— 2021 ᠤᠨ ᠤ 3 ᠰᠠᠷ᠎ᠠ ᠶᠢᠨ 3 ᠤ ᠡᠳᠦᠷ ᠤᠷᠳᠤᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠲᠡᠭᠡᠷ᠎ᠡ | ᠤᠷᠤᠯᠠᠭᠴᠢ ᠬᠤᠳᠠ ᠶᠢᠨ ᠲᠠᠷᠤᠭ᠎ᠠ ᠯᠢ ᠯᠢ | ᠲᠦᠯᠦᠭᠡᠯᠡᠭᠴᠢᠳ ᠡ᠄ | ᠤᠳᠤ᠂ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠡᠨ ᠵᠦᠪᠯᠡᠬᠦ ᠪᠤᠯᠪᠠᠤ᠂ | ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠠ ᠪᠤᠰᠤᠳ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2020 ᠤᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ | ᠡᠷᠬᠢᠴᠡᠬᠦᠯᠦᠯ | 2020 ᠤᠨ ᠪᠤᠯ ᠤᠷᠳᠤᠰ ᠤᠨ ᠬᠦᠭᠵᠢᠯᠳᠡ ᠶᠢᠨ ᠲᠡᠦᠭᠡᠨ ᠳᠠᠬᠢ ᠶᠡᠷᠦ ᠪᠤᠰᠤ ᠶᠢᠨ ᠨᠢᠭᠡ ᠵᠢᠯ ᠪᠤᠯᠤᠨ᠎ᠠ᠃ ᠲᠦᠪᠡᠭ ᠪᠤᠳᠤᠯᠢᠶᠠᠨᠳᠠᠢ ᠬᠤᠪᠢᠷᠠᠯᠳᠠ ᠶᠡᠭᠡᠳᠡᠢ | ᠠᠵᠤ ᠠᠬᠤᠢ ᠶᠢᠨ ᠪᠠᠶᠢᠳᠠᠯ ᠪᠠ ᠤᠯᠠᠨ ᠵᠦᠢᠯ ᠤᠨ ᠠᠰᠠᠭᠤᠳᠠᠯ ᠵᠦᠷᠢᠴᠡᠯ ᠮᠦᠷᠬᠦᠯᠳᠦᠭᠡᠨ ᠰᠤᠯᠪᠢᠴᠠᠭᠰᠠᠨ ᠬᠠᠳᠠᠭᠤ ᠴᠢᠩᠭ᠎ᠠ ᠰᠢᠯᠭᠠᠯᠳᠠ᠂ ᠢᠯᠠᠩᠭᠤᠶ᠎ᠠ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠤ ᠨᠤᠴᠢᠳᠠᠢ ᠲᠠᠭᠠᠷᠢᠯᠳᠠ ᠶᠢᠨ ᠡᠮᠦᠨ᠎ᠡ᠂ ᠪᠢᠳᠡ ᠲᠦᠪ᠂ ᠦᠪᠡᠷᠳᠡᠭᠡᠨ ᠵᠠᠰᠠᠬᠤ ᠤᠷᠤᠨ | ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠳᠤ | ᠴᠢᠩᠭ᠎ᠠ ᠤᠳᠤᠷᠢᠳᠤᠯᠭ᠎ᠠ ᠲᠤᠤᠷ᠎ᠠ᠂ ᠢᠳᠡᠭᠡᠯ ᠵᠤᠷᠢᠭ ᠢᠶᠠᠨ ᠪᠠᠳᠤᠳᠬᠠᠨ᠂ ᠬᠠᠳᠠᠭᠤ ᠪᠡᠷᠭᠡᠰᠢᠶᠡᠯ ᠢ ᠴᠢᠷᠮᠠᠶᠢᠨ ᠲᠤᠭᠤᠯᠤᠨ ᠲᠠᠪᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠤᠯᠳᠡᠢ ᠲᠦᠯᠦᠪᠯᠡᠵᠦ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ | ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠵᠢᠷᠭᠤᠭ᠎ᠠ ᠶᠢ ᠪᠠᠳᠣᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠡᠷᠬᠢᠯᠳᠡ | ᠶᠡᠷᠦᠩᠭᠡᠢ ᠳᠡᠭᠡᠨ ᠲᠤᠭᠳᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ ᠠᠮᠤᠷ ᠲᠤᠭᠳᠠᠭᠤᠨ ᠪᠠᠶᠢᠨ᠎ᠠ᠃ ᠭᠠᠵᠠᠷ ᠤᠷᠤᠨ ᠤ ᠦᠢᠯᠡᠳᠪᠦᠷᠢᠯᠡᠯ ᠤᠨ | ᠶᠡᠷᠦᠩᠭᠡᠢ ᠦᠷᠳᠡᠭ ᠢ 3533.7 ᠳ᠋ᠦᠡᠭᠰᠢᠭᠤᠷ ᠲᠦᠬᠦᠷᠢᠭ ᠪᠡᠶᠡᠯᠡᠬᠦᠯᠵᠦ᠂ ᠡᠩ ᠤᠨ ᠤᠯᠠᠨ ᠨᠠᠶᠢᠳᠡ ᠶᠢᠨ ᠲᠦᠰᠦᠪ ᠤᠨ ᠤᠷᠤᠯᠭ᠎ᠠ ᠶᠢ 464.9 ᠳ᠋ᠦᠡᠭᠰᠢᠭᠤᠷ | ᠲᠦᠬᠦᠷᠢᠭ ᠪᠡᠶᠡᠯᠡᠬᠦᠯᠦᠨ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 6% ᠪᠠᠷ ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ | ᠲᠤᠮᠳᠠᠴᠢ ᠡᠵᠡᠮᠳᠡᠵᠦ ᠪᠤᠯᠬᠤ ᠤᠷᠤᠯᠭ᠎ᠠ ᠲᠤᠰᠪᠤᠷᠢ 1.1% ᠪᠠ 7.5% ᠪᠠᠷ ᠨᠡᠮᠡᠭᠳᠡᠪᠡ᠃ | ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠨᠢ ᠭᠦᠴᠦᠨ ᠲᠠᠢ ᠮᠦᠷᠳᠡᠭᠡᠨ ᠪᠦᠳᠦᠮᠵᠢᠳᠡᠢ ᠪᠠᠶᠢᠨ᠎ᠡ᠃ ᠠᠷᠠᠳ ᠲᠦᠮᠡᠨ ᠢ ᠲᠡᠬᠡᠳᠦᠯᠡᠵᠣ᠂ | ᠠᠮᠢ ᠨᠠᠰᠤ ᠶᠢ ᠡᠷᠬᠢᠮᠯᠡᠬᠦ ᠶᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠢᠯᠠᠨ ᠲᠠᠷᠤᠬᠤ ᠪᠠᠷ ᠪᠦᠬᠦ ᠬᠦᠴᠦᠨ ᠢᠶᠠᠷ ᠢᠶᠠᠨ ᠡᠷᠡᠮᠡᠬᠡᠶᠢᠯᠠᠨ ᠲᠡᠮᠡᠴᠡᠪᠡ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠤᠭᠳᠠᠯᠴᠠᠭ᠎ᠠ ᠶᠢ ᠲᠠᠷᠤᠢ ᠳᠤᠨᠢ ᠪᠠᠶᠢᠭᠤᠯᠵᠤ᠂ ︽ᠲᠦᠷᠪᠡᠨ ᠡᠷᠳᠡ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠤᠯᠪᠤᠭᠠᠯᠠᠨ ᠰᠡᠷᠭᠡᠶᠢᠯᠡᠨ ᠬᠤᠯᠪᠤᠭᠠᠯᠠᠨ ᠡᠵᠡᠮᠳᠡᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠵᠦ᠂ ᠬᠢᠵᠢᠭ ᠤᠨ | ᠪᠠᠶᠢᠳᠠᠯ ᠤᠨ ᠲᠠᠷᠬᠠᠨ ᠲᠠᠯᠬᠡᠷᠡᠬᠦ ᠶᠢ ᠲᠦᠷᠭᠡᠨ ᠢᠶᠠᠷ ᠬᠤᠷᠢᠭᠯᠠᠨ᠂ 42 ᠬᠤᠨᠤᠭ ᠲᠤ ᠤᠨᠤᠰᠢᠯᠠᠭᠰᠠᠨ ᠡᠪᠡᠳᠴᠢᠳᠡᠨ ᠤ ᠵᠢᠱᠢᠶ᠎ᠡ ᠦᠭᠡᠢ ᠪᠤᠯᠭᠠᠬᠤ ᠶᠢ | ᠪᠡᠶᠡᠯᠡᠬᠦᠯᠪᠡ᠃ 5 ᠪᠦᠯᠦᠭ ᠤᠳᠠᠭ᠎ᠠ ᠶᠢᠨ 50 ᠬᠦᠮᠦᠨ ᠤ ᠡᠮᠨᠡᠯᠭᠡ ᠶᠢᠨ ᠠᠩᠬᠢ ᠶᠢ ᠲᠤᠮᠢᠯᠠᠨ ᠬᠤᠪᠸᠢ ᠮᠤᠵᠢ ᠶᠢ ᠲᠤᠰᠠᠯᠠᠵᠤ᠂ ᠪᠦᠬᠦ ᠤᠷᠤᠨ ᠤ ᠬᠤᠪᠸᠢ | ᠮᠤᠵᠢ ᠶᠢ ᠲᠤᠰᠠᠯᠠᠭᠰᠠᠨ ᠡᠮᠨᠡᠯᠭᠡ ᠶᠢᠨ ᠠᠩᠬᠢ ᠶᠢᠨ ᠪᠤᠴᠠᠨ ᠢᠷᠡᠵᠦ ᠠᠮᠠᠷᠠᠭᠤᠯᠤᠨ ᠴᠡᠭᠴᠡᠯᠡᠬᠦ ᠦᠢᠯᠡᠴᠢᠯᠡᠭᠡ ᠶᠢᠨ ᠪᠠᠳᠤᠯᠠᠭ᠎ᠠ ᠶᠢᠨ ᠡᠬᠦᠷᠭᠡ ᠶᠢ ᠲᠡᠬᠦᠰ | ᠠᠮᠵᠢᠯᠳᠠ ᠲᠠᠢ ᠪᠡᠶᠡᠯᠡᠬᠦᠯᠪᠡ᠃ ︽ᠭᠠᠳᠠᠨ᠎ᠠ ᠠᠴᠠ ᠬᠠᠯᠳᠠᠪᠦᠷᠢᠯᠠᠨ ᠤᠷᠤᠵᠤ ᠢᠷᠡᠬᠦ ᠶᠢ ᠰᠡᠷᠭᠡᠶᠢᠯᠡᠨ᠂ ᠲᠤᠳᠤᠭᠠᠳᠤ ᠳᠠᠭᠠᠨ ᠲᠠᠬᠢᠨ ᠲᠡᠯᠬᠡᠷᠡᠬᠦ ᠶᠢ ᠰᠡᠷᠭᠡᠶᠢᠯᠡᠬᠦ︾ | ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠢᠨᠡᠨ ᠬᠡᠮᠵᠢᠵᠦ | ᠤᠷᠢᠳᠴᠢᠯᠠᠨ ᠰᠡᠷᠡᠮᠵᠢᠯᠡᠬᠦᠯᠬᠦ ᠪᠡ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠬᠢᠬᠦ ᠶᠢ ᠴᠢᠩᠭᠠᠳᠬᠠᠵᠤ᠂ ᠠᠵᠢᠯ ᠦᠢᠯᠡᠳᠪᠦᠷᠢᠯᠡᠯ ᠵᠠᠬ᠎ᠠ ᠲᠡᠯᠬᠡᠭᠦᠷ ᠢ ᠰᠡᠷᠬᠦᠭᠡᠬᠦ᠂ | ᠰᠤᠷᠭᠠᠭᠤᠯᠢ ᠡᠬᠢᠯᠡᠬᠦ ᠶᠢ ᠰᠡᠷᠬᠦᠭᠡᠬᠦ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠪᠠᠷ ᠶᠠᠪᠤᠭᠳᠠᠭᠤᠯᠪᠠ᠃ ᠪᠦᠭᠡᠮ ᠬᠦᠴᠢᠯ ᠢ ᠪᠠᠶᠢᠴᠠᠭᠠᠨ ᠭᠡᠮᠵᠢᠬᠦ ᠴᠢᠳᠠᠪᠤᠷᠢ | ᠶᠢ ᠲᠡᠭᠡᠭᠰᠢᠯᠡᠬᠦᠯᠵᠦ᠂ ᠭᠤᠤᠯᠳᠠᠯᠭ᠎ᠠ ᠲᠠᠢ ᠬᠦᠮᠦᠰ ᠲᠤ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠦᠷᠨᠢᠬᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠤ᠂ ᠦᠷᠭᠡᠨ ᠤᠯᠠᠨ ᠡᠮᠴᠢ ᠠᠵᠢᠯᠳᠠᠳ ᠶᠤᠰᠤ ᠵᠢᠷᠤᠮ ᠤᠨ ᠲᠦᠯᠦᠭᠡ ᠡᠷᠡᠭᠡᠯᠵᠡᠯ ᠦᠭᠡᠢ ᠪᠠᠷ ᠠᠮᠢ ᠨᠠᠰᠤ ᠶᠢ ᠠᠪᠤᠷᠠᠵᠤ᠂ ᠨᠡᠶᠢᠭᠡᠮ ᠲᠤᠭᠤᠷᠢᠭ ᠤᠨ ᠠᠵᠢᠯᠳᠠᠳ | ᠂ ᠦᠨᠳᠤᠰᠤᠨ ᠱᠠᠳᠤᠨ ᠤ ᠺᠠᠳ᠋ᠷᠴᠤᠳ᠂ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ᠂ ᠰᠤᠨᠢᠨ ᠮᠡᠳᠡᠭᠡᠨ ᠤ ᠠᠵᠢᠯᠳᠠᠳ᠂ ᠰᠠᠶᠢᠨ ᠲᠤᠷᠠᠴᠤᠳ ᠶᠠᠳᠠᠷᠠᠯ | ᠵᠦᠳᠡᠷᠡᠯ ᠢ ᠦᠯᠦ ᠬᠠᠶᠢᠬᠤᠷᠤᠨ᠂ ᠨᠢᠭᠡᠳᠦᠭᠡᠷ ᠹᠷᠤᠨᠲ ᠲᠡᠭᠡᠷ᠎ᠡ ᠪᠠᠭᠠᠳᠤᠷᠯᠠᠨ ᠲᠡᠮᠡᠴᠡᠵᠦ᠂ ᠪᠦᠬᠦ ᠬᠤᠳᠠ ᠶᠢᠨ ᠲᠡᠭᠡᠷ᠎ᠡ ᠲᠤᠤᠷ᠎ᠠ ᠱᠠᠳᠤᠨ ᠤ ᠬᠢᠨ᠂ ᠡᠯ᠎ᠡ | ᠦᠨᠳᠤᠰᠤᠳᠠᠨ ᠨᠦᠭᠦᠳ ᠤᠨ ᠤᠯᠠᠨ ᠲᠦᠮᠡᠨ ᠡᠯ᠎ᠡ ᠡᠳᠡᠭᠡᠳ ᠤᠨ ᠬᠢᠨ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠤᠨ᠂ ᠰᠡᠳᠬᠢᠯ ᠨᠢᠭᠡᠳᠦᠨ ᠬᠦᠴᠦ ᠪᠠᠨ | ᠬᠠᠮᠳᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠡ ᠶᠢᠨ ᠱᠤᠭᠤᠮ ᠢ ᠬᠠᠮᠳᠤ ᠪᠠᠷ ᠪᠠᠶᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠭᠤᠤ ᠶᠡᠭᠡ ᠵᠤᠷᠢᠭ ᠰᠠᠨᠠᠭ᠎ᠠ ᠶᠢ ᠬᠦᠢᠴᠡᠳ ᠢᠯᠡᠷᠡᠬᠦᠯᠪᠡ᠃ | ᠬᠤᠶᠠᠷ ᠲᠤ ᠲᠤᠭᠳᠠᠭᠤᠨ ᠢᠶᠠᠷ ᠨᠡᠮᠡᠭᠳᠡᠬᠦᠯᠵᠦ ᠠᠵᠢᠯ ᠤᠯᠭᠤᠯᠳᠠ ᠶᠢ ᠪᠠᠳᠤᠯᠠᠭᠰᠠᠨ ᠦᠷ᠎ᠡ ᠪᠦᠳᠦᠮᠵᠢ ᠪᠠᠷ ᠲᠤᠪᠤᠶᠢᠮ᠎ᠠ ᠪᠠᠶᠢᠨ᠎ᠠ᠃ ᠲᠦᠪ᠂ ᠦᠪᠡᠷᠳᠡᠭᠡᠨ | ᠵᠠᠰᠠᠬᠤ ᠤᠷᠤᠨ ᠤ ᠠᠵᠤ ᠠᠬᠤᠶᠢᠯᠠᠯ ᠢ ᠬᠠᠷᠠᠭᠠᠯᠵᠠᠨ ᠬᠦᠴᠢᠷᠳᠡᠯ ᠢ ᠰᠢᠢᠳᠪᠤᠷᠢᠯᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠦᠢᠯᠡᠳᠪᠤᠷᠢᠯᠡᠯ ᠢ ᠰᠡᠷᠭᠦᠭᠡᠨ ᠡᠷᠡᠬᠦᠯ ᠢᠶᠠᠷ ᠬᠦᠭᠵᠢᠬᠦ ᠶᠢ ᠲᠡᠮᠵᠢᠬᠦ 14 ᠠᠷᠭ᠎ᠠ ᠪᠠᠷᠢᠯ ᠢ ᠨᠡᠶᠢᠳᠡᠯᠡᠵᠦ᠂ | ᠵᠤᠬᠢᠴᠠᠭᠤᠯᠬᠤ ᠪᠠᠷ ᠲᠠᠮᠵᠢᠨ 127 ᠳ᠋ᠦᠡᠭᠰᠢᠭᠤᠷ ᠲᠦᠬᠦᠷᠢᠭ ᠤᠨ ᠵᠢᠬᠡᠯᠡᠯᠬᠡ ᠶᠢᠨ ᠡᠭᠡ ᠮᠦᠡᠭᠬᠦ ᠶᠢ ᠪᠤᠴᠠᠭᠠᠨ ᠬᠦᠤ ᠮᠦᠡᠭᠬᠦ ᠶᠢ ᠲᠦᠯᠦᠬᠦ ᠬᠤᠭᠤᠴᠠᠭ᠎ᠠ ᠶᠢ | ᠬᠤᠶᠢᠰᠢᠯᠠᠭᠤᠯᠵᠤ᠂ 153 ᠳ᠋ᠦᠡᠭᠰᠢᠭᠤᠷ ᠲᠦᠬᠦᠷᠢᠭ ᠤᠨ ᠵᠢᠭᠡᠯᠡᠯᠭᠡ ᠶᠢᠨ ᠬᠤᠭᠤᠴᠠᠭ᠎ᠠ ᠶᠢ ᠤᠷᠳᠤᠳᠬᠠᠨ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠠᠰᠤᠨ | ᠰᠦᠢᠳᠭᠡᠯ ᠢ ᠪᠠᠭᠤᠷᠠᠭᠤᠯᠤᠭᠰᠠᠨ ᠲᠤᠭ᠎ᠠ 82.9 ᠳ᠋ᠦᠡᠭᠰᠢᠭᠤᠷ ᠲᠦᠬᠦᠷᠢᠭ ᠲᠤ ᠬᠦᠷᠴᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠴᠡᠪᠡᠷ 148 ᠳ᠋ᠦᠡᠭᠰᠢᠭᠤᠷ | ᠲᠦᠬᠦᠷᠢᠭ ᠨᠡᠮᠡᠭᠳᠡᠵᠦ᠂ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠡ ᠦᠢᠯᠡᠳᠪᠦᠷᠢᠯᠡᠯ ᠤᠨ ᠬᠡᠮᠵᠢᠶ᠎ᠡ ᠦᠷ᠎ᠡ ᠪᠦᠳᠦᠮᠵᠢ ᠶᠢ ᠪᠠᠷᠢᠮᠵᠢᠶ᠎ᠡ ᠳᠤ | ᠬᠦᠷᠭᠡᠬᠦ ᠶᠢ ᠠᠬᠢᠭᠤᠯᠪᠠ᠃ ᠠᠵᠢᠯ ᠤᠯᠭᠤᠯᠳᠠ ᠶᠢ ᠲᠤᠭᠳᠠᠪᠦᠷᠢᠵᠢᠭᠤᠯᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠵᠦ ᠢᠳᠡᠭᠡᠨ ᠤᠮᠳᠠᠭᠠᠨ ᠤ ᠦᠢᠯᠡᠰ ᠢ ᠡᠷᠡᠬᠦᠯ | ᠢᠶᠠᠷ ᠬᠦᠭᠵᠢᠬᠦᠯᠬᠦ ᠰᠠᠨᠠᠯ ᠲᠤᠭᠳᠠᠭᠠᠵᠤ᠂ ᠰᠢᠭᠤᠳ ᠨᠦᠬᠦᠪᠦᠷᠢᠯᠡᠬᠦ᠂ ᠬᠡᠷᠡᠭᠯᠡᠭᠡ ᠶᠢᠨ ᠲᠡᠮᠳᠡᠭᠳᠤ ᠲᠠᠷᠬᠠᠭᠠᠬᠤ ᠵᠡᠷᠭᠡ ᠠᠷᠭ᠎ᠠ ᠪᠠᠷᠢᠯ ᠠᠪᠴᠤ᠂ ᠵᠢᠵᠢᠭ ᠪᠢᠴᠢᠯ | ᠠᠵᠤ ᠠᠬᠤᠶᠢᠯᠠᠯ ᠤᠨ ᠡᠵᠡᠩᠨᠡᠯᠳᠡ ᠶᠢᠨ ᠲᠠᠷᠤᠭᠠᠰᠤ ᠶᠢ ᠬᠦᠡᠭᠭᠡᠷᠡᠬᠦᠯᠵᠦ᠂ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠭᠤᠤᠯᠳᠠᠯᠭ᠎ᠠ ᠲᠠᠢ | ᠲᠦᠷᠦᠯ ᠵᠦᠢᠯ ᠤᠨ ᠬᠤᠯᠪᠤᠭᠠᠯᠠᠨ ᠬᠦᠳᠡᠯᠦᠯᠴᠡᠬᠦ ᠲᠤᠭᠳᠠᠴᠠ ᠶᠢ ᠪᠠᠶᠢᠭᠤᠯᠵᠤ᠂ 400 ᠭᠠᠷᠤᠢ ᠲᠦᠷᠦᠯ ᠤᠨ ᠲᠦᠷᠦᠯ ᠵᠦᠢᠯ ᠤᠨ ᠭᠠᠷ ᠬᠦᠢᠴᠡᠳᠭᠡᠯ ᠢ | ᠵᠤᠬᠢᠴᠠᠭᠤᠯᠤᠨ ᠬᠦᠢᠴᠡᠳᠭᠡᠨ ᠦᠭᠴᠤ᠂ ᠳ᠋ᠦᠡᠭᠰᠢᠭᠤᠷ ᠲᠦᠬᠦᠷᠢᠭ ᠠᠴᠠ ᠲᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ | ᠡᠬᠢᠯᠡᠬᠦᠯᠵᠦ ᠰᠡᠷᠭᠦᠭᠡᠭᠰᠡᠨ ᠨᠤᠷᠮ᠎ᠠ 94% ᠳᠤ ᠬᠦᠷᠴᠦ᠂ ᠠᠷᠠᠳ ᠤᠨ ᠪᠡᠯᠡ ᠤᠷᠤᠭᠤᠯᠤᠯᠳᠠ 3.8% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ | ᠪᠡᠯᠡ ᠤᠷᠤᠭᠤᠯᠤᠯᠳᠠ 36.8% ᠪᠠᠷ ᠨᠡᠮᠡᠭᠳᠡᠪᠡ᠃ ᠨᠡᠬᠦᠷᠡᠰᠦᠨ ᠤ ᠬᠠᠨᠭ᠍ᠭᠠᠯᠭ᠎ᠠ ᠶᠢ ᠪᠠᠳᠤᠯᠠᠬᠤ ᠲᠤᠰᠬᠠᠢ ᠠᠵᠢᠯᠯᠠᠭ᠎ᠠ ᠶᠢ ᠬᠡᠷᠡᠭᠵᠢᠬᠦᠯᠵᠦ᠂ ᠪᠦᠬᠦ ᠵᠢᠯ ᠤᠨ | ᠨᠡᠬᠦᠷᠡᠰᠦᠨ ᠤ ᠪᠤᠷᠤᠯᠠᠭᠤᠯᠤᠯᠳᠠ ᠶᠢᠨ ᠬᠡᠮᠵᠢᠶ᠎ᠡ 6.7 ᠳ᠋ᠦᠡᠭᠰᠢᠭᠤᠷ ᠲᠤᠨ ᠬᠦᠷᠴᠤ᠂ ᠡᠨᠧᠷᠬᠢ ᠶᠢᠨ ᠬᠠᠨᠭ᠍ᠭᠠᠯᠭ᠎ᠠ ᠶᠢ ᠬᠦᠴᠦᠳᠡᠢ ᠪᠠᠳᠤᠯᠠᠪᠠ᠃ ᠭᠤᠤᠯᠳᠠᠯᠭ᠎ᠠ ᠲᠠᠢ | ᠠᠵᠢᠯ ᠲᠦᠷᠦᠯ᠂ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ ᠬᠠᠪᠰᠤᠷᠤᠨ ᠲᠠᠮᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ | ᠪᠠᠶᠢᠷᠢ ᠶᠢ ᠲᠤᠭᠳᠠᠪᠤᠷᠢᠵᠢᠭᠤᠯᠬᠤ ᠨᠦᠬᠦᠪᠦᠷᠢ ᠶᠢ 2.8 ᠳ᠋ᠦᠡᠭᠰᠢᠭᠤᠷ ᠲᠦᠬᠦᠷᠢᠭ ᠪᠠᠭᠤᠯᠭᠠᠵᠣ᠂ 20.9 ᠳ᠋ᠦᠡᠭᠰᠢᠭᠤᠷ ᠲᠦᠬᠦᠷᠢᠭ ᠤᠨ ᠨᠡᠶᠢᠭᠡᠮ ᠤᠨ ᠪᠠᠳᠤᠯᠠᠭ᠎ᠠ | ᠶᠢᠨ ᠰᠦᠢᠳᠭᠡᠯ ᠢ ᠬᠠᠰᠤᠨ ᠬᠡᠯᠳᠦᠷᠢᠭᠦᠯᠵᠣ᠂ 2180 ᠠᠵᠤ ᠠᠬᠤᠶᠢᠯᠠᠯ᠂ 30.8 ᠲᠦᠮᠡᠨ ᠠᠵᠢᠯᠴᠢᠨ ᠠᠵᠢᠯᠳᠠᠨ ᠳᠤ ᠠᠰᠢᠭ ᠬᠦᠷᠳᠡᠭᠡᠵᠦ᠂ ᠬᠤᠳᠠ ᠪᠠᠯᠭᠠᠰᠤ | ᠶᠢᠨ ᠲᠡᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3.02% ᠤᠨ ᠲᠤᠳᠤᠷ᠎ᠠ ᠬᠢᠵᠠᠭᠠᠷᠯᠠᠪᠠ᠃ | ᠭᠤᠷᠪᠠ ᠳᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠬᠦ ᠠᠯᠬᠤᠴᠠ ᠲᠦᠷᠭᠡᠳᠪᠡ᠃ ᠤᠳᠤ ᠦᠶ᠎ᠡ ᠶᠢᠨ ᠡᠨᠧᠷᠬᠢ ᠶᠢᠨ ᠠᠵᠤ | ᠠᠬᠤᠢ ᠶᠢ ᠶᠡᠭᠡᠪᠡᠷ ᠬᠦᠭᠵᠢᠬᠦᠯᠵᠦ᠂ 18 ᠨᠡᠬᠦᠷᠡᠰᠦᠨ ᠠᠭᠤᠷᠬᠠᠢ ᠤᠶᠤᠨᠴᠢ ᠪᠠᠷ ᠠᠵᠢᠯᠯᠠᠬᠤ ᠶᠢ ᠪᠡᠶᠡᠯᠡᠬᠦᠯᠵᠦ᠂ ᠮᠸᠡᠭ ᠰᠢ ᠠᠴᠠ ᠶᠢᠨ ᠵᠦᠡᠭ ᠬᠦᠷᠬᠦ 1000 | ᠺᠢᠯᠤᠸᠤᠯᠲ ᠤᠨ ᠤᠨᠴᠠ ᠦᠨᠳᠤᠷ ᠬᠦᠴᠤᠳᠡᠯᠳᠤ ᠬᠤᠪᠢᠰᠤᠮᠠᠯ ᠬᠦᠶᠦᠳᠡᠯ ᠤᠨ ᠪᠠᠷᠢᠯᠭ᠎ᠠ ᠡᠬᠢᠯᠡᠨ ᠴᠠᠬᠢᠯᠭᠠᠨ ᠬᠦᠷᠭᠡᠵᠦ᠂ ᠱᠠᠨᠳᠦ᠋ᠡᠭ ᠤᠨ ᠡᠨᠧᠷᠬᠢ ᠶᠢᠨ ᠱᠸᠡᠭ | ᠯᠤ᠋ ᠴᠠᠬᠢᠯᠭᠠᠨ ᠭᠠᠷᠭᠠᠬᠤ ᠦᠢᠯᠡᠳᠪᠦᠷᠢ᠂ ᠲᠠᠯᠠᠳ ᠤᠨ ᠭᠡᠷᠡᠯ ᠴᠡᠨᠡᠭ ᠤᠨ ᠴᠠᠬᠢᠯᠭᠠᠨ ᠭᠠᠷᠭᠠᠬᠤ ᠭᠡᠷᠡᠭᠯᠡᠭᠡᠨ ᠤ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭ᠎ᠠ | ᠶᠢᠨ ᠪᠠᠷᠢᠯᠭ᠎ᠠ ᠶᠢ ᠪᠠᠶᠢᠭᠤᠯᠤᠨ ᠪᠦᠳᠦᠭᠡᠪᠡ᠃ ᠪᠤᠤ ᠹᠸᠡᠭ ᠤᠨ ᠠᠩᠬᠠᠳᠤᠭᠠᠷ ᠬᠤᠭᠤᠴᠠᠭᠠᠨ ᠤ 260 ᠲᠦᠮᠡᠨ ᠲᠤᠨ ᠤ ᠨᠡᠬᠦᠷᠡᠰᠦ ᠪᠠᠷ ᠠᠯᠺᠧᠨ ᠦᠢᠯᠡᠳᠬᠦ | ᠲᠦᠷᠦᠯ ᠵᠦᠢᠯ ᠵᠦᠪᠰᠢᠶᠡᠷᠡᠭᠳᠡᠵᠦ᠂ ᠵᠢᠶᠠᠨ ᠶᠤᠸᠠᠨ ᠤ ᠡᠾᠧᠺᠰᠠᠨᠤᠯᠠᠺᠲ᠋ᠠᠨ ᠵᠡᠷᠭᠡ ᠲᠦᠷᠦᠯ ᠵᠦᠢᠯ ᠨᠤᠳᠤᠭᠰᠢᠨ ᠪᠠᠷᠢᠯᠭ᠎ᠠ ᠶᠢᠨ ᠠᠵᠢᠯ ᠢᠶᠠᠨ ᠡᠬᠢᠯᠡᠬᠦᠯᠪᠡ᠃ | ᠰᠢᠨ᠎ᠡ ᠪᠠᠷ ᠬᠦᠭᠵᠢᠭᠰᠡᠨ ᠠᠵᠤ ᠦᠢᠯᠡᠰ ᠢ ᠲᠦᠷᠭᠡᠨ ᠢᠶᠠᠷ ᠪᠤᠶᠢᠵᠢᠭᠤᠯᠵᠤ᠂ 6559 ᠲᠦᠮᠡᠨ ᠭᠡᠰᠡᠭ ᠰᠢᠩᠭᠡᠨ ᠲᠡᠯᠡᠰᠳᠤ ᠦᠵᠡᠬᠦᠯᠦᠭᠦᠷ ᠪᠠ 3 ᠲᠦᠮᠡ ᠰᠢᠬᠠᠮ | ᠮᠠᠰᠢᠨ ᠲᠡᠷᠭᠡ ᠦᠢᠯᠡᠳᠪᠦᠷᠢᠯᠡᠵᠦ᠂ ᠵᠤ᠋ ᠵᠸᠦ ᠱᠢ ᠳ᠋ᠠᠢ ᠶᠢᠨ ᠰᠠᠯᠬᠢᠨ ᠤ ᠴᠠᠬᠢᠯᠭᠠᠨ ᠲᠠᠯᠪᠢ ᠶᠢᠨ ᠬᠤᠶᠠᠳᠤᠭᠠᠷ ᠬᠤᠭᠤᠴᠠᠭ᠎ᠠ᠂ ᠵᠢᠦ ᠺᠧ ᠺᠠᠨᠭ᠌ ᠷᠦᠢ ᠶᠢᠨ ᠡᠨᠧᠷᠬᠢ | ᠠᠷᠪᠢᠯᠠᠨ ᠤᠷᠴᠢᠨ ᠲᠤᠭᠤᠷᠢᠨ ᠢ ᠬᠠᠮᠠᠭᠠᠯᠬᠤ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠠᠰᠢᠭᠯᠠᠯᠳᠠ ᠳᠤ ᠤᠷᠤᠪᠠ᠃ ᠡᠳ᠋ ᠤᠨ ᠵᠠᠰᠠᠭ ᠤᠨ | ᠰᠢᠨᠵᠢᠯᠡᠬᠦ ᠤᠬᠠᠭᠠᠨ ᠮᠡᠷᠭᠡᠵᠢᠯ ᠳᠤ ᠤᠷᠤᠭᠤᠯᠤᠭᠰᠠᠨ ᠪᠡᠯᠡ ᠤᠷᠤᠭᠤᠯᠤᠯᠳᠠ 7.2 ᠳ᠋ᠦᠡᠭᠰᠢᠭᠤᠷ ᠲᠦᠬᠦᠷᠢᠭ ᠲᠤ ᠬᠦᠷᠴᠤ᠂ 45.6% ᠪᠠᠷ ᠨᠡᠮᠡᠭᠳᠡᠵᠦ᠂ ᠰᠢᠨ᠎ᠡ | ᠪᠠᠷ ᠨᠡᠮᠡᠭᠳᠡᠭᠰᠡᠨ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 27᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠦᠪ 22 ᠪᠠᠶᠢᠵᠤ᠂ ᠲᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ 5.5% ᠪᠠᠷ ᠨᠡᠮᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠢᠶᠠᠷ ᠬᠦᠭᠵᠢᠵᠦ᠂ | ᠮᠠᠨ ᠤ ᠬᠤᠳᠠ ᠪᠦᠬᠦ ᠤᠷᠤᠨ ᠤ ᠴᠤᠷ ᠤᠨ ᠭᠠᠭᠴᠠ ᠤᠯᠤᠰ ᠤᠨ ᠰᠤᠶᠤᠯ ᠪᠠ ᠵᠢᠭᠤᠯᠴᠢᠯᠠᠯ ᠤᠨ ᠬᠡᠷᠡᠭᠯᠡᠭᠡ ᠶᠢᠨ ᠵᠢᠱᠢᠶ᠎ᠡ ᠦᠵᠡᠬᠦᠯᠬᠦ ᠬᠤᠳᠠ ᠪᠤᠯᠵᠤ᠂ ᠬᠢᠶ᠎ᠡ | ᠪᠠᠭᠰᠢ ᠲᠤᠭᠤᠷᠢᠭ ᠤᠯᠤᠰ ᠤᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠢᠶᠠᠷ ᠦᠨᠡᠯᠡᠭᠳᠡᠪᠡ᠃ | ᠲᠦᠷᠪᠡ ᠳᠤ ᠠᠮᠢ ᠠᠬᠤᠢ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠪᠠ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ | ᠪᠠ ᠴᠢᠨᠠᠷ ᠰᠠᠶᠢᠳᠠᠢ ᠬᠦᠭᠵᠢᠯᠳᠡ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ | ᠲᠦᠷᠢᠮ ᠢ ᠨᠠᠶᠢᠳᠡᠯᠡᠪᠡ᠃ ᠠᠭᠤᠷᠬᠠᠢ ᠶᠢᠨ ᠤᠷᠤᠨ ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠨ ᠰᠡᠷᠭᠦᠭᠡᠬᠦ ᠰᠠᠭᠤᠷᠢ ᠮᠦᠡᠭᠬᠦᠨ ᠤ ᠬᠠᠮᠢᠶᠠᠷᠤᠯᠳᠠ | ᠶᠢᠨ ᠠᠷᠭ᠎ᠠ ᠶᠢ ᠲᠤᠭᠳᠠᠭᠠᠵᠤ᠂ ᠪᠤᠳᠤᠵᠤ ᠠᠪᠤᠭᠰᠠᠨ ᠰᠠᠭᠤᠷᠢ ᠮᠦᠡᠭᠬᠦ 54.7 ᠳ᠋ᠦᠡᠭᠰᠢᠭᠤᠷ ᠳᠦᠬᠦᠷᠢᠭ ᠲᠤ ᠬᠦᠷᠴᠤ᠂ ᠪᠡᠶᠡᠯᠡᠬᠦᠯᠦᠭᠰᠡᠨ ᠵᠠᠰᠠᠯᠳᠠ ᠬᠢᠭᠰᠡᠨ | ᠲᠠᠯᠠᠪᠠᠢ 27.8 ᠬᠠᠪᠳᠠᠭᠠᠢ ᠲᠦᠷᠪᠡᠯᠵᠢᠨ ᠺᠢᠯᠤᠮᠧᠲᠷ ᠲᠤ ᠬᠦᠷᠪᠡ᠃ ᠵᠠᠳᠠᠭᠠᠢ ᠨᠡᠬᠦᠷᠡᠰᠤᠨ ᠠᠭᠤᠷᠬᠠᠢ ᠶᠢᠨ ᠲᠦᠷ ᠴᠠᠭ ᠬᠡᠷᠡᠭᠯᠡᠬᠦ 11636 ᠡᠾᠧᠺᠲ᠋ᠠᠷ ᠭᠠᠵᠠᠷ | ᠢ ᠲᠠᠬᠢᠨ ᠬᠠᠭᠠᠯᠪᠤᠷᠢᠯᠠᠬᠤ ᠪᠠ 8867 ᠡᠾᠧᠺᠲ᠋ᠠᠷ ᠭᠠᠵᠠᠷ ᠢ ᠪᠤᠴᠠᠭᠠᠬᠤ ᠶᠢ ᠪᠡᠶᠡᠯᠡᠬᠦᠯᠵᠦ᠂ ᠲᠠᠬᠢᠨ ᠬᠠᠭᠠᠯᠪᠤᠷᠢᠯᠠᠭᠰᠠᠨ ᠨᠤᠷᠮ᠎ᠠ᠂ ᠭᠠᠵᠠᠷ ᠢ ᠪᠤᠴᠠᠭᠠᠭᠰᠠᠨ | ᠨᠤᠷᠮ᠎ᠠ ᠲᠤᠰᠪᠤᠷᠢ 88.4% ᠪᠠ 67.4% ᠳᠤ ᠬᠦᠷᠪᠡ᠃ ᠠᠮᠢ ᠠᠬᠤᠢ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠶᠡᠭᠡᠪᠡᠷ | ᠠᠬᠢᠭᠤᠯᠵᠤ᠂ ᠬᠠᠨᠭ᠍ᠬᠢᠨ ᠬᠤᠰᠢᠭᠤᠨ ᠤ ︽ᠠᠭᠤᠯᠠ ᠤᠰᠤ ᠤᠢ ᠲᠠᠷᠢᠶ᠎ᠠ ᠨᠠᠭᠤᠷ ᠡᠪᠡᠰᠤ︾ ᠵᠡᠷᠭᠡ ᠶᠡᠷᠦᠩᠭᠡᠶᠢᠯᠡᠨ ᠵᠠᠰᠠᠯᠳᠠ ᠬᠢᠬᠦ ᠵᠢᠱᠢᠶ᠎ᠡ ᠦᠵᠡᠬᠦᠯᠬᠦ 7 ᠲᠦᠷᠦᠯ | ᠵᠦᠢᠯ ᠢ ᠤᠷᠢᠳᠠᠪᠠᠷ ᠬᠡᠷᠡᠭᠵᠢᠬᠦᠯᠦᠨ ᠤᠷᠢᠳᠠᠪᠠᠷ ᠲᠤᠷᠰᠢᠵᠤ᠂ ᠠᠮᠢ ᠠᠬᠤᠢ ᠶᠢᠨ ᠡᠯ᠎ᠡ ᠲᠦᠷᠦᠯ ᠤᠨ ᠪᠦᠳᠦᠭᠡᠨ ᠪᠠᠶᠢᠭᠤᠯᠤᠯᠳᠠ ᠶᠢ 615 ᠲᠦᠮᠡᠨ ᠮᠤ᠋ | ᠪᠡᠶᠡᠯᠡᠬᠦᠯᠵᠦ᠂ ᠤᠯᠤᠰ ᠤᠨ ᠦᠷᠭᠦᠯᠵᠢᠯᠡᠭᠰᠡᠨ ᠬᠦᠭᠵᠢᠯᠳᠡ ᠶᠢᠨ ᠵᠦᠪᠯᠡᠬᠦ ᠵᠦᠢᠯ ᠤᠨ ᠰᠢᠨ᠎ᠡ ᠶᠢ ᠡᠬᠦᠳᠬᠦ ᠵᠢᠱᠢᠶ᠎ᠡ ᠦᠵᠡᠬᠦᠯᠬᠦ ᠤᠷᠤᠨ ᠢ ᠭᠤᠶᠤᠴᠢᠯᠡᠨ | ᠮᠡᠳᠡᠭᠦᠯᠬᠦ ᠲᠦᠷᠦᠯ ᠵᠦᠢᠯ ᠬᠢᠨᠡᠨ ᠲᠤᠭᠳᠠᠭᠠᠯᠳᠠ ᠶᠢ ᠲᠠᠮᠵᠢᠵᠤ᠂ ᠮᠠᠨ ᠤ ᠬᠤᠳᠠ ᠲᠤᠮᠳᠠᠳᠤ ᠤᠯᠤᠰ ᠤᠨ ᠠᠮᠢ ᠠᠬᠤᠢ ᠶᠢᠨ ᠬᠠᠮᠤᠭ ᠤᠨ ᠦᠷᠢᠰᠤᠯᠳᠦᠬᠦ | ᠬᠦᠴᠦᠨ ᠲᠠᠢ ᠬᠤᠳᠠ ᠪᠠᠷ ᠨᠡᠷᠡᠶᠢᠳᠦᠭᠳᠡᠪᠡ᠃᠃ | ᠲᠠᠪᠤ ᠳᠤ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠰᠢᠢᠳᠪᠦᠷᠢᠯᠡᠭᠴᠢ ᠴᠢᠨᠠᠷᠳᠠᠢ ᠦᠷ᠎ᠡ ᠪᠦᠳᠦᠮᠵᠢ ᠤᠯᠪᠠ᠃ ᠶᠠᠳᠠᠭᠤ ᠶᠢ ᠲᠡᠳᠬᠦᠬᠦ ᠳᠤ | 3.9 ᠳ᠋ᠦᠡᠭᠰᠢᠭᠤᠷ ᠲᠦᠬᠦᠷᠢᠭ ᠤᠨ ᠪᠡᠯᠡ ᠮᠦᠡᠭᠬᠦ ᠤᠷᠤᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠭᠡᠯ ᠢ ᠪᠠᠳᠤᠳᠬᠠᠵᠤ᠂ ︽ᠬᠤᠶᠠᠷ ᠲᠤ | ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠲᠤᠳᠠᠭᠤᠳᠠᠯ ᠢ ᠪᠦᠬᠦ ᠲᠠᠯ᠎ᠠ ᠪᠠᠷ ᠨᠦᠬᠦᠵᠦ ᠬᠦᠢᠴᠡᠭᠡᠪᠡ᠃ ᠶᠠᠳᠠᠭᠤ | ᠶᠢ ᠲᠡᠳᠬᠦᠬᠦ ᠡᠳ᠋ ᠬᠦᠷᠦᠩᠭᠡ ᠶᠢᠨ ︽ᠭᠤᠷᠪᠠᠨ ᠡᠭᠡ ᠲᠡᠩᠰᠡ︾ ᠶᠢ ᠪᠠᠶᠢᠭᠤᠯᠤᠨ ᠲᠡᠬᠦᠯᠳᠡᠷᠵᠢᠬᠦᠯᠵᠦ᠂ 16.1 ᠳ᠋ᠦᠡᠭᠰᠢᠭᠤᠷ ᠲᠦᠬᠦᠷᠢᠭ ᠤᠨ ᠶᠠᠳᠠᠭᠤ ᠶᠢ | ᠲᠡᠳᠬᠦᠬᠦ ᠡᠳ᠋ ᠬᠦᠷᠦᠩᠭᠡ ᠶᠢ ᠪᠦᠷᠢᠯᠳᠦᠬᠦᠯᠪᠡ᠃ ᠤᠨᠳᠤᠤ ᠭᠠᠵᠠᠷ ᠨᠡᠬᠦᠯᠭᠡᠵᠦ ᠶᠠᠳᠠᠭᠤ ᠶᠢ ᠲᠡᠳᠬᠦᠬᠦ ᠲᠠᠭᠠᠯᠳᠤᠭᠰᠠᠨ ᠠᠵᠤ ᠦᠢᠯᠡᠰ ᠤᠨ ᠲᠡᠮᠵᠢᠯᠭᠡ ᠶᠢ ᠶᠡᠭᠡᠪᠡᠷ | ᠠᠬᠢᠭᠤᠯᠵᠤ᠂ ᠲᠦᠪᠯᠡᠷᠡᠬᠦᠯᠦᠨ ᠨᠡᠬᠦᠯᠭᠡᠭᠰᠡᠨ 1587 ᠡᠷᠦᠭᠡ ᠶᠢᠨ 3959 ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠤᠷᠤᠯᠭ᠎ᠠ ᠲᠤᠭᠳᠠᠭᠤᠨ ᠢᠶᠠᠷ | ᠨᠡᠮᠡᠭᠳᠡᠪᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠱᠠᠯᠠᠪᠳᠠᠭᠤᠯᠤᠨ ᠪᠠᠶᠢᠴᠠᠭᠠᠯᠳᠠ ᠳᠤ ᠢᠯᠡᠷᠡᠬᠦᠯᠦᠭᠰᠡᠨ ᠡᠯ᠎ᠡ ᠲᠦᠷᠦᠯ ᠤᠨ ᠠᠰᠠᠭᠤᠳᠠᠯ ᠢ | ᠴᠦᠮ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠬᠦᠯᠵᠦ᠂ ᠤᠳᠤᠭ ᠬᠤᠰᠢᠭᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠨᠡᠶᠢᠳᠡᠮ | ᠪᠠᠶᠢᠴᠠᠭᠠᠯᠳᠠ ᠶᠢᠨ ᠰᠢᠯᠭᠠᠨ ᠬᠤᠷᠢᠶᠠᠯᠳᠠ ᠶᠢ ᠲᠠᠮᠵᠢᠪᠠ᠃ ᠵᠠᠰᠠᠭ ᠤᠨ ᠤᠷᠳᠤᠨ ᠤ 168.3 ᠳ᠋ᠦᠡᠭᠰᠢᠭᠤᠷ ᠲᠦᠬᠦᠷᠢᠭ ᠤᠨ ᠲᠡᠯᠳᠠ ᠴᠢᠨᠠᠷᠳᠠᠢ ᠦᠷᠢ ᠰᠢᠷᠢ ᠶᠢ | ᠢᠯᠭᠠᠷᠠᠭᠤᠯᠵᠤ᠂ ᠪᠦᠬᠦ ᠵᠢᠯ ᠤᠨ ᠬᠠᠷᠠᠯᠳᠠ ᠪᠠᠨ 116% ᠪᠠᠷ ᠪᠡᠶᠡᠯᠡᠬᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠲᠤᠮᠳᠠ ᠵᠢᠵᠢᠭ ᠠᠵᠤ | ᠠᠬᠤᠶᠢᠯᠠᠯ ᠳᠤ ᠦᠷᠢᠳᠦᠵᠦ ᠪᠠᠶᠢᠭ᠎ᠠ 65.1 ᠳ᠋ᠦᠡᠭᠰᠢᠭᠤᠷ ᠲᠦᠬᠦᠷᠢᠭ ᠤᠨ ᠲᠡᠩᠰᠡᠨ ᠳᠠᠬᠢ ᠵᠤᠭᠤᠰ ᠢ ᠢᠯᠭᠠᠷᠠᠭᠤᠯᠤᠨ ᠲᠦᠯᠦᠵᠣ᠂ ᠵᠦᠷᠢᠯᠳᠦᠬᠡᠨ ᠦᠭᠡᠢ | ᠲᠡᠩᠰᠡᠨ ᠳᠠᠬᠢ ᠵᠤᠭᠤᠰ ᠢ ᠴᠦᠮ ᠢᠯᠭᠠᠷᠠᠭᠤᠯᠤᠨ ᠪᠤᠴᠠᠭᠠᠨ ᠤᠷᠤᠨᠵᠢᠭᠤᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠵᠢᠭᠡᠯᠡᠯᠭᠡ | ᠶᠢᠨ ᠲᠡᠮᠳᠡᠭᠳᠤ ᠶᠢ 116.8 ᠳ᠋ᠦᠡᠭᠰᠢᠭᠤᠷ ᠲᠦᠬᠦᠷᠢᠭ ᠲᠡᠮᠡᠴᠡᠨ ᠤᠯᠵᠤ᠂ ᠮᠠᠨ ᠤ ᠬᠤᠳᠠ ᠦᠷᠢ ᠰᠢᠷᠢ ᠶᠢᠨ ᠤᠯᠠᠭᠠᠨ ᠦᠡᠭᠭᠡᠳᠦ ᠰᠡᠷᠡᠮᠵᠢᠯᠡᠬᠦᠯᠦᠯ ᠤᠨ ᠭᠠᠵᠠᠷ | ᠤᠷᠤᠨ ᠠᠴᠠ ᠤᠬᠤᠷᠢᠨ ᠭᠠᠷᠪᠠ᠃ ᠵᠠᠷᠢᠮ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠳᠤ ᠶᠢᠨ ᠭᠡᠷ᠎ᠡ ᠶᠢ ᠵᠦᠷᠢᠴᠡᠭᠰᠡᠨ ᠠᠵᠢᠯᠯᠠᠭ᠎ᠠ ᠪᠠ ᠤᠷᠤᠨ ᠨᠤᠳᠤᠭ ᠤᠨ | ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠳᠡ ᠶᠢᠨ ᠲᠦᠭᠰᠢᠬᠦᠷᠢ ᠶᠢ ᠪᠦᠳᠦᠮᠵᠢᠳᠡᠢ ᠰᠢᠢᠳᠪᠦᠷᠢᠯᠡᠵᠦ᠂ ᠪᠠᠩᠬᠢ ᠶᠢᠨ ᠡᠷᠡᠬᠦᠯ ᠪᠤᠰᠤ ᠵᠢᠭᠡᠯᠡᠯᠭᠡ ᠶᠢᠨ | ᠨᠤᠷᠮ᠎ᠠ ᠪᠦᠬᠦ ᠤᠷᠤᠨ ᠤ ᠲᠡᠭᠰᠢᠳᠭᠡᠭᠰᠡᠨ ᠬᠢᠷᠢ ᠲᠦᠪᠰᠢᠨ ᠠᠴᠠ ᠲᠤᠤᠷ᠎ᠠ ᠪᠠᠶᠢᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ | ᠤ ᠠᠷᠪᠠᠨ ᠲᠤᠮᠤ ᠠᠵᠢᠯᠯᠠᠭ᠎ᠠ ᠶᠢ ᠦᠷᠨᠢᠬᠦᠯᠵᠦ᠂ ᠴᠢ ᠫᠠᠨ ᠵᠢᠩ ᠮᠸᠡᠭ ᠰᠢ ᠭᠠᠵᠠᠷ ᠤᠷᠤᠨ ᠤ ᠠᠮᠢ ᠠᠬᠤᠢ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ | ᠰᠢᠨ᠎ᠡ ᠨᠢᠭᠡᠨ ᠡᠬᠡᠯᠵᠢ ᠶᠢᠨ ᠵᠠᠭᠤᠨ ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠬᠡᠷᠡᠭᠵᠢᠬᠦᠯᠵᠦ᠂ 1283 ᠲᠦᠷᠦᠯ ᠤᠨ ᠪᠤᠭᠤᠮᠳᠠ ᠰᠢᠪᠳᠤᠯᠬᠤ ᠡᠬᠦᠷᠭᠡ | ᠶᠢ ᠪᠡᠶᠡᠯᠡᠬᠦᠯᠵᠦ᠂ ᠲᠦᠪ ᠤᠨ ᠤᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠯᠳᠠ ᠵᠢᠴᠢ ︽ᠡᠷᠬᠢᠨ ᠬᠠᠷᠠᠬᠤ︾ ᠳᠤ ᠲᠤᠰᠬᠠᠭᠰᠠᠨ ᠠᠰᠠᠭᠤᠳᠠᠯ ᠢ ᠴᠦᠮ | ᠴᠡᠭᠴᠡᠯᠡᠨ ᠰᠠᠶᠢᠵᠢᠷᠠᠭᠤᠯᠤᠨ ᠤᠷᠤᠨᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠢᠨ᠎ᠡ ᠨᠢᠭᠡᠨ ᠡᠭᠡᠯᠵᠢ ᠶᠢᠨ ᠠᠮᠢ ᠠᠬᠤᠢ ᠤᠷᠴᠢᠨ ᠲᠤᠭᠤᠷᠢᠨ ᠤ | ᠱᠠᠯᠠᠪᠳᠠᠭᠤᠯᠤᠨ ᠪᠠᠶᠢᠴᠠᠭᠠᠯᠳᠠ ᠳᠤ ᠤᠯᠠᠨ ᠲᠦᠮᠡᠨ ᠤ ᠲᠤᠰᠬᠠᠭᠰᠠᠨ 216 ᠠᠰᠠᠭᠤᠳᠠᠯ ᠢ ᠦᠨᠳᠤᠰᠤᠨ ᠳᠡᠭᠡᠨ ᠰᠢᠢᠳᠪᠤᠷᠢᠯᠡᠪᠡ᠃ | ᠵᠢᠷᠭᠤᠭ᠎ᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠬᠡᠪᠡ᠃ ︽ᠭᠤᠷᠪᠠ ᠶᠢ ᠲᠥᠪᠯᠡᠷᠡᠭᠦᠯᠵᠦ | ᠭᠤᠷᠪᠠ ᠶᠢ ᠤᠷᠤᠨᠵᠢᠭᠤᠯᠬᠤ︾ ᠥᠭᠡᠷᠡᠴᠢᠯᠡᠯᠲᠡ ᠶᠢᠨ ᠲᠠᠯ᠎ᠠ ᠪᠠᠷ ᠪᠥᠬᠦ ᠣᠷᠣᠨ ᠤ ᠲᠡᠷᠢᠭᠦᠨ ᠳᠤ ᠤᠷᠤᠵᠤ᠂ ︽ᠨᠢᠭᠡ ᠰᠦᠯᠵᠢᠶ᠎ᠡ︾ ᠪᠠᠷ ᠨᠡᠶᠢᠳᠡᠮ | ᠭᠦᠢᠴᠡᠳᠬᠡᠬᠦ ᠨᠣᠷᠮ᠎ᠠ᠂ ︽ᠨᠢᠭᠡ ᠴᠤᠩᠬᠤᠪᠴᠢ︾ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠴᠥᠮ 80% ᠠᠴᠠ ᠳᠡᠭᠡᠭᠰᠢ ᠳᠤ ᠬᠦᠷᠴᠣ᠂ ᠵᠠᠰᠠᠭ ᠤᠨ | ᠶᠠᠪᠤᠳᠠᠯ ᠤᠨ ᠣᠶᠢᠯᠡᠴᠢᠯᠡᠬᠡᠨ ᠤ 11408 ᠵᠣᠶᠢᠯᠡᠰ ᠢ ︽ᠠᠬᠠᠳᠠᠬᠤ ᠳᠠᠭᠠᠨ ᠨᠢᠭᠡ ᠯᠠ ᠤᠳᠠᠭ᠎ᠠ ᠬᠦᠶᠦᠵᠣ︾ ᠭᠦᠢᠴᠡᠳᠬᠡᠬᠦ ᠶᠢ ᠪᠡᠶᠡᠯᠡᠭᠦᠯᠪᠡ᠃ ᠠᠵᠤ | ᠠᠬᠤᠶᠢᠯᠠᠯ ᠢ ᠨᠡᠭᠡᠭᠡᠨ ᠡᠷᠭᠢᠯᠡᠬᠦ ᠴᠠᠭ᠂ ᠥᠯᠥ ᠬᠥᠳᠡᠯᠬᠦ ᠬᠥᠷᠥᠩᠭᠡ ᠶᠢ ᠲᠠᠨᠵᠢᠯᠠᠨ ᠲᠠᠩᠰᠠᠯᠠᠬᠤ ᠴᠠᠭ ᠢ ᠪᠠᠭᠠᠰᠬᠠᠨ ᠲᠤᠰᠪᠤᠷᠢ 1 ᠪᠠ 3 ᠠᠵᠢᠯᠯᠠᠬᠤ ᠡᠳᠦᠷ | ᠪᠤᠯᠭᠠᠵᠣ᠂ ᠠᠵᠤ ᠠᠬᠤᠶᠢᠯᠠᠯ ᠤᠨ ᠪᠠᠯᠠ ᠤᠷᠤᠭᠤᠯᠤᠯᠳᠠ ᠶᠢᠨ ᠲᠦᠷᠦᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠢᠨᠠᠨ | ᠵᠥᠪᠰᠢᠶᠡᠷᠡᠬᠦ ᠴᠠᠭ ᠬᠤᠭᠤᠴᠠᠭ᠎ᠠ ᠶᠢ ᠪᠠᠭᠠᠰᠬᠠᠨ 75 ᠠᠵᠢᠯᠯᠠᠬᠤ ᠡᠳᠦᠷ ᠪᠤᠯᠭᠠᠪᠠ᠃ ᠪᠦᠬᠦ ᠣᠷᠣᠨ ᠤ ᠠᠩᠬᠠᠳᠠᠭᠴᠢ ᠣᠶᠤᠨᠴᠢ ᠪᠠᠷ ᠭᠠᠶᠢᠯᠢ ᠡᠷᠬᠢᠯᠡᠬᠦ ᠲᠢᠩᠬᠢᠮ | ᠢ ᠪᠠᠶᠢᠭᠤᠯᠵᠤ᠂ ᠣᠶᠢᠯᠡᠳᠤᠨ ᠨᠡᠬᠡᠬᠡᠭᠰᠡᠨ 30 ᠭᠠᠷᠤᠢ ᠵᠦᠢᠯ ᠤᠨ ᠴᠢᠳᠠᠮᠵᠢ ᠨᠢ ᠪᠦᠬᠦ ᠤᠯᠤᠰ ᠤᠨ ᠠᠩᠬᠠᠨ ᠤ ᠡᠭᠦᠳᠦᠯᠳᠡ ᠪᠤᠯᠤᠭᠰᠠᠨ ᠪᠠᠶᠢᠨ᠎ᠠ᠃ ᠪᠥᠬᠦ | ᠣᠷᠣᠨ ᠤ ᠠᠩᠬᠠᠳᠠᠭᠴᠢ ᠮᠥᠩᠭᠦᠨ ᠭᠦᠢᠯᠬᠡᠬᠡᠨ ᠭᠦᠢᠯᠬᠡᠬᠡ ᠠᠴᠠ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠳᠤ ᠣᠶᠢᠯᠡᠴᠢᠯᠡᠬᠦ ᠠᠯᠪᠠᠨ ᠬᠡᠷ ᠢ | ᠪᠠᠶᠢᠭᠤᠯᠵᠤ᠂ 49.7 ᠳ᠋ᠦᠩᠰᠢᠭᠤᠷ ᠲᠥᠭᠦᠷᠢᠭ ᠤᠨ ᠪᠠᠯᠠ ᠴᠤᠭᠯᠠᠭᠤᠯᠭ᠎ᠠ ᠶᠢ ᠪᠡᠶᠡᠯᠡᠭᠦᠯᠪᠡ᠃ ᠪᠥᠬᠦ ᠬᠤᠲᠠ ᠶᠢᠨ ᠬᠠᠳᠠᠭᠠᠯᠠᠮᠵᠢ ᠪᠠ ᠵᠢᠭᠡᠯᠡᠯᠭᠡ ᠶᠢᠨ | ᠦᠯᠡᠳᠡᠪᠦᠷᠢ ᠲᠤᠭ᠎ᠠ ᠶᠢ ᠴᠦᠮ ᠡᠶᠡᠷᠬᠦ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠲᠤᠰᠪᠤᠷᠢ 4020 ᠳ᠋ᠦᠩᠰᠢᠭᠤᠷ ᠲᠥᠭᠦᠷᠢᠭ ᠪᠠ 3399 ᠳ᠋ᠦᠩᠰᠢᠭᠤᠷ | ᠲᠥᠭᠦᠷᠢᠭ ᠲᠤ ᠬᠥᠷᠪᠡ᠃ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠤᠷᠤᠭᠰᠠᠨ ᠠᠵᠤ | ᠠᠬᠤᠶᠢᠯᠠᠯ ᠢ ᠰᠢᠨ᠎ᠡ ᠪᠠᠷ 5 ᠨᠡᠮᠡᠭᠳᠡᠭᠦᠯᠵᠦ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 15.6 ᠳ᠋ᠦᠩᠰᠢᠭᠤᠷ ᠲᠥᠭᠦᠷᠢᠭ ᠠᠷᠪᠢᠯᠠᠪᠠ᠃ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ 22 ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ᠮᠠᠨ ᠤ ᠬᠤᠳᠠ ᠪᠦᠬᠦ ᠤᠯᠤᠰ ᠤᠨ ᠬᠤᠳᠠ ᠶᠢᠨ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠤ ᠵᠢᠭᠰᠠᠭᠠᠯᠳᠠ | ᠳᠤ 56 ᠳ᠋ᠤᠭᠠᠷ ᠲᠤ ᠤᠷᠤᠵᠤ᠂ ᠪᠦᠬᠦ ᠤᠷᠤᠨ ᠤ ᠴᠤᠷ ᠤᠨ ᠭᠠᠭᠴᠠ ᠵᠠᠭᠤᠨ ᠭᠦᠴᠦᠷᠬᠡᠭ ᠲᠤ ᠤᠷᠤᠭᠰᠠᠨ ᠠᠶᠢᠮᠠᠭ ᠬᠤᠳᠠ ᠪᠤᠯᠤᠭᠰᠠᠨ ᠪᠠᠶᠢᠨ᠎ᠠ᠃ | ᠲᠤᠯᠤᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠪᠠ᠃ ᠲᠠᠷᠢᠶᠠᠯᠠᠩ ᠮᠠᠯ ᠠᠵᠤ ᠠᠬᠤᠶ | ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠮᠤ ᠪᠤᠳᠠᠭᠠᠨ ᠤ ᠬᠤᠷᠢᠶᠠᠯᠳᠠ ᠶᠢ | ᠲᠣᠭᠲᠠᠪᠤᠷᠢᠵᠢᠭᠤᠯᠤᠨ ᠠᠵᠤ ᠠᠬᠤᠢ ᠶᠢᠨ ᠲᠠᠷᠢᠮᠠᠯ ᠤᠨ ᠲᠦᠷᠦᠯ ᠵᠤᠶᠢᠯ ᠢ ᠰᠢᠯᠢᠳᠡᠭᠵᠢᠭᠦᠯᠵᠣ᠂ ᠢᠮᠠᠭᠠᠨ ᠨᠣᠯᠤᠤᠷ ᠪᠠ ᠮᠢᠬᠠᠨ ᠤ ᠭᠠᠷᠤᠯᠳᠠ ᠶᠢ ᠨᠡᠮᠡᠭᠳᠡᠭᠦᠯᠦᠨ | ᠰᠦ ᠰᠠᠭᠠᠯᠢ ᠶᠢᠨ ᠣᠶᠢᠯᠡᠰ ᠢ ᠬᠦᠭᠵᠢᠭᠦᠯᠦᠨ ᠮᠠᠨᠳᠤᠭᠤᠯᠵᠤ᠂ ᠠᠮᠤ ᠪᠤᠳᠠᠭᠠᠨ ᠤ ᠬᠤᠷᠢᠶᠠᠯᠳᠠ 39.3 ᠳ᠋ᠦᠩᠰᠢᠭᠤᠷ ᠵᠢᠩ ᠳᠤ ᠬᠦᠷᠴᠣ᠂ 1.3 ᠳ᠋ᠦᠩᠰᠢᠭᠤᠷ | ᠵᠢᠩ ᠨᠡᠮᠡᠭᠳᠡᠵᠣ᠂ ᠮᠢᠬᠠᠨ ᠤ ᠲᠦᠷᠦᠯ ᠤᠨ ᠭᠠᠷᠤᠯᠳᠠ 19 ᠲᠦᠮᠡᠨ ᠲᠣᠨ ᠢ ᠲᠠᠪᠠᠵᠣ᠂ 10% ᠪᠠᠷ ᠨᠡᠮᠡᠭᠳᠡᠪᠡ᠃ ᠬᠥᠳᠡᠭᠡ ᠲᠣᠰᠬᠤᠨ ᠤ ᠠᠵᠤ ᠣᠶᠢᠯᠡᠰ ᠤᠨ | ᠰᠠᠭᠤᠷᠢ ᠮᠥᠩᠭᠦ ᠠᠴᠠ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠨᠡᠶᠢᠲᠡ 10.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 754 | ᠲᠥᠷᠥᠯ ᠵᠤᠶᠢᠯ ᠢ ᠳᠡᠮᠵᠢᠪᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠬᠠᠩᠭᠢᠨ ᠬᠤᠰᠢᠭᠤᠨ ᠤ ᠨᠡᠷᠡᠨ ᠬᠤᠸᠠᠷ ᠤᠨ ᠠᠵᠤ ᠣᠶᠢᠯᠡᠰ ᠤᠯᠤᠰ ᠤᠨ ᠠᠵᠤ ᠣᠶᠢᠯᠡᠰ ᠤᠨ ᠰᠦᠷᠦᠭᠵᠢᠯ ᠳᠤ ᠣᠷᠤᠵᠣ᠂ | ᠣᠲᠤᠭ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠬᠦᠷᠢᠶᠡᠯᠡᠩ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ | ᠪᠦᠯᠦᠭ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠬᠦᠷᠢᠶᠡᠯᠡᠩ ᠳᠤ ᠰᠤᠩᠭᠤᠭᠳᠠᠨ ᠤᠷᠤᠪᠠ᠃ ᠨᠠᠷᠠᠲᠤ ᠲᠡᠮᠳᠡᠭ ᠤᠨ | ᠪᠠᠶᠢᠭᠤᠯᠤᠯᠲᠠ ᠶᠢ ᠴᠢᠩᠭᠠᠳᠬᠠᠵᠤ᠂ 6 ᠠᠵᠤ ᠠᠬᠤᠶᠢᠯᠠᠯ᠂ 17 ᠪᠦᠲᠦᠭᠡᠭᠳᠡᠭᠦᠨ ᠪᠣᠬᠢᠷᠲᠤᠯ ᠥᠬᠡᠶ ᠢᠳᠡᠭᠡᠨ ᠤ ᠬᠡᠷᠡᠴᠢᠯᠡᠯ ᠢ ᠲᠡᠮᠵᠢᠪᠡ᠃ ᠭᠤᠷᠪᠠᠳᠤᠭᠠᠷ | ᠬᠤᠭᠤᠴᠠᠭᠠᠨ ᠤ ᠣᠯᠠᠨ ᠤᠯᠤᠰ ᠤᠨ ᠢᠮᠠᠭᠠᠨ ᠨᠣᠯᠤᠤᠷ ᠨᠤᠤᠰᠤ ᠶᠢᠨ ᠦᠵᠡᠰᠬᠦᠯᠡᠩ ᠢ ᠠᠮᠵᠢᠯᠲᠠ ᠲᠠᠢ ᠡᠷᠭᠢᠯᠡᠵᠦ᠂ ᠠᠷᠠᠯᠵᠢᠶ᠎ᠠ ᠪᠦᠲᠦᠭᠰᠡᠨ ᠲᠤᠭ᠎ᠠ 2.4 | ᠳ᠋ᠦᠩᠰᠢᠭᠤᠷ ᠲᠥᠭᠦᠷᠢᠭ ᠲᠤ ᠬᠥᠷᠪᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 67% ᠳᠤ ᠬᠦᠷᠴᠣ᠂ ᠵᠠᠰᠠᠭ ᠵᠠᠬᠢᠷᠭᠠᠨ ᠤ ᠭᠠᠴᠠᠭ᠎ᠠ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠨᠤᠷᠮ᠎ᠠ 91.3% ᠳᠤ ᠬᠦᠷᠪᠡ᠃ | ᠨᠠᠢᠮᠠ ᠳᠤ ᠠᠷᠠᠳ ᠤᠨ ᠠᠮᠢᠳᠤᠷᠠᠯ ᠬᠦᠴᠦᠲᠡᠶ ᠪᠠᠲᠤᠯᠠᠭ᠎ᠠ ᠲᠠᠢ ᠪᠣᠯᠪᠠ᠃ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠭ᠎ᠠ ᠪᠠᠶᠢᠳᠠᠯ ᠳᠣᠣᠷ᠎ᠠ᠂ | ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 329.4 ᠳ᠋ᠦᠩᠰᠢᠭᠤᠷ ᠲᠥᠭᠦᠷᠢᠭ ᠲᠤ ᠬᠦᠷᠴᠦ᠂ 2.7% ᠪᠠᠷ ᠨᠡᠮᠡᠭᠳᠡᠵᠣ᠂ 177. | 1 ᠳ᠋ᠦᠩᠰᠢᠭᠤᠷ ᠲᠥᠭᠦᠷᠢᠭ ᠢ ᠪᠠᠭᠤᠯᠭᠠᠨ ᠰᠢᠯᠵᠢᠭᠦᠯᠦᠨ ᠦᠭᠴᠣ᠂ 6.6% ᠪᠠᠷ ᠨᠡᠮᠡᠭᠳᠡᠪᠡ᠃ ᠨᠡᠶᠢᠭᠡᠮ ᠤᠨ ᠠᠪᠤᠷᠠᠨ ᠲᠤᠰᠠᠯᠠᠬᠤ ᠮᠥᠩᠭᠦ ᠶᠢ 2.25 | ᠳ᠋ᠦᠩᠰᠢᠭᠤᠷ ᠲᠥᠭᠦᠷᠢᠭ ᠪᠠᠭᠤᠯᠭᠠᠵᠣ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠲᠤᠰᠪᠤᠷᠢ 17% ᠪᠠ 8.9% | ᠪᠠᠷ ᠲᠡᠭᠡᠭᠰᠢᠯᠡᠵᠣ᠂ ᠬᠤᠳᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠲᠤᠰᠪᠤᠷᠢ 31.1% ᠪᠠ 3.1% | ᠪᠠᠷ ᠲᠡᠭᠡᠭᠰᠢᠯᠡᠪᠡ᠃ ︽ᠣᠷᠳᠣᠰ ᠬᠤᠲᠠ ᠶᠢᠨ ᠨᠠᠰᠤᠵᠢᠯ ᠤᠨ ᠣᠶᠢᠯᠡᠴᠢᠯᠡᠬᠡᠨ ᠤ ᠲᠦᠷᠢᠮ︾ ᠢ ᠨᠡᠶᠢᠲᠡᠯᠡᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠳ | ᠤᠨ ᠨᠠᠰᠤᠵᠢᠯ ᠤᠨ ᠮᠥᠩᠭᠦ ᠶᠢ ᠰᠠᠷ᠎ᠠ ᠪᠦᠷᠢ ᠬᠥᠮᠦᠨ ᠳᠤᠮᠳᠠᠴᠢ ᠪᠠᠷ 160 ᠲᠥᠭᠦᠷᠢᠭ ᠨᠡᠮᠡᠭᠳᠡᠭᠦᠯᠪᠡ᠃ ᠤᠯᠤᠰ ᠤᠨ ᠭᠤᠷᠪᠠᠳᠤᠭᠠᠷ ᠲᠡᠰ ᠤᠨ ᠬᠦᠬᠡ ᠵᠡᠷᠬᠡ | ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠰᠢᠨ᠎ᠡ ᠪᠠᠷ 2 ᠨᠡᠮᠡᠭᠳᠡᠵᠣ᠂ ᠭᠤᠷᠪᠠᠳᠤᠭᠠᠷ ᠳᠡᠰ ᠤᠨ ᠲᠤᠰᠬᠠᠶ ᠡᠮᠨᠡᠯᠭᠡ ᠶᠢᠨ ᠬᠤᠷᠢᠶ᠎ᠠ ᠰᠢᠨ᠎ᠡ ᠪᠠᠷ 1 ᠨᠡᠮᠡᠭᠳᠡᠪᠡ | ᠃ ︽ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠲᠦᠯᠦᠪᠵᠢᠭᠦᠯᠬᠡ ᠪᠦᠲᠦᠬᠡᠨ ᠪᠠᠶᠢᠭᠤᠯᠤᠯᠳᠠ ᠶᠢᠨ ᠲᠦᠷᠢᠮ︾ ᠢ | ᠲᠣᠭᠲᠠᠭᠠᠵᠤ᠂ 27 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠬᠤᠣᠰ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠪᠠ᠃ ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ ᠤᠨ ᠲᠦᠷᠦᠯ ᠵᠤᠶᠢᠯ ᠢ ᠨᠡᠶᠢᠳᠡ 157 ᠲᠥᠷᠥᠯ ᠬᠡᠷᠡᠭᠵᠢᠭᠦᠯᠵᠦ᠂ ᠳ᠋ᠠ ᠹᠠᠨ ᠫᠦ᠋ | ᠠᠴᠠ ᠯᠦᠩ ᠺᠸᠦ ᠬᠦᠷᠬᠦ ᠲᠡᠬᠡᠳᠤ ᠬᠤᠷᠳᠤᠴᠠᠳᠤ ᠵᠠᠰᠠᠮᠠᠯ ᠵᠠᠮ᠂ ᠪᠤᠭᠤᠲᠤ ᠠᠴᠠ ᠮᠤᠤ ᠮᠢᠩ ᠬᠦᠷᠬᠦ ᠲᠡᠬᠡᠳᠤ ᠬᠤᠷᠳᠤᠴᠠᠳᠤ ᠵᠠᠰᠠᠮᠠᠯ ᠵᠠᠮ ᠤᠨ ᠪᠤᠭᠤᠲᠤ ᠠᠴᠠ | ᠳ᠋ᠦᠩᠱᠧᠩ ᠬᠦᠷᠬᠦ ᠬᠡᠰᠡᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢ ᠪᠠᠶᠢᠭᠤᠯᠵᠤ ᠳᠠᠭᠤᠰᠬᠠᠨ᠂ ᠤᠷᠳᠤᠰ ᠠᠴᠠ ᠲᠡᠮᠡᠭᠡᠲᠦ ᠬᠦᠷᠬᠦ ᠲᠡᠬᠡᠳᠤ | ᠬᠤᠷᠳᠤᠴᠠᠳᠤ ᠲᠡᠮᠦᠷ ᠵᠠᠮ ᠤᠨ ᠪᠤᠯᠤᠮᠵᠢᠳᠤ ᠰᠤᠳᠤᠯᠤᠯ ᠤᠨ ᠮᠡᠳᠡᠭᠦᠯᠦᠯᠲᠡ ᠶᠢᠨ ᠬᠢᠨᠠᠨ ᠲᠤᠭᠳᠠᠭᠠᠯᠳᠠ ᠶᠢ ᠪᠡᠶᠡᠯᠡᠭᠦᠯᠵᠦ᠂ ᠤᠯᠠᠭᠠᠠᠮᠦ᠋ᠷᠡᠨ ᠭᠤᠤᠯ ᠤᠨ | ᠭᠤᠷᠪᠠᠳᠤᠭᠠᠷ ᠨᠣᠮᠧᠷᠲᠤ ᠬᠥᠭᠦᠷᠭᠡ ᠶᠢᠨ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ ᠢ ᠳᠠᠭᠤᠰᠬᠠᠵᠤ᠂ ᠭᠤᠤᠯᠳᠠᠯᠭᠠᠳᠤ ᠬᠤᠲᠠ ᠲᠣᠭᠤᠷᠢᠭ ᠲᠤ 5G ᠶᠢᠨ | ᠰᠦᠯᠵᠢᠶ᠎ᠡ ᠶᠢ ᠪᠦᠬᠦ ᠲᠠᠯ᠎ᠠ ᠪᠠᠷ ᠪᠦᠷᠬᠦᠬᠦᠯᠬᠦ ᠶᠢ ᠪᠡᠶᠡᠯᠡᠭᠦᠯᠪᠡ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ | ᠶᠢ ᠡᠬᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠠ᠃ ︽ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠰᠢᠢᠳᠪᠦᠷᠢᠯᠡᠬᠦ ᠤᠨ︾ ᠤ ᠲᠤᠰᠬᠠᠶ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠰᠢᠯᠵᠢᠭᠦᠯᠦᠨ ᠲᠤᠰᠢᠶᠠᠭᠰᠠᠨ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠪᠡ᠃ ︽ᠵᠢᠷᠭᠤᠭ᠎ᠠ ᠶᠢ ᠴᠡᠪᠡᠷᠯᠠᠨ | ᠠᠷᠢᠯᠭᠠᠬᠤ︾ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠥᠬᠦ ᠲᠠᠯ᠎ᠠ | ᠶᠢᠨ ᠢᠯᠠᠯᠲᠠ ᠶᠢ ᠤᠯᠪᠠ᠃ ᠮᠠᠨ ᠤ ᠬᠤᠲᠠ ᠳᠥᠷᠪᠡᠨ ᠬᠤᠭᠤᠴᠠᠭ᠎ᠠ ᠳᠠᠷᠠᠭᠠᠯᠠᠨ ᠪᠥᠬᠦ ᠤᠯᠤᠰ ᠤᠨ ᠪᠣᠯᠪᠠᠰᠤᠨ ᠬᠤᠲᠠ ᠶᠢᠨ ᠨᠡᠷᠡᠶᠢᠳᠤᠯ ᠢ ᠭᠥᠷᠳᠡᠵᠦ᠂ ᠲᠠᠪᠤᠨ | ᠬᠤᠭᠤᠴᠠᠭ᠎ᠠ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠨᠡᠷᠡᠶᠢᠳᠤᠯ ᠢ ᠬᠦᠷᠳᠡᠨ᠂ ᠬᠠᠩᠭᠢᠨ ᠬᠤᠰᠢᠭᠤ ᠪᠥᠬᠦ ᠤᠯᠤᠰ | ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠣᠲᠤᠭ ᠤᠨ ᠡᠮᠦᠨᠡᠲᠦ ᠬᠤᠰᠢᠭᠤ᠂ ᠵᠡᠭᠦᠨᠭᠠᠷ ᠬᠤᠰᠢᠭᠤ ᠵᠠᠯᠭᠠᠭ᠎ᠠ | ᠪᠠᠷ ᠪᠥᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠪᠤᠯᠵᠤ᠂ ᠬᠢᠶ᠎ᠠ ᠪᠠᠭᠰᠢ ᠲᠣᠭᠤᠷᠢᠭ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠳᠤ | ᠲᠦᠷᠦᠭᠳᠡᠯ ᠲᠠᠢ ᠬᠤᠲᠠ ᠶᠢᠨ ᠡᠩᠨᠡᠬᠡᠨ ᠳᠤ ᠤᠷᠤᠪᠠ᠃ | ᠦᠨᠳᠦᠰᠦᠲᠡᠨ ᠱᠠᠰᠢᠨ ᠰᠤᠷᠲᠠᠬᠤᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠪᠦᠷᠢᠳᠬᠡᠨ ᠪᠠᠶᠢᠴᠠᠭᠠᠯᠳᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ | ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠢ ᠤᠯᠠᠮ ᠨᠢᠭᠡ ᠠᠯᠬᠤᠮ | ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠵᠡᠮᠳᠡᠭᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ ᠲᠠᠪᠰᠢᠯᠳᠠ ᠲᠠᠢ ᠪᠣᠯᠪᠠ᠃ ᠳᠣᠯᠣᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ | ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ | ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ | ᠢᠯᠵᠠᠷᠠᠮᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯ ᠢ ᠶᠡᠬᠡᠪᠡᠷ ᠠᠬᠢᠭᠤᠯᠪᠠ᠃ ᠴᠢᠬᠤᠯᠠ ᠲᠤᠮᠤ ᠵᠤᠶᠢᠯ ᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠲᠦᠷᠢᠮ ᠳᠤ ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠴᠢᠨᠠᠷᠲᠠᠶ 3 ᠬᠠᠤᠯᠢ ᠲᠣᠭᠲᠠᠭᠠᠯ ᠢ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠦᠪᠯᠡᠭᠦᠯᠵᠣ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ | 264 ᠰᠢᠢᠳᠪᠦᠷᠢᠯᠡᠪᠡ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠪᠠᠷ ᠰᠢᠢᠳᠪᠦᠷᠢᠳᠤ ᠪᠤᠳᠤᠯᠭ᠎ᠠ ᠲᠣᠭᠲᠠᠭᠠᠬᠤ ᠲᠦᠷᠢᠮ ᠤᠨ ᠠᠵᠢᠯ ᠤᠨ ᠨᠠᠷᠢᠨ | ᠲᠦᠷᠢᠮ ᠳᠤ ᠵᠠᠰᠠᠪᠤᠷᠢ ᠣᠷᠣᠭᠤᠯᠵᠤ᠂ ᠰᠢᠢᠳᠪᠦᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠲᠡᠭᠡᠭᠰᠢᠯᠡᠭᠦᠯᠪᠡ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠠᠷᠢᠮᠲᠠᠯᠠᠵᠤ᠂ 44 ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠢᠵᠢ ᠪᠦᠷᠢᠳᠦᠭᠦᠯᠦᠭᠰᠡᠨ ᠠᠷᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠩ ᠤᠨ | ᠴᠢᠨᠠᠷᠲᠠᠶ ᠵᠠᠷᠤᠯᠭ᠎ᠠ ᠶᠢ 13.7% ᠪᠠᠷ ᠪᠠᠭᠠᠰᠬᠠᠪᠠ᠃ | ᠲᠥᠯᠥᠭᠡᠯᠡᠭᠴᠢᠳ ᠡ︕ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠪᠣᠯᠤᠨ᠎ᠠ᠃ ᠪᠦᠬᠦ | ᠬᠤᠳᠠ ᠶᠢᠨ ᠲᠠᠪᠤᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠪᠢᠳᠡ ᠮᠠᠰᠢ ᠤᠯᠠᠨ ᠠᠶᠤᠯ ᠲᠦᠭᠰᠢᠭᠦᠷᠢ ᠪᠠ ᠲᠠᠯᠳᠠ ᠭᠡᠮ ᠢ ᠠᠷᠢᠯᠭᠠᠵᠤ᠂ | ᠴᠥᠭᠡᠨ ᠪᠤᠰᠤ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠬᠠᠲᠠᠭᠤ ᠴᠢᠩᠭ᠎ᠠ ᠥᠷᠢᠰᠥᠯᠳᠦᠭᠡᠨ ᠪᠠ ᠰᠢᠯᠭᠠᠯᠲᠠ ᠶᠢ ᠳᠠᠭᠠᠭᠠᠵᠤ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠳᠠ ᠲᠠᠢ ᠪᠠᠷ ᠲᠡᠭᠦᠰᠬᠡᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ | ᠰᠢᠢᠳᠪᠦᠷᠢᠯᠡᠭᠴᠢ ᠴᠢᠨᠠᠷᠲᠠᠢ ᠠᠮᠵᠢᠯᠲᠠ ᠣᠯᠵᠤ᠂ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ | ᠲᠠᠯᠪᠢᠭᠰᠠᠨ ᠪᠠᠶᠢᠨ᠎ᠠ᠃ | ᠡᠨᠡ ᠲᠠᠪᠤᠨ ᠵᠢᠯ ᠳᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠰᠢᠨ᠎ᠡ ᠳᠡᠭᠡᠭᠰᠢᠯᠡᠯᠲᠡ ᠲᠠᠢ ᠪᠣᠯᠪᠠ᠃ ᠵᠠᠷᠢᠮ ᠠᠵᠤ ᠠᠬᠤᠶ ᠶᠢᠨ ᠲᠤᠭ᠎ᠠ | ᠪᠠᠷᠢᠮᠲᠠ ᠦᠨᠡᠨ ᠪᠣᠳᠠᠲᠠᠶ ᠪᠤᠰᠤ ᠪᠠᠶᠢᠬᠤ ᠠᠰᠠᠭᠤᠳᠠᠯ ᠢ ᠡᠷᠡᠰ ᠵᠠᠯᠠᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠵᠢᠯ ᠪᠦᠷᠢ | ᠳᠤᠮᠳᠠᠴᠢ ᠪᠠᠷ 3.1% ᠪᠠᠷ ᠨᠡᠮᠡᠭᠳᠡᠵᠦ᠂ ᠬᠥᠮᠦᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠶ ᠦᠷᠳᠡᠭ 2.6 ᠲᠦᠮᠡᠨ ᠳ᠋ᠣᠯᠯᠠᠷ ᠲᠤ ᠬᠦᠷᠴᠦ᠂ ᠡᠳ᠋ ᠤᠨ | ᠵᠠᠰᠠᠭ ᠤᠨ ᠣᠷᠣᠯᠭ᠎ᠠ ᠶᠢᠨ ᠶᠠᠰᠤ ᠴᠢᠨᠠᠷ ᠢᠯᠡᠳᠳᠡ ᠲᠡᠭᠡᠭᠰᠢᠯᠡᠪᠡ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠣ᠂ ᠣᠶᠢᠯᠡᠳᠪᠦᠷᠢᠯᠠᠯ ᠤᠨ | ᠴᠢᠳᠠᠪᠬᠢ ᠶᠢ ᠪᠠᠭᠠᠰᠬᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 670 ᠲᠦᠮᠡᠨ | ᠺᠢᠯᠣᠸᠠᠲ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠣᠶᠢᠯᠡᠳᠪᠦᠷᠢᠯᠠᠯ ᠤᠨ ᠴᠢᠳᠠᠪᠤᠷᠢ 527 ᠲᠦᠮᠡᠨ ᠲᠣᠨ ᠳᠤ ᠬᠦᠷᠴᠣ᠂ ᠳᠡᠭᠡᠳᠦ ᠲᠡᠰ ᠤᠨ | ᠲᠣᠨᠣᠭᠯᠠᠯ ᠦᠢᠯᠡᠳᠬᠦ᠂ ᠡᠯᠧᠺᠲᠷᠣᠨ ᠮᠡᠳᠡᠭᠡ ᠵᠠᠩᠭᠢ᠂ ᠤᠳᠤ ᠦᠶ᠎ᠡ ᠶᠢᠨ ᠮᠥᠩᠭᠦᠨ ᠭᠦᠢᠯᠭᠡᠭᠡ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠵᠡᠷᠭᠡ ᠰᠢᠨ᠎ᠡ | ᠠᠵᠤ ᠦᠢᠯᠡᠰ ᠲᠠᠰᠤᠷᠠᠯᠳᠠ ᠦᠭᠡᠢ ᠪᠤᠵᠠᠭᠠᠶᠢᠷᠠᠵᠤ᠂ ᠵᠢᠯ ᠤᠨ ᠵᠢᠭᠤᠯᠴᠢᠯᠠᠯ ᠤᠨ ᠬᠥᠮᠦᠨ ᠤ ᠲᠤᠭ᠎ᠠ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 1700 | ᠲᠦᠮᠡᠨ ᠬᠥᠮᠦᠨ ᠤᠳᠠᠭ᠎ᠠ ᠪᠠ 500 ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠣᠷᠣᠨ ᠪᠣᠭᠤᠮᠲᠠ ᠬᠠᠭᠠᠵᠤ ᠡᠷᠬᠢᠯᠳᠡ | ᠡᠵᠡᠩᠨᠡᠯᠳᠡ ᠬᠢᠵᠣ ᠡᠬᠢᠯᠡᠪᠡ᠃ | ᠡᠨᠡ ᠲᠠᠪᠤᠨ ᠵᠢᠯ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ 3000 ᠰᠢᠬᠠᠮ ᠲᠦᠷᠦᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ 90% ᠠᠴᠠ ᠳᠡᠭᠡᠭᠰᠢ ᠳᠤ ᠲᠣᠭᠳᠠᠪᠦᠷᠢᠵᠢᠵᠣ᠂ | ᠤᠯᠤᠰ ᠠᠴᠠ ᠡᠵᠡᠮᠳᠡᠵᠦ ᠪᠠᠶᠢᠭ᠎ᠠ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠴᠥᠮ ᠪᠠᠷᠢᠮᠵᠢᠶ᠎ᠠ ᠳᠤ ᠬᠦᠷᠪᠡ᠃ ᠠᠮᠢ ᠠᠬᠤᠶ ᠶᠢᠨ ᠡᠯ᠎ᠡ ᠲᠦᠷᠦᠯ | ᠤᠨ ᠪᠥᠲᠥᠭᠡᠨ ᠪᠠᠶᠢᠭᠤᠯᠤᠯᠲᠠ ᠶᠢ 7800 ᠭᠠᠷᠤᠶ ᠲᠦᠮᠡᠨ ᠮᠥ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ | ᠠᠭᠤᠷᠬᠠᠶ ᠶᠢ 99 ᠪᠠᠶᠢᠭᠤᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 27.3% ᠳᠤ ᠬᠦᠷᠴᠣ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ | ᠬᠡᠮᠵᠢᠶ᠎ᠡ 70% ᠠᠴᠠ ᠳᠡᠭᠡᠭᠰᠢ ᠳᠤ ᠲᠤᠭᠳᠠᠪᠦᠷᠢᠵᠢᠪᠠ᠃ ᠶᠡᠷᠦᠩᠬᠡᠢ ᠱᠦᠵᠢ ᠰᠢ ᠶᠢᠨ ᠫᠢᠩ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠡᠷᠬᠡᠭᠵᠢᠯ | ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠬᠡᠷ᠎ᠡ ᠲᠤᠭᠳᠠᠬᠤ ᠲᠠᠯ᠎ᠠ ᠶᠢᠨ ᠬᠢᠨ ᠤ ᠶᠡᠭᠡ ᠬᠤᠷᠠᠯ ᠪᠣᠯᠤᠨ ᠵᠢᠷᠭᠤᠳᠤᠭᠠᠷ | ᠂ ᠳᠣᠯᠣᠳᠤᠭᠠᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠴᠦᠯ ᠤᠨ ᠶᠠᠷᠢᠶᠠᠨ ᠤ ᠲᠠᠪᠴᠠᠩ ᠳᠤ ᠲᠤᠰᠪᠤᠷᠢ ᠪᠠᠶᠠᠷ ᠤᠨ ᠵᠠᠬᠢᠳᠠᠯ ᠢᠷᠡᠭᠦᠯᠵᠣ᠂ | ᠮᠠᠨ ᠤ ᠬᠤᠳᠠ ᠶᠢᠨ ᠴᠦᠯᠡᠷᠬᠡᠭᠵᠢᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ | ᠡᠨᠡ ᠲᠠᠪᠤᠨ ᠵᠢᠯ ᠳᠤ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠨ ᠪᠦᠳᠦᠭᠡᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠪᠠ᠃ ᠲᠠᠷᠢᠶᠠᠯᠠᠩ | ᠮᠠᠯ ᠠᠵᠤ ᠠᠬᠤᠶ ᠶᠢᠨ ᠬᠡᠪᠴᠢᠶᠡᠵᠢᠭᠰᠡᠨ᠂ ᠠᠵᠤ ᠣᠶᠢᠯᠡᠰᠵᠢᠭᠰᠡᠨ᠂ ᠨᠡᠷᠡᠳᠤ ᠲᠡᠮᠳᠡᠭᠴᠢᠯᠡᠭᠰᠡᠨ ᠬᠢᠷᠢ ᠬᠡᠮᠵᠢᠶ᠎ᠡ ᠲᠠᠰᠤᠷᠠᠯᠲᠠ ᠥᠬᠡᠶ ᠲᠡᠭᠡᠭᠰᠢᠯᠡᠵᠣ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠬᠤᠲᠠ ᠪᠠᠯᠭᠠᠰᠤᠵᠢᠯᠲᠠ ᠶᠢᠨ ᠨᠣᠷᠮ᠎ᠠ ᠵᠠᠭᠤᠨ ᠤ ᠬᠤᠪᠢ ᠶᠢᠨ | ᠬᠠᠷᠢᠴᠠᠯ ᠢᠶᠠᠷ 2 ᠲᠡᠭᠡᠭᠰᠢᠯᠡᠵᠣ᠂ 75% ᠳᠤ ᠬᠦᠷᠪᠡ᠃ ᠰᠢᠨ᠎ᠡ ᠪᠠᠷ ᠨᠡᠮᠡᠭᠳᠡᠭᠰᠡᠨ ᠲᠡᠮᠦᠷ ᠵᠠᠮ ᠤᠨ ᠠᠰᠢᠭᠯᠠᠯᠳᠠ ᠳᠤ ᠤᠷᠤᠭᠰᠠᠨ ᠵᠠᠮ ᠤᠨ ᠣᠷᠳᠣ 753 | ᠺᠢᠯᠣᠮᠧᠲᠷ᠂ ᠳᠡᠭᠡᠳᠦ ᠬᠤᠷᠳᠤᠴᠠᠳᠤ ᠵᠠᠰᠠᠮᠠᠯ ᠵᠠᠮ ᠤᠨ ᠣᠷᠳᠣ 174 ᠺᠢᠯᠣᠮᠧᠲᠷ ᠲᠤ ᠬᠦᠷᠴᠣ᠂ ︽ᠳᠥᠷᠪᠡᠨ ᠰᠠᠶᠢᠨᠲᠠᠶ︾ ᠬᠥᠳᠡᠭᠡ ᠲᠣᠰᠬᠤᠨ ᠤ ᠵᠠᠮ ᠢ | ᠰᠢᠨ᠎ᠡ ᠪᠠᠷ 5600 ᠺᠢᠯᠣᠮᠧᠲᠷ ᠪᠠᠶᠢᠭᠤᠯᠵᠤ᠂ 5G ᠶᠢᠨ ᠰᠠᠭᠤᠷᠢ ᠥᠷᠲᠡᠭᠡ ᠶᠢ 918 ᠪᠠᠶᠢᠭᠤᠯᠵᠤ᠂ ᠬᠥᠬᠡᠬᠤᠲᠠ ᠵᠡᠭᠦᠨᠭᠠᠷ ᠣᠷᠳᠣᠰ᠂ ᠬᠤᠯᠪᠤᠭᠠᠯᠵᠢ ᠠᠴᠠ | ᠵᠢᠢ ᠠᠨ ᠬᠦᠷᠬᠦ ᠲᠡᠮᠦᠷ ᠵᠠᠮ ᠵᠡᠷᠭᠡ ᠴᠢᠬᠤᠯᠠ ᠲᠤᠮᠤ ᠰᠠᠭᠤᠷᠢ ᠲᠦᠭᠦᠭᠡᠷᠤᠮᠵᠢ ᠪᠠᠶᠢᠭᠤᠯᠤᠭᠳᠠᠨ ᠠᠰᠢᠭᠯᠠᠯᠲᠠ ᠳᠤ ᠤᠷᠤᠵᠤ᠂ ᠣᠷᠳᠣᠰ ᠨᠢᠰᠬᠡᠯ ᠤᠨ ᠪᠠᠭᠤᠳᠠᠯ | ᠪᠥᠬᠦ ᠤᠯᠤᠰ ᠤᠨ ᠳᠤᠮᠳᠠ ᠬᠡᠯᠪᠡᠷᠢ ᠶᠢᠨ ᠨᠢᠰᠬᠡᠯ ᠤᠨ ᠪᠠᠭᠤᠳᠠᠯ ᠤᠨ ᠡᠩᠨᠡᠭᠡᠨ ᠳᠤ ᠤᠷᠤᠵᠤ᠂ ᠠᠭᠠᠷ ᠤᠨ ᠠᠶᠠᠯᠠᠯ ᠤᠨ ᠪᠣᠭᠤᠮᠲᠠ ᠶᠢ ᠴᠢᠯᠤᠬᠡᠲᠠᠢ ᠨᠡᠬᠡᠬᠡᠬᠦ ᠶᠢ | ᠪᠡᠶᠡᠯᠡᠭᠦᠯᠵᠣ᠂ ᠠᠭᠠᠷ ᠤᠨ ᠭᠠᠷᠠᠮ ᠤᠨ ᠪᠠᠷᠠᠭᠠᠨ ᠤ ᠭᠦᠢᠯᠬᠡᠬᠡᠨ ᠤ ᠬᠦᠷᠢᠶᠡᠯᠡᠩ ᠪᠦᠬᠦ ᠣᠯᠤᠰ ᠤᠨ ᠰᠢᠯᠢᠳᠡᠭ ᠪᠠᠷᠠᠭᠠᠨ ᠤ ᠭᠦᠢᠯᠬᠡᠬᠡᠨ ᠤ ᠬᠦᠷᠢᠶᠡᠯᠡᠩ ᠢᠶᠠᠷ | ᠦᠨᠡᠯᠡᠭᠳᠡᠪᠡ᠃ | ᠡᠨᠡ ᠲᠠᠪᠤᠨ ᠵᠢᠯ ᠳᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ ᠲᠦᠭᠡᠮᠡᠯ ᠬᠠᠷᠠᠭᠠᠯᠵᠠᠬᠤ ᠴᠢᠨᠠᠷᠲᠠᠶ ᠬᠡᠤᠬᠡᠳ | ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 86%᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 93%᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠤᠷᠤᠬᠤ ᠨᠣᠷᠮ᠎ᠠ 98% ᠳᠤ ᠬᠦᠷᠴᠣ᠂ ︽ᠰᠣᠷᠣᠭᠴᠢ ᠣᠯᠠᠨᠲᠠᠶ ᠠᠩᠭᠢ︾ ᠦᠬᠡᠢ ᠪᠤᠯᠭᠠᠵᠣ᠂ ︽ᠨᠢᠭᠡ | ᠵᠢᠩᠬᠢᠨᠢ ᠠᠩᠬᠢ ᠭᠤᠷᠪᠠᠨ ᠲᠤᠰᠬᠠᠶ ᠮᠡᠷᠭᠡᠵᠢᠯ︾ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠲᠠᠰᠤᠷᠠᠯᠲᠠ ᠥᠬᠡᠶ ᠲᠡᠭᠡᠭᠰᠢᠯᠡᠪᠡ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠣᠷᠣ᠂ ᠠᠵᠢᠯ ᠡᠷᠭᠢᠯᠡᠬᠦ ᠡᠮᠴᠢ᠂ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ ᠲᠤᠰᠪᠤᠷᠢ 19. | 7%᠂ 30.2%᠂ 29.9% ᠨᠡᠮᠡᠭᠳᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠴᠦᠮ ᠪᠦᠷᠬᠦᠬᠦᠯᠬᠦ ᠶᠢ ᠪᠡᠶᠡᠯᠡᠭᠦᠯᠪᠡ᠃ ᠦᠨᠳᠦᠰᠦᠨ | ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠬᠡᠨ ᠤ ᠲᠥᠪ ᠤᠨ ᠪᠦᠷᠬᠦᠯᠳᠡ ᠶᠢᠨ ᠨᠣᠷᠮ᠎ᠠ 100% ᠳᠤ ᠬᠦᠷᠴᠦ᠂ ︽ᠬᠠᠷ᠎ᠠ ᠲᠣᠷᠭᠠᠨ ᠬᠠᠨᠵᠢᠶᠠᠷ︾ | ᠳᠤᠮᠳᠠᠳᠤ ᠤᠯᠤᠰ ᠤᠨ ᠪᠥᠵᠢᠭ ᠤᠨ ︽ᠯᠢᠩᠬᠸ᠎ᠠ ᠱᠠᠩᠨᠠᠯ︾ ᠤᠨ ᠠᠯᠲᠠᠨ ᠮᠧᠳᠠᠯ ᠢ ᠭᠥᠷᠳᠡᠵᠦ᠂ ᠪᠤᠷᠤᠪᠠᠯᠭᠠᠰᠤᠨ ᠤ ᠦᠨᠳᠦᠰᠦᠲᠡᠨ ᠤ ᠺᠠᠳ᠋ᠷ ᠤᠨ ᠳᠡᠭᠡᠳᠦ | ᠰᠤᠷᠭᠠᠭᠤᠯᠢ᠂ ᠲᠤᠭᠤᠷᠢᠮ ᠤᠨ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ | ᠦᠷᠬᠡᠵᠢᠪᠡ᠃ | ᠡᠨᠡ ᠲᠠᠪᠤᠨ ᠵᠢᠯ ᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠰᠢᠨ᠎ᠡ ᠲᠡᠭᠡᠭᠰᠢᠯᠡᠯᠳᠡ ᠲᠠᠢ ᠪᠤᠯᠪᠠ᠃ ᠡᠳ᠋ ᠤᠨ ᠵᠠᠰᠠᠭ ᠤᠨ ᠠᠷᠠᠳ ᠤᠨ ᠠᠮᠢᠳᠤᠷᠠᠯ | ᠳᠤ ᠬᠡᠷᠡᠭᠯᠡᠭᠰᠡᠨ ᠵᠠᠷᠤᠯᠭ᠎ᠠ 1498 ᠳ᠋ᠦᠩᠰᠢᠭᠤᠷ ᠲᠥᠭᠦᠷᠢᠭ ᠲᠤ ᠬᠦᠷᠴᠦ᠂ ᠬᠤᠳᠠ ᠪᠠᠯᠭᠠᠰᠤᠨ ᠤ ᠠᠵᠢᠯ ᠤᠯᠤᠭᠰᠠᠳ ᠰᠢᠨ᠎ᠡ ᠪᠠᠷ 15.4 ᠲᠦᠮᠡᠨ ᠬᠥᠮᠦᠨ | ᠨᠡᠮᠡᠭᠳᠡᠵᠣ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰᠪᠤᠷᠢ 50306 ᠲᠥᠭᠦᠷᠢᠭ ᠪᠠ | 21576 ᠲᠥᠭᠦᠷᠢᠭ ᠲᠤ ᠬᠦᠷᠴᠡᠶ᠃ ᠨᠡᠶᠢᠲᠡ 1.61 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠶᠠᠳᠠᠭᠤ ᠬᠦᠴᠢᠷᠳᠡᠯᠲᠡᠶ 21 ᠭᠠᠴᠠᠭ᠎ᠠ ᠲᠣᠰᠬᠤᠨ ᠴᠦᠮ ᠶᠠᠳᠠᠭᠤ ᠠᠴᠠ ᠠᠩᠬᠢᠵᠢᠷᠠᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠬᠦᠴᠢᠷᠳᠡᠯᠲᠡᠶ 1 | ᠬᠤᠰᠢᠭᠤ ᠶᠠᠳᠠᠭᠤ ᠮᠠᠯᠠᠭᠠᠢ ᠪᠠᠨ ᠲᠠᠶᠠᠭᠳᠠᠵᠣ᠂ ᠶᠠᠳᠠᠭᠤ ᠭᠦᠴᠢᠷᠳᠡᠯᠲᠠᠢ ᠬᠦᠮᠦᠨ ᠠᠮᠠ ᠶᠢᠨ ᠡᠭᠦᠰᠦᠯᠳᠡ ᠶᠢᠨ ᠨᠣᠷᠮ᠎ᠠ ᠶᠢ ᠲᠡᠭ ᠪᠤᠯᠭᠠᠪᠠ᠃ ᠬᠤᠳᠠ ᠬᠥᠳᠡᠭᠡ | ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠶᠢᠨ ᠲᠠᠩᠰᠠ ᠲᠠᠶᠢᠯᠬᠤ ᠪᠠᠷᠢᠮᠵᠢᠶ᠎ᠠ ᠵᠢᠯ | ᠳᠠᠷᠠᠭᠠᠯᠠᠨ ᠲᠡᠭᠡᠭᠰᠢᠯᠡᠵᠣ᠂ ᠬᠤᠳᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠬᠢᠴᠡᠭᠦᠯᠦᠶᠡ᠂ ᠪᠢᠳᠠ ᠥᠷᠢᠰᠥᠯᠳᠦᠭᠡᠨ ᠢ ᠠᠷᠭᠠᠴᠠᠬᠤ ᠳᠤᠮᠳᠠ ᠰᠠᠨᠠᠭᠠᠴᠢᠯᠠᠭ᠎ᠠ | ᠠᠴᠠ ᠪᠠᠨ ᠠᠵᠢᠯᠯᠠᠭ᠎ᠠ ᠠᠪᠴᠣ᠂ ᠬᠦᠴᠢᠷ ᠪᠡᠷᠬᠡ ᠶᠢ ᠢᠯᠠᠨ ᠲᠠᠪᠠᠨ ᠡᠷᠡᠯᠬᠡᠭᠯᠡᠨ ᠤᠷᠤᠭᠰᠢᠯᠠᠵᠤ᠂ ᠡᠨᠡ ᠪᠦᠬᠦᠨ ᠬᠢᠯᠪᠡᠷ ᠪᠤᠰᠤ ᠭᠡᠳᠡᠭ ᠢ ᠬᠦᠨᠵᠡᠬᠡᠢ ᠰᠡᠷᠡᠵᠦ | ᠮᠡᠳᠡᠪᠡ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠣᠯᠭ᠎ᠠ᠂ ᠠᠮᠢᠳᠤᠯᠢᠭ ᠣᠶᠢᠯᠡᠳᠦᠯᠬᠡᠵᠢᠭᠦᠯᠦᠯᠳᠡ ᠶᠢᠨ ᠦᠷ᠎ᠡ ᠳ᠋ᠦᠩ ᠪᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠳᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠪᠤᠯᠤᠨ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ | ᠬᠤᠳᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ | ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠬᠢᠨᠠᠯᠲᠠ ᠲᠠᠯᠪᠢᠯᠳᠠ ᠪᠠ ᠶᠡᠬᠡᠪᠡᠷ ᠳᠡᠮᠵᠢᠭᠰᠡᠨ ᠤ ᠦᠷ᠎ᠡ ᠳ᠋ᠦᠩ ᠪᠤᠯᠤᠨ᠎ᠠ᠃ | ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠪᠦᠬᠦ ᠬᠤᠳᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ᠂ | ᠤᠷᠳᠤᠰ ᠤᠨ ᠥᠭᠡᠷᠡᠴᠢᠯᠡᠯᠲᠡ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠨᠥᠬᠦᠳ᠂ ᠤᠷᠳᠤᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ | ᠪᠦᠬᠦᠢ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠳᠡ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠠᠯᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ | ᠢᠶᠠᠷ ᠲᠠᠨᠢᠵᠤ ᠣᠯᠪᠠ᠃ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ ᠲᠤᠭᠤᠷᠢᠨ ᠳᠤ ᠠᠯᠢ ᠤᠯᠠᠨ ᠲᠤᠭᠳᠠᠪᠦᠷᠢᠳᠤ ᠪᠤᠰᠤ ᠴᠢᠨᠠᠷ ᠣᠷᠣᠰᠢᠵᠤ | ᠂ ᠠᠵᠤ ᠠᠬᠤᠶ ᠶᠢᠨ ᠰᠡᠷᠭᠦᠯᠲᠡ ᠪᠠ ᠬᠡᠪ ᠤᠨ ᠡᠷᠬᠢᠯᠳᠡ ᠶᠢᠨ ᠰᠠᠭᠤᠷᠢ ᠬᠠᠷᠠᠬᠠᠨ ᠪᠠᠬᠢᠵᠢᠬᠡᠳᠤᠢ︔ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ | ᠨᠢ ᠬᠢᠵᠠᠭᠠᠷᠯᠠᠬᠤ ᠬᠠᠷᠠᠯᠲᠠ ᠠᠴᠠ ᠶᠡᠭᠡ ᠬᠡᠮᠵᠢᠶ᠎ᠡ ᠪᠠᠷ ᠳᠠᠪᠠᠵᠤ᠂ ᠠᠵᠤ ᠣᠶᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠭᠦᠯᠬᠦ ᠪᠠ ᠴᠢᠨᠠᠷ ᠰᠠᠶᠢᠲᠠᠶ | ᠬᠥᠭᠵᠢᠭᠦᠯᠬᠦ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠠᠮᠢᠳᠤᠯᠢᠭ ᠪᠤᠰᠤ᠂ | ᠣᠷᠣᠭᠤᠯᠤᠯᠲᠠ ᠬᠦᠷᠦᠯᠴᠡᠬᠦ ᠦᠭᠡᠢ ᠪᠠᠶᠢᠬᠤ ᠪᠠ ᠴᠢᠳᠠᠪᠤᠷᠢᠲᠠᠨ ᠳᠤᠲᠠᠭᠳᠠᠵᠤ ᠪᠠᠶᠢᠬᠤ ᠠᠰᠠᠭᠤᠳᠠᠯ ᠡᠳᠦᠷ ᠢᠷᠡᠬᠦᠶ᠎ᠡ ᠲᠤᠪᠤᠶᠢᠮ᠎ᠠ ᠪᠤᠯᠵᠤ ᠪᠠᠶᠢᠨ᠎ᠠ︔ ︽ | ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠶ ᠪᠤᠰᠤ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠳᠤ | ᠮᠥᠨ ᠯᠠ ᠴᠥᠭᠡᠨ ᠪᠤᠰᠤ ᠬᠦᠴᠢᠷᠳᠡᠯ᠂ ᠲᠦᠭᠵᠢᠷᠡᠯ᠂ ᠡᠪᠡᠷᠰᠢᠶᠡᠯ ᠲᠠᠢ ᠵᠤᠶᠢᠯ ᠣᠷᠣᠰᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠷᠲᠡᠮᠵᠢ ᠶᠢᠨ | ᠲᠥᠷᠥᠭᠳᠡᠯ ᠴᠢᠩᠭ᠎ᠠ ᠪᠤᠰᠤ᠂ ᠠᠮᠢᠵᠢᠷᠠᠯ ᠤᠨ ᠬᠦᠴᠦᠨ ᠢᠶᠠᠷ ᠳᠤᠲᠠᠮᠠᠭ ᠪᠠᠶᠢᠨ᠎ᠠ︔ ᠵᠠᠷᠢᠮ ᠬᠤᠰᠢᠭᠤ ᠲᠤᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ | ᠶᠢᠨ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠵᠠᠷᠢᠮ ᠲᠤᠳᠠᠭᠤᠳᠠᠯ ᠪᠠ ᠪᠠᠭᠤᠷᠠᠶ ᠭᠤᠭᠴᠤᠭ᠎ᠠ | ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠲᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠠᠳᠠᠯᠢ ᠪᠤᠰᠤ ᠬᠡᠮᠵᠢᠶ᠎ᠡ | ᠪᠠᠷ ᠣᠷᠣᠰᠢᠵᠤ ᠪᠠᠶᠢᠨ᠎ᠠ᠃ ᠳᠡᠭᠡᠷᠡᠬᠢ ᠠᠰᠠᠭᠤᠳᠠᠯ ᠤᠳ ᠢ ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ | ᠡᠭᠦᠷᠭᠡ ᠪᠠ ᠦᠨᠳᠦᠰᠦᠨ ᠵᠠᠷᠴᠢᠮ | ᠬᠤᠲᠠ ᠶᠢᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ ᠪᠠ 2035 ᠣᠨ ᠤ ᠠᠯᠤᠰ ᠬᠡᠳᠤ ᠶᠢᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠤᠷᠳᠤᠰ ᠬᠤᠳᠠ | ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠪᠠ 2035 ᠣᠨ ᠤ | ᠠᠯᠤᠰ ᠬᠡᠳᠤ ᠶᠢᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠡᠬᠡ ᠨᠤᠤᠷᠠᠭ︶︾ ᠶᠢ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠲᠣᠳᠣᠷᠬᠠᠶᠢᠯᠠᠵᠤ᠂ ᠠᠯᠢ ᠤᠯᠠᠨ | ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠷᠠᠳᠴᠣ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠵᠦ ᠬᠢᠨᠠᠨ | ᠵᠦᠪᠯᠡᠭᠦᠯᠦᠨ᠎ᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠤᠯᠤᠨ᠎ᠠ᠃ ᠤᠳᠤᠬᠠᠨ ᠳᠤ᠂ ᠤᠷᠳᠤᠰ ᠤᠨ ᠬᠦᠭᠵᠢᠯᠳᠡ ᠨᠢᠭᠡᠨᠳᠡ ᠰᠢᠨ᠎ᠡ ᠱᠠᠳᠤ ᠦᠶ᠎ᠡ ᠳᠤ | ᠤᠷᠤᠵᠤ᠂ ᠪᠢᠳᠠ ᠰᠢᠨ᠎ᠡ ᠨᠢᠭᠡᠨ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ | ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠳᠤ ᠠᠭᠤᠯᠤᠭᠳᠠᠵᠤ ᠪᠠᠶᠢᠭ᠎ᠠ ᠴᠢᠬᠤᠯᠠ ᠲᠤᠮᠤ ᠠᠵᠠ ᠲᠣᠬᠢᠶᠠᠯ ᠳᠤ | ᠲᠤᠯᠭᠠᠷᠠᠵᠤ ᠪᠠᠶᠢᠬᠤ ᠪᠠᠷ ᠪᠠᠷᠠᠬᠤ ᠦᠭᠡᠢ ᠪᠠᠰᠠ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠪᠠ ᠨᠡᠭᠦᠷᠡᠰᠦᠲᠥ᠋ᠷᠥᠭᠴᠢ | ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠬᠠᠷᠠᠯᠲᠠ᠂ ᠡᠨᠧᠷᠬᠢ ᠶᠢᠨ ᠬᠤᠷᠤᠭᠳᠠᠯ ᠤᠨ ︽ᠬᠤᠶᠠᠷ ᠢ ᠬᠢᠵᠠᠭᠠᠷᠯᠠᠬᠤ︾ ᠨᠢ | ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠡᠳᠡᠷᠬᠦ ᠰᠢᠬᠠᠮᠳᠠᠭᠤᠯᠵᠤ | ᠪᠠᠶᠢᠭ᠎ᠠ ᠪᠠᠴᠢᠮ ᠲᠤᠯᠭᠠᠮ᠎ᠠ ᠡᠭᠦᠷᠭᠡ ᠳᠤ ᠲᠤᠯᠭᠠᠷᠠᠵᠤ ᠪᠠᠶᠢᠨ᠎ᠠ᠃ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ | ᠶᠢᠨ ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠳᠠᠯ ᠳᠤ ᠲᠦᠷᠭᠡᠨ ᠠᠭᠤᠰᠤᠯᠴᠠᠵᠤ᠂ ︽ᠬᠤᠶᠠᠷ ᠬᠠᠯᠬᠠᠪᠴᠢ︾᠂ ︽ | ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠴᠢᠭᠯᠡᠭᠦᠯᠦᠨ᠂ ᠣᠷᠣᠨ ᠪᠠᠶᠢᠷᠢ ᠪᠠᠨ | ᠣᠨᠣᠪᠴᠢᠲᠠᠢ ᠣᠯᠵᠤ᠂ ᠦᠪᠡᠷᠮᠢᠴᠡ ᠣᠨᠴᠠᠯᠢᠭ ᠢᠶᠠᠨ ᠢᠯᠡᠷᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠵᠣ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠭᠰᠡᠨ ᠬᠤᠰᠢᠭᠤᠷᠠᠯ | ᠣᠷᠣᠨ ᠢ ᠪᠦᠬᠦ ᠬᠦᠴᠦᠨ ᠢᠶᠠᠷ ᠢᠶᠠᠨ ᠴᠤᠭᠴᠠᠯᠠᠨ ᠪᠠᠶᠢᠭᠤᠯᠤᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠠᠮᠲᠤ | ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠢᠮᠠᠭᠲᠠ ᠬᠥᠭᠵᠢᠯᠲᠡ ᠶᠢᠨ ᠡᠭᠦᠰᠦᠯ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠲᠤᠳᠠᠭᠤᠳᠠᠯ ᠢ ᠴᠢᠷᠮᠠᠶᠢᠨ ᠨᠥᠬᠦᠪᠥᠷᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠲᠡᠰ ᠢ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠦᠨᠳᠦᠰᠦᠨ ᠵᠣᠷᠢᠯᠲᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠵᠣᠪᠠᠨᠢᠬᠤ ᠤᠬᠠᠮᠰᠠᠷ | ᠤᠨ ᠲᠠᠯ᠎ᠠ ᠠᠴᠠ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠲᠦᠭᠦᠷ᠂ ᠣᠨᠣᠪᠴᠢᠲᠠᠢ᠂ | ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠵᠣ᠂ ᠪᠣᠬᠢᠷᠲᠤᠯ ᠦᠭᠡᠢ ᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠵᠤᠷᠢᠭ | ᠰᠠᠨᠠᠭ᠎ᠠ ᠶᠢ ᠢᠮᠠᠭᠲᠠ ᠪᠠᠷᠢᠮᠳᠠᠯᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ | ᠦᠷᠭᠦᠯᠵᠢᠯᠡᠭᠰᠡᠨ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠦᠲᠦᠬᠡᠨ ᠪᠠᠶᠢᠭᠤᠯᠤᠯᠳᠠ ᠶᠢ ᠠᠬᠢᠭᠤᠯᠵᠤ᠂ | ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ | ᠦᠵᠡᠰᠬᠦᠯᠡᠩᠲᠦ ᠰᠠᠶᠢᠬᠠᠨ ᠪᠠ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ | ᠦᠬᠡᠷᠡᠴᠢᠯᠡᠯᠳᠡ ᠬᠢᠵᠤ ᠰᠢᠨ᠎ᠡ ᠶᠢ ᠡᠭᠦᠳᠬᠦ ᠶᠢ ᠬᠦᠨᠵᠡᠬᠡᠶᠢᠷᠡᠭᠦᠯᠬᠦ ᠶᠢ ᠪᠠᠷᠢᠮᠳᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ | ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ | ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ | ᠪᠠᠷ ᠳᠡᠭᠡᠭᠰᠢᠯᠡᠭᠦᠯᠵᠦ᠂ ᠬᠥᠭᠵᠢᠯᠲᠡ ᠨᠢ ᠭᠦᠴᠦᠨ ᠵᠣᠶᠢᠯ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠲᠡᠰᠢ | ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠳᠠᠯ ᠢ ᠲᠦᠷᠬᠡᠨ | ᠢᠶᠠᠷ ᠪᠠᠶᠢᠭᠤᠯᠵᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠥᠭᠵᠢᠯᠲᠡ ᠶᠢᠨ ᠲᠡᠩᠴᠡᠭᠦᠷᠢᠲᠠᠢ | ᠪᠤᠰᠤ ᠭᠦᠢᠴᠡᠳ ᠪᠤᠰᠤ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠠᠮᠵᠢᠯᠴᠠᠨ | ᠬᠥᠭᠵᠢᠬᠦ ᠪᠠᠶᠢᠯᠳᠤᠬᠤ ᠪᠣᠳᠣᠯᠭ᠎ᠠ ᠳᠤ ᠭᠦᠨᠵᠡᠭᠡᠶ ᠣᠷᠣᠯᠴᠠᠵᠤ᠂ ᠤᠯᠤᠰ ᠤᠨ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠪᠠ ᠤᠯᠤᠰ ᠤᠨ ᠳᠣᠲᠣᠭᠠᠳᠤ ᠭᠠᠳᠠᠭᠠᠳᠤ | ᠶᠢᠨ ᠬᠤᠤᠰ ᠤᠷᠴᠢᠯ ᠳᠤ ᠨᠠᠩ ᠰᠠᠶᠢᠨ ᠠᠭᠤᠰᠤᠯᠴᠠᠨ᠂ ᠨᠠᠩ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠲᠠᠢ ᠴᠢᠯᠣᠬᠡᠲᠠᠢ ᠶᠠᠪᠤᠯᠴᠠᠬᠤ ᠶᠢ ᠪᠡᠶᠡᠯᠡᠭᠦᠯᠦᠨ᠎ᠡ᠃ | ᠰᠢᠰᠲ᠋ᠧᠮᠲᠦ ᠦᠵᠡᠯᠲᠡ ᠶᠢ ᠪᠠᠷᠢᠮᠲᠠᠯᠠᠨ᠎ᠠ᠃ ᠡᠨᠧᠷᠬᠢ᠂ ᠠᠮᠤ ᠪᠤᠳᠠᠭ᠎ᠠ᠂ ᠠᠵᠤ ᠤᠶᠢᠯᠡᠰ᠂ ᠠᠮᠢ ᠠᠬᠤᠢ ᠶᠢᠨ ᠠᠮᠦᠷ ᠲᠦᠪᠰᠢᠨ ᠢ ᠨᠢᠭᠡᠳᠦᠯᠲᠡᠢ | ᠲᠦᠯᠦᠪᠯᠡᠵᠣ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠵᠤᠪᠠᠨᠢᠬᠤ ᠤᠬᠠᠮᠰᠠᠷ ᠢ ᠴᠢᠩᠭᠠᠳᠬᠠᠵᠤ᠂ ᠪᠠᠷᠠᠯᠠᠯᠳᠤ ᠴᠢᠨᠠᠷ ᠲᠠᠢ ᠪᠤᠳᠤᠯᠬᠢᠯᠠᠯᠳᠠ᠂ | ᠪᠦᠬᠦ ᠲᠠᠯ᠎ᠠ ᠶᠢᠨ ᠴᠢᠨᠠᠷᠲᠠᠢ ᠰᠦᠪᠡᠭᠴᠢᠯᠡᠯᠳᠡ᠂ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ ᠪᠠᠶᠢᠷᠢᠯᠠᠭᠤᠯᠤᠯᠳᠠ᠂ ᠪᠦᠬᠦᠯᠢ ᠴᠣᠭᠴᠠ ᠶᠢᠨ ᠴᠢᠨᠠᠷᠲᠠᠢ | ᠠᠬᠢᠭᠤᠯᠤᠯᠲᠠ ᠶᠢ ᠴᠢᠩᠭᠠᠳᠬᠠᠵᠤ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠭᠦᠴᠦᠨ ᠵᠣᠶᠢᠯ ᠤᠨ ᠬᠢᠵᠠᠭᠠᠷᠯᠠᠯ ᠪᠠ ᠲᠤᠳᠠᠭᠤᠳᠠᠯ ᠤᠨ ᠠᠰᠠᠭᠤᠳᠠᠯ ᠢ | ᠰᠢᠢᠳᠪᠦᠷᠢᠯᠡᠵᠦ᠂ ᠠᠶᠤᠯ ᠲᠦᠭᠰᠢᠭᠦᠷᠢ ᠶᠢᠨ ᠡᠯ᠎ᠡ ᠲᠦᠷᠦᠯ ᠤᠨ ᠲᠠᠯᠳᠠ ᠭᠡᠮ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠥᠭᠵᠢᠯᠲᠡ ᠶᠢᠨ ᠶᠠᠰᠤ ᠴᠢᠨᠠᠷ᠂ | ᠪᠦᠲᠦᠴᠡ᠂ ᠬᠡᠪᠴᠢᠶ᠎ᠡ᠂ ᠬᠤᠷᠳᠤᠴᠠ᠂ ᠦᠷ᠎ᠡ ᠠᠰᠢᠭ᠂ ᠠᠮᠤᠷ ᠲᠦᠪᠰᠢᠨ ᠢ ᠬᠠᠷᠢᠯᠴᠠᠨ ᠨᠢᠬᠡᠳᠦᠭᠦᠯᠬᠦ ᠶᠢ ᠪᠡᠶᠡᠯᠡᠭᠦᠯᠦᠨ᠎ᠡ᠃ | ᠲᠥᠯᠥᠭᠡᠯᠡᠭᠴᠢᠳ ᠡ︕ ᠥᠩᠭᠡᠷᠡᠭᠰᠡᠨ ᠤ ᠶᠠᠪᠤᠳᠠᠯ ᠪᠦᠬᠦᠨ ᠨᠢ ᠴᠥᠮ ᠣᠷᠣᠰᠢᠯ ᠯᠠ ᠪᠣᠯᠤᠨ᠎ᠠ᠃ ᠤᠷᠳᠤᠰ ᠤᠨ ᠬᠥᠭᠵᠢᠯᠲᠡ ᠵᠠᠯᠭᠠᠯᠳᠤᠨ ᠦᠷᠭᠦᠯᠵᠢᠯᠡᠵᠦ | ᠂ ᠥᠨᠥᠳᠦᠷ ᠤᠨ ᠴᠢᠷᠮᠠᠶᠢᠯᠭ᠎ᠠ ᠨᠢ ᠮᠠᠷᠭᠠᠰᠢ ᠶᠢᠨ ᠢᠷᠠᠭᠤ ᠠᠯᠳᠠᠷ ᠢ ᠡᠭᠦᠳᠬᠦ ᠪᠣᠯᠤᠨ᠎ᠠ᠃ 2025 ᠣᠨ ᠪᠣᠯᠬᠤ ᠳᠤ᠂ ᠮᠠᠨ ᠤ ᠬᠤᠳᠠ ᠨᠢ ᠠᠵᠤ ᠦᠢᠯᠡᠰ ᠤᠨ | ᠳᠡᠭᠡᠳᠦ ᠲᠡᠰ ᠤᠨ ᠪᠣᠳᠠᠲᠤ ᠬᠦᠴᠦᠨ ᠲᠠᠢ ᠬᠤᠳᠠ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠢ ᠬᠤᠳᠠ᠂ ᠴᠡᠩᠬᠡᠷ ᠨᠤᠮᠢᠨ ᠢᠶᠠᠷ ᠠᠮᠢᠯᠠᠭᠤᠯᠤᠭᠰᠠᠨ ᠠᠮᠢ | ᠠᠬᠤᠢ ᠶᠢᠨ ᠬᠤᠳᠠ᠂ ᠠᠮᠤᠷ ᠲᠣᠭᠲᠠᠭᠤᠨ ᠡᠶ᠎ᠡ ᠵᠣᠬᠢᠴᠠᠩᠭᠤᠢ ᠵᠣᠯ ᠵᠢᠷᠭᠠᠯᠲᠤ ᠬᠤᠳᠠ ᠪᠣᠯᠬᠤ ᠪᠣᠯᠤᠨ᠎ᠠ᠃ 2035 ᠣᠨ ᠪᠣᠯᠬᠤ ᠳᠤ᠂ ᠪᠢᠳᠡ ᠪᠦᠬᠦ ᠤᠯᠤᠰ᠂ | ᠪᠦᠬᠦ ᠣᠷᠣᠨ ᠲᠠᠢ ᠬᠠᠮᠲᠤᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠢᠷᠡᠭᠡᠳᠦᠢ ᠪᠠᠨ ᠪᠠᠷᠠᠯᠠᠬᠤᠶ᠎ᠠ᠂ ᠪᠢᠳᠡ ᠢᠲᠡᠭᠡᠯ | ᠲᠡᠭᠦᠯᠳᠡᠷ ᠪᠠᠶᠢᠨ᠎ᠠ᠂ ᠤᠷᠳᠤᠰ ᠤᠨ ᠮᠠᠷᠭᠠᠰᠢ ᠯᠠᠪᠳᠠᠶᠢᠶ᠎ᠠ ᠨᠡᠩ ᠰᠠᠶᠢᠨ ᠰᠠᠶᠢᠬᠠᠨ ᠪᠤᠯᠤᠨ᠎ᠠ ᠬᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ | ᠭᠤᠷᠪᠠ᠂ 2021 ᠣᠨ ᠤ ᠭᠤᠣᠯ ᠠᠵᠢᠯ ᠤᠨ ᠲᠤᠬᠢᠷᠠᠭᠤᠯᠤᠯᠳᠠ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠤᠨ᠎ᠠ᠂ ᠮᠦᠨ ᠴᠣ᠋ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ | ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ ᠲᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠬᠥᠭᠵᠢᠯᠲᠡ ᠶᠢᠨ ᠰᠢᠨ᠎ᠡ ᠱᠠᠳᠤ ᠠᠴᠠ ᠡᠭᠦᠰᠴᠣ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠲᠤᠤᠱᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠳᠠᠯ ᠢ ᠪᠤᠶ | ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠦᠳᠡᠯᠬᠡᠭᠴᠢ ᠬᠦᠴᠦᠨ | ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ | ᠪᠦᠲᠦᠭᠡᠯ ᠢ ᠪᠠᠳᠤᠳᠬᠠᠨ ᠥᠷᠭᠡᠳᠬᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠬᠡᠭᠦᠷ ᠪᠤᠯᠭᠠᠬᠤ ᠶᠢ ᠬᠦᠨᠵᠡᠬᠡᠶᠢᠷᠡᠭᠦᠯᠵᠣ᠂ | ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠲᠠᠢ ᠴᠢᠯᠥᠬᠡᠲᠠᠢ ᠶᠠᠪᠤᠯᠴᠠᠬᠤ ᠶᠢ ᠥᠷᠭᠡᠳᠬᠡᠨ᠂ ᠠᠵᠤ ᠠᠬᠤᠶ ᠶᠢᠨ ᠡᠷᠬᠢᠯᠳᠡ ᠶᠢ ᠵᠦᠢ ᠵᠣᠬᠢᠰᠲᠠᠶ ᠬᠡᠪᠴᠢᠶᠡᠨ ᠳᠤ | ᠪᠠᠶᠢᠯᠭᠠᠬᠤ ᠶᠢ ᠪᠠᠳᠤᠯᠠᠬᠤ ᠪᠠᠷ ᠴᠢᠷᠮᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠬᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ | ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ | ᠪᠦᠬᠦ ᠬᠤᠲᠠ ᠶᠢᠨ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠵᠢᠱᠢᠭᠰᠡᠨ ᠭᠤᠤᠯ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ | ᠦᠷᠲᠡᠭ ᠢ 6% ᠤᠷᠴᠢᠮ ᠨᠡᠮᠡᠭᠳᠡᠬᠦᠯᠵᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢ 6% ᠤᠷᠴᠢᠮ ᠨᠡᠮᠡᠭᠳᠡᠬᠦᠯᠦᠨ᠂ ᠬᠤᠲᠠ ᠪᠠᠯᠭᠠᠰᠣᠨ ᠤ | ᠲᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠲᠤᠳᠤᠷ᠎ᠠ ᠬᠢᠵᠠᠭᠠᠷᠯᠠᠵᠤ᠂ ᠰᠠᠭᠤᠭᠠᠯᠢ ᠠᠷᠠᠳ ᠤᠨ ᠤᠷᠤᠯᠭ᠎ᠠ ᠶᠢ ᠲᠤᠭᠳᠠᠭᠤᠨ ᠢᠶᠠᠷ | ᠨᠡᠮᠡᠭᠳᠡᠬᠦᠯᠵᠤ᠂ ᠨᠢᠭᠡᠴᠡ GDP ᠤᠨ ᠡᠨᠧᠷᠬᠢ ᠶᠢᠨ ᠬᠤᠷᠤᠭᠳᠠᠯ ᠤᠨ ᠦᠪᠡᠷᠲᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠡᠬᠦᠷᠭᠡ ᠶᠢ ᠴᠢᠷᠮᠠᠶᠢᠨ ᠪᠡᠶᠡᠯᠡᠬᠦᠯᠵᠤ᠂ | ᠭᠤᠤᠯ ᠪᠤᠯᠬᠤ ᠪᠤᠬᠢᠷᠲᠤᠯ ᠪᠤᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠦᠷᠬᠦᠯᠵᠢᠯᠡᠨ ᠪᠠᠭᠤᠷᠠᠭᠤᠯᠤᠨ᠎ᠠ᠃ ᠲᠤᠤᠷᠠᠬᠢ ᠠᠵᠢᠯ ᠤᠳ ᠢ ᠭᠤᠤᠯᠳᠠᠯᠭ᠎ᠠ ᠲᠠᠢ | ᠰᠠᠶᠢᠲᠤᠷ ᠬᠢᠨ᠎ᠡ᠄ | ︵ᠨᠢᠬᠡ︶ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠲᠤᠭᠳᠠᠪᠤᠷᠢᠵᠢᠭᠤᠯᠤᠨ᠎ᠠ᠃ | ᠪᠦᠲᠦᠮᠵᠢᠲᠠᠢ ᠪᠡᠯᠡ ᠤᠷᠤᠭᠤᠯᠤᠯᠲᠠ ᠶᠢ ᠴᠢᠷᠮᠠᠶᠢᠨ ᠦᠷᠭᠡᠳᠭᠡᠨ᠎ᠡ᠃ ᠲᠥᠷᠦᠯ ᠵᠦᠢᠯ ᠢ ᠠᠳᠬᠤᠬᠤ ᠨᠢ ᠳᠠᠷᠤᠢ ᠬᠦᠭᠵᠢᠯᠲᠡ ᠶᠢ ᠠᠳᠬᠤᠵᠤ᠂ ᠲᠤᠭᠳᠠᠭᠤᠨ | ᠢᠶᠠᠷ ᠨᠡᠮᠡᠭᠳᠡᠬᠦᠯᠬᠦ ᠳᠤ ᠡᠷᠭᠡᠪᠰᠢ ᠪᠡᠯᠡ ᠤᠷᠤᠭᠤᠯᠤᠯᠲᠠ ᠶᠢ ᠲᠤᠭᠲᠠᠪᠤᠷᠢᠵᠢᠭᠤᠯᠬᠤ ᠤᠶᠢᠯᠠᠭᠠᠭᠳᠠᠬᠤᠨ ᠢ ᠴᠢᠩᠭᠠᠳᠬᠠᠵᠤ᠂ ᠪᠡᠯᠡ ᠤᠷᠤᠭᠤᠯᠤᠯᠲᠠ ᠶᠢᠨ ᠬᠡᠮᠵᠢᠶ᠎ᠡ᠂ | ᠴᠢᠭᠯᠡᠯᠲᠡ᠂ ᠦᠷ᠎ᠡ ᠠᠰᠢᠭ ᠢ ᠬᠠᠮᠲᠤ ᠳᠤᠨᠢ ᠴᠢᠬᠤᠯᠠᠴᠢᠯᠠᠵᠤ᠂ ᠪᠦᠲᠦᠬᠡᠨ ᠪᠠᠶᠢᠭᠤᠯᠤᠯᠲᠠ ᠬᠠᠮᠢᠶᠠᠷᠤᠯᠲᠠ ᠡᠷᠬᠢᠯᠲᠡ ᠡᠵᠡᠩᠨᠡᠯᠲᠡ ᠶᠢ ᠵᠡᠷᠭᠡᠪᠡᠷ ᠠᠳᠬᠤᠵᠤ᠂ ᠪᠡᠯᠡ | ᠤᠷᠤᠭᠤᠯᠤᠯᠲᠠ ᠶᠢᠨ ᠲᠤᠭᠳᠠᠭᠤᠨ ᠡᠷᠬᠢᠯᠳᠡ ᠶᠢ ᠪᠠᠲᠤᠯᠠᠨ᠎ᠠ᠃ ᠲᠦᠷᠦᠯ ᠵᠦᠢᠯ ᠢ ᠦᠨᠳᠦᠷ ᠪᠦᠲᠦᠮᠵᠢᠲᠠᠢ ᠪᠠᠷ ᠪᠦᠲᠦᠬᠡᠨ ᠪᠠᠶᠢᠭᠤᠯᠵᠤ᠂ ᠬᠤᠭᠤᠴᠠᠭ᠎ᠠ | ᠬᠢᠵᠠᠭᠠᠷᠯᠠᠵᠤ ᠭᠡᠳᠡᠷᠬᠦ ᠰᠢᠬᠠᠬᠤ᠂ ᠨᠢᠭᠡᠳᠦᠯᠲᠠᠢ ᠲᠥᠯᠦᠪᠯᠡᠨ ᠬᠤᠯᠪᠤᠭᠠᠯᠠᠨ ᠬᠦᠳᠡᠯᠦᠯᠴᠡᠬᠦ ᠪᠠ ᠱᠠᠭᠠᠷᠳᠠᠨ ᠬᠦᠢᠴᠡᠳᠭᠡᠵᠤ ᠦᠷ᠎ᠡ ᠪᠦᠲᠦᠮᠵᠢ ᠶᠢ ᠠᠰᠠᠭᠤᠬᠤ ᠶᠢ | ᠴᠢᠩᠭᠠᠳᠬᠠᠵᠤ᠂ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢᠨ ᠬᠤᠷᠲᠤᠴᠠ ᠶᠢ ᠲᠦᠷᠭᠡᠳᠭᠡᠵᠤ᠂ 318 ᠭᠤᠤᠯᠳᠠᠯᠭ᠎ᠠ ᠲᠠᠢ ᠲᠦᠷᠦᠯ ᠵᠦᠢᠯ ᠳᠤ 550 | ᠳ᠋ᠦᠩᠰᠢᠭᠤᠷ ᠲᠥᠬᠦᠷᠢᠭ ᠣᠷᠴᠢᠮ ᠤᠨ ᠪᠡᠯᠡ ᠤᠷᠤᠭᠤᠯᠤᠯᠲᠠ ᠶᠢ ᠪᠡᠶᠡᠯᠡᠬᠦᠯᠬᠦ ᠶᠢ ᠪᠠᠲᠤᠯᠠᠨ᠎ᠠ᠃ ᠲᠦᠷᠦᠯ ᠵᠦᠢᠯ ᠢ ᠦᠨᠳᠦᠷ ᠲᠦᠪᠰᠢᠨ ᠢᠶᠠᠷ ᠰᠦᠪᠡᠭᠴᠢᠯᠡᠵᠤ᠂ | ᠤᠯᠤᠰ ᠤᠨ ᠲᠦᠷᠦ ᠶᠢᠨ ᠪᠤᠳᠤᠯᠭ᠎ᠠ ᠶᠢᠨ ᠬᠠᠨᠳᠣᠰᠢ ᠶᠢ ᠠᠩᠬᠠᠷᠴᠤ᠂ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠥᠯᠦᠪᠵᠢᠬᠦᠯᠬᠡ ᠶᠢᠨ ᠬᠡᠷᠡᠭᠵᠢᠬᠦᠯᠦᠯᠲᠡ | ᠯᠦᠭᠡ ᠤᠶᠠᠯᠳᠤᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠲᠤᠭᠤᠷᠢᠨ ᠳᠤ ᠨᠢᠭᠡ ᠪᠦᠯᠦᠭ ᠲᠥᠷᠦᠯ ᠵᠦᠢᠯ ᠢ ᠰᠦᠪᠡᠭᠴᠢᠯᠡᠨ ᠬᠡᠷᠡᠭᠵᠢᠬᠦᠯᠵᠤ᠂ ᠱᠠᠲᠤ | ᠲᠠᠪᠬᠤᠷᠭ᠎ᠠ ᠪᠠᠷ ᠠᠬᠢᠭᠤᠯᠤᠭᠰᠠᠨ᠂ ᠵᠠᠯᠭᠠᠨ ᠲᠠᠭᠠᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠤᠢ ᠪᠤᠯᠭᠠᠵᠤ᠂ ᠦᠷᠬᠦᠯᠵᠢᠯᠡᠨ ᠪᠡᠯᠡ | ᠤᠷᠤᠭᠤᠯᠬᠤ ᠳᠤ ᠭᠠᠷᠳᠠᠴᠠ ᠲᠠᠢ᠂ ᠤᠷᠲᠤ ᠬᠤᠭᠤᠴᠠᠭ᠎ᠠ ᠪᠠᠷ ᠬᠦᠭᠵᠢᠬᠦᠯᠬᠦ ᠳᠤ ᠨᠦᠬᠡᠴᠡ ᠬᠦᠴᠦᠨ ᠲᠠᠢ ᠪᠠᠶᠢᠬᠤ ᠶᠢ ᠪᠠᠲᠤᠯᠠᠨ᠎ᠠ᠃ ᠲᠦᠷᠦᠯ ᠵᠦᠢᠯ ᠢ | ᠤᠷᠤᠭᠤᠯᠤᠨ ᠠᠪᠴᠢᠷᠠᠬᠤ ᠠᠵᠢᠯ ᠢ ᠦᠨᠳᠦᠷ ᠶᠠᠰᠤ ᠴᠢᠨᠠᠷ ᠲᠠᠢ ᠪᠠᠷ ᠦᠷᠨᠢᠭᠦᠯᠵᠣ᠂ ᠬᠤᠰᠢᠭᠤ ᠲᠤᠭᠤᠷᠢᠭ ᠢ ᠲᠠᠪᠠᠭᠤᠯᠢᠭ ᠤᠨᠴᠠᠯᠢᠭ ᠠᠴᠠ ᠪᠠᠨ ᠡᠬᠦᠰᠦᠨ | ᠦᠨᠳᠦᠷ ᠪᠦᠲᠦᠮᠵᠢᠲᠠᠢ ᠪᠠᠷ ᠬᠤᠳᠠᠯᠳᠤᠭᠠᠴᠢᠨ ᠤᠷᠢᠬᠤ ᠶᠢ ᠲᠡᠮᠵᠢᠵᠤ᠂ ᠬᠦᠷᠢᠶᠡᠯᠡᠩ ᠲᠤᠭᠤᠷᠢᠭ ᠢ ᠪᠦᠯᠦᠭᠯᠡᠨ ᠬᠦᠭᠵᠢᠬᠦᠯᠬᠦ ᠶᠢᠨ ᠲᠤᠭᠤᠷᠢᠨ ᠳᠤ ᠤᠨᠤᠴᠠᠲᠠᠢ | ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠠᠵᠤ ᠦᠢᠯᠡᠰ ᠤᠨ ᠬᠡᠯᠬᠢᠶᠡᠵᠢᠯ ᠳᠤ | ᠲᠦᠰᠢᠭᠯᠡᠨ ᠢᠵᠢ ᠪᠦᠷᠢᠳᠦᠬᠦᠯᠦᠨ ᠬᠤᠳᠠᠯᠳᠤᠭᠠᠴᠢᠨ ᠤᠷᠢᠵᠤ᠂ ᠰᠠᠯᠠᠭ᠎ᠠ ᠮᠦᠴᠢᠷ ᠤᠨ ᠦᠢᠯᠡᠴᠢᠯᠡᠬᠡᠨ ᠤ ᠪᠠᠲᠤᠯᠠᠭ᠎ᠠ ᠶᠢᠨ ᠴᠢᠳᠠᠪᠬᠢ ᠶᠢ ᠴᠢᠩᠭᠠᠳᠬᠠᠵᠤ᠂ ᠨᠡᠩ | ᠤᠯᠠᠨ ᠴᠢᠨᠠᠷ ᠰᠠᠶᠢᠲᠠᠢ ᠲᠦᠷᠦᠯ ᠵᠦᠢᠯ ᠢ ᠲᠠᠳᠠᠨ ᠠᠪᠴᠢᠷᠠᠵᠤ ᠨᠤᠲᠤᠭᠰᠢᠭᠤᠯᠤᠨ᠎ᠠ᠃ | ᠬᠡᠷᠡᠭᠯᠡᠭᠡ ᠶᠢᠨ ᠪᠠᠭᠳᠠᠭᠠᠮᠵᠢ ᠶᠢ ᠶᠡᠬᠡᠰᠭᠡᠵᠤ ᠴᠢᠨᠠᠷ ᠢ ᠰᠠᠶᠢᠵᠢᠷᠠᠭᠤᠯᠬᠤ ᠶᠢ ᠠᠬᠢᠭᠤᠯᠤᠨ᠎ᠠ᠃ ᠬᠡᠷᠡᠭᠯᠡᠭᠡ ᠶᠢᠨ ᠲᠡᠰ ᠲᠡᠪᠰᠢᠬᠦ ᠬᠠᠨᠳᠣᠰᠢ ᠳᠤ ᠵᠤᠬᠢᠴᠠᠭᠤᠯᠵᠤ᠂ | ᠤᠳᠤ ᠦᠶ᠎ᠡ ᠶᠢᠨ ᠪᠠᠷᠠᠭᠠᠨ ᠤ ᠬᠦᠢᠯᠬᠡᠬᠡ᠂ ᠮᠦᠩᠬᠦᠨ ᠬᠦᠢᠯᠬᠡᠬᠡ᠂ ᠮᠡᠳᠡᠭᠡ ᠵᠠᠩᠬᠢ ᠶᠢᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷ ᠲᠠᠢ ᠦᠢᠯᠡᠴᠢᠯᠡᠬᠡᠨ | ᠤ ᠦᠢᠯᠡᠰ ᠪᠠ ᠡᠮᠨᠡᠯᠬᠡ ᠡᠷᠡᠬᠦᠯ ᠮᠡᠨᠲᠦ᠂ ᠨᠠᠰᠣᠲᠠᠨ ᠢ ᠠᠰᠠᠷᠠᠬᠤ ᠨᠠᠶᠢᠲᠠᠨ ᠠᠰᠠᠷᠠᠭᠤᠯᠬᠤ᠂ ᠰᠣᠶᠣᠯ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠴᠢᠨᠠᠷ ᠲᠠᠢ | ᠦᠢᠯᠡᠴᠢᠯᠡᠬᠡᠨ ᠤ ᠦᠢᠯᠡᠰ ᠢ ᠶᠡᠬᠡᠪᠡᠷ ᠬᠦᠭᠵᠢᠬᠦᠯᠵᠤ᠂ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢ ᠲᠦᠷᠭᠡᠳᠭᠡᠵᠤ᠂ ᠡᠵᠡᠯᠡᠬᠦ ᠬᠠᠷᠢᠴᠠᠯ ᠢ ᠨᠡᠮᠡᠭᠳᠡᠬᠦᠯᠵᠤ᠂ | ᠶᠠᠰᠣ ᠴᠢᠨᠠᠷ ᠦᠷ᠎ᠡ ᠪᠦᠲᠦᠮᠵᠢ ᠶᠢ ᠲᠡᠭᠡᠭᠰᠢᠯᠡᠬᠦᠯᠬᠦ ᠶᠢ ᠲᠠᠶᠢᠴᠢᠯᠠᠨ᠎ᠠ᠃ ᠬᠤᠲᠠ ᠶᠢᠨ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠨ ᠲᠡᠪᠰᠢᠬᠦᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠳᠠᠯᠳᠤᠭᠠᠨ ᠤ ᠶᠠᠪᠠᠭᠠᠨ ᠵᠡᠭᠡᠯᠢ ᠪᠤᠯᠭᠠᠨ ᠲᠡᠪᠰᠢᠬᠦᠯᠦᠨ ᠦᠬᠡᠷᠡᠴᠢᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠢ | ᠭᠤᠶᠤᠴᠢᠯᠠᠨ ᠪᠦᠲᠦᠬᠡᠨ ᠪᠠᠶᠢᠭᠤᠯᠤᠨ᠎ᠠ᠃ ᠡᠭᠦᠯᠡᠨ ᠢᠶᠠᠷ ᠪᠠᠷᠠᠭ᠎ᠠ ᠬᠤᠳᠠᠯᠳᠤᠨ ᠠᠪᠬᠤ᠂ ᠰᠢᠭᠤᠳ ᠨᠡᠪᠳᠡᠷᠡᠬᠦᠯᠬᠡ ᠪᠠᠷ ᠪᠠᠷᠠᠭ᠎ᠠ ᠬᠤᠳᠠᠯᠳᠤᠬᠤ ᠵᠡᠷᠭᠡ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠠᠭᠤᠰᠤᠯᠴᠠᠭᠰᠠᠨ ᠬᠡᠷᠡᠭᠯᠡᠭᠡ ᠶᠢ ᠬᠥᠭᠵᠢᠭᠦᠯᠬᠦ ᠶᠢ ᠳᠡᠮᠵᠢᠵᠦ᠂ ᠰᠥᠨᠢ ᠶᠢᠨ ᠠᠵᠤ ᠠᠬᠤᠶ᠂ ᠠᠮᠠᠷᠠᠯᠲᠠ ᠶᠢᠨ ᠡᠳᠦᠷ ᠤᠨ | ᠠᠵᠤ ᠠᠬᠤᠶ᠂ ᠪᠣᠬᠢᠷᠲᠤᠯ ᠦᠭᠡᠶ ᠬᠡᠷᠡᠭᠯᠡᠭᠡ ᠵᠡᠷᠭᠡ ᠬᠡᠷᠡᠭᠯᠡᠭᠡᠨ ᠤ ᠵᠠᠭᠪᠤᠷ ᠢ ᠢᠳᠡᠪᠬᠢᠲᠡᠶ ᠪᠠᠷ ᠬᠥᠭᠵᠢᠭᠦᠯᠦᠨ᠎ᠡ᠃ ᠬᠤᠲᠠ ᠬᠥᠳᠡᠭᠡ ᠶᠢᠨ ᠬᠦᠯᠳᠡᠬᠦᠦ | ᠬᠦᠮᠦᠷᠭᠡᠯᠡᠯᠲᠡ ᠶᠢᠨ ᠪᠦᠲᠦᠭᠡᠨ ᠪᠠᠶᠢᠭᠤᠯᠤᠯᠲᠠ᠂ ᠲᠣᠬᠢᠷᠠᠭᠤᠯᠤᠨ ᠬᠦᠷᠭᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ | ᠤ ᠳᠠᠯᠳᠠ ᠬᠦᠴᠦᠨ ᠢ ᠠᠭᠤᠳᠠᠯᠠᠨ᠎ᠠ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠤᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠪᠠᠲᠤᠳᠬᠠᠨ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠂ ᠪᠠᠶᠢᠭᠠᠯᠢ ᠶᠢᠨ | ᠰᠢᠲᠠᠮᠠᠬᠠᠶ ᠬᠡᠢ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠪᠣᠷᠣᠯᠠᠭᠤᠯᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ | ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠶᠢᠨ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠵᠠᠰᠠᠭ ᠪᠠᠩᠬᠢ | ᠠᠵᠤ ᠠᠬᠤᠶᠢᠯᠠᠯ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢᠨ ᠬᠠᠮᠤᠷᠬᠤ | ᠬᠡᠪᠴᠢᠶ᠎ᠡ ᠶᠢ ᠦᠷᠭᠡᠳᠭᠡᠵᠤ᠂ ᠬᠤᠳᠠ ᠶᠢᠨ ᠲᠤᠰ ᠱᠠᠲᠤᠨ ᠤ ᠪᠡᠯᠡ ᠴᠤᠭᠯᠠᠭᠤᠯᠬᠤ ᠳᠠᠭᠠᠭᠠᠯᠲᠠ ᠶᠢᠨ ᠲᠦᠭᠰᠢᠭᠦᠷᠢ ᠶᠢᠨ ᠨᠦᠬᠦᠪᠦᠷᠢᠯᠡᠬᠦ ᠲᠣᠭᠲᠠᠴᠠ ᠶᠢ | ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠰᠠᠭᠤᠷᠢ ᠮᠥᠩᠭᠦ ᠶᠢ ᠪᠠᠶᠢᠭᠤᠯᠵᠤ᠂ ᠵᠢᠦ ᠲᠠᠢ᠂ ᠬᠤᠸᠠᠨ ᠰᠢᠨ᠂ | ᠳ᠋ᠦᠩ ᠶᠤᠸᠠᠨ ᠵᠡᠷᠭᠡ ᠠᠵᠤ ᠠᠬᠤᠶᠢᠯᠠᠯ ᠤᠨ ᠰᠲ᠋ᠤᠺ ᠢ ᠵᠠᠬ᠎ᠠ ᠳᠡᠯᠬᠡᠬᠦᠷ ᠲᠤ ᠭᠠᠷᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ | ᠬᠦᠴᠢᠷᠲᠡᠶ᠂ ᠦᠨᠡᠲᠡᠶ ᠪᠠᠶᠢᠬᠤ ᠠᠰᠠᠭᠤᠳᠠᠯ ᠢ ᠴᠢᠨᠠᠭᠰᠢᠳᠠ ᠰᠢᠢᠳᠪᠦᠷᠢᠯᠡᠨ᠎ᠡ᠃ ᠨᠡᠭᠦᠷᠡᠰᠦ ᠴᠠᠬᠢᠯᠭᠠᠨ ᠲᠤᠰᠤ ᠬᠡᠢ ᠵᠡᠷᠭᠡ ᠬᠠᠩᠭᠠᠯᠭ᠎ᠠ ᠶᠢ ᠪᠠᠲᠤᠯᠠᠬᠤ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠦᠢᠯᠡᠳᠪᠦᠷᠢᠯᠡᠯ ᠢᠶᠠᠨ ᠵᠤᠭᠰᠤᠭᠠᠨ ᠣᠶᠢᠯᠡᠳᠪᠦᠷᠢᠯᠠᠯ ᠤᠨ ᠬᠡᠮᠵᠢᠶ᠎ᠡ ᠪᠠᠨ ᠪᠠᠭᠠᠭᠰᠬᠠᠭᠰᠠᠨ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠢ ᠰᠠᠶᠢᠲᠤᠷ ᠠᠩᠬᠠᠷᠴᠤ᠂ ᠠᠵᠢᠯᠯᠠᠭᠠᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠴᠢᠬᠤᠯᠠ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠵᠤ᠂ ᠬᠠᠮᠤᠭ ᠤᠨ ᠶᠡᠭᠡ ᠪᠤᠯᠤᠮᠵᠢ ᠪᠠᠷ ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠢᠲᠡᠭᠡᠯ ᠵᠣᠷᠢᠭ ᠢ ᠨᠢ | ᠬᠥᠪᠴᠢᠯᠡᠵᠦ᠂ ᠬᠥᠭᠵᠢᠯᠲᠡ ᠶᠢ ᠨᠢ ᠲᠦᠷᠭᠡᠳᠬᠡᠨ᠎ᠡ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠤᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠣᠷᠣᠭᠤᠯᠤᠯᠲᠠ ᠶᠢ | ᠪᠠᠲᠤᠯᠠᠭ᠎ᠠ ᠲᠠᠢ ᠨᠡᠮᠡᠭᠳᠡᠬᠦᠯᠬᠦ ᠲᠣᠭᠲᠠᠴᠠ ᠪᠠ ᠨᠡᠶᠢᠭᠡᠮ ᠤᠨ ᠤᠯᠠᠨ ᠠᠷᠭ᠎ᠠ ᠵᠠᠮ ᠢᠶᠠᠷ ᠤᠷᠤᠭᠤᠯᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠡᠳ᠋ ᠤᠨ | ᠵᠠᠰᠠᠭ ᠤᠨ ᠲᠥᠰᠦᠪ ᠤᠨ ᠪᠦᠲᠦᠴᠡ ᠶᠢ ᠰᠢᠯᠢᠳᠡᠭᠵᠢᠬᠦᠯᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠳᠤ ᠭᠤᠣᠯᠳᠠᠯᠭ᠎ᠠ ᠲᠠᠢ ᠪᠠᠷ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠤᠭᠤᠯᠤᠯᠲᠠ ᠶᠢ ᠦᠷᠬᠦᠯᠵᠢᠯᠡᠨ ᠲᠤᠭᠳᠠᠭᠤᠨ ᠢᠶᠠᠷ ᠨᠡᠮᠡᠭᠳᠡᠬᠦᠯᠬᠦ ᠶᠢ ᠪᠠᠲᠤᠯᠠᠨ᠎ᠠ᠃ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠬᠦᠷᠦᠩᠭᠡ᠂ | ᠠᠷᠠᠳ ᠤᠨ ᠬᠦᠷᠦᠩᠭᠡ ᠶᠢᠨ ᠰᠢᠨ᠎ᠡ ᠶᠢ ᠡᠭᠦᠳᠬᠦ ᠬᠦᠷᠢᠶ᠎ᠡ ᠴᠠᠷᠠᠭᠠᠨ ᠳᠤ ᠶᠡᠬᠡᠪᠡᠷ ᠣᠷᠣᠬᠤ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠤᠯᠠᠨ ᠡᠰᠢᠵᠢᠯ ᠢᠶᠠᠷ | ᠪᠡᠯᠡ ᠤᠷᠤᠭᠤᠯᠵᠤ᠂ ᠦᠷᠬᠦᠯᠵᠢᠯᠡᠨ ᠨᠡᠮᠡᠭᠳᠡᠭᠰᠡᠨ ᠰᠠᠶᠢᠨ ᠰᠠᠶᠢᠬᠠᠨ ᠬᠥᠭᠵᠢᠯᠲᠡ ᠶᠢᠨ ᠲᠣᠭᠲᠠᠴᠠ ᠶᠢ ᠪᠤᠢ ᠪᠣᠯᠭᠠᠨ᠎ᠠ᠃ ᠡᠨᠡ ᠵᠢᠯ ᠬᠤᠳᠠ ᠶᠢᠨ ᠱᠠᠲᠤᠨ ᠠᠴᠠ | ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ 11 ᠳ᠋ᠦᠩᠰᠢᠭᠤᠷ ᠭᠠᠷᠤᠢ ᠲᠥᠭᠦᠷᠢᠭ ᠲᠣᠬᠢᠷᠠᠭᠤᠯᠵᠤ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ | ᠵᠠᠷᠤᠯᠭ᠎ᠠ ᠶᠢᠨ GDP ᠳᠤ ᠡᠵᠡᠯᠡᠬᠦ ᠬᠤᠪᠢ ᠶᠢᠨ ᠵᠢᠩ ᠢ 1.2% ᠠᠴᠠ ᠳᠡᠭᠡᠭᠰᠢ ᠬᠦᠷᠭᠡᠨ᠎ᠡ᠃ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠎ᠠ᠃ ᠬᠥᠬᠡᠬᠤᠲᠠ ᠪᠤᠭᠤᠲᠤ ᠣᠷᠳᠣᠰ | ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠷᠳᠣᠰ ᠤᠨ ᠠᠵᠤ | ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ᠂ ᠴᠦᠯᠡᠷᠭᠡᠭᠵᠢᠯ ᠢ | ᠵᠠᠰᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠤ | ᠰᠤᠳᠤᠯᠭᠠᠨ ᠵᠢᠴᠢ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠠᠪᠴᠠᠩ ᠢ ᠡᠬᠦᠳᠴᠦ᠂ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠷ᠂ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠢ ᠴᠢᠯᠦᠬᠡᠲᠠᠢ ᠨᠡᠭᠡᠭᠡᠵᠤ ᠬᠠᠮᠲᠤᠪᠠᠷ ᠡᠳ᠋ᠯᠡᠬᠦ ᠶᠢ ᠵᠣᠷᠢᠭᠵᠢᠭᠤᠯᠤᠨ᠎ᠠ᠃ | ᠣᠨ ᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ | ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠂ ᠪᠥᠬᠦ ᠠᠮᠢ ᠨᠠᠰᠤᠨ ᠤ ᠦᠶᠡᠯᠡᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠦᠢᠯᠡᠴᠢᠯᠡᠬᠡᠨ ᠤ ᠲᠤᠭᠳᠠᠯᠴᠠᠭ᠎ᠠ ᠶᠢ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ ᠤᠷᠢᠨ ᠠᠪᠴᠢᠷᠠᠵᠤ᠂ ᠰᠠᠶᠢᠲᠤᠷ ᠠᠵᠢᠯᠯᠠᠭᠤᠯᠵᠤ᠂ ᠦᠯᠡᠳᠡᠭᠡᠵᠦ | ᠳᠡᠶᠢᠯᠬᠦ ᠶᠢ ᠦᠨᠡᠨᠬᠦ ᠪᠠᠲᠤᠯᠠᠨ᠎ᠠ᠃ | ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ 25 ᠠᠵᠤ ᠠᠬᠤᠶᠢᠯᠠᠯ ᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ | ᠰᠢᠨ᠎ᠡ ᠪᠠᠷ ᠮᠠᠭᠠᠳᠯᠠᠨ ᠲᠣᠭᠲᠠᠭᠠᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠡᠯ᠎ᠡ ᠲᠥᠷᠥᠯ ᠤᠨ ᠴᠢᠬᠤᠯᠠ ᠲᠤᠮᠤ ᠲᠤᠰᠬᠠᠶ ᠲᠥᠷᠦᠯ ᠵᠦᠢᠯ ᠢ ᠲᠠᠭᠠᠭᠠᠴᠢᠯᠠᠨ ᠡᠭᠦᠷᠭᠡᠯᠡᠵᠦ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ | ᠲᠤᠨᠤᠭᠯᠠᠯ ᠦᠢᠯᠡᠳᠬᠦ᠂ ᠨᠣᠯᠤᠤᠷ ᠤᠨ ᠨᠡᠬᠡᠮᠡᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ | ᠶᠢ ᠡᠭᠦᠳᠬᠦ ᠪᠠ ᠦᠷ᠎ᠡ ᠪᠦᠲᠦᠭᠡᠯ ᠢ ᠲᠡᠯᠬᠡᠷᠡᠬᠦᠯᠦᠨ ᠬᠡᠷᠡᠭᠯᠡᠬᠦ ᠶᠢ ᠢᠳᠡᠪᠬᠢᠲᠡᠶ ᠠᠬᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠪᠠ ᠶᠡᠭᠡ ᠳᠡᠭᠡᠳᠦ | ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠴᠢᠨᠠᠷ ᠰᠠᠶᠢᠲᠠᠶ ᠪᠠᠷ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠨᠢᠭᠡ ᠪᠦᠯᠦᠭ ᠬᠠᠮᠲᠤ | ᠶᠢᠨ ᠴᠣᠭᠴᠠ ᠶᠢ ᠪᠠᠶᠢᠭᠤᠯᠤᠨ᠎ᠠ᠃ | ᠲᠥᠯᠥᠭᠡᠯᠡᠭᠴᠢᠳ ᠡ︕ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠴᠢᠨᠠᠷ ᠰᠠᠶᠢᠲᠠᠢ ᠬᠥᠭᠵᠢᠯᠲᠡ ᠶᠢᠨ ᠭᠤᠣᠯᠯᠠᠭᠴᠢ ᠬᠥᠳᠡᠯᠭᠡᠬᠦ | ᠬᠦᠴᠦᠨ ᠮᠥᠨ᠃ ᠪᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ | ᠳᠠᠬᠢ ᠭᠤᠣᠯᠯᠠᠭᠴᠢ ᠪᠠᠶᠢᠷᠢ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠬᠦᠯᠦᠨ ᠮᠠᠨᠳᠤᠭᠤᠯᠬᠤ︾ ᠠᠵᠢᠯᠯᠠᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠭᠦᠷ ᠤᠷᠭᠤᠭᠤᠯᠤᠶᠠ︕ | ︵ᠭᠤᠷᠪᠠ︶ ᠠᠵᠤ ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠡᠨᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠡᠨᠧᠷᠭᠢ ᠶᠢᠨ ᠰᠤᠷᠪᠤᠯᠵᠢ | ᠶᠢᠨ ᠠᠵᠤ ᠦᠢᠯᠡᠰ ᠤᠨ ᠬᠡᠯᠪᠡᠷᠢ ᠶᠢ ᠪᠣᠬᠢᠷᠲᠤᠯ ᠦᠭᠡᠢ ᠂ ᠲᠤᠭᠠᠵᠢᠭᠤᠯᠤᠨ᠂ ᠰᠢᠨ᠎ᠡ ᠶᠢ ᠡᠭᠦᠳᠦᠨ ᠬᠤᠪᠢᠷᠠᠭᠤᠯᠬᠤ ᠶᠢ ᠠᠬᠢᠭᠤᠯᠵᠤ᠂ ᠠᠷᠢᠭᠤᠨ ᠴᠡᠪᠡᠷ ᠲᠤᠤᠷ᠎ᠠ | ᠨᠡᠬᠦᠷᠡᠰᠦᠳᠦ᠋ᠷᠦᠭᠴᠢᠲᠦ᠂ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠤᠷᠪᠤᠯᠵᠢ ᠶᠢᠨ ᠲᠤᠭᠳᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃ | ᠨᠠᠷᠢᠨᠴᠠᠶᠢᠳᠠᠮ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠵᠢᠴᠢ ᠣᠷᠴᠢᠨ ᠲᠣᠭᠤᠷᠢᠨ ᠤ ᠨᠦᠯᠦᠬᠡᠨ ᠤ ᠦᠨᠡᠯᠡᠯᠲᠡ ᠶᠢ ᠵᠥᠪᠰᠢᠶᠡᠷᠡᠭᠦᠯᠬᠦ ᠪᠠᠷ | ᠴᠢᠷᠮᠠᠶᠢᠵᠤ᠂ ᠵᠠᠳᠠᠭᠠᠢ ᠨᠡᠬᠦᠷᠡᠰᠦᠨ ᠠᠭᠤᠷᠬᠠᠢ ᠶᠢᠨ ᠲᠦᠷ ᠴᠠᠭ ᠤᠨ ᠭᠠᠵᠠᠷ ᠬᠡᠷᠡᠭᠯᠡᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠬᠦ ᠶᠢ ᠲᠡᠮᠡᠴᠡᠨ ᠤᠯᠬᠤ ᠶᠢ | ᠠᠬᠢᠭᠤᠯᠵᠤ᠂ ᠨᠡᠭᠦᠷᠡᠰᠦᠨ ᠠᠭᠤᠷᠬᠠᠶ ᠶᠢᠨ ᠪᠠᠷᠢᠯᠭ᠎ᠠ ᠲᠠᠭᠤᠰᠬᠤ ᠰᠢᠯᠭᠠᠨ ᠬᠤᠷᠢᠶᠠᠯᠲᠠ ᠶᠢᠨ ᠭᠠᠷᠳᠠᠮ ᠢ ᠬᠦᠢᠴᠡᠳᠬᠡᠬᠦ ᠪᠠ ᠦᠢᠯᠡᠳᠪᠦᠷᠢᠯᠡᠯ ᠤᠨ ᠴᠢᠳᠠᠪᠤᠷᠢ ᠶᠢ | ᠰᠣᠯᠢᠬᠤ ᠶᠢ ᠲᠦᠷᠭᠡᠳᠭᠡᠨ᠎ᠡ᠃ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠤᠲᠠᠰᠣ ᠱᠣᠭᠤᠮ ᠤᠨ ᠪᠥᠳᠥᠭᠡᠨ ᠪᠠᠶᠢᠭᠤᠯᠤᠯᠲᠠ ᠪᠣᠯᠤᠨ ᠠᠭᠤᠷᠬᠠᠶ ᠶᠢᠨ ᠠᠮᠠᠰᠠᠷ | ᠤᠨ ᠴᠠᠬᠢᠯᠭᠠᠨ ᠡᠭᠦᠰᠭᠡᠭᠴᠢ ᠶᠢᠨ ᠴᠡᠭ ᠢ ᠢᠵᠢ ᠪᠦᠷᠢᠳᠦᠬᠦᠯᠦᠨ ᠪᠥᠳᠥᠭᠡᠨ ᠪᠠᠶᠢᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠱᠠᠩᠬᠠᠶ ᠶᠢᠨ ᠰᠦᠮ᠎ᠡ ᠠᠴᠠ | ᠱᠠᠨᠳᠦ᠋ᠩ ᠬᠥᠷᠬᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠤᠲᠠᠰᠤ ᠱᠣᠭᠤᠮ ᠤᠨ ᠢᠵᠢ ᠪᠦᠷᠢᠳᠦᠬᠦᠯᠦᠭᠰᠡᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ | ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠥᠳᠥᠭᠡᠨ ᠪᠠᠶᠢᠭᠤᠯᠵᠤ᠂ ᠬᠤᠢ ᠨᠧᠩ ᠤᠨ ᠴᠠᠩ ᠲᠠᠨ ᠬᠢᠭᠡᠳ ᠵᠦᠵᠢᠶᠠᠩ ᠮᠥᠷᠡᠨ ᠤ ᠵᠦ ᠵᠢᠶᠠ ᠫᠢᠩ ᠤᠨ ᠴᠠᠬᠢᠯᠭᠠᠨ ᠤ | ᠦᠢᠯᠡᠳᠪᠦᠷᠢ ᠶᠢ ᠪᠠᠶᠢᠭᠤᠯᠤᠨ ᠪᠦᠲᠦᠬᠡᠨ᠎ᠡ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠡᠯᠬᠢᠶᠡᠵᠢᠯ ᠢ ᠤᠷᠲᠤᠳᠬᠠᠬᠤ ᠨᠥᠬᠦᠪᠥᠷᠢᠯᠡᠬᠦ ᠴᠢᠩᠭᠠᠳᠬᠠᠬᠤ | ᠠᠵᠢᠯ ᠢ ᠭᠦᠨᠵᠡᠭᠡᠶᠢᠷᠡᠭᠦᠯᠵᠦ᠂ ᠪᠦᠦ ᠹᠧᠩ ᠤᠨ ᠨᠡᠭᠦᠷᠡᠰᠦ ᠪᠠᠷ ᠠᠯᠺᠸᠠ ᠦᠢᠯᠡᠳᠬᠦ ᠵᠡᠷᠭᠡ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠦᠨᠡᠨᠬᠦ ᠪᠠᠲᠤᠯᠠᠵᠤ᠂ ᠷᠦᠩ ᠰᠢᠨ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦ ᠪᠠᠷ ᠬᠤᠶᠠᠷ ᠮᠧᠲ᠋ᠢᠯᠲᠦ ᠡᠲ᠋ᠧᠷ ᠦᠢᠯᠡᠳᠬᠦ᠂ ᠮᠦᠸᠧ ᠷᠦᠢ | ᠶᠢᠨ ᠳᠡᠭᠡᠳᠦ ᠲᠠᠰ ᠤᠨ ᠬᠢᠮᠢ ᠶᠢᠨ ᠪᠦᠲᠦᠭᠡᠭᠳᠡᠬᠦᠨ ᠵᠡᠷᠭᠡ ᠲᠥᠷᠥᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ | ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠡᠭᠦᠷᠡᠰᠤ ᠴᠠᠬᠢᠯᠭᠠᠨ ᠲᠤᠰᠤ ᠬᠡᠢ ᠰᠠᠯᠬᠢᠨ ᠭᠡᠷᠡᠯ ᠤᠰᠤᠲᠥ᠋ᠷᠥᠭᠴᠢ ᠶᠢ | ᠨᠦᠬᠡᠴᠡᠯᠡᠵᠣ ᠣᠯᠠᠨ ᠡᠨᠧᠷᠭᠢ ᠶᠢ ᠵᠣᠬᠢᠴᠠᠯᠳᠤᠭᠤᠯᠤᠨ ᠬᠦᠭᠵᠢᠬᠦᠯᠵᠤ᠂ ᠶᠡᠷᠦᠩᠬᠡᠶᠢᠯᠡᠨ ᠠᠰᠢᠭᠯᠠᠬᠤ ᠶᠢ ᠪᠠᠷᠢᠮᠲᠠᠯᠠᠵᠤ᠂ ᠮᠢᠩᠭᠠᠨ ᠲᠦᠮᠡᠨ ᠺᠢᠯᠣᠸᠠᠲ ᠤᠨ ᠲᠠᠰ | ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠠ ᠰᠠᠯᠬᠢᠨ ᠭᠡᠷᠡᠯ ᠤᠰᠤᠲᠥ᠋ᠷᠥᠭᠴᠢ ᠶᠢ ᠨᠦᠬᠡᠴᠡᠯᠡᠬᠦ ᠡᠨᠧᠷᠬᠢ ᠶᠢᠨ ᠠᠵᠤ ᠦᠢᠯᠡᠰ ᠤᠨ ᠰᠦᠷᠦᠭᠵᠢᠯ ᠢ ᠪᠣᠶ | ᠪᠣᠯᠭᠠᠨ᠎ᠠ᠃ | ᠰᠢᠨ᠎ᠡ ᠠᠵᠤ ᠦᠢᠯᠡᠰ ᠰᠢᠨ᠎ᠡ ᠬᠥᠳᠡᠯᠭᠡᠭᠴᠢ ᠡᠨᠧᠷᠭᠢ ᠶᠢ ᠶᠡᠬᠡᠪᠡᠷ ᠪᠤᠶᠢᠵᠢᠭᠤᠯᠤᠨ᠎ᠠ᠃ 5G ᠶᠢᠨ ᠮᠡᠳᠡᠭᠡ ᠬᠤᠯᠪᠣᠭᠠᠨ ᠤ ᠬᠡᠷᠡᠭᠯᠡᠭᠡ ᠪᠠ ᠲᠣᠮᠣ ᠳ᠋ᠠᠶᠢᠲ᠋ᠠ᠂ | ᠣᠷᠣᠨ ᠬᠡᠰᠡᠭ ᠤᠨ ᠬᠡᠯᠬᠢᠶ᠎ᠡ᠂ ᠵᠤᠬᠢᠶᠠᠮᠠᠯ ᠤᠶᠤᠨ ᠵᠡᠷᠭᠡ ᠠᠵᠤ ᠦᠢᠯᠡᠰ ᠢ ᠢᠳᠡᠪᠬᠢᠲᠡᠶ ᠪᠠᠶᠢᠷᠢᠯᠠᠭᠤᠯᠤᠨ᠎ᠠ᠃ ᠡᠭᠦᠯᠡᠨ ᠪᠤᠳᠤᠯᠲᠠ ᠶᠢᠨ ᠠᠵᠤ ᠦᠢᠯᠡᠰ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠣᠬᠢᠭᠤᠷ ᠲᠤᠯᠤᠭ᠎ᠠ ᠤᠶᠤᠨᠲᠤ ᠢᠨᠵᠧᠨᠧᠷᠢᠩ ᠤᠨ ᠰᠢᠨ᠎ᠡ ᠶᠢ ᠡᠭᠦᠳᠬᠦ | ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠴᠠᠩ ᠴᠧᠩ ᠮᠡᠳᠡᠭᠡ ᠵᠠᠩᠭᠢ ᠶᠢᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠰᠠᠭᠤᠷᠢᠨ ᠭᠠᠵᠠᠷ | ᠂ ᠲᠧᠩ ᠰᠢᠶᠦ᠋ᠨ ᠲᠤᠭᠠᠵᠢᠭᠤᠯᠤᠭᠰᠠᠨ ᠠᠵᠤ ᠠᠬᠤᠶ ᠶᠢᠨ ᠠᠵᠤ ᠦᠢᠯᠡᠰ ᠵᠡᠷᠭᠡ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠤᠯᠤᠰ ᠤᠨ ᠭᠠᠢ | ᠭᠠᠮᠰᠢᠭ ᠢ ᠰᠡᠷᠬᠡᠶᠢᠯᠡᠬᠦ ᠳᠤ ᠪᠡᠯᠡᠳᠭᠡᠭᠰᠡᠨ ᠳ᠋ᠠᠶᠢᠲ᠋ᠠ ᠶᠢᠨ ᠰᠠᠭᠤᠷᠢᠨ ᠭᠠᠵᠠᠷ ᠪᠠ ᠪᠠᠷᠠᠭᠤᠨ ᠬᠤᠶᠢᠲᠤ ᠶᠢᠨ ᠲᠣᠮᠣ ᠳ᠋ᠠᠶᠢᠲ᠋ᠠ ᠶᠢᠨ ᠲᠥᠪ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠰᠢᠨ᠎ᠡ ᠮᠠᠶ᠋ᠢᠭ ᠤᠨ ᠨᠡᠬᠦᠷᠡᠰᠦᠳᠦ᠋ᠷᠦᠭᠴᠢᠲᠦ ᠮᠠᠲ᠋ᠧᠷᠢᠶᠠᠯ᠂ ᠭᠡᠷᠡᠯ ᠴᠠᠬᠢᠯᠭᠠᠨ ᠤ ᠮᠠᠲ᠋ᠧᠷᠢᠶᠠᠯ᠂ ᠨᠦᠬᠡᠴᠡ ᠡᠨᠧᠷᠭᠢ ᠶᠢᠨ ᠮᠠᠲ᠋ᠧᠷᠢᠶᠠᠯ᠂ ᠳᠡᠭᠡᠳᠦ | ᠲᠡᠰ ᠤᠨ ᠬᠦᠡᠭᠭᠡᠨ ᠴᠠᠭᠠᠨ ᠤ ᠬᠠᠶᠢᠯᠤᠰᠢ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠠᠶᠢᠷᠢᠯᠠᠭᠤᠯᠤᠨ ᠬᠥᠭᠵᠢᠭᠦᠯᠵᠦ᠂ ᠯᠢᠲ᠋ᠢ ᠴᠡᠨᠡᠭ᠂ ᠪᠠᠯ ᠴᠢᠯᠠᠭᠤᠨ | ᠴᠠᠬᠢᠯᠭᠠᠨ ᠲᠦᠢᠯ ᠢ ᠠᠵᠤ ᠦᠢᠯᠡᠰᠵᠢᠬᠦᠯᠦᠨ ᠬᠡᠷᠡᠭᠯᠡᠬᠦ ᠶᠢ ᠲᠦᠷᠭᠡᠳᠭᠡᠵᠤ᠂ ᠠᠯᠤᠰ ᠬᠡᠲᠦ ᠶᠢᠨ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠲᠣᠨᠣᠭᠯᠠᠯ | ᠤᠨ ᠠᠵᠤ ᠦᠢᠯᠡᠰ ᠤᠨ ᠬᠦᠷᠢᠶᠡᠯᠡᠩ ᠢ ᠪᠦᠲᠦᠬᠡᠨ ᠪᠠᠶᠢᠭᠤᠯᠤᠨ᠎ᠠ᠃ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ᠂ ᠲᠢᠶᠠᠨ ᠵᠢᠶᠤᠤ ᠠᠭᠠᠷ ᠤᠨ ᠠᠶᠠᠯᠠᠯ | ᠤᠨ ᠠᠵᠤ ᠦᠢᠯᠡᠰ ᠤᠨ ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ 5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠶᠡᠬᠡᠪᠡᠷ ᠬᠥᠭᠵᠢᠭᠦᠯᠵᠦ᠂ | ᠤᠯᠠᠮᠵᠢᠯᠠᠯᠲᠤ ᠠᠵᠤ ᠦᠢᠯᠡᠰ ᠢ ᠦᠵᠦᠬᠦᠷ ᠲᠡᠰᠴᠢᠯᠡᠬᠦ᠂ ᠤᠶᠤᠨᠴᠢᠯᠠᠬᠤ ᠪᠠ ᠪᠣᠬᠢᠷᠲᠤᠯ ᠥᠬᠡᠶ ᠪᠣᠯᠭᠠᠨ ᠥᠭᠡᠷᠡᠴᠢᠯᠡᠵᠦ ᠲᠠᠰ ᠳᠡᠪᠰᠢᠭᠦᠯᠬᠦ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ | ᠲᠦᠭᠦᠭᠡᠷᠤᠮᠵᠢ ᠶᠢ ᠲᠡᠭᠦᠯᠳᠡᠷᠵᠢᠭᠦᠯᠵᠦ᠂ ᠨᠢᠭᠡ ᠪᠦᠯᠦᠭ ᠬᠥᠮᠥᠷᠭᠡᠯᠡᠨ ᠬᠠᠳᠠᠭᠠᠯᠠᠬᠤ ᠦᠢᠯᠡᠴᠢᠯᠡᠬᠡᠨ ᠤ ᠲᠥᠪ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ | ᠪᠠᠶᠢᠰᠢᠩ᠂ ᠣᠯᠠᠨ ᠨᠡᠶᠢᠲᠡ ᠶᠢᠨ ᠬᠤᠭᠤᠯᠠᠶ ᠬᠤᠩᠭᠢᠯ ᠪᠠ ᠬᠡᠶᠢᠵᠢᠭᠰᠡᠨ ᠠᠷᠠᠯ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ | ᠭᠤᠤᠯᠯᠠᠬᠤ ᠠᠵᠤ ᠦᠢᠯᠡᠰ ᠢ ᠪᠤᠶᠢᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠬᠦᠨ ᠤ | ᠳᠣᠲᠣᠷ᠎ᠠ ᠠᠴᠠ ᠵᠣᠬᠢᠬᠤ ᠪᠠᠯᠠ ᠮᠥᠩᠭᠦ ᠳᠣᠭᠢᠷᠠᠭᠤᠯᠤᠨ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠦᠷᠢᠶᠡᠯᠡᠩ ᠲᠣᠭᠤᠷᠢᠭ ᠨᠢᠭᠡᠪᠦᠷᠢ ᠳᠤ 1 ᠠᠴᠠ 2 ᠭᠤᠤᠯᠯᠠᠬᠤ ᠠᠵᠤ ᠦᠢᠯᠡᠰ ᠢ ᠭᠤᠤᠯᠳᠠᠯᠭ᠎ᠠ ᠲᠠᠢ ᠪᠣᠶ | ᠪᠣᠯᠭᠠᠵᠤ᠂ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ 70% ᠠᠴᠠ ᠳᠡᠭᠡᠭᠰᠢ ᠳᠤ ᠬᠦᠷᠭᠡᠨ᠎ᠡ᠃ ᠬᠦᠷᠢᠶᠡᠯᠡᠩ ᠲᠣᠭᠤᠷᠢᠭ ᠤᠨ | ᠨᠡᠭᠡᠭᠡᠨ ᠬᠥᠭᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠬᠦᠷᠢᠶᠡᠯᠡᠩ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ ᠪᠠ | ᠲᠤᠰᠬᠠᠶᠢᠵᠢᠭᠰᠠᠨ ᠬᠦᠷᠢᠶᠡᠯᠡᠩ ᠲᠣᠭᠤᠷᠢᠭ ᠤᠨ ᠡᠷᠬᠢᠯᠲᠡ ᠡᠵᠡᠩᠨᠡᠯᠲᠡ ᠶᠢᠨ ᠬᠤᠳᠠᠯᠳᠤᠭᠠᠴᠢᠨ ᠢ ᠣᠷᠣᠭᠤᠯᠤᠨ ᠠᠪᠴᠢᠷᠠᠵᠤ ᠬᠠᠮᠲᠤᠷᠠᠯᠴᠠᠭ᠎ᠠ ᠥᠷᠨᠢᠭᠦᠯᠬᠦ ᠶᠢ | ᠳᠡᠮᠵᠢᠵᠦ᠂ ᠬᠥᠭᠵᠢᠭᠰᠡᠨ ᠭᠠᠵᠠᠷ ᠣᠷᠣᠨ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠬᠠᠮᠲᠤᠷᠠᠯᠴᠠᠨ ᠬᠦᠷᠢᠶᠡᠯᠡᠩ ᠲᠤᠳᠤᠷᠠᠬᠢ ᠬᠦᠷᠢᠶᠡᠯᠡᠩ᠂ ᠤᠷᠤᠨ | ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠬᠦᠷᠢᠶᠡᠯᠡᠩ ᠢ ᠪᠠᠶᠢᠭᠤᠯᠬᠤ ᠶᠢ ᠵᠣᠷᠢᠭᠵᠢᠭᠤᠯᠤᠨ᠎ᠠ᠃ | ︵ᠳᠥᠷᠪᠡ︶ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ | ᠰᠠᠶᠢᠲᠤᠷ ᠠᠳᠬᠤᠵᠤ᠂ ᠴᠢ ᠫᠠᠨ ᠵᠢᠩ ᠮᠧᠩ ᠰᠢ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠢᠮᠢ ᠶᠢᠨ | ᠠᠵᠤ ᠦᠢᠯᠡᠳᠪᠦᠷᠢ ᠶᠢᠨ ᠠᠵᠢᠯ ᠲᠦᠷᠦᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ | ᠲᠦᠷᠦᠯ ᠤᠨ ᠬᠡᠳᠤ ᠳᠣᠣᠷ᠎ᠠ ᠪᠠᠷᠢᠮᠵᠢᠶ᠎ᠠ ᠪᠠᠷ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢᠨ | ᠬᠦᠨᠳᠦ ︵ᠠᠭᠤᠷᠬᠠᠶ︶ ᠠᠴᠢᠶᠠᠨ ᠤ ᠮᠠᠰᠢᠨ + ᠪᠦᠰᠡ ᠵᠡᠷᠭᠡ ᠠᠷᠢᠭᠤᠨ ᠴᠡᠪᠡᠷ ᠲᠡᠭᠡᠭᠡᠪᠦᠷᠢ ᠶᠢᠨ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠠᠭᠤᠷᠬᠠᠶ ᠶᠢᠨ | ᠣᠷᠣᠨ ᠤ ᠲᠣᠭᠤᠰᠣ ᠰᠢᠷᠣᠶ ᠶᠢᠨ ᠪᠣᠬᠢᠷᠲᠤᠯ ᠪᠠ ᠰᠢᠯᠵᠢᠮᠡᠯ ᠡᠬᠢ ᠢᠷᠡᠯᠲᠡ ᠶᠢᠨ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠲᠤᠨ | ᠭᠤᠤᠯ ᠤᠨ ᠤᠷᠤᠰᠬᠠᠯ ᠭᠤᠤᠯ ᠢ ᠲᠤᠷ᠎ᠠ ᠪᠠᠷ ᠡᠵᠡᠯᠡᠵᠤ ᠲᠤᠷ᠎ᠠ ᠪᠠᠷ ᠪᠠᠶᠢᠭᠤᠯᠬᠤ ᠶᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠠᠲᠤᠨ ᠭᠤᠤᠯ ᠤᠨ | ᠰᠠᠯᠪᠤᠷᠢ ᠤᠷᠤᠰᠬᠠᠯ ᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠡᠮᠡᠭᠡ ᠬᠠᠲᠠᠨ ᠴᠠᠭᠠᠨ ᠨᠠᠭᠤᠷ᠂ ᠰᠢᠷᠬᠤᠰᠣᠨ ᠭᠤᠤᠯ ᠤᠨ ᠤᠰᠤᠨ ᠤ | ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠭᠡᠵᠤ᠂ ᠤᠶᠤᠨᠲᠤ ᠭᠤᠤᠯ ᠨᠠᠭᠤᠷ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠠᠭᠤᠷᠬᠠᠶ ᠶᠢᠨ ᠬᠤᠳᠳᠤᠭ ᠤᠨ ᠨᠡᠬᠦᠷᠡᠰᠦᠨ ᠲᠠᠪᠬᠤᠷᠭ᠎ᠠ ᠶᠢᠨ ᠤᠰᠤ᠂ ᠲᠠᠬᠢᠯᠳᠠ ᠤᠰᠤ ᠶᠢ ᠣᠷᠣᠨ ᠪᠦᠰᠡ ᠠᠯᠤᠰᠯᠠᠨ ᠲᠡᠩᠴᠡᠭᠦᠷᠢᠲᠡᠶ ᠠᠰᠢᠭᠯᠠᠬᠤ ᠪᠠᠷᠢᠯᠭ᠎ᠠ | ᠶᠢ ᠬᠡᠷᠡᠭᠵᠢᠭᠦᠯᠵᠦ᠂ ᠲᠠᠬᠢᠯᠳᠠ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ 55% ᠠᠴᠠ ᠳᠡᠭᠡᠭᠰᠢ ᠳᠤ ᠬᠦᠷᠭᠡᠵᠤ᠂ ᠵᠢᠷᠤᠮᠵᠢᠭᠤᠯᠤᠨ ᠬᠠᠳᠠᠭᠠᠯᠠᠬᠤ ᠪᠠ ᠰᠢᠢᠳᠪᠦᠷᠢᠯᠡᠬᠦ ᠨᠣᠷᠮ᠎ᠠ ᠶᠢ 100% ᠳᠤ | ᠬᠦᠷᠭᠡᠨ᠎ᠡ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠪᠡᠭᠡᠵᠢᠩ ᠲᠢᠶᠠᠨᠵᠢᠨ ᠤ ᠡᠯᠡᠰᠤ ᠰᠢᠭᠤᠷᠭᠠᠨ ᠤ ᠡᠬᠢ ᠢᠷᠡᠯᠲᠡ ᠶᠢ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ | ᠂ ᠬᠠᠲᠤᠨ ᠭᠤᠣᠯ ᠤᠨ ᠰᠠᠯᠪᠤᠷᠢ ᠤᠷᠤᠰᠬᠠᠯ ᠤᠨ ᠴᠢᠴᠠᠷᠭᠠᠨ᠎ᠠ ᠶᠢᠨ ᠠᠮᠢ ᠠᠬᠤᠶ ᠶᠢᠨ ᠡᠯᠡᠰᠦ ᠰᠢᠷᠤᠢ ᠶᠢ ᠪᠠᠭᠠᠰᠬᠠᠬᠤ ᠵᠡᠷᠭᠡ ᠠᠮᠢ ᠠᠬᠤᠶ ᠶᠢᠨ ᠭᠤᠣᠯᠳᠠᠯᠭ᠎ᠠ | ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠠᠬᠢᠭᠤᠯᠵᠤ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠰᠢᠩᠭᠡᠭᠡᠨ | ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠢ ᠮᠤᠳᠣ᠂ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠤᠲᠤᠭ | ᠪᠡᠯᠴᠢᠬᠡᠷ ᠤᠶᠢᠲᠤ ᠭᠠᠵᠠᠷ ᠢ ᠡᠪᠳᠡᠭᠰᠡᠨ ᠬᠠᠤᠯᠢ ᠲᠥᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠦᠷᠨᠢᠬᠦᠯᠦᠨ᠎ᠡ︔ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠶᠢ ᠠᠬᠢᠭᠤᠯᠵᠤ᠂ ᠪᠣᠬᠢᠷᠲᠤᠯ ᠦᠭᠡᠢ ᠠᠭᠤᠷᠬᠠᠶ ᠶᠢ ᠰᠢᠨ᠎ᠡ ᠪᠠᠷ 50 ᠪᠠᠶᠢᠭᠤᠯᠤᠨ᠎ᠠ᠃ | ᠬᠤᠳᠳᠤᠭ ᠤᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠨᠡᠭᠦᠷᠡᠰᠦᠨ ᠴᠢᠯᠠᠭᠤ ᠶᠢ ᠡᠭᠡᠭᠦᠯᠦᠨ ᠪᠥᠭᠯᠡᠬᠦ ᠠᠵᠢᠯ ᠢ ᠰᠠᠶᠢᠲᠤᠷ ᠬᠢᠵᠦ᠂ ᠨᠡᠭᠦᠷᠡᠰᠦᠨ | ᠳᠠᠪᠬᠤᠷᠭ᠎ᠠ ᠪᠠ ᠨᠡᠭᠦᠷᠡᠰᠦᠨ ᠴᠢᠯᠠᠭᠤ ᠶᠢᠨ ᠠᠶᠠᠨᠳᠠᠭᠠᠨ ᠰᠢᠲᠠᠬᠤ ᠶᠢ ᠵᠠᠰᠠᠬᠤ ᠠᠵᠢᠯ ᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ᠂ | ᠡᠵᠡᠨ ᠦᠭᠡᠢ ᠠᠭᠤᠷᠬᠠᠶ ᠶᠢᠨ ᠭᠠᠵᠠᠷ ᠰᠢᠨᠵᠢᠯᠡᠬᠡᠨ ᠤ ᠣᠷᠴᠢᠨ ᠲᠤᠭᠤᠷᠢᠨ ᠢ ᠰᠡᠷᠭᠦᠭᠡᠨ ᠵᠠᠰᠠᠬᠤ ᠶᠢ ᠠᠬᠢᠭᠤᠯᠤᠨ᠎ᠠ᠃ | ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠡᠷᠴᠢᠮ ᠢ ᠴᠢᠩᠭ᠎ᠠ ᠬᠢᠵᠠᠭᠠᠷᠯᠠᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠡᠨᠧᠷᠭᠢ | ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠨᠧᠷᠭᠢ ᠶᠢᠨ ᠬᠤᠷᠤᠭᠳᠠᠯ ᠶᠡᠬᠡᠲᠠᠢ ᠲᠦᠷᠦᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ | ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠨᠢᠭᠡᠴᠡ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ | ᠪᠠᠷᠢᠮᠵᠢᠶ᠎ᠠ ᠳᠤ ᠬᠦᠷᠭᠡᠵᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠦᠯ ᠢ ᠬᠤᠭᠤᠴᠠᠭ᠎ᠠ | ᠬᠢᠵᠠᠭᠠᠷᠯᠠᠨ ᠤᠯᠤᠰ ᠤᠨ ᠡᠨᠧᠷᠭᠢ ᠶᠢᠨ ᠬᠤᠷᠣᠭᠳᠠᠯ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠨ᠎ᠡ᠃ ᠡᠨᠧᠷᠭᠢ ᠶᠢᠨ ᠬᠤᠷᠤᠭᠳᠠᠯ ᠶᠡᠬᠡᠲᠠᠢ ᠠᠵᠢᠯ ᠲᠦᠷᠦᠯ ᠤᠨ | ᠴᠠᠬᠢᠯᠭᠠᠨ ᠬᠡᠷᠡᠭᠯᠡᠬᠦ ᠳᠠᠭᠠᠭᠠᠴᠠ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠡᠨᠧᠷᠭᠢ | ᠬᠡᠷᠡᠭᠯᠡᠬᠦ ᠭᠤᠣᠯᠳᠠᠯᠭ᠎ᠠ ᠲᠠᠢ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ | ᠬᠡᠷᠡᠭᠯᠡᠬᠦ ᠡᠷᠬᠡ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠡᠷᠬᠡ ᠵᠡᠷᠭᠡ ᠶᠢᠨ ᠠᠷᠠᠯᠵᠢᠶᠠᠨ ᠤ ᠥᠭᠡᠷᠡᠴᠢᠯᠡᠯᠲᠡ ᠶᠢ ᠠᠬᠢᠭᠤᠯᠤᠨ᠎ᠠ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠬᠦᠯᠦᠨ᠎ᠡ᠃ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠶᠢ | ᠲᠦᠷᠬᠡᠨ ᠢᠶᠠᠷ ᠪᠤᠶᠢᠵᠢᠭᠤᠯᠵᠤ᠂ ᠣᠯᠠᠨ ᠵᠦᠢᠯ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠵᠤ᠂ ᠡᠷᠡᠬᠦᠯ ᠴᠢᠳᠠᠪᠬᠢᠲᠦ ᠲᠠᠷᠢᠶᠠᠯᠠᠩ ᠮᠠᠯ ᠠᠵᠤ ᠠᠬᠤᠢ ᠶᠢ | ᠬᠦᠭᠵᠢᠬᠦᠯᠵᠤ᠂ ᠲᠠᠷᠢᠶᠠᠯᠠᠩ ᠮᠠᠯ ᠠᠵᠤ ᠠᠬᠤᠶ ᠶᠢᠨ ᠵᠣᠬᠢᠶᠠᠨ ᠪᠠᠶᠢᠭᠤᠯᠴᠢᠯᠠᠭᠰᠠᠨ᠂ ᠰᠠᠶᠢᠨ ᠡᠬᠦᠯᠳᠡᠷᠵᠢᠭᠰᠡᠨ᠂ ᠨᠠᠷᠠᠲᠤ ᠲᠡᠮᠲᠡᠭᠴᠢᠯᠡᠭᠰᠡᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠲᠤᠭᠠᠵᠢᠭᠤᠯᠤᠭᠰᠠᠨ ᠲᠠᠷᠢᠶᠠᠯᠠᠩ᠂ ᠤᠶᠤᠨᠲᠤ ᠮᠠᠯᠵᠢᠯ ᠤᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠦᠲᠦᠬᠡᠨ ᠪᠠᠶᠢᠭᠤᠯᠤᠯᠲᠠ ᠶᠢ | ᠡᠬᠢᠯᠡᠭᠦᠯᠵᠦ᠂ 32.8 ᠲᠦᠮᠡᠨ ᠮᠥ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠬᠦᠯᠵᠤ᠂ ᠤᠳᠤ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠷᠢᠶᠡᠯᠡᠩ ᠲᠤᠭᠤᠷᠢᠭ ᠢ 4 ᠪᠠᠶᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ | ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠶᠢ ᠠᠷᠪᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠠᠩ ᠣᠯᠠᠨ ᠴᠢᠨᠠᠷ ᠰᠠᠶᠢᠲᠠᠶ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠣᠷᠳᠣᠰ ᠠᠴᠠ ᠭᠠᠷᠭᠠᠵᠤ᠂ ᠰᠠᠶᠢᠨ ᠦᠨ᠎ᠡ ᠳᠤ ᠬᠦᠷᠭᠡᠨ᠎ᠡ᠃ | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠣᠯᠠᠨ ᠲᠥᠯᠥᠪᠵᠢᠭᠦᠯᠭᠡ ᠶᠢ ᠨᠢᠬᠡᠳᠬᠡᠬᠦ︾ ᠬᠡᠷᠡᠭᠯᠡᠭᠡᠨ ᠤ ᠴᠢᠨᠠᠷᠲᠠᠶ | ᠭᠠᠴᠠᠭ᠎ᠠ ᠲᠣᠰᠬᠤᠨ ᠢ ᠲᠥᠯᠦᠪᠵᠢᠬᠦᠯᠬᠦ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠵᠦ᠂ ᠪᠥᠬᠦ ᠬᠤᠲᠠ ᠶᠢᠨ ᠭᠠᠴᠠᠭ᠎ᠠ ᠲᠣᠰᠬᠤᠨ ᠤ ᠲᠥᠯᠥᠪᠵᠢᠭᠦᠯᠭᠡ | ᠶᠢ ᠨᠠᠶᠢᠷᠠᠭᠤᠯᠤᠨ ᠵᠣᠬᠢᠶᠠᠬᠤ ᠠᠵᠢᠯ ᠢ ᠦᠨᠳᠦᠰᠦᠨ ᠳᠡᠭᠡᠨ ᠪᠡᠶᠡᠯᠡᠬᠦᠯᠦᠨ᠎ᠡ᠃ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ ᠬᠤᠲᠠ ᠶᠢᠨ | ᠬᠤᠲᠠ ᠶᠢᠨ ᠪᠡᠯᠡ ᠤᠷᠤᠭᠤᠯᠤᠯᠲᠠ᠂ ᠤᠰᠤᠨ ᠤ ᠪᠠᠯᠠ ᠣᠷᠣᠭᠤᠯᠤᠯᠲᠠ ᠶᠢᠨ ᠪᠦᠯᠦᠭᠯᠡᠯ ᠠᠴᠠ ᠭᠤᠤᠯᠯᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ᠂ | ᠪᠣᠬᠢᠷ ᠤᠰᠤ ᠶᠢ ᠵᠠᠰᠠᠬᠤ ᠪᠥᠲᠥᠭᠡᠨ ᠪᠠᠶᠢᠭᠤᠯᠤᠯᠳᠠ ᠬᠠᠮᠢᠶᠠᠷᠤᠯᠲᠠ ᠶᠢᠨ ᠰᠢᠨ᠎ᠡ ᠵᠠᠭᠪᠤᠷ ᠢ ᠲᠡᠬᠦᠯᠳᠡᠷᠵᠢᠬᠦᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ | ᠲᠠᠯᠳᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠤᠰᠤ᠂ ᠴᠠᠬᠢᠯᠭᠠᠨ᠂ ᠵᠠᠮ᠂ ᠬᠡᠶ᠂ ᠪᠠᠷᠠᠭᠠᠨ ᠤ ᠬᠦᠢᠯᠬᠡᠬᠡ ᠵᠡᠷᠭᠡ | ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠬᠡᠨ ᠤ ᠲᠥᠪ᠂ | ᠪᠠᠷᠢᠮᠵᠢᠶᠠᠵᠢᠭᠤᠯᠤᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠣᠯᠠᠨ ᠨᠡᠶᠢᠲᠡ ᠶᠢᠨ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ᠠᠰᠠᠭᠤᠳᠠᠯ | ᠢ ᠬᠦᠴᠦᠯᠡᠨ ᠰᠢᠢᠳᠪᠦᠷᠢᠯᠡᠨ᠎ᠡ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ ᠬᠠᠶᠠᠬᠤ ᠦᠬᠡᠢ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠬᠦᠨ ᠤ ᠳᠡᠮᠵᠢᠯᠭᠡ᠂ ᠬᠠᠪᠰᠤᠷᠤᠨ | ᠲᠡᠳᠬᠦᠬᠦ ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠲᠡᠬᠦᠯᠳᠡᠷᠵᠢᠬᠦᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠬᠤᠪᠢᠷᠠᠯᠲᠠ ᠪᠣᠯᠤᠨ ︽ᠬᠤᠶᠠᠷ ᠲᠤ ᠵᠣᠪᠠᠭ᠋ᠤ ᠦᠭᠡᠢ | ᠭᠤᠷᠪᠠ ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ ᠦᠷᠭᠦᠯᠵᠢᠯᠡᠨ ᠮᠥᠷᠳᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠴᠠᠭ | ᠲᠤᠬᠠᠢ ᠳᠤᠨᠢ ᠬᠠᠪᠰᠤᠷᠤᠨ ᠲᠡᠳᠬᠦᠵᠦ᠂ ᠪᠠᠶᠢᠳᠠᠯ ᠢ ᠬᠥᠳᠡᠯᠦᠩᠭᠦᠢ ᠪᠠᠷ ᠡᠵᠡᠮᠳᠡᠨ ᠲᠠᠬᠢᠨ ᠶᠠᠳᠠᠭᠤᠷᠠᠬᠤ ᠪᠠᠶᠢᠳᠠᠯ ᠢᠯᠡᠷᠡᠬᠦ ᠶᠢ ᠰᠡᠷᠬᠡᠶᠢᠯᠡᠨ᠎ᠡ᠃ ᠣᠨᠳᠣᠣ | ᠭᠠᠵᠠᠷ ᠨᠡᠭᠦᠯᠭᠡᠭᠰᠡᠨ ᠤ ᠲᠠᠷᠠᠭ᠎ᠠ ᠦᠷᠭᠦᠯᠵᠢᠯᠠᠨ ᠬᠠᠪᠰᠤᠷᠤᠨ ᠲᠡᠮᠵᠢᠬᠦ ᠶᠢ ᠴᠢᠩᠭᠠᠳᠬᠠᠵᠤ᠂ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ | ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠪᠰᠤᠷᠤᠨ | ᠲᠡᠳᠬᠦᠬᠦ ᠠᠵᠤ ᠦᠢᠯᠡᠰ ᠢ ᠬᠥᠭᠵᠢᠭᠦᠯᠵᠦ᠂ ᠨᠡᠭᠦᠯᠭᠡᠭᠰᠡᠨ ᠤᠯᠠᠨ ᠲᠦᠮᠡᠨ ᠢ ᠲᠤᠭᠳᠠᠪᠤᠷᠢᠵᠢᠭᠤᠯᠬᠤ᠂ ᠬᠢᠬᠦ ᠠᠵᠢᠯ ᠲᠠᠢ ᠪᠠᠶᠢᠬᠤ ᠪᠠ ᠪᠠᠶᠠᠵᠢᠨ ᠴᠢᠨᠡᠭᠡᠯᠢᠭᠵᠢᠵᠤ | ᠳᠡᠶᠢᠯᠬᠦ ᠶᠢ ᠦᠨᠡᠨ ᠬᠦ ᠪᠠᠲᠤᠯᠠᠨ᠎ᠠ᠃ | ᠲᠥᠯᠥᠭᠡᠯᠡᠭᠴᠢᠳ ᠡ︕ ᠶᠠᠳᠠᠭᠤ ᠠᠴᠠ ᠠᠩᠬᠢᠵᠢᠷᠠᠭᠤᠯᠵᠤ ᠶᠠᠳᠠᠭᠤ ᠮᠠᠯᠠᠭᠠᠢ ᠪᠠᠨ ᠲᠠᠶᠠᠭᠳᠠᠬᠤ ᠨᠢ ᠲᠡᠭᠦᠰᠭᠡᠯ ᠤᠨ ᠴᠡᠭ ᠪᠢᠰᠢ᠂ ᠬᠠᠷᠢᠨ ᠰᠢᠨ᠎ᠡ | ᠠᠮᠢᠳᠤᠷᠠᠯ᠂ ᠰᠢᠨ᠎ᠡ ᠲᠡᠮᠡᠴᠡᠯᠳᠡ ᠶᠢᠨ ᠡᠬᠢᠯᠡᠯᠲᠡ ᠪᠣᠯᠤᠨ᠎ᠠ᠃ ᠪᠢᠳᠠ ᠶᠠᠳᠠᠭᠤ ᠠᠴᠠ ᠠᠩᠬᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠪᠠᠷ ᠠᠪᠤᠴᠠᠯᠳᠣᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠶᠢᠬᠤ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠪᠠ ᠠᠳᠠᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠪᠠᠶᠢᠬᠤ᠂ ᠮᠠᠯᠴᠢᠨ ᠲᠠᠷᠢᠶᠠᠴᠢᠳ ᠤᠨ ᠪᠠᠶᠠᠨ | ᠴᠢᠨᠡᠭᠡᠯᠢᠭ ᠪᠠᠶᠢᠬᠤ ᠶᠢ ᠲᠦᠷᠭᠡᠨ ᠢᠶᠠᠷ ᠪᠡᠶᠡᠯᠡᠭᠦᠯᠦᠶ᠎ᠡ︕ | ︵ᠵᠢᠷᠭᠤᠭ᠎ᠠ︶ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠎ᠡ᠃ | ᠪᠦᠬᠦ ᠤᠷᠤᠨ ᠪᠦᠰᠡ ᠶᠢᠨ ᠰᠣᠶᠣᠯ ᠵᠢᠭᠤᠯᠴᠢᠯᠠᠯ ᠤᠨ ᠰᠢᠨ᠎ᠡ ᠪᠠᠶᠢᠳᠠᠯ ᠢ ᠪᠤᠢ ᠪᠣᠯᠭᠠᠨ᠎ᠠ᠃ ︽ᠲᠦᠷᠪᠡᠨ ᠪᠦᠰᠡ ᠨᠢᠭᠡ ᠣᠷᠣᠨ︾ ᠤ ᠬᠥᠭᠵᠢᠯᠲᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ A ᠲᠠᠰ ᠤᠨ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ | ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠬᠡᠨ ᠤ ᠲᠥᠪ ᠢ ᠪᠠᠶᠢᠭᠤᠯᠵᠤ᠂ ᠵᠢᠭᠤᠯᠴᠢᠯᠠᠯ ᠤᠨ ᠵᠠᠮ ᠬᠠᠷᠢᠯᠴᠠᠭ᠎ᠠ ᠵᠢᠴᠢ ᠢᠵᠢ ᠪᠥᠷᠢᠳᠦᠭᠦᠯᠬᠦ | ᠲᠥᠬᠦᠬᠡᠷᠦᠮᠵᠢ ᠶᠢ ᠲᠡᠭᠦᠯᠳᠡᠷᠵᠢᠭᠦᠯᠦᠨ᠎ᠡ᠃ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠠᠷᠵᠠᠶ ᠶᠢᠨ | ᠴᠢᠯᠠᠭᠤᠨ ᠠᠭᠤᠶ ᠶᠢᠨ ᠬᠠᠮᠠᠭᠠᠯᠠᠯᠲᠠ᠂ ᠰᠢᠷᠬᠤᠰᠤᠨ ᠭᠤᠤᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠲᠡᠯᠡᠶ ᠶᠢᠨ ᠠᠮᠢᠲᠠᠨ ᠤ | ᠣᠷᠳᠣᠨ ᠤ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠭᠤᠳᠤ | ᠨᠠᠭᠤᠷ ᠤᠨ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠨᠥᠬᠦᠴᠡᠯ ᠲᠠᠢ ᠬᠤᠰᠢᠭᠤ ᠲᠤᠭᠤᠷᠢᠭ ᠥᠪᠡᠷᠲᠡᠭᠡᠨ ᠵᠠᠰᠠᠬᠤ ᠣᠷᠣᠨ | ᠤ ᠲᠠᠰ ᠪᠠ ᠤᠯᠤᠰ ᠤᠨ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠤᠶᠤᠨᠲᠤ | ᠵᠢᠭᠤᠯᠴᠢᠯᠠᠯ ᠤᠨ ᠬᠤᠲᠠ ᠪᠠ ᠤᠶᠤᠨᠲᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠭᠠᠷ ᠤᠲᠠᠰᠤ ᠪᠠᠷ | ᠣᠷᠳᠣᠰ ᠢ ᠲᠤᠭᠤᠷᠢᠨ ᠵᠤᠭᠠᠴᠠᠬᠤ︾ ᠶᠢ ᠪᠡᠶᠡᠯᠡᠭᠦᠯᠦᠨ᠎ᠡ᠃ | ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠬᠠᠲᠤᠨ ᠭᠤᠤᠯ ᠤᠨ ᠰᠣᠶᠣᠯ ᠤᠨ ᠥᠪ ᠢ ᠰᠢᠰᠲ᠋ᠧᠮ ᠲᠠᠢ ᠪᠠᠷ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ ᠢ ᠥᠭᠡᠷᠡᠴᠢᠯᠡᠨ ᠲᠡᠪᠰᠢᠬᠦᠯᠬᠦ ᠶᠢ ᠪᠡᠶᠡᠯᠡᠭᠦᠯᠵᠦ᠂ ᠤᠯᠤᠰ | ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠲᠦᠷᠭᠡᠨ ᠢᠶᠠᠷ ᠡᠬᠦᠳᠦᠨ ᠪᠠᠶᠢᠭᠤᠯᠤᠨ᠎ᠠ᠃ ᠰᠣᠶᠣᠯ ᠤᠨ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠦᠨᠳᠦᠷ ᠲᠡᠰᠲᠦ | ᠰᠣᠶᠣᠯ ᠵᠢᠭᠤᠯᠴᠢᠯᠠᠯ ᠤᠨ ︽ᠪᠦᠲᠦᠭᠡᠭᠳᠡᠬᠦᠨ ᠤ ᠪᠤᠭᠤᠯᠲᠠ︾ ᠶᠢ ᠡᠬᠦᠳᠦᠨ᠎ᠡ᠃ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ | ᠲᠤᠭᠳᠠᠯᠴᠠᠭ᠎ᠠ ᠶᠢᠨ ᠵᠢᠱᠢᠶ᠎ᠡ ᠦᠵᠡᠭᠦᠯᠬᠦ ᠤᠷᠤᠨ ᠤ ᠰᠢᠨ᠎ᠡ ᠶᠢ ᠡᠭᠦᠳᠦᠨ ᠬᠦᠭᠵᠢᠬᠦᠯᠬᠦ ᠶᠢ ᠭᠦᠨᠵᠡᠭᠡᠶ ᠠᠬᠢᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ | ᠤᠨ ᠵᠣᠬᠢᠶᠠᠨ ᠪᠦᠲᠦᠭᠡᠯᠭᠡ ᠶᠢ ᠰᠠᠶᠢᠲᠤᠷ ᠵᠣᠬᠢᠶᠠᠨ ᠪᠠᠶᠢᠭᠤᠯᠵᠤ᠂ ᠤᠯᠠᠭᠠᠨᠮᠥ᠋ᠴᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠱᠠᠨᠰᠢ ᠭᠠᠨᠰᠦ ᠨᠢᠩᠰᠢᠶᠠ | ᠵᠡᠷᠭᠡ ᠭᠠᠵᠠᠷ ᠤᠷᠤᠨ ᠯᠤᠭ᠎ᠠ ᠶᠢᠨ ᠬᠤᠪᠢᠰᠬᠠᠯᠳᠤ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠬᠤᠪᠢᠰᠬᠠᠯᠳᠤ ᠵᠢᠭᠤᠯᠴᠢᠯᠠᠯ ᠤᠨ ᠨᠠᠷᠠᠲᠤ | ᠲᠡᠮᠳᠡᠭᠲᠦ ᠶᠢ ᠪᠣᠶ ᠪᠣᠯᠭᠠᠨ᠎ᠠ᠃ ︽ᠰᠣᠶᠣᠯ +︾ ︽ᠵᠢᠭᠤᠯᠴᠢᠯᠠᠯ +︾ ᠶᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ | ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ ᠥᠪᠡᠷ ᠢᠶᠠᠨ ᠬᠡᠷᠳᠤ ᠲᠡᠷᠭᠡ ᠵᠢᠯᠤᠭᠤᠳᠴᠣ | ᠵᠢᠭᠤᠯᠴᠢᠯᠠᠬᠤ ᠵᠡᠷᠭᠡ ᠰᠢᠨ᠎ᠡ ᠡᠵᠡᠩᠨᠡᠯᠲᠡ ᠶᠢᠨ ᠲᠥᠯᠦᠪ ᠪᠠᠶᠢᠳᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ | ᠠᠭᠤᠰᠤᠯᠴᠠᠯ᠂ ᠡᠵᠡᠩᠨᠡᠯᠲᠡ ᠶᠢᠨ ᠲᠥᠯᠦᠪ ᠪᠠᠶᠢᠳᠠᠯ ᠤᠨ ᠠᠭᠤᠰᠤᠯᠴᠠᠯ ᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠳᠠᠯᠳᠠ ᠬᠦᠴᠦᠨ ᠢ ᠬᠥᠭᠵᠢᠭᠡᠨ᠎ᠡ᠃ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠵᠢᠱᠢᠶ᠎ᠡ | ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠴᠠᠭ᠂ ᠲᠠᠰ ᠪᠠ ᠲᠥᠷᠥᠯ ᠬᠤᠪᠢᠶᠠᠵᠤ | ᠵᠦᠷᠢᠶᠡᠴᠢᠯᠡᠨ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠲᠥᠯᠦᠪ ᠪᠠᠶᠢᠳᠠᠯ ᠪᠠ ᠵᠠᠭᠪᠤᠷ | ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠶᠠᠰᠤ ᠴᠢᠨᠠᠷ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠯ᠎ᠠ | ᠨᠤᠲᠤᠭ ᠤᠨ ᠲᠣᠷᠭᠠᠨ ᠵᠠᠮ ᠤᠨ ᠰᠣᠶᠣᠯ ᠵᠢᠭᠤᠯᠴᠢᠯᠠᠯ ᠤᠨ ᠨᠠᠶᠢᠷ᠂ ᠮᠥᠰᠥ ᠴᠠᠰᠤᠨ ᠤ ᠨᠠᠭᠠᠳᠤᠮ ᠵᠡᠷᠭᠡ ᠭᠤᠤᠯᠳᠠᠯᠭ᠎ᠠ ᠲᠠᠢ ᠠᠵᠢᠯᠯᠠᠭ᠎ᠠ ᠶᠢ ᠰᠠᠶᠢᠲᠤᠷ | ᠡᠷᠭᠢᠯᠡᠵᠦ᠂ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠨᠢᠭᠡ ᠪᠦᠯᠦᠭ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠰᠣᠶᠣᠯ | ᠵᠢᠭᠤᠯᠴᠢᠯᠠᠯ ᠤᠨ ᠬᠡᠷᠡᠭᠯᠡᠭᠡ ᠶᠢ ᠪᠦᠲᠦᠮᠵᠢᠲᠡᠶ ᠳᠠᠶᠢᠴᠢᠯᠠᠨ᠎ᠠ᠃ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠥᠷᠨᠢᠭᠦᠯᠵᠦ᠂ ᠬᠠᠷᠠᠯᠲᠠᠲᠤ | ᠵᠠᠬ᠎ᠠ ᠳᠡᠯᠭᠡᠭᠦᠷ ᠲᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠡᠵᠡᠩᠨᠡᠨ ᠪᠣᠷᠣᠯᠠᠭᠤᠯᠬᠤ ᠶᠢ ᠥᠷᠨᠢᠭᠦᠯᠵᠦ᠂ ᠨᠢᠭᠡ ᠪᠦᠯᠦᠭ ᠰᠦᠯᠵᠢᠶᠡᠨ ᠤ ᠨᠡᠷᠡᠲᠦ ᠵᠢᠭᠤᠯᠴᠢᠯᠠᠯ | ᠤᠨ ᠭᠠᠵᠠᠷ᠂ ᠵᠢᠭᠤᠯᠴᠢᠯᠠᠯ ᠤᠨ ᠰᠢᠨ᠎ᠡ IP ᠶᠢ ᠪᠣᠶ ᠪᠣᠯᠭᠠᠨ᠎ᠠ᠃ | ︵ᠲᠤᠯᠤᠭ᠎ᠠ︶ ᠪᠦᠬᠦ ᠤᠯᠤᠰ ᠤᠨ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠤ ᠰᠢᠯᠢᠳᠡᠭ ᠬᠤᠳᠠ ᠶᠢ ᠭᠦᠴᠤᠯᠡᠨ ᠪᠠᠶᠢᠭᠤᠯᠤᠨ᠎ᠠ | ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢᠨ ᠭᠦᠴᠤᠨ ᠴᠢᠳᠠᠯ ᠢ ᠲᠡᠭᠡᠭᠰᠢᠯᠡᠭᠦᠯᠤᠨ᠎ᠠ᠃ ︽ᠨᠢᠭᠡ ᠰᠦᠯᠵᠢᠶ᠎ᠡ ᠪᠠᠷ ᠭᠦᠢᠴᠡᠳᠭᠡᠭᠦ︾ ︽ᠠᠯᠠᠭᠠᠨ ᠳᠡᠭᠡᠷ᠎ᠡ | ᠭᠦᠢᠴᠡᠳᠭᠡᠭᠦ︾ ︽ᠨᠢᠭᠡ ᠤᠳᠠᠭ᠎ᠠ ᠳᠤ ᠭᠦᠢᠴᠡᠳᠭᠡᠭᠦ︾ ︽ᠬᠠᠪᠰᠤᠷᠤᠨ ᠭᠦᠢᠴᠡᠳᠭᠡᠭᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠷᠢᠮ ᠬᠦᠷᠢᠶ᠎ᠡ ᠴᠠᠷᠠᠭ᠎ᠠ ᠶᠢᠨ | ᠬᠢᠨᠠᠨ ᠵᠥᠪᠰᠢᠶᠡᠷᠡᠬᠦ ᠭᠠᠷ ᠭᠦᠢᠴᠡᠳᠭᠡᠯ ᠨᠢ ᠲᠦᠪᠡᠭᠲᠡᠶ᠂ ᠭᠦᠢᠴᠡᠳᠭᠡᠭᠦ ᠴᠠᠭ ᠬᠤᠭᠤᠴᠠᠭ᠎ᠠ ᠨᠢ ᠬᠡᠲᠦ ᠣᠷᠳᠣ᠂ ᠦᠷ᠎ᠡ ᠪᠦᠲᠦᠮᠵᠢ ᠨᠢ ᠳᠣᠤᠷ᠎ᠠ ᠪᠠᠶᠢᠬᠤ ᠵᠡᠷᠭᠡ | ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠴᠤᠪᠤᠷᠠᠯ ᠢ ᠳᠠᠬᠢᠨ ᠵᠢᠷᠤᠭᠯᠠᠨ ᠪᠦᠳᠤᠭᠡᠭᠦ᠂ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠭᠦ︾ ᠶᠢ | 90% ᠠᠴᠠ ᠲᠡᠭᠡᠭᠰᠢ ᠳᠤ ᠭᠦᠷᠭᠡᠭᠦ ᠶᠢ ᠪᠠᠶᠠᠯᠡᠭᠦᠯᠤᠨ᠎ᠠ︔ ᠣᠯᠠᠨ ᠨᠡᠶᠢᠲᠡ ᠶᠢᠨ ᠤᠶᠢᠯᠡᠴᠢᠯᠡᠭᠡᠨ ᠤ ᠬᠡᠷᠡᠭᠯᠡᠭᠡ ᠶᠢ ᠡᠮᠬᠢᠯᠡᠨ ᠨᠢᠭᠡᠳᠭᠡᠭᠦ ᠡᠷᠴᠢᠮ ᠢ | ᠴᠢᠩᠭᠠᠷᠠᠭᠤᠯᠵᠤ᠂ 50 ᠵᠤᠶᠢᠯ ᠤᠨ ᠲᠠᠪᠳᠠᠮᠵᠢ ᠪᠠᠷ ᠦᠨᠳᠦᠷ ᠵᠤᠶᠢᠯᠡᠰ ᠢ ︽ᠥᠪᠥᠷ ᠲᠦᠷᠭᠡᠨ ᠭᠦᠢᠴᠡᠳᠭᠡᠭᠦ︾ ᠰᠢᠯᠵᠢᠮᠡᠯ ᠦᠵᠦᠭᠦᠷ ᠲᠤ ᠵᠠᠯᠭᠠᠨ | ᠤᠷᠤᠭᠤᠯᠤᠨ᠎ᠠ︔ ᠬᠤᠯᠪᠤᠭᠠᠯᠡᠨ ᠬᠢᠨᠠᠨ ᠵᠥᠪᠰᠢᠶᠡᠷᠡᠬᠦ᠂ ᠠᠯᠭᠤᠷᠯᠠᠨ ᠬᠦᠯᠢᠶᠡᠨ ᠠᠪᠴᠤ ᠬᠢᠨᠠᠨ ᠵᠥᠪᠰᠢᠶᠡᠷᠡᠬᠦ᠂ ᠮᠡᠳᠡᠭᠳᠡᠨ ᠠᠮᠠᠯᠠᠯᠲᠠ ᠬᠢᠵᠤ ᠬᠢᠨᠠᠨ ᠵᠦᠪᠰᠢᠶᠠᠷᠡᠭᠦ | ᠶᠢ ᠰᠢᠯᠢᠳᠡᠭᠵᠢᠭᠦᠯᠵᠤ᠂ ︽ᠨᠢᠭᠡ ᠤᠴᠢᠷ ᠶᠠᠪᠤᠳᠠᠯ ᠢ ᠨᠢᠬᠡᠯᠡ ᠤᠳᠠᠭ᠎ᠠ ᠲᠡᠭᠡᠷ᠎ᠠ ᠭᠦᠢᠴᠡᠳᠭᠡᠭᠦ︾ ᠶᠢ ᠴᠢᠷᠮᠠᠶᠢᠨ ᠪᠡᠶᠡᠯᠡᠭᠦᠯᠦᠨ᠎ᠡ︔ ᠪᠡᠯᠡ ᠣᠷᠣᠭᠤᠯᠤᠯᠲᠠ ᠶᠢᠨ | ᠲᠦᠷᠤᠯ ᠵᠤᠶᠢᠯ ᠢ ᠬᠠᠪᠰᠤᠷᠤᠨ ᠭᠦᠢᠴᠡᠳᠭᠡᠵᠤ ᠣᠷᠣᠯᠠᠨ ᠭᠦᠢᠴᠡᠳᠭᠡᠭᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠠᠵᠤ ᠠᠬᠤᠶᠢᠯᠠᠯ ᠭᠦᠶᠤᠵᠤ︾ | ᠪᠠᠶᠢᠭᠰᠠᠨ ᠢ ︽ᠵᠠᠰᠠᠭ ᠤᠨ ᠣᠷᠳᠣᠨ ᠭᠦᠶᠤᠭᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠤᠶᠢᠯ | ᠢ ᠬᠢᠨᠡᠨ ᠵᠦᠪᠰᠢᠶᠠᠷᠡᠭᠦ ᠦᠷ᠎ᠠ ᠪᠦᠳᠤᠮᠵᠢ ᠶᠢ ᠲᠡᠭᠡᠭᠰᠢᠯᠡᠭᠦᠯᠵᠤ᠂ ᠠᠵᠤ ᠤᠶᠢᠯᠡᠳᠪᠤᠷᠢ ᠶᠢᠨ ᠭᠦᠷᠢᠶᠠᠯᠠᠩ ᠲᠤᠭᠤᠷᠢᠭ ᠤᠨ ᠲᠦᠭᠰᠢᠭᠦᠷᠢ ᠪᠠᠷ ᠪᠠᠭ᠎ᠠ ᠵᠢᠵᠢᠭ | ᠬᠡᠯᠪᠡᠷᠢ ᠶᠢᠨ ᠲᠦᠷᠤᠯ ᠵᠤᠶᠢᠯ ᠢ 30 ᠠᠵᠢᠯᠯᠠᠬᠤ ᠡᠳᠤᠷ ᠤᠨ ᠲᠤᠳᠤᠷ᠎ᠠ ᠬᠢᠨᠡᠨ ᠵᠦᠪᠰᠢᠶᠠᠷᠡᠭᠦ ᠶᠢ ᠪᠠᠶᠠᠯᠡᠭᠦᠯᠤᠨ᠎ᠠ᠃ ᠴᠠᠬᠢᠯᠭᠠᠨ ᠭᠦᠴᠤ ᠶᠢ ᠤᠯᠬᠤ ᠲᠦᠭᠦᠮ | ᠲᠦᠳᠠ ᠬᠡᠮᠵᠢᠶ᠎ᠠ ᠶᠢ ᠰᠢᠯᠢᠳᠡᠭᠵᠢᠭᠦᠯᠵᠤ᠂ ᠲᠤᠤᠷ᠎ᠠ ᠭᠦᠴᠦᠳᠡᠯᠳᠤ ᠴᠠᠬᠢᠯᠭᠠᠨ ᠤ ᠰᠠᠭᠤᠭᠠᠯᠢ ᠠᠷᠠᠳ ᠤᠨ ᠪᠤᠰᠤ ᠬᠡᠷᠡᠭᠯᠡᠭᠴᠢ᠂ ᠡᠩ ᠤᠨ ᠦᠨᠳᠤᠷ ᠭᠦᠴᠦᠳᠡᠯᠳᠤ | ᠴᠠᠬᠢᠯᠭᠠᠨ ᠤ ᠬᠡᠷᠡᠭᠯᠡᠭᠴᠢ ᠶᠢᠨ ᠴᠠᠬᠢᠯᠭᠠᠨ ᠬᠠᠩᠭᠠᠬᠤ ᠶᠢ ᠭᠦᠢᠴᠡᠳᠬᠡᠬᠦ ᠴᠠᠭ ᠤᠨ ᠬᠢᠵᠠᠭᠠᠷ ᠢ ᠲᠤᠰᠪᠤᠷᠢ 3 ᠠᠵᠢᠯᠯᠠᠬᠤ ᠡᠳᠤᠷ ᠪᠠ 12 ᠠᠵᠢᠯᠯᠠᠬᠤ ᠡᠳᠤᠷ | ᠠᠴᠠ ᠬᠡᠳᠤᠷᠡᠭᠦᠯᠭᠦ ᠦᠬᠡᠢ᠃ ᠤᠷᠴᠢᠨ ᠲᠤᠭᠤᠷᠢᠨ ᠤ ᠨᠦᠯᠤᠭᠡᠨ ᠤ ᠦᠨᠡᠯᠠᠯᠳᠠ ᠶᠢ ᠬᠢᠨᠡᠨ ᠵᠦᠪᠰᠢᠶᠡᠷᠡᠭᠦ ᠦᠷ᠎ᠠ ᠪᠦᠳᠤᠮᠵᠢ ᠶᠢ ᠲᠡᠭᠡᠭᠰᠢᠯᠡᠭᠦᠯᠵᠤ᠂ ᠮᠠᠨ ᠤ | ᠬᠤᠳᠠ ᠶᠢᠨ ᠤᠷᠴᠢᠨ ᠲᠤᠭᠤᠷᠢᠨ ᠤ ᠨᠦᠯᠤᠭᠡᠯᠡᠯ ᠤᠨ ᠮᠡᠳᠡᠭᠦᠯᠤᠯᠳᠠ ᠶᠢᠨ ᠪᠢᠴᠢᠭ ᠢ ᠬᠢᠨᠡᠨ ᠵᠦᠪᠰᠢᠶᠡᠷᠡᠭᠦ ᠴᠠᠭ ᠬᠤᠭᠤᠴᠠᠭ᠎ᠠ ᠶᠢ ᠤᠤᠯ ᠤᠨ 60 ᠡᠳᠤᠷ ᠠᠴᠠ | ᠪᠠᠭᠠᠰᠬᠠᠨ 30 ᠡᠳᠤᠷ ᠪᠤᠯᠭᠠᠵᠤ᠂ ᠤᠷᠴᠢᠨ ᠲᠤᠭᠤᠷᠢᠨ ᠤ ᠨᠦᠯᠤᠭᠡᠯᠡᠯ ᠤᠨ ᠮᠡᠳᠡᠭᠦᠯᠤᠯᠳᠠ ᠶᠢᠨ ᠭᠦᠰᠤᠨᠤᠭ᠍ᠳᠤ ᠶᠢ ᠤᠤᠯ ᠤᠨ 30 ᠡᠳᠤᠷ ᠠᠴᠠ ᠤᠬᠤᠷᠰᠬᠠᠨ | 15 ᠡᠳᠤᠷ ᠪᠤᠯᠭᠠᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠭᠦ︾ ᠲᠦᠷᠢᠮ ᠢ ᠲᠡᠭᠦᠯᠳᠡᠷᠵᠢᠭᠦᠯᠵᠤ᠂ ᠬᠤᠳᠠᠯᠳᠤᠭ᠎ᠠ | ᠡᠵᠡᠩᠨᠡᠭᠦ ᠤᠷᠴᠢᠨ ᠲᠤᠭᠤᠷᠢᠨ ᠤ ᠦᠨᠡᠯᠡᠯᠳᠡ ᠶᠢᠨ ᠪᠠᠶᠢᠩᠭᠤᠵᠢᠭᠰᠡᠨ᠂ ᠤᠷᠳᠤ ᠬᠤᠭᠤᠴᠠᠭ᠎ᠠ ᠶᠢᠨ ᠪᠦᠳᠤᠮᠵᠢᠳᠠᠢ ᠲᠤᠭᠳᠠᠴᠠ ᠶᠢ ᠪᠠᠶᠢᠭᠤᠯᠤᠨ᠎ᠠ᠃ | ᠭᠤᠤᠯᠳᠠᠯᠭ᠎ᠠ ᠲᠠᠢ ᠭᠦᠷᠢᠶ᠎ᠠ ᠴᠠᠷᠠᠭᠠᠨ ᠤ ᠦᠭᠡᠷᠡᠴᠢᠯᠠᠯᠳᠠ ᠶᠢ ᠬᠦᠨᠵᠡᠬᠡᠶᠢᠷᠡᠭᠦᠯᠦᠨ᠎ᠡ᠃ ᠠᠵᠢᠯ ᠤᠶᠢᠯᠡᠰ ᠤᠨ ᠨᠢᠭᠡᠴᠠ ᠶᠢᠨ ᠦᠭᠡᠷᠡᠴᠢᠯᠠᠯᠳᠠ ᠶᠢ | ᠠᠬᠢᠭᠤᠯᠤᠨ᠎ᠠ᠃ ᠨᠢᠭᠡ ᠴᠤᠭᠴᠠᠵᠢᠭᠤᠯᠤᠭᠰᠡᠨ ᠶᠠᠷᠤᠩᠬᠡᠶᠢᠯᠡᠭᠰᠡᠨ ᠬᠠᠤᠯᠢ ᠬᠡᠷᠡᠭᠵᠢᠭᠦᠯᠭᠦ ᠲᠤᠭᠳᠠᠴᠠ ᠶᠢ ᠪᠦᠷᠢᠨᠰᠢᠭᠦᠯᠵᠤ᠂ ᠬᠠᠤᠯᠢ ᠬᠡᠷᠡᠭᠵᠢᠭᠦᠯᠭᠦ ᠦᠷ᠎ᠠ ᠪᠦᠳᠤᠮᠵᠢ | ᠶᠢ ᠲᠡᠭᠡᠭᠰᠢᠯᠡᠭᠦᠯᠤᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠭᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯᠳᠠ ᠶᠢᠨ ᠦᠭᠡᠷᠡᠴᠢᠯᠠᠯᠳᠠ ᠶᠢ | ᠠᠬᠢᠭᠤᠯᠵᠤ᠂ ᠵᠠᠰᠠᠭ ᠵᠠᠬᠢᠷᠭ᠎ᠠ ᠠᠵᠢᠯ ᠤᠶᠢᠯᠡᠰ ᠤᠨ ᠨᠢᠭᠡᠴᠠ ᠶᠢᠨ ᠤᠯᠤᠰ ᠤᠨ ᠦᠮᠴᠢᠯᠠᠯᠳᠤ ᠡᠳ᠋ ᠭᠦᠷᠤᠩᠭᠡ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ | ᠤᠯᠤᠰ ᠤᠨ ᠦᠮᠴᠢᠯᠠᠯᠳᠤ ᠠᠵᠤ ᠠᠬᠤᠶᠢᠯᠡᠯ ᠤᠨ ᠦᠭᠡᠷᠡᠴᠢᠯᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠤ᠂ ᠤᠯᠤᠰ ᠤᠨ | ᠦᠮᠴᠢᠯᠠᠯᠳᠤ ᠡᠳ᠋ ᠭᠦᠷᠤᠩᠭᠡ ᠤᠯᠤᠰ ᠤᠨ ᠦᠮᠴᠢᠯᠠᠯᠳᠤ ᠠᠵᠤ ᠠᠬᠤᠶᠢᠯᠡᠯ ᠤᠨ ᠡᠷᠬᠢᠯᠳᠠ ᠶᠢᠨ ᠶᠠᠰᠤ ᠴᠢᠨᠠᠷ ᠪᠠ ᠦᠷ᠎ᠠ ᠠᠰᠢᠭ ᠢ ᠲᠡᠭᠡᠭᠰᠢᠯᠡᠭᠦᠯᠤᠨ᠎ᠠ᠃ ᠤᠯᠤᠰ | ᠤᠨ ᠵᠤᠭᠤᠰᠤᠨ ᠤ ᠲᠦᠷᠤ ᠶᠢᠨ ᠪᠤᠳᠤᠯᠭ᠎ᠠ ᠶᠢ ᠭᠦᠢᠴᠡᠳ ᠠᠮᠢᠳᠤᠯᠢᠭ ᠬᠡᠷᠡᠭᠯᠡᠵᠤ᠂ ᠮᠦᠩᠭᠦᠨ ᠭᠦᠢᠯᠭᠡᠭᠡᠨ ᠢᠶᠠᠷ ᠪᠤᠳᠠᠳᠤ ᠴᠤᠭᠴᠠ ᠶᠢᠨ ᠠᠵᠤ ᠠᠬᠤᠢ ᠶᠢ | ᠲᠠᠮᠵᠢᠭᠦ ᠪᠦᠳᠤᠮᠵᠢᠳᠠᠢ ᠲᠤᠭᠳᠠᠴᠠ ᠶᠢ ᠲᠡᠭᠦᠯᠳᠡᠷᠵᠢᠭᠦᠯᠵᠤ᠂ ᠲᠦᠭᠡᠮᠡᠯ ᠬᠠᠷᠠᠭᠠᠯᠵᠠᠯᠳᠤ ᠮᠦᠩᠭᠦᠨ ᠭᠦᠢᠯᠭᠡᠭᠡ᠂ ᠨᠤᠭᠤᠭᠠᠨ ᠮᠦᠩᠭᠦᠨ ᠭᠦᠢᠯᠭᠡᠭᠡ ᠶᠢ | ᠭᠦᠭᠵᠢᠭᠦᠯᠤᠨ᠎ᠠ᠃ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠭᠦ ᠲᠤᠭᠳᠠᠴᠠ ᠶᠢᠨ ᠰᠢᠨ᠎ᠠ ᠶᠢ ᠡᠭᠦᠳᠴᠤ᠂ ᠰᠢᠰᠲ᠋ᠧᠮᠳᠤ ᠴᠢᠨᠠᠷᠳᠠᠢ ᠮᠦᠩᠭᠦᠨ | ᠭᠦᠢᠯᠭᠡᠭᠡᠨ ᠤ ᠲᠦᠭᠰᠢᠭᠦᠷᠢ ᠦᠯᠤ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠢᠳᠡᠭᠡᠯ ᠠᠯᠳᠠᠪᠠᠯ ᠬᠢᠵᠠᠭᠠᠷᠯᠠᠬᠤ ᠲᠦᠷᠢᠮ ᠢ ᠵᠢᠷᠤᠮᠵᠢᠭᠤᠯᠵᠤ᠂ ᠢᠳᠡᠭᠡᠮᠵᠢ ᠶᠢ | ᠰᠡᠷᠭᠦᠭᠡᠭᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠰᠡᠷᠭᠦᠭᠡᠭᠦ ᠨᠦᠭᠦᠴᠠᠯ ᠳᠤ ᠨᠠᠶᠢᠴᠡᠭᠰᠡᠨ ᠢᠳᠠᠭᠡᠯ ᠠᠯᠳᠠᠭᠰᠡᠨ ᠭᠤᠤᠯ ᠴᠤᠭᠴᠠ ᠶᠢ ᠴᠠᠭ ᠲᠠᠷᠤᠢ ᠳᠤᠨᠢ | ᠰᠡᠷᠭᠦᠭᠡᠭᠦ ᠶᠢᠨ ᠬᠠᠮᠳᠤ ᠢᠳᠠᠭᠡᠯ ᠠᠯᠳᠠᠭᠰᠡᠨ ᠨᠠᠷᠡᠰ ᠤᠨ ᠵᠢᠭᠰᠠᠭᠠᠯ ᠠᠴᠠ ᠰᠢᠯᠵᠢᠭᠦᠯᠤᠨ ᠭᠠᠷᠭᠠᠨ᠎ᠠ᠃ ︽ᠲᠤᠮᠳᠠ ᠵᠢᠵᠢᠭ ᠠᠵᠤ ᠠᠬᠤᠶᠢᠯᠡᠯ ᠤᠨ ᠵᠤᠭᠤᠰ ᠢ | ᠦᠭᠭᠦ ᠶᠢ ᠪᠠᠳᠤᠯᠠᠬᠤ ᠲᠦᠷᠢᠮ︾ ᠢ ᠨᠠᠶᠢᠳᠠᠪᠤᠷᠢᠵᠢᠭᠤᠯᠵᠤ᠂ ᠲᠤᠮᠳᠠ ᠵᠢᠵᠢᠭ ᠠᠵᠤ ᠠᠬᠤᠶᠢᠯᠡᠯ ᠳᠤ ᠦᠷᠢᠳᠤᠵᠤ ᠪᠠᠶᠢᠭ᠎ᠠ ᠲᠠᠩᠰᠠᠨ ᠳᠠᠬᠢ ᠵᠤᠭᠤᠰ ᠤᠨ | ᠠᠰᠠᠭᠤᠳᠠᠯ ᠢ ᠤᠷᠢᠳᠴᠢᠯᠡᠨ ᠰᠡᠷᠬᠡᠶᠢᠯᠡᠭᠦ ᠪᠠ ᠢᠯᠭᠠᠷᠠᠭᠤᠯᠬᠤ ᠤᠷᠳᠤ ᠬᠤᠭᠤᠴᠠᠭ᠎ᠠ ᠶᠢᠨ ᠪᠦᠳᠤᠮᠵᠢᠳᠠᠢ ᠲᠤᠭᠳᠠᠴᠠ ᠶᠢ ᠪᠠᠶᠢᠭᠤᠯᠤᠨ᠎ᠠ᠃ | ᠭᠠᠳᠠᠭᠠᠳᠤ ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠨ᠎ᠠ᠃ ᠬᠠᠳᠤᠨ ᠭᠤᠤᠯ ᠤᠨ ᠰᠠᠪᠠ ᠭᠠᠵᠡᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠳᠠᠢ | ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠭᠦᠭᠡ ᠮᠦᠷᠡᠨ ᠤ ᠠᠵᠤ ᠠᠬᠤᠢ ᠶᠢᠨ ᠪᠦᠰᠠ ᠶᠢᠨ ᠭᠦᠭᠵᠢᠯᠳᠠ ᠶᠢᠨ | ᠪᠠᠶᠢᠯᠳᠤᠬᠤ ᠪᠤᠳᠤᠯᠭ᠎ᠠ ᠲᠠᠢ ᠢᠳᠠᠪᠬᠢᠳᠠᠢ ᠪᠠᠷ ᠠᠪᠤᠴᠠᠯᠳᠤᠵᠤ᠂ ᠪᠡᠭᠡᠵᠢᠩ ᠲᠢᠶᠠᠨᠵᠢᠨ ᠡᠾᠧᠪᠸᠢ᠂ ᠭᠤᠸᠠᠩᠳᠦ᠋ᠩ ᠰᠢᠶᠠᠩᠭᠠᠩ ᠤᠤᠮᠸᠠ ᠤ ᠶᠡᠭᠡ ᠪᠤᠯᠤᠩ ᠤᠨ | ᠤᠷᠤᠨ ᠵᠡᠷᠭᠡ ᠠᠵᠤ ᠠᠬᠤᠢ ᠶᠢᠨ ᠲᠤᠭᠤᠷᠢᠭ ᠯᠤᠭ᠎ᠠ ᠶᠢᠨ ᠬᠠᠷᠢᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ᠂ ᠭᠦᠭᠡᠬᠤᠳᠠ ᠪᠤᠭᠤᠳᠤ ᠤᠷᠳᠤᠰ ᠦᠬᠠᠢ ᠶᠢᠨ | ᠬᠠᠮᠳᠤᠷᠠᠯᠴᠠᠨ ᠭᠦᠭᠵᠢᠭᠦ᠂ ᠭᠦᠬᠡᠬᠤᠳᠠ ᠪᠤᠭᠤᠳᠤ ᠤᠷᠳᠤᠰ ᠲᠡᠮᠡᠭᠡᠳᠤ ᠶᠢᠨ ᠬᠤᠳᠠ ᠶᠢᠨ ᠰᠦᠷᠤᠭ᠍ᠵᠢᠯ ᠵᠡᠷᠭᠡ ᠵᠦᠪᠳᠡᠯᠴᠡᠭᠡᠷ ᠢ ᠨᠤᠳᠤᠭᠰᠢᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠶᠠᠷᠤᠩᠬᠡᠶᠢᠯᠡᠭᠰᠡᠨ ᠭᠠᠶᠢᠯᠢ ᠪᠠᠳᠤᠯᠠᠬᠤ ᠤᠷᠤᠨ ᠤ ᠭᠦᠭᠵᠢᠯᠳᠠ ᠶᠢ ᠲᠠᠮᠵᠢᠵᠤ᠂ ᠠᠭᠠᠷ ᠤᠨ ᠭᠠᠷᠠᠮ ᠤᠨ ᠨᠡᠭᠡᠭᠡᠯᠳᠠ | ᠶᠢᠨ ᠲᠦᠪᠰᠢᠨ ᠢ ᠲᠡᠭᠡᠭᠰᠢᠯᠡᠭᠦᠯᠵᠤ᠂ ᠭᠠᠳᠠᠭᠰᠢᠯ ᠠᠵᠤ ᠠᠬᠤᠢ ᠶᠢᠨ ᠭᠦᠭᠵᠢᠯᠳᠠ ᠶᠢ ᠠᠬᠢᠭᠤᠯᠤᠨ᠎ᠠ᠃ | ᠲᠦᠯᠤᠭᠡᠯᠡᠭᠴᠢᠳ ᠡ︕ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠪᠤᠯ ᠴᠢᠨᠠᠷ ᠰᠠᠶᠢᠳᠠᠢ ᠭᠦᠭᠵᠢᠯᠳᠠ ᠶᠢᠨ ᠠᠮᠢᠨ ᠰᠤᠳᠠᠰᠤ ᠪᠤᠯᠤᠨ᠎ᠠ᠃ ᠪᠢᠳᠠ ᠪᠦᠬᠦ | ᠤᠷᠤᠨ ᠤ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠢ ᠰᠢᠯᠢᠳᠡᠭᠵᠢᠭᠦᠯᠭᠦ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠶᠢᠷᠡᠭᠦᠯᠤᠨ ᠲᠤᠤᠱᠯᠠᠭᠤᠯᠵᠤ᠂ ᠨᠡᠩ ᠶᠡᠭᠡ | ᠭᠦᠴᠤᠯᠠᠴᠠ ᠪᠠ ᠴᠢᠩᠭ᠎ᠠ ᠠᠷᠭ᠎ᠠ ᠪᠠᠷᠢᠯ ᠢᠶᠠᠷ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠤ ᠰᠠᠮᠠᠭᠤᠨ ᠪᠠᠶᠢᠳᠠᠯ ᠢ ᠠᠷᠢᠯᠭᠠᠵᠤ᠂ ᠦᠵᠡᠯ ᠰᠠᠨᠠᠭ᠎ᠠ | ᠤᠶᠢᠯᠠᠭᠠᠭᠳᠠᠬᠤᠨ ᠤ ᠬᠠᠷᠰᠢ ᠰᠠᠭᠠᠳ ᠢ ᠠᠷᠢᠯᠭᠠᠨ᠂ ᠰᠤᠷᠳᠠᠯ ᠤᠨ ᠠᠷᠬᠠᠭ ᠬᠡᠮ ᠢ ᠲᠠᠪᠴᠢᠵᠤ᠂ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠢ | ᠰᠢᠯᠢᠳᠡᠭᠵᠢᠭᠦᠯᠭᠦ ᠪᠦᠬᠦᠯᠢ ᠴᠤᠭᠴᠠ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠵᠠᠬ᠎ᠠ ᠲᠡᠯᠭᠡᠭᠦᠷᠴᠢᠯᠡᠭᠰᠡᠨ᠂ ᠬᠠᠤᠯᠢᠵᠢᠭᠤᠯᠤᠭᠰᠡᠨ᠂ | ᠤᠯᠡᠨ ᠤᠯᠤᠰᠴᠢᠯᠠᠭᠰᠡᠨ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠢ ᠲᠦᠷᠭᠡᠨ ᠢᠶᠠᠷ ᠪᠠᠶᠢᠭᠤᠯᠤᠶ᠎ᠠ᠃ | ︵ᠨᠠᠢᠮᠠ︶ ᠬᠤᠳᠠ ᠭᠦᠳᠡᠭᠡ ᠶᠢᠨ ᠲᠦᠯᠤᠪᠵᠢᠭᠦᠯᠭᠡ ᠪᠦᠳᠤᠭᠡᠨ ᠪᠠᠶᠢᠭᠤᠯᠤᠯᠳᠠ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠎ᠠ | ᠬᠤᠲᠠ᠂ ᠬᠤᠰᠢᠭᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠦᠬᠦ | ᠲᠠᠯ᠎ᠠ ᠪᠠᠷ ᠠᠬᠢᠭᠤᠯᠤᠨ᠎ᠠ᠃ ᠬᠤᠳᠠ ᠶᠢ ᠰᠢᠨᠡᠴᠢᠯᠡᠭᠦ ᠠᠵᠢᠯᠯᠠᠭ᠎ᠠ ᠶᠢ ᠶᠠᠪᠤᠭᠳᠠᠭᠤᠯᠵᠤ᠂ ᠰᠠᠶᠢᠮᠡᠬᠡᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ | ᠤᠰᠤ᠂ ᠴᠠᠬᠢᠯᠭᠠᠨ᠂ ᠵᠠᠮ᠂ ᠮᠡᠳᠡᠭᠡ ᠬᠤᠯᠪᠤᠭ᠎ᠠ᠂ ᠢᠯᠴᠢ᠂ ᠬᠡᠢ ᠪᠠ ᠭᠠᠵᠠᠷ ᠳᠣᠣᠷᠠᠬᠢ ᠬᠤᠭᠤᠯᠠᠶ ᠲᠣᠣᠷ ᠵᠡᠷᠭᠡ ᠬᠤᠳᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠤᠤᠯᠳᠠᠯᠭᠠᠳᠤ ᠬᠤᠳᠠ ᠲᠣᠭᠤᠷᠢᠭ ᠤᠨ ᠤᠰᠤᠨ ᠤ ᠬᠠᠩᠭᠠᠯᠭ᠎ᠠ ᠶᠢ ᠨᠢᠭᠡ | ᠴᠤᠭᠴᠠᠵᠢᠭᠤᠯᠬᠤ ᠶᠢ ᠲᠦᠷᠭᠡᠳᠬᠡᠨ᠎ᠡ᠃ 72 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠦᠷᠭᠡ ᠲᠣᠭᠤᠷᠢᠭ ᠢ ᠦᠭᠡᠷᠡᠴᠢᠯᠡᠭᠦ ᠠᠵᠢᠯ ᠢ | ᠰᠠᠶᠢᠳᠤᠷ ᠬᠢᠵᠤ᠂ 1299 ᠭᠡᠷ ᠪᠠᠶᠢᠰᠢᠩ ᠤᠨ ᠪᠦᠳᠤᠭᠡᠨ ᠪᠠᠶᠢᠭᠤᠯᠤᠯᠳᠠ ᠶᠢᠨ ᠪᠠᠷᠢᠯᠭ᠎ᠠ ᠶᠢ ᠰᠢᠨ᠎ᠠ ᠪᠠᠷ ᠡᠬᠢᠯᠡᠭᠦᠯᠵᠤ᠂ ᠰᠢᠨ᠎ᠡ ᠪᠠᠷ ᠪᠠᠶᠢᠭᠤᠯᠬᠤ ᠲᠠᠸᠠᠷ ᠤᠨ | ᠭᠡᠷ ᠪᠠᠶᠢᠰᠢᠩ ᠤᠨ ᠲᠦᠷᠤᠯ ᠵᠤᠶᠢᠯ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠣᠬᠢᠷᠠᠭᠤᠯᠤᠨ ᠪᠦᠳᠤᠭᠡᠨ ᠪᠠᠶᠢᠭᠤᠯᠬᠤ ᠶᠢ ᠠᠬᠢᠭᠤᠯᠵᠤ᠂ ᠲᠦᠷᠦ | ᠶᠢᠨ ᠪᠤᠳᠤᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠢᠳᠡᠪᠬᠢᠲᠡᠶ ᠬᠥᠭᠵᠢᠭᠦᠯᠵᠦ᠂ ︽ᠣᠷᠣᠵᠤ ᠰᠠᠭᠤᠬᠤ ᠳᠤ ᠬᠦᠴᠢᠷᠲᠡᠶ︾᠂ ︽ᠪᠤᠴᠠᠵᠤ | ᠨᠡᠭᠦᠬᠦ ᠳᠤ ᠬᠦᠴᠢᠷᠲᠡᠶ︾᠂ ︽ᠦᠨᠡᠮᠯᠡᠯ ᠠᠪᠬᠤ ᠳᠤ ᠬᠦᠴᠢᠷᠲᠡᠶ︾ ᠵᠡᠷᠭᠡ ᠭᠡᠷ ᠪᠠᠶᠢᠰᠢᠩ ᠭᠠᠵᠠᠷ ᠬᠦᠷᠦᠩᠭᠡ ᠶᠢᠨ ᠭᠦᠷᠢᠶ᠎ᠠ ᠴᠠᠷᠠᠭᠠᠨ ᠳᠠᠬᠢ ᠦᠯᠡᠳᠡᠭᠳᠡᠯ | ᠠᠰᠠᠭᠤᠳᠠᠯ ᠢ ᠦᠷᠭᠦᠯᠵᠢᠯᠡᠨ ᠰᠠᠶᠢᠲᠤᠷ ᠰᠢᠢᠳᠪᠤᠷᠢᠯᠡᠨ᠎ᠠ᠃ ᠪᠦᠷᠢᠨ ᠲᠦᠭᠦᠷ ︵ᠴᠢᠳᠠᠪᠬᠢᠳᠤ︶ ᠰᠠᠭᠤᠭᠠᠯᠢ ᠠᠷᠠᠳ ᠤᠨ ᠨᠠᠶᠢᠭᠡᠮ ᠲᠣᠭᠤᠷᠢᠭ ᠤᠨ ᠳᠤᠲᠠᠭᠤᠳᠠᠯ ᠢ | ᠨᠥᠬᠦᠪᠥᠷᠢᠯᠡᠬᠦ ᠪᠠ ᠨᠤᠮᠢᠨ ᠨᠤᠭᠤᠭᠠᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ᠦᠪᠡᠷᠮᠢᠴᠢᠯᠡᠭᠰᠡᠨ᠂ ᠵᠦᠷᠢᠶᠡᠴᠢᠯᠡᠭᠰᠡᠨ ᠠᠳᠠᠯ | ᠠᠬᠤᠶ ᠶᠢᠨ ᠤᠶᠢᠯᠡᠴᠢᠯᠡᠭᠡ ᠶᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠲᠤᠤᠷ᠎ᠠ ᠨᠡᠭᠦᠷᠡᠰᠤᠳᠦ᠋ᠷᠤᠭ᠍ᠴᠢᠳᠤ ᠠᠮᠢᠳᠤᠷᠠᠯ ᠢ ᠰᠠᠨᠠᠭᠠᠴᠢᠯᠠᠵᠤ᠂ ᠠᠮᠢᠳᠤᠷᠠᠯ ᠤᠨ ᠬᠤᠭ | ᠨᠣᠪᠰᠢ ᠶᠢ ᠲᠦᠷᠦᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ᠃ ᠬᠤᠳᠠ ᠶᠢᠨ ᠠᠯᠭᠤᠷ ᠶᠠᠪᠤᠬᠤ ᠰᠢᠰᠲ᠋ᠧᠮ ᠤᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠤᠳᠠ ᠶᠢᠨ ᠨᠤᠮᠢᠨ ᠨᠤᠭᠤᠭᠠᠨ ᠣᠷᠣᠨ ᠵᠠᠶ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ᠬᠤᠳᠠ ᠶᠢᠨ ᠶᠡᠷᠦᠩᠬᠡᠶᠢᠯᠡᠭᠰᠡᠨ ᠵᠢᠯᠣᠭᠤᠳᠬᠤ ᠲᠥᠪ ᠤᠨ ᠪᠦᠳᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠬᠤᠳᠠ ᠪᠠᠯᠭᠠᠰᠤᠨ ᠤ ᠬᠠᠤᠯᠢ ᠠᠴᠠ ᠵᠥᠷᠢᠴᠡᠭᠰᠡᠨ ᠪᠦᠳᠦᠭᠡᠨ ᠪᠠᠶᠢᠭᠤᠯᠤᠯᠲᠠ᠂ ᠲᠣᠭᠲᠠᠭᠠᠯ ᠠᠴᠠ ᠵᠦᠷᠢᠴᠡᠨ ᠬᠢᠨᠠᠨ | ᠵᠦᠪᠰᠢᠶᠠᠷᠡᠭᠰᠡᠨ ᠵᠤᠶᠢᠯ ᠢ ᠲᠤᠰᠬᠠᠶ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠪᠠᠯᠭᠠᠰᠤ ᠶᠢ ᠭᠦᠴᠤᠷᠭᠡᠭᠵᠢᠭᠦᠯᠤᠨ ᠲᠣᠰᠬᠤᠨ ᠢ | ᠳᠠᠶᠢᠴᠢᠯᠠᠬᠤ ᠶᠢ ᠠᠬᠢᠭᠤᠯᠵᠤ᠂ ᠨᠢᠭᠡ ᠪᠦᠯᠦᠭ ᠠᠵᠤ ᠤᠶᠢᠯᠡᠳᠪᠤᠷᠢ ᠶᠢᠨ ᠬᠦᠴᠦᠷᠬᠡᠭ ᠪᠠᠯᠭᠠᠰᠤ᠂ ᠵᠢᠭᠤᠯᠴᠢᠯᠠᠯ ᠤᠨ ᠨᠠᠷᠠᠲᠤ ᠪᠠᠯᠭᠠᠰᠤ᠂ ᠠᠷᠠᠯᠵᠢᠶ᠎ᠠ | ᠬᠤᠳᠠᠯᠳᠤᠭᠠᠨ ᠤ ᠴᠢᠬᠤᠯᠠ ᠪᠠᠯᠭᠠᠰᠤ᠂ ᠦᠪᠡᠷᠮᠢᠴᠠ ᠤᠨᠴᠠᠯᠢᠬᠳᠤ ᠵᠢᠵᠢᠭ ᠪᠠᠯᠭᠠᠰᠤ ᠶᠢ ᠬᠦᠴᠦᠯᠡᠨ ᠪᠠᠶᠢᠭᠤᠯᠤᠨ᠎ᠠ᠃ | ᠰᠠᠭᠤᠷᠢ ᠪᠦᠳᠦᠭᠡᠨ ᠪᠠᠶᠢᠭᠤᠯᠤᠯᠲᠠ ᠶᠢᠨ ᠰᠢᠨ᠎ᠠ ᠲᠦᠷᠤᠯ ᠵᠤᠶᠢᠯ ᠢ ᠲᠦᠷᠭᠡᠳᠭᠡᠨ ᠪᠠᠶᠢᠷᠢᠯᠠᠭᠤᠯᠵᠤ᠂ 5G ᠶᠢᠨ ᠰᠠᠭᠤᠷᠢ ᠦᠷᠳᠡᠭᠡ ᠶᠢ 1000 ᠠᠴᠠ | ᠳᠡᠭᠡᠭᠰᠢ ᠪᠦᠳᠦᠭᠡᠨ ᠪᠠᠶᠢᠭᠤᠯᠤᠨ᠎ᠠ᠃ ᠤᠷᠳᠤᠰ ᠠᠴᠠ ᠲᠡᠮᠡᠭᠡᠲᠦ ᠭᠦᠷᠭᠦ ᠲᠡᠭᠡᠳᠤ ᠬᠤᠷᠳᠤᠴᠠᠳᠤ ᠳᠡᠮᠤᠷ ᠵᠠᠮ ᠤᠨ ᠪᠠᠷᠢᠯᠭ᠎ᠠ ᠶᠢ ᠡᠬᠢᠯᠡᠭᠦᠯᠤᠨ ᠪᠦᠳᠤᠭᠡᠨ | ᠪᠠᠶᠢᠭᠤᠯᠬᠤ ᠶᠢ ᠠᠬᠢᠭᠤᠯᠵᠤ᠂ ᠪᠤᠭᠤᠲᠤ ᠠᠴᠠ ᠤᠷᠳᠤᠰ ᠭᠦᠷᠭᠦ ᠲᠡᠭᠡᠳᠤ ᠬᠤᠷᠳᠤᠴᠠᠳᠤ ᠳᠡᠮᠤᠷ ᠵᠠᠮ᠂ ᠬᠥᠬᠡᠬᠤᠲᠠ ᠠᠴᠠ ᠤᠷᠳᠤᠰ ᠭᠦᠷᠭᠦ ᠬᠤᠳᠠ | ᠠᠯᠤᠰᠯᠠᠭᠰᠡᠨ ᠳᠡᠮᠤᠷ ᠵᠠᠮ᠂ ᠤᠷᠳᠤᠰ ᠠᠴᠠ ᠲᠡᠮᠡᠭᠡᠲᠦ᠂ ᠰᠢᠨ ᠵᠸᠤ ᠭᠦᠷᠭᠦ ᠲᠡᠭᠡᠳᠤ ᠬᠤᠷᠳᠤᠴᠠᠳᠤ ᠳᠡᠮᠤᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠬᠡᠨ᠂ ᠤᠳᠤᠭ ᠤᠨ ᠡᠮᠦᠨᠡᠲᠦ ᠬᠤᠰᠢᠭᠤ ᠠᠴᠠ ᠱᠠᠩᠬᠠᠶ ᠶᠢᠨ ᠰᠦᠮ᠎ᠡ ᠬᠦᠷᠬᠦ ᠵᠡᠷᠭᠡ ᠨᠢᠭᠡ ᠪᠦᠯᠦᠭ ᠭᠤᠣᠯ ᠱᠤᠭᠤᠮ ᠳᠡᠮᠤᠷ ᠵᠠᠮ ᠢ ᠪᠦᠳᠦᠬᠡᠨ | ᠪᠠᠶᠢᠭᠤᠯᠤᠨ᠎ᠠ᠃ ᠨᠠᠷᠠᠰᠤᠨ ᠠᠴᠠ ᠯᠦᠩ ᠺᠸᠦ ᠬᠥᠷᠬᠦ ᠲᠡᠭᠡᠳᠤ ᠬᠤᠷᠳᠤᠴᠠᠳᠤ ᠵᠠᠰᠠᠮᠠᠯ ᠵᠠᠮ ᠢ ᠡᠬᠢᠯᠡᠭᠦᠯᠤᠨ ᠪᠠᠶᠢᠭᠤᠯᠵᠤ᠂ ᠲᠡᠭᠡᠷᠡᠮ᠎ᠡ ᠶᠢᠨ ᠰᠢᠯᠢ ᠠᠴᠠ ᠶᠤᠸᠠᠢ | ᠵᠢᠶᠠ ᠬᠤᠤ ᠬᠥᠷᠬᠦ ᠨᠢᠭᠡᠳᠦᠭᠡᠷ ᠳᠡᠰ᠂ ᠭᠦᠨᠴᠢᠷᠭ᠎ᠠ ᠠᠴᠠ ᠤᠯᠠᠭᠠᠨᠪᠠᠯᠭᠠᠰᠤ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠪᠥᠲᠥᠭᠡᠨ ᠪᠠᠶᠢᠭᠤᠯᠤᠨ᠎ᠠ᠃ ᠣᠲᠤᠭ | ᠬᠤᠰᠢᠭᠤ᠂ ᠦᠦᠰᠢᠨ ᠬᠤᠰᠢᠭᠤ ᠵᠡᠷᠭᠡ ᠨᠠᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠶᠢ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠬᠠᠲᠤᠨ | ᠭᠤᠣᠯ ᠤᠨ ᠡᠯᠡᠰᠦ ᠬᠠᠶᠢᠷ ᠢ ᠬᠠᠰᠢᠬᠤ ᠵᠡᠷᠭᠡ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠪᠠᠷᠢᠯᠭ᠎ᠠ ᠶᠢ ᠬᠡᠷᠡᠭᠵᠢᠭᠦᠯᠵᠦ᠂ ᠬᠠᠲᠤᠨ ᠭᠤᠣᠯ ᠤᠨ ᠠᠮᠤᠷ | ᠲᠦᠪᠰᠢᠨ ᠢ ᠪᠠᠲᠤᠯᠠᠨ᠎ᠠ᠃ | ︵ᠶᠢᠰᠦ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠤᠨ᠎ᠠ᠃ | ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠤᠭ᠍ᠰᠠᠳ᠂ ᠭᠦᠴᠤ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ | ᠭᠤᠣᠯᠳᠠᠯᠭ᠎ᠠ ᠲᠠᠢ ᠬᠦᠮᠦᠰ ᠤᠨ ᠠᠵᠢᠯ ᠤᠯᠵᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠮᠵᠢᠭᠦ ᠭᠦᠴᠤᠯᠠᠴᠠ ᠶᠢ ᠨᠡᠮᠡᠭᠳᠡᠭᠦᠯᠵᠤ᠂ ᠬᠤᠳᠠ ᠪᠠᠯᠭᠠᠰᠤᠨ ᠤ | 2 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ᠠᠵᠢᠯ ᠠᠯᠳᠠᠯᠳᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠳᠤᠴᠢ ᠴᠢᠨᠠᠷᠲᠠᠶ ᠪᠠᠷ ᠪᠠᠭᠤᠷᠠᠭᠤᠯᠬᠤ᠂ ᠠᠵᠢᠯ ᠠᠯᠳᠠᠯᠳᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ᠂ ᠠᠵᠢᠯᠳᠠᠨ ᠤ ᠠᠵᠢᠯ ᠤᠨ ᠪᠠᠶᠢᠷᠢᠨ ᠳᠠᠬᠢ ᠪᠤᠯᠪᠠᠰᠤᠷᠠᠯ ᠤᠨ ᠨᠦᠭᠦᠪᠤᠷᠢ ᠶᠢᠨ ᠲᠦᠷᠤ ᠶᠢᠨ ᠪᠤᠳᠤᠯᠭ᠎ᠠ ᠶᠢ ᠦᠷᠭᠦᠯᠵᠢᠯᠡᠨ | ᠬᠡᠷᠡᠭᠵᠢᠭᠦᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬᠢᠶᠠᠯᠠᠭ᠎ᠠ ᠶᠢᠨ ᠬᠡᠯᠪᠡᠷᠢ᠂ ᠴᠢᠭᠯᠡᠯᠳᠤ ᠬᠡᠯᠪᠡᠷᠢ᠂ ᠠᠵᠢᠯ | ᠤᠨ ᠪᠠᠶᠢᠷᠢ ᠲᠣᠭᠲᠠᠭᠠᠬᠤ ᠬᠡᠯᠪᠡᠷᠢ ᠶᠢᠨ ᠪᠤᠯᠪᠠᠰᠤᠷᠠᠯ ᠢ ᠥᠷᠨᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠰᠢᠯᠵᠢᠭᠦᠯᠤᠨ ᠠᠵᠢᠯ ᠤᠯᠭᠤᠬᠤ ᠶᠢ | ᠠᠬᠢᠭᠤᠯᠤᠨ᠎ᠠ᠃ | ᠴᠢᠨᠠᠷᠯᠢᠭ ᠰᠤᠷᠭᠠᠨ ᠬᠥᠮᠦᠵᠢᠯ ᠤᠨ ᠲᠤᠭᠳᠠᠯᠴᠠᠭ᠎ᠠ ᠶᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠶᠤᠰᠤ ᠰᠤᠷᠳᠠᠬᠤᠨ ᠢᠶᠠᠷ ᠭᠦᠮᠤᠨ ᠢ ᠭᠦᠮᠤᠵᠢᠭᠦᠯᠭᠦ ᠶᠢ ᠪᠠᠷᠢᠮᠲᠠᠯᠠᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠰᠠᠭᠤᠷᠢ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ︽ᠨᠢᠭᠡ ᠵᠢᠩᠬᠢᠨᠢ ᠭᠤᠷᠪᠠᠨ | ᠲᠤᠰᠬᠠᠶ ᠮᠡᠷᠭᠡᠵᠢᠯ︾ ᠵᠡᠷᠭᠡ ᠰᠤᠷᠭᠠᠭᠤᠯᠢ ᠶᠢᠨ ᠭᠦᠷᠢᠶ᠎ᠠ ᠪᠠᠶᠢᠷᠢ ᠶᠢ ᠰᠡᠯᠪᠢᠨ ᠵᠠᠰᠠᠵᠤ ᠳᠡᠭᠡᠭᠰᠢᠯᠡᠭᠦᠯᠬᠦ ᠪᠠᠷᠢᠯᠭ᠎ᠠ᠂ 35 ᠳᠤᠮᠳᠠᠳᠤ ᠪᠠᠭ᠎ᠠ ᠰᠤᠷᠭᠠᠭᠤᠯᠢ ᠬᠡᠦᠬᠡᠳ | ᠤᠨ ᠴᠡᠴᠡᠷᠯᠢᠭ ᠢ ᠰᠢᠨ᠎ᠡ ᠪᠠᠷ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠬᠤ ᠪᠠᠷᠢᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠭᠡᠮᠡᠯᠵᠢᠭᠦᠯᠭᠦ ᠠᠵᠢᠯ ᠢ ᠭᠦᠨᠵᠡᠭᠡᠶ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢ ︽ | ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠬᠡᠮᠡᠯᠵᠢᠭᠦᠯᠬᠦ ᠶᠢ ᠲᠦᠷᠭᠡᠳᠬᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠢ | ᠳᠡᠭᠡᠭᠰᠢᠯᠡᠭᠦᠯᠦᠨ᠂ ᠣᠨᠴᠠᠭᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠤ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ | ᠠᠬᠢᠭᠤᠯᠤᠨ᠎ᠠ᠃ ︽ᠣᠷᠳᠣᠰ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ︾ ᠶᠢ | ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠵᠢᠭᠠᠨ ᠰᠤᠷᠭᠠᠯᠲᠠ | ᠶᠢᠨ ᠬᠢᠷᠢ ᠲᠡᠩᠴᠡᠯᠳᠠ ᠶᠢ ᠦᠨᠡᠯᠡᠨ ᠵᠢᠱᠢᠬᠦ ᠠᠵᠢᠯ ᠢ ᠠᠬᠢᠭᠤᠯᠤᠨ᠎ᠠ᠃ ︽ᠲᠠᠪᠤᠨ ᠬᠥᠮᠦᠵᠢᠯ︾ ᠢ ᠵᠡᠷᠭᠡᠪᠡᠷ ᠴᠢᠬᠤᠯᠠᠴᠢᠯᠠᠬᠤ ᠬᠥᠮᠦᠵᠢᠭᠦᠯᠬᠦ ᠲᠤᠭᠳᠠᠯᠴᠠᠭ᠎ᠠ ᠶᠢ | ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠦᠬᠡᠳ ᠢ ᠪᠠᠶᠠᠷ ᠪᠠᠶᠠᠰᠬᠤᠯᠠᠩ ᠲᠠᠢ ᠡᠷᠡᠭᠦᠯ ᠢᠶᠠᠷ | ᠥᠰᠬᠡᠨ ᠪᠤᠶᠢᠵᠢᠭᠤᠯᠤᠨ᠎ᠠ᠃ | ᠡᠮᠴᠢᠯᠡᠭᠡᠨ ᠤ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠎ᠠ᠃ ᠡᠪᠡᠳᠴᠢᠨ ᠡᠮᠭᠡᠭ ᠢ ᠤᠷᠢᠳᠴᠢᠯᠡᠨ ᠰᠠᠷᠬᠡᠶᠢᠯᠡᠵᠤ | ᠡᠵᠡᠮᠳᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ︽ᠭᠤᠷᠪᠠᠨ | ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ︾ ᠶᠢ ᠠᠬᠢᠭᠤᠯᠵᠤ᠂ ︽ᠴᠢᠨᠠᠷ ᠰᠠᠶᠢᠳᠠᠢ ᠤᠶᠢᠯᠡᠴᠢᠯᠡᠭᠡ ᠶᠢ ᠦᠨᠳᠤᠰᠤᠨ ᠱᠠᠳᠤᠨ ᠳᠤ ᠭᠦᠷᠭᠡᠭᠦ︾ ᠠᠵᠢᠯᠯᠠᠭ᠎ᠠ ᠶᠢ | ᠥᠷᠨᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠤᠩᠭᠤᠯ ᠬᠢᠳᠠᠳ ᠡᠮᠨᠡᠯᠭᠡ ᠶᠢᠨ | ᠡᠷᠡᠭᠦᠯ ᠢᠶᠠᠷ ᠭᠦᠭᠵᠢᠭᠦ ᠶᠢ ᠠᠬᠢᠭᠤᠯᠤᠨ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠤᠲᠠ ᠶᠢᠨ | ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠶᠢᠨ ᠳ᠋ᠦᠩᠱᠧᠩ ᠤᠨ ᠬᠤᠪᠢᠶᠠᠷᠢ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠲᠥᠪ ᠤᠨ ᠲᠤᠷᠰᠢᠯᠲᠠ ᠶᠢᠨ ᠲᠠᠰᠤᠭ ᠢ ᠥᠷᠭᠡᠳᠬᠡᠨ ᠪᠠᠶᠢᠭᠤᠯᠬᠤ᠂ | ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠶᠢ ᠡᠮᠨᠡᠭᠦ ᠡᠭᠦᠳᠡᠨ ᠡᠮᠨᠡᠯᠭᠡ ᠶᠢᠨ ᠠᠰᠠᠷ ᠢ ᠰᠢᠨ᠎ᠠ ᠪᠠᠷ ᠪᠠᠶᠢᠭᠤᠯᠬᠤ ᠵᠡᠷᠭᠡ ᠲᠦᠷᠤᠯ | ᠵᠤᠶᠢᠯ ᠢ ᠬᠡᠷᠡᠭᠵᠢᠭᠦᠯᠤᠨ᠎ᠠ᠃ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠳᠠ ᠶᠢᠨ ᠱᠠᠳᠤᠨ ᠠᠴᠠ ᠨᠢᠭᠡᠳᠤᠯᠳᠠᠢ ᠬᠤᠷᠢᠶᠠᠨ᠂ ᠨᠢᠭᠡᠳᠤᠯᠳᠠᠢ ᠦᠭᠭᠦ | ᠠᠵᠢᠯ ᠢ ᠰᠠᠶᠢᠳᠤᠷ ᠬᠢᠵᠤ᠂ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢᠨ ᠬᠢᠨᠡᠨ ᠬᠠᠮᠢᠶᠠᠷᠤᠯᠳᠠ ᠶᠢ ᠴᠢᠩᠭᠠᠳᠬᠠᠨ᠎ᠠ᠃ ᠡᠮᠴᠢᠯᠡᠭᠡᠨ ᠤ ᠤᠶᠢᠯᠡᠴᠢᠯᠡᠭᠡ | ᠶᠢᠨ ᠦᠨ᠎ᠠ ᠬᠠᠩᠰᠢ ᠶᠢᠨ ᠦᠭᠡᠷᠡᠴᠢᠯᠠᠯᠳᠠ ᠪᠠ ᠡᠮᠨᠡᠯᠭᠡ ᠶᠢᠨ ᠳᠠᠭᠠᠳᠬᠠᠯ ᠤᠨ ᠦᠭᠭᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠤᠨ | ᠵᠤᠶᠢᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠤᠭ᠎ᠠ ᠪᠠᠷ ᠬᠤᠳᠠᠯᠳᠤᠨ ᠠᠪᠬᠤ ᠶᠢ ᠪᠥᠬᠦ ᠲᠠᠯ᠎ᠠ ᠪᠠᠷ | ᠬᠡᠷᠡᠭᠵᠢᠭᠦᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠦᠵᠡᠭᠦᠯᠬᠦ | ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠠᠰᠠᠷᠠᠮᠵᠢ ᠶᠢ ᠬᠥᠭᠵᠢᠭᠦᠯᠦᠨ᠎ᠡ᠃ ᠴᠡᠷᠢᠭ | ᠠᠴᠠ ᠬᠠᠯᠠᠭᠳᠠᠭᠰᠠᠳ ᠤᠨ ᠠᠵᠢᠯ ᠤᠨ ᠲᠤᠭᠳᠠᠯᠴᠠᠭ᠎ᠠ ᠪᠠ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠤᠶᠠᠷ ᠢ ᠬᠦᠷᠢᠶᠡᠯᠡᠵᠦ ᠬᠠᠮᠲᠤᠪᠠᠷ | ᠪᠠᠶᠢᠭᠤᠯᠬᠤ ᠠᠵᠢᠯ ᠢ ᠰᠠᠶᠢᠲᠤᠷ ᠬᠢᠨ᠎ᠠ᠃ | ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠠᠴᠢᠯᠡᠨᠡ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠵᠠᠮ ᠬᠠᠷᠢᠯᠴᠠᠭ᠎ᠠ᠂ ᠨᠡᠭᠦᠷᠡᠰᠦᠨ ᠠᠭᠤᠷᠬᠠᠶ᠂ ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ | ᠭᠦᠷᠢᠶ᠎ᠠ ᠴᠠᠷᠠᠭᠠᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠶ | ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ | ᠢ ᠠᠷᠭᠠᠴᠠᠬᠤ ᠲᠥᠬᠦᠭᠡᠷᠦᠮᠵᠢ ᠲᠣᠨᠣᠭᠯᠠᠯ ᠤᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠤᠶᠢᠯᠡᠰ ᠤᠨ ᠬᠢᠨᠡᠨ ᠬᠠᠮᠢᠶᠠᠷᠤᠯᠲᠠ ᠶᠢ ᠴᠢᠩᠳᠠᠯᠠᠵᠤ᠂ ᠠᠶᠤᠯᠭᠦᠢ ᠶᠢ ᠪᠠᠳᠤᠯᠠᠨ᠎ᠠ᠃ ︽ | ᠤᠮᠠᠷᠠᠲᠤ ᠬᠢᠯᠢ ᠶᠢᠨ ᠡᠭᠦᠯᠡᠨ · ᠤᠶᠤᠨᠴᠢ ᠳᠣᠲᠣᠭᠠᠳᠤ ᠶᠢ ᠬᠠᠮᠠᠭᠠᠯᠠᠬᠤ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ | ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠦᠷᠭᠦᠯᠵᠢᠯᠡᠨ ᠠᠬᠢᠭᠤᠯᠵᠤ᠂ ︽ | ᠣᠷᠳᠣ ᠬᠤᠭᠤᠴᠠᠭ᠎ᠠ ᠶᠢᠨ ᠪᠦᠲᠦᠮᠵᠢᠲᠡᠶ ᠪᠠᠶᠢᠩᠭᠤᠵᠢᠭᠰᠠᠨ ᠵᠠᠰᠠᠯᠲᠠ︾ ᠶᠢ ᠴᠢᠷᠮᠠᠶᠢᠨ ᠪᠡᠶᠡᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠲᠠᠪᠬᠤᠴᠠᠭᠰᠡᠨ ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠣᠤᠷᠵᠢᠭᠤᠯᠤᠭᠰᠠᠨ ᠬᠠᠮᠢᠶᠠᠷᠤᠯᠲᠠ ᠤᠶᠢᠯᠡᠴᠢᠯᠡᠭᠡ ᠶᠢ ᠴᠢᠩᠭᠠᠳᠬᠠᠨ᠂ ᠪᠥᠬᠦ ᠤᠯᠤᠰ | ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠰᠢᠯᠢᠳᠡᠭ ᠬᠤᠲᠠ ᠶᠢ ᠴᠢᠷᠮᠠᠶᠢᠨ | ᠪᠠᠶᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠷᠳᠣᠰ ᠤᠨ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠪᠣᠯ ᠬᠥᠭᠵᠢᠯᠲᠡ ᠳᠠᠪᠰᠢᠯᠲᠠ ᠶᠢᠨ ᠰᠠᠭᠤᠷᠢ ᠮᠦᠨ᠂ ᠡᠯ᠎ᠠ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠪᠤᠯᠤᠨ᠎ᠠ᠃ ᠪᠢᠳᠡ ᠦᠨᠳᠦᠰᠦᠲᠡᠨ ᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠡᠷᠡᠰ ᠲᠤᠤᠱᠯᠠᠭᠤᠯᠤᠨ᠂ | ᠡᠯ᠎ᠡ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠵᠥᠪ ᠣᠨᠣᠪᠴᠢᠲᠠᠶ ᠤᠯᠤᠰ ᠤᠨ ᠦᠵᠡᠯᠲᠡ᠂ | ᠦᠨᠳᠦᠰᠦᠲᠡᠨ ᠤ ᠦᠵᠡᠯᠲᠡ᠂ ᠲᠡᠤᠬᠡ ᠶᠢᠨ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠶ ᠪᠣᠯᠭᠠᠵᠤ᠂ ᠡᠯ᠎ᠡ | ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠴᠣᠭᠴᠠᠯᠠᠨ ᠪᠠᠶᠢᠭᠤᠯᠤᠨ᠎ᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ ᠱᠤᠭᠤᠵᠤ᠂ ︽ᠭᠤᠷᠪᠠᠨ ᠰᠠᠯᠵᠤ ᠴᠢᠳᠠᠬᠤ ᠥᠬᠡᠶ︾ ︽ᠲᠠᠪᠤ ᠶᠢ ᠮᠡᠳᠡᠷᠡᠬᠦ︾ ᠦᠵᠡᠯ | ᠰᠠᠨᠠᠭ᠎ᠠ ᠶᠢ ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ ᠤ ᠴᠢᠰᠤᠨ ᠳᠤ ᠠᠭᠤᠰᠤᠯᠴᠠᠭᠤᠯᠵᠤ᠂ ᠡᠯ᠎ᠠ ᠦᠨᠳᠦᠰᠦᠲᠡᠨ ᠨᠦᠭᠦᠳ ᠠᠨᠠᠷ ᠤᠨ ᠦᠷ᠎ᠡ ᠮᠡᠳᠤ | ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠪᠢᠳᠠ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠰᠣᠯᠪᠢᠴᠠᠯ ᠤᠨ ᠬᠤᠭᠤᠴᠠᠭᠠᠨ ᠳᠤ ᠤᠷᠤᠰᠢᠵᠤ᠂ | ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠤ ᠡᠮᠦᠨ᠎ᠡ᠂ ᠯᠠᠪᠲᠠᠢ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ ᠪᠠᠷ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠳᠤᠭ ᠳᠡᠮᠳᠡᠭ ᠳᠤᠳᠤᠷᠬᠠᠢ ᠪᠠᠷ ᠤᠯᠤᠰ ᠳᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠦᠢᠯᠠᠭᠠᠵᠦ ᠪᠤᠳᠠᠳᠠᠶᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ︽ᠳᠥᠷᠪᠡᠨ ᠦᠵᠡᠯ ᠤᠬᠠᠮᠰᠠᠷ︾ ᠢᠶᠠᠨ | ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠬᠡᠬᠦᠳᠡᠭ ᠴᠡᠬᠡᠵᠢᠨ ᠳᠡᠭᠡᠨ ᠢᠮᠠᠭᠳᠠ ︽ᠤᠯᠤᠰ | ᠤᠨ ᠶᠡᠭᠡ ᠲᠠᠯ᠎ᠠ︾ ᠶᠢ ᠪᠠᠭᠳᠠᠭᠠᠵᠣ᠂ ᠤᠯᠤᠰ ᠳᠦᠷᠦ ᠶᠢᠨ ᠲᠠᠯ᠎ᠠ ᠠᠴᠠ ᠠᠰᠠᠭᠤᠳᠠᠯ ᠢ ᠰᠡᠳᠬᠢᠨ᠂ ᠰᠤᠳᠤᠯᠬᠤ᠂ ᠰᠢᠢᠳᠪᠤᠷᠢᠯᠡᠬᠦ ᠳᠤ ᠪᠠᠨ ᠴᠢᠳᠠᠮᠠᠭᠠᠢ ᠪᠠᠶᠢᠵᠦ᠂ | ᠤᠯᠤᠰ ᠳᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠳᠦᠷᠦ ᠶᠢᠨ ᠤᠬᠠᠵᠣ ᠮᠡᠳᠡᠬᠦ ᠴᠢᠳᠠᠪᠤᠷᠢ᠂ ᠤᠯᠤᠰ ᠳᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ | ᠲᠡᠭᠡᠭᠰᠢᠯᠡᠭᠦᠯᠦᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠦ᠂ ᠦᠵᠡᠯ ᠤᠬᠠᠮᠰᠠᠷ | ᠤᠨ ᠬᠡᠯᠪᠡᠷᠢ ᠶᠢᠨ ᠠᠵᠢᠯ ᠢ ᠴᠢᠩᠭᠠᠳᠬᠠᠨ᠂ ᠤᠯᠤᠰ ᠳᠦᠷᠦ ᠶᠢᠨ ᠰᠠᠬᠢᠯᠭ᠎ᠠ ᠪᠠᠳᠤ᠂ ᠤᠯᠤᠰ ᠳᠦᠷᠦ ᠶᠢᠨ ᠶᠤᠰᠤ ᠳᠦᠷᠢᠮ ᠢ ᠴᠢᠩᠳᠠᠯᠠᠵᠦ᠂ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠷ ᠢᠶᠠᠨ ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠬᠦ ᠤᠯᠤᠰ ᠳᠦᠷᠦ ᠶᠢᠨ ᠬᠡᠪ ᠴᠢᠨᠠᠷ ᠢ ᠤᠬᠠᠮᠰᠠᠷ ᠠᠴᠠ | ᠪᠠᠨ ᠳᠠᠪᠳᠡᠨ ᠪᠤᠯᠪᠠᠰᠤᠷᠠᠭᠤᠯᠤᠨ᠎ᠠ᠃ | ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠡᠷᠡᠰ ᠲᠤᠤᠱᠯᠠᠭᠤᠯᠵᠦ᠂ | ᠬᠠᠤᠯᠢ ᠴᠠᠭᠠᠵᠠ ᠶᠢ ᠡᠷᠬᠢᠮᠯᠡᠬᠦ ᠶᠢ ᠪᠠᠷᠢᠮᠲᠠᠯᠠᠨ᠂ ᠲᠤᠰᠢᠶᠠᠯ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠨ᠂ ᠵᠠᠰᠠᠭ ᠤᠨ ᠣᠷᠳᠣᠨ ᠤ ᠠᠵᠢᠯᠳᠠᠳ ᠤᠨ | ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ ᠲᠠᠯᠪᠢᠯᠳᠠ ᠪᠠ ᠠᠵᠢᠯ ᠤᠨ ᠬᠢᠨᠠᠯᠲᠠ ᠲᠠᠯᠪᠢᠯᠳᠠ ᠶᠢ ᠬᠠᠤᠯᠢ ᠶᠣᠰᠣᠭᠠᠷ ᠬᠦᠯᠢᠶᠡᠨ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ | ᠢᠶᠠᠷ ᠬᠢᠨᠠᠯᠳᠡ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠬᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠂ ᠵᠠᠰᠠᠭ ᠤᠨ ᠤᠷᠳᠤᠨ ᠤ ᠠᠵᠢᠯ ᠢ ᠨᠠᠩ ᠢᠯᠡ ᠲᠣᠳᠣ ᠪᠣᠯᠭᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠲᠤᠰᠬᠠᠶ ᠴᠡᠭᠴᠡᠯᠡᠨ | ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠲᠥᠷᠥ ᠶᠢᠨ ᠠᠮᠢ ᠠᠬᠤᠶ ᠶᠢ ᠴᠢᠨᠠᠭᠰᠢᠳᠠ ᠴᠡᠪᠡᠷᠰᠢᠭᠦᠯᠦᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ | ᠥᠨᠳᠥᠷ ᠪᠦᠳᠦᠮᠵᠢᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠪᠦᠬᠦᠯᠢ ᠴᠣᠭᠴᠠ ᠶᠢᠨ ᠤᠬᠠᠮᠰᠠᠷ ᠢ | ᠴᠢᠩᠭᠠᠳᠬᠠᠵᠤ᠂ ᠬᠤᠲᠠ ᠪᠠ ᠬᠤᠰᠢᠭᠤ ᠲᠣᠭᠤᠷᠢᠭ᠂ ᠰᠠᠯᠠᠭ᠎ᠠ ᠮᠥᠴᠢᠷ ᠪᠠ ᠬᠤᠰᠢᠭᠤ ᠲᠣᠭᠤᠷᠢᠭ ᠤᠨ ᠬᠠᠷᠢᠴᠠᠭ᠎ᠠ ᠶᠢ ᠰᠢᠯᠤᠭᠤᠳᠬᠠᠵᠤ᠂ ᠡᠷᠬᠡ | ᠬᠠᠷᠢᠭᠤᠴᠠᠯᠭ᠎ᠠ ᠨᠢ ᠲᠣᠳᠣᠷᠬᠠᠢ᠂ ᠬᠡᠷᠡᠭᠵᠢᠭᠦᠯᠦᠯᠲᠡ ᠨᠢ ᠭᠦᠴᠦᠨ ᠲᠠᠢ᠂ ᠬᠠᠮᠵᠢᠯᠴᠠᠯ ᠨᠢ ᠥᠨᠳᠥᠷ ᠪᠦᠲᠦᠮᠵᠢᠲᠡᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠲᠤᠭᠳᠠᠯᠴᠠᠭ᠎ᠠ ᠶᠢ ᠪᠠᠶᠢᠭᠤᠯᠤᠨ᠎ᠠ᠃ ᠠᠰᠠᠭᠤᠳᠠᠯ᠂ ᠬᠠᠷᠠᠯᠲᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠠᠵᠢᠯ ᠢ ᠲᠥᠷᠥᠯ ᠵᠦᠢᠯᠵᠢᠬᠦᠯᠬᠦ | ᠂ ᠲᠥᠷᠥᠯ ᠵᠦᠢᠯ ᠢ ᠨᠠᠷᠢᠨ ᠳᠠᠩᠰᠠᠵᠢᠭᠤᠯᠬᠤ᠂ ᠨᠠᠷᠢᠨ ᠳᠠᠩᠰᠠ ᠶᠢ ᠬᠠᠷᠢᠭᠤᠴᠠᠯᠭᠠᠵᠢᠭᠤᠯᠬᠤ ᠶᠢ ᠪᠠᠷᠢᠮᠳᠠᠯᠠᠵᠦ᠂ ᠠᠵᠤ ᠠᠬᠤᠶ ᠶᠢᠨ ᠬᠥᠭᠵᠢᠯᠲᠡ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠠᠬᠢ ᠠᠰᠠᠭᠤᠳᠠᠯ ᠤᠨ ᠳᠤᠲᠠᠭᠤᠳᠠᠯ ᠢ ᠪᠦᠬᠦ ᠬᠦᠴᠦᠨ ᠢᠶᠠᠷ ᠢᠶᠠᠨ | ᠰᠢᠢᠳᠪᠤᠷᠢᠯᠡᠨ᠎ᠡ᠃ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠰᠢᠪᠠᠳᠠᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠲᠦᠷᠢᠮ᠂ | ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠦᠢᠴᠡᠳᠬᠡᠬᠦ ᠶᠣᠰᠣᠲᠠᠢ ᠶᠠᠪᠤᠳᠠᠯ ᠢ ᠰᠢᠭᠤᠳ ᠰᠢᠯᠤᠭᠤᠬᠠᠨ ᠭᠦᠢᠴᠡᠳᠬᠡᠵᠣ᠂ | ᠥᠨᠥᠳᠦᠷ ᠲᠡᠭᠡᠨ ᠭᠦᠢᠴᠡᠳᠬᠡᠵᠣ ᠳᠡᠶᠢᠯᠬᠦ ᠶᠠᠪᠤᠳᠠᠯ ᠢ ᠦᠨᠦᠳᠦᠷ ᠲᠡᠭᠡᠨ ᠭᠦᠢᠴᠡᠳᠬᠡᠵᠣ᠂ ᠶᠠᠪᠤᠳᠠᠯ ᠪᠦᠬᠦᠨ ᠢ ᠳᠠᠷᠤᠢ ᠳᠦᠷᠭᠡᠨ ᠭᠦᠢᠴᠡᠳᠬᠡᠵᠦ᠂ ᠵᠤᠶᠢᠯ | ᠪᠦᠬᠦᠨ ᠨᠢ ᠦᠷ᠎ᠡ ᠳ᠋ᠦᠩ ᠲᠠᠢ ᠪᠠᠶᠢᠬᠤ ᠶᠢ ᠦᠨᠡᠨ ᠬᠦ ᠪᠠᠳᠤᠯᠠᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠳᠦᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠤᠷᠳᠤ ᠤᠳᠠᠭᠠᠨ ᠢᠶᠠᠷ ᠪᠠᠷᠢᠮᠳᠠᠯᠠᠨ ᠵᠠᠯᠠᠷᠠᠭᠤᠯᠤᠨ᠎ᠠ᠃ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ | ᠶᠢᠨ ᠭᠤᠭᠴᠤᠭᠠᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠢᠯᠵᠠᠷᠠᠮᠠᠯ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠨ᠎ᠡ᠃ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠤᠭᠳᠠᠯᠴᠠᠭ᠎ᠠ ᠶᠢ ᠲᠡᠭᠦᠯᠳᠡᠷᠵᠢᠭᠦᠯᠵᠦ᠂ ᠵᠣᠭᠤᠰ ᠵᠠᠷᠤᠪᠠᠯ ᠵᠠᠪᠠᠯ ᠦᠷ᠎ᠡ ᠪᠦᠲᠦᠮᠵᠢ ᠶᠢ ᠠᠰᠠᠭᠤᠬᠤ | ᠂ ᠦᠷ᠎ᠠ ᠪᠦᠲᠦᠮᠵᠢ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠵᠦ᠂ ᠨᠡᠩ ᠶᠡᠭᠡ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ | ᠬᠡᠷᠡᠭᠯᠡᠬᠦ ᠪᠠᠷ ᠴᠢᠷᠮᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠴᠥᠮ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠠᠵᠢᠯᠴᠢ ᠠᠷᠪᠢᠴᠢ ᠪᠠᠶᠢᠵᠦ᠂ ᠵᠠᠷᠤᠵᠤ | ᠪᠣᠯᠬᠤ ᠦᠭᠡᠢ᠂ ᠵᠠᠷᠤᠬᠤ ᠴᠢᠬᠤᠯᠠ ᠦᠭᠡᠢ ᠪᠠ ᠲᠦᠷ ᠵᠠᠷᠤᠬᠤ ᠴᠢᠬᠤᠯᠠ ᠦᠭᠡᠢ ᠵᠣᠭᠤᠰ ᠢ ᠤᠭᠳᠤ ᠵᠠᠷᠤᠬᠤ ᠦᠭᠡᠢ ᠪᠠᠶᠢᠵᠤ᠂ ᠵᠠᠰᠠᠭ ᠤᠨ ᠣᠷᠳᠣᠨ ᠤ ︽ | ᠠᠷᠪᠢᠴᠢ ᠠᠮᠢᠳᠤᠷᠠᠯ︾ ᠢᠶᠠᠷ ᠠᠷᠠᠳ ᠤᠯᠠᠨ ᠤ ︽ᠰᠠᠶᠢᠬᠠᠨ ᠠᠮᠢᠳᠤᠷᠠᠯ︾ ᠢ ᠰᠣᠯᠢᠵᠤ ᠠᠪᠴᠢᠷᠠᠨ᠎ᠠ᠃ | ᠲᠥᠯᠥᠭᠡᠯᠡᠭᠴᠢᠳ ᠡ︕ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠠ ᠬᠦᠨᠳᠦ ᠨᠣᠴᠢᠲᠠᠢ ᠪᠠᠶᠢᠨ᠎ᠠ᠂ ᠪᠢᠳᠡ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ︽ᠲᠦᠷᠪᠡᠨ ᠲᠠᠯ᠎ᠠ ᠶᠢᠨ | ᠬᠠᠷᠢᠭᠤᠴᠠᠯᠭ᠎ᠠ︾ ᠪᠣᠯᠤᠨ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠠᠯᠲᠤ ᠴᠢᠨᠠᠷᠲᠠᠢ ᠠᠷᠭ᠎ᠠ ᠬᠡᠮᠵᠢᠶ᠎ᠡ | ᠪᠠᠷ ᠲᠤᠭᠳᠠᠪᠦᠷᠢᠳᠤ ᠪᠤᠰᠤ ᠬᠦᠴᠦᠨ ᠵᠦᠢᠯ ᠢ ᠠᠷᠭᠠᠴᠠᠬᠤ᠂ ᠬᠢᠵᠢᠭ ᠤᠨ ᠪᠠᠶᠢᠳᠠᠯ ᠲᠠᠬᠢᠨ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ | ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠶ᠎ᠠ︕ | ᠲᠥᠯᠥᠭᠡᠯᠡᠭᠴᠢᠳ ᠡ︕ ᠪᠢᠳᠡ ᠪᠦᠬᠦ ᠬᠤᠲᠠ ᠶᠢᠨ 200 ᠭᠠᠷᠤᠶ ᠲᠦᠮᠡᠨ ᠡᠯ᠎ᠡ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ | ᠠᠴᠢᠶᠠᠯᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠭᠦᠯᠦᠯ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠪᠠᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠤᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠷᠭᠠᠭᠤ ᠬᠠᠳᠠᠭᠤᠵᠢᠯᠲᠠᠢ ᠪᠠᠷ ᠲᠡᠮᠡᠴᠡᠨ ᠠᠷᠠᠳ ᠲᠦᠮᠡᠨ ᠳᠤ | ᠣᠶᠢᠯᠡᠴᠢᠯᠡᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠲᠡᠷᠢᠭᠦᠨ ᠲᠤᠬᠢᠶᠠᠯ ᠢ ᠪᠦᠬᠦ ᠭᠦᠴᠦᠨ ᠢᠶᠠᠷ ᠢᠶᠠᠨ ᠪᠤᠢ ᠪᠤᠯᠭᠠᠨ᠂ ᠬᠦᠭᠵᠢᠯᠳᠡ ᠶᠢᠨ ᠰᠢᠨ᠎ᠡ | ᠬᠠᠭᠤᠳᠠᠰᠤ ᠶᠢ ᠰᠦᠪᠡᠭᠴᠢᠯᠡᠨ᠂ ᠰᠢᠨ᠎ᠡ ᠪᠠᠶᠢᠳᠠᠯ ᠢ ᠨᠡᠭᠡᠭᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠰᠢᠯᠢᠳᠡᠭ ᠬᠢᠷᠢ ᠪᠦᠳᠦᠮᠵᠢ ᠪᠠᠷ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢ ᠰᠠᠶᠢᠬᠠᠨ ᠡᠬᠢᠯᠡᠭᠦᠯᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ | ᠶᠢ ᠪᠡᠯᠭᠡᠯᠡᠶ᠎ᠡ︕ | | | | | | | ᠨᠡᠷ᠎ᠡ ᠦᠬᠡᠰ ᠤᠨ ᠲᠠᠶᠢᠯᠪᠤᠷᠢ | | ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ᠂ ᠮᠥᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠣᠭᠤᠯᠤᠯᠲᠠ᠂ | ᠵᠢᠱᠢᠯᠲᠡ ᠶᠢ ᠲᠣᠭᠲᠠᠪᠤᠷᠢᠵᠢᠭᠤᠯᠬᠤ᠃ | ᠵᠢᠷᠭᠤᠭ᠎ᠠ ᠶᠢ ᠪᠠᠳᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ᠂ ᠠᠷᠠᠳ ᠤᠨ ᠦᠨᠳᠦᠰᠦᠨ ᠠᠮᠢᠳᠤᠷᠠᠯ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠠᠮᠤ | ᠪᠣᠳᠠᠭ᠎ᠠ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠤᠭᠳᠠᠭᠤᠨ᠂ ᠦᠨᠳᠦᠰᠦᠨ ᠱᠠᠲᠤᠨ ᠤ ᠡᠷᠬᠢᠯᠳᠡ ᠶᠢ | ᠪᠠᠲᠤᠯᠠᠬᠤ᠃ | ᠳᠥᠷᠪᠡᠨ ᠡᠷᠲᠡ ᠶᠢᠨ ᠱᠠᠭᠠᠷᠳᠠᠯᠭ᠎ᠠ᠄ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ᠃ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ︽ᠭᠤᠷᠪᠠᠨ ᠡᠬᠡ ᠲᠠᠩᠰᠠ︾᠄ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠵᠡᠩᠨᠡᠯᠲᠡ ᠶᠢᠨ ᠲᠥᠷᠥᠯ᠂ ᠡᠷᠦᠬᠡ ᠳᠤ | ᠬᠦᠷᠬᠦ ᠲᠥᠷᠥᠯ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠬᠡ ᠲᠠᠩᠰᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ᠄ ︽ᠰᠦᠪᠡᠭᠴᠢ ᠶᠢ ᠴᠡᠪᠡᠷᠯᠡᠬᠦ︾ ᠠᠵᠢᠯᠯᠠᠭ᠎ᠠ᠂ ︽ᠤᠷᠭᠤᠳᠠᠭᠤᠯ | ᠬᠡᠷᠡᠭᠲᠠᠨ ᠢ ᠴᠡᠪᠡᠷᠯᠡᠬᠦ︾ ᠠᠵᠢᠯᠯᠠᠭ᠎ᠠ᠂ ︽ᠬᠡᠷᠡᠭ ᠢ ᠴᠡᠪᠡᠷᠯᠡᠬᠦ︾ ᠠᠵᠢᠯᠯᠠᠭ᠎ᠠ᠂ ︽ᠦᠮᠦᠭ ᠲᠦᠰᠢᠭ ᠢ ᠴᠡᠪᠡᠷᠯᠡᠬᠦ︾ ᠠᠵᠢᠯᠯᠠᠭ᠎ᠠ᠂ ︽ᠬᠠᠤᠯᠢ ᠪᠤᠰᠤ ᠤᠯᠵᠠ | ᠶᠢ ᠴᠡᠪᠡᠷᠯᠡᠬᠦ︾ ᠠᠵᠢᠯᠯᠠᠭ᠎ᠠ᠂ ︽ᠠᠵᠢᠯ ᠲᠦᠷᠦᠯ ᠤᠨ ᠦᠨᠳᠦᠰᠦᠨ ᠠᠴᠠ ᠨᠢ ᠴᠡᠪᠡᠷᠯᠡᠬᠦ︾ ᠠᠵᠢᠯᠯᠠᠭ᠎ᠠ᠃ | ᠡᠨᠧᠷᠭᠢ ᠶᠢᠨ ᠬᠤᠷᠤᠭᠳᠠᠯ ᠤᠨ ᠬᠤᠶᠠᠷ ᠢ ᠬᠢᠵᠠᠭᠠᠷᠯᠠᠬᠤ᠄ ᠡᠨᠧᠷᠭᠢ ᠶᠢᠨ ᠬᠤᠷᠤᠭᠳᠠᠯ ᠤᠨ ᠡᠷᠴᠢᠮ ᠪᠠ ᠡᠨᠧᠷᠭᠢ ᠶᠢᠨ ᠬᠤᠷᠤᠭᠳᠠᠯ ᠤᠨ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠶᠢ | ᠵᠦᠭᠰᠢᠷᠡᠭᠦᠯᠦᠨ ᠨᠠᠮᠳᠠᠭᠠᠬᠤ᠄ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠪᠤᠯ ᠮᠠᠨ ᠤ ᠤᠯᠤᠰ 2030 ᠣᠨ ᠠᠴᠠ | ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠨᠡᠮᠡᠭᠳᠡᠭᠦᠯᠬᠦ ᠦᠬᠡᠢ ᠪᠤᠯᠭᠠᠵᠣ᠂ ᠣᠷᠭᠢᠯ ᠬᠡᠮᠵᠢᠭᠳᠡᠯ ᠳᠤ ᠬᠦᠷᠦᠭᠰᠡᠨ ᠤ | ᠳᠠᠷᠠᠭ᠎ᠠ ᠠᠭᠠᠵᠢᠮ ᠢᠶᠠᠷ ᠪᠠᠭᠤᠷᠠᠭᠤᠯᠤᠨ᠎ᠠ︔ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠪᠣᠯ ᠮᠠᠨ ᠤ | ᠤᠯᠤᠰ 2060 ᠵᠢᠯ ᠠᠴᠠ ᠡᠮᠦᠨ᠎ᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠳᠤ ᠴᠢᠭᠯᠡᠭᠦᠯᠦᠨ᠂ ᠮᠣᠳᠣ ᠳᠠᠷᠢᠬᠤ᠂ ᠡᠨᠧᠷᠭᠢ | ᠠᠷᠪᠢᠯᠠᠵᠤ ᠭᠠᠳᠠᠭᠰᠢᠯᠠᠭᠤᠯᠣᠯᠳᠠ ᠶᠢ ᠪᠠᠭᠠᠰᠬᠠᠬᠤ ᠵᠡᠷᠭᠡ ᠡᠯ᠎ᠡ ᠵᠣᠶᠢᠯ ᠤᠨ ᠠᠷᠭ᠎ᠠ ᠮᠠᠶ᠋ᠢᠭ ᠢᠶᠠᠷ ᠪᠦᠬᠦᠨ ᠢ ᠦᠬᠡᠶᠢᠰᠬᠡᠨ᠎ᠡ᠃ | ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠲᠡ᠄ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ | ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠠᠮᠦᠷ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠨ᠎ᠠ︔ ᠤᠯᠤᠰ ᠤᠨ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ | ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠢ ᠪᠠᠶᠢᠭᠤᠯᠤᠨ᠎ᠠ︔ ᠮᠠᠨ ᠤ ᠤᠯᠤᠰ ᠤᠨ ᠤᠮᠠᠷᠠᠰᠢ ᠴᠢᠯᠤᠬᠡᠲᠠᠢ ᠶᠠᠪᠤᠯᠴᠠᠬᠤ ᠴᠢᠬᠤᠯᠠ ᠪᠠᠬᠢᠯᠡᠯᠲᠡ ᠶᠢ | ᠪᠠᠶᠢᠭᠤᠯᠤᠨ᠎ᠠ᠃ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ᠄ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ | ᠡᠮ ᠢ ᠬᠢᠵᠠᠭᠠᠷᠯᠠᠨ ᠬᠤᠤᠷ ᠬᠦᠨᠦᠬᠡᠯ ᠢ ᠪᠠᠭᠠᠰᠬᠠᠬᠤ᠂ ᠪᠦᠷᠬᠦᠪᠴᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ | ᠪᠠᠭᠠᠰᠬᠠᠬᠤ᠃ | ᠳᠥᠷᠪᠡ ᠶᠢ ᠬᠠᠶᠠᠬᠤ ᠥᠬᠡᠶ᠄ ᠶᠠᠳᠠᠭᠤ ᠠᠴᠠ ᠠᠩᠭᠢᠵᠢᠷᠠᠭᠰᠠᠨ ᠴᠣ᠋ ᠬᠠᠷᠢᠭᠤᠴᠠᠯᠭ᠎ᠠ ᠪᠠᠨ ᠬᠠᠶᠠᠬᠤ ᠥᠬᠡᠶ᠂ ᠶᠠᠳᠠᠭᠤ ᠠᠴᠠ ᠠᠩᠭᠢᠵᠢᠷᠠᠭᠰᠠᠨ ᠴᠣ᠋ ᠲᠥᠷᠥ ᠶᠢᠨ | ᠪᠣᠳᠣᠯᠭ᠎ᠠ ᠪᠠᠨ ᠲᠠᠰᠤᠯᠳᠠᠭᠤᠯᠬᠤ ᠦᠬᠡᠢ᠂ ᠶᠠᠳᠠᠭᠤ ᠠᠴᠠ ᠠᠩᠭᠢᠵᠢᠷᠠᠭᠰᠠᠨ ᠴᠣ᠋ ᠬᠠᠪᠰᠤᠷᠤᠨ ᠲᠡᠳᠬᠦᠬᠦ ᠪᠠᠨ ᠪᠤᠯᠢᠬᠤ ᠥᠬᠡᠶ᠂ ᠶᠠᠳᠠᠭᠤ ᠠᠴᠠ ᠠᠩᠭᠢᠵᠢᠷᠠᠭᠰᠠᠨ | ᠴᠣ᠋ ᠬᠢᠨᠠᠨ ᠬᠠᠮᠢᠶᠠᠷᠤᠯᠲᠠ ᠪᠠᠨ ᠰᠤᠯᠠᠷᠠᠭᠤᠯᠬᠤ ᠥᠬᠡᠶ᠃ | ᠳᠥᠷᠪᠡᠨ ᠪᠦᠰᠡ ᠨᠢᠭᠡ ᠣᠷᠣᠨ᠄ ᠬᠠᠲᠤᠨ ᠭᠤᠤᠯ ᠳᠠᠭᠠᠤ ᠶᠢᠨ ᠥᠩᠭᠡ ᠦᠵᠡᠮᠵᠢ ᠶᠢᠨ ᠵᠢᠭᠤᠯᠴᠢᠯᠠᠯ ᠤᠨ ᠪᠦᠰᠡ᠂ ᠡᠯᠡᠰᠦᠨ ᠴᠥᠯ ᠤᠨ ᠠᠮᠢ ᠠᠬᠤᠶ ᠶᠢᠨ | ᠵᠢᠭᠤᠯᠴᠢᠯᠠᠯ ᠤᠨ ᠪᠦᠰᠡ᠂ ᠲᠠᠯ᠎ᠠ ᠨᠤᠲᠤᠭ ᠤᠨ ᠦᠨᠳᠦᠰᠦᠲᠡᠨ ᠤ ᠵᠠᠩ ᠠᠭᠠᠯᠢ ᠶᠢᠨ ᠪᠦᠰᠡ᠂ ᠬᠤᠪᠢᠰᠬᠠᠯᠳᠤ ᠵᠢᠭᠤᠯᠴᠢᠯᠠᠯ ᠤᠨ ᠪᠦᠰᠡ ᠪᠠ ᠳ᠋ᠦᠩᠱᠧᠩ | ᠠᠯᠳᠠᠨᠰᠢᠷᠡᠬᠡᠳᠤ ᠬᠢᠶ᠎ᠡ ᠪᠠᠭᠰᠢ ᠪᠠᠷ ᠭᠤᠤᠯ ᠪᠣᠯᠭᠠᠭᠰᠠᠨ ᠬᠤᠲᠠ ᠶᠢᠨ ᠰᠡᠯᠡᠭᠦᠴᠡᠯ ᠠᠮᠠᠷᠠᠯᠲᠠ ᠶᠢᠨ ᠣᠷᠣᠨ᠃ | ᠵᠢᠭᠤᠯᠴᠢᠯᠠᠯ ᠤᠨ ᠰᠢᠨ᠎ᠡ IP᠄ ᠵᠢᠭᠤᠯᠴᠢᠯᠠᠯ ᠤᠨ ᠴᠡᠭ ᠤᠨ ᠵᠢᠷᠤᠭ ᠲᠥᠯᠥᠪᠯᠡᠭᠡ᠂ ᠵᠢᠭᠤᠯᠴᠢᠯᠠᠯ ᠤᠨ ᠱᠤᠭᠤᠮ ᠤᠨ ᠲᠣᠬᠢᠷᠠᠭᠤᠯᠤᠯᠲᠠ᠂ ᠵᠢᠭᠤᠯᠴᠢᠯᠠᠯ ᠤᠨ | ᠦᠵᠡᠮᠵᠢ ᠤᠷᠤᠨ ᠢ ᠪᠣᠶ ᠪᠣᠯᠭᠠᠬᠤ᠂ ᠵᠢᠭᠤᠯᠴᠢᠯᠠᠯ ᠤᠨ ᠵᠣᠷᠢᠭᠰᠠᠨ ᠭᠠᠵᠠᠷ ᠢ ᠪᠦᠷᠢᠯᠳᠦᠭᠦᠯᠬᠦ ᠵᠡᠷᠭᠡ ᠰᠢᠷᠢᠰ ᠶᠠᠪᠤᠴᠠ ᠶᠢ ᠪᠣᠳᠠᠲᠠᠶ ᠪᠠᠷ ᠪᠠᠭᠲᠠᠭᠠᠨ᠎ᠠ᠃ | ᠭᠤᠷᠪᠠᠨ ᠰᠠᠯᠵᠤ ᠴᠢᠳᠠᠬᠤ ᠦᠭᠡᠢ᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ | ᠦᠨᠳᠦᠰᠦᠲᠡᠨ ᠴᠦ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠣ᠋ ᠬᠠᠷᠢᠯᠴᠠᠨ ᠰᠠᠯᠵᠤ ᠴᠢᠳᠠᠬᠤ | ᠦᠭᠡᠢ᠃ | ᠲᠠᠪᠤ ᠶᠢ ᠮᠡᠳᠡᠷᠡᠬᠦ᠄ ᠠᠭᠤᠤ ᠶᠡᠭᠡ ᠡᠬᠡ ᠤᠯᠤᠰ ᠢᠶᠠᠨ ᠮᠡᠳᠡᠷᠡᠬᠦ᠂ ᠳᠤᠮᠳᠠᠳᠤ ᠶᠢᠨ ᠦᠨᠳᠦᠰᠦᠲᠡᠨ ᠢᠶᠠᠨ ᠮᠡᠳᠡᠷᠡᠬᠦ᠂ ᠳᠤᠮᠳᠠᠳᠤ ᠶᠢᠨ ᠰᠣᠶᠣᠯ ᠢᠶᠠᠨ ᠮᠡᠳᠡᠷᠡᠬᠦ᠂ | ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠮᠡᠳᠡᠷᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠨ ᠮᠡᠳᠡᠷᠡᠬᠦ᠃ | ᠳᠥᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ | | | | | | | | | | | | | | | | | | | | | | |