ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ | ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ᠂ | ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠳᠤ᠄ | ᠣᠷᠳᠣᠰ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠣᠷᠳᠣᠰ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠳᠣᠰ | ᠲᠠᠬᠢ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠠᠴᠠ ᠬᠠᠮᠲᠤᠷᠠᠨ | ᠲᠣᠭᠲᠠᠭᠠᠭᠰᠠᠨ ︽ᠣᠷᠳᠣᠰ ᠬᠤᠲᠠ ᠶᠢᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ | ᠲᠥᠪᠬᠢᠨᠡᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ | ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ ᠢᠶᠠᠷ ᠵᠦᠪᠰᠢᠶᠡᠷᠡᠭᠦᠯᠦᠬᠡᠳ᠂ ᠡᠳᠦᠭᠡ ᠲᠠᠨᠠᠷ ᠲᠤ ᠤᠯᠠᠮᠵᠢᠯᠠᠨ | ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠤᠱᠯᠠᠭᠤᠯᠤᠨ | ᠬᠡᠷᠡᠭᠵᠢᠭᠦᠯᠲᠦᠭᠡᠶ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ | ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ | 2021 ᠣᠨ ᠤ 7 ᠰᠠᠷ᠎ᠠ ᠶᠢᠨ 13 ᠤ ᠡᠳᠦᠷ | | ᠣᠷᠳᠣᠰ ᠬᠤᠲᠠ ᠶᠢᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ ︵ | ᠲᠤᠷᠰᠢᠨ ᠬᠡᠷᠡᠭᠵᠢᠭᠦᠯᠬᠦ︶ | | ᠮᠠᠨ ᠤ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠢ ᠲᠠᠭᠠᠭᠰᠠᠨ ᠭᠡᠷ ᠪᠦᠯᠢ ᠶᠢᠨ ᠬᠢᠨ ᠳᠤ ᠠᠵᠢᠯ | ᠣᠯᠭᠤᠵᠤ ᠲᠥᠪᠬᠢᠨᠡᠭᠦᠯᠬᠦ ᠠᠵᠢᠯ ᠢ ᠴᠢᠨᠠᠭᠰᠢᠳᠠ ᠰᠠᠶᠢᠲᠤᠷ ᠬᠢᠵᠣ᠂ ᠴᠡᠷᠢᠭ ᠢ ᠳᠠᠭᠠᠭᠰᠠᠨ ᠭᠡᠷ ᠪᠦᠯᠢ | ᠶᠢᠨ ᠬᠢᠨ ᠳᠤ ᠪᠦᠬᠦᠨ ᠢ ᠠᠵᠢᠯ ᠣᠯᠭᠤᠬᠤ ᠶᠢ ᠪᠡᠶᠡᠯᠡᠭᠦᠯᠬᠦ ᠶᠢᠨ ᠲᠤᠰᠠᠳᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ︽ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠴᠢᠩᠭᠠᠳᠬᠠᠬᠤ ᠲᠤᠬᠠᠶ | ᠰᠠᠨᠠᠯ︾ ︵ᠲᠥᠪ ᠲᠠᠷᠬᠠᠭᠠᠭᠰᠠᠨ ﹇2019﹈ 30 ᠳ᠋ᠤᠭᠠᠷ ᠲᠣᠭᠠᠲᠤ︶᠂ ᠲᠥᠷᠥ ᠶᠢᠨ ᠶᠠᠪᠤᠳᠠᠯ ᠤᠨ ᠬᠤᠷᠢᠶ᠎ᠠ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ᠂ ᠶᠡᠷᠦᠩᠬᠡᠶ ᠱᠲ᠋ᠠᠪ ᠤᠨ ᠬᠡᠯᠲᠡᠰ᠂ ᠶᠡᠷᠦᠩᠬᠡᠶ ᠤᠯᠤᠰ ᠲᠥᠷᠥ ᠶᠢᠨ ᠬᠡᠯᠲᠡᠰ ᠤᠨ ︿ | ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ﹀ ᠶᠢ ᠴᠤᠬᠤᠯᠠᠪᠤᠷᠢᠯᠠᠨ | ᠤᠯᠠᠮᠵᠢᠯᠠᠬᠤ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇2013﹈ 42 ᠳ᠋ᠤᠭᠠᠷ ᠲᠣᠭᠠᠲᠤ︶᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ | ᠠᠷᠠᠳ ᠤᠨ ᠴᠢᠯᠥᠭᠡᠯᠡᠬᠦ ᠴᠡᠷᠢᠭ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽︿ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ | ᠲᠥᠪᠬᠢᠨᠡᠭᠦᠯᠬᠦ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ﹇2014﹈ 74 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ | ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠨᠢᠭᠡ᠂ ᠲᠥᠪᠬᠢᠨᠡᠭᠦᠯᠬᠦ ᠡᠲᠡᠭᠡᠳ | ᠲᠣᠰ ᠠᠷᠭ᠎ᠠ ᠶᠢ ᠣᠷᠳᠣᠰ ᠬᠤᠲᠠ ᠶᠢᠨ ᠬᠠᠷᠢᠶᠠᠨ ᠳᠠᠬᠢ ᠬᠤᠲᠠ ᠳᠤ ᠰᠠᠭᠤᠭ᠎ᠠ ᠡᠯ᠎ᠡ ᠴᠡᠷᠢᠭ ᠠᠩᠭᠢ᠂ | ᠴᠡᠷᠢᠭ ᠠᠩᠭᠢ ᠶᠢᠨ ᠳ᠋ᠢᠸᠢᠽᠢ ︵ᠪᠠᠷᠢᠭᠠᠳᠠ︶ ᠶᠢᠨ ᠱᠠᠲᠤᠨ ᠠᠴᠠ ᠳᠡᠭᠡᠭᠰᠢᠬᠢ ᠨᠢᠭᠡᠴᠡ ᠶᠢᠨ ᠤᠯᠤᠰ ᠲᠥᠷᠥ ᠶᠢᠨ | ᠪᠠᠶᠢᠭᠤᠯᠭ᠎ᠠ ᠪᠠᠷ ᠵᠥᠪᠰᠢᠶᠡᠷᠡᠭᠦᠯᠬᠦ ᠶᠢᠨ ᠬᠠᠮᠲᠤ ᠴᠡᠷᠢᠭ ᠠᠩᠭᠢ ᠶᠢ ᠳᠠᠭᠠᠬᠤ ᠭᠠᠷᠳᠠᠮ ᠢ ᠭᠦᠢᠴᠡᠳᠭᠡᠭᠰᠡᠨ ᠵᠢᠩᠬᠢᠨᠢ | ᠠᠯᠪᠠᠨ ᠤ ᠴᠡᠷᠢᠭ ᠤᠨ ᠬᠤᠯᠪᠣᠰᠤ ᠳᠤ ᠬᠡᠷᠡᠭᠯᠡᠨ᠎ᠡ᠃ | ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠴᠡᠷᠢᠭ ᠢ ᠲᠡᠭᠠᠬᠰᠡᠠ ᠭᠡᠷ ᠪᠦᠯᠢ ᠶᠢᠨ ᠬᠢᠨ ᠢ | ᠲᠥᠪᠬᠢᠨᠡᠭᠦᠯᠵᠦ ᠥᠭᠬᠦ ᠤᠢᠭᠡᠢ᠄ ᠨᠢᠭᠡᠨᠲᠡ ᠠᠵᠢᠯ ᠠᠴᠠ ᠪᠠᠭᠤᠬᠤ ᠨᠠᠰᠤᠨ ᠳᠤ ᠬᠦᠷᠦᠭᠰᠡᠠ︔ ᠲᠠᠩᠰᠠ ᠡᠪᠬᠡᠮᠡᠯ | ᠤᠨ ᠠᠩᠬᠠᠨ ᠤ ᠮᠠᠲ᠋ᠧᠷᠢᠶᠠᠯ ᠨᠢ ᠪᠦᠷᠢᠨ ᠪᠤᠰᠤ ᠨᠥᠬᠦᠪᠥᠷᠢᠯᠡᠭᠰᠡᠨ ᠪᠣᠯᠪᠠᠴᠤ ᠮᠥᠨ ᠪᠦᠷᠢᠨ ᠪᠤᠰᠤ ᠪᠤᠶᠤ ᠬᠤᠳᠠᠯ | ᠬᠠᠭᠤᠷᠮᠠᠭ ᠪᠠᠶᠢᠬᠤ︔ ᠲᠤᠰ ᠬᠥᠮᠦᠨ ᠨᠢ ᠲᠥᠪᠬᠢᠨᠡᠭᠦᠯᠦᠨ ᠠᠵᠢᠯ ᠣᠯᠭᠤᠬᠤ ᠶᠢ ᠲᠡᠪᠴᠢᠭᠰᠡᠨ ᠪᠤᠶᠤ | ᠨᠥᠬᠦᠴᠡᠯ ᠳᠤ ᠨᠡᠶᠢᠴᠡᠬᠦ ᠦᠭᠡᠢ ᠪᠤᠰᠤᠳ ᠪᠠᠶᠢᠳᠠᠯ ᠲᠠᠢ ᠪᠠᠶᠢᠬᠤ᠃ | ᠬᠤᠶᠠᠷ᠂ ᠲᠥᠪᠬᠢᠨᠡᠭᠦᠯᠬᠦ ᠠᠷᠭ᠎ᠠ ᠮᠠᠶ᠋ᠢᠭ | ︵ᠨᠢᠭᠡ︶ ᠳᠠᠭᠠᠯᠳᠤᠭᠤᠯᠤᠨ ᠰᠢᠯᠵᠢᠭᠦᠯᠬᠦ | 1. ᠲᠠᠭᠠᠯᠳᠤᠭᠤᠯᠤᠨ ᠰᠢᠯᠵᠢᠭᠦᠯᠬᠦ ᠭᠡᠳᠡᠭ ᠨᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠬᠤᠲᠠ ᠶᠢᠨ | ᠭᠠᠳᠠᠨ᠎ᠠ ᠠᠴᠠ ᠲᠣᠰ ᠬᠤᠲᠠ ᠪᠤᠶᠤ ᠲᠣᠰ ᠬᠤᠲᠠ ᠶᠢᠨ ᠳᠣᠲᠣᠷᠠᠬᠢ ᠬᠤᠰᠢᠭᠤ ᠲᠣᠭᠤᠷᠢᠭ ᠤᠨ ᠬᠤᠭᠤᠷᠣᠨᠳᠣ | ᠰᠢᠯᠵᠢᠭᠦᠯᠬᠦ ᠶᠢ ᠵᠢᠭᠠᠵᠤ ᠪᠣᠶ᠃ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ | ᠬᠤᠰᠢᠭᠤᠨ ᠤ ᠬᠤᠭᠤᠷᠤᠨᠳᠤ ᠰᠢᠯᠵᠢᠭᠦᠯᠬᠦ ᠨᠢ ᠲᠠᠭᠠᠯᠳᠤᠭᠤᠯᠤᠨ ᠰᠢᠯᠵᠢᠭᠦᠯᠬᠦ ᠬᠡᠪᠴᠢᠶᠡᠨ ᠳᠤ ᠪᠠᠭᠲᠠᠬᠤ ᠥᠬᠡᠶ᠃ | 2. ᠵᠢᠩᠬᠢᠨᠢ ᠠᠯᠪᠠᠨ ᠤ ᠴᠡᠷᠢᠭ ᠤᠨ ᠬᠡᠷ ᠪᠦᠯᠢ ᠶᠢ ᠰᠢᠯᠵᠢᠭᠦᠯᠬᠦ ᠠᠴᠠ ᠡᠮᠦᠨ᠎ᠡ᠂ ᠤᠤᠯ ᠤᠨ ᠡᠷᠦᠬᠡ ᠠᠮᠠ | ᠶᠢᠨ ᠲᠠᠩᠰᠠ ᠪᠠᠶᠢᠭᠰᠠᠨ ᠭᠠᠵᠠᠷ ︵ᠪᠤᠶᠤ ᠤᠤᠯ ᠤᠨ ᠴᠡᠷᠢᠭ ᠢ ᠲᠠᠭᠠᠭᠰᠠᠨ ᠭᠠᠵᠠᠷ︶ ᠲᠤ ᠠᠯᠪᠠᠨ ᠪᠠᠶᠢᠭᠤᠯᠭ᠎ᠠ | ᠠᠵᠢᠯ ᠣᠶᠢᠯᠡᠰ ᠤᠨ ᠨᠢᠭᠡᠴᠡ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠪᠠᠶᠢᠪᠠᠯ᠂ ︽ | ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠲᠤᠰᠬᠠᠶ ᠮᠡᠷᠭᠡᠵᠢᠯ ᠢ ᠨᠢ ᠳᠣᠭᠢᠷᠠᠭᠤᠯᠵᠤ᠂ ᠲᠤᠬᠠᠶ ᠶᠢᠨ ᠭᠠᠵᠠᠷ ᠲᠤᠨᠢ | ᠣᠶᠢᠷ᠎ᠠ ᠬᠠᠪᠢ ᠳᠤᠨᠢ ᠪᠠᠶᠢᠯᠭᠠᠬᠤ︾ ᠵᠠᠷᠴᠢᠮ ᠶᠣᠰᠣᠭᠠᠷ᠂ ᠲᠣᠰ ᠬᠥᠮᠦᠨ ᠤ ᠬᠢᠷᠢ ᠬᠡᠮ᠂ ᠲᠤᠰᠢᠶᠠᠯ ᠪᠠ ᠲᠤᠰᠢᠶᠠᠯ | ᠤᠨ ᠪᠠᠶᠢᠷᠢ ᠶᠢᠨ ᠲᠥᠷᠥᠯ ᠢᠯᠭᠠᠯ ᠢᠶᠠᠷ ᠯᠠᠪᠯᠠᠯᠲᠠ ᠪᠣᠯᠭᠠᠵᠤ᠂ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ | ᠣᠷᠳᠣᠨ ᠠᠴᠠ ᠰᠢᠯᠵᠢᠭᠦᠯᠬᠦ ᠠᠷᠭ᠎ᠠ ᠮᠠᠶ᠋ᠢᠭ ᠢᠶᠠᠷ ᠠᠵᠢᠯ ᠲᠥᠷᠥᠯ ᠢᠶᠠᠷ ᠲᠠᠭᠠᠷᠠᠬᠤ ᠠᠯᠪᠠᠨ ᠪᠠᠶᠢᠭᠤᠯᠭ᠎ᠠ ᠠᠵᠢᠯ | ᠣᠶᠢᠯᠡᠰ ᠤᠨ ᠤᠨ ᠨᠢᠭᠡᠴᠡ ᠳᠤ ᠰᠢᠯᠵᠢᠭᠦᠯᠦᠨ᠎ᠡ᠃ | ︵ᠬᠤᠶᠠᠷ︶ ᠠᠵᠢᠯ ᠣᠯᠭᠤᠵᠤ ᠲᠥᠪᠬᠢᠨᠡᠭᠦᠯᠬᠦ | ᠴᠡᠷᠢᠭ ᠢ ᠲᠠᠭᠠᠵᠣ ᠠᠵᠢᠯ ᠣᠯᠤᠭᠠᠳᠤᠶ ᠴᠡᠷᠢᠭ ᠤᠨ ᠬᠡᠷ ᠪᠦᠯᠢ ᠶᠢ ︽ᠬᠠᠷᠢᠶ᠎ᠠ ᠤᠷᠤᠨ ᠳᠤᠨᠢ | ᠬᠠᠮᠢᠶᠠᠷᠤᠭᠤᠯᠬᠤ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠪᠠᠶᠢᠯᠭᠠᠬᠤ︾ ᠵᠠᠷᠴᠢᠮ ᠢᠶᠠᠷ ᠲᠥᠪᠬᠢᠨᠡᠭᠦᠯᠵᠦ | ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠠᠴᠠ ᠠᠵᠢᠯ ᠣᠯᠭᠤᠵᠤ ᠲᠥᠪᠬᠢᠨᠡᠭᠦᠯᠬᠦ ᠨᠥᠬᠦᠴᠡᠯ ᠳᠤ | ᠨᠡᠶᠢᠴᠡᠬᠦ ᠴᠡᠷᠢᠭ ᠢ ᠲᠠᠭᠠᠭᠰᠠᠨ ᠬᠡᠷ ᠪᠦᠯᠢ ᠶᠢ ᠵᠢᠯ ᠪᠦᠷᠢ ᠵᠣᠬᠢᠬᠤ ᠬᠠᠷᠢᠴᠠᠯ ᠢᠶᠠᠷ ᠠᠵᠤ ᠠᠬᠤᠶᠢᠯᠠᠯ ᠳᠤ | ᠲᠥᠪᠬᠢᠨᠡᠭᠦᠯᠬᠦ᠂ ᠠᠵᠢᠯ ᠣᠶᠢᠯᠡᠰ ᠤᠨ ᠨᠢᠭᠡᠴᠡ ᠶᠢᠨ ᠰᠢᠯᠭᠠᠯᠲᠠ ᠪᠠᠷ ᠤᠷᠢᠬᠤ ᠵᠡᠷᠭᠡ ᠠᠷᠭ᠎ᠠ ᠮᠠᠶ᠋ᠢᠭ ᠢᠶᠠᠷ | ᠲᠥᠪᠬᠢᠨᠡᠭᠦᠯᠦᠨ᠎ᠡ᠃ | 1. ᠬᠤᠳᠠ ᠶᠢᠨ ᠲᠤᠰ ᠱᠠᠳᠤ ᠨᠢ ᠤᠷᠳᠤᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠪᠠᠶᠢᠭᠤᠯᠭ᠎ᠠ᠂ | ᠵᠡᠪᠰᠡᠭᠲᠦ ᠴᠠᠭᠳᠠᠭ᠎ᠠ ᠶᠢᠨ ᠤᠷᠳᠤᠰ ᠲᠠᠬᠢ ᠰᠠᠯᠪᠤᠷᠢ ᠠᠩᠬᠢ ᠶᠢᠨ ᠪᠠᠶᠢᠭᠤᠯᠭ᠎ᠠ ᠵᠢᠴᠢ ᠪᠡᠯᠡᠳᠬᠡᠯ ᠶᠡᠭᠡ ᠠᠩᠬᠢ᠂ | ᠦᠢᠯᠡᠴᠢᠯᠡᠭᠡᠨ ᠤ ᠪᠠᠲᠤᠯᠠᠭ᠎ᠠ ᠶᠢᠨ ᠶᠡᠭᠡ ᠠᠩᠬᠢ᠂ ᠵᠢᠭᠠᠨ ᠵᠢᠯᠣᠭᠤᠳᠬᠤ ᠠᠩᠬᠢ᠂ ᠡᠭᠦᠷᠭᠡ ᠭᠦᠢᠴᠡᠳᠬᠡᠬᠦ | ᠨᠢᠭᠡᠳᠦᠭᠡᠷ᠂ ᠬᠤᠶᠠᠳᠤᠭᠠᠷ ᠶᠡᠭᠡ ᠠᠩᠬᠢ᠂ ᠡᠭᠦᠷᠭᠡ ᠭᠦᠢᠴᠡᠳᠬᠡᠬᠦ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠳᠤᠮᠳᠠ ᠠᠩᠬᠢ᠂ ᠪᠡᠯᠡᠳᠬᠡᠯ ᠠᠯᠪᠠᠨ ᠤ 90 ᠳ᠋ᠤᠭᠠᠷ ᠬᠤᠷᠢᠶ᠎ᠠ᠂ 93502 ᠴᠡᠷᠢᠭ ᠠᠩᠬᠢ ᠶᠢᠨ | 81 ᠳ᠋ᠤᠭᠠᠷ ᠠᠩᠬᠢ᠂ 31401 ᠴᠡᠷᠢᠭ ᠠᠩᠬᠢ ᠶᠢᠨ 86 ᠳ᠋ᠤᠭᠠᠷ ᠠᠩᠬᠢ ᠶᠢᠨ ᠴᠡᠷᠢᠭ ᠢ ᠲᠠᠭᠠᠵᠣ ᠠᠵᠢᠯ | ᠣᠯᠤᠭᠠᠳᠤᠶ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃ | 2. ᠡᠯ᠎ᠡ ᠬᠤᠰᠢᠭᠤ ᠲᠣᠭᠤᠷᠢᠭ ᠨᠢ ᠬᠠᠷᠢᠶ᠎ᠠ ᠰᠠᠭᠤᠭ᠎ᠠ ᠭᠠᠵᠠᠷ ᠤᠨ ᠠᠷᠠᠳ ᠤᠨ ᠵᠡᠪᠰᠡᠭᠲᠦ ᠬᠦᠴᠦᠨ ᠤ | ᠬᠡᠯᠲᠡᠰ᠂ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠶᠢᠨ ᠬᠤᠰᠢᠭᠤ ᠲᠣᠭᠤᠷᠢᠭ ᠲᠤ ᠰᠠᠭᠤᠭ᠎ᠠ | ᠳᠤᠮᠳᠠ ᠠᠩᠭᠢ ᠵᠡᠷᠭᠡ ᠴᠡᠷᠢᠭ ᠠᠩᠭᠢ ᠶᠢᠨ ᠴᠡᠷᠢᠭ ᠢ ᠲᠠᠭᠠᠵᠣ ᠠᠵᠢᠯ ᠣᠯᠤᠭᠠᠳᠤᠶ ᠬᠡᠷ ᠪᠦᠯᠢ ᠶᠢᠨ ᠬᠢᠨ ᠳᠤ | ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃ ᠡᠭᠦᠨ ᠳᠤ᠂ ᠳ᠋ᠦᠩᠱᠧᠩ ᠲᠣᠭᠤᠷᠢᠭ᠂ ᠬᠢᠶ᠎ᠠ ᠪᠠᠭᠰᠢ | ᠲᠣᠭᠤᠷᠢᠭ᠂ ᠡᠵᠡᠨ ᠬᠤᠷᠤᠭ᠎ᠠ ᠬᠤᠰᠢᠭᠤ ᠨᠢ ᠲᠥᠪᠬᠢᠨᠡᠭᠦᠯᠬᠦ ᠬᠡᠷᠡᠭᠴᠡᠭᠡ ᠪᠠᠨ ᠦᠨᠳᠦᠰᠦᠯᠡᠨ ᠵᠣᠬᠢᠬᠤ ᠬᠤᠲᠠ ᠶᠢᠨ | ᠲᠠᠰ ᠤᠨ ᠲᠥᠪᠬᠢᠨᠡᠭᠦᠯᠬᠦ ᠡᠭᠦᠷᠭᠡ ᠶᠢ ᠡᠭᠦᠷᠭᠡᠯᠡᠨ᠎ᠡ᠃ | 3. ᠴᠡᠷᠢᠭ ᠢ ᠲᠠᠭᠠᠵᠣ ᠠᠵᠢᠯ ᠣᠯᠤᠭᠠᠳᠤᠢ ᠬᠡᠷ ᠪᠦᠯᠢ ᠶᠢᠨ ᠬᠢᠨ ᠥᠪᠡᠷ ᠢᠶᠠᠨ ᠠᠵᠤ ᠠᠬᠤᠶᠢᠯᠠᠯ ᠳᠤ ᠠᠵᠢᠯ | ᠣᠯᠤᠭᠰᠠᠨ ᠪᠠᠶᠢᠪᠠᠯ᠂ ᠭᠥᠯᠢᠶᠡᠨ ᠠᠪᠤᠭᠰᠠᠨ ᠨᠢᠭᠡᠴᠡ ᠪᠤᠶᠤ ᠲᠣᠰ ᠬᠥᠮᠦᠨ ᠠᠴᠠ ᠬᠤᠲᠠ ᠶᠢᠨ ᠬᠤᠶᠠᠷ ᠢ | ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠵᠦ ᠳᠠᠩᠰᠠᠯᠠᠭᠤᠯᠤᠨ᠎ᠠ᠃ | 4. ᠴᠡᠷᠢᠭ ᠢ ᠳᠠᠭᠠᠵᠤ ᠠᠵᠢᠯ ᠣᠯᠤᠭᠰᠠᠨ ᠴᠡᠷᠢᠭ ᠤᠨ ᠭᠡᠷ ᠪᠦᠯᠢ ᠶᠢᠨ ᠬᠢᠨ ᠲᠥᠪᠬᠢᠨᠡᠭᠦᠯᠦᠨ ᠲᠣᠬᠢᠷᠠᠭᠤᠯᠬᠤ | ᠨᠢᠭᠡᠴᠡ ᠶᠢᠨ ᠠᠳᠠᠯᠢ ᠲᠦᠷᠦᠯ ᠤᠨ ᠬᠥᠮᠦᠰ ᠤᠨ ᠠᠳᠠᠯᠢ ᠲᠡᠭᠰᠢ ᠬᠥᠯᠥᠰᠥ ᠣᠯᠭᠤᠮᠵᠢ᠂ ᠠᠰᠠᠷᠠᠮᠵᠢ ᠬᠠᠷᠠᠭᠠᠯᠵᠠᠯ ᠢ | ᠬᠦᠷᠳᠡᠨ᠎ᠠ᠂ ᠬᠦᠳᠡᠯᠮᠦᠷᠢ ︵ᠤᠷᠢᠵᠤ ᠬᠡᠷᠡᠭᠯᠡᠬᠦ︶ ᠶᠢᠨ ᠭᠡᠷ᠎ᠡ ᠶᠢᠨ ᠬᠤᠭᠤᠴᠠᠭᠠᠨ ᠳᠤ ᠲᠤᠰ ᠬᠥᠮᠦᠨ ᠤ ᠣᠴᠢᠷ | ᠰᠢᠯᠲᠠᠭᠠᠨ ᠦᠭᠡᠢ ᠪᠣᠯ ᠳᠤᠷ᠎ᠠ ᠪᠠᠷ ᠢᠶᠠᠨ ᠠᠵᠢᠯ ᠠᠴᠠ ᠨᠢ ᠵᠣᠭᠰᠣᠭᠠᠵᠤ ᠪᠣᠯᠬᠤ ᠦᠭᠡᠢ᠂ ᠬᠡᠷᠪᠡ ᠠᠵᠤ ᠠᠬᠤᠶ | ᠶᠢᠨ ᠴᠢᠨᠠᠷᠲᠠᠶ ᠬᠥᠮᠦᠨ ᠬᠠᠰᠤᠬᠤ ᠳᠤ ᠬᠦᠷᠪᠡᠯ ᠤᠷᠢᠳᠠᠪᠠᠷ ᠦᠯᠡᠳᠡᠭᠡᠨ ᠬᠡᠷᠡᠭᠯᠡᠨ᠎ᠡ᠃ | ︵ᠭᠤᠷᠪᠠ︶ ᠦᠨᠳᠦᠰᠦᠨ ᠠᠮᠢᠳᠤᠷᠠᠯ ᠤᠨ ᠨᠥᠬᠦᠪᠥᠷᠢ ᠣᠯᠭᠤᠨ᠎ᠠ᠃ ᠲᠣᠰ ᠵᠢᠯ ᠤᠨ ᠠᠵᠢᠯ ᠣᠯᠭᠤᠵᠤ | ᠲᠥᠪᠬᠢᠨᠡᠭᠦᠯᠬᠦ ᠬᠡᠪᠴᠢᠶᠡᠨ ᠳᠤ ᠣᠷᠣᠭᠤᠯᠤᠭᠠᠳᠤᠶ ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠳᠤ | ︽ᠣᠷᠳᠣᠰ ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠠᠵᠢᠯ ᠣᠯᠤᠭᠠᠳᠤᠶ ᠴᠡᠷᠢᠭ ᠢ ᠳᠠᠭᠠᠭᠰᠠᠨ | ᠬᠡᠷ ᠪᠦᠯᠢ ᠶᠢᠨ ᠬᠢᠨ ᠤ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ ᠣᠯᠭᠤᠬᠤ ᠬᠠᠮᠢᠶᠠᠷᠤᠯᠲᠠ | ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠣᠷᠳᠣᠰ ᠴᠡᠷᠢᠭ ᠠᠴᠠ ᠬᠠᠯᠠᠭᠳᠠᠭᠰᠠᠳ ᠲᠠᠷᠬᠠᠭᠠᠭᠰᠠᠨ ﹇2019 | ﹈ 71 ᠳ᠋ᠤᠬᠡᠷ ᠲᠣᠭᠠᠲᠤ︶ ᠶᠣᠰᠣᠭᠠᠷ ᠦᠨᠳᠦᠰᠦᠨ ᠠᠮᠢᠳᠤᠷᠠᠯ ᠤᠨ ᠨᠥᠬᠦᠪᠥᠷᠢ ᠣᠯᠭᠤᠨ᠎ᠠ᠃ | ︵ᠳᠥᠷᠪᠡ︶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠴᠡᠷᠢᠭ ᠢ | ᠳᠠᠭᠠᠵᠤ ᠠᠵᠢᠯ ᠣᠯᠤᠭᠠᠳᠤᠶ ᠴᠡᠷᠢᠭ ᠤᠨ ᠬᠡᠷ ᠪᠦᠯᠢ ᠶᠢᠨ ᠬᠢᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ | ᠴᠡᠷᠢᠭ ᠠᠴᠠ ᠬᠠᠯᠠᠭᠳᠠᠭᠰᠠᠳ ᠢᠶᠠᠷ ᠯᠠᠪᠯᠠᠯᠲᠠ ᠪᠣᠯᠭᠠᠨ ᠨᠢᠭᠡ ᠤᠳᠠᠭᠠᠨ ᠤ ᠰᠤᠶᠢᠳᠬᠡᠯ ᠬᠤᠷᠢᠶᠠᠬᠤ ᠥᠬᠡᠶ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠤᠶᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ ᠢ ᠰᠣᠩᠭᠤᠨ ᠭᠥᠷᠳᠡᠵᠦ ᠪᠣᠯᠤᠨ᠎ᠠ᠂ ᠪᠠᠰᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ | ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠵᠢᠯ ᠮᠡᠷᠭᠡᠵᠢᠯ ᠤᠨ ᠤᠷ᠎ᠠ ᠴᠢᠳᠠᠪᠦᠷᠢ ᠶᠢᠨ ᠨᠦᠬᠦᠪᠦᠷᠢ ᠶᠢᠨ | ᠴᠢᠨᠠᠷᠲᠠᠢ ᠪᠤᠯᠪᠠᠰᠤᠷᠠᠭᠤᠯᠤᠯ ᠳᠤ ᠤᠷᠤᠯᠴᠠᠵᠣ ᠪᠣᠯᠣᠨ᠎ᠠ᠃ | ︵ᠲᠠᠪᠤ︶ ᠠᠳᠠᠯ ᠣᠶᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ᠠᠳᠠᠯ ᠣᠶᠢᠯᠡᠰ | ᠴᠣᠭᠴᠠᠯᠠᠬᠤ ᠬᠦᠰᠡᠯ ᠲᠠᠢ ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠴᠡᠷᠢᠭ ᠠᠴᠠ | ᠬᠠᠯᠠᠭᠳᠠᠭᠰᠠᠳ ᠤᠨ ᠠᠳᠠᠯ ᠣᠶᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠬᠤᠯᠪᠣᠭᠳᠠᠯ ᠪᠥᠬᠦᠶ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠳᠡᠵᠣ ᠪᠤᠯᠤᠨ᠎ᠠ᠃ | ᠭᠤᠷᠪᠠ᠂ ᠲᠥᠪᠬᠢᠨᠡᠭᠦᠯᠬᠦ ᠲᠡᠰ ᠳᠠᠷᠠᠭᠠᠯᠠᠯ | ︵ᠨᠢᠭᠡ︶ ᠮᠡᠳᠡᠭᠦᠯᠬᠦ ᠮᠠᠲ᠋ᠧᠷᠢᠶᠠᠯ | ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠵᠢᠯ ᠪᠦᠷᠢ ᠶᠢᠨ 10 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ | ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠡᠲᠡᠭᠡᠳ ᠤᠨ ᠲᠠᠨᠢᠯᠴᠠᠭᠤᠯᠭ᠎ᠠ | ᠶᠢᠨ ᠬᠦᠰᠦᠨᠦᠭᠲᠦ ᠵᠢᠴᠢ ᠪᠤᠰᠤᠳ ᠮᠠᠲ᠋ᠧᠷᠢᠶᠠᠯ ᠢ ᠬᠠᠩᠭᠠᠨ᠎ᠠ᠂ ᠪᠣᠳᠠᠲᠠᠶ ᠪᠠᠭᠲᠠᠬᠤ ᠨᠢ᠄ | 1. ᠴᠡᠷᠢᠭ ᠢ ᠲᠠᠭᠠᠬᠤ ᠪᠠᠷ ᠭᠤᠶᠤᠴᠢᠯᠠᠬᠤ ᠮᠡᠳᠡᠭᠦᠯᠦᠯᠲᠡ ᠶᠢᠨ ᠬᠦᠰᠦᠨᠦᠭᠲᠦ ᠪᠤᠶᠤ ᠴᠡᠷᠢᠭ ᠢ ᠲᠠᠭᠠᠬᠰᠠᠨ | ᠭᠡᠷ ᠪᠦᠯᠢ ᠶᠢᠨ ᠬᠢᠨ ᠤ ᠮᠡᠳᠡᠭᠦᠯᠬᠦ ᠬᠦᠰᠦᠨᠦᠭᠲᠦ ᠪᠤᠶᠤ ᠴᠡᠷᠢᠭ ᠢ ᠲᠠᠭᠠᠬᠤ ᠶᠢ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠤᠨ ᠪᠠᠭᠤᠯᠭᠠᠪᠤᠷᠢ︔ | 2. ᠵᠢᠩᠬᠢᠨᠢ ᠠᠯᠪᠠᠨ ᠤ ᠴᠡᠷᠢᠭ ᠤᠨ ᠲᠤᠰᠢᠶᠠᠯ ᠡᠭᠦᠷᠭᠡᠯᠡᠬᠦ ᠵᠠᠷᠯᠢᠭ ᠪᠤᠶᠤ ᠴᠡᠷᠢᠭ ᠤᠨ ᠲᠠᠷᠤᠭ᠎ᠠ ᠲᠣᠮᠢᠯᠠᠬᠤ | ᠪᠠᠭᠤᠯᠭᠠᠬᠤ ᠮᠡᠳᠡᠭᠦᠯᠦᠯᠲᠡ ᠶᠢᠨ ᠬᠦᠰᠦᠨᠦᠭᠲᠦ ᠶᠢᠨ ᠪᠠᠭᠤᠯᠭᠠᠪᠤᠷᠢ︔ | 3. ᠵᠢᠩᠬᠢᠨᠢ ᠠᠯᠪᠠᠨ ᠤ ᠴᠡᠷᠢᠭ ᠤᠨ ᠨᠠᠮᠲᠠᠷ ᠤᠨ ᠬᠦᠰᠦᠨᠦᠭᠲᠦ ᠶᠢᠨ ᠪᠠᠭᠤᠯᠭᠠᠪᠤᠷᠢ︔ | 4. ᠭᠠᠪᠢᠶ᠎ᠠ ᠪᠠᠶᠢᠭᠤᠯᠤᠭᠠᠳ ᠱᠠᠩᠨᠠᠯ ᠣᠯᠤᠭᠰᠠᠨ ︵ᠮᠡᠳᠡᠭᠳᠡᠯ᠂ ᠵᠠᠷᠯᠠᠯ᠂ ᠪᠠᠶᠠᠷ ᠤᠨ ᠮᠡᠳᠡᠭᠡ᠂ ᠦᠨᠡᠮᠯᠡᠯ︶ | ᠤᠨ ᠪᠠᠭᠤᠯᠭᠠᠪᠤᠷᠢ︔ | 5. ᠤᠷᠤᠬ ᠤᠨ ᠦᠨᠡᠮᠯᠡᠯ ᠤᠨ ᠤᠬ ᠮᠠᠲ᠋ᠧᠷᠢᠶᠠᠯ᠂ ᠪᠠᠭᠤᠯᠭᠠᠪᠤᠷᠢ︔ | 6. ᠴᠡᠷᠢᠭ ᠢ ᠳᠠᠭᠠᠭᠰᠠᠨ ᠬᠡᠷ ᠪᠦᠯᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠣᠭ | ᠮᠠᠲ᠋ᠧᠷᠢᠶᠠᠯ ᠵᠢᠴᠢ ᠬᠠᠭᠤᠯᠪᠤᠷᠢ︔ | 7. ᠴᠡᠷᠢᠭ ᠢ ᠳᠠᠭᠠᠭᠰᠠᠨ ᠬᠡᠷ ᠪᠦᠯᠢ ᠶᠢᠨ ᠤᠤᠯ ᠤᠨ ᠠᠵᠢᠯᠯᠠᠵᠤ ᠪᠠᠶᠢᠭᠰᠠᠨ ᠨᠢᠭᠡᠴᠡ ᠳᠤ ᠠᠵᠢᠯᠯᠠᠭᠰᠠᠨ | ᠥᠩᠭᠡᠷᠡᠯᠲᠡ ᠶᠢᠨ ᠭᠡᠷᠡᠴᠢ ︵ᠠᠯᠪᠠᠲᠠᠨ ᠪᠤᠶᠤ ᠠᠵᠢᠯ ᠣᠶᠢᠯᠡᠰ ᠤᠨ ᠨᠢᠭᠡᠴᠡ ᠶᠢᠨ ᠭᠡᠷᠡᠴᠢ ᠵᠢᠴᠢ ᠲᠤᠬᠠᠶ ᠶᠢᠨ | ᠭᠠᠵᠠᠷ ᠤᠨ ᠣᠷᠣᠨ ᠲᠣᠭᠠᠨ ᠤ ᠰᠠᠯᠠᠭ᠎ᠠ ᠮᠥᠴᠢᠷ ᠤᠨ ᠭᠡᠷᠡᠴᠢ᠂ ᠴᠢᠬᠤᠯᠠᠲᠠᠶ ᠦᠶ᠎ᠡ ᠳᠤ ᠭᠠᠳᠠᠭᠰᠢ | ᠰᠢᠯᠵᠢᠭᠦᠯᠬᠦ ᠪᠠᠷ ᠳᠡᠮᠵᠢᠨ ᠬᠠᠮᠢᠶ᠎ᠠ ᠪᠥᠬᠦᠶ ᠪᠠᠶᠢᠳᠠᠯ ᠢ ᠨᠠᠶᠢᠳᠠᠪᠤᠷᠢᠵᠢᠭᠤᠯᠵᠤ ᠪᠣᠯᠤᠨ᠎ᠠ︶︔ | 8. ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ᠂ | ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ᠃ | ︵ᠬᠤᠶᠠᠷ︶ ᠲᠥᠯᠥᠪᠯᠡᠭᠡ ᠲᠣᠭᠲᠠᠭᠠᠨ᠎ᠠ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠭᠰᠢ | ᠮᠡᠳᠡᠭᠦᠯᠦᠭᠰᠡᠨ ᠴᠡᠷᠢᠭ ᠢ ᠲᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠬᠠᠮᠢᠶ᠎ᠠ ᠪᠦᠬᠦᠢ | ᠮᠠᠲ᠋ᠧᠷᠢᠶᠠᠯ ᠢ ᠬᠢᠨᠠᠨ ᠬᠠᠷᠭᠤᠭᠤᠯᠵᠤ᠂ ᠴᠡᠷᠢᠭ ᠢ ᠲᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ | ᠲᠥᠪᠬᠢᠨᠡᠭᠦᠯᠬᠦ ᠠᠩᠬ᠎ᠠ ᠠᠯᠬᠤᠮ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠳᠠᠷᠠᠭ᠎ᠠ ᠵᠢᠯ ᠤᠨ | 4 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠬᠤᠪᠢᠶᠠᠷᠢᠯᠠᠬᠤ | ᠲᠥᠰᠦᠯ ᠢ ᠲᠣᠭᠲᠠᠭᠠᠵᠤ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠢ ᠲᠠᠭᠠᠭᠰᠠᠨ ᠬᠡᠷ ᠪᠦᠯᠢ | ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠲᠤᠰᠬᠠᠶ ᠠᠵᠢᠯ ᠤᠨ ᠳᠤᠭᠤᠶᠢᠯᠠᠩ ᠤᠨ ᠬᠤᠷᠠᠯ ᠳᠤ ᠳᠡᠪᠰᠢᠭᠦᠯᠵᠦ | ᠰᠤᠳᠤᠯᠤᠨ ᠬᠢᠨᠠᠨ ᠲᠣᠭᠲᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ | ︵ᠭᠤᠷᠪᠠ︶ ᠰᠢᠯᠭᠠᠨ ᠬᠢᠨᠠᠬᠤ ᠨᠡᠷᠡᠰ ᠤᠨ ᠵᠢᠭᠰᠠᠭᠠᠯᠲᠠ᠃ ᠣᠷᠳᠣᠰ ᠲᠠᠬᠢ ᠴᠡᠷᠢᠭ ᠤᠨ ᠬᠤᠪᠢᠶᠠᠷᠢ | ᠲᠣᠭᠤᠷᠢᠭ ᠢᠶᠠᠷ ᠲᠦᠷᠦᠭᠦᠯᠡᠭᠦᠯᠦᠨ᠂ ᠬᠤᠲᠠ ᠳᠤ ᠰᠠᠭᠤᠭ᠎ᠠ ᠴᠡᠷᠢᠭ ᠠᠩᠭᠢ ᠶᠢᠨ ᠵᠢᠩᠬᠢᠨᠢ ᠠᠯᠪᠠᠨ ᠤ ᠴᠡᠷᠢᠭ ᠤᠨ | ᠴᠡᠷᠢᠭ ᠤᠨ ᠠᠯᠪᠠ ᠬᠠᠭᠠᠭᠰᠠᠨ ᠬᠤᠭᠤᠴᠠᠭ᠎ᠠ᠂ ᠲᠤᠰᠢᠶᠠᠯ ᠤᠨ ᠵᠡᠷᠬᠡ ᠳᠡᠰ᠂ ᠲᠤᠰᠢᠶᠠᠯ ᠡᠭᠦᠷᠭᠡᠯᠡᠭᠰᠡᠨ ᠣᠨ ᠵᠢᠯ᠂ | ᠠᠵᠢᠯᠯᠠᠭᠰᠠᠨ ᠥᠩᠭᠡᠷᠡᠯᠲᠡ᠂ ᠴᠡᠷᠢᠭ ᠠᠩᠭᠢ ᠳᠤ ᠪᠠᠶᠢᠬᠤ ᠦᠶ᠎ᠡ ᠶᠢᠨ ᠠᠵᠢᠯ ᠤᠨ ᠢᠯᠡᠷᠡᠯ᠂ ᠬᠢᠯᠢ ᠬᠢᠵᠠᠭᠠᠷ ᠤᠨ | ᠬᠦᠴᠢᠷ ᠪᠡᠷᠬᠡᠰᠢᠶᠡᠯᠲᠡᠶ ᠭᠠᠵᠠᠷ ᠣᠷᠣᠨ᠂ ᠣᠨᠴᠠᠭᠠᠶ ᠠᠵᠢᠯ ᠤᠨ ᠪᠠᠶᠢᠷᠢ᠂ ᠵᠡᠮᠳᠡᠭ ᠪᠣᠯᠤᠭᠰᠠᠨ ᠵᠡᠷᠭᠡ ᠪᠠᠶᠢᠳᠠᠯ ᠢ | ᠦᠨᠳᠦᠰᠦᠯᠡᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠭᠤᠶᠤᠴᠢᠯᠠᠯ ᠭᠠᠷᠭᠠᠭᠰᠠᠨ ᠵᠢᠩᠬᠢᠨᠢ | ᠠᠯᠪᠠᠨ ᠤ ᠴᠡᠷᠢᠭ ᠲᠤ ᠰᠢᠯᠭᠠᠨ ᠬᠢᠨᠠᠯᠳᠠ ᠶᠢᠨ ᠬᠤᠪᠢ ᠤᠯᠭᠤᠬᠤ ᠶᠢᠨ ᠬᠠᠮᠲᠤ ᠡᠯ᠎ᠡ ᠴᠡᠷᠢᠭ ᠠᠩᠭᠢ ᠶᠢᠨ | ᠬᠤᠪᠢᠶᠠᠷᠢᠯᠠᠵᠤ ᠪᠣᠯᠬᠤ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠦᠨᠳᠦᠰᠦᠯᠡᠨ ᠪᠦᠬᠦᠯᠢ ᠴᠣᠭᠴᠠ ᠶᠢᠨ ᠠᠵᠢᠯ | ᠤᠨ ᠪᠠᠶᠢᠷᠢ ᠰᠣᠩᠭᠤᠨ ᠨᠡᠷᠡᠰ ᠤᠨ ᠵᠢᠭᠰᠠᠭᠠᠯᠲᠠ ᠬᠢᠵᠦ᠂ ᠰᠢᠯᠭᠠᠨ ᠬᠢᠨᠠᠭᠰᠠᠨ ᠬᠢᠷᠢ ᠪᠦᠲᠦᠮᠵᠢ ᠵᠢᠴᠢ ᠨᠡᠷᠡᠰ ᠤᠨ | ᠵᠢᠭᠰᠠᠭᠠᠯᠲᠠ ᠶᠢ ᠵᠣᠬᠢᠬᠤ ᠬᠡᠯᠪᠡᠷᠢ ᠪᠠᠷ ᠵᠠᠷᠯᠠᠨ ᠨᠡᠶᠢᠲᠡᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠡᠶᠢᠭᠡᠮ | ᠤᠨ ᠬᠢᠨᠠᠯᠲᠠ ᠶᠢ ᠬᠦᠯᠢᠶᠡᠨ᠎ᠡ᠃ | ︵ᠳᠥᠷᠪᠡ︶ ᠢᠯᠡ ᠪᠠᠷ ᠠᠵᠢᠯ ᠤᠨ ᠪᠠᠶᠢᠷᠢ ᠰᠣᠩᠭᠤᠬᠤ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠰᠢᠯᠭᠠᠨ ᠬᠢᠨᠠᠯᠳᠠ ᠶᠢᠨ ᠬᠤᠪᠢ ᠶᠢᠨ ᠵᠢᠭᠰᠠᠭᠠᠯᠲᠠ ᠶᠢᠨ | ᠪᠠᠶᠢᠳᠠᠯ ᠢ ᠦᠨᠳᠦᠰᠦᠯᠡᠨ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠵᠣᠬᠢᠶᠠᠨ ᠪᠠᠶᠢᠭᠤᠯᠵᠤ ᠰᠣᠩᠭᠤᠭᠤᠯᠢ | ᠶᠢᠨ ᠪᠡᠯᠡᠳᠬᠡᠯ ᠨᠢᠭᠡᠴᠡ ᠳᠤ ᠢᠯᠡ ᠪᠠᠷ ᠠᠵᠢᠯ ᠤᠨ ᠪᠠᠶᠢᠷᠢ ᠰᠣᠩᠭᠤᠬᠤ ᠶᠢᠨ ᠬᠠᠮᠲᠤ ᠭᠠᠷ ᠤᠨ ᠦᠰᠦᠭ ᠵᠢᠷᠤᠵᠤ | ᠨᠤᠳᠠᠯᠠᠨ᠎ᠠ᠃ | ︵ᠲᠠᠪᠤ︶ ᠬᠦᠯᠢᠶᠡᠨ ᠠᠪᠬᠤ ᠪᠠ ᠰᠢᠯᠵᠢᠭᠦᠯᠬᠦ ᠬᠠᠷᠢᠴᠠᠭ᠎ᠠ᠃ ᠰᠤᠩᠭᠤᠭᠰᠠᠨ ᠠᠵᠢᠯ ᠤᠨ ᠪᠠᠶᠢᠷᠢ ᠶᠢ | ᠨᠤᠲᠠᠯᠠᠭᠰᠠᠨ ᠤ ᠳᠠᠷᠠᠭ᠎ᠠ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠲᠣᠭᠲᠠᠭᠰᠠᠨ ᠴᠠᠭ ᠤᠨ ᠳᠣᠲᠣᠷ᠎ᠠ | ᠲᠥᠪᠬᠢᠨᠡᠭᠦᠯᠬᠦ ᠭᠠᠵᠠᠷ ᠤᠨ ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠪᠤᠶᠤ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ | ᠰᠠᠯᠠᠭ᠎ᠠ ᠮᠥᠴᠢᠷ ᠲᠤ ᠬᠦᠷᠴᠦ ᠨᠡᠷ᠎ᠡ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠴᠡᠷᠢᠭ ᠢ ᠳᠠᠭᠠᠭᠰᠠᠨ ᠭᠡᠷ ᠪᠦᠯᠢ | ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠨᠢ ᠥᠭᠡᠷᠡᠴᠢᠯᠡᠯᠲᠡ ᠬᠢᠵᠣ ᠬᠥᠭᠵᠢᠭᠦᠯᠬᠦ ᠲᠣᠭᠲᠠᠭᠤᠨ | ᠪᠠᠶᠢᠯᠭᠠᠬᠤ ᠶᠡᠭᠡ ᠲᠠᠯ᠎ᠠ ᠳᠤ ᠬᠤᠯᠪᠣᠭᠳᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ | ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠬᠤᠯᠪᠣᠭᠳᠠᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ | ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ ᠶᠣᠮ᠃ ᠪᠦᠬᠦ ᠬᠤᠳᠠ ᠶᠢᠨ ᠡᠯ᠎ᠡ ᠱᠠᠳᠤ ᠡᠯ᠎ᠡ | ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠬᠤᠶᠠᠷ ᠢ ᠬᠦᠷᠢᠶᠡᠯᠡᠬᠦ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠠᠵᠢᠯ ᠤᠨ ᠪᠠᠲᠤᠯᠠᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠵᠦ᠂ ᠴᠡᠷᠢᠭ ᠠᠩᠬᠢ ᠶᠢᠨ | ᠳᠠᠷᠤᠭ᠎ᠠ ᠪᠠᠶᠢᠯᠳᠤᠭᠴᠢᠳ ᠤᠨ ︽ᠴᠡᠷᠢᠭ ᠠᠴᠠ ᠬᠠᠯᠠᠭᠳᠠᠭᠰᠠᠨ ᠤ ᠲᠠᠷᠠᠭᠠᠬᠢ ᠠᠵᠢᠯ᠂ ᠬᠤᠯᠪᠤᠰᠤ᠂ ᠦᠷ᠎ᠡ | ᠬᠡᠣᠬᠡᠳ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠦᠬᠦ ᠤᠯᠤᠰ ᠤᠨ ︽ᠬᠤᠶᠠᠷ ᠢ ᠬᠦᠷᠢᠶᠡᠯᠡᠬᠦ | ᠵᠢᠱᠢᠶᠡᠴᠢ ᠬᠤᠳᠠ︾ ᠶᠢᠨ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠰᠢᠨ᠎ᠡ ᠴᠠᠭ ᠦᠶ᠎ᠡ | ᠶᠢᠨ ᠪᠦᠬᠦ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠦᠨ᠎ᠡ᠃ | ︵ᠬᠤᠶᠠᠷ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠴᠡᠷᠢᠭ ᠢ ᠳᠠᠭᠠᠭᠰᠠᠨ ᠬᠡᠷ ᠪᠦᠯᠢ | ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ | ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠵᠢᠴᠢ | ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠲᠤᠰᠬᠠᠶ ᠠᠵᠢᠯ ᠤᠨ | ᠳᠤᠭᠤᠶᠢᠯᠠᠩ ᠠᠴᠠ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠪᠦᠷᠢᠯᠳᠦᠬᠦᠨ ᠨᠢᠭᠡᠴᠡ ᠨᠦᠭᠦᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠰᠠᠯᠠᠭ᠎ᠠ ᠮᠥᠴᠢᠷ ᠲᠤ ᠬᠤᠯᠪᠣᠭᠳᠠᠬᠤ ᠬᠠᠮᠢᠶ᠎ᠠ ᠪᠥᠬᠦᠶ | ᠠᠵᠢᠯ ᠢ ᠬᠠᠮᠵᠢᠯᠴᠠᠨ ᠰᠠᠶᠢᠲᠤᠷ ᠬᠢᠨ᠎ᠠ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠨᠢ ᠬᠤᠲᠠ ᠶᠢᠨ ᠲᠣᠰ ᠱᠠᠲᠤᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ | ᠠᠵᠢᠯ ᠣᠯᠭᠤᠵᠤ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠬᠤ ᠶᠢᠨ ᠬᠠᠮᠲᠤ᠂ ᠡᠯ᠎ᠡ ᠬᠤᠰᠢᠭᠤ | ᠲᠣᠭᠤᠷᠢᠭ ᠤᠨ ᠠᠵᠢᠯ ᠢᠶᠠᠨ ᠥᠷᠨᠢᠭᠦᠯᠬᠦ ᠶᠢ ᠵᠢᠯᠣᠭᠤᠳᠤᠨ᠎ᠠ᠃ | ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠲᠠ ᠳᠤ ᠰᠠᠭᠤᠭ᠎ᠠ ᠡᠯ᠎ᠡ ᠴᠡᠷᠢᠭ | ᠠᠩᠭᠢ ᠨᠢ ︽ᠦᠨᠡᠨ ᠠᠴᠠ ᠵᠥᠪ ᠢ ᠡᠷᠢᠬᠦ᠂ ᠡᠷᠬᠡ ᠲᠡᠭᠰᠢ ᠲᠥᠪ ᠭᠤᠤᠯᠴᠢ ᠪᠠᠶᠢᠬᠤ︾ ᠵᠠᠷᠴᠢᠮ ᠶᠣᠰᠣᠭᠠᠷ᠂ ︽ | ᠲᠤᠤᠷ᠎ᠠ ᠠᠴᠠ ᠳᠡᠭᠡᠭᠰᠢ᠂ ᠠᠷᠠᠳᠴᠢᠯᠠᠯ ᠢᠶᠠᠷ ᠢᠯᠡ ᠪᠣᠯᠭᠠᠬᠤ᠂ ᠬᠠᠮᠲᠤ ᠪᠠᠷ ᠰᠤᠳᠤᠯᠬᠤ︾ ᠠᠷᠭ᠎ᠠ ᠮᠠᠶ᠋ᠢᠭ ᠢ | ᠠᠪᠴᠤ᠂ ᠲᠠᠰ ᠳᠠᠷᠠᠭᠠᠯᠠᠯ ᠢ ᠵᠢᠷᠤᠮᠵᠢᠭᠤᠯᠤᠨ᠂ ᠪᠣᠭᠤᠮᠲᠠ ᠶᠢ ᠴᠢᠩᠭ᠎ᠠ ᠠᠳᠬᠤᠵᠤ᠂ ᠴᠡᠷᠢᠭ ᠢ ᠳᠠᠭᠠᠭᠰᠠᠨ ᠬᠡᠷ | ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠶᠢ ᠮᠡᠳᠡᠭᠦᠯᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ | ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠪᠬᠢᠨᠡᠭᠦᠯᠬᠦ | ᠲᠥᠯᠥᠪᠯᠡᠭᠡ ᠶᠢ ᠦᠨᠳᠦᠰᠦᠯᠡᠨ᠂ ᠲᠥᠪᠬᠢᠨᠡᠭᠦᠯᠬᠦ ᠠᠵᠢᠯ ᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠪᠠ | ᠲᠥᠪᠬᠢᠨᠡᠭᠦᠯᠬᠦ ᠪᠠᠯᠠ ᠮᠥᠩᠭᠦ ᠶᠢᠨ ᠲᠥᠰᠦᠪ ᠵᠡᠷᠭᠡ ᠠᠵᠢᠯ ᠢ ᠰᠠᠶᠢᠲᠤᠷ ᠬᠢᠵᠦ᠂ ᠲᠥᠪᠬᠢᠨᠡᠭᠦᠯᠬᠦ ᠡᠭᠦᠷᠭᠡ ᠶᠢ | ᠵᠢᠩᠬᠢᠨᠢ ᠪᠠᠷ ᠪᠠᠭᠤᠯᠭᠠᠭᠰᠠᠨ ᠤ ᠳᠠᠷᠠᠭ᠎ᠠ᠂ ᠴᠠᠭ ᠲᠤᠬᠠᠶ ᠳᠤᠨᠢ ᠬᠠᠮᠢᠶ᠎ᠠ ᠪᠥᠬᠦᠶ ᠲᠥᠪᠬᠢᠨᠡᠭᠦᠯᠬᠦ ᠭᠠᠷᠳᠠᠮ ᠢ | ᠭᠦᠢᠴᠡᠳᠬᠡᠨ᠎ᠡ᠃ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ | ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠬᠠᠮᠢᠶ᠎ᠠ ᠪᠥᠬᠦᠶ ᠭᠠᠷᠳᠠᠮ ᠢ ᠭᠦᠢᠴᠡᠳᠬᠡᠵᠣ᠂ ᠵᠦᠶ ᠵᠤᠬᠢᠰᠲᠠᠢ | ᠰᠢᠯᠲᠠᠭᠠᠨ ᠥᠬᠡᠶ ᠪᠠᠷ ᠬᠤᠭᠤᠴᠠᠭ᠎ᠠ ᠦᠩᠬᠡᠷᠡᠬᠡᠳ ᠭᠠᠷᠳᠠᠮ ᠢ ᠭᠦᠢᠴᠡᠳᠬᠡᠬᠦ ᠥᠬᠡᠶ ᠪᠤᠶᠤ ᠲᠥᠪᠬᠢᠨᠡᠭᠦᠯᠬᠦ ᠶᠢ | ᠳᠠᠭᠠᠬᠤ ᠥᠬᠡᠶ ᠪᠠᠶᠢᠪᠠᠯ᠂ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠨᠢ ᠳᠠᠭᠢᠵᠤ ᠮᠡᠳᠡᠭᠦᠯᠬᠦ ᠥᠬᠡᠶ᠂ ᠬᠤᠲᠠ᠂ | ᠬᠤᠰᠢᠭᠤ ᠲᠣᠭᠤᠷᠢᠭ ᠨᠢ ᠳᠠᠭᠢᠵᠤ ᠲᠥᠪᠬᠢᠨᠡᠭᠦᠯᠬᠦ ᠶᠢ ᠬᠠᠷᠢᠭᠤᠴᠠᠬᠤ ᠥᠬᠡᠶ᠃ ᠡᠯ᠎ᠡ ᠬᠤᠰᠢᠭᠤ ᠲᠣᠭᠤᠷᠢᠭ ᠨᠢ | ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠲᠥᠪᠬᠢᠨᠡᠭᠦᠯᠦᠭᠰᠡᠨ ᠤ ᠳᠠᠷᠠᠭ᠎ᠠ᠂ 15 ᠠᠵᠢᠯᠯᠠᠬᠤ ᠡᠳᠦᠷ ᠤᠨ | ᠳᠣᠲᠣᠷ᠎ᠠ ᠳᠡᠭᠡᠭᠰᠢ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠲᠤ ᠮᠡᠳᠡᠭᠦᠯᠵᠦ ᠲᠠᠩᠰᠠᠯᠠᠭᠤᠯᠤᠨ᠎ᠠ᠃ | ᠲᠠᠪᠤ᠂ ᠳᠠᠭᠠᠯᠳᠤᠭᠤᠯᠤᠭᠰᠠᠨ ᠲᠦᠷᠢᠮ | ︵ᠨᠢᠭᠡ︶ ᠡᠯ᠎ᠡ ᠬᠤᠰᠢᠭᠤ ᠲᠤᠭᠤᠷᠢᠭ ᠤᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ | ᠲᠥᠪᠬᠢᠨᠡᠭᠦᠯᠬᠦ ᠳᠤ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ︵ᠬᠤᠶᠠᠷ︶ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ | ᠶᠢᠨ ᠠᠵᠢᠯᠳᠠᠨ ᠳᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 24 ᠳ᠋ᠤᠬᠡᠷ ᠲᠣᠭᠠᠲᠤ︶ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠠᠵᠢᠯᠳᠠᠨ ᠤ ᠬᠡᠷ | ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠳᠤ ᠲᠣᠰ ᠠᠷᠭ᠎ᠠ ᠪᠠᠷ ᠯᠠᠪᠯᠠᠯᠲᠠ ᠪᠣᠯᠭᠠᠵᠤ ᠬᠤᠯᠪᠤᠭᠳᠠᠯ | ᠪᠥᠬᠦᠶ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ︵ᠭᠤᠷᠪᠠ︶ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ | ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ | ᠲᠠᠶᠢᠯᠪᠤᠷᠢᠯᠠᠨ᠎ᠠ᠃ | | | | |