᠭᠦᠢᠴᠡᠳᠬᠡᠬᠦ ᠳᠠᠪᠲᠠᠮᠵᠢ ᠨᠢ ᠥᠨᠳᠥᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠬᠠᠷᠢᠴᠠᠩᠭᠤᠶ ᠪᠠᠷ | ᠲᠥᠪᠯᠡᠷᠡᠭᠰᠡᠨ ᠠᠵᠢᠯ ᠲᠥᠷᠥᠯ ᠢ ︽ᠨᠢᠭᠡ ᠦᠨᠡᠮᠯᠡᠯ ᠢᠶᠠᠷ ᠨᠡᠪᠲᠡᠷᠡᠬᠦ︾ ᠬᠡᠪᠴᠢᠶᠡᠨ ᠳᠤ ᠣᠷᠣᠭᠤᠯᠤᠨ ᠪᠥᠬᠦ ᠬᠤᠲᠠ ᠳᠤ | ᠬᠡᠷᠡᠭᠵᠢᠭᠦᠯᠵᠦ᠂ ᠪᠤᠰᠤᠳ ᠠᠵᠢᠯ ᠲᠥᠷᠥᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠣᠶᠢᠯᠡᠰ ᠢ | ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠪᠦᠯᠦᠭ ᠬᠤᠪᠢᠶᠠᠨ ︽ᠨᠢᠭᠡ | ᠦᠨᠡᠮᠯᠡᠯ ᠢᠶᠠᠷ ᠨᠡᠪᠲᠡᠷᠡᠬᠦ︾ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠎ᠠ᠃ | ᠬᠤᠶᠠᠷ᠂ ᠭᠦᠢᠴᠡᠳᠬᠡᠬᠦ ᠠᠷᠭ᠎ᠠ ᠮᠠᠶ᠋ᠢᠭ | ᠭᠤᠶᠤᠴᠢᠯᠠᠭᠴᠢ ᠶᠢᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠵᠠᠷᠴᠢᠮ ᠶᠣᠰᠣᠭᠠᠷ᠂ ︽ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠶᠢ ᠨᠢᠭᠡ ᠴᠤᠩᠬᠤᠪᠴᠢ ᠪᠠᠷ ᠭᠥᠯᠢᠶᠡᠨ ᠠᠪᠴᠤ᠂ ᠠᠷᠤ | ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠤᠩᠬᠤᠪᠴᠢ ᠪᠠᠷ ᠨᠢᠭᠡᠳᠦᠯᠲᠡᠶ ᠦᠨᠡᠮᠯᠡᠯ | ᠣᠯᠭᠤᠬᠤ︾ ᠠᠵᠢᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ᠎ᠠ᠃ | ︵ᠨᠢᠭᠡ︶ ᠭᠤᠶᠤᠴᠢᠯᠠᠯ ᠭᠠᠷᠭᠠᠬᠤ᠃ | 1. ᠰᠦᠯᠵᠢᠶᠡᠨ ᠳᠡᠭᠡᠷ᠎ᠡ ᠮᠡᠳᠡᠭᠦᠯᠬᠦ᠃ ᠭᠤᠶᠤᠴᠢᠯᠠᠭᠴᠢ ᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠰᠦᠯᠵᠢᠶ᠎ᠡ ︵ᠣᠷᠳᠣᠰ︶ ᠶᠢᠨ ︽ᠮᠧᠩ ᠰᠦ ᠪᠠᠨ᠂ ᠨᠢᠬᠡ ᠤᠳᠠᠭ᠎ᠠ ᠳᠤ ᠭᠦᠢᠴᠡᠳᠬᠡᠬᠦ︾ ᠤᠴᠢᠷ | ᠶᠠᠪᠤᠳᠠᠯ ᠭᠦᠢᠴᠡᠳᠬᠡᠬᠦ ᠲᠤᠰᠬᠠᠶ ᠪᠤᠯᠤᠩ ᠳᠤ ᠭᠤᠶᠤᠴᠢᠯᠠᠨ ᠭᠦᠢᠴᠡᠳᠬᠡᠬᠦ ᠠᠵᠢᠯ ᠲᠥᠷᠥᠯ ᠪᠠ ᠵᠣᠶᠢᠯᠡᠰ ᠢ ᠰᠣᠩᠭᠤᠵᠤ᠂ | ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ᠂ ᠠᠷᠤ ᠲᠠᠪᠴᠠᠩ ᠳᠤ ᠬᠠᠷᠭᠤᠭᠤᠯᠤᠨ ᠪᠠᠶᠢᠴᠠᠭᠠᠬᠤ ᠪᠠ | ᠬᠢᠨᠠᠨ ᠵᠥᠪᠰᠢᠶᠡᠷᠡᠬᠦ ᠲᠠᠰ ᠳᠠᠷᠠᠭᠠᠯᠠᠯ ᠳᠤ ᠣᠷᠣᠭᠤᠯᠤᠨ᠎ᠠ᠃ | 2. ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ᠃ ᠭᠤᠶᠤᠴᠢᠯᠠᠭᠴᠢ ᠨᠢ ᠬᠤᠲᠠ᠂ ᠬᠤᠰᠢᠭᠤ ᠲᠣᠭᠤᠷᠢᠭ ᠤᠨ | ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ︽ᠮᠧᠩ ᠰᠦ ᠪᠠᠨ · ᠨᠢᠭᠡ ᠤᠳᠠᠭ᠎ᠠ ᠳᠤ ᠭᠦᠢᠴᠡᠳᠬᠡᠬᠦ | ︾ ᠴᠤᠩᠬᠤᠪᠴᠢ ᠪᠠᠷ ᠳᠡᠮᠵᠢᠨ ᠭᠤᠶᠤᠴᠢᠯᠠᠯ ᠤᠨ ᠮᠠᠲ᠋ᠧᠷᠢᠶᠠᠯ ᠢᠶᠠᠨ ᠨᠢᠭᠡᠯᠡ ᠤᠳᠠᠭ᠎ᠠ ᠲᠤᠰᠢᠶᠠᠭᠰᠠᠨ ᠤ ᠳᠠᠷᠠᠭ᠎ᠠ᠂ | ᠲᠥᠷᠥᠯ ᠬᠤᠪᠢᠶᠠᠨ ᠠᠷᠤ ᠲᠠᠪᠴᠠᠩ ᠳᠤ ᠰᠢᠯᠵᠢᠭᠦᠯᠦᠨ ᠬᠢᠨᠠᠨ ᠵᠦᠪᠰᠢᠶᠡᠷᠡᠨ᠎ᠡ᠃ | ︵ᠬᠤᠶᠠᠷ︶ ᠠᠷᠤ ᠲᠠᠪᠴᠠᠩ ᠳᠤ ᠬᠢᠨᠠᠨ ᠵᠥᠪᠰᠢᠶᠡᠷᠡᠨ᠎ᠡ᠃ ᠶᠡᠷᠦᠩᠬᠡᠶᠢᠯᠡᠭᠰᠡᠨ ᠴᠤᠩᠬᠤᠪᠴᠢ ᠪᠠᠷ ᠭᠥᠯᠢᠶᠡᠨ | ᠠᠪᠤᠭᠰᠠᠨ ᠭᠤᠶᠤᠴᠢᠯᠠᠯ ᠤᠨ ᠮᠠᠲ᠋ᠧᠷᠢᠶᠠᠯ ᠢ ᠡᠯᠤᠺᠲᠷᠤᠨᠴᠢᠯᠠᠬᠰᠠᠨ ᠪᠤᠶᠤ ᠮᠠᠲ᠋ᠧᠷᠢᠶᠠᠯ ᠢ ᠡᠷᠬᠢᠯᠳᠦᠭᠦᠯᠬᠦ ᠠᠷᠭ᠎ᠠ | ᠮᠠᠶ᠋ᠢᠭ ᠢᠶᠠᠷ ᠬᠤᠯᠪᠤᠭᠳᠠᠯ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠨ ᠦᠭᠴᠣ᠂ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠨᠢ ᠠᠮᠠᠯᠠᠭᠰᠠᠨ ᠴᠠᠭ ᠤᠨ ᠬᠢᠵᠠᠭᠠᠷ ᠶᠣᠰᠣᠭᠠᠷ ᠬᠢᠨᠠᠨ ᠵᠥᠪᠰᠢᠶᠡᠷᠡᠵᠦ᠂ ᠭᠦᠢᠴᠡᠳᠭᠡᠭᠰᠡᠨ ᠦᠷ᠎ᠡ | ᠳ᠋ᠦᠩ ᠢᠶᠠᠨ ᠶᠡᠷᠦᠩᠬᠡᠶᠢᠯᠡᠭᠰᠡᠨ ᠴᠤᠩᠬᠤᠪᠴᠢ ᠳᠤ ᠬᠦᠷᠬᠡᠨ᠎ᠡ᠃ | ︵ᠭᠤᠷᠪᠠ︶ ᠨᠢᠭᠡᠳᠦᠯᠲᠡᠶ ᠦᠨᠡᠮᠯᠡᠯ ᠭᠠᠷᠭᠠᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠠᠶᠢᠭ᠎ᠠ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠮᠡᠳᠡᠭᠳᠡᠵᠦ᠂ | ᠶᠡᠷᠦᠩᠬᠡᠶᠢᠯᠡᠭᠰᠡᠨ ᠴᠤᠩᠬᠤᠪᠴᠢ ᠠᠴᠠ ᠲᠤᠬᠠᠶ ᠶᠢᠨ ᠲᠠᠯᠠᠪᠤᠷ ᠲᠤᠨᠢ ᠲᠤᠰᠢᠶᠠᠬᠤ᠂ ᠰᠤᠶᠢᠳᠬᠡᠯ ᠬᠤᠷᠢᠶᠠᠬᠤ ᠥᠬᠡᠶ ᠪᠠᠷ | ᠢᠯᠡᠭᠡᠬᠦ᠂ ᠰᠦᠯᠵᠢᠶᠡᠨ ᠳᠡᠭᠡᠷ᠎ᠡ ᠳᠠᠮᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠥᠬᠦᠶ ᠦᠨᠡᠮᠯᠡᠯ ᠢ ᠨᠢᠭᠡᠳᠦᠯᠲᠡᠶ | ᠬᠦᠷᠭᠡᠬᠦ ᠶᠢᠨ ᠬᠠᠮᠲᠤ ᠪᠠᠶᠢᠴᠠᠭᠠᠨ ᠯᠠᠪᠯᠠᠬᠤ ᠠᠷᠭ᠎ᠠ ᠵᠠᠮ ᠢ ᠨᠡᠶᠢᠳᠡᠯᠡᠨ᠎ᠡ᠃ ᠭᠤᠶᠤᠴᠢᠯᠠᠭᠴᠢ ᠨᠢ ᠬᠤᠯᠪᠣᠭᠳᠠᠯ ᠪᠦᠬᠦᠢ | ᠭᠠᠭᠴᠠ ᠵᠦᠢᠯ ᠤᠨ ᠵᠥᠪᠰᠢᠶᠡᠷᠡᠯ ᠤᠨ ᠦᠨᠡᠮᠯᠡᠯ ᠢ ᠬᠡᠷᠡᠭᠰᠡᠬᠦ ᠴᠢᠬᠤᠯᠠᠲᠠᠶ ᠪᠠᠶᠢᠪᠠᠯ᠂ ᠠᠵᠢᠯ ᠲᠦᠷᠦᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠲᠠᠢ ᠬᠠᠮᠲᠤ ᠳᠤᠨᠢ ᠬᠢᠨᠠᠨ ᠣᠯᠭᠤᠨ᠎ᠠ᠃ ᠠᠵᠢᠯ ᠲᠥᠷᠥᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠲᠡᠮᠳᠡᠭᠯᠡᠨ ᠲᠣᠳᠣᠷᠬᠠᠶᠢᠯᠠᠭᠰᠠᠨ ᠭᠠᠭᠴᠠ ᠵᠣᠶᠢᠯ ᠤᠨ ᠵᠠᠰᠠᠭ | ᠵᠠᠬᠢᠷᠭᠠᠨ ᠤ ᠵᠥᠪᠰᠢᠶᠡᠷᠡᠯ ᠳᠤ ᠬᠤᠪᠢᠷᠠᠯᠲᠠ ᠭᠠᠷᠬᠤ᠂ ᠦᠷᠭᠦᠯᠵᠢᠯᠡᠬᠦ᠂ ᠬᠦᠴᠦᠨ ᠥᠬᠡᠶ ᠪᠣᠯᠬᠤ ᠳᠤ᠂ ᠬᠤᠯᠪᠤᠭᠳᠠᠯ | ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠵᠢᠯ ᠲᠥᠷᠥᠯ ᠤᠨ ᠶᠡᠷᠦᠩᠬᠡᠶᠢᠯᠡᠭᠰᠡᠨ | ᠵᠥᠪᠰᠢᠶᠡᠷᠡᠯ ᠤᠨ ᠦᠨᠡᠮᠯᠡᠯ ᠣᠯᠭᠤᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠪᠤᠶᠤ ᠵᠠᠬᠢᠳᠠᠯ ᠢᠶᠠᠷ | ᠮᠡᠳᠡᠭᠳᠡᠵᠦ᠂ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠡᠭᠡᠷ᠎ᠡ ᠨᠡᠮᠡᠭᠰᠡᠨ ᠵᠣᠬᠢᠴᠠᠩᠭᠤᠶ ᠵᠠᠰᠠᠭ | ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ ᠶᠢ ᠬᠤᠪᠢᠷᠠᠭᠤᠯᠬᠤ ᠪᠤᠶᠤ ᠬᠠᠰᠤᠵᠤ᠂ ᠦᠨᠡᠮᠯᠡᠯ ᠭᠠᠷᠳᠠᠭᠴᠢ ᠳᠤ ᠴᠠᠭ | ᠲᠤᠬᠠᠶ ᠳᠤᠨᠢ ᠰᠤᠶᠢᠳᠬᠡᠯ ᠬᠤᠷᠢᠶᠠᠬᠤ ᠥᠬᠡᠶ ᠪᠠᠷ ᠰᠢᠨ᠎ᠡ ᠦᠨᠡᠮᠯᠡᠯ ᠢ ᠰᠣᠯᠢᠵᠤ ᠦᠭᠭᠦᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ︽ᠨᠢᠭᠡ ᠬᠠᠭᠤᠳᠠᠰᠤ ᠪᠠᠷ ᠮᠡᠳᠡᠭᠳᠡᠬᠦ︾᠃ ︽ᠨᠢᠭᠡ ᠦᠨᠡᠮᠯᠡᠯ ᠢᠶᠠᠷ ᠨᠡᠪᠲᠡᠷᠡᠬᠦ︾ ᠬᠡᠪᠴᠢᠶᠡᠨ ᠳᠤ | ᠣᠷᠣᠭᠤᠯᠤᠭᠰᠠᠨ ᠬᠢᠨᠠᠨ ᠵᠥᠪᠰᠢᠶᠡᠷᠡᠬᠦ ᠣᠶᠢᠯᠡᠴᠢᠯᠡᠬᠡᠨ ᠤ ᠵᠣᠶᠢᠯᠡᠰ ᠲᠤ᠂ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ | ᠨᠢᠭᠡ ᠠᠵᠢᠯ ᠲᠥᠷᠥᠯ ᠤᠨ ᠣᠯᠠᠨ ᠵᠥᠪᠰᠢᠶᠡᠷᠡᠯ ᠤᠨ ᠦᠨᠡᠮᠯᠡᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠨᠥᠬᠦᠴᠡᠯ ᠢ | ᠪᠠᠷᠢᠮᠵᠢᠶᠠᠵᠢᠭᠤᠯᠤᠨ ᠬᠤᠷᠠᠮᠳᠤᠭᠤᠯᠵᠤ᠂ ᠵᠥᠪ ᠣᠨᠣᠪᠴᠢᠲᠠᠶ᠂ ᠲᠣᠳᠣᠷᠬᠠᠶ᠂ ᠣᠶᠢᠯᠠᠭᠠᠮᠵᠢᠲᠠᠶ ᠤᠴᠢᠷ ᠶᠠᠪᠤᠳᠠᠯ | ᠭᠦᠢᠴᠡᠳᠬᠡᠬᠦ ᠵᠦᠭᠯᠡᠭᠦᠷ ᠪᠠ ᠭᠦᠢᠴᠡᠳᠬᠡᠬᠦ ᠴᠤᠪᠤᠷᠠᠯ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ ︽ᠨᠢᠭᠡ ᠯᠡ | ᠤᠳᠠᠭ᠎ᠠ ᠳᠤ ᠮᠡᠳᠡᠭᠳᠡᠬᠦ︾ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ | ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ︵ᠬᠤᠶᠠᠷ︶ ︽ᠨᠢᠭᠡ ᠢᠵᠢ ᠮᠠᠲ᠋ᠧᠷᠢᠶᠠᠯ︾᠃ ︽ᠨᠢᠬᠡ ᠦᠨᠡᠮᠯᠡᠯ ᠢᠶᠠᠷ ᠨᠡᠪᠲᠡᠷᠡᠬᠦ︾ ᠠᠵᠢᠯ ᠲᠥᠷᠥᠯ ᠤᠨ | ᠭᠤᠶᠤᠴᠢᠯᠠᠯ ᠤᠨ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠠᠵᠢᠯ ᠲᠥᠷᠥᠯ ᠤᠨ ᠪᠣᠢ ᠪᠦᠬᠦᠢ ᠵᠥᠪᠰᠢᠶᠡᠷᠡᠯ | ᠤᠨ ᠵᠣᠶᠢᠯᠡᠰ ᠤᠨ ᠭᠤᠶᠤᠴᠢᠯᠠᠯ ᠤᠨ ᠮᠠᠲ᠋ᠧᠷᠢᠶᠠᠯ ᠪᠠ ᠪᠢᠴᠢᠭ ᠬᠠᠷ᠎ᠠ ᠶᠢ ᠡᠮᠬᠢᠯᠡᠨ ᠨᠡᠶᠢᠯᠡᠭᠦᠯᠵᠦ᠂ ᠲᠤᠰᠢᠶᠠᠬᠤ ᠮᠠᠲ᠋ᠧᠷᠢᠶᠠᠯ | ᠤᠨ ᠵᠢᠷᠤᠮᠵᠢᠯ ᠪᠠ ᠪᠢᠴᠢᠭ ᠬᠠᠷ᠎ᠠ ᠶᠢᠨ ᠵᠠᠭᠪᠤᠷ ᠢ ᠲᠣᠭᠲᠠᠭᠠᠨ᠂ ᠵᠥᠪᠰᠢᠶᠡᠷᠡᠯ ᠭᠤᠶᠤᠴᠢᠯᠠᠬᠤ ︽ᠨᠢᠭᠡ ᠢᠵᠢ ᠮᠠᠲ᠋ᠧᠷᠢᠶᠠᠯ | ︾ ᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ | ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ | ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 | ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ︵ᠭᠤᠷᠪᠠ︶ ︽ᠨᠢᠭᠡ ᠴᠤᠩᠬᠤᠪᠴᠢ ᠪᠠᠷ ᠰᠢᠢᠳᠪᠦᠷᠢᠯᠡᠬᠦ︾᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ | ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠰᠢᠢᠳᠪᠦᠷᠢᠯᠡᠬᠦ | ᠴᠤᠩᠬᠤᠪᠴᠢ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢᠨ ᠬᠠᠮᠲᠤ᠂ ᠣᠶᠢᠯᠡᠴᠢᠯᠡᠬᠡᠨ ᠤ ᠲᠤᠰᠬᠠᠶ ᠠᠵᠢᠯᠳᠠᠨ | ᠳᠣᠭᠢᠷᠠᠭᠤᠯᠵᠤ᠂ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ᠂ ᠭᠤᠶᠤᠴᠢᠯᠠᠯ ᠢ | ᠰᠢᠢᠳᠪᠦᠷᠢᠯᠡᠬᠦ᠂ ᠮᠠᠲ᠋ᠧᠷᠢᠶᠠᠯ ᠢ ᠡᠷᠭᠢᠯᠳᠦᠭᠦᠯᠬᠦ᠂ ᠲᠤᠬᠠᠶᠢᠯᠠᠭᠰᠠᠨ ᠠᠵᠢᠯ ᠢ ᠵᠣᠬᠢᠴᠠᠭᠤᠯᠬᠤ᠂ ᠦᠨᠡᠮᠯᠡᠯ ᠣᠯᠭᠤᠬᠤ᠂ | ᠲᠠᠩᠰᠠ ᠡᠪᠬᠡᠮᠡᠯ ᠢ ᠬᠠᠳᠠᠭᠠᠯᠠᠬᠤ ᠵᠡᠷᠭᠡ ᠠᠵᠢᠯ ᠢ ᠨᠢᠭᠡᠳᠦᠯᠲᠡᠶ ᠬᠠᠷᠢᠭᠤᠴᠠᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠰᠠᠯᠠᠭ᠎ᠠ ᠮᠥᠴᠢᠷ ᠠᠴᠠ ᠨᠢᠭᠡᠳᠦᠯᠲᠡᠶ ᠳᠣᠭᠢᠷᠠᠭᠤᠯᠤᠨ ᠬᠠᠮᠢᠶᠠᠷᠤᠨ᠎ᠠ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ︵ᠳᠥᠷᠪᠡ︶ ︽ᠨᠢᠭᠡ ᠯᠡ ᠴᠤᠩᠬᠤᠪᠴᠢ ᠪᠠᠷ ᠬᠢᠨᠠᠨ ᠵᠦᠪᠰᠢᠶᠡᠷᠡᠬᠦ︾᠃ ︽ᠨᠢᠭᠡ ᠬᠠᠭᠤᠳᠠᠰᠤ ᠪᠠᠷ ᠮᠡᠳᠡᠭᠳᠡᠬᠦ︾ ᠪᠠ | ︽ᠨᠢᠭᠡ ᠢᠵᠢ ᠮᠠᠲ᠋ᠧᠷᠢᠶᠠᠯ︾ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠵᠢᠯ ᠲᠥᠷᠥᠯ ᠤᠨ ᠣᠯᠠᠨ ᠵᠣᠶᠢᠯᠡᠰ ᠲᠤ | ᠬᠤᠯᠪᠣᠭᠳᠠᠬᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠪᠠ ᠳᠣᠲᠣᠭᠠᠳᠤ ᠶᠢᠨ ᠬᠢᠨᠠᠨ ᠵᠥᠪᠰᠢᠶᠡᠷᠡᠬᠦ ᠴᠤᠪᠤᠷᠠᠯ ᠢ | ᠰᠢᠯᠢᠳᠡᠭᠵᠢᠭᠦᠯᠵᠦ᠂ ᠣᠯᠠᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠶᠢ ᠨᠢᠭᠡ ᠰᠠᠯᠠᠭ᠎ᠠ ᠮᠥᠴᠢᠷ ᠢᠶᠠᠷ | ᠲᠦᠷᠦᠭᠦᠯᠡᠭᠦᠯᠦᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠨ | ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ | ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ | ᠰᠡᠭᠦᠯᠴᠢ︶ | ︵ᠲᠠᠪᠤ︶ ︽ᠨᠢᠭᠡ ᠦᠨᠡᠮᠯᠡᠯ ᠢᠶᠠᠷ ᠡᠵᠡᠩᠨᠡᠯᠲᠡ ᠶᠢ ᠵᠥᠪᠰᠢᠶᠡᠷᠡᠬᠦ︾᠃ ᠨᠢᠭᠡ ᠠᠵᠢᠯ ᠲᠥᠷᠥᠯ ᠤᠨ ᠤᠷᠤᠭᠤᠯᠬᠤ ᠶᠢ | ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠭᠰᠠᠨ ᠣᠯᠠᠨ ᠵᠥᠪᠰᠢᠶᠡᠷᠡᠯ ᠤᠨ ᠦᠨᠡᠮᠯᠡᠯ ᠢ ᠨᠢᠭᠡ ᠠᠵᠢᠯ | ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠨ ᠨᠢᠭᠡᠳᠬᠡᠬᠦ ᠶᠢᠨ ᠬᠠᠮᠲᠤ᠂ ᠨᠢᠭᠡ ᠠᠵᠢᠯ ᠲᠥᠷᠥᠯ | ᠤᠨ ᠤᠷᠤᠭᠤᠯᠬᠤ ᠶᠢ ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠭᠰᠠᠨ ᠪᠣᠢ ᠪᠦᠬᠦᠢ ᠵᠥᠪᠰᠢᠶᠡᠷᠡᠯ ᠤᠨ | ᠦᠨᠡᠮᠯᠡᠯ ᠤᠨ ᠮᠡᠳᠡᠭᠡ ᠵᠠᠩᠭᠢ ᠶᠢ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠤᠨ ᠮᠡᠷᠬᠡᠨ | ᠴᠣᠬᠤᠷ ᠳᠡᠭᠡᠷ᠎ᠡ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠨ ᠲᠠᠮᠠᠭ᠎ᠠ ᠶᠢ ᠳᠠᠷᠤᠵᠤ | ᠂ ︽ᠨᠢᠭᠡ ᠦᠨᠡᠮᠯᠡᠯ ᠢᠶᠠᠷ ᠡᠵᠡᠩᠨᠡᠯᠲᠡ ᠶᠢ ᠵᠥᠪᠰᠢᠶᠡᠷᠡᠵᠦ᠂ ᠮᠡᠷᠬᠡᠨ ᠴᠤᠬᠤᠷ ᠢᠶᠠᠷ ᠦᠨᠡᠮᠯᠡᠯ ᠢ ᠤᠷᠤᠯᠠᠬᠤ︾ ᠶᠢ | ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 | ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ︵ᠵᠢᠷᠭᠤᠭ᠎ᠠ︶ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾᠃ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ | ᠭᠦᠢᠴᠡᠳ ᠪᠠᠶᠢᠪᠠᠯ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ︔ ᠭᠤᠶᠤᠴᠢᠯᠠᠯ ᠤᠨ ᠮᠠᠲ᠋ᠧᠷᠢᠶᠠᠯ ᠤᠨ ᠳᠡᠳ᠋ᠯᠡᠬᠦ | ᠨᠥᠬᠦᠴᠡᠯ ᠢᠶᠠᠷ ᠳᠤᠲᠠᠮᠠᠭ ᠪᠠᠶᠢᠪᠠᠯ᠂ ᠲᠤᠬᠠᠶ ᠶᠢᠨ ᠬᠥᠮᠦᠨ ᠨᠢ ᠨᠦᠬᠦᠪᠦᠷᠢᠯᠡᠬᠦ ᠪᠠᠷ ᠠᠮᠠᠯᠠᠭᠰᠠᠨ ᠤ ᠳᠠᠷᠠᠭ᠎ᠠ᠂ ᠭᠤᠤᠯ | ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠭᠦᠢᠴᠡᠳᠬᠡᠵᠣ ᠦᠭᠬᠦ᠂ ᠠᠮᠠᠯᠠᠯᠲᠠ ᠪᠠᠨ ᠮᠡᠳᠡᠭᠳᠡᠬᠦ ᠠᠷᠭ᠎ᠠ ᠮᠠᠶ᠋ᠢᠭ ᠢ ᠠᠪᠴᠤ | ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ | ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ︽ᠨᠢᠭᠡ ᠦᠨᠡᠮᠯᠡᠯ ᠢᠶᠠᠷ ᠨᠡᠪᠲᠡᠷᠡᠬᠦ︾ | ᠥᠭᠡᠷᠡᠴᠢᠯᠡᠯᠲᠡ ᠪᠣᠯ ᠮᠠᠨ ᠤ ᠬᠤᠲᠠ ᠶᠢᠨ ︽ᠮᠧᠩ ᠰᠦ ᠪᠠᠨ · ᠨᠢᠭᠡ ᠯᠡ ᠤᠳᠠᠭ᠎ᠠ ᠳᠤ ᠭᠦᠢᠴᠡᠳᠬᠡᠬᠦ︾ | ᠥᠭᠡᠷᠡᠴᠢᠯᠡᠯᠲᠡ ᠶᠢᠨ ᠠᠵᠢᠯ ᠤᠨ ᠲᠤᠬᠠᠶ ᠭᠦᠨᠵᠡᠭᠡᠶ ᠰᠦᠪᠡᠭᠴᠢᠯᠡᠭᠰᠡᠨ ᠣᠶᠢᠯᠡᠳᠦᠯᠬᠡ ᠪᠣᠯᠤᠨ᠎ᠠ᠃ ᠡᠯ᠎ᠡ ᠬᠤᠰᠢᠭᠤ | ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ︽ᠨᠢᠬᠡ ᠦᠨᠡᠮᠯᠡᠯ ᠢᠶᠠᠷ ᠨᠡᠪᠲᠡᠷᠡᠬᠦ︾ | ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠣᠬᠢᠴᠠᠭᠤᠯᠤᠨ ᠠᠬᠢᠭᠤᠯᠬᠤ᠂ ᠬᠢᠨᠠᠨ ᠬᠠᠮᠢᠶᠠᠷᠬᠤ | ᠵᠡᠷᠭᠡ ᠠᠵᠢᠯ ᠢ ᠰᠠᠶᠢᠲᠤᠷ ᠬᠢᠵᠦ᠂ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠰᠠᠯᠠᠭ᠎ᠠ ᠮᠥᠴᠢᠷ ᠤᠳ ᠲᠣᠰ ᠱᠠᠲᠤᠨ ᠤ ᠬᠤᠯᠪᠤᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠥᠭᠡᠷᠡᠴᠢᠯᠡᠯᠲᠡ ᠶᠢ | ᠠᠬᠢᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠡᠷᠲᠡᠬᠡᠨ | ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃ | ︵ᠬᠤᠶᠠᠷ︶ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠨ᠎ᠠ᠃ ᠠᠵᠢᠯ ᠲᠥᠷᠥᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠣᠲᠣ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠵᠣᠶᠢᠯᠡᠰ ᠢ | ᠬᠦᠴᠦᠨ ᠥᠬᠡᠶ ᠪᠣᠯᠭᠠᠬᠤ ᠥᠬᠡᠶ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠪᠡᠶᠡᠴᠢ ᠴᠣᠭᠴᠠ᠂ ᠬᠠᠤᠯᠢ | ᠴᠠᠭᠠᠵᠠ ᠶᠢᠨ ᠬᠦᠴᠦᠨ ᠪᠠ ᠬᠠᠤᠯᠢ ᠴᠠᠭᠠᠵᠠ ᠶᠢᠨ ᠬᠠᠷᠢᠴᠠᠭ᠎ᠠ ᠶᠢ ᠬᠤᠪᠢᠷᠠᠭᠤᠯᠬᠤ ᠥᠬᠡᠶ᠂ ᠵᠠᠰᠠᠭ ᠵᠠᠬᠢᠷᠭᠠᠨ ᠤ | ᠵᠥᠪᠰᠢᠶᠡᠷᠡᠯ ᠢ ᠬᠡᠷᠡᠭᠵᠢᠭᠦᠯᠦᠭᠰᠡᠨ ᠠᠴᠠ ᠪᠣᠯᠤᠭᠰᠠᠨ ᠵᠠᠰᠠᠭ ᠵᠠᠬᠢᠷᠭᠠᠨ ᠤ ᠵᠠᠷᠭᠤ ᠪᠤᠶᠤ ᠵᠠᠰᠠᠭ ᠵᠠᠬᠢᠷᠭᠠᠨ ᠤ ᠳᠠᠬᠢᠨ | ᠵᠥᠪᠯᠡᠬᠦ ᠶᠢ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠡᠭᠦᠷᠭᠡᠯᠡᠨ᠎ᠡ᠃ ᠠᠵᠢᠯ ᠲᠥᠷᠥᠯ | ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠬᠤᠷᠠᠮᠳᠤᠭᠰᠠᠨ ᠵᠥᠪᠰᠢᠶᠡᠷᠡᠯ ᠤᠨ ᠮᠡᠳᠡᠭᠡ ᠵᠠᠩᠭᠢ ᠨᠢ ᠬᠤᠯᠪᠣᠭᠳᠠᠯ | ᠪᠥᠬᠦᠶ ᠭᠠᠭᠴᠠ ᠵᠣᠶᠢᠯ ᠤᠨ ᠵᠥᠪᠰᠢᠶᠡᠷᠡᠯ ᠤᠨ ᠦᠨᠡᠮᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠪᠠᠶᠢᠵᠤ᠂ | ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠢ ᠪᠥᠬᠦ ᠬᠤᠲᠠ ᠳᠤ ᠨᠡᠶᠢᠳᠡᠮ ᠬᠡᠷᠡᠭᠯᠡᠨ᠎ᠡ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ | ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ | ᠨᠡᠶᠢᠭᠡᠮ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ︽ᠨᠢᠬᠡ ᠦᠨᠡᠮᠯᠡᠯ ᠢᠶᠠᠷ ᠨᠡᠪᠲᠡᠷᠡᠬᠦ︾ ᠥᠭᠡᠷᠡᠴᠢᠯᠡᠯᠲᠡ ᠶᠢᠨ | ᠨᠡᠶᠢᠭᠡᠮ ᠤᠨ ᠲᠠᠨᠢᠯᠲᠠ ᠪᠠ ᠠᠵᠤ ᠠᠬᠤᠶᠢᠯᠠᠯ ᠣᠯᠠᠨ ᠲᠦᠮᠡᠨ ᠤ ᠮᠡᠳᠡᠷᠡᠬᠦ ᠰᠡᠳᠬᠢᠯᠭᠡ ᠶᠢ ᠲᠡᠭᠡᠭᠰᠢᠯᠡᠭᠦᠯᠦᠨ᠎ᠡ᠃ ᠡᠯ᠎ᠡ | ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ︽ᠨᠢᠬᠡ | ᠦᠨᠡᠮᠯᠡᠯ ᠢᠶᠠᠷ ᠨᠡᠪᠲᠡᠷᠡᠬᠦ︾ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠬᠦ ᠶᠢ | ᠵᠣᠷᠢᠭᠵᠢᠭᠤᠯᠵᠤ᠂ ᠨᠢᠭᠡ ᠪᠦᠯᠦᠭ ᠪᠣᠯᠪᠠᠰᠤᠷᠠᠩᠭᠤᠶ ᠪᠣᠯᠪᠠᠯ ᠨᠢᠭᠡ ᠪᠦᠯᠦᠭ ᠢ ᠨᠡᠶᠢᠲᠡᠯᠡᠵᠦ᠂ ᠨᠢᠭᠡ ᠪᠦᠯᠦᠭ ᠢ | ᠬᠡᠷᠡᠭᠵᠢᠭᠦᠯᠦᠨ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | | | |