︽ᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠎ ᠶᠢ ᠨᠡᠶᠢᠳᠡᠯᠡᠬᠦ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ  ᠤᠷᠳᠤᠰ ᠵᠠᠰᠠᠭ ᠲᠠᠷᠬᠠᠭᠠᠭᠰᠠᠨ ﹇2021﹈ 220 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄    ︽ᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾᠎ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠳᠡᠯᠡᠶ᠎ᠡ᠃                                     ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ                                           2021 ᠣᠨ ᠤ 9 ᠰᠠᠷ᠎ᠠ ᠶᠢᠨ 15᠎ ᠤ ᠡᠳᠦᠷᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ               ᠨᠢᠭᠡᠳᠦᠭᠡᠷ ᠪᠦᠯᠦᠭ   ᠶᠡᠷᠦᠩᠬᠡᠢ ᠲᠦᠷᠢᠮ   ᠨᠢᠭᠡᠳᠦᠭᠡᠷ ᠵᠦᠢᠯ   ᠪᠦᠬᠦ ᠬᠤᠲᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠤᠨ ᠬᠢᠷᠢ ᠲᠦᠪᠰᠢᠨ ᠢ ᠲᠡᠭᠡᠭᠰᠢᠯᠡᠭᠦᠯᠵᠣ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶᠢᠯᠡᠳᠭᠦᠨ ᠤ ᠶᠠᠰᠤ ᠴᠢᠨᠠᠷ ᠤᠨ ᠬᠠᠤᠯᠢ︾ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇2017﹈ 24 ᠳ᠋ᠤᠬᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 7 ᠳ᠋ᠤᠭᠠᠷ ᠲᠣᠭᠠᠲᠤ︶᠎ ᠢ ᠦᠨᠳᠦᠰᠦᠯᠡᠨ᠂ ᠣᠷᠳᠣᠰ ᠬᠤᠲᠠ ᠶᠢᠨ ᠪᠤᠳᠠᠳᠤ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ  ᠤᠷᠳᠤᠰ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ︵ᠳᠣᠷᠣᠭᠰᠢ ᠬᠤᠳᠠ ᠎ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠡᠵᠦ ᠨᠡᠷᠡᠶᠢᠳᠦᠨ᠎ᠡ︶ ᠪᠣᠯ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠤᠨ ᠱᠠᠩᠨᠠᠯ ᠤᠨ ᠲᠦᠷᠦᠯ ᠵᠦᠢᠯ ᠪᠣᠯᠤᠨ᠎ᠠ᠂ ᠭᠤᠣᠯᠳᠠᠭᠤ ᠭᠠᠷᠮᠠᠭᠠᠶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠎ ᠶᠢᠨ ᠬᠠᠮᠲᠤ ᠦᠢᠯᠡᠳᠬᠦᠨ ᠤ ᠦᠢᠯᠡᠳᠪᠦᠷᠢᠯᠡᠯ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠪᠦᠬᠦ ᠬᠤᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ᠂ ᠢᠯᠡᠳᠲᠡ ᠠᠵᠢᠯ ᠲᠦᠷᠦᠯ ᠤᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠰᠢᠯᠢᠳᠡᠭ ᠵᠣᠬᠢᠶᠠᠨ ᠪᠠᠶᠢᠭᠤᠯᠤᠯᠲᠠ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠣᠯᠭᠤᠭᠰᠠᠨ ᠢᠷᠠᠭᠤ ᠠᠯᠳᠠᠷ ᠎ ᠤᠨ ᠱᠠᠩᠨᠠᠯ ᠤᠨ ᠲᠦᠷᠦᠯ ᠵᠦᠢᠯ ᠪᠣᠯᠤᠨ᠎ᠠ᠃ ᠠᠶᠤᠯ ᠦᠬᠡᠢ ᠦᠢᠯᠡᠳᠪᠦᠷᠢᠯᠡᠯ ᠤᠨ ᠥᠨᠳᠥᠷ ᠪᠦᠲᠦᠮᠵᠢ ᠲᠠᠢ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠤᠨ ᠪᠠᠷᠢᠮᠵᠢᠶ᠎ᠠ ᠳᠤ ᠬᠦᠷᠦᠭᠰᠡᠨ᠂ ᠪᠣᠬᠢᠷᠲᠤᠯ ᠦᠭᠡᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ᠂ ᠤᠳᠤ ᠦᠶ᠎ᠡ ᠶᠢᠨ ᠴᠢᠨᠠᠷ ᠰᠠᠶᠢᠲᠠᠢ ᠣᠶᠢᠯᠡᠴᠢᠯᠡᠭᠡ ᠵᠡᠷᠭᠡ ᠲᠠᠯ᠎ᠠ ᠪᠠᠷ ᠠᠳᠠᠯᠢ ᠠᠵᠢᠯ ᠲᠦᠷᠦᠯ ᠤᠨ ᠡᠮᠦᠨ᠎ᠡ ᠡᠩᠨᠡᠭᠡᠨ ᠳᠤ ᠤᠷᠤᠭᠰᠠᠨ ᠠᠵᠤ ᠠᠬᠤᠶᠢᠯᠠᠯ ᠢ ᠤᠷᠢᠳᠠᠪᠠᠷ ᠪᠣᠳᠣᠯᠬᠢᠯᠠᠨ᠎ᠠ᠃   ᠭᠤᠷᠪᠠᠳᠤᠭᠠᠷ ᠵᠦᠢᠯ  ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠤᠶᠠᠷ ᠵᠢᠯ ᠳᠤ ᠨᠢᠭᠡ ᠤᠳᠠᠭ᠎ᠠ ᠰᠢᠯᠭᠠᠷᠠᠭᠤᠯᠤᠨ᠎ᠠ᠂ ᠬᠤᠭᠤᠴᠠᠭ᠎ᠠ ᠪᠦᠷᠢ ᠶᠢᠨ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠣᠯᠭᠤᠬᠤ ᠱᠠᠩᠨᠠᠯ ᠤᠨ ᠶᠡᠷᠦᠩᠬᠡᠶ ᠲᠤᠭ᠎ᠠ ᠶᠢ ᠲᠠᠪᠤ ᠠᠴᠠ ᠬᠡᠲᠦᠷᠡᠭᠦᠯᠵᠦ ᠪᠣᠯᠬᠤ ᠦᠭᠡᠢ᠂ ᠪᠣᠳᠠᠲᠤ ᠪᠠᠶᠢᠳᠠᠯ ᠢ ᠦᠨᠳᠦᠰᠦᠯᠡᠨ ᠱᠠᠩᠨᠠᠯ ᠤᠯᠬᠤ ᠣᠷᠣᠨ ᠲᠤᠭ᠎ᠠ ᠶᠢ ᠲᠣᠭᠲᠠᠭᠠᠨ᠎ᠠ᠂ ᠬᠡᠷᠪᠡ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠠᠶᠢᠬᠤ ᠦᠭᠡᠢ ᠪᠣᠯ ᠱᠠᠩᠨᠠᠯ ᠤᠨ ᠵᠦᠢᠯ ᠢ ᠬᠤᠭᠤᠰᠣᠨ ᠪᠠᠶᠢᠯᠭᠠᠵᠤ ᠪᠣᠯᠤᠨ᠎ᠠ᠃   ᠳᠥᠷᠪᠡᠳᠦᠭᠡᠷ ᠵᠣᠶᠢᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠳᠤ ᠰᠢᠨᠵᠢᠯᠡᠬᠦ ᠤᠬᠠᠭᠠᠨᠴᠢ᠂ ᠲᠥᠪ ᠭᠤᠤᠯᠴᠢ᠂ ᠡᠷᠬᠡ ᠲᠡᠭᠰᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ᠂ ᠵᠣᠬᠢᠶᠠᠨ  ᠪᠠᠶᠢᠭᠤᠯᠤᠯᠳᠠ ᠪᠠ ᠬᠤᠪᠢ ᠬᠥᠮᠦᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠳᠠᠯᠠᠵᠤ᠂ ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠰᠤᠶᠢᠳᠬᠡᠯ ᠬᠤᠷᠢᠶᠠᠬᠤ ᠥᠬᠡᠶ᠃    ᠲᠠᠪᠤᠳᠤᠭᠠᠷ ᠵᠦᠢᠯ    ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃    ᠵᠢᠷᠭᠤᠳᠤᠭᠠᠷ ᠵᠣᠶᠢᠯ   ᠡᠯ᠎ᠡ ᠠᠵᠢᠯ ᠲᠥᠷᠥᠯ ᠤᠨ ᠰᠢᠯᠢᠳᠡᠭ ᠠᠵᠤ ᠠᠬᠤᠶᠢᠯᠠᠯ ᠵᠢᠴᠢ ᠪᠤᠶᠢᠵᠢᠯᠲᠠ ᠶᠢᠨ ᠴᠢᠨᠠᠷ ᠢᠶᠠᠷ ᠴᠢᠩᠭ᠎ᠠ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠬᠥᠮᠦᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠶᠢ ᠲᠡᠮᠵᠢᠨ᠎ᠡ᠃            ᠬᠤᠶᠠᠳᠤᠭᠠᠷ ᠪᠦᠯᠦᠭ    ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ    ᠳᠣᠯᠣᠳᠤᠭᠠᠷ ᠵᠣᠶᠢᠯ   ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠺᠤᠮᠢᠰ ︵ᠳᠣᠷᠣᠭᠰᠢ ᠬᠢᠨᠠᠨ ᠲᠣᠭᠲᠠᠭᠠᠬᠤ ᠺᠤᠮᠢᠰ ᠭᠡᠵᠦ ᠨᠡᠷᠡᠶᠢᠳᠦᠨ᠎ᠡ︶᠎ ᠢ ᠪᠠᠶᠢᠭᠤᠯᠤᠨ᠎ᠠ᠃ ᠬᠢᠨᠠᠨ ᠲᠣᠭᠲᠠᠭᠠᠬᠤ ᠺᠣᠮᠢᠰ ᠤᠨ ᠡᠷᠬᠢᠯᠡᠭᠴᠢ ᠶᠢᠨ ᠲᠤᠰᠢᠶᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠳᠠ ᠶᠢᠨ ᠲᠡᠳ᠋ ᠳᠠᠷᠤᠭ᠎ᠠ ᠠᠴᠠ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠨᠠᠷᠢᠨ ᠪᠢᠴᠢᠭ ᠤᠨ ᠲᠡᠳ᠋ ᠳᠠᠷᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠠᠴᠠ ᠡᠭᠦᠷᠭᠡᠯᠡᠵᠦ᠂ ᠪᠦᠷᠢᠯᠳᠦᠬᠦᠨ ᠢ ᠥᠷᠭᠡᠨ ᠳᠡᠯᠭᠡᠷ ᠲᠥᠯᠥᠭᠡᠯᠡᠬᠦ ᠴᠢᠨᠠᠷ ᠪᠠ ᠡᠷᠬᠡ ᠰᠦᠷᠲᠦ ᠴᠢᠨᠠᠷ ᠲᠠᠢ ᠶᠠᠰᠤ ᠴᠢᠨᠠᠷ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠬᠤᠳᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠳᠠᠳ ᠢᠶᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠠᠬᠢᠭᠤᠯᠵᠤ᠂ ᠵᠢᠯᠣᠭᠤᠳᠴᠤ᠂ ᠬᠢᠨᠠᠯᠲᠠ ᠲᠠᠯᠪᠢᠵᠤ᠂ ᠬᠢᠨᠠᠨ ᠲᠣᠭᠲᠠᠭᠠᠬᠤ ᠶᠠᠪᠤᠴᠠ ᠳᠠᠬᠢ ᠴᠢᠬᠤᠯᠠ ᠶᠡᠭᠡ ᠵᠣᠶᠢᠯᠡᠰ ᠢ ᠰᠤᠳᠤᠯᠤᠨ ᠲᠣᠭᠲᠠᠭᠠᠨ᠎ᠠ︔    ︵ᠬᠤᠶᠠᠷ︶ ᠬᠢᠨᠠᠨ ᠲᠣᠭᠲᠠᠭᠠᠬᠤ ᠨᠠᠷᠢᠨ ᠲᠦᠷᠢᠮ᠂ ᠠᠵᠢᠯ ᠤᠨ ᠲᠠᠰ ᠳᠠᠷᠠᠭᠠᠯᠠᠯ ᠵᠡᠷᠭᠡ ᠴᠢᠬᠤᠯᠠ ᠠᠵᠢᠯ ᠤᠨ ᠵᠢᠷᠤᠮᠵᠢᠯ ᠢ ᠬᠢᠨᠠᠨ ᠲᠣᠭᠲᠠᠭᠠᠨ᠎ᠠ︔    ︵ᠭᠤᠷᠪᠠ︶ ᠬᠢᠨᠠᠨ ᠲᠣᠭᠲᠠᠭᠠᠭᠰᠠᠨ ᠦᠷ᠎ᠡ ᠳ᠋ᠦᠩ ᠢ ᠬᠢᠨᠠᠨ ᠵᠥᠪᠯᠡᠵᠦ᠂ ᠬᠤᠲᠠ ᠶᠢᠨ ᠠᠷᠠᠳ ᠤᠨ ᠵᠠᠰᠠᠭ ᠎ ᠤᠨ ᠣᠷᠳᠣᠨ ᠳᠤ ᠳᠡᠪᠰᠢᠭᠦᠯᠬᠦ ᠪᠠᠷ ᠪᠠᠶᠢᠭ᠎ᠠ ᠱᠠᠩᠨᠠᠯ ᠣᠯᠭᠤᠬᠤ ᠨᠡᠷᠡᠰ ᠢ ᠲᠣᠭᠲᠠᠭᠠᠨ᠎ᠠ᠃    ᠨᠠᠢᠮᠠᠳᠤᠭᠠᠷ ᠵᠦᠢᠯ   ᠬᠢᠨᠠᠨ ᠲᠣᠭᠲᠠᠭᠠᠬᠤ ᠺᠣᠮᠢᠰ ᠤᠨ ᠳᠣᠣᠷ᠎ᠠ ᠨᠠᠷᠢᠨ ᠪᠢᠴᠢᠭ ᠤᠨ ᠭᠠᠵᠠᠷ ᠭᠠᠷᠭᠠᠵᠤ᠂ ᠨᠠᠷᠢᠨ ᠪᠢᠴᠢᠭ ᠤᠨ ᠭᠠᠵᠠᠷ ᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠠᠷᠭᠠᠵᠤ᠂ ᠬᠤᠳᠠ ᠶᠢᠨ ᠳᠠᠷᠤᠭ᠎ᠠ ᠶᠢᠨ ᠶᠠᠰᠤ ᠴᠢᠨᠠᠷ  ᠎ ᠤᠨ ᠱᠠᠩᠨᠠᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃ ᠨᠠᠷᠢᠨ ᠪᠢᠴᠢᠭ ᠤᠨ ᠭᠠᠵᠠᠷ ᠤᠨ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠤᠨ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔    ︵ᠬᠤᠶᠠᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠎ ᠶᠢᠨ ᠬᠡᠷᠡᠭᠵᠢᠭᠦᠯᠬᠦ ᠨᠠᠷᠢᠨ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠨ᠎ᠠ︔    ︵ᠭᠤᠷᠪᠠ︶ ᠬᠢᠨᠠᠨ ᠲᠣᠭᠲᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠨ ᠲᠣᠭᠲᠠᠭᠠᠬᠤ ᠳᠤᠭᠤᠶᠢᠯᠠᠩ ᠤᠨ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔    ︵ᠲᠦᠷᠪᠡ︶ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠨ᠎ᠠ︔    ︵ᠲᠠᠪᠤ︶ ᠬᠢᠨᠠᠨ ᠲᠣᠭᠲᠠᠭᠠᠬᠤ ᠺᠣᠮᠢᠰ ᠲᠤ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠳᠡᠪᠰᠢᠭᠦᠯᠵᠦ᠂ ᠵᠢᠱᠢᠭᠳᠡᠭᠰᠡᠳ ᠤᠨ ᠨᠡᠷᠡᠰ ᠢ ᠬᠢᠨᠠᠨ  ᠵᠦᠪᠯᠡᠨ᠎ᠡ︔    ︵ᠵᠢᠷᠭᠤᠭ᠎ᠠ︶ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠵᠣᠬᠢᠶᠠᠨ ᠪᠠᠶᠢᠭᠤᠯᠤᠨ ᠤᠬᠠᠭᠤᠯᠤᠨ ᠳᠡᠯᠭᠡᠷᠡᠭᠦᠯᠵᠦ᠂ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠶᠢᠰᠦᠳᠦᠭᠡᠷ ᠵᠣᠶᠢᠯ    ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠲᠠ ᠶᠢᠨ ᠠᠵᠢᠯ ᠲᠥᠷᠥᠯ ᠤᠨ ᠨᠡᠶᠢᠭᠡᠮᠯᠢᠭ ᠨᠢ ᠲᠣᠰ ᠰᠢᠰᠲ᠋ᠧᠮ᠂ ᠲᠣᠰ ᠬᠠᠷᠢᠶ᠎ᠠ ᠣᠷᠣᠨ᠂ ᠲᠣᠰ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠪᠤᠶᠢᠵᠢᠭᠤᠯᠬᠤ᠂ ᠳᠠᠶᠢᠴᠢᠯᠠᠬᠤ᠂ ᠲᠠᠨᠢᠯᠴᠠᠭᠤᠯᠬᠤ ᠪᠠ ᠳᠡᠯᠭᠡᠷᠡᠭᠦᠯᠬᠦ ᠠᠵᠢᠯ ᠢ ᠲᠣᠰ ᠲᠣᠰ ᠬᠠᠷᠢᠭᠤᠴᠠᠨ᠎ᠠ᠃            ᠭᠤᠷᠪᠠᠳᠤᠭᠠᠷ ᠪᠦᠯᠦᠭ     ᠭᠤᠶᠤᠴᠢᠯᠠᠨ ᠮᠡᠳᠡᠭᠦᠯᠬᠦ ᠨᠥᠬᠦᠴᠡᠯ    ᠠᠷᠪᠠᠳᠤᠭᠠᠷ ᠵᠦᠢᠯ  ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠠᠷ ᠵᠣᠬᠢᠶᠠᠨ ᠪᠠᠶᠢᠭᠤᠯᠤᠯᠲᠠ ᠨᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃    ︵ᠨᠢᠭᠡ︶ ᠣᠷᠳᠣᠰ ᠬᠤᠲᠠ ᠶᠢᠨ ᠳᠣᠲᠣᠷ᠎ᠠ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠦᠷᠭᠦᠯᠵᠢᠯᠡᠨ ᠭᠤᠷᠪᠠᠨ ᠵᠢᠯ ᠠᠴᠠ ᠳᠡᠭᠡᠭᠰᠢ ᠬᠡᠪ ᠤᠨ ᠶᠣᠰᠣᠭᠠᠷ ᠡᠵᠡᠩᠨᠡᠵᠦ᠂ ᠬᠤᠯᠪᠣᠭᠳᠠᠯ ᠪᠥᠬᠦᠶ ᠬᠢᠷᠢ ᠬᠡᠮ ᠪᠤᠶᠤ ᠦᠨᠡᠮᠯᠡᠯ ᠲᠠᠢ ᠪᠠᠶᠢᠬᠤ ᠬᠡᠷᠡᠭᠲᠠᠢ᠃    ︵ᠬᠤᠶᠠᠷ︶ ᠣᠶᠢᠯᠡᠳᠪᠦᠷᠢᠯᠠᠯ ᠡᠵᠡᠩᠨᠡᠯᠲᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠣᠶᠢᠯᠡᠰ᠂ ᠣᠷᠴᠢᠨ ᠲᠣᠭᠤᠷᠢᠨ ᠤ ᠬᠠᠮᠠᠭᠠᠯᠠᠯᠲᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃    ︵ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠶᠢᠨ ᠲᠤᠭᠳᠠᠯᠴᠠᠭ᠎ᠠ ᠨᠢ ᠪᠦᠷᠢᠨ ᠲᠡᠭᠦᠯᠳᠡᠷ᠂ ᠶᠠᠰᠤ ᠴᠢᠨᠠᠷ ᠎ ᠤᠨ ᠬᠠᠮᠢᠶᠠᠷᠤᠯᠲᠠ ᠶᠢᠨ ᠵᠠᠭᠪᠤᠷ ᠨᠢ ᠲᠡᠷᠢᠭᠦᠨ ᠤ ᠪᠠᠶᠢᠵᠤ᠂ ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ︵GB/T19580︶᠎ ᠶᠢᠨ ᠤᠯᠤᠰ ᠤᠨ ᠪᠠᠷᠢᠮᠵᠢᠶ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ᠂ ᠥᠪᠡᠷ ᠢ ᠪᠠᠨ ᠲᠡᠭᠦᠯᠳᠡᠷᠵᠢᠭᠦᠯᠦᠭᠰᠡᠨ ᠦᠷᠭᠦᠯᠵᠢᠯᠡᠨ ᠰᠠᠶᠢᠵᠢᠷᠠᠭᠤᠯᠬᠤ ᠲᠣᠭᠲᠠᠴᠠ ᠶᠢ ᠪᠦᠷᠢᠳᠦᠭᠦᠯᠵᠦ᠂ ᠶᠠᠰᠤ ᠴᠢᠨᠠᠷ ᠦᠷ᠎ᠡ ᠠᠰᠢᠭ ᠨᠢ ᠲᠣᠪᠤᠶᠢᠮ᠎ᠠ ᠮᠥᠷᠲᠡᠭᠡᠨ ᠳᠡᠯᠭᠡᠷᠡᠭᠦᠯᠬᠦ ᠦᠨ᠎ᠡ ᠥᠷᠲᠡᠭ ᠲᠠᠢ ᠪᠠᠶᠢᠬᠤ ᠬᠡᠷᠡᠭᠲᠠᠢ᠃    ︵ᠲᠦᠷᠪᠡ︶ ᠲᠤᠪᠤᠶᠢᠮ᠎ᠠ ᠡᠵᠡᠩᠨᠡᠯᠲᠡ ᠶᠢᠨ ᠠᠮᠵᠢᠯᠲᠠ ᠪᠦᠲᠦᠮᠵᠢ ᠪᠤᠶᠤ ᠨᠡᠶᠢᠭᠡᠮ ᠤᠨ ᠬᠤᠪᠢ ᠨᠡᠮᠡᠷᠢ ᠲᠠᠢ ᠪᠠᠶᠢᠬᠤ ᠬᠡᠷᠡᠭᠲᠠᠢ᠃ ᠣᠶᠢᠯᠡᠳᠪᠦᠷᠢᠯᠠᠯ᠂ ᠣᠶᠢᠯᠡᠴᠢᠯᠡᠬᠡᠨ ᠤ ᠡᠵᠡᠩᠨᠡᠯᠲᠡ ᠶᠢᠨ ᠠᠵᠢᠯᠯᠠᠭ᠎ᠠ   ᠡᠷᠬᠢᠯᠡᠭᠰᠡᠳ ᠤᠨ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠶ ᠡᠳ᠋ ᠬᠥᠷᠥᠩᠭᠡ ᠶᠢᠨ ᠬᠤᠪᠢ ᠨᠡᠮᠡᠷᠢ ᠎ ᠶᠢᠨ ᠨᠣᠷᠮ᠎ᠠ ᠵᠡᠷᠭᠡ ᠭᠦᠢᠴᠡᠳᠬᠡᠯ ᠲᠤᠭ᠎ᠠ ᠨᠢ ᠣᠶᠢᠷ᠎ᠠ ᠶᠢᠨ ᠭᠤᠷᠪᠠᠨ ᠵᠢᠯ ᠳᠤ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠬᠤ ᠬᠡᠷᠡᠭᠲᠠᠢ᠃ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠡᠷᠬᠢᠯᠡᠭᠰᠡᠳ ᠤᠨ ᠨᠡᠶᠢᠭᠡᠮ ᠤᠨ ᠬᠤᠪᠢ ᠨᠡᠮᠡᠷᠢ ᠨᠢ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠬᠤ ᠬᠡᠷᠡᠭᠲᠠᠢ᠃    ︵ᠲᠠᠪᠤ︶ ᠰᠠᠶᠢᠨ ᠰᠠᠶᠢᠬᠠᠨ ᠦᠨᠡᠨᠴᠢ ᠢᠲᠡᠭᠡᠮᠵᠢ ᠶᠢᠨ ᠲᠡᠮᠳᠡᠭᠯᠡᠯ ᠪᠠ ᠨᠡᠶᠢᠭᠡᠮ ᠤᠨ ᠨᠡᠷ᠎ᠡ ᠬᠦᠨᠳᠦ ᠲᠠᠢ ᠪᠠᠶᠢᠬᠤ ᠬᠡᠷᠡᠭᠲᠠᠢ᠃    ᠠᠷᠪᠠᠨ ᠨᠢᠭᠡᠳᠦᠭᠡᠷ ᠵᠦᠢᠯ   ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠠᠷ ᠬᠤᠪᠢ ᠬᠥᠮᠦᠨ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃    ︵ᠨᠢᠭᠡ︶ ᠶᠠᠰᠤ ᠴᠢᠨᠠᠷ ᠪᠤᠶᠤ ᠶᠠᠰᠤ ᠴᠢᠨᠠᠷ ᠲᠤ ᠬᠤᠯᠪᠣᠭᠳᠠᠬᠤ ᠠᠵᠢᠯ ᠢ ᠲᠠᠪᠤᠨ ᠵᠢᠯ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠠᠢ᠃    ︵ᠬᠤᠶᠠᠷ︶ ᠶᠠᠰᠤ ᠴᠢᠨᠠᠷ ᠤᠨ ᠰᠢᠨ᠎ᠡ ᠶᠢ ᠡᠭᠦᠳᠬᠦ ᠪᠠ ᠦᠬᠡᠷᠡᠴᠢᠯᠠᠨ ᠰᠠᠶᠢᠵᠢᠷᠠᠭᠤᠯᠬᠤ ᠦᠵᠡᠯ ᠤᠬᠠᠮᠰᠠᠷ ᠲᠠᠢ ᠪᠠᠶᠢᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠬᠦ ᠪᠤᠶᠤ ᠶᠠᠰᠤ ᠴᠢᠨᠠᠷ ᠤᠨ ᠬᠠᠮᠢᠶᠠᠷᠤᠯᠲᠠ ᠶᠢᠨ ᠳᠤᠮᠳᠠ ᠥᠪᠡᠷᠮᠢᠴᠡ ᠣᠨᠴᠠᠯᠢᠭ ᠲᠠᠢ ᠠᠵᠢᠯᠯᠠᠬᠤ ᠠᠷᠭ᠎ᠠ ᠶᠢ ᠪᠣᠶ ᠪᠣᠯᠭᠠᠵᠤ᠂ ᠵᠣᠬᠢᠶᠠᠨ ᠪᠠᠶᠢᠭᠤᠯᠤᠯᠲᠠ ᠪᠤᠶᠤ ᠠᠵᠢᠯ ᠲᠥᠷᠥᠯ ᠤᠨ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠵᠣᠬᠢᠶᠠᠨ ᠪᠠᠶᠢᠭᠤᠯᠤᠯᠲᠠ ᠪᠠ ᠨᠡᠶᠢᠭᠡᠮ ᠳᠤ ᠢᠯᠡᠳᠲᠡ ᠦᠷ᠎ᠡ ᠠᠰᠢᠭ ᠤᠯᠭᠤᠭᠰᠠᠨ᠃    ︵ᠭᠤᠷᠪᠠ︶ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠤᠨ ᠵᠢᠷᠤᠮᠵᠢᠯ ᠢ ᠬᠢᠴᠢᠶᠡᠩᠭᠦ᠋ᠢᠯᠡᠨ ᠰᠠᠬᠢᠵᠤ᠂ ᠥᠯᠢᠭᠡᠷ ᠳᠠᠭᠤᠷᠢᠶᠠᠯ ᠤᠨ ᠣᠶᠢᠯᠡᠳᠤᠯ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ᠂ ᠬᠤᠪᠢ ᠬᠥᠮᠦᠨ ᠤ ᠢᠲᠡᠭᠡᠮᠵᠢ ᠶᠢᠨ ᠲᠡᠮᠳᠡᠭᠯᠡᠯ ᠨᠢ ᠰᠠᠶᠢᠨ ᠪᠠᠶᠢᠬᠤ ᠬᠡᠷᠡᠭᠲᠠᠢ᠃ ᠭᠤᠶᠤᠴᠢᠯᠠᠨ ᠮᠡᠳᠡᠭᠦᠯᠬᠦ ᠬᠤᠪᠢ ᠬᠥᠮᠦᠨ ᠬᠡᠷᠪᠡ ᠵᠣᠬᠢᠶᠠᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠬᠠᠮᠢᠶᠠᠷᠤᠭᠴᠢ ᠪᠠᠶᠢᠪᠠᠯ᠂ ᠲᠡᠭᠦᠨ ᠤ ᠲᠤᠰᠢᠶᠠᠯ ᠡᠭᠦᠷᠭᠡᠯᠡᠬᠦ ᠵᠣᠬᠢᠶᠠᠨ ᠪᠠᠶᠢᠭᠤᠯᠤᠯᠲᠠ ᠨᠢ ᠣᠶᠢᠷ᠎ᠠ ᠶᠢᠨ ᠭᠤᠷᠪᠠᠨ ᠵᠢᠯ ᠳᠤ ᠬᠦᠨᠳᠦ ᠶᠡᠭᠡ ᠶᠠᠰᠤ ᠴᠢᠨᠠᠷ᠂ ᠠᠶᠤᠯ ᠥᠬᠡᠶ ᠣᠶᠢᠯᠡᠳᠪᠦᠷᠢᠯᠠᠯ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠠᠳᠡᠯ ᠥᠬᠡᠶ᠂ ᠬᠦᠨᠳᠦ ᠶᠡᠭᠡ ᠨᠡᠶᠢᠭᠡᠮ ᠤᠨ ᠨᠠᠵᠠᠭᠠᠶ ᠨᠥᠯᠥᠭᠡ ᠶᠢᠨ ᠵᠠᠭᠠᠯᠳᠤᠯᠭ᠎ᠠ ᠥᠬᠡᠶ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠠᠭᠤ ᠲᠡᠮᠳᠡᠭᠯᠡᠯ ᠥᠬᠡᠶ ᠪᠠᠶᠢᠬᠤ ᠬᠡᠷᠡᠭᠲᠡᠶ᠃   ᠠᠷᠪᠠᠨ ᠬᠤᠶᠠᠳᠤᠭᠠᠷ ᠵᠦᠢᠯ  ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠄    ︵ᠨᠢᠭᠡ︶ ᠤᠯᠤᠰ ᠤᠨ ᠠᠵᠤ ᠦᠢᠯᠡᠰ᠂ ᠣᠷᠴᠢᠨ ᠲᠤᠭᠤᠷᠢᠨ ᠤ ᠬᠠᠮᠠᠭᠠᠯᠠᠯᠲᠠ᠂ ᠶᠠᠰᠤ ᠴᠢᠨᠠᠷ ᠵᠡᠷᠭᠡ ᠶᠢᠨ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ ᠪᠠᠶᠢᠬᠤ︔    ︵ᠬᠤᠶᠠᠷ︶ ᠤᠯᠤᠰ ᠠᠴᠠ ᠲᠣᠭᠲᠠᠭᠠᠭᠰᠠᠨ ᠬᠤᠯᠪᠣᠭᠳᠠᠯ ᠪᠦᠬᠦᠢ ᠭᠡᠷᠡᠴᠢ ᠦᠨᠡᠮᠯᠡᠯ ᠢ ᠣᠯᠤᠭᠰᠠᠨ ᠦᠭᠡᠢ︔    ︵ᠭᠤᠷᠪᠠ︶ ᠤᠢᠢᠷ᠎ᠠ ᠶᠢᠨ ᠭᠤᠷᠪᠠᠨ ᠵᠢᠯ ᠳᠤ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠤᠭᠤᠷᠢᠨ ᠤ ᠪᠣᠬᠢᠷᠲᠤᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠡ᠊ᠨᠳᠡᠯ᠂ ᠦᠢᠯᠡᠴᠢᠯᠡᠭᠡᠨ ᠤ ᠶᠠᠰᠤ ᠴᠢᠨᠠᠷ ᠪᠠ ᠬᠥᠳᠡᠯᠮᠦᠷᠢ ᠶᠢᠨ ᠪᠠᠲᠤᠯᠠᠭ᠎ᠠ ᠵᠡᠷᠭᠡ ᠴᠢᠬᠤᠯᠠ ᠶᠡᠭᠡ ᠶᠠᠰᠤ ᠴᠢᠨᠠᠷ ᠤᠨ ᠠᠰᠠᠭᠤᠳᠠᠯ ᠪᠤᠶᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠲᠠᠢ ᠪᠠᠶᠢᠬᠤ︔    ︵ᠳᠥᠷᠪᠡ︶ ᠣᠶᠢᠷ᠎ᠠ ᠶᠢᠨ ᠭᠤᠷᠪᠠᠨ ᠵᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠤ ᠱᠠᠩᠨᠠᠯ ᠤᠨ ᠵᠣᠶᠢᠯ ᠢ ᠦᠨᠡᠯᠡᠨ ᠲᠣᠭᠲᠠᠭᠠᠬᠤ ᠠᠵᠢᠯᠯᠠᠭ᠎ᠠ ᠳᠤ ᠣᠷᠣᠯᠴᠠᠭᠠᠳ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠣᠶᠢᠯᠠ ᠠᠵᠢᠯᠯᠠᠭ᠎ᠠ ᠲᠠᠢ ᠪᠠᠶᠢᠬᠤ︔    ︵ᠲᠠᠪᠤ︶ ᠤᠢᠢᠷ᠎ᠠ ᠶᠢᠨ ᠭᠤᠷᠪᠠᠨ ᠵᠢᠯ ᠳᠤ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ ᠪᠠ ᠣᠷᠣᠯᠠᠨ ᠰᠠᠭᠤᠯᠭᠠᠨ ᠠᠪᠬᠤ ᠣᠷᠣᠯᠠᠨ ᠲᠤᠰᠢᠶᠠᠬᠤ ᠶᠠᠪᠤᠴᠠ ᠳᠤ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠲᠠᠢ ᠪᠠᠶᠢᠬᠤ︔    ︵ᠵᠢᠷᠭᠤᠭ᠎ᠠ︶ ᠡᠵᠡᠩᠨᠡᠯᠲᠡ ᠶᠢᠨ ᠬᠡᠪ ᠤᠨ ᠪᠤᠰᠤ ᠨᠡᠷᠡᠰ ᠪᠣᠯᠤᠨ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠢᠶᠠᠨ ᠠᠯᠳᠠᠭᠰᠠᠨ ᠨᠡᠷᠡᠰ ᠳᠤ ᠤᠷᠤᠭᠰᠠᠨ᠃         ᠳᠥᠷᠪᠡᠳᠦᠭᠡᠷ ᠪᠦᠯᠦᠭ   ᠬᠢᠨᠠᠨ ᠲᠣᠭᠲᠠᠭᠠᠬᠤ ᠪᠠᠷᠢᠮᠵᠢᠶ᠎ᠠ ᠵᠢᠴᠢ ᠠᠷᠭ᠎ᠠ    ᠠᠷᠪᠠᠨ ᠭᠤᠷᠪᠠᠳᠤᠭᠠᠷ ᠵᠣᠶᠢᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ︵GB/T19580︶᠂ ︽ᠭᠠᠷᠮᠠᠭᠠᠶ ᠠᠮᠵᠢᠯᠲᠠ ᠪᠦᠲᠦᠮᠵᠢ ᠎ ᠶᠢ ᠦᠨᠡᠯᠡᠬᠦ ᠪᠠᠷᠢᠮᠵᠢᠶ᠎ᠠ ᠶᠢ ᠬᠡᠷᠡᠭᠵᠢᠭᠦᠯᠬᠦ ᠵᠦᠭᠯᠡᠭᠦᠷ︾ ︵GB/Z19579︶᠎ ᠢᠶᠠᠷ ᠦᠨᠳᠦᠰᠦᠯᠡᠯ ᠪᠣᠯᠭᠠᠨ᠎ᠠ᠃ ᠬᠢᠨᠠᠨ ᠲᠣᠭᠲᠠᠭᠠᠬᠤ ᠪᠠᠷᠢᠮᠵᠢᠶ᠎ᠠ ᠶᠢ ᠶᠠᠰᠤ ᠴᠢᠨᠠᠷ ᠤᠨ ᠬᠠᠮᠢᠶᠠᠷᠤᠯᠲᠠ ᠶᠢᠨ ᠣᠨᠣᠯ ᠵᠢᠴᠢ ᠣᠶᠢᠯᠡᠳᠦᠯᠬᠡ ᠶᠢᠨ ᠬᠥᠭᠵᠢᠯᠲᠡ ᠶᠢ ᠦᠨᠳᠦᠰᠦᠯᠡᠨ ᠲᠤᠬᠢᠷᠠᠬᠤ ᠴᠠᠭ ᠲᠤᠨᠢ ᠵᠠᠰᠠᠪᠦᠷᠢ ᠤᠷᠤᠭᠤᠯᠤᠨ᠎ᠠ᠃    ᠲᠠᠪᠤᠳᠤᠭᠠᠷ ᠪᠦᠯᠦᠭ     ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠲᠡᠰ ᠲᠠᠷᠠᠭᠠᠯᠠᠯ    ᠠᠷᠪᠠᠨ ᠳᠥᠷᠪᠡᠳᠦᠭᠡᠷ ᠵᠦᠢᠯ   ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠴᠠ ᠡᠮᠦᠨ᠎ᠡ᠂ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠬᠤᠳᠠ ᠶᠢᠨ ᠱᠠᠲᠤᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠬᠤᠰᠢᠭᠤ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠬᠦ ᠮᠡᠳᠡᠭᠳᠡᠯ ᠶᠠᠪᠤᠭᠤᠯᠬᠤ ᠶᠢᠨ ᠬᠠᠮᠲᠤ ᠵᠠᠭᠤᠴᠢᠯᠠᠭᠤᠷ ᠢᠶᠠᠷ ᠳᠠᠮᠵᠢᠭᠤᠯᠤᠨ ᠭᠤᠶᠤᠴᠢᠯᠠᠨ ᠮᠡᠳᠡᠭᠦᠯᠬᠦ ᠠᠯᠪᠠᠨ ᠵᠠᠷ ᠢ ᠨᠡᠶᠢᠲᠡᠯᠡᠵᠦ᠂ ᠠᠯᠪᠠᠨ ᠵᠠᠷ ᠤᠨ ᠬᠤᠭᠤᠴᠠᠭ᠎ᠠ ᠬᠢᠵᠠᠭᠠᠷ ᠢ ᠠᠷᠪᠠᠨ ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠭᠡᠢ᠃   ᠠᠷᠪᠠᠨ ᠲᠠᠪᠤᠳᠤᠭᠠᠷ ᠵᠣᠶᠢᠯ   ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠰᠠᠶᠢᠨ ᠳᠤᠷ᠎ᠠ ᠠᠴᠠ ᠪᠠᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠵᠦ᠂ ᠬᠢᠨᠠᠨ ᠲᠣᠭᠲᠠᠭᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠥᠪᠡᠷ ᠢ ᠪᠠᠨ ᠦᠨᠡᠯᠡᠵᠦ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠭᠤᠶᠤᠴᠢᠯᠠᠨ ᠮᠡᠳᠡᠭᠦᠯᠬᠦ ᠬᠦᠰᠦᠨᠦᠭᠲᠦ ᠂ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠵᠢᠴᠢ ᠬᠠᠮᠢᠶ᠎ᠠ ᠪᠥᠬᠦᠶ ᠭᠡᠷᠡᠴᠢᠯᠡᠬᠦ ᠴᠢᠨᠠᠷᠲᠠᠶ ᠮᠠᠲ᠋ᠧᠷᠢᠶᠠᠯ ᠢ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠬᠡᠨ᠎ᠡ᠃ ᠡᠯ᠎ᠡ ᠬᠤᠰᠢᠭᠤ ᠲᠤᠭᠤᠷᠢᠭ ᠎ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠤᠭᠳᠠᠯ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠪᠡᠯ᠂ ᠲᠠᠨᠢᠯᠴᠠᠭᠤᠯᠬᠤ ᠰᠠᠨᠠᠯ ᠳᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠲᠤ ᠮᠡᠳᠡᠭᠦᠯᠦᠨ ᠬᠦᠷᠬᠡᠨ᠎ᠡ᠃   ᠠᠷᠪᠠᠨ ᠵᠢᠷᠭᠤᠳᠤᠭᠠᠷ ᠵᠦᠢᠯ  ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠨᠢ ᠪᠦᠷᠢᠯᠳᠦᠬᠦᠨ ᠨᠢᠭᠡᠴᠡ ᠲᠠᠢ ᠬᠠᠮᠲᠤᠷᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠭᠤᠣᠯ ᠴᠣᠭᠴᠠ᠂ ᠠᠷᠭ᠎ᠠ ᠵᠠᠮ᠂ ᠲᠡᠰ ᠳᠠᠷᠠᠭᠠᠯᠠᠯ᠂ ᠮᠠᠲ᠋ᠧᠷᠢᠶᠠᠯ ᠤᠨ ᠵᠢᠷᠤᠮᠵᠢᠯ ᠵᠡᠷᠭᠡ ᠲᠠᠯ᠎ᠠ ᠪᠠᠷ ᠬᠢᠷᠢ ᠬᠡᠮ ᠤᠨ ᠠᠩᠬᠠᠨ ᠤ ᠬᠢᠨᠠᠨ ᠲᠤᠭᠳᠠᠭᠠᠯᠳᠠ ᠬᠢᠵᠦ᠂ ᠭᠤᠶᠤᠴᠢᠯᠠᠨ ᠮᠡᠳᠡᠭᠦᠯᠬᠦ ᠬᠢᠷᠢ ᠬᠡᠮ ᠲᠠᠢ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠢ ᠲᠤᠭᠳᠠᠭᠠᠨ᠎ᠠ᠃ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠣᠯᠤᠭᠰᠠᠨ ᠠᠷᠪᠠᠨ ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠦ᠂ ᠨᠥᠬᠦᠪᠥᠷᠢᠯᠡᠨ ᠲᠡᠭᠦᠯᠳᠡᠷᠵᠢᠭᠦᠯᠬᠦ ᠴᠢᠬᠤᠯᠠᠲᠠᠶ ᠠᠭᠤᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠠᠷᠪᠠᠨ ᠳᠣᠯᠣᠳᠤᠭᠠᠷ ᠵᠦᠢᠯ    ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠬᠤ ᠪᠤᠶᠤ ᠬᠢᠨᠠᠨ ᠲᠣᠭᠲᠠᠭᠠᠬᠤ ᠪᠠᠶᠢᠭᠤᠯᠤᠮᠵᠢ ᠶᠢ ᠤᠷᠢᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ᠃ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠯᠪᠡᠷᠢ ᠎ ᠪᠠᠷ ᠰᠣᠩᠭᠤᠨ ᠲᠣᠭᠲᠠᠭᠠᠨ᠎ᠠ᠃ ᠬᠢᠨᠠᠨ ᠲᠣᠭᠲᠠᠭᠠᠬᠤ ᠳᠤᠭᠤᠶᠢᠯᠠᠩ ᠳᠤ ᠳᠤᠭᠤᠶᠢᠯᠠᠩ ᠤᠨ ᠳᠠᠷᠤᠭ᠎ᠠ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ ᠬᠢᠨᠠᠨ ᠲᠣᠭᠲᠠᠭᠠᠬᠤ ᠠᠵᠢᠯ ᠳᠤ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠶ ᠶᠢᠨ ᠲᠠᠯᠠᠪᠤᠷ ᠲᠤᠨᠢ ᠬᠢᠨᠠᠨ ᠲᠣᠭᠲᠠᠭᠠᠬᠤ ᠶᠢ ᠪᠠᠭᠲᠠᠭᠠᠵᠤ᠂ ᠬᠤᠷᠢᠨ ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠦᠨ᠎ᠡ᠃   ᠠᠷᠪᠠᠨ ᠨᠠᠢᠮᠠᠳᠤᠭᠠᠷ ᠵᠦᠢᠯ  ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠨᠢ ᠬᠤᠳᠠ ᠶᠢᠨ ᠱᠠᠲᠤᠨ ᠤ ᠭᠤᠣᠯ ᠪᠣᠯᠬᠤ ᠵᠠᠭᠤᠴᠢᠯᠠᠭᠤᠷ᠂ ᠰᠦᠯᠵᠢᠶᠡᠨ ᠥᠷᠳᠡᠭᠡ ᠳᠡᠭᠡᠷ᠎ᠡ ᠬᠢᠨᠠᠨ ᠲᠣᠭᠲᠠᠭᠠᠭᠰᠠᠨ ᠦᠷ᠎ᠡ ᠳ᠋ᠦᠩ ᠎ ᠢ ᠨᠡᠶᠢᠲᠡᠯᠡᠬᠦ ᠶᠢᠨ ᠬᠠᠮᠲᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ᠂ ᠢᠯᠡ ᠪᠠᠷ ᠰᠠᠨᠠᠯ ᠬᠤᠷᠢᠶᠠᠬᠤ ᠳᠠᠭᠠᠨ ᠬᠤᠷᠢᠨ ᠡᠳᠦᠷ ᠠᠴᠠ ᠳᠤᠲᠠᠭᠤ ᠪᠠᠶᠢᠵᠤ ᠪᠣᠯᠬᠤ ᠥᠭᠡᠢ᠃    ᠠᠷᠪᠠ ᠶᠢᠰᠦᠳᠦᠭᠡᠷ ᠵᠦᠢᠯ  ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠬᠢᠨᠠᠨ ᠲᠣᠭᠲᠠᠭᠠᠭᠰᠠᠨ ᠦᠷ᠎ᠡ ᠳ᠋ᠦᠩ ᠪᠠ ᠰᠠᠨᠠᠯ ᠬᠤᠷᠢᠶᠠᠭᠰᠠᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠨ ᠵᠢᠭᠰᠠᠭᠠᠵᠤ᠂ ᠵᠢᠱᠢᠭᠳᠡᠭᠰᠡᠳ ᠤᠨ ᠨᠡᠷᠡᠰ ᠢ ᠬᠢᠨᠠᠨ ᠲᠣᠭᠲᠠᠭᠠᠬᠤ ᠺᠣᠮᠢᠰ ᠲᠤ ᠳᠡᠪᠰᠢᠭᠦᠯᠵᠦ ᠬᠢᠨᠠᠨ ᠵᠦᠪᠯᠡᠭᠦᠯᠦᠨ᠎ᠡ᠃   ᠬᠤᠷᠢᠳᠤᠭᠠᠷ ᠵᠦᠢᠯ  ᠬᠢᠨᠠᠨ ᠲᠣᠭᠲᠠᠭᠠᠬᠤ ᠺᠣᠮᠢᠰ ᠪᠦᠬᠦ ᠪᠦᠷᠢᠯᠳᠦᠬᠦᠨ ᠤ ᠬᠤᠷᠠᠯ ᠬᠤᠷᠠᠯᠳᠤᠭᠤᠯᠵᠤ᠂ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠤᠨ ᠮᠡᠳᠡᠭᠦᠯᠦᠯᠲᠡ ᠬᠢᠭᠡᠳ ᠲᠠᠨᠢᠯᠴᠠᠭᠤᠯᠬᠤ ᠨᠡᠷᠡᠰ ᠢ ᠰᠤᠳᠤᠯᠵᠤ᠂ ᠱᠠᠩᠨᠠᠯ ᠣᠯᠭᠤᠬᠤ ᠪᠠᠷ ᠲᠦᠯᠦᠪᠯᠡᠵᠣ ᠪᠠᠶᠢᠭ᠎ᠠ ᠨᠡᠷᠡᠰ ᠢ ᠲᠤᠭᠳᠠᠭᠠᠨ᠎ᠠ᠃    ᠬᠤᠷᠢᠨ ᠨᠢᠭᠡᠳᠦᠭᠡᠷ ᠵᠦᠢᠯ   ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠲᠤᠰ ᠣᠨ ᠎ ᠤ ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠭᠤᠬᠤ ᠪᠠᠷ ᠲᠥᠯᠥᠪᠯᠡᠵᠦ ᠪᠠᠶᠢᠭ᠎ᠠ ᠨᠡᠷᠡᠰ ᠢ ᠨᠡᠶᠢᠭᠡᠮ ᠨᠡᠶᠢᠳᠡ ᠳᠤ ᠢᠯᠠ ᠢᠶᠠᠷ ᠨᠡᠶᠢᠳᠡᠯᠡᠵᠣ ᠂ ᠬᠤᠭᠤᠴᠠᠭ᠎ᠠ ᠨᠢ ᠲᠤᠯᠤᠭᠠᠨ ᠠᠵᠢᠯᠯᠠᠬᠤ ᠡᠳᠦᠷ ᠪᠣᠯᠤᠨ᠎ᠠ᠃ ᠢᠯᠠ ᠢᠶᠠᠷ ᠨᠡᠶᠢᠲᠡᠯᠡᠭᠰᠡᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠣᠨᠳᠣᠤ ᠰᠠᠨᠠᠯ ᠲᠠᠢ ᠪᠠᠶᠢᠪᠠᠯ᠂ ᠬᠢᠨᠠᠨ ᠲᠣᠭᠲᠠᠭᠠᠬᠤ ᠺᠣᠮᠢᠰ ᠨᠢ ᠪᠠᠶᠢᠴᠠᠭᠠᠨ ᠬᠠᠷᠭᠤᠭᠤᠯᠵᠤ᠂ ᠪᠠᠶᠢᠴᠠᠭᠠᠭᠠᠳ ᠦᠨᠡᠨ ᠪᠣᠳᠠᠲᠠᠶ ᠪᠠᠶᠢᠪᠠᠯ᠂ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠬᠢᠨᠠᠨ ᠲᠣᠭᠲᠠᠭᠠᠬᠤ ᠺᠣᠮᠢᠰ ᠲᠤ ᠳᠡᠪᠰᠢᠭᠦᠯᠵᠦ ᠱᠠᠩᠨᠠᠯ ᠣᠯᠭᠤᠬᠤ ᠬᠢᠷᠢ ᠬᠡᠮ ᠢ ᠨᠢ ᠬᠠᠰᠤᠨ᠎ᠠ᠃ ᠢᠯᠠ ᠢᠶᠠᠷ ᠨᠡᠶᠢᠲᠡᠯᠡᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠣᠨᠳᠣᠣ ᠰᠠᠨᠠᠯ ᠦᠭᠡᠢ ᠪᠣᠯ ᠬᠤᠲᠠ ᠎ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠠᠷᠠᠳ ᠎ ᠤᠨ ᠵᠠᠰᠠᠭ ᠤᠨ ᠣᠷᠳᠣᠨ ᠠᠴᠠ  ᠱᠠᠩᠨᠠᠨ᠎ᠠ᠃                  ᠵᠢᠷᠭᠤᠳᠤᠭᠠᠷ ᠪᠦᠯᠦᠭ    ᠱᠠᠩᠨᠠᠬᠤ ᠪᠠ ᠬᠢᠨᠠᠯᠲᠠ ᠲᠠᠯᠪᠢᠬᠤ    ᠬᠤᠷᠢᠨ ᠬᠤᠶᠠᠳᠤᠭᠠᠷ ᠵᠦᠢᠯ   ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠳᠠ ᠶᠢᠨ ᠳᠠᠷᠤᠭ᠎ᠠ ᠎ ᠶᠢᠨ ᠶᠠᠰᠤ ᠴᠢᠨᠠᠷ ᠤᠨ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠮᠧᠳᠠᠯ ᠣᠯᠭᠤᠵᠤ᠂ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠳᠤ ᠠᠷᠠᠳ ᠤᠨ ᠵᠣᠭᠤᠰ ᠢᠶᠠᠷ ᠲᠠᠪᠢᠨ ᠲᠦᠮᠡᠨ ᠲᠥᠭᠦᠷᠢᠭ ᠱᠠᠩᠨᠠᠨ᠎ᠠ᠃ ᠱᠠᠩᠨᠠᠬᠤ ᠪᠠ ᠬᠢᠨᠠᠨ ᠲᠣᠭᠲᠠᠭᠠᠬᠤ ᠵᠠᠷᠤᠳᠠᠯ ᠢ ᠬᠤᠲᠠ ᠎ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠤᠨ᠎ᠠ᠃    ᠬᠤᠷᠢᠨ ᠭᠤᠷᠪᠠᠳᠤᠭᠠᠷ ᠵᠣᠶᠢᠯ  ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠨᠢ ᠱᠠᠩᠨᠠᠯ ᠤᠨ ᠮᠥᠩᠭᠦ ᠪᠠᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ᠂ ᠶᠠᠰᠤ ᠴᠢᠨᠠᠷ ᠤᠨ ᠪᠣᠭᠤᠮᠲᠠ ᠰᠢᠪᠲᠤᠯᠬᠤ ᠪᠠ ᠠᠵᠢᠯᠲᠠᠨ ᠤ ᠪᠣᠯᠪᠠᠰᠤᠷᠠᠭᠤᠯᠤᠯ ᠤᠨ ᠰᠢᠨ᠎ᠡ ᠶᠢ ᠡᠭᠦᠳᠬᠦ᠂ ᠶᠠᠰᠤ ᠴᠢᠨᠠᠷ ᠤᠨ ᠠᠵᠢᠯ ᠤᠨ ᠰᠢᠯᠢᠳᠡᠭ ᠠᠵᠢᠯᠲᠠᠨ ᠢ ᠱᠠᠩᠨᠠᠬᠤ᠂ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠳᠤ ᠤᠷᠤᠭᠤᠯᠬᠤ᠂ ᠲᠡᠷᠢᠭᠦᠨ ᠤ ᠲᠤᠷᠰᠢᠯᠭ᠎ᠠ ᠪᠠ ᠦᠷ᠎ᠡ ᠪᠦᠲᠦᠭᠡᠯ ᠢ ᠤᠬᠠᠭᠤᠯᠬᠤ ᠵᠡᠷᠭᠡ ᠳᠤ ᠬᠡᠷᠡᠭᠯᠡᠵᠣ᠂ ᠪᠤᠰᠤᠳ ᠵᠣᠶᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠃ ᠬᠢᠨᠠᠨ ᠲᠣᠭᠲᠠᠭᠠᠬᠤ ᠵᠠᠷᠤᠳᠠᠯ ᠢ ᠭᠤᠣᠯᠳᠠᠭᠤ ᠬᠤᠷᠠᠯ ᠤᠨ ᠵᠠᠷᠤᠳᠠᠯ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤᠷᠢᠬᠤ ᠵᠠᠷᠤᠳᠠᠯ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠵᠡᠷᠭᠡ ᠬᠠᠮᠢᠶ᠎ᠠ ᠪᠥᠬᠦᠢ ᠵᠠᠷᠤᠯᠭ᠎ᠠ ᠳᠤ ᠬᠡᠷᠡᠭᠯᠡᠨ᠎ᠡ᠃    ᠬᠤᠷᠢᠨ ᠳᠥᠷᠪᠡᠳᠦᠭᠡᠷ ᠵᠦᠢᠯ   ᠬᠢᠨᠠᠨ ᠲᠣᠭᠲᠠᠭᠠᠬᠤ ᠠᠵᠢᠯᠳᠠᠨ ᠨᠢ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠲᠤᠰ ᠬᠥᠮᠦᠨ ᠨᠢ ᠰᠠᠨᠠᠭᠠᠴᠢᠯᠠᠭ᠎ᠠ ᠠᠴᠠ ᠪᠠᠨ ᠵᠠᠶᠢᠯᠠᠨ᠎ᠠ᠃    ᠬᠤᠷᠢᠨ ᠲᠠᠪᠤᠳᠤᠭᠠᠷ ᠵᠣᠶᠢᠯ   ᠬᠢᠨᠠᠨ ᠲᠣᠭᠲᠠᠭᠠᠬᠤ ᠠᠵᠢᠯᠲᠠᠨ ᠪᠠ ᠬᠢᠨᠠᠨ ᠲᠤᠭᠳᠠᠭᠠᠭᠳᠠᠭᠰᠠᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠬᠤᠤᠰ ᠴᠢᠭᠯᠡᠯ ᠢᠶᠠᠷ ᠬᠢᠨᠠᠯᠲᠠ ᠲᠠᠯᠪᠢᠵᠤ ᠬᠠᠷᠢᠭᠤ ᠲᠤᠰᠬᠠᠵᠤ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠬᠢᠨᠠᠨ ᠲᠤᠭᠳᠠᠭᠠᠭᠳᠠᠭᠰᠠᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠨᠢ ᠬᠢᠨᠠᠨ ᠲᠤᠭᠳᠠᠭᠠᠬᠤ ᠠᠵᠢᠯᠳᠠᠨ ᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠲᠡ ᠬᠢᠵᠦ᠂ ᠬᠢᠨᠠᠨ ᠲᠤᠭᠳᠠᠭᠠᠬᠤ ᠠᠵᠢᠯᠳᠠᠨ ᠨᠢ ᠬᠢᠨᠠᠨ ᠲᠤᠭᠳᠠᠭᠠᠭᠳᠠᠭᠰᠠᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠰᠠᠬᠢᠯᠭ᠎ᠠ ᠪᠠᠲᠤ ᠶᠢ ᠰᠠᠬᠢᠭᠰᠠᠨ ᠪᠠᠶᠢᠳᠠᠯ ᠳᠤ ᠦᠨᠡᠯᠡᠯᠲᠡ ᠬᠢᠨ᠎ᠠ᠃ ᠬᠢᠨᠠᠨ ᠲᠣᠭᠲᠠᠭᠠᠬᠤ ᠠᠵᠢᠯᠲᠠᠨ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠢᠳᠡᠬᠦ ᠠᠪᠬᠤ ᠭᠠᠴᠢᠬᠤ ᠠᠪᠬᠤ ᠵᠡᠷᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠪᠠᠶᠢᠳᠠᠯ ᠲᠠᠢ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃   ᠬᠤᠷᠢᠨ ᠵᠢᠷᠭᠤᠳᠤᠭᠠᠷ ᠵᠣᠶᠢᠯ    ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠠᠪᠤᠴᠠ ᠶᠢ ᠢᠯᠡ ᠲᠣᠳᠣ ᠪᠠᠶᠢᠯᠭᠠᠵᠤ᠂ ᠵᠠᠭᠤᠴᠢᠯᠠᠭᠤᠷ᠂ ᠬᠠᠮᠢᠶ᠎ᠠ ᠪᠥᠬᠦᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠢᠴᠢ ᠣᠯᠠᠨ ᠲᠦᠮᠡᠨ ᠤ ᠬᠢᠨᠠᠯᠲᠠ ᠲᠠᠯᠪᠢᠯᠳᠠ ᠶᠢ ᠬᠦᠯᠢᠶᠡᠨ᠎ᠡ᠃   ᠬᠤᠷᠢᠨ ᠳᠣᠯᠣᠳᠤᠭᠠᠷ ᠵᠦᠢᠯ   ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠬᠤᠳᠠᠯ ᠬᠡᠯᠡᠵᠦ  ᠬᠠᠭᠤᠷᠮᠠᠭ ᠢᠶᠠᠷ ᠵᠤᠬᠢᠶᠠᠬᠤ᠂ ᠲᠥᠪ ᠭᠤᠤᠯᠴᠢ ᠪᠤᠰᠤ ᠠᠷᠭ᠎ᠠ ᠪᠠᠷᠢᠯ ᠢᠶᠠᠷ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠣᠯᠤᠭᠰᠠᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠢ ᠬᠢᠨᠠᠨ ᠲᠣᠭᠲᠠᠭᠠᠬᠤ ᠺᠣᠮᠢᠰ ᠤᠨ ᠨᠠᠷᠢᠨ ᠪᠢᠴᠢᠭ ᠤᠨ ᠭᠠᠵᠠᠷ ᠠᠴᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠴᠣᠯᠠ ᠶᠢ ᠨᠢ  ᠬᠠᠰᠤᠵᠤ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠡᠠ ᠠᠪᠴᠤ᠂ ᠱᠠᠩᠨᠠᠯ ᠤᠨ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠎ ᠶᠢᠨ ᠬᠠᠮᠲᠤ ᠨᠡᠶᠢᠭᠡᠮ ᠳᠤ ᠢᠯᠠ ᠪᠠᠷ ᠨᠡᠶᠢᠲᠡᠯᠡᠵᠦ ᠪᠣᠯᠤᠨ᠎ᠠ᠃ ᠬᠤᠷᠢᠨ ᠨᠠᠢᠮᠠᠳᠤᠭᠠᠷ ᠵᠦᠢᠯ   ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠱᠠᠩᠨᠠᠯ ᠣᠯᠤᠭᠰᠠᠨ ᠤ ᠳᠠᠷᠠᠭᠠᠬᠢ ᠭᠤᠷᠪᠠᠨ ᠵᠢᠯ ᠤᠨ ᠳᠣᠲᠣᠷ᠎ᠠ ᠨᠡᠯᠢᠶᠡᠳ ᠶᠡᠭᠡ ᠶᠠᠰᠤ ᠴᠢᠨᠠᠷ ᠤᠨ ᠪᠤᠶᠤ ᠠᠶᠤᠯ ᠥᠭᠡᠢ ᠎ ᠶᠢᠨ ᠡ᠊ᠨᠳᠡᠯ ᠭᠠᠷᠤᠭᠰᠠᠨ᠂ ᠡᠰᠡᠬᠦᠯ᠎ᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡᠳᠪᠦᠷᠢᠯᠡᠯ ᠡᠵᠡᠩᠨᠡᠯᠲᠡ ᠶᠢᠨ ᠥᠢᠯᠡ ᠠᠵᠢᠯᠯᠠᠭ᠎ᠠ ᠲᠠᠢ ᠪᠠᠶᠢᠪᠠᠯ᠂ ᠬᠢᠨᠠᠨ ᠲᠣᠭᠲᠠᠭᠠᠬᠤ ᠺᠣᠮᠢᠰ  ᠎ ᠤᠨ ᠨᠠᠷᠢᠨ ᠪᠢᠴᠢᠭ ᠤᠨ ᠭᠠᠵᠠᠷ ᠠᠴᠠ ᠪᠠᠶᠢᠴᠠᠭᠠᠨ ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠲᠣᠭᠲᠠᠭᠠᠬᠤ ᠺᠣᠮᠢᠰ ᠲᠤ ᠳᠡᠪᠰᠢᠭᠦᠯᠵᠦ ᠰᠤᠳᠤᠯᠤᠭᠤᠯᠤᠨ ᠲᠣᠭᠲᠠᠭᠠᠯᠭᠠᠭᠰᠠᠨ ᠤ ᠲᠠᠷᠠᠭ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠱᠠᠩᠨᠠᠯ ᠢ ᠬᠠᠰᠤᠬᠤ ᠶᠢᠨ ᠬᠠᠮᠲᠤ ᠨᠡᠶᠢᠭᠡᠮ ᠳᠤ ᠢᠯᠠ ᠪᠠᠷ ᠨᠡᠶᠢᠲᠡᠯᠡᠨ᠎ᠡ᠃    ᠬᠤᠷᠢ ᠶᠢᠰᠦᠳᠦᠭᠡᠷ ᠵᠦᠢᠯ    ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠬᠤᠯᠪᠣᠭᠳᠠᠬᠤ ᠬᠤᠳᠠᠯᠳᠤᠭᠠᠨ ᠤ ᠨᠢᠭᠤᠴᠠ ᠪᠤᠶᠤ ᠮᠡᠷᠭᠡᠵᠢᠯ ᠤᠨ ᠨᠢᠭᠤᠴᠠ ᠶᠢ ᠰᠠᠨᠠᠭᠠᠴᠢᠯᠠᠭ᠎ᠠ ᠠᠴᠠ ᠪᠠᠨ ᠲᠤᠳᠤᠷᠬᠠᠶᠢᠯᠠᠨ᠎ᠠ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ ᠣᠷᠣᠯᠴᠠᠬᠤ ᠠᠵᠢᠯᠲᠠᠨ᠂ ᠭᠤᠶᠤᠴᠢᠯᠠᠭᠴᠢ ᠶᠢᠨ ᠬᠤᠳᠠᠯᠳᠤᠭᠠᠨ ᠤ ᠨᠢᠭᠤᠴᠠ ᠎ ᠶᠢ ᠬᠠᠤᠯᠢ ᠶᠣᠰᠣᠭᠠᠷ ᠬᠠᠮᠠᠭᠠᠯᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠥᠪ ᠭᠤᠤᠯᠴᠢ ᠠᠷᠢᠭᠤᠨ ᠴᠢᠬᠡᠴᠢ ᠪᠠᠶᠢᠵᠣ᠂ ᠬᠢᠨᠠᠨ ᠲᠤᠭᠳᠠᠭᠠᠯᠳᠠ ᠶᠢᠨ ᠲᠥᠪ ᠭᠤᠤᠯᠴᠢ ᠴᠢᠨᠠᠷ ᠢ ᠨᠥᠯᠥᠭᠡᠯᠡᠬᠦ ᠠᠵᠢᠯᠯᠠᠭ᠎ᠠ ᠶᠢ ᠬᠢᠬᠦ ᠪᠤᠶᠤ ᠣᠷᠣᠯᠴᠠᠵᠤ᠂ ᠵᠦᠶ ᠪᠤᠰᠤ ᠠᠰᠢᠭ ᠲᠤᠰᠠ ᠣᠯᠵᠤ ᠪᠣᠯᠬᠤ ᠥᠬᠡᠶ᠃   ᠭᠤᠴᠢᠳᠤᠭᠠᠷ ᠵᠦᠢᠯ    ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠧᠳᠠᠯ᠂ ᠦᠨᠡᠮᠯᠡᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠬᠠᠭᠤᠷᠮᠠᠭ ᠢᠶᠠᠷ ᠵᠣᠬᠢᠶᠠᠵᠤ᠂ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠃ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠭᠡᠷᠡᠴᠢ ᠪᠢᠴᠢᠭ᠂ ᠱᠠᠩᠨᠠᠯ ᠤᠨ ᠮᠧᠳᠠᠯ ᠢ ᠬᠤᠳᠠᠯᠳᠤᠬᠤ᠂ ᠲᠦᠷᠢᠶᠡᠰᠦᠯᠡᠭᠦᠯᠬᠦ ᠪᠤᠶᠤ ᠲᠡᠭᠦᠨ ᠢ ᠠᠰᠢᠭ ᠬᠤᠨᠵᠢᠪᠣᠷᠢ ᠤᠯᠬᠤ ᠴᠢᠨᠠᠷᠲᠠᠶ ᠪᠤᠰᠤᠳ ᠠᠵᠢᠯᠯᠠᠭ᠎ᠠ ᠳᠤ ᠬᠡᠷᠡᠭᠯᠡᠵᠦ ᠪᠣᠯᠬᠤ ᠤᠢᠭᠡᠢ᠃              ᠳᠣᠯᠣᠳᠤᠭᠠᠷ ᠪᠦᠯᠦᠭ    ᠲᠡᠯᠬᠡᠷᠡᠭᠦᠯᠬᠦ ᠪᠠ ᠬᠡᠷᠡᠭᠯᠡᠬᠦ    ᠭᠤᠴᠢᠨ ᠨᠢᠭᠡᠳᠦᠭᠡᠷ ᠵᠦᠢᠯ   ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠠᠴᠠ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠨᠡᠶᠢᠲᠡᠯᠢᠭ ᠲᠤᠷᠰᠢᠯᠭ᠎ᠠ᠂ ᠠᠵᠢᠯ ᠤᠨ ᠦᠷ᠎ᠡ ᠪᠦᠲᠦᠭᠡᠯ ᠢ ᠳ᠋ᠦᠩᠨᠡᠬᠦ᠂ ᠤᠬᠠᠭᠤᠯᠬᠤ ᠪᠠ ᠳᠡᠯᠭᠡᠷᠡᠭᠦᠯᠬᠦ ᠶᠢ ᠬᠠᠷᠢᠭᠤᠴᠠᠨ᠎ᠠ᠃ ᠬᠤᠲᠠ ᠶᠢᠨ ᠡᠯ᠎ᠡ ᠭᠤᠤᠯ ᠪᠣᠯᠬᠤ ᠵᠠᠭᠤᠴᠢᠯᠠᠭᠤᠷ ᠤᠳ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠰᠠᠨᠠᠭᠠᠴᠢᠯᠠᠭ᠎ᠠ ᠠᠴᠠ ᠪᠠᠨ ᠤᠬᠠᠭᠤᠯᠵᠤ᠂ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠪᠤᠢ ᠪᠤᠯᠭᠠᠨ᠎ᠠ᠃   ᠭᠤᠴᠢᠨ ᠬᠤᠶᠠᠳᠤᠭᠠᠷ ᠵᠣᠶᠢᠯ   ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠲᠡᠷᠢᠭᠦᠨ ᠤ ᠶᠠᠰᠤ ᠴᠢᠨᠠᠷ ᠤᠨ ᠣᠨᠣᠯ᠂ ᠠᠷᠭ᠎ᠠ ᠶᠢ ᠦᠷᠭᠦᠯᠵᠢᠯᠡᠨ ᠰᠤᠷᠤᠯᠴᠠᠨ ᠬᠡᠷᠡᠭᠯᠡᠬᠦ ᠶᠢᠨ ᠬᠠᠮᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠭᠠᠷᠮᠠᠭᠠᠶ ᠠᠮᠵᠢᠯᠲᠠ ᠪᠦᠲᠦᠮᠵᠢ ᠶᠢ ᠬᠥᠭᠡᠭᠡᠴᠡᠯᠳᠦᠨ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠭᠦᠢᠴᠡᠳᠬᠡᠵᠣ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠎ ᠶᠢ ᠤᠬᠠᠭᠤᠯᠤᠨ ᠳᠡᠯᠭᠡᠷᠡᠭᠦᠯᠵᠦ᠂ ᠵᠢᠱᠢᠶᠡᠴᠢ ᠶᠢᠨ ᠳᠠᠶᠢᠴᠢᠯᠠᠬᠤ ᠣᠶᠢᠯᠡᠳᠤᠯ ᠢ ᠰᠠᠶᠢᠲᠤᠷ ᠪᠠᠳᠠᠷᠠᠭᠤᠯᠤᠨ᠎ᠠ᠃           ᠨᠠᠢᠮᠠᠳᠤᠭᠠᠷ ᠪᠦᠯᠦᠭ    ᠲᠠᠭᠠᠯᠳᠤᠭᠤᠯᠤᠭᠰᠠᠨ ᠲᠦᠷᠢᠮ    ᠭᠤᠴᠢᠨ ᠭᠤᠷᠪᠠᠳᠤᠭᠠᠷ ᠵᠣᠶᠢᠯ   ᠲᠣᠰ ᠠᠷᠭ᠎ᠠ ᠶᠢ 2021 ᠣᠨ ᠤ 10 ᠳ᠋ᠤᠭᠠᠷ ᠰᠠᠷ᠎ᠠ ᠶᠢᠨ 15᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃ ︽ ︿ᠣᠷᠳᠣᠰ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯᠯᠠᠭ᠎ᠠ ᠶᠢᠨ ᠬᠡᠷᠡᠭᠵᠢᠭᠦᠯᠬᠦ ᠰᠠᠨᠠᠯ﹀᠎ ᠢ ᠨᠡᠶᠢᠲᠡᠯᠡᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2011﹈ 103 ᠳ᠋ᠤᠭᠠᠷ ᠲᠣᠭᠠᠲᠤ︶᠎ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号