ᠣᠷᠳᠣᠰ ᠬᠤᠲᠠ ᠶᠢᠨ ︿ᠪᠥᠬᠦ ᠬᠤᠲᠠ ᠶᠢᠨ ᠨᠡᠶᠢᠳᠡᠮ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ  ᠣᠷᠳᠣᠰ ᠤᠨ ᠵᠠᠰᠠᠭ ᠤᠨ ᠣᠷᠳᠣᠨ ᠠᠯᠪᠠᠨ ᠲᠠᠷᠬᠠᠭᠠᠭᠰᠠᠨ ﹇2021﹈ 61 ᠳ᠋ᠤᠬᠡᠷ ᠲᠣᠭᠠᠲᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄    ︽ᠣᠷᠳᠣᠰ ᠬᠤᠲᠠ ᠶᠢᠨ ︿ᠪᠥᠬᠦ ᠬᠤᠲᠠ ᠶᠢᠨ ᠨᠡᠶᠢᠳᠡᠮ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ︾᠎ ᠢ ᠬᠤᠲᠠ ᠶᠢᠨ ᠠᠷᠠᠳ ᠎ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠲᠤᠭᠠᠶ᠃                       ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2021 ᠣᠨ ᠤ 9 ᠰᠠᠷ᠎ᠠ ᠶᠢᠨ 16᠎ ᠤ ᠡᠳᠦᠷ ᠣᠷᠳᠣᠰ ᠬᠤᠲᠠ ᠶᠢᠨ ︿ᠪᠥᠬᠦ ᠬᠤᠲᠠ ᠶᠢᠨ ᠨᠡᠶᠢᠳᠡᠮ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠦᠰᠦᠯ    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ  ᠨᠠᠶᠢᠳᠠᠪᠦᠷᠢᠵᠢᠭᠤᠯᠵᠤ᠂ ᠠᠷᠠᠳ ᠲᠤ ᠲᠥᠬᠦᠮ ᠦᠵᠡᠭᠦᠯᠬᠦ ᠥᠨᠳᠥᠷ ᠪᠦᠲᠦᠮᠵᠢᠲᠡᠶ᠂ ᠨᠢᠭᠡᠳᠦᠯᠲᠡᠶ ᠪᠠᠷᠢᠮᠵᠢᠶ᠎ᠠ ᠲᠠᠢ᠂ ᠬᠠᠮᠵᠢᠯᠴᠠᠨ ᠢᠲᠡᠭᠡᠯᠴᠡᠭᠰᠡᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠰᠢᠨ᠎ᠡ ᠵᠠᠭᠪᠤᠷ ᠢ ᠲᠦᠷᠬᠡᠨ ᠢᠶᠠᠷ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ︽ᠣᠯᠠᠨ ᠭᠠᠵᠠᠷ ᠲᠤ ᠭᠦᠶᠦᠬᠦ︾ ︽ᠪᠤᠴᠠᠵᠤ ᠭᠦᠶᠦᠬᠦ︾ ᠵᠡᠷᠭᠡ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠥᠬᠦᠮ ᠦᠵᠡᠭᠦᠯᠬᠦ ᠬᠡᠮᠵᠢᠶ᠎ᠡ ᠪᠠ ᠠᠵᠤ ᠠᠬᠤᠶᠢᠯᠠᠯ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃   ᠨᠢᠭᠡ᠂ ᠠᠵᠢᠯ ᠤᠨ ᠬᠠᠷᠠᠯᠲᠠ      ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠴᠤᠪᠤᠷᠠᠯ ᠪᠠ ᠠᠷᠭ᠎ᠠ ᠮᠠᠶ᠋ᠢᠭ ᠢ ᠰᠢᠰᠲ᠋ᠧᠮ ᠲᠠᠢ ᠪᠠᠷ ᠳᠠᠬᠢᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠪᠠᠷᠢᠮᠵᠢᠶᠠᠵᠢᠭᠤᠯᠬᠤ᠂ ᠬᠠᠮᠵᠢᠯᠴᠠᠬᠤ᠂ ᠤᠶᠤᠨᠴᠢᠯᠠᠬᠤ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠂ ︽ᠨᠢᠭᠡᠳᠤᠯᠲᠠᠢ ᠪᠠᠷᠢᠮᠵᠢᠶ᠎ᠠ ᠲᠠᠢ᠂ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ᠂ ᠬᠠᠮᠵᠢᠯᠴᠠᠨ ᠬᠠᠮᠲᠤᠷᠠᠨ ᠬᠥᠳᠡᠯᠦᠯᠴᠡᠬᠦ︾ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠦᠨ᠎ᠡ᠃ 2021 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ᠂ 457 ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠵᠦ᠂ ︽ᠣᠨᠳᠣᠤ ᠭᠠᠵᠠᠷ ᠲᠤ ᠪᠢᠴᠢᠭ ᠮᠠᠲ᠋ᠧᠷᠢᠶᠠᠯ ᠬᠤᠷᠢᠶᠠᠨ ᠠᠪᠴᠤ᠂ ᠠᠯᠤᠰ ᠠᠴᠠ ᠭᠥᠯᠢᠶᠡᠨ ᠠᠪᠴᠤ ᠰᠢᠢᠳᠪᠦᠷᠢᠯᠡᠬᠦ︾ ᠣᠶᠢᠯᠡᠴᠢᠯᠡᠬᠡᠨ ᠤ ᠵᠠᠭᠪᠤᠷ ᠢ ᠪᠣᠶ ᠪᠣᠯᠭᠠᠨ᠎ᠠ︔ 2021 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ 500 ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ︵110 ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠣᠶᠢᠯᠡᠰ ᠢ ᠪᠠᠭᠲᠠᠭᠠᠨ᠎ᠠ︶᠎ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠦᠨ᠎ᠡ︔        2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠨᠳᠥᠷ ᠲᠠᠪᠳᠠᠮᠵᠢᠳᠤ ᠵᠣᠶᠢᠯᠡᠰ ᠢ ︽ᠪᠥᠬᠦ ᠬᠤᠲᠠ ᠳᠤ ᠨᠡᠶᠢᠳᠡᠮ  ᠭᠦᠢᠴᠡᠳᠬᠡᠬᠦ︾᠎ ᠶᠢ ᠪᠡᠶᠡᠯᠡᠭᠦᠯᠵᠦ᠂ ︽ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ︾ ᠣᠶᠢᠯᠡᠴᠢᠯᠡᠬᠡᠨ ᠤ ᠵᠠᠭᠪᠤᠷ ᠢ ᠦᠨᠳᠦᠰᠦᠨ ᠳᠡᠭᠡᠨ ᠪᠡᠶᠡᠯᠡᠭᠦᠯᠵᠦ᠂ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠵᠤᠶᠢᠯᠡᠰ ᠢ ᠠᠳᠠᠯᠢ ᠪᠠᠷᠢᠮᠵᠢᠶ᠎ᠠ ᠪᠠᠷ ᠭᠥᠯᠢᠶᠡᠨ ᠠᠪᠴᠤ ᠰᠢᠢᠳᠪᠦᠷᠢᠯᠡᠬᠦ᠂ ᠢᠯᠭᠠᠭ᠎ᠠ ᠥᠬᠡᠶ ᠪᠠᠷ ᠭᠦᠢᠴᠡᠳᠬᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃   ᠬᠤᠶᠠᠷ᠂ ᠠᠵᠢᠯᠯᠠᠭᠠᠨ ᠤ ᠵᠠᠭᠪᠤᠷ   ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠰᠢᠢᠳᠪᠦᠷᠢᠯᠡᠬᠦ᠂ ᠠᠯᠬᠤᠮ ᠠᠯᠬᠤᠮ ᠢᠶᠠᠷ ᠠᠬᠢᠭᠤᠯᠬᠤ ᠵᠠᠷᠴᠢᠮ ᠶᠣᠰᠣᠭᠠᠷ᠂ ︽ᠪᠥᠬᠦ ᠬᠤᠲᠠ ᠎ ᠳᠤ ᠨᠡᠶᠢᠳᠡᠮ ᠭᠦᠢᠴᠡᠳᠬᠡᠬᠦ︾᠎ ᠶᠢ ᠣᠨᠳᠣᠤ ᠭᠠᠵᠠᠷ ᠲᠤ ᠪᠢᠴᠢᠭ ᠮᠠᠲ᠋ᠧᠷᠢᠶᠠᠯ ᠭᠥᠯᠢᠶᠡᠨ ᠠᠪᠬᠤ᠂ ᠠᠯᠤᠰ ᠠᠴᠠ ᠭᠥᠯᠢᠶᠡᠨ ᠠᠪᠴᠤ ᠰᠢᠢᠳᠪᠦᠷᠢᠯᠡᠬᠦ ᠪᠠ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ ᠬᠤᠶᠠᠷ ᠵᠣᠶᠢᠯ ᠤᠨ ᠵᠠᠭᠪᠤᠷ ᠪᠣᠯᠭᠠᠨ ᠬᠤᠪᠢᠶᠠᠵᠤ᠂ ᠡᠩ ᠲᠡᠷᠢᠭᠦᠨ ᠳᠤ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠵᠦ᠂ ᠪᠠᠷᠢᠮᠵᠢᠶᠠᠵᠢᠭᠤᠯᠬᠤ ᠠᠵᠢᠯ ᠪᠣᠯᠪᠠᠰᠤᠷᠠᠩᠭᠤᠶ ᠪᠣᠯᠤᠭᠰᠠᠨ ᠤ ᠳᠠᠷᠠᠭ᠎ᠠ᠂ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠰᠢᠢᠳᠪᠦᠷᠢᠯᠡᠬᠦ ᠵᠠᠭᠪᠤᠷ ᠲᠤ ᠠᠯᠬᠤᠮ ᠠᠯᠬᠤᠮ ᠢᠶᠠᠷ ᠰᠢᠯᠵᠢᠨ ᠣᠷᠣᠨ᠎ᠠ᠃   ︵ᠨᠢᠭᠡ︶ ᠣᠨᠳᠣᠤ ᠭᠠᠵᠠᠷ ᠲᠤ ᠪᠢᠴᠢᠭ ᠮᠠᠲ᠋ᠧᠷᠢᠶᠠᠯ ᠭᠥᠯᠢᠶᠡᠨ ᠠᠪᠬᠤ᠂ ᠠᠯᠤᠰ ᠠᠴᠠ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ᠃ ᠭᠤᠶᠤᠴᠢᠯᠠᠭᠴᠢ ᠠᠴᠠ ᠣᠷᠳᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠦᠪᠡᠰᠦᠪᠡᠨ ᠰᠤᠩᠭᠤᠵᠤ᠂ ᠨᠡᠶᠢᠳᠡᠮ ᠭᠦᠢᠴᠡᠳᠬᠡᠬᠦ ᠴᠤᠩᠬᠤᠪᠴᠢ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠤᠨ ᠴᠤᠩᠬᠤᠪᠴᠢ ᠠᠴᠠ ᠠᠯᠤᠰ ᠤᠨ ᠸᠢᠳᠢᠣ᠋ ᠪᠠᠷ ᠳᠡᠮᠵᠢᠨ ᠨᠡᠶᠢᠳᠡᠮ ᠭᠦᠢᠴᠡᠳᠬᠡᠬᠦ ᠴᠤᠩᠬᠤᠪᠴᠢ ᠶᠢ ᠬᠠᠮᠵᠢᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ ᠮᠠᠭᠠᠳᠯᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠥᠬᠡᠶ ᠪᠠᠶᠢᠪᠠᠯ ᠲᠤᠬᠠᠶ ᠶᠢᠨ ᠲᠠᠯᠠᠪᠤᠷ ᠲᠤᠨᠢ ᠨᠢᠭᠡ ᠤᠳᠠᠭ᠎ᠠ ᠳᠤ ᠮᠡᠳᠡᠭᠳᠡᠵᠦ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠨᠠᠶᠢᠳᠠᠮ ᠭᠦᠢᠴᠡᠳᠬᠡᠬᠦ ᠴᠤᠩᠬᠤᠪᠴᠢ ᠠᠴᠠ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠤᠨ ᠴᠤᠩᠬᠤᠪᠴᠢ ᠳᠤ ᠰᠢᠯᠵᠢᠭᠦᠯᠦᠨ ᠲᠤᠰᠢᠶᠠᠵᠤ ᠭᠦᠢᠴᠡᠳᠬᠡᠨ᠎ᠡ᠃ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠤᠨ ᠴᠤᠩᠬᠤᠪᠴᠢ ᠨᠢ ᠭᠦᠢᠴᠡᠳᠬᠡᠵᠣ ᠳᠠᠭᠤᠰᠬᠠᠭᠰᠠᠨ ᠤ ᠳᠠᠷᠠᠭ᠎ᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠬᠦᠷᠬᠡᠨ᠎ᠡ᠃    ︵ᠬᠤᠶᠠᠷ︶ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ ᠵᠠᠭᠪᠤᠷ᠃ ᠭᠤᠶᠤᠴᠢᠯᠠᠭᠴᠢ ᠠᠴᠠ ᠣᠷᠳᠣᠰ ᠬᠤᠲᠠ ᠎ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠦᠪᠡᠰᠦᠪᠡᠨ ᠰᠤᠩᠭᠤᠵᠤ᠂ ᠨᠠᠶᠢᠳᠠᠮ ᠭᠦᠢᠴᠡᠳᠬᠡᠬᠦ ᠴᠤᠩᠬᠤᠪᠴᠢ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠳᠤ᠂ ᠪᠥᠬᠦ ᠬᠤᠲᠠ ᠶᠢᠨ ᠨᠢᠭᠡᠳᠦᠯᠲᠡᠶ ᠬᠢᠨᠠᠨ ᠪᠠᠶᠢᠴᠠᠭᠠᠬᠤ ᠭᠤᠤᠯᠳᠠᠯᠭ᠎ᠠ ᠪᠠ ᠭᠥᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠶᠣᠰᠣᠭᠠᠷ᠂ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠨᠢᠭᠡ ᠯᠠ ᠤᠳᠠᠭ᠎ᠠ ᠶᠢᠨ ᠴᠢᠨᠠᠷᠲᠠᠶ ᠮᠡᠳᠡᠭᠳᠡᠬᠦ ᠪᠤᠶᠤ ᠭᠥᠯᠢᠶᠡᠨ ᠠᠪᠴᠤ ᠰᠢᠢᠳᠪᠦᠷᠢᠯᠡᠬᠦ ᠮᠠᠭᠠᠳᠯᠠᠯᠲᠠ ᠬᠢᠬᠦ ᠶᠢᠨ ᠬᠠᠮᠲᠤ ᠬᠠᠷᠢᠶ᠎ᠠ ᠭᠠᠵᠠᠷ ᠎ ᠤᠨ ᠰᠠᠯᠠᠭ᠎ᠠ ᠮᠥᠴᠢᠷ ᠤᠨ ᠴᠤᠩᠬᠤᠪᠴᠢ ᠳᠤ ᠬᠦᠷᠭᠡᠵᠦ ᠬᠢᠨᠠᠨ ᠵᠥᠪᠰᠢᠶᠡᠷᠡᠬᠦ ᠴᠤᠪᠤᠷᠠᠯ ᠶᠣᠰᠣᠭᠠᠷ ᠭᠦᠢᠴᠡᠳᠬᠡᠵᠣ᠂ ᠭᠤᠶᠤᠴᠢᠯᠠᠭᠰᠠᠨ ᠭᠠᠵᠠᠷ ᠤᠨ ᠴᠤᠩᠬᠤᠪᠴᠢ ᠠᠴᠠ ᠭᠦᠢᠴᠡᠳᠭᠡᠭᠰᠡᠨ ᠦᠷ᠎ᠡ ᠳ᠋ᠦᠩ ᠢᠶᠠᠨ ᠭᠤᠶᠤᠴᠢᠯᠠᠭᠴᠢ ᠳᠤ ᠬᠦᠷᠬᠡᠨ᠎ᠡ᠃   ᠭᠤᠷᠪᠠ᠂ ᠭᠤᠣᠯᠳᠠᠯᠭ᠎ᠠ ᠲᠠᠢ ᠡᠭᠦᠷᠭᠡ    ︵ᠨᠢᠭᠡ︶ ᠠᠵᠢᠯ  ᠎ ᠤᠨ ᠲᠣᠭᠲᠠᠴᠠ ᠶᠢ ᠵᠤᠬᠢᠴᠠᠭᠤᠯᠤᠨ᠎ᠠ   1. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯᠯᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ ᠨᠢ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯᠯᠠᠭᠠᠨ ᠤ ᠪᠠᠶᠢᠳᠠᠯ ᠢ ᠦᠷᠭᠦᠯᠵᠢᠯᠡᠨ ᠳᠠᠭᠠᠵᠤ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︽ᠪᠥᠬᠦ ᠬᠤᠲᠠ ᠶᠢᠨ ᠨᠡᠶᠢᠳᠡᠮ  ᠭᠦᠢᠴᠡᠳᠬᠡᠬᠦ︾ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠤᠲᠠ ᠶᠢᠨ ᠰᠢᠭᠤᠳ ᠬᠠᠷᠢᠶ᠎ᠠ ᠡᠯ᠎ᠡ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠠᠵᠢᠯ ᠲᠥᠷᠥᠯ ᠤᠨ ᠢᠶᠠᠨ ︽ᠪᠦᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠦᠢᠯᠡᠰ ᠤᠨ ᠭᠠᠷᠴᠠᠭ ᠢ ᠡᠮᠬᠢᠯᠡᠬᠦ ᠶᠢᠨ ᠬᠠᠮᠲᠤ ᠬᠥᠳᠡᠯᠦᠩᠭᠦᠶ ᠪᠠᠷ ᠲᠣᠬᠢᠷᠠᠭᠤᠯᠵᠤ᠂ ᠵᠣᠬᠢᠴᠠᠩᠭᠤᠶ ᠪᠦᠬᠦᠢ ᠨᠡᠶᠢᠳᠡᠮ ᠭᠦᠢᠴᠡᠳᠬᠡᠬᠦ ᠵᠦᠢᠯᠡᠰ ᠤᠨ ᠬᠡᠷᠡᠭᠵᠢᠭᠦᠯᠬᠦ ᠲᠥᠰᠦᠯ ᠪᠠ ᠤᠴᠢᠷ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠵᠣᠬᠢᠴᠠᠩᠭᠤᠶ ᠪᠦᠬᠦᠢ ᠨᠡᠶᠢᠳᠡᠮ ᠰᠢᠢᠳᠪᠦᠷᠢᠯᠡᠬᠦ ᠵᠦᠢᠯᠡᠰ ᠤᠨ ︽ᠭᠤᠷᠪᠠᠨ ᠱᠠᠳᠤ ᠲᠦᠷᠪᠡᠨ ᠠᠳᠠᠯᠢ ᠪᠠᠶᠢᠬᠤ︾᠎ ᠶᠢ ᠬᠡᠷᠡᠭᠵᠢᠭᠦᠯᠬᠦ ᠶᠢᠨ ᠬᠠᠮᠲᠤ ᠠᠵᠢᠯ ᠲᠦᠷᠦᠯ ᠤᠨ ᠳᠣᠲᠣᠷᠠᠬᠢ ︽ᠪᠦᠬᠦ ᠬᠤᠳᠠ ᠶᠢᠨ ᠨᠡᠶᠢᠳᠡᠮ ᠭᠦᠢᠴᠡᠳᠬᠡᠬᠦ︾ ᠵᠦᠢᠯᠡᠰ ᠤᠨ ᠠᠵᠢᠯᠯᠠᠭᠠᠨ ᠤ ᠳᠤᠮᠳᠠ ᠪᠤᠢ ᠪᠣᠯᠤᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠣ᠂ ᠲᠤᠰ ᠰᠢᠰᠲ᠋ᠧᠮ ᠤᠨ ︽ᠪᠦᠬᠦ ᠬᠤᠳᠠ ᠶᠢᠨ ᠨᠠᠶᠢᠳᠠᠮ ᠭᠦᠢᠴᠡᠳᠬᠡᠬᠦ︾ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢ ᠠᠬᠢᠭᠤᠯᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶    2. ᠬᠠᠮᠵᠢᠯᠴᠠᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ ᠴᠤᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠵᠢᠴᠢ ᠠᠷᠤ ᠲᠠᠪᠴᠠᠩ ᠤᠨ ᠬᠢᠨᠠᠨ ᠵᠥᠪᠰᠢᠶᠡᠷᠡᠬᠦ ᠠᠵᠢᠯᠲᠠᠨ᠂ ᠬᠦᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠡᠷᠬᠡ᠂ ᠨᠢᠭᠡ ᠯᠡ ᠤᠳᠠᠭ᠎ᠠ ᠳᠤ ᠮᠡᠳᠡᠭᠳᠡᠬᠦ ᠡᠷᠬᠡ᠂ ᠣᠭ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ ᠡᠷᠬᠡ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠬᠦᠷᠭᠡᠬᠦ ᠡᠷᠬᠡ ᠶᠢ ᠬᠠᠷᠢᠯᠴᠠᠨ ᠣᠯᠭᠤᠨ᠎ᠠ᠃ ︽ᠪᠦᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯᠯᠠᠭᠠᠨ ᠤ ᠵᠢᠷᠤᠮᠵᠢᠯ ᠪᠠ ᠵᠣᠶᠢᠯᠡᠰ ᠤᠨ ᠪᠠᠷᠢᠮᠵᠢᠶᠠᠵᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠤᠩᠬᠤᠪᠴᠢ ᠶᠢᠨ ᠠᠵᠢᠯᠲᠠᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠎ ᠤᠨ ᠣᠶᠢᠯᠡᠴᠢᠯᠡᠬᠡᠨ ᠤ ᠲᠠᠪᠴᠠᠩ ᠢᠶᠠᠷ ᠳᠠᠮᠵᠢᠭᠤᠯᠤᠨ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠬᠦᠷᠭᠡᠨ ᠥᠭᠴᠦ᠂ ᠬᠢᠨᠠᠨ ᠵᠥᠪᠰᠢᠶᠡᠷᠡᠬᠦ ᠠᠵᠢᠯᠲᠠᠨ ᠮᠡᠳᠡᠭᠦᠯᠦᠭᠰᠡᠨ ᠪᠢᠴᠢᠭ ᠮᠠᠲ᠋ᠧᠷᠢᠶᠠᠯ ᠳᠤ ᠮᠥᠨ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠵᠤ᠂ ᠭᠦᠢᠴᠡᠳᠬᠡᠵᠣ ᠳᠠᠭᠤᠰᠤᠭᠰᠠᠨ ᠤ ᠳᠠᠷᠠᠭ᠎ᠠ ᠦᠨᠡᠮᠯᠡᠯ ᠣᠯᠭᠤᠬᠤ ᠴᠢᠬᠤᠯᠠ ᠲᠠᠢ ᠪᠣᠯ ᠴᠤᠩᠬᠤᠪᠴᠢ ᠶᠢᠨ ᠠᠵᠢᠯᠲᠠᠨ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠣᠯᠠᠨ ᠲᠦᠮᠡᠨ ᠳᠤ ᠲᠥᠬᠦᠮ ᠲᠦᠳᠡ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠣᠶᠢᠯᠡᠴᠢᠯᠡᠭᠡ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶    ︵1︶ ᠭᠤᠶᠤᠴᠢᠯᠠᠭᠰᠠᠨ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠬᠠᠷᠢᠶ᠎ᠠ ᠭᠠᠵᠠᠷ ᠤᠨ ᠬᠠᠷᠢᠶᠠᠯᠠᠯ ᠤᠨ ᠬᠡᠪᠴᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠢ ᠭᠦᠢᠴᠡᠳᠬᠡᠬᠦ ᠶᠢ ᠬᠠᠷᠢᠭᠤᠴᠠᠨ᠎ᠠ᠃ ᠡᠭᠦᠨ ᠳᠤ ᠭᠤᠶᠤᠴᠢᠯᠠᠭᠴᠢ ᠶᠢᠨ ᠯᠠᠪᠯᠠᠨ ᠠᠰᠠᠭᠤᠬᠤ ᠶᠢ ᠬᠦᠯᠢᠶᠡᠨ ᠠᠪᠬᠤ ᠪᠤᠶᠤ ᠭᠤᠶᠤᠴᠢᠯᠠᠭᠰᠠᠨ ᠵᠦᠢᠯᠡᠰ ᠢ ᠭᠦᠢᠴᠡᠳᠬᠡᠬᠦ᠂ ᠭᠤᠶᠤᠴᠢᠯᠠᠭᠴᠢ ᠳᠤ ᠣᠨᠳᠣᠣ ᠭᠠᠵᠠᠷ ᠲᠤ ᠭᠦᠢᠴᠡᠳᠬᠡᠬᠦ ᠶᠠᠪᠤᠴᠠ ᠎ ᠶᠢ ᠮᠡᠳᠡᠭᠳᠡᠬᠦ ᠶᠢ ᠪᠠᠭᠲᠠᠭᠠᠨ᠎ᠠ︔ ᠭᠤᠶᠤᠴᠢᠯᠠᠯ ᠤᠨ ᠮᠠᠲ᠋ᠧᠷᠢᠶᠠᠯ ᠢ ᠬᠠᠷᠢᠶ᠎ᠠ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠳᠤ ᠳᠠᠮᠵᠢᠭᠤᠯᠬᠤ ᠶᠢᠨ ᠬᠠᠮᠲᠤ ᠭᠤᠶᠤᠴᠢᠯᠠᠭᠴᠢ ᠶᠢᠨ ᠰᠢᠤᠳᠠᠨ ᠢᠶᠠᠷ ᠢᠯᠡᠭᠡᠬᠦ ᠬᠠᠶ᠋ᠢᠭ ᠢ ᠦᠯᠡᠳᠡᠬᠡᠨ ᠬᠠᠳᠠᠭᠠᠯᠠᠬᠤ ᠵᠡᠷᠬᠡ ᠠᠵᠢᠯ ᠢ ᠬᠠᠷᠢᠭᠤᠴᠠᠨ᠎ᠠ᠃    — ᠭᠤᠶᠤᠴᠢᠯᠠᠭᠴᠢ ᠭᠤᠶᠤᠴᠢᠯᠠᠭᠰᠠᠨ ᠭᠠᠵᠠᠷ ᠤᠨ ᠢᠶᠠᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠳᠤ ᠤᠴᠢᠷ ᠶᠠᠪᠤᠳᠠᠯ ᠭᠦᠢᠴᠡᠳᠬᠡᠬᠦ ᠭᠤᠶᠤᠴᠢᠯᠠᠯ ᠭᠠᠷᠭᠠᠨ᠎ᠠ᠃    — ᠭᠤᠶᠤᠴᠢᠯᠠᠭᠰᠠᠨ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠣᠩᠬᠤᠪᠴᠢ ᠠᠯᠤᠰ ᠤᠨ ᠸᠢᠳᠢᠣ᠋ ᠪᠤᠶᠤ ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ ᠪᠠ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ ᠨᠤᠲᠠᠯᠠᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠪᠢᠴᠢᠭ ᠮᠠᠲ᠋ᠧᠷᠢᠶᠠᠯ ᠭᠥᠯᠢᠶᠡᠨ ᠠᠪᠬᠤ ᠡᠰᠡᠬᠦ ᠪᠠᠨ ᠲᠣᠭᠲᠠᠭᠠᠨ᠎ᠠ᠃    ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠵᠦ᠂ ᠭᠤᠶᠤᠴᠢᠯᠠᠭᠰᠠᠨ ᠭᠠᠵᠠᠷ ᠤᠨ ︽ᠪᠦᠬᠦ ᠬᠤᠲᠠ ᠶᠢᠨ ᠨᠠᠶᠢᠳᠠᠮ ᠭᠦᠢᠴᠡᠳᠬᠡᠬᠦ︾ ᠴᠤᠩᠬᠤᠪᠴᠢ ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠢ ᠠᠪᠴᠣ᠂ ᠪᠢᠴᠢᠭ ᠮᠠᠲ᠋ᠧᠷᠢᠶᠠᠯ ᠢ ᠭᠥᠯᠢᠶᠡᠨ ᠠᠪᠤᠭᠰᠠᠨ ᠮᠡᠳᠡᠭᠳᠡᠯ ᠤᠨ ᠪᠢᠴᠢᠭ ᠭᠠᠷᠭᠠᠵᠤ᠂ ᠬᠤᠶᠠᠷ ᠴᠠᠭ ᠤᠨ ᠳᠣᠲᠣᠷ᠎ᠠ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠢᠶᠠᠷ ᠳᠠᠮᠵᠢᠭᠤᠯᠤᠨ ᠭᠤᠶᠤᠴᠢᠯᠠᠭᠰᠠᠨ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠳᠤ ᠳᠠᠮᠵᠢᠭᠤᠯᠵᠤ᠂ ᠬᠠᠷᠢᠶ᠎ᠠ ᠭᠠᠵᠠᠷ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠴᠠᠭᠠᠰᠤᠨ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠴᠢᠬᠤᠯᠠᠲᠠᠶ ᠪᠠᠶᠢᠪᠠᠯ᠂ ᠭᠤᠶᠤᠴᠢᠯᠠᠭᠰᠠᠨ ᠭᠠᠵᠠᠷ ᠨᠢ ᠪᠢᠴᠢᠭ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭᠠᠬᠢ 1 ᠠᠵᠢᠯᠯᠠᠬᠤ ᠡᠳᠦᠷ ᠤᠨ ᠳᠣᠲᠣᠷ᠎ᠠ ᠴᠠᠭᠠᠰᠤᠨ ᠭᠤᠶᠤᠴᠢᠯᠠᠯ ᠎ ᠤᠨ ᠮᠠᠲ᠋ᠧᠷᠢᠶᠠᠯ ᠢ ᠢᠯᠡᠭᠡᠬᠦ ᠶᠢᠨ ᠬᠠᠮᠲᠤ ᠭᠤᠶᠤᠴᠢᠯᠠᠭᠴᠢ ᠶᠢᠨ ᠬᠠᠷᠢᠯᠴᠠᠬᠤ ᠬᠠᠶ᠋ᠢᠭ ᠪᠠ ᠠᠷᠭ᠎ᠠ ᠮᠠᠶ᠋ᠢᠭ ᠢ ᠦᠯᠡᠳᠡᠭᠡᠨ  ᠬᠠᠳᠠᠭᠠᠯᠠᠨ᠎ᠠ᠃    — ᠬᠡᠷᠪᠡ ᠭᠤᠶᠤᠴᠢᠯᠠᠭᠴᠢ ᠶᠢᠨ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠥᠬᠡᠶ ᠪᠠᠶᠢᠪᠠᠯ᠂ ᠭᠤᠶᠤᠴᠢᠯᠠᠭᠰᠠᠨ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠭᠤᠶᠤᠴᠢᠯᠠᠭᠴᠢ ᠶᠢᠨ ᠮᠠᠲ᠋ᠧᠷᠢᠶᠠᠯ ᠢ ᠭᠤᠶᠤᠴᠢᠯᠠᠭᠴᠢ ᠳᠤ ᠪᠤᠴᠠᠭᠠᠨ ᠥᠭᠴᠦ᠂ ᠭᠤᠶᠤᠴᠢᠯᠠᠭᠴᠢ ᠳᠤ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠮᠡᠳᠡᠭᠳᠡᠬᠦ ᠶᠢᠨ ᠬᠠᠮᠲᠤ ᠨᠥᠬᠦᠪᠥᠷᠢᠯᠡᠬᠦ ᠴᠢᠬᠤᠯᠠᠲᠠᠶ ᠭᠠᠷ ᠭᠦᠢᠴᠡᠳᠬᠡᠯ᠂ ᠮᠠᠲ᠋ᠧᠷᠢᠶᠠᠯ ᠵᠡᠷᠭᠡ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃    ︵2︶ ᠬᠠᠷᠢᠶ᠎ᠠ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ᠂ ᠡᠷᠬᠡ ᠮᠡᠳᠡᠯ ᠤᠨ ᠬᠡᠪᠴᠢᠶᠡᠨ ᠲᠤᠳᠤᠷᠠᠬᠢ᠂ ᠬᠠᠷᠢᠶ᠎ᠠ ᠭᠠᠵᠠᠷ ᠤᠨ ᠬᠠᠷᠢᠶᠠᠯᠠᠯ ᠤᠨ ᠬᠡᠪᠴᠢᠶᠡᠨ ᠳᠣᠲᠣᠷᠠᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠢ ᠭᠦᠢᠴᠡᠳᠬᠡᠬᠦ ᠶᠢ ᠬᠠᠷᠢᠭᠤᠴᠠᠨ᠎ᠠ᠃ ᠡᠭᠦᠨ ᠳᠤ ᠭᠤᠶᠤᠴᠢᠯᠠᠭᠴᠢ ᠶᠢᠨ ᠯᠠᠪᠯᠠᠨ ᠠᠰᠠᠭᠤᠬᠤ ᠶᠢ ᠬᠦᠯᠢᠶᠡᠨ ᠠᠪᠬᠤ ᠪᠤᠶᠤ ᠭᠤᠶᠤᠴᠢᠯᠠᠭᠰᠠᠨ ᠵᠣᠶᠢᠯᠡᠰ ᠢ ᠭᠦᠢᠴᠡᠳᠬᠡᠬᠦ᠂ ᠬᠠᠷᠢᠶ᠎ᠠ ᠭᠠᠵᠠᠷ ᠤᠨ ᠬᠠᠷᠢᠶᠠᠯᠠᠯ ᠤᠨ ᠬᠡᠪᠴᠢᠶᠡᠨ ᠲᠤᠳᠤᠷᠠᠬᠢ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠴᠣ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠵᠦᠪᠰᠢᠶᠡᠷᠡᠬᠦ᠂ ᠭᠦᠢᠴᠡᠳᠬᠡᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠬᠦᠷᠭᠡᠬᠦ ᠵᠡᠷᠭᠡ ᠠᠵᠢᠯ ᠢ ᠪᠠᠭᠲᠠᠭᠠᠨ᠎ᠠ᠃    — ᠬᠠᠷᠢᠶ᠎ᠠ ᠭᠠᠵᠠᠷ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠨᠢ ᠭᠤᠶᠤᠴᠢᠯᠠᠭᠰᠠᠨ ᠭᠠᠵᠠᠷ ᠤᠨ ᠳᠠᠮᠵᠢᠭᠤᠯᠤᠭᠰᠠᠨ ᠪᠢᠴᠢᠭ ᠮᠠᠲ᠋ᠧᠷᠢᠶᠠᠯ ᠢ ᠤᠯᠬᠤ ᠳᠤ᠂ ᠪᠣᠳᠠᠲᠠᠶ ᠵᠣᠶᠢᠯᠡᠰ ᠤᠨ ᠴᠤᠪᠤᠷᠠᠯ ᠢᠶᠠᠷ ᠭᠦᠢᠴᠡᠳᠬᠡᠬᠦ ᠶᠢᠨ ᠬᠠᠮᠲᠤ ᠭᠤᠶᠤᠴᠢᠯᠠᠭᠰᠠᠨ ᠭᠠᠵᠠᠷ ᠤᠨ ᠬᠠᠩᠭᠠᠭᠰᠠᠨ ᠬᠠᠷᠢᠴᠯᠠᠬᠤ ᠬᠠᠶ᠋ᠢᠭ ᠪᠠ ᠠᠷᠭ᠎ᠠ ᠮᠠᠶ᠋ᠢᠭ ᠢᠶᠠᠷ ᠭᠦᠢᠴᠡᠳᠭᠡᠭᠰᠡᠨ ᠦᠷ᠎ᠡ ᠳ᠋ᠦᠩ ᠢ ᠰᠢᠤᠳᠠᠨ ᠢᠶᠠᠷ ᠢᠯᠡᠬᠡᠬᠦ ᠠᠷᠭ᠎ᠠ ᠮᠠᠶ᠋ᠢᠭ ᠢᠶᠠᠷ ᠭᠤᠶᠤᠴᠢᠯᠠᠭᠴᠢ ᠳᠤ ᠬᠦᠷᠭᠡᠨ᠎ᠡ᠃    3. ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠎ᠠ᠃ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯ ᠳᠤ ᠠᠩᠬ᠎ᠠ ᠠᠰᠠᠭᠤᠭᠳᠠᠭᠰᠠᠨ ᠠᠵᠢᠯᠳᠠᠨ ᠠᠴᠠ ᠬᠠᠷᠢᠭᠤᠴᠠᠬᠤ᠂ ᠨᠢᠭᠡ ᠯᠠ ᠤᠳᠠᠭ᠎ᠠ ᠳᠤ ᠮᠡᠳᠡᠭᠳᠡᠬᠦ ᠪᠠ ᠬᠤᠭᠤᠴᠠᠭ᠎ᠠ ᠬᠢᠵᠠᠭᠠᠷᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ᠭᠤᠶᠤᠴᠢᠯᠠᠭᠰᠠᠨ ᠭᠠᠵᠠᠷ ᠤᠨ ᠴᠤᠩᠬᠤᠪᠴᠢ ᠨᠢ ᠠᠩᠬ᠎ᠠ ᠠᠰᠠᠭᠤᠭᠳᠠᠭᠰᠠᠨ ᠠᠵᠢᠯᠳᠠᠨ ᠠᠴᠠ ᠬᠠᠷᠢᠭᠤᠴᠠᠬᠤ᠂ ᠨᠢᠭᠡ ᠯᠠ ᠤᠳᠠᠭ᠎ᠠ ᠳᠤ ᠮᠡᠳᠡᠭᠳᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠴᠢᠷ ᠶᠠᠪᠤᠳᠠᠯ ᠢ ᠭᠦᠢᠴᠡᠳᠬᠡᠬᠦ ᠴᠤᠪᠤᠷᠠᠯ ᠳᠤ ᠤᠷᠤᠭᠰᠠᠨ ᠤ ᠳᠠᠷᠠᠭ᠎ᠠ᠂ ᠤᠴᠢᠷ ᠶᠠᠪᠤᠳᠠᠯ ᠢ ᠭᠦᠢᠴᠡᠳᠬᠡᠬᠦ ᠭᠤᠭᠴᠤᠭ᠎ᠠ ᠶᠣᠰᠣᠭᠠᠷ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    4. ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠢᠲᠡᠭᠡᠮᠵᠢ ᠶᠢᠨ ᠬᠢᠨᠠᠨ ᠬᠠᠮᠢᠶᠠᠷᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠬᠡᠷᠡᠭ ᠤᠨ ᠡᠮᠦᠨ᠎ᠡ᠂ ᠬᠡᠷᠡᠭ ᠤᠨ ᠳᠤᠮᠳᠠ ᠢᠲᠡᠭᠡᠮᠵᠢ ᠶᠢ ᠬᠠᠷᠭᠤᠭᠤᠯᠤᠨ ᠪᠠᠶᠢᠴᠠᠭᠠᠬᠤ ᠶᠢ ᠠᠬᠢᠭᠤᠯᠵᠤ᠂ ᠢᠲᠡᠭᠡᠮᠵᠢ ᠪᠠᠷ ᠰᠠᠶᠢᠨ ᠠᠵᠤ ᠠᠬᠤᠶᠢᠯᠠᠯ ᠪᠠ ᠬᠤᠪᠢ ᠬᠥᠮᠦᠨ ᠳᠤ ᠪᠢᠴᠢᠭ ᠮᠠᠲ᠋ᠧᠷᠢᠶᠠᠯ ᠳᠤᠲᠠᠭᠤ ᠴᠣ᠋ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠠᠮᠠᠯᠠᠯᠲᠠ ᠪᠠᠨ ᠮᠡᠳᠡᠭᠳᠡᠨ᠎ᠡ᠃ ᠬᠤᠳᠠᠯ ᠬᠠᠭᠤᠷᠮᠠᠭ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠭᠰᠠᠨ ᠪᠠᠶᠢᠪᠠᠯ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠬᠦᠴᠦᠨ ᠥᠬᠡᠶ ᠪᠣᠯᠭᠠᠬᠤ ᠶᠢᠨ ᠬᠠᠮᠲᠤ᠂ ᠬᠤᠳᠠᠯ ᠬᠠᠭᠤᠷᠮᠠᠭ ᠮᠠᠲ᠋ᠧᠷᠢᠶᠠᠯ ᠢ ᠲᠤᠰᠢᠶᠠᠭᠰᠠᠨ ᠭᠤᠤᠯ ᠴᠣᠭᠴᠠ ᠶᠢ ᠢᠲᠡᠭᠡᠯ ᠠᠯᠳᠠᠭᠰᠠᠳ ᠤᠨ ᠨᠡᠷᠡᠰ ᠲᠤ ᠣᠷᠣᠭᠤᠯᠵᠤ᠂ ᠲᠠᠰ ᠲᠥᠷᠥᠯ ᠬᠤᠪᠢᠶᠠᠬᠤ ᠵᠠᠷᠴᠢᠮ ᠶᠣᠰᠣᠭᠠᠷ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠎ ᠤᠨ ᠣᠶᠢᠯᠡᠴᠢᠯᠡᠬᠡᠨ ᠤ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶   ︵ᠬᠤᠶᠠᠷ︶ ᠵᠣᠶᠢᠯᠡᠰ ᠢ ᠡᠮᠬᠢᠯᠡᠨ ᠳᠢᠭᠯᠡᠬᠦ ᠶᠢ ᠰᠠᠶᠢᠲᠤᠷ ᠬᠢᠨ᠎ᠠ    1. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠤᠨ ᠭᠠᠷᠴᠠᠭ ᠢ ᠡᠮᠬᠢᠯᠡᠨ᠎ᠡ᠃ ᠪᠥᠬᠦ ᠬᠤᠲᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ︽ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠰᠢᠢᠳᠪᠦᠷᠢᠯᠡᠬᠦ᠂ ᠥᠨᠳᠥᠷ ᠲᠠᠪᠳᠠᠮᠵᠢᠳᠤ ᠵᠣᠶᠢᠯᠡᠰ ᠢ ᠤᠷᠢᠳ ᠢᠶᠠᠷ ᠰᠢᠢᠳᠪᠦᠷᠢᠯᠡᠬᠦ᠂ ᠪᠠᠷᠢᠮᠵᠢᠶᠠᠵᠢᠭᠰᠠᠨ ᠬᠡᠮᠵᠢᠶ᠎ᠡ ᠪᠠᠷ ᠥᠨᠳᠥᠷ ᠵᠣᠶᠢᠯᠡᠰ ᠢ ᠤᠷᠢᠳ ᠢᠶᠠᠷ ᠰᠢᠢᠳᠪᠦᠷᠢᠯᠡᠬᠦ︾ ᠵᠠᠷᠴᠢᠮ ᠶᠣᠰᠣᠭᠠᠷ᠂ ᠠᠵᠤ ᠠᠬᠤᠶᠢᠯᠠᠯ ᠣᠯᠠᠨ ᠲᠦᠮᠡᠨ ᠤ ᠣᠶᠢᠯᠡᠳᠪᠦᠷᠢᠯᠠᠯ ᠠᠮᠢᠳᠤᠷᠠᠯ ᠲᠠᠢ ᠨᠢᠭᠲᠠ ᠬᠤᠯᠪᠤᠭᠳᠠᠬᠤ ᠣᠨᠳᠣᠤ ᠭᠠᠵᠠᠷ ᠲᠤ ᠤᠴᠢᠷ ᠶᠠᠪᠤᠳᠠᠯ ᠭᠦᠢᠴᠡᠳᠬᠡᠬᠦ ᠳᠤ ᠬᠡᠷᠡᠭᠰᠡᠬᠦ ᠵᠣᠶᠢᠯᠡᠰ ᠤᠨ ᠲᠣᠭᠤᠷᠢᠨ ᠳᠤ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠤᠨ ᠨᠠᠷᠢᠨ ᠲᠠᠩᠰᠠ ᠶᠢ ᠪᠦᠯᠦᠭ ᠤᠳᠠᠭ᠎ᠠ ᠬᠤᠪᠢᠶᠠᠨ ᠡᠮᠬᠢᠯᠡᠵᠦ ᠨᠠᠶᠢᠷᠠᠭᠤᠯᠤᠨ ᠵᠣᠬᠢᠶᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠢ ᠰᠠᠨᠠᠭᠠᠴᠢᠯᠠᠭ᠎ᠠ ᠠᠴᠠ ᠪᠠᠨ ᠲᠠᠨᠢᠵᠤ ᠠᠪᠤᠭᠠᠳ ᠲᠣᠳᠣᠷᠬᠠᠶ ᠲᠠᠩᠰᠠ ᠶᠢ ᠨᠠᠶᠢᠷᠠᠭᠤᠯᠤᠨ ᠵᠣᠬᠢᠶᠠᠵᠤ ᠨᠡᠶᠢᠳᠡᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶   2. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠤᠨ ᠴᠢᠬᠤᠯᠠ ᠬᠦᠴᠦᠨ ᠵᠣᠶᠢᠯ ᠢ ᠵᠢᠷᠤᠮᠵᠢᠭᠤᠯᠤᠨ᠎ᠠ᠃ ᠪᠥᠬᠦ ᠬᠤᠲᠠ ᠶᠢᠨ ᠨᠡᠶᠢᠳᠡᠮ ᠭᠦᠢᠴᠡᠳᠬᠡᠬᠦ ︽ᠵᠣᠶᠢᠯᠡᠰ ᠤᠨ ᠨᠠᠷᠢᠨ ᠲᠠᠩᠰᠠ︾ ᠪᠠ ᠵᠣᠶᠢᠯᠡᠰ ᠢ ᠡᠮᠬᠢᠯᠡᠨ ᠳᠢᠭᠯᠡᠬᠦ ᠪᠠᠷᠢᠮᠵᠢᠶ᠎ᠠ ᠶᠣᠰᠣᠭᠠᠷ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠵᠣᠶᠢᠯᠡᠰ ᠤᠨ ᠭᠤᠶᠤᠴᠢᠯᠠᠬᠤ ᠨᠥᠬᠦᠴᠡᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠲᠤᠬᠠᠶᠢᠯᠠᠭᠰᠠᠨ ᠠᠵᠢᠯ ᠤᠨ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠬᠦᠴᠦᠨ ᠵᠣᠶᠢᠯ ᠢ ᠵᠣᠶᠢᠯ ᠳᠠᠷᠠᠭᠠᠯᠠᠨ ᠨᠢᠭᠡᠳᠦᠯᠲᠡᠶ ᠵᠢᠷᠤᠮᠵᠢᠭᠤᠯᠵᠤ᠂ ᠤᠴᠢᠷ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠣᠯᠠᠨ ᠲᠦᠮᠡᠨ ᠱᠠᠭᠠᠷᠳᠠᠯᠭ᠎ᠠ ᠶᠣᠰᠣᠭᠠᠷ ᠭᠤᠶᠤᠴᠢᠯᠠᠬᠤ ᠮᠠᠲ᠋ᠧᠷᠢᠶᠠᠯ ᠢᠶᠠᠨ ᠪᠡᠯᠡᠳᠬᠡᠬᠦ᠂ ᠣᠨᠳᠣᠤ ᠭᠠᠵᠠᠷ ᠤᠨ ᠴᠤᠩᠬᠤᠪᠴᠢ ᠬᠡᠷᠡᠴᠢ ᠪᠠᠷᠢᠮᠳᠠ ᠎ ᠪᠠᠷ ᠪᠢᠴᠢᠭ ᠮᠠᠲ᠋ᠧᠷᠢᠶᠠᠯ ᠭᠥᠯᠢᠶᠡᠨ ᠠᠪᠬᠤ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶    3. ︽ᠨᠢᠭᠡ ᠤᠴᠢᠷ ᠶᠠᠪᠤᠳᠠᠯ︾᠎ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾᠎ ᠶᠢ ᠠᠬᠢᠭᠤᠯᠤᠨ᠎ᠠ᠃ ︽ᠨᠢᠭᠡ ᠤᠴᠢᠷ ᠶᠠᠪᠤᠳᠠᠯ︾᠎ ᠤᠨ ᠵᠣᠶᠢᠯᠡᠰ ᠢ ᠪᠠᠷᠢᠮᠵᠢᠶᠠᠵᠢᠭᠤᠯᠤᠨ ᠡᠮᠬᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠬᠤᠲᠠ ᠬᠤᠰᠢᠭᠤ ᠲᠣᠭᠤᠷᠢᠭ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠤᠨ᠂ ᠭᠠᠵᠠᠷ ᠣᠷᠣᠨ ᠪᠠ ᠱᠠᠳᠤ ᠲᠡᠰ ᠤᠨ ᠬᠢᠵᠠᠭᠠᠷᠯᠠᠯ ᠢ ᠡᠪᠳᠡᠵᠦ᠂ ︽ᠨᠢᠭᠡ ᠤᠴᠢᠷ ᠶᠠᠪᠤᠳᠠᠯ︾᠎ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠎ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶   ︵ᠭᠤᠷᠪᠠ︶ ᠠᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ    1. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠰᠦᠯᠵᠢᠶᠡᠨ ᠭᠠᠳᠠᠨᠠᠬᠢ ᠴᠤᠩᠬᠤᠪᠴᠢ ᠪᠠ ᠰᠦᠯᠵᠢᠶᠡᠨ ᠳᠡᠭᠡᠷᠡᠬᠢ ᠣᠶᠢᠯᠡᠴᠢᠯᠡᠬᠡᠨ ᠤ ᠲᠤᠰᠬᠠᠶ ᠪᠤᠯᠤᠩ ᠢ ᠳᠣᠭᠢᠷᠠᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ ᠴᠤᠩᠬᠤᠪᠴᠢ ᠳᠣᠭᠢᠷᠠᠭᠤᠯᠵᠤ᠂ ᠲᠤᠰᠬᠠᠶ ᠲᠤᠰᠢᠶᠠᠯᠲᠤ ᠠᠵᠢᠯᠲᠠᠨ ᠳᠣᠭᠢᠷᠠᠭᠤᠯᠤᠨ᠂ ᠨᠠᠶᠢᠳᠠᠮ ᠭᠦᠢᠴᠡᠳᠬᠡᠬᠦ ᠵᠣᠶᠢᠯᠡᠰ ᠢ ᠣᠨᠳᠣᠤ ᠭᠠᠵᠠᠷ ᠲᠤ ᠠᠰᠠᠭᠤᠨ ᠯᠠᠪᠯᠠᠬᠤ᠂ ᠪᠢᠴᠢᠭ ᠮᠠᠲ᠋ᠧᠷᠢᠶᠠᠯ ᠭᠥᠯᠢᠶᠡᠨ ᠠᠪᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ ᠪᠠ ᠦᠷ᠎ᠡ ᠳ᠋ᠦᠩ ᠢ ᠬᠦᠷᠭᠡᠬᠦ ᠵᠡᠷᠭᠡ ᠰᠦᠯᠵᠢᠶᠡᠨ ᠭᠠᠳᠠᠨᠠᠬᠢ ᠣᠶᠢᠯᠡᠴᠢᠯᠡᠭᠡ ᠶᠢ ᠬᠠᠩᠭᠠᠵᠤ᠂ ︽ᠨᠢᠭᠡ ᠯᠡ ᠤᠳᠠᠭ᠎ᠠ ᠳᠤ ᠲᠤᠰᠢᠶᠠᠵᠤ᠂ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠦᠨᠡᠨ ᠬᠦ ᠪᠠᠲᠤᠯᠠᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠦᠯᠵᠢᠶ᠎ᠡ ︵ᠣᠷᠳᠣᠰ︶᠂ ︽ᠮᠧᠩ ᠰᠦ ᠪᠠᠨ︾ APP ︵ᠣᠷᠳᠣᠰ︶᠎ ᠳᠤ ᠰᠦᠯᠵᠢᠶᠡᠨ ᠳᠡᠭᠡᠷᠡᠬᠢ ᠣᠶᠢᠯᠡᠴᠢᠯᠡᠬᠡᠨ ᠤ ᠲᠤᠰᠬᠠᠶ ᠪᠤᠯᠤᠩ ᠳᠣᠭᠢᠷᠠᠭᠤᠯᠵᠤ᠂ ᠠᠵᠤ ᠠᠬᠤᠶᠢᠯᠠᠯ ᠣᠯᠠᠨ ᠲᠦᠮᠡᠨ ᠳᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠪᠠᠶᠢᠴᠠᠭᠠᠨ ᠯᠠᠪᠯᠠᠬᠤ᠂ ᠭᠦᠢᠴᠡᠳᠬᠡᠬᠦ ᠠᠷᠭ᠎ᠠ ᠵᠠᠮ ᠢ ᠬᠠᠩᠭᠠᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠴᠤᠩᠬᠤᠪᠴᠢ ᠶᠢᠨ ᠸᠢᠳᠢᠣ᠋ ᠪᠠᠷ ᠵᠥᠪᠳᠡᠯᠴᠡᠬᠦ ᠰᠢᠰᠲ᠋ᠧᠮ ᠢ ᠵᠠᠯᠭᠠᠨ ᠨᠡᠪᠲᠡᠷᠭᠦᠯᠵᠣ᠂ ᠪᠥᠬᠦ ᠶᠠᠪᠤᠴᠠ ᠶᠢ ᠲᠡᠮᠳᠡᠭᠯᠡᠬᠦ ᠪᠠ ᠴᠡᠭ ᠠᠴᠠ ᠴᠡᠭ ᠲᠠᠬᠢ  ᠸᠢᠳᠢᠣ᠋ ᠪᠠᠷ ᠶᠠᠷᠢᠯᠴᠠᠬᠤ᠂ ᠬᠢᠨᠠᠨ ᠰᠢᠯᠭᠠᠬᠤ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶    2. ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠣᠶᠢᠯᠡᠴᠢᠯᠡᠭᠡ ᠶᠢ ᠬᠡᠷᠡᠭᠵᠢᠭᠦᠯᠦᠨ᠎ᠡ᠃ ︽ᠮᠧᠩ ᠰᠦ ᠪᠠᠨ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠩᠨᠡᠭᠡ ᠶᠢ ᠪᠠᠶᠢᠭᠤᠯᠵᠤ᠂ ᠦᠨ᠎ᠡ ᠲᠥᠯᠥᠪᠦᠷᠢ ᠥᠬᠡᠶ ᠪᠠᠷ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠣᠶᠢᠯᠡᠴᠢᠯᠡᠭᠡ ᠶᠢ ᠬᠡᠷᠡᠭᠵᠢᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠤ ︽24 ᠴᠠᠭ ᠡᠭᠦᠳᠡ ᠪᠠᠨ ᠬᠠᠭᠠᠬᠤ ᠥᠬᠡᠶ︾ ᠥᠪᠡᠰᠦᠪᠡᠨ ᠣᠶᠢᠯᠡᠴᠢᠯᠡᠬᠦ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠪᠥᠬᠦ ᠡᠳᠦᠷ ᠢᠶᠠᠷ ᠥᠪᠡᠰᠦᠪᠡᠨ ᠣᠶᠢᠯᠡᠴᠢᠯᠡᠬᠦ ᠣᠶᠢᠯᠡᠴᠢᠯᠡᠭᠡ ᠬᠠᠩᠭᠠᠵᠤ᠂ ᠲᠥᠬᠦᠮ ᠵᠣᠶᠢᠯᠡᠰ ᠢ ︽ᠥᠪᠡᠰᠦᠪᠡᠨ ᠭᠦᠢᠴᠡᠳᠬᠡᠬᠦ︾᠎ ᠶᠢ ᠢᠳᠡᠪᠬᠢᠲᠡᠶ ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠎ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶    3. ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾᠎ ᠶᠢᠨ ᠰᠢᠤᠳᠠᠨ ᠢᠶᠠᠷ ᠢᠯᠡᠭᠡᠬᠦ ᠣᠶᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ᠰᠢᠤᠳᠠᠨ ᠢᠶᠠᠷ ᠢᠯᠡᠭᠡᠬᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠦᠨᠡᠨ ᠬᠦ ᠤᠭ ᠮᠠᠲ᠋ᠧᠷᠢᠶᠠᠯ ᠤᠨ ᠲᠠᠩᠰᠠ ᠡᠪᠬᠡᠮᠡᠯ ᠢ ᠠᠪᠬᠤ ᠴᠢᠬᠤᠯᠠᠲᠠᠢ᠂ ᠣᠨᠳᠣᠤ ᠭᠠᠵᠠᠷ ᠲᠤ ᠦᠨᠡᠮᠯᠡᠯ ᠭᠠᠷᠭᠠᠬᠤ ᠳᠤ ᠳᠥᠭᠦᠮ ᠦᠭᠡᠢ ᠵᠣᠶᠢᠯᠡᠰ ᠲᠤ᠂ ᠰᠢᠤᠳᠠᠨ ᠢᠶᠠᠷ ᠢᠯᠡᠬᠡᠬᠦ ᠣᠶᠢᠯᠡᠴᠢᠯᠡᠭᠡ ᠳᠤ ᠲᠦᠰᠢᠭᠯᠡᠨ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠵᠦ᠂ ︽ᠰᠢᠤᠳᠠᠨ︾᠎ ᠢᠶᠠᠷ ︽ᠣᠯᠠᠨ ᠲᠦᠮᠡᠨ ᠤ ᠬᠦᠶᠦᠬᠦ︾᠎ ᠶᠢ ᠣᠷᠣᠯᠠᠭᠤᠯᠤᠨ᠎ᠠ᠃ ᠨᠥᠬᠦᠴᠡᠯ ᠲᠠᠢ ᠬᠤᠰᠢᠭᠤ ᠲᠤᠭᠤᠷᠢᠭ ᠤᠨ ᠵᠠᠰᠠᠭ ᠤᠨ ᠶᠠᠪᠤᠳᠠᠯ ᠎ ᠤᠨ ︽ᠰᠤᠶᠢᠳᠬᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ︾ ᠣᠶᠢᠯᠡᠴᠢᠯᠡᠭᠡ ᠶᠢ ᠰᠦᠪᠡᠭᠴᠢᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶    ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠣᠶᠢᠯ ᠳᠤ ᠣᠷᠣᠭᠤᠯᠵᠤ᠂ ᠨᠠᠷᠢᠨ ᠲᠠᠩᠰᠠ ᠶᠢ ᠡᠮᠬᠢᠯᠡᠬᠦ᠂ ᠴᠤᠪᠤᠷᠠᠯ ᠢ ᠰᠢᠯᠢᠳᠡᠭᠵᠢᠭᠦᠯᠬᠦ᠂ ᠪᠠᠷᠢᠮᠵᠢᠶ᠎ᠠ ᠶᠢ ᠨᠢᠭᠡᠳᠬᠡᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠡᠯᠧᠺᠲᠷᠣᠨ ᠲᠠᠮᠠᠭ᠎ᠠ᠂ ᠡᠯᠧᠺᠲᠷᠣᠨ ᠦᠨᠡᠮᠯᠡᠯ ᠢ ᠬᠡᠷᠡᠭᠯᠡᠬᠦ ᠵᠡᠷᠭᠡ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠣ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ᠂ ᠬᠠᠮᠲᠤᠪᠠᠷ ᠠᠳᠬᠤᠵᠣ ᠬᠠᠮᠢᠶᠠᠷᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠲᠦᠷᠬᠡᠨ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠨ᠎ᠠ᠃   ︵ᠬᠤᠶᠠᠷ︶ ᠬᠠᠮᠵᠢᠯᠴᠠᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠲᠣᠰ ᠬᠤᠰᠢᠭᠤ ᠲᠣᠭᠤᠷᠢᠭ ᠲᠣᠰ ᠰᠠᠯᠠᠭ᠎ᠠ ᠮᠥᠴᠢᠷ ᠤᠨ ᠢᠶᠠᠨ ᠡᠭᠦᠷᠭᠡᠯᠡᠵᠦ ᠪᠠᠶᠢᠭ᠎ᠠ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠮᠥᠷᠳᠡᠨ ᠲᠠᠭᠠᠨ᠎ᠠ᠃ ᠡᠯ᠎ᠡ ᠲᠦᠷᠦᠭᠦᠯᠡᠨ ᠬᠢᠬᠦ ᠨᠢᠭᠡᠴᠡ ᠨᠦᠭᠦᠳ ᠲᠦᠷᠦᠭᠦᠯᠡᠨ ᠬᠢᠬᠦ ᠪᠦᠬᠦ ᠲᠠᠯ᠎ᠠ ᠶᠢ ᠠᠳᠬᠤᠬᠤ ᠣᠶᠢᠯᠡᠳᠤᠯ ᠢᠶᠠᠨ ᠦᠨᠡᠨ ᠬᠦ ᠪᠠᠳᠠᠷᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ᠂ ᠰᠠᠯᠠᠭ᠎ᠠ ᠮᠥᠴᠢᠷ ᠬᠢᠭᠡᠳ ᠬᠤᠰᠢᠭᠤ ᠲᠤᠭᠤᠷᠢᠭ ᠤᠨ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠠᠵᠢᠯ ᠤᠨ ᠶᠡᠭᠡ ᠲᠠᠯ᠎ᠠ ᠶᠢ ᠳᠠᠭᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠳᠤ ᠰᠠᠭᠤᠷᠢᠯᠠᠨ᠂ ᠲᠦᠷᠦᠭᠦᠯᠡᠨ ᠬᠢᠬᠦ ᠨᠢᠭᠡᠴᠡ ᠲᠠᠢ ᠨᠠᠷᠢᠨ ᠬᠢᠨᠠᠮᠠᠭᠠᠶ ᠬᠠᠮᠵᠢᠯᠴᠠᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃ ᠬᠤᠲᠠ᠂ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠤᠳ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ ᠴᠣᠩᠬᠤᠪᠴᠢ ᠪᠠᠶᠢᠭᠤᠯᠬᠤ ᠶᠢ ᠰᠠᠶᠢᠲᠤᠷ ᠠᠳᠬᠤᠵᠤ᠂ ︽ᠪᠥᠬᠦ ᠬᠤᠲᠠ ᠶᠢᠨ ᠨᠠᠶᠢᠳᠠᠮ ᠭᠦᠢᠴᠡᠳᠬᠡᠬᠦ︾ ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠦᠨ᠂ ᠴᠢᠬᠤᠯᠠ ᠪᠥᠬᠦᠶ ᠲᠥᠬᠦᠭᠡᠷᠦᠮᠵᠢ ᠪᠠ ᠡᠬᠢ ᠪᠠᠶᠠᠯᠢᠭ ᠢ ᠪᠦᠷᠢᠨ ᠭᠦᠢᠴᠡᠳ ᠲᠤᠬᠢᠷᠠᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠲᠠᠯ᠎ᠠ ᠪᠠᠷ ᠪᠦᠬᠦ ᠬᠦᠴᠦ ᠎ ᠪᠠᠷ ᠢᠶᠠᠨ ᠪᠠᠳᠤᠯᠠᠨ᠎ᠠ᠃   ︵ᠭᠤᠷᠪᠠ︶ ᠱᠠᠭᠠᠷᠳᠠᠨ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠤᠬᠠᠶ ᠶᠢᠨ ᠲᠠᠯᠠᠪᠤᠷ ᠲᠤ ᠲᠣᠭᠤᠷᠢᠨ ᠪᠠᠶᠢᠴᠠᠭᠠᠬᠤ᠂ ᠡᠯᠧᠺᠲᠷᠣᠨ ᠬᠢᠨᠠᠨ ᠪᠠᠶᠢᠴᠠᠭᠠᠯᠳᠠ᠂ ᠬᠡᠷᠡᠭ ᠤᠨ ᠳᠠᠷᠠᠭ᠎ᠠ ᠪᠤᠴᠠᠵᠣ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠠᠵᠢᠯ ᠥᠷᠨᠢᠭᠦᠯᠦᠭᠰᠡᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠳᠤᠮᠳᠠ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ ᠲᠦᠷᠢᠮ ᠤᠨ ᠬᠠᠷᠰᠢ ᠰᠠᠭᠠᠳ ᠪᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠣ᠂ ᠡᠯ᠎ᠡ ᠵᠣᠶᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠤᠨ᠎ᠠ᠃ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾᠎ ᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠠᠵᠢᠯ ᠤᠨ ᠤᠨ ᠤ ᠰᠢᠯᠭᠠᠨ ᠬᠢᠨᠠᠯᠳᠠ ᠳᠤ ᠣᠷᠣᠭᠤᠯᠵᠤ᠂ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠢᠶᠠᠨ ᠦᠷᠭᠦᠯᠵᠢᠯᠡᠨ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ   ︵ᠳᠥᠷᠪᠡ︶ ᠤᠬᠠᠭᠤᠯᠤᠨ ᠳᠡᠯᠭᠡᠷᠡᠭᠦᠯᠬᠦ ᠶᠢ ᠰᠠᠶᠢᠲᠤᠷ ᠬᠢᠨ᠎ᠡ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠦᠯᠵᠢᠶ᠎ᠡ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠵᠡᠷᠭᠡ ᠲᠠᠪᠴᠠᠩ ᠢ ᠭᠦᠢᠴᠡᠳ ᠠᠰᠢᠭᠯᠠᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠤᠬᠠᠭᠤᠯᠵᠤ᠂ ︽ᠪᠥᠬᠦ ᠬᠤᠲᠠ ᠎ ᠶᠢᠨ ᠨᠡᠶᠢᠳᠡᠮ ᠭᠦᠢᠴᠡᠳᠬᠡᠬᠦ︾᠎ ᠶᠢᠨ ᠨᠡᠶᠢᠭᠡᠮ ᠤᠨ ᠣᠶᠢᠯᠠᠭᠠᠨ ᠮᠡᠳᠡᠬᠦ ᠬᠡᠮᠵᠢᠶ᠎ᠡ ᠪᠠ ᠠᠵᠤ ᠠᠬᠤᠶᠢᠯᠠᠯ ᠣᠯᠠᠨ ᠲᠦᠮᠡᠨ ᠤ ᠮᠡᠳᠡᠷᠡᠬᠦ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠡᠭᠦᠨ ᠤ ᠬᠠᠮᠲᠤ᠂ ︽ᠪᠥᠬᠦ ᠬᠤᠲᠠ ᠶᠢᠨ ᠨᠡᠶᠢᠳᠡᠮ ᠭᠦᠢᠴᠡᠳᠬᠡᠬᠦ︾ ᠠᠵᠢᠯ ᠤᠨ ᠳᠤᠮᠳᠠ ᠪᠣᠶ ᠪᠣᠯᠤᠭᠰᠠᠨ ᠰᠠᠶᠢᠨ ᠲᠤᠷᠰᠢᠯᠭ᠎ᠠ ᠰᠠᠶᠢᠨ ᠬᠢᠬᠦ ᠠᠷᠭ᠎ᠠ ᠶᠢ ᠪᠥᠬᠦ ᠲᠠᠯ᠎ᠠ ᠪᠠᠷ ᠳ᠋ᠦᠩᠨᠡᠵᠦ᠂ ᠪᠦᠬᠦᠯᠢ ᠴᠣᠭᠴᠠ ᠶᠢᠨ ᠣᠶᠢᠯᠡᠴᠢᠯᠡᠬᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ