ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢ ᠬᠤᠲᠠ | ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ | ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠳᠡᠯᠡᠶ᠎ᠡ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 9 ᠰᠠᠷ᠎ᠠ ᠶᠢᠨ 15 ᠤ ᠡᠳᠦᠷ | | | | | ᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠪᠦᠬᠦ ᠬᠤᠲᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠤᠨ ᠬᠢᠷᠢ ᠲᠦᠪᠰᠢᠨ ᠢ | ᠲᠡᠭᠡᠭᠰᠢᠯᠡᠭᠦᠯᠵᠣ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶᠢᠯᠡᠳᠭᠦᠨ ᠤ ᠶᠠᠰᠤ ᠴᠢᠨᠠᠷ | ᠤᠨ ᠬᠠᠤᠯᠢ︾ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇ | 2017﹈ 24 ᠳ᠋ᠤᠬᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ | ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2019﹈ 7 ᠳ᠋ᠤᠭᠠᠷ ᠲᠣᠭᠠᠲᠤ︶ ᠢ ᠦᠨᠳᠦᠰᠦᠯᠡᠨ᠂ ᠣᠷᠳᠣᠰ ᠬᠤᠲᠠ ᠶᠢᠨ ᠪᠤᠳᠠᠳᠤ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠤᠷᠳᠤᠰ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ︵ᠳᠣᠷᠣᠭᠰᠢ ᠬᠤᠳᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠡᠵᠦ ᠨᠡᠷᠡᠶᠢᠳᠦᠨ᠎ᠡ︶ ᠪᠣᠯ ᠤᠷᠳᠤᠰ ᠬᠤᠳᠠ ᠶᠢᠨ ᠠᠷᠠᠳ ᠤᠨ ᠵᠠᠰᠠᠭ ᠤᠨ | ᠣᠷᠳᠣᠨ ᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠤᠨ ᠱᠠᠩᠨᠠᠯ ᠤᠨ ᠲᠦᠷᠦᠯ ᠵᠦᠢᠯ | ᠪᠣᠯᠤᠨ᠎ᠠ᠂ ᠭᠤᠣᠯᠳᠠᠭᠤ ᠭᠠᠷᠮᠠᠭᠠᠶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ | ᠦᠢᠯᠡᠳᠬᠦᠨ ᠤ ᠦᠢᠯᠡᠳᠪᠦᠷᠢᠯᠡᠯ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠦᠢᠯᠡᠴᠢᠯᠡᠭᠡ ᠬᠠᠩᠭᠠᠬᠤ ᠵᠡᠷᠭᠡ ᠲᠠᠯ᠎ᠠ | ᠪᠠᠷ ᠪᠦᠬᠦ ᠬᠤᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ᠂ | ᠢᠯᠡᠳᠲᠡ ᠠᠵᠢᠯ ᠲᠦᠷᠦᠯ ᠤᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠰᠢᠯᠢᠳᠡᠭ | ᠵᠣᠬᠢᠶᠠᠨ ᠪᠠᠶᠢᠭᠤᠯᠤᠯᠲᠠ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠳᠤ ᠲᠤᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠬᠤᠪᠢ ᠬᠥᠮᠦᠨ ᠳᠤ ᠣᠯᠭᠤᠭᠰᠠᠨ ᠢᠷᠠᠭᠤ ᠠᠯᠳᠠᠷ ᠤᠨ ᠱᠠᠩᠨᠠᠯ ᠤᠨ ᠲᠦᠷᠦᠯ ᠵᠦᠢᠯ ᠪᠣᠯᠤᠨ᠎ᠠ᠃ ᠠᠶᠤᠯ | ᠦᠬᠡᠢ ᠦᠢᠯᠡᠳᠪᠦᠷᠢᠯᠡᠯ ᠤᠨ ᠥᠨᠳᠥᠷ ᠪᠦᠲᠦᠮᠵᠢ ᠲᠠᠢ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠤᠨ | ᠪᠠᠷᠢᠮᠵᠢᠶ᠎ᠠ ᠳᠤ ᠬᠦᠷᠦᠭᠰᠡᠨ᠂ ᠪᠣᠬᠢᠷᠲᠤᠯ ᠦᠭᠡᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨ᠎ᠡ ᠶᠢ ᠡᠭᠦᠳᠬᠦ | ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ᠂ ᠤᠳᠤ ᠦᠶ᠎ᠡ ᠶᠢᠨ ᠴᠢᠨᠠᠷ ᠰᠠᠶᠢᠲᠠᠢ ᠣᠶᠢᠯᠡᠴᠢᠯᠡᠭᠡ ᠵᠡᠷᠭᠡ ᠲᠠᠯ᠎ᠠ ᠪᠠᠷ ᠠᠳᠠᠯᠢ | ᠠᠵᠢᠯ ᠲᠦᠷᠦᠯ ᠤᠨ ᠡᠮᠦᠨ᠎ᠡ ᠡᠩᠨᠡᠭᠡᠨ ᠳᠤ ᠤᠷᠤᠭᠰᠠᠨ ᠠᠵᠤ ᠠᠬᠤᠶᠢᠯᠠᠯ ᠢ ᠤᠷᠢᠳᠠᠪᠠᠷ ᠪᠣᠳᠣᠯᠬᠢᠯᠠᠨ᠎ᠠ᠃ | ᠭᠤᠷᠪᠠᠳᠤᠭᠠᠷ ᠵᠦᠢᠯ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠤᠶᠠᠷ ᠵᠢᠯ ᠳᠤ ᠨᠢᠭᠡ ᠤᠳᠠᠭ᠎ᠠ | ᠰᠢᠯᠭᠠᠷᠠᠭᠤᠯᠤᠨ᠎ᠠ᠂ ᠬᠤᠭᠤᠴᠠᠭ᠎ᠠ ᠪᠦᠷᠢ ᠶᠢᠨ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠵᠣᠬᠢᠶᠠᠨ | ᠪᠠᠶᠢᠭᠤᠯᠤᠯᠲᠠ ᠪᠠ ᠬᠤᠪᠢ ᠬᠥᠮᠦᠨ ᠳᠤ ᠣᠯᠭᠤᠬᠤ ᠱᠠᠩᠨᠠᠯ ᠤᠨ ᠶᠡᠷᠦᠩᠬᠡᠶ ᠲᠤᠭ᠎ᠠ ᠶᠢ ᠲᠠᠪᠤ ᠠᠴᠠ ᠬᠡᠲᠦᠷᠡᠭᠦᠯᠵᠦ ᠪᠣᠯᠬᠤ | ᠦᠭᠡᠢ᠂ ᠪᠣᠳᠠᠲᠤ ᠪᠠᠶᠢᠳᠠᠯ ᠢ ᠦᠨᠳᠦᠰᠦᠯᠡᠨ ᠱᠠᠩᠨᠠᠯ ᠤᠯᠬᠤ ᠣᠷᠣᠨ ᠲᠤᠭ᠎ᠠ ᠶᠢ ᠲᠣᠭᠲᠠᠭᠠᠨ᠎ᠠ᠂ ᠬᠡᠷᠪᠡ ᠨᠥᠬᠦᠴᠡᠯ ᠳᠤ | ᠨᠡᠶᠢᠴᠡᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠠᠶᠢᠬᠤ ᠦᠭᠡᠢ ᠪᠣᠯ ᠱᠠᠩᠨᠠᠯ ᠤᠨ ᠵᠦᠢᠯ ᠢ ᠬᠤᠭᠤᠰᠣᠨ | ᠪᠠᠶᠢᠯᠭᠠᠵᠤ ᠪᠣᠯᠤᠨ᠎ᠠ᠃ | ᠳᠥᠷᠪᠡᠳᠦᠭᠡᠷ ᠵᠣᠶᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠳᠤ ᠰᠢᠨᠵᠢᠯᠡᠬᠦ ᠤᠬᠠᠭᠠᠨᠴᠢ᠂ ᠲᠥᠪ | ᠭᠤᠤᠯᠴᠢ᠂ ᠡᠷᠬᠡ ᠲᠡᠭᠰᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ᠂ ᠵᠣᠬᠢᠶᠠᠨ ᠪᠠᠶᠢᠭᠤᠯᠤᠯᠳᠠ ᠪᠠ ᠬᠤᠪᠢ ᠬᠥᠮᠦᠨ | ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠳᠠᠯᠠᠵᠤ᠂ ᠰᠠᠶᠢᠨ ᠤ | ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠰᠤᠶᠢᠳᠬᠡᠯ ᠬᠤᠷᠢᠶᠠᠬᠤ ᠥᠬᠡᠶ᠃ | ᠲᠠᠪᠤᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠦᠴᠦᠨ ᠲᠠᠢ ᠬᠤᠭᠤᠴᠠᠭ᠎ᠠ ᠨᠢ | ᠭᠤᠷᠪᠠᠨ ᠵᠢᠯ ᠪᠣᠯᠤᠨ᠎ᠠ᠃ | ᠵᠢᠷᠭᠤᠳᠤᠭᠠᠷ ᠵᠣᠶᠢᠯ ᠡᠯ᠎ᠡ ᠠᠵᠢᠯ ᠲᠥᠷᠥᠯ ᠤᠨ ᠰᠢᠯᠢᠳᠡᠭ ᠠᠵᠤ ᠠᠬᠤᠶᠢᠯᠠᠯ ᠵᠢᠴᠢ ᠪᠤᠶᠢᠵᠢᠯᠲᠠ ᠶᠢᠨ ᠴᠢᠨᠠᠷ ᠢᠶᠠᠷ | ᠴᠢᠩᠭ᠎ᠠ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠬᠥᠮᠦᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠶᠢ ᠲᠡᠮᠵᠢᠨ᠎ᠡ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ᠳᠣᠯᠣᠳᠤᠭᠠᠷ ᠵᠣᠶᠢᠯ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠷᠳᠣᠰ ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠺᠤᠮᠢᠰ ︵ᠳᠣᠷᠣᠭᠰᠢ ᠬᠢᠨᠠᠨ ᠲᠣᠭᠲᠠᠭᠠᠬᠤ ᠺᠤᠮᠢᠰ ᠭᠡᠵᠦ | ᠨᠡᠷᠡᠶᠢᠳᠦᠨ᠎ᠡ︶ ᠢ ᠪᠠᠶᠢᠭᠤᠯᠤᠨ᠎ᠠ᠃ ᠬᠢᠨᠠᠨ ᠲᠣᠭᠲᠠᠭᠠᠬᠤ ᠺᠣᠮᠢᠰ ᠤᠨ ᠡᠷᠬᠢᠯᠡᠭᠴᠢ ᠶᠢᠨ ᠲᠤᠰᠢᠶᠠᠯ ᠢ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠳᠠ ᠶᠢᠨ ᠲᠡᠳ᠋ ᠳᠠᠷᠤᠭ᠎ᠠ ᠠᠴᠠ ᠡᠭᠦᠷᠭᠡᠯᠡᠵᠦ᠂ | ᠳᠡᠳ᠋ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠨᠠᠷᠢᠨ | ᠪᠢᠴᠢᠭ ᠤᠨ ᠲᠡᠳ᠋ ᠳᠠᠷᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠠᠴᠠ ᠡᠭᠦᠷᠭᠡᠯᠡᠵᠦ᠂ ᠪᠦᠷᠢᠯᠳᠦᠬᠦᠨ ᠢ ᠥᠷᠭᠡᠨ ᠳᠡᠯᠭᠡᠷ ᠲᠥᠯᠥᠭᠡᠯᠡᠬᠦ ᠴᠢᠨᠠᠷ ᠪᠠ ᠡᠷᠬᠡ ᠰᠦᠷᠲᠦ | ᠴᠢᠨᠠᠷ ᠲᠠᠢ ᠶᠠᠰᠤ ᠴᠢᠨᠠᠷ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠬᠤᠳᠠ ᠶᠢᠨ ᠱᠠᠲᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠢᠯᠳᠠᠳ ᠢᠶᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠠᠬᠢᠭᠤᠯᠵᠤ᠂ ᠵᠢᠯᠣᠭᠤᠳᠴᠤ᠂ ᠬᠢᠨᠠᠯᠲᠠ ᠲᠠᠯᠪᠢᠵᠤ | ᠂ ᠬᠢᠨᠠᠨ ᠲᠣᠭᠲᠠᠭᠠᠬᠤ ᠶᠠᠪᠤᠴᠠ ᠳᠠᠬᠢ ᠴᠢᠬᠤᠯᠠ ᠶᠡᠭᠡ ᠵᠣᠶᠢᠯᠡᠰ ᠢ ᠰᠤᠳᠤᠯᠤᠨ ᠲᠣᠭᠲᠠᠭᠠᠨ᠎ᠠ︔ | ︵ᠬᠤᠶᠠᠷ︶ ᠬᠢᠨᠠᠨ ᠲᠣᠭᠲᠠᠭᠠᠬᠤ ᠨᠠᠷᠢᠨ ᠲᠦᠷᠢᠮ᠂ ᠠᠵᠢᠯ ᠤᠨ ᠲᠠᠰ ᠳᠠᠷᠠᠭᠠᠯᠠᠯ ᠵᠡᠷᠭᠡ ᠴᠢᠬᠤᠯᠠ ᠠᠵᠢᠯ ᠤᠨ | ᠵᠢᠷᠤᠮᠵᠢᠯ ᠢ ᠬᠢᠨᠠᠨ ᠲᠣᠭᠲᠠᠭᠠᠨ᠎ᠠ︔ | ︵ᠭᠤᠷᠪᠠ︶ ᠬᠢᠨᠠᠨ ᠲᠣᠭᠲᠠᠭᠠᠭᠰᠠᠨ ᠦᠷ᠎ᠡ ᠳ᠋ᠦᠩ ᠢ ᠬᠢᠨᠠᠨ ᠵᠥᠪᠯᠡᠵᠦ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠳᠡᠪᠰᠢᠭᠦᠯᠬᠦ ᠪᠠᠷ ᠪᠠᠶᠢᠭ᠎ᠠ ᠱᠠᠩᠨᠠᠯ ᠣᠯᠭᠤᠬᠤ ᠨᠡᠷᠡᠰ ᠢ ᠲᠣᠭᠲᠠᠭᠠᠨ᠎ᠠ᠃ | ᠨᠠᠢᠮᠠᠳᠤᠭᠠᠷ ᠵᠦᠢᠯ ᠬᠢᠨᠠᠨ ᠲᠣᠭᠲᠠᠭᠠᠬᠤ ᠺᠣᠮᠢᠰ ᠤᠨ ᠳᠣᠣᠷ᠎ᠠ ᠨᠠᠷᠢᠨ ᠪᠢᠴᠢᠭ ᠤᠨ ᠭᠠᠵᠠᠷ ᠭᠠᠷᠭᠠᠵᠤ᠂ ᠨᠠᠷᠢᠨ | ᠪᠢᠴᠢᠭ ᠤᠨ ᠭᠠᠵᠠᠷ ᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠠᠷᠭᠠᠵᠤ᠂ | ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃ | ᠨᠠᠷᠢᠨ ᠪᠢᠴᠢᠭ ᠤᠨ ᠭᠠᠵᠠᠷ ᠤᠨ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠲᠣᠪᠴᠢᠶᠠᠨ ᠤ ᠳᠠᠷᠤᠭ᠎ᠠ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠤᠨ ᠲᠥᠰᠦᠯ ᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | ︵ᠬᠤᠶᠠᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ | ᠬᠡᠷᠡᠭᠵᠢᠭᠦᠯᠬᠦ ᠨᠠᠷᠢᠨ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠨ᠎ᠠ︔ | ︵ᠭᠤᠷᠪᠠ︶ ᠬᠢᠨᠠᠨ ᠲᠣᠭᠲᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠨ ᠲᠣᠭᠲᠠᠭᠠᠬᠤ | ᠳᠤᠭᠤᠶᠢᠯᠠᠩ ᠤᠨ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔ | ︵ᠲᠦᠷᠪᠡ︶ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠨ᠎ᠠ︔ | ︵ᠲᠠᠪᠤ︶ ᠬᠢᠨᠠᠨ ᠲᠣᠭᠲᠠᠭᠠᠬᠤ ᠺᠣᠮᠢᠰ ᠲᠤ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠭᠰᠠᠨ ᠦᠷ᠎ᠡ ᠳ᠋ᠦᠩ ᠢ ᠳᠡᠪᠰᠢᠭᠦᠯᠵᠦ᠂ ᠵᠢᠱᠢᠭᠳᠡᠭᠰᠡᠳ ᠤᠨ ᠨᠡᠷᠡᠰ ᠢ ᠬᠢᠨᠠᠨ ᠵᠦᠪᠯᠡᠨ᠎ᠡ︔ | ︵ᠵᠢᠷᠭᠤᠭ᠎ᠠ︶ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠵᠣᠬᠢᠶᠠᠨ ᠪᠠᠶᠢᠭᠤᠯᠤᠨ | ᠤᠬᠠᠭᠤᠯᠤᠨ ᠳᠡᠯᠭᠡᠷᠡᠭᠦᠯᠵᠦ᠂ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠶᠢᠰᠦᠳᠦᠭᠡᠷ ᠵᠣᠶᠢᠯ ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠲᠠ ᠶᠢᠨ ᠠᠵᠢᠯ ᠲᠥᠷᠥᠯ ᠤᠨ | ᠨᠡᠶᠢᠭᠡᠮᠯᠢᠭ ᠨᠢ ᠲᠣᠰ ᠰᠢᠰᠲ᠋ᠧᠮ᠂ ᠲᠣᠰ ᠬᠠᠷᠢᠶ᠎ᠠ ᠣᠷᠣᠨ᠂ ᠲᠣᠰ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ | ᠬᠤᠪᠢ ᠬᠥᠮᠦᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠪᠤᠶᠢᠵᠢᠭᠤᠯᠬᠤ᠂ ᠳᠠᠶᠢᠴᠢᠯᠠᠬᠤ᠂ | ᠲᠠᠨᠢᠯᠴᠠᠭᠤᠯᠬᠤ ᠪᠠ ᠳᠡᠯᠭᠡᠷᠡᠭᠦᠯᠬᠦ ᠠᠵᠢᠯ ᠢ ᠲᠣᠰ ᠲᠣᠰ ᠬᠠᠷᠢᠭᠤᠴᠠᠨ᠎ᠠ᠃ | ᠭᠤᠷᠪᠠᠳᠤᠭᠠᠷ ᠪᠦᠯᠦᠭ ᠭᠤᠶᠤᠴᠢᠯᠠᠨ ᠮᠡᠳᠡᠭᠦᠯᠬᠦ ᠨᠥᠬᠦᠴᠡᠯ | ᠠᠷᠪᠠᠳᠤᠭᠠᠷ ᠵᠦᠢᠯ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠠᠷ | ᠵᠣᠬᠢᠶᠠᠨ ᠪᠠᠶᠢᠭᠤᠯᠤᠯᠲᠠ ᠨᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ | ︵ᠨᠢᠭᠡ︶ ᠣᠷᠳᠣᠰ ᠬᠤᠲᠠ ᠶᠢᠨ ᠳᠣᠲᠣᠷ᠎ᠠ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠵᠤ᠂ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠦᠷᠭᠦᠯᠵᠢᠯᠡᠨ ᠭᠤᠷᠪᠠᠨ ᠵᠢᠯ ᠠᠴᠠ ᠳᠡᠭᠡᠭᠰᠢ ᠬᠡᠪ ᠤᠨ | ᠶᠣᠰᠣᠭᠠᠷ ᠡᠵᠡᠩᠨᠡᠵᠦ᠂ ᠬᠤᠯᠪᠣᠭᠳᠠᠯ ᠪᠥᠬᠦᠶ ᠬᠢᠷᠢ ᠬᠡᠮ ᠪᠤᠶᠤ ᠦᠨᠡᠮᠯᠡᠯ ᠲᠠᠢ ᠪᠠᠶᠢᠬᠤ ᠬᠡᠷᠡᠭᠲᠠᠢ᠃ | ︵ᠬᠤᠶᠠᠷ︶ ᠣᠶᠢᠯᠡᠳᠪᠦᠷᠢᠯᠠᠯ ᠡᠵᠡᠩᠨᠡᠯᠲᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠣᠶᠢᠯᠡᠰ᠂ | ᠣᠷᠴᠢᠨ ᠲᠣᠭᠤᠷᠢᠨ ᠤ ᠬᠠᠮᠠᠭᠠᠯᠠᠯᠲᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ | ᠵᠢᠴᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ | ︵ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠶᠢᠨ ᠲᠤᠭᠳᠠᠯᠴᠠᠭ᠎ᠠ ᠨᠢ ᠪᠦᠷᠢᠨ ᠲᠡᠭᠦᠯᠳᠡᠷ᠂ ᠶᠠᠰᠤ ᠴᠢᠨᠠᠷ ᠤᠨ | ᠬᠠᠮᠢᠶᠠᠷᠤᠯᠲᠠ ᠶᠢᠨ ᠵᠠᠭᠪᠤᠷ ᠨᠢ ᠲᠡᠷᠢᠭᠦᠨ ᠤ ᠪᠠᠶᠢᠵᠤ᠂ ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ︵ | GB/T19580︶ ᠶᠢᠨ ᠤᠯᠤᠰ ᠤᠨ ᠪᠠᠷᠢᠮᠵᠢᠶ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ᠂ ᠥᠪᠡᠷ ᠢ ᠪᠠᠨ | ᠲᠡᠭᠦᠯᠳᠡᠷᠵᠢᠭᠦᠯᠦᠭᠰᠡᠨ ᠦᠷᠭᠦᠯᠵᠢᠯᠡᠨ ᠰᠠᠶᠢᠵᠢᠷᠠᠭᠤᠯᠬᠤ ᠲᠣᠭᠲᠠᠴᠠ ᠶᠢ ᠪᠦᠷᠢᠳᠦᠭᠦᠯᠵᠦ᠂ ᠶᠠᠰᠤ ᠴᠢᠨᠠᠷ ᠦᠷ᠎ᠡ ᠠᠰᠢᠭ ᠨᠢ | ᠲᠣᠪᠤᠶᠢᠮ᠎ᠠ ᠮᠥᠷᠲᠡᠭᠡᠨ ᠳᠡᠯᠭᠡᠷᠡᠭᠦᠯᠬᠦ ᠦᠨ᠎ᠡ ᠥᠷᠲᠡᠭ ᠲᠠᠢ ᠪᠠᠶᠢᠬᠤ ᠬᠡᠷᠡᠭᠲᠠᠢ᠃ | ︵ᠲᠦᠷᠪᠡ︶ ᠲᠤᠪᠤᠶᠢᠮ᠎ᠠ ᠡᠵᠡᠩᠨᠡᠯᠲᠡ ᠶᠢᠨ ᠠᠮᠵᠢᠯᠲᠠ ᠪᠦᠲᠦᠮᠵᠢ ᠪᠤᠶᠤ ᠨᠡᠶᠢᠭᠡᠮ ᠤᠨ ᠬᠤᠪᠢ ᠨᠡᠮᠡᠷᠢ ᠲᠠᠢ ᠪᠠᠶᠢᠬᠤ | ᠬᠡᠷᠡᠭᠲᠠᠢ᠃ ᠣᠶᠢᠯᠡᠳᠪᠦᠷᠢᠯᠠᠯ᠂ ᠣᠶᠢᠯᠡᠴᠢᠯᠡᠬᠡᠨ ᠤ ᠡᠵᠡᠩᠨᠡᠯᠲᠡ ᠶᠢᠨ ᠠᠵᠢᠯᠯᠠᠭ᠎ᠠ ᠡᠷᠬᠢᠯᠡᠭᠰᠡᠳ ᠤᠨ ᠡᠵᠡᠩᠨᠡᠯᠲᠡ ᠶᠢᠨ | ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠶ ᠡᠳ᠋ ᠬᠥᠷᠥᠩᠭᠡ ᠶᠢᠨ ᠬᠤᠪᠢ ᠨᠡᠮᠡᠷᠢ ᠶᠢᠨ ᠨᠣᠷᠮ᠎ᠠ ᠵᠡᠷᠭᠡ | ᠭᠦᠢᠴᠡᠳᠬᠡᠯ ᠲᠤᠭ᠎ᠠ ᠨᠢ ᠣᠶᠢᠷ᠎ᠠ ᠶᠢᠨ ᠭᠤᠷᠪᠠᠨ ᠵᠢᠯ ᠳᠤ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ | ᠡᠩᠨᠡᠭᠡᠨ ᠳᠤ ᠪᠠᠶᠢᠬᠤ ᠬᠡᠷᠡᠭᠲᠠᠢ᠃ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠡᠷᠬᠢᠯᠡᠭᠰᠡᠳ ᠤᠨ | ᠨᠡᠶᠢᠭᠡᠮ ᠤᠨ ᠬᠤᠪᠢ ᠨᠡᠮᠡᠷᠢ ᠨᠢ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠬᠤ ᠬᠡᠷᠡᠭᠲᠠᠢ | ᠃ | ︵ᠲᠠᠪᠤ︶ ᠰᠠᠶᠢᠨ ᠰᠠᠶᠢᠬᠠᠨ ᠦᠨᠡᠨᠴᠢ ᠢᠲᠡᠭᠡᠮᠵᠢ ᠶᠢᠨ ᠲᠡᠮᠳᠡᠭᠯᠡᠯ ᠪᠠ ᠨᠡᠶᠢᠭᠡᠮ ᠤᠨ ᠨᠡᠷ᠎ᠡ ᠬᠦᠨᠳᠦ ᠲᠠᠢ ᠪᠠᠶᠢᠬᠤ | ᠬᠡᠷᠡᠭᠲᠠᠢ᠃ | ᠠᠷᠪᠠᠨ ᠨᠢᠭᠡᠳᠦᠭᠡᠷ ᠵᠦᠢᠯ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠠᠷ | ᠬᠤᠪᠢ ᠬᠥᠮᠦᠨ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ | ︵ᠨᠢᠭᠡ︶ ᠶᠠᠰᠤ ᠴᠢᠨᠠᠷ ᠪᠤᠶᠤ ᠶᠠᠰᠤ ᠴᠢᠨᠠᠷ ᠲᠤ ᠬᠤᠯᠪᠣᠭᠳᠠᠬᠤ ᠠᠵᠢᠯ ᠢ ᠲᠠᠪᠤᠨ ᠵᠢᠯ ᠠᠴᠠ ᠳᠡᠭᠡᠭᠰᠢ ᠬᠢᠭᠰᠡᠨ | ᠪᠠᠶᠢᠬᠤ ᠬᠡᠷᠡᠭᠲᠠᠢ᠃ | ︵ᠬᠤᠶᠠᠷ︶ ᠶᠠᠰᠤ ᠴᠢᠨᠠᠷ ᠤᠨ ᠰᠢᠨ᠎ᠡ ᠶᠢ ᠡᠭᠦᠳᠬᠦ ᠪᠠ ᠦᠬᠡᠷᠡᠴᠢᠯᠠᠨ ᠰᠠᠶᠢᠵᠢᠷᠠᠭᠤᠯᠬᠤ ᠦᠵᠡᠯ ᠤᠬᠠᠮᠰᠠᠷ ᠲᠠᠢ | ᠪᠠᠶᠢᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠬᠦ ᠪᠤᠶᠤ | ᠶᠠᠰᠤ ᠴᠢᠨᠠᠷ ᠤᠨ ᠬᠠᠮᠢᠶᠠᠷᠤᠯᠲᠠ ᠶᠢᠨ ᠳᠤᠮᠳᠠ ᠥᠪᠡᠷᠮᠢᠴᠡ ᠣᠨᠴᠠᠯᠢᠭ ᠲᠠᠢ ᠠᠵᠢᠯᠯᠠᠬᠤ ᠠᠷᠭ᠎ᠠ ᠶᠢ ᠪᠣᠶ ᠪᠣᠯᠭᠠᠵᠤ᠂ | ᠵᠣᠬᠢᠶᠠᠨ ᠪᠠᠶᠢᠭᠤᠯᠤᠯᠲᠠ ᠪᠤᠶᠤ ᠠᠵᠢᠯ ᠲᠥᠷᠥᠯ ᠤᠨ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ | ᠬᠤᠪᠢ ᠨᠡᠮᠡᠷᠢ ᠦᠵᠡᠭᠦᠯᠵᠦ᠂ ᠵᠣᠬᠢᠶᠠᠨ ᠪᠠᠶᠢᠭᠤᠯᠤᠯᠲᠠ ᠪᠠ ᠨᠡᠶᠢᠭᠡᠮ ᠳᠤ ᠢᠯᠡᠳᠲᠡ ᠦᠷ᠎ᠡ ᠠᠰᠢᠭ ᠤᠯᠭᠤᠭᠰᠠᠨ᠃ | ︵ᠭᠤᠷᠪᠠ︶ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠤᠨ ᠵᠢᠷᠤᠮᠵᠢᠯ ᠢ ᠬᠢᠴᠢᠶᠡᠩᠭᠦ᠋ᠢᠯᠡᠨ ᠰᠠᠬᠢᠵᠤ᠂ | ᠥᠯᠢᠭᠡᠷ ᠳᠠᠭᠤᠷᠢᠶᠠᠯ ᠤᠨ ᠣᠶᠢᠯᠡᠳᠤᠯ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ᠂ ᠬᠤᠪᠢ ᠬᠥᠮᠦᠨ ᠤ ᠢᠲᠡᠭᠡᠮᠵᠢ ᠶᠢᠨ | ᠲᠡᠮᠳᠡᠭᠯᠡᠯ ᠨᠢ ᠰᠠᠶᠢᠨ ᠪᠠᠶᠢᠬᠤ ᠬᠡᠷᠡᠭᠲᠠᠢ᠃ ᠭᠤᠶᠤᠴᠢᠯᠠᠨ ᠮᠡᠳᠡᠭᠦᠯᠬᠦ ᠬᠤᠪᠢ ᠬᠥᠮᠦᠨ ᠬᠡᠷᠪᠡ ᠵᠣᠬᠢᠶᠠᠨ ᠪᠠᠶᠢᠭᠤᠯᠤᠯᠲᠠ | ᠶᠢᠨ ᠬᠠᠮᠤᠭ ᠤᠨ ᠳᠡᠭᠡᠳᠦ ᠬᠠᠮᠢᠶᠠᠷᠤᠭᠴᠢ ᠪᠠᠶᠢᠪᠠᠯ᠂ ᠲᠡᠭᠦᠨ ᠤ ᠲᠤᠰᠢᠶᠠᠯ ᠡᠭᠦᠷᠭᠡᠯᠡᠬᠦ ᠵᠣᠬᠢᠶᠠᠨ ᠪᠠᠶᠢᠭᠤᠯᠤᠯᠲᠠ ᠨᠢ | ᠣᠶᠢᠷ᠎ᠠ ᠶᠢᠨ ᠭᠤᠷᠪᠠᠨ ᠵᠢᠯ ᠳᠤ ᠬᠦᠨᠳᠦ ᠶᠡᠭᠡ ᠶᠠᠰᠤ ᠴᠢᠨᠠᠷ᠂ ᠠᠶᠤᠯ ᠥᠬᠡᠶ ᠣᠶᠢᠯᠡᠳᠪᠦᠷᠢᠯᠠᠯ᠂ ᠣᠷᠴᠢᠨ ᠲᠣᠭᠤᠷᠢᠨ ᠤ | ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠠᠳᠡᠯ ᠥᠬᠡᠶ᠂ ᠬᠦᠨᠳᠦ ᠶᠡᠭᠡ ᠨᠡᠶᠢᠭᠡᠮ | ᠤᠨ ᠨᠠᠵᠠᠭᠠᠶ ᠨᠥᠯᠥᠭᠡ ᠶᠢᠨ ᠵᠠᠭᠠᠯᠳᠤᠯᠭ᠎ᠠ ᠥᠬᠡᠶ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠠᠭᠤ ᠲᠡᠮᠳᠡᠭᠯᠡᠯ ᠥᠬᠡᠶ | ᠪᠠᠶᠢᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠳᠠ ᠶᠢᠨ ᠳᠠᠷᠤᠭ᠎ᠠ | ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠄ | ︵ᠨᠢᠭᠡ︶ ᠤᠯᠤᠰ ᠤᠨ ᠠᠵᠤ ᠦᠢᠯᠡᠰ᠂ ᠣᠷᠴᠢᠨ ᠲᠤᠭᠤᠷᠢᠨ ᠤ ᠬᠠᠮᠠᠭᠠᠯᠠᠯᠲᠠ᠂ ᠶᠠᠰᠤ ᠴᠢᠨᠠᠷ ᠵᠡᠷᠭᠡ ᠶᠢᠨ ᠲᠦᠷᠦ | ᠶᠢᠨ ᠪᠤᠳᠤᠯᠭ᠎ᠠ ᠳᠤ ᠨᠡᠶᠢᠴᠡᠬᠦ ᠦᠭᠡᠢ ᠪᠠᠶᠢᠬᠤ︔ | ︵ᠬᠤᠶᠠᠷ︶ ᠤᠯᠤᠰ ᠠᠴᠠ ᠲᠣᠭᠲᠠᠭᠠᠭᠰᠠᠨ ᠬᠤᠯᠪᠣᠭᠳᠠᠯ ᠪᠦᠬᠦᠢ ᠭᠡᠷᠡᠴᠢ ᠦᠨᠡᠮᠯᠡᠯ ᠢ ᠣᠯᠤᠭᠰᠠᠨ ᠦᠭᠡᠢ︔ | ︵ᠭᠤᠷᠪᠠ︶ ᠤᠢᠢᠷ᠎ᠠ ᠶᠢᠨ ᠭᠤᠷᠪᠠᠨ ᠵᠢᠯ ᠳᠤ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠤᠭᠤᠷᠢᠨ ᠤ ᠪᠣᠬᠢᠷᠲᠤᠯ | ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠡ᠊ᠨᠳᠡᠯ᠂ ᠦᠢᠯᠡᠴᠢᠯᠡᠭᠡᠨ ᠤ ᠶᠠᠰᠤ ᠴᠢᠨᠠᠷ ᠪᠠ | ᠬᠥᠳᠡᠯᠮᠦᠷᠢ ᠶᠢᠨ ᠪᠠᠲᠤᠯᠠᠭ᠎ᠠ ᠵᠡᠷᠭᠡ ᠴᠢᠬᠤᠯᠠ ᠶᠡᠭᠡ ᠶᠠᠰᠤ ᠴᠢᠨᠠᠷ ᠤᠨ ᠠᠰᠠᠭᠤᠳᠠᠯ ᠪᠤᠶᠤ ᠬᠠᠤᠯᠢ ᠠᠴᠠ ᠵᠥᠷᠢᠴᠡᠭᠰᠡᠨ | ᠲᠡᠮᠳᠡᠭᠯᠡᠯ ᠲᠠᠢ ᠪᠠᠶᠢᠬᠤ︔ | ︵ᠳᠥᠷᠪᠡ︶ ᠣᠶᠢᠷ᠎ᠠ ᠶᠢᠨ ᠭᠤᠷᠪᠠᠨ ᠵᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠤ ᠱᠠᠩᠨᠠᠯ ᠤᠨ ᠵᠣᠶᠢᠯ ᠢ | ᠦᠨᠡᠯᠡᠨ ᠲᠣᠭᠲᠠᠭᠠᠬᠤ ᠠᠵᠢᠯᠯᠠᠭ᠎ᠠ ᠳᠤ ᠣᠷᠣᠯᠴᠠᠭᠠᠳ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ | ᠲᠣᠭᠲᠠᠭᠠᠯ ᠠᠴᠠ ᠵᠥᠷᠢᠴᠡᠭᠰᠡᠨ ᠣᠶᠢᠯᠠ ᠠᠵᠢᠯᠯᠠᠭ᠎ᠠ ᠲᠠᠢ ᠪᠠᠶᠢᠬᠤ︔ | ︵ᠲᠠᠪᠤ︶ ᠤᠢᠢᠷ᠎ᠠ ᠶᠢᠨ ᠭᠤᠷᠪᠠᠨ ᠵᠢᠯ ᠳᠤ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠲᠤᠰᠢᠶᠠᠬᠤ ᠪᠠ ᠣᠷᠣᠯᠠᠨ ᠰᠠᠭᠤᠯᠭᠠᠨ ᠠᠪᠬᠤ ᠣᠷᠣᠯᠠᠨ ᠲᠤᠰᠢᠶᠠᠬᠤ ᠶᠠᠪᠤᠴᠠ ᠳᠤ ᠬᠠᠤᠯᠢ ᠶᠢ ᠵᠥᠷᠢᠴᠡᠭᠰᠡᠨ ᠬᠦᠨᠳᠦ | ᠨᠣᠴᠢᠲᠠᠶ ᠦᠢᠯᠡ ᠠᠵᠢᠯᠯᠠᠭ᠎ᠠ ᠲᠠᠢ ᠪᠠᠶᠢᠬᠤ︔ | ︵ᠵᠢᠷᠭᠤᠭ᠎ᠠ︶ ᠡᠵᠡᠩᠨᠡᠯᠲᠡ ᠶᠢᠨ ᠬᠡᠪ ᠤᠨ ᠪᠤᠰᠤ ᠨᠡᠷᠡᠰ ᠪᠣᠯᠤᠨ ᠬᠠᠤᠯᠢ ᠠᠴᠠ ᠬᠦᠨᠳᠦ ᠨᠣᠴᠢᠲᠠᠶ ᠵᠥᠷᠢᠴᠡᠵᠦ | ᠢᠲᠡᠭᠡᠯ ᠢᠶᠠᠨ ᠠᠯᠳᠠᠭᠰᠠᠨ ᠨᠡᠷᠡᠰ ᠳᠤ ᠤᠷᠤᠭᠰᠠᠨ᠃ | ᠳᠥᠷᠪᠡᠳᠦᠭᠡᠷ ᠪᠦᠯᠦᠭ ᠬᠢᠨᠠᠨ ᠲᠣᠭᠲᠠᠭᠠᠬᠤ ᠪᠠᠷᠢᠮᠵᠢᠶ᠎ᠠ ᠵᠢᠴᠢ ᠠᠷᠭ᠎ᠠ | ᠠᠷᠪᠠᠨ ᠭᠤᠷᠪᠠᠳᠤᠭᠠᠷ ᠵᠣᠶᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ︽ᠭᠠᠷᠮᠠᠭᠠᠶ ᠠᠮᠵᠢᠯᠲᠠ | ᠪᠦᠲᠦᠮᠵᠢ ᠶᠢ ᠦᠨᠡᠯᠡᠬᠦ ᠪᠠᠷᠢᠮᠵᠢᠶ᠎ᠠ︾ ︵GB/T19580︶᠂ ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ | ᠪᠠᠷᠢᠮᠵᠢᠶ᠎ᠠ ᠶᠢ ᠬᠡᠷᠡᠭᠵᠢᠭᠦᠯᠬᠦ ᠵᠦᠭᠯᠡᠭᠦᠷ︾ ︵GB/Z19579︶ ᠢᠶᠠᠷ ᠦᠨᠳᠦᠰᠦᠯᠡᠯ ᠪᠣᠯᠭᠠᠨ᠎ᠠ᠃ ᠬᠢᠨᠠᠨ | ᠲᠣᠭᠲᠠᠭᠠᠬᠤ ᠪᠠᠷᠢᠮᠵᠢᠶ᠎ᠠ ᠶᠢ ᠶᠠᠰᠤ ᠴᠢᠨᠠᠷ ᠤᠨ ᠬᠠᠮᠢᠶᠠᠷᠤᠯᠲᠠ ᠶᠢᠨ ᠣᠨᠣᠯ ᠵᠢᠴᠢ ᠣᠶᠢᠯᠡᠳᠦᠯᠬᠡ ᠶᠢᠨ ᠬᠥᠭᠵᠢᠯᠲᠡ ᠶᠢ | ᠦᠨᠳᠦᠰᠦᠯᠡᠨ ᠲᠤᠬᠢᠷᠠᠬᠤ ᠴᠠᠭ ᠲᠤᠨᠢ ᠵᠠᠰᠠᠪᠦᠷᠢ ᠤᠷᠤᠭᠤᠯᠤᠨ᠎ᠠ᠃ | ᠲᠠᠪᠤᠳᠤᠭᠠᠷ ᠪᠦᠯᠦᠭ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠲᠡᠰ ᠲᠠᠷᠠᠭᠠᠯᠠᠯ | ᠠᠷᠪᠠᠨ ᠳᠥᠷᠪᠡᠳᠦᠭᠡᠷ ᠵᠦᠢᠯ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠴᠠ | ᠡᠮᠦᠨ᠎ᠡ᠂ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠬᠤᠳᠠ ᠶᠢᠨ ᠱᠠᠲᠤᠨ ᠤ ᠬᠤᠯᠪᠣᠭᠳᠠᠯ | ᠪᠥᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠬᠤᠰᠢᠭᠤ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠬᠦ ᠮᠡᠳᠡᠭᠳᠡᠯ ᠶᠠᠪᠤᠭᠤᠯᠬᠤ ᠶᠢᠨ | ᠬᠠᠮᠲᠤ ᠵᠠᠭᠤᠴᠢᠯᠠᠭᠤᠷ ᠢᠶᠠᠷ ᠳᠠᠮᠵᠢᠭᠤᠯᠤᠨ ᠭᠤᠶᠤᠴᠢᠯᠠᠨ ᠮᠡᠳᠡᠭᠦᠯᠬᠦ ᠠᠯᠪᠠᠨ ᠵᠠᠷ ᠢ ᠨᠡᠶᠢᠲᠡᠯᠡᠵᠦ᠂ ᠠᠯᠪᠠᠨ ᠵᠠᠷ ᠤᠨ | ᠬᠤᠭᠤᠴᠠᠭ᠎ᠠ ᠬᠢᠵᠠᠭᠠᠷ ᠢ ᠠᠷᠪᠠᠨ ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠭᠡᠢ᠃ | ᠠᠷᠪᠠᠨ ᠲᠠᠪᠤᠳᠤᠭᠠᠷ ᠵᠣᠶᠢᠯ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠪᠤᠶᠤ | ᠬᠤᠪᠢ ᠬᠥᠮᠦᠨ ᠰᠠᠶᠢᠨ ᠳᠤᠷ᠎ᠠ ᠠᠴᠠ ᠪᠠᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ | ᠮᠡᠳᠡᠭᠦᠯᠵᠦ᠂ ᠬᠢᠨᠠᠨ ᠲᠣᠭᠲᠠᠭᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠥᠪᠡᠷ ᠢ ᠪᠠᠨ | ᠦᠨᠡᠯᠡᠵᠦ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠭᠤᠶᠤᠴᠢᠯᠠᠨ ᠮᠡᠳᠡᠭᠦᠯᠬᠦ ᠬᠦᠰᠦᠨᠦᠭᠲᠦ᠂ ᠥᠪᠡᠷ ᠢ ᠪᠠᠨ | ᠦᠨᠡᠯᠡᠭᠰᠡᠨ ᠮᠡᠳᠡᠭᠦᠯᠦᠯᠲᠡ ᠵᠢᠴᠢ ᠬᠠᠮᠢᠶ᠎ᠠ ᠪᠥᠬᠦᠶ ᠭᠡᠷᠡᠴᠢᠯᠡᠬᠦ ᠴᠢᠨᠠᠷᠲᠠᠶ ᠮᠠᠲ᠋ᠧᠷᠢᠶᠠᠯ ᠢ ᠡᠯ᠎ᠡ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠬᠡᠨ᠎ᠡ᠃ ᠡᠯ᠎ᠡ ᠬᠤᠰᠢᠭᠤ ᠲᠤᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠤᠭᠳᠠᠯ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠬᠠᠮᠲᠤᠷᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ ᠢ | ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠪᠡᠯ᠂ ᠲᠠᠨᠢᠯᠴᠠᠭᠤᠯᠬᠤ | ᠰᠠᠨᠠᠯ ᠳᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠲᠤ | ᠮᠡᠳᠡᠭᠦᠯᠦᠨ ᠬᠦᠷᠬᠡᠨ᠎ᠡ᠃ | ᠠᠷᠪᠠᠨ ᠵᠢᠷᠭᠤᠳᠤᠭᠠᠷ ᠵᠦᠢᠯ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠨᠢ ᠪᠦᠷᠢᠯᠳᠦᠬᠦᠨ | ᠨᠢᠭᠡᠴᠡ ᠲᠠᠢ ᠬᠠᠮᠲᠤᠷᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠭᠤᠣᠯ ᠴᠣᠭᠴᠠ᠂ ᠠᠷᠭ᠎ᠠ ᠵᠠᠮ | ᠂ ᠲᠡᠰ ᠳᠠᠷᠠᠭᠠᠯᠠᠯ᠂ ᠮᠠᠲ᠋ᠧᠷᠢᠶᠠᠯ ᠤᠨ ᠵᠢᠷᠤᠮᠵᠢᠯ ᠵᠡᠷᠭᠡ ᠲᠠᠯ᠎ᠠ ᠪᠠᠷ ᠬᠢᠷᠢ ᠬᠡᠮ ᠤᠨ ᠠᠩᠬᠠᠨ ᠤ ᠬᠢᠨᠠᠨ ᠲᠤᠭᠳᠠᠭᠠᠯᠳᠠ | ᠬᠢᠵᠦ᠂ ᠭᠤᠶᠤᠴᠢᠯᠠᠨ ᠮᠡᠳᠡᠭᠦᠯᠬᠦ ᠬᠢᠷᠢ ᠬᠡᠮ ᠲᠠᠢ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠢ ᠲᠤᠭᠳᠠᠭᠠᠨ᠎ᠠ᠃ | ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠣᠯᠤᠭᠰᠠᠨ ᠠᠷᠪᠠᠨ ᠠᠵᠢᠯᠯᠠᠬᠤ | ᠡᠳᠦᠷ ᠤᠨ ᠳᠣᠲᠣᠷ᠎ᠠ ᠪᠡᠶᠡᠯᠡᠭᠦᠯᠵᠦ᠂ ᠨᠥᠬᠦᠪᠥᠷᠢᠯᠡᠨ ᠲᠡᠭᠦᠯᠳᠡᠷᠵᠢᠭᠦᠯᠬᠦ ᠴᠢᠬᠤᠯᠠᠲᠠᠶ ᠠᠭᠤᠯᠭ᠎ᠠ ᠶᠢ ᠨᠢᠭᠡ ᠯᠡ | ᠤᠳᠠᠭ᠎ᠠ ᠳᠤ ᠮᠡᠳᠡᠭᠳᠡᠨ᠎ᠡ᠃ | ᠠᠷᠪᠠᠨ ᠳᠣᠯᠣᠳᠤᠭᠠᠷ ᠵᠦᠢᠯ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠬᠢᠨᠠᠨ ᠲᠣᠭᠲᠠᠭᠠᠬᠤ | ᠳᠤᠭᠤᠶᠢᠯᠠᠩ ᠪᠠᠶᠢᠭᠤᠯᠬᠤ ᠪᠤᠶᠤ ᠬᠢᠨᠠᠨ ᠲᠣᠭᠲᠠᠭᠠᠬᠤ ᠪᠠᠶᠢᠭᠤᠯᠤᠮᠵᠢ ᠶᠢ ᠤᠷᠢᠵᠤ ᠬᠢᠨᠠᠨ ᠲᠣᠭᠲᠠᠭᠠᠬᠤ ᠠᠵᠢᠯ ᠢ | ᠥᠷᠨᠢᠭᠦᠯᠦᠨ᠎ᠡ᠃ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠯᠪᠡᠷᠢ ᠪᠠᠷ | ᠰᠣᠩᠭᠤᠨ ᠲᠣᠭᠲᠠᠭᠠᠨ᠎ᠠ᠃ ᠬᠢᠨᠠᠨ ᠲᠣᠭᠲᠠᠭᠠᠬᠤ ᠳᠤᠭᠤᠶᠢᠯᠠᠩ ᠳᠤ ᠳᠤᠭᠤᠶᠢᠯᠠᠩ ᠤᠨ ᠳᠠᠷᠤᠭ᠎ᠠ ᠬᠠᠷᠢᠭᠤᠴᠠᠬᠤ ᠲᠦᠷᠢᠮ ᠢ | ᠬᠡᠷᠡᠭᠵᠢᠭᠦᠯᠦᠨ᠎ᠡ᠃ ᠬᠢᠨᠠᠨ ᠲᠣᠭᠲᠠᠭᠠᠬᠤ ᠠᠵᠢᠯ ᠳᠤ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠶ ᠶᠢᠨ ᠲᠠᠯᠠᠪᠤᠷ ᠲᠤᠨᠢ | ᠬᠢᠨᠠᠨ ᠲᠣᠭᠲᠠᠭᠠᠬᠤ ᠶᠢ ᠪᠠᠭᠲᠠᠭᠠᠵᠤ᠂ ᠬᠤᠷᠢᠨ ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠦᠨ᠎ᠡ᠃ | ᠠᠷᠪᠠᠨ ᠨᠠᠢᠮᠠᠳᠤᠭᠠᠷ ᠵᠦᠢᠯ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠨᠢ ᠬᠤᠳᠠ ᠶᠢᠨ ᠱᠠᠲᠤᠨ | ᠤ ᠭᠤᠣᠯ ᠪᠣᠯᠬᠤ ᠵᠠᠭᠤᠴᠢᠯᠠᠭᠤᠷ᠂ ᠰᠦᠯᠵᠢᠶᠡᠨ ᠥᠷᠳᠡᠭᠡ ᠳᠡᠭᠡᠷ᠎ᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠬᠦ | ᠶᠢᠨ ᠬᠠᠮᠲᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ᠂ ᠢᠯᠡ ᠪᠠᠷ ᠰᠠᠨᠠᠯ ᠬᠤᠷᠢᠶᠠᠬᠤ ᠳᠠᠭᠠᠨ ᠬᠤᠷᠢᠨ | ᠡᠳᠦᠷ ᠠᠴᠠ ᠳᠤᠲᠠᠭᠤ ᠪᠠᠶᠢᠵᠤ ᠪᠣᠯᠬᠤ ᠥᠭᠡᠢ᠃ | ᠠᠷᠪᠠ ᠶᠢᠰᠦᠳᠦᠭᠡᠷ ᠵᠦᠢᠯ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠬᠢᠨᠠᠨ ᠲᠣᠭᠲᠠᠭᠠᠭᠰᠠᠨ | ᠦᠷ᠎ᠡ ᠳ᠋ᠦᠩ ᠪᠠ ᠰᠠᠨᠠᠯ ᠬᠤᠷᠢᠶᠠᠭᠰᠠᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠨ ᠵᠢᠭᠰᠠᠭᠠᠵᠤ᠂ ᠵᠢᠱᠢᠭᠳᠡᠭᠰᠡᠳ ᠤᠨ | ᠨᠡᠷᠡᠰ ᠢ ᠬᠢᠨᠠᠨ ᠲᠣᠭᠲᠠᠭᠠᠬᠤ ᠺᠣᠮᠢᠰ ᠲᠤ ᠳᠡᠪᠰᠢᠭᠦᠯᠵᠦ ᠬᠢᠨᠠᠨ ᠵᠦᠪᠯᠡᠭᠦᠯᠦᠨ᠎ᠡ᠃ | ᠬᠤᠷᠢᠳᠤᠭᠠᠷ ᠵᠦᠢᠯ ᠬᠢᠨᠠᠨ ᠲᠣᠭᠲᠠᠭᠠᠬᠤ ᠺᠣᠮᠢᠰ ᠪᠦᠬᠦ ᠪᠦᠷᠢᠯᠳᠦᠬᠦᠨ ᠤ ᠬᠤᠷᠠᠯ ᠬᠤᠷᠠᠯᠳᠤᠭᠤᠯᠵᠤ᠂ ᠬᠤᠳᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠤᠨ ᠮᠡᠳᠡᠭᠦᠯᠦᠯᠲᠡ ᠬᠢᠭᠡᠳ ᠲᠠᠨᠢᠯᠴᠠᠭᠤᠯᠬᠤ | ᠨᠡᠷᠡᠰ ᠢ ᠰᠤᠳᠤᠯᠵᠤ᠂ ᠱᠠᠩᠨᠠᠯ ᠣᠯᠭᠤᠬᠤ ᠪᠠᠷ ᠲᠦᠯᠦᠪᠯᠡᠵᠣ ᠪᠠᠶᠢᠭ᠎ᠠ ᠨᠡᠷᠡᠰ ᠢ ᠲᠤᠭᠳᠠᠭᠠᠨ᠎ᠠ᠃ | ᠬᠤᠷᠢᠨ ᠨᠢᠭᠡᠳᠦᠭᠡᠷ ᠵᠦᠢᠯ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠲᠤᠰ ᠣᠨ ᠤ | ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠣᠯᠭᠤᠬᠤ ᠪᠠᠷ ᠲᠥᠯᠥᠪᠯᠡᠵᠦ ᠪᠠᠶᠢᠭ᠎ᠠ ᠨᠡᠷᠡᠰ ᠢ ᠨᠡᠶᠢᠭᠡᠮ ᠨᠡᠶᠢᠳᠡ ᠳᠤ ᠢᠯᠠ ᠢᠶᠠᠷ ᠨᠡᠶᠢᠳᠡᠯᠡᠵᠣ᠂ ᠬᠤᠭᠤᠴᠠᠭ᠎ᠠ ᠨᠢ | ᠲᠤᠯᠤᠭᠠᠨ ᠠᠵᠢᠯᠯᠠᠬᠤ ᠡᠳᠦᠷ ᠪᠣᠯᠤᠨ᠎ᠠ᠃ ᠢᠯᠠ ᠢᠶᠠᠷ ᠨᠡᠶᠢᠲᠡᠯᠡᠭᠰᠡᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ | ᠣᠨᠳᠣᠤ ᠰᠠᠨᠠᠯ ᠲᠠᠢ ᠪᠠᠶᠢᠪᠠᠯ᠂ ᠬᠢᠨᠠᠨ ᠲᠣᠭᠲᠠᠭᠠᠬᠤ ᠺᠣᠮᠢᠰ ᠨᠢ ᠪᠠᠶᠢᠴᠠᠭᠠᠨ ᠬᠠᠷᠭᠤᠭᠤᠯᠵᠤ᠂ ᠪᠠᠶᠢᠴᠠᠭᠠᠭᠠᠳ ᠦᠨᠡᠨ | ᠪᠣᠳᠠᠲᠠᠶ ᠪᠠᠶᠢᠪᠠᠯ᠂ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠬᠢᠨᠠᠨ ᠲᠣᠭᠲᠠᠭᠠᠬᠤ ᠺᠣᠮᠢᠰ ᠲᠤ | ᠳᠡᠪᠰᠢᠭᠦᠯᠵᠦ ᠱᠠᠩᠨᠠᠯ ᠣᠯᠭᠤᠬᠤ ᠬᠢᠷᠢ ᠬᠡᠮ ᠢ ᠨᠢ ᠬᠠᠰᠤᠨ᠎ᠠ᠃ ᠢᠯᠠ ᠢᠶᠠᠷ ᠨᠡᠶᠢᠲᠡᠯᠡᠭᠰᠡᠨ ᠵᠣᠬᠢᠶᠠᠨ ᠪᠠᠶᠢᠭᠤᠯᠤᠯᠲᠠ ᠪᠠ | ᠬᠤᠪᠢ ᠬᠥᠮᠦᠨ ᠳᠤ ᠣᠨᠳᠣᠣ ᠰᠠᠨᠠᠯ ᠦᠭᠡᠢ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠱᠠᠩᠨᠠᠨ᠎ᠠ᠃ | ᠵᠢᠷᠭᠤᠳᠤᠭᠠᠷ ᠪᠦᠯᠦᠭ ᠱᠠᠩᠨᠠᠬᠤ ᠪᠠ ᠬᠢᠨᠠᠯᠲᠠ ᠲᠠᠯᠪᠢᠬᠤ | ᠬᠤᠷᠢᠨ ᠬᠤᠶᠠᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠳᠠ ᠶᠢᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ᠂ | ᠱᠠᠩᠨᠠᠯ ᠤᠨ ᠮᠧᠳᠠᠯ ᠣᠯᠭᠤᠵᠤ᠂ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠳᠤ ᠠᠷᠠᠳ ᠤᠨ ᠵᠣᠭᠤᠰ ᠢᠶᠠᠷ ᠲᠠᠪᠢᠨ | ᠲᠦᠮᠡᠨ ᠲᠥᠭᠦᠷᠢᠭ ᠱᠠᠩᠨᠠᠨ᠎ᠠ᠃ ᠱᠠᠩᠨᠠᠬᠤ ᠪᠠ ᠬᠢᠨᠠᠨ ᠲᠣᠭᠲᠠᠭᠠᠬᠤ ᠵᠠᠷᠤᠳᠠᠯ ᠢ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠤᠨ᠎ᠠ᠃ | ᠬᠤᠷᠢᠨ ᠭᠤᠷᠪᠠᠳᠤᠭᠠᠷ ᠵᠣᠶᠢᠯ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠨᠢ ᠱᠠᠩᠨᠠᠯ ᠤᠨ ᠮᠥᠩᠭᠦ ᠪᠠᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ᠂ ᠶᠠᠰᠤ ᠴᠢᠨᠠᠷ ᠤᠨ ᠪᠣᠭᠤᠮᠲᠠ ᠰᠢᠪᠲᠤᠯᠬᠤ ᠪᠠ ᠠᠵᠢᠯᠲᠠᠨ ᠤ ᠪᠣᠯᠪᠠᠰᠤᠷᠠᠭᠤᠯᠤᠯ | ᠤᠨ ᠰᠢᠨ᠎ᠡ ᠶᠢ ᠡᠭᠦᠳᠬᠦ᠂ ᠶᠠᠰᠤ ᠴᠢᠨᠠᠷ ᠤᠨ ᠠᠵᠢᠯ ᠤᠨ ᠰᠢᠯᠢᠳᠡᠭ ᠠᠵᠢᠯᠲᠠᠨ ᠢ ᠱᠠᠩᠨᠠᠬᠤ᠂ ᠲᠤᠷᠰᠢᠯᠲᠠ ᠶᠢᠨ ᠲᠠᠰᠤᠭ | ᠤᠨ ᠪᠥᠲᠥᠭᠡᠨ ᠪᠠᠶᠢᠭᠤᠯᠤᠯᠲᠠ ᠳᠤ ᠤᠷᠤᠭᠤᠯᠬᠤ᠂ ᠲᠡᠷᠢᠭᠦᠨ ᠤ ᠲᠤᠷᠰᠢᠯᠭ᠎ᠠ ᠪᠠ ᠦᠷ᠎ᠡ ᠪᠦᠲᠦᠭᠡᠯ ᠢ ᠤᠬᠠᠭᠤᠯᠬᠤ | ᠵᠡᠷᠭᠡ ᠳᠤ ᠬᠡᠷᠡᠭᠯᠡᠵᠣ᠂ ᠪᠤᠰᠤᠳ ᠵᠣᠶᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠃ ᠬᠢᠨᠠᠨ ᠲᠣᠭᠲᠠᠭᠠᠬᠤ ᠵᠠᠷᠤᠳᠠᠯ ᠢ | ᠭᠤᠣᠯᠳᠠᠭᠤ ᠬᠤᠷᠠᠯ ᠤᠨ ᠵᠠᠷᠤᠳᠠᠯ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤᠷᠢᠬᠤ ᠵᠠᠷᠤᠳᠠᠯ᠂ ᠠᠯᠪᠠᠨ | ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠵᠡᠷᠭᠡ ᠬᠠᠮᠢᠶ᠎ᠠ ᠪᠥᠬᠦᠢ ᠵᠠᠷᠤᠯᠭ᠎ᠠ ᠳᠤ ᠬᠡᠷᠡᠭᠯᠡᠨ᠎ᠡ᠃ | ᠬᠤᠷᠢᠨ ᠳᠥᠷᠪᠡᠳᠦᠭᠡᠷ ᠵᠦᠢᠯ ᠬᠢᠨᠠᠨ ᠲᠣᠭᠲᠠᠭᠠᠬᠤ ᠠᠵᠢᠯᠳᠠᠨ ᠨᠢ ᠭᠤᠶᠤᠴᠢᠯᠠᠨ ᠮᠡᠳᠡᠭᠦᠯᠬᠦ ᠵᠣᠬᠢᠶᠠᠨ | ᠪᠠᠶᠢᠭᠤᠯᠤᠯᠲᠠ ᠪᠠ ᠬᠤᠪᠢ ᠬᠥᠮᠦᠨ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠲᠤᠰ ᠬᠥᠮᠦᠨ ᠨᠢ | ᠰᠠᠨᠠᠭᠠᠴᠢᠯᠠᠭ᠎ᠠ ᠠᠴᠠ ᠪᠠᠨ ᠵᠠᠶᠢᠯᠠᠨ᠎ᠠ᠃ | ᠬᠤᠷᠢᠨ ᠲᠠᠪᠤᠳᠤᠭᠠᠷ ᠵᠣᠶᠢᠯ ᠬᠢᠨᠠᠨ ᠲᠣᠭᠲᠠᠭᠠᠬᠤ ᠠᠵᠢᠯᠲᠠᠨ ᠪᠠ ᠬᠢᠨᠠᠨ ᠲᠤᠭᠳᠠᠭᠠᠭᠳᠠᠭᠰᠠᠨ ᠵᠣᠬᠢᠶᠠᠨ | ᠪᠠᠶᠢᠭᠤᠯᠤᠯᠲᠠ᠂ ᠬᠤᠪᠢ ᠬᠥᠮᠦᠨ ᠤ ᠬᠤᠤᠰ ᠴᠢᠭᠯᠡᠯ ᠢᠶᠠᠷ ᠬᠢᠨᠠᠯᠲᠠ ᠲᠠᠯᠪᠢᠵᠤ ᠬᠠᠷᠢᠭᠤ ᠲᠤᠰᠬᠠᠵᠤ ᠦᠨᠡᠯᠡᠬᠦ ᠲᠣᠭᠲᠠᠴᠠ | ᠶᠢ ᠪᠠᠶᠢᠭᠤᠯᠤᠨ᠎ᠠ᠃ ᠬᠢᠨᠠᠨ ᠲᠤᠭᠳᠠᠭᠠᠭᠳᠠᠭᠰᠠᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠨᠢ ᠬᠢᠨᠠᠨ ᠲᠤᠭᠳᠠᠭᠠᠬᠤ | ᠠᠵᠢᠯᠳᠠᠨ ᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠲᠡ ᠬᠢᠵᠦ᠂ ᠬᠢᠨᠠᠨ ᠲᠤᠭᠳᠠᠭᠠᠬᠤ | ᠠᠵᠢᠯᠳᠠᠨ ᠨᠢ ᠬᠢᠨᠠᠨ ᠲᠤᠭᠳᠠᠭᠠᠭᠳᠠᠭᠰᠠᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠰᠠᠬᠢᠯᠭ᠎ᠠ ᠪᠠᠲᠤ ᠶᠢ ᠰᠠᠬᠢᠭᠰᠠᠨ | ᠪᠠᠶᠢᠳᠠᠯ ᠳᠤ ᠦᠨᠡᠯᠡᠯᠲᠡ ᠬᠢᠨ᠎ᠠ᠃ ᠬᠢᠨᠠᠨ ᠲᠣᠭᠲᠠᠭᠠᠬᠤ ᠠᠵᠢᠯᠲᠠᠨ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ | ᠢᠳᠡᠬᠦ ᠠᠪᠬᠤ ᠭᠠᠴᠢᠬᠤ ᠠᠪᠬᠤ ᠵᠡᠷᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠪᠠᠶᠢᠳᠠᠯ ᠲᠠᠢ | ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠵᠢᠷᠭᠤᠳᠤᠭᠠᠷ ᠵᠣᠶᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ | ᠶᠠᠪᠤᠴᠠ ᠶᠢ ᠢᠯᠡ ᠲᠣᠳᠣ ᠪᠠᠶᠢᠯᠭᠠᠵᠤ᠂ ᠵᠠᠭᠤᠴᠢᠯᠠᠭᠤᠷ᠂ ᠬᠠᠮᠢᠶ᠎ᠠ ᠪᠥᠬᠦᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠲᠥᠯᠥᠭᠡᠯᠡᠭᠴᠢ ᠵᠢᠴᠢ ᠣᠯᠠᠨ ᠲᠦᠮᠡᠨ ᠤ ᠬᠢᠨᠠᠯᠲᠠ ᠲᠠᠯᠪᠢᠯᠳᠠ ᠶᠢ ᠬᠦᠯᠢᠶᠡᠨ᠎ᠡ᠃ | ᠬᠤᠷᠢᠨ ᠳᠣᠯᠣᠳᠤᠭᠠᠷ ᠵᠦᠢᠯ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠬᠤᠳᠠᠯ ᠬᠡᠯᠡᠵᠦ ᠬᠠᠭᠤᠷᠮᠠᠭ | ᠢᠶᠠᠷ ᠵᠤᠬᠢᠶᠠᠬᠤ᠂ ᠲᠥᠪ ᠭᠤᠤᠯᠴᠢ ᠪᠤᠰᠤ ᠠᠷᠭ᠎ᠠ ᠪᠠᠷᠢᠯ ᠢᠶᠠᠷ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ | ᠢᠷᠠᠭᠤ ᠠᠯᠳᠠᠷ ᠢ ᠮᠡᠬᠡᠯᠡᠨ ᠣᠯᠤᠭᠰᠠᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠢ ᠬᠢᠨᠠᠨ ᠲᠣᠭᠲᠠᠭᠠᠬᠤ ᠺᠣᠮᠢᠰ | ᠤᠨ ᠨᠠᠷᠢᠨ ᠪᠢᠴᠢᠭ ᠤᠨ ᠭᠠᠵᠠᠷ ᠠᠴᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠤᠳᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠴᠣᠯᠠ ᠶᠢ ᠨᠢ ᠬᠠᠰᠤᠵᠤ᠂ ᠱᠠᠩᠨᠠᠯ ᠤᠨ ᠮᠧᠳᠠᠯ᠂ ᠦᠨᠡᠮᠯᠡᠯ ᠢ ᠨᠢ | ᠬᠤᠷᠢᠶᠡᠠ ᠠᠪᠴᠤ᠂ ᠱᠠᠩᠨᠠᠯ ᠤᠨ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠨᠡᠶᠢᠭᠡᠮ ᠳᠤ ᠢᠯᠠ ᠪᠠᠷ | ᠨᠡᠶᠢᠲᠡᠯᠡᠵᠦ ᠪᠣᠯᠤᠨ᠎ᠠ᠃ | ᠬᠤᠷᠢᠨ ᠨᠠᠢᠮᠠᠳᠤᠭᠠᠷ ᠵᠦᠢᠯ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠱᠠᠩᠨᠠᠯ | ᠣᠯᠤᠭᠰᠠᠨ ᠤ ᠳᠠᠷᠠᠭᠠᠬᠢ ᠭᠤᠷᠪᠠᠨ ᠵᠢᠯ ᠤᠨ ᠳᠣᠲᠣᠷ᠎ᠠ ᠨᠡᠯᠢᠶᠡᠳ ᠶᠡᠭᠡ ᠶᠠᠰᠤ ᠴᠢᠨᠠᠷ ᠤᠨ ᠪᠤᠶᠤ ᠠᠶᠤᠯ ᠥᠭᠡᠢ ᠶᠢᠨ | ᠡ᠊ᠨᠳᠡᠯ ᠭᠠᠷᠤᠭᠰᠠᠨ᠂ ᠡᠰᠡᠬᠦᠯ᠎ᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡᠳᠪᠦᠷᠢᠯᠡᠯ ᠡᠵᠡᠩᠨᠡᠯᠲᠡ | ᠶᠢᠨ ᠥᠢᠯᠡ ᠠᠵᠢᠯᠯᠠᠭ᠎ᠠ ᠲᠠᠢ ᠪᠠᠶᠢᠪᠠᠯ᠂ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠪᠠᠶᠢᠴᠠᠭᠠᠨ | ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠲᠣᠭᠲᠠᠭᠠᠬᠤ ᠺᠣᠮᠢᠰ ᠲᠤ ᠳᠡᠪᠰᠢᠭᠦᠯᠵᠦ ᠰᠤᠳᠤᠯᠤᠭᠤᠯᠤᠨ ᠲᠣᠭᠲᠠᠭᠠᠯᠭᠠᠭᠰᠠᠨ | ᠤ ᠲᠠᠷᠠᠭ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠱᠠᠩᠨᠠᠯ ᠢ ᠬᠠᠰᠤᠬᠤ ᠶᠢᠨ ᠬᠠᠮᠲᠤ ᠨᠡᠶᠢᠭᠡᠮ | ᠳᠤ ᠢᠯᠠ ᠪᠠᠷ ᠨᠡᠶᠢᠲᠡᠯᠡᠨ᠎ᠡ᠃ | ᠬᠤᠷᠢ ᠶᠢᠰᠦᠳᠦᠭᠡᠷ ᠵᠦᠢᠯ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠳᠤ ᠬᠤᠯᠪᠣᠭᠳᠠᠬᠤ ᠬᠤᠳᠠᠯᠳᠤᠭᠠᠨ ᠤ ᠨᠢᠭᠤᠴᠠ ᠪᠤᠶᠤ ᠮᠡᠷᠭᠡᠵᠢᠯ ᠤᠨ ᠨᠢᠭᠤᠴᠠ ᠶᠢ | ᠰᠠᠨᠠᠭᠠᠴᠢᠯᠠᠭ᠎ᠠ ᠠᠴᠠ ᠪᠠᠨ ᠲᠤᠳᠤᠷᠬᠠᠶᠢᠯᠠᠨ᠎ᠠ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠬᠤ ᠳᠤ ᠣᠷᠣᠯᠴᠠᠬᠤ ᠠᠵᠢᠯᠲᠠᠨ᠂ ᠭᠤᠶᠤᠴᠢᠯᠠᠭᠴᠢ ᠶᠢᠨ ᠬᠤᠳᠠᠯᠳᠤᠭᠠᠨ ᠤ ᠨᠢᠭᠤᠴᠠ ᠶᠢ ᠬᠠᠤᠯᠢ ᠶᠣᠰᠣᠭᠠᠷ | ᠬᠠᠮᠠᠭᠠᠯᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠥᠪ ᠭᠤᠤᠯᠴᠢ ᠠᠷᠢᠭᠤᠨ ᠴᠢᠬᠡᠴᠢ ᠪᠠᠶᠢᠵᠣ᠂ ᠬᠢᠨᠠᠨ ᠲᠤᠭᠳᠠᠭᠠᠯᠳᠠ | ᠶᠢᠨ ᠲᠥᠪ ᠭᠤᠤᠯᠴᠢ ᠴᠢᠨᠠᠷ ᠢ ᠨᠥᠯᠥᠭᠡᠯᠡᠬᠦ ᠠᠵᠢᠯᠯᠠᠭ᠎ᠠ ᠶᠢ ᠬᠢᠬᠦ ᠪᠤᠶᠤ ᠣᠷᠣᠯᠴᠠᠵᠤ᠂ ᠵᠦᠶ ᠪᠤᠰᠤ ᠠᠰᠢᠭ ᠲᠤᠰᠠ | ᠣᠯᠵᠤ ᠪᠣᠯᠬᠤ ᠥᠬᠡᠶ᠃ | ᠭᠤᠴᠢᠳᠤᠭᠠᠷ ᠵᠦᠢᠯ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠧᠳᠠᠯ᠂ ᠦᠨᠡᠮᠯᠡᠯ ᠢ ᠬᠤᠳᠠ | ᠶᠢᠨ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠬᠠᠭᠤᠷᠮᠠᠭ ᠢᠶᠠᠷ | ᠵᠣᠬᠢᠶᠠᠵᠤ᠂ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠃ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠭᠡᠷᠡᠴᠢ ᠪᠢᠴᠢᠭ᠂ | ᠱᠠᠩᠨᠠᠯ ᠤᠨ ᠮᠧᠳᠠᠯ ᠢ ᠬᠤᠳᠠᠯᠳᠤᠬᠤ᠂ ᠲᠦᠷᠢᠶᠡᠰᠦᠯᠡᠭᠦᠯᠬᠦ ᠪᠤᠶᠤ ᠲᠡᠭᠦᠨ ᠢ ᠠᠰᠢᠭ ᠬᠤᠨᠵᠢᠪᠣᠷᠢ ᠤᠯᠬᠤ ᠴᠢᠨᠠᠷᠲᠠᠶ | ᠪᠤᠰᠤᠳ ᠠᠵᠢᠯᠯᠠᠭ᠎ᠠ ᠳᠤ ᠬᠡᠷᠡᠭᠯᠡᠵᠦ ᠪᠣᠯᠬᠤ ᠤᠢᠭᠡᠢ᠃ | ᠳᠣᠯᠣᠳᠤᠭᠠᠷ ᠪᠦᠯᠦᠭ ᠲᠡᠯᠬᠡᠷᠡᠭᠦᠯᠬᠦ ᠪᠠ ᠬᠡᠷᠡᠭᠯᠡᠬᠦ | ᠭᠤᠴᠢᠨ ᠨᠢᠭᠡᠳᠦᠭᠡᠷ ᠵᠦᠢᠯ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠠᠴᠠ ᠱᠠᠩᠨᠠᠯ ᠣᠯᠤᠭᠰᠠᠨ | ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠨᠡᠶᠢᠲᠡᠯᠢᠭ ᠲᠤᠷᠰᠢᠯᠭ᠎ᠠ᠂ ᠠᠵᠢᠯ ᠤᠨ ᠦᠷ᠎ᠡ ᠪᠦᠲᠦᠭᠡᠯ ᠢ ᠳ᠋ᠦᠩᠨᠡᠬᠦ᠂ | ᠤᠬᠠᠭᠤᠯᠬᠤ ᠪᠠ ᠳᠡᠯᠭᠡᠷᠡᠭᠦᠯᠬᠦ ᠶᠢ ᠬᠠᠷᠢᠭᠤᠴᠠᠨ᠎ᠠ᠃ ᠬᠤᠲᠠ ᠶᠢᠨ ᠡᠯ᠎ᠡ ᠭᠤᠤᠯ ᠪᠣᠯᠬᠤ ᠵᠠᠭᠤᠴᠢᠯᠠᠭᠤᠷ ᠤᠳ ᠱᠠᠩᠨᠠᠯ | ᠣᠯᠤᠭᠰᠠᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠰᠠᠨᠠᠭᠠᠴᠢᠯᠠᠭ᠎ᠠ ᠠᠴᠠ ᠪᠠᠨ | ᠤᠬᠠᠭᠤᠯᠵᠤ᠂ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠬᠥᠭᠵᠢᠯᠲᠡ ᠶᠢᠨ ᠠᠭᠤᠷ | ᠠᠮᠢᠰᠬᠤᠯ ᠢ ᠪᠤᠢ ᠪᠤᠯᠭᠠᠨ᠎ᠠ᠃ | ᠭᠤᠴᠢᠨ ᠬᠤᠶᠠᠳᠤᠭᠠᠷ ᠵᠣᠶᠢᠯ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠲᠡᠷᠢᠭᠦᠨ ᠤ | ᠶᠠᠰᠤ ᠴᠢᠨᠠᠷ ᠤᠨ ᠣᠨᠣᠯ᠂ ᠠᠷᠭ᠎ᠠ ᠶᠢ ᠦᠷᠭᠦᠯᠵᠢᠯᠡᠨ ᠰᠤᠷᠤᠯᠴᠠᠨ ᠬᠡᠷᠡᠭᠯᠡᠬᠦ ᠶᠢᠨ ᠬᠠᠮᠲᠤ ᠲᠠᠰᠤᠷᠠᠯᠲᠠ ᠥᠬᠡᠶ ᠰᠢᠨ᠎ᠡ ᠶᠢ | ᠡᠭᠦᠳᠴᠦ᠂ ᠭᠠᠷᠮᠠᠭᠠᠶ ᠠᠮᠵᠢᠯᠲᠠ ᠪᠦᠲᠦᠮᠵᠢ ᠶᠢ ᠬᠥᠭᠡᠭᠡᠴᠡᠯᠳᠦᠨ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ | ᠭᠦᠢᠴᠡᠳᠬᠡᠵᠣ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠵᠦ᠂ | ᠵᠢᠱᠢᠶᠡᠴᠢ ᠶᠢᠨ ᠳᠠᠶᠢᠴᠢᠯᠠᠬᠤ ᠣᠶᠢᠯᠡᠳᠤᠯ ᠢ ᠰᠠᠶᠢᠲᠤᠷ ᠪᠠᠳᠠᠷᠠᠭᠤᠯᠤᠨ᠎ᠠ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠭᠤᠴᠢᠨ ᠭᠤᠷᠪᠠᠳᠤᠭᠠᠷ ᠵᠣᠶᠢᠯ ᠲᠣᠰ ᠠᠷᠭ᠎ᠠ ᠶᠢ 2021 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃ ︽ | ︿ᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯᠯᠠᠭ᠎ᠠ ᠶᠢᠨ ᠬᠡᠷᠡᠭᠵᠢᠭᠦᠯᠬᠦ | ᠰᠠᠨᠠᠯ﹀ ᠢ ᠨᠡᠶᠢᠲᠡᠯᠡᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ | ᠵᠠᠰᠠᠭ ᠲᠠᠷᠬᠠᠭᠠᠭᠰᠠᠨ ﹇2011﹈ 103 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | | |