ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ | ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠷᠳᠣᠰ ᠬᠤᠲᠠ | ᠶᠢᠨ ︿ᠨᠢᠭᠡ ᠦᠨᠡᠮᠯᠡᠯ ᠢᠶᠠᠷ ᠨᠡᠪᠲᠡᠷᠡᠬᠦ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ | ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠲᠤᠭᠠᠶ᠃ | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 9 ᠰᠠᠷ᠎ᠠ ᠶᠢᠨ 16 ᠤ ᠡᠳᠦᠷ | | | | | ᠣᠷᠳᠣᠰ ᠬᠤᠲᠠ ᠶᠢᠨ ︽ᠨᠢᠭᠡ ᠦᠨᠡᠮᠯᠡᠯ ᠢᠶᠠᠷ ᠨᠡᠪᠲᠡᠷᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ | ᠬᠡᠷᠡᠭᠵᠢᠭᠦᠯᠬᠦ ᠲᠦᠰᠦᠯ | | ᠪᠥᠬᠦ ᠤᠯᠤᠰ ᠤᠨ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠬᠦᠨᠵᠡᠬᠡᠶᠢᠷᠡᠭᠦᠯᠵᠣ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ | ᠲᠧᠯᠸᠢᠰ ᠳ᠋ᠢᠶᠠᠩᠬᠤᠸᠠ ᠬᠤᠷᠠᠯ ᠪᠠ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ︽ | ᠤᠷᠤᠭᠤᠯᠬᠤ ᠶᠢ ᠵᠦᠪᠰᠢᠶᠡᠷᠡᠵᠣ ᠡᠵᠡᠩᠨᠡᠬᠦ ᠶᠢ ᠵᠦᠪᠰᠢᠶᠡᠷᠡᠬᠦ ᠦᠬᠡᠢ︾ ᠠᠰᠠᠭᠤᠳᠠᠯ ᠢ ᠰᠢᠢᠳᠪᠦᠷᠢᠯᠡᠬᠦ ᠶᠢᠨ | ᠲᠤᠰᠠᠳᠠ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | | ᠨᠢᠭᠡ᠂ ᠠᠵᠢᠯ ᠤᠨ ᠬᠠᠷᠠᠯᠲᠠ | ︽ᠨᠢᠭᠡ ᠤᠴᠢᠷ ᠶᠠᠪᠤᠳᠠᠯ︾ ᠢ ᠪᠦᠲᠦᠭᠡᠬᠦ ᠪᠠᠷ ᠤᠳᠤᠷᠢᠳᠤᠮᠵᠢ ᠪᠣᠯᠭᠠᠨ᠂ ᠠᠵᠢᠯ ᠲᠦᠷᠦᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠲᠦᠷᠢᠮ ᠢ ᠪᠠᠶᠢᠭᠤᠯᠵᠤ᠂ ᠨᠢᠭᠡ ᠠᠵᠢᠯ ᠲᠦᠷᠦᠯ ᠤᠨ ᠤᠷᠤᠭᠤᠯᠬᠤ ᠶᠢ | ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠭᠰᠠᠨ ᠤᠯᠠᠨ ᠵᠥᠪᠰᠢᠶᠡᠷᠡᠯ ᠤᠨ ᠦᠨᠡᠮᠯᠡᠯ ᠢ | ᠨᠡᠶᠢᠯᠡᠭᠦᠯᠦᠭᠡᠳ ᠨᠢᠭᠡ ᠠᠵᠢᠯ ᠲᠦᠷᠦᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠵᠤ᠂ ᠨᠢᠭᠡ | ᠠᠵᠢᠯ ᠲᠦᠷᠦᠯ ᠤᠨ ᠪᠦᠬᠦ ᠬᠡᠯᠬᠢᠶ᠎ᠡ ᠪᠠᠷ ᠵᠥᠪᠰᠢᠶᠡᠷᠡᠬᠦ᠂ ᠤᠯᠠᠨ ᠤᠴᠢᠷ ᠶᠠᠪᠤᠳᠠᠯ ᠢ ᠨᠡᠶᠢᠯᠡᠭᠦᠯᠬᠦ᠂ ᠨᠢᠭᠡ ᠲᠠᠮᠠᠭ᠎ᠠ | ᠪᠠᠷ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠪᠤᠢ ᠪᠣᠯᠭᠠᠨ᠎ᠠ᠃ ᠡᠩ ᠲᠡᠷᠢᠭᠦᠨ ᠳᠤ ︽ᠨᠢᠭᠡ | ᠣᠴᠢᠷ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠵᠣᠶᠢᠯᠡᠰ ᠤᠨ ᠳᠣᠲᠣᠷᠠᠬᠢ ᠭᠦᠢᠴᠡᠳᠬᠡᠬᠦ ᠳᠠᠪᠲᠠᠮᠵᠢ ᠨᠢ | ᠥᠨᠳᠥᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠬᠠᠷᠢᠴᠠᠩᠭᠤᠶ ᠪᠠᠷ ᠲᠥᠪᠯᠡᠷᠡᠭᠰᠡᠨ ᠠᠵᠢᠯ ᠲᠥᠷᠥᠯ ᠢ ︽ | ᠨᠢᠭᠡ ᠦᠨᠡᠮᠯᠡᠯ ᠢᠶᠠᠷ ᠨᠡᠪᠲᠡᠷᠡᠬᠦ︾ ᠬᠡᠪᠴᠢᠶᠡᠨ ᠳᠤ ᠣᠷᠣᠭᠤᠯᠤᠨ ᠪᠥᠬᠦ ᠬᠤᠲᠠ ᠳᠤ ᠬᠡᠷᠡᠭᠵᠢᠭᠦᠯᠵᠦ᠂ ᠪᠤᠰᠤᠳ | ᠠᠵᠢᠯ ᠲᠥᠷᠥᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠣᠶᠢᠯᠡᠰ ᠢ ᠠᠯᠬᠤᠮ ᠠᠯᠬᠤᠮ ᠢᠶᠠᠷ | ᠡᠮᠬᠢᠯᠡᠨ ᠨᠡᠶᠢᠯᠡᠭᠦᠯᠵᠦ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠪᠦᠯᠦᠭ ᠬᠤᠪᠢᠶᠠᠨ ︽ᠨᠢᠭᠡ ᠦᠨᠡᠮᠯᠡᠯ ᠢᠶᠠᠷ | ᠨᠡᠪᠲᠡᠷᠡᠬᠦ︾ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠎ᠠ᠃ | ᠬᠤᠶᠠᠷ᠂ ᠭᠦᠢᠴᠡᠳᠬᠡᠬᠦ ᠠᠷᠭ᠎ᠠ ᠮᠠᠶ᠋ᠢᠭ | ᠭᠤᠶᠤᠴᠢᠯᠠᠭᠴᠢ ᠶᠢᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠵᠠᠷᠴᠢᠮ ᠶᠣᠰᠣᠭᠠᠷ᠂ ︽ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠶᠢ ᠨᠢᠭᠡ ᠴᠤᠩᠬᠤᠪᠴᠢ ᠪᠠᠷ ᠭᠥᠯᠢᠶᠡᠨ | ᠠᠪᠴᠤ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠤᠩᠬᠤᠪᠴᠢ ᠪᠠᠷ | ᠨᠢᠭᠡᠳᠦᠯᠲᠡᠶ ᠦᠨᠡᠮᠯᠡᠯ ᠣᠯᠭᠤᠬᠤ︾ ᠠᠵᠢᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ᠎ᠠ᠃ | ︵ᠨᠢᠭᠡ︶ ᠭᠤᠶᠤᠴᠢᠯᠠᠯ ᠭᠠᠷᠭᠠᠬᠤ᠃ | 1. ᠰᠦᠯᠵᠢᠶᠡᠨ ᠳᠡᠭᠡᠷ᠎ᠡ ᠮᠡᠳᠡᠭᠦᠯᠬᠦ᠃ ᠭᠤᠶᠤᠴᠢᠯᠠᠭᠴᠢ ᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠰᠦᠯᠵᠢᠶ᠎ᠡ ︵ᠣᠷᠳᠣᠰ︶ ᠶᠢᠨ ︽ᠮᠧᠩ ᠰᠦ ᠪᠠᠨ᠂ ᠨᠢᠬᠡ ᠤᠳᠠᠭ᠎ᠠ ᠳᠤ ᠭᠦᠢᠴᠡᠳᠬᠡᠬᠦ︾ | ᠤᠴᠢᠷ ᠶᠠᠪᠤᠳᠠᠯ ᠭᠦᠢᠴᠡᠳᠬᠡᠬᠦ ᠲᠤᠰᠬᠠᠶ ᠪᠤᠯᠤᠩ ᠳᠤ ᠭᠤᠶᠤᠴᠢᠯᠠᠨ ᠭᠦᠢᠴᠡᠳᠬᠡᠬᠦ ᠠᠵᠢᠯ ᠲᠥᠷᠥᠯ ᠪᠠ ᠵᠣᠶᠢᠯᠡᠰ ᠢ | ᠰᠣᠩᠭᠤᠵᠤ᠂ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ᠂ ᠠᠷᠤ ᠲᠠᠪᠴᠠᠩ ᠳᠤ ᠬᠠᠷᠭᠤᠭᠤᠯᠤᠨ | ᠪᠠᠶᠢᠴᠠᠭᠠᠬᠤ ᠪᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠳᠤ ᠣᠷᠣᠭᠤᠯᠤᠨ᠎ᠠ᠃ | 2. ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ᠃ ᠭᠤᠶᠤᠴᠢᠯᠠᠭᠴᠢ ᠨᠢ ᠬᠤᠲᠠ᠂ ᠬᠤᠰᠢᠭᠤ ᠲᠣᠭᠤᠷᠢᠭ | ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ︽ᠮᠧᠩ ᠰᠦ ᠪᠠᠨ · ᠨᠢᠭᠡ ᠤᠳᠠᠭ᠎ᠠ ᠳᠤ | ᠭᠦᠢᠴᠡᠳᠬᠡᠬᠦ︾ ᠴᠤᠩᠬᠤᠪᠴᠢ ᠪᠠᠷ ᠳᠡᠮᠵᠢᠨ ᠭᠤᠶᠤᠴᠢᠯᠠᠯ ᠤᠨ ᠮᠠᠲ᠋ᠧᠷᠢᠶᠠᠯ ᠢᠶᠠᠨ ᠨᠢᠭᠡᠯᠡ ᠤᠳᠠᠭ᠎ᠠ | ᠲᠤᠰᠢᠶᠠᠭᠰᠠᠨ ᠤ ᠳᠠᠷᠠᠭ᠎ᠠ᠂ ᠲᠥᠷᠥᠯ ᠬᠤᠪᠢᠶᠠᠨ ᠠᠷᠤ ᠲᠠᠪᠴᠠᠩ ᠳᠤ ᠰᠢᠯᠵᠢᠭᠦᠯᠦᠨ ᠬᠢᠨᠠᠨ ᠵᠦᠪᠰᠢᠶᠡᠷᠡᠨ᠎ᠡ᠃ | ︵ᠬᠤᠶᠠᠷ︶ ᠠᠷᠤ ᠲᠠᠪᠴᠠᠩ ᠳᠤ ᠬᠢᠨᠠᠨ ᠵᠥᠪᠰᠢᠶᠡᠷᠡᠨ᠎ᠡ᠃ ᠶᠡᠷᠦᠩᠬᠡᠶᠢᠯᠡᠭᠰᠡᠨ ᠴᠤᠩᠬᠤᠪᠴᠢ ᠪᠠᠷ ᠭᠥᠯᠢᠶᠡᠨ | ᠠᠪᠤᠭᠰᠠᠨ ᠭᠤᠶᠤᠴᠢᠯᠠᠯ ᠤᠨ ᠮᠠᠲ᠋ᠧᠷᠢᠶᠠᠯ ᠢ ᠡᠯᠤᠺᠲᠷᠤᠨᠴᠢᠯᠠᠬᠰᠠᠨ ᠪᠤᠶᠤ ᠮᠠᠲ᠋ᠧᠷᠢᠶᠠᠯ ᠢ ᠡᠷᠬᠢᠯᠳᠦᠭᠦᠯᠬᠦ ᠠᠷᠭ᠎ᠠ | ᠮᠠᠶ᠋ᠢᠭ ᠢᠶᠠᠷ ᠬᠤᠯᠪᠤᠭᠳᠠᠯ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠨ ᠦᠭᠴᠣ᠂ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠠᠮᠠᠯᠠᠭᠰᠠᠨ ᠴᠠᠭ ᠤᠨ ᠬᠢᠵᠠᠭᠠᠷ ᠶᠣᠰᠣᠭᠠᠷ ᠬᠢᠨᠠᠨ ᠵᠥᠪᠰᠢᠶᠡᠷᠡᠵᠦ᠂ | ᠭᠦᠢᠴᠡᠳᠭᠡᠭᠰᠡᠨ ᠦᠷ᠎ᠡ ᠳ᠋ᠦᠩ ᠢᠶᠠᠨ ᠶᠡᠷᠦᠩᠬᠡᠶᠢᠯᠡᠭᠰᠡᠨ ᠴᠤᠩᠬᠤᠪᠴᠢ ᠳᠤ ᠬᠦᠷᠬᠡᠨ᠎ᠡ᠃ | ︵ᠭᠤᠷᠪᠠ︶ ᠨᠢᠭᠡᠳᠦᠯᠲᠡᠶ ᠦᠨᠡᠮᠯᠡᠯ ᠭᠠᠷᠭᠠᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ | ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ | ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠵᠠᠬ᠎ᠠ ᠳᠡᠯᠭᠡᠭᠦᠷ ᠤᠨ ᠭᠤᠤᠯ ᠴᠣᠭᠴᠠ ᠳᠤ | ᠮᠡᠳᠡᠭᠳᠡᠵᠦ᠂ ᠶᠡᠷᠦᠩᠬᠡᠶᠢᠯᠡᠭᠰᠡᠨ ᠴᠤᠩᠬᠤᠪᠴᠢ ᠠᠴᠠ ᠲᠤᠬᠠᠶ ᠶᠢᠨ ᠲᠠᠯᠠᠪᠤᠷ ᠲᠤᠨᠢ ᠲᠤᠰᠢᠶᠠᠬᠤ᠂ ᠰᠤᠶᠢᠳᠬᠡᠯ | ᠬᠤᠷᠢᠶᠠᠬᠤ ᠥᠬᠡᠶ ᠪᠠᠷ ᠢᠯᠡᠭᠡᠬᠦ᠂ ᠰᠦᠯᠵᠢᠶᠡᠨ ᠳᠡᠭᠡᠷ᠎ᠡ ᠳᠠᠮᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠥᠬᠦᠶ | ᠦᠨᠡᠮᠯᠡᠯ ᠢ ᠨᠢᠭᠡᠳᠦᠯᠲᠡᠶ ᠬᠦᠷᠭᠡᠬᠦ ᠶᠢᠨ ᠬᠠᠮᠲᠤ ᠪᠠᠶᠢᠴᠠᠭᠠᠨ ᠯᠠᠪᠯᠠᠬᠤ ᠠᠷᠭ᠎ᠠ ᠵᠠᠮ ᠢ ᠨᠡᠶᠢᠳᠡᠯᠡᠨ᠎ᠡ᠃ | ᠭᠤᠶᠤᠴᠢᠯᠠᠭᠴᠢ ᠨᠢ ᠬᠤᠯᠪᠣᠭᠳᠠᠯ ᠪᠦᠬᠦᠢ ᠭᠠᠭᠴᠠ ᠵᠦᠢᠯ ᠤᠨ ᠵᠥᠪᠰᠢᠶᠡᠷᠡᠯ ᠤᠨ ᠦᠨᠡᠮᠯᠡᠯ ᠢ ᠬᠡᠷᠡᠭᠰᠡᠬᠦ | ᠴᠢᠬᠤᠯᠠᠲᠠᠶ ᠪᠠᠶᠢᠪᠠᠯ᠂ ᠠᠵᠢᠯ ᠲᠦᠷᠦᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠲᠠᠢ ᠬᠠᠮᠲᠤ ᠳᠤᠨᠢ | ᠬᠢᠨᠠᠨ ᠣᠯᠭᠤᠨ᠎ᠠ᠃ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠲᠡᠮᠳᠡᠭᠯᠡᠨ | ᠲᠣᠳᠣᠷᠬᠠᠶᠢᠯᠠᠭᠰᠠᠨ ᠭᠠᠭᠴᠠ ᠵᠣᠶᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠳᠤ ᠬᠤᠪᠢᠷᠠᠯᠲᠠ ᠭᠠᠷᠬᠤ᠂ | ᠦᠷᠭᠦᠯᠵᠢᠯᠡᠬᠦ᠂ ᠬᠦᠴᠦᠨ ᠥᠬᠡᠶ ᠪᠣᠯᠬᠤ ᠳᠤ᠂ ᠬᠤᠯᠪᠤᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠨᠢ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠣᠯᠭᠤᠬᠤ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠪᠤᠶᠤ ᠵᠠᠬᠢᠳᠠᠯ ᠢᠶᠠᠷ ᠮᠡᠳᠡᠭᠳᠡᠵᠦ᠂ ᠠᠵᠢᠯ ᠲᠥᠷᠥᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠡᠭᠡᠷ᠎ᠡ ᠨᠡᠮᠡᠭᠰᠡᠨ ᠵᠣᠬᠢᠴᠠᠩᠭᠤᠶ ᠵᠠᠰᠠᠭ ᠵᠠᠬᠢᠷᠭᠠᠨ ᠤ ᠵᠥᠪᠰᠢᠶᠡᠷᠡᠯ | ᠤᠨ ᠮᠡᠳᠡᠭᠡ ᠵᠠᠩᠭᠢ ᠶᠢ ᠬᠤᠪᠢᠷᠠᠭᠤᠯᠬᠤ ᠪᠤᠶᠤ ᠬᠠᠰᠤᠵᠤ᠂ ᠦᠨᠡᠮᠯᠡᠯ ᠭᠠᠷᠳᠠᠭᠴᠢ ᠳᠤ ᠴᠠᠭ ᠲᠤᠬᠠᠶ ᠳᠤᠨᠢ | ᠰᠤᠶᠢᠳᠬᠡᠯ ᠬᠤᠷᠢᠶᠠᠬᠤ ᠥᠬᠡᠶ ᠪᠠᠷ ᠰᠢᠨ᠎ᠡ ᠦᠨᠡᠮᠯᠡᠯ ᠢ ᠰᠣᠯᠢᠵᠤ ᠦᠭᠭᠦᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ︽ᠨᠢᠭᠡ ᠬᠠᠭᠤᠳᠠᠰᠤ ᠪᠠᠷ ᠮᠡᠳᠡᠭᠳᠡᠬᠦ︾᠃ ︽ᠨᠢᠭᠡ ᠦᠨᠡᠮᠯᠡᠯ ᠢᠶᠠᠷ ᠨᠡᠪᠲᠡᠷᠡᠬᠦ︾ ᠬᠡᠪᠴᠢᠶᠡᠨ ᠳᠤ | ᠣᠷᠣᠭᠤᠯᠤᠭᠰᠠᠨ ᠬᠢᠨᠠᠨ ᠵᠥᠪᠰᠢᠶᠡᠷᠡᠬᠦ ᠣᠶᠢᠯᠡᠴᠢᠯᠡᠬᠡᠨ ᠤ ᠵᠣᠶᠢᠯᠡᠰ ᠲᠤ᠂ ᠭᠦᠢᠴᠡᠳᠬᠡᠬᠦ ᠴᠤᠪᠤᠷᠠᠯ ᠢ | ᠰᠢᠯᠢᠳᠡᠭᠵᠢᠭᠦᠯᠵᠦ᠂ ᠨᠢᠭᠡ ᠠᠵᠢᠯ ᠲᠥᠷᠥᠯ ᠤᠨ ᠣᠯᠠᠨ ᠵᠥᠪᠰᠢᠶᠡᠷᠡᠯ ᠤᠨ ᠦᠨᠡᠮᠯᠡᠯ ᠳᠤ ᠬᠤᠯᠪᠣᠭᠳᠠᠬᠤ ᠬᠢᠨᠠᠨ | ᠵᠥᠪᠰᠢᠶᠡᠷᠡᠬᠦ ᠨᠥᠬᠦᠴᠡᠯ ᠢ ᠪᠠᠷᠢᠮᠵᠢᠶᠠᠵᠢᠭᠤᠯᠤᠨ ᠬᠤᠷᠠᠮᠳᠤᠭᠤᠯᠵᠤ᠂ ᠵᠥᠪ ᠣᠨᠣᠪᠴᠢᠲᠠᠶ᠂ ᠲᠣᠳᠣᠷᠬᠠᠶ᠂ | ᠣᠶᠢᠯᠠᠭᠠᠮᠵᠢᠲᠠᠶ ᠤᠴᠢᠷ ᠶᠠᠪᠤᠳᠠᠯ ᠭᠦᠢᠴᠡᠳᠬᠡᠬᠦ ᠵᠦᠭᠯᠡᠭᠦᠷ ᠪᠠ ᠭᠦᠢᠴᠡᠳᠬᠡᠬᠦ ᠴᠤᠪᠤᠷᠠᠯ ᠤᠨ ᠵᠢᠷᠤᠭ ᠢ | ᠨᠠᠶᠢᠷᠠᠭᠤᠯᠤᠨ ᠵᠣᠬᠢᠶᠠᠵᠤ᠂ ︽ᠨᠢᠭᠡ ᠯᠡ ᠤᠳᠠᠭ᠎ᠠ ᠳᠤ ᠮᠡᠳᠡᠭᠳᠡᠬᠦ︾ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ | ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ | ᠰᠠᠷ᠎ᠠ ᠶᠢᠨ ᠰᠡᠭᠦᠯᠴᠢ︶ | ︵ᠬᠤᠶᠠᠷ︶ ︽ᠨᠢᠭᠡ ᠢᠵᠢ ᠮᠠᠲ᠋ᠧᠷᠢᠶᠠᠯ︾᠃ ︽ᠨᠢᠬᠡ ᠦᠨᠡᠮᠯᠡᠯ ᠢᠶᠠᠷ ᠨᠡᠪᠲᠡᠷᠡᠬᠦ︾ ᠠᠵᠢᠯ ᠲᠥᠷᠥᠯ ᠤᠨ | ᠭᠤᠶᠤᠴᠢᠯᠠᠯ ᠤᠨ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠠᠵᠢᠯ ᠲᠥᠷᠥᠯ ᠤᠨ ᠪᠣᠢ ᠪᠦᠬᠦᠢ | ᠵᠥᠪᠰᠢᠶᠡᠷᠡᠯ ᠤᠨ ᠵᠣᠶᠢᠯᠡᠰ ᠤᠨ ᠭᠤᠶᠤᠴᠢᠯᠠᠯ ᠤᠨ ᠮᠠᠲ᠋ᠧᠷᠢᠶᠠᠯ ᠪᠠ ᠪᠢᠴᠢᠭ ᠬᠠᠷ᠎ᠠ ᠶᠢ ᠡᠮᠬᠢᠯᠡᠨ ᠨᠡᠶᠢᠯᠡᠭᠦᠯᠵᠦ᠂ | ᠲᠤᠰᠢᠶᠠᠬᠤ ᠮᠠᠲ᠋ᠧᠷᠢᠶᠠᠯ ᠤᠨ ᠵᠢᠷᠤᠮᠵᠢᠯ ᠪᠠ ᠪᠢᠴᠢᠭ ᠬᠠᠷ᠎ᠠ ᠶᠢᠨ ᠵᠠᠭᠪᠤᠷ ᠢ ᠲᠣᠭᠲᠠᠭᠠᠨ᠂ ᠵᠥᠪᠰᠢᠶᠡᠷᠡᠯ | ᠭᠤᠶᠤᠴᠢᠯᠠᠬᠤ ︽ᠨᠢᠭᠡ ᠢᠵᠢ ᠮᠠᠲ᠋ᠧᠷᠢᠶᠠᠯ︾ ᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ | ᠶᠢᠨ ᠰᠡᠭᠦᠯᠴᠢ︶ | ︵ᠭᠤᠷᠪᠠ︶ ︽ᠨᠢᠭᠡ ᠴᠤᠩᠬᠤᠪᠴᠢ ᠪᠠᠷ ᠰᠢᠢᠳᠪᠦᠷᠢᠯᠡᠬᠦ︾᠃ ᠬᠤᠲᠠ᠂ ᠬᠤᠰᠢᠭᠤ ᠲᠣᠭᠤᠷᠢᠭ ᠤᠨ ᠵᠠᠰᠠᠭ | ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠰᠢᠢᠳᠪᠦᠷᠢᠯᠡᠬᠦ | ᠴᠤᠩᠬᠤᠪᠴᠢ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢᠨ ᠬᠠᠮᠲᠤ᠂ ᠣᠶᠢᠯᠡᠴᠢᠯᠡᠬᠡᠨ ᠤ ᠲᠤᠰᠬᠠᠶ ᠠᠵᠢᠯᠳᠠᠨ | ᠳᠣᠭᠢᠷᠠᠭᠤᠯᠵᠤ᠂ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ᠂ ᠭᠤᠶᠤᠴᠢᠯᠠᠯ ᠢ | ᠰᠢᠢᠳᠪᠦᠷᠢᠯᠡᠬᠦ᠂ ᠮᠠᠲ᠋ᠧᠷᠢᠶᠠᠯ ᠢ ᠡᠷᠭᠢᠯᠳᠦᠭᠦᠯᠬᠦ᠂ ᠲᠤᠬᠠᠶᠢᠯᠠᠭᠰᠠᠨ ᠠᠵᠢᠯ ᠢ ᠵᠣᠬᠢᠴᠠᠭᠤᠯᠬᠤ᠂ ᠦᠨᠡᠮᠯᠡᠯ ᠣᠯᠭᠤᠬᠤ᠂ | ᠲᠠᠩᠰᠠ ᠡᠪᠬᠡᠮᠡᠯ ᠢ ᠬᠠᠳᠠᠭᠠᠯᠠᠬᠤ ᠵᠡᠷᠭᠡ ᠠᠵᠢᠯ ᠢ ᠨᠢᠭᠡᠳᠦᠯᠲᠡᠶ ᠬᠠᠷᠢᠭᠤᠴᠠᠵᠤ᠂ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠠᠴᠠ ᠨᠢᠭᠡᠳᠦᠯᠲᠡᠶ ᠳᠣᠭᠢᠷᠠᠭᠤᠯᠤᠨ ᠬᠠᠮᠢᠶᠠᠷᠤᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ | 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ︵ᠳᠥᠷᠪᠡ︶ ︽ᠨᠢᠭᠡ ᠯᠡ ᠴᠤᠩᠬᠤᠪᠴᠢ ᠪᠠᠷ ᠬᠢᠨᠠᠨ ᠵᠦᠪᠰᠢᠶᠡᠷᠡᠬᠦ︾᠃ ︽ᠨᠢᠭᠡ ᠬᠠᠭᠤᠳᠠᠰᠤ ᠪᠠᠷ ᠮᠡᠳᠡᠭᠳᠡᠬᠦ | ︾ ᠪᠠ ︽ᠨᠢᠭᠡ ᠢᠵᠢ ᠮᠠᠲ᠋ᠧᠷᠢᠶᠠᠯ︾ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠵᠢᠯ ᠲᠥᠷᠥᠯ ᠤᠨ ᠣᠯᠠᠨ | ᠵᠣᠶᠢᠯᠡᠰ ᠲᠤ ᠬᠤᠯᠪᠣᠭᠳᠠᠬᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠪᠠ ᠳᠣᠲᠣᠭᠠᠳᠤ ᠶᠢᠨ ᠬᠢᠨᠠᠨ ᠵᠥᠪᠰᠢᠶᠡᠷᠡᠬᠦ | ᠴᠤᠪᠤᠷᠠᠯ ᠢ ᠰᠢᠯᠢᠳᠡᠭᠵᠢᠭᠦᠯᠵᠦ᠂ ᠣᠯᠠᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠶᠢ ᠨᠢᠭᠡ ᠰᠠᠯᠠᠭ᠎ᠠ | ᠮᠥᠴᠢᠷ ᠢᠶᠠᠷ ᠲᠦᠷᠦᠭᠦᠯᠡᠭᠦᠯᠦᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ | ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ | 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶ | ︵ᠲᠠᠪᠤ︶ ︽ᠨᠢᠭᠡ ᠦᠨᠡᠮᠯᠡᠯ ᠢᠶᠠᠷ ᠡᠵᠡᠩᠨᠡᠯᠲᠡ ᠶᠢ ᠵᠥᠪᠰᠢᠶᠡᠷᠡᠬᠦ︾᠃ ᠨᠢᠭᠡ ᠠᠵᠢᠯ ᠲᠥᠷᠥᠯ ᠤᠨ | ᠤᠷᠤᠭᠤᠯᠬᠤ ᠶᠢ ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠭᠰᠠᠨ ᠣᠯᠠᠨ ᠵᠥᠪᠰᠢᠶᠡᠷᠡᠯ ᠤᠨ | ᠦᠨᠡᠮᠯᠡᠯ ᠢ ᠨᠢᠭᠡ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠨ ᠨᠢᠭᠡᠳᠬᠡᠬᠦ ᠶᠢᠨ | ᠬᠠᠮᠲᠤ᠂ ᠨᠢᠭᠡ ᠠᠵᠢᠯ ᠲᠥᠷᠥᠯ ᠤᠨ ᠤᠷᠤᠭᠤᠯᠬᠤ ᠶᠢ ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ | ᠬᠤᠯᠪᠣᠭᠳᠠᠭᠰᠠᠨ ᠪᠣᠢ ᠪᠦᠬᠦᠢ ᠵᠥᠪᠰᠢᠶᠡᠷᠡᠯ ᠤᠨ ᠦᠨᠡᠮᠯᠡᠯ ᠤᠨ ᠮᠡᠳᠡᠭᠡ ᠵᠠᠩᠭᠢ ᠶᠢ ᠠᠵᠢᠯ ᠲᠥᠷᠥᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠤᠨ ᠮᠡᠷᠬᠡᠨ ᠴᠣᠬᠤᠷ ᠳᠡᠭᠡᠷ᠎ᠡ ᠨᠡᠶᠢᠯᠡᠭᠦᠯᠵᠦ᠂ ᠵᠠᠰᠠᠭ ᠤᠨ ᠶᠠᠪᠤᠳᠠᠯ | ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠨ ᠲᠠᠮᠠᠭ᠎ᠠ ᠶᠢ ᠳᠠᠷᠤᠵᠤ᠂ ︽ᠨᠢᠭᠡ ᠦᠨᠡᠮᠯᠡᠯ ᠢᠶᠠᠷ ᠡᠵᠡᠩᠨᠡᠯᠲᠡ ᠶᠢ | ᠵᠥᠪᠰᠢᠶᠡᠷᠡᠵᠦ᠂ ᠮᠡᠷᠬᠡᠨ ᠴᠤᠬᠤᠷ ᠢᠶᠠᠷ ᠦᠨᠡᠮᠯᠡᠯ ᠢ ᠤᠷᠤᠯᠠᠬᠤ︾ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ | ᠰᠠᠷ᠎ᠠ ᠶᠢᠨ ᠰᠡᠭᠦᠯᠴᠢ︶ | ︵ᠵᠢᠷᠭᠤᠭ᠎ᠠ︶ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾᠃ ᠭᠤᠶᠤᠴᠢᠯᠠᠯ ᠤᠨ ᠮᠠᠲ᠋ᠧᠷᠢᠶᠠᠯ ᠨᠢ | ᠪᠦᠷᠢᠨ ᠭᠦᠢᠴᠡᠳ ᠪᠠᠶᠢᠪᠠᠯ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ︔ ᠭᠤᠶᠤᠴᠢᠯᠠᠯ ᠤᠨ ᠮᠠᠲ᠋ᠧᠷᠢᠶᠠᠯ | ᠤᠨ ᠳᠡᠳ᠋ᠯᠡᠬᠦ ᠨᠥᠬᠦᠴᠡᠯ ᠢᠶᠠᠷ ᠳᠤᠲᠠᠮᠠᠭ ᠪᠠᠶᠢᠪᠠᠯ᠂ ᠲᠤᠬᠠᠶ ᠶᠢᠨ ᠬᠥᠮᠦᠨ ᠨᠢ ᠨᠦᠬᠦᠪᠦᠷᠢᠯᠡᠬᠦ ᠪᠠᠷ ᠠᠮᠠᠯᠠᠭᠰᠠᠨ ᠤ | ᠳᠠᠷᠠᠭ᠎ᠠ᠂ ᠭᠤᠤᠯ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠭᠦᠢᠴᠡᠳᠬᠡᠵᠣ ᠦᠭᠬᠦ᠂ ᠠᠮᠠᠯᠠᠯᠲᠠ ᠪᠠᠨ ᠮᠡᠳᠡᠭᠳᠡᠬᠦ | ᠠᠷᠭ᠎ᠠ ᠮᠠᠶ᠋ᠢᠭ ᠢ ᠠᠪᠴᠤ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ | ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ | ᠰᠠᠷ᠎ᠠ ᠶᠢᠨ ᠰᠡᠭᠦᠯᠴᠢ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ︽ᠨᠢᠭᠡ ᠦᠨᠡᠮᠯᠡᠯ ᠢᠶᠠᠷ ᠨᠡᠪᠲᠡᠷᠡᠬᠦ︾ | ᠥᠭᠡᠷᠡᠴᠢᠯᠡᠯᠲᠡ ᠪᠣᠯ ᠮᠠᠨ ᠤ ᠬᠤᠲᠠ ᠶᠢᠨ ︽ᠮᠧᠩ ᠰᠦ ᠪᠠᠨ · ᠨᠢᠭᠡ ᠯᠡ ᠤᠳᠠᠭ᠎ᠠ ᠳᠤ ᠭᠦᠢᠴᠡᠳᠬᠡᠬᠦ︾ | ᠥᠭᠡᠷᠡᠴᠢᠯᠡᠯᠲᠡ ᠶᠢᠨ ᠠᠵᠢᠯ ᠤᠨ ᠲᠤᠬᠠᠶ ᠭᠦᠨᠵᠡᠭᠡᠶ ᠰᠦᠪᠡᠭᠴᠢᠯᠡᠭᠰᠡᠨ ᠣᠶᠢᠯᠡᠳᠦᠯᠬᠡ ᠪᠣᠯᠤᠨ᠎ᠠ᠃ ᠡᠯ᠎ᠡ ᠬᠤᠰᠢᠭᠤ | ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ︽ᠨᠢᠬᠡ ᠦᠨᠡᠮᠯᠡᠯ ᠢᠶᠠᠷ | ᠨᠡᠪᠲᠡᠷᠡᠬᠦ︾ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠣᠬᠢᠴᠠᠭᠤᠯᠤᠨ ᠠᠬᠢᠭᠤᠯᠬᠤ᠂ | ᠬᠢᠨᠠᠨ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠵᠦ᠂ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ | ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠳ ᠲᠣᠰ ᠱᠠᠲᠤᠨ ᠤ ᠬᠤᠯᠪᠤᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠥᠭᠡᠷᠡᠴᠢᠯᠡᠯᠲᠡ ᠶᠢ ᠠᠬᠢᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠭᠡᠷᠡᠴᠢᠯᠡᠯᠲᠡ | ᠶᠢᠨ ᠡᠭᠦᠷᠭᠡ ᠶᠢ ᠡᠷᠲᠡᠬᠡᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠳᠤᠯᠠᠨ᠎ᠠ᠃ | ︵ᠬᠤᠶᠠᠷ︶ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠨ᠎ᠠ᠃ ᠠᠵᠢᠯ ᠲᠥᠷᠥᠯ ᠤᠨ | ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠣᠲᠣ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠣᠶᠢᠯᠡᠰ ᠢ ᠬᠦᠴᠦᠨ ᠥᠬᠡᠶ ᠪᠣᠯᠭᠠᠬᠤ ᠥᠬᠡᠶ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠪᠡᠶᠡᠴᠢ | ᠴᠣᠭᠴᠠ᠂ ᠬᠠᠤᠯᠢ ᠴᠠᠭᠠᠵᠠ ᠶᠢᠨ ᠬᠦᠴᠦᠨ ᠪᠠ ᠬᠠᠤᠯᠢ ᠴᠠᠭᠠᠵᠠ ᠶᠢᠨ ᠬᠠᠷᠢᠴᠠᠭ᠎ᠠ ᠶᠢ ᠬᠤᠪᠢᠷᠠᠭᠤᠯᠬᠤ ᠥᠬᠡᠶ᠂ | ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠦᠭᠰᠡᠨ ᠠᠴᠠ ᠪᠣᠯᠤᠭᠰᠠᠨ ᠵᠠᠰᠠᠭ ᠵᠠᠬᠢᠷᠭᠠᠨ ᠤ ᠵᠠᠷᠭᠤ ᠪᠤᠶᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠶᠢ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠡᠭᠦᠷᠭᠡᠯᠡᠨ᠎ᠡ᠃ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠬᠤᠷᠠᠮᠳᠤᠭᠰᠠᠨ | ᠵᠥᠪᠰᠢᠶᠡᠷᠡᠯ ᠤᠨ ᠮᠡᠳᠡᠭᠡ ᠵᠠᠩᠭᠢ ᠨᠢ ᠬᠤᠯᠪᠣᠭᠳᠠᠯ ᠪᠥᠬᠦᠶ ᠭᠠᠭᠴᠠ ᠵᠣᠶᠢᠯ ᠤᠨ ᠵᠥᠪᠰᠢᠶᠡᠷᠡᠯ ᠤᠨ ᠦᠨᠡᠮᠯᠡᠯ ᠲᠠᠢ | ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠪᠠᠶᠢᠵᠤ᠂ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ | ᠤᠨ ᠦᠨᠡᠮᠯᠡᠯ ᠢ ᠪᠥᠬᠦ ᠬᠤᠲᠠ ᠳᠤ ᠨᠡᠶᠢᠳᠡᠮ ᠬᠡᠷᠡᠭᠯᠡᠨ᠎ᠡ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠠ ᠨᠡᠶᠢᠭᠡᠮ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ︽ᠨᠢᠬᠡ ᠦᠨᠡᠮᠯᠡᠯ ᠢᠶᠠᠷ ᠨᠡᠪᠲᠡᠷᠡᠬᠦ︾ | ᠥᠭᠡᠷᠡᠴᠢᠯᠡᠯᠲᠡ ᠶᠢᠨ ᠨᠡᠶᠢᠭᠡᠮ ᠤᠨ ᠲᠠᠨᠢᠯᠲᠠ ᠪᠠ ᠠᠵᠤ ᠠᠬᠤᠶᠢᠯᠠᠯ ᠣᠯᠠᠨ ᠲᠦᠮᠡᠨ ᠤ ᠮᠡᠳᠡᠷᠡᠬᠦ ᠰᠡᠳᠬᠢᠯᠭᠡ ᠶᠢ | ᠲᠡᠭᠡᠭᠰᠢᠯᠡᠭᠦᠯᠦᠨ᠎ᠡ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ︽ᠨᠢᠬᠡ ᠦᠨᠡᠮᠯᠡᠯ ᠢᠶᠠᠷ ᠨᠡᠪᠲᠡᠷᠡᠬᠦ︾ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠭᠪᠤᠷ ᠢ | ᠢᠳᠡᠪᠬᠢᠲᠡᠶ ᠪᠠᠷ ᠰᠦᠪᠡᠭᠴᠢᠯᠡᠬᠦ ᠶᠢ ᠵᠣᠷᠢᠭᠵᠢᠭᠤᠯᠵᠤ᠂ ᠨᠢᠭᠡ ᠪᠦᠯᠦᠭ ᠪᠣᠯᠪᠠᠰᠤᠷᠠᠩᠭᠤᠶ ᠪᠣᠯᠪᠠᠯ ᠨᠢᠭᠡ ᠪᠦᠯᠦᠭ ᠢ | ᠨᠡᠶᠢᠲᠡᠯᠡᠵᠦ᠂ ᠨᠢᠭᠡ ᠪᠦᠯᠦᠭ ᠢ ᠬᠡᠷᠡᠭᠵᠢᠭᠦᠯᠦᠨ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | | | |