ᠣᠷᠳᠣᠰ ᠬᠤᠲᠠ ᠶᠢᠨ ︿ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠎ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ  ᠣᠷᠳᠣᠰ ᠵᠠᠰᠠᠭ ᠠᠯᠪᠠᠨ ᠲᠠᠷᠬᠠᠭᠠᠭᠰᠠᠨ ﹇2021﹈ 60 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/12/15
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄    ︽ᠣᠷᠳᠣᠰ ᠬᠤᠲᠠ ᠶᠢᠨ ︿ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ︾᠎ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃               ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2021 ᠣᠨ ᠤ 9 ᠰᠠᠷ᠎ᠠ ᠶᠢᠨ 16᠎ ᠤ ᠡᠳᠦᠷ ᠣᠷᠳᠣᠰ ᠬᠤᠲᠠ ᠶᠢᠨ ︿ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ    ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠨᠠᠭᠰᠢᠳᠠ ᠬᠦᠨᠵᠡᠬᠡᠶᠢᠷᠡᠭᠦᠯᠵᠣ᠂ ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ ᠠᠬᠢᠭᠤᠯᠵᠤ᠂ ᠨᠡᠩ ᠣᠯᠠᠨ ᠤᠴᠢᠷ ᠶᠠᠪᠤᠳᠠᠯ ᠢ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾᠎ ᠶᠢ ᠪᠡᠶᠡᠯᠡᠭᠦᠯᠬᠦ ᠶᠢᠨ ᠲᠤᠰᠠᠳᠠ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠵᠢᠴᠢ ︽︿ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ ᠭᠦᠨᠵᠡᠭᠡᠶ ᠠᠬᠢᠭᠤᠯᠬᠤ ᠶᠢᠨ ᠵᠢᠯᠣᠭᠤᠳᠬᠤ ᠰᠠᠨᠠᠯ﹀᠎ ᠢ ᠲᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠎ ᠤᠨ ᠮᠡᠳᠡᠭᠳᠡᠯ︾ ︵ᠲᠢᠩᠬᠢᠮ ᠥᠰᠥᠭ ﹇2018﹈ 22 ᠳ᠋ᠤᠭᠠᠷ ᠲᠣᠭᠠᠲᠤ︶᠂ ︽︿ᠪᠠᠭᠤᠯᠭᠠᠬᠤ ᠬᠠᠮᠢᠶᠠᠷᠬᠤ ᠣᠶᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ ᠠᠬᠢᠭᠤᠯᠬᠤ ᠶᠢᠨ ᠬᠡᠷᠡᠭᠵᠢᠭᠦᠯᠬᠦ ᠰᠠᠨᠠᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠎ ᠤᠨ ᠣᠷᠳᠣᠨ ᠤ ᠠᠯᠪᠠᠨ ᠲᠢᠩᠬᠢᠮ ᠮᠡᠳᠡᠭᠳᠡᠯ︾ ︵ᠲᠢᠩᠬᠢᠮ ᠲᠠᠷᠬᠠᠭᠠᠭᠰᠠᠨ ﹇2018﹈ 9 ᠳ᠋ᠤᠬᠡᠷ ᠲᠣᠭᠠᠲᠤ︶᠂ ︽ᠵᠠᠰᠠᠭ ᠤᠨ ᠶᠠᠪᠤᠳᠠᠯ ᠤᠨ ᠣᠶᠢᠯᠡᠴᠢᠯᠡᠭᠡ ᠶᠢ ᠠᠬᠢᠭᠤᠯᠬᠤ ︿ᠨᠢᠭᠡ ᠰᠦᠯᠵᠢᠶ᠎ᠡ ᠨᠢᠭᠡ ᠲᠥᠷᠥᠯ ᠨᠢᠭᠡ ᠤᠳᠠᠭ᠎ᠠ﹀ ᠎ ᠶᠢᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠬᠤᠲᠠ ᠲᠠᠷᠬᠠᠭᠠᠭᠰᠠᠨ ﹇2019﹈ 33 ᠳ᠋ᠤᠭᠠᠷ ᠲᠣᠭᠠᠲᠤ︶᠂ ︽ᠤᠷᠳᠤᠰ ᠬᠤᠳᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︿ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀ ᠠᠵᠢᠯ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2020﹈ 49 ᠳ᠋ᠤᠬᠡᠷ ᠲᠣᠭᠠᠲᠤ︶᠎ ᠤᠨ ᠶᠡᠷᠦᠩᠬᠡᠶ ᠱᠠᠭᠠᠷᠳᠠᠯᠭ᠎ᠠ ᠶᠤᠰᠤᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃    ᠨᠢᠭᠡ᠂ ᠭᠤᠤᠯ ᠬᠠᠷᠠᠯᠲᠠ    ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠬᠦᠶᠦᠯᠬᠡᠬᠦ︾᠎ ᠪᠠᠷ ᠥᠭᠡᠷᠡᠴᠢᠯᠡᠯᠲᠡ ᠶᠢᠨ ᠬᠠᠷᠠᠯᠲᠠ ᠪᠣᠯᠭᠠᠵᠤ ᠂ ᠠᠷᠠᠳ ᠳᠤ ᠲᠦᠭᠦᠮ ᠦᠵᠡᠭᠦᠯᠵᠣ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠷ ᠤᠳᠤᠷᠢᠳᠤᠮᠵᠢ ᠪᠣᠯᠭᠠᠵᠤ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠪᠠ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠯᠠᠭ᠎ᠠ ᠮᠥᠴᠢᠷ ᠤᠨ ᠵᠠᠭᠠᠭ ᠬᠢᠵᠠᠭᠠᠷ ᠢ ᠡᠪᠳᠡᠵᠦ᠂ ᠲᠤᠬᠠᠶᠢᠯᠠᠭᠰᠠᠨ ᠠᠵᠢᠯ ᠎ ᠤᠨ ᠴᠤᠪᠤᠷᠠᠯ ᠢ ᠰᠢᠯᠢᠳᠡᠭᠵᠢᠭᠦᠯᠦᠨ᠂ ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠵᠤ᠂ ᠣᠶᠢᠯᠡᠴᠢᠯᠡᠬᠡᠨ ᠤ ᠪᠠᠷᠢᠮᠵᠢᠶ᠎ᠠ ᠶᠢ ᠨᠢᠭᠡᠳᠬᠡᠵᠦ᠂ ᠲᠤᠬᠠᠶ ᠶᠢᠨ ᠲᠠᠯᠠᠪᠤᠷ ᠲᠤ ᠭᠦᠢᠴᠡᠳᠬᠡᠬᠦ ᠳᠤ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾᠂ ᠵᠠᠰᠠᠭ ᠤᠨ ᠶᠠᠪᠤᠳᠠᠯ ᠤᠨ  ᠣᠶᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠳᠤ ︽ᠥᠴᠦᠬᠡᠨ ᠴᠦ ᠭᠦᠶᠦᠯᠭᠡᠬᠦ ᠥᠬᠡᠶ︾ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠢᠯᠭᠠᠭ᠎ᠠ ᠥᠬᠡᠶ ᠭᠦᠢᠴᠡᠳᠬᠡᠬᠦ ᠵᠠᠰᠠᠭ ᠤᠨ ᠶᠠᠪᠤᠳᠠᠯ ᠤᠨ ᠣᠶᠢᠯᠡᠴᠢᠯᠡᠭᠡ ᠬᠠᠩᠭᠠᠨ᠎ᠠ᠃ 2021 ᠣᠨ ᠤ ᠵᠢᠯ ᠤᠨ ᠡᠴᠦᠰ ᠠᠴᠠ ᠡᠮᠦᠨ᠎ᠡ᠂ ᠪᠥᠬᠦ ᠬᠤᠲᠠ ᠶᠢᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠵᠣᠶᠢᠯᠡᠰ ᠢ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ︾ ᠨᠣᠷᠮ᠎ᠠ ᠶᠢ 100%᠎ ᠳᠤ ᠬᠦᠷᠬᠡᠨ᠎ᠡ᠃    ᠬᠤᠶᠠᠷ᠂ ᠠᠵᠢᠯ  ᠎ ᠤᠨ ᠡᠭᠦᠷᠭᠡ    ︵ᠨᠢᠭᠡ︶ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ᠴᠤᠩᠬᠤᠪᠴᠢ ᠶᠢ ᠰᠢᠯᠢᠳᠡᠭᠵᠢᠭᠦᠯᠦᠨ ᠨᠡᠶᠢᠯᠡᠭᠦᠯᠦᠨ᠎ᠡ᠃ ︽ᠬᠦᠯᠢᠶᠠᠨ ᠠᠪᠬᠤ ᠪᠠ ᠬᠢᠨᠠᠨ ᠵᠦᠪᠰᠢᠶᠡᠷᠡᠬᠦ ᠶᠢ ᠰᠠᠯᠭᠠᠬᠤ᠂ ᠨᠢᠭᠤᠷ ᠵᠣᠯᠭᠠᠬᠤ ᠦᠭᠡᠢ ᠪᠠᠷ ᠬᠢᠨᠠᠨ ᠵᠦᠪᠰᠢᠶᠡᠷᠡᠬᠦ︾ ᠵᠠᠷᠴᠢᠮ ᠶᠣᠰᠣᠭᠠᠷ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠦᠷᠦᠯ ᠬᠤᠪᠢᠶᠠᠨ ᠬᠢᠨᠠᠨ ᠵᠥᠪᠰᠢᠶᠡᠷᠡᠬᠦ᠂ ᠨᠢᠬᠡ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠦᠨ᠎ᠡ᠃ ᠪᠤᠳᠠᠳᠤ ᠪᠠᠶᠢᠳᠠᠯ ᠎ ᠢᠶᠠᠨ ᠦᠨᠳᠦᠰᠦᠯᠡᠨ ᠪᠠᠯᠠ ᠣᠷᠣᠭᠤᠯᠤᠯᠲᠠ ᠶᠢᠨ ᠲᠥᠷᠥᠯ ᠵᠣᠶᠢᠯ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠣᠶ ᠰᠢᠭᠤᠶ ᠤᠰᠤᠨ ᠤ ᠶᠠᠪᠤᠳᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ ᠲᠤ ᠤᠷᠤᠭᠤᠯᠬᠤ ᠶᠢ ᠵᠦᠪᠰᠢᠶᠡᠷᠡᠬᠦ ᠪᠠ ᠶᠡᠷᠦᠩᠬᠡᠶᠢᠯᠡᠭᠰᠡᠨ ᠤᠴᠢᠷ ᠶᠠᠪᠤᠳᠠᠯ ᠵᠡᠷᠭᠡ 6 ᠲᠥᠷᠥᠯ ᠤᠨ ᠴᠤᠩᠬᠤᠪᠴᠢ ᠶᠢ ᠰᠢᠯᠢᠳᠡᠭᠵᠢᠭᠦᠯᠦᠨ ᠨᠡᠶᠢᠯᠡᠭᠦᠯᠵᠣ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠴᠤᠩᠬᠤᠪᠴᠢ ᠪᠣᠯᠭᠠᠨ᠂ ᠲᠤᠬᠠᠶᠢᠯᠠᠭᠰᠠᠨ ᠠᠵᠢᠯ ᠭᠥᠯᠢᠶᠡᠨ ᠠᠪᠴᠤ ᠰᠢᠢᠳᠪᠦᠷᠢᠯᠡᠬᠦ ᠪᠠ ᠭᠠᠷᠭᠠᠭᠰᠠᠨ ᠵᠣᠶᠢᠯ ᠢ ︽ᠨᠢᠭᠡ ᠴᠤᠩᠬᠤᠪᠴᠢ︾᠎ ᠳᠤ ᠲᠥᠪᠯᠡᠷᠡᠭᠦᠯᠦᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ︵ᠲᠦᠷᠦᠭᠦᠯᠡᠨ ᠬᠢᠬᠦ ᠨᠢᠭᠡᠴᠡ ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠎ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶    ︵ᠬᠤᠶᠠᠷ︶ ᠴᠤᠩᠬᠤᠪᠴᠢ ᠶᠢ ᠵᠢᠷᠤᠮᠵᠢᠭᠤᠯᠤᠨ ᠠᠵᠢᠯᠯᠠᠭᠤᠯᠬᠤ ᠢ ᠴᠢᠩᠭᠠᠳᠬᠠᠨ᠎ᠠ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠴᠤᠩᠬᠤᠪᠴᠢ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠭᠤᠤᠯᠳᠠᠭᠤ ᠰᠦᠯᠵᠢᠶᠡᠨ ᠳᠡᠭᠡᠷ᠎ᠡ ᠳᠠᠩᠰᠠᠯᠠᠬᠤ ᠪᠠ ᠴᠠᠭ ᠲᠤᠬᠠᠶ ᠳᠤᠨᠢ ᠰᠢᠯᠵᠢᠭᠦᠯᠦᠨ ᠭᠦᠢᠴᠡᠳᠬᠡᠬᠦ᠂ ᠱᠠᠭᠠᠷᠳᠠᠨ ᠭᠦᠢᠴᠡᠳᠬᠡᠬᠦ ᠶᠢ ᠬᠠᠷᠢᠭᠤᠴᠠᠵᠤ᠂ ᠰᠦᠯᠵᠢᠶᠡᠨ ᠭᠠᠳᠠᠨ᠎ᠠ ᠭᠤᠤᠯᠳᠠᠭᠤ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠰᠢᠯᠵᠢᠭᠦᠯᠦᠨ ᠭᠦᠢᠴᠡᠳᠬᠡᠬᠦ᠂ ᠲᠤᠬᠠᠶᠢᠯᠠᠭᠰᠠᠨ ᠠᠵᠢᠯ ᠢ ᠵᠣᠬᠢᠴᠠᠭᠤᠯᠬᠤ ᠵᠢᠴᠢ ᠭᠦᠢᠴᠡᠳᠭᠡᠭᠰᠡᠨ ᠦᠷ᠎ᠡ ᠳ᠋ᠦᠩ ᠢ ᠨᠢᠭᠡᠳᠦᠯᠲᠡᠶ ᠭᠠᠷᠭᠠᠵᠤ ᠥᠭᠬᠦ ᠶᠢ ᠬᠠᠷᠢᠭᠤᠴᠠᠨ᠎ᠠ᠃ ᠠᠷᠤ ᠲᠠᠪᠴᠠᠩ ᠤᠨ ᠬᠢᠨᠠᠨ ᠵᠥᠪᠰᠢᠶᠡᠷᠡᠬᠦ ᠵᠣᠶᠢᠯᠡᠰ ᠢ ᠭᠦᠢᠴᠡᠳᠬᠡᠬᠦ ᠲᠣᠭᠤᠷᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠠᠮᠲᠤᠷᠠᠨ ᠬᠢᠨᠠᠨ ᠵᠥᠪᠰᠢᠶᠡᠷᠡᠬᠦ ᠶᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶    1. ᠲᠤᠬᠠᠶ ᠶᠢᠨ ᠭᠠᠵᠠᠷ ᠲᠤᠨᠢ ᠬᠦᠯᠢᠶᠡᠨ ᠠᠪᠴᠤ ᠰᠢᠢᠳᠪᠦᠷᠢᠯᠡᠬᠦ ᠴᠤᠪᠤᠷᠠᠯ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠦᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠭᠤᠣᠯᠳᠠᠯᠭ᠎ᠠ ᠲᠠᠢ ᠬᠠᠷᠢᠴᠠᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢᠶᠠᠷ ᠠᠩᠬ᠎ᠠ ᠬᠢᠨᠠᠨ ᠨᠤᠲᠠᠯᠠᠭᠤᠯᠤᠭᠰᠠᠨ ᠤ ᠳᠠᠷᠠᠭ᠎ᠠ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠳᠤ ᠣᠷᠣᠭᠤᠯᠵᠤ᠂ ᠡᠯᠧᠺᠲᠷᠣᠨ ᠮᠠᠲ᠋ᠧᠷᠢᠶᠠᠯ ᠢ ᠰᠢᠷᠪᠢᠨ ᠠᠴᠢᠶᠠᠯᠠᠵᠣ᠂ ᠪᠢᠴᠢᠭ ᠮᠠᠲ᠋ᠧᠷᠢᠶᠠᠯ ᠢ ᠭᠥᠯᠢᠶᠡᠨ ᠠᠪᠤᠭᠰᠠᠨ ᠭᠡᠷᠡᠴᠢ ᠪᠠᠷᠢᠮᠲᠠ ᠶᠢ ᠳᠠᠷᠤᠮᠠᠯᠯᠠᠭᠠᠳ ᠭᠤᠶᠤᠴᠢᠯᠠᠭᠴᠢ ᠳᠤ ᠬᠠᠷᠢᠭᠤ ᠲᠤᠰᠬᠠᠵᠤ᠂ ᠭᠤᠶᠤᠴᠢᠯᠠᠭᠴᠢ ᠶᠢ ᠬᠥᠲᠥᠯᠦᠨ ᠵᠢᠯᠣᠭᠤᠳᠴᠤ ᠪᠠᠶᠢᠭᠠᠳ ︽ᠶᠡᠷᠦᠩᠬᠡᠶᠢᠯᠡᠭᠰᠡᠨ ᠪᠢᠴᠢᠭ ᠮᠠᠲ᠋ᠧᠷᠢᠶᠠᠯ ᠭᠠᠷᠭᠠᠬᠤ ᠴᠤᠩᠬᠤᠪᠴᠢ︾᠎ ᠳᠤ ᠬᠦᠷᠴᠦ ᠭᠦᠢᠴᠡᠳᠭᠡᠭᠰᠡᠨ ᠦᠷ᠎ᠡ ᠳ᠋ᠦᠩ ︵ᠭᠡᠷᠡᠴᠢ ᠦᠨᠡᠮᠯᠡᠯ ᠪᠤᠶᠤ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ︶᠎ ᠢ ᠠᠪᠤᠨ᠎ᠠ᠃ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ ᠪᠤᠶᠤ ᠠᠭᠤᠯᠭ᠎ᠠ ᠨᠢ ᠵᠢᠷᠤᠮᠵᠢᠯ ᠥᠬᠡᠶ ᠪᠠᠶᠢᠪᠠᠯ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠲᠤᠬᠠᠢ ᠶᠢᠨ ᠲᠠᠯᠠᠪᠤᠷ ᠲᠤ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠠᠭᠤᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ᠃ ᠭᠤᠤᠯ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠲᠤᠳᠠᠭᠰᠠᠨ ᠮᠠᠲ᠋ᠧᠷᠢᠶᠠᠯ ᠤᠨ ᠨᠥᠬᠦᠪᠥᠷᠢᠯᠡᠬᠦ ᠠᠭᠤᠯᠭ᠎ᠠ ᠪᠠ ᠠᠷᠭ᠎ᠠ ᠮᠠᠶ᠋ᠢᠭ ᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠭᠤᠶᠤᠴᠢᠯᠠᠭᠰᠠᠨ  ᠵᠤᠶᠢᠯᠡᠰ ᠨᠢ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠬᠡᠪᠴᠢᠶᠡᠨ ᠳᠤ ᠪᠠᠭᠲᠠᠬᠤ ᠦᠭᠡᠶ ᠪᠣᠯ᠂ ᠬᠦᠯᠢᠶᠡᠨ ᠠᠪᠴᠤ ᠰᠢᠢᠳᠪᠦᠷᠢᠯᠡᠬᠦ ᠦᠭᠡᠶ ᠤᠴᠢᠷ ᠰᠢᠯᠲᠠᠭᠠᠨ ᠢᠶᠠᠨ ᠲᠤᠬᠠᠶ ᠶᠢᠨ ᠭᠠᠵᠠᠷ ᠲᠤᠨᠢ ᠮᠡᠳᠡᠭᠳᠡᠨ᠎ᠡ᠃    2. ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ ᠴᠤᠪᠤᠷᠠᠯ᠃ ᠠᠵᠤ ᠠᠬᠤᠶᠢᠯᠠᠯ ᠣᠯᠠᠨ ᠲᠦᠮᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠦᠯᠵᠢᠶ᠎ᠡ ︵ᠣᠷᠳᠣᠰ︶᠂  ᠮᠧᠩ ᠰᠦ ᠪᠠᠨ APP ︵ᠬᠡᠷᠡᠭᠯᠡᠭᠡᠨ ᠤ ᠫᠷᠤᠭ᠍ᠷᠠᠮ︶ ︵ᠣᠷᠳᠣᠰ︶᠂ ᠥᠪᠡᠰᠦᠪᠡᠨ ᠣᠶᠢᠯᠡᠴᠢᠯᠡᠬᠦ ᠦᠵᠦᠭᠦᠷ ᠤᠨ ᠮᠠᠰᠢᠨ ᠵᠡᠷᠭᠡ ᠎ ᠪᠠᠷ ᠳᠠᠮᠵᠢᠭᠤᠯᠤᠨ ᠡᠯᠧᠺᠲᠷᠣᠨ ᠮᠠᠲ᠋ᠧᠷᠢᠶᠠᠯ ᠢᠶᠠᠨ ᠲᠤᠰᠢᠶᠠᠪᠠᠯ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠲᠠᠪᠴᠠᠩ ᠳᠤ ᠭᠠᠷᠴᠤ᠂ ᠭᠥᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠭᠤᠤᠯᠳᠠᠯᠭ᠎ᠠ ᠶᠢᠨ ᠶᠣᠰᠣᠭᠠᠷ ᠡᠯᠧᠺᠲᠷᠣᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠨ᠎ᠠ︔ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠦᠬᠡᠢ ᠤᠴᠢᠷ ᠰᠢᠯᠲᠠᠭᠠᠨ ᠢᠶᠠᠨ ᠲᠠᠪᠴᠠᠩ ᠢᠶᠠᠷ ᠳᠠᠮᠵᠢᠭᠤᠯᠤᠨ ᠮᠡᠳᠡᠭᠳᠡᠨ᠎ᠡ︔ ᠮᠠᠲ᠋ᠧᠷᠢᠶᠠᠯ ᠢ ᠨᠥᠬᠦᠪᠥᠷᠢᠯᠡᠬᠦ ᠪᠤᠶᠤ ᠵᠠᠯᠠᠷᠠᠭᠤᠯᠬᠤ ᠴᠢᠬᠤᠯᠠᠲᠠᠶ ᠪᠠᠶᠢᠪᠠᠯ᠂ ᠨᠥᠬᠦᠪᠥᠷᠢᠯᠡᠬᠦ ᠴᠢᠬᠤᠯᠠᠲᠠᠶ ᠨᠠᠷᠢᠨ ᠲᠠᠩᠰᠠ ᠪᠤᠶᠤ ᠵᠠᠯᠠᠷᠠᠭᠤᠯᠬᠤ ᠠᠭᠤᠯᠭ᠎ᠠ ᠶᠢ ᠲᠠᠪᠴᠠᠩ ᠢᠶᠠᠷ ᠳᠠᠮᠵᠢᠭᠤᠯᠤᠨ ᠮᠡᠳᠡᠭᠳᠡᠨ᠎ᠡ᠃   ︵ᠭᠤᠷᠪᠠ︶ ᠬᠤᠯᠪᠤᠭᠳᠠᠯ ᠪᠥᠬᠦᠶ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ ᠢ ᠲᠣᠳᠣᠷᠬᠠᠶᠢᠯᠠᠨ᠎ᠠ᠃ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ᠴᠢᠳᠠᠮᠵᠢ ᠶᠢᠨ ᠣᠷᠣᠨ ᠬᠤᠪᠢᠶᠠᠨ ᠳᠣᠭᠢᠷᠠᠭᠤᠯᠬᠤ ᠪᠠ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠯᠠᠭᠠᠨ ᠤ ᠬᠠᠮᠢᠶᠠᠷᠤᠯᠲᠠ ᠶᠢ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠬᠠᠷᠢᠭᠤᠴᠠᠨ᠎ᠠ ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠴᠤᠩᠬᠤᠪᠴᠢ ᠨᠢ ᠠᠵᠤ ᠠᠬᠤᠶᠢᠯᠠᠯ ᠣᠯᠠᠨ ᠲᠦᠮᠡᠨ ᠳᠤ ᠯᠠᠪᠯᠠᠭ᠎ᠠ ᠥᠭᠴᠦ ᠬᠥᠲᠥᠯᠦᠨ ᠵᠢᠯᠣᠭᠤᠳᠬᠤ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠰᠢᠢᠳᠪᠦᠷᠢᠯᠡᠭᠦᠯᠵᠣ ᠱᠠᠭᠠᠷᠳᠠᠨ  ᠰᠢᠢᠳᠪᠦᠷᠢᠯᠡᠭᠦᠯᠬᠦ᠂ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠬᠤ ᠣᠶᠢᠯᠡᠴᠢᠯᠡᠭᠡ ᠬᠠᠩᠭᠠᠬᠤ ᠶᠢ ᠪᠣᠳᠠᠲᠠᠶ ᠬᠠᠷᠢᠭᠤᠴᠠᠨ᠎ᠠ᠃ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠤᠨ ᠠᠷᠤ ᠲᠠᠪᠴᠠᠩ ᠤᠨ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠶᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠵᠤ᠂ ᠡᠮᠦᠨ᠎ᠡ ᠲᠠᠪᠴᠠᠩ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠳᠤ ᠲᠤᠯᠭᠠᠭᠤᠷᠢᠯᠠᠯ ᠬᠠᠩᠭᠠᠨ᠎ᠠ︔ ᠡᠭᠦᠷᠭᠡᠯᠡᠵᠦ ᠪᠠᠶᠢᠭ᠎ᠠ ᠵᠠᠰᠠᠭ ᠎ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠢ ᠬᠢᠨᠠᠨ ᠵᠥᠪᠰᠢᠶᠡᠷᠡᠬᠦ ᠪᠠ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ᠂ ᠠᠮᠠᠯᠠᠭᠰᠠᠨ ᠴᠠᠭ ᠤᠨ ᠬᠢᠵᠠᠭᠠᠷ ᠳᠣᠲᠣᠷ᠎ᠠ ᠭᠦᠢᠴᠡᠳᠭᠡᠭᠰᠡᠨ ᠦᠷ᠎ᠡ ᠳ᠋ᠦᠩ ᠢ ᠭᠠᠷᠭᠠᠵᠤ ᠥᠭᠭᠦᠨ᠎ᠡ᠃ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠷᠠᠭᠤᠯᠤᠨ ᠵᠣᠬᠢᠶᠠᠭᠰᠠᠨ ᠵᠣᠶᠢᠯᠡᠰ ᠢ ᠬᠢᠨᠠᠨ ᠪᠠᠶᠢᠴᠠᠭᠠᠬᠤ ᠭᠤᠤᠯᠳᠠᠯᠭ᠎ᠠ ᠨᠢ ᠲᠣᠳᠣᠷᠬᠠᠶ ᠥᠬᠡᠶ ᠪᠤᠶᠤ ᠴᠠᠭ ᠲᠤᠬᠠᠶ ᠳᠤᠨᠢ ᠰᠢᠨᠡᠳᠬᠡᠭᠰᠡᠨ ᠥᠬᠡᠶ ᠠᠴᠠ ᠪᠣᠯᠵᠣ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠴᠤᠩᠬᠤᠪᠴᠢ ᠶᠢᠨ ᠠᠵᠢᠯᠲᠠᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠠᠩᠭᠠᠭᠰᠠᠨ ᠵᠣᠶᠢᠯᠡᠰ ᠢ ᠬᠢᠨᠠᠨ ᠪᠠᠶᠢᠴᠠᠭᠠᠬᠤ ᠭᠤᠤᠯᠳᠠᠯᠭ᠎ᠠ ᠶᠢᠨ ᠶᠣᠰᠣᠭᠠᠷ ᠬᠡᠪ ᠤᠨ ᠶᠣᠰᠣᠭᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠠᠷᠭ᠎ᠠ ᠥᠬᠡᠶ ᠪᠣᠯᠭᠠᠭᠰᠠᠨ ᠪᠠᠶᠢᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠎ ᠤᠨ ᠬᠠᠩᠭᠠᠭᠰᠠᠨ ᠵᠣᠶᠢᠯᠡᠰ ᠢ ᠬᠢᠨᠠᠨ ᠪᠠᠶᠢᠴᠠᠭᠠᠬᠤ ᠭᠤᠤᠯᠳᠠᠯᠭ᠎ᠠ ᠶᠢᠨ ᠶᠣᠰᠣᠭᠠᠷ ᠭᠥᠯᠢᠶᠡᠨ ᠠᠪᠴᠤ ᠰᠢᠢᠳᠪᠦᠷᠢᠯᠡᠭᠰᠡᠨ ᠥᠬᠡᠶ ᠪᠠᠶᠢᠪᠠᠯ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠎ ᠶᠢᠨ ᠰᠡᠭᠦᠯᠴᠢ︶    ︵ᠳᠥᠷᠪᠡ︶ ᠲᠤᠬᠠᠶᠢᠯᠠᠭᠰᠠᠨ ᠠᠵᠢᠯ ᠭᠥᠯᠢᠶᠡᠨ ᠠᠪᠴᠤ ᠰᠢᠢᠳᠪᠦᠷᠢᠯᠡᠬᠦ ᠶᠢ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ︽ᠬᠠᠮᠤᠭ ᠤᠨ ᠪᠠᠭ᠎ᠠ ᠮᠥᠬᠦᠯᠢᠭ ᠤᠨ ᠬᠡᠮᠵᠢᠶ᠎ᠡ︾᠎ ᠶᠢᠨ ᠵᠠᠷᠴᠢᠮ ᠶᠣᠰᠣᠭᠠᠷ᠂ ᠵᠣᠶᠢᠯᠡᠰ ᠢ ᠨᠠᠷᠢᠯᠢᠬᠵᠢᠭᠤᠯᠬᠤ᠂ ᠪᠠᠶᠢᠳᠠᠯᠵᠢᠭᠤᠯᠤᠨ ᠡᠮᠬᠢᠯᠡᠬᠦ ᠠᠵᠢᠯ ᠢ ᠥᠷᠨᠢᠭᠦᠯᠵᠦ᠂ ᠵᠣᠶᠢᠯᠡᠰ ᠤᠨ ᠭᠤᠶᠤᠴᠢᠯᠠᠬᠤ ᠨᠥᠬᠦᠴᠡᠯ ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠎ ᠶᠢ ᠨᠢᠭᠡ ᠨᠢᠭᠡ ᠪᠠᠷ ᠲᠣᠳᠣᠷᠬᠠᠶᠢᠯᠠᠨ ᠨᠠᠷᠢᠯᠢᠬᠵᠢᠭᠤᠯᠵᠤ᠂ ᠪᠠᠯᠠᠷᠬᠠᠶ ᠲᠣᠭᠠᠴᠢᠯᠲᠠ ᠪᠠ ᠦᠨᠳᠦᠰᠦᠨ ᠵᠣᠶᠢᠯ ᠢ ᠪᠠᠲᠤᠯᠠᠬᠤ ᠵᠣᠶᠢᠯ ᠵᠤᠷᠪᠤᠰ ᠢ ᠬᠡᠷᠡᠭᠯᠡᠵᠦ ᠪᠣᠯᠬᠤ ᠥᠬᠡᠶ᠃ ᠬᠢᠨᠠᠨ ᠪᠠᠶᠢᠴᠠᠭᠠᠬᠤ ᠭᠤᠣᠯᠳᠠᠯᠭ᠎ᠠ ᠶᠢ ᠪᠠᠷᠢᠮᠵᠢᠶᠠᠵᠢᠭᠤᠯᠬᠤ ᠶᠢ ᠠᠬᠢᠭᠤᠯᠵᠤ᠂ ᠬᠢᠨᠠᠨ ᠪᠠᠶᠢᠴᠠᠭᠠᠬᠤ ᠠᠷᠭ᠎ᠠ ᠵᠢᠴᠢ ᠲᠠᠰᠤᠯᠤᠯᠲᠠ ᠶᠢᠨ ᠪᠠᠷᠢᠮᠵᠢᠶ᠎ᠠ ᠶᠢ ᠨᠠᠷᠢᠯᠢᠬᠵᠢᠭᠤᠯᠤᠨ᠂ ︽ᠢᠯᠭᠠᠭ᠎ᠠ ᠦᠭᠡᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠰᠢᠢᠳᠪᠦᠷᠢᠯᠡᠬᠦ︾᠎ ᠶᠢ ᠦᠨᠡᠨ ᠬᠦ ᠪᠠᠲᠤᠯᠠᠨ᠎ᠠ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾᠎ ᠳᠤ ᠣᠷᠣᠭᠤᠯᠤᠭᠰᠠᠨ ᠵᠣᠶᠢᠯᠡᠰ ᠢ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠮᠵᠢᠶᠠᠵᠢᠭᠤᠯᠤᠭᠰᠠᠨ ᠤᠴᠢᠷ ᠶᠠᠪᠤᠳᠠᠯ ᠭᠦᠢᠴᠡᠳᠬᠡᠬᠦ ᠵᠦᠭᠯᠡᠭᠦᠷ᠂ ᠵᠣᠶᠢᠯᠡᠰ ᠢ ᠬᠢᠨᠠᠨ ᠪᠠᠶᠢᠴᠠᠭᠠᠬᠤ ᠭᠤᠤᠯᠳᠠᠯᠭ᠎ᠠ ᠪᠠ ᠮᠠᠳᠠᠭ ᠲᠠᠢ ᠵᠣᠶᠢᠯ ᠢ ᠬᠠᠷᠢᠭᠤᠯᠬᠤ ᠭᠠᠷ ᠳᠡᠪᠲᠡᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠠᠭ ᠲᠤᠬᠠᠶ ᠳᠤᠨᠢ ᠰᠢᠨᠡᠳᠬᠡᠨ ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ ᠶᠢᠨ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶    ︵ᠲᠠᠪᠤ︶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠢᠯᠣᠭᠤᠳᠣᠯᠭ᠎ᠠ ᠶᠢ ᠰᠠᠶᠢᠲᠤᠷ ᠬᠢᠨ᠎ᠡ᠃ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠪᠠᠶᠢᠩᠭᠤ ᠶᠢᠨ ᠴᠢᠨᠠᠷᠲᠠᠶ ᠡᠭᠡᠯᠵᠢᠯᠡᠨ ᠪᠣᠯᠪᠠᠰᠤᠷᠠᠭᠤᠯᠬᠤ ᠶᠢ ᠬᠡᠷᠡᠭᠵᠢᠭᠦᠯᠦᠨ᠂ ᠣᠷᠣᠨ ᠪᠦᠰᠡ᠂ ᠴᠤᠩᠬᠤᠪᠴᠢ ᠶᠢᠨ ᠬᠢᠵᠠᠭᠠᠷᠯᠠᠯ ᠢ ᠡᠪᠳᠡᠵᠦ᠂ ᠴᠤᠩᠬᠤᠪᠴᠢ ᠶᠢᠨ ᠠᠵᠢᠯᠲᠠᠨ ᠢ ︽ᠲᠤᠰᠬᠠᠶ ᠮᠡᠷᠭᠡᠵᠢᠯ ᠲᠠᠢ︾ ᠪᠠᠶᠢᠭᠰᠠᠨ ᠠᠴᠠ ᠨᠢ ︽ᠪᠦᠷᠢᠨ ᠴᠢᠳᠠᠪᠤᠷᠢ ᠲᠠᠢ︾ ᠪᠣᠯᠭᠠᠨ ᠬᠤᠪᠢᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶   ︵ᠵᠢᠷᠭᠤᠭ᠎ᠠ︶ ᠥᠭᠡᠷᠡᠴᠢᠯᠡᠯᠲᠡ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠪᠥᠬᠦ ᠣᠷᠣᠨ ᠤ ᠨᠢᠭᠡᠳᠦᠯᠲᠡᠶ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠳᠤ ᠲᠦᠰᠢᠭᠯᠡᠨ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠭᠦᠨᠵᠡᠭᠡᠶᠢᠷᠡᠭᠦᠯᠵᠦ᠂ ᠬᠤᠲᠠ᠂ ᠬᠤᠰᠢᠭᠤ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠢ ᠴᠠᠭ ᠲᠤᠬᠠᠶ ᠳᠤᠨᠢ ᠡᠬᠢᠯᠡᠨ ᠬᠡᠷᠡᠭᠯᠡᠵᠦ᠂ ᠭᠥᠯᠢᠶᠡᠨ ᠠᠪᠴᠤ ᠰᠢᠢᠳᠪᠦᠷᠢᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠬᠦ᠂ ᠭᠦᠢᠴᠡᠳ ᠬᠠᠮᠲᠤᠪᠠᠷ ᠭᠥᠷᠳᠡᠬᠦ᠂ ᠬᠠᠮᠵᠢᠯᠴᠠᠨ ᠬᠡᠷᠡᠭᠯᠡᠬᠦ ᠶᠢ ᠦᠨᠡᠨ ᠬᠦ ᠪᠠᠲᠤᠯᠠᠵᠤ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠲᠤ ᠬᠡᠷᠡᠭᠯᠡᠭᠡᠨ ᠤ ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠎ ᠶᠢᠨ ᠰᠡᠭᠦᠯᠴᠢ︶   ᠭᠤᠷᠪᠠ᠂ ᠠᠵᠢᠯ ᠤᠨ ᠱᠠᠭᠠᠷᠳᠠᠯᠭ᠎ᠠ    ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠬᠦ ᠪᠣᠯ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠲᠤᠰᠬᠠᠶ ᠬᠥᠮᠦᠨ ᠲᠣᠭᠲᠠᠭᠠᠵᠤ ᠬᠠᠷᠢᠭᠤᠴᠠᠭᠤᠯᠤᠨ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠲᠠᠢ ᠬᠠᠮᠵᠢᠯᠴᠠᠨ ᠥᠭᠡᠷᠡᠴᠢᠯᠡᠯᠲᠡ ᠶᠢᠨ ᠬᠤᠭᠤᠴᠠᠭᠠᠨ ᠳᠠᠬᠢ ᠴᠤᠩᠬᠤᠪᠴᠢ ᠶᠢᠨ ᠲᠣᠬᠢᠷᠠᠭᠤᠯᠤᠯᠲᠠ᠂ ᠠᠵᠢᠯᠲᠠᠨ ᠤ ᠬᠠᠮᠢᠶᠠᠷᠤᠯᠲᠠ᠂ ᠲᠤᠬᠠᠶᠢᠯᠠᠭᠰᠠᠨ ᠠᠵᠢᠯ ᠎ ᠤᠨ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠢ ᠵᠣᠯᠭᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠳᠤᠯᠠᠨ᠎ᠠ᠃ ᠵᠠᠰᠠᠭ ᠤᠨ ᠣᠷᠳᠣᠨ ᠤ ᠣᠶᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠠᠬᠢᠭᠤᠯᠬᠤ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠥᠷᠨᠢᠭᠦᠯᠬᠦ ᠳᠤ ᠬᠡᠷᠡᠭᠰᠡᠬᠦ ᠪᠠᠯᠠ ᠮᠥᠩᠭᠦ ᠶᠢ ᠡᠳ᠋ ᠤᠨ ᠵᠠᠰᠠᠭ ᠤᠨ ᠵᠢᠯ ᠤᠨ ᠲᠥᠰᠦᠪ ᠲᠤ ᠣᠷᠣᠭᠤᠯᠵᠤ᠂ ᠭᠦᠢᠴᠡᠳ ᠵᠠᠷᠤᠳᠠᠯ ᠤᠨ ᠪᠠᠲᠤᠯᠠᠭ᠎ᠠ ᠣᠯᠭᠤᠨ᠎ᠠ᠃    ︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠬᠤᠯᠠᠴᠢᠯᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠎ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠳᠤ ᠪᠥᠬᠦ ᠴᠤᠪᠤᠷᠠᠯ ᠤᠨ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠡᠯ᠎ᠡ ᠭᠤᠭᠴᠤᠭ᠎ᠠ ᠶᠢ ᠪᠦᠬᠦᠨ ᠢ ᠡᠯᠧᠺᠲᠷᠣᠨ ᠬᠢᠨᠠᠨ ᠪᠠᠶᠢᠴᠠᠭᠠᠯᠳᠠ ᠳᠤ ᠣᠷᠣᠭᠤᠯᠵᠤ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠠᠵᠢᠯ ᠤᠨ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠪᠠᠷ ᠠᠵᠢᠯᠯᠠᠬᠤ ᠶᠢ ᠦᠨᠡᠨ ᠬᠦ ᠪᠠᠳᠤᠯᠠᠨ᠎ᠠ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠠᠵᠢᠯ ᠤᠨ ᠵᠢᠯ ᠤᠨ ᠰᠢᠯᠭᠠᠨ ᠬᠢᠨᠠᠯᠳᠠ ᠳᠤ ᠣᠷᠣᠭᠤᠯᠵᠤ᠂ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠢᠶᠠᠨ ᠦᠷᠭᠦᠯᠵᠢᠯᠡᠨ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃    ︵ᠭᠤᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠤᠬᠠᠭᠤᠯᠭ᠎ᠠ ᠪᠠᠨ ᠴᠢᠩᠭᠠᠳᠬᠠᠵᠤ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠣᠶᠢᠯᠡᠴᠢᠯᠡᠬᠡᠨ ᠤ ᠵᠠᠭᠪᠤᠷ ᠢ ᠣᠶᠢᠯᠠᠭᠠᠨ ᠮᠡᠳᠡᠬᠦ ᠬᠡᠮᠵᠢᠶ᠎ᠡ ᠪᠠᠨ ᠲᠡᠭᠡᠭᠰᠢᠯᠡᠭᠦᠯᠦᠨ᠎ᠡ᠃ ᠠᠵᠤ ᠠᠬᠤᠶᠢᠯᠠᠯ ᠤᠯᠠᠨ ᠲᠦᠮᠡᠨ ᠤ ᠰᠠᠨᠠᠭᠤᠯᠭ᠎ᠠ ᠶᠢ ᠤᠯᠠᠨ ᠠᠷᠭ᠎ᠠ ᠵᠠᠮ ᠢᠶᠠᠷ ᠰᠣᠨᠣᠰᠴᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠨ᠎ᠠ᠃ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠦᠷᠨᠢᠭᠦᠯᠬᠦ ᠶᠢ  ᠠᠬᠢᠭᠤᠯᠤᠨ᠎ᠠ᠃
ᠢᠷᠡᠯᠲᠡ᠄ ᠲᠣᠲᠣᠷᠬᠠᠢ ᠦᠭᠡᠢ