ᠵᠠᠰᠠᠭ ᠤᠨ ᠤᠷᠳᠤᠨ ᠤ ᠳᠤᠮᠤ ᠬᠡᠷᠡᠭ ᠶᠠᠪᠤᠳᠠᠯ ︵2021ᠤᠨ ᠤ 8 ᠳ᠋ᠤᠭᠠᠷ ᠰᠠᠷ᠎ᠠ︶
ᠨᠡᠶᠢᠲᠡᠯᠡᠭᠰᠡᠨ ᠴᠠᠭ᠄
2021/12/21
  8 ᠰᠠᠷ᠎ᠠ ᠶᠢᠨ 1᠎ ᠤ ᠡᠳᠦᠷ  ᠬᠤᠳᠠ ᠶᠢᠨ ᠨᠠᠮ ᠤᠨ ᠬᠤᠷᠢᠶᠠᠨ ᠤ ᠱᠦᠵᠢ᠂ ᠤᠷᠳᠤᠰ ᠤᠨ ᠴᠡᠷᠢᠭ ᠤᠨ ᠬᠤᠪᠢᠶᠠᠷᠢ ᠳᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠯᠢ ᠯᠢ ᠤᠷᠳᠤᠰ ᠤᠨ ᠴᠡᠷᠢᠭ ᠤᠨ ᠬᠤᠪᠢᠶᠠᠷᠢ ᠳᠤᠭᠤᠷᠢᠭ᠂ ᠵᠡᠪᠰᠡᠭᠳᠤ ᠴᠠᠬᠳᠠᠭᠠᠨ ᠤ ᠤᠷᠳᠤᠰ ᠲᠠᠬᠢ ᠰᠠᠯᠪᠤᠷᠢ ᠠᠩᠬᠢ ᠳᠤ ᠬᠦᠷᠴᠤ᠂ ᠮᠠᠨ ᠤ ᠬᠤᠳᠠ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠬᠴᠢᠳ ᠢ ᠪᠤᠯᠭᠤᠭᠠᠨ ᠳᠤᠬᠤᠨᠢᠭᠤᠯᠵᠦ᠂ ᠳᠡᠳᠡᠨ ᠳᠤ ᠪᠠᠶᠠᠷ ᠤᠨ ᠡᠳᠤᠷ ᠤᠨ ᠮᠡᠨᠳᠤᠴᠢᠯᠠᠯ ᠪᠠ ᠴᠢᠩ ᠦᠨᠡᠨᠴᠢ ᠵᠦᠡᠭᠨᠡᠯ ᠢᠶᠠᠨ ᠳᠡᠪᠰᠢᠬᠦᠯᠵᠡᠢ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠸᠧᠢ ᠳᠤᠬᠤᠨᠢᠭᠤᠯᠭ᠎ᠠ ᠳᠤ ᠤᠷᠤᠯᠴᠠᠪᠠ᠃   8 ᠰᠠᠷ᠎ᠠ ᠶᠢᠨ 1᠎ ᠤ ᠡᠳᠦᠷ   ︽8 · 1︾᠎ ᠤ ᠴᠡᠷᠢᠭ ᠪᠠᠶᠢᠭᠤᠯᠤᠬᠳᠠᠬᠰᠠᠨ ᠪᠠᠶᠠᠷ ᠤᠨ ᠡᠳᠤᠷ ᠢ ᠳᠤᠬᠢᠶᠠᠯᠳᠤᠭᠤᠯᠤᠨ᠂ ᠬᠤᠳᠠ ᠶᠢᠨ ᠨᠠᠮ ᠵᠠᠰᠠᠭ ᠴᠡᠷᠢᠭ ᠤᠨ ᠤᠳᠤᠷᠢᠳᠤᠯᠭ᠎ᠠ ᠴᠡᠷᠢᠭ ᠤᠨ ᠬᠤᠪᠴᠠᠰᠤ ᠡᠮᠤᠰᠴᠤ ᠵᠡᠪᠰᠡᠭᠳᠤ ᠴᠠᠬᠳᠠᠭᠠᠨ ᠤ ᠤᠷᠳᠤᠰ ᠲᠠᠬᠢ ᠰᠠᠯᠪᠤᠷᠢ ᠠᠩᠬᠢ ᠶᠢᠨ ᠴᠡᠷᠢᠭ ᠴᠠᠬᠳᠠᠭ᠎ᠠ ᠶᠢᠨ ᠶᠡᠷᠦᠩᠭᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠲᠤ ᠬᠦᠷᠴᠤ᠂ ︽8 · 1︾᠎ ᠤ ᠴᠡᠷᠢᠭ ᠤᠨ ᠶᠠᠪᠤᠳᠠᠯ ᠤᠨ ᠡᠳᠦᠷᠯᠢᠭ ᠤᠨ ᠠᠵᠢᠯᠯᠠᠭ᠎ᠠ ᠳᠤ ᠤᠷᠤᠯᠴᠠᠵᠠᠢ᠃ ᠬᠤᠳᠠ ᠶᠢᠨ ᠨᠠᠮ ᠤᠨ ᠬᠤᠷᠢᠶᠠᠨ ᠤ ᠱᠦᠵᠢ᠂ ᠤᠷᠳᠤᠰ ᠤᠨ ᠴᠡᠷᠢᠭ ᠤᠨ ᠬᠤᠪᠢᠶᠠᠷᠢ ᠳᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠯᠢ ᠯᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠬᠴᠢ ᠳᠠᠷᠤᠭ᠎ᠠ ᠳ᠋ᠦ᠋ ᠬᠤᠢ ᠯᠢᠶᠠᠩ᠂ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠳᠠ ᠶᠢᠨ ᠤᠳᠤᠷᠢᠳᠤᠯᠭ᠎ᠠ ᠱᠧ ᠰᠢ ᠸᠧᠨ᠂ ᠶᠢᠨ ᠡᠥ᠂ ᠯᠢᠤ ᠰᠢᠶᠤᠤ ᠹᠧᠩ᠂ ᠵᠠᠩ ᠸᠧᠢ᠂ ᠾᠧ ᠶᠢᠨ᠂ ᠸᠠᠩ ᠫᠢᠩ᠂ ᠪᠠᠶᠠᠷ᠂ ᠱᠢ ᠶᠠᠨ ᠵᠢᠶᠧ᠂ ᠯᠢᠤ ᠵᠢᠶᠠᠨ ᠰᠢᠶᠦ᠋ᠩ᠂ ᠭᠤᠤ ᠸᠧᠨ ᠾᠧ᠂ ᠮ᠊ ᠭᠠᠷᠤᠳᠢ᠂ ᠵᠢᠷᠭᠠᠯᠳᠤ᠂ ᠤᠯᠠᠭᠠᠨ᠂ ᠯᠢ ᠮᠸᠢ ᠷᠦᠩ᠂ ᠰᠥ᠋ ᠯᠢ ᠵᠢᠶᠦ᠋ᠨ᠂ ᠶᠠᠩ ᠱᠢ ᠯᠢᠨ᠂ ᠤᠷᠳᠤᠰ ᠤᠨ ᠴᠡᠷᠢᠭ ᠤᠨ ᠬᠤᠪᠢᠶᠠᠷᠢ ᠳᠤᠭᠤᠷᠢᠭ ᠤᠨ ᠺᠤᠮᠠᠨᠳ᠋ᠯᠠᠬᠴᠢ ᠴᠧᠨ ᠰᠢᠶᠤᠤ ᠢ᠂ ᠤᠯᠤᠰ ᠳᠦᠷᠦ ᠶᠢᠨ ᠭᠡᠰᠢᠭᠦᠨ ᠭᠤᠤ ᠳ᠋ᠧ ᠴᠢᠤᠸᠠᠨ᠂ ᠵᠡᠪᠰᠡᠭᠳᠤ ᠴᠠᠬᠳᠠᠭᠠᠨ ᠤ ᠤᠷᠳᠤᠰ ᠲᠠᠬᠢ ᠰᠠᠯᠪᠤᠷᠢ ᠠᠩᠬᠢ ᠶᠢᠨ ᠳᠠᠷᠤᠭ᠎ᠠ ᠯᠢᠤ ᠵᠧᠨ ᠳ᠋ᠦᠩ᠂ ᠺᠤᠮᠢᠰᠰᠠᠷ ᠯᠢ ᠵᠢᠶᠦ᠋ᠨ ᠴᠢ ᠨᠠᠷ ᠠᠵᠢᠯᠯᠠᠭ᠎ᠠ ᠳᠤ ᠤᠷᠤᠯᠴᠠᠬᠰᠠᠨ ᠪᠠᠶᠢᠨ᠎ᠠ᠃    8 ᠰᠠᠷ᠎ᠠ ᠶᠢᠨ 2᠎ ᠤᠨ ᠡᠳᠤ᠋‍ᠷ  ᠤᠷᠳᠤᠰ ᠬᠤᠳᠠ ᠶᠢᠨ ᠬᠤᠰᠢᠭᠤ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠶᠡᠭᠡ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ᠂ ᠤᠷᠳᠤᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠯᠢ ᠯᠢ ᠬᠤᠷᠠᠯ ᠳᠤ ᠤᠷᠤᠯᠴᠠᠬᠰᠠᠨ ᠤ ᠬᠠᠮᠳᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠣᠷᠳᠣᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠳᠦᠷᠦ ᠶᠢᠨ ᠭᠡᠰᠢᠭᠦᠨ ᠭᠤᠤ ᠳ᠋ᠧ ᠴᠢᠤᠸᠠᠨ᠂ ᠣᠷᠳᠣᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳ᠋ᠯᠠᠭᠴᠢ ᠴᠧᠨ ᠰᠢᠶᠤᠤ ᠢ᠂ ᠳᠡᠳ᠋ ᠺᠤᠮᠠᠨᠳ᠋ᠯᠠᠭᠴᠢ ᠶᠠᠩ ᠰᠢᠶᠤᠤ ᠬᠤᠷᠠᠯ ᠳᠤ ᠤᠷᠤᠯᠴᠠᠵᠠᠢ᠃ ᠴᠧᠨ ᠰᠢᠶᠤᠤ ᠢ ᠬᠤᠷᠠᠯ ᠢ ᠡᠷᠬᠢᠯᠡᠪᠡ᠃   8 ᠰᠠᠷ᠎ᠠ ᠶᠢᠨ 2᠎ ᠤᠨ ᠡᠳᠦᠷ  ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠬᠤᠷᠢᠶ᠎ᠡ ᠬᠤᠷᠡᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ᠬᠤᠯᠪᠤᠬᠳᠠᠯ ᠪᠦᠬᠦᠢ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠢᠬᠤᠯᠠ ᠵᠤᠬᠢᠶᠠᠯ ᠤᠨ ᠵᠤᠷᠢᠬ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠠᠷᠪᠠᠳᠤᠭᠠᠷ ᠬᠤᠭᠤᠴᠠᠭᠠᠨ ᠤ ᠠᠷᠪᠠᠨ ᠳᠦᠷᠪᠡᠳᠦᠬᠡᠷ ᠪᠦᠬᠦᠳᠡ ᠬᠤᠷᠡᠯ ᠤᠨ ᠵᠤᠷᠢᠬ ᠰᠠᠨᠠᠭ᠎ᠠ ᠶᠢ ᠤᠯᠠᠮᠵᠢᠯᠠᠨ᠂ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠪᠦᠬᠦ ᠬᠤᠳᠠ ᠶᠢᠨ ᠨᠡᠬᠦᠷᠡᠰᠦᠨ ᠤ ᠬᠠᠨᠭ᠍ᠭᠠᠯᠭ᠎ᠠ ᠶᠢ ᠪᠠᠳᠤᠯᠠᠨ ᠬᠠᠨᠭ᠍ᠭᠠᠯᠭ᠎ᠠ ᠶᠢ ᠨᠡᠮᠡᠭᠳᠡᠬᠦᠯᠬᠦ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠪᠠ᠃ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠤᠷᠡᠯ ᠢ ᠡᠷᠬᠢᠯᠡᠪᠡ᠃   8 ᠰᠠᠷ᠎ᠠ ᠶᠢᠨ 2᠎ ᠤᠨ ᠡᠳᠦᠷ ᠬᠤᠳᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠳᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠯᠢ ᠬᠤᠷᠠᠯ ᠢ ᠡᠷᠬᠢᠯᠡᠪᠡ᠃    ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠳ᠋ᠦ᠋ ᠬᠤᠢ ᠯᠢᠶᠠᠩ᠂ ᠰᠢᠩ ᠵᠧᠩ᠂ ᠱᠧ ᠰᠢ ᠸᠧᠨ᠂ ᠶᠢᠨ ᠦ᠋᠂ ᠵᠧᠨ ᠬᠤᠸᠠ᠂ ᠯᠢᠦ ᠰᠢᠶᠤᠤ ᠹᠧᠩ᠂ ᠵᠠᠩ ᠸᠧᠶ᠂ ᠱᠢ ᠶᠠᠨ ᠵᠢᠶᠧ᠂ ᠯᠢᠦ ᠵᠢᠶᠠᠨ ᠰᠢᠶᠦ᠋ᠨ᠂ ᠭᠤᠤ ᠸᠧᠨ ᠾᠧ᠂ ᠺᠦᠩ ᠹᠠᠨ ᠹᠸᠢ ᠬᠤᠷᠠᠯ ᠳᠤ ᠤᠷᠤᠯᠴᠠᠪᠠ᠃   8 ᠰᠠᠷ᠎ᠠ ᠶᠢᠨ 3᠎ ᠤ ᠡᠳᠦᠷ  ᠤᠷᠳᠤᠰ ᠬᠤᠳᠠ ᠶᠢᠨ ᠡᠮᠡᠭᠲᠡᠶᠢᠴᠦᠳ ᠤᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠳᠤ ᠬᠤᠷᠡᠯ ᠤᠨ ᠳᠡᠳ᠋ ᠲᠡᠷᠢᠭᠦᠯᠡᠭᠴᠢ ᠵᠧᠩ ᠵᠢᠶᠠᠨ ᠬᠤᠩ ᠬᠤᠷᠠᠯ ᠳᠤ ᠤᠷᠤᠯᠴᠠᠭᠰᠠᠨ ᠤ ᠬᠠᠮᠲᠦ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠭᠤᠤ ᠵᠠᠨ ᠱᠧᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃   8 ᠰᠠᠷ᠎ᠠ ᠶᠢᠨ 3᠎ ᠤ ᠡᠳᠦᠷ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠳᠠ ᠶᠢᠨ ᠰᠢᠨ᠎ᠠ ᠲᠢᠳᠢᠮᠯᠢᠭ ᠠᠭᠤᠰᠭᠢᠨ ᠦᠷᠪᠢᠰᠦᠯ ᠤᠨ ᠭᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠭᠢᠯᠡᠭᠴᠢ ᠱᠢ ᠲᠠᠢ ᠹᠸᠡᠭ ᠤᠨ ᠦᠪᠡᠷᠳᠡᠭᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠭᠢᠨ ᠦᠷᠪᠢᠰᠦᠯ ᠤᠨ ᠭᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠲᠡᠭᠡᠷᠡᠭᠢ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠬᠠᠨ ᠤ ᠰᠢᠨ᠎ᠠ ᠲᠢᠳᠢᠮᠯᠢᠭ ᠠᠭᠤᠰᠭᠢᠨ ᠦᠷᠪᠢᠰᠦᠯ ᠤᠨ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠤᠳᠤᠯᠤᠨ ᠪᠠᠶᠢᠷᠢᠯᠠᠭᠤᠯᠪᠠ᠃ ᠳ᠋ᠦ᠋ ᠬᠤᠢ ᠯᠢᠶᠠᠩ᠂ ᠰᠢᠩ ᠵᠸᠡᠭ᠂ ᠱᠧ ᠰᠢ ᠸᠧᠨ᠂ ᠵᠧᠨ ᠬᠤᠸᠠ᠂ ᠯᠢᠦ ᠰᠢᠶᠤᠤ ᠹᠸᠡᠭ᠂ ᠵᠠᠩ ᠸᠧᠢ᠂ ᠱᠢ ᠶᠠᠨ ᠵᠢᠶᠧ ᠵᠡᠷᠭᠡ ᠬᠤᠳᠠ ᠶᠢᠨ ᠤᠳᠤᠷᠢᠳᠤᠯᠭ᠎ᠠ ᠬᠤᠷᠠᠯ ᠳᠤ ᠤᠷᠤᠯᠴᠠᠪᠠ᠃    8 ᠰᠠᠷ᠎ᠠ ᠶᠢᠨ 4᠎ ᠤ ᠡᠳᠦᠷ   ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠡᠭᠱᠸᠡᠭ ᠲᠤᠭᠤᠷᠢᠭ ᠲᠤ ᠭᠦᠨᠵᠡᠭᠡᠶᠢᠷᠠᠨ ᠪᠠᠶᠢᠴᠠᠭᠠᠨ ᠰᠤᠳᠤᠯᠤᠯᠳᠠ ᠭᠢᠵᠤ᠂ ᠭᠦᠭᠵᠢᠯᠳᠠ ᠶᠢᠨ ᠪᠠᠶᠢᠳᠠᠯ ᠢ ᠪᠠᠳᠤᠯᠠᠨ᠂ ᠭᠦᠭᠵᠢᠯᠳᠠ ᠶᠢᠨ ᠭᠦᠳᠡᠯᠭᠡᠭᠦ ᠭᠦᠴᠦᠨ ᠢ ᠨᠡᠮᠡᠭᠳᠡᠭᠦᠯᠵᠤ᠂ ᠰᠢᠨ᠎ᠠ ᠴᠠᠭ ᠦᠶ᠎ᠠ ᠶᠢᠨ ᠳ᠋ᠦᠡᠭᠱᠸᠡᠭ ᠤᠨ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠭᠦ ᠭᠡᠷᠡᠭᠳᠡᠢ ᠭᠡᠵᠤ ᠴᠢᠬᠤᠯᠠᠴᠢᠯᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠱᠧ ᠰᠢ ᠸᠧᠨ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠶᠢᠨ ᠡᠦ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠠᠷᠢᠨ ᠪᠢᠴᠢᠭ ᠤᠨ ᠲᠠᠷᠤᠭ᠎ᠠ ᠵᠠᠩ ᠸᠧᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃    8 ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ  ᠪᠦᠬᠦ ᠤᠯᠤᠰ ᠪᠣᠯᠤᠨ ᠪᠦᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠳ᠋ᠢᠶᠠᠩᠬᠤᠸᠠ ᠬᠤᠷᠠᠯ ᠤᠨ ᠳᠠᠷᠠᠭ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ ᠪᠦᠬᠦ ᠬᠤᠳᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ᠂ ᠭᠤᠤ ᠸᠧᠨ ᠾᠧ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠬᠤᠷᠠᠯ ᠳᠤ ᠤᠷᠤᠯᠴᠠᠵᠠᠢ᠃     8 ᠰᠠᠷ᠎ᠠ ᠶᠢᠨ 4᠎ ᠤ ᠡᠳᠦᠷ   ᠬᠤᠳᠠ ᠶᠢᠨ ᠨᠡᠮ ᠤᠨ ᠬᠤᠷᠢᠶᠡᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠪᠦᠬᠦ ᠬᠤᠳᠠ ᠶᠢᠨ ᠤᠯᠤᠰ ᠤᠨ ᠦᠮᠴᠢᠯᠡᠯᠳᠤ ᠠᠵᠤ ᠠᠬᠤᠢᠢᠯᠡᠯ ᠤᠨ ᠦᠬᠡᠷᠡᠴᠢᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠬᠤᠷᠡᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ᠤᠯᠤᠰ ᠤᠨ ᠦᠮᠴᠢᠯᠡᠯᠳᠤ ᠡᠳ᠋ ᠬᠦᠷᠦᠩᠬᠡ ᠤᠯᠤᠰ ᠤᠨ ᠦᠮᠴᠢᠯᠡᠯᠳᠤ ᠠᠵᠤ ᠠᠬᠤᠢᠢᠯᠡᠯ ᠤᠨ ᠦᠬᠡᠷᠡᠴᠢᠯᠡᠯᠳᠡ ᠬᠦ᠋ᠭᠵᠢᠯᠳᠡ ᠶᠢᠨ ᠳᠤᠬᠠᠢ ᠴᠢᠬᠤᠯᠠ ᠦᠬᠦᠯᠡᠯᠳᠡ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠤ᠂ ᠬᠤᠯᠪᠤᠬᠳᠠᠯ ᠪᠦᠬᠦᠢ ᠠᠵᠢᠯ ᠢ ᠪᠠᠶᠢᠷᠢᠯᠠᠭᠤᠯᠪᠠ᠃ ᠬᠤᠳᠠ ᠶᠢᠨ ᠳᠡᠳ᠋ ᠳᠠᠷᠤᠭ᠎ᠠ ᠯᠢᠦ ᠵᠢᠶᠠᠨ ᠰᠢᠶᠦ᠋ᠨ᠂ ᠬᠤᠳᠠ ᠶᠢᠨ ᠵᠠᠰᠠᠬ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠡᠭ ᡁᠢ ᠬᠤᠷᠡᠯ ᠳᠤ ᠤᠷᠤᠯᠴᠠᠪᠠ᠃   8 ᠰᠠᠷ᠎ᠠ ᠶᠢᠨ 5᠎ ᠤ ᠡᠳᠦᠷ  ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠳᠠᠯᠳᠠ ᠬᠦᠴᠤᠨ ᠢᠶᠠᠨ ᠠᠭᠤᠳᠠᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠳᠦᠷᠤᠯ ᠤᠨ ᠠᠵᠢᠯ ᠤᠨ ᠳᠦᠷᠤᠬᠦᠨ ᠳᠤ ᠶᠠᠪᠤᠵᠤ᠂ ᠳᠠᠭᠤᠷᠢᠶᠠᠯ ᠦᠵᠡᠬᠦᠯᠬᠦ ᠶᠢ ᠠᠬᠢᠭᠤᠯᠬᠤ ᠭᠡᠷᠡᠭᠳᠡᠢ ᠭᠡᠵᠤ ᠴᠢᠬᠤᠯᠠᠴᠢᠯᠠᠬᠰᠠᠨ ᠪᠠᠶᠢᠨ᠎ᠠ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠸᠧᠢ᠂ ᠬᠤᠳᠠ ᠶᠢᠨ ᠳᠡᠳ᠋ ᠳᠠᠷᠤᠭ᠎ᠠ ᠯᠢᠤ ᠵᠢᠶᠠᠨ ᠰᠢᠶᠦ᠋ᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃    8 ᠰᠠᠷ᠎ᠠ ᠶᠢᠨ 5᠎ ᠤ ᠡᠳᠦᠷ᠎   ᠬᠤᠳᠠ ᠶᠢᠨ ᠨᠡᠮ ᠤᠨ ᠬᠤᠷᠢᠶᠡᠨ ᠤ ᠳᠡᠳ᠋ ᠱᠦᠵᠢ᠂ ᠬᠤᠳᠠ ᠶᠢᠨ ᠤᠷᠤᠯᠠᠬᠴᠢ ᠳᠠᠷᠤᠭ᠎ᠠ᠂ ᠬᠤᠳᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠡᠷ ᠤᠨ ᠶᠡᠷᠦᠩᠬᠡᠢ ᠵᠢᠯᠤᠭᠤᠳᠤᠬᠴᠢ ᠳ᠋ᠦ᠋ ᠬᠤᠢ ᠯᠢᠶᠠᠩ ᠬᠤᠳᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠡᠷ ᠤᠨ 2021 ᠤᠨ ᠤ 11 ᠳ᠋ᠤᠭᠡᠷ ᠤᠳᠠᠭᠠᠨ ᠤ ᠳᠤᠬᠢᠷᠠᠭᠤᠯᠤᠯᠳᠠ ᠶᠢᠨ ᠬᠤᠷᠡᠯ ᠢ ᠡᠷᠬᠢᠯᠡᠨ ᠬᠤᠷᠠᠯᠳᠤᠭᠤᠯᠵᠤ᠂ ᠡᠯ᠎ᠡ ᠳᠤᠰᠬᠠᠢ ᠳᠦᠷᠦᠯ ᠤᠨ ᠠᠵᠢᠯ ᠤᠨ ᠳᠤᠭᠤᠢᠢᠯᠠᠩ ᠤᠨ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠪᠠᠶᠢᠳᠠᠯ ᠢ ᠵᠠᠳᠠᠯᠤᠨ ᠮᠠᠭᠠᠳᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ ᠬᠤᠳᠠ ᠶᠢᠨ ᠳᠡᠳ᠋ ᠳᠠᠷᠤᠭ᠎ᠠ ᠱᠢ ᠶᠠᠨ ᠵᠢᠶᠧ ᠂ ᠭᠤᠤ ᠸᠧᠨ ᠾᠧ᠂ ᠬᠤᠳᠠ ᠶᠢᠨ ᠵᠠᠰᠠᠬ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠡᠭ ᡁᠢ ᠬᠤᠷᠡᠯ ᠳᠤ ᠤᠷᠤᠯᠴᠠᠪᠠ᠃    8 ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ ᠠᠩᠬᠠᠳᠠᠭᠴᠢ ᠲᠠᠷᠢᠶᠠᠯᠠᠩ ᠤᠨ ᠳᠠᠭᠠᠯᠳᠤᠪᠤᠷᠢ ᠪᠦᠲᠦᠭᠡᠭᠳᠡᠬᠦᠨ ᠢ ᠳᠦᠭᠦᠷᠡᠩ ᠠᠴᠢᠭᠰᠠᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠵᠠᠰᠠᠬ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤᠭᠤᠷᠢᠬ ᠠᠴᠠ ᠤᠷᠤᠰ ᠵᠦᠭ ᠮᠣᠷᠳᠠᠪᠠ᠂ ᠡᠨᠡ ᠨᠢ ᠮᠠᠨ ᠤ ᠬᠤᠲᠠ ᠶᠢᠨ ᠠᠩᠬᠠᠳᠠᠭᠴᠢ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ︵ᠣᠷᠳᠣᠰ — ᠮᠤᠰᠺᠸᠠ︶ ᠵᠢᠩᠬᠢᠨᠢ ᠪᠠᠷ ᠨᠡᠪᠲᠡᠷᠡᠭᠰᠡᠨ ᠢ ᠬᠠᠷᠠᠭᠤᠯᠵᠤ ᠪᠠᠶᠢᠨ᠎ᠠ᠃       ᠬᠤᠲᠠ ᠶᠢᠨ ᠤᠳᠤᠷᠢᠳᠤᠯᠭ᠎ᠠ ᠯᠢ ᠯᠢ᠂ ᠵᠠᠩ ᠵᠠᠨ ᠯᠢᠨ᠂ ᠵᠠᠩ ᠸᠧᠶ᠂ ᠯᠢᠦ ᠵᠢᠶᠠᠨ ᠰᠢᠶᠦ᠋ᠨ᠂ ᠵᠢᠷᠭᠠᠯᠳᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ᠂ ᠳᠤᠮᠳᠠᠳᠤ ᠤᠯᠤᠰ ᠤᠨ ᠲᠡᠮᠦᠷ ᠵᠠᠮ ᠤᠨ ᠪᠥᠯᠥᠭᠯᠡᠯ ᠤᠨ ᠬᠦᠬᠡᠬᠤᠳᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠪᠥᠯᠥᠭᠯᠡᠯ ᠤᠨ ᠴᠢᠩᠭᠡᠯᠢᠭ ᠤᠨ ᠬᠦᠬᠡᠬᠤᠳᠠ ᠎ ᠳᠠᠬᠢ ᠬᠤᠪᠢᠶᠠᠷᠢ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ︵ᠣᠷᠳᠣᠰ — ᠮᠤᠰᠺᠸᠠ︶᠎ ᠶᠢ ᠠᠩᠬ᠎ᠠ ᠮᠤᠷᠳᠠᠭᠤᠯᠬᠤ ᠶᠣᠰᠣᠯᠠᠯ ᠳᠤ ᠣᠷᠣᠯᠴᠠᠪᠠ᠃   8 ᠰᠠᠷ᠎ᠠ ᠶᠢᠨ 6᠎ ᠤ ᠡᠳᠦᠷ  ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠡ ᠠᠴᠠ ᠭᠤᠤᠯᠯᠠᠨ ᠡᠷᠬᠢᠯᠡᠭᠰᠡᠨ ᠤᠷᠳᠤᠰ ᠬᠤᠲᠠ ᠶᠢᠨ ᠭᠤᠷᠪᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠴᠦ ᠦᠢᠯᠡᠰ ᠪᠦᠳᠦᠭᠡᠬᠦ ᠤᠷᠤᠯᠳᠤᠭᠠᠨ ᠤᠷᠳᠤᠰ ᠤᠨ ᠤᠯᠠᠨ ᠤᠯᠤᠰ ᠤᠨ ᠬᠤᠷᠠᠯ ᠦᠵᠡᠬᠦᠯᠭᠡ ᠶᠢᠨ ᠲᠦᠪ ᠲᠤ ᠠᠮᠵᠢᠯᠲᠠ ᠲᠠᠢ ᠦᠨᠳᠦᠷᠯᠡᠪᠡ᠃ ᠬᠤᠲᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠲᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠤᠷᠤᠯᠳᠤᠭᠠᠨ ᠳᠤ ᠭᠥᠰᠡᠯ ᠨᠠᠶᠢᠳᠠᠯᠭ᠎ᠠ ᠶᠢᠨ ᠦᠭᠡ ᠢᠯᠡᠭᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠬᠤᠲᠠ ᠶᠢᠨ ᠲᠡᠳ᠋ ᠲᠠᠷᠤᠭ᠎ᠠ ᠯᠢᠦ ᠰᠢᠶᠤᠤ ᠹᠧᠩ ᠤᠷᠤᠯᠳᠤᠭᠠᠨ ᠤ ᠲᠡᠬᠦᠰᠬᠦ ᠶᠤᠰᠤᠯᠠᠯ ᠳᠤ ᠤᠷᠤᠯᠴᠠᠬᠰᠠᠨ ᠤ ᠬᠠᠮᠳᠤ ᠶᠠᠷᠢᠶ᠎ᠠ ᠲᠠᠯᠪᠢᠵᠠᠢ᠃    8 ᠰᠠᠷ᠎ᠠ ᠶᠢᠨ 9᠎ ᠤ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    8 ᠰᠠᠷ᠎ᠠ ᠶᠢᠨ 9᠎ ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠤᠷᠳᠤᠰ ᠬᠤᠳᠠ ᠳᠤ ᠢᠷᠡᠵᠤ ᠬᠤᠳᠠ ᠶᠢᠨ ᠤᠷᠤᠨ ᠪᠦᠰᠡ ᠶᠢᠨ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    8 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ  ᠬᠤᠳᠠ ᠶᠢᠨ ᠨᠡᠮ ᠤᠨ ᠬᠤᠷᠢᠶᠡᠨ ᠤ ᠪᠠᠶᠢᠡᠭᠭᠤ ᠶᠢᠨ ᠬᠤᠷᠢᠶ᠎ᠡ ᠬᠤᠷᠡᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ᠬᠤᠯᠪᠤᠬᠳᠠᠯ ᠪᠦᠬᠦᠢ ᠴᠢᠬᠤᠯᠠ ᠴᠤᠬᠤᠯᠠᠪᠤᠷᠢ ᠶᠢᠨ ᠵᠤᠷᠢᠬ ᠰᠠᠨᠠᠭ᠎ᠠ ᠪᠠ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ᠂ ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ ᠾᠧ ᠯᠢ ᠹᠸᠡᠭ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠳᠡᠷᠢᠬᠦᠯᠡᠭᠴᠢ ᠸᠠᠩ ᠯᠢ ᠰᠢᠶᠠ ᠶᠢᠨ ᠮᠠᠨ ᠤ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠦᠶ ᠎ᠠ ᠶᠢᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠤᠯᠠᠮᠵᠢᠯᠠᠵᠤ᠂ ᠮᠠᠨ ᠤ ᠬᠤᠳᠠ ᠶᠢᠨ ᠴᠢᠳᠠᠪᠤᠷᠢᠳᠡᠨ᠂ ᠳᠠᠷᠢᠶᠠᠯᠠᠩ ᠮᠠᠯ ᠠᠵᠤ ᠠᠬᠤᠢ ᠶᠢᠨ ᠴᠢᠨᠡᠷ ᠰᠠᠶᠢᠳᠡᠢ ᠬᠦᠭᠵᠢᠯᠳᠡ᠂ ᠤᠢ ᠰᠢᠭᠤᠢ ︵ᠨᠤᠳᠤᠬ ᠪᠡᠯᠴᠢᠬᠡᠷ︶᠎ ᠶᠢᠨ ᠳᠠᠷᠤᠭ᠎ᠠ ᠶᠢᠨ ᠳᠦᠷᠢᠮ ᠢ ᠠᠬᠢᠭᠤᠯᠬᠤ᠂ ᠵᠠᠬᠢᠳᠡᠯ ᠰᠤᠷᠪᠤᠯᠵᠢᠯᠡᠯ ᠵᠡᠷᠬᠡ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠤᠷᠡᠯ ᠢ ᠡᠷᠬᠢᠯᠡᠪᠡ᠃    8 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ  ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠯᠢ ᠯᠢ ᠬᠤᠳᠠ ᠶᠢᠨ ᠨᠠᠮ ᠤᠨ ᠬᠤᠷᠢᠢᠶᠠᠨ ᠤ ᠬᠢᠨᠠᠨ ᠪᠤᠳᠤᠬᠤ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ᠂ ᠭᠡᠰᠢᠭᠦᠨ ᠬᠤᠷᠠᠯ ᠳᠤ ᠤᠷᠤᠯᠴᠠᠵᠤ᠂ ᠬᠤᠯᠪᠣᠭᠳᠠᠯ ᠪᠥᠬᠦᠶ ᠲᠠᠯ᠎ᠠ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃    8 ᠰᠠᠷ᠎ᠠ ᠶᠢᠨ 11᠎ ᠤ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ 2021 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠤᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃   8 ᠰᠠᠷ᠎ᠠ ᠶᠢᠨ 11᠎ ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠬᠰᠠᠨ ᠤ ᠬᠠᠮᠲᠦ ᠶᠠᠷᠢᠶ᠎ᠠ ᠲᠠᠯᠪᠢᠵᠠᠢ᠃  ᠱᠢ ᠲᠠᠢ ᠹᠧᠩ ᠶᠠᠷᠢᠶ᠎ᠠ ᠲᠠᠯᠪᠢᠵᠦ  ᠸᠠᠩ ᠯᠢ ᠰᠢᠶᠠ ᠬᠤᠷᠠᠯ ᠢ ᠡᠷᠬᠢᠯᠡᠵᠦ  ᠯᠢ ᠰᠢᠦ ᠯᠢᠩ ᠬᠤᠷᠠᠯ ᠳᠤ ᠤᠷᠤᠯᠴᠠᠨ  ᠯᠢ ᠯᠢ ᠮᠠᠨ ᠤ ᠬᠤᠳᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠰᠠᠨᠠᠯ ᠢᠶᠠᠨ ᠰᠤᠯᠢᠯᠴᠠᠬᠤ ᠢᠯᠡᠳᠬᠡᠯ ᠬᠢᠵᠦ  ᠳ᠋ᠦ᠋ ᠬᠤᠢ ᠯᠢᠶᠠᠩ᠂ ᠵᠠᠩ ᠵᠠᠨ ᠯᠢᠨ᠂ ᠭᠤᠤ ᠵᠠᠨ ᠱᠧᠩ ᠵᠡᠷᠭᠡ ᠬᠤᠳᠠ ᠶᠢᠨ ᠤᠳᠤᠷᠢᠳᠤᠯᠭ᠎ᠠ ᠨᠠᠷ ᠮᠠᠨ ᠤ ᠬᠤᠳᠠ ᠶᠢᠨ ᠬᠤᠪᠢᠶᠡᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃    8 ᠰᠠᠷ᠎ᠠ ᠶᠢᠨ 12᠎ ᠤᠨ ᠡᠳᠦᠷ  ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠦᠷᠪᠡᠳᠤᠭᠡᠷ ᠬᠤᠭᠤᠴᠠᠭᠠᠨ ᠤ ᠬᠤᠷᠢᠨ ᠨᠠᠢᠮᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠡᠯ ᠬᠤᠷᠡᠯᠳᠤᠪᠡ᠃ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠢᠢᠯᠠᠩ ᠤᠨ ᠱᠦᠵᠢ᠂ ᠲᠡᠷᠢᠭᠦᠯᠡᠭᠴᠢ ᠭᠤᠤ ᠵᠠᠨ ᠱᠸᠡᠭ ᠬᠤᠷᠡᠯ ᠢ ᠡᠷᠭᠢᠯᠡᠭᠰᠡᠨ ᠤ ᠬᠠᠮᠳᠤ ᠶᠠᠷᠢᠶ᠎ᠡ ᠲᠡᠯᠪᠢᠵᠡᠢ᠃    8 ᠰᠠᠷ᠎ᠠ ᠶᠢᠨ 12᠎ ᠤᠨ ᠡᠳᠦᠷ   ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠬᠴᠢ ᠳᠠᠷᠤᠭ᠎ᠠ ᠳ᠋ᠦ᠋ ᠬᠤᠢ ᠯᠢᠶᠠᠩ ᠬᠤᠳᠠ ᠶᠢᠨ ᠨᠢᠭᠡᠳᠤᠭᠡᠷ ᠳᠤᠮᠳᠠᠳᠤ ᠰᠤᠷᠭᠠᠭᠤᠯᠢ᠂ ᠬᠤᠳᠠ ᠶᠢᠨ ᠮᠤᠩᠭᠤᠯ ᠦᠨᠳᠤᠰᠤᠳᠡᠨ ᠤ ᠳᠤᠮᠳᠠᠳᠤ ᠰᠤᠷᠭᠠᠭᠤᠯᠢ᠂ ᠬᠢᠶ᠎ᠠ ᠪᠠᠭᠰᠢ ᠳᠤᠭᠤᠷᠢᠭ ᠤᠨ ᠳᠠᠪᠤᠳᠤᠭᠠᠷ ᠪᠠᠭ᠎ᠠ ᠰᠤᠷᠭᠠᠭᠤᠯᠢ᠂ ᠤᠷᠳᠤᠰ ᠤᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠪᠠ ᠬᠤᠳᠠ ᠶᠢᠨ ᠪᠡᠶ᠎ᠠ ᠶᠢᠨ ᠳᠠᠮᠢᠷ ᠤᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠬᠦᠷᠴᠤ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠪᠡᠯᠡᠳᠭᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠳᠦᠪᠰᠢᠨ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃ ᠬᠤᠳᠠ ᠶᠢᠨ ᠤᠳᠤᠷᠢᠳᠤᠯᠭ᠎ᠠ ᠸᠠᠩ ᠰᠢᠨ ᠢᠤᠢ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃   8 ᠰᠠᠷ᠎ᠠ ᠶᠢᠨ 12᠎ ᠤᠨ ᠡᠳᠦᠷ   ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠢᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢᠢᠯᠠᠩ ᠤᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠢᠢᠯᠠᠩ ᠤᠨ ᠱᠦᠵᠢ᠂ ᠲᠡᠷᠢᠭᠦᠯᠡᠭᠴᠢ ᠭᠤᠤ ᠵᠠᠨ ᠱᠸᠡᠭ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠪᠠ᠃    8 ᠰᠠᠷ᠎ᠠ ᠶᠢᠨ 13᠎ ᠤ ᠡᠳᠦᠷ  ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠬᠠᠴᠢ ᠲᠠᠷᠤᠭ᠎ᠠ ᠳ᠋ᠦ᠋ ᠬᠤᠢ ᠯᠢᠶᠠᠩ ᠲᠤᠰᠬᠠᠢ ᠰᠡᠳᠦᠪᠳᠤ ᠬᠤᠷᠠᠯ ᠬᠤᠷᠠᠯᠳᠤᠭᠤᠯᠵᠤ᠂ ᠪᠦᠭᠦ ᠬᠤᠳᠠ ᠶᠢᠨ ᠨᠡᠭᠦᠷᠡᠰᠦᠨ ᠤ ᠡᠭᠢ ᠪᠠᠶᠠᠯᠢᠭ ᠤᠨ ᠭᠦᠷᠢᠶᠠᠨ ᠳᠠᠬᠢ ᠬᠠᠦᠯᠢ ᠲᠦᠷᠢᠮ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠵᠠᠰᠠᠬᠤ ᠠᠵᠢᠯ ᠢ ᠲᠤᠭᠢᠷᠠᠭᠤᠯᠵᠤ᠂ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠤᠨ᠂ ᠤᠷᠤᠰᠢᠵᠤ ᠪᠠᠶᠢᠭ᠎ᠠ ᠠᠰᠠᠭᠤᠳᠠᠯ ᠢ ᠰᠤᠳᠤᠯᠤᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠤᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠰᠥ᠋ ᠼᠦᠢ ᠹᠠᠨᠭ᠌᠂ ᠺᠦᠡᠭ ᠹᠠᠨ ᠹᠸᠢ ᠬᠤᠷᠠᠯ ᠳᠤ ᠤᠷᠤᠯᠴᠠᠪᠠ᠃    8 ᠰᠠᠷ᠎ᠠ ᠶᠢᠨ 13᠎ ᠤ ᠡᠳᠦᠷ ᠬᠤᠲᠠ ᠶᠢᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ 49 ᠳ᠋ᠦ᠋ᠭᠡᠷ ᠤᠳᠠᠭ᠎ᠠ ᠶᠢᠨ ᠡᠷᠬᠢᠯᠡᠭᠴᠢ ᠨᠠᠷ ᠤᠨ ᠬᠤᠷᠠᠯ ᠬᠤᠷᠠᠯᠳᠤᠵᠦ᠂ ᠬᠤᠲᠠ ᠶᠢᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠳᠤᠭᠠᠷ ᠤᠳᠠᠭ᠎ᠠ ᠶᠢᠨ ᠬᠤᠷᠠᠯ ᠢ 8 ᠰᠠᠷ᠎ᠠ ᠶᠢᠨ 17᠎ ᠤ ᠡᠳᠦᠷ ᠬᠢᠶ᠎ᠠ ᠪᠠᠭᠰᠢ ᠲᠤᠭᠤᠷᠢᠭ ᠲᠤ ᠬᠤᠷᠠᠯᠳᠤᠭᠤᠯᠬᠤ ᠪᠠᠷ ᠲᠤᠭᠳᠠᠪᠠ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠾᠧ ᠶᠢᠨ᠂ ᠸᠠᠩ ᠫᠢᠩ᠂ ᠪᠠᠶᠠᠷ᠂ ᠶᠠᠩ ᠶᠦᠨ᠂ ᠵᠤᠤ ᠹᠸᠢ ᠯᠦ᠂ ᠨᠠᠷᠢᠨ ᠪᠢᠴᠢᠭ ᠤᠨ ᠲᠠᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠪᠠ᠃     8 ᠰᠠᠷ᠎ᠠ ᠶᠢᠨ 14᠎ ᠤ ᠡᠳᠦᠷ ᠠᠴᠠ 15᠎ ᠤ ᠡᠳᠦᠷ ᠪᠤᠯᠳᠠᠯ᠎ᠠ  ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ ᠤᠲᠤᠭ ᠬᠤᠰᠢᠭᠤ᠂ ᠤᠳᠤᠭ ᠤᠨ ᠡᠮᠦᠨᠡᠲᠦ ᠬᠤᠰᠢᠭᠤᠨ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ᠂ ᠪᠣᠬᠢᠷᠲᠤᠯ ᠦᠭᠡᠢ ᠬᠥᠭᠵᠢᠯᠲᠡ᠂ ᠰᠢᠨ᠎ᠡ ᠶᠢ ᠡᠭᠦᠳᠬᠦ ᠬᠥᠭᠵᠢᠯᠲᠡ᠂ ᠠᠮᠤᠷ ᠲᠦᠪᠰᠢᠨ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    8 ᠰᠠᠷ᠎ᠠ ᠶᠢᠨ 17᠎ ᠤ ᠡᠳᠦᠷ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠠᠨᠭ᠍ᠭᠢᠨ ᠬᠤᠰᠢᠭᠤᠨ ᠳᠤ ᠭᠦᠨᠵᠡᠭᠡᠶᠢᠷᠡᠨ᠂ ᠠᠵᠤ ᠠᠬᠤᠢ ᠨᠡᠶᠢᠭᠡᠮ ᠤᠨ ᠭᠦᠭᠵᠢᠯᠳᠡ ᠪᠡ ᠡᠷᠭᠢᠯᠳᠡ ᠶᠢᠨ ᠪᠠᠶᠢᠳᠡᠯ ᠢ ᠪᠠᠶᠢᠴᠠᠭᠠᠨ ᠰᠤᠳᠤᠯᠪᠡ᠃ ᠬᠤᠳᠠ ᠶᠢᠨ ᠤᠳᠤᠷᠢᠳᠤᠯᠭ᠎ᠠ ᠵᠠᠩ ᠸᠧᠢ᠂ ᠸᠠᠩ ᠰᠢᠨ ᠢᠤᠢ᠂ ᠱᠢ ᠶᠡᠨ ᠵᠢᠶᠧ ᠪᠠᠶᠢᠴᠠᠭᠠᠨ ᠰᠤᠳᠤᠯᠦᠯᠳᠡ ᠳᠤ ᠤᠷᠤᠯᠴᠡᠪᠡ᠃   8 ᠰᠠᠷ᠎ᠠ ᠶᠢᠨ 17᠎ ᠤ ᠡᠳᠦᠷ  ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠤᠳᠠᠭᠠᠨ ᠤ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠠᠯᠳᠤᠬᠰᠠᠨ ᠤ ᠬᠠᠮᠳᠤ ᠠᠩᠬᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ᠂ ᠸᠠᠩ ᠫᠢᠡᠭ᠂ ᠾᠧ ᠲᠤᠤ᠂ ᠪᠠᠶᠠᠷ᠂ ᠶᠠᠩ ᠶᠦᠨ᠂ ᠵᠣᠣ ᠹᠸᠢ ᠯᠦ᠂ ᠨᠡᠷᠢᠠ ᠪᠢᠴᠢᠭ ᠤᠨ ᠲᠡᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠲᠤᠷᠠᠳᠤᠭᠳᠠᠭᠴᠢ ᠰᠥ᠋ ᠼᠦᠢ ᠹᠠᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠰᠢᠶᠤᠤ ᠹᠧᠩ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠺᠦᠩ ᠹᠠᠨ ᠹᠸᠢ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠰᠥ᠋ ᠯᠢ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠡᠷᠤᠭ᠎ᠠ ᠶᠠᠩ ᠱᠢ ᠯᠢᠨ ᠬᠤᠷᠠᠯ ᠳᠤ ᠰᠤᠯᠠ ᠣᠷᠣᠯᠴᠠᠪᠠ᠃    8 ᠰᠠᠷ᠎ᠠ ᠶᠢᠨ 17᠎ ᠤ ᠡᠳᠦᠷ   ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠤᠳᠠᠭᠠᠨ ᠤ ᠬᠤᠷᠠᠯ ᠬᠤᠶᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ᠂ ᠸᠠᠩ ᠫᠢᠡᠭ᠂ ᠾᠧ ᠲᠤᠤ᠂ ᠪᠠᠶᠠᠷ᠂ ᠶᠠᠩ ᠶᠦᠨ᠂ ᠵᠣᠣ ᠹᠸᠢ ᠯᠦ᠂ ᠨᠡᠷᠢᠠ ᠪᠢᠴᠢᠭ ᠤᠨ ᠲᠡᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠪᠠ᠃ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠰᠥ᠋ ᠯᠢ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠡᠷᠤᠭ᠎ᠠ ᠶᠠᠩ ᠱᠢ ᠯᠢᠨ ᠬᠤᠷᠠᠯ ᠳᠤ ᠰᠤᠯᠠ ᠣᠷᠣᠯᠴᠠᠪᠠ᠃   8 ᠰᠠᠷ᠎ᠠ ᠶᠢᠨ 17᠎ ᠤ ᠡᠳᠦᠷ    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠡᠵᠡᠨ ᠬᠤᠷᠤᠭ᠎ᠠ ᠬᠤᠰᠢᠭᠤᠨ ᠳᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ᠂ ᠨᠡᠭᠦᠷᠡᠰᠦᠨ ᠠᠭᠤᠷᠬᠠᠶ ᠶᠢᠨ ᠦᠢᠯᠡᠳᠪᠤᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    8 ᠰᠠᠷ᠎ᠠ ᠶᠢᠨ 18᠎ ᠤ ᠡᠳᠦᠷ  ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠦᠦᠰᠢᠨ ᠬᠤᠰᠢᠭᠤᠨ ᠳᠤ ᠭᠦᠨᠵᠡᠭᠡᠶᠢᠷᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠲᠦᠷᠦᠯ ᠵᠦᠢᠯ ᠤᠨ ᠡᠷᠭᠢᠯᠳᠡ᠂ ᠮᠠᠯ ᠲᠠᠷᠢᠶᠠᠯᠠᠩ ᠤᠨ ᠠᠵᠦ ᠦᠢᠯᠡᠰ ᠤᠨ ᠬᠥᠭᠵᠢᠯᠲᠡ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠳᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠭᠵᠢᠯᠲᠡ ᠶᠢᠨ ᠴᠢᠨᠡᠷᠵᠢᠯ ᠪᠣᠯᠤᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠ ᠶᠢᠨ ᠤᠳᠤᠷᠢᠳᠤᠯᠭ᠎ᠠ ᠵᠠᠩ ᠸᠧᠢ᠂ ᠱᠢ ᠶᠠᠨ ᠵᠢᠶᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     8 ᠰᠠᠷ᠎ᠠ ᠶᠢᠨ 17᠎ ᠤ ᠡᠳᠦᠷ ᠠᠴᠠ 18᠎ ᠤ ᠡᠳᠦᠷ ᠪᠤᠯᠳᠠᠯ᠎ᠠ  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠵᠠᠨ ᠱᠧᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠵᠡᠷᠭᠡ ᠡᠲᠡᠭᠡᠳ ᠤᠨ ᠨᠠᠮ ᠤᠨ ᠭᠠᠳᠠᠨᠠᠬᠢ ᠪᠠᠶᠢᠩᠭᠤ ᠶᠢᠨ ᠭᠡᠰᠢᠭᠦᠳ ᠢ ᠳᠠᠭᠠᠭᠤᠯᠤᠨ ᠦᠦᠰᠢᠨ ᠬᠤᠰᠢᠭᠤ᠂ ᠡᠵᠡᠨ ᠬᠤᠷᠤᠭ᠎ᠠ ᠬᠤᠰᠢᠭᠤᠨ ᠳᠤ ᠬᠦᠷᠴᠦ ᠬᠠᠮᠲᠤ ᠪᠠᠷ ᠠᠵᠢᠯ ᠪᠠᠶᠢᠴᠠᠭᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠮ᠊ ᠭᠠᠷᠤᠳᠢ᠂ ᠵᠢᠶ ᠭᠧᠩ ᠶᠦᠨ᠂ ᠤᠯᠠᠭᠠᠨ᠂ ᠯᠢ ᠮᠧᠶ ᠷᠦᠩ᠂ ᠴᠧᠨ ᠵᠢᠩ ᠠᠵᠢᠯ ᠪᠠᠶᠢᠴᠠᠭᠠᠬᠤ ᠳᠤ ᠣᠷᠣᠯᠴᠠᠪᠠ᠃    8 ᠰᠠᠷ᠎ᠠ ᠶᠢᠨ 20᠎ ᠤ ᠡᠳᠦᠷ   ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠨᠠᠮ ᠤᠨ ᠲᠤᠭᠤᠢᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢᠢᠯᠠᠩ ᠤᠨ 2021ᠤᠨ ᠤ ᠨᠠᠢᠮᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ᠬᠤᠷᠡᠯ ᠬᠤᠷᠡᠯᠳᠤᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠨᠠᠮ ᠤᠨ ᠲᠤᠭᠤᠢᠢᠯᠠᠩ ᠤᠨ ᠲᠡᠳ᠋ ᠱᠦᠵᠢ᠂ ᠡᠷᠭᠢᠯᠡᠭᠴᠢ ᠵᠠᠩ ᠵᠠᠨ ᠯᠢᠨ ᠬᠤᠷᠡᠯ ᠢ ᠡᠷᠭᠢᠯᠡᠭᠰᠡᠨ ᠤ ᠬᠠᠮᠳᠤ ᠶᠠᠷᠢᠶ᠎ᠡ ᠲᠡᠯᠪᠢᠵᠡᠢ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠨᠠᠮ ᠤᠨ ᠲᠤᠭᠤᠢᠢᠯᠠᠩ ᠤᠨ ᠪᠦᠷᠢᠯᠳᠦᠭᠦᠨ᠂ ᠲᠡᠳ᠋ ᠡᠷᠭᠢᠯᠡᠭᠴᠢ ᠸᠠᠩ ᠫᠢᠡᠭ᠂ ᠡᡁᠧ ᠲᠤᠤ᠂ ᠪᠠᠶᠠᠷ᠂ ᠶᠠᠩ ᠶᠦᠨ᠂ ᠨᠠᠮ ᠤᠨ ᠲᠤᠭᠤᠢᠢᠯᠠᠩ ᠤᠨ ᠪᠦᠷᠢᠯᠳᠦᠭᠦᠨ ᠶᠠᠩ ᠶᠦᠡᠭ ᠰᠤᠷᠤᠯᠴᠠᠯᠭ᠎ᠠ ᠳᠤ ᠤᠷᠤᠯᠴᠡᠪᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠭᠢᠯᠡᠭᠴᠢ ᠾᠧ ᠶᠢᠨ ᠬᠤᠷᠠᠯ ᠳᠤ ᠰᠤᠯᠠ ᠤᠷᠤᠯᠴᠠᠪᠠ᠃    8 ᠰᠠᠷ᠎ᠠ ᠶᠢᠨ 20᠎ ᠤ ᠡᠳᠦᠷ   ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠲᠠᠷᠤᠭ᠎ᠠ ᠳ᠋ᠦ᠋ ᠬᠤᠢ ᠯᠢᠶᠠᠩ ᠵᠡᠭᠦᠨᠭᠠᠷ ᠬᠤᠰᠢᠭᠤᠨ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠵᠢᠴᠢ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠣ᠋ ᠼᠦᠢ ᠹᠠᠩ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    8 ᠰᠠᠷ᠎ᠠ ᠶᠢᠨ 21᠎ ᠤ ᠡᠳᠦᠷ    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠳᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠵᠢᠴᠢ ᠨᠡᠭᠦᠷᠡᠰᠦᠨ ᠤ ᠭᠠᠷᠤᠯᠲᠠ ᠪᠤᠯᠤᠨ ᠬᠠᠩᠭᠠᠯᠭ᠎ᠠ ᠶᠢ ᠨᠡᠮᠡᠭᠳᠡᠭᠦᠯᠬᠦ ᠵᠡᠷᠭᠡ ᠠᠵᠢᠯ ᠳᠤ ᠲᠣᠬᠢᠷᠠᠭᠤᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠰᠦ᠋ ᠼᠦᠢ ᠹᠠᠩ᠂ ᠺᠦᠩ ᠹᠠᠨ ᠹᠸᠢ᠂ ᠮᠢᠶᠣᠣ ᠴᠧᠩ ᠢᠦᠶ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠬᠤᠷᠠᠯ ᠳᠤ ᠤᠷᠤᠯᠴᠠᠵᠠᠢ᠃     8 ᠰᠠᠷ᠎ᠠ ᠶᠢᠨ 21᠎ ᠤ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ ︽ᠮᠡᠳᠡᠭᠳᠡᠯ ᠪᠠᠭᠤᠯᠭᠠᠬᠤ ᠦᠭᠡᠢ᠂ ᠤᠷᠢᠳᠴᠢᠯᠠᠨ ᠮᠡᠳᠡᠭᠳᠡᠬᠦ ᠦᠭᠡᠢ᠂ ᠬᠠᠷᠢᠭᠤ ᠮᠡᠳᠡᠬᠦᠯᠦᠯᠳᠡ ᠶᠢ ᠰᠤᠨᠤᠰᠬᠤ ᠦᠭᠡᠢ᠂ ᠪᠠᠷ᠎ᠠ ᠪᠤᠯᠤᠯᠴᠠᠵᠤ ᠵᠤᠴᠢᠯᠠᠬᠤ ᠦᠭᠡᠢ᠂ ᠦᠨᠳᠤᠰᠤᠨ ᠱᠠᠳᠤᠨ ᠳᠤ ᠪᠠ ᠳᠤᠬᠠᠢ ᠶᠢᠨ ᠳᠠᠯᠠᠪᠠᠢ ᠳᠤ ᠰᠢᠭᠤᠳ ᠬᠦᠷᠬᠦ︾ ᠠᠷᠭ᠎ᠠ ᠬᠡᠯᠪᠡᠷᠢ ᠪᠠᠷ ᠳ᠋ᠦᠩᠱᠧᠩ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠪᠠ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠤᠲᠠᠭᠤᠳᠠᠯ ᠢᠶᠠᠨ ᠨᠥᠬᠦᠪᠥᠷᠢᠯᠡᠵᠤ ᠪᠠᠭᠤᠷᠠᠢ ᠳᠠᠯ᠎ᠠ ᠪᠠᠨ ᠰᠠᠶᠢᠵᠢᠷᠠᠭᠤᠯᠤᠨ ᠳᠡᠭᠡᠭᠰᠢᠯᠡᠬᠦᠯᠬᠦ ᠶᠢ ᠠᠬᠢᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠪᠣᠯᠪᠠᠰᠤᠨ ᠤ ᠪᠠᠶᠢᠳᠠᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠭᠡᠷᠡᠭᠳᠡᠢ ᠭᠡᠵᠤ ᠴᠢᠬᠤᠯᠠᠴᠢᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠥ᠋ ᠵᠥᠩ ᠱᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠥ᠋ ᠼᠦᠢ ᠹᠠᠩ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠳᠠ ᠳᠤ ᠣᠷᠣᠯᠴᠠᠪᠠ᠃   8 ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ  ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠭᠢᠶ᠎ᠠ ᠪᠠᠭᠰᠢ ᠲᠤᠭᠤᠷᠢᠭ ᠪᠠ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠭᠦᠷᠢᠶᠠᠯᠠᠩ ᠲᠤᠭᠤᠷᠢᠭ ᠲᠤ ᠰᠤᠶᠤᠯ ᠵᠤᠭᠠᠴᠠᠯ ᠪᠠ ᠶᠡᠷᠦᠩᠭᠡᠶᠢᠯᠡᠭᠰᠡᠨ ᠭᠠᠶᠢᠯᠢ ᠪᠠᠳᠤᠯᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠭᠢᠪᠡ᠃ ᠬᠤᠳᠠ ᠶᠢᠨ ᠤᠳᠤᠷᠢᠳᠤᠯᠭ᠎ᠠ ᠰᠢᠩ ᠵᠸᠡᠭ᠂ ᠮᠢᠶᠤᠤ ᠴᠸᠡᠭ ᠢᠤᠢ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃    8 ᠰᠠᠷ᠎ᠠ ᠶᠢᠨ 23᠎ ᠤ ᠡᠳᠦᠷ   ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠵᠡᠬᠦᠠᠭᠠᠷ ᠬᠤᠰᠢᠭᠤᠨ ᠳᠤ ᠬᠦᠨᠵᠡᠭᠡᠶᠢᠷᠡᠨ᠂ ᠤᠳᠤ ᠦᠶ᠎ᠠ ᠶᠢᠨ ᠮᠠᠯ ᠳᠠᠷᠢᠶᠠᠯᠠᠩ᠂ ᠳᠤᠰᠬᠤᠨ ᠤ ᠬᠠᠮᠳᠤ ᠶᠢᠨ ᠠᠵᠤ ᠠᠬᠤᠢ᠂ ᠰᠤᠶᠤᠯ ᠵᠤᠭᠠᠴᠠᠯ ᠤᠨ ᠤᠢᠢᠯᠡᠰ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃ ᠬᠤᠳᠠ ᠶᠢᠨ ᠤᠳᠤᠷᠢᠳᠤᠯᠭ᠎ᠠ ᠵᠠᠩ ᠸᠧᠢ᠂ ᠱᠢ ᠶᠠᠨ ᠵᠢᠶᠧ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃    8 ᠰᠠᠷ᠎ᠠ ᠶᠢᠨ 23᠎ ᠤ ᠡᠳᠦᠷ  ᠭᠤᠤ ᠹᠧᠨ ᠳᠠᠭᠠᠭᠤᠯᠢ ᠤᠳᠤᠨ ᠤ ᠦᠪᠦᠷ ᠮᠤᠩᠭᠤᠯ ᠤᠨ ᠤᠷᠳᠤᠰ ᠤᠨ ᠬᠤᠪᠢᠶᠠᠷᠢ ᠳᠦᠪ ᠤᠨ ᠫᠠᠶᠢᠰᠠ ᠰᠡᠬᠦᠬᠦ ᠶᠤᠰᠤᠯᠠᠯ ᠬᠤᠳᠠ ᠶᠢᠨ ᠴᠠᠭ ᠠᠭᠤᠷ ᠤᠨ ᠳᠤᠪᠴᠢᠶᠠᠨ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠫᠠᠶᠢᠰᠠ ᠰᠡᠬᠦᠬᠦ ᠶᠤᠰᠤᠯᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠂ ᠦᠪᠡᠷᠳᠡᠭᠡᠨ ᠵᠠᠰᠠᠬᠤ ᠤᠷᠤᠨ ᠤ ᠴᠠᠭ ᠠᠭᠤᠷ ᠤᠨ ᠳᠤᠪᠴᠢᠶᠠᠨ ᠳᠠᠷᠤᠭ᠎ᠠ ᠳ᠋ᠠᠩ ᡁᠢ ᠴᠧᠩ᠂ ᠬᠤᠳᠠ ᠶᠢᠨ ᠳᠡᠳ᠋ ᠳᠠᠷᠤᠭ᠎ᠠ ᠺᠦᠩ ᠹᠠᠨ ᠹᠸᠢ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ᠃   8 ᠰᠠᠷ᠎ᠠ ᠶᠢᠨ 23᠎ ᠤ ᠡᠳᠦᠷ   ᠬᠤᠲᠠ ᠶᠢᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ 50 ᠳ᠋ᠤᠭᠠᠷ ᠤᠳᠠᠭ᠎ᠠ ᠶᠢᠨ ᠡᠷᠬᠢᠯᠡᠭᠴᠢ ᠨᠠᠷ ᠤᠨ ᠬᠤᠷᠠᠯ ᠬᠤᠷᠠᠯᠳᠤᠵᠦ᠂ ᠬᠤᠲᠠ ᠶᠢᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠢ 8 ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ ᠬᠢᠶ᠎ᠠ ᠪᠠᠭᠰᠢ ᠲᠤᠭᠤᠷᠢᠭ ᠲᠤ ᠬᠤᠷᠠᠯᠳᠤᠭᠤᠯᠬᠤ ᠪᠠᠷ ᠲᠤᠭᠳᠠᠪᠠ᠃   ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠾᠧ ᠶᠢᠨ᠂ ᠸᠠᠩ ᠫᠢᠩ᠂ ᠪᠠᠶᠠᠷ᠂ ᠶᠠᠩ ᠶᠦᠨ᠂ ᠵᠤᠤ ᠹᠸᠢ ᠯᠦ᠂ ᠨᠠᠷᠢᠨ ᠪᠢᠴᠢᠭ ᠤᠨ ᠲᠠᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠪᠠ᠃ ᠨᠠᠮ ᠤᠨ ᠲᠤᠭᠤᠢᠢᠯᠠᠩ ᠤᠨ ᠪᠦᠷᠢᠯᠳᠦᠬᠦᠨ ᠶᠠᠩ ᠶᠦᠩ ᠬᠤᠷᠠᠯ ᠳᠤ ᠤᠷᠤᠯᠴᠠᠪᠠ᠃   8 ᠰᠠᠷ᠎ᠠ ᠶᠢᠨ 23᠎ ᠤ ᠡᠳᠦᠷ   ᠬᠤᠳᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠨ ᠨᠢᠭᠡᠳᠤᠭᠡᠷ ᠤᠳᠠᠭ᠎ᠠ ᠶᠢᠨ ᠬᠤᠷᠠᠯ ᠬᠢᠶ᠎ᠠ ᠪᠠᠭᠰᠢ ᠳᠤᠭᠤᠷᠢᠭ ᠲᠤ ᠬᠤᠷᠠᠯᠳᠤᠪᠠ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠬᠢᠯᠡᠪᠡ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ᠂ ᠸᠠᠩ ᠫᠢᠩ᠂ ᠾᠧ ᠳᠤᠤ᠂ ᠪᠠᠶᠠᠷ᠂ ᠶᠠᠩ ᠶᠦᠨ᠂ ᠵᠤᠤ ᠹᠸᠢ ᠯᠥ᠂ ᠨᠠᠷᠢᠨ ᠪᠢᠴᠢᠭ ᠤᠨ ᠳᠠᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠪᠠ᠃ ᠬᠤᠳᠠ ᠶᠢᠨ ᠳᠡᠳ᠋ ᠳᠠᠷᠤᠭ᠎ᠠ ᠺᠦᠩ ᠹᠠᠨ ᠹᠸᠢ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠰᠥ᠋ ᠯᠢ ᠵᠢᠶᠦ᠋ᠨ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠳᠠᠷᠤᠭ᠎ᠠ ᠶᠠᠩ ᠱᠢ ᠯᠢᠨ᠂ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠳᠤᠭᠤᠢᠢᠯᠠᠩ ᠤᠨ ᠪᠦᠷᠢᠯᠳᠦᠬᠦᠨ ᠶᠠᠩ ᠶᠦᠩ ᠬᠤᠷᠠᠯ ᠳᠤ ᠰᠤᠯᠠ ᠤᠷᠤᠯᠴᠠᠪᠠ᠃   8 ᠰᠠᠷ᠎ᠠ ᠶᠢᠨ 23᠎ ᠤ ᠡᠳᠦᠷ ᠠᠴᠠ 24᠎ ᠤ ᠡᠳᠦᠷ ᠪᠤᠯᠳᠠᠯ᠎ᠠ  ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠭᠤᠤ ᠵᠠᠨ ᠱᠸᠡᠭ ᠤᠳᠤᠭ ᠤᠨ ᠡᠮᠦᠨᠡᠳᠤ ᠬᠤᠰᠢᠭᠤᠨ ᠳᠤ ᠭᠦᠨᠵᠡᠭᠡᠶᠢᠷᠡᠨ᠂ ᠭᠤᠤᠯᠳᠠᠯᠭ᠎ᠠ ᠲᠠᠢ ᠠᠵᠢᠯ ᠪᠡ ᠭᠤᠤᠯᠳᠠᠯᠭ᠎ᠠ ᠲᠠᠢ ᠲᠦᠷᠦᠯ ᠵᠦᠢᠯ ᠢ ᠠᠭᠢᠭᠤᠯᠤᠬᠰᠡᠨ ᠪᠠᠶᠢᠳᠡᠯ ᠢ ᠪᠠᠶᠢᠴᠠᠭᠠᠨ ᠰᠤᠳᠤᠯᠪᠡ᠃ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠮ᠊ ᠭᠠᠷᠤᠳᠢ᠂ ᠭᠤᠤ ᡁᠢ ᠬᠤᠸᠠ᠂ ᠯᠢ ᠮᠸᠢ ᠷᠦᠡᠭ᠂ ᠨᠠᠷᠢᠨ ᠪᠢᠴᠢᠭ ᠤᠨ ᠲᠠᠷᠤᠭ᠎ᠠ ᠴᠧᠨ ᠵᠢᠩ ᠪᠠᠶᠢᠴᠠᠭᠠᠨ ᠰᠤᠳᠤᠯᠦᠯᠳᠡ ᠳᠤ ᠤᠷᠤᠯᠴᠡᠪᠡ᠃   8 ᠰᠠᠷ᠎ᠠ ᠶᠢᠨ 25᠎ ᠤ ᠡᠳᠦᠷ   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠬᠴᠢ ᠳᠠᠷᠤᠭ᠎ᠠ ᠳ᠋ᠦ᠋ ᠬᠤᠶ ᠯᠢᠶᠠᠩ ᠳ᠋ᠦᠩᠱᠧᠩ ᠲᠣᠭᠤᠷᠢᠭ ᠲᠤ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠪᠠ ᠣᠲᠣ ᠦᠶ᠎ᠡ ᠶᠢᠨ ᠲᠠᠷᠢᠶᠠᠯᠠᠩ ᠢ ᠬᠦᠭᠵᠢᠬᠦᠯᠬᠦ ᠠᠵᠢᠯ ᠢ ᠪᠠᠶᠢᠴᠠᠭᠠᠨ ᠰᠤᠳᠤᠯᠪᠠ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   8 ᠰᠠᠷ᠎ᠠ ᠶᠢᠨ 26᠎ ᠤ ᠡᠳᠦᠷ ᠬᠤᠲᠠ ᠶᠢᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ 51 ᠳ᠋ᠤᠬᠡᠷ ᠤᠳᠠᠭ᠎ᠠ ᠶᠢᠨ ᠡᠷᠬᠢᠯᠡᠭᠴᠢ ᠨᠠᠷ ᠤᠨ ᠬᠤᠷᠠᠯ ᠬᠤᠷᠠᠯᠳᠤᠵᠦ᠂ ᠬᠤᠲᠠ ᠶᠢᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ ᠤᠳᠠᠭ᠎ᠠ ᠶᠢᠨ ᠬᠤᠷᠠᠯ ᠢ 8 ᠰᠠᠷ᠎ᠠ ᠶᠢᠨ 30᠎ ᠤ ᠡᠳᠦᠷ ᠬᠢᠶ᠎ᠠ ᠪᠠᠭᠰᠢ ᠲᠤᠭᠤᠷᠢᠭ ᠲᠤ ᠬᠤᠷᠠᠯᠳᠤᠭᠤᠯᠬᠤ ᠪᠠᠷ ᠲᠤᠭᠳᠠᠪᠠ᠃    ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠾᠧ ᠶᠢᠨ᠂ ᠸᠠᠩ ᠫᠢᠩ᠂ ᠪᠠᠶᠠᠷ᠂ ᠶᠠᠩ ᠶᠦᠨ᠂ ᠵᠤᠤ ᠹᠸᠢ ᠯᠦ᠂ ᠨᠠᠷᠢᠨ ᠪᠢᠴᠢᠭ ᠤᠨ ᠲᠠᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠪᠠ᠃ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠲᠡᠳ᠋ ᠲᠠᠷᠤᠭ᠎ᠠ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠶᠢᠨ ᠵᠢᠱᠢᠭᠳᠡᠭᠴᠢ ᠱᠢ ᠶᠠᠨ ᠵᠢᠶᠧ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠲᠤᠭᠤᠢᠢᠯᠠᠩ ᠤᠨ ᠪᠦᠷᠢᠯᠳᠦᠬᠦᠨ ᠶᠠᠩ ᠶᠦᠩ ᠬᠤᠷᠠᠯ ᠳᠤ ᠤᠷᠤᠯᠴᠠᠪᠠ᠃    8 ᠰᠠᠷ᠎ᠠ ᠶᠢᠨ 26᠎ ᠤ ᠡᠳᠦᠷ   ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠳᠠ ᠶᠢᠨ ᠨᠠᠮ ᠤᠨ ᠪᠠᠶᠢᠭᠤᠯᠤᠯᠳᠠ ᠶᠢᠨ ᠰᠤᠳᠤᠯᠭᠠᠨ ᠤ ᠨᠡᠢᠬᠡᠮᠯᠢᠭ ᠠᠴᠠ ᠬᠠᠮᠳᠤᠷᠠᠨ ᠵᠤᠬᠢᠶᠠᠨ ᠪᠠᠶᠢᠭᠤᠯᠤᠭᠰᠠᠨ ᠰᠢ ᠶᠢᠨ ᠫᠢᠩ ᠶᠡᠷᠦᠩᠬᠡᠢ ᠱᠦᠵᠢ ᠶᠢᠨ ︽7 · 1︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠬᠤᠳᠠ ᠶᠢᠨ ᠨᠠᠮ ᠤᠨ ᠪᠠᠶᠢᠭᠤᠯᠤᠯᠳᠠ ᠶᠢ ᠰᠤᠳᠤᠯᠬᠤ ᠠᠵᠢᠯ ᠤᠨ ᠶᠠᠷᠢᠯᠴᠠᠬᠤ ᠬᠤᠷᠠᠯ ᠢ ᠬᠤᠳᠠ ᠶᠢᠨ ᠨᠠᠮ ᠤᠨ ᠰᠤᠷᠭᠠᠭᠤᠯᠢ ᠳᠤ ᠬᠤᠷᠠᠯᠳᠤᠭᠤᠯᠪᠠ ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠬᠤᠳᠠ ᠶᠢᠨ ᠨᠠᠮ ᠤᠨ ᠪᠠᠶᠢᠭᠤᠯᠤᠯᠳᠠ ᠶᠢᠨ ᠰᠤᠳᠤᠯᠭᠠᠨ ᠤ ᠨᠡᠶᠢᠬᠡᠮᠯᠢᠭ ᠤᠨ ᠳᠠᠷᠤᠭ᠎ᠠ ᠭᠦᠩ ᠢ ᠬᠤᠷᠠᠯ ᠳᠤ ᠤᠷᠤᠯᠴᠠᠬᠤ ᠶᠢᠨ ᠬᠠᠮᠳᠤ ᠶᠡᠷᠢᠶ᠎ᠡ ᠲᠠᠯᠪᠢᠪᠠ᠃ ᠬᠤᠳᠠ ᠶᠢᠨ ᠨᠠᠮ ᠤᠨ ᠪᠠᠶᠢᠭᠤᠯᠤᠯᠳᠠ ᠶᠢᠨ ᠰᠤᠳᠤᠯᠭᠠᠨ ᠤ ᠨᠠᠢᠬᠡᠮᠯᠢᠭ ᠤᠨ ᠡᠯ᠎ᠡ ᠭᠡᠰᠢᠭᠦᠨ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃    8 ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠤᠯᠳᠠᠯ᠎ᠠ   ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠸᠧᠢ ᠭᠦᠸᠧ ᠨᠠᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠦᠯᠳᠡ ᠶᠢᠨ ᠲᠤᠭᠤᠢᠢᠯᠠᠩ ᠢ ᠲᠠᠭᠠᠭᠤᠯᠤᠨ ᠮᠠᠨ ᠤ ᠬᠤᠳᠠ ᠳᠤ ᠢᠷᠡᠵᠤ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠵᠢᠭᠠᠨ ᠵᠢᠯᠤᠭᠤᠳᠤᠬᠰᠡᠨ ᠤ ᠬᠠᠮᠳᠤ ︽ᠤᠯᠡᠨ ᠲᠠᠪᠬᠤᠷᠭᠠᠳᠤ ᠨᠠᠰᠤᠵᠢᠯ ᠤᠨ ᠲᠤᠬᠳᠠᠯᠴᠠᠭ᠎ᠠ ᠶᠢᠨ ᠪᠠᠶᠢᠭᠤᠯᠤᠯᠳᠡ︾᠎ ᠶᠢᠨ ᠲᠤᠮᠳᠡ ᠤᠷᠳᠤ ᠬᠤᠭᠤᠴᠠᠭᠠᠨ ᠤ ᠰᠤᠳᠤᠯᠭᠠᠨ ᠤ ᠰᠡᠳᠦᠪ ᠤᠨ ᠲᠤᠭᠤᠷᠢᠨ ᠳᠤ ᠪᠠᠶᠢᠴᠠᠭᠠᠨ ᠰᠤᠳᠤᠯᠦᠯᠳᠡ ᠭᠢᠭᠰᠡᠨ ᠤ ᠬᠠᠮᠳᠤ ᠶᠠᠷᠢᠯᠴᠠᠬᠤ ᠬᠤᠷᠡᠯ ᠬᠤᠷᠡᠯᠳᠤᠭᠤᠯᠵᠤ᠂ ᠬᠤᠷᠡᠯ ᠳᠤ ᠤᠷᠤᠯᠴᠠᠬᠰᠡᠳ ᠲᠠᠢ ᠭᠦᠨᠵᠡᠭᠡᠢ ᠰᠤᠯᠢᠯᠴᠠᠭ᠎ᠠ ᠭᠢᠵᠡᠢ᠃ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠭᠤᠤ ᠵᠠᠨ ᠱᠸᠡᠭ᠂ ᠲᠡᠳ᠋ ᠲᠡᠷᠢᠭᠦᠯᠡᠭᠴᠢ ᠭᠤᠤ ᡁᠢ ᠬᠤᠸᠠ᠂ ᠨᠠᠷᠢᠨ ᠪᠢᠴᠢᠭ ᠤᠨ ᠲᠠᠷᠤᠭ᠎ᠠ ᠴᠧᠨ ᠵᠢᠩ ᠪᠡᠷ᠎ᠡ ᠪᠤᠯᠦᠯᠴᠡᠵᠤ ᠪᠠᠶᠢᠴᠠᠭᠠᠨ ᠰᠤᠳᠤᠯᠦᠯᠳᠡ ᠭᠢᠭᠰᠡᠨ ᠤ ᠬᠠᠮᠳᠤ ᠶᠠᠷᠢᠯᠴᠠᠬᠤ ᠬᠤᠷᠡᠯ ᠳᠤ ᠤᠷᠤᠯᠴᠡᠪᠡ᠃    8 ᠰᠠᠷ᠎ᠠ ᠶᠢᠨ 27᠎ ᠤ ᠡᠳᠦᠷ   ᠬᠤᠳᠠ ᠶᠢᠨ ᠨᠠᠮ ᠤᠨ ᠬᠤᠷᠢᠶᠡᠨ ᠤ ᠴᠡᠷᠢᠭ ᠤᠨ ᠶᠠᠪᠤᠳᠡᠯ ᠢ ᠵᠦᠪᠯᠡᠭᠦ ᠬᠤᠷᠡᠯ ᠵᠢᠴᠢ ᠬᠤᠳᠠ ᠶᠢᠨ ᠤᠯᠤᠰ ᠤᠨ ᠪᠠᠳᠤᠯᠡᠨ ᠬᠠᠮᠠᠭᠠᠯᠠᠯᠳᠡ ᠶᠢᠨ ᠲᠠᠶᠢᠴᠢᠯᠠᠯᠳᠡ ᠶᠢᠨ ᠵᠦᠪᠯᠡᠯ ᠤᠨ ᠪᠦᠭᠦᠳᠡ ᠬᠤᠷᠡᠯ ᠭᠢᠶ᠎ᠡ ᠪᠠᠭᠰᠢ ᠲᠤᠭᠤᠷᠢᠭ ᠲᠤ ᠬᠤᠷᠡᠯᠳᠤᠪᠡ᠃ ᠬᠤᠳᠠ ᠶᠢᠨ ᠨᠠᠮ ᠤᠨ ᠬᠤᠷᠢᠶᠡᠨ ᠤ ᠱᠦᠵᠢ᠂ ᠤᠷᠳᠤᠰ ᠤᠨ ᠴᠡᠷᠢᠭ ᠤᠨ ᠬᠤᠪᠢᠶᠠᠷᠢ ᠲᠤᠭᠤᠷᠢᠭ ᠤᠨ ᠨᠠᠮ ᠤᠨ ᠬᠤᠷᠢᠶᠡᠨ ᠤ ᠨᠢᠭᠡᠳᠤᠭᠡᠷ ᠱᠦᠵᠢ ᠯᠢ ᠯᠢ ᠬᠤᠷᠡᠯ ᠢ ᠡᠷᠭᠢᠯᠡᠭᠰᠡᠨ ᠤ ᠬᠠᠮᠳᠤ ᠶᠠᠷᠢᠶ᠎ᠡ ᠲᠡᠯᠪᠢᠵᠡᠢ᠃ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠬᠤᠷᠡᠯ ᠳᠤ ᠤᠷᠤᠯᠴᠠᠬᠰᠡᠨ ᠤ ᠬᠠᠮᠳᠤ ᠶᠠᠷᠢᠶ᠎ᠡ ᠲᠡᠯᠪᠢᠵᠡᠢ︔   8 ᠰᠠᠷ᠎ᠠ ᠶᠢᠨ 29᠎ ᠤ ᠡᠳᠦᠷ   ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠬᠴᠢ ᠳᠠᠷᠤᠭ᠎ᠠ ᠳ᠋ᠦ᠋ ᠬᠤᠢ ᠯᠢᠶᠠᠩ ᠳᠠᠯᠠᠳ ᠬᠤᠰᠢᠭᠤ᠂ ᠵᠡᠬᠦᠠᠭᠠᠷ ᠬᠤᠰᠢᠭᠤᠨ ᠳᠤ ᠬᠦᠷᠴᠤ ᠬᠦᠳᠡᠭᠡ ᠳᠤᠰᠬᠤᠨ ᠢ ᠬᠦᠭᠵᠢᠬᠦᠯᠬᠦ ᠪᠠ ᠪᠤᠬᠢᠷᠳᠤᠯ ᠦᠭᠡᠢ ᠠᠭᠤᠷᠬᠠᠢ ᠶᠢᠨ ᠪᠦᠳᠤᠭᠡᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃   8 ᠰᠠᠷ᠎ᠠ ᠶᠢᠨ 30᠎ ᠤ ᠡᠳᠦᠷ  ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠡᠭ ᠤᠨ ᠴᠢᠬᠤᠯᠠ ᠵᠣᠬᠢᠶᠠᠯ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠪᠤᠯᠤᠨ ᠱᠢ ᠲᠠᠢ ᠹᠧᠩ ᠱᠦᠵᠢ ᠶᠢᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ᠂ ︽ᠶᠡᠷᠦᠩᠬᠡᠶ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠥᠨᠵᠡᠬᠡᠢ ᠰᠤᠷᠤᠯᠴᠠᠨ ᠳᠤᠭᠤᠰᠢᠯᠠᠭᠤᠯᠬᠤ ᠳᠤᠬᠠᠢ ᠤᠷᠳᠤᠰ ᠬᠤᠳᠠ ᠶᠢᠨ ᠨᠠᠮ ᠤᠨ ᠬᠤᠷᠢᠶᠠᠨ ᠤ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠤ᠂ ᠪᠦᠬᠦ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠦᠯᠢ ᠲᠥᠷᠢᠮ ᠠᠴᠠ ᠵᠥᠷᠢᠴᠡᠭᠰᠡᠨ ᠠᠰᠠᠭᠤᠳᠠᠯ ᠢ ᠳᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃   8 ᠰᠠᠷ᠎ᠠ ᠶᠢᠨ 30᠎ ᠤ ᠡᠳᠦᠷ  ᠬᠤᠳᠠ ᠶᠢᠨ ᠨᠠᠮ ᠤᠨ ᠬᠤᠷᠢᠶᠠᠨ ᠤ ᠦᠭᠡᠷᠡᠴᠢᠯᠠᠯᠳᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠭᠦ ᠵᠦᠪᠯᠡᠯ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠨᠠᠮ ᠤᠨ ᠬᠤᠷᠢᠶᠠᠨ ᠤ ᠦᠭᠡᠷᠡᠴᠢᠯᠠᠯᠳᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠭᠦ ᠵᠦᠪᠯᠡᠯ ᠤᠨ ᠡᠷᠭᠢᠯᠡᠭᠴᠢ ᠯᠢ ᠯᠢ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶᠠᠨ ᠤ ᠦᠭᠡᠷᠡᠴᠢᠯᠠᠯᠳᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠭᠦ ᠵᠦᠪᠯᠡᠯ ᠤᠨ ᠲᠡᠳ᠋ ᠡᠷᠭᠢᠯᠡᠭᠴᠢ ᠳ᠋ᠦ᠋ ᠬᠤᠢ ᠯᠢᠶᠠᠩ᠂ ᠰᠥ᠋ ᠼᠦᠢ ᠹᠠᠨᠭ᠌ ᠬᠤᠷᠠᠯ ᠳᠤ ᠤᠷᠤᠯᠴᠠᠪᠠ᠃   8 ᠰᠠᠷ᠎ᠠ ᠶᠢᠨ 31᠎ ᠤ ᠡᠳᠦᠷ ᠤᠨ ᠦᠳᠡ ᠶᠢᠨ ᠡᠮᠦᠨ᠎ᠡ  ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠲᠠ ᠶᠢᠨ ᠵᠢᠷᠭᠤᠳᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠬᠢᠴᠢᠶᠡᠯ ᠤᠨ ᠲᠠᠩᠬᠢᠮ ᠬᠢᠶ᠎ᠠ ᠪᠠᠭᠰᠢ ᠲᠣᠭᠤᠷᠢᠭ ᠲᠤ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠯᠢ ᠯᠢ᠂ ᠰᠤ᠋ ᠵᠥᠩ ᠱᠧᠩ᠂ ᠱᠧ ᠰᠢ ᠸᠧᠨ᠂ ᠵᠧᠨ ᠬᠤᠸᠠ᠂ ᠯᠢᠦ ᠰᠢᠶᠤᠤ ᠹᠧᠩ᠂ ᠵᠠᠩ ᠸᠧᠶ᠂ ᠪᠦᠷᠢᠨᠴᠢᠮᠡᠭ᠂ ᠱᠢ ᠶᠠᠨ ᠵᠢᠶᠧ᠂ ᠺᠦᠩ ᠹᠠᠨ ᠹᠸᠢ᠂ ᠯᠢᠦ ᠹᠧᠩ ᠶᠦᠨ᠂ ᠮ᠊ ᠭᠠᠷᠤᠳᠢ᠂ ᠤᠯᠠᠭᠠᠨ᠂ ᠹᠠᠩ ᠵᠢᠶᠠᠨ ᠬᠤᠸᠠ ᠲᠠᠶᠢᠯᠤᠮᠵᠢ ᠶᠢ ᠰᠣᠨᠣᠰᠴᠤ᠂ ᠰᠤ᠋ ᠵᠥᠩ ᠱᠧᠩ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠵᠤ᠂ ᠬᠤᠸᠠ ᠷᠦᠢ ᠹᠧᠩ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃   8 ᠰᠠᠷ᠎ᠠ ᠶᠢᠨ 31᠎ ᠤ ᠡᠳᠦᠷ  ᠬᠤᠳᠠ ᠶᠢᠨ ᠲᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠭᠤᠴᠢᠨ ᠬᠤᠶᠠᠳᠤᠭᠠᠷ ᠤᠳᠠᠭ᠎ᠠ ᠶᠢᠨ ᠬᠤᠷᠡᠯ ᠭᠢᠶ᠎ᠡ ᠪᠠᠭᠰᠢ ᠳᠤ ᠬᠤᠷᠠᠯᠳᠤᠨ ᠡᠭᠢᠯᠡᠭᠰᠡᠨ ᠤ ᠬᠠᠮᠳᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠡᠯ ᠬᠤᠷᠡᠯᠳᠤᠭᠤᠯᠪᠡ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠡᠷᠭᠢᠯᠡᠭᠴᠢ ᠵᠠᠩ ᠵᠠᠨ ᠯᠢᠨ ᠬᠤᠷᠡᠯ ᠢ ᠡᠷᠭᠢᠯᠡᠪᠡ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠲᠡᠳ᠋ ᠡᠷᠭᠢᠯᠡᠭᠴᠢ ᠡᡁᠧ ᠶᠢᠨ᠂ ᠸᠠᠩ ᠫᠢᠡᠭ᠂ ᠡᡁᠧ ᠲᠤᠤ᠂ ᠪᠠᠶᠠᠷ᠂ ᠶᠠᠩ ᠶᠦᠨ᠂ ᠵᠤᠤ ᠹᠸᠢ ᠯᠦ᠂ ᠨᠠᠷᠢᠨ ᠪᠢᠴᠢᠭ ᠤᠨ ᠲᠠᠷᠤᠭ᠎ᠠ ᠹᠠᠨ ᠵᠢᠶᠦ᠋ᠨ ᠫᠢᠡᠭ ᠬᠤᠷᠡᠯ ᠳᠤ ᠤᠷᠤᠯᠴᠡᠪᠡ᠃ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠰᠤ᠋ ᠼᠦᠢ ᠹᠠᠨᠭ᠌᠂ ᠬᠤᠳᠠ ᠶᠢᠨ ᠲᠡᠳ᠋ ᠲᠠᠷᠤᠭ᠎ᠠ ᠪᠠᠷ ᠨᠡᠷ᠎ᠡ ᠲᠤᠷᠠᠳᠤᠬᠰᠡᠳ ᠸᠠᠩ ᠰᠢᠨ ᠢᠤᠢ᠂ ᠮᠢᠶᠤᠤ ᠴᠸᠡᠭ ᠢᠤᠢ᠂ ᠬᠤᠳᠠ ᠶᠢᠨ ᠠᠷᠠᠳ ᠤᠨ ᠲᠤᠮᠳᠡ ᠵᠡᠷᠭᠡ ᠶᠢᠨ ᠰᠢᠭᠦᠭᠦ ᠬᠤᠷᠢᠶᠡᠨ ᠤ ᠬᠤᠷᠢᠶᠡᠨ ᠲᠠᠷᠤᠭ᠎ᠠ ᠰᠤ᠋ ᠯᠢ ᠵᠢᠶᠦ᠋ᠨ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠡᠨ ᠤ ᠪᠠᠶᠢᠴᠠᠭᠠᠬᠴᠢ ᠲᠠᠷᠤᠭ᠎ᠠ ᠶᠠᠩ ᠱᠢ ᠯᠢᠨ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠨᠠᠮ ᠤᠨ ᠲᠤᠭᠤᠢᠢᠯᠠᠩ ᠤᠨ ᠪᠦᠷᠢᠯᠳᠦᠭᠦᠨ ᠶᠠᠩ ᠶᠦᠡᠭ ᠬᠤᠷᠡᠯ ᠳᠤ ᠰᠤᠯᠡ ᠤᠷᠤᠯᠴᠡᠪᠡ᠃
 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号