ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ᠄ | ︽ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠥᠰᠦᠯ︾ ᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ | ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 8 ᠰᠠᠷ᠎ᠠ ᠶᠢᠨ 9 ᠤ ᠡᠳᠦᠷ | | | | | ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠥᠰᠦᠯ | | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ 2021 ᠣᠨ ᠤ 7 ᠳ᠋ᠤᠭᠠᠷ ᠰᠠᠷ᠎ᠠ ᠶᠢᠨ 9 ᠤ | ᠡᠳᠦᠷ ᠤᠨ ᠪᠥᠬᠦ ᠤᠯᠤᠰ ᠤᠨ ᠡᠨᠧᠷᠭᠢ ᠶᠢᠨ ᠣᠷᠭᠢᠯ ᠢ ᠤᠭᠲᠤᠨ ᠵᠤᠨ ᠢ ᠥᠩᠭᠡᠷᠡᠭᠦᠯᠬᠦ ᠲᠧᠯᠸᠢᠰ ᠳ᠋ᠢᠶᠠᠩᠬᠤᠸᠠ ᠬᠤᠷᠠᠯ᠂ | 7 ᠳ᠋ᠤᠭᠠᠷ ᠰᠠᠷ᠎ᠠ ᠶᠢᠨ 12 ᠤᠨ ᠡᠳᠦᠷ ᠤᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠬᠤᠷᠠᠯ ᠪᠠ | ᠥᠪᠡᠷᠲᠡᠭᠡᠨ ᠵᠠᠰᠠᠬᠤ ᠣᠷᠣᠨ ᠤ 7 ᠳ᠋ᠤᠭᠠᠷ ᠰᠠᠷ᠎ᠠ ᠶᠢᠨ 30 ᠤ ᠡᠳᠦᠷ ᠤᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ | ᠨᠡᠮᠡᠭᠳᠡᠭᠦᠯᠬᠦ ᠭᠠᠵᠠᠷ ︵ᠣᠶ ᠰᠢᠭᠤᠶ᠂ ᠡᠪᠡᠰᠤ ᠪᠡᠯᠴᠢᠬᠡᠷ︶ ᠬᠡᠷᠡᠭᠯᠡᠬᠦ ᠭᠠᠷᠳᠠᠮ ᠢ ᠭᠦᠢᠴᠡᠳᠬᠡᠬᠦ ᠲᠣᠬᠢᠷᠠᠭᠤᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠨᠡᠭᠦᠷᠡᠰᠦᠨ ᠤ | ᠣᠶᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠭᠦᠯᠬᠦ ᠶᠢ ᠴᠢᠨᠠᠭᠰᠢᠳᠠ ᠠᠬᠢᠭᠤᠯᠵᠤ᠂ ᠨᠡᠭᠦᠷᠡᠰᠦᠨ ᠤ ᠭᠠᠷᠤᠯᠲᠠ ᠪᠠ | ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ | ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ | ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠡᠯ᠎ᠡ ᠵᠣᠶᠢᠯ ᠤᠨ ᠴᠢᠬᠤᠯᠠ ᠪᠥᠬᠦᠶ ᠠᠷᠭ᠎ᠠ ᠬᠡᠮᠵᠢᠶ᠎ᠡ ᠶᠢ ᠠᠪᠴᠤ ᠪᠠᠶᠢᠭᠠᠳ | ᠠᠭᠤᠷᠬᠠᠶ ᠶᠢᠨ ᠡᠷᠬᠡ᠂ ᠣᠶᠢᠲᠤ ᠭᠠᠵᠠᠷ᠂ ᠭᠠᠵᠠᠷ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡ ᠶᠢ ᠦᠨᠡᠯᠡᠬᠦ᠂ | ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠵᠡᠷᠭᠡ ᠭᠠᠷᠳᠠᠮ ᠢ ᠭᠦᠢᠴᠡᠳᠬᠡᠬᠦ ᠶᠢ ᠲᠦᠷᠬᠡᠨ ᠢᠶᠠᠷ | ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ᠠᠶᠤᠯ ᠥᠬᠡᠶ ᠣᠶᠢᠯᠡᠳᠪᠦᠷᠢᠯᠠᠯ ᠢ ᠪᠠᠲᠤᠯᠠᠭᠰᠠᠨ ᠤᠷᠢᠲᠠᠯ ᠳᠣᠤᠷ᠎ᠠ᠂ | ᠨᠡᠭᠦᠷᠡᠰᠦᠨ ᠤ ᠣᠶᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠭᠦᠯᠬᠦ ᠶᠢ ᠬᠠᠤᠯᠢ ᠶᠣᠰᠣᠭᠠᠷ ᠲᠦᠷᠬᠡᠨ ᠢᠶᠠᠷ ᠠᠬᠢᠭᠤᠯᠵᠤ᠂ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︵ᠨᠢᠭᠡ︶ ᠪᠥᠬᠦ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ ᠪᠥᠬᠦ ᠲᠠᠯ᠎ᠠ ᠪᠠᠷ | ᠠᠬᠢᠭᠤᠯᠬᠤ ᠶᠢᠨ ᠲᠤᠰᠠᠳᠠ᠂ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ | ᠠᠬᠢᠭᠤᠯᠬᠤ ᠳᠤᠭᠤᠶᠢᠯᠠᠩ ︵ᠳᠣᠷᠣᠭᠰᠢ ᠠᠵᠢᠯ ᠢ ᠠᠬᠢᠭᠤᠯᠬᠤ ᠳᠤᠭᠤᠶᠢᠯᠠᠩ ᠭᠡᠵᠦ ᠨᠡᠷᠡᠶᠢᠳᠦᠨ᠎ᠡ︶ ᠢ ᠪᠠᠶᠢᠭᠤᠯᠪᠠ᠂ | ᠪᠦᠷᠢᠯᠳᠦᠬᠦᠨ ᠨᠢ ᠳᠣᠤᠷᠠᠬᠢ ᠮᠡᠲᠦ᠃ | ᠳᠤᠭᠤᠶᠢᠯᠠᠩ ᠤᠨ ᠳᠠᠷᠤᠭ᠎ᠠ᠄ ᠶᠢᠨ ᠡᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠺᠦᠩ ᠹᠠᠨ ᠹᠸᠢ ᠬᠤᠲᠠ ᠶᠢᠨ ᠳᠡᠳ᠋ ᠳᠠᠷᠤᠭ᠎ᠠ ᠶᠢᠨ ᠵᠢᠱᠢᠭᠳᠡᠭᠴᠢ | ᠪᠦᠷᠢᠯᠳᠦᠬᠦᠨ᠄ ᠯᠢ ᠪᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ | ᠪᠢᠴᠢᠭ ᠤᠨ ᠲᠡᠳ᠋ ᠲᠠᠷᠤᠭ᠎ᠠ | ᠦ᠋ ᠵᠢᠶᠠᠨ ᠰᠢᠶᠦ᠋ᠨ ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ | ᠮᠠ ᠡᠯ ᠰᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠠᠷᠤᠭ᠎ᠠ | ᠭᠤᠤ ᠯᠢᠩ ᠶᠦᠨ ᠬᠤᠳᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ | ᠡᠾᠦ᠋ᠸᠧ ᠯᠢ ᠫᠢᠩ ᠬᠤᠲᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ | ᠬᠤᠤ ᠶᠦᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠡᠳ᠋ ᠳᠠᠷᠤᠭ᠎ᠠ | ᠸᠠᠩ ᠠᠶ ᠯᠢᠶᠠᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠰᠠᠷᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠮᠠᠰᠢᠪᠢᠯᠢᠭ᠌ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ | ᠶᠢᠨ ᠳᠡᠳ᠋ ᠳᠠᠷᠤᠭ᠎ᠠ | ᠠᠯᠲᠠᠨᠪᠦᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ | ᠣᠶᠣᠨ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ | ᠯᠢ ᠸᠧᠨ ᠴᠢᠩ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ | ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠣᠷᠳᠣᠰ ᠤᠨ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ | ᠠᠵᠢᠯ ᠢ ᠠᠬᠢᠭᠤᠯᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠲᠠ ᠶᠢᠨ ᠡᠨᠧᠷᠭᠢ | ᠶᠢᠨ ᠲᠣᠪᠴᠢᠶ᠎ᠠ ᠳᠤ ᠪᠠᠶᠢᠭᠤᠯᠵᠤ᠂ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ᠂ | ᠣᠶᠢᠯᠡᠳᠪᠦᠷᠢᠯᠠᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠪᠠᠶᠢᠳᠠᠯ ᠢ ᠨᠢᠭᠡᠳᠦᠯᠲᠡᠶ ᠲᠥᠯᠥᠪᠯᠡᠨ | ᠳᠣᠭᠢᠷᠠᠭᠤᠯᠵᠤ᠂ ᠭᠠᠷᠠᠭ ᠪᠦᠷᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠬᠢᠴᠠ ᠪᠠᠨ ᠳᠡᠭᠡᠭᠰᠢ | ᠮᠡᠳᠡᠭᠦᠯᠵᠦ᠂ ᠬᠠᠭᠠᠰ ᠰᠠᠷ᠎ᠠ ᠪᠦᠷᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ | ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠳᠤ ᠠᠵᠢᠯ ᠤᠨ ᠠᠬᠢᠴᠠ ᠪᠠᠨ ᠮᠡᠳᠡᠭᠦᠯᠦᠨ ᠬᠦᠷᠬᠡᠨ᠎ᠡ᠃ | ᠬᠠᠷᠢᠯᠴᠠᠭᠴᠢ᠄ ᠶᠠᠨ ᠢ ᠯᠦᠨ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ | ᠤᠨ ᠠᠵᠢᠯᠯᠠᠭᠠᠨ ᠢ ᠬᠢᠨᠠᠨ ᠬᠠᠮᠢᠶᠠᠷᠬᠤ ᠰᠠᠯᠠᠭᠠᠨ ᠤ ᠳᠠᠷᠤᠭ᠎ᠠ | ᠬᠠᠷᠢᠯᠴᠠᠬᠤ ᠤᠲᠠᠰᠤ᠄ 18647745500 | ︵ᠬᠤᠶᠠᠷ︶ ᠠᠵᠢᠯ ᠢ ᠠᠬᠢᠭᠤᠯᠬᠤ ᠳᠤᠭᠤᠶᠢᠯᠠᠩ ᠤᠨ ᠳᠣᠤᠷ᠎ᠠ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ | ᠭᠠᠷᠳᠠᠮ ᠢ ᠭᠦᠢᠴᠡᠳᠬᠡᠵᠣ᠂ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ 2 ᠲᠤᠰᠬᠠᠶ ᠠᠵᠢᠯ ᠤᠨ | ᠠᠩᠭᠢ ᠪᠠᠶᠢᠭᠤᠯᠤᠨ᠎ᠠ᠃ | 1. ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ ᠠᠵᠢᠯ ᠤᠨ ᠲᠤᠰᠬᠠᠶ ᠠᠩᠭᠢ ︵ᠬᠤᠲᠠ | ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠠᠶᠢᠭᠤᠯᠤᠨ᠎ᠠ︶ | ᠳᠤᠭᠤᠶᠢᠯᠠᠩ ᠤᠨ ᠳᠠᠷᠤᠭ᠎ᠠ᠄ ᠮᠠ ᠡᠯ ᠰᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠳᠠᠷᠤᠭ᠎ᠠ | ᠪᠦᠷᠢᠯᠳᠦᠬᠦᠨ ᠄ ᠬᠤᠤ ᠶᠦᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠳᠡᠳ᠋ ᠳᠠᠷᠤᠭ᠎ᠠ | ᠸᠠᠩ ᠠᠶ ᠯᠢᠶᠠᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ | ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠰᠠᠷᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠭᠤᠤ ᠯᠢᠩ ᠶᠦᠨ ᠬᠤᠳᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ | ᠠᠯᠲᠠᠨᠪᠦᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠶᠢᠨ ᠳᠡᠳ᠋ ᠳᠠᠷᠤᠭ᠎ᠠ | ᠣᠶᠣᠨ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠶᠢᠨ ᠳᠡᠳ᠋ ᠳᠠᠷᠤᠭ᠎ᠠ | ᠬᠠᠷᠢᠯᠴᠠᠭᠴᠢ᠄ ᠱᠢ ᠸᠧᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ | ᠨᠡᠭᠡᠭᠡᠨ ᠠᠰᠢᠭᠯᠠᠬᠤ ᠰᠠᠯᠠᠭᠠᠨ ᠤ ᠳᠠᠷᠤᠭ᠎ᠠ | ᠦ᠋ ᠶᠦᠩ ᠯᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠰᠠᠯᠠᠭᠠᠨ ᠤ ᠳᠠᠷᠤᠭ᠎ᠠ | ᠵᠠᠩ ᠰᠢᠶᠦ᠋ᠩ ᠱᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ | ᠠᠭᠤᠷᠬᠠᠶ ᠶᠢᠨ ᠡᠷᠬᠡ ᠶᠢᠨ ᠬᠠᠮᠢᠶᠠᠷᠤᠯᠲᠠ ᠶᠢᠨ ᠰᠠᠯᠠᠭᠠᠨ ᠤ ᠲᠠᠷᠤᠭ᠎ᠠ | ᠬᠠᠷᠢᠯᠴᠠᠬᠤ ᠤᠲᠠᠰᠤ᠄ 15947725967᠂ 18647702526᠂ 13947722557 | ᠭᠤᠤᠯ ᠡᠭᠦᠷᠭᠡ ᠬᠠᠷᠢᠭᠤᠴᠠᠯᠭ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ | ᠬᠢᠵᠣ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠲᠣᠰ ᠱᠠᠲᠤ᠂ ᠬᠤᠰᠢᠭᠤ ᠲᠣᠭᠤᠷᠢᠭ ᠵᠡᠷᠭᠡ ᠳᠥᠷᠪᠡᠨ ᠲᠠᠰ ᠳᠠᠪᠬᠤᠷᠭ᠎ᠠ ᠪᠠᠷ ᠲᠦᠷᠦᠯ ᠬᠤᠪᠢᠶᠠᠨ ᠰᠢᠢᠳᠪᠦᠷᠢᠯᠡᠬᠦ ᠶᠢ | ᠠᠬᠢᠭᠤᠯᠵᠤ᠂ ᠵᠠᠳᠠᠭᠠᠶ ᠨᠡᠭᠦᠷᠡᠰᠦᠨ ᠠᠭᠤᠷᠬᠠᠶ ᠶᠢᠨ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠳᠤᠮᠳᠠ ᠣᠷᠣᠰᠢᠵᠤ | ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢᠭᠡ ᠨᠢᠭᠡ ᠪᠠᠷ ᠡᠮᠬᠢᠯᠡᠨ ᠳᠢᠭᠯᠡᠵᠦ᠂ ᠱᠠᠲᠤ ᠬᠤᠪᠢᠶᠠᠨ ᠬᠠᠷᠢᠭᠤ ᠮᠡᠳᠡᠭᠦᠯᠵᠦ᠂ | ᠲᠥᠷᠥᠯ ᠬᠤᠪᠢᠶᠠᠨ ᠰᠢᠢᠳᠪᠦᠷᠢᠯᠡᠬᠦ ᠶᠢ ᠠᠬᠢᠭᠤᠯᠤᠨ᠎ᠠ︔ ᠤᠷᠤᠭᠤᠯᠬᠤ ᠶᠣᠰᠣᠲᠠᠶ ᠶᠢ ᠨᠢ ᠴᠥᠮ ᠤᠷᠤᠭᠤᠯᠬᠤ ᠵᠠᠷᠴᠢᠮ | ᠶᠣᠰᠣᠭᠠᠷ ᠨᠥᠬᠦᠴᠡᠯ ᠳᠤ ᠨᠡᠶᠢᠴᠡᠬᠦ ᠨᠡᠭᠦᠷᠡᠰᠦᠨ ᠠᠭᠤᠷᠬᠠᠶ ᠶᠢ ᠪᠦᠬᠦᠨ ᠢ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ | ᠴᠠᠭ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠲᠤᠷᠰᠢᠯᠲᠠ | ᠶᠢᠨ ᠲᠥᠷᠥ ᠶᠢᠨ ᠪᠣᠳᠣᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠶᠢ ᠠᠳᠬᠤᠨ᠂ ᠪᠥᠬᠦ ᠬᠤᠲᠠ ᠶᠢᠨ ᠬᠤᠯᠪᠣᠭᠳᠠᠯ | ᠪᠥᠬᠦᠶ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠣᠶ ᠰᠢᠭᠤᠶ ᠡᠪᠡᠰᠦ ᠪᠡᠯᠴᠢᠭᠡᠷ ᠤᠨ ᠮᠠᠲ᠋ᠧᠷᠢᠶᠠᠯ | ᠪᠦᠷᠢᠨ ᠪᠤᠰᠤ ᠪᠠᠶᠢᠭᠰᠠᠨ ᠴᠣ᠋ ᠬᠢᠨᠠᠨ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠵᠠᠳᠠᠭᠠᠶ | ᠨᠡᠭᠦᠷᠡᠰᠦᠨ ᠠᠭᠤᠷᠬᠠᠶ ᠶᠢᠨ ᠲᠦᠷ ᠴᠠᠭ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠲᠦᠷᠬᠡᠨ ᠢᠶᠠᠷ ᠠᠬᠢᠭᠤᠯᠵᠤ᠂ | ᠣᠶᠢᠯᠡᠳᠪᠦᠷᠢᠯᠡᠬᠦ ᠴᠢᠳᠠᠪᠤᠷᠢ ᠶᠢ ᠲᠦᠷᠭᠡᠨ ᠢᠶᠠᠷ ᠲᠡᠭᠡᠭᠰᠢᠯᠡᠭᠦᠯᠬᠦ ᠶᠢ ᠠᠬᠢᠭᠤᠯᠤᠨ᠎ᠠ︔ ᠠᠵᠢᠯ ᠢ ᠠᠬᠢᠭᠤᠯᠬᠤ ᠳᠤᠭᠤᠶᠢᠯᠠᠩ | ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠪᠡᠶᠡᠯᠡᠭᠦᠯᠦᠨ᠎ᠡ᠃ | 2. ᠣᠶᠢᠯᠡᠳᠪᠦᠷᠢᠯᠠᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ︵ᠬᠤᠲᠠ ᠶᠢᠨ | ᠡᠨᠧᠷᠭᠢ ᠶᠢᠨ ᠲᠣᠪᠴᠢᠶ᠎ᠠ ᠳᠤ ᠪᠠᠶᠢᠭᠤᠯᠤᠨ᠎ᠠ︶ | ᠳᠤᠭᠤᠶᠢᠯᠠᠩ ᠤᠨ ᠳᠠᠷᠤᠭ᠎ᠠ᠄ ᠦ᠋ ᠵᠢᠶᠠᠨ ᠰᠢᠶᠦ᠋ᠨ ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ | ᠪᠦᠷᠢᠯᠳᠦᠬᠦᠨ ᠄ ᠴᠧᠨ ᠶᠦᠩ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ | ᠭᠤᠤ ᠯᠢᠩ ᠶᠦᠨ ᠬᠤᠳᠠ ᠶᠢᠨ ᠡᠨᠧᠷᠭᠢ ᠶᠢᠨ ᠰᠤᠷᠪᠤᠯᠵᠢ ᠶᠢᠨ | ᠲᠣᠪᠴᠢᠶᠠᠨ ᠤ ᠳᠡᠳ᠋ ᠳᠠᠷᠤᠭ᠎ᠠ | ᠡᠾᠦ᠋ᠸᠧ ᠯᠢ ᠫᠢᠩ ᠬᠤᠲᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ | | ᠮᠠᠰᠢᠪᠢᠯᠢᠭ᠌ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠤᠪᠴᠢᠶᠠᠨ ᠤ ᠳᠡᠳ᠋ ᠳᠠᠷᠤᠭ᠎ᠠ | ᠯᠢ ᠸᠧᠨ ᠴᠢᠩ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ | ᠲᠦᠪᠰᠢᠨ ᠢ ᠬᠢᠨᠠᠨ ᠪᠠᠶᠢᠴᠠᠭᠠᠬᠤ ᠲᠤᠪᠴᠢᠶᠠᠨ ᠤ ᠣᠷᠳᠣᠰ ᠤᠨ ᠬᠤᠪᠢᠶᠠᠷᠢ ᠲᠤᠪᠴᠢᠶᠠᠨ ᠤ ᠳᠡᠳ᠋ ᠳᠠᠷᠤᠭ᠎ᠠ | ᠬᠠᠷᠢᠯᠴᠠᠭᠴᠢ᠄ ᠯᠢ ᡁᠢ ᠵᠢᠶᠦ᠋ᠨ ᠬᠤᠲᠠ ᠶᠢᠨ ᠡᠨᠧᠷᠭᠢ ᠶᠢᠨ ᠲᠤᠪᠴᠢᠶᠠᠨ ᠤ ᠨᠡᠭᠦᠷᠡᠰᠦᠨ ᠤ | ᠰᠠᠯᠠᠭᠠᠨ ᠤ ᠬᠠᠷᠢᠭᠤᠴᠠᠯᠭᠠᠲᠠᠨ | ᠬᠠᠷᠢᠯᠴᠠᠬᠤ ᠤᠲᠠᠰᠤ᠄ 18648000573 | ᠭᠤᠤᠯ ᠡᠭᠦᠷᠭᠡ ᠬᠠᠷᠢᠭᠤᠴᠠᠯᠭ᠎ᠠ᠄ ᠬᠤᠲᠠ ᠶᠢᠨ ᠡᠨᠧᠷᠭᠢ ᠶᠢᠨ ᠲᠣᠪᠴᠢᠶ᠎ᠠ ᠠᠴᠠ ᠲᠦᠷᠦᠭᠦᠯᠡᠨ ᠬᠢᠵᠣ᠂ ᠬᠤᠯᠪᠤᠭᠳᠠᠯ | ᠪᠦᠬᠦᠢ ᠰᠠᠯᠠᠭ᠎ᠠ ᠮᠥᠴᠢᠷ ᠬᠠᠮᠵᠢᠯᠴᠠᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠰ ᠱᠠᠲᠤ᠂ | ᠬᠤᠰᠢᠭᠤ ᠲᠣᠭᠤᠷᠢᠭ ᠵᠡᠷᠭᠡ ᠳᠥᠷᠪᠡᠨ ᠲᠠᠰ ᠳᠠᠪᠬᠤᠷᠭ᠎ᠠ ᠪᠠᠷ ᠲᠦᠷᠦᠯ ᠬᠤᠪᠢᠶᠠᠨ ᠰᠢᠢᠳᠪᠦᠷᠢᠯᠡᠬᠦ ᠶᠢ ᠠᠬᠢᠭᠤᠯᠵᠤ᠂ ᠪᠥᠬᠦ | ᠬᠤᠲᠠ ︵ᠴᠢ ᠫᠠᠨ ᠵᠢᠩ ᠠᠴᠠ ᠭᠠᠳᠠᠨ᠎ᠠ︶ ᠳᠤ ᠬᠤᠯᠪᠣᠭᠳᠠᠬᠤ ᠠᠭᠤᠷᠬᠠᠶ ᠶᠢᠨ ᠬᠤᠳᠳᠤᠭ ᠤᠨ ᠣᠷᠴᠢᠨ ᠲᠣᠭᠤᠷᠢᠨ ᠤ | ᠨᠦᠯᠦᠬᠡ ᠶᠢᠨ ᠦᠨᠡᠯᠡᠯᠲᠡ᠂ ᠣᠶᠢᠯᠡᠳᠪᠦᠷᠢᠯᠡᠬᠦ ᠴᠢᠳᠠᠪᠤᠷᠢ ᠶᠢ ᠰᠣᠯᠢᠬᠤ ᠵᠡᠷᠭᠡ ᠣᠶᠢᠯᠡᠳᠪᠦᠷᠢᠯᠡᠬᠦ ᠴᠢᠳᠠᠪᠤᠷᠢ ᠶᠢ | ᠬᠠᠷᠭᠤᠭᠤᠯᠤᠨ ᠨᠡᠮᠡᠭᠳᠡᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠨᠢᠭᠡ ᠪᠠᠷ ᠡᠮᠬᠢᠯᠡᠵᠣ᠂ ᠱᠠᠲᠤ ᠬᠤᠪᠢᠶᠠᠨ | ᠬᠠᠷᠢᠭᠤ ᠮᠡᠳᠡᠭᠦᠯᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠠᠬᠢᠭᠤᠯᠤᠨ᠎ᠠ︔ ᠣᠶᠢᠯᠡᠳᠪᠦᠷᠢᠯᠡᠬᠦ ᠴᠢᠳᠠᠪᠤᠷᠢ ᠶᠢ | ᠬᠠᠷᠭᠤᠭᠤᠯᠤᠨ ᠨᠡᠮᠡᠭᠳᠡᠭᠦᠯᠬᠦ ᠨᠠᠷᠢᠨ ᠲᠠᠩᠰᠠ ᠶᠢ ᠨᠠᠷᠢᠨ ᠬᠢᠨᠠᠮᠠᠭᠠᠶ ᠰᠢᠭᠰᠢᠨ ᠵᠢᠭᠰᠠᠭᠠᠵᠤ᠂ ᠤᠯᠤᠰ ᠤᠨ ᠬᠤᠯᠪᠣᠭᠳᠠᠯ | ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ | ᠲᠢᠩᠬᠢᠮ ᠲᠣᠪᠴᠢᠶ᠎ᠠ ᠠᠴᠠ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠣᠷᠣᠨ ᠵᠠᠶ ᠪᠠ ᠬᠤᠪᠢ ᠶᠢᠨ | ᠲᠤᠭ᠎ᠠ ᠶᠢ ᠢᠳᠡᠪᠬᠢᠲᠡᠶ ᠪᠠᠷ ᠴᠢᠷᠮᠠᠶᠢᠨ ᠤᠯᠤᠨ᠎ᠠ︔ ᠠᠵᠢᠯ ᠢ ᠠᠬᠢᠭᠤᠯᠬᠤ ᠳᠤᠭᠤᠶᠢᠯᠠᠩ ᠤᠨ ᠲᠤᠰᠢᠶᠠᠭᠰᠠᠨ ᠪᠤᠰᠤᠳ | ᠬᠠᠮᠢᠶ᠎ᠠ ᠪᠥᠬᠦᠶ ᠠᠵᠢᠯ ᠢ ᠪᠡᠶᠡᠯᠡᠭᠦᠯᠦᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ | ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠣᠳᠣᠬᠠᠨ ᠤ ᠨᠢᠭᠡ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠪᠣᠳᠠᠲᠠᠶ ᠠᠳᠬᠤᠵᠤ᠂ ᠭᠤᠤᠯ ᠬᠠᠷᠢᠭᠤᠴᠠᠯᠭᠠᠲᠠᠨ ᠨᠢ | ᠤᠷᠢᠳᠠᠪᠠᠷ ᠵᠢᠯᠣᠭᠤᠳᠴᠤ᠂ ᠥᠪᠡᠷ ᠤᠨ ᠪᠡᠶ᠎ᠡ ᠪᠠᠷ ᠢᠶᠠᠨ ᠨᠠᠶᠢᠳᠠᠪᠦᠷᠢᠵᠢᠭᠤᠯᠤᠯᠳᠠ ᠶᠢ ᠠᠬᠢᠭᠤᠯᠤᠨ᠎ᠠ᠃ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯᠲᠠᠨ᠂ ᠡᠭᠦᠷᠭᠡ᠂ | ᠴᠠᠭ ᠬᠤᠭᠤᠴᠠᠭ᠎ᠠ᠂ ᠱᠠᠭᠠᠷᠳᠠᠯᠭ᠎ᠠ ᠶᠢ ᠲᠤᠭᠳᠠᠭᠠᠵᠣ᠂ ᠬᠠᠷᠢᠭᠤᠴᠠᠯᠭ᠎ᠠ ᠶᠢ ᠦᠨᠡᠨ ᠬᠦ ᠪᠣᠳᠠᠲᠠᠶ ᠨᠠᠶᠢᠳᠠᠪᠦᠷᠢᠵᠢᠭᠤᠯᠤᠨ᠎ᠠ᠃ | ᠡᠯ᠎ᠡ ᠬᠤᠰᠢᠭᠤ ᠲᠤᠭᠤᠷᠢᠭ ᠨᠤᠭᠤᠳ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠲᠤᠰᠬᠠᠶ ᠠᠩᠭᠢ | ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠣ᠂ ᠨᠠᠷᠢᠨ ᠬᠢᠨᠠᠮᠠᠭᠠᠶ ᠡᠮᠬᠢᠯᠡᠵᠦ᠂ ᠠᠰᠠᠭᠤᠳᠠᠯ ᠤᠨ | ᠨᠠᠷᠢᠨ ᠲᠠᠩᠰᠠ ᠶᠢ ᠨᠢᠭᠡ ᠨᠢᠭᠡ ᠪᠠᠷ ᠵᠢᠭᠰᠠᠭᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ | ᠲᠣᠳᠣᠷᠬᠠᠶᠢᠯᠠᠵᠤ᠂ ᠨᠢᠭᠲᠠ ᠬᠠᠮᠵᠢᠯᠴᠠᠨ᠂ ᠬᠠᠮᠢᠶ᠎ᠠ ᠪᠥᠬᠦᠶ ᠠᠵᠢᠯ ᠢ ᠬᠠᠮᠵᠢᠯᠴᠠᠨ ᠠᠬᠢᠭᠤᠯᠵᠤ᠂ ᠨᠡᠭᠦᠷᠡᠰᠤ ᠶᠢ | ᠲᠣᠭᠲᠠᠭᠤᠨ ᠢᠶᠠᠷ ᠬᠠᠩᠭᠠᠬᠤ ᠶᠢ ᠦᠨᠡᠨ ᠬᠦ ᠪᠠᠳᠤᠯᠠᠨ᠎ᠠ᠃ ᠡᠯ᠎ᠡ ᠬᠤᠰᠢᠭᠤ ᠲᠣᠭᠤᠷᠢᠭ ᠤᠨ ᠠᠵᠢᠯ ᠤᠨ ᠲᠤᠰᠬᠠᠶ ᠠᠩᠭᠢ | ᠪᠠᠶᠢᠭᠤᠯᠤᠭᠰᠠᠨ ᠪᠠᠶᠢᠳᠠᠯ ᠢ ᠡᠷᠬᠡᠪᠰᠢ 2021 ᠣᠨ ᠤ 8 ᠳ᠋ᠤᠭᠠᠷ ᠰᠠᠷ᠎ᠠ ᠶᠢᠨ 11 ᠤ ᠡᠳᠦᠷ ᠠᠴᠠ ᠡᠮᠦᠨ᠎ᠡ ᠬᠤᠲᠠ ᠶᠢᠨ | ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ᠎ᠡ᠃ | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠠᠵᠢᠯ ᠤᠨ ᠲᠤᠰᠬᠠᠶ | ᠠᠩᠭᠢ ᠨᠢ ᠡᠭᠦᠷᠭᠡ ᠠᠵᠢᠯ ᠤᠨ ᠬᠤᠪᠢᠶᠠᠷᠢᠯᠠᠯ ᠤᠨ ᠲᠣᠭᠤᠷᠢᠨ ᠳᠤ᠂ ᠠᠵᠢᠯ ᠤᠨ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠡᠯ᠎ᠡ ᠵᠣᠶᠢᠯ ᠤᠨ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠠᠬᠢᠭᠤᠯᠵᠤ᠂ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃ ᠡᠯ᠎ᠡ ᠪᠦᠷᠢᠯᠳᠦᠬᠦᠨ | ᠨᠢᠭᠡᠴᠡ ᠨᠦᠭᠦᠳ ᠢᠳᠡᠪᠬᠢᠲᠡᠶ ᠪᠠᠷ ᠬᠠᠮᠵᠢᠯᠴᠠᠨ ᠣᠷᠣᠯᠴᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ | ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠮᠲᠤᠪᠠᠷ ᠠᠳᠬᠤᠵᠤ ᠬᠠᠮᠳᠤᠪᠠᠷ ᠬᠠᠮᠢᠶᠠᠷᠬᠤ ᠰᠠᠶᠢᠨ ᠰᠠᠶᠢᠬᠠᠨ | ᠠᠵᠢᠯ ᠤᠨ ᠪᠠᠶᠢᠳᠠᠯ ᠢ ᠪᠤᠢ ᠪᠤᠯᠭᠠᠨ᠎ᠠ᠃ | ︵ᠭᠤᠷᠪᠠ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠎ᠠ᠃ ᠨᠡᠭᠦᠷᠡᠰᠦᠨ ᠠᠭᠤᠷᠬᠠᠶ ᠶᠢᠨ ᠭᠠᠷᠳᠠᠮ | ᠢ ᠭᠦᠢᠴᠡᠳᠬᠡᠬᠦ ᠪᠠ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠲᠤᠬᠢᠷᠠᠭᠤᠯᠤᠯᠳᠠ ᠶᠢᠨ ᠲᠣᠭᠲᠠᠴᠠ ᠶᠢ | ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠲᠤᠰᠬᠠᠶ ᠠᠩᠬᠢ ᠨᠢᠭᠡᠪᠦᠷᠢ ᠨᠢ ᠲᠤᠰᠬᠠᠶ ᠠᠵᠢᠯᠳᠠᠨ ᠲᠣᠭᠲᠠᠭᠠᠵᠤ ᠮᠡᠳᠡᠭᠡ | ᠵᠠᠩᠭᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠭᠤᠯᠵᠤ᠂ ᠠᠵᠢᠯ ᠢ ᠠᠬᠢᠭᠤᠯᠬᠤ ᠳᠤᠭᠤᠶᠢᠯᠠᠩ ᠳᠤ ᠠᠵᠢᠯ ᠤᠨ ᠠᠬᠢᠴᠠ | ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠬᠡᠨ᠎ᠡ᠃ ᠦᠢᠯᠡᠳᠪᠦᠷᠢᠯᠡᠯ ᠤᠨ ᠴᠢᠳᠠᠪᠤᠷᠢ ᠶᠢ | ᠬᠠᠷᠭᠤᠭᠤᠯᠤᠨ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠨᠢ ᠪᠦᠬᠦ ᠬᠤᠲᠠ ᠶᠢᠨ ᠭᠠᠷᠤᠯᠲᠠ ᠪᠠ ᠬᠠᠩᠭᠠᠯᠭ᠎ᠠ ᠶᠢ | ᠨᠡᠮᠡᠭᠳᠡᠭᠦᠯᠬᠦ ᠨᠡᠭᠦᠷᠡᠰᠦᠨ ᠠᠭᠤᠷᠬᠠᠶ ᠶᠢᠨ ᠨᠠᠷᠢᠨ ᠳᠠᠩᠰᠠ ᠶᠢ ᠣᠨᠣᠪᠴᠢᠲᠠᠶ ᠡᠮᠬᠢᠯᠡᠨ ᠳᠢᠭᠯᠡᠵᠦ᠂ ᠭᠠᠵᠠᠷ ᠬᠡᠷᠡᠭᠯᠡᠬᠦ ᠵᠢᠴᠢ | ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ ᠠᠵᠢᠯ ᠤᠨ ᠲᠤᠰᠬᠠᠶ ᠠᠩᠭᠢ ᠨᠢ ᠪᠥᠬᠦ ᠬᠤᠲᠠ ᠶᠢᠨ ᠨᠡᠭᠦᠷᠡᠰᠦᠨ ᠠᠭᠤᠷᠬᠠᠶ | ᠶᠢᠨ ᠭᠠᠷᠳᠠᠮ ᠢ ᠭᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ ᠣᠶ ᠰᠢᠭᠤᠶ ᠡᠪᠡᠰᠦ ᠪᠡᠯᠴᠢᠭᠡᠷ᠂ ᠲᠠᠲᠠᠪᠤᠷᠢᠯᠠᠨ | ᠨᠤᠷᠠᠭᠠᠬᠤ᠂ ᠬᠠᠤᠯᠢ ᠴᠠᠭᠠᠵᠠ ᠳᠤ ᠬᠤᠯᠪᠣᠭᠳᠠᠬᠤ ᠵᠠᠭᠠᠯᠳᠤᠯᠭ᠎ᠠ ᠳᠤ ᠬᠤᠯᠪᠣᠭᠳᠠᠬᠤ ᠵᠡᠷᠭᠡ ᠠᠰᠠᠭᠤᠳᠠᠯ ᠢ ᠤᠨᠤᠪᠴᠢᠲᠠᠢ | ᠡᠮᠬᠢᠯᠡᠨ ᠳᠢᠭᠯᠡᠵᠦ᠂ ᠬᠤᠲᠠ ᠶᠢᠨ ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ᠂ ᠬᠤᠲᠠ ᠶᠢᠨ | ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠬᠡᠷ ᠠᠴᠠ ᠰᠢᠨᠵᠢᠯᠡᠬᠦ ᠤᠬᠠᠭᠠᠨᠴᠢ ᠪᠠᠷ ᠵᠢᠭᠰᠠᠭᠠᠵᠤ ᠬᠠᠷᠢᠭᠤᠴᠠᠵᠣ᠂ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠤᠰᠬᠠᠶ | ᠠᠩᠭᠢ ᠳᠤ ᠴᠠᠭ ᠲᠤᠬᠠᠶ ᠳᠤᠨᠢ ᠮᠡᠳᠡᠭᠦᠯᠦᠨ᠎ᠡ᠃ |