ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ | ᠨᠢᠭᠡᠴᠡ ᠳᠤ᠄ | ︽ᠣᠷᠳᠣᠰ ᠬᠤᠲᠠ ᠶᠢᠨ ︿ᠪᠥᠬᠦ ᠬᠤᠲᠠ ᠶᠢᠨ ᠨᠡᠶᠢᠳᠡᠮ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ | ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠲᠤᠭᠠᠶ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 9 ᠰᠠᠷ᠎ᠠ ᠶᠢᠨ 16 ᠤ ᠡᠳᠦᠷ | | | | | ᠣᠷᠳᠣᠰ ᠬᠤᠲᠠ ᠶᠢᠨ ︿ᠪᠥᠬᠦ ᠬᠤᠲᠠ ᠶᠢᠨ ᠨᠡᠶᠢᠳᠡᠮ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ | ᠲᠦᠰᠦᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠤᠬᠠᠶ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠠᠷᠠᠳ ᠲᠤ | ᠲᠥᠬᠦᠮ ᠦᠵᠡᠭᠦᠯᠬᠦ ᠥᠨᠳᠥᠷ ᠪᠦᠲᠦᠮᠵᠢᠲᠡᠶ᠂ ᠨᠢᠭᠡᠳᠦᠯᠲᠡᠶ ᠪᠠᠷᠢᠮᠵᠢᠶ᠎ᠠ ᠲᠠᠢ᠂ ᠬᠠᠮᠵᠢᠯᠴᠠᠨ ᠢᠲᠡᠭᠡᠯᠴᠡᠭᠰᠡᠨ ᠵᠠᠰᠠᠭ | ᠤᠨ ᠶᠠᠪᠤᠳᠠᠯ ᠤᠨ ᠣᠶᠢᠯᠡᠴᠢᠯᠡᠬᠡᠨ ᠤ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠰᠢᠨ᠎ᠡ ᠵᠠᠭᠪᠤᠷ ᠢ ᠲᠦᠷᠬᠡᠨ | ᠢᠶᠠᠷ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ︽ᠣᠯᠠᠨ ᠭᠠᠵᠠᠷ ᠲᠤ ᠭᠦᠶᠦᠬᠦ︾ | ︽ᠪᠤᠴᠠᠵᠤ ᠭᠦᠶᠦᠬᠦ︾ ᠵᠡᠷᠭᠡ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠰᠠᠭ ᠤᠨ ᠶᠠᠪᠤᠳᠠᠯ | ᠤᠨ ᠣᠶᠢᠯᠡᠴᠢᠯᠡᠬᠡᠨ ᠤ ᠲᠥᠬᠦᠮ ᠦᠵᠡᠭᠦᠯᠬᠦ ᠬᠡᠮᠵᠢᠶ᠎ᠡ ᠪᠠ ᠠᠵᠤ ᠠᠬᠤᠶᠢᠯᠠᠯ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ | ᠲᠣᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠴᠤᠪᠤᠷᠠᠯ ᠪᠠ ᠠᠷᠭ᠎ᠠ ᠮᠠᠶ᠋ᠢᠭ ᠢ ᠰᠢᠰᠲ᠋ᠧᠮ ᠲᠠᠢ ᠪᠠᠷ ᠳᠠᠬᠢᠨ | ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠪᠠᠷᠢᠮᠵᠢᠶᠠᠵᠢᠭᠤᠯᠬᠤ᠂ ᠬᠠᠮᠵᠢᠯᠴᠠᠬᠤ᠂ ᠤᠶᠤᠨᠴᠢᠯᠠᠬᠤ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠂ ︽ | ᠨᠢᠭᠡᠳᠤᠯᠲᠠᠢ ᠪᠠᠷᠢᠮᠵᠢᠶ᠎ᠠ ᠲᠠᠢ᠂ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ | ᠭᠦᠢᠴᠡᠳᠬᠡᠬᠦ᠂ ᠬᠠᠮᠵᠢᠯᠴᠠᠨ ᠬᠠᠮᠲᠤᠷᠠᠨ ᠬᠥᠳᠡᠯᠦᠯᠴᠡᠬᠦ︾ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠢᠨ᠎ᠡ | ᠵᠠᠭᠪᠤᠷ ᠢ ᠬᠦᠴᠦᠯᠡᠨ ᠪᠣᠶ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠤ | ᠲᠥᠬᠦᠮ ᠦᠵᠡᠭᠦᠯᠦᠨ᠎ᠡ᠃ 2021 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ᠂ 457 ᠵᠠᠰᠠᠭ ᠤᠨ | ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ︽ | ᠣᠨᠳᠣᠤ ᠭᠠᠵᠠᠷ ᠲᠤ ᠪᠢᠴᠢᠭ ᠮᠠᠲ᠋ᠧᠷᠢᠶᠠᠯ ᠬᠤᠷᠢᠶᠠᠨ ᠠᠪᠴᠤ᠂ ᠠᠯᠤᠰ ᠠᠴᠠ ᠭᠥᠯᠢᠶᠡᠨ ᠠᠪᠴᠤ ᠰᠢᠢᠳᠪᠦᠷᠢᠯᠡᠬᠦ︾ | ᠣᠶᠢᠯᠡᠴᠢᠯᠡᠬᠡᠨ ᠤ ᠵᠠᠭᠪᠤᠷ ᠢ ᠪᠣᠶ ᠪᠣᠯᠭᠠᠨ᠎ᠠ︔ 2021 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ | 500 ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ︵110 ︽ᠨᠢᠭᠡ ᠤᠴᠢᠷ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠵᠣᠶᠢᠯᠡᠰ ᠢ ᠪᠠᠭᠲᠠᠭᠠᠨ᠎ᠠ︶ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠦᠨ᠎ᠡ︔ | 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠨᠳᠥᠷ ᠲᠠᠪᠳᠠᠮᠵᠢᠳᠤ ᠵᠣᠶᠢᠯᠡᠰ ᠢ ︽ᠪᠥᠬᠦ | ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ︽ᠣᠨᠳᠣᠤ ᠭᠠᠵᠠᠷ ᠲᠤ ᠭᠥᠯᠢᠶᠡᠨ ᠠᠪᠴᠤ | ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ︾ ᠣᠶᠢᠯᠡᠴᠢᠯᠡᠬᠡᠨ ᠤ ᠵᠠᠭᠪᠤᠷ ᠢ ᠦᠨᠳᠦᠰᠦᠨ ᠳᠡᠭᠡᠨ ᠪᠡᠶᠡᠯᠡᠭᠦᠯᠵᠦ᠂ | ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠵᠤᠶᠢᠯᠡᠰ ᠢ ᠠᠳᠠᠯᠢ ᠪᠠᠷᠢᠮᠵᠢᠶ᠎ᠠ ᠪᠠᠷ ᠭᠥᠯᠢᠶᠡᠨ ᠠᠪᠴᠤ | ᠰᠢᠢᠳᠪᠦᠷᠢᠯᠡᠬᠦ᠂ ᠢᠯᠭᠠᠭ᠎ᠠ ᠥᠬᠡᠶ ᠪᠠᠷ ᠭᠦᠢᠴᠡᠳᠬᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠶᠠᠷ᠂ ᠠᠵᠢᠯᠯᠠᠭᠠᠨ ᠤ ᠵᠠᠭᠪᠤᠷ | ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠰᠢᠢᠳᠪᠦᠷᠢᠯᠡᠬᠦ᠂ ᠠᠯᠬᠤᠮ ᠠᠯᠬᠤᠮ ᠢᠶᠠᠷ | ᠠᠬᠢᠭᠤᠯᠬᠤ ᠵᠠᠷᠴᠢᠮ ᠶᠣᠰᠣᠭᠠᠷ᠂ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠣᠨᠳᠣᠤ ᠭᠠᠵᠠᠷ ᠲᠤ | ᠪᠢᠴᠢᠭ ᠮᠠᠲ᠋ᠧᠷᠢᠶᠠᠯ ᠭᠥᠯᠢᠶᠡᠨ ᠠᠪᠬᠤ᠂ ᠠᠯᠤᠰ ᠠᠴᠠ ᠭᠥᠯᠢᠶᠡᠨ ᠠᠪᠴᠤ ᠰᠢᠢᠳᠪᠦᠷᠢᠯᠡᠬᠦ ᠪᠠ ᠣᠨᠳᠣᠤ ᠭᠠᠵᠠᠷ ᠲᠤ | ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ ᠬᠤᠶᠠᠷ ᠵᠣᠶᠢᠯ ᠤᠨ ᠵᠠᠭᠪᠤᠷ ᠪᠣᠯᠭᠠᠨ ᠬᠤᠪᠢᠶᠠᠵᠤ᠂ | ᠡᠩ ᠲᠡᠷᠢᠭᠦᠨ ᠳᠤ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠥᠯᠢᠶᠡᠨ ᠠᠪᠴᠤ | ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠵᠦ᠂ ᠪᠠᠷᠢᠮᠵᠢᠶᠠᠵᠢᠭᠤᠯᠬᠤ ᠠᠵᠢᠯ ᠪᠣᠯᠪᠠᠰᠤᠷᠠᠩᠭᠤᠶ ᠪᠣᠯᠤᠭᠰᠠᠨ ᠤ ᠳᠠᠷᠠᠭ᠎ᠠ᠂ | ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠰᠢᠢᠳᠪᠦᠷᠢᠯᠡᠬᠦ ᠵᠠᠭᠪᠤᠷ ᠲᠤ ᠠᠯᠬᠤᠮ | ᠠᠯᠬᠤᠮ ᠢᠶᠠᠷ ᠰᠢᠯᠵᠢᠨ ᠣᠷᠣᠨ᠎ᠠ᠃ | ︵ᠨᠢᠭᠡ︶ ᠣᠨᠳᠣᠤ ᠭᠠᠵᠠᠷ ᠲᠤ ᠪᠢᠴᠢᠭ ᠮᠠᠲ᠋ᠧᠷᠢᠶᠠᠯ ᠭᠥᠯᠢᠶᠡᠨ ᠠᠪᠬᠤ᠂ ᠠᠯᠤᠰ ᠠᠴᠠ ᠭᠥᠯᠢᠶᠡᠨ ᠠᠪᠴᠤ | ᠰᠢᠢᠳᠪᠦᠷᠢᠯᠡᠬᠦ ᠵᠠᠭᠪᠤᠷ᠃ ᠭᠤᠶᠤᠴᠢᠯᠠᠭᠴᠢ ᠠᠴᠠ ᠣᠷᠳᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ | ᠬᠡᠪᠴᠢᠶᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠦᠪᠡᠰᠦᠪᠡᠨ ᠰᠤᠩᠭᠤᠵᠤ᠂ ᠨᠡᠶᠢᠳᠡᠮ | ᠭᠦᠢᠴᠡᠳᠬᠡᠬᠦ ᠴᠤᠩᠬᠤᠪᠴᠢ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠬᠠᠷᠢᠶ᠎ᠠ ᠭᠠᠵᠠᠷ ᠤᠨ ᠰᠠᠯᠠᠭ᠎ᠠ | ᠮᠥᠴᠢᠷ ᠤᠨ ᠴᠤᠩᠬᠤᠪᠴᠢ ᠠᠴᠠ ᠠᠯᠤᠰ ᠤᠨ ᠸᠢᠳᠢᠣ᠋ ᠪᠠᠷ ᠳᠡᠮᠵᠢᠨ ᠨᠡᠶᠢᠳᠡᠮ ᠭᠦᠢᠴᠡᠳᠬᠡᠬᠦ ᠴᠤᠩᠬᠤᠪᠴᠢ ᠶᠢ | ᠬᠠᠮᠵᠢᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠠᠤᠯᠢ ᠪᠠᠷ ᠲᠣᠭᠲᠠᠭᠠᠭᠰᠠᠨ | ᠬᠡᠯᠪᠡᠷᠢ ᠳᠤ ᠨᠡᠶᠢᠴᠡᠬᠦ ᠡᠰᠡᠬᠦ ᠶᠢ ᠮᠠᠭᠠᠳᠯᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠥᠬᠡᠶ ᠪᠠᠶᠢᠪᠠᠯ ᠲᠤᠬᠠᠶ ᠶᠢᠨ | ᠲᠠᠯᠠᠪᠤᠷ ᠲᠤᠨᠢ ᠨᠢᠭᠡ ᠤᠳᠠᠭ᠎ᠠ ᠳᠤ ᠮᠡᠳᠡᠭᠳᠡᠵᠦ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠨᠠᠶᠢᠳᠠᠮ | ᠭᠦᠢᠴᠡᠳᠬᠡᠬᠦ ᠴᠤᠩᠬᠤᠪᠴᠢ ᠠᠴᠠ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠤᠨ ᠴᠤᠩᠬᠤᠪᠴᠢ ᠳᠤ ᠰᠢᠯᠵᠢᠭᠦᠯᠦᠨ | ᠲᠤᠰᠢᠶᠠᠵᠤ ᠭᠦᠢᠴᠡᠳᠬᠡᠨ᠎ᠡ᠃ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠤᠨ ᠴᠤᠩᠬᠤᠪᠴᠢ ᠨᠢ ᠭᠦᠢᠴᠡᠳᠬᠡᠵᠣ | ᠳᠠᠭᠤᠰᠬᠠᠭᠰᠠᠨ ᠤ ᠳᠠᠷᠠᠭ᠎ᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠬᠦᠷᠬᠡᠨ᠎ᠡ᠃ | ︵ᠬᠤᠶᠠᠷ︶ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ ᠵᠠᠭᠪᠤᠷ᠃ | ᠭᠤᠶᠤᠴᠢᠯᠠᠭᠴᠢ ᠠᠴᠠ ᠣᠷᠳᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠤ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠦᠪᠡᠰᠦᠪᠡᠨ ᠰᠤᠩᠭᠤᠵᠤ᠂ ᠨᠠᠶᠢᠳᠠᠮ ᠭᠦᠢᠴᠡᠳᠬᠡᠬᠦ | ᠴᠤᠩᠬᠤᠪᠴᠢ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠳᠤ᠂ ᠪᠥᠬᠦ ᠬᠤᠲᠠ ᠶᠢᠨ ᠨᠢᠭᠡᠳᠦᠯᠲᠡᠶ ᠬᠢᠨᠠᠨ | ᠪᠠᠶᠢᠴᠠᠭᠠᠬᠤ ᠭᠤᠤᠯᠳᠠᠯᠭ᠎ᠠ ᠪᠠ ᠭᠥᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ | ᠪᠠᠷᠢᠮᠵᠢᠶ᠎ᠠ ᠶᠣᠰᠣᠭᠠᠷ᠂ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠨᠢᠭᠡ ᠯᠠ | ᠤᠳᠠᠭ᠎ᠠ ᠶᠢᠨ ᠴᠢᠨᠠᠷᠲᠠᠶ ᠮᠡᠳᠡᠭᠳᠡᠬᠦ ᠪᠤᠶᠤ ᠭᠥᠯᠢᠶᠡᠨ ᠠᠪᠴᠤ ᠰᠢᠢᠳᠪᠦᠷᠢᠯᠡᠬᠦ ᠮᠠᠭᠠᠳᠯᠠᠯᠲᠠ ᠬᠢᠬᠦ ᠶᠢᠨ ᠬᠠᠮᠲᠤ | ᠬᠠᠷᠢᠶ᠎ᠠ ᠭᠠᠵᠠᠷ ᠤᠨ ᠰᠠᠯᠠᠭ᠎ᠠ ᠮᠥᠴᠢᠷ ᠤᠨ ᠴᠤᠩᠬᠤᠪᠴᠢ ᠳᠤ ᠬᠦᠷᠭᠡᠵᠦ ᠬᠢᠨᠠᠨ ᠵᠥᠪᠰᠢᠶᠡᠷᠡᠬᠦ ᠴᠤᠪᠤᠷᠠᠯ ᠶᠣᠰᠣᠭᠠᠷ | ᠭᠦᠢᠴᠡᠳᠬᠡᠵᠣ᠂ ᠭᠤᠶᠤᠴᠢᠯᠠᠭᠰᠠᠨ ᠭᠠᠵᠠᠷ ᠤᠨ ᠴᠤᠩᠬᠤᠪᠴᠢ ᠠᠴᠠ ᠭᠦᠢᠴᠡᠳᠭᠡᠭᠰᠡᠨ ᠦᠷ᠎ᠡ ᠳ᠋ᠦᠩ ᠢᠶᠠᠨ | ᠭᠤᠶᠤᠴᠢᠯᠠᠭᠴᠢ ᠳᠤ ᠬᠦᠷᠬᠡᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠢᠯ ᠤᠨ ᠲᠣᠭᠲᠠᠴᠠ ᠶᠢ ᠵᠤᠬᠢᠴᠠᠭᠤᠯᠤᠨ᠎ᠠ | 1. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯᠯᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠲᠣᠪᠴᠢᠶ᠎ᠠ ᠨᠢ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯᠯᠠᠭᠠᠨ ᠤ ᠪᠠᠶᠢᠳᠠᠯ ᠢ ᠦᠷᠭᠦᠯᠵᠢᠯᠡᠨ | ᠳᠠᠭᠠᠵᠤ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ | ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠤᠲᠠ ᠶᠢᠨ ᠰᠢᠭᠤᠳ ᠬᠠᠷᠢᠶ᠎ᠠ ᠡᠯ᠎ᠡ ᠲᠤᠬᠠᠶᠢᠯᠠᠭᠰᠠᠨ ᠠᠵᠢᠯ | ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠠᠵᠢᠯ ᠲᠥᠷᠥᠯ ᠤᠨ ᠢᠶᠠᠨ ︽ᠪᠦᠬᠦ ᠬᠤᠲᠠ ᠶᠢᠨ ᠨᠡᠶᠢᠳᠡᠮ | ᠭᠦᠢᠴᠡᠳᠬᠡᠬᠦ︾ ᠵᠦᠢᠯᠡᠰ ᠤᠨ ᠭᠠᠷᠴᠠᠭ ᠢ ᠡᠮᠬᠢᠯᠡᠬᠦ ᠶᠢᠨ ᠬᠠᠮᠲᠤ ᠬᠥᠳᠡᠯᠦᠩᠭᠦᠶ ᠪᠠᠷ ᠲᠣᠬᠢᠷᠠᠭᠤᠯᠵᠤ᠂ | ᠵᠣᠬᠢᠴᠠᠩᠭᠤᠶ ᠪᠦᠬᠦᠢ ᠨᠡᠶᠢᠳᠡᠮ ᠭᠦᠢᠴᠡᠳᠬᠡᠬᠦ ᠵᠦᠢᠯᠡᠰ ᠤᠨ ᠬᠡᠷᠡᠭᠵᠢᠭᠦᠯᠬᠦ ᠲᠥᠰᠦᠯ ᠪᠠ ᠤᠴᠢᠷ ᠶᠠᠪᠤᠳᠠᠯ | ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠵᠣᠬᠢᠴᠠᠩᠭᠤᠶ ᠪᠦᠬᠦᠢ ᠨᠡᠶᠢᠳᠡᠮ ᠰᠢᠢᠳᠪᠦᠷᠢᠯᠡᠬᠦ ᠵᠦᠢᠯᠡᠰ | ᠤᠨ ︽ᠭᠤᠷᠪᠠᠨ ᠱᠠᠳᠤ ᠲᠦᠷᠪᠡᠨ ᠠᠳᠠᠯᠢ ᠪᠠᠶᠢᠬᠤ︾ ᠶᠢ ᠬᠡᠷᠡᠭᠵᠢᠭᠦᠯᠬᠦ ᠶᠢᠨ ᠬᠠᠮᠲᠤ ᠠᠵᠢᠯ ᠲᠦᠷᠦᠯ ᠤᠨ | ᠳᠣᠲᠣᠷᠠᠬᠢ ︽ᠪᠦᠬᠦ ᠬᠤᠳᠠ ᠶᠢᠨ ᠨᠡᠶᠢᠳᠡᠮ ᠭᠦᠢᠴᠡᠳᠬᠡᠬᠦ︾ ᠵᠦᠢᠯᠡᠰ ᠤᠨ ᠠᠵᠢᠯᠯᠠᠭᠠᠨ ᠤ ᠳᠤᠮᠳᠠ ᠪᠤᠢ | ᠪᠣᠯᠤᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠣ᠂ ᠲᠤᠰ ᠰᠢᠰᠲ᠋ᠧᠮ ᠤᠨ ︽ᠪᠦᠬᠦ ᠬᠤᠳᠠ ᠶᠢᠨ ᠨᠠᠶᠢᠳᠠᠮ | ᠭᠦᠢᠴᠡᠳᠬᠡᠬᠦ︾ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠠᠵᠢᠯ ᠤᠨ ᠪᠠᠷᠢᠮᠵᠢᠶᠠᠵᠢᠭᠤᠯᠤᠯᠲᠠ᠂ | ᠵᠢᠷᠤᠮᠵᠢᠭᠤᠯᠤᠯᠲᠠ ᠶᠢ ᠠᠬᠢᠭᠤᠯᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ︽ᠪᠥᠬᠦ ᠬᠤᠲᠠ ᠳᠤ ᠨᠡᠶᠢᠳᠡᠮ | ᠭᠦᠢᠴᠡᠳᠬᠡᠬᠦ︾ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ | ᠶᠢᠨ ᠰᠡᠭᠦᠯᠴᠢ︶ | 2. ᠬᠠᠮᠵᠢᠯᠴᠠᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ | ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ | ᠴᠤᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠵᠢᠴᠢ ᠠᠷᠤ ᠲᠠᠪᠴᠠᠩ ᠤᠨ ᠬᠢᠨᠠᠨ ᠵᠥᠪᠰᠢᠶᠡᠷᠡᠬᠦ | ᠠᠵᠢᠯᠲᠠᠨ᠂ ᠬᠦᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠡᠷᠬᠡ᠂ ᠨᠢᠭᠡ ᠯᠡ ᠤᠳᠠᠭ᠎ᠠ ᠳᠤ | ᠮᠡᠳᠡᠭᠳᠡᠬᠦ ᠡᠷᠬᠡ᠂ ᠣᠭ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ ᠡᠷᠬᠡ᠂ ᠬᠢᠨᠠᠨ ᠵᠥᠪᠰᠢᠶᠡᠷᠡᠭᠰᠡᠨ ᠦᠷ᠎ᠡ | ᠳ᠋ᠦᠩ ᠢ ᠬᠦᠷᠭᠡᠬᠦ ᠡᠷᠬᠡ ᠶᠢ ᠬᠠᠷᠢᠯᠴᠠᠨ ᠣᠯᠭᠤᠨ᠎ᠠ᠃ ︽ᠪᠦᠬᠦ ᠬᠤᠲᠠ ᠶᠢᠨ ᠨᠡᠶᠢᠳᠡᠮ ᠭᠦᠢᠴᠡᠳᠬᠡᠬᠦ︾ | ᠠᠵᠢᠯᠯᠠᠭᠠᠨ ᠤ ᠵᠢᠷᠤᠮᠵᠢᠯ ᠪᠠ ᠵᠣᠶᠢᠯᠡᠰ ᠤᠨ ᠪᠠᠷᠢᠮᠵᠢᠶᠠᠵᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠤᠩᠬᠤᠪᠴᠢ | ᠶᠢᠨ ᠠᠵᠢᠯᠲᠠᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠢᠭᠡ | ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠢᠶᠠᠷ | ᠳᠠᠮᠵᠢᠭᠤᠯᠤᠨ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠬᠦᠷᠭᠡᠨ ᠥᠭᠴᠦ᠂ ᠬᠢᠨᠠᠨ ᠵᠥᠪᠰᠢᠶᠡᠷᠡᠬᠦ ᠠᠵᠢᠯᠲᠠᠨ | ᠮᠡᠳᠡᠭᠦᠯᠦᠭᠰᠡᠨ ᠪᠢᠴᠢᠭ ᠮᠠᠲ᠋ᠧᠷᠢᠶᠠᠯ ᠳᠤ ᠮᠥᠨ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠭᠥᠯᠢᠶᠡᠨ | ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠵᠤ᠂ ᠭᠦᠢᠴᠡᠳᠬᠡᠵᠣ ᠳᠠᠭᠤᠰᠤᠭᠰᠠᠨ ᠤ | ᠳᠠᠷᠠᠭ᠎ᠠ ᠦᠨᠡᠮᠯᠡᠯ ᠣᠯᠭᠤᠬᠤ ᠴᠢᠬᠤᠯᠠ ᠲᠠᠢ ᠪᠣᠯ ᠴᠤᠩᠬᠤᠪᠴᠢ ᠶᠢᠨ ᠠᠵᠢᠯᠲᠠᠨ ᠳᠠᠷᠤᠮᠠᠯᠯᠠᠨ ᠲᠠᠷᠬᠠᠭᠠᠵᠤ᠂ ᠠᠵᠤ | ᠠᠬᠤᠶᠢᠯᠠᠯ ᠣᠯᠠᠨ ᠲᠦᠮᠡᠨ ᠳᠤ ᠲᠥᠬᠦᠮ ᠲᠦᠳᠡ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠣᠶᠢᠯᠡᠴᠢᠯᠡᠭᠡ | ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ | ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ | ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ︵1︶ ᠭᠤᠶᠤᠴᠢᠯᠠᠭᠰᠠᠨ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ | ᠬᠠᠷᠢᠶ᠎ᠠ ᠭᠠᠵᠠᠷ ᠤᠨ ᠬᠠᠷᠢᠶᠠᠯᠠᠯ ᠤᠨ ᠬᠡᠪᠴᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠵᠣᠶᠢᠯᠡᠰ ᠢ ᠭᠦᠢᠴᠡᠳᠬᠡᠬᠦ ᠶᠢ ᠬᠠᠷᠢᠭᠤᠴᠠᠨ᠎ᠠ᠃ ᠡᠭᠦᠨ ᠳᠤ ᠭᠤᠶᠤᠴᠢᠯᠠᠭᠴᠢ ᠶᠢᠨ ᠯᠠᠪᠯᠠᠨ ᠠᠰᠠᠭᠤᠬᠤ ᠶᠢ ᠬᠦᠯᠢᠶᠡᠨ | ᠠᠪᠬᠤ ᠪᠤᠶᠤ ᠭᠤᠶᠤᠴᠢᠯᠠᠭᠰᠠᠨ ᠵᠦᠢᠯᠡᠰ ᠢ ᠭᠦᠢᠴᠡᠳᠬᠡᠬᠦ᠂ ᠭᠤᠶᠤᠴᠢᠯᠠᠭᠴᠢ ᠳᠤ ᠣᠨᠳᠣᠣ ᠭᠠᠵᠠᠷ ᠲᠤ | ᠭᠦᠢᠴᠡᠳᠬᠡᠬᠦ ᠶᠠᠪᠤᠴᠠ ᠶᠢ ᠮᠡᠳᠡᠭᠳᠡᠬᠦ ᠶᠢ ᠪᠠᠭᠲᠠᠭᠠᠨ᠎ᠠ︔ ᠭᠤᠶᠤᠴᠢᠯᠠᠯ ᠤᠨ ᠮᠠᠲ᠋ᠧᠷᠢᠶᠠᠯ ᠢ ᠬᠠᠷᠢᠶ᠎ᠠ ᠭᠠᠵᠠᠷ ᠤᠨ ︽ | ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠳᠤ ᠳᠠᠮᠵᠢᠭᠤᠯᠬᠤ ᠶᠢᠨ ᠬᠠᠮᠲᠤ ᠭᠤᠶᠤᠴᠢᠯᠠᠭᠴᠢ ᠶᠢᠨ | ᠰᠢᠤᠳᠠᠨ ᠢᠶᠠᠷ ᠢᠯᠡᠭᠡᠬᠦ ᠬᠠᠶ᠋ᠢᠭ ᠢ ᠦᠯᠡᠳᠡᠬᠡᠨ ᠬᠠᠳᠠᠭᠠᠯᠠᠬᠤ ᠵᠡᠷᠬᠡ ᠠᠵᠢᠯ ᠢ ᠬᠠᠷᠢᠭᠤᠴᠠᠨ᠎ᠠ᠃ | — ᠭᠤᠶᠤᠴᠢᠯᠠᠭᠴᠢ ᠭᠤᠶᠤᠴᠢᠯᠠᠭᠰᠠᠨ ᠭᠠᠵᠠᠷ ᠤᠨ ᠢᠶᠠᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ | ᠴᠤᠩᠬᠤᠪᠴᠢ ᠳᠤ ᠤᠴᠢᠷ ᠶᠠᠪᠤᠳᠠᠯ ᠭᠦᠢᠴᠡᠳᠬᠡᠬᠦ ᠭᠤᠶᠤᠴᠢᠯᠠᠯ ᠭᠠᠷᠭᠠᠨ᠎ᠠ᠃ | — ᠭᠤᠶᠤᠴᠢᠯᠠᠭᠰᠠᠨ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠣᠩᠬᠤᠪᠴᠢ ᠠᠯᠤᠰ | ᠤᠨ ᠸᠢᠳᠢᠣ᠋ ᠪᠤᠶᠤ ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ ᠪᠠ ᠬᠠᠤᠯᠢ ᠪᠠᠷ | ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ ᠨᠤᠲᠠᠯᠠᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠪᠢᠴᠢᠭ | ᠮᠠᠲ᠋ᠧᠷᠢᠶᠠᠯ ᠭᠥᠯᠢᠶᠡᠨ ᠠᠪᠬᠤ ᠡᠰᠡᠬᠦ ᠪᠠᠨ ᠲᠣᠭᠲᠠᠭᠠᠨ᠎ᠠ᠃ | ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠳᠤ ᠲᠣᠭᠲᠠᠭᠠᠭᠰᠠᠨ ᠬᠡᠯᠪᠡᠷᠢ ᠳᠤ | ᠨᠡᠶᠢᠴᠡᠵᠦ᠂ ᠭᠤᠶᠤᠴᠢᠯᠠᠭᠰᠠᠨ ᠭᠠᠵᠠᠷ ᠤᠨ ︽ᠪᠦᠬᠦ ᠬᠤᠲᠠ ᠶᠢᠨ ᠨᠠᠶᠢᠳᠠᠮ ᠭᠦᠢᠴᠡᠳᠬᠡᠬᠦ︾ ᠴᠤᠩᠬᠤᠪᠴᠢ | ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠢ ᠠᠪᠴᠣ᠂ ᠪᠢᠴᠢᠭ ᠮᠠᠲ᠋ᠧᠷᠢᠶᠠᠯ ᠢ ᠭᠥᠯᠢᠶᠡᠨ ᠠᠪᠤᠭᠰᠠᠨ | ᠮᠡᠳᠡᠭᠳᠡᠯ ᠤᠨ ᠪᠢᠴᠢᠭ ᠭᠠᠷᠭᠠᠵᠤ᠂ ᠬᠤᠶᠠᠷ ᠴᠠᠭ ᠤᠨ ᠳᠣᠲᠣᠷ᠎ᠠ ᠨᠢᠭᠡ ᠴᠤᠭᠴᠠᠵᠢᠭᠤᠯᠤᠭᠰᠠᠨ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠢᠶᠠᠷ ᠳᠠᠮᠵᠢᠭᠤᠯᠤᠨ ᠭᠤᠶᠤᠴᠢᠯᠠᠭᠰᠠᠨ ᠭᠠᠵᠠᠷ | ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠳᠤ ᠳᠠᠮᠵᠢᠭᠤᠯᠵᠤ᠂ ᠬᠠᠷᠢᠶ᠎ᠠ ᠭᠠᠵᠠᠷ ᠤᠨ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠴᠠᠭᠠᠰᠤᠨ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ | ᠴᠢᠬᠤᠯᠠᠲᠠᠶ ᠪᠠᠶᠢᠪᠠᠯ᠂ ᠭᠤᠶᠤᠴᠢᠯᠠᠭᠰᠠᠨ ᠭᠠᠵᠠᠷ ᠨᠢ ᠪᠢᠴᠢᠭ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭᠠᠬᠢ 1 | ᠠᠵᠢᠯᠯᠠᠬᠤ ᠡᠳᠦᠷ ᠤᠨ ᠳᠣᠲᠣᠷ᠎ᠠ ᠴᠠᠭᠠᠰᠤᠨ ᠭᠤᠶᠤᠴᠢᠯᠠᠯ ᠤᠨ ᠮᠠᠲ᠋ᠧᠷᠢᠶᠠᠯ ᠢ ᠢᠯᠡᠭᠡᠬᠦ ᠶᠢᠨ ᠬᠠᠮᠲᠤ | ᠭᠤᠶᠤᠴᠢᠯᠠᠭᠴᠢ ᠶᠢᠨ ᠬᠠᠷᠢᠯᠴᠠᠬᠤ ᠬᠠᠶ᠋ᠢᠭ ᠪᠠ ᠠᠷᠭ᠎ᠠ ᠮᠠᠶ᠋ᠢᠭ ᠢ ᠦᠯᠡᠳᠡᠭᠡᠨ ᠬᠠᠳᠠᠭᠠᠯᠠᠨ᠎ᠠ᠃ | — ᠬᠡᠷᠪᠡ ᠭᠤᠶᠤᠴᠢᠯᠠᠭᠴᠢ ᠶᠢᠨ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ | ᠬᠡᠯᠪᠡᠷᠢ ᠳᠤ ᠨᠡᠶᠢᠴᠡᠬᠦ ᠥᠬᠡᠶ ᠪᠠᠶᠢᠪᠠᠯ᠂ ᠭᠤᠶᠤᠴᠢᠯᠠᠭᠰᠠᠨ ᠭᠠᠵᠠᠷ ᠤᠨ ︽ᠪᠥᠬᠦ ᠬᠤᠲᠠ ᠶᠢᠨ ᠨᠡᠶᠢᠳᠡᠮ | ᠭᠦᠢᠴᠡᠳᠬᠡᠬᠦ︾ ᠴᠤᠩᠬᠤᠪᠴᠢ ᠭᠤᠶᠤᠴᠢᠯᠠᠭᠴᠢ ᠶᠢᠨ ᠮᠠᠲ᠋ᠧᠷᠢᠶᠠᠯ ᠢ ᠭᠤᠶᠤᠴᠢᠯᠠᠭᠴᠢ ᠳᠤ ᠪᠤᠴᠠᠭᠠᠨ ᠥᠭᠴᠦ᠂ | ᠭᠤᠶᠤᠴᠢᠯᠠᠭᠴᠢ ᠳᠤ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠮᠡᠳᠡᠭᠳᠡᠬᠦ ᠶᠢᠨ ᠬᠠᠮᠲᠤ ᠨᠥᠬᠦᠪᠥᠷᠢᠯᠡᠬᠦ | ᠴᠢᠬᠤᠯᠠᠲᠠᠶ ᠭᠠᠷ ᠭᠦᠢᠴᠡᠳᠬᠡᠯ᠂ ᠮᠠᠲ᠋ᠧᠷᠢᠶᠠᠯ ᠵᠡᠷᠭᠡ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃ | ︵2︶ ᠬᠠᠷᠢᠶ᠎ᠠ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ᠂ ᠡᠷᠬᠡ ᠮᠡᠳᠡᠯ | ᠤᠨ ᠬᠡᠪᠴᠢᠶᠡᠨ ᠲᠤᠳᠤᠷᠠᠬᠢ᠂ ᠬᠠᠷᠢᠶ᠎ᠠ ᠭᠠᠵᠠᠷ ᠤᠨ ᠬᠠᠷᠢᠶᠠᠯᠠᠯ ᠤᠨ ᠬᠡᠪᠴᠢᠶᠡᠨ ᠳᠣᠲᠣᠷᠠᠬᠢ ᠵᠠᠰᠠᠭ ᠤᠨ ᠶᠠᠪᠤᠳᠠᠯ | ᠤᠨ ᠣᠶᠢᠯᠡᠴᠢᠯᠡᠬᠡᠨ ᠤ ᠵᠣᠶᠢᠯᠡᠰ ᠢ ᠭᠦᠢᠴᠡᠳᠬᠡᠬᠦ ᠶᠢ ᠬᠠᠷᠢᠭᠤᠴᠠᠨ᠎ᠠ᠃ ᠡᠭᠦᠨ ᠳᠤ ᠭᠤᠶᠤᠴᠢᠯᠠᠭᠴᠢ ᠶᠢᠨ ᠯᠠᠪᠯᠠᠨ | ᠠᠰᠠᠭᠤᠬᠤ ᠶᠢ ᠬᠦᠯᠢᠶᠡᠨ ᠠᠪᠬᠤ ᠪᠤᠶᠤ ᠭᠤᠶᠤᠴᠢᠯᠠᠭᠰᠠᠨ ᠵᠣᠶᠢᠯᠡᠰ ᠢ ᠭᠦᠢᠴᠡᠳᠬᠡᠬᠦ᠂ ᠬᠠᠷᠢᠶ᠎ᠠ ᠭᠠᠵᠠᠷ ᠤᠨ | ᠬᠠᠷᠢᠶᠠᠯᠠᠯ ᠤᠨ ᠬᠡᠪᠴᠢᠶᠡᠨ ᠲᠤᠳᠤᠷᠠᠬᠢ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠴᠣ ᠰᠢᠢᠳᠪᠦᠷᠢᠯᠡᠬᠦ᠂ | ᠬᠢᠨᠠᠨ ᠪᠠᠶᠢᠴᠠᠭᠠᠬᠤ᠂ ᠵᠦᠪᠰᠢᠶᠡᠷᠡᠬᠦ᠂ ᠭᠦᠢᠴᠡᠳᠬᠡᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠬᠦᠷᠭᠡᠬᠦ ᠵᠡᠷᠭᠡ | ᠠᠵᠢᠯ ᠢ ᠪᠠᠭᠲᠠᠭᠠᠨ᠎ᠠ᠃ | — ᠬᠠᠷᠢᠶ᠎ᠠ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠨᠢ | ᠭᠤᠶᠤᠴᠢᠯᠠᠭᠰᠠᠨ ᠭᠠᠵᠠᠷ ᠤᠨ ᠳᠠᠮᠵᠢᠭᠤᠯᠤᠭᠰᠠᠨ ᠪᠢᠴᠢᠭ ᠮᠠᠲ᠋ᠧᠷᠢᠶᠠᠯ ᠢ ᠤᠯᠬᠤ ᠳᠤ᠂ ᠪᠣᠳᠠᠲᠠᠶ ᠵᠣᠶᠢᠯᠡᠰ ᠤᠨ | ᠴᠤᠪᠤᠷᠠᠯ ᠢᠶᠠᠷ ᠭᠦᠢᠴᠡᠳᠬᠡᠬᠦ ᠶᠢᠨ ᠬᠠᠮᠲᠤ ᠭᠤᠶᠤᠴᠢᠯᠠᠭᠰᠠᠨ ᠭᠠᠵᠠᠷ ᠤᠨ ᠬᠠᠩᠭᠠᠭᠰᠠᠨ ᠬᠠᠷᠢᠴᠯᠠᠬᠤ ᠬᠠᠶ᠋ᠢᠭ ᠪᠠ | ᠠᠷᠭ᠎ᠠ ᠮᠠᠶ᠋ᠢᠭ ᠢᠶᠠᠷ ᠭᠦᠢᠴᠡᠳᠭᠡᠭᠰᠡᠨ ᠦᠷ᠎ᠡ ᠳ᠋ᠦᠩ ᠢ ᠰᠢᠤᠳᠠᠨ ᠢᠶᠠᠷ ᠢᠯᠡᠬᠡᠬᠦ ᠠᠷᠭ᠎ᠠ ᠮᠠᠶ᠋ᠢᠭ ᠢᠶᠠᠷ | ᠭᠤᠶᠤᠴᠢᠯᠠᠭᠴᠢ ᠳᠤ ᠬᠦᠷᠭᠡᠨ᠎ᠡ᠃ | 3. ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠎ᠠ᠃ ︽ᠪᠥᠬᠦ ᠬᠤᠲᠠ ᠶᠢᠨ ᠨᠡᠶᠢᠳᠡᠮ | ᠭᠦᠢᠴᠡᠳᠬᠡᠬᠦ︾ ᠠᠵᠢᠯ ᠳᠤ ᠠᠩᠬ᠎ᠠ ᠠᠰᠠᠭᠤᠭᠳᠠᠭᠰᠠᠨ ᠠᠵᠢᠯᠳᠠᠨ ᠠᠴᠠ ᠬᠠᠷᠢᠭᠤᠴᠠᠬᠤ᠂ ᠨᠢᠭᠡ ᠯᠠ ᠤᠳᠠᠭ᠎ᠠ ᠳᠤ | ᠮᠡᠳᠡᠭᠳᠡᠬᠦ ᠪᠠ ᠬᠤᠭᠤᠴᠠᠭ᠎ᠠ ᠬᠢᠵᠠᠭᠠᠷᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ᠭᠤᠶᠤᠴᠢᠯᠠᠭᠰᠠᠨ ᠭᠠᠵᠠᠷ ᠤᠨ | ᠴᠤᠩᠬᠤᠪᠴᠢ ᠨᠢ ᠠᠩᠬ᠎ᠠ ᠠᠰᠠᠭᠤᠭᠳᠠᠭᠰᠠᠨ ᠠᠵᠢᠯᠳᠠᠨ ᠠᠴᠠ ᠬᠠᠷᠢᠭᠤᠴᠠᠬᠤ᠂ ᠨᠢᠭᠡ ᠯᠠ ᠤᠳᠠᠭ᠎ᠠ ᠳᠤ ᠮᠡᠳᠡᠭᠳᠡᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠤᠴᠢᠷ ᠶᠠᠪᠤᠳᠠᠯ ᠢ ᠭᠦᠢᠴᠡᠳᠬᠡᠬᠦ ᠴᠤᠪᠤᠷᠠᠯ ᠳᠤ ᠤᠷᠤᠭᠰᠠᠨ ᠤ ᠳᠠᠷᠠᠭ᠎ᠠ᠂ | ᠤᠴᠢᠷ ᠶᠠᠪᠤᠳᠠᠯ ᠢ ᠭᠦᠢᠴᠡᠳᠬᠡᠬᠦ ᠭᠤᠭᠴᠤᠭ᠎ᠠ ᠶᠣᠰᠣᠭᠠᠷ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠢᠲᠡᠭᠡᠮᠵᠢ ᠶᠢᠨ ᠬᠢᠨᠠᠨ ᠬᠠᠮᠢᠶᠠᠷᠬᠤ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠬᠡᠷᠡᠭ ᠤᠨ ᠡᠮᠦᠨ᠎ᠡ᠂ ᠬᠡᠷᠡᠭ ᠤᠨ ᠳᠤᠮᠳᠠ ᠢᠲᠡᠭᠡᠮᠵᠢ ᠶᠢ ᠬᠠᠷᠭᠤᠭᠤᠯᠤᠨ | ᠪᠠᠶᠢᠴᠠᠭᠠᠬᠤ ᠶᠢ ᠠᠬᠢᠭᠤᠯᠵᠤ᠂ ᠢᠲᠡᠭᠡᠮᠵᠢ ᠪᠠᠷ ᠰᠠᠶᠢᠨ ᠠᠵᠤ ᠠᠬᠤᠶᠢᠯᠠᠯ ᠪᠠ ᠬᠤᠪᠢ ᠬᠥᠮᠦᠨ ᠳᠤ ᠪᠢᠴᠢᠭ | ᠮᠠᠲ᠋ᠧᠷᠢᠶᠠᠯ ᠳᠤᠲᠠᠭᠤ ᠴᠣ᠋ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠠᠮᠠᠯᠠᠯᠲᠠ ᠪᠠᠨ ᠮᠡᠳᠡᠭᠳᠡᠨ᠎ᠡ᠃ | ᠬᠤᠳᠠᠯ ᠬᠠᠭᠤᠷᠮᠠᠭ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠭᠰᠠᠨ ᠪᠠᠶᠢᠪᠠᠯ᠂ ᠬᠢᠨᠠᠨ ᠵᠥᠪᠰᠢᠶᠡᠷᠡᠭᠰᠡᠨ ᠦᠷ᠎ᠡ | ᠳ᠋ᠦᠩ ᠢ ᠬᠦᠴᠦᠨ ᠥᠬᠡᠶ ᠪᠣᠯᠭᠠᠬᠤ ᠶᠢᠨ ᠬᠠᠮᠲᠤ᠂ ᠬᠤᠳᠠᠯ ᠬᠠᠭᠤᠷᠮᠠᠭ ᠮᠠᠲ᠋ᠧᠷᠢᠶᠠᠯ ᠢ ᠲᠤᠰᠢᠶᠠᠭᠰᠠᠨ ᠭᠤᠤᠯ | ᠴᠣᠭᠴᠠ ᠶᠢ ᠢᠲᠡᠭᠡᠯ ᠠᠯᠳᠠᠭᠰᠠᠳ ᠤᠨ ᠨᠡᠷᠡᠰ ᠲᠤ ᠣᠷᠣᠭᠤᠯᠵᠤ᠂ ᠲᠠᠰ ᠲᠥᠷᠥᠯ ᠬᠤᠪᠢᠶᠠᠬᠤ ᠵᠠᠷᠴᠢᠮ ᠶᠣᠰᠣᠭᠠᠷ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠤᠲᠠ | ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶ | ︵ᠬᠤᠶᠠᠷ︶ ᠵᠣᠶᠢᠯᠡᠰ ᠢ ᠡᠮᠬᠢᠯᠡᠨ ᠳᠢᠭᠯᠡᠬᠦ ᠶᠢ ᠰᠠᠶᠢᠲᠤᠷ ᠬᠢᠨ᠎ᠠ | 1. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠤᠨ ᠭᠠᠷᠴᠠᠭ ᠢ ᠡᠮᠬᠢᠯᠡᠨ᠎ᠡ᠃ ᠪᠥᠬᠦ ᠬᠤᠲᠠ | ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ︽ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ | ᠶᠢ ᠨᠢ ᠰᠢᠢᠳᠪᠦᠷᠢᠯᠡᠬᠦ᠂ ᠥᠨᠳᠥᠷ ᠲᠠᠪᠳᠠᠮᠵᠢᠳᠤ ᠵᠣᠶᠢᠯᠡᠰ ᠢ ᠤᠷᠢᠳ ᠢᠶᠠᠷ ᠰᠢᠢᠳᠪᠦᠷᠢᠯᠡᠬᠦ᠂ ᠪᠠᠷᠢᠮᠵᠢᠶᠠᠵᠢᠭᠰᠠᠨ | ᠬᠡᠮᠵᠢᠶ᠎ᠡ ᠪᠠᠷ ᠥᠨᠳᠥᠷ ᠵᠣᠶᠢᠯᠡᠰ ᠢ ᠤᠷᠢᠳ ᠢᠶᠠᠷ ᠰᠢᠢᠳᠪᠦᠷᠢᠯᠡᠬᠦ︾ ᠵᠠᠷᠴᠢᠮ ᠶᠣᠰᠣᠭᠠᠷ᠂ ᠠᠵᠤ ᠠᠬᠤᠶᠢᠯᠠᠯ ᠣᠯᠠᠨ | ᠲᠦᠮᠡᠨ ᠤ ᠣᠶᠢᠯᠡᠳᠪᠦᠷᠢᠯᠠᠯ ᠠᠮᠢᠳᠤᠷᠠᠯ ᠲᠠᠢ ᠨᠢᠭᠲᠠ ᠬᠤᠯᠪᠤᠭᠳᠠᠬᠤ ᠣᠨᠳᠣᠤ ᠭᠠᠵᠠᠷ ᠲᠤ ᠤᠴᠢᠷ ᠶᠠᠪᠤᠳᠠᠯ | ᠭᠦᠢᠴᠡᠳᠬᠡᠬᠦ ᠳᠤ ᠬᠡᠷᠡᠭᠰᠡᠬᠦ ᠵᠣᠶᠢᠯᠡᠰ ᠤᠨ ᠲᠣᠭᠤᠷᠢᠨ ᠳᠤ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ | ᠵᠣᠶᠢᠯᠡᠰ ᠤᠨ ᠨᠠᠷᠢᠨ ᠲᠠᠩᠰᠠ ᠶᠢ ᠪᠦᠯᠦᠭ ᠤᠳᠠᠭ᠎ᠠ ᠬᠤᠪᠢᠶᠠᠨ ᠡᠮᠬᠢᠯᠡᠵᠦ ᠨᠠᠶᠢᠷᠠᠭᠤᠯᠤᠨ ᠵᠣᠬᠢᠶᠠᠨ᠎ᠠ᠃ ᠡᠯ᠎ᠡ | ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ | ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠢ ᠰᠠᠨᠠᠭᠠᠴᠢᠯᠠᠭ᠎ᠠ ᠠᠴᠠ ᠪᠠᠨ ᠲᠠᠨᠢᠵᠤ ᠠᠪᠤᠭᠠᠳ | ᠲᠣᠳᠣᠷᠬᠠᠶ ᠲᠠᠩᠰᠠ ᠶᠢ ᠨᠠᠶᠢᠷᠠᠭᠤᠯᠤᠨ ᠵᠣᠬᠢᠶᠠᠵᠤ ᠨᠡᠶᠢᠳᠡᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ | ᠶᠢᠨ ᠰᠡᠭᠦᠯᠴᠢ︶ | 2. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠤᠨ ᠴᠢᠬᠤᠯᠠ ᠬᠦᠴᠦᠨ ᠵᠣᠶᠢᠯ ᠢ | ᠵᠢᠷᠤᠮᠵᠢᠭᠤᠯᠤᠨ᠎ᠠ᠃ ᠪᠥᠬᠦ ᠬᠤᠲᠠ ᠶᠢᠨ ᠨᠡᠶᠢᠳᠡᠮ ᠭᠦᠢᠴᠡᠳᠬᠡᠬᠦ ︽ᠵᠣᠶᠢᠯᠡᠰ ᠤᠨ ᠨᠠᠷᠢᠨ ᠲᠠᠩᠰᠠ︾ ᠪᠠ | ᠵᠣᠶᠢᠯᠡᠰ ᠢ ᠡᠮᠬᠢᠯᠡᠨ ᠳᠢᠭᠯᠡᠬᠦ ᠪᠠᠷᠢᠮᠵᠢᠶ᠎ᠠ ᠶᠣᠰᠣᠭᠠᠷ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ | ᠤᠨ ᠭᠤᠶᠤᠴᠢᠯᠠᠬᠤ ᠨᠥᠬᠦᠴᠡᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠲᠤᠬᠠᠶᠢᠯᠠᠭᠰᠠᠨ ᠠᠵᠢᠯ ᠤᠨ ᠴᠤᠪᠤᠷᠠᠯ᠂ | ᠭᠦᠢᠴᠡᠳᠬᠡᠬᠦ ᠴᠠᠭ ᠤᠨ ᠬᠢᠵᠠᠭᠠᠷ ᠵᠡᠷᠭᠡ ᠬᠦᠴᠦᠨ ᠵᠣᠶᠢᠯ ᠢ ᠵᠣᠶᠢᠯ ᠳᠠᠷᠠᠭᠠᠯᠠᠨ ᠨᠢᠭᠡᠳᠦᠯᠲᠡᠶ ᠵᠢᠷᠤᠮᠵᠢᠭᠤᠯᠵᠤ᠂ | ᠤᠴᠢᠷ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠣᠯᠠᠨ ᠲᠦᠮᠡᠨ | ᠱᠠᠭᠠᠷᠳᠠᠯᠭ᠎ᠠ ᠶᠣᠰᠣᠭᠠᠷ ᠭᠤᠶᠤᠴᠢᠯᠠᠬᠤ ᠮᠠᠲ᠋ᠧᠷᠢᠶᠠᠯ ᠢᠶᠠᠨ ᠪᠡᠯᠡᠳᠬᠡᠬᠦ᠂ ᠣᠨᠳᠣᠤ ᠭᠠᠵᠠᠷ ᠤᠨ ᠴᠤᠩᠬᠤᠪᠴᠢ ᠬᠡᠷᠡᠴᠢ | ᠪᠠᠷᠢᠮᠳᠠ ᠪᠠᠷ ᠪᠢᠴᠢᠭ ᠮᠠᠲ᠋ᠧᠷᠢᠶᠠᠯ ᠭᠥᠯᠢᠶᠡᠨ ᠠᠪᠬᠤ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ | ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ | ᠰᠠᠷ᠎ᠠ ᠶᠢᠨ ᠰᠡᠭᠦᠯᠴᠢ︶ | 3. ︽ᠨᠢᠭᠡ ᠤᠴᠢᠷ ᠶᠠᠪᠤᠳᠠᠯ︾ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠠᠬᠢᠭᠤᠯᠤᠨ᠎ᠠ᠃ ︽ | ᠨᠢᠭᠡ ᠤᠴᠢᠷ ᠶᠠᠪᠤᠳᠠᠯ︾ ᠤᠨ ᠵᠣᠶᠢᠯᠡᠰ ᠢ ᠪᠠᠷᠢᠮᠵᠢᠶᠠᠵᠢᠭᠤᠯᠤᠨ ᠡᠮᠬᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ | ᠂ ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠰᠢᠰᠲ᠋ᠧᠮ ᠳᠤ ᠲᠦᠰᠢᠭᠯᠡᠨ᠂ ᠬᠤᠲᠠ ᠬᠤᠰᠢᠭᠤ ᠲᠣᠭᠤᠷᠢᠭ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠤᠨ᠂ ᠭᠠᠵᠠᠷ ᠣᠷᠣᠨ ᠪᠠ ᠱᠠᠳᠤ ᠲᠡᠰ ᠤᠨ ᠬᠢᠵᠠᠭᠠᠷᠯᠠᠯ ᠢ | ᠡᠪᠳᠡᠵᠦ᠂ ︽ᠨᠢᠭᠡ ᠤᠴᠢᠷ ᠶᠠᠪᠤᠳᠠᠯ︾ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ | ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶ | ︵ᠭᠤᠷᠪᠠ︶ ᠠᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ | 1. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠰᠦᠯᠵᠢᠶᠡᠨ ᠭᠠᠳᠠᠨᠠᠬᠢ ᠴᠤᠩᠬᠤᠪᠴᠢ ᠪᠠ ᠰᠦᠯᠵᠢᠶᠡᠨ | ᠳᠡᠭᠡᠷᠡᠬᠢ ᠣᠶᠢᠯᠡᠴᠢᠯᠡᠬᠡᠨ ᠤ ᠲᠤᠰᠬᠠᠶ ᠪᠤᠯᠤᠩ ᠢ ᠳᠣᠭᠢᠷᠠᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ | ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ | ᠴᠤᠩᠬᠤᠪᠴᠢ ᠳᠣᠭᠢᠷᠠᠭᠤᠯᠵᠤ᠂ ᠲᠤᠰᠬᠠᠶ ᠲᠤᠰᠢᠶᠠᠯᠲᠤ ᠠᠵᠢᠯᠲᠠᠨ ᠳᠣᠭᠢᠷᠠᠭᠤᠯᠤᠨ᠂ ᠨᠠᠶᠢᠳᠠᠮ ᠭᠦᠢᠴᠡᠳᠬᠡᠬᠦ | ᠵᠣᠶᠢᠯᠡᠰ ᠢ ᠣᠨᠳᠣᠤ ᠭᠠᠵᠠᠷ ᠲᠤ ᠠᠰᠠᠭᠤᠨ ᠯᠠᠪᠯᠠᠬᠤ᠂ ᠪᠢᠴᠢᠭ ᠮᠠᠲ᠋ᠧᠷᠢᠶᠠᠯ ᠭᠥᠯᠢᠶᠡᠨ ᠠᠪᠬᠤ᠂ ᠭᠥᠯᠢᠶᠡᠨ ᠠᠪᠴᠤ | ᠰᠢᠢᠳᠪᠦᠷᠢᠯᠡᠬᠦ᠂ ᠬᠢᠨᠠᠨ ᠵᠥᠪᠰᠢᠶᠡᠷᠡᠬᠦ ᠪᠠ ᠦᠷ᠎ᠡ ᠳ᠋ᠦᠩ ᠢ ᠬᠦᠷᠭᠡᠬᠦ ᠵᠡᠷᠭᠡ ᠰᠦᠯᠵᠢᠶᠡᠨ ᠭᠠᠳᠠᠨᠠᠬᠢ ᠣᠶᠢᠯᠡᠴᠢᠯᠡᠭᠡ | ᠶᠢ ᠬᠠᠩᠭᠠᠵᠤ᠂ ︽ᠨᠢᠭᠡ ᠯᠡ ᠤᠳᠠᠭ᠎ᠠ ᠳᠤ ᠲᠤᠰᠢᠶᠠᠵᠤ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠦᠨᠡᠨ ᠬᠦ | ᠪᠠᠲᠤᠯᠠᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠦᠯᠵᠢᠶ᠎ᠡ ︵ᠣᠷᠳᠣᠰ︶᠂ ︽ | ᠮᠧᠩ ᠰᠦ ᠪᠠᠨ︾ APP ︵ᠣᠷᠳᠣᠰ︶ ᠳᠤ ᠰᠦᠯᠵᠢᠶᠡᠨ ᠳᠡᠭᠡᠷᠡᠬᠢ ᠣᠶᠢᠯᠡᠴᠢᠯᠡᠬᠡᠨ ᠤ ᠲᠤᠰᠬᠠᠶ ᠪᠤᠯᠤᠩ | ᠳᠣᠭᠢᠷᠠᠭᠤᠯᠵᠤ᠂ ᠠᠵᠤ ᠠᠬᠤᠶᠢᠯᠠᠯ ᠣᠯᠠᠨ ᠲᠦᠮᠡᠨ ᠳᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ | ᠪᠠᠶᠢᠴᠠᠭᠠᠨ ᠯᠠᠪᠯᠠᠬᠤ᠂ ᠭᠦᠢᠴᠡᠳᠬᠡᠬᠦ ᠠᠷᠭ᠎ᠠ ᠵᠠᠮ ᠢ ᠬᠠᠩᠭᠠᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ | ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ | ᠴᠤᠩᠬᠤᠪᠴᠢ ᠶᠢᠨ ᠸᠢᠳᠢᠣ᠋ ᠪᠠᠷ ᠵᠥᠪᠳᠡᠯᠴᠡᠬᠦ ᠰᠢᠰᠲ᠋ᠧᠮ ᠢ ᠵᠠᠯᠭᠠᠨ ᠨᠡᠪᠲᠡᠷᠭᠦᠯᠵᠣ᠂ ᠪᠥᠬᠦ ᠶᠠᠪᠤᠴᠠ ᠶᠢ ᠲᠡᠮᠳᠡᠭᠯᠡᠬᠦ | ᠪᠠ ᠴᠡᠭ ᠠᠴᠠ ᠴᠡᠭ ᠲᠠᠬᠢ ᠸᠢᠳᠢᠣ᠋ ᠪᠠᠷ ᠶᠠᠷᠢᠯᠴᠠᠬᠤ᠂ ᠬᠢᠨᠠᠨ ᠰᠢᠯᠭᠠᠬᠤ ᠶᠢ ᠪᠡᠶᠡᠯᠡᠭᠦᠯᠦᠨ᠎ᠡ᠃ ︵ᠲᠦᠷᠦᠭᠦᠯᠡᠨ | ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ | 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | 2. ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠣᠶᠢᠯᠡᠴᠢᠯᠡᠭᠡ ᠶᠢ ᠬᠡᠷᠡᠭᠵᠢᠭᠦᠯᠦᠨ᠎ᠡ᠃ ︽ᠮᠧᠩ ᠰᠦ | ᠪᠠᠨ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ ᠬᠤᠲᠠ᠂ ᠬᠤᠰᠢᠭᠤ ᠲᠣᠭᠤᠷᠢᠭ ᠤᠨ | ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ | ᠡᠩᠨᠡᠭᠡ ᠶᠢ ᠪᠠᠶᠢᠭᠤᠯᠵᠤ᠂ ᠦᠨ᠎ᠡ ᠲᠥᠯᠥᠪᠦᠷᠢ ᠥᠬᠡᠶ ᠪᠠᠷ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ | ᠣᠶᠢᠯᠡᠴᠢᠯᠡᠭᠡ ᠶᠢ ᠬᠡᠷᠡᠭᠵᠢᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠤ ︽24 ᠴᠠᠭ ᠡᠭᠦᠳᠡ ᠪᠠᠨ ᠬᠠᠭᠠᠬᠤ | ᠥᠬᠡᠶ︾ ᠥᠪᠡᠰᠦᠪᠡᠨ ᠣᠶᠢᠯᠡᠴᠢᠯᠡᠬᠦ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠪᠥᠬᠦ ᠡᠳᠦᠷ ᠢᠶᠠᠷ | ᠥᠪᠡᠰᠦᠪᠡᠨ ᠣᠶᠢᠯᠡᠴᠢᠯᠡᠬᠦ ᠣᠶᠢᠯᠡᠴᠢᠯᠡᠭᠡ ᠬᠠᠩᠭᠠᠵᠤ᠂ ᠲᠥᠬᠦᠮ ᠵᠣᠶᠢᠯᠡᠰ ᠢ ︽ᠥᠪᠡᠰᠦᠪᠡᠨ ᠭᠦᠢᠴᠡᠳᠬᠡᠬᠦ︾ ᠶᠢ | ᠢᠳᠡᠪᠬᠢᠲᠡᠶ ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶ | 3. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠶᠢᠨ ᠰᠢᠤᠳᠠᠨ ᠢᠶᠠᠷ ᠢᠯᠡᠭᠡᠬᠦ ᠣᠶᠢᠯᠡᠴᠢᠯᠡᠭᠡ ᠶᠢ | ᠲᠡᠭᠦᠯᠳᠡᠷᠵᠢᠭᠦᠯᠦᠨ᠎ᠡ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ | ᠲᠢᠩᠬᠢᠮ ᠤᠨ ᠰᠢᠤᠳᠠᠨ ᠢᠶᠠᠷ ᠢᠯᠡᠭᠡᠬᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠤᠨ ᠦᠨᠡᠨ ᠬᠦ ᠤᠭ ᠮᠠᠲ᠋ᠧᠷᠢᠶᠠᠯ ᠤᠨ ᠲᠠᠩᠰᠠ ᠡᠪᠬᠡᠮᠡᠯ ᠢ ᠠᠪᠬᠤ ᠴᠢᠬᠤᠯᠠᠲᠠᠢ᠂ | ᠣᠨᠳᠣᠤ ᠭᠠᠵᠠᠷ ᠲᠤ ᠦᠨᠡᠮᠯᠡᠯ ᠭᠠᠷᠭᠠᠬᠤ ᠳᠤ ᠳᠥᠭᠦᠮ ᠦᠭᠡᠢ ᠵᠣᠶᠢᠯᠡᠰ ᠲᠤ᠂ ᠰᠢᠤᠳᠠᠨ ᠢᠶᠠᠷ ᠢᠯᠡᠬᠡᠬᠦ | ᠣᠶᠢᠯᠡᠴᠢᠯᠡᠭᠡ ᠳᠤ ᠲᠦᠰᠢᠭᠯᠡᠨ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ︽ᠰᠢᠤᠳᠠᠨ︾ | ᠢᠶᠠᠷ ︽ᠣᠯᠠᠨ ᠲᠦᠮᠡᠨ ᠤ ᠬᠦᠶᠦᠬᠦ︾ ᠶᠢ ᠣᠷᠣᠯᠠᠭᠤᠯᠤᠨ᠎ᠠ᠃ ᠨᠥᠬᠦᠴᠡᠯ ᠲᠠᠢ ᠬᠤᠰᠢᠭᠤ ᠲᠤᠭᠤᠷᠢᠭ ᠤᠨ ᠵᠠᠰᠠᠭ | ᠤᠨ ᠶᠠᠪᠤᠳᠠᠯ ᠤᠨ ︽ᠰᠤᠶᠢᠳᠬᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ︾ ᠣᠶᠢᠯᠡᠴᠢᠯᠡᠭᠡ ᠶᠢ | ᠰᠦᠪᠡᠭᠴᠢᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯ ᠢ ᠡᠳᠦᠷ ᠲᠤᠲᠤᠮ ᠤᠨ ᠴᠢᠬᠤᠯᠠ | ᠵᠥᠪᠯᠡᠬᠦ ᠵᠣᠶᠢᠯ ᠳᠤ ᠣᠷᠣᠭᠤᠯᠵᠤ᠂ ᠨᠠᠷᠢᠨ ᠲᠠᠩᠰᠠ ᠶᠢ ᠡᠮᠬᠢᠯᠡᠬᠦ᠂ ᠴᠤᠪᠤᠷᠠᠯ ᠢ ᠰᠢᠯᠢᠳᠡᠭᠵᠢᠭᠦᠯᠬᠦ᠂ ᠪᠠᠷᠢᠮᠵᠢᠶ᠎ᠠ ᠶᠢ | ᠨᠢᠭᠡᠳᠬᠡᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ | ᠡᠯᠧᠺᠲᠷᠣᠨ ᠲᠠᠮᠠᠭ᠎ᠠ᠂ ᠡᠯᠧᠺᠲᠷᠣᠨ ᠦᠨᠡᠮᠯᠡᠯ ᠢ ᠬᠡᠷᠡᠭᠯᠡᠬᠦ ᠵᠡᠷᠭᠡ ᠭᠤᠤᠯᠳᠠᠯᠭ᠎ᠠ ᠲᠠᠢ ᠬᠦᠴᠢᠷ ᠠᠰᠠᠭᠤᠳᠠᠯ ᠢ | ᠲᠥᠪᠯᠡᠷᠡᠭᠦᠯᠦᠨ ᠰᠢᠢᠳᠪᠦᠷᠢᠯᠡᠵᠣ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ᠂ ᠬᠠᠮᠲᠤᠪᠠᠷ ᠠᠳᠬᠤᠵᠣ | ᠬᠠᠮᠢᠶᠠᠷᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠲᠦᠷᠬᠡᠨ | ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠨ᠎ᠠ᠃ | ︵ᠬᠤᠶᠠᠷ︶ ᠬᠠᠮᠵᠢᠯᠴᠠᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ | ᠂ ᠲᠣᠰ ᠬᠤᠰᠢᠭᠤ ᠲᠣᠭᠤᠷᠢᠭ ᠲᠣᠰ ᠰᠠᠯᠠᠭ᠎ᠠ ᠮᠥᠴᠢᠷ ᠤᠨ ᠢᠶᠠᠨ ᠡᠭᠦᠷᠭᠡᠯᠡᠵᠦ ᠪᠠᠶᠢᠭ᠎ᠠ ᠥᠭᠡᠷᠡᠴᠢᠯᠡᠯᠲᠡ ᠶᠢᠨ | ᠡᠭᠦᠷᠭᠡ ᠶᠢ ᠪᠥᠬᠦ ᠲᠠᠯ᠎ᠠ ᠪᠠᠷ ᠮᠥᠷᠳᠡᠨ ᠲᠠᠭᠠᠨ᠎ᠠ᠃ ᠡᠯ᠎ᠡ ᠲᠦᠷᠦᠭᠦᠯᠡᠨ ᠬᠢᠬᠦ ᠨᠢᠭᠡᠴᠡ ᠨᠦᠭᠦᠳ ᠲᠦᠷᠦᠭᠦᠯᠡᠨ ᠬᠢᠬᠦ | ᠪᠦᠬᠦ ᠲᠠᠯ᠎ᠠ ᠶᠢ ᠠᠳᠬᠤᠬᠤ ᠣᠶᠢᠯᠡᠳᠤᠯ ᠢᠶᠠᠨ ᠦᠨᠡᠨ ᠬᠦ ᠪᠠᠳᠠᠷᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ᠂ | ᠰᠠᠯᠠᠭ᠎ᠠ ᠮᠥᠴᠢᠷ ᠬᠢᠭᠡᠳ ᠬᠤᠰᠢᠭᠤ ᠲᠤᠭᠤᠷᠢᠭ ᠤᠨ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠨ᠎ᠠ᠃ | ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠠᠵᠢᠯ ᠤᠨ ᠶᠡᠭᠡ ᠲᠠᠯ᠎ᠠ ᠶᠢ ᠳᠠᠭᠠᠵᠤ᠂ ᠡᠭᠦᠷᠭᠡ ᠬᠠᠷᠢᠭᠤᠴᠠᠯᠭ᠎ᠠ ᠠᠵᠢᠯ | ᠤᠨ ᠬᠤᠪᠢᠶᠠᠷᠢᠯᠠᠯ ᠳᠤ ᠰᠠᠭᠤᠷᠢᠯᠠᠨ᠂ ᠲᠦᠷᠦᠭᠦᠯᠡᠨ ᠬᠢᠬᠦ ᠨᠢᠭᠡᠴᠡ ᠲᠠᠢ ᠨᠠᠷᠢᠨ ᠬᠢᠨᠠᠮᠠᠭᠠᠶ ᠬᠠᠮᠵᠢᠯᠴᠠᠨ ᠬᠠᠮᠢᠶ᠎ᠠ | ᠪᠥᠬᠦᠶ ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ | ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠰᠠᠯᠠᠭ᠎ᠠ ᠮᠥᠴᠢᠷ ᠤᠳ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ ᠴᠣᠩᠬᠤᠪᠴᠢ | ᠪᠠᠶᠢᠭᠤᠯᠬᠤ ᠶᠢ ᠰᠠᠶᠢᠲᠤᠷ ᠠᠳᠬᠤᠵᠤ᠂ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ ᠠᠵᠢᠯᠲᠠᠨ ᠤ ᠡᠩᠨᠡᠭᠡ | ᠶᠢ ᠲᠡᠭᠦᠯᠳᠡᠷᠵᠢᠭᠦᠯᠦᠨ᠂ ᠴᠢᠬᠤᠯᠠ ᠪᠥᠬᠦᠶ ᠲᠥᠬᠦᠭᠡᠷᠦᠮᠵᠢ ᠪᠠ ᠡᠬᠢ ᠪᠠᠶᠠᠯᠢᠭ ᠢ ᠪᠦᠷᠢᠨ ᠭᠦᠢᠴᠡᠳ | ᠲᠤᠬᠢᠷᠠᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠲᠠᠯ᠎ᠠ ᠪᠠᠷ | ᠪᠦᠬᠦ ᠬᠦᠴᠦ ᠪᠠᠷ ᠢᠶᠠᠨ ᠪᠠᠳᠤᠯᠠᠨ᠎ᠠ᠃ | ︵ᠭᠤᠷᠪᠠ︶ ᠱᠠᠭᠠᠷᠳᠠᠨ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠲᠣᠭᠤᠷᠢᠭ᠂ ᠬᠤᠲᠠ | ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠤᠬᠠᠶ ᠶᠢᠨ ᠲᠠᠯᠠᠪᠤᠷ ᠲᠤ ᠲᠣᠭᠤᠷᠢᠨ | ᠪᠠᠶᠢᠴᠠᠭᠠᠬᠤ᠂ ᠡᠯᠧᠺᠲᠷᠣᠨ ᠬᠢᠨᠠᠨ ᠪᠠᠶᠢᠴᠠᠭᠠᠯᠳᠠ᠂ ᠬᠡᠷᠡᠭ ᠤᠨ ᠳᠠᠷᠠᠭ᠎ᠠ ᠪᠤᠴᠠᠵᠣ ᠰᠤᠷᠪᠤᠯᠵᠢᠯᠠᠬᠤ ᠵᠡᠷᠭᠡ ᠠᠷᠭ᠎ᠠ | ᠮᠠᠶ᠋ᠢᠭ ᠢ ᠠᠪᠴᠤ᠂ ᠠᠵᠢᠯ ᠥᠷᠨᠢᠭᠦᠯᠦᠭᠰᠡᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠳᠤᠮᠳᠠ ᠣᠷᠣᠰᠢᠵᠤ ᠪᠠᠶᠢᠭ᠎ᠠ ᠲᠥᠷᠥ ᠶᠢᠨ | ᠪᠣᠳᠣᠯᠭ᠎ᠠ ᠲᠦᠷᠢᠮ ᠤᠨ ᠬᠠᠷᠰᠢ ᠰᠠᠭᠠᠳ ᠪᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠣ᠂ ᠡᠯ᠎ᠡ ᠵᠣᠶᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ | ᠠᠬᠢᠭᠤᠯᠤᠨ᠎ᠠ᠃ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠠᠵᠢᠯ ᠤᠨ ᠤᠨ ᠤ ᠰᠢᠯᠭᠠᠨ ᠬᠢᠨᠠᠯᠳᠠ ᠳᠤ ᠣᠷᠣᠭᠤᠯᠵᠤ᠂ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ | ᠡᠷᠴᠢᠮ ᠢᠶᠠᠨ ᠴᠢᠩᠭᠠᠷᠠᠭᠤᠯᠤᠨ᠂ ᠠᠵᠢᠯ ᠢᠶᠠᠨ ᠦᠷᠭᠦᠯᠵᠢᠯᠡᠨ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ | ᠠᠬᠢᠭᠤᠯᠤᠨ᠎ᠠ᠃ | ︵ᠳᠥᠷᠪᠡ︶ ᠤᠬᠠᠭᠤᠯᠤᠨ ᠳᠡᠯᠭᠡᠷᠡᠭᠦᠯᠬᠦ ᠶᠢ ᠰᠠᠶᠢᠲᠤᠷ ᠬᠢᠨ᠎ᠡ᠃ ᠡᠯ᠎ᠡ ᠬᠤᠰᠢᠭᠤ ᠲᠣᠭᠤᠷᠢᠭ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠪᠥᠬᠦ ᠬᠤᠲᠠ ᠶᠢᠨ ᠨᠡᠶᠢᠳᠡᠮ | ᠭᠦᠢᠴᠡᠳᠬᠡᠬᠦ︾ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠰᠦᠯᠵᠢᠶ᠎ᠡ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ᠂ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠶᠡᠭᠡ ᠲᠢᠩᠬᠢᠮ ᠵᠡᠷᠭᠡ ᠲᠠᠪᠴᠠᠩ ᠢ ᠭᠦᠢᠴᠡᠳ ᠠᠰᠢᠭᠯᠠᠨ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠤᠬᠠᠭᠤᠯᠵᠤ᠂ ︽ᠪᠥᠬᠦ ᠬᠤᠲᠠ ᠶᠢᠨ ᠨᠡᠶᠢᠳᠡᠮ | ᠭᠦᠢᠴᠡᠳᠬᠡᠬᠦ︾ ᠶᠢᠨ ᠨᠡᠶᠢᠭᠡᠮ ᠤᠨ ᠣᠶᠢᠯᠠᠭᠠᠨ ᠮᠡᠳᠡᠬᠦ ᠬᠡᠮᠵᠢᠶ᠎ᠡ ᠪᠠ ᠠᠵᠤ ᠠᠬᠤᠶᠢᠯᠠᠯ ᠣᠯᠠᠨ ᠲᠦᠮᠡᠨ ᠤ ᠮᠡᠳᠡᠷᠡᠬᠦ | ᠬᠡᠮᠵᠢᠶ᠎ᠡ ᠶᠢ ᠲᠡᠭᠡᠭᠰᠢᠯᠡᠭᠦᠯᠦᠨ᠎ᠡ᠃ ᠡᠭᠦᠨ ᠤ ᠬᠠᠮᠲᠤ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯ | ᠤᠨ ᠳᠤᠮᠳᠠ ᠪᠣᠶ ᠪᠣᠯᠤᠭᠰᠠᠨ ᠰᠠᠶᠢᠨ ᠲᠤᠷᠰᠢᠯᠭ᠎ᠠ ᠰᠠᠶᠢᠨ ᠬᠢᠬᠦ ᠠᠷᠭ᠎ᠠ ᠶᠢ ᠪᠥᠬᠦ ᠲᠠᠯ᠎ᠠ ᠪᠠᠷ ᠳ᠋ᠦᠩᠨᠡᠵᠦ᠂ ᠪᠦᠬᠦᠯᠢ | ᠴᠣᠭᠴᠠ ᠶᠢᠨ ᠣᠶᠢᠯᠡᠴᠢᠯᠡᠬᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃ | |