ᠠᠮᠢᠲᠠᠨ ᠤ  ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ  ᠤᠷᠳᠤᠰ ᠵᠠᠰᠠᠭ ᠠᠯᠪᠠᠨ ᠲᠠᠷᠬᠠᠭᠠᠭᠰᠠᠨ ﹇2021﹈ 40 ᠳ᠋ᠤᠬᠡᠷ ᠲᠤᠭᠠᠳᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠣᠷᠣᠨ ᠪᠦᠰᠡ ᠶᠢᠨ ᠴᠢᠨᠠᠷᠲᠠᠶ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠡᠭᠦᠰᠬᠦ ᠶᠢ ᠰᠡᠷᠭᠡᠶᠢᠯᠡᠨ ᠬᠤᠷᠢᠭᠯᠠᠵᠤ᠂ ᠪᠥᠬᠦ ᠬᠤᠲᠠ ᠶᠢᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠪᠥᠬᠦ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠠᠵᠢᠯ ᠢ ᠴᠢᠩᠭᠠᠳᠬᠠᠬᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃   ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠪᠠᠶᠢᠳᠠᠯ ᠢ ᠲᠣᠳᠣᠷᠬᠠᠶ ᠲᠠᠨᠢᠬᠤ ᠬᠡᠷᠡᠭᠲᠡᠶ    ᠣᠳᠣᠬᠠᠨ ᠳᠤ᠂ ᠮᠠᠨ ᠤ ᠤᠯᠤᠰ ᠤᠨ ᠠᠮᠢᠲᠠᠨ ᠤ ᠬᠢᠵᠢᠭ ᠡᠪᠡᠳᠴᠢᠨ ᠤ ᠲᠥᠷᠥᠯ ᠵᠣᠶᠢᠯ ᠣᠯᠠᠨ᠂ ᠡᠪᠡᠳᠴᠢᠨ ᠤ ᠡᠭᠦᠰᠦᠯ ᠪᠤᠳᠤᠯᠢᠶᠠᠨᠲᠠᠶ ᠪᠥᠭᠡᠳ ᠣᠯᠠᠨ ᠤᠯᠤᠰ ᠤᠨ ᠠᠷᠠᠯᠵᠢᠶᠠᠨ ᠤ ᠨᠡᠮᠡᠭᠳᠡᠬᠦ ᠶᠢ ᠳᠠᠭᠠᠯᠳᠤᠨ᠂ ᠠᠮᠢᠲᠠᠨ ᠤ ᠬᠢᠵᠢᠭ ᠡᠪᠡᠳᠴᠢᠨ ᠤ ᠡᠭᠦᠰᠬᠦ ᠪᠠ ᠲᠠᠷᠬᠠᠬᠤ ᠠᠶᠤᠯ ᠲᠦᠭᠰᠢᠭᠦᠷᠢ ᠨᠡᠮᠡᠭᠳᠡᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠳᠤ ᠮᠠᠰᠢ ᠶᠡᠭᠡ ᠮᠠᠭᠠᠳ ᠪᠤᠰᠤ ᠴᠢᠨᠠᠷ ᠢ ᠪᠣᠶ ᠪᠣᠯᠭᠠᠵᠤ᠂ ᠰᠡᠷᠭᠡᠶᠢᠯᠡᠨ ᠡᠵᠡᠮᠳᠡᠬᠦ ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠠᠶᠢᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠰᠦᠯᠵᠢᠶ᠎ᠡ ᠶᠢᠨ ᠵᠠᠷᠯᠠᠭᠰᠠᠨ ᠢᠶᠠᠷ᠂ 2021 ᠣᠨ ᠠᠴᠠ ᠨᠠᠰᠢ᠂ ᠤᠯᠤᠰ  ᠤᠨ ᠳᠣᠲᠣᠭᠠᠳᠤ ᠶᠢᠨ 11 ᠮᠤᠵᠢ ᠳᠤ ᠤᠷᠢᠳ ᠬᠤᠵᠢᠳ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠭᠠᠷᠴᠠᠶ᠃ ᠪᠦᠬᠦ ᠬᠤᠲᠠ ᠶᠢᠨ ᠪᠠᠶᠢᠳᠠᠯ ᠠᠴᠠ ᠦᠵᠡᠪᠡᠯ᠂ ᠣᠶᠢᠷ᠎ᠠ ᠶᠢᠨ ᠵᠢᠯ ᠠᠴᠠ ᠨᠠᠰᠢ᠂ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠷᠤᠳᠠᠯ᠂ ᠠᠵᠢᠯᠲᠠᠨ᠂ ᠲᠠᠯᠠᠪᠤᠷ ᠵᠡᠷᠭᠡ ᠲᠠᠯ᠎ᠠ ᠪᠠᠷ ᠬᠦᠴᠦᠲᠡᠢ ᠪᠠᠲᠤᠯᠠᠭ᠎ᠠ ᠬᠠᠩᠭᠠᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠂ ᠭᠡᠪᠡᠴᠦ ᠮᠠᠯ ᠢ ᠨᠡᠭᠦᠯᠬᠡᠵᠣ ᠰᠢᠯᠵᠢᠭᠦᠯᠬᠦ ᠨᠢ ᠤᠯᠠᠨᠲᠠᠢ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠬᠦᠴᠦᠨ ᠪᠠᠭᠤᠷᠠᠢ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢᠨ ᠬᠢᠵᠢᠭ ᠡᠪᠡᠳᠴᠢᠨ ᠢ ᠰᠡᠷᠭᠡᠶᠢᠯᠡᠬᠦ ᠤᠬᠠᠮᠰᠠᠷ ᠪᠠᠭᠤᠷᠠᠢ᠂ ᠲᠡᠵᠢᠭᠡᠨ ᠦᠷᠡᠵᠢᠭᠦᠯᠬᠦ ᠬᠡᠪᠴᠢᠶ᠎ᠡ ᠲᠠᠰᠤᠷᠠᠯᠲᠠ ᠦᠭᠡᠢ ᠥᠷᠭᠡᠳᠴᠦ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠤᠯᠵᠤ᠂ ᠪᠦᠬᠦ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠡᠭᠦᠷᠭᠡ ᠲᠦᠢᠯ ᠤᠨ ᠨᠦᠰᠡᠷ ᠬᠦᠨᠳᠦ ᠪᠠᠶᠢᠨ᠎ᠠ᠃ ᠡᠶᠢᠮᠦ ᠠᠴᠠ᠂ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠳᠠᠯ ᠢ ᠲᠣᠳᠣᠷᠬᠠᠶ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠣᠶᠢᠯᠠ ᠠᠵᠢᠯᠯᠠᠭᠠᠨ ᠤ ᠤᠬᠠᠮᠰᠠᠷ ᠢᠶᠠᠷ᠂ ᠬᠠᠷᠠᠯᠲᠠ᠂ ᠠᠰᠠᠭᠤᠳᠠᠯ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠠᠮᠢᠲᠠᠨ ᠤ ᠬᠢᠵᠢᠭ ᠡᠪᠡᠳᠴᠢᠨ ᠤ ᠬᠥᠭᠵᠢᠯᠲᠡ ᠶᠢᠨ ᠪᠠᠶᠢᠳᠠᠯ ᠢ ᠴᠢᠩᠭ᠎ᠠ ᠠᠵᠢᠭᠯᠠᠵᠤ᠂ ᠦᠨᠡᠨᠬᠦ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠶ᠃    ᠬᠤᠶᠠᠷ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠠᠢ    ︵ᠨᠢᠭᠡ︶ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠦᠨᠳᠦᠰᠦᠨ ᠱᠠᠲᠤᠨ ᠤ ᠠᠮᠢᠳᠠᠨ ᠤ ᠬᠢᠵᠢᠭ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠠᠮᠢᠳᠠᠨ ᠤ ᠬᠢᠵᠢᠭ ᠢ ᠰᠡᠷᠭᠡᠶᠢᠯᠡᠬᠦ ᠲᠤᠭᠳᠠᠯᠴᠠᠭ᠎ᠠ ᠶᠢ ᠪᠠᠶᠢᠭᠤᠯᠤᠨ ᠪᠥᠷᠢᠨᠰᠢᠬᠦᠯᠵᠤ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠠᠮᠢᠲᠠᠨ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ︽ᠲᠤᠰᠬᠠᠶ ᠬᠥᠮᠦᠨ᠂ ᠲᠤᠰᠬᠠᠶ ᠠᠵᠢᠯ᠂ ᠲᠤᠰᠬᠠᠶ ᠬᠠᠮᠢᠶᠠᠷᠬᠤ︾ ᠵᠠᠷᠴᠢᠮ ᠶᠣᠰᠣᠭᠠᠷ᠂ ᠠᠮᠢᠲᠠᠨ ᠤ ᠬᠢᠵᠢᠭ ᠢ ᠰᠡᠷᠭᠡᠶᠢᠯᠡᠬᠦ ᠲᠤᠰᠬᠠᠶ ᠰᠠᠯᠠᠭ᠎ᠠ ᠮᠥᠴᠢᠷ ᠳᠣᠭᠢᠷᠠᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠳᠣᠭᠢᠷᠠᠭᠤᠯᠤᠨ᠂ ᠬᠠᠷᠢᠶ᠎ᠠ ᠭᠠᠵᠠᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠃ ᠡᠭᠦᠨ ᠤ ᠬᠠᠮᠳᠤ᠂ ᠭᠠᠴᠠᠭ᠎ᠠ ᠲᠣᠰᠬᠤᠨ ᠤ ᠱᠠᠲᠤᠨ ᠤ ᠠᠮᠢᠳᠠᠨ ᠤ ᠬᠢᠵᠢᠭ ᠰᠡᠷᠭᠡᠶᠢᠯᠡᠭᠴᠢ ᠶᠢᠨ ᠬᠠᠮᠢᠶᠠᠷᠤᠯᠲᠠ ᠶᠢ ᠴᠢᠩᠭᠠᠳᠬᠠᠨ᠂ ᠲᠡᠭᠦᠨ ᠤ ᠡᠭᠦᠷᠭᠡᠯᠡᠵᠦ ᠪᠠᠶᠢᠭ᠎ᠠ ᠡᠬᠡᠯᠢᠯᠡᠭᠡ᠂ ᠬᠢᠵᠢᠭ ᠤᠨ ᠪᠠᠶᠢᠳᠠᠯ ᠢ ᠪᠠᠶᠢᠴᠠᠭᠠᠬᠤ᠂ ᠬᠠᠮᠵᠢᠯᠴᠠᠨ ᠪᠠᠶᠢᠴᠠᠭᠠᠬᠤ᠂ ᠤᠬᠠᠭᠤᠯᠬᠤ ᠵᠡᠷᠭᠡ ᠡᠭᠦᠷᠭᠡ ᠳᠤ ᠬᠠᠮᠢᠶᠠᠷᠤᠯᠲᠠ ᠰᠢᠯᠭᠠᠨ ᠬᠢᠨᠠᠯᠳᠠ  ᠶᠢᠨ ᠨᠠᠷᠢᠨ ᠲᠥᠷᠢᠮ ᠢ ᠴᠠᠭ ᠲᠤᠬᠠᠶ ᠳᠤᠨᠢ ᠲᠣᠭᠲᠠᠭᠠᠨ ᠨᠡᠶᠢᠲᠡᠯᠡᠵᠦ᠂ ᠴᠢᠬᠤᠯᠠ ᠪᠥᠬᠦᠢ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠬᠠᠩᠭᠠᠵᠤ᠂ ᠭᠠᠴᠠᠭ᠎ᠠ ᠲᠣᠰᠬᠤᠨ ᠤ ᠱᠠᠲᠤᠨ ᠤ ᠠᠮᠢᠳᠠᠨ ᠤ ᠬᠢᠵᠢᠭ ᠰᠡᠷᠭᠡᠶᠢᠯᠡᠭᠴᠢ ᠶᠢᠨ ᠠᠵᠢᠯ ᠤᠨ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠶ᠃   ︵ᠬᠤᠶᠠᠷ︶ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠨᠢᠭᠡᠳᠦᠯᠲᠡᠶ ᠤᠳᠤᠷᠢᠳᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠨᠢᠭᠲᠠ ᠬᠠᠮᠵᠢᠯᠴᠠᠬᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ︾ ᠱᠠᠭᠠᠷᠳᠠᠯᠭ᠎ᠠ ᠶᠣᠰᠣᠭᠠᠷ᠂ ︽ᠣᠷᠳᠣᠰ ᠬᠤᠲᠠ ᠶᠢᠨ ᠭᠡᠨᠡᠳᠲᠡ ᠶᠢᠨ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠲᠥᠰᠦᠯ︾ ︵ᠣᠷᠳᠣᠰ ᠠᠯᠪᠠᠨ ᠲᠠᠷᠬᠠᠭᠠᠭᠰᠠᠨ ﹇2014﹈ 48 ᠳ᠋ᠤᠭᠠᠷ ᠲᠣᠭᠠᠲᠤ︶ ᠢ ᠦᠨᠳᠦᠰᠦᠯᠡᠨ᠂ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠣ᠂ ᠬᠠᠮᠵᠢᠯᠴᠠᠬᠤ ᠪᠠᠨ ᠴᠢᠩᠭᠠᠳᠬᠠᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠠᠵᠢᠯ  ᠤᠨ ᠲᠥᠰᠦᠯ ᠲᠣᠭᠲᠠᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠬᠥᠮᠦᠨ ᠳᠤ ᠬᠠᠯᠳᠠᠪᠤᠷᠢᠯᠠᠬᠤ ᠬᠥᠮᠦᠨ ᠮᠠᠯ ᠳᠤ ᠬᠠᠮᠲᠤ ᠪᠠᠷ ᠨᠡᠷᠪᠡᠭᠳᠡᠬᠦ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠷᠤᠮᠵᠢᠯ ᠪᠠ ᠠᠵᠢᠯ ᠤᠨ ᠲᠥᠰᠦᠯ ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠵᠦ᠂ ᠬᠥᠮᠦᠨ ᠳᠤ ᠬᠠᠯᠳᠠᠪᠤᠷᠢᠯᠠᠬᠤ ᠬᠥᠮᠦᠨ ᠮᠠᠯ ᠳᠤ ᠬᠠᠮᠲᠤ ᠪᠠᠷ ᠨᠡᠷᠪᠡᠭᠳᠡᠬᠦ ᠡᠪᠡᠳᠴᠢᠨ ᠢ ᠬᠢᠨᠠᠨ ᠰᠢᠨᠵᠢᠬᠦ ᠠᠵᠢᠯ ᠢ ᠥᠷᠨᠢᠭᠦᠯᠬᠦ ᠬᠡᠷᠡᠭᠲᠡᠶ᠃ ᠤᠢ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠬᠡᠭᠡᠷ᠎ᠡ ᠶᠢᠨ ᠠᠮᠢᠳᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠢᠨᠠᠨ ᠬᠠᠮᠢᠶᠠᠷᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠬᠠᠤᠯᠢ ᠬᠡᠷᠡᠭᠵᠢᠭᠦᠯᠦᠯᠲᠡ ᠶᠢᠨ ᠠᠮᠤᠷ ᠲᠦᠪᠰᠢᠨ ᠢ ᠪᠠᠲᠤᠯᠠᠬᠤ ᠪᠠ ᠠᠬᠢᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠰᠡᠷᠭᠡᠶᠢᠯᠡᠨ ᠡᠵᠡᠮᠳᠡᠬᠦ ᠪᠠᠯᠠ ᠮᠥᠩᠭᠦ᠂ ᠨᠥᠭᠡᠴᠡ ᠪᠠᠯᠠ ᠮᠥᠩᠭᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠴᠢᠳᠠᠪᠤᠷᠢ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠯᠴᠠᠨ ᠬᠠᠮᠵᠢᠯᠴᠠᠵᠤ᠂ ᠰᠡᠷᠭᠡᠶᠢᠯᠡᠨ ᠡᠵᠡᠮᠳᠡᠬᠦ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠶ᠃   ︵ᠭᠤᠷᠪᠠ︶ ᠦᠢᠯᠡᠳᠪᠦᠷᠢᠯᠡᠨ ᠡᠵᠡᠩᠨᠡᠭᠴᠢᠳ ᠤᠨ ᠬᠢᠵᠢᠭ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠵᠢᠴᠢ ᠦᠢᠯᠡᠳᠪᠦᠷᠢᠯᠡᠨ ᠡᠵᠡᠩᠨᠡᠭᠴᠢᠳ ᠤᠨ ᠠᠮᠢᠲᠠᠨ ᠤ ᠬᠢᠵᠢᠭ ᠢ ᠰᠡᠷᠭᠡᠶᠢᠯᠡᠬᠦ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠬᠤ ᠬᠡᠷᠡᠭᠲᠡᠶ᠃ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠢᠴᠢ ᠬᠠᠮᠢᠶ᠎ᠠ ᠪᠦᠬᠦᠢ ᠦᠢᠯᠡᠳᠪᠦᠷᠢᠯᠡᠨ ᠡᠵᠡᠩᠨᠡᠭᠴᠢᠳ ᠤᠨ ᠡᠬᠡᠯᠢᠯᠡᠭᠡ ᠶᠢᠨ ᠳᠡᠰ ᠳᠠᠷᠠᠭᠠᠯᠠᠯ ᠶᠣᠰᠣᠭᠠᠷ ᠡᠬᠡᠯᠢᠯᠡᠭᠡ ᠶᠢᠨ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠶᠢ ᠴᠢᠩᠭ᠎ᠠ ᠱᠠᠭᠠᠷᠳᠠᠵᠤ᠂ ᠱᠠᠭᠠᠷᠳᠠᠯᠭ᠎ᠠ ᠶᠣᠰᠣᠭᠠᠷ ᠡᠬᠡᠯᠢᠯᠡᠭᠡ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠵᠦ᠂ ᠮᠠᠯ ᠵᠢᠭᠦᠷᠲᠡᠨ ᠤ ᠢᠯᠭᠠᠬᠤ ᠲᠡᠮᠳᠡᠭ ᠢ ᠨᠡᠮᠡᠵᠦ᠂ ᠨᠡᠬᠡᠮᠵᠢᠯᠡᠵᠦ ᠪᠣᠯᠬᠤ ᠬᠠᠮᠢᠶᠠᠷᠤᠯᠲᠠ ᠶᠢ ᠬᠡᠷᠡᠭᠵᠢᠭᠦᠯᠦᠨ᠂ ᠡᠬᠡᠯᠢᠯᠡᠭᠡ ᠶᠢᠨ ᠡᠰᠡᠷᠭᠦᠴᠡᠭᠴᠢ ᠶᠢᠨ ᠣᠶᠢᠯᠡᠳᠤᠯ ᠠᠴᠢ ᠲᠤᠰᠠ ᠶᠢ ᠴᠠᠭ ᠲᠤᠨᠢ ᠳᠣᠭᠢᠷᠠᠭᠤᠯᠤᠨ ᠬᠢᠨᠠᠨ ᠬᠡᠮᠵᠢᠵᠦ᠂ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢ ᠮᠡᠳᠡᠭᠦᠯᠦᠨ ᠪᠠᠶᠢᠴᠠᠭᠠᠯᠭᠠᠬᠤ᠂ ᠪᠣᠳᠠᠲᠠᠶᠢᠵᠢᠭᠤᠯᠤᠨ ᠮᠡᠳᠡᠭᠦᠯᠬᠦ᠂ ᠲᠤᠰᠠᠭᠠᠷᠯᠠᠨ ᠠᠵᠢᠭᠯᠠᠬᠤ ᠂ ᠲᠡᠷᠭᠡ ᠬᠥᠰᠬᠡ ᠶᠢ ᠪᠦᠷᠢᠳᠬᠡᠨ ᠳᠠᠩᠰᠠᠯᠠᠬᠤ᠂ ᠠᠷᠢᠭᠤᠳᠬᠠᠨ ᠢᠷᠡᠯᠲᠡ ᠶᠢ ᠤᠰᠠᠳᠬᠠᠬᠤ ᠵᠡᠷᠭᠡ ᠡᠯ᠎ᠡ ᠵᠣᠶᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠭᠤᠷᠪᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ    ︵ᠨᠢᠭᠡ︶ ᠰᠠᠭᠤᠷᠢ ᠡᠬᠡᠯᠢᠯᠡᠭᠡ ᠶᠢᠨ ᠠᠵᠢᠯ ᠢ ᠰᠠᠶᠢᠲᠤᠷ ᠠᠳᠬᠤᠨ᠎ᠠ᠃ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ᠂ ᠴᠡᠪᠡᠷᠰᠢᠭᠦᠯᠬᠦ᠂ ᠤᠰᠠᠳᠬᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠵᠤ᠂ ᠬᠤᠲᠠ᠂ ᠬᠤᠰᠢᠭᠤ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠣᠨ ᠤ ᠡᠬᠡᠯᠢᠯᠡᠭᠡ ᠶᠢᠨ ᠲᠥᠯᠥᠪᠯᠡᠭᠡ ᠶᠢ ᠴᠢᠩᠭ᠎ᠠ ᠵᠢᠷᠤᠮᠯᠠᠨ ᠲᠥᠪᠯᠡᠷᠡᠭᠦᠯᠦᠨ ᠡᠬᠡᠯᠢᠯᠡᠭᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠢᠳᠡᠪᠬᠢᠲᠡᠶ ᠵᠣᠬᠢᠴᠠᠭᠤᠯᠤᠨ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠥᠷᠢ ᠶᠢᠨ ᠵᠠᠷᠤᠳᠠᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠬᠢᠵᠢᠭ ᠢ ᠰᠡᠷᠭᠡᠶᠢᠯᠡᠬᠦ ᠵᠠᠷᠤᠳᠠᠯ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠴᠠᠭ ᠲᠤᠬᠠᠶ ᠳᠤᠨᠢ ᠥᠷᠨᠢᠭᠦᠯᠵᠦ᠂ ᠬᠢᠵᠢᠭ ᠢ ᠰᠡᠷᠭᠡᠶᠢᠯᠡᠬᠦ ᠪᠠᠯᠠ ᠮᠥᠩᠭᠦ ᠶᠢᠨ ᠬᠢᠨᠠᠨ ᠬᠠᠮᠢᠶᠠᠷᠤᠯᠳᠠ ᠶᠢ ᠴᠢᠩᠭᠠᠷᠠᠭᠤᠯᠤᠨ᠂ ᠪᠠᠯᠠ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠬᠤᠲᠠ᠂ ᠬᠤᠰᠢᠭᠤ ᠲᠤᠭᠤᠷᠢᠭ ᠤᠨ ᠬᠤᠶᠠᠷ ᠱᠠᠲᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠰᠠᠯᠠᠭ᠎ᠠ ᠮᠥᠴᠢᠷ ᠤᠳ ᠡᠬᠡᠯᠢᠯᠡᠭᠡ ᠶᠢᠨ ᠮᠡᠷᠭᠡᠵᠢᠯ ᠤᠨ ᠳᠡᠮᠵᠢᠯᠭᠡ ᠪᠠᠨ ᠴᠢᠩᠭᠠᠳᠬᠠᠵᠤ᠂ ᠠᠯᠪᠠᠳᠠᠯᠭ᠎ᠠ ᠶᠢᠨ ᠡᠬᠡᠯᠢᠯᠡᠭᠡ ᠶᠢᠨ ᠦᠷ᠎ᠡ ᠪᠦᠲᠦᠮᠵᠢ ᠶᠢᠨ ᠦᠨᠡᠯᠡᠯᠲᠡ ᠶᠢ ᠴᠠᠭ ᠲᠤᠨᠢ ᠳᠣᠭᠢᠷᠠᠭᠤᠯᠤᠨ ᠥᠷᠨᠢᠭᠦᠯᠵᠦ᠂ ᠮᠠᠯ ᠵᠢᠭᠦᠷᠲᠡᠨ ᠤ ᠰᠦᠷᠦᠭᠵᠢᠯ ᠤᠨ ᠡᠬᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠲᠡᠩᠴᠡᠭᠰᠡᠨ ᠨᠣᠷᠮ᠎ᠠ ᠨᠢ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠥᠬᠡᠶ ᠪᠠᠶᠢᠪᠠᠯ᠂ ᠴᠠᠭ ᠲᠤᠬᠠᠶ ᠳᠤᠨᠢ ᠨᠥᠬᠦᠪᠥᠷᠢᠯᠡᠨ ᠭᠡᠯᠳᠦᠷᠢᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠠᠯᠪᠠᠳᠠᠯᠭ᠎ᠠ ᠶᠢᠨ ᠡᠬᠡᠯᠢᠯᠡᠭᠡ ᠶᠢᠨ ︽ᠤᠷᠢᠳᠠᠪᠠᠷ ᠲᠠᠷᠢᠵᠣ ᠳᠠᠷᠠᠭ᠎ᠠ ᠨᠢ ᠨᠥᠬᠦᠪᠥᠷᠢᠯᠡᠬᠦ︾ ᠶᠢ ᠦᠷᠨᠢᠭᠦᠯᠬᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠳᠤ ᠡᠬᠡᠯᠢᠯᠡᠭᠡ ᠶᠢᠨ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡᠯᠢᠯᠡᠭᠡ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ︔ ᠬᠤᠲᠠ᠂ ᠬᠤᠰᠢᠭᠤ ᠲᠤᠭᠤᠷᠢᠭ ᠤᠨ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠠᠯᠪᠠᠳᠠᠯᠭ᠎ᠠ ᠶᠢᠨ ᠡᠬᠡᠯᠢᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠣᠶᠢᠯᠠ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ  ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠬᠠᠷᠢᠶ᠎ᠠ ᠭᠠᠵᠠᠷ ᠤᠨ ᠪᠠᠨ ᠠᠮᠢᠲᠠᠨ ᠲᠡᠵᠢᠭᠡᠵᠦ ᠪᠠᠶᠢᠭ᠎ᠠ ᠨᠢᠭᠡᠴᠡ ᠪᠠ ᠬᠤᠪᠢ ᠬᠥᠮᠦᠨ ᠢ ᠵᠣᠬᠢᠶᠠᠨ ᠪᠠᠶᠢᠭᠤᠯᠵᠤ ᠪᠠᠶᠢᠭᠠᠳ ᠠᠯᠪᠠᠳᠠᠯᠭ᠎ᠠ ᠪᠠᠷ ᠡᠬᠡᠯᠢᠯᠡᠭᠡ ᠬᠢᠯᠭᠡᠬᠦ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠢ ᠬᠠᠮᠵᠢᠨ ᠬᠢᠨᠠᠯᠲᠠ ᠲᠠᠯᠪᠢᠵᠤ ᠪᠠᠶᠢᠴᠠᠭᠠᠬᠤ ᠶᠢ ᠰᠠᠶᠢᠲᠤᠷ ᠬᠢᠬᠦ ᠬᠡᠷᠡᠭᠲᠡᠶ︔ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠬᠤᠯᠪᠣᠭᠳᠠᠯ ᠪᠦᠬᠦᠢ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠶ︔ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠠᠯᠪᠠᠳᠠᠯᠭ᠎ᠠ ᠪᠠᠷ ᠡᠬᠡᠯᠢᠯᠡᠭᠡ ᠬᠢᠯᠭᠡᠬᠦ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    ︵ᠬᠤᠶᠠᠷ︶ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠥᠷᠲᠡᠭᠡ ᠴᠡᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠲᠣᠤᠷ ᠰᠦᠯᠵᠢᠶ᠎ᠡ ᠶᠢ ᠪᠦᠷᠢᠨᠰᠢᠭᠦᠯᠬᠦ ᠬᠡᠷᠡᠭᠲᠡᠶ᠃ ᠬᠤᠲᠠ᠂ ᠬᠤᠰᠢᠭᠤ ᠲᠤᠭᠤᠷᠢᠭ ᠤᠨ ᠬᠤᠶᠠᠷ ᠱᠠᠲᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠡᠮᠵᠢᠵᠦ ᠰᠢᠯᠵᠢᠭᠦᠯᠬᠦ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠵᠤ᠂ ᠲᠥᠪᠯᠡᠷᠡᠩᠭᠦᠶ ᠡᠬᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠬᠡᠮᠵᠢᠶ᠎ᠡ᠂ ᠠᠮᠢᠲᠠᠨ ᠤ ᠬᠢᠵᠢᠭ ᠡᠪᠡᠳᠴᠢᠨ ᠤ ᠡᠭᠦᠰᠬᠦ᠂ ᠳᠡᠯᠭᠡᠷᠡᠬᠦ ᠵᠡᠷᠭᠡ ᠪᠠᠶᠢᠳᠠᠯ ᠢ ᠬᠢᠨᠠᠨ ᠬᠡᠮᠵᠢᠵᠦ᠂ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ ᠵᠢᠱᠢᠬᠦ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠰᠡᠷᠭᠡᠶᠢᠯᠡᠨ ᠡᠵᠡᠮᠳᠡᠬᠦ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠬᠡᠷᠡᠭᠲᠡᠶ᠃    ︵ᠭᠤᠷᠪᠠ︶ ᠬᠢᠵᠢᠭ ᠪᠠᠶᠢᠴᠠᠭᠠᠬᠤ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠨᠢᠭᠡ ᠳᠤ ᠭᠠᠷᠤᠯᠲᠠ ᠶᠢᠨ ᠭᠠᠵᠠᠷ ᠵᠢᠴᠢ ᠠᠯᠠᠵᠤ ᠨᠢᠲᠤᠯᠬᠤ ᠶᠢᠨ ᠬᠢᠵᠢᠭ ᠤᠨ ᠪᠠᠶᠢᠴᠠᠭᠠᠯᠲᠠ ᠶᠢ ᠴᠢᠩᠳᠠᠯᠠᠵᠤ᠂ ᠭᠠᠷᠭᠠᠭᠰᠠᠨ ᠪᠦᠬᠦᠨ ᠢ ᠵᠠᠪᠠᠯ ᠪᠠᠶᠢᠴᠠᠭᠠᠬᠤ ᠬᠡᠷᠡᠭᠲᠡᠶ᠃ ᠡᠯ᠎ᠡ ᠬᠤᠰᠢᠭᠤ ᠲᠣᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠰᠠᠯᠠᠭ᠎ᠠ ᠮᠥᠴᠢᠷ ᠨᠢ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠠᠯᠪᠠᠨ ᠤ ᠮᠠᠯ ᠤᠨ ᠡᠮᠴᠢ ᠶᠢ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠬᠤ ᠪᠤᠶᠤ ᠲᠤᠭᠳᠠᠭᠰᠠᠨ ᠭᠠᠵᠠᠷ ᠲᠤ ᠬᠢᠵᠢᠭ ᠪᠠᠶᠢᠴᠠᠭᠠᠯᠭᠠᠵᠤ᠂ ᠪᠠᠶᠢᠴᠠᠭᠠᠭᠰᠠᠨ ᠥᠬᠡᠶ ᠪᠠ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠴᠥᠮ ᠪᠣᠷᠣᠯᠠᠭᠤᠯᠬᠤ ᠪᠤᠶᠤ ᠰᠢᠯᠵᠢᠭᠦᠯᠵᠦ ᠪᠣᠯᠬᠤ ᠥᠬᠡᠶ᠂ ︽ᠭᠠᠵᠠᠷ ᠠᠯᠤᠰᠯᠠᠨ ᠦᠨᠡᠮᠯᠡᠯ ᠣᠯᠭᠤᠬᠤ︾᠂ ᠠᠮᠢᠲᠠᠨ ᠤ ᠬᠢᠵᠢᠭ ᠪᠠᠶᠢᠴᠠᠭᠠᠭᠰᠠᠨ ᠭᠡᠷᠡᠴᠢ ᠶᠢ ᠬᠤᠳᠠᠯᠳᠤᠭᠠᠯᠠᠬᠤ᠂ ︽ᠨᠠᠶᠢᠷ ᠲᠠᠯ᠎ᠠ ᠶᠢᠨ ᠦᠨᠡᠮᠯᠡᠯ ᠣᠯᠭᠤᠬᠤ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠣᠶᠢᠯᠠ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠯ᠎ᠡ ᠬᠤᠰᠢᠭᠤ ᠲᠤᠭᠤᠷᠢᠭ ᠨᠤᠭᠤᠳ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠨᠥᠬᠦᠪᠥᠷᠢ ᠶᠢᠨ ᠲᠣᠭᠲᠠᠴᠠ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠵᠢᠯ ᠲᠥᠷᠥᠯ ᠢ ᠣᠶᠢᠯᠠᠭᠠᠬᠤ᠂ ᠣᠨᠣᠯ ᠳᠤ ᠴᠠᠭᠠᠷᠠᠭᠰᠠᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠬᠥᠮᠦᠵᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠶᠢᠯᠡᠳᠪᠦᠷᠢᠯᠠᠨ ᠡᠵᠡᠩᠨᠡᠭᠴᠢ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠬᠢᠵᠢᠭ ᠢ ᠰᠡᠷᠭᠡᠶᠢᠯᠡᠬᠦ ᠣᠨᠣᠯᠵᠢᠬᠤᠨ ᠢ ᠬᠤᠪᠢᠷᠠᠭᠤᠯᠬᠤ ᠬᠡᠷᠡᠭᠲᠡᠶ᠃   ︵ᠳᠥᠷᠪᠡ︶ ᠡᠪᠡᠳᠴᠢᠨ ᠢᠶᠠᠷ ᠥᠭᠦᠭᠰᠡᠨ ᠠᠮᠢᠲᠠᠨ ᠢ ᠬᠤᠤᠷ ᠦᠬᠡᠶᠢᠵᠢᠭᠦᠯᠦᠨ ᠰᠢᠢᠳᠪᠦᠷᠢᠯᠡᠬᠦ ᠶᠢ ᠵᠢᠷᠤᠮᠵᠢᠭᠤᠯᠤᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ︽ᠴᠠᠭ ᠲᠤᠬᠠᠶ ᠳᠤᠨᠢ ᠰᠢᠢᠳᠪᠦᠷᠢᠯᠡᠬᠦ᠂ ᠠᠷᠢᠭᠤᠨ ᠴᠡᠪᠡᠷ ᠣᠷᠴᠢᠨ ᠲᠣᠭᠤᠷᠢᠨ ᠢ ᠬᠠᠮᠠᠭᠠᠯᠠᠬᠤ᠂ ᠵᠦᠶ ᠵᠣᠬᠢᠰᠲᠠᠶ ᠠᠰᠢᠭᠯᠠᠬᠤ︾ ᠪᠠᠷ ᠬᠠᠷᠠᠯᠲᠠ ᠪᠣᠯᠭᠠᠵᠤ᠂ ᠲᠣᠰ ᠬᠤᠰᠢᠭᠤ ᠲᠤᠭᠤᠷᠢᠭ ᠤᠨ ᠳᠣᠲᠣᠷᠠᠬᠢ ᠡᠪᠡᠳᠴᠢᠨ ᠢᠶᠠᠷ ᠥᠭᠦᠭᠰᠡᠨ ᠠᠮᠢᠲᠠᠨ ᠢ ᠬᠤᠤᠷ ᠦᠬᠡᠶᠢᠵᠢᠭᠦᠯᠦᠨ ᠴᠤᠭᠯᠠᠭᠤᠯᠬᠤ᠂ ᠰᠢᠢᠳᠪᠦᠷᠢᠯᠡᠬᠦ ᠲᠠᠯᠠᠪᠤᠷ ᠭᠠᠵᠠᠷ ᠢ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠬᠤ ᠬᠡᠷᠡᠭᠲᠡᠶ᠃ ᠭᠤᠣᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ ᠵᠡᠷᠭᠡ ᠤᠰᠤᠨ ᠣᠷᠣᠨ ᠳᠤ ᠢᠯᠡᠷᠡᠭᠦᠯᠦᠭᠰᠡᠨ ᠦᠬᠦᠭᠰᠡᠨ ᠮᠠᠯ ᠵᠢᠭᠦᠷᠲᠡᠨ ᠢ ᠪᠠᠶᠢᠭ᠎ᠠ ᠭᠠᠵᠠᠷ ᠤᠨ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠵᠣᠬᠢᠶᠠᠨ ᠪᠠᠶᠢᠭᠤᠯᠤᠨ ᠴᠤᠭᠯᠠᠭᠤᠯᠬᠤ᠂ ᠰᠢᠢᠳᠪᠦᠷᠢᠯᠡᠬᠦ ᠶᠢᠨ ᠬᠠᠮᠲᠤ ᠡᠬᠢ ᠡᠭᠦᠰᠦᠯ ᠢ ᠨᠢ ᠡᠷᠢᠬᠦ ᠶᠢ ᠬᠠᠷᠢᠭᠤᠴᠠᠨ᠎ᠠ︔ ᠬᠤᠲᠠ  ᠶᠢᠨ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠬᠥᠳᠡᠭᠡ ᠲᠣᠰᠬᠤᠨ ᠳᠤ ᠢᠯᠡᠷᠡᠭᠦᠯᠦᠭᠰᠡᠨ ᠥᠭᠦᠭᠰᠡᠨ ᠮᠠᠯ ᠵᠢᠭᠦᠷᠲᠡᠨ ᠢ ᠪᠠᠶᠢᠭ᠎ᠠ ᠭᠠᠵᠠᠷ ᠤᠨ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠵᠣᠬᠢᠶᠠᠨ ᠪᠠᠶᠢᠭᠤᠯᠤᠨ ᠴᠤᠭᠯᠠᠭᠤᠯᠵᠤ᠂ ᠰᠢᠢᠳᠪᠦᠷᠢᠯᠡᠬᠦ ᠶᠢᠨ ᠬᠠᠮᠲᠤ ᠡᠬᠢ ᠡᠭᠦᠰᠦᠯ ᠢ ᠨᠢ ᠡᠷᠢᠬᠦ ᠬᠡᠷᠡᠭᠲᠡᠶ︔ ᠬᠡᠭᠡᠷ᠎ᠡ ᠭᠠᠳᠠᠨ᠎ᠠ ᠢᠯᠡᠷᠡᠭᠦᠯᠦᠭᠰᠡᠨ ᠥᠭᠦᠭᠰᠡᠨ ᠬᠡᠭᠡᠷ᠎ᠡ ᠶᠢᠨ ᠠᠮᠢᠲᠠᠨ ᠢ ᠪᠠᠶᠢᠭ᠎ᠠ ᠭᠠᠵᠠᠷ ᠤᠨ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠴᠤᠭᠯᠠᠭᠤᠯᠵᠤ ᠰᠢᠢᠳᠪᠦᠷᠢᠯᠡᠬᠦ ᠬᠡᠷᠡᠭᠲᠡᠶ᠃ ᠠᠮᠢᠲᠠᠨ ᠢ ᠲᠡᠵᠢᠭᠡᠬᠦ᠂ ᠨᠢᠲᠤᠯᠬᠤ᠂ ᠡᠵᠡᠩᠨᠡᠬᠦ᠂ ᠲᠤᠰᠠᠭᠠᠷᠯᠠᠬᠤ ᠵᠢᠴᠢ ᠠᠮᠢᠲᠠᠨ ᠤ ᠠᠰᠢᠭ ᠰᠢᠮ᠎ᠡ ᠶᠢ ᠣᠶᠢᠯᠡᠳᠪᠦᠷᠢᠯᠡᠬᠦ᠂ ᠡᠵᠡᠩᠨᠡᠬᠦ᠂ ᠪᠣᠯᠪᠠᠰᠤᠷᠠᠭᠤᠯᠬᠤ᠂ ᠬᠠᠳᠠᠭᠠᠯᠠᠬᠤ ᠵᠡᠷᠭᠡ ᠠᠵᠢᠯᠯᠠᠭ᠎ᠠ ᠶᠢ ᠡᠷᠭᠢᠯᠡᠵᠦ ᠪᠠᠶᠢᠭ᠎ᠠ ᠨᠢᠭᠡᠴᠡ ᠪᠠ ᠬᠤᠪᠢ ᠬᠥᠮᠦᠨ ︽ᠡᠪᠡᠳᠴᠢᠨ ᠢᠶᠠᠷ ᠥᠭᠦᠭᠰᠡᠨ ᠵᠢᠴᠢ ᠡᠪᠡᠳᠴᠢᠨ ᠤ ᠬᠥᠨᠥᠭᠡᠯ ᠲᠠᠢ ᠠᠮᠢᠲᠠᠨ ᠢ ᠬᠤᠤᠷ ᠦᠬᠡᠶᠢᠵᠢᠭᠦᠯᠦᠨ ᠰᠢᠢᠳᠪᠦᠷᠢᠯᠡᠬᠦ ᠮᠡᠷᠭᠡᠵᠢᠯ ᠤᠨ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ᠂ ᠡᠪᠡᠳᠴᠢᠨ ᠢᠶᠠᠷ ᠥᠭᠦᠭᠰᠡᠨ ᠠᠮᠢᠲᠠᠨ᠂ ᠡᠪᠡᠳᠴᠢᠨ ᠤ ᠬᠥᠨᠥᠭᠡᠯ ᠲᠠᠢ ᠠᠮᠢᠲᠠᠨ ᠤ ᠠᠰᠢᠭ ᠰᠢᠮ᠎ᠡ ᠶᠢ ᠬᠤᠤᠷ ᠦᠬᠡᠶᠢᠵᠢᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠂ ᠡᠰᠡᠬᠦᠯ᠎ᠡ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠤᠷ ᠦᠬᠡᠶᠢᠵᠢᠭᠦᠯᠦᠨ ᠰᠢᠢᠳᠪᠦᠷᠢᠯᠡᠬᠦ ᠲᠠᠯᠠᠪᠤᠷ ᠲᠤ ᠨᠠᠶᠢᠳᠠᠵᠤ ᠴᠠᠭ ᠲᠤᠬᠠᠶ ᠳᠤᠨᠢ ᠰᠢᠢᠳᠪᠦᠷᠢᠯᠡᠭᠦᠯᠬᠦ ᠬᠡᠷᠡᠭᠲᠡᠶ᠃ ᠠᠮᠢᠲᠠᠨ᠂ ᠠᠮᠢᠲᠠᠨ ᠤ ᠠᠰᠢᠭ ᠰᠢᠮ᠎ᠡ ᠶᠢ ᠲᠡᠭᠡᠭᠡᠪᠦᠷᠢᠯᠡᠬᠦ ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠠ ᠬᠤᠪᠢ ᠬᠥᠮᠦᠨ ᠡᠪᠡᠳᠴᠢᠨ ᠢᠶᠠᠷ ᠦᠬᠦᠭᠰᠡᠨ ᠠᠮᠢᠲᠠᠨ ᠪᠠ ᠡᠪᠡᠳᠴᠢᠨ ᠤ ᠬᠥᠨᠥᠭᠡᠯ ᠲᠠᠢ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠂ ᠵᠠᠮ ᠵᠠᠭᠤᠷ᠎ᠠ ᠬᠤᠯᠪᠣᠭᠳᠠᠯ ᠪᠦᠬᠦᠢ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠳᠤᠷ᠎ᠠ ᠪᠠᠷ ᠢᠶᠠᠨ ᠬᠠᠶᠠᠬᠤ ᠪᠠ ᠰᠢᠢᠳᠪᠦᠷᠢᠯᠡᠵᠣ ᠪᠣᠯᠬᠤ ᠦᠭᠡᠢ᠃   ︵ᠲᠠᠪᠤ︶ ᠠᠷᠢᠭᠤᠳᠬᠠᠵᠤ ᠢᠷᠡᠯᠳᠡ ᠶᠢ ᠤᠰᠠᠳᠬᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠵᠣᠬᠢᠶᠠᠨ ᠪᠠᠶᠢᠭᠤᠯᠤᠨ ᠤᠳᠤᠷᠢᠳᠬᠤ ᠪᠠᠨ ᠦᠨᠡᠨᠬᠦ ᠴᠢᠩᠭᠠᠳᠬᠠᠵᠤ᠂ ᠠᠷᠢᠭᠤᠳᠬᠠᠨ ᠢᠷᠡᠯᠲᠡ ᠶᠢ ᠤᠰᠠᠳᠬᠠᠬᠤ ᠠᠵᠢᠯ ᠤᠨ ᠪᠠᠭᠤᠷᠠᠶ ᠲᠠᠯ᠎ᠠ ᠶᠢ ᠬᠢᠨᠠᠮᠠᠭᠠᠶ ᠡᠷᠢᠵᠦ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠣᠨ ᠤ ᠠᠷᠢᠭᠤᠳᠬᠠᠨ ᠢᠷᠡᠯᠲᠡ ᠶᠢ ᠤᠰᠠᠳᠬᠠᠬᠤ ᠠᠵᠢᠯ ᠤᠨ ᠲᠥᠰᠦᠯ ᠢᠶᠠᠨ ᠴᠢᠭᠯᠡᠭᠦᠯᠬᠦ ᠴᠢᠨᠠᠷᠲᠠᠶ ᠪᠠᠷ ᠲᠣᠭᠲᠠᠭᠠᠵᠤ᠂ ᠠᠷᠢᠭᠤᠳᠬᠠᠬᠤ ᠡᠮ ᠤᠨ ᠵᠣᠶᠢᠯ ᠢ ᠴᠠᠭ ᠲᠤᠬᠠᠶ ᠳᠤᠨᠢ ᠬᠤᠳᠠᠯᠳᠤᠨ ᠠᠪᠬᠤ ᠪᠠ ᠲᠠᠷᠬᠠᠭᠠᠬᠤ ᠬᠡᠷᠡᠭᠲᠡᠶ︔ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠠᠮᠢᠲᠠᠨ ᠢ ᠲᠡᠵᠢᠬᠡᠨ ᠦᠷᠡᠵᠢᠭᠦᠯᠬᠦ᠂ ᠨᠢᠲᠤᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠵᠢᠴᠢ ᠠᠮᠢᠲᠠᠨ ᠤ ᠠᠰᠢᠭ ᠰᠢᠮ᠎ᠡ ᠶᠢ ᠣᠶᠢᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭᠠᠯᠠᠬᠤ ᠵᠡᠷᠭᠡ ᠠᠵᠢᠯᠯᠠᠭ᠎ᠠ ᠶᠢ ᠡᠷᠭᠢᠯᠡᠵᠦ ᠪᠠᠶᠢᠭ᠎ᠠ ᠨᠢᠭᠡᠴᠡ ᠪᠠ ᠬᠤᠪᠢ ᠬᠥᠮᠦᠨ ᠢ ᠰᠢᠮᠳᠠᠭᠤᠯᠵᠤ ᠪᠠᠶᠢᠭᠠᠳ ᠠᠮᠢᠲᠠᠨ ᠤ ᠬᠢᠵᠢᠭ ᠢ ᠰᠡᠷᠭᠡᠶᠢᠯᠡᠬᠦ ᠬᠠᠮᠢᠶ᠎ᠠ ᠪᠥᠬᠦᠶ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠵᠦ᠂ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠷᠢᠭᠤᠳᠬᠠᠵᠤ ᠢᠷᠡᠯᠲᠡ ᠶᠢ ᠤᠰᠠᠳᠬᠠᠬᠤ ᠶᠢ ᠥᠷᠨᠢᠭᠦᠯᠵᠦ᠂ ᠠᠵᠢᠯ ᠤᠨ ᠡᠬᠡ ᠲᠠᠩᠰᠠ ᠪᠠᠶᠢᠭᠤᠯᠬᠤ ᠬᠡᠷᠡᠭᠲᠡᠶ︔ ᠡᠯ᠎ᠡ ᠱᠠᠲᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠠᠨ ᠡᠵᠡᠮᠳᠡᠬᠦ ᠰᠠᠯᠠᠭ᠎ᠠ ᠮᠥᠴᠢᠷ ᠤᠳ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠳᠤ ᠠᠷᠢᠭᠤᠳᠬᠠᠵᠤ ᠢᠷᠡᠯᠲᠡ ᠶᠢ ᠨᠢ ᠤᠰᠠᠳᠬᠠᠬᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠬᠡᠪᠴᠢᠶᠡᠲᠦ ᠲᠠᠯᠠᠪᠠᠶ ᠶᠢᠨ ᠠᠷᠢᠭᠤᠳᠬᠠᠵᠤ ᠢᠷᠡᠯᠲᠡ ᠶᠢ ᠨᠢ ᠤᠰᠠᠳᠬᠠᠬᠤ ᠲᠦᠷᠢᠮ ᠢ ᠪᠠᠶᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠠᠷᠢᠭᠤᠳᠬᠠᠵᠤ ᠢᠷᠡᠯᠲᠡ ᠶᠢ ᠨᠢ ᠤᠰᠠᠳᠬᠠᠬᠤ ᠡᠯ᠎ᠡ ᠵᠣᠶᠢᠯ ᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠠᠷᠤᠳᠠᠯ᠂ ᠠᠵᠢᠯᠲᠠᠨ ᠵᠢᠴᠢ ᠠᠷᠢᠭᠤᠳᠬᠠᠬᠤ ᠲᠦᠭᠦᠭᠡᠷᠤᠮᠵᠢ ᠵᠡᠷᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠣᠨ ᠤ ᠠᠵᠢᠯ ᠤᠨ ᠲᠥᠰᠦᠯ ᠶᠣᠰᠣᠭᠠᠷ ᠴᠠᠭ ᠲᠤᠬᠠᠶ ᠳᠤᠨᠢ ᠠᠷᠢᠭᠤᠳᠬᠠᠵᠤ ᠢᠷᠡᠯᠲᠡ ᠶᠢ ᠨᠢ ᠤᠰᠠᠳᠬᠠᠬᠤ ᠠᠵᠢᠯ ᠢ ᠥᠷᠨᠢᠭᠦᠯᠬᠦ ᠬᠡᠷᠡᠭᠲᠡᠶ᠃   ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠠᠢ    ︵ᠨᠢᠭᠡ︶ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠣᠶᠢᠯᠡᠳᠤᠯ ᠢ ᠭᠦᠢᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠬᠡᠬᠡᠪᠦᠷᠢ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠵᠡᠷᠭᠡ ᠰᠠᠯᠠᠭ᠎ᠠ ᠮᠥᠴᠢᠷ ᠯᠦᠭᠡ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠪᠠ ᠪᠠᠶᠢᠩᠭᠤᠵᠢᠭᠤᠯᠤᠨ ᠵᠣᠯᠭᠠᠭᠤᠯᠬᠤ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠡᠯ᠎ᠡ ᠵᠣᠶᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ  ᠤᠨ ᠣᠷᠳᠣᠨ ᠨᠤᠭᠤᠳ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠪᠣᠯᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠯ ᠤᠨ ᠲᠣᠭᠲᠠᠴᠠ ᠶᠢ ᠴᠢᠨᠠᠭᠰᠢᠳᠠ ᠪᠥᠷᠢᠨᠰᠢᠬᠦᠯᠥᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ ᠵᠠᠰᠠᠪᠤᠷᠢ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠪᠣᠯᠤᠨ ᠰᠣᠷᠢᠯᠲᠠ ᠶᠢ ᠰᠠᠶᠢᠲᠤᠷ ᠬᠢᠵᠦ᠂ ᠠᠮᠢᠳᠠᠨ ᠤ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠳᠤ ︽ᠪᠠᠶᠢᠩᠭᠤᠵᠢᠭᠤᠯᠤᠨ ᠨᠥᠭᠡᠴᠡᠯᠡᠬᠦ᠂ ᠬᠥᠳᠡᠯᠦᠩᠭᠦᠶ ᠪᠠᠷ ᠬᠠᠮᠢᠶᠠᠷᠬᠤ︾ ᠶᠢ ᠪᠡᠶᠡᠯᠡᠭᠦᠯᠬᠦ ᠬᠡᠷᠡᠭᠲᠡᠶ᠃ ᠡᠯ᠎ᠡ ᠬᠤᠰᠢᠭᠤ ᠲᠤᠭᠤᠷᠢᠭ ᠤᠨ ︽ᠱᠠᠩᠨᠠᠯ ᠲᠠᠢ ᠪᠠᠷ ᠢᠯᠡᠴᠢᠯᠡᠨ ᠮᠡᠳᠡᠭᠦᠯᠬᠦ︾ ᠲᠦᠷᠢᠮ ᠪᠠᠶᠢᠭᠤᠯᠬᠤ ᠶᠢ ᠵᠣᠷᠢᠭᠵᠢᠭᠤᠯᠵᠤ᠂ ᠥᠷᠭᠡᠨ ᠣᠯᠠᠨ ᠠᠷᠠᠳ ᠲᠦᠮᠡᠨ ᠢ ᠳᠠᠶᠢᠴᠢᠯᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠣᠶᠢᠯᠠ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ︵ᠬᠤᠶᠠᠷ︶ ᠰᠠᠭᠤᠷᠢ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ᠂ ᠸᠠᠺᠼᠢᠨ ᠢ ᠬᠠᠳᠠᠭᠠᠯᠠᠵᠤ ᠲᠡᠭᠡᠭᠡᠪᠦᠷᠢᠯᠡᠬᠦ ᠪᠠ ᠠᠮᠢᠲᠠᠨ ᠤ ᠬᠢᠵᠢᠭ ᠪᠠᠶᠢᠴᠠᠭᠠᠬᠤ ᠵᠡᠷᠭᠡ ᠲᠤᠨᠤᠭ ᠲᠦᠭᠦᠭᠡᠷᠤᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠳᠠ ᠶᠢ ᠮᠡᠳᠡᠭᠦᠯᠦᠨ ᠪᠠᠶᠢᠴᠠᠭᠠᠬᠤ ᠴᠡᠭ᠂ ᠲᠤᠭᠳᠠᠭᠰᠠᠨ ᠵᠠᠮ᠂ ᠡᠪᠡᠳᠴᠢᠨ ᠢᠶᠠᠷ ᠥᠭᠦᠭᠰᠡᠨ ᠠᠮᠢᠲᠠᠨ ᠢ ᠬᠤᠤᠷ ᠦᠬᠡᠶᠢᠵᠢᠭᠦᠯᠦᠨ ᠰᠢᠢᠳᠪᠦᠷᠢᠯᠡᠬᠦ ᠲᠠᠯᠠᠪᠤᠷ ᠭᠠᠵᠠᠷ᠂ ᠠᠮᠢᠲᠠᠨ ᠢ ᠲᠤᠰᠠᠭᠠᠷᠯᠠᠬᠤ ᠲᠠᠯᠠᠪᠤᠷ ᠵᠡᠷᠭᠡ ᠰᠠᠭᠤᠷᠢ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃   ︵ᠭᠤᠷᠪᠠ︶ ᠮᠠᠯ ᠡᠮᠨᠡᠯᠭᠡ ᠶᠢᠨ ᠠᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ᠂ ᠡᠯ᠎ᠡ ᠬᠤᠰᠢᠭᠤ ᠲᠤᠭᠤᠷᠢᠭ ᠢ ᠰᠢᠮᠳᠠᠭᠤᠯᠵᠤ ᠪᠠᠶᠢᠭᠠᠳ ᠲᠡᠵᠢᠭᠡᠨ ᠦᠷᠡᠵᠢᠭᠦᠯᠬᠦ ᠲᠠᠷᠬᠠᠯᠲᠠ ᠶᠢᠨ ᠣᠨᠴᠠᠯᠢᠭ ᠵᠢᠴᠢ ᠬᠢᠵᠢᠭ ᠰᠡᠷᠭᠡᠶᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠮᠠᠯ ᠡᠮᠨᠡᠯᠭᠡ ᠶᠢᠨ  ᠨᠡᠶᠢᠬᠡᠮᠴᠢᠯᠡᠭᠰᠡᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠭᠤᠷᠪᠠᠳᠠᠬᠢ ᠡᠲᠡᠭᠡᠳ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠭᠤᠣᠯ ᠴᠣᠭᠴᠠ ᠶᠢ ᠪᠤᠶᠢᠵᠢᠭᠤᠯᠬᠤ ᠪᠤᠶᠤ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠬᠦᠴᠦᠨ ᠬᠦᠷᠦᠯᠴᠡᠬᠦ ᠦᠭᠡᠢ᠂ ᠮᠡᠷᠭᠡᠵᠢᠯ ᠤᠨ ᠬᠢᠷᠢ ᠬᠡᠮᠵᠢᠶ᠎ᠡ ᠳᠣᠣᠷ᠎ᠠ ᠪᠠᠶᠢᠬᠤ ᠳᠤᠲᠠᠭᠤᠳᠠᠯ ᠢ ᠨᠥᠬᠦᠪᠥᠷᠢᠯᠡᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠮᠠᠯ ᠡᠮᠨᠡᠯᠭᠡ ᠶᠢᠨ ᠦᠢᠯᠡᠴᠢᠯᠡᠭᠡ ᠪᠠ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠡᠵᠡᠩᠨᠡᠯᠲᠡ ᠶᠢᠨ ᠴᠢᠨᠠᠷᠲᠠᠶ ᠮᠠᠯ ᠡᠮᠨᠡᠯᠭᠡ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠠᠮᠢᠲᠠᠨ ᠤ ᠬᠢᠵᠢᠭ ᠢ ᠰᠡᠷᠭᠡᠶᠢᠯᠡᠬᠦ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠣᠯᠭᠠᠨ᠎ᠠ᠃ ᠡᠭᠦᠨ ᠤ ᠬᠠᠮᠲᠤ᠂ ᠲᠣᠮᠣ ᠳ᠋ᠠᠶᠢᠲ᠋ᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠲᠡᠵᠢᠭᠡᠨ ᠦᠷᠡᠵᠢᠭᠦᠯᠬᠦ᠂ ᠬᠢᠵᠢᠭ ᠢ ᠰᠡᠷᠭᠡᠶᠢᠯᠡᠬᠦ᠂ ᠬᠢᠵᠢᠭ ᠪᠠᠶᠢᠴᠠᠭᠠᠬᠤ᠂ ᠬᠢᠨᠠᠨ ᠬᠠᠮᠢᠶᠠᠷᠬᠤ᠂ ᠬᠤᠤᠷ ᠦᠬᠡᠶᠢᠵᠢᠭᠦᠯᠦᠨ ᠰᠢᠢᠳᠪᠦᠷᠢᠯᠡᠬᠦ ᠵᠡᠷᠭᠡ ᠮᠡᠳᠡᠭᠡ ᠵᠠᠩᠭᠢ ᠶᠢ ᠠᠭᠤᠰᠤᠯᠴᠠᠭᠤᠯᠤᠭᠰᠠᠨ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠵᠤ᠂ ᠤᠶᠤᠨᠴᠢᠯᠠᠭᠰᠠᠨ ᠬᠠᠮᠢᠶᠠᠷᠤᠯᠲᠠ ᠳᠤ ᠬᠦᠴᠦᠨ ᠨᠡᠮᠡᠷᠢᠯᠡᠬᠦ ᠬᠡᠷᠡᠭᠲᠡᠶ᠃    ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ︽ᠳᠥᠷᠪᠡᠨ ᠥᠬᠡᠶ ᠬᠤᠶᠠᠷ ᠰᠢᠭᠤᠳ︾ ᠵᠡᠷᠭᠡ ᠪᠠᠶᠢᠴᠠᠭᠠᠯᠲᠠ ᠶᠢᠨ ᠬᠡᠯᠪᠡᠷᠢ ᠶᠢ ᠠᠪᠴᠤ᠂ ᠦᠨᠳᠦᠰᠦᠨ ᠱᠠᠲᠤ ᠵᠢᠴᠢ ᠬᠠᠮᠢᠶ᠎ᠠ ᠪᠥᠬᠦᠶ ᠠᠵᠢᠯᠯᠠᠭᠰᠠᠳ ᠤᠨ ᠠᠮᠢᠲᠠᠨ ᠤ ᠬᠢᠵᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠪᠠᠶᠢᠴᠠᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠯ᠎ᠡ ᠵᠣᠶᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃   ︵ᠲᠠᠪᠤ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠠᠷᠠᠳ ᠢᠶᠠᠷ ᠢᠶᠠᠨ ᠬᠠᠤᠯᠢ ᠮᠡᠳᠡᠬᠦ᠂ ᠬᠠᠤᠯᠢ ᠰᠠᠬᠢᠬᠤ᠂ ᠬᠠᠤᠯᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃                   ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                 2021 ᠣᠨ ᠤ 5 ᠰᠠᠷ᠎ᠠ ᠶᠢᠨ 27 ᠤ ᠡᠳᠦᠷ
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ