ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ᠄ | ︽ᠣᠷᠳᠣᠰ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠬᠦᠭᠵᠢᠬᠦᠯᠬᠦ﹀ | ᠠᠵᠢᠯᠯᠠᠭ᠎ᠠ ᠶᠢ ᠬᠦᠨᠵᠡᠬᠡᠢ ᠨᠠᠶᠢᠲᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠬᠦᠳᠡᠯᠬᠡᠬᠦᠷ ᠪᠤᠯᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ 2021 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ | ᠨᠢᠭᠡᠨᠲᠡ ᠰᠤᠳᠤᠯᠤᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠲᠠᠪᠤᠷᠢᠵᠢᠭᠤᠯᠰᠤᠭᠠᠢ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 5 ᠰᠠᠷ᠎ᠠ ᠶᠢᠨ 19 ᠤ ᠡᠳᠦᠷ | | | | | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠬᠦᠨᠵᠡᠬᠡᠢ | ᠨᠠᠶᠢᠲᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ | ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠢᠨ᠎ᠡ ᠶᠢ | ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ ᠶᠠᠪᠤᠳᠠᠯ ᠮᠥᠨ᠃ ᠰᠢᠨ᠎ᠡ ᠶᠢ ᠡᠭᠦᠳᠬᠦ | ᠬᠥᠭᠵᠢᠯᠲᠡ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠬᠦ ᠶᠢᠨ ᠲᠤᠰᠠᠳᠠ᠂ ︽ | ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠰᠢᠨᠵᠢᠯᠡᠬᠦ ᠤᠬᠠᠭᠠᠨ | ᠮᠡᠷᠭᠡᠵᠢᠯ ᠢᠶᠠᠷ ᠦᠪᠦᠷ ᠮᠣᠩᠭᠤᠯ ᠢ ᠬᠦᠭᠵᠢᠬᠦᠯᠬᠦ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ︾ ︵ᠥᠪᠥᠷ ᠨᠠᠮ ᠲᠠᠷᠬᠠᠭᠠᠭᠰᠠᠨ ﹇2020﹈ 17 ᠳ᠋ᠤᠭᠠᠷ ᠲᠣᠭᠠᠲᠤ︶ ᠢ ᠦᠨᠳᠦᠰᠦᠯᠡᠨ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠨᠠᠢᠮᠠᠨ ᠶᠡᠭᠡ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠥᠲᠥᠭᠡᠨ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠲᠤᠭᠳᠠᠵᠤ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠤᠨ᠎ᠠ | ︵ᠨᠢᠭᠡ︶ ᠠᠵᠤ ᠦᠢᠯᠡᠰ ᠤᠨ ᠬᠡᠯᠬᠢᠶ᠎ᠡ ᠶᠢ ᠳᠠᠬᠢᠨ ᠪᠠᠶᠢᠭᠤᠯᠬᠤ ᠶᠢ ᠠᠬᠢᠭᠤᠯᠤᠨ᠎ᠠ᠃ ᠠᠷᠢᠭᠤᠨ ᠴᠡᠪᠡᠷ | ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠥᠷᠪᠡᠨ ᠭᠤᠣᠯᠳᠠᠯᠭ᠎ᠠ ᠲᠠᠢ ᠠᠵᠤ ᠦᠢᠯᠡᠰ ᠢ | ᠳᠣᠪᠤᠶᠢᠯᠭᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠳᠤᠲᠠᠭᠳᠠᠵᠤ ᠪᠠᠶᠢᠭ᠎ᠠ ᠬᠡᠰᠡᠭ ᠪᠠ | ᠪᠠᠭᠤᠷᠠᠢ ᠭᠤᠭᠴᠤᠭ᠎ᠠ ᠶᠢᠨ ᠲᠣᠭᠤᠷᠢᠨ ᠳᠤ᠂ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠤᠷᠲᠤᠳᠬᠠᠨ ᠬᠡᠯᠬᠢᠶ᠎ᠡ | ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠤᠭᠠᠴᠢᠨ | ᠤᠷᠢᠬᠤ ᠶᠢ ᠤᠨᠢᠨ ᠳᠡᠭᠡᠷ᠎ᠡ ᠨᠢ ᠥᠷᠨᠢᠭᠦᠯᠵᠦ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ | ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠷᠴᠢᠮᠯᠢᠭ ᠥᠨᠳᠥᠷ ᠦᠷ᠎ᠡ ᠪᠦᠲᠦᠮᠵᠢᠲᠠᠢ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠲᠣᠭᠲᠠᠭᠤᠨ ᠪᠦᠷᠢᠨ ᠪᠦᠲᠦᠨ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠶ | ᠵᠦᠢᠯ ᠤᠨ ᠪᠠᠯᠠ ᠮᠥᠩᠭᠦ ᠶᠢ ᠪᠠᠶᠢᠭᠤᠯᠵᠤ᠂ ᠳᠥᠷᠪᠡᠨ ᠭᠤᠤᠯᠳᠠᠯᠭ᠎ᠠ ᠲᠠᠢ ᠠᠵᠤ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠶᠢᠯᠡᠰᠵᠢᠭᠦᠯᠬᠦ ᠲᠥᠷᠥᠯ ᠵᠦᠢᠯ ᠢ ᠳᠡᠮᠵᠢᠵᠦ᠂ ᠬᠤᠲᠠ᠂ | ᠬᠤᠰᠢᠭᠤ ᠲᠣᠭᠤᠷᠢᠭ ︵ᠬᠦᠷᠢᠶᠡᠯᠡᠩ ᠲᠣᠭᠤᠷᠢᠭ︶ ᠨᠢ ᠲᠥᠷᠥᠯ ᠵᠦᠢᠯ ᠤᠨ ᠬᠡᠪᠴᠢᠶ᠎ᠡ᠂ ᠮᠡᠷᠭᠡᠵᠢᠯ ᠤᠨ | ᠲᠡᠷᠢᠭᠦᠨ ᠤ ᠴᠢᠨᠠᠷ ᠵᠢᠴᠢ ᠠᠵᠤ ᠦᠢᠯᠡᠰ ᠲᠤ ᠦᠵᠡᠭᠦᠯᠬᠦ ᠳᠠᠶᠢᠴᠢᠯᠠᠬᠤ ᠦᠢᠯᠡᠳᠦᠯ ᠵᠡᠷᠭᠡ ᠶᠢ ᠦᠨᠳᠦᠰᠦᠯᠡᠨ | ᠬᠠᠮᠲᠤᠪᠠᠷ ᠳᠡᠮᠵᠢᠯᠭᠡ ᠦᠵᠡᠭᠦᠯᠦᠨ᠎ᠡ᠃ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠳᠤ ᠡᠭᠦᠰᠦᠭᠰᠡᠨ | ᠮᠡᠷᠭᠡᠵᠢᠯ ᠣᠷᠣᠭᠤᠯᠬᠤ ᠵᠠᠷᠤᠳᠠᠯ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠨᠥᠬᠦᠪᠥᠷᠢ | ᠣᠯᠭᠤᠨ᠎ᠠ᠃ ᠬᠤᠲᠠ ᠶᠢᠨ ᠳᠣᠲᠣᠷᠠᠬᠢ ᠡᠯ᠎ᠡ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠤᠨ ᠳᠡᠭᠡᠳᠦ | ᠳᠣᠤᠷᠠᠳᠤ ᠤᠷᠤᠰᠬᠠᠯ ᠤᠨ ᠠᠵᠤ ᠠᠬᠤᠶᠢᠯᠠᠯ ᠲᠠᠢ ᠬᠤᠯᠪᠣᠭᠠᠯᠠᠨ ᠠᠵᠤ ᠦᠢᠯᠡᠰ ᠤᠨ ᠭᠡᠯᠬᠢᠶ᠎ᠡ ᠶᠢᠨ | ᠬᠠᠮᠲᠤᠷᠠᠯᠴᠠᠭᠠᠨ ᠤ ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠮᠡᠳᠡᠭᠡ ᠵᠠᠩᠭᠢ | ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ | ᠬᠠᠮᠲᠤᠷᠠᠨ ᠪᠣᠭᠤᠮᠲᠠ ᠰᠢᠪᠲᠤᠯᠬᠤ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠬᠡᠷᠡᠭᠴᠡᠭᠡ ᠶᠢᠨ | ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠡᠭᠡᠳᠦ ᠳᠣᠤᠷᠠᠳᠤ ᠤᠷᠤᠰᠬᠠᠯ ᠤᠨ ᠪᠠ ᠵᠡᠬᠦᠨᠳᠡᠬᠢ ᠪᠠᠷᠠᠭᠤᠨᠳᠡᠬᠢ | ᠬᠡᠯᠬᠢᠶ᠎ᠡ ᠶᠢᠨ ᠠᠵᠤ ᠠᠬᠤᠶᠢᠯᠠᠯ ᠤᠨ ᠬᠠᠮᠵᠢᠯᠴᠠᠨ ᠢᠵᠢ ᠪᠥᠷᠢᠳᠦᠭᠦᠯᠬᠦ ᠶᠢ ᠠᠬᠢᠭᠤᠯᠤᠨ᠎ᠠ᠃︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ | ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ | ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠰᠢᠨ᠎ᠡ ᠶᠢ ᠡᠭᠦᠳᠬᠦ ᠬᠡᠯᠬᠢᠶ᠎ᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠵᠦᠢᠯᠡᠰ ᠢ ᠭᠤᠣᠯᠳᠠᠯᠭ᠎ᠠ ᠲᠠᠢ ᠠᠵᠤ ᠦᠢᠯᠡᠰ ᠳᠡᠭᠡᠷ᠎ᠡ ᠲᠥᠪᠯᠡᠷᠡᠭᠦᠯᠦᠨ ᠪᠠᠶᠢᠷᠢᠯᠠᠭᠤᠯᠬᠤ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠶ ᠶᠢᠨ ᠤᠶᠠᠯᠳᠤᠯ ᠤᠨ ︽ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠵᠦ᠂ ᠠᠵᠤ ᠦᠢᠯᠡᠰᠵᠢᠯᠲᠡ ᠶᠢ ᠬᠠᠷᠰᠢᠯᠠᠵᠤ ᠪᠠᠶᠢᠭᠰᠠᠨ ︽ᠰᠢᠪᠡᠭᠡ ᠬᠠᠰᠢᠶ᠎ᠠ︾ ᠶᠢ | ᠨᠤᠷᠠᠭᠠᠵᠤ᠂ ᠠᠵᠤ ᠦᠢᠯᠡᠰ ᠤᠨ ᠳᠤᠮᠳᠠ ᠳᠡᠭᠡᠳᠦ ᠲᠡᠰ ᠲᠡᠶᠢᠰᠢ ᠲᠡᠪᠰᠢᠬᠤ ᠶᠢ ᠠᠬᠢᠭᠤᠯᠤᠨ᠎ᠠ᠃ ᠡᠨᠧᠷᠭᠢ ᠶᠢᠨ | ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ | ᠭᠠᠳᠠᠭᠰᠢᠯᠠᠭᠤᠯᠬᠤ ᠤᠷᠬᠢᠯ ᠬᠡᠮᠵᠢᠭᠳᠡᠯ ᠬᠥᠷᠬᠦ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠭᠠᠳᠠᠭᠰᠢᠯᠠᠭᠤᠯᠬᠤ | ᠵᠦᠭᠰᠢᠷᠡᠬᠦᠯᠦᠨ ᠨᠠᠮᠳᠠᠭᠠᠬᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ᠂ ᠥᠩᠭᠡ ᠦᠵᠡᠮᠵᠢ ᠶᠢᠨ | ᠤᠰᠤᠲᠥ᠋ᠷᠥᠭᠴᠢ ᠬᠠᠳᠠᠭᠠᠯᠠᠬᠤ ᠲᠠᠯᠠᠪᠤᠷ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠ | ᠭᠤᠤᠯᠳᠠᠯᠭ᠎ᠠ ᠲᠠᠢ ᠠᠵᠤ ᠦᠢᠯᠡᠰ ᠤᠨ ᠮᠡᠷᠭᠡᠵᠢᠯ ᠤᠨ ᠲᠠᠰ ᠳᠡᠪᠰᠢᠬᠦ ᠶᠢᠨ ᠲᠣᠭᠤᠷᠢᠨ ᠳᠤ᠂ ᠰᠢᠨ᠎ᠡ ᠶᠢ ᠡᠭᠦᠳᠬᠦ | ᠬᠡᠯᠬᠢᠶᠡᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶᠡᠨ ᠤ ᠵᠢᠷᠤᠭ ᠤᠨ ᠵᠢᠭᠰᠠᠯ ᠢ | ᠲᠣᠭᠲᠠᠭᠠᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠳᠡᠮᠵᠢᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯᠡᠰ ᠢ ᠬᠠᠮᠲᠤᠷᠠᠨ ᠬᠡᠷᠡᠭᠵᠢᠭᠦᠯᠵᠦ᠂ ᠲᠠᠩ | ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠳᠡᠮᠵᠢᠯᠭᠡ | ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠶ᠋ᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ | ᠡᠨᠧᠷᠭᠢ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ | ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ | ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠭᠤᠷᠪᠠ︶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ | ᠲᠤᠭᠠᠵᠢᠭᠤᠯᠤᠭᠰᠠᠨ ᠠᠵᠤ ᠠᠬᠤᠶ ᠪᠠ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠣᠶᠤᠨᠴᠢ | ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠲᠥᠷᠥᠯ ᠵᠦᠢᠯ ᠪᠠ ᠰᠢᠨ᠎ᠡ ᠰᠠᠭᠤᠷᠢ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠥᠪᠯᠡᠷᠡᠭᠦᠯᠦᠨ ᠲᠡᠳᠬᠦᠵᠦ ᠨᠠᠶᠢᠳᠠᠪᠤᠷᠢᠵᠢᠭᠤᠯᠤᠨ᠎ᠠ᠃ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢ | ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠬᠤᠲᠠ᠂ ᠬᠤᠰᠢᠭᠤ ᠲᠣᠭᠤᠷᠢᠭ ︵ᠬᠦᠷᠢᠶᠡᠯᠡᠩ | ᠲᠣᠭᠤᠷᠢᠭ︶ ᠨᠢ ᠲᠥᠷᠥᠯ ᠵᠦᠢᠯ ᠤᠨ ᠮᠡᠷᠭᠡᠵᠢᠯ ᠤᠨ ᠲᠡᠷᠢᠭᠦᠨ ᠤ ᠴᠢᠨᠠᠷ᠂ ᠵᠢᠱᠢᠭᠰᠡᠨ ᠦᠷ᠎ᠡ ᠠᠰᠢᠭ ᠵᠡᠷᠭᠡ ᠶᠢ | ᠦᠨᠳᠦᠰᠦᠯᠡᠨ ᠬᠠᠮᠲᠤᠪᠠᠷ ᠳᠡᠮᠵᠢᠯᠭᠡ ᠦᠵᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠠᠰᠢᠭᠯᠠᠯᠲᠠ ᠳᠤ ᠤᠷᠤᠭᠤᠯᠬᠤ ᠠᠴᠠ ᠡᠮᠦᠨᠡᠬᠢ ᠲᠤᠷᠰᠢᠯᠲᠠ ᠪᠠᠷ ᠪᠣᠯᠪᠠᠰᠤᠷᠠᠩᠭᠤᠶ ᠪᠣᠯᠭᠠᠬᠤ ᠶᠢ | ᠠᠬᠢᠭᠤᠯᠤᠨ᠂ ᠠᠵᠤ ᠦᠢᠯᠡᠰᠵᠢᠬᠦᠯᠦᠯᠲᠡ ᠶᠢᠨ ᠮᠡᠷᠭᠡᠵᠢᠯ ᠤᠨ ᠪᠣᠭᠤᠮᠢ ᠶᠢ ᠰᠢᠪᠲᠤᠯᠵᠤ᠂ ᠲᠠᠩ ᠭᠠᠭᠴᠠ ᠲᠥᠷᠥᠯ | ᠵᠦᠢᠯ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ᠬᠢᠶ᠎ᠠ | ᠪᠠᠭᠰᠢ ᠲᠣᠭᠤᠷᠢᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠤᠷᠢᠳᠠᠪᠠᠷ ᠬᠡᠷᠡᠭᠵᠢᠭᠦᠯᠬᠦ ᠬᠤᠲᠠ ᠪᠠᠶᠢᠭᠤᠯᠬᠤ | ᠶᠢ ᠳᠡᠮᠵᠢᠵᠦ᠂ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠥᠨᠳᠦᠷᠯᠢᠭ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ | ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ | ᠢᠶᠠᠷ ᠲᠤᠯᠭᠠᠭᠤᠷᠢᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠥᠨᠳᠥᠷ ᠦᠷ᠎ᠡ ᠠᠰᠢᠭ ᠲᠠᠢ ᠡᠭᠦᠯᠳᠡᠷ ᠪᠤᠶᠢᠵᠢᠭᠤᠯᠬᠤ | ᠂ ᠤᠨᠴᠠᠯᠢᠭᠳᠤ ᠳᠠᠷᠢᠵᠤ ᠲᠡᠵᠢᠭᠡᠬᠦ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠠᠰᠢᠭᠯᠠᠯᠲᠠ᠂ | ᠲᠠᠷᠢᠶᠠᠯᠠᠩ ᠮᠠᠯ ᠠᠵᠤ ᠠᠬᠤᠶ ᠶᠢᠨ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ | ᠲᠠᠷᠢᠶᠠᠯᠠᠩ ᠮᠠᠯ ᠠᠵᠤ ᠠᠬᠤᠶ ᠶᠢᠨ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠠ | ᠳᠡᠯᠭᠡᠷᠡᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ | ᠪᠥᠲᠥᠭᠡᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠲᠣᠭᠤᠷᠢᠨ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠴᠡᠪᠡᠷ ᠡᠨᠧᠷᠭᠢ | ᠬᠠᠩᠭᠠᠬᠤ᠂ ᠥᠨᠳᠥᠷ ᠦᠷ᠎ᠡ ᠪᠦᠲᠦᠮᠵᠢᠲᠡᠶ ᠣᠯᠠᠨ ᠨᠡᠶᠢᠲᠡ ᠶᠢᠨ ᠦᠢᠯᠡᠴᠢᠯᠡᠬᠡᠨ ᠵᠡᠷᠭᠡ ᠲᠠᠯ᠎ᠠ ᠶᠢᠨ ᠮᠡᠷᠭᠡᠵᠢᠯ ᠤᠨ | ᠵᠢᠱᠢᠶ᠎ᠡ ᠦᠵᠡᠭᠦᠯᠦᠨ ᠬᠡᠷᠡᠭᠯᠡᠬᠦ ᠶᠢ ᠳᠡᠮᠵᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠰᠢᠨᠵᠢᠯᠡᠬᠦ | ᠤᠬᠠᠭᠠᠨ ᠮᠡᠷᠭᠡᠵᠢᠯ ᠤᠨ ᠡᠨᠧᠷᠭᠢ ᠨᠡᠮᠡᠷᠢᠯᠡᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ | ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠳᠣᠰ ᠤᠨ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠲᠤ 5 ᠵᠢᠯ ᠳᠠᠷᠠᠭᠠᠯᠠᠨ᠂ | ᠵᠢᠯ ᠪᠦᠷᠢ ᠠᠳᠠᠭ ᠪᠠᠭ᠎ᠠ ᠳᠠᠭᠠᠨ 1000 ᠲᠦᠮᠡᠨ ᠲᠥᠭᠦᠷᠢᠭ ᠲᠤᠬᠢᠷᠠᠭᠤᠯᠵᠤ᠂ ᠰᠢᠨᠵᠢᠯᠡᠬᠦ ᠤᠬᠠᠭᠠᠨ ᠤ | ᠰᠤᠳᠤᠯᠤᠯ ᠤᠨ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠵᠤ᠂ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠦᠷ᠎ᠡ ᠪᠦᠲᠦᠭᠡᠯ ᠢ | ᠤᠯᠠᠷᠢᠭᠤᠯᠬᠤ ᠶᠢ ᠥᠷᠨᠢᠭᠦᠯᠦᠨ᠎ᠡ᠃ ᠮᠠᠨ ᠤ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠶᠢ ᠬᠥᠲᠥᠯᠥᠨ | ᠵᠢᠯᠣᠭᠤᠳᠬᠤ ᠪᠠ ᠲᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠦᠷᠢᠮ ᠢ | ᠭᠦᠨᠵᠡᠭᠡᠶ ᠬᠡᠷᠡᠭᠵᠢᠭᠦᠯᠵᠦ᠂ ᠬᠠᠮᠢᠶᠠᠷᠤᠯᠲᠠ ᠶᠢᠨ ᠲᠣᠭᠲᠠᠴᠠ ᠪᠠ ᠳᠡᠮᠵᠢᠬᠦ ᠠᠷᠭ᠎ᠠ ᠬᠡᠮᠵᠢᠶ᠎ᠡ ᠶᠢᠨ ᠰᠢᠨ᠎ᠡ ᠶᠢ | ᠡᠭᠦᠳᠴᠦ᠂ ᠵᠢᠯ ᠪᠦᠷᠢ ᠠᠳᠠᠭ ᠪᠠᠭ᠎ᠠ ᠳᠠᠭᠠᠨ 1000 ᠲᠦᠮᠡᠨ ᠲᠥᠭᠦᠷᠢᠭ ᠲᠤᠬᠢᠷᠠᠭᠤᠯᠵᠤ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠲᠠᠪᠤ︶ ᠨᠡᠶᠢᠭᠡᠮ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠯᠥᠪᠯᠡᠭᠡ ᠶᠢ | ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ᠂ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ | ᠬᠢᠭᠡᠳ ᠡᠷᠡᠭᠦᠯ ᠮᠡᠨᠳᠤ᠂ ᠤᠯᠠᠨ ᠨᠡᠶᠢᠲᠡ ᠶᠢᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠳᠤ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ | ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ ᠬᠡᠷᠡᠭᠯᠡᠬᠦ ᠶᠢ ᠲᠡᠮᠵᠢᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢᠨ ᠡᠷᠴᠢᠮᠵᠢᠭᠦᠯᠦᠨ ᠬᠠᠮᠵᠢᠯᠴᠠᠬᠤ ᠶᠢ | ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠲᠣᠭᠲᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠵᠢᠯ ᠪᠦᠷᠢ ᠠᠳᠠᠭ ᠪᠠᠭ᠎ᠠ ᠳᠠᠭᠠᠨ | 2000 ᠲᠦᠮᠡᠨ ᠲᠥᠭᠦᠷᠢᠭ ᠲᠤᠬᠢᠷᠠᠭᠤᠯᠵᠤ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠦᠷᠢᠶᠡᠨ ᠳᠠᠬᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ ᠣᠷᠳᠣᠰ ᠤᠨ ᠤᠯᠤᠰ ᠤᠨ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ | ᠶᠢ ᠠᠬᠢᠭᠤᠯᠵᠤ᠂ ᠵᠢᠯ ᠪᠦᠷᠢ 5000 ᠲᠦᠮᠡᠨ ᠲᠥᠭᠦᠷᠢᠭ ᠳᠣᠭᠢᠷᠠᠭᠤᠯᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ ᠮᠡᠷᠭᠡᠵᠢᠯ ᠢ ᠤᠯᠠᠷᠢᠭᠤᠯᠤᠨ ᠬᠡᠷᠡᠭᠯᠡᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ | ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ | ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠬᠤᠶᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ | ︵ᠵᠢᠷᠭᠤᠭ᠎ᠠ︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ | ᠶᠢ ᠲᠡᠭ ᠪᠣᠯᠭᠠᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠯ᠎ᠡ ᠬᠤᠰᠢᠭᠤ ᠲᠣᠭᠤᠷᠢᠭ᠂ ᠬᠦᠷᠢᠶᠡᠯᠡᠩ | ᠲᠣᠭᠤᠷᠢᠭ ᠨᠢ ᠠᠵᠤ ᠠᠬᠤᠶᠢᠯᠠᠯᠲᠠᠨ ᠤ ᠰᠢᠨ᠎ᠡ ᠶᠢ ᠡᠭᠦᠳᠦᠨ ᠬᠥᠭᠵᠢᠭᠦᠯᠬᠦ ᠦᠵᠡᠯ ᠤᠬᠠᠮᠰᠠᠷ ᠢ ᠬᠦᠴᠦᠯᠡᠨ | ᠪᠤᠶᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠢ ᠬᠥᠲᠥᠯᠦᠨ | ᠵᠢᠯᠣᠭᠤᠳᠴᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠠᠬᠢ ᠰᠤᠳᠤᠯᠤᠨ | ᠨᠡᠭᠡᠭᠡᠬᠦ ᠵᠠᠷᠤᠳᠠᠯ ᠤᠨ ᠵᠠᠷᠤᠯᠭ᠎ᠠ ᠥᠬᠡᠶ ᠪᠤᠶᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠪᠠᠷ ᠪᠠᠭ᠎ᠠ ᠪᠠᠶᠢᠪᠠᠯ᠂ | ︽ᠴᠡᠭ ᠠᠴᠠ ᠴᠡᠭ ᠲᠤ ᠬᠥᠷᠬᠦ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ | ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠬᠤᠲᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠥᠬᠡᠶ᠂ | ᠰᠤᠳᠤᠯᠤᠨ ᠨᠡᠭᠡᠭᠡᠬᠦ ᠪᠠᠶᠢᠭᠤᠯᠤᠮᠵᠢ ᠥᠬᠡᠶ ᠪᠠ ᠡᠭᠦᠳᠦᠯᠲᠡ ᠶᠢᠨ ᠲᠤᠰᠬᠠᠶ ᠠᠰᠢᠭ ᠥᠬᠡᠶ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ︽ᠦᠬᠡᠢ ᠪᠣᠯᠭᠠᠬᠤ︾ ᠶᠢ ᠪᠡᠶᠡᠯᠡᠭᠦᠯᠬᠦ ᠪᠠᠷ ᠴᠢᠷᠮᠠᠶᠢᠨ᠎ᠠ | ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡᠳᠬᠡᠯ | ᠮᠥᠩᠭᠦ ᠶᠢᠨ ᠲᠥᠷᠢᠮ ᠪᠠᠶᠢᠭᠤᠯᠬᠤ ᠶᠢ ᠠᠬᠢᠭᠤᠯᠵᠤ᠂ ᠰᠤᠳᠤᠯᠤᠨ ᠨᠡᠭᠡᠭᠡᠬᠦ ᠵᠠᠷᠤᠳᠠᠯ ᠤᠨ ᠲᠣᠭᠠᠴᠠᠭ᠎ᠠ ᠬᠢᠬᠦ ᠶᠢ | ᠵᠢᠷᠤᠮᠵᠢᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠵᠡᠩᠨᠡᠯᠲᠡ ᠶᠢᠨ ᠣᠷᠣᠯᠭ᠎ᠠ ᠳᠠᠬᠢ ᠡᠵᠡᠯᠡᠬᠦ | ᠬᠠᠷᠢᠴᠠᠯ ᠨᠢ 3% ᠠᠴᠠ ᠳᠡᠭᠡᠭᠰᠢ ᠪᠤᠯᠤᠭᠰᠠᠨ ᠪᠤᠶᠤ ᠰᠤᠳᠤᠯᠤᠨ ᠨᠡᠭᠡᠭᠡᠬᠦ ᠣᠷᠣᠭᠤᠯᠤᠯᠲᠠ ᠨᠢ 5000 ᠲᠦᠮᠡᠨ | ᠲᠥᠭᠦᠷᠢᠭ ᠠᠴᠠ ᠳᠡᠭᠡᠭᠰᠢ ᠪᠤᠯᠤᠭᠰᠠᠨ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠳᠤ ᠲᠠᠰ ᠬᠤᠪᠢᠶᠠᠨ | ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠱᠠᠭᠠᠷᠳᠠᠯᠭ᠎ᠠ ᠳᠤ | ᠬᠦᠷᠦᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠳᠠᠬᠢᠨ ᠢᠶᠠᠷ ᠱᠠᠩᠨᠠᠯ ᠨᠥᠬᠦᠪᠥᠷᠢ ᠣᠯᠭᠤᠨ᠎ᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠬᠢᠭᠡᠳ ᠡᠳ᠋ ᠤᠨ ᠵᠠᠰᠠᠭ ᠤᠨ ᠨᠥᠬᠦᠪᠥᠷᠢ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ | ᠨᠡᠶᠢᠯᠡᠭᠦᠯᠦᠨ ᠬᠤᠯᠪᠣᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠰᠤᠳᠤᠯᠤᠨ ᠨᠡᠭᠡᠭᠡᠬᠦ | ᠣᠷᠣᠭᠤᠯᠤᠯᠲᠠ ᠪᠠᠷ ᠶᠡᠭᠡ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠳᠠᠶᠢᠴᠢᠯᠠᠬᠤ | ᠦᠢᠯᠡᠳᠦᠯ ᠢᠶᠠᠷ ᠢᠯᠡᠷᠬᠡᠶ ᠳᠠᠭᠠᠭᠤᠯᠤᠭᠴᠢ ᠠᠵᠤ ᠠᠬᠤᠶᠢᠯᠠᠯ ᠳᠤ ᠲᠥᠷᠥᠯ ᠵᠦᠢᠯ᠂ ᠲᠠᠪᠴᠠᠩ ᠵᠡᠷᠭᠡ ᠲᠠᠯ᠎ᠠ ᠪᠠᠷ | ᠭᠤᠤᠯᠳᠠᠯᠭ᠎ᠠ ᠲᠠᠢ ᠳᠡᠮᠵᠢᠯᠭᠡ ᠦᠵᠡᠭᠦᠯᠵᠦ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠪᠠᠶᠢᠬᠤᠤ | ᠥᠪᠡᠷᠮᠢᠴᠡ ᠦᠢᠯᠡᠴᠢᠯᠡᠭᠡ ᠬᠠᠩᠭᠠᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠵᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠠᠰᠢᠭ ᠬᠤᠨᠵᠢᠪᠣᠷᠢ ᠲᠠᠢ ᠠᠳᠠᠯᠢ ᠪᠠᠷ ᠦᠵᠡᠵᠦ᠂ | ᠨᠡᠮᠡᠭᠳᠡᠯ ᠤᠨ ᠬᠡᠮᠵᠢᠶ᠎ᠡ ᠶᠢᠨ ᠬᠡᠰᠡᠭ ᠢ 150% ᠪᠠᠷ ᠨᠡᠮᠡᠵᠦ ᠪᠤᠳᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ | ᠰᠢᠨ᠎ᠡ ᠪᠠᠷ ᠮᠠᠭᠠᠳᠯᠠᠨ ᠲᠤᠭᠳᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ | ᠠᠬᠤᠶᠢᠯᠠᠯ ᠤᠨ ᠮᠡᠷᠭᠡᠵᠢᠯ ︵ᠰᠤᠳᠤᠯᠤᠨ ᠨᠡᠭᠡᠭᠡᠬᠦ︶ ᠤᠨ ᠲᠥᠪ ᠲᠤ ᠲᠣᠰ ᠲᠣᠰ ᠨᠢᠭᠡ ᠤᠳᠠᠭ᠎ᠠ ᠶᠢᠨ | ᠴᠢᠨᠠᠷᠲᠠᠶ ᠪᠠᠷ 300 ᠲᠦᠮᠡᠨ ᠲᠥᠭᠦᠷᠢᠭ ᠪᠠ 30 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ | ᠲᠥᠪ ᠤᠨ ᠠᠵᠤ ᠠᠬᠤᠶᠢᠯᠠᠯ ᠲᠠᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠳᠤ ᠰᠤᠳᠤᠯᠤᠨ | ᠨᠡᠭᠡᠭᠡᠬᠦ ᠲᠠᠪᠴᠠᠩ ᠪᠠᠶᠢᠭᠤᠯᠵᠤ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ | ᠳᠡᠮᠵᠢᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠰᠬᠠᠶ | ᠠᠰᠢᠭ ᠤᠨ ᠡᠭᠦᠳᠦᠨ ᠪᠦᠲᠦᠭᠡᠯᠲᠡ᠂ ᠬᠡᠷᠡᠭᠯᠡᠯᠲᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠠᠵᠢᠯ ᠢ ᠵᠢᠯᠣᠭᠤᠳᠤᠨ ᠤᠷᠮᠠᠰᠢᠭᠤᠯᠬᠤ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ | ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | ︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠱᠠᠲᠤᠯᠠᠨ | ᠪᠤᠶᠢᠵᠢᠭᠤᠯᠤᠨ᠎ᠠ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ︽ᠬᠤᠶᠠᠷ ᠲᠠᠬᠢᠨ ᠢᠶᠠᠷ | ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠵᠦ᠂ ᠱᠠᠲᠤᠯᠠᠨ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ᠎ᠠ᠃ | ᠬᠤᠶᠠᠷ ᠵᠢᠯ ᠳᠠᠷᠠᠭᠠᠯᠠᠨ ᠬᠥᠮᠥᠷᠭᠡ ᠳᠤ ᠣᠷᠣᠭᠤᠯᠤᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ | ᠶᠢᠨ ᠳᠤᠮᠳᠠ ᠵᠢᠵᠢᠭ ᠠᠵᠤ ᠠᠬᠤᠶᠢᠯᠠᠯ ᠳᠤ 5 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠳᠠᠬᠢᠨᠲᠠ | ᠵᠥᠪᠰᠢᠶᠡᠷᠡᠯ ᠣᠯᠤᠭᠰᠠᠨ ᠪᠠ ᠪᠦᠬᠦᠯᠢ ᠴᠣᠭᠴᠠ ᠪᠠᠷ ᠢᠶᠠᠨ ᠮᠠᠨ ᠤ ᠬᠤᠲᠠ ᠳᠤ ᠨᠡᠭᠦᠵᠦ ᠤᠷᠤᠭᠰᠠᠨ ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ | ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠬᠤᠲᠠ ᠶᠢᠨ ᠲᠠᠰ ᠤᠨ ︽ᠲᠤᠰᠬᠠᠶᠢᠵᠢᠭᠰᠠᠨ ᠨᠠᠷᠢᠯᠢᠭᠵᠢᠭᠰᠠᠨ | ᠤᠨᠴᠠᠭᠠᠶᠢᠵᠢᠭᠰᠠᠨ ᠰᠢᠨᠡᠴᠢᠯᠡᠭᠰᠡᠨ︾ ᠠᠵᠤ ᠠᠬᠤᠶᠢᠯᠠᠯ᠂ ︽ᠵᠢᠵᠢᠭ ᠮᠤᠨᠳᠠᠭ ᠤᠳ︾ ᠠᠵᠤ ᠠᠬᠤᠶᠢᠯᠠᠯ ᠳᠤ | ᠲᠣᠰ ᠲᠣᠰ ᠨᠢᠭᠡ ᠤᠳᠠᠭ᠎ᠠ ᠳᠤ 10 ᠲᠦᠮᠡᠨ ᠲᠥᠭᠦᠷᠢᠭ ᠪᠠ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ︶ | ︵ᠨᠠᠢᠮᠠ︶ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠵᠦᠢᠯᠡᠰ ᠢ | ᠬᠡᠷᠡᠭᠵᠢᠭᠦᠯᠬᠦ ᠶᠢ ᠲᠡᠮᠵᠢᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠵᠦᠢᠯᠡᠰ ᠢ | ᠡᠭᠦᠷᠭᠡᠯᠡᠵᠦ ᠪᠠᠶᠢᠭ᠎ᠠ ᠨᠢᠭᠡᠴᠡ ᠳᠤ ᠲᠡᠭᠦᠨ ᠤ ᠣᠯᠤᠭᠰᠠᠨ ᠤᠯᠤᠰ ᠤᠨ ᠲᠤᠰᠬᠠᠶ ᠵᠦᠢᠯ ᠤᠨ ᠰᠠᠯᠭᠠᠨ ᠥᠭᠬᠦ | ᠵᠣᠭᠤᠰ ᠤᠨ ᠲᠣᠭᠠᠨ ᠤ 10% ᠶᠢᠨ ᠨᠥᠬᠦᠪᠥᠷᠢ ᠥᠭᠭᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ | ᠶᠢᠨ ᠳᠤᠮᠳᠠ ᠵᠢᠵᠢᠭ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠤᠰᠬᠠᠶ ᠵᠦᠢᠯ ᠤᠨ ᠪᠡᠯᠡ | ᠮᠥᠩᠭᠦ ᠶᠢ ᠠᠳᠠᠭ ᠪᠠᠭ᠎ᠠ ᠳᠠᠭᠠᠨ 1000 ᠲᠦᠮᠡᠨ ᠲᠥᠭᠦᠷᠢᠭ ᠲᠤᠬᠢᠷᠠᠭᠤᠯᠵᠤ᠂ ᠳᠤᠮᠳᠠ ᠵᠢᠵᠢᠭ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ ᠠᠵᠤ ᠠᠬᠤᠶᠢᠯᠠᠯ | ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠲᠣᠭᠲᠠᠭᠠᠬᠤ ᠶᠢ | ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠳᠣᠲᠣᠭᠠᠳᠤ ᠶᠢᠨ ᠰᠤᠳᠤᠯᠤᠨ ᠨᠡᠭᠡᠭᠡᠬᠦ ᠬᠠᠮᠢᠶᠠᠷᠤᠯᠲᠠ ᠶᠢᠨ ᠲᠥᠷᠢᠮ | ᠢ ᠲᠡᠬᠦᠯᠳᠡᠷᠵᠢᠬᠦᠯᠵᠤ᠂ ᠰᠢᠨ᠎ᠡ ᠶᠢ ᠡᠭᠦᠳᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠨ᠎ᠡ᠃ ᠰᠢᠨ᠎ᠡ ᠶᠢ ᠡᠭᠦᠳᠬᠦ | ᠬᠡᠯᠪᠡᠷᠢ ᠶᠢᠨ ᠠᠵᠤ ᠠᠬᠤᠶᠢᠯᠠᠯᠲᠠᠨ ᠢ ᠶᠡᠬᠡᠪᠡᠷ ᠪᠤᠶᠢᠵᠢᠭᠤᠯᠵᠤ᠂ ᠠᠵᠤ ᠠᠬᠤᠶᠢᠯᠠᠯ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠤᠰᠢᠶᠠᠯᠲᠠᠨ ᠢ ᠰᠣᠩᠭᠤᠨ ᠲᠣᠮᠢᠯᠠᠵᠤ᠂ ᠠᠵᠤ | ᠠᠬᠤᠶᠢᠯᠠᠯ ᠤᠨ ᠮᠡᠷᠭᠡᠵᠢᠯ ᠤᠨ ᠲᠦᠷᠦᠭᠦᠦ ᠲᠤᠰᠢᠶᠠᠯᠲᠠᠨ ᠢ ᠪᠤᠶᠢᠵᠢᠭᠤᠯᠬᠤ ᠶᠢ ᠵᠣᠷᠢᠭᠵᠢᠭᠤᠯᠤᠨ ᠲᠡᠮᠵᠢᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ | ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠶᠢᠰᠦ︶ ᠠᠵᠤ ᠠᠬᠤᠶᠢᠯᠠᠯ ᠳᠤ ᠬᠤᠯᠪᠣᠭᠳᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠤᠳᠤᠵᠤ ᠰᠠᠭᠤᠳᠬᠠᠨ ᠬᠠᠰᠤᠬᠤ᠂ ᠠᠵᠤ ᠠᠬᠤᠶᠢᠯᠠᠯ ᠤᠨ | ᠠᠵᠢᠯᠳᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ | ᠬᠠᠰᠤᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠶᠢᠨ ᠨᠤᠷᠮ᠎ᠠ ᠶᠢᠨ ᠬᠠᠷᠠᠭᠠᠯᠵᠠᠯ᠂ ᠠᠳᠠᠯ | ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠶᠢᠯᠢ ᠲᠤᠰᠢᠶᠠᠪᠠᠯ ᠵᠣᠬᠢᠬᠤ ᠠᠰᠢᠭ | ᠣᠷᠣᠯᠭ᠎ᠠ ᠶᠢᠨ ᠲᠤᠭ᠎ᠠ ᠶᠢ ᠲᠤᠯᠭᠠᠨ ᠬᠠᠰᠤᠬᠤ᠂ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠶᠢᠨ | ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠭᠠᠶᠢᠯᠢ ᠲᠠᠳᠠᠪᠤᠷᠢ ᠶᠢᠨ ᠬᠠᠷᠠᠭᠠᠯᠵᠠᠯ ᠤᠨ ᠲᠥᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠬᠡᠭᠰᠡᠨ ᠠᠵᠤ ᠦᠢᠯᠡᠰ ᠤᠨ | ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠠᠷᠠᠯᠵᠢᠶ᠎ᠠ ᠳᠤ ᠤᠷᠢᠳᠠᠪᠠᠷ ᠣᠷᠣᠯᠴᠠᠬᠤ᠂ ᠨᠠᠷᠠᠨ ᠤ ᠡᠨᠧᠷᠬᠢ᠂ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠶᠢ ᠲᠣᠬᠢᠷᠠᠭᠤᠯᠬᠤ᠂ ᠲᠣᠩᠭᠤᠷᠤᠤ ᠱᠠᠲᠤᠯᠢᠭ ᠴᠠᠬᠢᠯᠭᠠᠨ | ᠳᠠᠮᠵᠢᠭᠤᠯᠵᠤ ᠲᠦᠭᠡᠭᠡᠬᠦ ᠦᠨ᠎ᠡ ᠶᠢ ᠬᠡᠷᠡᠭᠵᠢᠬᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ | ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ | ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠮᠡᠷᠭᠡᠵᠢᠯ ᠤᠨ ᠦᠷ᠎ᠡ ᠪᠦᠲᠦᠭᠡᠯ ᠢ ᠡᠵᠡᠮᠰᠢᠭᠴᠢ ᠮᠠᠨ ᠤ ᠬᠤᠲᠠ ᠳᠤ | ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠠᠶᠢᠭᠤᠯᠬᠤ ᠭᠠᠶᠢᠯᠢ ᠲᠠᠲᠠᠪᠤᠷᠢ ᠶᠢ | ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠠᠴᠢᠶᠠᠯᠠᠪᠤᠷᠢ ᠶᠢ ᠪᠥᠲᠥᠭᠡᠨ ᠪᠠᠶᠢᠭᠤᠯᠬᠤ | ᠠᠵᠢᠯᠯᠠᠭ᠎ᠠ | ︵ᠠᠷᠪᠠ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠨ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ | ᠠᠵᠠ ᠲᠣᠬᠢᠶᠠᠯ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ︽ᠶᠠᠰᠤ ᠴᠢᠨᠠᠷ ᠢ ᠳᠡᠭᠡᠭᠰᠢᠯᠡᠭᠦᠯᠵᠦ ᠣᠷᠣᠨ ᠪᠠᠶᠢᠷᠢ ᠶᠢ ᠨᠢ | ᠳᠡᠭᠡᠭᠰᠢᠯᠡᠭᠦᠯᠬᠦ︾ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠲᠠᠰ ᠤᠨ | ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ | ᠪᠤᠶᠢᠵᠢᠭᠤᠯᠬᠤ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠰᠢᠨ᠎ᠡ ᠬᠡᠯᠪᠡᠷᠢ ᠶᠢᠨ ᠬᠢᠮᠢ | ᠶᠢᠨ ᠠᠵᠤ ᠦᠢᠯᠡᠳᠪᠦᠷᠢ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢᠨ ᠲᠣᠭᠤᠷᠢᠨ ᠳᠤ᠂ ᠬᠥᠲᠥᠴᠢ ᠠᠵᠤ | ᠠᠬᠤᠶᠢᠯᠠᠯ ᠪᠠ ᠨᠠᠷᠠᠲᠤ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠨᠢᠭᠲᠠ ᠠᠩᠬᠠᠷᠴᠤ᠂ ᠨᠢᠭᠡ ᠪᠦᠯᠦᠭ | ᠴᠢᠬᠤᠯᠠ ᠶᠡᠭᠡ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠥᠷᠥᠯ ᠵᠦᠢᠯ ᠪᠠ ᠳᠡᠭᠡᠳᠦ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠲᠥᠪᠯᠡᠷᠡᠭᠦᠯᠦᠨ ᠬᠦᠴᠦ ᠣᠷᠣᠭᠤᠯᠤᠨ | ᠠᠪᠴᠢᠷᠠᠬᠤ ᠬᠡᠷᠡᠭᠲᠡᠶ᠃ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠᠷ ᠳᠠᠮᠵᠢᠭᠤᠯᠤᠨ᠂ ᠣᠷᠳᠣᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠲᠡ ᠶᠢᠨ ᠲᠤᠭᠤᠷᠢᠭ ᠢ ᠪᠥᠬᠦ ᠬᠤᠲᠠ ᠶᠢᠨ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠨᠡᠮᠡᠭᠳᠡᠯ ᠤᠨ ᠲᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠭᠤᠯᠤᠮᠳᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ | ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠱᠠᠲᠤᠨ ᠠᠴᠠ | ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠲᠡᠭᠦᠯᠳᠡᠷᠵᠢᠭᠦᠯᠬᠦ ᠶᠢ ᠳᠡᠮᠵᠢᠵᠦ᠂ ᠰᠢᠨ᠎ᠡ | ᠬᠡᠯᠪᠡᠷᠢ ᠶᠢᠨ ᠵᠠᠰᠠᠯᠲᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠡᠷᠬᠡ ᠣᠯᠭᠤᠬᠤ ᠵᠦᠢᠯᠡᠰ ᠤᠨ ᠨᠠᠷᠢᠨ | ᠬᠠᠭᠤᠳᠠᠰᠤ ᠶᠢ ᠪᠠᠶᠢᠭᠤᠯᠵᠤ᠂ ᠬᠤᠲᠠ ᠶᠢᠨ ᠱᠠᠲᠤᠨ ᠤ ᠠᠵᠤ ᠠᠬᠤᠶ ᠶᠢᠨ ᠬᠠᠮᠢᠶᠠᠷᠤᠯᠲᠠ ᠶᠢᠨ ᠡᠷᠬᠡ ᠮᠡᠳᠡᠯ ᠢ | ᠪᠦᠬᠦᠨ ᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ | ᠪᠠᠭᠤᠯᠭᠠᠨ᠎ᠠ᠃ ᠬᠤᠲᠠ ᠶᠢᠨ ᠡᠳ᠋ ᠤᠨ ᠵᠠᠰᠠᠭ ᠠᠴᠠ ᠵᠢᠯ ᠪᠦᠷᠢ 5000 ᠲᠦᠮᠡᠨ ᠲᠥᠭᠦᠷᠢᠭ ᠳᠣᠭᠢᠷᠠᠭᠤᠯᠤᠨ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠡᠪᠴᠢᠬᠦᠯᠬᠦ | ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠰᠢᠨ᠎ᠡ ᠶᠢ ᠡᠭᠦᠳᠬᠦ ᠲᠠᠪᠴᠠᠩ ᠢ ᠪᠤᠶᠢᠵᠢᠭᠤᠯᠤᠨ᠂ | ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠤᠷᠳᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ | ᠮᠠᠲ᠋ᠧᠷᠢᠶᠠᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠥᠳᠥᠭᠡᠨ ᠪᠠᠶᠢᠭᠤᠯᠬᠤ ᠶᠢ ᠲᠡᠮᠵᠢᠨ᠎ᠡ᠃ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠦᠷᠢᠶᠡᠴᠢᠯᠡᠭᠰᠡᠨ ᠬᠢᠨᠠᠨ ᠰᠢᠯᠭᠠᠯᠲᠠ ᠶᠢ ᠬᠡᠷᠡᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠪᠤᠶᠢᠵᠢᠭᠤᠯᠬᠤ ᠬᠦᠢᠴᠡᠳᠬᠡᠯ ᠲᠤᠭ᠎ᠠ ᠶᠢ ᠳᠣᠪᠤᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ︽ᠰᠢᠯᠢᠳᠡᠭ ᠢ ᠠᠬᠢᠭᠤᠯᠤᠨ ᠪᠤᠶᠢᠵᠢᠭᠤᠯᠬᠤ︾ ᠠᠵᠢᠯᠯᠠᠭ᠎ᠠ ᠶᠢ ᠥᠷᠨᠢᠭᠦᠯᠵᠦ | ᠂ ᠣᠲᠣ ᠶᠢᠨ ᠪᠠᠶᠢᠭ᠎ᠠ ᠬᠦᠷᠢᠶᠡᠯᠡᠩ ᠲᠣᠭᠤᠷᠢᠭ ᠠᠴᠠ ᠪᠤᠶᠢᠵᠢᠭᠤᠯᠬᠤ ᠡᠲᠡᠭᠡᠳ ᠢ ᠰᠢᠯᠢᠨ ᠰᠣᠩᠭᠤᠵᠤ᠂ | ᠪᠤᠶᠢᠵᠢᠭᠤᠯᠬᠤ ᠬᠤᠭᠤᠴᠠᠭᠠᠨ ᠳᠤ ᠵᠢᠯ ᠪᠦᠷᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ | ᠨᠥᠬᠦᠪᠥᠷᠢ ᠣᠯᠭᠤᠨ᠎ᠠ︔ ᠵᠥᠪᠰᠢᠶᠡᠷᠡᠯ ᠣᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠵᠢᠯ ᠪᠦᠷᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠨᠥᠬᠦᠪᠥᠷᠢ | ᠣᠯᠭᠤᠨ᠎ᠠ᠃ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠨ ᠲᠦᠷᠭᠡᠳᠬᠡᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ | ᠤᠷᠮᠠᠰᠢᠭᠤᠯᠬᠤ ᠲᠤᠭᠳᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ | ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠠᠷᠪᠠᠨ ᠨᠢᠭᠡ︶ ᠰᠤᠳᠤᠯᠤᠨ ᠨᠡᠭᠡᠭᠡᠬᠦ ᠲᠠᠪᠴᠠᠩ ᠤᠨ ᠴᠡᠭ ᠢ ᠨᠡᠮᠡᠭᠳᠡᠭᠦᠯᠵᠦ ᠬᠡᠪᠴᠢᠶ᠎ᠡ ᠶᠢ ᠥᠷᠭᠡᠳᠬᠡᠬᠦ ᠶᠢ | ᠠᠬᠢᠭᠤᠯᠤᠨ᠎ᠠ᠃ ᠣᠷᠳᠣᠰ ᠤᠨ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠣᠲᠣ ᠦᠶ᠎ᠡ | ᠶᠢᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠪᠣᠯᠤᠨ ᠴᠦᠯᠡᠷᠭᠡᠭᠵᠢᠯ ᠢ ᠵᠠᠰᠠᠬᠤ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠤᠨ᠎ᠠ᠃ ᠠᠵᠤ ᠠᠬᠤᠶᠢᠯᠠᠯ ᠤᠨ ᠡᠯ᠎ᠡ ᠲᠥᠷᠥᠯ ᠤᠨ ᠰᠢᠨ᠎ᠡ ᠶᠢ | ᠡᠭᠦᠳᠬᠦ ᠲᠠᠪᠴᠠᠩ ᠢ ᠲᠦᠷᠦᠭᠦᠯᠡᠨ ᠡᠭᠦᠳᠦᠨ ᠪᠠᠶᠢᠭᠤᠯᠬᠤ ᠶᠢ ᠶᠡᠬᠡᠪᠡᠷ ᠳᠡᠮᠵᠢᠵᠦ᠂ ᠡᠭᠦᠳᠦᠨ ᠪᠠᠶᠢᠭᠤᠯᠬᠤ | ᠬᠤᠭᠤᠴᠠᠭᠠᠨ ᠳᠠᠬᠢ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠳᠤ ᠪᠠᠯᠠ ᠮᠥᠩᠭᠦ᠂ ᠭᠠᠵᠠᠷ ᠰᠢᠷᠣᠶ᠂ | ᠡᠨᠧᠷᠭᠢ ᠬᠡᠷᠡᠭᠯᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠪᠠᠶᠢᠭᠤᠯᠬᠤ ᠶᠢ | ᠵᠥᠪᠰᠢᠶᠡᠷᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ 5 ᠵᠢᠯ | ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ 500 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ | ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠢᠨᠵᠧᠨᠧᠷᠢᠩ ᠤᠨ | ᠰᠤᠳᠤᠯᠭᠠᠨ ᠤ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠡᠮᠴᠢᠯᠡᠭᠡᠨ ᠤ ᠠᠨᠠᠭᠠᠬᠤ | ᠤᠬᠠᠭᠠᠨ ᠤ ᠰᠤᠳᠤᠯᠭᠠᠨ ᠤ ᠲᠥᠪ ᠲᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ 200 ᠲᠦᠮᠡᠨ | ᠲᠥᠭᠦᠷᠢᠭ ᠤᠨ ᠨᠥᠬᠦᠪᠥᠷᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ ᠶᠢᠨ ᠰᠢᠨᠵᠢᠯᠡᠬᠦ | ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠳᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ | ᠳᠠᠭᠠᠨ 20 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ | ᠨᠥᠬᠦᠴᠡᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠮᠤ ᠬᠡᠯᠪᠡᠷᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠡᠮᠵᠢᠭᠦᠷᠯᠢᠭ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠨᠡᠬᠡᠬᠡᠯᠲᠡ | ᠲᠠᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ | ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ | ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠲᠠᠪᠴᠠᠩ ᠤᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠬᠦᠯᠦᠬᠦᠷ ᠢ ᠲᠤᠰᠬᠠᠶᠢᠵᠢᠭᠤᠯᠬᠤ᠂ ᠳᠡᠭᠡᠳᠦ ᠲᠡᠰᠵᠢᠬᠦᠯᠬᠦ ᠳᠠᠰᠢ ᠬᠥᠭᠵᠢᠭᠦᠯᠬᠦ ᠶᠢ ᠠᠬᠢᠭᠤᠯᠵᠤ᠂ ᠨᠡᠪᠴᠢᠬᠦᠯᠬᠦ | ᠲᠥᠷᠥᠯ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠎ᠡ᠃ ᠰᠢᠨ᠎ᠡ ᠪᠠᠷ | ᠮᠠᠭᠠᠳᠯᠠᠨ ᠲᠣᠭᠲᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠣᠴᠢ ᠲᠥᠯᠦᠪᠯᠡᠭᠡ ᠶᠢᠨ ᠰᠢᠨ᠎ᠡ ᠶᠢ ᠡᠭᠦᠳᠬᠦ ᠣᠷᠣᠨ | ᠵᠠᠶ ᠳᠤ ᠲᠠᠰ ᠪᠠ ᠲᠥᠷᠥᠯ ᠬᠡᠯᠪᠡᠷᠢ ᠪᠠᠷ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠬᠤ ᠶᠢᠨ ᠬᠠᠮᠲᠤ᠂ ᠦᠢᠯᠡᠴᠢᠯᠡᠬᠡᠨ ᠤ ᠠᠮᠵᠢᠯᠲᠠ ᠪᠦᠲᠦᠮᠵᠢ ᠶᠢ ᠦᠨᠳᠦᠰᠦᠯᠡᠨ ᠴᠢᠨᠠᠭᠰᠢᠳᠠ | ᠵᠣᠭᠤᠰ ᠮᠥᠩᠭᠦ ᠪᠠᠷ ᠲᠤᠰᠠᠯᠠᠨ᠎ᠠ᠃ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠤᠷᠤᠯᠳᠤᠭᠠᠨ ᠤ | ᠠᠵᠢᠯᠯᠠᠭ᠎ᠠ ᠥᠷᠨᠢᠭᠦᠯᠬᠦ ᠶᠢ ᠲᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ | ᠠᠵᠢᠯᠯᠠᠭ᠎ᠠ | ︵ᠠᠷᠪᠠᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠬᠤ | ᠲᠠᠪᠴᠠᠩ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠮᠤ ᠵᠠᠬ᠎ᠠ ᠳᠡᠯᠭᠡᠭᠦᠷ ᠢ ᠪᠠᠶᠢᠭᠤᠯᠵᠤ᠂ 5 ᠵᠢᠯ | ᠳᠠᠷᠠᠭᠠᠯᠠᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠦᠵᠡᠭᠦᠯᠵᠦ᠂ ᠮᠡᠷᠭᠡᠵᠢᠯ ᠣᠷᠣᠭᠤᠯᠬᠤ ᠪᠠ ᠠᠷᠠᠯᠵᠢᠶᠠᠯᠠᠬᠤ | ᠶᠢ ᠠᠬᠢᠭᠤᠯᠤᠨ᠎ᠠ ᠃ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠠᠪᠴᠠᠩ ᠳᠤ ᠦᠢᠯᠡᠴᠢᠯᠡᠬᠡᠨ ᠤ ᠠᠮᠵᠢᠯᠲᠠ | ᠪᠦᠲᠦᠮᠵᠢ ᠶᠢ ᠦᠨᠳᠦᠰᠦᠯᠡᠨ᠂ 5 ᠵᠢᠯ ᠳᠠᠷᠠᠭᠠᠯᠠᠨ ᠵᠢᠯ ᠪᠦᠷᠢ ᠬᠠᠮᠤᠭ ᠥᠨᠳᠥᠷ ᠲᠡᠭᠡᠨ 100 ᠲᠦᠮᠡᠨ | ᠲᠥᠭᠦᠷᠢᠭ ᠤᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ | ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ | ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ | ᠬᠤᠪᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ | ᠬᠥᠭᠵᠢᠭᠦᠯᠬᠦ︾ ᠭᠤᠤᠯᠳᠠᠯᠭ᠎ᠠ ᠲᠠᠢ ᠬᠠᠮᠲᠤᠷᠠᠯᠴᠠᠬᠤ ᠭᠤᠤᠯ ᠴᠣᠭᠴᠠ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠠᠶᠢᠭᠤᠯᠵᠤ᠂ | ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠎ᠠ᠃ ᠮᠡᠷᠭᠡᠵᠢᠯ ᠰᠢᠯᠵᠢᠭᠦᠯᠬᠦ᠂ | ᠠᠳᠠᠯ ᠦᠢᠯᠡᠰ ᠴᠣᠭᠴᠠᠯᠠᠨ ᠨᠡᠪᠴᠢᠬᠦᠯᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ | ᠪᠠᠶᠢᠭᠤᠯᠤᠮᠵᠢ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠮᠠᠭᠠᠳᠯᠠᠨ ᠲᠤᠭᠳᠠᠭᠠᠭᠰᠠᠨ ᠥᠪᠡᠷᠲᠡᠭᠡᠨ ᠵᠠᠰᠠᠬᠤ | ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠳᠤ ᠨᠢᠭᠡ ᠤᠳᠠᠭ᠎ᠠ | ᠶᠢᠨ ᠴᠢᠨᠠᠷᠲᠠᠶ ᠪᠠᠷ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠮᠡᠷᠭᠡᠵᠢᠯ ᠤᠨ ᠵᠠᠭᠤᠴᠢᠯᠠᠭᠴᠢ | ᠂ ᠲᠤᠰᠬᠠᠶ ᠠᠰᠢᠭ ᠤᠨ ᠣᠷᠣᠯᠠᠭᠴᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠮᠡᠷᠭᠡᠵᠢᠯ ᠤᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠮᠡᠷᠭᠡᠵᠢᠯ ᠤᠨ | ᠪᠠᠷᠢᠮᠵᠢᠶᠠᠵᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠰᠠᠨ ᠨᠢᠭᠡᠴᠡ ᠳᠤ ᠲᠥᠷᠥᠯ ᠬᠡᠯᠪᠡᠷᠢ ᠪᠠ ᠲᠠᠰ ᠢᠶᠠᠷ ᠨᠢ | ᠨᠢᠭᠡ ᠤᠳᠠᠭ᠎ᠠ ᠶᠢᠨ ᠴᠢᠨᠠᠷᠲᠠᠶ ᠪᠠᠷ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ︶ | ︵ᠠᠷᠪᠠᠨ ᠲᠠᠪᠤ︶ ᠰᠢᠨ᠎ᠡ ᠶᠢ ᠡᠭᠦᠳᠬᠦ ᠦᠢᠯᠡᠳᠬᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠠᠩᠬ᠎ᠠ ᠤᠳᠠᠭ᠎ᠠ ᠣᠷᠣᠭᠤᠯᠤᠭᠰᠠᠨ᠂ | ᠭᠤᠣᠯᠯᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠣᠯᠪᠠᠴᠤ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠲᠦᠷ ᠪᠦᠷᠢᠯᠳᠦᠭᠦᠯᠦᠭᠡᠳᠦᠶ ᠴᠢᠬᠤᠯᠠ ᠶᠡᠭᠡ ᠰᠢᠨ᠎ᠡ ᠶᠢ ᠡᠭᠦᠳᠦᠭᠰᠡᠨ ᠦᠢᠯᠡᠳᠬᠦᠨ ᠢ | ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠬᠦ ᠵᠢᠴᠢ ᠠᠩᠬᠠᠨ ᠤ ᠦᠢᠯᠡᠳᠬᠦᠨ ᠤ | ᠭᠠᠷᠴᠠᠭ᠂ ᠳᠠᠪᠠᠭᠤᠯᠢᠭ ᠠᠵᠤ ᠦᠢᠯᠡᠳᠪᠦᠷᠢ ᠶᠢᠨ ᠦᠢᠯᠡᠳᠬᠦᠨ ᠤ ᠭᠠᠷᠴᠠᠭ ᠢ ᠰᠣᠩᠭᠤᠨ ᠨᠡᠶᠢᠲᠡᠯᠡᠨ᠎ᠡ᠃ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠡᠳ᠋ ᠤᠨ ᠵᠠᠰᠠᠭ ᠤᠨ ᠴᠢᠨᠠᠷᠲᠠᠶ ᠪᠠᠯᠠ | ᠮᠥᠩᠭᠦ ᠪᠠᠷ ᠬᠤᠳᠠᠯᠳᠤᠨ ᠠᠪᠬᠤ ᠲᠥᠷᠥᠯ ᠵᠦᠢᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠬᠤᠳᠠᠯᠳᠤᠨ ᠠᠪᠬᠤ ᠲᠥᠷᠥᠯ ᠵᠦᠢᠯ ᠵᠢᠴᠢ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ ᠰᠠᠭᠤᠷᠢ ᠲᠦᠬᠦᠬᠡᠷᠦᠮᠵᠢ᠂ ᠣᠯᠠᠨ ᠨᠡᠶᠢᠲᠡ ᠶᠢᠨ ᠦᠢᠯᠡᠳᠬᠦᠨ ᠪᠠ ᠨᠡᠶᠢᠲᠡ ᠶᠢᠨ ᠠᠰᠠᠷᠠᠮᠵᠢ | ᠶᠢᠨ ᠴᠢᠨᠠᠷᠲᠠᠶ ᠲᠥᠷᠥᠯ ᠵᠦᠢᠯ ᠳᠤ᠂ ᠰᠢᠨ᠎ᠡ ᠶᠢ ᠡᠭᠦᠳᠬᠦ ᠵᠢᠴᠢ ᠠᠩᠬᠠᠨ ᠤ ᠦᠢᠯᠡᠳᠬᠦᠨ ᠪᠠ ᠳᠠᠪᠠᠭᠤᠯᠢᠭ ᠠᠵᠤ | ᠦᠢᠯᠡᠳᠪᠦᠷᠢ ᠶᠢᠨ ᠦᠢᠯᠡᠳᠬᠦᠨ ᠢ ᠳᠡᠯᠭᠡᠷᠡᠭᠦᠯᠦᠨ ᠬᠡᠷᠡᠭᠯᠡᠨ᠎ᠡ᠃ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠶᠢ ᠡᠭᠦᠳᠬᠦ ᠵᠢᠴᠢ ᠠᠩᠬᠠᠨ ᠤ | ᠦᠢᠯᠡᠳᠬᠦᠨ ᠪᠠ ᠳᠠᠪᠠᠭᠤᠯᠢᠭ ᠠᠵᠤ ᠦᠢᠯᠡᠳᠪᠦᠷᠢ ᠶᠢᠨ ᠦᠢᠯᠡᠳᠬᠦᠨ ᠢ ᠬᠡᠷᠡᠭᠯᠡᠬᠦ ᠶᠢ ᠵᠣᠷᠢᠭᠵᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ᠲᠠᠪᠤ᠂ ᠨᠡᠬᠡᠬᠡᠯᠳᠡ ᠬᠢᠵᠦ ᠬᠠᠮᠵᠢᠯᠴᠠᠵᠤ ᠰᠢᠨ᠎ᠡ ᠶᠢ ᠡᠭᠦᠳᠬᠦ ᠠᠵᠢᠯᠯᠠᠭ᠎ᠠ | ︵ᠠᠷᠪᠠᠨ ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ | ᠲᠠᠳᠠᠨ ᠠᠪᠴᠢᠷᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠶᠡᠬᠡᠪᠡᠷ ᠥᠷᠨᠢᠭᠦᠯᠵᠦ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ᠂ ᠱᠠᠩᠬᠠᠶ ᠶᠢᠨ ᠵᠠᠮ | ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ | ᠵᠡᠷᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠰᠢᠨ᠎ᠡ ᠶᠢ | ᠡᠭᠦᠳᠬᠦ ᠲᠠᠪᠴᠠᠩ ᠢ ᠬᠠᠮᠲᠤ ᠪᠠᠷ ᠪᠠᠶᠢᠭᠤᠯᠬᠤ ᠶᠢ ᠭᠤᠣᠯᠳᠠᠯᠭ᠎ᠠ ᠲᠠᠢ ᠪᠠᠷ ᠠᠬᠢᠭᠤᠯᠤᠨ᠎ᠠ᠃ ᠨᠠᠷᠠᠲᠠᠶ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠨ ᠤ ᠬᠤᠲᠠ ᠳᠤ | ᠪᠠᠶᠢᠭᠤᠯᠤᠭᠰᠠᠨ ᠰᠤᠳᠤᠯᠬᠤ ᠰᠣᠷᠣᠭᠴᠢ ᠶᠢᠨ ᠬᠦᠷᠢᠶᠡᠯᠡᠩ᠂ ᠰᠤᠳᠤᠯᠤᠨ ᠨᠡᠭᠡᠭᠡᠬᠦ ᠰᠠᠯᠪᠤᠷᠢ ᠪᠠᠶᠢᠭᠤᠯᠤᠮᠵᠢ ᠳᠤ | ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠳᠡᠮᠵᠢᠯᠭᠡ ᠦᠵᠡᠭᠦᠯᠵᠦ᠂ ︽ᠨᠢᠭᠡ ᠬᠦᠷᠢᠶᠡᠯᠡᠩ | ᠬᠤᠶᠠᠷ ᠭᠠᠵᠠᠷ︾ ᠢ ᠬᠠᠮᠲᠤᠪᠠᠷ ᠪᠠᠶᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠭᠵᠢᠬᠦᠯᠬᠦ︾ ᠬᠠᠮᠲᠤᠷᠠᠯᠴᠠᠭᠠᠨ ᠤ ᠲᠤᠰᠬᠠᠶ ᠵᠦᠢᠯ ᠢ ᠪᠠᠶᠢᠭᠤᠯᠵᠤ᠂ | ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠬᠢᠭᠡᠳ ︽ | 4+8+N︾ ᠭᠤᠤᠯ ᠴᠣᠭᠴᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ | ᠂ ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠶᠢ ᠬᠠᠮᠲᠤᠷᠠᠨ ᠥᠷᠨᠢᠭᠦᠯᠬᠦ ᠶᠢ ᠳᠡᠮᠵᠢᠨ᠎ᠡ | ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ | ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠳᠣᠯᠤᠭ᠎ᠠ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠶᠡᠬᠡᠪᠡᠷ ᠬᠥᠭᠵᠢᠭᠦᠯᠦᠨ᠎ᠡ | ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠭᠤᠤᠯᠯᠠᠭᠤᠯᠤᠨ ᠵᠣᠬᠢᠶᠠᠨ ᠪᠠᠶᠢᠭᠤᠯᠤᠭᠰᠠᠨ ᠰᠢᠨ᠎ᠡ ᠬᠡᠯᠪᠡᠷᠢ | ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ᠂ ᠪᠥᠲᠥᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ ︽ | ᠨᠢᠭᠡ ᠬᠡᠷᠡᠭ ᠢ ᠨᠢᠭᠡ ᠵᠥᠪᠯᠡᠬᠦ︾ ᠪᠠᠷ ᠳᠠᠮᠵᠢᠭᠤᠯᠤᠨ ᠬᠠᠮᠤᠭ ᠠᠷᠪᠢᠨ ᠳᠠᠭᠠᠨ 5 ᠵᠢᠯ᠂ ᠬᠠᠮᠤᠭ ᠠᠷᠪᠢᠨ ᠳᠠᠭᠠᠨ 2 | ᠳ᠋ᠦᠩᠰᠢᠭᠤᠷ ᠲᠥᠭᠦᠷᠢᠭ ᠤᠨ ᠵᠠᠷᠤᠳᠠᠯ ᠤᠨ ᠳᠡᠮᠵᠢᠯᠭᠡ ᠣᠯᠭᠤᠵᠤ ᠪᠣᠯᠤᠨ᠎ᠠ᠃ ᠬᠤᠰᠢᠭᠤ ᠲᠣᠭᠤᠷᠢᠭ᠂ ᠬᠦᠷᠢᠶᠡᠯᠡᠩ | ᠲᠣᠭᠤᠷᠢᠭ ᠢᠶᠠᠷ ᠭᠤᠤᠯᠯᠠᠭᠤᠯᠤᠨ ᠵᠣᠬᠢᠶᠠᠨ ᠪᠠᠶᠢᠭᠤᠯᠤᠭᠰᠠᠨ ᠭᠤᠤᠯᠳᠠᠯᠭ᠎ᠠ ᠲᠠᠢ ᠰᠢᠨ᠎ᠡ ᠬᠡᠯᠪᠡᠷᠢ ᠶᠢᠨ ᠰᠤᠳᠤᠯᠤᠨ | ᠨᠡᠭᠡᠭᠡᠬᠦ ᠪᠠᠶᠢᠭᠤᠯᠤᠮᠵᠢ ᠳᠤ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠡᠳ᠋ ᠤᠨ ᠵᠠᠰᠠᠭ ᠤᠨ | ᠣᠷᠣᠭᠤᠯᠤᠯᠲᠠ ᠶᠢᠨ ᠪᠠᠯᠠ ᠮᠥᠩᠭᠦ ᠶᠢ 1᠄ 1 ᠶᠢᠨ ᠬᠠᠷᠢᠴᠠᠯ ᠢᠶᠠᠷ᠂ ᠬᠠᠮᠤᠭ ᠠᠷᠪᠢᠨ ᠳᠠᠭᠠᠨ 5 ᠵᠢᠯ᠂ ᠵᠢᠯ | ᠪᠦᠷᠢ ᠬᠠᠮᠤᠭ ᠠᠷᠪᠢᠨ ᠳᠠᠭᠠᠨ 500 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠨᠥᠬᠦᠴᠡᠯ ᠳᠤ ᠨᠡᠶᠢᠴᠡᠬᠦ | ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ᠂ ᠳᠡᠭᠡᠷ᠎ᠡ ᠵᠢᠯ ᠤᠨ ᠡᠳ᠋ ᠤᠨ ᠵᠠᠰᠠᠭ ᠤᠨ ᠳᠡᠮᠵᠢᠯᠭᠡ | ᠶᠢ ᠬᠠᠰᠤᠭᠰᠠᠨ ᠤ ᠳᠠᠷᠠᠭᠠᠬᠢ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠶ ᠲᠤᠭ᠎ᠠ ᠶᠢ ᠦᠨᠳᠦᠰᠦᠯᠡᠨ᠂ 20% | ᠶᠢᠨ ᠪᠠᠷᠢᠮᠵᠢᠶ᠎ᠠ ᠪᠠᠷ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ | ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠲᠡᠷᠢᠭᠦᠨ ᠤ ᠬᠥᠭᠵᠢᠭᠰᠡᠨ ᠭᠠᠵᠠᠷ ᠣᠷᠣᠨ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ | ᠢᠳᠡᠪᠬᠢᠲᠡᠶ ᠥᠷᠨᠢᠭᠦᠯᠵᠦ᠂ ︽ᠭᠠᠳᠠᠨ᠎ᠠ ᠠᠴᠠ ᠤᠷᠤᠭᠤᠯᠤᠨ ᠠᠪᠴᠢᠷᠠᠵᠤ ᠨᠡᠪᠴᠢᠬᠦᠯᠬᠦ︾ ︽ᠬᠠᠷᠢᠶᠠᠲᠤ ᠭᠠᠳᠠᠨ᠎ᠠ | ᠤᠷᠤᠨ ᠳᠤ ᠪᠤᠶᠢᠵᠢᠭᠤᠯᠬᠤ︾ ᠵᠡᠷᠭᠡ ᠵᠠᠭᠪᠤᠷ ᠢ ᠬᠠᠶᠢᠨ ᠰᠦᠪᠡᠭᠴᠢᠯᠡᠵᠦ᠂ ᠤᠨᠳᠤᠤ ᠭᠠᠵᠠᠷ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠠᠴᠢᠶᠠᠯᠠᠪᠤᠷᠢ ᠶᠢ ᠪᠠᠶᠢᠭᠤᠯᠤᠨ᠎ᠠ᠃ ᠮᠠᠨ ᠤ ᠬᠤᠲᠠ ᠶᠢᠨ ᠠᠵᠤ ᠠᠬᠤᠶᠢᠯᠠᠯ ᠤᠨ | ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠠᠵᠤ ᠠᠬᠤᠶᠢᠯᠠᠯ ᠯᠤᠭ᠎ᠠ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠮᠡᠷᠭᠡᠵᠢᠯ ᠰᠢᠯᠵᠢᠭᠦᠯᠬᠦ | ᠲᠥᠪ᠂ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠵᠡᠷᠭᠡ ᠶᠢ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠭᠰᠡᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭᠠᠨ ᠤ ᠰᠠᠭᠤᠷᠢᠨ ᠭᠠᠵᠠᠷ ᠪᠠ ᠤᠯᠤᠰ ᠤᠨ ᠴᠢᠳᠠᠪᠤᠷᠢᠲᠠᠨ ᠣᠷᠣᠭᠤᠯᠵᠤ ᠣᠶᠤᠨ ᠣᠷᠣᠭᠤᠯᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠪᠠ | 30 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠳᠠᠭᠠᠭᠤᠯᠤᠨ | ᠬᠥᠮᠦᠵᠢᠭᠦᠯᠬᠦ ᠠᠵᠢᠯᠯᠠᠭ᠎ᠠ | ︵ᠠᠷᠪᠠ ᠶᠢᠰᠦ︶ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠴᠢᠳᠠᠪᠤᠷᠢᠲᠠᠨ ᠢ | ᠢᠳᠡᠪᠬᠢᠲᠡᠶ ᠪᠠᠷ ᠤᠷᠤᠭᠤᠯᠤᠨ ᠠᠪᠴᠢᠷᠠᠨ᠎ᠠ᠃ ︽ᠨᠢᠭᠡ ᠲᠦᠪ ᠣᠯᠠᠨ ᠴᠡᠭ︾ ᠤᠨ ᠴᠢᠳᠠᠪᠤᠷᠢᠲᠠᠨ ᠤ ᠠᠵᠢᠯ ᠤᠨ | ᠪᠠᠶᠢᠷᠢᠰᠢᠯ ᠢ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠴᠢᠳᠠᠪᠤᠷᠢᠲᠠᠨ ᠣᠷᠳᠣᠰ︾ ᠤᠨ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ︽ᠳᠡᠭᠡᠳᠦ ᠵᠡᠷᠭᠡ ᠶᠢᠨ ᠨᠠᠷᠢᠯᠢᠭᠵᠢᠭᠰᠠᠨ ᠦᠵᠡᠬᠦᠷ ᠲᠡᠰ ᠤᠨ | ᠳᠤᠲᠠᠭᠳᠠᠵᠤ ᠪᠠᠶᠢᠭ᠎ᠠ︾ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠨ᠎ᠠ᠃ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠬᠤᠲᠠ ᠳᠤ ᠠᠪᠴᠢᠷᠠᠵᠤ ᠬᠤᠪᠢᠷᠠᠭᠤᠯᠤᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠤ ᠪᠦᠯᠬᠦᠮ ᠳᠤ ︽ᠨᠢᠭᠡ ᠬᠡᠷᠡᠭ ᠢ | ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠲᠤᠰᠠᠯᠠᠮᠵᠢ | ᠣᠯᠭᠤᠵᠤ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠦᠢᠯᠡᠳᠦᠯ ᠢᠶᠠᠷ ᠯᠤᠲᠤ ᠶᠡᠭᠡ ᠪᠠᠶᠢᠪᠠᠯ᠂ | ᠲᠤᠰᠠᠯᠠᠮᠵᠢ ᠶᠢ ᠨᠡᠮᠡᠵᠦ ᠪᠣᠯᠤᠨ᠎ᠠ᠃ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠳᠤ ᠬᠠᠮᠤᠭ ᠤᠨ | ᠥᠨᠳᠥᠷ ᠲᠡᠭᠡᠨ 500 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠨ | ᠪᠠᠶᠢᠭᠤᠯᠤᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠳᠤ ᠨᠢᠭᠡ ᠤᠳᠠᠭ᠎ᠠ ᠶᠢᠨ | ᠴᠢᠨᠠᠷᠲᠠᠶ ᠪᠠᠷ 100 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ︔ ᠥᠷᠲᠡᠭᠡ ᠪᠠᠶᠢᠭᠤᠯᠤᠭᠰᠠᠨ ᠤ ᠳᠠᠷᠠᠭ᠎ᠠ᠂ | ᠣᠷᠣᠭᠤᠯᠤᠯᠲᠠ ᠪᠠ ᠦᠷ᠎ᠡ ᠪᠦᠲᠦᠮᠵᠢ ᠪᠠᠷ ᠨᠢ ᠵᠢᠯ ᠪᠦᠷᠢ ᠬᠠᠮᠤᠭ ᠤᠨ ᠥᠨᠳᠥᠷ ᠲᠡᠭᠡᠨ 50 ᠲᠦᠮᠡᠨ | ᠲᠥᠭᠦᠷᠢᠭ ᠤᠨ ᠠᠵᠢᠯᠯᠠᠭᠠᠨ ᠤ ᠨᠥᠬᠦᠪᠥᠷᠢ ᠣᠯᠭᠤᠵᠤ᠂ ᠠᠺᠠᠳᠧᠮᠢᠴᠢ ᠵᠢᠴᠢ ᠲᠡᠳᠡᠨ ᠤ ᠪᠦᠯᠬᠦᠮ ᠨᠡᠶᠢᠲᠡ ᠶᠢᠨ | ᠮᠠᠨ ᠤ ᠬᠤᠲᠠ ᠳᠤ ᠬᠡᠷᠡᠭᠵᠢᠭᠦᠯᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠳᠤ | ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ | ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ᠂ ᠱᠠᠩᠬᠠᠶ᠂ ᠱᠧᠨᠵᠧᠨ ᠤ ᠴᠢᠳᠠᠪᠤᠷᠢᠲᠠᠨ ᠤ ᠠᠵᠢᠯ ᠤᠨ | ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠪᠡᠭᠡᠵᠢᠩ ᠱᠠᠩᠬᠠᠶ ᠭᠤᠸᠠᠩᠵᠧᠦ ᠳᠤ | ᠰᠣᠳᠣᠯᠣᠨ ᠨᠡᠭᠡᠭᠡᠵᠤ᠂ ᠣᠷᠳᠣᠰ ᠲᠤ ᠬᠤᠪᠢᠷᠠᠭᠤᠯᠬᠤ︾ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠭᠪᠤᠷ ᠢ | ᠬᠠᠶᠢᠨ ᠰᠦᠪᠡᠭᠴᠢᠯᠡᠵᠦ᠂ ︽ᠴᠢᠳᠠᠪᠤᠷᠢᠲᠠᠨ ᠤ ᠬᠠᠷᠢᠶᠠᠲᠤ ᠭᠠᠳᠠᠨ᠎ᠠ ᠤᠷᠤᠨ︾ ᠢ ᠪᠠᠶᠢᠭᠤᠯᠤᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠲᠥᠪ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠪᠠᠯ ᠣᠷᠣᠭᠤᠯᠵᠤ ᠠᠪᠴᠢᠷᠠᠭᠰᠠᠨ ᠵᠢᠷᠭᠤᠭᠠᠨ | ᠲᠥᠷᠥᠯ ᠤᠨ ᠴᠢᠳᠠᠪᠤᠷᠢᠲᠠᠨ ᠤ ᠦᠷ᠎ᠡ ᠬᠡᠤᠬᠡᠳ ᠢ ᠮᠠᠨ ᠤ ᠬᠤᠲᠠ ᠳᠤ ᠰᠤᠷᠭᠠᠭᠤᠯᠢ ᠳᠤ ᠣᠷᠣᠭᠤᠯᠬᠤ ᠴᠢᠬᠤᠯᠠᠲᠠᠶ | ᠪᠣᠯ᠂ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠣᠭᠢᠷᠠᠭᠤᠯᠤᠨ | ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ︶ | ︵ᠬᠤᠷᠢ︶ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ | ᠬᠥᠮᠦᠵᠢᠭᠦᠯᠦᠨ᠎ᠡ᠃ ᠠᠺᠠᠳᠧᠮᠢᠴᠢ ᠶᠢᠨ ᠪᠡᠯᠡᠳᠬᠡᠯ ᠵᠢᠱᠢᠭᠳᠡᠭᠴᠢ ᠶᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠶᠢ | ᠴᠢᠩᠭᠠᠳᠬᠠᠵᠤ᠂ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠳᠠᠭᠠᠭᠤᠯᠤᠭᠴᠢ ᠴᠢᠳᠠᠪᠤᠷᠢᠲᠠᠨ ᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ ᠳᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠴᠢᠳᠠᠪᠤᠷᠢᠲᠠᠨ ᠤ ᠲᠥᠯᠥᠪᠯᠡᠭᠡ ᠳᠤ ᠰᠣᠩᠭᠤᠭᠳᠠᠭᠰᠠᠨ ᠬᠤᠪᠢ ᠬᠥᠮᠦᠨ᠂ ᠪᠦᠯᠬᠦᠮ ᠨᠡᠶᠢᠲᠡ ᠳᠤ | ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠬᠢᠵᠦ ᠪᠠᠶᠢᠭ᠎ᠠ ᠳ᠋ᠣᠺᠲ᠋ᠣᠷ᠂ ᠮᠠᠰᠲ᠋ᠧᠷ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠯᠢᠳᠡᠭ ᠵᠠᠯᠠᠭᠤ ᠴᠢᠳᠠᠪᠤᠷᠢᠲᠠᠨ ᠳᠤ ᠰᠢᠨᠵᠢᠯᠡᠬᠦ ᠤᠬᠠᠭᠠᠨ ᠤ | ᠰᠤᠳᠤᠯᠭᠠᠨ ᠤ ᠲᠦᠷᠦᠯ ᠵᠦᠢᠯ ᠤᠨ ᠳᠡᠮᠵᠢᠯᠭᠡ ᠦᠵᠡᠭᠦᠯᠦᠨ᠎ᠡ᠃ ᠠᠵᠤ ᠦᠢᠯᠡᠰ ᠪᠠ ᠵᠢᠭᠠᠨ ᠰᠤᠷᠭᠠᠯᠲᠠ ᠶᠢ | ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠢ ᠬᠤᠯᠪᠣᠭᠠᠯᠠᠭᠤᠯᠬᠤ ᠶᠢ ᠠᠬᠢᠭᠤᠯᠵᠤ᠂ ᠨᠢᠭᠡ ᠪᠦᠯᠦᠭ | ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠤᠷᠮᠠᠰᠢᠭᠤᠯᠬᠤ ᠶᠢ ᠴᠢᠩᠭᠠᠳᠬᠠᠨ᠎ᠠ᠃ | ᠠᠵᠢᠯ ᠦᠢᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠠᠵᠢᠯ ᠤᠨ | ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ᠂ ᠲᠤᠰᠢᠶᠠᠯ ᠬᠠᠪᠰᠤᠷᠭᠠᠨ ᠰᠢᠨ᠎ᠡ ᠶᠢ ᠡᠭᠦᠳᠬᠦ᠂ | ᠠᠵᠢᠯ ᠤᠨ ᠪᠠᠶᠢᠷᠢ ᠳᠡᠭᠡᠷ᠎ᠡ ᠪᠠᠨ ᠠᠵᠤ ᠠᠬᠤᠶᠢᠯᠠᠯ ᠪᠠᠶᠢᠭᠤᠯᠬᠤ ᠵᠡᠷᠭᠡ ᠤᠷᠮᠠᠰᠢᠭᠤᠯᠬᠤ ᠲᠥᠷᠦ ᠶᠢᠨ ᠪᠤᠳᠤᠯᠭ᠎ᠠ ᠶᠢ | ᠨᠠᠶᠢᠲᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ | ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠲᠠᠰ ᠠᠴᠠ ᠳᠡᠭᠡᠭᠰᠢᠬᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ | ᠡᠭᠦᠷᠭᠡᠯᠡᠵᠦ ᠪᠠᠶᠢᠭ᠎ᠠ᠂ ᠳᠡᠭᠡᠳᠦ ᠵᠡᠷᠭᠡ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠢ ᠬᠤᠶᠢᠰᠢᠯᠠᠭᠤᠯᠤᠨ ᠬᠦᠢᠴᠡᠳᠬᠡᠵᠤ | ᠪᠣᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ᠂ | ᠬᠤᠭᠤᠴᠠᠭᠠᠲᠤ ᠡᠷᠬᠡ ᠪᠠ ᠠᠰᠢᠭ ᠬᠤᠪᠢᠶᠠᠬᠤ ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠤᠲᠠ ᠶᠢᠨ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ | ᠰᠲ᠋ᠣᠺ ᠤᠨ ᠡᠷᠬᠡ ᠪᠠᠷ ᠤᠷᠮᠠᠰᠢᠭᠤᠯᠬᠤ ᠪᠤᠶᠤ ᠪᠡᠯᠡᠨ ᠵᠣᠭᠤᠰ ᠤᠨ ᠠᠰᠢᠭ ᠬᠤᠪᠢᠶᠠᠬᠤ ᠤᠷᠮᠠᠰᠢᠭᠤᠯᠤᠯ ᠤᠨ | ᠵᠠᠷᠤᠯᠭ᠎ᠠ ᠶᠢ ᠴᠠᠯᠢᠩ ᠤᠨ ᠶᠡᠷᠦᠩᠬᠡᠶ ᠲᠤᠭᠠᠨ ᠤ ᠰᠠᠭᠤᠷᠢ ᠲᠤᠭᠠᠨ ᠳᠤ ᠤᠷᠤᠭᠤᠯᠬᠤ ᠦᠬᠡᠢ᠃ ᠬᠤᠳᠠ ᠶᠢᠨ | ᠳᠣᠲᠣᠷᠠᠬᠢ ᠳᠡᠭᠡᠳᠦ ᠰᠤᠷᠭᠠᠭᠤᠯᠢ᠂ ᠬᠤᠳᠠ ᠶᠢᠨ ᠬᠠᠷᠢᠶ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ | ᠲᠤᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠯᠬᠤ ᠶᠢ | ᠨᠢᠭᠡᠳᠦᠭᠡᠷ ᠲᠤ ᠪᠡᠶᠡᠯᠡᠭᠦᠯᠦᠭᠰᠡᠨ ᠨᠢᠭᠡᠴᠡ ᠵᠢᠴᠢ ᠬᠠᠮᠢᠶ᠎ᠠ ᠪᠥᠬᠦᠶ ᠬᠥᠮᠦᠰ ᠲᠤ ᠥᠪᠡᠷᠲᠡᠭᠡᠨ ᠵᠠᠰᠠᠬᠤ ᠣᠷᠣᠨ ᠤ | ᠱᠠᠩᠨᠠᠯ ᠤᠨ ᠮᠥᠩᠭᠦ ᠲᠠᠢ ᠲᠡᠩᠴᠡᠭᠦᠤ ᠲᠣᠭᠠᠨ ᠤ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ | ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ᠳᠣᠯᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ | ᠠᠵᠢᠯᠯᠠᠭ᠎ᠠ | ︵ᠬᠤᠷᠢᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ | ᠶᠢᠨ ᠠᠷᠭ᠎ᠠ ᠮᠠᠶ᠋ᠢᠭ ᠢ ᠥᠭᠡᠷᠡᠴᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ | ᠵᠦᠢᠯ ᠤᠨ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢ ᠳᠥᠭᠦᠮᠴᠢᠯᠡᠵᠦ᠂ ᠲᠥᠷᠥᠯ ᠵᠦᠢᠯ ᠤᠨ | ᠰᠢᠭᠤᠳ ᠵᠠᠷᠤᠳᠠᠯ ᠳᠤ ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨ᠎ᠠ᠂ ᠪᠤᠰᠤᠳ ᠵᠦᠢᠯ ᠢᠯᠭᠠᠯ ᠤᠨ ᠵᠠᠷᠤᠳᠠᠯ ᠳᠤ | ᠵᠥᠪᠬᠡᠨ ᠦᠨᠳᠦᠰᠦᠨ ᠲᠥᠰᠦᠭᠡᠯᠡᠨ ᠪᠤᠳᠤᠭᠰᠠᠨ ᠲᠣᠳᠣᠷᠬᠠᠶᠢᠯᠠᠯᠲᠠ ᠶᠢ ᠬᠠᠩᠭᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡᠨ ᠤ ᠵᠦᠢᠯᠡᠰ ᠤᠨ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠡᠵᠡᠨ ᠮᠡᠳᠡᠬᠦ ᠡᠷᠬᠡ | ᠶᠢ ᠥᠷᠭᠡᠳᠬᠡᠵᠦ᠂ ᠵᠦᠢᠯᠡᠰ ᠤᠨ ᠰᠢᠭᠤᠳ ᠵᠠᠷᠤᠳᠠᠯ ᠳᠤ ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨ᠎ᠠ᠂ | ᠪᠤᠰᠤᠳ ᠵᠦᠢᠯ ᠢᠯᠭᠠᠯ ᠤᠨ ᠵᠠᠷᠤᠳᠠᠯ ᠢ ᠲᠣᠬᠢᠷᠠᠭᠤᠯᠬᠤ ᠡᠷᠬᠡ ᠶᠢ ᠪᠦᠬᠦᠨ ᠢ ᠵᠦᠢᠯᠡᠰ ᠢ ᠡᠭᠦᠷᠭᠡᠯᠡᠬᠦ ᠨᠢᠭᠡᠴᠡ ᠳᠤ | ᠪᠠᠭᠤᠯᠭᠠᠨ᠎ᠠ᠃ ᠲᠥᠷᠥᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢᠨ ︽ᠳᠠᠭᠠᠭᠠᠴᠢᠯᠠᠯᠲᠠ ᠶᠢᠨ ᠲᠦᠷᠢᠮ︾ ᠤᠨ | ᠲᠤᠷᠰᠢᠯᠲᠠ ᠶᠢ ᠥᠷᠨᠢᠭᠦᠯᠵᠦ᠂ ᠵᠦᠢᠯ ᠢᠯᠭᠠᠯ ᠤᠨ ᠬᠠᠷᠢᠴᠠᠯ ᠢ ᠬᠢᠵᠠᠭᠠᠷᠯᠠᠬᠤ ᠥᠬᠡᠶ᠃ ᠬᠤᠳᠠ ᠶᠢᠨ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠰᠢᠭᠤᠳ ᠰᠢᠯᠵᠢᠭᠦᠯᠦᠨ | ᠥᠭᠬᠦ ᠲᠣᠭᠲᠠᠴᠠ ᠪᠠ ᠬᠤᠳᠠ ᠠᠯᠤᠰᠯᠠᠨ ᠬᠡᠷᠡᠭᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠤᠶᠢᠰᠢᠳᠠ ᠶᠢᠨ ᠨᠥᠬᠦᠪᠥᠷᠢ ᠪᠠᠷ ᠭᠤᠣᠯ | ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ ᠳᠡᠮᠵᠢᠬᠦ ᠠᠷᠭ᠎ᠠ ᠮᠠᠶ᠋ᠢᠭ ᠢ ᠪᠤᠢ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ︶ | ︵ᠬᠤᠷᠢᠨ ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠲᠥᠬᠦᠭᠡᠷᠦᠮᠵᠢ ᠬᠤᠷᠣᠭᠳᠠᠯ | ᠮᠠᠲ᠋ᠧᠷᠢᠶᠠᠯ ᠬᠤᠳᠠᠯᠳᠤᠨ ᠠᠪᠬᠤ ᠠᠷᠭ᠎ᠠ ᠶᠢ ᠰᠠᠶᠢᠵᠢᠷᠠᠭᠤᠯᠤᠨ᠎ᠠ᠃ ᠭᠠᠭᠴᠠᠭᠠᠷ ᠣᠷᠣᠯᠠᠨ ᠬᠦᠢᠴᠡᠳᠬᠡᠬᠦ ᠪᠤᠶᠤ | ᠦᠢᠯᠡᠳᠪᠦᠷᠢᠯᠡᠬᠦ ᠬᠡᠮᠵᠢᠭᠦᠷᠯᠢᠭ ᠲᠥᠬᠦᠭᠡᠷᠦᠮᠵᠢ ᠳᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠨᠢ ᠬᠤᠯᠪᠣᠭᠳᠠᠯ ᠪᠥᠬᠦᠶ ᠲᠣᠭᠲᠠᠭᠠᠯ ᠪᠠ ᠲᠠᠰ ᠳᠠᠷᠠᠭᠠᠯᠠᠯ ᠶᠣᠰᠣᠭᠠᠷ ᠨᠠᠩ | ᠠᠮᠢᠳᠤᠯᠢᠭ ᠪᠥᠭᠡᠳ ᠳᠥᠭᠦᠮ ᠳᠥᠲᠡ ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ ᠪᠣᠯᠤᠨ᠎ᠠ᠃ ᠰᠢᠨᠵᠢᠯᠡᠬᠦ | ᠤᠬᠠᠭᠠᠨ ᠤ ᠰᠤᠳᠤᠯᠤᠯ ᠳᠤ ᠪᠠᠴᠢᠮ ᠬᠡᠷᠡᠭᠰᠡᠬᠦ ᠲᠥᠬᠦᠭᠡᠷᠦᠮᠵᠢ ᠪᠣᠯᠤᠨ ᠬᠤᠷᠣᠭᠳᠠᠯ ᠮᠠᠲ᠋ᠧᠷᠢᠶᠠᠯ ᠢ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠡᠰ ᠳᠠᠷᠠᠭᠠᠯᠠᠯ ᠢ ᠭᠦᠢᠴᠡᠳᠬᠡᠬᠦ ᠥᠭᠡᠢ ᠪᠠᠶᠢᠵᠤ ᠪᠣᠯᠬᠤ | ᠪᠥᠭᠡᠳ ᠣᠨᠴᠠ ᠶᠠᠪᠤᠳᠠᠯ ᠢ ᠤᠨᠴᠠᠭᠠᠶᠢᠯᠠᠨ ᠰᠢᠢᠳᠪᠦᠷᠢᠯᠡᠬᠦ᠂ ᠬᠡᠵᠢᠶ᠎ᠡ ᠣᠴᠢᠪᠠᠯ ᠬᠡᠵᠢᠶ᠎ᠡ ᠡᠷᠬᠢᠯᠡᠬᠦ ᠬᠤᠳᠠᠯᠳᠤᠨ | ᠠᠪᠬᠤ ᠲᠣᠭᠲᠠᠴᠠ ᠶᠢ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠬᠤᠷᠢᠨ ᠳᠥᠷᠪᠡ︶ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ | ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠬᠡᠪᠴᠢᠶᠡᠨ ᠳᠣᠲᠣᠷ᠎ᠠ᠂ ᠬᠤᠯᠪᠣᠭᠳᠠᠯ | ᠪᠥᠬᠦᠶ ᠲᠣᠭᠲᠠᠭᠠᠯ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ | ᠮᠠᠶ᠋ᠢᠭ ᠢ ᠪᠡᠶ᠎ᠡ ᠪᠠᠨ ᠳᠠᠭᠠᠭᠠᠨ ᠲᠣᠭᠲᠠᠭᠠᠬᠤ ᠶᠢᠨ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ | ᠰᠢᠨ᠎ᠡ ᠶᠢ ᠡᠭᠦᠳᠬᠦ ᠪᠦᠯᠬᠦᠮ ᠨᠡᠶᠢᠲᠡ ᠪᠠ ᠰᠢᠯᠢᠳᠡᠭ ᠵᠠᠯᠠᠭᠤ ᠴᠢᠳᠠᠪᠤᠷᠢᠲᠠᠨ ᠳᠠᠰᠢ ᠬᠡᠯᠪᠠᠶᠢᠯᠭᠡᠵᠦ ᠪᠣᠯᠤᠨ᠎ᠠ᠃ | ᠪᠦᠬᠦ ᠴᠠᠭ ᠢᠶᠠᠷ ᠢᠶᠠᠨ ᠬᠤᠲᠠ ᠶᠢᠨ ᠳᠡᠰ ᠤᠨ ᠵᠠᠩᠭᠢᠯᠠᠭ᠎ᠠ ᠶᠢᠨ ᠬᠦᠷᠢᠶᠡᠨ ᠤ ᠭᠤᠣᠯᠯᠠᠭᠴᠢ ᠮᠡᠷᠭᠡᠵᠢᠯ ᠤᠨ | ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠭᠰᠡᠨ ᠪᠦᠯᠬᠦᠮ ᠤᠨ ᠬᠠᠷᠢᠭᠤᠴᠠᠯᠭᠠᠲᠠᠨ ᠵᠢᠴᠢ ᠨᠢᠭᠡᠴᠡ ᠶᠢᠨ | ᠣᠷᠣᠭᠤᠯᠤᠨ ᠠᠪᠴᠢᠷᠠᠭᠰᠠᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ | ᠵᠡᠷᠭᠡ ᠳᠤ ᠣᠨ ᠤ ᠴᠠᠯᠢᠩ ᠤᠨ ᠲᠦᠷᠢᠮ᠂ ᠵᠥᠪᠯᠡᠯᠴᠡᠭᠡᠷ ᠤᠨ ᠴᠠᠯᠢᠩ᠂ ᠲᠥᠷᠥᠯ ᠵᠦᠢᠯ ᠤᠨ ᠴᠠᠯᠢᠩ ᠵᠡᠷᠭᠡ | ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠲᠥᠷᠥᠯ ᠵᠦᠢᠯ ᠤᠨ | ᠵᠠᠷᠤᠳᠠᠯ ᠤᠨ ᠳᠣᠲᠣᠷ᠎ᠠ ᠲᠤᠰᠠᠭᠠᠷ ᠬᠢᠨᠠᠨ ᠲᠣᠭᠲᠠᠭᠠᠵᠤ᠂ ᠲᠡᠭᠦᠨ ᠤ ᠴᠠᠯᠢᠩ ᠬᠥᠯᠥᠰᠥ ᠶᠢ ᠪᠠᠶᠢᠭ᠎ᠠ ᠨᠢᠭᠡᠴᠡ ᠶᠢᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠳᠣᠲᠣᠷ᠎ᠠ ᠠᠰ ᠲᠤᠨᠢ ᠵᠢᠭᠰᠠᠭᠠᠵᠤ᠂ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠤᠨ᠂ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ ᠪᠤᠳᠤᠵᠤ ᠣᠷᠣᠭᠤᠯᠬᠤ ᠥᠬᠡᠶ᠃ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠤ ᠲᠤᠰᠢᠶᠠᠯ ᠬᠠᠪᠰᠤᠷᠭᠠᠭᠰᠠᠨ ᠪᠤᠶᠤ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ | ᠦᠢᠯᠡᠰ ᠴᠣᠭᠴᠠᠯᠠᠭᠰᠠᠨ ᠣᠷᠣᠯᠭ᠎ᠠ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ | ᠬᠢᠵᠠᠭᠠᠷᠯᠠᠭᠳᠠᠬᠤ ᠥᠬᠡᠶ᠂ ᠶᠡᠷᠦᠩᠬᠡᠢ ᠲᠤᠭᠠᠨ ᠤ ᠰᠠᠭᠤᠷᠢ ᠲᠤᠭᠠᠨ ᠳᠤ ᠤᠷᠤᠭᠤᠯᠬᠤ ᠦᠬᠡᠢ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ︶ | ︵ᠬᠤᠷᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ | ᠵᠦᠢᠯᠡᠰ᠂ ᠲᠠᠪᠴᠠᠩ᠂ ᠴᠢᠳᠠᠪᠤᠷᠢᠲᠠᠨ᠂ ᠪᠡᠯᠡ ᠮᠥᠩᠭᠦ ᠶᠢ ᠨᠢᠭᠡ ᠴᠤᠭᠴᠠᠵᠢᠭᠤᠯᠤᠨ ᠥᠨᠳᠥᠷ ᠪᠦᠲᠦᠮᠵᠢᠲᠡᠶ ᠪᠠᠷ | ᠲᠣᠬᠢᠷᠠᠭᠤᠯᠬᠤ ᠶᠢ ᠠᠬᠢᠭᠤᠯᠤᠨ᠎ᠠ᠃ ᠰᠠᠭᠤᠷᠢ ᠰᠤᠳᠤᠯᠤᠯ ᠢ ᠴᠢᠩᠭᠠᠳᠬᠠᠵᠤ᠂ ᠮᠠᠨ ᠤ ᠬᠤᠲᠠ ᠶᠢᠨ | ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠬᠡᠷᠡᠭᠯᠡᠭᠡᠨ ᠤ ᠰᠠᠭᠤᠷᠢ ᠰᠤᠳᠤᠯᠤᠯ ᠪᠠ ᠬᠤᠰᠢᠭᠤᠷᠠᠯ ᠤᠨ | ᠴᠢᠨᠠᠷᠲᠠᠶ ᠮᠡᠷᠭᠡᠵᠢᠯ ᠤᠨ ᠨᠡᠭᠡᠭᠡᠯᠲᠡ ᠬᠢᠬᠦ ᠶᠢ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ | ᠲᠥᠷᠥᠯ ᠵᠦᠢᠯ ᠤᠨ ᠬᠠᠮᠢᠶᠠᠷᠤᠯᠲᠠ ᠶᠢ ᠰᠠᠶᠢᠵᠢᠷᠠᠭᠤᠯᠵᠤ᠂ ᠬᠠᠨᠳᠤᠯᠭ᠎ᠠ ᠲᠠᠢ ᠪᠠᠷ ᠨᠠᠶᠢᠳᠠᠬᠤ᠂ ᠵᠠᠷᠯᠠᠨ | ᠮᠠᠩᠯᠠᠶᠢᠯᠠᠭᠤᠯᠬᠤ ᠵᠡᠷᠭᠡ ᠲᠥᠷᠥᠯ ᠵᠦᠢᠯ ᠲᠣᠭᠲᠠᠭᠠᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ ᠲᠥᠷᠥᠯ | ᠵᠦᠢᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠲᠥᠷᠥᠯ ᠵᠦᠢᠯ ᠢ | ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠯᠲᠠ ᠲᠠᠯᠪᠢᠵᠤ ᠬᠠᠮᠢᠶᠠᠷᠬᠤ ᠶᠢ ᠰᠠᠯᠭᠠᠬᠤ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠦᠷᠦᠯ ᠵᠦᠢᠯ ᠢ ᠬᠢᠨᠠᠨ ᠲᠣᠭᠲᠠᠭᠠᠬᠤ᠂ ᠴᠢᠳᠠᠪᠤᠷᠢᠲᠠᠨ ᠢ ᠦᠨᠡᠯᠡᠬᠦ᠂ | ᠪᠠᠶᠢᠭᠤᠯᠤᠮᠵᠢ ᠶᠢ ᠦᠨᠡᠯᠡᠬᠦ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ | ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ | ᠢᠲᠡᠭᠡᠮᠵᠢ ᠶᠢᠨ ᠬᠢᠨᠠᠨ ᠪᠠᠶᠢᠴᠠᠭᠠᠯᠲᠠ᠂ ᠲᠡᠮᠳᠡᠭᠯᠡᠯ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ | ᠵᠠᠩᠭᠢᠯᠠᠭ᠎ᠠ ᠶᠢᠨ ᠴᠡᠭ ᠲᠤ ᠴᠢᠭᠯᠡᠭᠦᠯᠦᠨ ︽ᠬᠥᠰᠢᠶ᠎ᠡ ᠲᠡᠮᠲᠡᠭ︾ ᠤᠨ ᠮᠠᠶ᠋ᠢᠭ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠡᠷᠡᠭᠵᠢᠭᠦᠯᠬᠦ | ᠦᠶᠡᠯᠡᠯ ᠤᠨ ᠬᠤᠭᠤᠴᠠᠭᠠᠨ ᠳᠠᠬᠢ ᠡᠯ᠎ᠡ ᠲᠥᠷᠥᠯ ᠤᠨ ᠦᠨᠡᠯᠡᠨ ᠵᠢᠱᠢᠬᠦ᠂ ᠪᠠᠶᠢᠴᠠᠭᠠᠬᠤ᠂ ᠬᠢᠨᠠᠨ ᠪᠤᠳᠤᠬᠤ ᠵᠡᠷᠭᠡ | ᠠᠵᠢᠯᠯᠠᠭ᠎ᠠ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ | ᠬᠢᠨᠠᠯᠲᠠ ᠲᠠᠯᠪᠢᠬᠤ᠂ ᠪᠠᠶᠢᠴᠠᠭᠠᠬᠤ᠂ ᠬᠢᠨᠠᠨ ᠪᠤᠳᠤᠬᠤ ᠵᠡᠷᠭᠡ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ | ᠲᠡᠭᠦᠯᠳᠡᠷᠵᠢᠭᠦᠯᠵᠦ᠂ ᠠᠳᠠᠯᠢ ᠨᠢᠭᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ | ᠬᠢᠨᠠᠯᠲᠠ ᠲᠠᠯᠪᠢᠬᠤ ᠪᠠ ᠪᠠᠶᠢᠴᠠᠭᠠᠬᠤ ᠶᠢ ᠬᠡᠷᠡᠭᠵᠢᠬᠦᠯᠵᠤ᠂ ᠳᠣᠲᠣᠭᠠᠳᠤ ᠶᠢᠨ ᠬᠢᠨᠠᠨ ᠪᠤᠳᠤᠭᠰᠠᠨ ᠦᠷ᠎ᠡ ᠳ᠋ᠦᠩ ᠢ | ᠬᠠᠷᠢᠯᠴᠠᠨ ᠮᠡᠳᠡᠷᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠶᠢ ᠬᠤᠪᠢᠷᠠᠭᠤᠯᠵᠤ᠂ ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠢᠯᠡᠴᠢᠯᠡᠭᠡ | ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠳᠣᠲᠣᠭᠠᠳᠤ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ | ᠠᠬᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ | ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠷᠣᠨ ᠲᠤᠭ᠎ᠠ ᠪᠤᠶᠤ ᠠᠵᠢᠯᠲᠠᠨ ᠤ ᠶᠡᠷᠦᠩᠬᠡᠶ | ᠲᠣᠭᠠᠨ ᠤ ᠳᠣᠲᠣᠷ᠎ᠠ ᠠᠵᠢᠯ ᠤᠨ ᠪᠠᠶᠢᠷᠢ ᠳᠣᠭᠢᠷᠠᠭᠤᠯᠬᠤ ᠲᠥᠰᠦᠯ ᠪᠠ ᠬᠠᠮᠢᠶᠠᠷᠤᠯᠲᠠ ᠶᠢᠨ ᠠᠷᠭ᠎ᠠ ᠶᠢ | ᠦᠪᠡᠰᠦᠪᠡᠨ ᠲᠣᠭᠲᠠᠭᠠᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠢᠨᠠᠨ ᠪᠤᠳᠤᠬᠤ | ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ | ᠬᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠨᠠᠢᠮᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ | ᠠᠵᠢᠯᠯᠠᠭ᠎ᠠ | ︵ᠬᠤᠷᠢᠨ ᠵᠢᠷᠭᠤᠭ᠎ᠠ︶ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠪᠦᠬᠦ ᠠᠮᠢ ᠨᠠᠰᠤᠨ ᠤ ᠦᠶᠡᠯᠡᠯ ᠤᠨ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠤᠨ᠎ᠠ᠃ | ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ ᠲᠠᠷᠬᠠᠨ ᠤ | ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠢ | ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠶᠢ | ᠡᠭᠦᠳᠬᠦ ᠪᠠ ᠡᠭᠦᠳᠦᠨ ᠪᠦᠲᠦᠭᠡᠬᠦ ᠶᠢ ᠬᠤᠳᠠ ᠶᠢᠨ ᠵᠣᠷᠢᠭ ᠰᠠᠨᠠᠭ᠎ᠠ ᠪᠠ ᠦᠷᠳᠡᠭ ᠤᠨ ᠤᠳᠤᠷᠢᠳᠤᠮᠵᠢ ᠪᠣᠯᠭᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠣᠷᠣᠭᠤᠯᠤᠯᠲᠠ ᠶᠢ ᠨᠡᠮᠡᠭᠳᠡᠭᠦᠯᠵᠦ᠂ ᠪᠦᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ | ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠬᠥᠲᠥᠯᠥᠨ | ᠵᠢᠯᠣᠭᠤᠳᠬᠤ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠦᠭᠰᠡᠨ ᠦᠯᠢᠭᠡᠷ ᠢ ᠰᠠᠶᠢᠲᠤᠷ ᠶᠠᠷᠢᠵᠤ᠂ ᠨᠡᠶᠢᠭᠡᠮ | ᠳᠠᠶᠠᠭᠠᠷ ᠤᠨ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠬᠦᠭᠵᠢᠬᠡᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ | ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠷᠢᠨ ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠪᠠ | ᠬᠠᠮᠠᠭᠠᠯᠠᠯᠲᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠪᠠᠷ ᠵᠥᠪᠰᠢᠶᠡᠷᠡᠭᠳᠡᠭᠰᠡᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠳᠠᠪᠠᠭᠤᠯᠢᠭ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠪᠠ ᠵᠢᠱᠢᠶ᠎ᠡ ᠦᠵᠡᠭᠦᠯᠬᠦ ᠨᠢᠭᠡᠴᠡ ᠳᠤ ᠲᠠᠰ᠂ | ᠲᠥᠷᠥᠯ ᠬᠡᠯᠪᠡᠷᠢ ᠪᠠᠷ ᠨᠢ ᠬᠠᠮᠤᠭ ᠥᠨᠳᠥᠷ ᠲᠡᠭᠡᠨ 50 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠮᠵᠢᠶ᠎ᠠ ᠳᠤ ᠨᠡᠶᠢᠴᠡᠭᠦᠯᠦᠨ ᠰᠢᠨ᠎ᠡ ᠪᠠᠷ ᠭᠡᠷᠡᠴᠢᠯᠡᠨ | ᠮᠠᠭᠠᠳᠯᠠᠭᠰᠠᠨ ᠠᠵᠤ ᠠᠬᠤᠶᠢᠯᠠᠯ᠂ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠲᠤ ᠰᠢᠨ᠎ᠡ ᠶᠢ ᠡᠭᠦᠳᠬᠦ ᠴᠢᠳᠠᠪᠤᠷᠢ᠂ ᠭᠡᠷᠡᠴᠢᠯᠡᠨ ᠮᠠᠭᠠᠳᠯᠠᠭᠰᠠᠨ ᠥᠪᠡᠷ ᠤᠨ ᠥᠷᠲᠡᠭ ᠵᠡᠷᠭᠡ ᠶᠣᠰᠣᠭᠠᠷ | ᠨᠢᠭᠡ ᠤᠳᠠᠭ᠎ᠠ ᠶᠢᠨ ᠴᠢᠨᠠᠷᠲᠠᠶ ᠪᠠᠷ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠬᠡᠨ ᠤ ᠲᠥᠪ ᠢ | ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠬᠦᠯᠵᠤ ᠡᠷᠬᠡ ᠬᠠᠮᠠᠭᠠᠯᠠᠬᠤ | ᠲᠤᠭᠳᠠᠴᠠ ᠶᠢ ᠲᠡᠬᠦᠯᠳᠡᠷᠵᠢᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠨᠠᠢᠮᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠠᠯᠳᠠᠭ᠎ᠠ ᠪᠤᠷᠤᠭᠤ ᠶᠢ ᠪᠠᠭᠲᠠᠭᠠᠬᠤ | ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠶᠤᠯ ᠲᠦᠭᠰᠢᠭᠦᠷᠢ | ᠶᠡᠬᠡᠲᠡᠶ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ | ᠵᠣᠷᠢᠭᠲᠠᠶ ᠪᠠᠷ ᠦᠢᠯᠡᠳᠦᠯᠭᠡ ᠬᠢᠬᠦ᠂ ᠵᠣᠷᠢᠭᠲᠠᠶ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠪᠤᠷᠤᠭᠤ | ᠲᠤᠷᠰᠢᠬᠤ ᠶᠢ ᠵᠥᠪᠰᠢᠶᠡᠷᠡᠬᠦ᠂ ᠢᠯᠠᠭᠳᠠᠯ ᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ᠎ᠠ᠃ ᠡᠳ᠋ ᠤᠨ | ᠵᠠᠰᠠᠭ ᠤᠨ ᠵᠣᠭᠤᠰ ᠢᠶᠠᠷ ᠲᠤᠰᠠᠯᠠᠭᠰᠠᠨ ᠰᠢᠨ᠎ᠡ ᠶᠢ ᠡᠭᠦᠳᠬᠦ ᠲᠥᠷᠥᠯ ᠵᠦᠢᠯ ᠨᠢ ᠵᠢᠱᠢᠭᠰᠡᠨ ᠬᠠᠷᠠᠯᠲᠠ ᠪᠠᠨ | ᠣᠯᠤᠭᠠᠳᠤᠶ᠂ ᠲᠤᠰᠬᠠᠶ ᠮᠡᠷᠭᠡᠵᠢᠯᠲᠡᠨ ᠢᠶᠠᠷ ᠦᠨᠡᠯᠡᠬᠦᠯᠦᠬᠡᠳ ᠦᠨᠡᠨᠬᠦ ᠴᠢᠬᠤᠯᠠ ᠬᠠᠶᠢᠨ ᠰᠦᠪᠡᠭᠴᠢᠯᠡᠬᠦ ᠦᠨ᠎ᠡ | ᠥᠷᠲᠡᠭ ᠲᠠᠢ ᠮᠥᠷᠲᠡᠭᠡᠨ ᠰᠢᠨ᠎ᠡ ᠶᠢ ᠡᠭᠦᠳᠬᠦ ᠭᠤᠤᠯ ᠴᠣᠭᠴᠠ ᠨᠢ ᠨᠢᠭᠡᠨᠲᠡ ᠴᠢᠷᠮᠠᠶᠢᠨ ᠬᠠᠷᠢᠭᠤᠴᠠᠯᠭ᠎ᠠ ᠪᠠᠨ | ᠬᠦᠢᠴᠡᠳᠭᠡᠭᠰᠡᠨ ᠪᠠᠶᠢᠪᠠᠯ᠂ ᠲᠡᠳᠡᠨ ᠤ ᠰᠤᠳᠤᠯᠭᠠᠨ ᠥᠷᠨᠢᠭᠦᠯᠬᠦ ᠶᠢ ᠦᠷᠭᠦᠯᠵᠢᠯᠡᠨ ᠳᠡᠮᠵᠢᠨ᠎ᠡ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠵᠠᠷᠤᠳᠠᠯ ᠤᠨ | ᠲᠤᠰᠠᠯᠠᠮᠵᠢ ᠪᠤᠶᠤ ᠲᠦᠭᠰᠢᠭᠦᠷᠢᠲᠦ ᠪᠠᠯᠠ ᠣᠷᠣᠭᠤᠯᠤᠯᠲᠠ ᠬᠢᠵᠦ᠂ ᠲᠣᠭᠲᠠᠭᠠᠯ ᠳᠤ ᠨᠡᠶᠢᠴᠡᠬᠦ ᠪᠣᠯᠪᠠᠴᠤ ᠵᠢᠱᠢᠭᠰᠡᠨ | ᠦᠷ᠎ᠡ ᠪᠦᠲᠦᠮᠵᠢ ᠳᠤ ᠬᠦᠷᠴᠦ ᠳᠡᠶᠢᠯᠦᠭᠰᠡᠨ ᠥᠬᠡᠶ ᠂ ᠬᠠᠮᠢᠶ᠎ᠠ ᠪᠥᠬᠦᠶ ᠨᠢᠭᠡᠴᠡ ᠪᠠ ᠠᠵᠢᠯᠲᠠᠨ ᠡᠭᠦᠷᠭᠡ | ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠭᠡᠭᠰᠡᠨ᠂ ᠬᠤᠪᠢ ᠶᠢᠨ ᠠᠰᠢᠭ ᠢ ᠬᠥᠭᠡᠭᠡᠴᠡᠯᠳᠦᠭᠰᠡᠨ ᠦᠬᠡᠢ ᠤᠷᠢᠲᠠᠯ | ᠳᠣᠤᠷ᠎ᠠ᠂ ᠨᠠᠵᠠᠭᠠᠶ ᠲᠠᠯ᠎ᠠ ᠶᠢᠨ ᠦᠨᠡᠯᠡᠯᠲᠡ ᠬᠢᠬᠦ ᠥᠬᠡᠶ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠭᠡᠯᠳᠦᠷᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠢᠨᠠᠨ ᠪᠤᠳᠤᠬᠤ ᠲᠣᠪᠴᠢᠶ᠎ᠠ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ︶ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢ ᠶᠢᠰᠦ︶ ᠪᠠᠯᠠ ᠮᠥᠩᠭᠦ ᠶᠢᠨ ᠪᠠᠲᠤᠯᠠᠭ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠡᠷᠬᠡ | ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠣᠷᠣᠭᠤᠯᠤᠯᠲᠠ ᠶᠢᠨ | ᠪᠠᠲᠤᠯᠭᠠᠲᠤ ᠨᠡᠮᠡᠭᠳᠡᠯ ᠪᠠ ᠨᠡᠶᠢᠭᠡᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ | ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠤᠰᠬᠠᠶ ᠪᠠᠯᠠ ᠮᠥᠩᠭᠦ ᠶᠢᠨ ᠲᠥᠰᠦᠪ ᠢ 2021 ᠣᠨ ᠤ ᠰᠠᠭᠤᠷᠢ ᠲᠤᠭ᠎ᠠ ᠳᠡᠭᠡᠷ᠎ᠡ ᠭᠤᠷᠪᠠᠨ ᠵᠢᠯ ᠳᠠᠷᠠᠭᠠᠯᠠᠨ | 15% ᠪᠠᠷ ᠠᠬᠢᠨ ᠨᠡᠮᠡᠭᠳᠡᠬᠦᠯᠦᠨ᠎ᠡ︔ ᠬᠤᠰᠢᠭᠤ ᠲᠤᠭᠤᠷᠢᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ1% ᠠᠴᠠ ᠳᠣᠤᠷ᠎ᠠ | ᠪᠠᠶᠢᠯᠭᠠᠬᠤ ᠥᠬᠡᠶ ᠪᠥᠭᠡᠳ ᠵᠢᠯ ᠳᠠᠷᠠᠭᠠᠯᠠᠨ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠣᠳᠣᠯᠭᠠᠨ ᠤ ᠬᠦᠷᠢᠶᠡᠯᠡᠩ ᠭᠠᠵᠠᠷ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠡᠷᠭᠡ | ᠪᠠᠶᠢᠭᠤᠯᠤᠮᠵᠢ ᠨᠤᠭᠤᠳ ᠡᠯ᠎ᠡ ᠲᠠᠯ᠎ᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ᠂ ᠰᠤᠳᠤᠯᠤᠨ ᠨᠡᠭᠡᠭᠡᠬᠦ | ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ | ᠬᠢᠭᠡᠳ ᠮᠥᠩᠭᠦᠨ ᠬᠦᠢᠯᠬᠡᠬᠡᠨ ᠤ ᠭᠦᠨᠵᠡᠭᠡᠶ ᠠᠭᠤᠰᠤᠯᠴᠠᠯ ᠢ ᠶᠡᠬᠡᠪᠡᠷ ᠠᠬᠢᠭᠤᠯᠵᠤ᠂ ᠠᠳᠠᠭ ᠪᠠᠭ᠎ᠠ ᠳᠠᠭᠠᠨ 30 | ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠨᠥᠬᠦᠪᠥᠷᠢᠯᠡᠬᠦ | ᠲᠣᠭᠲᠠᠴᠠ ᠶᠢ ᠪᠠᠶᠢᠭᠤᠯᠵᠤ᠂ ᠪᠠᠩᠬᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ ᠪᠠᠩᠬᠢ ᠪᠠᠶᠢᠭᠤᠯᠬᠤ ᠶᠢ | ᠵᠣᠷᠢᠭᠵᠢᠭᠤᠯᠵᠤ᠂ ᠮᠥᠩᠭᠦᠨ ᠬᠦᠢᠯᠬᠡᠬᠡᠨ ᠤ ᠬᠥᠷᠥᠩᠭᠡ᠂ ᠠᠷᠠᠳ ᠤᠨ ᠬᠥᠷᠥᠩᠭᠡ ᠶᠢᠨ ᠰᠢᠨ᠎ᠡ ᠶᠢ ᠡᠭᠦᠳᠬᠦ | ᠬᠦᠷᠢᠶᠡᠨ ᠳᠤ ᠢᠯᠡᠬᠦᠤ ᠣᠷᠣᠬᠤ ᠶᠢ ᠬᠥᠲᠥᠯᠦᠨ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠶᠢ ᠪᠦᠷᠢᠳᠬᠡᠬᠦ ᠪᠠ ᠬᠢᠨᠠᠨ ᠬᠡᠮᠵᠢᠬᠦ ᠶᠢ ᠴᠢᠩᠭᠠᠳᠬᠠᠵᠤ᠂ ᠪᠦᠷᠢᠳᠭᠡᠪᠡᠰᠦ ᠵᠣᠬᠢᠬᠤ ᠶᠢ ᠪᠦᠬᠦᠨ ᠢ | ᠪᠦᠷᠢᠳᠬᠡᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠬᠦᠢᠯᠬᠡᠬᠡᠨ ᠤ | ᠠᠵᠢᠯ ᠤᠨ ᠠᠯᠪᠠᠨ ᠬᠡᠷ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠭᠤᠴᠢ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠡᠯ᠎ᠡ ᠬᠤᠰᠢᠭᠤ ᠲᠤᠭᠤᠷᠢᠭ ᠤᠨ ᠬᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠨᠢᠭᠡᠳᠦᠭᠡᠷ | ᠭᠠᠷ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠢ ᠠᠳᠬᠤᠬᠤ︾ ᠲᠤᠰᠢᠶᠠᠯ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠦᠪᠡᠭᠴᠢᠯᠡᠬᠦ ᠪᠠ | ᠠᠬᠢᠭᠤᠯᠬᠤ ᠬᠡᠷᠡᠭᠲᠡᠶ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ᠂ ᠬᠤᠲᠠ ᠶᠢᠨ ᠰᠢᠭᠤᠳ ᠬᠠᠷᠢᠶ᠎ᠠ ᠬᠦᠷᠢᠶᠡᠯᠡᠩ ᠲᠣᠭᠤᠷᠢᠭ ᠨᠢ ᠵᠢᠯ ᠪᠦᠷᠢ ᠶᠢᠨ ᠵᠢᠯ ᠤᠨ | ᠰᠡᠭᠦᠯᠴᠢ ᠠᠴᠠ ᠡᠮᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠤᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ︽1+1︾ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠵᠢᠯᠴᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ | ᠶᠢᠨ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠨ ᠳᠣᠭᠢᠷᠠᠭᠤᠯᠵᠤ᠂ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠬᠦ ᠬᠡᠷᠡᠭᠲᠡᠶ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠲᠣᠰ | ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠪᠠᠨ ᠴᠢᠩᠭᠠᠳᠬᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | | ᠠᠷᠪᠠ᠂ ᠪᠤᠰᠤᠳ ᠵᠦᠢᠯ | ᠲᠣᠰ ᠲᠥᠰᠦᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ | 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠲᠠᠶᠢᠯᠪᠤᠷᠢᠯᠠᠯᠲᠠ ᠬᠢᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠲᠦᠷᠢᠮ ᠢ ᠢᠵᠢ | ᠪᠦᠷᠢᠳᠦᠬᠦᠯᠦᠨ ᠲᠣᠭᠲᠠᠭᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠬᠤᠶᠢᠰᠢᠳᠠ ᠰᠢᠨ᠎ᠡ ᠲᠥᠷᠥ ᠶᠢᠨ | ᠪᠣᠳᠣᠯᠭ᠎ᠠ ᠨᠡᠶᠢᠲᠡᠯᠡᠭᠰᠡᠨ ᠪᠠᠶᠢᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ | ᠵᠢᠷᠤᠮᠯᠠᠨ᠎ᠠ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠥᠷᠥ ᠶᠢᠨ ᠪᠣᠳᠣᠯᠭ᠎ᠠ ᠶᠢ | ᠮᠥᠷᠳᠡᠨ ᠲᠠᠭᠠᠵᠤ ᠦᠨᠡᠯᠡᠨ ᠵᠢᠱᠢᠬᠦ ᠪᠠᠨ ᠴᠢᠩᠭᠠᠳᠬᠠᠵᠤ᠂ ᠴᠠᠭ ᠲᠤᠬᠠᠶ ᠳᠤᠨᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠳᠡᠪᠰᠢᠭᠦᠯᠵᠦ ᠲᠣᠰ ᠲᠥᠰᠦᠯ ᠢ ᠲᠤᠬᠢᠷᠠᠭᠤᠯᠤᠨ ᠲᠡᠬᠦᠯᠳᠡᠷᠵᠢᠬᠦᠯᠦᠨ᠎ᠡ᠃ | | |