ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠥᠰᠦᠯ︾ | ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ | ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 8 ᠰᠠᠷ᠎ᠠ ᠶᠢᠨ 9 ᠤ ᠡᠳᠦᠷ | | | | | ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠥᠰᠦᠯ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ 2021 ᠣᠨ ᠤ 7 ᠳ᠋ᠤᠭᠠᠷ ᠰᠠᠷ᠎ᠠ | ᠶᠢᠨ 9 ᠤ ᠡᠳᠦᠷ ᠤᠨ ᠪᠥᠬᠦ ᠤᠯᠤᠰ ᠤᠨ ᠡᠨᠧᠷᠭᠢ ᠶᠢᠨ ᠣᠷᠭᠢᠯ ᠢ ᠤᠭᠲᠤᠨ ᠵᠤᠨ ᠢ ᠥᠩᠭᠡᠷᠡᠭᠦᠯᠬᠦ ᠲᠧᠯᠸᠢᠰ | ᠳ᠋ᠢᠶᠠᠩᠬᠤᠸᠠ ᠬᠤᠷᠠᠯ᠂ 7 ᠳ᠋ᠤᠭᠠᠷ ᠰᠠᠷ᠎ᠠ ᠶᠢᠨ 12 ᠤᠨ ᠡᠳᠦᠷ ᠤᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ | ᠨᠡᠮᠡᠭᠳᠡᠭᠦᠯᠬᠦ ᠬᠤᠷᠠᠯ ᠪᠠ ᠥᠪᠡᠷᠲᠡᠭᠡᠨ ᠵᠠᠰᠠᠬᠤ ᠣᠷᠣᠨ ᠤ 7 ᠳ᠋ᠤᠭᠠᠷ ᠰᠠᠷ᠎ᠠ ᠶᠢᠨ 30 ᠤ ᠡᠳᠦᠷ ᠤᠨ | ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠭᠠᠵᠠᠷ ︵ᠣᠶ ᠰᠢᠭᠤᠶ᠂ ᠡᠪᠡᠰᠤ ᠪᠡᠯᠴᠢᠬᠡᠷ︶ ᠬᠡᠷᠡᠭᠯᠡᠬᠦ | ᠭᠠᠷᠳᠠᠮ ᠢ ᠭᠦᠢᠴᠡᠳᠬᠡᠬᠦ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠦᠷᠢᠵᠢᠭᠤᠯᠵᠤ᠂ ᠨᠡᠭᠦᠷᠡᠰᠦᠨ ᠤ ᠣᠶᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠭᠦᠯᠬᠦ ᠶᠢ | ᠴᠢᠨᠠᠭᠰᠢᠳᠠ ᠠᠬᠢᠭᠤᠯᠵᠤ᠂ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠡᠯ᠎ᠡ ᠵᠣᠶᠢᠯ ᠤᠨ ᠴᠢᠬᠤᠯᠠ ᠪᠥᠬᠦᠶ ᠠᠷᠭ᠎ᠠ | ᠬᠡᠮᠵᠢᠶ᠎ᠡ ᠶᠢ ᠠᠪᠴᠤ ᠪᠠᠶᠢᠭᠠᠳ ᠠᠭᠤᠷᠬᠠᠶ ᠶᠢᠨ ᠡᠷᠬᠡ᠂ ᠣᠶᠢᠲᠤ ᠭᠠᠵᠠᠷ᠂ ᠭᠠᠵᠠᠷ ᠬᠡᠷᠡᠭᠯᠡᠬᠦ᠂ ᠣᠷᠴᠢᠨ | ᠲᠣᠭᠤᠷᠢᠨ ᠤ ᠨᠥᠯᠥᠭᠡ ᠶᠢ ᠦᠨᠡᠯᠡᠬᠦ᠂ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠵᠡᠷᠭᠡ | ᠭᠠᠷᠳᠠᠮ ᠢ ᠭᠦᠢᠴᠡᠳᠬᠡᠬᠦ ᠶᠢ ᠲᠦᠷᠬᠡᠨ ᠢᠶᠠᠷ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ᠠᠶᠤᠯ ᠥᠬᠡᠶ | ᠣᠶᠢᠯᠡᠳᠪᠦᠷᠢᠯᠠᠯ ᠢ ᠪᠠᠲᠤᠯᠠᠭᠰᠠᠨ ᠤᠷᠢᠲᠠᠯ ᠳᠣᠤᠷ᠎ᠠ᠂ ᠨᠡᠭᠦᠷᠡᠰᠦᠨ ᠤ ᠣᠶᠢᠯᠡᠳᠪᠦᠷᠢᠯᠡᠬᠦ ᠴᠢᠳᠠᠪᠤᠷᠢ ᠶᠢ | ᠲᠡᠭᠡᠭᠰᠢᠯᠡᠭᠦᠯᠬᠦ ᠶᠢ ᠬᠠᠤᠯᠢ ᠶᠣᠰᠣᠭᠠᠷ ᠲᠦᠷᠬᠡᠨ ᠢᠶᠠᠷ ᠠᠬᠢᠭᠤᠯᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︵ᠨᠢᠭᠡ︶ ᠪᠥᠬᠦ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ ᠪᠥᠬᠦ | ᠲᠠᠯ᠎ᠠ ᠪᠠᠷ ᠠᠬᠢᠭᠤᠯᠬᠤ ᠶᠢᠨ ᠲᠤᠰᠠᠳᠠ᠂ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ | ᠠᠵᠢᠯ ᠢ ᠠᠬᠢᠭᠤᠯᠬᠤ ᠳᠤᠭᠤᠶᠢᠯᠠᠩ ︵ᠳᠣᠷᠣᠭᠰᠢ ᠠᠵᠢᠯ ᠢ ᠠᠬᠢᠭᠤᠯᠬᠤ ᠳᠤᠭᠤᠶᠢᠯᠠᠩ ᠭᠡᠵᠦ ᠨᠡᠷᠡᠶᠢᠳᠦᠨ᠎ᠡ︶ ᠢ | ᠪᠠᠶᠢᠭᠤᠯᠪᠠ᠂ ᠪᠦᠷᠢᠯᠳᠦᠬᠦᠨ ᠨᠢ ᠳᠣᠤᠷᠠᠬᠢ ᠮᠡᠲᠦ᠃ | ᠳᠤᠭᠤᠶᠢᠯᠠᠩ ᠤᠨ ᠳᠠᠷᠤᠭ᠎ᠠ᠄ ᠶᠢᠨ ᠡᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠺᠦᠩ ᠹᠠᠨ ᠹᠸᠢ ᠬᠤᠲᠠ ᠶᠢᠨ ᠳᠡᠳ᠋ ᠳᠠᠷᠤᠭ᠎ᠠ ᠶᠢᠨ ᠵᠢᠱᠢᠭᠳᠡᠭᠴᠢ | ᠪᠦᠷᠢᠯᠳᠦᠬᠦᠨ᠄ ᠯᠢ ᠪᠢᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠨᠠᠷᠢᠨ ᠪᠢᠴᠢᠭ ᠤᠨ ᠲᠡᠳ᠋ ᠲᠠᠷᠤᠭ᠎ᠠ | ᠦ᠋ ᠵᠢᠶᠠᠨ ᠰᠢᠶᠦ᠋ᠨ ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ | ᠮᠠ ᠡᠯ ᠰᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠠᠷᠤᠭ᠎ᠠ | ᠭᠤᠤ ᠯᠢᠩ ᠶᠦᠨ ᠬᠤᠳᠠ ᠶᠢᠨ ᠡᠨᠧᠷᠭᠢ ᠶᠢᠨ ᠲᠣᠪᠴᠢᠶᠠᠨ ᠤ ᠳᠡᠳ᠋ | ᠳᠠᠷᠤᠭ᠎ᠠ | ᠡᠾᠦ᠋ᠸᠧ ᠯᠢ ᠫᠢᠩ ᠬᠤᠲᠠ ᠶᠢᠨ ᠡᠨᠧᠷᠭᠢ ᠶᠢᠨ ᠲᠣᠪᠴᠢᠶᠠᠨ ᠤ ᠳᠡᠳ᠋ | ᠳᠠᠷᠤᠭ᠎ᠠ | ᠬᠤᠤ ᠶᠦᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠡᠳ᠋ ᠳᠠᠷᠤᠭ᠎ᠠ | ᠸᠠᠩ ᠠᠶ ᠯᠢᠶᠠᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠰᠠᠷᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠮᠠᠰᠢᠪᠢᠯᠢᠭ᠌ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠳᠡᠳ᠋ ᠳᠠᠷᠤᠭ᠎ᠠ | ᠠᠯᠲᠠᠨᠪᠦᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ | ᠣᠶᠣᠨ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ | ᠯᠢ ᠸᠧᠨ ᠴᠢᠩ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ | ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠣᠷᠳᠣᠰ ᠤᠨ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ | ᠠᠵᠢᠯ ᠢ ᠠᠬᠢᠭᠤᠯᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠲᠠ ᠶᠢᠨ | ᠡᠨᠧᠷᠭᠢ ᠶᠢᠨ ᠲᠣᠪᠴᠢᠶ᠎ᠠ ᠳᠤ ᠪᠠᠶᠢᠭᠤᠯᠵᠤ᠂ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ | ᠂ ᠣᠶᠢᠯᠡᠳᠪᠦᠷᠢᠯᠠᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠪᠠᠶᠢᠳᠠᠯ ᠢ ᠨᠢᠭᠡᠳᠦᠯᠲᠡᠶ | ᠲᠥᠯᠥᠪᠯᠡᠨ ᠳᠣᠭᠢᠷᠠᠭᠤᠯᠵᠤ᠂ ᠭᠠᠷᠠᠭ ᠪᠦᠷᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠠᠵᠢᠯ ᠤᠨ | ᠠᠬᠢᠴᠠ ᠪᠠᠨ ᠳᠡᠭᠡᠭᠰᠢ ᠮᠡᠳᠡᠭᠦᠯᠵᠦ᠂ ᠬᠠᠭᠠᠰ ᠰᠠᠷ᠎ᠠ ᠪᠦᠷᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ | ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠳᠤ ᠠᠵᠢᠯ ᠤᠨ ᠠᠬᠢᠴᠠ ᠪᠠᠨ | ᠮᠡᠳᠡᠭᠦᠯᠦᠨ ᠬᠦᠷᠬᠡᠨ᠎ᠡ᠃ | ᠬᠠᠷᠢᠯᠴᠠᠭᠴᠢ᠄ ᠶᠠᠨ ᠢ ᠯᠦᠨ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠵᠠᠬ᠎ᠠ | ᠳᠡᠯᠭᠡᠭᠦᠷ ᠤᠨ ᠠᠵᠢᠯᠯᠠᠭᠠᠨ ᠢ ᠬᠢᠨᠠᠨ ᠬᠠᠮᠢᠶᠠᠷᠬᠤ ᠰᠠᠯᠠᠭᠠᠨ ᠤ ᠳᠠᠷᠤᠭ᠎ᠠ | ᠬᠠᠷᠢᠯᠴᠠᠬᠤ ᠤᠲᠠᠰᠤ᠄ 18647745500 | ︵ᠬᠤᠶᠠᠷ︶ ᠠᠵᠢᠯ ᠢ ᠠᠬᠢᠭᠤᠯᠬᠤ ᠳᠤᠭᠤᠶᠢᠯᠠᠩ ᠤᠨ ᠳᠣᠤᠷ᠎ᠠ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ | ᠭᠠᠷᠳᠠᠮ ᠢ ᠭᠦᠢᠴᠡᠳᠬᠡᠵᠣ᠂ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ 2 ᠲᠤᠰᠬᠠᠶ ᠠᠵᠢᠯ ᠤᠨ | ᠠᠩᠭᠢ ᠪᠠᠶᠢᠭᠤᠯᠤᠨ᠎ᠠ᠃ | 1. ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ ᠠᠵᠢᠯ ᠤᠨ ᠲᠤᠰᠬᠠᠶ ᠠᠩᠭᠢ ︵ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠠᠶᠢᠭᠤᠯᠤᠨ᠎ᠠ︶ | ᠳᠤᠭᠤᠶᠢᠯᠠᠩ ᠤᠨ ᠳᠠᠷᠤᠭ᠎ᠠ᠄ ᠮᠠ ᠡᠯ ᠰᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠠᠷᠤᠭ᠎ᠠ | ᠪᠦᠷᠢᠯᠳᠦᠬᠦᠨ ᠄ ᠬᠤᠤ ᠶᠦᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠡᠳ᠋ ᠳᠠᠷᠤᠭ᠎ᠠ | ᠸᠠᠩ ᠠᠶ ᠯᠢᠶᠠᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠰᠠᠷᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠭᠤᠤ ᠯᠢᠩ ᠶᠦᠨ ᠬᠤᠳᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ | ᠠᠯᠲᠠᠨᠪᠦᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ | ᠣᠶᠣᠨ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ | ᠬᠠᠷᠢᠯᠴᠠᠭᠴᠢ᠄ ᠱᠢ ᠸᠧᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ | ᠤ ᠨᠡᠭᠡᠭᠡᠨ ᠠᠰᠢᠭᠯᠠᠬᠤ ᠰᠠᠯᠠᠭᠠᠨ ᠤ ᠳᠠᠷᠤᠭ᠎ᠠ | ᠦ᠋ ᠶᠦᠩ ᠯᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠰᠠᠯᠠᠭᠠᠨ ᠤ ᠳᠠᠷᠤᠭ᠎ᠠ | ᠵᠠᠩ ᠰᠢᠶᠦ᠋ᠩ ᠱᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ | ᠤ ᠠᠭᠤᠷᠬᠠᠶ ᠶᠢᠨ ᠡᠷᠬᠡ ᠶᠢᠨ ᠬᠠᠮᠢᠶᠠᠷᠤᠯᠲᠠ ᠶᠢᠨ ᠰᠠᠯᠠᠭᠠᠨ ᠤ ᠲᠠᠷᠤᠭ᠎ᠠ | ᠬᠠᠷᠢᠯᠴᠠᠬᠤ ᠤᠲᠠᠰᠤ᠄ 15947725967᠂ 18647702526᠂ 13947722557 | ᠭᠤᠤᠯ ᠡᠭᠦᠷᠭᠡ ᠬᠠᠷᠢᠭᠤᠴᠠᠯᠭ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ | ᠲᠦᠷᠦᠭᠦᠯᠡᠨ ᠬᠢᠵᠣ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ᠂ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠲᠣᠰ ᠱᠠᠲᠤ᠂ ᠬᠤᠰᠢᠭᠤ ᠲᠣᠭᠤᠷᠢᠭ ᠵᠡᠷᠭᠡ ᠳᠥᠷᠪᠡᠨ ᠲᠠᠰ ᠳᠠᠪᠬᠤᠷᠭ᠎ᠠ ᠪᠠᠷ ᠲᠦᠷᠦᠯ | ᠬᠤᠪᠢᠶᠠᠨ ᠰᠢᠢᠳᠪᠦᠷᠢᠯᠡᠬᠦ ᠶᠢ ᠠᠬᠢᠭᠤᠯᠵᠤ᠂ ᠵᠠᠳᠠᠭᠠᠶ ᠨᠡᠭᠦᠷᠡᠰᠦᠨ ᠠᠭᠤᠷᠬᠠᠶ ᠶᠢᠨ ᠭᠠᠵᠠᠷ ᠬᠡᠷᠡᠭᠯᠡᠬᠦ ᠭᠠᠷᠳᠠᠮ ᠢ | ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢᠭᠡ ᠨᠢᠭᠡ ᠪᠠᠷ ᠡᠮᠬᠢᠯᠡᠨ ᠳᠢᠭᠯᠡᠵᠦ᠂ | ᠱᠠᠲᠤ ᠬᠤᠪᠢᠶᠠᠨ ᠬᠠᠷᠢᠭᠤ ᠮᠡᠳᠡᠭᠦᠯᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠠᠬᠢᠭᠤᠯᠤᠨ᠎ᠠ︔ ᠤᠷᠤᠭᠤᠯᠬᠤ | ᠶᠣᠰᠣᠲᠠᠶ ᠶᠢ ᠨᠢ ᠴᠥᠮ ᠤᠷᠤᠭᠤᠯᠬᠤ ᠵᠠᠷᠴᠢᠮ ᠶᠣᠰᠣᠭᠠᠷ ᠨᠥᠬᠦᠴᠡᠯ ᠳᠤ ᠨᠡᠶᠢᠴᠡᠬᠦ ᠨᠡᠭᠦᠷᠡᠰᠦᠨ ᠠᠭᠤᠷᠬᠠᠶ ᠶᠢ | ᠪᠦᠬᠦᠨ ᠢ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ ᠴᠠᠭ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢᠨ ᠴᠤᠩᠬᠤᠪᠴᠢ ᠶᠢᠨ | ᠬᠤᠭᠤᠴᠠᠭ᠎ᠠ ᠶᠢ ᠠᠳᠬᠤᠨ᠂ ᠪᠥᠬᠦ ᠬᠤᠲᠠ ᠶᠢᠨ ᠬᠤᠯᠪᠣᠭᠳᠠᠯ ᠪᠥᠬᠦᠶ ᠠᠬᠢᠭᠤᠯᠬᠤ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠣᠶ ᠰᠢᠭᠤᠶ ᠡᠪᠡᠰᠦ ᠪᠡᠯᠴᠢᠭᠡᠷ ᠤᠨ ᠮᠠᠲ᠋ᠧᠷᠢᠶᠠᠯ ᠪᠦᠷᠢᠨ ᠪᠤᠰᠤ ᠪᠠᠶᠢᠭᠰᠠᠨ ᠴᠣ᠋ ᠬᠢᠨᠠᠨ | ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ | ᠴᠠᠭ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠲᠦᠷᠬᠡᠨ ᠢᠶᠠᠷ ᠠᠬᠢᠭᠤᠯᠵᠤ᠂ ᠣᠶᠢᠯᠡᠳᠪᠦᠷᠢᠯᠡᠬᠦ ᠴᠢᠳᠠᠪᠤᠷᠢ ᠶᠢ | ᠲᠦᠷᠭᠡᠨ ᠢᠶᠠᠷ ᠲᠡᠭᠡᠭᠰᠢᠯᠡᠭᠦᠯᠬᠦ ᠶᠢ ᠠᠬᠢᠭᠤᠯᠤᠨ᠎ᠠ︔ ᠠᠵᠢᠯ ᠢ ᠠᠬᠢᠭᠤᠯᠬᠤ ᠳᠤᠭᠤᠶᠢᠯᠠᠩ ᠤᠨ ᠲᠤᠰᠢᠶᠠᠭᠰᠠᠨ | ᠪᠤᠰᠤᠳ ᠬᠠᠮᠢᠶ᠎ᠠ ᠪᠥᠬᠦᠶ ᠠᠵᠢᠯ ᠢ ᠪᠡᠶᠡᠯᠡᠭᠦᠯᠦᠨ᠎ᠡ᠃ | 2. ᠣᠶᠢᠯᠡᠳᠪᠦᠷᠢᠯᠠᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ︵ᠬᠤᠲᠠ | ᠶᠢᠨ ᠡᠨᠧᠷᠭᠢ ᠶᠢᠨ ᠲᠣᠪᠴᠢᠶ᠎ᠠ ᠳᠤ ᠪᠠᠶᠢᠭᠤᠯᠤᠨ᠎ᠠ︶ | ᠳᠤᠭᠤᠶᠢᠯᠠᠩ ᠤᠨ ᠳᠠᠷᠤᠭ᠎ᠠ᠄ ᠦ᠋ ᠵᠢᠶᠠᠨ ᠰᠢᠶᠦ᠋ᠨ ᠬᠤᠲᠠ ᠶᠢᠨ ᠡᠨᠧᠷᠭᠢ ᠶᠢᠨ ᠲᠣᠪᠴᠢᠶᠠᠨ ᠤ | ᠳᠠᠷᠤᠭ᠎ᠠ | ᠪᠦᠷᠢᠯᠳᠦᠬᠦᠨ ᠄ ᠴᠧᠨ ᠶᠦᠩ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠭᠤᠤ ᠯᠢᠩ ᠶᠦᠨ ᠬᠤᠳᠠ ᠶᠢᠨ ᠡᠨᠧᠷᠭᠢ ᠶᠢᠨ ᠰᠤᠷᠪᠤᠯᠵᠢ ᠶᠢᠨ | ᠲᠣᠪᠴᠢᠶᠠᠨ ᠤ ᠳᠡᠳ᠋ ᠳᠠᠷᠤᠭ᠎ᠠ | ᠡᠾᠦ᠋ᠸᠧ ᠯᠢ ᠫᠢᠩ ᠬᠤᠲᠠ ᠶᠢᠨ ᠡᠨᠧᠷᠭᠢ ᠶᠢᠨ ᠲᠣᠪᠴᠢᠶᠠᠨ ᠤ ᠳᠡᠳ᠋ | ᠳᠠᠷᠤᠭ᠎ᠠ | ᠮᠠᠰᠢᠪᠢᠯᠢᠭ᠌ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲ᠊ | ᠤᠪᠴᠢᠶᠠᠨ ᠤ ᠳᠡᠳ᠋ ᠳᠠᠷᠤᠭ᠎ᠠ | ᠯᠢ ᠸᠧᠨ ᠴᠢᠩ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ | ᠠᠮᠤᠷ ᠲᠦᠪᠰᠢᠨ ᠢ ᠬᠢᠨᠠᠨ ᠪᠠᠶᠢᠴᠠᠭᠠᠬᠤ ᠲᠤᠪᠴᠢᠶᠠᠨ ᠤ ᠣᠷᠳᠣᠰ ᠤᠨ ᠬᠤᠪᠢᠶᠠᠷᠢ ᠲᠤᠪᠴᠢᠶᠠᠨ ᠤ ᠳᠡᠳ᠋ ᠳᠠᠷᠤᠭ᠎ᠠ | | ᠬᠠᠷᠢᠯᠴᠠᠭᠴᠢ᠄ ᠯᠢ ᡁᠢ ᠵᠢᠶᠦ᠋ᠨ ᠬᠤᠲᠠ ᠶᠢᠨ ᠡᠨᠧᠷᠭᠢ ᠶᠢᠨ ᠲᠤᠪᠴᠢᠶᠠᠨ ᠤ | ᠨᠡᠭᠦᠷᠡᠰᠦᠨ ᠤ ᠰᠠᠯᠠᠭᠠᠨ ᠤ ᠬᠠᠷᠢᠭᠤᠴᠠᠯᠭᠠᠲᠠᠨ | ᠬᠠᠷᠢᠯᠴᠠᠬᠤ ᠤᠲᠠᠰᠤ᠄ 18648000573 | ᠭᠤᠤᠯ ᠡᠭᠦᠷᠭᠡ ᠬᠠᠷᠢᠭᠤᠴᠠᠯᠭ᠎ᠠ᠄ ᠬᠤᠲᠠ ᠶᠢᠨ ᠡᠨᠧᠷᠭᠢ ᠶᠢᠨ ᠲᠣᠪᠴᠢᠶ᠎ᠠ ᠠᠴᠠ ᠲᠦᠷᠦᠭᠦᠯᠡᠨ ᠬᠢᠵᠣ᠂ | ᠬᠤᠯᠪᠤᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠲᠣᠰ ᠱᠠᠲᠤ᠂ ᠬᠤᠰᠢᠭᠤ ᠲᠣᠭᠤᠷᠢᠭ ᠵᠡᠷᠭᠡ ᠳᠥᠷᠪᠡᠨ ᠲᠠᠰ ᠳᠠᠪᠬᠤᠷᠭ᠎ᠠ ᠪᠠᠷ ᠲᠦᠷᠦᠯ ᠬᠤᠪᠢᠶᠠᠨ ᠰᠢᠢᠳᠪᠦᠷᠢᠯᠡᠬᠦ | ᠶᠢ ᠠᠬᠢᠭᠤᠯᠵᠤ᠂ ᠪᠥᠬᠦ ᠬᠤᠲᠠ ︵ᠴᠢ ᠫᠠᠨ ᠵᠢᠩ ᠠᠴᠠ ᠭᠠᠳᠠᠨ᠎ᠠ︶ ᠳᠤ ᠬᠤᠯᠪᠣᠭᠳᠠᠬᠤ ᠠᠭᠤᠷᠬᠠᠶ ᠶᠢᠨ | ᠬᠤᠳᠳᠤᠭ ᠤᠨ ᠣᠷᠴᠢᠨ ᠲᠣᠭᠤᠷᠢᠨ ᠤ ᠨᠦᠯᠦᠬᠡ ᠶᠢᠨ ᠦᠨᠡᠯᠡᠯᠲᠡ᠂ ᠣᠶᠢᠯᠡᠳᠪᠦᠷᠢᠯᠡᠬᠦ ᠴᠢᠳᠠᠪᠤᠷᠢ ᠶᠢ ᠰᠣᠯᠢᠬᠤ | ᠵᠡᠷᠭᠡ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡ | ᠨᠢᠭᠡ ᠪᠠᠷ ᠡᠮᠬᠢᠯᠡᠵᠣ᠂ ᠱᠠᠲᠤ ᠬᠤᠪᠢᠶᠠᠨ ᠬᠠᠷᠢᠭᠤ ᠮᠡᠳᠡᠭᠦᠯᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ | ᠠᠬᠢᠭᠤᠯᠤᠨ᠎ᠠ︔ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠨᠠᠷᠢᠨ ᠲᠠᠩᠰᠠ ᠶᠢ ᠨᠠᠷᠢᠨ | ᠬᠢᠨᠠᠮᠠᠭᠠᠶ ᠰᠢᠭᠰᠢᠨ ᠵᠢᠭᠰᠠᠭᠠᠵᠤ᠂ ᠤᠯᠤᠰ ᠤᠨ ᠬᠤᠯᠪᠣᠭᠳᠠᠯ ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠠᠴᠠ | ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠣᠷᠣᠨ ᠵᠠᠶ ᠪᠠ ᠬᠤᠪᠢ ᠶᠢᠨ ᠲᠤᠭ᠎ᠠ ᠶᠢ | ᠢᠳᠡᠪᠬᠢᠲᠡᠶ ᠪᠠᠷ ᠴᠢᠷᠮᠠᠶᠢᠨ ᠤᠯᠤᠨ᠎ᠠ︔ ᠠᠵᠢᠯ ᠢ ᠠᠬᠢᠭᠤᠯᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠬᠠᠮᠢᠶ᠎ᠠ | ᠪᠥᠬᠦᠶ ᠠᠵᠢᠯ ᠢ ᠪᠡᠶᠡᠯᠡᠭᠦᠯᠦᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠳᠤᠷᠢᠳᠤᠯᠭ᠎ᠠ ᠪᠠᠨ ᠦᠨᠡᠨ ᠬᠦ | ᠴᠢᠩᠭᠠᠳᠬᠠᠵᠤ᠂ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ | ᠣᠳᠣᠬᠠᠨ ᠤ ᠨᠢᠭᠡ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠪᠣᠳᠠᠲᠠᠶ ᠠᠳᠬᠤᠵᠤ᠂ ᠭᠤᠤᠯ | ᠬᠠᠷᠢᠭᠤᠴᠠᠯᠭᠠᠲᠠᠨ ᠨᠢ ᠤᠷᠢᠳᠠᠪᠠᠷ ᠵᠢᠯᠣᠭᠤᠳᠴᠤ᠂ ᠥᠪᠡᠷ ᠤᠨ ᠪᠡᠶ᠎ᠡ ᠪᠠᠷ ᠢᠶᠠᠨ ᠨᠠᠶᠢᠳᠠᠪᠦᠷᠢᠵᠢᠭᠤᠯᠤᠯᠳᠠ ᠶᠢ | ᠠᠬᠢᠭᠤᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ᠂ ᠠᠵᠢᠯᠲᠠᠨ᠂ ᠡᠭᠦᠷᠭᠡ᠂ ᠴᠠᠭ ᠬᠤᠭᠤᠴᠠᠭ᠎ᠠ᠂ ᠱᠠᠭᠠᠷᠳᠠᠯᠭ᠎ᠠ ᠶᠢ ᠲᠤᠭᠳᠠᠭᠠᠵᠣ᠂ | ᠬᠠᠷᠢᠭᠤᠴᠠᠯᠭ᠎ᠠ ᠶᠢ ᠦᠨᠡᠨ ᠬᠦ ᠪᠣᠳᠠᠲᠠᠶ ᠨᠠᠶᠢᠳᠠᠪᠦᠷᠢᠵᠢᠭᠤᠯᠤᠨ᠎ᠠ᠃ ᠡᠯ᠎ᠡ ᠬᠤᠰᠢᠭᠤ ᠲᠤᠭᠤᠷᠢᠭ ᠨᠤᠭᠤᠳ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠣ᠂ ᠨᠠᠷᠢᠨ ᠬᠢᠨᠠᠮᠠᠭᠠᠶ ᠡᠮᠬᠢᠯᠡᠵᠦ᠂ ᠠᠰᠠᠭᠤᠳᠠᠯ ᠤᠨ ᠨᠠᠷᠢᠨ ᠲᠠᠩᠰᠠ ᠶᠢ ᠨᠢᠭᠡ ᠨᠢᠭᠡ ᠪᠠᠷ | ᠵᠢᠭᠰᠠᠭᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠨᠢᠭᠲᠠ ᠬᠠᠮᠵᠢᠯᠴᠠᠨ᠂ | ᠬᠠᠮᠢᠶ᠎ᠠ ᠪᠥᠬᠦᠶ ᠠᠵᠢᠯ ᠢ ᠬᠠᠮᠵᠢᠯᠴᠠᠨ ᠠᠬᠢᠭᠤᠯᠵᠤ᠂ ᠨᠡᠭᠦᠷᠡᠰᠤ ᠶᠢ ᠲᠣᠭᠲᠠᠭᠤᠨ ᠢᠶᠠᠷ ᠬᠠᠩᠭᠠᠬᠤ ᠶᠢ ᠦᠨᠡᠨ ᠬᠦ | ᠪᠠᠳᠤᠯᠠᠨ᠎ᠠ᠃ ᠡᠯ᠎ᠡ ᠬᠤᠰᠢᠭᠤ ᠲᠣᠭᠤᠷᠢᠭ ᠤᠨ ᠠᠵᠢᠯ ᠤᠨ ᠲᠤᠰᠬᠠᠶ ᠠᠩᠭᠢ ᠪᠠᠶᠢᠭᠤᠯᠤᠭᠰᠠᠨ ᠪᠠᠶᠢᠳᠠᠯ ᠢ ᠡᠷᠬᠡᠪᠰᠢ | 2021 ᠣᠨ ᠤ 8 ᠳ᠋ᠤᠭᠠᠷ ᠰᠠᠷ᠎ᠠ ᠶᠢᠨ 11 ᠤ ᠡᠳᠦᠷ ᠠᠴᠠ ᠡᠮᠦᠨ᠎ᠡ ᠬᠤᠲᠠ ᠶᠢᠨ ᠠᠵᠢᠯ ᠢ ᠠᠬᠢᠭᠤᠯᠬᠤ | ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ᠎ᠡ᠃ | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠠᠵᠢᠯ ᠤᠨ | ᠲᠤᠰᠬᠠᠶ ᠠᠩᠭᠢ ᠨᠢ ᠡᠭᠦᠷᠭᠡ ᠠᠵᠢᠯ ᠤᠨ ᠬᠤᠪᠢᠶᠠᠷᠢᠯᠠᠯ ᠤᠨ ᠲᠣᠭᠤᠷᠢᠨ ᠳᠤ᠂ ᠠᠵᠢᠯ ᠤᠨ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠡᠯ᠎ᠡ ᠵᠣᠶᠢᠯ ᠤᠨ ᠡᠭᠦᠷᠭᠡ | ᠶᠢ ᠲᠣᠭᠲᠠᠭᠰᠠᠨ ᠬᠤᠭᠤᠴᠠᠭᠠᠨ ᠳᠤ ᠠᠬᠢᠭᠤᠯᠵᠤ᠂ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃ | ᠡᠯ᠎ᠡ ᠪᠦᠷᠢᠯᠳᠦᠬᠦᠨ ᠨᠢᠭᠡᠴᠡ ᠨᠦᠭᠦᠳ ᠢᠳᠡᠪᠬᠢᠲᠡᠶ ᠪᠠᠷ ᠬᠠᠮᠵᠢᠯᠴᠠᠨ ᠣᠷᠣᠯᠴᠠᠵᠤ᠂ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠮᠲᠤᠪᠠᠷ ᠠᠳᠬᠤᠵᠤ | ᠬᠠᠮᠳᠤᠪᠠᠷ ᠬᠠᠮᠢᠶᠠᠷᠬᠤ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠤᠢ ᠪᠤᠯᠭᠠᠨ᠎ᠠ᠃ | ︵ᠭᠤᠷᠪᠠ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠎ᠠ᠃ ᠨᠡᠭᠦᠷᠡᠰᠦᠨ ᠠᠭᠤᠷᠬᠠᠶ ᠶᠢᠨ | ᠭᠠᠷᠳᠠᠮ ᠢ ᠭᠦᠢᠴᠡᠳᠬᠡᠬᠦ ᠪᠠ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠲᠤᠬᠢᠷᠠᠭᠤᠯᠤᠯᠳᠠ ᠶᠢᠨ | ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠲᠤᠰᠬᠠᠶ ᠠᠩᠬᠢ ᠨᠢᠭᠡᠪᠦᠷᠢ ᠨᠢ ᠲᠤᠰᠬᠠᠶ ᠠᠵᠢᠯᠳᠠᠨ | ᠲᠣᠭᠲᠠᠭᠠᠵᠤ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠭᠤᠯᠵᠤ᠂ ᠠᠵᠢᠯ ᠢ ᠠᠬᠢᠭᠤᠯᠬᠤ | ᠳᠤᠭᠤᠶᠢᠯᠠᠩ ᠳᠤ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠬᠡᠨ᠎ᠡ᠃ | ᠦᠢᠯᠡᠳᠪᠦᠷᠢᠯᠡᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠨᠢ ᠪᠦᠬᠦ ᠬᠤᠲᠠ | ᠶᠢᠨ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠨᠡᠭᠦᠷᠡᠰᠦᠨ ᠠᠭᠤᠷᠬᠠᠶ ᠶᠢᠨ ᠨᠠᠷᠢᠨ ᠳᠠᠩᠰᠠ ᠶᠢ ᠣᠨᠣᠪᠴᠢᠲᠠᠶ | ᠡᠮᠬᠢᠯᠡᠨ ᠳᠢᠭᠯᠡᠵᠦ᠂ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ ᠠᠵᠢᠯ ᠤᠨ ᠲᠤᠰᠬᠠᠶ | ᠠᠩᠭᠢ ᠨᠢ ᠪᠥᠬᠦ ᠬᠤᠲᠠ ᠶᠢᠨ ᠨᠡᠭᠦᠷᠡᠰᠦᠨ ᠠᠭᠤᠷᠬᠠᠶ ᠶᠢᠨ ᠭᠠᠷᠳᠠᠮ ᠢ ᠭᠦᠢᠴᠡᠳᠬᠡᠬᠦ ᠶᠠᠪᠤᠴᠠ ᠳᠤ ᠣᠷᠣᠰᠢᠵᠤ | ᠪᠠᠶᠢᠭ᠎ᠠ ᠣᠶ ᠰᠢᠭᠤᠶ ᠡᠪᠡᠰᠦ ᠪᠡᠯᠴᠢᠭᠡᠷ᠂ ᠲᠠᠲᠠᠪᠤᠷᠢᠯᠠᠨ ᠨᠤᠷᠠᠭᠠᠬᠤ᠂ ᠬᠠᠤᠯᠢ ᠴᠠᠭᠠᠵᠠ ᠳᠤ ᠬᠤᠯᠪᠣᠭᠳᠠᠬᠤ | ᠵᠠᠭᠠᠯᠳᠤᠯᠭ᠎ᠠ ᠳᠤ ᠬᠤᠯᠪᠣᠭᠳᠠᠬᠤ ᠵᠡᠷᠭᠡ ᠠᠰᠠᠭᠤᠳᠠᠯ ᠢ ᠤᠨᠤᠪᠴᠢᠲᠠᠢ ᠡᠮᠬᠢᠯᠡᠨ ᠳᠢᠭᠯᠡᠵᠦ᠂ ᠬᠤᠲᠠ ᠶᠢᠨ ᠠᠵᠢᠯ ᠢ | ᠠᠬᠢᠭᠤᠯᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ᠂ ᠬᠤᠲᠠ ᠶᠢᠨ ᠠᠵᠢᠯ ᠢ ᠠᠬᠢᠭᠤᠯᠬᠤ ᠳᠤᠭᠤᠶᠢᠯᠠᠩ | ᠤᠨ ᠠᠯᠪᠠᠨ ᠬᠡᠷ ᠠᠴᠠ ᠰᠢᠨᠵᠢᠯᠡᠬᠦ ᠤᠬᠠᠭᠠᠨᠴᠢ ᠪᠠᠷ ᠵᠢᠭᠰᠠᠭᠠᠵᠤ ᠬᠠᠷᠢᠭᠤᠴᠠᠵᠣ᠂ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠳᠤ ᠴᠠᠭ ᠲᠤᠬᠠᠶ ᠳᠤᠨᠢ | ᠮᠡᠳᠡᠭᠦᠯᠦᠨ᠎ᠡ᠃ |