ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠣᠷᠳᠣᠰ ᠬᠤᠲᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︿ᠣᠷᠣᠨ ᠪᠦᠰᠡ ᠶᠢᠨ | ᠦᠨᠡᠯᠡᠨ ᠵᠢᠱᠢᠬᠦ ᠠᠵᠢᠯ﹀ ᠤᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ︶︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠶ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 9 ᠰᠠᠷ᠎ᠠ ᠶᠢᠨ 2 ᠤᠨ ᠡᠳᠦᠷ | | | | | ᠣᠷᠳᠣᠰ ᠬᠤᠲᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠣᠷᠣᠨ ᠪᠦᠰᠡ | ᠶᠢᠨ ᠦᠨᠡᠯᠡᠨ ᠵᠢᠱᠢᠯᠲᠡ︾ ᠶᠢᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ︶ | ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠵᠠᠰᠠᠭ | ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ | ᠣᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠣᠶᠢᠯᠡᠴᠢᠯᠡᠬᠦ ᠲᠤᠬᠠᠶ ᠡᠯ᠎ᠡ ᠵᠣᠶᠢᠯ | ᠤᠨ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠦᠷᠢᠵᠢᠭᠤᠯᠵᠤ᠂ | ᠦᠢᠯᠡᠴᠢᠯᠡᠭᠡᠨ ᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠬᠦ ᠪᠠ ᠰᠢᠨ᠎ᠡ ᠶᠢ ᠡᠭᠦᠳᠴᠦ᠂ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ | ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠬᠡᠳᠬᠡᠬᠦ ᠶᠢᠨ ᠲᠤᠰᠠᠳᠠ᠂ ᠮᠠᠨ ᠤ ᠬᠤᠳᠠ ᠶᠢᠨ ᠠᠵᠤ ᠦᠢᠯᠡᠳᠪᠦᠷᠢ | ᠶᠢᠨ ᠬᠦᠷᠢᠶᠡᠯᠡᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠭᠤᠣᠯ ᠬᠠᠷᠠᠯᠲᠠ | ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠠᠴᠠ ᠣᠷᠣᠨ ᠪᠦᠰᠡ ᠶᠢᠨ ᠴᠢᠨᠠᠷᠲᠠᠶ ᠦᠨᠡᠯᠡᠨ ᠵᠢᠱᠢᠬᠦ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ | ᠥᠷᠨᠢᠭᠦᠯᠬᠦ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠣᠶᠢᠯ ᠢ ᠬᠢᠨᠠᠨ ᠵᠥᠪᠰᠢᠶᠡᠷᠡᠬᠦ | ᠶᠠᠪᠤᠴᠠ ᠳᠤ ᠬᠤᠯᠪᠣᠭᠳᠠᠬᠤ ᠤᠷᠢᠳᠠᠴᠢ ᠴᠢᠨᠠᠷᠲᠠᠶ ᠦᠨᠡᠯᠡᠨ ᠵᠢᠱᠢᠬᠦ ᠠᠵᠢᠯ ᠢ ᠲᠦᠷᠭᠡᠬᠡᠨ ᠪᠡᠶᠡᠯᠡᠭᠦᠯᠵᠦ᠂ ᠪᠦᠬᠦᠯᠢ | ᠴᠣᠭᠴᠠ ᠶᠢᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠤᠢ ᠪᠣᠯᠭᠠᠵᠤ᠂ | ᠲᠦᠷᠦᠯ ᠵᠣᠶᠢᠯ ᠢ ᠪᠦᠲᠦᠭᠡᠨ ᠪᠠᠶᠢᠭᠤᠯᠬᠤ ᠨᠢᠭᠡᠴᠡ ᠳᠤ ᠬᠠᠩᠭᠠᠨ ᠥᠭᠴᠦ ᠬᠠᠮᠲᠤ ᠪᠠᠷ ᠡᠳ᠋ᠯᠡᠭᠦᠯᠦᠨ | ᠬᠡᠷᠡᠭᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠣᠶᠢᠯ ᠢ ᠬᠢᠨᠠᠨ ᠵᠥᠪᠰᠢᠶᠡᠷᠡᠬᠦ ᠶᠠᠪᠤᠴᠠ ᠳᠠᠬᠢ ᠦᠨᠡᠯᠡᠨ | ᠵᠢᠱᠢᠵᠦ ᠦᠨᠡᠯᠡᠬᠦ ᠵᠦᠢᠯᠡᠰ ᠤᠯᠠᠨ᠂ ᠴᠠᠭ ᠬᠤᠷᠣᠭᠠᠬᠤ ᠨᠢ ᠤᠷᠲᠤ᠂ ᠥᠪᠡᠷ ᠤᠨ ᠦᠷᠲᠡᠭ ᠨᠢ ᠥᠨᠳᠥᠷ ᠵᠡᠷᠭᠡ | ᠠᠰᠠᠭᠤᠳᠠᠯ ᠢ ᠰᠢᠢᠳᠪᠦᠷᠢᠯᠡᠵᠣ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠲᠦᠷᠦᠯ ᠵᠣᠶᠢᠯ ᠢ ᠨᠠᠶᠢᠳᠠᠪᠤᠷᠢᠵᠢᠭᠤᠯᠬᠤ ᠶᠢ ᠲᠦᠷᠬᠡᠳᠬᠡᠨ᠎ᠡ᠃ | ︵ᠬᠤᠶᠠᠷ︶ ᠬᠡᠷᠡᠭᠵᠢᠭᠦᠯᠬᠦ ᠬᠡᠪᠴᠢᠶ᠎ᠡ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ | ᠬᠢᠨᠠᠨ ᠬᠠᠷᠭᠤᠭᠤᠯᠬᠤ ᠠᠯᠪᠠᠨ ᠵᠠᠷ ᠤᠨ ᠭᠠᠷᠴᠠᠭ ︵2021 ᠣᠨ ᠤ ᠬᠡᠪᠯᠡᠯ︶︾ ᠳᠤ ᠤᠷᠤᠭᠤᠯᠤᠭᠰᠠᠨ 8 ᠠᠵᠤ | ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ 15 ᠬᠦᠷᠢᠶᠡᠯᠡᠩ ᠲᠤᠭᠤᠷᠢᠭ ᠤᠨ ᠬᠠᠷᠢᠶ᠎ᠠ ᠬᠡᠰᠡᠭ᠄ ᠣᠷᠳᠣᠰ | ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠰᠡᠭ᠂ ᠬᠥᠩᠭᠡᠨ | ᠨᠡᠬᠡᠮᠡᠯ ᠤᠨ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ | ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠳᠠᠯᠠᠳ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ | ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠵᠡᠭᠦᠨᠭᠠᠷ ᠠᠵᠤ ᠦᠢᠯᠡᠰ | ᠤᠨ ᠬᠡᠰᠡᠭ᠂ ᠳ᠋ᠠ ᠯᠤ᠋ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠮᠧᠩ ᠰᠤ᠋ ᠠᠵᠤ | ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠵᠢᠶᠠᠩᠰᠦ ᠠᠵᠤ ᠦᠢᠯᠡᠰ ᠤᠨ ᠬᠡᠰᠡᠭ᠂ ᠱᠧᠩ ᠶᠤᠸᠠᠨ | ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠱᠤᠷᠤᠭ ᠠᠵᠤ ᠠᠬᠤᠶ ᠶᠢᠨ ᠨᠡᠭᠡᠭᠡᠯᠲᠡ ᠶᠢᠨ | ᠬᠦᠷᠢᠶᠡᠯᠡᠩ ᠲᠣᠭᠤᠷᠢᠭ ︵ᠱᠣᠷᠤᠭ ᠠᠵᠤ ᠦᠢᠯᠡᠰ ᠤᠨ ᠬᠡᠰᠡᠭ᠂ ᠨᠠᠷᠢᠠᠭᠤᠤᠯ ᠠᠵᠤ ᠣᠶᠢᠯᠡᠰ ᠤᠨ ᠬᠡᠰᠡᠭ︶᠂ | ᠥᠪᠥᠷ ᠮᠣᠩᠭᠤᠯ ᠤᠨ ᠣᠷᠳᠣᠰ ᠤᠨ ᠬᠠᠩᠬᠢᠨ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ | ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠰᠢᠨ᠎ᠡ ᠡᠨᠧᠷᠭᠢ ᠶᠢᠨ ᠠᠵᠤ ᠣᠶᠢᠯᠡᠰ ᠤᠨ ᠬᠡᠰᠡᠭ︶᠂ ᠥᠪᠥᠷ | ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠴᠢ ᠫᠠᠨ | ᠵᠢᠩ ᠠᠵᠤ ᠣᠶᠢᠯᠡᠰ ᠤᠨ ᠬᠡᠰᠡᠭ᠂ ᠮᠧᠩ ᠰᠢ ᠠᠵᠤ ᠣᠶᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ | ᠤᠨ ᠱᠠᠩᠬᠤ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠲᠦᠩ ᠴᠤᠸᠠᠨ ᠮᠠᠰᠢᠨ | ᠲᠡᠷᠭᠡᠨ ᠤ ᠦᠵᠡᠰᠬᠦᠯᠡᠩ ᠤᠨ ᠬᠦᠷᠢᠶᠡᠯᠡᠩ᠃ | ︵ᠭᠤᠷᠪᠠ︶ ᠬᠡᠷᠡᠭᠵᠢᠭᠦᠯᠬᠦ ᠭᠤᠣᠯ ᠴᠣᠭᠴᠠ | ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠨ ᠵᠤᠬᠢᠶᠠᠨ ᠪᠠᠶᠢᠭᠤᠯᠵᠤ᠂ | ᠬᠠᠷᠢᠶ᠎ᠠ ᠣᠷᠣᠨ ᠤ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ | ᠠᠵᠢᠯ ᠢ ᠨᠢᠭᠡᠳᠤᠯᠲᠠᠢ ᠲᠦᠯᠦᠪᠯᠡᠨ ᠠᠬᠢᠭᠤᠯᠤᠨ᠎ᠠ︔ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ | ᠡᠯ᠎ᠡ ᠵᠣᠶᠢᠯ ᠤᠨ ᠦᠨᠡᠯᠡᠨ ᠵᠢᠱᠢᠬᠦ ᠠᠵᠢᠯ ᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠨ᠎ᠠ︔ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠵᠢᠯᠣᠭᠤᠳᠬᠤ ᠶᠢ ᠬᠠᠷᠢᠭᠤᠴᠠᠨ᠎ᠠ᠃ | | ᠬᠤᠶᠠᠷ᠂ ᠠᠭᠤᠯᠭ᠎ᠠ ᠡᠭᠦᠷᠭᠡ | ︵ᠨᠢᠭᠡ︶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ | ︽ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠲᠦᠷᠢᠮ︾ ︵ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 559 ᠳ᠋ᠤᠬᠡᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠷᠬᠡᠪᠰᠢ ᠶᠡᠷᠦᠩᠬᠡᠶ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠴᠠ | ᠡᠮᠦᠨ᠎ᠡ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠪᠡᠶᠡᠯᠡᠭᠦᠯᠦᠨ᠎ᠡ᠃ | ᠣᠳᠣᠬᠠᠨ ᠳᠤ ᠪᠥᠬᠦ ᠬᠤᠲᠠ ᠶᠢᠨ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠴᠥᠮ | ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠨᠢᠭᠡᠨᠲᠡ ᠪᠡᠶᠡᠯᠡᠭᠦᠯᠦᠭᠰᠡᠨ | ᠪᠠᠶᠢᠨ᠎ᠠ᠂ ᠲᠠᠷᠠᠭᠠᠴᠢ ᠶᠢᠨ ᠠᠯᠬᠤᠮ ᠳᠤ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ | ᠲᠥᠯᠥᠪᠵᠢᠭᠦᠯᠭᠡ ᠶᠢ ᠰᠢᠨ᠎ᠡ ᠪᠠᠷ ᠨᠠᠶᠢᠷᠠᠭᠤᠯᠤᠨ ᠵᠣᠬᠢᠶᠠᠬᠤ ᠪᠤᠶᠤ ᠵᠠᠰᠠᠨ ᠨᠠᠶᠢᠷᠠᠭᠤᠯᠬᠤ ᠶᠠᠪᠤᠴᠠ ᠳᠤ | ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠶᠢ ᠵᠠᠰᠠᠨ ᠨᠠᠶᠢᠷᠠᠭᠤᠯᠬᠤ ᠠᠵᠢᠯ ᠢ ᠴᠠᠭ | ᠲᠤᠬᠠᠶ ᠳᠤᠨᠢ ᠦᠷᠨᠢᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ | ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶ | ︵ᠬᠤᠶᠠᠷ︶ ᠲᠦᠯᠦᠪᠵᠢᠭᠦᠯᠬᠡ ᠶᠢᠨ ᠤᠰᠤᠨ ᠤ ᠡᠬᠢ ᠪᠠᠶᠠᠯᠢᠭ ᠤᠨ ᠨᠤᠳᠠᠯᠠᠯᠳᠠ | ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠣᠷᠣᠨ | ᠪᠦᠰᠡ ᠶᠢᠨ ᠦᠨᠡᠯᠡᠨ ᠵᠢᠱᠢᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠷᠬᠡᠪᠰᠢ | ᠶᠡᠷᠦᠩᠬᠡᠶ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠴᠠ ᠡᠮᠦᠨ᠎ᠡ ᠲᠥᠯᠥᠪᠵᠢᠭᠦᠯᠭᠡ ᠶᠢᠨ ᠤᠰᠤᠨ ᠤ ᠡᠬᠢ | ᠪᠠᠶᠠᠯᠢᠭ ᠤᠨ ᠨᠤᠲᠠᠯᠠᠯᠲᠠ ᠶᠢ ᠪᠡᠶᠡᠯᠡᠭᠦᠯᠦᠨ᠎ᠡ᠃ ᠣᠳᠣᠬᠠᠨ ᠳᠤ ᠪᠥᠬᠦ ᠬᠤᠲᠠ ᠶᠢᠨ ᠡᠯ᠎ᠡ ᠠᠵᠤ ᠣᠶᠢᠯᠡᠳᠪᠦᠷᠢ | ᠶᠢᠨ ᠬᠦᠷᠢᠶᠡᠯᠡᠩ ᠲᠣᠭᠤᠷᠢᠭ ᠲᠤ ᠴᠥᠮ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠢ ᠨᠤᠲᠠᠯᠠᠬᠤ ᠠᠵᠢᠯ ᠢ | ᠨᠢᠭᠡᠨᠲᠡ ᠥᠷᠨᠢᠭᠦᠯᠵᠦ᠂ ᠡᠭᠦᠨ ᠳᠤ 7 ᠬᠦᠷᠢᠶᠡᠯᠡᠩ ᠲᠣᠭᠤᠷᠢᠭ ᠤᠨ 12 ᠬᠡᠰᠡᠭ ᠵᠢᠴᠢ ᠲᠦᠩ ᠴᠤᠸᠠᠨ ᠮᠠᠰᠢᠨ | ᠲᠡᠷᠭᠡᠨ ᠤ ᠦᠵᠡᠰᠬᠦᠯᠡᠩ ᠤᠨ ᠬᠦᠷᠢᠶᠡᠯᠡᠩ ᠨᠢᠭᠡᠨᠳᠡ ᠪᠡᠶᠡᠯᠡᠭᠦᠯᠵᠣ᠂ ᠲᠠᠷᠠᠭᠠᠴᠢ ᠶᠢᠨ ᠠᠯᠬᠤᠮ ᠳᠤ ᠠᠵᠤ | ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠰᠢᠨ᠎ᠡ ᠪᠠᠷ ᠨᠠᠶᠢᠷᠠᠭᠤᠯᠤᠨ | ᠵᠣᠬᠢᠶᠠᠬᠤ ᠪᠤᠶᠤ ᠵᠠᠰᠠᠨ ᠨᠠᠶᠢᠷᠠᠭᠤᠯᠬᠤ ᠶᠠᠪᠤᠴᠠ ᠳᠤ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠢ | ᠨᠤᠲᠠᠯᠠᠬᠤ ᠠᠵᠢᠯ ᠢ ᠴᠠᠭ ᠲᠤᠬᠠᠶ ᠳᠤᠨᠢ ᠦᠷᠨᠢᠭᠦᠯᠦᠨ᠎ᠡ︔ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠣᠶᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠣᠶᠢᠯᠡᠰ ᠤᠨ | ᠬᠡᠰᠡᠭ᠂ ᠥᠪᠥᠷ ᠮᠣᠩᠭᠤᠯ ᠤᠨ ᠣᠷᠳᠣᠰ ᠤᠨ ᠲᠡᠯᠡᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ | ᠤᠨ ᠲᠡᠯᠡᠳ ᠠᠵᠤ ᠣᠶᠢᠯᠡᠰ ᠤᠨ ᠬᠡᠰᠡᠭ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠪᠠᠷ ᠪᠠᠶᠢᠨ᠎ᠠ︔ ᠥᠪᠥᠷ ᠮᠣᠩᠭᠤᠯ ᠤᠨ ᠣᠷᠳᠣᠰ ᠤᠨ ᠵᠡᠭᠦᠨᠭᠠᠷ | ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠵᠡᠭᠦᠨᠭᠠᠷ ᠠᠵᠤ ᠣᠶᠢᠯᠡᠰ ᠤᠨ ᠬᠡᠰᠡᠭ ᠲᠤ ᠶᠠᠭ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠶᠡᠷᠦᠩᠬᠡᠶ | ᠲᠦᠯᠦᠪᠵᠢᠭᠦᠯᠬᠡ ᠲᠠᠢ ᠤᠶᠠᠯᠳᠤᠭᠤᠯᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠳᠤ | ᠲᠤᠬᠢᠷᠠᠭᠤᠯᠤᠯᠳᠠ ᠬᠢᠵᠣ ᠵᠠᠰᠠᠨ ᠨᠠᠶᠢᠷᠠᠭᠤᠯᠵᠤ ᠪᠠᠶᠢᠨ᠎ᠠ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ | ᠰᠠᠯᠠᠭ᠎ᠠ ᠮᠥᠴᠢᠷ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶ | ︵ᠭᠤᠷᠪᠠ︶ ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠦᠨᠡᠯᠡᠨ ᠵᠢᠱᠢᠯᠲᠡ | ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ | ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 6 ᠬᠦᠷᠢᠶᠡᠯᠡᠩ ᠲᠣᠭᠤᠷᠢᠭ ᠤᠨ 11 | ᠬᠡᠰᠡᠭ ᠲᠤ ᠨᠢᠭᠡᠨᠲᠡ ︽ᠲᠠᠪᠤ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠦᠭᠰᠡᠨ ᠪᠤᠶᠤ ᠬᠥᠷᠥᠰᠥ | ᠰᠢᠷᠣᠶ ᠶᠢ ᠬᠠᠮᠠᠭᠠᠯᠠᠬᠤ ᠲᠥᠰᠦᠯ ᠤᠨ ᠴᠣᠬᠤᠯᠠᠪᠤᠷᠢ ᠶᠢ ᠣᠯᠤᠭᠰᠠᠨ ᠪᠣᠯᠬᠤᠷ ᠬᠥᠷᠥᠰᠥ ᠰᠢᠷᠣᠶ ᠶᠢ ᠬᠠᠮᠠᠭᠠᠯᠠᠬᠤ | ᠣᠷᠣᠨ ᠪᠦᠰᠡ ᠶᠢᠨ ᠦᠨᠡᠯᠡᠨ ᠵᠢᠱᠢᠯᠲᠡ ᠬᠢᠬᠦ ᠴᠢᠬᠤᠯᠠ ᠥᠬᠡᠶ︔ ᠥᠪᠥᠷ ᠮᠣᠩᠭᠤᠯ ᠤᠨ ᠣᠷᠳᠣᠰ ᠤᠨ ᠱᠠᠩᠬᠤ | ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠥᠪᠥᠷ ᠮᠣᠩᠭᠤᠯ ᠤᠨ ᠣᠷᠳᠣᠰ ᠤᠨ | ᠱᠣᠷᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠱᠣᠷᠤᠭ ᠠᠵᠤ ᠣᠶᠢᠯᠡᠰ ᠤᠨ ᠬᠡᠰᠡᠭ | 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷ ᠲᠥᠯᠥᠪᠵᠢᠭᠦᠯᠦᠨ ᠪᠥᠲᠥᠭᠡᠨ | ᠪᠠᠶᠢᠭᠤᠯᠬᠤ ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ | ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠣᠶ︔ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠣᠶᠢᠯᠡᠰ ᠤᠨ | ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠬᠥᠩᠭᠡᠨ ᠨᠡᠬᠡᠮᠡᠯ ᠤᠨ ᠠᠵᠤ ᠣᠶᠢᠯᠡᠰ ᠤᠨ ᠬᠡᠰᠡᠭ᠂ ᠥᠪᠥᠷ | ᠮᠣᠩᠭᠤᠯ ᠤᠨ ᠣᠷᠳᠣᠰ ᠤᠨ ᠲᠡᠯᠡᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠲᠡᠯᠡᠳ | ᠠᠵᠤ ᠣᠶᠢᠯᠡᠰ ᠤᠨ ᠬᠡᠰᠡᠭ᠂ ᠲᠦᠩ ᠴᠣᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ 2022 | ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠬᠤ | ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ | ᠪᠡᠶᠡᠯᠡᠭᠦᠯᠬᠦ ᠪᠠᠷ ᠲᠥᠯᠥᠪᠯᠡᠵᠦ ᠪᠣᠶ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶ | ︵ᠲᠥᠷᠪᠡ︶ ᠣᠷᠣᠨ ᠪᠦᠰᠡ ᠶᠢᠨ ᠭᠠᠵᠠᠷ ᠤᠨ ᠭᠠᠶ ᠭᠠᠮᠰᠢᠭ ᠤᠨ ᠠᠶᠤᠯᠳᠤ ᠴᠢᠨᠠᠷ ᠢ ᠦᠨᠡᠯᠡᠨ ᠵᠢᠱᠢᠬᠦ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠤᠨ ᠣᠷᠣᠨ ᠪᠦᠰᠡ ᠶᠢᠨ ᠭᠠᠵᠠᠷ ᠤᠨ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ 12 ᠳ᠋ᠣᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠬᠦᠷᠢᠶᠡᠯᠡᠩ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ ᠢ ᠪᠡᠶᠡᠯᠡᠭᠦᠯᠵᠦ᠂ ᠥᠪᠥᠷ | ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠠᠯᠠᠳ | ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ | ᠬᠦᠷᠢᠶᠡᠯᠡᠩ ᠲᠣᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠣᠷᠤᠭ | ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠱᠣᠷᠤᠭ ᠠᠵᠤ ᠣᠶᠢᠯᠡᠰ ᠤᠨ ᠬᠡᠰᠡᠭ᠂ ᠥᠪᠥᠷ | ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠴᠢ ᠫᠠᠨ | ᠵᠢᠩ ᠠᠵᠤ ᠣᠶᠢᠯᠡᠰ ᠤᠨ ᠬᠡᠰᠡᠭ᠂ ᠮᠧᠩ ᠰᠢ ᠠᠵᠤ ᠣᠶᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ | ᠤᠨ ᠱᠠᠩᠬᠤ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠲᠦᠩ ᠴᠤᠸᠠᠨ ᠮᠠᠰᠢᠨ | ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ | ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ 12 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ | ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵ᠲᠠᠪᠤ︶ ᠣᠷᠣᠨ ᠪᠦᠰᠡ ᠶᠢᠨ ᠲᠠᠷᠦᠵᠣ ᠪᠦᠷᠬᠦᠭᠰᠡᠨ ᠠᠭᠤᠷᠬᠠᠶ ᠶᠢᠨ ᠡᠬᠢ ᠪᠠᠶᠠᠯᠢᠭ ᠢ ᠪᠠᠶᠢᠴᠠᠭᠠᠵᠤ | ᠦᠨᠡᠯᠡᠨ ᠵᠢᠱᠢᠬᠦ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠤᠨ ᠳᠠᠷᠤᠵᠤ ᠪᠦᠷᠬᠦᠭᠰᠡᠨ ᠠᠭᠤᠷᠬᠠᠶ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠣᠷᠣᠨ ᠪᠦᠰᠡ ᠶᠢᠨ | ᠦᠨᠡᠯᠡᠨ ᠵᠢᠱᠢᠯᠳᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ 9 | ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ ᠢ | ᠪᠡᠶᠡᠯᠡᠭᠦᠯᠵᠣ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ | ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ | ᠣᠷᠳᠣᠰ ᠤᠨ ᠱᠤᠷᠤᠭ ᠤᠨ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠤᠷᠤᠭ ᠤᠨ ᠠᠵᠣ | ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ | ᠬᠦᠷᠢᠶᠡᠯᠡᠩ ᠲᠤᠭᠤᠷᠢᠭ ︵ᠴᠢ ᠫᠠᠨ ᠵᠢᠩ ᠤᠨ ᠠᠵᠤ ᠦᠢᠯᠡᠰ ᠤᠨ ᠬᠡᠰᠡᠭ᠂ ᠮᠧᠩ ᠰᠢ ᠠᠵᠤ ᠦᠢᠯᠡᠰ ᠤᠨ ᠬᠡᠰᠡᠭ | ︶᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ᠂ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠴᠢᠬᠤᠯᠠ ᠠᠭᠤᠷᠬᠠᠶ ᠶᠢᠨ | ᠡᠬᠢ ᠪᠠᠶᠠᠯᠢᠭ ᠢ ᠲᠠᠷᠤᠵᠤ ᠪᠦᠷᠦᠭᠰᠡᠨ ᠪᠠᠶᠢᠳᠠᠯ ᠢ ᠬᠢᠨᠠᠨ ᠬᠠᠷᠭᠤᠭᠤᠯᠬᠤ ᠠᠵᠢᠯ᠂ 2021 ᠣᠨ ᠤ 12 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠳᠠᠷᠤᠵᠤ ᠪᠦᠷᠬᠦᠭᠰᠡᠨ ᠴᠢᠬᠤᠯᠠ ᠠᠭᠤᠷᠬᠠᠶ ᠶᠢᠨ ᠡᠬᠢ ᠪᠠᠶᠠᠯᠢᠭ ᠢ ᠦᠨᠡᠯᠡᠨ | ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠢ 2022 ᠣᠨ ᠤ 10 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ | ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵ᠵᠢᠷᠭᠤᠭ᠎ᠠ︶ ᠣᠷᠣᠨ ᠪᠦᠰᠡ ᠶᠢᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠥᠯᠥᠭᠡ ᠶᠢ ᠦᠨᠡᠯᠡᠨ ᠵᠢᠱᠢᠬᠦ | | ᠤᠯᠤᠰ ᠪᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠠᠵᠤ ᠣᠶᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠤᠨ ᠨᠥᠯᠥᠭᠡ ᠶᠢ ᠦᠨᠡᠯᠡᠨ | ᠵᠢᠱᠢᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠠᠵᠤ ᠣᠶᠢᠯᠡᠳᠪᠦᠷᠢ ᠶᠢᠨ | ᠬᠦᠷᠢᠶᠡᠯᠡᠩ ᠲᠣᠭᠤᠷᠢᠭ ᠨᠢ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠤ ᠣᠶᠢᠯᠡᠳᠪᠦᠷᠢ | ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠢ ᠪᠠᠶᠢᠴᠠᠭᠠᠬᠤ | ᠠᠵᠢᠯ ᠢ ᠪᠡᠶᠡᠯᠡᠭᠦᠯᠦᠨ᠎ᠡ︔ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ | ᠬᠦᠷᠢᠶᠡᠯᠡᠩ ᠲᠤᠭᠤᠷᠢᠭ ᠤᠨ ᠬᠥᠩᠭᠡᠨ ᠨᠡᠬᠡᠮᠡᠯ ᠤᠨ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ | ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ | ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ | ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠤᠷᠤᠭ ᠠᠵᠤ ᠠᠬᠤᠶ ᠶᠢᠨ ᠨᠡᠬᠡᠬᠡᠯᠳᠡ | ᠶᠢᠨ ᠬᠦᠷᠢᠶᠡᠯᠡᠩ ᠲᠤᠭᠤᠷᠢᠭ ᠤᠨ ᠱᠣᠷᠤᠭ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ | ᠬᠠᠩᠭᠢᠨ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠲᠤᠭᠤᠶᠢᠳᠠᠯ᠎ᠠ ᠠᠵᠤ ᠣᠶᠢᠯᠡᠰ ᠤᠨ | ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ | ᠲᠤᠭᠤᠷᠢᠭ ᠤᠨ ᠮᠧᠩ ᠰᠢ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ | ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠨᠢ 2021 ᠣᠨ ᠤ 12 ᠳ᠋ᠤᠭᠠᠷ ᠰᠠᠷ᠎ᠠ | ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠤᠨ ᠨᠥᠯᠥᠭᠡ ᠶᠢ | ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ | 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠤᠶᠢᠯᠡᠰ ᠤᠨ | ᠨᠥᠯᠥᠭᠡ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ᠄ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ︶ | ︵ᠲᠤᠯᠤᠭ᠎ᠠ︶ ᠣᠷᠣᠨ ᠪᠦᠰᠡ ᠤᠨ ᠴᠢᠨᠠᠷᠲᠠᠶ ᠭᠠᠵᠠᠷ ᠬᠥᠳᠡᠯᠦᠯᠲᠡ ᠤᠨ ᠠᠶᠤᠯ ᠦᠭᠡᠢ ᠴᠢᠨᠠᠷ ᠢ ᠦᠨᠡᠯᠡᠬᠦ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ | ᠶᠢᠨ ᠰᠠᠯᠠᠭ᠎ᠠ ᠮᠥᠴᠢᠷ ᠤᠨ ᠣᠷᠣᠨ ᠪᠦᠰᠡ ᠶᠢᠨ ᠴᠢᠨᠠᠷᠲᠠᠶ ᠭᠠᠵᠠᠷ ᠬᠥᠳᠡᠯᠦᠯᠲᠡ ᠶᠢᠨ ᠠᠶᠤᠯ ᠦᠭᠡᠶ ᠶᠢᠨ ᠴᠢᠨᠠᠷ ᠢ | ᠦᠨᠡᠯᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠬᠥᠩᠭᠡᠨ ᠨᠡᠬᠡᠮᠡᠯ ᠤᠨ ᠠᠵᠤ | ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ | ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ | ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ | ᠮᠣᠩᠭᠤᠯ ᠤᠨ ᠣᠷᠳᠣᠰ ᠤᠨ ᠬᠠᠩᠭᠢᠨ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ | ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ | ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠮᠧᠩ ᠰᠢ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ | ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠨᠢ 2021 | ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠭᠠᠵᠠᠷ ᠬᠥᠳᠡᠯᠦᠯᠲᠡ | ᠶᠢᠨ ᠠᠶᠤᠯ ᠦᠬᠡᠢ ᠶᠢᠨ ᠴᠢᠨᠠᠷ ᠢ ᠦᠨᠡᠯᠡᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ | ᠬᠡᠰᠡᠭ ᠨᠢ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ | ᠭᠠᠵᠠᠷ ᠬᠥᠳᠡᠯᠦᠯᠲᠡ ᠶᠢᠨ ᠠᠶᠤᠯ ᠥᠬᠡᠶ ᠶᠢᠨ ᠴᠢᠨᠠᠷ ᠢ ᠦᠨᠡᠯᠡᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ | ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ︶ | ︵ᠨᠠᠢᠮᠠ︶ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠤᠨ | ᠣᠷᠣᠨ ᠪᠦᠰᠡ ᠶᠢᠨ ᠴᠢᠨᠠᠷᠲᠠᠶ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ ᠠᠵᠢᠯ ᠤᠨ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ︵ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠬᠡᠰᠡᠭ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠳᠠᠯᠠᠳ | ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ | ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ | ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠮᠧᠩ ᠰᠤ᠋ ᠠᠵᠤ ᠠᠬᠤᠶ ᠶᠢᠨ ᠨᠡᠬᠡᠬᠡᠯᠳᠡ ᠶᠢᠨ | ᠬᠦᠷᠢᠶᠡᠯᠡᠩ ᠲᠤᠭᠤᠷᠢᠭ ᠤᠨ ᠵᠢᠶᠠᠩᠰᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠤᠷᠤᠭ | ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠤᠷᠤᠭ ᠠᠵᠤ ᠦᠢᠯᠡᠰ ᠤᠨ ᠬᠡᠰᠡᠭ᠂ ᠥᠪᠥᠷ | ᠮᠣᠩᠭᠤᠯ ᠤᠨ ᠣᠷᠳᠣᠰ ᠤᠨ ᠬᠠᠩᠭᠢᠨ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠰᠢᠨ᠎ᠡ | ᠡᠨᠧᠷᠭᠢ ᠶᠢᠨ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ | ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠴᠢ ᠫᠠᠨ ᠵᠢᠩ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ | ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠨᠢ 2021 | ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠠᠭᠤᠷ ᠠᠮᠢᠰᠬᠤᠯ ᠤᠨ | ᠪᠣᠯᠤᠮᠵᠢᠲᠤ ᠴᠢᠨᠠᠷ ᠤᠨ ᠨᠤᠲᠠᠯᠠᠯᠲᠠ ᠶᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ | 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠠᠭᠤᠷ | ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ ᠶᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ | ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠴᠠᠭ ᠠᠭᠤᠷ ᠤᠨ ᠲᠣᠪᠴᠢᠶ᠎ᠠ︶ | ︵ᠶᠢᠰᠦ︶ ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ | ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ ᠠᠵᠢᠯ ᠤᠨ ᠲᠤᠬᠠᠶ ᠥᠪᠡᠷᠲᠡᠭᠡᠨ ᠵᠠᠰᠠᠬᠤ | ᠣᠷᠣᠨ ᠪᠣᠯᠤᠨ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠢ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠠᠶᠢᠭ᠎ᠠ ᠬᠤᠰᠢᠭᠤ ᠲᠣᠭᠤᠷᠢᠭ ᠢᠶᠠᠷ ᠨᠢᠭᠡᠴᠡ ᠪᠣᠯᠭᠠᠨ᠂ ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ | ᠵᠢᠱᠢᠬᠦ ᠠᠵᠢᠯ ᠢ ᠶᠠᠪᠤᠭᠳᠠᠭᠤᠯᠤᠨ᠎ᠠ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠠᠷᠪᠠ︶ ᠥᠷᠨᠢᠭᠦᠯᠬᠦ ᠴᠢᠬᠤᠯᠠ ᠲᠠᠢ ᠪᠤᠰᠤᠳ ᠣᠷᠣᠨ ᠪᠦᠰᠡ ᠶᠢᠨ ᠦᠨᠡᠯᠡᠨ ᠵᠢᠱᠢᠯᠲᠡ | ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠥᠷᠨᠢᠭᠦᠯᠬᠦ ᠪᠠᠷ ᠱᠠᠭᠠᠷᠳᠠᠭᠰᠠᠨ ᠪᠤᠰᠤᠳ ᠣᠷᠣᠨ ᠪᠦᠰᠡ | ᠶᠢᠨ ᠦᠨᠡᠯᠡᠨ ᠵᠢᠱᠢᠬᠦ ᠵᠣᠶᠢᠯᠡᠰ ᠪᠠᠶᠢᠪᠠᠯ᠂ ᠲᠣᠰ ᠲᠥᠰᠦᠯ ᠶᠣᠰᠣᠭᠠᠷ ᠬᠠᠷᠢᠴᠠᠭᠤᠯᠤᠨ ᠬᠡᠷᠡᠭᠵᠢᠭᠦᠯᠦᠨ᠎ᠡ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠬᠢᠨᠠᠨ ᠲᠣᠭᠲᠠᠭᠠᠬᠤ ᠲᠡᠰ ᠳᠠᠷᠠᠭᠠᠯᠠᠯ ᠢ ᠵᠢᠷᠤᠮᠵᠢᠭᠤᠯᠤᠨ᠎ᠠ | ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠰᠠᠯᠠᠭ᠎ᠠ | ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠬᠡᠷᠡᠭᠵᠢᠭᠦᠯᠬᠦ | ᠣᠷᠣᠨ ᠪᠦᠰᠡ ᠶᠢᠨ ᠦᠨᠡᠯᠡᠨ ᠵᠢᠱᠢᠬᠦ ᠵᠣᠶᠢᠯᠡᠰ ᠤᠨ ᠠᠵᠢᠯᠯᠠᠭᠠᠨ ᠤ ᠵᠢᠷᠤᠮᠵᠢᠯ᠂ ᠮᠡᠷᠭᠡᠵᠢᠯ ᠤᠨ ᠪᠠᠷᠢᠮᠵᠢᠶ᠎ᠠ᠂ | ᠬᠡᠷᠡᠭᠯᠡᠬᠦ ᠨᠥᠬᠦᠴᠡᠯ᠂ ᠬᠦᠴᠦᠨ ᠲᠠᠢ ᠬᠤᠭᠤᠴᠠᠭ᠎ᠠ᠂ ᠬᠢᠨᠠᠨ ᠲᠣᠭᠲᠠᠭᠠᠬᠤ ᠴᠤᠪᠤᠷᠠᠯ᠂ ᠰᠤᠶᠢᠳᠬᠡᠯ ᠬᠤᠷᠢᠶᠠᠬᠤ | ᠪᠠᠷᠢᠮᠵᠢᠶ᠎ᠠ ᠵᠢᠴᠢ ᠦᠨᠡᠯᠡᠨ ᠵᠢᠱᠢᠬᠦ ᠵᠣᠶᠢᠯᠡᠰ ᠢ ᠳᠠᠭᠠᠭᠠᠨ ᠭᠦᠢᠴᠡᠳᠬᠡᠬᠦ ᠭᠤᠷᠪᠠᠳᠠᠬᠢ ᠲᠠᠯ᠎ᠠ ᠶᠢᠨ ᠪᠠᠶᠢᠭᠤᠯᠤᠮᠵᠢ | ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠰᠠᠶᠢᠲᠤᠷ ᠥᠷᠨᠢᠭᠦᠯᠬᠦ ᠳᠤ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠬᠠᠩᠭᠠᠵᠤ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠦᠨᠳᠦᠰᠦ ᠪᠠᠷᠢᠮᠲᠠ ᠲᠠᠢ᠂ ᠡᠮᠬᠢ | ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠳᠤᠯᠠᠨ᠎ᠠ᠃ | ︵ᠬᠤᠶᠠᠷ︶ ᠦᠨᠡᠯᠡᠨ ᠵᠢᠱᠢᠯᠳᠡ ᠶᠢᠨ ᠬᠡᠷᠡᠭᠵᠢᠭᠦᠯᠦᠯᠲᠡ ᠶᠢ ᠲᠦᠷᠭᠡᠳᠬᠡᠨ᠎ᠡ | ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ | ᠨᠠᠷᠢᠨ ᠬᠢᠨᠠᠮᠠᠭᠠᠶ ᠰᠤᠳᠤᠯᠵᠤ᠂ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ | ᠲᠣᠯᠢ ᠪᠣᠯᠭᠠᠵᠤ᠂ ᠪᠥᠬᠦ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠨᠢᠭᠡ ᠴᠣᠠᠠᠴᠠᠵᠢᠭᠤᠯᠥᠨ | ᠠᠬᠢᠭᠤᠯᠤᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠬᠡᠯᠳᠡ ᠶᠢᠨ | ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠵᠤ ᠣᠶᠢᠯᠡᠰ ᠤᠨ ᠬᠥᠭᠵᠢᠯᠲᠡ ᠶᠢᠨ ᠬᠡᠷᠡᠭᠴᠡᠭᠡ᠂ | ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ | ᠣᠷᠣᠨ ᠪᠦᠰᠡ ᠶᠢᠨ ᠦᠨᠡᠯᠡᠨ ᠵᠢᠱᠢᠯᠲᠡ ᠶᠢ ᠥᠷᠨᠢᠭᠦᠯᠬᠦ ᠣᠷᠣᠨ ᠪᠦᠰᠡ ᠶᠢᠨ ᠲᠠᠯᠠᠪᠠᠶ᠂ ᠪᠠᠶᠢᠷᠢᠰᠢᠯ ᠤᠨ | ᠬᠡᠪᠴᠢᠶ᠎ᠡ ᠶᠢ ᠲᠦᠷᠭᠡᠨ ᠢᠶᠠᠷ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠵᠤ᠂ ᠡᠯ᠎ᠡ ᠵᠣᠶᠢᠯ ᠤᠨ | ᠣᠷᠣᠨ ᠪᠦᠰᠡ ᠶᠢᠨ ᠦᠨᠡᠯᠡᠨ ᠵᠢᠱᠢᠯᠲᠡ ᠳᠤ ᠲᠣᠭᠲᠠᠭᠠᠭᠰᠠᠨ ᠪᠠᠷᠢᠮᠵᠢᠶᠠᠲᠤ ᠲᠠᠰ ᠳᠠᠷᠠᠭᠠᠯᠠᠯ ᠶᠣᠰᠣᠭᠠᠷ | ᠭᠤᠶᠤᠴᠢᠯᠠᠬᠤ᠂ ᠬᠤᠳᠠᠯᠳᠤᠨ ᠠᠪᠬᠤ᠂ ᠨᠠᠶᠢᠷᠠᠭᠤᠯᠤᠨ ᠵᠣᠬᠢᠶᠠᠬᠤ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ | ᠶᠢ ᠲᠦᠷᠭᠡᠨ ᠢᠶᠠᠷ ᠪᠣᠶ ᠪᠣᠯᠭᠠᠨ᠎ᠠ᠃ | ︵ᠭᠤᠷᠪᠠ︶ ᠬᠢᠨᠠᠨ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ | ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠴᠤᠩᠬᠤᠪᠴᠢ ᠪᠠᠷ ᠬᠦᠯᠢᠶᠡᠨ ᠠᠪᠴᠤ | ᠰᠢᠢᠳᠪᠦᠷᠢᠯᠡᠬᠦ︾ ᠪᠠ ︽ᠬᠠᠮᠤᠭ ᠠᠷᠪᠢᠨ ᠳᠠᠭᠠᠨ ᠨᠢᠭᠡ ᠯᠠ ᠤᠳᠠᠭ᠎ᠠ ᠭᠦᠶᠦᠯᠬᠡᠬᠦ︾ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠵᠦᠢᠯᠡᠰ ᠤᠨ ᠬᠢᠨᠠᠨ ᠵᠥᠪᠰᠢᠶᠡᠷᠡᠯ ᠢ ᠲᠥᠪᠯᠡᠷᠡᠭᠦᠯᠦᠨ ᠬᠤᠯᠪᠣᠯᠳᠤᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ | ᠳᠠᠭᠤᠰᠤᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ ᠡᠷᠬᠡ ᠮᠡᠳᠡᠯ ᠶᠣᠰᠣᠭᠠᠷ ᠵᠤᠬᠢᠴᠠᠯᠳᠤᠭᠰᠠᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠬᠡᠨ᠎ᠡ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠪᠠᠶᠢᠴᠠᠭᠠᠬᠤ ᠪᠤᠶᠤ ᠬᠠᠷᠭᠤᠭᠤᠯᠤᠨ | ᠪᠠᠶᠢᠴᠠᠭᠠᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠪᠤᠶᠤ | ᠭᠤᠷᠪᠠᠳᠠᠬᠢ ᠡᠲᠡᠭᠡᠳ ᠠᠴᠠ ᠠᠰᠠᠭᠤᠨ ᠯᠠᠪᠯᠠᠬᠤ ᠵᠡᠷᠭᠡ ᠪᠠᠷ ᠳᠠᠮᠵᠢᠭᠤᠯᠤᠨ ᠣᠷᠣᠨ ᠪᠦᠰᠡ ᠶᠢᠨ ᠦᠨᠡᠯᠡᠨ | ᠵᠢᠱᠢᠭᠰᠡᠨ ᠦᠷ᠎ᠡ ᠪᠦᠲᠦᠭᠡᠯ ᠢ ᠨᠤᠲᠠᠯᠠᠵᠤ ᠪᠣᠯᠤᠨ᠎ᠠ᠃ ᠣᠷᠣᠨ ᠪᠦᠰᠡ ᠶᠢᠨ ᠦᠨᠡᠯᠡᠨ ᠵᠢᠱᠢᠯᠲᠡ ᠳᠤ ᠣᠯᠠᠨ | ᠦᠨᠡᠯᠡᠨ ᠵᠢᠱᠢᠯᠲᠡ ᠶᠢ ᠨᠡᠶᠢᠯᠡᠭᠦᠯᠦᠨ ᠨᠢᠭᠡ ᠪᠣᠯᠭᠠᠬᠤ᠂ ᠬᠠᠮᠲᠤᠷᠠᠨ ᠦᠨᠡᠯᠡᠨ ᠵᠢᠱᠢᠬᠦ᠂ ᠬᠠᠮᠲᠤᠷᠠᠨ ᠬᠢᠨᠠᠨ | ᠪᠠᠶᠢᠴᠠᠭᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠤᠨ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ | ᠤᠨ ᠵᠥᠪᠰᠢᠶᠡᠷᠡᠯ ᠤᠯᠬᠤ ᠶᠢ ᠲᠦᠷᠬᠡᠨ ᠢᠶᠠᠷ ᠠᠬᠢᠭᠤᠯᠤᠨ᠎ᠠ᠃ | ︵ᠲᠥᠷᠪᠡ︶ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠡᠷᠡᠭᠯᠡᠨ᠎ᠡ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠲᠣᠪᠴᠢᠶ᠎ᠠ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠬᠤᠯᠪᠤᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠨᠠᠷᠢᠨ ᠲᠠᠩᠰᠠ ᠳᠤ ᠣᠷᠣᠭᠤᠯᠤᠭᠰᠠᠨ ᠦᠨᠡᠯᠡᠨ ᠵᠢᠱᠢᠬᠦ ᠵᠣᠶᠢᠯᠡᠰ ᠢ ᠵᠣᠶᠢᠯ ᠳᠠᠷᠠᠭᠠᠯᠠᠨ | ᠬᠢᠨᠠᠨ ᠬᠠᠷᠭᠤᠭᠤᠯᠵᠤ ᠰᠤᠳᠤᠯᠤᠭᠠᠳ᠂ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠨᠠᠷᠢᠯᠢᠭ ᠣᠨᠣᠴᠠᠲᠠᠶ ᠪᠣᠳᠠᠲᠠᠶ | ᠰᠠᠨᠠᠯ ᠪᠠ ᠬᠠᠮᠲᠤ ᠪᠠᠷ ᠡᠳ᠋ᠯᠡᠬᠦ ᠶᠢ ᠬᠢᠵᠠᠭᠠᠷᠯᠠᠬᠤ ᠨᠠᠷᠢᠨ ᠲᠠᠩᠰᠠ ᠶᠢᠨ ᠭᠠᠷᠴᠠᠭ ᠢ ᠳᠤᠷᠠᠳᠤᠨ ᠭᠠᠷᠭᠠᠬᠤ ᠶᠢᠨ | ᠬᠠᠮᠲᠤ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠴᠠᠭᠠᠨ | ᠯᠠᠪᠯᠠᠬᠤ ᠳᠤ ᠲᠥᠬᠦᠮ ᠦᠵᠡᠭᠦᠯᠦᠨ᠎ᠡ᠃ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠵᠡᠭᠦᠨᠰᠢ | ᠪᠠᠷᠠᠭᠤᠨᠰᠢ ᠬᠠᠮᠵᠢᠯᠴᠠᠬᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠠᠩ ᠣᠯᠠᠨ ᠦᠨᠡᠯᠡᠨ | ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠬᠦ᠂ ᠬᠠᠮᠲᠤ ᠪᠠᠷ ᠡᠳ᠋ᠯᠡᠬᠦ ᠶᠢ ᠴᠢᠷᠮᠠᠶᠢᠨ ᠪᠡᠶᠡᠯᠡᠭᠦᠯᠵᠦ᠂ ᠠᠵᠤ | ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ | ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠬᠡᠨ | ᠢᠶᠠᠷ ᠠᠬᠢᠭᠤᠯᠬᠤ ᠪᠤᠯ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠬᠦ᠂ ᠲᠥᠷᠥᠯ | ᠵᠣᠶᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠵᠢᠴᠢ ᠬᠦᠷᠢᠶᠡᠯᠡᠩ ᠲᠣᠭᠤᠷᠢᠭ ᠤᠨ ᠲᠥᠷᠥᠯ ᠵᠣᠶᠢᠯ ᠢ ᠨᠠᠶᠢᠳᠠᠪᠤᠷᠢᠵᠢᠭᠤᠯᠬᠤ ᠶᠢ | ᠲᠦᠷᠭᠡᠳᠬᠡᠬᠦ᠂ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠤᠰᠢᠭᠤ ᠲᠤᠭᠤᠷᠢᠭ᠂ ᠡᠯ᠎ᠡ ᠰᠠᠯᠠᠭ᠎ᠠ ᠮᠥᠴᠢᠷ ᠤᠳ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠬᠤᠰᠢᠭᠤ ᠲᠤᠭᠤᠷᠢᠭ ᠬᠢᠭᠡᠳ ᠰᠠᠯᠠᠭ᠎ᠠ ᠮᠥᠴᠢᠷ᠂ ᠰᠠᠯᠠᠭ᠎ᠠ ᠮᠥᠴᠢᠷ | ᠬᠢᠭᠡᠳ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠨᠢᠭᠡᠳᠦᠯᠲᠡᠶ | ᠲᠥᠯᠥᠪᠯᠡᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠦᠨᠡᠨ ᠬᠦ | ᠰᠢᠢᠳᠪᠦᠷᠢᠯᠡᠵᠣ᠂ ᠠᠵᠢᠯ ᠢ ᠡᠮᠬᠢ ᠵᠢᠷᠤᠮ ᠲᠠᠢ ᠦᠷᠨᠢᠭᠦᠯᠬᠦ ᠶᠢ ᠦᠨᠡᠨ ᠬᠦ ᠪᠠᠳᠤᠯᠠᠨ᠎ᠠ᠃ | ︵ᠬᠤᠶᠠᠷ︶ ᠬᠠᠷᠢᠭᠤᠴᠠᠯᠭ᠎ᠠ ᠶᠢ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ | ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ | ᠶᠢᠨ ᠡᠬᠢ ᠪᠠᠶᠠᠯᠢᠭ ᠤᠨ ᠲᠣᠪᠴᠢᠶ᠎ᠠ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢ | ᠦᠨᠡᠯᠡᠨ ᠵᠢᠱᠢᠬᠦ ᠠᠵᠢᠯ ᠢ ᠠᠬᠢᠭᠤᠯᠬᠤ ᠶᠢ ᠬᠠᠮᠳᠤᠪᠠᠷ ᠬᠠᠷᠢᠭᠤᠴᠠᠵᠣ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠴᠤᠭᠯᠠᠭᠤᠯᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠳᠣᠭᠢᠷᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢᠳᠡᠪᠬᠢᠲᠡᠶ ᠪᠠᠷ ᠬᠠᠮᠵᠢᠯᠴᠠᠨ᠂ ᠰᠠᠯᠠᠭ᠎ᠠ ᠮᠥᠴᠢᠷ ᠤᠨ | ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ᠃ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠠᠴᠠ ᠣᠷᠣᠨ ᠪᠦᠰᠡ ᠶᠢᠨ ᠦᠨᠡᠯᠡᠨ ᠵᠢᠱᠢᠬᠦ ᠵᠠᠷᠤᠳᠠᠯ ᠤᠨ ︽ᠱᠠᠩᠨᠠᠬᠤ ᠪᠠᠷ ᠨᠥᠬᠦᠪᠥᠷᠢᠯᠡᠬᠦ | ᠶᠢ ᠣᠷᠣᠯᠠᠭᠤᠯᠬᠤ︾ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠪᠠᠯᠠ ᠮᠥᠩᠭᠦ ᠶᠢᠨ ᠢᠷᠡᠯᠲᠡ ᠶᠢ | ᠲᠣᠳᠣᠷᠬᠠᠶᠢᠯᠠᠨ᠂ ᠰᠢᠯᠭᠠᠨ ᠬᠢᠨᠠᠬᠤ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠨᠠᠷᠢᠯᠢᠭᠵᠢᠭᠤᠯᠤᠨ᠎ᠠ | ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠳ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ᠂ ᠠᠵᠢᠯ ᠤᠨ ᠲᠥᠰᠦᠯ ᠢ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠤᠨ | ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠨ᠂ ᠬᠠᠮᠢᠶ᠎ᠠ ᠪᠥᠬᠦᠶ ᠠᠷᠭ᠎ᠠ ᠬᠡᠮᠵᠢᠶ᠎ᠡ ᠪᠠ ᠪᠣᠳᠠᠲᠠᠶ | ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠤᠨ ᠵᠠᠷᠤᠳᠠᠯ ᠢ ᠪᠠᠲᠤᠯᠠᠨ᠂ ᠬᠦᠷᠢᠶᠡᠯᠡᠩ ᠲᠣᠭᠤᠷᠢᠭ ᠤᠨ ᠣᠷᠣᠨ | ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠬᠦ | ᠠᠬᠢᠴᠠ ᠶᠢ ᠲᠦᠷᠭᠡᠳᠬᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠣᠷᠣᠨ ᠪᠦᠰᠡ ᠶᠢᠨ | ᠦᠨᠡᠯᠡᠨ ᠵᠢᠱᠢᠬᠦ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠬᠢᠵᠦ᠂ ᠣᠷᠣᠨ | ᠪᠦᠰᠡ ᠶᠢᠨ ᠦᠨᠡᠯᠡᠨ ᠵᠢᠱᠢᠬᠦ ᠠᠵᠢᠯ ᠤᠨ ᠬᠠᠤᠯᠢ ᠲᠣᠭᠲᠠᠭᠠᠯ ᠶᠣᠰᠣᠭᠠᠷ ᠲᠦᠷᠭᠡᠨ ᠢᠶᠠᠷ ᠤᠷᠤᠭᠰᠢᠲᠠᠶ ᠶᠠᠪᠤᠭᠳᠠᠬᠤ | ᠶᠢ ᠦᠨᠡᠨ ᠬᠦ ᠪᠠᠳᠤᠯᠠᠨ᠎ᠠ᠃ | ︵ᠭᠤᠷᠪᠠ︶ ᠮᠥᠷᠳᠡᠨ ᠵᠢᠯᠣᠭᠤᠳᠴᠤ᠂ ᠬᠢᠨᠠᠨ ᠵᠢᠯᠣᠭᠤᠳᠬᠤ ᠪᠠᠨ ᠴᠢᠩᠭᠠᠳᠬᠠᠨ᠎ᠠ | ᠬᠤᠲᠠ ᠶᠢᠨ ᠰᠢᠭᠤᠳ ᠬᠠᠷᠢᠶ᠎ᠠ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠢᠳᠡᠪᠬᠢᠲᠡᠶ ᠪᠠᠷ ᠰᠦᠪᠡᠭᠴᠢᠯᠡᠨ ᠰᠢᠨ᠎ᠡ ᠶᠢ ᠡᠭᠦᠳᠴᠦ᠂ | ᠮᠡᠷᠭᠡᠵᠢᠯ ᠤᠨ ᠮᠥᠷᠳᠡᠨ ᠵᠢᠯᠣᠭᠤᠳᠬᠤ ᠪᠠᠨ ᠴᠢᠩᠭᠠᠳᠬᠠᠨ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠴᠠᠭ | ᠲᠤᠬᠠᠶ ᠳᠤᠨᠢ ᠮᠥᠷᠳᠡᠨ ᠪᠠᠶᠢᠴᠠᠭᠠᠵᠣ ᠰᠤᠳᠤᠯᠬᠤ ᠶᠢᠨ ᠬᠠᠮᠲᠤ ᠰᠢᠢᠳᠪᠦᠷᠢᠯᠡᠬᠦ ᠲᠥᠰᠦᠯ ᠲᠤᠷᠠᠳᠤᠨ᠎ᠠ᠃ ᠠᠵᠤ | ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠡᠭᠦᠷᠭᠡ ᠶᠢ | ᠠᠬᠢᠭᠤᠯᠤᠭᠰᠠᠨ ᠪᠠᠶᠢᠳᠠᠯ ᠤᠨ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠦᠨᠡᠯᠡᠨ | ᠵᠢᠱᠢᠬᠦ ᠠᠵᠢᠯ ᠢ ᠪᠣᠳᠠᠲᠠᠶ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠨ᠎ᠠ᠃ | ᠣᠷᠣᠨ ᠪᠦᠰᠡ ᠶᠢᠨ ᠦᠨᠡᠯᠡᠨ ᠵᠢᠱᠢᠯᠲᠡ ᠶᠢ ᠥᠷᠨᠢᠭᠦᠯᠦᠭᠰᠡᠨ ᠪᠠᠶᠢᠳᠠᠯ ᠢ ᠠᠵᠤ ᠣᠶᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠣᠨ ᠤ ᠪᠣᠳᠠᠲᠤ ᠠᠮᠵᠢᠯᠲᠠ ᠶᠢ ᠰᠢᠯᠭᠠᠨ ᠬᠢᠨᠠᠵᠤ ᠦᠨᠡᠯᠡᠬᠦ ᠲᠤᠭᠳᠠᠯᠴᠠᠭ᠎ᠠ ᠳᠤ ᠣᠷᠣᠭᠤᠯᠵᠤ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠨᠢ ᠡᠯ᠎ᠡ ᠬᠤᠰᠢᠭᠤ ᠲᠣᠭᠤᠷᠢᠭ | ᠡᠯ᠎ᠡ ᠰᠠᠯᠠᠭ᠎ᠠ ᠮᠥᠴᠢᠷ ᠤᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ | ᠵᠢᠱᠢᠬᠦ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠪᠠᠨ ᠴᠢᠩᠭᠠᠳᠬᠠᠨ᠎ᠠ᠃ | | | | | | | | |