2021 ᠣᠨ ᠤ ᠪᠥᠬᠦ ᠬᠤᠳᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠠᠶᠢᠳᠤᠷ ᠬᠢᠬᠦ ᠲᠤᠬᠠᠶ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ  ᠤᠷᠳᠤᠰ ᠵᠠᠰᠠᠭ ᠠᠯᠪᠠᠨ ᠲᠠᠷᠬᠠᠭᠠᠭᠰᠠᠨ ﹇2021﹈ 25 ᠳ᠋ᠤᠭᠠᠷ ᠲᠣᠭᠠᠳᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄    2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠪᠣᠯᠤᠨ᠎ᠠ᠃ ᠪᠦᠬᠦ ᠬᠤᠲᠠ ᠶᠢᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠦᠨᠡᠨᠬᠦ ᠬᠢᠵᠣ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠬᠦᠴᠦᠲᠡᠶ ᠠᠬᠢᠭᠤᠯᠬᠤ ᠶᠢᠨ ᠲᠤᠰᠠᠳᠠ᠂ ︽2021 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2021﹈ 25 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 2021 ᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠃   ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ    ᠡᠯ᠎ᠡ ᠬᠤᠰᠢᠭᠤ ᠲᠤᠭᠤᠷᠢᠭ ᠨᠤᠭᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠵᠤ ᠲᠣᠭᠲᠠᠭᠠᠭᠰᠠᠨ 2021 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷᠢᠮᠵᠢᠶ᠎ᠠ ᠶᠢ 2021 ᠣᠨ ᠤ 1 ᠳ᠋ᠤᠬᠡᠷ ᠰᠠᠷ᠎ᠠ ᠠᠴᠠ ᠡᠬᠢᠯᠡᠨ ᠬᠡᠷᠡᠭᠵᠢᠭᠦᠯᠬᠦ ᠶᠢᠨ ᠬᠠᠮᠲᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠯᠠ ᠮᠥᠩᠭᠦ ᠪᠠᠨ ᠨᠥᠬᠦᠵᠦ ᠥᠭᠴᠦ ᠳᠠᠭᠤᠰᠬᠠᠨ᠂ ᠠᠪᠤᠷᠠᠨ ᠲᠤᠰᠠᠯᠠᠬᠤ ᠬᠡᠪᠴᠢᠶ᠎ᠡ ᠠᠴᠠ ᠭᠠᠷᠤᠭᠰᠠᠨ ᠪᠠᠶᠢᠪᠠᠯ ᠲᠠᠬᠢᠨ ᠨᠥᠬᠦᠵᠦ ᠦᠭᠬᠦ ᠥᠬᠡᠶ᠃ ︽ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ ᠶᠢᠨ ᠬᠢᠨᠠᠨ ᠬᠠᠮᠢᠶᠠᠷᠤᠯᠳᠠ ᠶᠢᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠶ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠪᠠᠩᠬᠢ ᠳᠠᠭᠠᠳᠬᠠᠯ ᠤᠨ ᠣᠶᠢᠯᠡᠰ ᠤᠨ ᠬᠢᠨᠠᠨ ᠬᠠᠮᠢᠶᠠᠷᠤᠯᠳᠠ ᠶᠢᠨ ᠵᠥᠪᠯᠡᠯ ᠤᠨ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2020﹈ 30 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠦᠭᠬᠦ ᠶᠢ ᠦᠨᠡᠨᠬᠦ ᠪᠠᠲᠤᠯᠠᠬᠤ ᠬᠡᠷᠡᠭᠲᠡᠶ᠃   ᠬᠤᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠵᠦᠢᠯ ᠢ ᠪᠠᠲᠤᠯᠠᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠦᠷᠬᠡᠳᠬᠡᠬᠦ ᠬᠡᠷᠡᠭᠲᠠᠢ    ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ ︽ᠳᠥᠷᠪᠡ ᠶᠢ ᠰᠠᠯᠭᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠴᠠᠭ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠠᠨ ᠲᠣᠭᠲᠠᠭᠤᠨ ᠪᠠᠶᠢᠯᠭᠠᠬᠤ ᠬᠡᠷᠡᠭᠲᠡᠶ᠃ ᠠᠵᠢᠯ ᠣᠯᠭᠤᠯᠲᠠ ᠶᠢ ᠪᠡᠶᠡᠯᠡᠭᠦᠯᠦᠭᠰᠡᠨ ᠮᠥᠷᠲᠡᠭᠡᠨ ᠭᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠪᠠᠲᠤᠯᠠᠭ᠎ᠠ  ᠶᠢᠨ ᠪᠠᠷᠢᠮᠵᠢᠶ᠎ᠠ ᠠᠴᠠ ᠳᠠᠪᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠠᠭᠠᠵᠢᠮ ᠢᠶᠠᠷ ᠭᠠᠷᠭᠠᠬᠤ ᠬᠠᠪᠰᠤᠷᠤᠨ ᠲᠡᠳᠬᠦᠯᠳᠡ ᠶᠢ ᠬᠡᠷᠡᠭᠵᠢᠭᠦᠯᠵᠦ᠂ ᠦᠨᠳᠦᠰᠦᠨ ᠵᠦᠢᠯ ᠢ ᠪᠠᠲᠤᠯᠠᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠰᠢᠨᠵᠢᠵᠣ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ ᠵᠢᠴᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠪᠤᠰᠤᠳ ᠭᠡᠷ ᠪᠦᠯᠢ ᠶᠢᠨ ᠪᠦᠷᠢᠯᠳᠦᠬᠦᠨ ᠵᠡᠷᠭᠡ ᠭᠦᠮᠦᠨ ᠠᠮᠠ ᠳᠤ ᠬᠥᠳᠡᠯᠦᠩᠭᠦᠶ ᠬᠢᠨᠠᠨ ᠰᠢᠨᠵᠢᠯᠳᠡ ᠬᠢᠵᠦ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠭᠰᠡᠨ ᠲᠦᠭᠰᠢᠭᠦᠷᠢ ᠶᠢ ᠰᠡᠷᠡᠮᠵᠢᠯᠡᠭᠦᠯᠬᠦ᠂ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠲᠣᠭᠲᠠᠴᠠ ᠶᠢ ᠴᠢᠨᠠᠭᠰᠢᠳᠠ ᠪᠥᠷᠢᠨᠰᠢᠬᠦᠯᠵᠤ᠂ ᠨᠥᠬᠦᠴᠡᠯ ᠳᠤ ᠨᠡᠶᠢᠴᠡᠬᠦ ᠬᠥᠮᠦᠰ ᠢ ᠵᠣᠬᠢᠴᠠᠩᠭᠤᠶ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠤᠨ᠎ᠠ᠃   ᠭᠤᠷᠪᠠ᠂ ᠲᠦᠷ ᠴᠠᠭ ᠤᠨ ᠠᠪᠤᠷᠠᠨ ᠲᠤᠰᠠᠯᠠᠵᠤ ᠪᠠᠴᠢᠮ ᠪᠠᠶᠢᠳᠠᠯ ᠠᠴᠠ ᠠᠪᠤᠷᠬᠠᠤ ᠬᠦᠴᠢᠷᠳᠡᠯ ᠢ ᠰᠢᠢᠳᠪᠦᠷᠢᠯᠡᠬᠦ ᠣᠶᠢᠯᠡᠳᠤᠯ ᠢ ᠦᠨᠡᠨᠬᠦ ᠪᠠᠳᠠᠷᠠᠭᠤᠯᠬᠤ ᠬᠡᠷᠡᠭᠲᠡᠶ    ᠡᠯ᠎ᠡ ᠬᠤᠰᠢᠭᠤ ᠲᠤᠭᠤᠷᠢᠭ ᠪᠣᠯᠤᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ ᠪᠡᠯᠡ ᠮᠥᠩᠭᠦ ᠶᠢᠨ ᠲᠥᠰᠦᠪ ᠢ ᠭᠦᠢᠴᠡᠳ ᠲᠤᠭ᠎ᠠ ᠪᠠᠷ ᠲᠣᠬᠢᠷᠠᠭᠤᠯᠬᠤ ᠶᠢᠨ ᠬᠠᠮᠳᠤ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠣᠷᠣᠨ ᠨᠤᠲᠤᠭ ᠤᠨ ᠲᠥᠰᠦᠪ ᠢ ᠵᠢᠭᠰᠠᠭᠠᠭᠰᠠᠨ ᠪᠠᠶᠢᠲᠠᠯ᠎ᠠ ᠵᠠᠷᠤᠬᠤ ᠦᠭᠡᠢ᠂ ᠵᠢᠭᠰᠠᠭᠠᠭᠰᠠᠨ ᠪᠠᠶᠢᠲᠠᠯ᠎ᠠ ᠳᠤᠲᠠᠭᠤ ᠵᠠᠷᠤᠬᠤ ᠵᠢᠴᠢ ᠵᠢᠯ ᠤᠨ ᠡᠴᠦᠰ ᠤᠨ ︽ᠬᠡᠨᠡᠳᠳᠡ ᠵᠣᠭᠤᠰ ᠵᠠᠷᠤᠬᠤ︾ ᠦᠵᠡᠭᠳᠡᠯ ᠢ ᠡᠷᠡᠰ ᠬᠤᠷᠢᠭᠯᠠᠵᠤ᠂ ᠵᠠᠷᠴᠢᠮ ᠳᠡᠭᠡᠷ᠎ᠡ ᠪᠠᠨ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠬᠡᠷᠡᠭᠲᠡᠶ᠃ ᠠᠪᠤᠷᠠᠨ ᠲᠤᠰᠠᠯᠠᠬᠤ ᠡᠲᠡᠭᠡᠳ ᠤᠨ ᠬᠦᠴᠢᠷᠳᠡᠯ ᠲᠠᠢ ᠪᠠᠶᠢᠳᠠᠯ ᠪᠣᠯᠤᠨ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠠᠪᠤᠷᠠᠨ ᠲᠤᠰᠠᠯᠠᠬᠤ ᠲᠥᠷᠥᠯ ᠵᠦᠢᠯ ᠪᠣᠯᠤᠨ ᠠᠪᠤᠷᠠᠨ ᠲᠤᠰᠠᠯᠠᠬᠤ ᠪᠠᠷᠢᠮᠵᠢᠶ᠎ᠠ ᠶᠣᠰᠣᠭᠠᠷ ᠠᠪᠤᠷᠠᠨ ᠲᠤᠰᠠᠯᠠᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠴᠢᠨᠠᠭᠰᠢᠳᠠ ᠰᠢᠯᠢᠳᠡᠭᠵᠢᠭᠦᠯᠬᠦ ᠬᠡᠷᠡᠭᠲᠡᠶ᠃   ᠳᠥᠷᠪᠡ᠂ ᠣᠨᠴᠠ ᠬᠦᠴᠢᠷᠳᠡᠯᠲᠡᠶ ᠬᠥᠮᠦᠰ ᠢ ᠬᠠᠷᠠᠭᠠᠯᠵᠠᠵᠤ ᠠᠰᠠᠷᠠᠬᠤ ᠣᠶᠢᠯᠡᠴᠢᠯᠡᠭᠡ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠬᠤ ᠬᠡᠷᠡᠭᠲᠠᠢ    ︽ᠣᠷᠳᠣᠰ ᠬᠤᠲᠠ ᠶᠢᠨ ᠣᠯᠠᠨ ᠨᠡᠶᠢᠲᠡ ᠶᠢᠨ ᠦᠨᠳᠦᠰᠦᠨ ᠣᠶᠢᠯᠡᠴᠢᠯᠡᠬᠡᠨ ᠤ ᠬᠦᠷᠢᠶᠡᠨ ᠳᠠᠬᠢ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2021﹈ 11 ᠳ᠋ᠤᠬᠡᠷ ᠲᠣᠭᠠᠲᠤ︶ ᠶᠣᠰᠣᠭᠠᠷ᠂ ᠡᠯ᠎ᠡ ᠬᠤᠰᠢᠭᠤ ᠲᠤᠭᠤᠷᠢᠭ ᠤᠨ ᠬᠢᠨ ᠲᠥᠰᠦᠪ ᠢᠶᠠᠨ ᠭᠦᠢᠴᠡᠳ ᠲᠤᠭ᠎ᠠ ᠪᠠᠷ ᠳᠣᠭᠢᠷᠠᠭᠤᠯᠬᠤ ᠶᠢ ᠱᠠᠭᠠᠷᠳᠠᠵᠤ᠂ ᠪᠦᠬᠦᠨ ᠢ ᠠᠰᠠᠷᠠᠨ ᠰᠤᠪᠢᠯᠠᠬᠤ᠂ ᠬᠠᠭᠠᠰ ᠠᠰᠠᠷᠠᠨ ᠰᠤᠪᠢᠯᠠᠬᠤ᠂ ᠪᠦᠬᠦᠨ ᠢ ᠥᠪᠡᠷᠲᠡᠭᠡᠨ ᠠᠷᠭᠠᠴᠠᠬᠤ ᠣᠨᠴᠠ ᠬᠦᠴᠢᠷᠳᠡᠯᠲᠡᠶ ᠬᠥᠮᠦᠰ ᠲᠤ ᠠᠰᠠᠷᠠᠨ ᠬᠠᠷᠠᠭᠠᠯᠵᠠᠬᠤ ᠣᠶᠢᠯᠡᠴᠢᠯᠡᠭᠴᠢ ᠶᠢ ᠲᠣᠭᠲᠠᠭᠠᠬᠤ ᠶᠢᠨ ᠬᠠᠮᠲᠤ ᠨᠠᠶᠢᠳᠠᠨ ᠠᠰᠠᠷᠠᠨ ᠰᠤᠪᠢᠯᠠᠬᠤ ᠣᠶᠢᠯᠡᠴᠢᠯᠡᠬᠡᠨ ᠤ ᠬᠡᠯᠡᠯᠴᠡᠭᠡᠷ ᠲᠣᠭᠲᠠᠵᠤ᠂ ᠲᠠᠷᠠᠬᠠᠶ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠬᠥᠮᠦᠰ ᠲᠤ ᠡᠳᠦᠷ ᠲᠤᠲᠤᠮ ᠤᠨ ᠠᠰᠠᠷᠠᠨ ᠰᠤᠪᠢᠯᠠᠬᠤ᠂ ᠠᠰᠠᠷᠠᠨ ᠬᠠᠷᠠᠭᠠᠯᠵᠠᠬᠤ ᠵᠡᠷᠭᠡ ᠣᠶᠢᠯᠡᠴᠢᠯᠡᠭᠡ ᠬᠠᠩᠭᠠᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢ ᠵᠢᠯᠣᠭᠤᠳᠴᠤ ᠪᠠᠶᠢᠭᠠᠳ ᠣᠨᠴᠠ ᠬᠦᠴᠢᠷᠳᠡᠯᠲᠡᠶ ᠬᠥᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠠᠭᠠᠯᠵᠠᠨ ᠠᠰᠠᠷᠠᠬᠤ ᠣᠶᠢᠯᠡᠴᠢᠯᠡᠭᠴᠢ᠂ ᠣᠶᠢᠯᠡᠴᠢᠯᠡᠬᠡᠨ ᠤ ᠪᠠᠶᠢᠭᠤᠯᠤᠮᠵᠢ ᠵᠡᠷᠭᠡ ᠶᠢᠨ ᠵᠥᠪᠯᠡᠯᠴᠡᠭᠡᠷ ᠢ ᠭᠦᠢᠴᠡᠳᠭᠡᠭᠰᠡᠨ ᠪᠠᠶᠢᠳᠠᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃   ᠲᠠᠪᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠬᠡᠶᠢᠷᠡᠭᠦᠯᠬᠦ ᠬᠡᠷᠡᠭᠲᠠᠢ    ᠡᠯ᠎ᠡ ᠬᠤᠰᠢᠭᠤ ᠲᠤᠭᠤᠷᠢᠭ ᠨᠤᠭᠤᠳ ᠬᠦᠴᠢᠷᠳᠡᠯᠲᠡᠶ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠭᠰᠠᠨ ᠭᠡᠷᠡᠴᠢᠯᠡᠬᠦ ᠮᠠᠲ᠋ᠧᠷᠢᠶᠠᠯ ᠢ ᠴᠢᠨᠠᠭᠰᠢᠳᠠ ᠳᠥᠭᠦᠮᠴᠢᠯᠡᠵᠦ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠢᠶᠠᠷ ᠳᠡᠮᠵᠢᠨ ᠪᠠᠶᠢᠴᠠᠭᠠᠨ ᠯᠠᠪᠯᠠᠵᠤ ᠪᠣᠯᠬᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠦᠴᠢᠷᠳᠡᠯᠲᠡᠶ ᠣᠯᠠᠨ ᠲᠦᠮᠡᠨ ᠢᠶᠠᠷ ᠳᠠᠭᠢᠵᠤ ᠲᠤᠰᠢᠶᠠᠯᠭᠠᠬᠤ ᠪᠠᠷ ᠱᠠᠭᠠᠷᠳᠠᠬᠤ ᠥᠬᠡᠶ︔ ᠭᠡᠷᠡᠴᠢᠯᠡᠬᠦ ᠵᠦᠢᠯᠡᠰ ᠢ   ᠮᠡᠳᠡᠭᠳᠡᠬᠦ ᠠᠮᠠᠯᠠᠯᠳᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠶᠤᠴᠢᠯᠠᠭᠴᠢ ᠠᠴᠠ ᠨᠢᠭᠡᠨᠲᠡ ᠱᠠᠭᠠᠷᠳᠠᠯᠭ᠎ᠠ ᠶᠣᠰᠣᠭᠠᠷ ᠪᠢᠴᠢᠭ ᠢᠶᠠᠷ ᠠᠮᠠᠯᠠᠭᠰᠠᠨ ᠪᠠᠶᠢᠪᠠᠯ᠂ ᠳᠠᠭᠢᠵᠤ ᠬᠠᠮᠢᠶ᠎ᠠ ᠪᠥᠬᠦᠶ ᠬᠡᠷᠡᠴᠢᠯᠡᠯ ᠢ ᠠᠪᠬᠤ ᠥᠬᠡᠶ᠂ ᠦᠨᠡᠨᠬᠦ ᠬᠦᠴᠢᠷᠳᠡᠯᠲᠡᠶ ᠣᠯᠠᠨ ᠲᠦᠮᠡᠨ ᠤ ᠲᠤᠰᠢᠶᠠᠬᠤ ᠴᠢᠬᠤᠯᠠᠲᠠᠶ ᠭᠡᠷᠡᠴᠢᠯᠡᠬᠦ ᠮᠠᠲ᠋ᠧᠷᠢᠶᠠᠯ ᠢ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠳᠠᠭᠠᠨ ᠨᠢᠬᠡᠯᠡ ᠴᠢᠨᠠᠷᠲᠠᠶ ᠪᠠᠷ ᠪᠢᠴᠢᠭ ᠢᠶᠠᠷ ᠮᠡᠳᠡᠭᠳᠡᠬᠦ ᠬᠡᠷᠡᠭᠲᠡᠶ᠃ ᠠᠵᠢᠯ ᠶᠠᠪᠤᠳᠠᠯ ᠭᠦᠶ᠋ᠴᠡᠳᠬᠡᠬᠦ ᠴᠤᠪᠤᠷᠠᠯ ᠢ ᠦᠨᠡᠨᠬᠦ ᠳᠥᠭᠦᠮᠴᠢᠯᠡᠵᠦ᠂ ᠭᠦᠢᠴᠡᠳᠬᠡᠬᠦ ᠴᠠᠭ ᠤᠨ ᠬᠢᠵᠠᠭᠠᠷ ᠢ ᠤᠬᠤᠷᠰᠬᠠᠵᠣ᠂ ᠠᠪᠤᠷᠠᠨ ᠲᠤᠰᠠᠯᠠᠯᠳᠠ ᠶᠢ ᠭᠤᠶᠤᠴᠢᠯᠠᠭᠰᠠᠨ ᠮᠠᠷᠭᠤᠭᠠᠨ ᠦᠬᠡᠢ ᠬᠡᠷ ᠪᠦᠯᠢ ᠳᠤ ᠠᠷᠠᠳᠴᠢᠯᠠᠯ ᠢᠶᠠᠷ ᠦᠨᠡᠯᠡᠯᠲᠡ ᠬᠢᠬᠦ ᠥᠬᠡᠶ ᠪᠠᠶᠢᠵᠤ ᠪᠣᠯᠤᠨ᠎ᠠ᠃   ᠵᠢᠷᠭᠤᠭ᠎ᠠ᠂ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠨᠠᠨ ᠬᠠᠮᠢᠶᠠᠷᠤᠯᠳᠠ ᠶᠢ ᠴᠢᠩᠭᠠᠷᠠᠭᠤᠯᠬᠤ ᠬᠡᠷᠡᠭᠲᠠᠢ    ᠬᠢᠨᠠᠨ ᠵᠥᠪᠰᠢᠶᠡᠷᠡᠬᠦ ᠡᠷᠬᠡ ᠶᠢ ᠳᠣᠷᠣᠭᠰᠢ ᠪᠠᠭᠤᠯᠭᠠᠭᠰᠠᠨ ᠬᠤᠰᠢᠭᠤ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠶᠢᠯᠡᠳᠤᠯ ᠢᠶᠠᠨ ᠭᠦᠢᠴᠡᠳ ᠪᠠᠳᠠᠷᠠᠭᠤᠯᠵᠤ᠂ ᠬᠠᠷᠢᠶ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠨᠡᠶᠢᠭᠡᠮ ᠤᠨ ᠠᠪᠤᠷᠠᠨ ᠲᠤᠰᠠᠯᠠᠬᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠪᠣᠯᠪᠠᠰᠤᠷᠠᠭᠤᠯᠤᠯ ᠪᠠ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠵᠤ᠂ ᠬᠢᠨᠠᠨ ᠬᠠᠮᠢᠶᠠᠷᠬᠤ ᠠᠵᠢᠯ ᠤᠨ ᠵᠣᠶᠢᠯᠡᠰ᠂ ᠠᠷᠭ᠎ᠠ ᠬᠡᠮᠵᠢᠶ᠎ᠡ᠂ ᠲᠠᠰ ᠳᠠᠷᠠᠭᠠᠯᠠᠯ ᠢ ᠨᠠᠷᠢᠯᠢᠬᠵᠢᠭᠤᠯᠬᠤ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠬᠢᠨᠠᠨ ᠬᠠᠷᠭᠤᠭᠤᠯᠵᠤ ᠨᠤᠲᠠᠯᠠᠬᠤ ᠵᠣᠶᠢᠯᠡᠰ ᠢ 30% ᠠᠴᠠ ᠳᠣᠤᠷ᠎ᠠ ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃                       ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2021 ᠣᠨ ᠤ 5 ᠰᠠᠷ᠎ᠠ ᠶᠢᠨ 6 ᠤ ᠡᠳᠦᠷ
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ