ᠣᠷᠳᠣᠰ ᠬᠤᠲᠠ ᠶᠢᠨ ︽ᠨᠢᠭᠡ ᠦᠨᠡᠮᠯᠡᠯ ᠢᠶᠠᠷ ᠨᠡᠪᠲᠡᠷᠡᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ  ᠤᠷᠳᠤᠰ ᠵᠠᠰᠠᠭ ᠠᠯᠪᠠᠨ ᠲᠠᠷᠬᠠᠭᠠᠭᠰᠠᠨ ﹇2021﹈ 59 ᠳ᠋ᠤᠬᠡᠷ ᠲᠤᠭᠠᠳᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄    ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠷᠳᠣᠰ ᠬᠤᠲᠠ ᠶᠢᠨ ︿ᠨᠢᠭᠡ ᠦᠨᠡᠮᠯᠡᠯ ᠢᠶᠠᠷ ᠨᠡᠪᠲᠡᠷᠡᠬᠦ﹀᠎ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠲᠤᠭᠠᠶ᠃                         ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2021 ᠣᠨ ᠤ 9 ᠰᠠᠷ᠎ᠠ ᠶᠢᠨ 16᠎ ᠤ ᠡᠳᠦᠷᠣᠷᠳᠣᠰ ᠬᠤᠲᠠ ᠶᠢᠨ ︽ᠨᠢᠭᠡ ᠦᠨᠡᠮᠯᠡᠯ ᠢᠶᠠᠷ ᠨᠡᠪᠲᠡᠷᠡᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ    ᠪᠥᠬᠦ ᠤᠯᠤᠰ ᠤᠨ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠬᠦᠨᠵᠡᠬᠡᠶᠢᠷᠡᠭᠦᠯᠵᠣ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠳ᠋ᠢᠶᠠᠩᠬᠤᠸᠠ ᠬᠤᠷᠠᠯ ᠪᠠ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ︽ ᠤᠷᠤᠭᠤᠯᠬᠤ ᠶᠢ ᠵᠦᠪᠰᠢᠶᠡᠷᠡᠵᠣ ᠡᠵᠡᠩᠨᠡᠬᠦ ᠶᠢ ᠵᠦᠪᠰᠢᠶᠡᠷᠡᠬᠦ ᠦᠬᠡᠢ︾ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃   ᠨᠢᠭᠡ᠂ ᠠᠵᠢᠯ ᠤᠨ ᠬᠠᠷᠠᠯᠲᠠ    ︽ᠨᠢᠭᠡ ᠤᠴᠢᠷ ᠶᠠᠪᠤᠳᠠᠯ︾᠎ ᠢ ᠪᠦᠲᠦᠭᠡᠬᠦ ᠪᠠᠷ ᠤᠳᠤᠷᠢᠳᠤᠮᠵᠢ ᠪᠣᠯᠭᠠᠨ᠂ ᠠᠵᠢᠯ ᠲᠦᠷᠦᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠲᠦᠷᠢᠮ ᠢ ᠪᠠᠶᠢᠭᠤᠯᠵᠤ ᠂ ᠨᠢᠭᠡ ᠠᠵᠢᠯ ᠲᠦᠷᠦᠯ ᠤᠨ ᠤᠷᠤᠭᠤᠯᠬᠤ ᠶᠢ ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠭᠰᠠᠨ ᠤᠯᠠᠨ ᠵᠥᠪᠰᠢᠶᠡᠷᠡᠯ ᠤᠨ ᠦᠨᠡᠮᠯᠡᠯ ᠢ ᠨᠡᠶᠢᠯᠡᠭᠦᠯᠦᠭᠡᠳ ᠨᠢᠭᠡ ᠠᠵᠢᠯ ᠲᠦᠷᠦᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠵᠤ᠂ ᠨᠢᠭᠡ ᠠᠵᠢᠯ ᠲᠦᠷᠦᠯ ᠤᠨ ᠪᠦᠬᠦ ᠬᠡᠯᠬᠢᠶ᠎ᠡ ᠪᠠᠷ ᠵᠥᠪᠰᠢᠶᠡᠷᠡᠬᠦ᠂ ᠤᠯᠠᠨ ᠤᠴᠢᠷ ᠶᠠᠪᠤᠳᠠᠯ ᠢ ᠨᠡᠶᠢᠯᠡᠭᠦᠯᠬᠦ᠂ ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠪᠤᠢ ᠪᠣᠯᠭᠠᠨ᠎ᠠ᠃ ᠡᠩ ᠲᠡᠷᠢᠭᠦᠨ ᠳᠤ ︽ᠨᠢᠭᠡ ᠣᠴᠢᠷ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠵᠣᠶᠢᠯᠡᠰ ᠤᠨ ᠳᠣᠲᠣᠷᠠᠬᠢ ᠭᠦᠢᠴᠡᠳᠬᠡᠬᠦ ᠳᠠᠪᠲᠠᠮᠵᠢ ᠨᠢ ᠥᠨᠳᠥᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠬᠠᠷᠢᠴᠠᠩᠭᠤᠶ ᠪᠠᠷ ᠲᠥᠪᠯᠡᠷᠡᠭᠰᠡᠨ ᠠᠵᠢᠯ ᠲᠥᠷᠥᠯ ᠢ ︽ᠨᠢᠭᠡ ᠦᠨᠡᠮᠯᠡᠯ ᠢᠶᠠᠷ ᠨᠡᠪᠲᠡᠷᠡᠬᠦ︾ ᠬᠡᠪᠴᠢᠶᠡᠨ ᠳᠤ ᠣᠷᠣᠭᠤᠯᠤᠨ ᠪᠥᠬᠦ ᠬᠤᠲᠠ ᠳᠤ ᠬᠡᠷᠡᠭᠵᠢᠭᠦᠯᠵᠦ᠂ ᠪᠤᠰᠤᠳ ᠠᠵᠢᠯ ᠲᠥᠷᠥᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠣᠶᠢᠯᠡᠰ ᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠪᠦᠯᠦᠭ ᠬᠤᠪᠢᠶᠠᠨ ︽ᠨᠢᠭᠡ ᠦᠨᠡᠮᠯᠡᠯ ᠢᠶᠠᠷ ᠨᠡᠪᠲᠡᠷᠡᠬᠦ︾᠎ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠎ᠠ᠃    ᠬᠤᠶᠠᠷ᠂ ᠭᠦᠢᠴᠡᠳᠬᠡᠬᠦ ᠠᠷᠭ᠎ᠠ ᠮᠠᠶ᠋ᠢᠭ    ᠭᠤᠶᠤᠴᠢᠯᠠᠭᠴᠢ ᠶᠢᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠵᠠᠷᠴᠢᠮ ᠶᠣᠰᠣᠭᠠᠷ᠂ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠶᠢ ᠨᠢᠭᠡ ᠴᠤᠩᠬᠤᠪᠴᠢ ᠪᠠᠷ ᠭᠥᠯᠢᠶᠡᠨ ᠠᠪᠴᠤ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠤᠩᠬᠤᠪᠴᠢ ᠪᠠᠷ ᠨᠢᠭᠡᠳᠦᠯᠲᠡᠶ ᠦᠨᠡᠮᠯᠡᠯ ᠣᠯᠭᠤᠬᠤ︾ ᠠᠵᠢᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ᠎ᠠ᠃   ︵ᠨᠢᠭᠡ︶ ᠭᠤᠶᠤᠴᠢᠯᠠᠯ ᠭᠠᠷᠭᠠᠬᠤ᠃    1. ᠰᠦᠯᠵᠢᠶᠡᠨ ᠳᠡᠭᠡᠷ᠎ᠡ ᠮᠡᠳᠡᠭᠦᠯᠬᠦ᠃ ᠭᠤᠶᠤᠴᠢᠯᠠᠭᠴᠢ ᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠦᠯᠵᠢᠶ᠎ᠡ ︵ᠣᠷᠳᠣᠰ︶ ᠎ ᠶᠢᠨ ︽ᠮᠧᠩ ᠰᠦ ᠪᠠᠨ᠂ ᠨᠢᠬᠡ ᠤᠳᠠᠭ᠎ᠠ ᠳᠤ ᠭᠦᠢᠴᠡᠳᠬᠡᠬᠦ︾ ᠤᠴᠢᠷ ᠶᠠᠪᠤᠳᠠᠯ ᠭᠦᠢᠴᠡᠳᠬᠡᠬᠦ ᠲᠤᠰᠬᠠᠶ ᠪᠤᠯᠤᠩ ᠳᠤ ᠭᠤᠶᠤᠴᠢᠯᠠᠨ ᠭᠦᠢᠴᠡᠳᠬᠡᠬᠦ ᠠᠵᠢᠯ ᠲᠥᠷᠥᠯ ᠪᠠ ᠵᠣᠶᠢᠯᠡᠰ ᠢ ᠰᠣᠩᠭᠤᠵᠤ᠂ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ᠂ ᠠᠷᠤ ᠲᠠᠪᠴᠠᠩ ᠳᠤ ᠬᠠᠷᠭᠤᠭᠤᠯᠤᠨ ᠪᠠᠶᠢᠴᠠᠭᠠᠬᠤ ᠪᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠳᠤ ᠣᠷᠣᠭᠤᠯᠤᠨ᠎ᠠ᠃    2. ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ᠃ ᠭᠤᠶᠤᠴᠢᠯᠠᠭᠴᠢ ᠨᠢ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ︽ᠮᠧᠩ ᠰᠦ ᠪᠠᠨ ·  ᠨᠢᠭᠡ ᠤᠳᠠᠭ᠎ᠠ ᠳᠤ ᠭᠦᠢᠴᠡᠳᠬᠡᠬᠦ︾ ᠴᠤᠩᠬᠤᠪᠴᠢ ᠪᠠᠷ ᠳᠡᠮᠵᠢᠨ ᠭᠤᠶᠤᠴᠢᠯᠠᠯ ᠤᠨ ᠮᠠᠲ᠋ᠧᠷᠢᠶᠠᠯ ᠢᠶᠠᠨ ᠨᠢᠭᠡᠯᠡ ᠤᠳᠠᠭ᠎ᠠ ᠲᠤᠰᠢᠶᠠᠭᠰᠠᠨ ᠤ ᠳᠠᠷᠠᠭ᠎ᠠ᠂ ᠲᠥᠷᠥᠯ ᠬᠤᠪᠢᠶᠠᠨ ᠠᠷᠤ ᠲᠠᠪᠴᠠᠩ ᠳᠤ ᠰᠢᠯᠵᠢᠭᠦᠯᠦᠨ ᠬᠢᠨᠠᠨ ᠵᠦᠪᠰᠢᠶᠡᠷᠡᠨ᠎ᠡ᠃   ︵ᠬᠤᠶᠠᠷ︶ ᠠᠷᠤ ᠲᠠᠪᠴᠠᠩ ᠳᠤ ᠬᠢᠨᠠᠨ ᠵᠥᠪᠰᠢᠶᠡᠷᠡᠨ᠎ᠡ᠃ ᠶᠡᠷᠦᠩᠬᠡᠶᠢᠯᠡᠭᠰᠡᠨ ᠴᠤᠩᠬᠤᠪᠴᠢ ᠪᠠᠷ ᠭᠥᠯᠢᠶᠡᠨ ᠠᠪᠤᠭᠰᠠᠨ ᠭᠤᠶᠤᠴᠢᠯᠠᠯ ᠤᠨ ᠮᠠᠲ᠋ᠧᠷᠢᠶᠠᠯ ᠢ ᠡᠯᠤᠺᠲᠷᠤᠨᠴᠢᠯᠠᠬᠰᠠᠨ ᠪᠤᠶᠤ ᠮᠠᠲ᠋ᠧᠷᠢᠶᠠᠯ ᠢ ᠡᠷᠬᠢᠯᠳᠦᠭᠦᠯᠬᠦ ᠠᠷᠭ᠎ᠠ ᠮᠠᠶ᠋ᠢᠭ ᠢᠶᠠᠷ ᠬᠤᠯᠪᠤᠭᠳᠠᠯ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠨ ᠦᠭᠴᠣ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠮᠠᠯᠠᠭᠰᠠᠨ ᠴᠠᠭ ᠤᠨ ᠬᠢᠵᠠᠭᠠᠷ ᠶᠣᠰᠣᠭᠠᠷ ᠬᠢᠨᠠᠨ ᠵᠥᠪᠰᠢᠶᠡᠷᠡᠵᠦ᠂ ᠭᠦᠢᠴᠡᠳᠭᠡᠭᠰᠡᠨ ᠦᠷ᠎ᠡ ᠳ᠋ᠦᠩ ᠢᠶᠠᠨ ᠶᠡᠷᠦᠩᠬᠡᠶᠢᠯᠡᠭᠰᠡᠨ ᠴᠤᠩᠬᠤᠪᠴᠢ ᠳᠤ ᠬᠦᠷᠬᠡᠨ᠎ᠡ᠃   ︵ᠭᠤᠷᠪᠠ︶ ᠨᠢᠭᠡᠳᠦᠯᠲᠡᠶ ᠦᠨᠡᠮᠯᠡᠯ ᠭᠠᠷᠭᠠᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠮᠡᠳᠡᠭᠳᠡᠵᠦ᠂ ᠶᠡᠷᠦᠩᠬᠡᠶᠢᠯᠡᠭᠰᠡᠨ ᠴᠤᠩᠬᠤᠪᠴᠢ ᠠᠴᠠ ᠲᠤᠬᠠᠶ ᠶᠢᠨ ᠲᠠᠯᠠᠪᠤᠷ ᠲᠤᠨᠢ ᠲᠤᠰᠢᠶᠠᠬᠤ᠂ ᠰᠤᠶᠢᠳᠬᠡᠯ ᠬᠤᠷᠢᠶᠠᠬᠤ ᠥᠬᠡᠶ ᠪᠠᠷ ᠢᠯᠡᠭᠡᠬᠦ᠂ ᠰᠦᠯᠵᠢᠶᠡᠨ ᠳᠡᠭᠡᠷ᠎ᠡ ᠳᠠᠮᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠥᠬᠦᠶ ᠦᠨᠡᠮᠯᠡᠯ ᠢ ᠨᠢᠭᠡᠳᠦᠯᠲᠡᠶ ᠬᠦᠷᠭᠡᠬᠦ ᠶᠢᠨ ᠬᠠᠮᠲᠤ ᠪᠠᠶᠢᠴᠠᠭᠠᠨ ᠯᠠᠪᠯᠠᠬᠤ ᠠᠷᠭ᠎ᠠ ᠵᠠᠮ ᠢ ᠨᠡᠶᠢᠳᠡᠯᠡᠨ᠎ᠡ᠃ ᠭᠤᠶᠤᠴᠢᠯᠠᠭᠴᠢ ᠨᠢ ᠬᠤᠯᠪᠣᠭᠳᠠᠯ ᠪᠦᠬᠦᠢ ᠭᠠᠭᠴᠠ ᠵᠦᠢᠯ ᠤᠨ ᠵᠥᠪᠰᠢᠶᠡᠷᠡᠯ ᠤᠨ ᠦᠨᠡᠮᠯᠡᠯ ᠢ ᠬᠡᠷᠡᠭᠰᠡᠬᠦ ᠴᠢᠬᠤᠯᠠᠲᠠᠶ ᠪᠠᠶᠢᠪᠠᠯ᠂ ᠠᠵᠢᠯ ᠲᠦᠷᠦᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠲᠠᠢ ᠬᠠᠮᠲᠤ ᠳᠤᠨᠢ ᠬᠢᠨᠠᠨ ᠣᠯᠭᠤᠨ᠎ᠠ᠃ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠎ ᠤᠨ ᠦᠨᠡᠮᠯᠡᠯ ᠳᠤ ᠲᠡᠮᠳᠡᠭᠯᠡᠨ ᠲᠣᠳᠣᠷᠬᠠᠶᠢᠯᠠᠭᠰᠠᠨ ᠭᠠᠭᠴᠠ ᠵᠣᠶᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠳᠤ ᠬᠤᠪᠢᠷᠠᠯᠲᠠ ᠭᠠᠷᠬᠤ᠂ ᠦᠷᠭᠦᠯᠵᠢᠯᠡᠬᠦ᠂ ᠬᠦᠴᠦᠨ ᠥᠬᠡᠶ ᠪᠣᠯᠬᠤ ᠳᠤ᠂ ᠬᠤᠯᠪᠤᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠎ ᠤᠨ ᠦᠨᠡᠮᠯᠡᠯ ᠣᠯᠭᠤᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠪᠤᠶᠤ ᠵᠠᠬᠢᠳᠠᠯ ᠢᠶᠠᠷ ᠮᠡᠳᠡᠭᠳᠡᠵᠦ᠂ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠡᠭᠡᠷ᠎ᠡ ᠨᠡᠮᠡᠭᠰᠡᠨ ᠵᠣᠬᠢᠴᠠᠩᠭᠤᠶ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ ᠶᠢ ᠬᠤᠪᠢᠷᠠᠭᠤᠯᠬᠤ ᠪᠤᠶᠤ ᠬᠠᠰᠤᠵᠤ᠂ ᠦᠨᠡᠮᠯᠡᠯ ᠭᠠᠷᠳᠠᠭᠴᠢ ᠳᠤ ᠴᠠᠭ ᠲᠤᠬᠠᠶ ᠳᠤᠨᠢ ᠰᠤᠶᠢᠳᠬᠡᠯ ᠬᠤᠷᠢᠶᠠᠬᠤ ᠥᠬᠡᠶ ᠪᠠᠷ ᠰᠢᠨ᠎ᠡ ᠦᠨᠡᠮᠯᠡᠯ ᠢ ᠰᠣᠯᠢᠵᠤ ᠦᠭᠭᠦᠨ᠎ᠡ᠃   ᠭᠤᠷᠪᠠ᠂ ᠠᠵᠢᠯ ᠤᠨ ᠡᠭᠦᠷᠭᠡ    ︵ᠨᠢᠭᠡ︶ ︽ᠨᠢᠭᠡ ᠬᠠᠭᠤᠳᠠᠰᠤ ᠪᠠᠷ ᠮᠡᠳᠡᠭᠳᠡᠬᠦ︾᠃ ︽ᠨᠢᠭᠡ ᠦᠨᠡᠮᠯᠡᠯ ᠢᠶᠠᠷ ᠨᠡᠪᠲᠡᠷᠡᠬᠦ︾ ᠬᠡᠪᠴᠢᠶᠡᠨ ᠳᠤ ᠣᠷᠣᠭᠤᠯᠤᠭᠰᠠᠨ ᠬᠢᠨᠠᠨ ᠵᠥᠪᠰᠢᠶᠡᠷᠡᠬᠦ ᠣᠶᠢᠯᠡᠴᠢᠯᠡᠬᠡᠨ ᠤ ᠵᠣᠶᠢᠯᠡᠰ ᠲᠤ᠂ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠨᠢᠭᠡ ᠠᠵᠢᠯ ᠲᠥᠷᠥᠯ ᠤᠨ ᠣᠯᠠᠨ ᠵᠥᠪᠰᠢᠶᠡᠷᠡᠯ ᠤᠨ ᠦᠨᠡᠮᠯᠡᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠨᠥᠬᠦᠴᠡᠯ ᠢ ᠪᠠᠷᠢᠮᠵᠢᠶᠠᠵᠢᠭᠤᠯᠤᠨ ᠬᠤᠷᠠᠮᠳᠤᠭᠤᠯᠵᠤ᠂ ᠵᠥᠪ ᠣᠨᠣᠪᠴᠢᠲᠠᠶ᠂ ᠲᠣᠳᠣᠷᠬᠠᠶ᠂ ᠣᠶᠢᠯᠠᠭᠠᠮᠵᠢᠲᠠᠶ ᠤᠴᠢᠷ ᠶᠠᠪᠤᠳᠠᠯ ᠭᠦᠢᠴᠡᠳᠬᠡᠬᠦ ᠵᠦᠭᠯᠡᠭᠦᠷ ᠪᠠ ᠭᠦᠢᠴᠡᠳᠬᠡᠬᠦ ᠴᠤᠪᠤᠷᠠᠯ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ ︽ᠨᠢᠭᠡ ᠯᠡ ᠤᠳᠠᠭ᠎ᠠ ᠳᠤ ᠮᠡᠳᠡᠭᠳᠡᠬᠦ︾᠎ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶   ︵ᠬᠤᠶᠠᠷ︶ ︽ᠨᠢᠭᠡ ᠢᠵᠢ ᠮᠠᠲ᠋ᠧᠷᠢᠶᠠᠯ︾᠃ ︽ᠨᠢᠬᠡ ᠦᠨᠡᠮᠯᠡᠯ ᠢᠶᠠᠷ ᠨᠡᠪᠲᠡᠷᠡᠬᠦ︾ ᠠᠵᠢᠯ ᠲᠥᠷᠥᠯ ᠤᠨ ᠭᠤᠶᠤᠴᠢᠯᠠᠯ ᠤᠨ ᠮᠠᠲ᠋ᠧᠷᠢᠶᠠᠯ ᠢ ᠪᠥᠬᠦ ᠲᠠᠯ᠎ᠠ ᠎ ᠪᠠᠷ ᠡᠮᠬᠢᠯᠡᠨ ᠳᠢᠭᠯᠡᠵᠦ᠂ ᠠᠵᠢᠯ ᠲᠥᠷᠥᠯ ᠤᠨ ᠪᠣᠢ ᠪᠦᠬᠦᠢ ᠵᠥᠪᠰᠢᠶᠡᠷᠡᠯ ᠤᠨ ᠵᠣᠶᠢᠯᠡᠰ ᠤᠨ ᠭᠤᠶᠤᠴᠢᠯᠠᠯ ᠤᠨ ᠮᠠᠲ᠋ᠧᠷᠢᠶᠠᠯ ᠪᠠ ᠪᠢᠴᠢᠭ ᠬᠠᠷ᠎ᠠ ᠶᠢ ᠡᠮᠬᠢᠯᠡᠨ ᠨᠡᠶᠢᠯᠡᠭᠦᠯᠵᠦ᠂ ᠲᠤᠰᠢᠶᠠᠬᠤ ᠮᠠᠲ᠋ᠧᠷᠢᠶᠠᠯ ᠤᠨ ᠵᠢᠷᠤᠮᠵᠢᠯ ᠪᠠ ᠪᠢᠴᠢᠭ ᠬᠠᠷ᠎ᠠ ᠶᠢᠨ ᠵᠠᠭᠪᠤᠷ ᠢ ᠲᠣᠭᠲᠠᠭᠠᠨ᠂ ᠵᠥᠪᠰᠢᠶᠡᠷᠡᠯ ᠭᠤᠶᠤᠴᠢᠯᠠᠬᠤ ︽ᠨᠢᠭᠡ ᠢᠵᠢ ᠮᠠᠲ᠋ᠧᠷᠢᠶᠠᠯ︾᠎ ᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠎ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶   ︵ᠭᠤᠷᠪᠠ︶ ︽ᠨᠢᠭᠡ ᠴᠤᠩᠬᠤᠪᠴᠢ ᠪᠠᠷ ᠰᠢᠢᠳᠪᠦᠷᠢᠯᠡᠬᠦ︾᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠰᠢᠢᠳᠪᠦᠷᠢᠯᠡᠬᠦ ᠴᠤᠩᠬᠤᠪᠴᠢ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢᠨ ᠬᠠᠮᠲᠤ᠂ ᠣᠶᠢᠯᠡᠴᠢᠯᠡᠬᠡᠨ ᠤ ᠲᠤᠰᠬᠠᠶ ᠠᠵᠢᠯᠳᠠᠨ ᠳᠣᠭᠢᠷᠠᠭᠤᠯᠵᠤ᠂ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ᠂ ᠭᠤᠶᠤᠴᠢᠯᠠᠯ ᠢ ᠰᠢᠢᠳᠪᠦᠷᠢᠯᠡᠬᠦ᠂ ᠮᠠᠲ᠋ᠧᠷᠢᠶᠠᠯ ᠢ ᠡᠷᠭᠢᠯᠳᠦᠭᠦᠯᠬᠦ᠂ ᠲᠤᠬᠠᠶᠢᠯᠠᠭᠰᠠᠨ ᠠᠵᠢᠯ ᠢ ᠵᠣᠬᠢᠴᠠᠭᠤᠯᠬᠤ᠂ ᠦᠨᠡᠮᠯᠡᠯ ᠣᠯᠭᠤᠬᠤ᠂ ᠲᠠᠩᠰᠠ ᠡᠪᠬᠡᠮᠡᠯ ᠢ ᠬᠠᠳᠠᠭᠠᠯᠠᠬᠤ ᠵᠡᠷᠭᠡ ᠠᠵᠢᠯ ᠢ ᠨᠢᠭᠡᠳᠦᠯᠲᠡᠶ ᠬᠠᠷᠢᠭᠤᠴᠠᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠠᠴᠠ ᠨᠢᠭᠡᠳᠦᠯᠲᠡᠶ ᠳᠣᠭᠢᠷᠠᠭᠤᠯᠤᠨ ᠬᠠᠮᠢᠶᠠᠷᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶   ︵ᠳᠥᠷᠪᠡ︶ ︽ᠨᠢᠭᠡ ᠯᠡ ᠴᠤᠩᠬᠤᠪᠴᠢ ᠪᠠᠷ ᠬᠢᠨᠠᠨ ᠵᠦᠪᠰᠢᠶᠡᠷᠡᠬᠦ︾᠃ ︽ᠨᠢᠭᠡ ᠬᠠᠭᠤᠳᠠᠰᠤ ᠪᠠᠷ ᠮᠡᠳᠡᠭᠳᠡᠬᠦ︾ ᠪᠠ ︽ᠨᠢᠭᠡ ᠢᠵᠢ ᠮᠠᠲ᠋ᠧᠷᠢᠶᠠᠯ︾᠎ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠵᠢᠯ ᠲᠥᠷᠥᠯ ᠤᠨ ᠣᠯᠠᠨ ᠵᠣᠶᠢᠯᠡᠰ ᠲᠤ ᠬᠤᠯᠪᠣᠭᠳᠠᠬᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠪᠠ ᠳᠣᠲᠣᠭᠠᠳᠤ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠣᠯᠠᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠶᠢ ᠨᠢᠭᠡ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠎ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶    ︵ᠲᠠᠪᠤ︶ ︽ᠨᠢᠭᠡ ᠦᠨᠡᠮᠯᠡᠯ ᠢᠶᠠᠷ ᠡᠵᠡᠩᠨᠡᠯᠲᠡ ᠶᠢ ᠵᠥᠪᠰᠢᠶᠡᠷᠡᠬᠦ︾᠃ ᠨᠢᠭᠡ ᠠᠵᠢᠯ ᠲᠥᠷᠥᠯ ᠤᠨ ᠤᠷᠤᠭᠤᠯᠬᠤ ᠶᠢ ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠭᠰᠠᠨ ᠣᠯᠠᠨ ᠵᠥᠪᠰᠢᠶᠡᠷᠡᠯ ᠤᠨ ᠦᠨᠡᠮᠯᠡᠯ ᠢ ᠨᠢᠭᠡ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠨ ᠨᠢᠭᠡᠳᠬᠡᠬᠦ ᠶᠢᠨ ᠬᠠᠮᠲᠤ᠂ ᠨᠢᠭᠡ ᠠᠵᠢᠯ ᠲᠥᠷᠥᠯ ᠤᠨ ᠤᠷᠤᠭᠤᠯᠬᠤ ᠶᠢ ᠵᠦᠪᠰᠢᠶᠡᠷᠡᠬᠦ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠭᠰᠠᠨ ᠪᠣᠢ ᠪᠦᠬᠦᠢ ᠵᠥᠪᠰᠢᠶᠡᠷᠡᠯ ᠤᠨ ᠦᠨᠡᠮᠯᠡᠯ ᠤᠨ ᠮᠡᠳᠡᠭᠡ ᠵᠠᠩᠭᠢ ᠶᠢ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠤᠨ ᠮᠡᠷᠬᠡᠨ ᠴᠣᠬᠤᠷ ᠳᠡᠭᠡᠷ᠎ᠡ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠨ ᠲᠠᠮᠠᠭ᠎ᠠ ᠶᠢ ᠳᠠᠷᠤᠵᠤ᠂ ︽ᠨᠢᠭᠡ ᠦᠨᠡᠮᠯᠡᠯ ᠢᠶᠠᠷ ᠡᠵᠡᠩᠨᠡᠯᠲᠡ ᠶᠢ ᠵᠥᠪᠰᠢᠶᠡᠷᠡᠵᠦ᠂ ᠮᠡᠷᠬᠡᠨ ᠴᠤᠬᠤᠷ ᠢᠶᠠᠷ ᠦᠨᠡᠮᠯᠡᠯ ᠢ ᠤᠷᠤᠯᠠᠬᠤ︾᠎ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶    ︵ᠵᠢᠷᠭᠤᠭ᠎ᠠ︶ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾᠃ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ︔ ᠭᠤᠶᠤᠴᠢᠯᠠᠯ ᠤᠨ ᠮᠠᠲ᠋ᠧᠷᠢᠶᠠᠯ ᠤᠨ ᠳᠡᠳ᠋ᠯᠡᠬᠦ ᠨᠥᠬᠦᠴᠡᠯ ᠢᠶᠠᠷ ᠳᠤᠲᠠᠮᠠᠭ ᠪᠠᠶᠢᠪᠠᠯ᠂ ᠲᠤᠬᠠᠶ ᠶᠢᠨ ᠬᠥᠮᠦᠨ ᠨᠢ ᠨᠦᠬᠦᠪᠦᠷᠢᠯᠡᠬᠦ ᠪᠠᠷ ᠠᠮᠠᠯᠠᠭᠰᠠᠨ ᠤ ᠳᠠᠷᠠᠭ᠎ᠠ᠂ ᠭᠤᠤᠯ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠭᠦᠢᠴᠡᠳᠬᠡᠵᠣ ᠦᠭᠬᠦ᠂ ᠠᠮᠠᠯᠠᠯᠲᠠ ᠪᠠᠨ ᠮᠡᠳᠡᠭᠳᠡᠬᠦ ᠠᠷᠭ᠎ᠠ ᠮᠠᠶ᠋ᠢᠭ ᠢ ᠠᠪᠴᠤ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶    ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ︽ᠨᠢᠭᠡ ᠦᠨᠡᠮᠯᠡᠯ ᠢᠶᠠᠷ ᠨᠡᠪᠲᠡᠷᠡᠬᠦ︾ ᠥᠭᠡᠷᠡᠴᠢᠯᠡᠯᠲᠡ ᠪᠣᠯ ᠮᠠᠨ ᠤ ᠬᠤᠲᠠ ᠶᠢᠨ ︽ᠮᠧᠩ ᠰᠦ ᠪᠠᠨ · ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢᠨ ᠠᠵᠢᠯ ᠤᠨ ᠲᠤᠬᠠᠶ ᠭᠦᠨᠵᠡᠭᠡᠶ ᠰᠦᠪᠡᠭᠴᠢᠯᠡᠭᠰᠡᠨ ᠣᠶᠢᠯᠡᠳᠦᠯᠬᠡ ᠪᠣᠯᠤᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ︽ᠨᠢᠬᠡ ᠦᠨᠡᠮᠯᠡᠯ ᠢᠶᠠᠷ ᠨᠡᠪᠲᠡᠷᠡᠬᠦ︾ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠣᠬᠢᠴᠠᠭᠤᠯᠤᠨ ᠠᠬᠢᠭᠤᠯᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠵᠦ᠂ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠎ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠳ ᠲᠣᠰ ᠱᠠᠲᠤᠨ ᠤ ᠬᠤᠯᠪᠤᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠥᠭᠡᠷᠡᠴᠢᠯᠡᠯᠲᠡ ᠶᠢ ᠠᠬᠢᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠡᠷᠲᠡᠬᠡᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠎ ᠶᠢ ᠦᠨᠡᠨ ᠬᠦ ᠪᠠᠳᠤᠯᠠᠨ᠎ᠠ᠃   ︵ᠬᠤᠶᠠᠷ︶ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠨ᠎ᠠ᠃ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠣᠲᠣ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠵᠣᠶᠢᠯᠡᠰ ᠢ ᠬᠦᠴᠦᠨ ᠥᠬᠡᠶ ᠪᠣᠯᠭᠠᠬᠤ ᠥᠬᠡᠶ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠪᠡᠶᠡᠴᠢ ᠴᠣᠭᠴᠠ᠂ ᠬᠠᠤᠯᠢ ᠴᠠᠭᠠᠵᠠ ᠶᠢᠨ ᠬᠦᠴᠦᠨ ᠪᠠ ᠬᠠᠤᠯᠢ ᠴᠠᠭᠠᠵᠠ ᠶᠢᠨ ᠬᠠᠷᠢᠴᠠᠭ᠎ᠠ ᠶᠢ ᠬᠤᠪᠢᠷᠠᠭᠤᠯᠬᠤ ᠥᠬᠡᠶ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠦᠭᠰᠡᠨ ᠠᠴᠠ ᠪᠣᠯᠤᠭᠰᠠᠨ ᠵᠠᠰᠠᠭ ᠵᠠᠬᠢᠷᠭᠠᠨ ᠤ ᠵᠠᠷᠭᠤ ᠪᠤᠶᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠡᠭᠦᠷᠭᠡᠯᠡᠨ᠎ᠡ᠃ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠳᠤ ᠬᠤᠷᠠᠮᠳᠤᠭᠰᠠᠨ ᠵᠥᠪᠰᠢᠶᠡᠷᠡᠯ ᠤᠨ ᠮᠡᠳᠡᠭᠡ ᠵᠠᠩᠭᠢ ᠨᠢ ᠬᠤᠯᠪᠣᠭᠳᠠᠯ ᠪᠥᠬᠦᠶ ᠭᠠᠭᠴᠠ ᠵᠣᠶᠢᠯ ᠤᠨ ᠵᠥᠪᠰᠢᠶᠡᠷᠡᠯ ᠤᠨ ᠦᠨᠡᠮᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠪᠠᠶᠢᠵᠤ᠂ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠢ ᠪᠥᠬᠦ ᠬᠤᠲᠠ ᠳᠤ ᠨᠡᠶᠢᠳᠡᠮ ᠬᠡᠷᠡᠭᠯᠡᠨ᠎ᠡ᠃    ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠨᠡᠶᠢᠭᠡᠮ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ︽ᠨᠢᠬᠡ ᠦᠨᠡᠮᠯᠡᠯ ᠢᠶᠠᠷ ᠨᠡᠪᠲᠡᠷᠡᠬᠦ︾ ᠥᠭᠡᠷᠡᠴᠢᠯᠡᠯᠲᠡ ᠶᠢᠨ ᠨᠡᠶᠢᠭᠡᠮ ᠤᠨ ᠲᠠᠨᠢᠯᠲᠠ ᠪᠠ ᠠᠵᠤ ᠠᠬᠤᠶᠢᠯᠠᠯ ᠣᠯᠠᠨ ᠲᠦᠮᠡᠨ ᠤ ᠮᠡᠳᠡᠷᠡᠬᠦ ᠰᠡᠳᠬᠢᠯᠭᠡ ᠶᠢ ᠲᠡᠭᠡᠭᠰᠢᠯᠡᠭᠦᠯᠦᠨ᠎ᠡ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ︽ᠨᠢᠬᠡ ᠦᠨᠡᠮᠯᠡᠯ ᠢᠶᠠᠷ ᠨᠡᠪᠲᠡᠷᠡᠬᠦ︾ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠬᠦ ᠶᠢ ᠵᠣᠷᠢᠭᠵᠢᠭᠤᠯᠵᠤ᠂ ᠨᠢᠭᠡ ᠪᠦᠯᠦᠭ ᠪᠣᠯᠪᠠᠰᠤᠷᠠᠩᠭᠤᠶ ᠪᠣᠯᠪᠠᠯ ᠨᠢᠭᠡ ᠪᠦᠯᠦᠭ ᠢ ᠨᠡᠶᠢᠲᠡᠯᠡᠵᠦ᠂ ᠨᠢᠭᠡ ᠪᠦᠯᠦᠭ ᠢ ᠬᠡᠷᠡᠭᠵᠢᠭᠦᠯᠦᠨ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃  
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ