ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠦᠷᠪᠡᠨ ᠰᠠᠶᠢᠨᠲᠠᠢ ᠬᠥᠳᠡᠭᠡ  ᠲᠣᠰᠬᠤᠨ ᠤ ᠵᠠᠮ ᠤᠨ ᠴᠢᠨᠠᠷ ᠰᠠᠶᠢᠲᠠᠶ ᠬᠥᠭᠵᠢᠯᠲᠡ ᠶᠢ​ ᠠᠬᠢᠭᠤᠯᠬᠤ ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ  ᠣᠷᠳᠣᠰ  ᠵᠠᠰᠠᠭ ᠠᠯᠪᠠᠨ ᠲᠠᠷᠬᠠᠭᠠᠭᠰᠠᠨ  ﹇2021﹈ 45 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠳᠤ᠄    ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠷᠳᠣᠰ ᠬᠤᠲᠠ ᠎ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ  ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠎ ᠶᠢ ᠭᠦᠨᠵᠡᠭᠡᠶᠢᠷᠡᠭᠦᠯᠵᠦ᠂ ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                         ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2021 ᠣᠨ ᠤ 6 ᠰᠠᠷ᠎ᠠ ᠶᠢᠨ 16᠎ ᠤ ᠡᠳᠦᠷ  ᠣᠷᠳᠣᠰ ᠬᠤᠲᠠ ᠬᠥᠳᠡᠭᠡ ᠲᠣᠰᠬᠤᠨ ᠤ ᠵᠠᠰᠠᠮᠠᠯ  ᠵᠠᠮ ᠤᠨ ᠬᠠᠮᠢᠶᠠᠷᠤᠯᠲᠠ ᠠᠷᠠᠴᠢᠯᠠᠯᠲᠠ  ᠎ ᠶᠢᠨ  ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ    ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾᠎ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢᠨ ᠲᠤᠰᠠᠳᠠ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ︵ᠲᠥᠷᠥ ᠠᠯᠪᠠᠨ ᠲᠠᠷᠬᠠᠭᠠᠭᠰᠠᠨ  ﹇2019  ﹈ 45 ᠳ᠋ᠤᠭᠠᠷ ᠲᠣᠭᠠᠲᠤ︶᠂ ︽ᠵᠠᠮ ᠬᠠᠷᠢᠯᠴᠠᠭ᠎ᠠ ᠲᠡᠭᠡᠭᠡᠪᠦᠷᠢ ᠎ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠶᠠᠮᠤᠨ ᠡᠳ᠋ ᠤᠨ ᠵᠠᠰᠠᠭ ᠤᠨ ᠶᠠᠮᠤᠨ ᠪᠠᠶᠢᠭᠠᠯᠢ ᠎ ᠶᠢᠨ ᠡᠬᠢ ᠪᠠᠶᠠᠯᠢᠭ ᠤᠨ ᠶᠠᠮᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠯᠤᠰ ᠤᠨ ᠰᠢᠤᠳᠠᠨ ᠤ ᠲᠣᠪᠴᠢᠶ᠎ᠠ ᠪᠥᠬᠦ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ   ︿ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ﹀᠎ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ  ﹇2019﹈ 96 ᠳ᠋ᠤᠭᠠᠷ ᠲᠣᠭᠠᠲᠤ︶ ᠪᠠ ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ  ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 14 ᠳ᠋ᠣᠭᠡᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠵᠤ᠂ ᠮᠠᠨ ᠤ ᠬᠤᠲᠠ ᠶᠢᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃   ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠪᠣᠯᠤᠨ ᠬᠤᠲᠠ ᠎ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠠᠵᠤ ᠦᠢᠯᠡᠰ ᠬᠦᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠴᠢᠨᠠᠷ ᠰᠠᠶᠢᠲᠠᠶ ᠬᠠᠩᠭᠠᠯᠭ᠎ᠠ ᠶᠢ ᠨᠡᠮᠡᠭᠳᠡᠭᠦᠯᠵᠦ᠂  ᠵᠡᠷᠭᠡ ᠲᠡᠰ ᠢᠶᠠᠨ ᠳᠡᠭᠡᠭᠰᠢᠯᠡᠬᠦᠯᠬᠦ ᠶᠢ ᠠᠬᠢᠭᠤᠯᠵᠤ᠂ ᠦᠢᠯᠡᠴᠢᠯᠡᠭᠡᠨ ᠤ ᠳᠡᠰ ᠳᠡᠪᠰᠢᠬᠦ ᠶᠢ ᠳᠡᠮᠵᠢᠬᠦ︾ ᠴᠢᠭᠯᠡᠯᠲᠡ ᠶᠢ ᠪᠠᠷᠢᠮᠲᠠᠯᠠᠵᠤ᠂ ᠠᠰᠠᠭᠤᠳᠠᠯ ᠂ ᠬᠡᠷᠡᠭᠴᠡᠭᠡ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ  ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠎ ᠶᠢ ᠬᠡᠪᠴᠢᠶᠡᠵᠢᠯᠡᠭᠰᠡᠨ ᠬᠤᠷᠳᠤᠴᠠᠴᠢᠯᠠᠭᠰᠠᠨ ᠬᠡᠯᠪᠡᠷᠢ ᠠᠴᠠ ᠶᠠᠰᠤ ᠴᠢᠨᠠᠷ ᠦᠷ᠎ᠡ ᠠᠰᠢᠭ ᠤᠨ ᠬᠡᠯᠪᠡᠷᠢ ᠳᠠᠰᠢ ᠬᠤᠪᠢᠷᠠᠭᠤᠯᠬᠤ ᠶᠢ ᠲᠦᠷᠭᠡᠳᠭᠡᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠲᠤᠯᠭᠠᠭᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠣᠳᠣᠬᠢᠴᠢᠯᠠᠭᠰᠠᠨ ᠠᠵᠤ ᠠᠬᠤᠶ ᠎ ᠶᠢᠨ ᠲᠤᠭᠳᠠᠯᠴᠠᠭ᠎ᠠ ᠶᠢ ᠪᠠᠶᠢᠭᠤᠯᠬᠤ ᠳᠤ ᠬᠥᠳᠡᠭᠡ ᠲᠣᠰᠬᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤ ᠪᠠᠬᠢ ᠪᠠᠲᠤᠯᠠᠭ᠎ᠠ ᠶᠢ  ᠬᠠᠩᠭᠠᠬᠤ ᠬᠡᠷᠡᠭᠲᠠᠢ᠃    ᠬᠤᠶᠠᠷ᠂ ᠦᠨᠳᠦᠰᠦᠨ ᠵᠠᠷᠴᠢᠮ    ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠠᠵᠢᠯ ᠲᠥᠷᠥᠯ ᠢᠶᠠᠷ ᠵᠢᠯᠣᠭᠤᠳᠬᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠨ᠎ᠠ᠃ ᠮᠠᠯᠴᠢᠨ ᠲᠠᠷᠢᠶᠠᠴᠢᠨ ᠤ ᠭᠤᠤᠯ ᠴᠣᠭᠴᠠ ᠶᠢᠨ ᠪᠠᠶᠢᠷᠢ ᠰᠠᠭᠤᠷᠢ ᠶᠢ  ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠬᠦᠯᠬᠦ ᠬᠡᠷᠡᠭᠲᠠᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠎ ᠶᠢ ᠲᠠᠶᠢᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ ᠵᠣᠬᠢᠴᠠᠩᠭᠤᠢ ᠬᠥᠭᠵᠢᠯᠲᠡ ᠶᠢ ᠪᠦᠲᠦᠮᠵᠢᠲᠡᠢ  ᠠᠬᠢᠭᠤᠯᠬᠤ ᠬᠡᠷᠡᠭᠲᠠᠢ᠃ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠵᠠᠮ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠨ᠎ᠡ᠃ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠪᠣᠯᠤᠨ ᠠᠵᠤ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠠᠬᠢᠭᠤᠯᠤᠨ᠎ᠠ᠃ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠶᠠᠨᠴᠢᠨ ᠪᠠ ᠪᠠᠷᠠᠭ᠎ᠠ ᠶᠢ ᠬᠠᠮᠲᠤ ᠳᠤᠨᠢ ᠬᠠᠷᠠᠭᠠᠯᠵᠠᠬᠤ᠂ ᠤᠯᠠᠨ ᠲᠠᠯ᠎ᠠ ᠪᠠᠷ ᠠᠭᠤᠰᠤᠯᠴᠠᠭᠤᠯᠤᠨ ᠬᠥᠭᠵᠢᠭᠦᠯᠬᠦ ᠶᠢ  ᠠᠬᠢᠭᠤᠯᠬᠤ ᠬᠡᠷᠡᠭᠲᠠᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠬᠥᠭᠵᠢᠯᠲᠡ ᠶᠢᠨ ᠣᠨᠴᠠᠯᠢᠭ ᠪᠠ ᠬᠡᠷᠡᠭᠴᠡᠭᠡ ᠶᠢᠨ ᠵᠥᠷᠢᠶ᠎ᠡ ᠲᠠᠢ ᠤᠶᠠᠯᠳᠤᠭᠤᠯᠤᠨ ᠲᠦᠷᠦᠯ ᠬᠤᠪᠢᠶᠠᠨ ᠵᠢᠯᠣᠭᠤᠳᠴᠤ᠂ ᠨᠠᠷᠢᠯᠢᠭ ᠣᠨᠣᠴᠠᠲᠠᠶ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠬᠡᠷᠡᠭᠲᠠᠢ᠃   ᠭᠤᠷᠪᠠ᠂ ᠠᠵᠢᠯ ᠤᠨ ᠬᠠᠷᠠᠯᠲᠠ    2022 ᠣᠨ ᠪᠣᠯᠬᠤ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠤᠷ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠵᠦ᠂ ᠮᠡᠷᠭᠡᠵᠢᠯ ᠤᠨ ᠪᠠᠶᠢᠳᠠᠯ ᠪᠠ ᠠᠮᠤᠷ ᠲᠦᠪᠰᠢᠨ ᠢᠶᠠᠷ ᠨᠡᠪᠲᠡᠷᠡᠬᠦ ᠴᠢᠳᠠᠪᠤᠷᠢ ᠶᠢ ᠢᠯᠡᠳᠲᠡ ᠳᠡᠭᠡᠭᠰᠢᠯᠡᠬᠦᠯᠵᠤ᠂ ᠬᠠᠮᠢᠶᠠᠷᠤᠯᠲᠠ ᠠᠷᠠᠴᠢᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠰᠠᠮᠠᠯ ᠵᠠᠮ ᠤᠨ ᠡᠳ᠋ ᠬᠤᠭᠰᠢᠯ ᠤᠨ ᠡᠷᠬᠡ ᠶᠢ ᠪᠦᠲᠦᠮᠵᠢᠲᠡᠶ  ᠬᠠᠮᠠᠭᠠᠯᠠᠵᠤ᠂ ᠵᠠᠮ ᠤᠨ ᠣᠷᠴᠢᠨ ᠲᠣᠭᠤᠷᠢᠨ ᠢ ᠭᠤᠶᠢᠳᠠ ᠰᠠᠶᠢᠬᠠᠨ ᠴᠡᠪᠡᠷ ᠲᠡᠭᠰᠢ ᠪᠠᠶᠢᠯᠭᠠᠵᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠨᠢᠭᠡ ᠴᠤᠭᠴᠠᠵᠢᠭᠤᠯᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ  ᠳᠡᠭᠡᠭᠰᠢᠯᠡᠬᠦᠯᠦᠨ᠎ᠡ᠃ ᠬᠤᠲᠠ ᠬᠥᠳᠡᠭᠡ ᠶᠢ ᠨᠢᠭᠡ ᠴᠣᠠᠠᠴᠠᠵᠢᠭᠤᠯᠥᠠᠠᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠤᠷ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠵᠦ᠂ ︽ᠵᠠᠰᠠᠮᠠᠯ ᠵᠠᠮ ᠢ ᠣᠯᠠᠨ ᠢᠶᠠᠷ ᠢᠶᠠᠨ ᠪᠠᠶᠢᠭᠤᠯᠵᠤ᠂ ᠰᠠᠶᠢᠲᠤᠷ ᠪᠠᠶᠢᠭᠤᠯᠵᠤ ᠣᠯᠠᠨ ᠢᠶᠠᠷ ᠢᠶᠠᠨ ᠬᠠᠮᠢᠶᠠᠷᠴᠤ᠂ ᠰᠠᠶᠢᠲᠤᠷ ᠬᠠᠮᠢᠶᠠᠷᠴᠤ ᠣᠯᠠᠨ ᠢᠶᠠᠷ ᠢᠶᠠᠨ ᠬᠡᠷᠡᠭᠯᠡᠬᠦ︾ ᠰᠠᠶᠢᠨ ᠰᠠᠶᠢᠬᠠᠨ ᠪᠠᠶᠢᠳᠠᠯ ᠢ ᠪᠣᠶ  ᠪᠤᠯᠭᠠᠨ᠎ᠠ᠃ 2025 ᠣᠨ ᠪᠣᠯᠬᠤ ᠳᠤ᠂ ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠬᠦ ᠤᠷᠲᠤ ᠶᠢ 20000 ᠺᠢᠯᠣᠮᠧᠲᠷ ᠢ  ᠳᠠᠪᠠᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠨᠢ ᠴᠢᠨᠠᠷ ᠰᠠᠶᠢᠲᠠᠶ ᠬᠥᠭᠵᠢᠯᠲᠡ ᠶᠢᠨ ᠵᠠᠮ ᠳᠤ ᠪᠥᠬᠦ ᠲᠠᠯ᠎ᠠ ᠪᠠᠷ ᠣᠷᠣᠵᠤ᠂ ᠪᠠᠶᠢᠷᠢᠰᠢᠯ ᠨᠢ ᠵᠦᠢ ᠵᠣᠬᠢᠰᠲᠠᠶ᠂ ᠬᠤᠲᠠ ᠬᠥᠳᠡᠭᠡ ᠶᠢ ᠬᠤᠯᠪᠣᠭᠰᠠᠨ᠂ ᠠᠮᠤᠷ ᠲᠦᠪᠰᠢᠨ ᠰᠠᠭᠠᠳ ᠦᠭᠡᠶ ᠨᠡᠪᠲᠡᠷᠡᠭᠰᠡᠨ᠂ ᠦᠢᠯᠡᠴᠢᠯᠡᠭᠡ ᠨᠢ ᠴᠢᠨᠠᠷ ᠰᠠᠶᠢᠲᠠᠶ᠂ ᠪᠣᠬᠢᠷᠲᠤᠯ ᠦᠭᠡᠶ ᠠᠮᠢ ᠠᠬᠤᠶ ᠲᠠᠢ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠣᠷ ᠢ ᠦᠨᠳᠦᠰᠦᠨ ᠳᠡᠭᠡᠨ ᠪᠠᠶᠢᠭᠤᠯᠵᠤ᠂ ᠨᠥᠬᠦᠴᠡᠯ ᠪᠦᠷᠢᠳᠦᠭᠰᠡᠨ ᠠᠶᠢᠯ ᠲᠣᠰᠬᠤᠨ ︵ᠳᠤᠭᠤᠶᠢᠯᠠᠩ︶᠎ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠪᠡᠶᠡᠯᠡᠭᠦᠯᠵᠦ ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠨᠥᠬᠦᠴᠡᠯ ᠪᠣᠯᠤᠨ ᠶᠠᠪᠤᠵᠤ ᠰᠠᠭᠤᠬᠤ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠤᠳᠤ ᠦᠶ᠎ᠡ ᠶᠢᠨ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡᠨ ᠤ ᠲᠤᠭᠳᠠᠯᠴᠠᠭ᠎ᠠ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠮᠡᠳᠡᠭᠳᠡᠮ᠎ᠡ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢᠨ ᠲᠦᠷᠦ ᠎ ᠶᠢᠨ ᠪᠤᠳᠤᠯᠭ᠎ᠠ ᠶᠢᠨ  ᠲᠤᠭᠳᠠᠯᠴᠠᠭ᠎ᠠ ᠶᠢ ᠦᠨᠳᠦᠰᠦᠨ ᠳᠡᠭᠡᠨ ᠪᠦᠷᠢᠨᠰᠢᠬᠦᠯᠵᠦ᠂ ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠬᠤᠳᠠ ᠬᠥᠳᠡᠭᠡ ᠶᠢᠨ ᠬᠥᠭᠵᠢᠯᠲᠡ ᠶᠢ ᠳᠡᠮᠵᠢᠬᠦ ᠪᠠ ᠤᠳᠤ ᠦᠶ᠎ᠡ ᠶᠢᠨ ᠠᠵᠤ ᠠᠬᠤᠢ ᠶᠢᠨ ᠲᠤᠭᠳᠠᠯᠴᠠᠭ᠎ᠠ ᠶᠢ ᠪᠠᠶᠢᠭᠤᠯᠬᠤ ᠦᠢᠯᠡᠳᠦᠯ ᠢ ᠨᠡᠩ ᠭᠦᠢᠴᠡᠳ ᠪᠣᠯᠭᠠᠨ᠎ᠠ᠃   ᠳᠥᠷᠪᠡ᠂ ᠠᠵᠢᠯ ᠤᠨ ᠭᠤᠤᠯᠳᠠᠯᠭ᠎ᠠ   ︵ᠨᠢᠭᠡ︶ ᠲᠥᠯᠥᠪᠵᠢᠭᠦᠯᠭᠡ ᠪᠠᠷ ᠬᠥᠲᠥᠯᠦᠨ ᠵᠢᠯᠣᠭᠤᠳᠬᠤ ᠶᠢ  ᠴᠢᠩᠭᠠᠳᠬᠠᠨ᠎ᠠ᠃ ᠬᠤᠰᠢᠭᠤ ᠲᠤᠭᠤᠷᠢᠭ ᠎ ᠤᠨ ᠠᠷᠠᠳ ᠤᠨ ᠵᠠᠰᠠᠭ ᠤᠨ ᠣᠷᠳᠣᠨ ᠨᠤᠭᠤᠳ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠤᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢᠨ ᠬᠡᠪᠴᠢᠶᠡᠨ ᠳᠤ ᠤᠷᠤᠭᠤᠯᠬᠤ ᠬᠡᠷᠡᠭᠲᠠᠢ᠃ ᠲᠡᠷᠡᠴᠢᠯᠡᠨ ᠮᠠᠨ ᠤ ᠬᠤᠲᠠ ᠶᠢᠨ ᠤᠯᠤᠰ ᠤᠨ ᠪᠠ ᠮᠤᠵᠢ ᠶᠢᠨ ᠵᠠᠮ ᠤᠨ ᠲᠣᠣᠷ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠣᠷ ᠤᠨ ᠪᠦᠲᠦᠴᠡ ᠰᠢᠨᠵᠢᠯᠡᠬᠦ ᠤᠬᠠᠭᠠᠨᠴᠢ ᠂ ᠬᠡᠪᠴᠢᠶ᠎ᠡ ᠵᠦᠢ ᠵᠣᠬᠢᠰᠲᠠᠶ᠂ ᠵᠣᠯᠭᠠᠯᠴᠠᠭ᠎ᠠ ᠤᠷᠤᠭᠰᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠠᠵᠢᠯ ᠢ ᠨᠢᠭᠡᠳᠦᠯᠲᠡᠶ ᠲᠥᠯᠥᠪᠯᠡᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠎ ᠶᠢᠨ ᠣᠷᠣᠨ ᠵᠠᠶ ᠶᠢᠨ ᠲᠥᠯᠥᠪᠵᠢᠭᠦᠯᠭᠡ ︵ᠠᠶᠢᠯ ᠲᠣᠰᠬᠤᠨ ᠤ ᠲᠥᠯᠥᠪᠵᠢᠭᠦᠯᠭᠡ ᠶᠢ ᠪᠠᠭᠲᠠᠭᠠᠨ᠎ᠠ︶᠂ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠲᠥᠯᠥᠪᠵᠢᠭᠦᠯᠭᠡ ᠵᠡᠷᠭᠡ ᠲᠠᠢ ᠪᠦᠲᠦᠮᠵᠢᠲᠡᠶ ᠪᠠᠷ  ᠠᠪᠤᠴᠠᠯᠳᠤᠭᠤᠯᠬᠤ ᠬᠡᠷᠡᠭᠲᠠᠢ᠃   ︵ᠬᠤᠶᠠᠷ︶ ᠵᠡᠷᠭᠡ ᠲᠡᠰ ᠢ ᠲᠡᠭᠡᠭᠰᠢᠯᠡᠬᠦᠯᠬᠦ ᠶᠢ ᠲᠦᠷᠭᠡᠳᠬᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠪᠴᠤᠤ ᠵᠠᠮ ᠢ ᠥᠷᠭᠡᠳᠬᠡᠬᠦ᠂ ᠰᠢᠶᠠᠨ ᠰᠢᠶᠠᠩ ᠤᠨ ᠵᠠᠮ ᠢ ᠥᠭᠡᠷᠡᠴᠢᠯᠡᠬᠦ᠂ ᠵᠢᠭᠤᠯᠴᠢᠯᠠᠯ ᠤᠨ ᠵᠠᠮ ᠡᠬᠢ ᠪᠠᠶᠠᠯᠢᠭ ᠤᠨ ᠵᠠᠮ ᠠᠵᠤ ᠦᠢᠯᠡᠰ ᠤᠨ ᠵᠠᠮ ᠢ ᠰᠡᠯᠪᠢᠨ ᠵᠠᠰᠠᠬᠤ᠂ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠵᠡᠷᠭᠡ ᠠᠵᠢᠯ ᠢ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠪᠥᠭᠡᠳ ᠪᠦᠬᠡᠲᠠᠢ᠂ ᠠᠮᠤᠷ ᠲᠦᠪᠰᠢᠨ ᠪᠥᠭᠡᠳ ᠲᠠᠭᠠᠯᠠᠮᠵᠢᠲᠠᠶ᠂ ᠠᠵᠤ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠨᠡᠶᠢᠭᠡᠮ ᠳᠤ ᠮᠡᠳᠡᠭᠳᠡᠬᠦ ᠪᠠᠷ‌ᠬᠠᠷᠠᠯᠲᠠ ᠪᠣᠯᠭᠠᠵᠤ᠂ ᠶᠠᠰᠤ ᠴᠢᠨᠠᠷ ᠲᠠᠢ ᠢᠨᠵᠧᠨᠧᠷᠢᠩ ᠢ ᠪᠠᠶᠢᠭᠤᠯᠤᠨ᠎ᠠ᠃ ᠢᠲᠡᠭᠡᠮᠵᠢ ᠶᠢᠨ ᠦᠨᠡᠯᠡᠯᠲᠡ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠶᠠᠰᠤ ᠴᠢᠨᠠᠷ ᠢᠶᠠᠷ ᠭᠤᠤᠯ ᠪᠣᠯᠭᠠᠭᠰᠠᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ︽ᠳᠤᠯᠤᠭ᠎ᠠ ᠶᠢ ᠢᠯᠡ ᠪᠣᠯᠭᠠᠬᠤ︾ ᠳᠦᠷᠢᠮ ᠪᠠ ᠠᠶᠤᠯᠭᠦᠶ ᠶᠢᠨ ᠲᠥᠬᠦᠭᠡᠷᠦᠮᠵᠢ ᠶᠢᠨ ︽ᠭᠤᠷᠪᠠ ᠶᠢ ᠬᠠᠮᠲᠤ ᠳᠤᠨᠢ ᠬᠢᠬᠦ︾ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠰᠢᠭᠤ  ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠢ ᠬᠠᠮᠠᠭᠠᠯᠠᠬᠤ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠰᠢᠯᠭᠠᠨ ᠠᠪᠬᠤ ᠬᠡᠷᠡᠭᠲᠡᠶ᠃    2025 ᠣᠨ ᠪᠣᠯᠬᠤ ᠳᠤ᠂ ᠪᠥᠬᠦ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠡᠰᠴᠢᠯᠡᠭᠰᠡᠨ ᠵᠠᠮ ᠤᠨ ᠨᠣᠷᠮ᠎ᠠ ᠶᠢ 100%᠎ ᠳᠤ ᠬᠦᠷᠦᠭᠦᠯᠵᠦ᠂ ᠰᠢᠶᠠᠨ᠂ ᠰᠢᠶᠠᠩ ᠤᠨ ᠵᠠᠮ᠂ ᠠᠶᠠᠨᠴᠢᠳ ᠤᠨ ᠲᠡᠷᠭᠡ ᠨᠡᠪᠲᠡᠷᠡᠬᠦ ᠵᠠᠮ ᠱᠤᠭᠤᠮ ᠲᠣᠰᠬᠤᠨ ᠤ ᠵᠠᠮ ᠤᠨ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠳᠡᠭᠡᠷᠡᠬᠢ ᠨᠤᠷᠠᠬᠤ ᠠᠶᠤᠯᠲᠠᠶ ᠬᠥᠭᠦᠷᠭᠡ ᠶᠢ ᠨᠢᠭᠡ ᠶᠢ ᠢᠯᠡᠷᠡᠭᠦᠯᠪᠡᠯ ᠨᠢᠭᠡ ᠶᠢ ᠥᠭᠡᠷᠡᠴᠢᠯᠡᠬᠦ ᠶᠢ ᠦᠨᠡᠨ ᠬᠦ ᠪᠠᠲᠤᠯᠠᠨ᠎ᠠ᠃ ᠪᠥᠬᠦ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠤᠷ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠵᠦ᠂ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠮᠡᠷᠭᠡᠵᠢᠯ ᠤᠨ ᠲᠠᠰ ᠤᠨ ᠵᠠᠰᠠᠮᠠᠯ ᠵᠠᠮ ᠤᠨ ᠡᠵᠡᠯᠡᠬᠦ ᠬᠠᠷᠢᠴᠠᠯ ᠢ ᠢᠯᠡᠳᠲᠡ  ᠳᠡᠭᠡᠭᠰᠢᠯᠡᠬᠦᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠢᠨᠵᠧᠨᠧᠷᠢᠩ ᠤᠨ ᠶᠠᠰᠤ ᠴᠢᠨᠠᠷ ᠤᠨ ᠳᠠᠭᠠᠭᠠᠮᠠᠭᠠᠶ ᠴᠢᠨᠠᠷ᠂ ᠭᠠᠮᠰᠢᠭ ᠢ ᠡᠰᠡᠷᠭᠦᠴᠡᠬᠦ ᠴᠢᠳᠠᠪᠤᠷᠢ ᠶᠢ ᠢᠯᠡᠳᠲᠡ ᠴᠢᠩᠭᠠᠳᠬᠠᠵᠤ᠂ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ  ᠴᠢᠨᠠᠭᠰᠢᠳᠠ ᠳᠡᠭᠡᠭᠰᠢᠯᠡᠬᠦᠯᠵᠤ᠂ ᠣᠯᠠᠨ ᠲᠦᠮᠡᠨ ᠤ ᠠᠮᠤᠷ ᠲᠦᠪᠰᠢᠨ ᠤ  ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠢ  ᠴᠢᠨᠠᠭᠰᠢᠳᠠ ᠨᠡᠮᠡᠭᠳᠡᠬᠦᠯᠬᠦ ᠬᠡᠷᠡᠭᠲᠠᠢ᠃   ︵ᠭᠤᠷᠪᠠ︶ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ︽ᠬᠤᠲᠠ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠪᠠ ᠵᠢᠯᠣᠭᠤᠳᠤᠨ ᠬᠢᠨᠠᠯᠲᠠ ᠲᠠᠯᠪᠢᠬᠤ᠂ ᠬᠤᠰᠢᠭᠤ ᠲᠣᠭᠤᠷᠢᠭ ᠠᠴᠠ ᠬᠠᠷᠢᠭᠤᠴᠠᠬᠤ᠂ ᠬᠥᠳᠡᠭᠡ ᠲᠣᠰᠬᠤᠨ ᠵᠡᠷᠭᠡᠪᠡᠷ ᠠᠳᠬᠤᠬᠤ᠂ ᠨᠡᠶᠢᠭᠡᠮ ᠢᠶᠠᠷ ᠢᠶᠠᠨ ᠣᠷᠣᠯᠴᠠᠬᠤ︾ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ  ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ  ᠲᠤᠰᠢᠶᠠᠯ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠴᠢᠨᠠᠭᠰᠢᠳᠠ ᠲᠣᠳᠣᠷᠬᠠᠶᠢᠯᠠᠵᠤ᠂ ᠠᠵᠢᠯ ᠲᠥᠷᠥᠯ ᠤᠨ ᠬᠠᠮᠢᠶᠠᠷᠤᠯᠲᠠ ᠪᠠᠨ  ᠴᠢᠩᠭᠠᠳᠬᠠᠵᠤ᠂ ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠨ ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ  ᠠᠬᠢᠭᠤᠯᠬᠤ ᠬᠡᠷᠡᠭᠲᠡᠶ᠃  ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠤᠳᠠ ᠶᠢᠨ ᠲᠤᠰ ᠱᠠᠲᠤᠨ ᠤ ᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠬᠢᠨᠠᠨ ᠵᠥᠪᠰᠢᠶᠡᠷᠡᠵᠦ ᠪᠠᠭᠤᠯᠭᠠᠬᠤ ᠶᠢ ᠬᠠᠷᠢᠭᠤᠴᠠᠵᠤ᠂ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠣᠯᠤᠨ ᠠᠷᠠᠴᠢᠯᠠᠨ ᠬᠠᠮᠠᠭᠠᠯᠠᠬᠤ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠵᠤ᠂  ᠮᠠᠯᠵᠢᠬᠤ ᠲᠠᠷᠢᠶᠠᠯᠠᠬᠤ ᠣᠷᠣᠨ  ᠎ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠎ ᠶᠢᠨ ᠬᠠᠮᠲᠤ ᠬᠤᠳᠠ ᠶᠢᠨ ᠲᠤᠰ ᠱᠠᠲᠤᠨ ᠤ ᠤᠯᠠᠨ ᠨᠡᠶᠢᠲᠡ ᠶᠢᠨ ᠡᠳ᠋ ᠤᠨ ᠵᠠᠰᠠᠭ  ᠎ ᠤᠨ  ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠪᠡᠯᠡ ᠮᠥᠩᠭᠦ ᠶᠢ ᠬᠢᠨᠠᠨ  ᠬᠠᠮᠢᠶᠠᠷᠬᠤ ᠬᠡᠷᠡᠭᠲᠠᠢ᠃ ᠬᠠᠮᠢᠶᠠᠷᠴᠤ ᠠᠷᠠᠴᠢᠯᠠᠨ ᠬᠠᠮᠠᠭᠠᠯᠠᠬᠤ  ᠪᠠᠶᠢᠭᠤᠯᠤᠯ ᠤᠨ ᠥᠭᠡᠷᠡᠴᠢᠯᠡᠯᠲᠡ ᠶᠢᠨ ᠬᠤᠲᠠ ᠶᠢᠨ ᠲᠤᠰ ᠱᠠᠲᠤᠨ ᠤ ᠪᠠ ᠡᠵᠡᠨ ᠬᠤᠷᠤᠭ᠎ᠠ ᠬᠤᠰᠢᠭᠤᠨ ᠤ ︽ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ︾ ᠵᠢᠴᠢ ᠦᠦᠰᠢᠨ ᠬᠤᠰᠢᠭᠤᠨ ᠤ ︽ᠵᠠᠮ ᠤᠨ ᠳᠠᠷᠤᠭ᠎ᠠ ᠶᠢᠨ ᠳᠦᠷᠢᠮ︾᠎ ᠤᠨ ᠲᠤᠷᠰᠢᠯᠲᠠ ᠶᠢᠨ ᠡᠭᠦᠷᠭᠡ ᠶᠢ ᠡᠷᠡᠰ ᠰᠠᠶᠢᠲᠤᠷ ᠬᠢᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠨᠠᠷᠢᠨ ᠬᠢᠨᠠᠮᠠᠭᠠᠢ ᠳ᠋ᠦᠩᠨᠡᠨ ᠪᠣᠯᠪᠠᠰᠤᠷᠠᠭᠤᠯᠵᠤ᠂ ᠨᠡᠶᠢᠲᠡᠯᠢᠭ ᠲᠤᠷᠰᠢᠯᠭ᠎ᠠ ᠎ ᠶᠢ ᠲᠠᠭᠤᠷᠢᠶᠠᠨ ᠳᠡᠯᠭᠡᠷᠡᠭᠦᠯᠬᠦ ᠶᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾᠎ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠬᠠᠮᠢᠶᠠᠷᠴᠤ  ᠠᠷᠠᠴᠢᠯᠠᠨ ᠬᠠᠮᠠᠭᠠᠯᠠᠬᠤ ᠥᠭᠡᠷᠡᠴᠢᠯᠡᠯᠲᠡ ᠬᠥᠭᠵᠢᠯᠲᠡ ᠶᠢ ᠤᠷᠤᠭᠰᠢᠲᠠᠢ ᠠᠬᠢᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃    ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠡᠷᠡᠭᠯᠡᠬᠦ ᠭᠠᠵᠠᠷ᠂ ᠮᠠᠲ᠋ᠧᠷᠢᠶᠠᠯ ᠤᠨ ᠲᠠᠯᠠᠪᠠᠶ ᠶᠢ ᠪᠠᠲᠤᠯᠠᠬᠤ ᠵᠢᠴᠢ ᠡᠯ᠎ᠡ ᠬᠤᠰᠢᠭᠤ  ᠲᠤᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ  ᠵᠦᠢᠯ ᠤᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠬᠦ ᠶᠢ ᠵᠢᠯᠣᠭᠤᠳᠤᠨ  ᠠᠬᠢᠭᠤᠯᠬᠤ ᠶᠢ ᠬᠠᠷᠢᠭᠤᠴᠠᠬᠤ ᠬᠡᠷᠡᠭᠲᠠᠢ᠃    ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠡᠯ᠎ᠡ ᠬᠤᠰᠢᠭᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ︵ᠵᠠᠮ ᠬᠠᠷᠢᠯᠴᠠᠭ᠎ᠠ︶᠎ ᠢ ᠰᠢᠯᠭᠠᠨ ᠬᠤᠷᠢᠶᠠᠬᠤ ᠠᠵᠢᠯ ᠳᠤ ᠣᠷᠣᠯᠴᠠᠬᠤ ᠶᠢ ᠵᠢᠯᠣᠭᠤᠳᠤᠨ ᠠᠬᠢᠭᠤᠯᠬᠤ ᠶᠢ  ᠬᠠᠷᠢᠭᠤᠴᠠᠬᠤ ᠬᠡᠷᠡᠭᠲᠠᠢ᠃    ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠲᠣᠰ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠨᠥᠬᠦᠪᠥᠷᠢ ᠶᠢᠨ ᠪᠠᠯᠠ ᠮᠥᠩᠭᠦ ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ᠂ ᠬᠤᠲᠠ ᠶᠢᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠪᠠᠯᠠ ᠮᠥᠩᠭᠦ ᠎ ᠶᠢ ᠴᠠᠭ ᠲᠤᠨᠢ ᠳᠣᠭᠢᠷᠠᠭᠤᠯᠤᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ  ᠬᠢᠬᠦ ᠶᠢ ᠬᠠᠷᠢᠭᠤᠴᠠᠬᠤ ᠬᠡᠷᠡᠭᠲᠠᠢ᠃    ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠮᠵᠢᠯᠴᠠᠨ ᠠᠬᠢᠭᠤᠯᠬᠤ ᠶᠢ  ᠬᠠᠷᠢᠭᠤᠴᠠᠬᠤ ᠬᠡᠷᠡᠭᠲᠠᠢ᠃    ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃    2022 ᠣᠨ ᠪᠣᠯᠬᠤ ᠳᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠪᠠᠷ ᠭᠤᠤᠯ ᠪᠣᠯᠭᠠᠭᠰᠠᠨ ᠪᠠᠯᠠ ᠮᠥᠩᠭᠦ ᠶᠢᠨ ᠪᠠᠲᠤᠯᠠᠭ᠎ᠠ ᠶᠢᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠡᠯ᠎ᠡ ᠱᠠᠲᠤᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠣᠷᠮ᠎ᠠ ᠶᠢ 100%᠎ ᠳᠤ ᠬᠦᠷᠦᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠵᠢᠴᠢ ᠠᠵᠢᠯᠲᠠᠨ ᠤ ᠵᠠᠷᠤᠯᠭ᠎ᠠ ᠶᠢ ᠵᠠᠰᠠᠭ ᠤᠨ ᠣᠷᠳᠣᠨ ᠤ ᠲᠥᠰᠦᠪ ᠤᠨ ᠲᠣᠬᠢᠷᠠᠭᠤᠯᠤᠯᠲᠠ ᠳᠤ ᠣᠷᠣᠭᠤᠯᠤᠭᠰᠠᠨ ᠬᠠᠷᠢᠴᠠᠯ ᠢ 100%᠎ ᠳᠤ ᠬᠦᠷᠦᠭᠦᠯᠵᠦ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠲᠣᠭᠲᠠᠭᠠᠬᠤ ᠨᠣᠷᠮ᠎ᠠ ᠎ ᠶᠢ 100%᠎ ᠳᠤ ᠬᠦᠷᠦᠭᠦᠯᠬᠦ ᠬᠡᠷᠡᠭᠲᠡᠶ᠃   ︵ᠳᠥᠷᠪᠡ︶ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ  ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ  ᠎ ᠤᠨ ᠵᠠᠰᠠᠭ ᠤᠨ  ᠣᠷᠳᠣᠨ ᠨᠤᠭᠤᠳ ︽ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ᠂ ᠤᠯᠠᠨ ᠲᠦᠮᠡᠨ ᠣᠷᠣᠯᠴᠠᠬᠤ᠂ ᠶᠡᠷᠦᠩᠬᠡᠶᠢᠯᠡᠨ ᠵᠠᠰᠠᠬᠤ︾ ᠬᠠᠮᠢᠶᠠᠷᠤᠯᠲᠠ ᠎ ᠶᠢᠨ ᠲᠤᠭᠳᠠᠯᠴᠠᠭ᠎ᠠ ᠶᠢ ᠪᠠᠶᠢᠭᠤᠯᠤᠨ ᠪᠥᠷᠢᠨᠰᠢᠬᠦᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠬᠦᠨᠵᠡᠬᠡᠶᠢᠷᠡᠬᠦᠯᠵᠤ᠂ ᠰᠢᠶᠠᠨ ᠤ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠤᠨ ᠪᠥᠷᠢᠨᠰᠢᠬᠦᠯᠵᠤ᠂ ᠬᠥᠳᠡᠭᠡ ᠲᠣᠰᠬᠤᠨ  ᠎ ᠤ ᠵᠠᠰᠠᠮᠠᠯ ᠵᠠᠮ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠵᠤ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠵᠢᠴᠢ ᠪᠤᠰᠤᠳ ᠡᠯ᠎ᠡ ᠲᠦᠷᠦᠯ ᠤᠨ ᠡᠪᠳᠡᠯᠬᠡ᠂ ᠬᠥᠳᠡᠭᠡ ᠲᠣᠰᠬᠤᠨ ᠤ ᠵᠠᠰᠠᠮᠠᠯ ᠵᠠᠮ ᠬᠢᠭᠡᠳ ᠵᠠᠰᠠᠮᠠᠯ ᠵᠠᠮ ᠤᠨ ᠲᠦᠬᠦᠬᠡᠷᠦᠮᠵᠢ ᠶᠢ ᠡᠪᠳᠡᠭᠰᠡᠨ ᠡᠯ᠎ᠡ ᠲᠥᠷᠥᠯ ᠤᠨ ᠥᠢᠯᠡ ᠠᠵᠢᠯᠯᠠᠭ᠎ᠠ ᠶᠢ ᠴᠠᠭ ᠲᠤᠬᠠᠶ  ᠎ ᠳᠤᠨᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠬᠦ ᠬᠡᠷᠡᠭᠲᠡᠶ᠃ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠲᠠᠢ  ᠤᠶᠠᠯᠳᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ᠂ ᠨᠥᠬᠦᠴᠡᠯ ᠪᠥᠷᠢᠳᠦᠭᠰᠡᠨ ᠬᠥᠳᠡᠭᠡ ᠲᠣᠰᠬᠤᠨ ᠤ ᠵᠠᠰᠠᠮᠠᠯ ᠵᠠᠮ ᠢ ᠪᠦᠬᠦᠨ ᠢ ᠵᠠᠮ ᠲᠠᠷᠢᠶ᠎ᠠ ᠶᠢ  ᠰᠠᠯᠭᠠᠬᠤ᠂ ᠵᠠᠮ ᠪᠠ ᠣᠷᠣᠨ ᠰᠠᠭᠤᠴᠠ ᠶᠢ  ᠰᠠᠯᠭᠠᠬᠤ ᠶᠢ ᠪᠡᠶᠡᠯᠡᠭᠦᠯᠵᠦ᠂ ᠵᠠᠮ ᠤᠨ  ᠪᠦᠰᠡ ᠶᠢᠨ ᠬᠡᠪᠴᠢᠶᠡᠨ ᠳᠠᠬᠢ ᠡᠯᠳᠡᠪ ᠵᠦᠢᠯᠡᠰ ᠪᠠ ᠵᠠᠰᠠᠮᠠᠯ ᠵᠠᠮ ᠤᠨ ᠪᠤᠰᠤ ᠲᠡᠮᠳᠡᠭ ᠢ ᠪᠥᠬᠦ ᠲᠠᠯ᠎ᠠ ᠪᠠᠷ ᠴᠡᠪᠡᠷᠯᠡᠵᠦ᠂ ︽ ᠰᠭᠠᠳ ᠦᠬᠡᠢ ᠲᠠᠭᠠᠯᠠᠮᠵᠢᠲᠠᠶ ︾ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃    2023 ᠣᠨ ᠪᠣᠯᠬᠤ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠤᠯᠢ ᠲᠣᠭᠲᠠᠭᠠᠯ ᠲᠦᠷᠢᠮ ᠲᠣᠭᠲᠠᠭᠠᠯ ᠢ ᠦᠨᠳᠦᠰᠦᠨ ᠳᠡᠭᠡᠨ ᠪᠦᠷᠢᠨᠰᠢᠬᠦᠯᠵᠦ᠂ ︽ᠰᠢᠶᠠᠨ ᠳᠤ ᠵᠠᠮ ᠤᠨ ᠶᠠᠪᠤᠳᠠᠯ ᠤᠨ ᠠᠵᠢᠯᠲᠠᠨ ᠲᠠᠢ᠂ ᠰᠢᠶᠠᠩ ᠳᠤ ᠬᠢᠨᠠᠨ ᠬᠠᠮᠢᠶᠠᠷᠤᠭᠴᠢ ᠲᠠᠢ᠂ ᠲᠣᠰᠬᠤᠨ ᠳᠤ ᠵᠠᠮ ᠬᠠᠮᠠᠭᠠᠯᠠᠭᠴᠢ ᠲᠠᠢ︾ ᠵᠠᠮ ᠤᠨ ᠬᠦᠷᠦᠩᠬᠡ ᠵᠠᠮ ᠤᠨ ᠡᠷᠬᠡ ᠶᠢᠨ ᠬᠠᠮᠠᠭᠠᠯᠠᠯᠲᠠ ᠶᠢᠨ ᠡᠩᠨᠡᠭᠡ ᠶᠢ  ᠪᠠᠶᠢᠭᠤᠯᠬᠤ ᠬᠡᠷᠡᠭᠲᠠᠢ᠃   ︵ᠲᠠᠪᠤ︶  ᠬᠠᠮᠠᠭᠠᠯᠠᠯᠲᠠ ᠠᠷᠠᠴᠢᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠎ ᠤᠨ ᠬᠠᠮᠠᠭᠠᠯᠠᠯᠲᠠ ᠠᠷᠠᠴᠢᠯᠠᠯᠲᠠ ᠶᠢᠨ ᠠᠵᠢᠯ ᠤᠨ ᠬᠠᠮᠢᠶ᠎ᠠ ᠪᠥᠬᠦᠶ ᠲᠦᠷᠢᠮ ᠵᠢᠴᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠶᠢᠳᠠᠯ ᠢ ᠪᠠᠶᠢᠴᠠᠭᠠᠨ ᠬᠡᠮᠵᠢᠵᠦ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠬᠤᠲᠠ ᠶᠢᠨ ᠱᠠᠲᠤᠨ ᠤ ᠬᠥᠳᠡᠭᠡ ᠲᠣᠰᠬᠤᠨ ᠤ ᠵᠠᠰᠠᠮᠠᠯ ᠵᠠᠮ ᠎ ᠤᠨ ᠬᠠᠮᠠᠭᠠᠯᠠᠯᠲᠠ ᠠᠷᠠᠴᠢᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠯᠦᠭᠡ ᠬᠤᠯᠪᠣᠭᠳᠠᠭᠤᠯᠵᠤ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠨ᠎ᠠ᠃ ᠤᠷᠢᠳᠴᠢᠯᠠᠨ ᠰᠡᠷᠭᠡᠶᠢᠯᠡᠬᠦ ᠴᠢᠨᠠᠷᠲᠠᠶ  ᠬᠠᠮᠠᠭᠠᠯᠠᠯᠲᠠ ᠠᠷᠠᠴᠢᠯᠠᠯᠲᠠ ᠶᠢᠨ ᠠᠵᠢᠯ ᠢ ᠴᠢᠩᠭᠠᠳᠬᠠᠵᠤ᠂ ︽ ᠴᠠᠷᠳᠠᠮᠠᠯ ᠵᠠᠮ ᠠᠴᠠ ᠪᠠᠨ ᠰᠢᠷᠤᠢ ᠶᠢᠨ ᠵᠠᠮ ᠪᠤᠯᠬᠤ︾ ︽ᠨᠡᠪᠲᠡᠷᠡᠬᠦ ᠳᠤ ᠰᠠᠭᠠᠳ ᠲᠠᠢ︾ ᠪᠠᠶᠢᠳᠠᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠪᠥᠬᠦ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ  ᠠᠷᠠᠴᠢᠯᠠᠯᠲᠠ  ᠎ ᠶᠢᠨ ᠮᠡᠳᠡᠭᠡ ᠮᠡᠳᠡᠭᠡ ᠵᠠᠩᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠤᠶᠤᠨᠴᠢᠯᠠᠭᠰᠠᠨ ᠬᠠᠮᠢᠶᠠᠷᠤᠯᠲᠠ ᠎ ᠶᠢᠨ ᠰᠢᠰᠲ᠋ᠧᠮ ᠤᠨ ᠲᠠᠪᠴᠠᠩ ᠢ ᠠᠯᠬᠤᠮ ᠠᠯᠬᠤᠮ ᠢᠶᠠᠷ  ᠪᠠᠶᠢᠭᠤᠯᠬᠤ ᠬᠡᠷᠡᠭᠲᠠᠢ᠃ ᠬᠤᠰᠢᠭᠤ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ︽ᠰᠢᠶᠠᠨ ᠢᠶᠠᠷ ᠭᠤᠣᠯ ᠴᠣᠭᠴᠠ ᠪᠤᠯᠭᠠᠭᠰᠠᠨ᠂ ᠠᠵᠢᠯ ᠲᠥᠷᠥᠯ ᠎ ᠤᠨ ᠬᠢᠨ ᠵᠢᠯᠤᠭᠤᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ  ᠎ ᠤᠨ ᠬᠢᠨ ᠣᠷᠣᠯᠴᠠᠭᠰᠠᠨ︾  ᠬᠠᠮᠠᠭᠠᠯᠠᠯᠲᠠ ᠠᠷᠠᠴᠢᠯᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠮᠡᠷᠭᠡᠵᠢᠯ  ᠎ ᠤᠨ ᠪᠠᠶᠢᠳᠠᠯ ᠢᠶᠠᠷ ᠦᠨᠳᠦᠰᠦᠯᠡᠯ ᠪᠣᠯᠭᠠᠭᠰᠠᠨ  ᠬᠠᠮᠠᠭᠠᠯᠠᠯᠲᠠ ᠠᠷᠠᠴᠢᠯᠠᠯᠲᠠ ᠶᠢᠨ ᠪᠡᠯᠡ ᠮᠥᠩᠭᠦ ᠶᠢᠨ ᠲᠥᠰᠦᠪ ᠭᠤᠶᠤᠴᠢᠯᠠᠬᠤ ᠲᠣᠭᠲᠠᠴᠠ ᠪᠣᠯᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂  ᠬᠠᠮᠠᠭᠠᠯᠠᠯᠲᠠ ᠠᠷᠠᠴᠢᠯᠠᠯᠲᠠ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠮᠠᠰᠢᠨᠴᠢᠯᠠᠬᠤ᠂ ᠵᠠᠬ᠎ᠠ ᠳᠡᠯᠭᠡᠭᠦᠷᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ ᠂ ᠬᠥᠳᠡᠭᠡ ᠲᠣᠰᠬᠤᠨ ᠤ ᠵᠠᠮ ᠢ ᠬᠥᠳᠡᠭᠡ ᠲᠣᠰᠬᠤᠨ ᠠᠴᠠ ᠬᠠᠮᠢᠶᠠᠷᠬᠤ︾᠎ ᠶᠢ ᠨᠠᠶᠢᠲᠠᠪᠤᠷᠢᠵᠢᠭᠤᠯᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠴᠤ ᠠᠷᠠᠴᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠠᠵᠢᠯᠲᠠᠨ ᠢ ᠲᠣᠳᠣᠷᠬᠠᠶᠢᠯᠠᠵᠤ ᠬᠥᠳᠡᠭᠡ ᠲᠣᠰᠬᠤᠨ ᠤ ᠵᠠᠮ ᠤᠨ ᠬᠠᠮᠠᠭᠠᠯᠠᠯᠲᠠ ᠠᠷᠠᠴᠢᠯᠠᠯᠲᠠ ᠶᠢᠨ ᠠᠵᠢᠯ ᠢ ᠪᠣᠳᠠᠲᠠᠶ  ᠬᠠᠷᠢᠭᠤᠴᠠᠭᠤᠯᠬᠤ ᠬᠡᠷᠡᠭᠲᠠᠢ    2022 ᠣᠨ ᠪᠣᠯᠬᠤ ᠳᠤ᠂ ᠪᠥᠬᠦ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠠᠭᠠᠯᠠᠯᠲᠠ ᠠᠷᠠᠴᠢᠯᠠᠯᠲᠠ ᠶᠢᠨ ᠪᠠᠯᠠ ᠮᠥᠩᠭᠦ ᠶᠢᠨ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠬᠠᠷᠢᠴᠠᠯ ᠢ 100%᠎ ᠳᠤ ᠬᠦᠷᠦᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠬᠤ ᠨᠣᠷᠮ᠎ᠠ ᠶᠢ 100%᠎ ᠳᠤ ᠬᠦᠷᠦᠭᠦᠯᠵᠦ᠂ ᠵᠢᠯ ᠳᠤᠮᠳᠠᠴᠢ ᠶᠢᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠬᠠᠷᠢᠴᠠᠯ ᠢ 5%᠎ ᠠᠴᠠ ᠳᠣᠤᠷ᠎ᠠ ᠪᠠᠶᠢᠯᠭᠠᠬᠤ ᠥᠬᠡᠶ︔ 2025 ᠣᠨ ᠪᠣᠯᠬᠤ ᠳᠤ᠂  ᠰᠠᠶᠢᠨ ᠳᠤᠮᠳᠠ ᠵᠡᠷᠭᠡ ᠶᠢᠨ ᠵᠠᠮ ᠤᠨ ᠨᠣᠷᠮ᠎ᠠ ᠶᠢ 80%᠎ ᠠᠴᠠ ᠳᠡᠭᠡᠭᠰᠢ ᠳᠤ  ᠬᠦᠷᠦᠬᠦᠯᠬᠦ ᠬᠡᠷᠡᠭᠲᠠᠢ᠃   ︵ᠵᠢᠷᠭᠤᠭ᠎ᠠ︶ ᠠᠶᠠᠨᠴᠢᠳ ᠤᠨ ᠲᠡᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠤᠨ ᠨᠡᠪᠲᠡᠷᠡᠬᠦ ᠨᠥᠬᠦᠴᠡᠯ ᠢ ᠬᠠᠮᠲᠤᠷᠠᠨ ᠬᠢᠨᠠᠨ ᠬᠠᠷᠭᠤᠭᠤᠯᠬᠤ ᠲᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠬᠥᠳᠡᠭᠡ ᠲᠣᠰᠬᠤᠨ ᠤ ᠲᠡᠭᠡᠭᠡᠪᠦᠷᠢ ᠶᠢᠨ ᠠᠶᠤᠯᠭᠦᠶ ᠡᠵᠡᠩᠨᠡᠯᠲᠡ ᠶᠢ ᠵᠣᠬᠢᠴᠠᠭᠤᠯᠤᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠡᠵᠡᠩᠨᠡᠯᠲᠡ ᠶᠢᠨ ᠠᠶᠤᠯᠭᠦᠶ ᠶᠢ ᠪᠠᠲᠤᠯᠠᠨ᠎ᠠ᠃ ︽ᠬᠤᠶᠠᠷ ᠠᠶᠠᠨᠴᠢᠳ︾᠎ ᠤᠨ ᠤᠶᠤᠨᠲᠤ ᠬᠢᠨᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠠᠯᠬᠤᠮ ᠠᠯᠬᠤᠮ ᠢᠶᠠᠷ ᠬᠠᠮᠤᠷᠴᠤ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶ᠎ᠡ ᠶᠢᠨ ᠵᠠᠩᠭᠢᠯᠠᠭ᠎ᠠ ᠴᠡᠭ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ︽ᠢᠨᠲ᠋ᠤᠷ ᠰᠦᠯᠵᠢᠶ᠎ᠡ + ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ︾᠎ ᠶᠢᠨ ᠢᠨᠵᠧᠨᠧᠷᠢᠩ ᠢ ᠪᠤᠢ ᠪᠣᠯᠭᠠᠵᠤ᠂ ᠤᠯᠠᠨ ᠦᠷᠳᠡᠭᠡ ᠶᠢ ᠨᠢᠭᠡᠳᠬᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠵᠤᠷᠢᠭᠵᠢᠭᠤᠯᠬᠤ ᠬᠡᠷᠡᠭᠲᠠᠢ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠪᠠᠷ ᠬᠦᠷᠬᠡᠬᠦ᠂ ᠲᠣᠰᠬᠤᠨ ᠤ ᠠᠷᠠᠳ ᠤᠨ ᠵᠥᠪᠯᠡᠯ ᠠᠴᠠ ᠣᠷᠣᠯᠠᠨ ᠬᠤᠷᠢᠶᠠᠵᠤ ᠣᠷᠣᠯᠠᠨ ᠬᠦᠷᠭᠡᠬᠦ ᠵᠡᠷᠭᠡ ᠠᠷᠭ᠎ᠠ ᠮᠠᠶ᠋ᠢᠭ ᠢ ᠠᠰᠢᠭᠯᠠᠨ ᠰᠢᠤᠳᠠᠨ ᠤ ᠵᠦᠢᠯ᠂ ᠲᠦᠷᠭᠡᠨ ᠬᠦᠷᠭᠡᠬᠦ ᠵᠦᠢᠯ ᠤᠨ ︽ᠡᠴᠦᠰ ᠤᠨ ᠵᠠᠭᠤᠨ ᠮᠧᠲᠷ︾᠎ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠰᠦᠪᠡᠭᠴᠢᠯᠡᠵᠦ᠂ ᠬᠥᠳᠡᠭᠡ ᠲᠣᠰᠬᠤᠨ ᠤ ᠪᠠᠷᠠᠭᠠᠨ ᠤ  ᠬᠦᠢᠯᠬᠡᠬᠡᠨ ᠤ ᠲᠣᠤᠷ ᠰᠦᠯᠵᠢᠶ᠎ᠡ ᠶᠢᠨ ᠬᠠᠮᠤᠷᠬᠤ ᠨᠣᠷᠮ᠎ᠠ ᠪᠠ ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠤᠷᠢ ᠶᠢ ᠪᠥᠬᠦ ᠲᠠᠯ᠎ᠠ ᠪᠠᠷ  ᠲᠡᠭᠡᠭᠰᠢᠯᠡᠬᠦᠯᠬᠦ ᠬᠡᠷᠡᠭᠲᠠᠢ᠃ 2022 ᠣᠨ ᠪᠣᠯᠬᠤ ᠳᠤ᠂ ᠰᠢᠤᠳᠠᠨ᠂ ᠲᠦᠷᠭᠡᠨ ᠬᠦᠷᠭᠡᠯᠲᠡ ᠶᠢᠨ ᠠᠷᠭ᠎ᠠ ᠵᠠᠮ ᠢᠶᠠᠷ ᠳᠠᠮᠵᠢᠭᠤᠯᠤᠨ ᠪᠠᠶᠢᠭᠤᠯᠤᠯᠳᠤ ᠲᠣᠰᠬᠤᠨ ᠤ ᠡᠯᠧᠺᠲᠷᠣᠨ ᠬᠤᠳᠠᠯᠳᠤᠭᠠᠨ ᠤ ᠳᠣᠭᠢᠷᠠᠭᠤᠯᠤᠨ ᠬᠦᠷᠭᠡᠬᠦ  ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠬᠦᠯᠬᠦ ᠬᠡᠷᠡᠭᠲᠠᠢ᠃ 2025 ᠣᠨ ᠪᠣᠯᠬᠤ ᠳᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠬᠥᠳᠡᠭᠡ ᠲᠣᠰᠬᠤᠨ ᠤ ᠪᠠᠷᠠᠭᠠᠨ ᠤ ᠬᠦᠢᠯᠬᠡᠬᠡᠨ ᠤ ᠲᠣᠤᠷ ᠰᠦᠯᠵᠢᠶ᠎ᠡ ᠶᠢᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠤᠨ  ᠪᠦᠲᠦᠬᠡᠬᠦ ᠬᠡᠷᠡᠭᠲᠠᠢ᠃   ︵ᠳᠣᠯᠤᠭ᠎ᠠ︶ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠴᠢᠩᠭᠠᠳᠬᠠᠨ᠎ᠠ᠃ ︽ᠰᠠᠶᠢᠨ ᠤ ᠳᠣᠲᠣᠷ᠎ᠠ ᠠᠴᠠ ᠰᠠᠶᠢᠨ ᠢ ᠨᠢ ᠰᠣᠩᠭᠤᠬᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ︾ ᠪᠠ ︽ᠲᠤᠷᠰᠢᠯᠭ᠎ᠠ ᠪᠠᠷ ᠲᠤᠪᠤᠶᠢᠮ᠎ᠠ᠂ ᠳᠡᠯᠭᠡᠷᠡᠭᠦᠯᠵᠦ ᠪᠣᠯᠬᠤ᠂  ᠲᠠᠭᠤᠷᠢᠶᠠᠵᠤ ᠪᠣᠯᠬᠤ︾ ᠵᠠᠷᠴᠢᠮ ᠶᠣᠰᠣᠭᠠᠷ᠂ ᠪᠦᠬᠦ ᠤᠯᠤᠰ ᠤᠨ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ ᠦᠷᠨᠢᠬᠦᠯᠬᠦ ᠬᠡᠷᠡᠭᠲᠠᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ︾᠎ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠬᠤᠲᠠ ᠶᠢᠨ ᠱᠠᠲᠤᠨ ᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ︾᠎ ᠢᠶᠠᠷ ᠲᠣᠭᠲᠠᠭᠠᠭᠰᠠᠨ ᠬᠥᠳᠡᠭᠡ ᠲᠣᠰᠬᠤᠨ ᠤ ᠵᠠᠰᠠᠮᠠᠯ ᠵᠠᠮ ᠳᠤ ᠨᠢᠭᠡᠨᠲᠡ ᠪᠠᠶᠢᠭ᠎ᠠ  ᠬᠠᠮᠠᠭᠠᠯᠠᠯᠲᠠ ᠠᠷᠠᠴᠢᠯᠠᠯᠲᠠ ᠶᠢᠨ ᠪᠠᠯᠠ ᠮᠥᠩᠭᠦ ᠶᠢᠨ ᠨᠥᠬᠦᠪᠥᠷᠢ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠲᠤᠰᠬᠠᠶ ᠵᠦᠢᠯ ᠤᠨ ᠱᠠᠩᠨᠠᠵᠤ ᠨᠥᠬᠦᠪᠥᠷᠢᠯᠡᠬᠦ ᠳᠡᠮᠵᠢᠯᠭᠡ ᠦᠵᠡᠬᠦᠯᠬᠦ ᠬᠡᠷᠡᠭᠲᠠᠢ᠃   ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ︽ᠵᠠᠮ ᠤᠨ ᠳᠠᠷᠤᠭ᠎ᠠ ᠶᠢᠨ ᠲᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠤᠨ ᠳᠤᠭᠤᠶᠢᠯᠠᠩ ᠢ ᠪᠠᠶᠢᠭᠤᠯᠤᠨ᠎ᠠ᠃ ᠠᠵᠢᠯᠯᠠᠬᠤ ᠳᠤᠭᠤᠶᠢᠯᠠᠩ ᠨᠢ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠵᠡᠷᠭᠡ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢ ᠬᠠᠷᠢᠭᠤᠴᠠᠬᠤ ᠬᠡᠷᠡᠭᠲᠠᠢ︔ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠬᠤ ᠶᠢ ᠬᠠᠷᠢᠭᠤᠴᠠᠵᠤ᠂  ᠬᠠᠮᠠᠭᠠᠯᠠᠯᠲᠠ ᠠᠷᠠᠴᠢᠯᠠᠯᠲᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢ  ᠲᠡᠬᠦᠯᠳᠡᠷᠵᠢᠬᠦᠯᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠵᠤ᠂ ᠴᠢᠬᠤᠯᠠ ᠠᠵᠢᠯ ᠢ  ᠱᠠᠭᠠᠷᠳᠠᠭᠤᠯᠤᠨ ᠠᠬᠢᠭᠤᠯᠵᠤ᠂ ᠪᠠᠯᠠ ᠮᠥᠩᠭᠦ ᠶᠢᠨ ᠪᠠᠲᠤᠯᠠᠭ᠎ᠠ ᠶᠢ  ᠨᠠᠶᠢᠲᠠᠪᠤᠷᠢᠵᠢᠭᠤᠯᠵᠤ᠂ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠬᠦ ᠶᠢ ᠱᠠᠭᠠᠷᠳᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠠᠮ ᠤᠨ ᠳᠠᠷᠤᠭ᠎ᠠ ᠎ ᠶᠢᠨ ᠲᠦᠷᠢᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠠᠢ᠃ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠲᠤᠬᠢᠷᠠᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠱᠦᠶ ᠶᠦᠨ ᠬᠠᠪᠰᠤᠷᠭᠠᠨ ᠬᠠᠷᠢᠭᠤᠴᠠᠬᠤ ᠬᠡᠷᠡᠭᠲᠠᠢ᠃ ᠲᠡᠷᠡᠴᠢᠯᠡᠨ ︽ᠰᠢᠶᠠᠨ  ᠎ ᠤ ᠵᠠᠮ  ᠎ ᠢ ᠰᠢᠶᠠᠨ  ᠎ ᠢᠶᠠᠷ ᠬᠠᠮᠢᠶᠠᠷᠤᠭᠤᠯᠬᠤ᠂  ᠬᠦᠳᠡᠭᠡ ᠲᠣᠰᠬᠤᠨ  ᠎ ᠤ ᠵᠠᠮ ᠢ ᠬᠦᠳᠡᠭᠡ ᠲᠣᠰᠬᠤᠨ  ᠎ ᠢᠶᠠᠷ ᠬᠠᠮᠢᠶᠠᠷᠤᠭᠤᠯᠬᠤ︾ ᠵᠠᠷᠴᠢᠮ  ᠶᠣᠰᠣᠭᠠᠷ᠂ ᠬᠤᠰᠢᠭᠤ ᠲᠤᠭᠤᠷᠢᠭ ᠤᠨ ᠠᠷᠠᠳ  ᠎ ᠤᠨ ᠵᠠᠰᠠᠭ  ᠎ ᠤᠨ ᠣᠷᠳᠣᠨ ᠨᠤᠭᠤᠳ ᠬᠤᠰᠢᠭᠤ ᠲᠤᠭᠤᠷᠢᠭ ᠤᠨ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ  ᠎ ᠶᠢᠨ ᠠᠷᠠᠳ  ᠎ ᠤᠨ ᠵᠠᠰᠠᠭ ᠤᠨ ᠣᠷᠳᠣᠨ  ᠎ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢ ᠪᠠᠶᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ︾᠎ ᠢ ᠪᠦᠬᠦ ᠲᠠᠯ᠎ᠠ ᠪᠠᠷ ᠬᠡᠷᠡᠭᠵᠢᠬᠦᠯᠬᠦ ᠬᠡᠷᠡᠭᠲᠠᠢ᠃    ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠯᠠ ᠮᠥᠩᠭᠦ ᠶᠢᠨ ᠬᠢᠨᠠᠨ ᠬᠠᠮᠢᠶᠠᠷᠤᠯᠲᠠ ᠎ ᠶᠢ  ᠴᠢᠩᠭᠠᠳᠬᠠᠨ᠎ᠠ᠃ ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2020  ﹈ 14 ᠳ᠋ᠣᠭᠡᠷ ᠲᠣᠭᠠᠲᠤ︶᠎ ᠤᠨ ᠱᠠᠭᠠᠷᠳᠠᠯᠭ᠎ᠠ ᠶᠢ ᠴᠢᠩᠭ᠎ᠠ  ᠵᠢᠷᠤᠮᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠎ ᠶᠢᠨ ᠪᠠᠯᠠ ᠮᠥᠩᠭᠦ ᠨᠢ ᠬᠤᠰᠢᠭᠤ  ᠲᠤᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠬᠠᠷᠢᠶᠠᠯᠠᠭᠳᠠᠵᠤ᠂ ᠪᠠᠯᠠ ᠮᠥᠩᠭᠦ ᠶᠢ ᠵᠠᠷᠴᠢᠮ ᠳᠡᠭᠡᠷ᠎ᠡ ᠪᠠᠨ ᠬᠤᠰᠢᠭᠤ ᠲᠤᠭᠤᠷᠢᠭ ᠠᠴᠠ ᠥᠪᠡᠷ ᠤᠨ ᠡᠳ᠋ ᠤᠨ ᠬᠦᠴᠦᠨ ᠢᠶᠠᠷ ᠢᠶᠠᠨ ᠳᠣᠭᠢᠷᠠᠭᠤᠯᠵᠤ᠂ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠷᠤᠯᠭ᠎ᠠ ᠎ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠳᠠᠯᠢ ᠪᠤᠰᠤ ᠴᠠᠭ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠦᠨᠳᠦᠰᠦᠯᠡᠨ ᠵᠣᠬᠢᠬᠤ ᠪᠠᠯᠠ ᠮᠥᠩᠭᠦ ᠶᠢᠨ ᠳᠡᠮᠵᠢᠯᠭᠡ ᠦᠵᠡᠭᠦᠯᠵᠦ ᠪᠣᠯᠤᠨ᠎ᠠ᠃ ᠲᠡᠷᠡᠴᠢᠯᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠰᠢᠯᠭᠠᠨ ᠬᠢᠨᠠᠭᠰᠠᠨ ᠦᠷ᠎ᠡ ᠳ᠋ᠦᠩ ᠢ ᠬᠠᠮᠢᠶ᠎ᠠ ᠪᠥᠬᠦᠶ ᠪᠠᠯᠠ ᠣᠷᠣᠭᠤᠯᠤᠯᠲᠠ ᠶᠢᠨ ᠨᠥᠬᠦᠪᠦᠷᠢ ᠯᠤᠭ᠎ᠠ ᠬᠤᠯᠪᠤᠭᠳᠠᠭᠤᠯᠬᠤ ᠬᠡᠷᠡᠭᠲᠠᠢ᠃ ᠡᠯ᠎ᠡ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠠᠭᠠᠯᠠᠯᠲᠠ ᠠᠷᠠᠴᠢᠯᠠᠯᠲᠠ ᠳᠤ ᠬᠡᠷᠡᠭᠯᠡᠬᠦ ᠪᠠᠯᠠ ᠮᠥᠩᠭᠦ ᠳᠤ ᠪᠥᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠬᠠᠶ ᠳᠤᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠠ ᠵᠣᠬᠢᠬᠤ ᠬᠤᠭᠤᠴᠠᠭᠠᠨ ᠤ  ᠬᠠᠮᠠᠭᠠᠯᠠᠯᠲᠠ ᠠᠷᠠᠴᠢᠯᠠᠯᠲᠠ ᠶᠢ ᠨᠡᠶᠢᠯᠡᠭᠦᠯᠦᠨ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠬᠢᠭᠡᠳ ᠠᠵᠤ  ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠢ ᠨᠢᠭᠡ ᠴᠤᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠵᠦ᠂ ᠡᠵᠡᠩᠨᠡᠯᠲᠡ ᠶᠢᠨ ᠠᠰᠢᠭ ᠣᠯᠵᠠᠪᠤᠷᠢ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ  ᠬᠠᠮᠠᠭᠠᠯᠠᠯᠲᠠ ᠠᠷᠠᠴᠢᠯᠠᠯᠲᠠ ᠳᠤ  ᠬᠡᠷᠡᠭᠯᠡᠬᠦ ᠬᠡᠷᠡᠭᠲᠠᠢ᠃ ᠵᠠᠰᠠᠮᠠᠯ ᠵᠠᠮ ᠤᠨ ᠨᠡᠷ᠎ᠡ ᠬᠠᠳᠠᠬᠤ ᠡᠷᠬᠡ ᠂ ᠵᠠᠷ ᠮᠡᠳᠡᠭᠡ ᠶᠢᠨ ᠡᠷᠬᠡ᠂ ᠠᠵᠤ ᠠᠬᠤᠶᠢᠯᠠᠯ ᠪᠠ ᠨᠡᠶᠢᠭᠡᠮ ᠠᠴᠠ ᠪᠠᠯᠠ ᠮᠥᠩᠭᠦ ᠬᠠᠨᠳᠢᠪᠯᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠠᠭᠠᠯᠠᠯᠲᠠ ᠠᠷᠠᠴᠢᠯᠠᠯᠲᠠ ᠶᠢᠨ ᠪᠠᠯᠠ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃    ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂  ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠵᠠᠩᠭᠢᠯᠠᠭ᠎ᠠ ᠶᠢᠨ ᠴᠡᠭ ᠢᠶᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ ᠲᠦᠷᠭᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃  
 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号