ᠤᠷᠳᠤᠰ ᠬᠤᠳᠠ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ ︵2021 — 2025 ᠣᠨ︶ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ  ᠤᠷᠳᠤᠰ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠣᠷᠳᠣᠰ ᠬᠤᠲᠠ ᠶᠢᠨ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ ︵2021 — 2025 ᠣᠨ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠭᠠᠷᠠᠢ᠃                          ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                     2021 ᠣᠨ ᠤ 5 ᠰᠠᠷ᠎ᠠ ᠶᠢᠨ 21 ᠤ ᠡᠳᠦᠷ ᠤᠷᠳᠤᠰ ᠬᠤᠳᠠ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ ︵2021 — 2025 ᠣᠨ︶    ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠥᠷᠢᠰᠥᠯᠳᠦᠬᠦ ᠬᠦᠴᠦᠨ ᠪᠠ ᠶᠡᠷᠦᠩᠬᠡᠶᠢᠯᠡᠭᠰᠡᠨ ᠣᠶᠢᠯᠡᠳᠪᠦᠷᠢᠯᠡᠬᠦ ᠴᠢᠳᠠᠪᠤᠷᠢ ᠶᠢ ᠦᠨᠡᠨᠬᠦ  ᠴᠢᠩᠭᠠᠳᠬᠠᠵᠣ᠂ ᠣᠲᠣ ᠦᠶ᠎ᠡ ᠶᠢᠨ ᠦᠷ᠎ᠡ ᠶᠢᠨ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ︽ᠵᠠᠩᠬᠢᠯᠠᠭ᠎ᠠ︾ ᠶᠢᠨ ᠮᠡᠷᠭᠡᠵᠢᠯ ᠢ ᠰᠢᠪᠲᠤᠯᠤᠨ᠂ ᠦᠷ᠎ᠡ ᠶᠢᠨ ᠣᠶᠢᠯᠡᠰ ᠤᠨ ᠪᠡᠶ᠎ᠡ ᠤᠷᠪᠠᠭ᠋ᠤ ᠲᠡᠶᠢᠨ ᠢ ᠰᠠᠶᠢᠲᠤᠷ ᠬᠢᠬᠦ ᠶᠢᠨ ᠲᠤᠰᠠᠳᠠ᠂ ︽︿ᠦᠷ᠎ᠡ ᠶᠢᠨ ᠣᠶᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2020 — 2022 ᠣᠨ︶﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 40 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃   ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ 2021 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠲᠥᠪ  ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠣᠷᠳᠣᠰ ᠬᠤᠲᠠ ᠶᠢᠨ ᠦᠷ᠎ᠡ ᠶᠢᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠬᠠᠷᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠣ ᠪᠡᠯᠴᠢᠬᠡᠷ ᠤᠨ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠳᠬᠠᠵᠣ᠂ ᠠᠵᠢᠯ ᠤᠨ ᠳᠦᠷᠢᠮ ᠢ ᠲᠦᠷᠭᠡᠳᠬᠡᠨ ᠲᠡᠭᠦᠯᠳᠡᠷᠵᠢᠭᠦᠯᠵᠦ᠂ ᠮᠡᠷᠭᠡᠵᠢᠯ᠂ ᠲᠦᠷᠦᠯ ᠵᠦᠢᠯ᠂ ᠲᠣᠭᠲᠠᠴᠠ  ᠪᠠᠶᠢᠭᠤᠯᠤᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠬᠢᠨᠠᠨ ᠬᠠᠮᠢᠶᠠᠷᠤᠯᠳᠠ ᠪᠠᠷ ᠬᠦᠴᠦᠲᠡᠢ ᠤᠳᠤ ᠦᠶ᠎ᠡ ᠶᠢᠨ ᠦᠷ᠎ᠡ ᠶᠢᠨ ᠦᠢᠯᠡᠰ ᠤᠨ ᠵᠠᠰᠠᠯᠲᠠ ᠶᠢᠨ ᠲᠤᠭᠳᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠴᠢᠳᠠᠪᠤᠷᠢᠲᠠᠨ ᠢᠶᠠᠷ ᠦᠨᠳᠦᠰᠦ ᠪᠣᠯᠭᠠᠭᠰᠠᠨ᠂ ᠭᠠᠵᠠᠷ ᠣᠷᠣᠨ ᠬᠠᠮᠵᠢᠯᠴᠠᠨ ᠬᠥᠭᠵᠢᠭᠰᠡᠨ᠂ ᠠᠵᠤ ᠠᠬᠤᠶᠢᠯᠠᠯ ᠳᠡᠭᠡᠳᠦ ᠰᠤᠷᠭᠠᠭᠤᠯᠢ  ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠭᠦᠨᠵᠡᠭᠡᠢ ᠠᠭᠤᠰᠤᠯᠴᠠᠭᠤᠯᠤᠭᠰᠠᠨ᠂ ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠨ ᠬᠥᠭᠵᠢᠭᠦᠯᠦᠭᠰᠡᠨ ᠤᠳᠤ ᠦᠶ᠎ᠡ ᠶᠢᠨ ᠦᠷ᠎ᠡ ᠶᠢᠨ ᠦᠢᠯᠡᠰ ᠤᠨ ᠲᠤᠭᠳᠠᠯᠴᠠᠭ᠎ᠠ ᠶᠢ ᠪᠠᠶᠢᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠷ᠎ᠡ ᠶᠢᠨ ᠦᠢᠯᠡᠰ ᠤᠨ ᠰᠠᠭᠤᠷᠢ ᠲᠤᠯᠭᠠᠭᠤᠷᠢᠯᠠᠯ ᠬᠠᠩᠭᠠᠨ᠎ᠠ᠃   ︵ᠬᠤᠶᠠᠷ︶ ᠦᠨᠳᠦᠰᠦᠨ ᠵᠠᠷᠴᠢᠮ   1. ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠵᠦᠢ ᠵᠣᠬᠢᠰᠲᠠᠶ ᠪᠠᠶᠢᠷᠢᠯᠠᠭᠤᠯᠬᠤ ᠶᠢ ᠪᠠᠷᠢᠮᠲᠠᠯᠠᠨ᠎ᠠ᠃ ᠮᠠ᠊‍ᠨ ᠤ ᠬᠤᠲᠠ ᠶᠢᠨ ᠦᠷ᠎ᠡ  ᠶᠢᠨ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠠᠴᠠ ᠡᠭᠦᠰᠴᠦ᠂ ᠲᠠᠷᠢᠮᠠᠯ᠂ ᠮᠠᠯ ᠵᠢᠭᠦᠷᠲᠡᠨ᠂ ᠤᠰᠤᠨ ᠭᠠᠷᠤᠯᠲᠠ᠂ ᠣᠶ ᠰᠢᠭᠤᠶ ᠡᠪᠡᠰᠦ ᠪᠡᠯᠴᠢᠭᠡᠷ ᠤᠨ ᠦᠷ᠎ᠡ ᠶᠢᠨ ᠦᠢᠯᠡᠰ ᠤᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠣᠷᠣᠨ ᠨᠤᠲᠤᠭ ᠤᠨ ᠣᠨᠴᠠ ᠪᠠᠶᠢᠳᠠᠭ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ᠂ ᠦᠷ᠎ᠡ ᠶᠢᠨ ᠪᠤᠶᠢᠵᠢᠭᠤᠯᠤᠯᠳᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠭᠤᠤᠯᠳᠠᠯᠭ᠎ᠠ ᠲᠠᠢ ᠴᠢᠩᠭᠠᠳᠬᠠᠵᠤ᠂ ᠠᠷᠪᠠᠰ ᠤᠨ ᠨᠣᠯᠤᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ ᠠᠯᠠᠰᠢᠨ ᠬᠤᠨᠢ ᠢᠮᠠᠭ᠎ᠠ᠂ ᠠᠯᠠᠰᠢᠨ ᠦᠬᠡᠷ᠂ ᠦᠨᠢᠶ᠎ᠡ᠂ ᠦᠦᠰᠢᠨ ᠮᠣᠷᠢ᠂ ᠡᠷᠳᠡᠨᠢ ᠰᠢᠰᠢ᠂ ᠡᠯᠳᠡᠪ ᠠᠮᠤ ᠪᠤᠷᠴᠠᠭ᠂ ᠭᠤᠸᠠ ᠵᠢᠮᠢᠰ ᠨᠣᠭᠤᠭ᠎ᠠ ᠴᠠᠭ᠎ᠠ᠂ ᠡᠪᠡᠰᠤ ᠪᠤᠷᠳᠤᠭ᠎ᠠ᠂ ᠨᠤᠲᠤᠭ ᠤᠨ ᠮᠣᠳᠣᠨ ᠤ ᠲᠦᠷᠦᠯ᠂ ᠨᠤᠲᠤᠭ ᠤᠨ ᠡᠪᠡᠰᠦᠨ ᠤ ᠲᠦᠷᠦᠯ᠂ ᠱᠤᠷᠠᠭ ᠵᠠᠮᠠᠭ᠂ ᠶᠠᠰᠤᠲᠤ ᠮᠡᠯᠡᠬᠡᠶ ᠵᠡᠷᠭᠡ ᠣᠷᠣᠨ ᠨᠤᠲᠤᠭ ᠤᠨ ᠳᠠᠪᠠᠭᠤᠯᠢᠭ ᠤᠨᠴᠠᠯᠢᠭᠳᠤ  ᠪᠤᠳᠠᠰ ᠤᠨ ᠳᠦᠷᠰᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠰᠤᠳ ᠳᠦᠷᠰᠦ ᠶᠢ ᠬᠠᠮᠲᠤ ᠳᠤᠨᠢ ᠬᠠᠷᠠᠭᠠᠯᠵᠠᠵᠤ᠂ ᠵᠦᠶ ᠵᠣᠬᠢᠰᠲᠠᠶ ᠪᠠᠶᠢᠷᠢᠯᠠᠭᠤᠯᠵᠤ᠂ ᠡᠮᠬᠢ ᠵᠢᠷᠤᠮ ᠲᠠᠢ ᠠᠬᠢᠭᠤᠯᠤᠨ᠎ᠠ᠃    2. ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠪᠠᠷ ᠰᠢᠪᠲᠤᠯᠤᠯᠲᠠ ᠬᠢᠨ᠎ᠠ᠃ ᠣᠲᠣ ᠪᠠᠶᠢᠭ᠎ᠠ ᠦᠷ᠎ᠡ ᠶᠢᠨ ᠣᠶᠢᠯᠡᠰ  ᠤᠨ ᠬᠥᠭᠵᠢᠯᠲᠡ ᠶᠢᠨ ᠰᠠᠭᠤᠷᠢ ᠶᠢ ᠭᠦᠢᠴᠡᠳ ᠠᠰᠢᠭᠯᠠᠨ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠰᠠᠭᠤᠷᠢ ᠲᠦᠭᠦᠭᠡᠷᠤᠮᠵᠢ ᠶᠢ ᠬᠦᠴᠦᠯᠡᠨ ᠰᠠᠶᠢᠵᠢᠷᠠᠭᠤᠯᠵᠤ᠂ ᠦᠷ᠎ᠡ ᠶᠢᠨ ᠣᠶᠢᠯᠡᠰ ᠤᠨ ᠬᠦᠷᠢᠶ᠎ᠡ ᠬᠡᠪᠴᠢᠶᠡᠨ ᠤ ᠬᠠᠮᠢᠶ᠎ᠠ ᠪᠥᠬᠦᠶ ᠠᠵᠤ ᠠᠬᠤᠶᠢᠯᠠᠯ᠂ ᠡᠷᠳᠡᠮ ᠰᠢᠨᠵᠢᠯᠡᠬᠡᠨ ᠤ ᠬᠦᠷᠢᠶᠡᠯᠡᠩ ᠠᠴᠠ ᠰᠢᠯᠢᠳᠡᠭ ᠢ ᠨᠢ ᠰᠣᠩᠭᠤᠨ ᠳᠡᠮᠵᠢᠵᠦ᠂ ᠮᠡᠷᠭᠡᠵᠢᠯ ᠣᠷᠣᠭᠤᠯᠬᠤ ᠪᠠ ᠬᠠᠮᠲᠤᠷᠠᠯᠴᠠᠬᠤ ᠪᠠᠷ ᠳᠡᠮᠵᠢᠨ᠂ ᠬᠠᠮᠲᠤᠷᠠᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠦᠷ᠎ᠡ ᠶᠢᠨ ᠣᠶᠢᠯᠡᠰ  ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃    3. ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠶᠢ ᠪᠠᠷᠢᠮᠲᠠᠯᠠᠵᠤ᠂ ᠣᠯᠠᠨ ᠡᠰᠢᠲᠦ ᠣᠷᠣᠭᠤᠯᠤᠯᠲᠠ ᠬᠢᠨ᠎ᠠ᠃ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠤᠶᠠᠷ ᠲᠠᠯ᠎ᠠ ᠶᠢᠨ ᠣᠶᠢᠯᠡᠳᠤᠯ ᠢ ᠭᠦᠢᠴᠡᠳ ᠪᠠᠳᠠᠷᠠᠭᠤᠯᠵᠤ᠂ ᠬᠤᠲᠠ᠂ ᠬᠤᠰᠢᠭᠤ ︵ᠲᠣᠭᠤᠷᠢᠭ︶ ᠬᠤᠶᠠᠷ ᠱᠠᠲᠤᠨ ᠤ ᠵᠠᠰᠠᠭ ᠤᠨ ᠣᠷᠳᠣᠨ ᠨᠢ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠨ᠎ᠡ᠃ ᠣᠷᠣᠨ ᠨᠤᠲᠤᠭ ᠤᠨ ᠤᠨᠴᠠᠯᠢᠭᠳᠤ ᠦᠷ᠎ᠡ ᠶᠢᠨ ᠣᠶᠢᠯᠡᠰ ᠤᠨ ᠭᠤᠤᠯᠳᠠᠯᠭ᠎ᠠ ᠲᠠᠢ ᠲᠥᠷᠥᠯ ᠵᠣᠶᠢᠯ ᠤᠨ ᠬᠥᠲᠥᠯᠦᠨ ᠳᠠᠭᠠᠭᠤᠯᠬᠤ ᠣᠶᠢᠯᠡᠳᠤᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠡᠳᠡᠨ ᠠᠪᠴᠢᠷᠠᠵᠤ᠂ ᠮᠥᠩᠭᠦᠨ ᠭᠦᠢᠯᠬᠡᠬᠡᠨ ᠤ ᠳᠡᠮᠵᠢᠯᠭᠡ ᠶᠢ ᠴᠢᠩᠭᠠᠷᠠᠭᠤᠯᠤᠨ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠦᠷ᠎ᠡ ᠶᠢᠨ ᠣᠶᠢᠯᠡᠰ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠤᠭᠳᠠᠴᠠ ᠶᠢᠨ ᠰᠢᠨ᠎ᠡ ᠶᠢ ᠡᠭᠦᠳᠦᠨ᠎ᠡ᠃    4. ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠤᠶᠠᠯᠳᠤᠭᠤᠯᠤᠭᠰᠠᠨ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ ᠤᠳᠤ ᠦᠶ᠎ᠡ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠤᠭᠳᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠬᠠᠮᠠᠭᠠᠯᠠᠬᠤ᠂ ᠦᠷ᠎ᠡ ᠶᠢᠨ ᠪᠤᠶᠢᠵᠢᠭᠤᠯᠤᠯᠳᠠ ᠶᠢᠨ ᠰᠢᠨ᠎ᠡ ᠶᠢ ᠡᠭᠦᠳᠬᠦ ᠪᠠ ᠦᠷ᠎ᠡ ᠶᠢᠨ ᠦᠢᠯᠡᠰ ᠤᠨ ᠦᠢᠯᠡᠳᠪᠦᠷᠢᠯᠡᠯ ᠢ ᠰᠢᠰᠲ᠋ᠧᠮᠵᠢᠭᠦᠯᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠳᠤ ᠦᠶ᠎ᠡ ᠶᠢᠨ ᠦᠷ᠎ᠡ ᠶᠢᠨ ᠦᠢᠯᠡᠰ ᠤᠨ ᠲᠤᠳᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃   ︵ᠭᠤᠷᠪᠠ︶ ᠬᠥᠭᠵᠢᠯᠲᠡ ᠶᠢᠨ ᠬᠠᠷᠠᠯᠲᠠ    2025 ᠣᠨ ᠪᠣᠯᠬᠤ ᠳᠤ᠂ ᠪᠥᠬᠦ ᠬᠤᠲᠠ ᠶᠢᠨ ᠣᠲᠣ ᠦᠶ᠎ᠡ ᠶᠢᠨ ᠦᠷ᠎ᠡ ᠶᠢᠨ ᠣᠶᠢᠯᠡᠰ ᠤᠨ ᠭᠤᠤᠯ ᠥᠷᠢᠰᠦᠯᠳᠦᠬᠦ ᠬᠦᠴᠦᠨ ᠪᠠ ᠶᠡᠷᠦᠩᠬᠡᠶᠢᠯᠡᠭᠰᠡᠨ ᠣᠶᠢᠯᠡᠳᠪᠦᠷᠢᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠰᠢᠨ᠎ᠡ ᠲᠦᠷᠦᠯ ᠵᠣᠶᠢᠯ ᠪᠠ ᠢᠵᠢ ᠪᠥᠷᠢᠳᠦᠭᠦᠯᠬᠦ ᠲᠤᠭᠳᠠᠯᠴᠠᠭ᠎ᠠ ᠶᠢ ᠪᠤᠶᠢᠵᠢᠭᠤᠯᠤᠨ᠎ᠠ᠃ ᠦᠷ᠎ᠡ ᠪᠤᠶᠢᠵᠢᠭᠤᠯᠬᠤ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠤᠶᠠᠯᠳᠤᠭᠤᠯᠤᠭᠰᠠᠨ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠪᠤᠢ ᠪᠣᠯᠭᠠᠨ᠎ᠠ᠃ ᠣᠷᠣᠨ ᠨᠤᠲᠤᠭ ᠤᠨ ᠤᠨᠴᠠᠯᠢᠭᠳᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ᠂ ᠦᠷ᠎ᠡ  ᠶᠢᠨ ᠦᠢᠯᠡᠰ ᠤᠨ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ ᠪᠠᠷ ᠥᠨᠳᠥᠷ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠪᠠ ᠰᠢᠨ᠎ᠡ ᠲᠦᠷᠦᠯ ᠵᠣᠶᠢᠯ ᠢ ᠬᠠᠮᠠᠭᠠᠯᠠᠬᠤ ᠬᠢᠷᠢ  ᠲᠦᠪᠰᠢᠨ ᠢᠶᠠᠷ ᠨᠡᠯᠢᠶᠡᠳ ᠥᠨᠳᠥᠷ ᠰᠠᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠤᠨ᠎ᠠ᠃    1. ᠲᠠᠷᠢᠮᠠᠯ ᠤᠨ ᠦᠷ᠎ᠡ ᠶᠢᠨ ᠦᠢᠯᠡᠰ᠃ ᠮᠠᠨ ᠤ ᠬᠤᠲᠠ ᠶᠢᠨ ᠬᠤᠪᠣᠷ ᠴᠤᠬᠠᠭ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ︵ᠵᠥᠭᠡᠯᠡᠨ ᠨᠠᠷᠢᠮᠤ᠂ ᠬᠠᠲᠠᠭᠤ ᠦᠨᠦᠷᠲᠦ ᠨᠠᠷᠢᠮᠤ᠂ ᠬᠡᠭᠡᠷ᠎ᠡ ᠶᠢᠨ ᠸᠠᠨᠳᠧᠦ ᠪᠤᠷᠴᠠᠭ᠂ ᠵᠢᠵᠢᠭ ᠰᠢᠷ᠎ᠠ ᠪᠤᠷᠴᠠᠭ᠂ ᠵᠢᠵᠢᠭ ᠬᠠᠷ᠎ᠠ ᠪᠤᠷᠴᠠᠭ᠂ ᠳ᠋ᠧᠩᠯᠦ ᠤᠯᠠᠭᠠᠨ ᠠᠮᠲᠠᠲᠤ ᠬᠡᠮᠬᠡ᠂ ᠤᠯᠠᠭᠠᠨ ᠰᠣᠩᠭᠢᠨ᠎ᠠ ᠵᠡᠷᠭᠡ︶ ᠢ ᠬᠠᠮᠠᠭᠠᠯᠠᠨ ᠠᠰᠢᠭᠯᠠᠭᠰᠠᠨ ᠰᠠᠭᠤᠷᠢᠨ ᠳᠡᠭᠡᠷ᠎ᠡ᠂ ᠲᠠᠷᠢᠮᠠᠯ ᠤᠨ ᠰᠢᠨ᠎ᠡ ᠦᠷ᠎ᠡ ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ ᠴᠢᠩᠭᠠᠳᠬᠠᠨ᠎ᠠ᠃ ᠭᠤᠤᠯ ᠪᠣᠯᠬᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠮᠠᠨ ᠤ ᠬᠤᠲᠠ ᠶᠢᠨ ᠳᠠᠷᠢᠬᠤ ᠳᠤ ᠳᠣᠭᠢᠷᠠᠬᠤ ᠡᠷᠳᠡᠨᠢ ᠰᠢᠰᠢ᠂ ᠰᠢᠯᠦᠬᠡᠶ ᠰᠢᠰᠢ ᠶᠢᠨ ᠲᠥᠷᠥᠯ ᠤᠨ ᠴᠢᠨᠠᠷ ᠰᠠᠶᠢᠲᠠᠶ ᠰᠢᠨ᠎ᠡ ᠲᠦᠷᠦᠯ ᠵᠣᠶᠢᠯ ᠢ 5 ᠠᠴᠠ ᠳᠡᠭᠡᠭᠰᠢ ᠪᠤᠶᠢᠵᠢᠭᠤᠯᠵᠤ᠂ ᠰᠠᠶᠢᠨ ᠦᠷ᠎ᠡ  ᠣᠶᠢᠯᠡᠳᠪᠦᠷᠢᠯᠡᠬᠦ ᠰᠠᠭᠤᠷᠢᠨ ᠭᠠᠵᠠᠷ ᠤᠨ ᠲᠠᠯᠠᠪᠠᠶ ᠶᠢ 2 ᠲᠦᠮᠡᠨ ᠮᠥ ᠠᠴᠠ ᠳᠡᠭᠡᠭᠰᠢ ︵ᠲᠡᠵᠢᠭᠡᠯ ᠡᠪᠡᠰᠦᠨ ᠤ ᠰᠠᠶᠢᠨ ᠦᠷ᠎ᠡ ᠶᠢᠨ ᠰᠠᠭᠤᠷᠢᠨ ᠭᠠᠵᠠᠷ ᠪᠠᠭᠲᠠᠨ᠎ᠠ︶ ᠳᠤ ᠲᠣᠭᠲᠠᠪᠤᠷᠢᠵᠢᠭᠤᠯᠵᠤ᠂ ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠬᠤ ᠦᠷ᠎ᠡ ᠶᠢᠨ ᠪᠦᠷᠬᠦᠴᠡ ᠶᠢᠨ ᠨᠣᠷᠮ᠎ᠠ ᠶᠢ 5 ᠵᠠᠭᠤᠨ ᠤ ᠨᠢᠭᠡᠴᠢ ᠳᠡᠭᠡᠭᠰᠢᠯᠡᠭᠦᠯᠦᠨ᠎ᠡ᠃    2. ᠮᠠᠯ ᠵᠢᠭᠦᠷᠲᠡᠨ ᠤ ᠡᠭᠦᠯᠳᠡᠷ ᠤᠨ ᠦᠢᠯᠡᠰ᠃ ᠭᠤᠣᠯᠳᠠᠯᠭ᠎ᠠ ᠲᠠᠢ ᠭᠠᠵᠠᠷ ᠣᠷᠣᠨ ᠳᠤ ᠣᠷᠣᠨ ᠨᠤᠲᠤᠭ ᠤᠨ ᠣᠨᠴᠠ ᠪᠠᠶᠢᠳᠠᠭ ᠮᠠᠯ ᠵᠢᠭᠦᠷᠲᠡᠨ ᠢ ᠭᠤᠣᠯᠳᠠᠯᠭ᠎ᠠ ᠲᠠᠢ ᠬᠥᠭᠵᠢᠭᠦᠯᠵᠦ᠂ ᠮᠠᠯ ᠵᠢᠭᠦᠷᠲᠡᠨ ᠤ ᠰᠠᠶᠢᠨ ᠡᠭᠦᠯᠳᠡᠷ ᠤᠨ ᠨᠤᠷᠮ᠎ᠠ ᠶᠢ 98% ᠠᠴᠠ ᠳᠡᠭᠡᠭᠰᠢ ᠳᠤ ᠬᠦᠷᠭᠡᠨ᠎ᠡ᠃ ᠴᠢᠨᠠᠷ ᠰᠠᠶᠢᠲᠠᠶ ᠠᠷᠪᠠᠰ ᠤᠨ ᠨᠣᠯᠤᠤᠷ ᠤᠨ ᠢᠮᠠᠭᠠᠨ ᠤ ᠵᠢᠯ ᠤᠨ ᠡᠭᠦᠯᠳᠡᠷ ᠬᠠᠩᠭᠠᠬᠤ ᠴᠢᠳᠠᠪᠤᠷᠢ ᠶᠢ 5000 ᠳᠤ ᠪᠠᠶᠢᠯᠭᠠᠵᠣ᠂ ᠴᠢᠨᠠᠷ ᠰᠠᠶᠢᠲᠠᠶ ᠣᠷᠳᠣᠰ ᠤᠨ ᠨᠠᠷᠢᠨ ᠨᠤᠤᠰᠤᠳᠤ ᠬᠤᠨᠢ ᠶᠢᠨ ᠵᠢᠯ ᠤᠨ ᠡᠭᠦᠯᠳᠡᠷ ᠬᠠᠩᠭᠠᠬᠤ ᠴᠢᠳᠠᠪᠤᠷᠢ ᠶᠢ 3000 ᠳᠤ ᠪᠠᠶᠢᠯᠭᠠᠵᠣ᠂ ᠴᠢᠨᠠᠷ ᠰᠠᠶᠢᠲᠠᠶ ᠠᠯᠠᠰᠢᠨ ᠬᠤᠨᠢ ᠢᠮᠠᠭᠠᠨ ᠤ ᠵᠢᠯ ᠤᠨ ᠡᠭᠦᠯᠳᠡᠷ ᠬᠠᠩᠭᠠᠬᠤ ᠴᠢᠳᠠᠪᠤᠷᠢ ᠶᠢ 4000 ᠳᠤ ᠪᠠᠶᠢᠯᠭᠠᠨ᠎ᠠ᠃ ᠬᠤᠲᠠ ᠶᠢᠨ ᠲᠠᠰ ᠤᠨ ᠤᠬᠤᠨ᠎ᠠ ᠬᠤᠴᠠᠨ ᠤ ᠲᠠᠯᠠᠪᠠᠶ ᠶᠢ 20 ᠪᠠᠶᠢᠭᠤᠯᠤᠨ ᠲᠡᠭᠦᠯᠳᠡᠷᠵᠢᠭᠦᠯᠵᠦ᠂ ᠡᠭᠦᠨ ᠳᠤ ᠠᠷᠪᠠᠰ  ᠤᠨ ᠨᠣᠯᠤᠤᠷ ᠤᠨ ᠢᠮᠠᠭᠠᠨ ᠤ ᠤᠬᠤᠨ᠎ᠠ ᠶᠢᠨ ᠲᠠᠯᠠᠪᠠᠶ 10᠂ ᠣᠷᠳᠣᠰ ᠤᠨ ᠨᠠᠷᠢᠨ ᠨᠤᠤᠰᠤᠳᠤ ᠬᠤᠨᠢ ᠶᠢᠨ ᠬᠤᠴᠠᠨ ᠤ ᠲᠠᠯᠠᠪᠠᠶ 4᠂ ᠠᠯᠠᠰᠢᠨ ᠬᠤᠨᠢ ᠢᠮᠠᠭᠠᠨ  ᠤ ᠲᠠᠯᠠᠪᠠᠶ 6 ᠪᠠᠶᠢᠨ᠎ᠠ᠃ ᠠᠷᠪᠠᠰ ᠤᠨ ᠨᠣᠯᠤᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢᠨ ᠤ ᠤᠯᠤᠰ ᠤᠨ ᠲᠠᠰ ᠤᠨ ᠮᠠᠯ ᠤᠨ ᠲᠠᠯᠠᠪᠠᠶ ᠶᠢ ᠲᠣᠰ ᠲᠣᠰ 1 ᠪᠠᠶᠢᠭᠤᠯᠬᠤ ᠪᠠᠷ ᠴᠢᠷᠮᠠᠶᠢᠨ᠎ᠠ᠃ ᠦᠦᠰᠢᠨ ᠮᠣᠷᠢᠨ ᠤ ᠡᠭᠦᠯᠳᠡᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠴᠢᠨᠠᠷ ᠰᠠᠶᠢᠲᠠᠶ ᠠᠯᠠᠰᠢᠨ ᠦᠬᠡᠷ ᠤᠨ ᠪᠠᠷᠢᠮᠵᠢᠶᠠᠵᠢᠭᠤᠯᠤᠨ ᠦᠷᠡᠵᠢᠭᠦᠯᠦᠨ ᠪᠤᠶᠢᠵᠢᠭᠤᠯᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃    3. ᠤᠢ ᠰᠢᠭᠤᠶ ᠡᠪᠡᠰᠦ ᠪᠡᠯᠴᠢᠭᠡᠷ ᠤᠨ ᠦᠷ᠎ᠡ ᠶᠢᠨ ᠦᠢᠯᠡᠰ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠥᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠠᠭᠤᠷᠢ ᠪᠠᠷ ᠨᠡᠯᠢᠶᠡᠳ ᠰᠠᠶᠢᠨ᠂ ᠵᠣᠬᠢᠬᠤ ᠬᠡᠪᠴᠢᠶ᠎ᠡ ᠲᠠᠢ ᠠᠩᠬᠠᠨ ᠤ ᠦᠷ᠎ᠡ ᠶᠢᠨ ᠰᠠᠭᠤᠷᠢᠨ ᠭᠠᠵᠠᠷ ᠢ ᠰᠣᠩᠭᠤᠵᠤ᠂ ᠬᠠᠰᠢᠶᠠᠯᠠᠨ ᠪᠢᠲᠡᠭᠦᠮᠵᠢᠯᠡᠨ ᠪᠤᠶᠢᠵᠢᠭᠤᠯᠬᠤ᠂ ᠲᠡᠭᠰᠢ ᠬᠤᠵᠤᠤᠯ᠎ᠠ ᠪᠠᠷ ᠢᠳᠡᠷᠵᠢᠭᠦᠯᠬᠦ ᠪᠠ ᠨᠥᠬᠦᠵᠦ ᠲᠡᠷᠢᠵᠦ ᠪᠣᠷᠳᠣᠭᠤᠷ ᠣᠷᠣᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠲᠠᠯ᠎ᠠ ᠪᠡᠯᠴᠢᠭᠡᠷ ᠤᠨ ᠬᠤᠶᠠᠳᠤᠭᠠᠷ ᠨᠣᠮᠧᠷᠲᠤ ᠴᠠᠷᠭᠠᠰᠤ ᠶᠢᠨ ᠠᠩᠬᠠᠨ ᠤ ᠦᠷ᠎ᠡ᠂ ᠤᠷᠳᠤᠰ ᠤᠨ ᠰᠢᠬᠢᠷ ᠡᠪᠡᠰᠦ᠂ ᠲᠡᠰᠬᠢ᠂ ᠲᠤᠮᠳᠠ ᠶᠢᠨ ᠬᠠᠷᠭᠠᠨ᠎ᠠ᠂ ᠨᠠᠷᠢᠨ ᠨᠠᠪᠴᠢᠲᠤ ᠬᠠᠷᠭᠠᠨ᠎ᠠ᠂ ᠬᠦᠴᠢᠩᠭᠢ ᠬᠡᠯᠪᠡᠷᠢᠲᠦ ᠬᠤᠨᠴᠢᠷ ᠵᠡᠷᠭᠡ ᠬᠡᠭᠡᠷ᠎ᠡ ᠶᠢᠨ ᠨᠤᠲᠤᠭ ᠤᠨ ᠡᠪᠡᠰᠦᠨ ᠤ ᠲᠦᠷᠦᠯ ᠢ ᠭᠤᠣᠯᠳᠠᠯᠭ᠎ᠠ ᠲᠠᠢ ᠪᠤᠶᠢᠵᠢᠭᠤᠯᠤᠨ᠎ᠠ᠃ ᠦᠷ᠎ᠡ ᠪᠤᠶᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠳᠠᠮᠵᠢᠭᠤᠯᠤᠨ᠂ ᠦᠷ᠎ᠡ ᠪᠠ ᠵᠤᠯᠵᠠᠭ᠎ᠠ ᠮᠣᠳᠣ ᠶᠢ ᠥᠷᠭᠡᠳᠬᠡᠨ ᠦᠷᠡᠵᠢᠭᠦᠯᠬᠦ ᠵᠡᠷᠭᠡ ᠶᠢ ᠬᠡᠷᠡᠭᠯᠡᠨ ᠨᠤᠲᠤᠭ ᠤᠨ ᠡᠪᠡᠰᠦᠨ ᠤ ᠲᠦᠷᠦᠯ ᠤᠨ ᠣᠷᠣᠨ ᠪᠦᠰᠡ ᠶᠢᠨ ᠴᠢᠨᠠᠷᠲᠠᠶ ᠥᠪᠡᠰᠦᠪᠡᠨ ᠪᠤᠶᠢᠵᠢᠭᠤᠯᠵᠤ ᠥᠪᠡᠰᠦᠪᠡᠨ ᠦᠷᠡᠵᠢᠭᠦᠯᠬᠦ ᠬᠢᠷᠢ ᠲᠦᠪᠰᠢᠨ ᠢ ᠴᠢᠩᠭᠠᠷᠠᠭᠤᠯᠤᠨ᠎ᠠ᠃ ᠨᠤᠲᠤᠭ ᠤᠨ ᠡᠪᠡᠰᠦᠨ ᠤ  ᠲᠦᠷᠦᠯ ᠢ 1.5 ᠲᠦᠮᠡᠨ ᠮᠥ ᠪᠤᠶᠢᠵᠢᠭᠤᠯᠬᠤ ᠪᠠ ᠦᠷᠡᠵᠢᠭᠦᠯᠦᠨ ᠪᠤᠶᠢᠵᠢᠭᠤᠯᠬᠤ ᠶᠢ ᠪᠡᠶᠡᠯᠡᠭᠦᠯᠦᠨ᠎ᠡ ︵ᠦᠷ᠎ᠡ ᠲᠡᠭᠦᠬᠦ ᠰᠠᠭᠤᠷᠢᠨ ᠭᠠᠵᠠᠷ ᠪᠠᠭᠲᠠᠨ᠎ᠠ︶᠃ ᠪᠥᠬᠦ ᠬᠤᠲᠠ ᠶᠢᠨ ᠣᠶ ᠮᠣᠳᠣᠨ ᠤ ᠰᠠᠶᠢᠨ ᠦᠷ᠎ᠡ ᠶᠢ ᠬᠡᠷᠡᠭᠯᠡᠬᠦ ᠨᠣᠷᠮ᠎ᠠ ᠶᠢ 65% ᠠᠴᠠ ᠳᠡᠭᠡᠭᠰᠢ ᠳᠤ ᠬᠦᠷᠦᠭᠦᠯᠵᠦ ᠂ ᠨᠤᠲᠤᠭ ᠤᠨ ᠰᠢᠯᠢᠳᠡᠭ ᠮᠣᠳᠣᠨ ᠤ ᠲᠦᠷᠦᠯ ᠢ 2 ᠠᠴᠠ ᠳᠡᠭᠡᠭᠰᠢ ᠰᠣᠩᠭᠤᠨ ᠪᠤᠶᠢᠵᠢᠭᠤᠯᠵᠤ᠂ 1000 ᠮᠥ ᠣᠶ ᠮᠣᠳᠣᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠪᠠ 1000 ᠮᠥ ᠣᠶ ᠮᠣᠳᠣᠨ ᠤ ᠦᠷ᠎ᠡ ᠴᠤᠭᠯᠠᠭᠤᠯᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃    4. ᠤᠰᠤᠨ ᠭᠠᠷᠤᠯᠲᠠ ᠶᠢᠨ ᠦᠷ᠎ᠡ ᠶᠢᠨ ᠦᠢᠯᠡᠰ᠃ ᠤᠰᠤᠨ ᠭᠠᠷᠤᠯᠲᠠ ᠶᠢᠨ ᠰᠠᠶᠢᠨ ᠦᠷ᠎ᠡ ᠶᠢᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠮᠠᠨ ᠤ ᠬᠤᠳᠠ ᠶᠢᠨ ︽ᠬᠠᠳᠤᠨ ᠭᠤᠣᠯ ᠤᠨ ᠤᠷᠳᠤᠰ ᠤᠨ ᠬᠡᠰᠡᠭ ᠤᠨ ᠬᠠᠳᠤᠨ ᠭᠤᠣᠯ ᠤᠨ ᠴᠤᠯᠪᠤᠷᠲᠤ ᠵᠢᠭᠠᠰᠤᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠤᠯᠤᠰ ᠤᠨ ᠲᠡᠰ ᠤᠨ ᠣᠷᠣᠨ︾ ᠤ ᠤᠰᠤᠨ ᠭᠠᠷᠤᠯᠲᠠ ᠶᠢᠨ ᠡᠭᠦᠯᠳᠡᠷ ᠤᠨ ᠡᠬᠢ ᠪᠠᠶᠠᠯᠢᠭ ᠪᠣᠯᠤᠨ ᠣᠨᠴᠠ ᠪᠠᠶᠢᠭ᠎ᠠ ᠨᠤᠲᠤᠭ ᠤᠨ ᠡᠭᠦᠯᠳᠡᠷ ᠢ ᠬᠠᠮᠠᠭᠠᠯᠠᠵᠤ᠂ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠭᠦᠨ ᠪᠣᠯᠬᠤ ᠬᠠᠳᠤᠨ ᠭᠤᠣᠯ ᠤᠨ ᠮᠥᠷᠭᠦ ᠵᠢᠭᠠᠰᠤ᠂ ᠬᠠᠳᠤᠨ ᠭᠤᠣᠯ ᠤᠨ ᠴᠤᠯᠪᠤᠷᠲᠤ ᠵᠢᠭᠠᠰᠤ ᠪᠣᠯᠤᠨ ᠶᠠᠰᠤᠲᠤ ᠮᠡᠯᠡᠬᠡᠶ᠂ ᠱᠤᠷᠠᠭ ᠵᠠᠮᠠᠭ ᠵᠡᠷᠭᠡ ᠶᠢ ᠥᠪᠡᠰᠦᠪᠡᠨ ᠦᠷᠡᠵᠢᠭᠦᠯᠬᠦ ᠪᠠ ᠰᠣᠩᠭᠤᠨ ᠪᠤᠶᠢᠵᠢᠭᠤᠯᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠪᠦᠲᠦᠭᠡᠭᠳᠡᠭᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠡᠭᠦᠯᠳᠡᠷ ᠬᠠᠮᠠᠭᠠᠯᠠᠬᠤ ᠪᠠ ᠥᠪᠡᠰᠦᠪᠡᠨ ᠦᠷᠡᠵᠢᠭᠦᠯᠵᠦ ᠡᠵᠡᠩᠨᠡᠬᠦ ᠪᠠ ᠠᠰᠢᠭᠯᠠᠬᠤ ᠵᠣᠷᠢᠯᠭ᠎ᠠ ᠶᠢ ᠬᠠᠩᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠵᠠᠮᠠᠭ ᠤᠨ ᠦᠷ᠎ᠡ ᠶᠢ ᠰᠣᠩᠭᠤᠨ ᠪᠤᠶᠢᠵᠢᠭᠤᠯᠬᠤ ᠲᠥᠪ ᠢ ᠠᠩᠬ᠎ᠠ ᠠᠯᠬᠤᠮ ᠪᠠᠶᠢᠭᠤᠯᠵᠤ᠂ ᠤᠷᠳᠤᠰ ᠬᠤᠳᠠ ᠶᠢᠨ ᠱᠤᠷᠠᠭ ᠵᠠᠮᠠᠭ ᠢ ᠦᠷᠡᠵᠢᠭᠦᠯᠬᠦ ᠳᠤ ᠴᠢᠨᠠᠷ ᠰᠠᠶᠢᠲᠠᠶ ᠵᠠᠮᠠᠭ ᠤᠨ ᠦᠷ᠎ᠡ ᠶᠢ ᠬᠠᠩᠭᠠᠨ᠎ᠠ᠃   ᠬᠤᠶᠠᠷ᠂ ᠭᠤᠣᠯᠳᠠᠯᠭ᠎ᠠ ᠲᠠᠢ ᠠᠵᠢᠯ    ︵ᠨᠢᠭᠡ︶ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ    1. ᠦᠷ᠎ᠡ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠬᠤᠷᠢᠶᠠᠨ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠮᠠᠯ ᠤᠨ ᠵᠦᠢᠯ ᠪᠠ ᠠᠩᠬᠠᠳᠤᠭᠠᠷ ᠤᠳᠠᠭᠠᠨ ᠤ ᠣᠶ ᠰᠢᠭᠤᠶ ᠡᠪᠡᠰᠦᠨ ᠤ ᠦᠷ᠎ᠡ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠬᠤᠷᠢᠶᠠᠨ ᠴᠤᠭᠯᠠᠭᠤᠯᠬᠤ ᠠᠵᠢᠯ ᠢ ᠬᠠᠮᠵᠢᠯᠴᠠᠨ ᠥᠷᠨᠢᠭᠦᠯᠵᠦ᠂ ᠲᠠᠷᠢᠮᠠᠯ ᠵᠢᠴᠢ ᠪᠡᠯᠴᠢᠬᠡᠷ ᠡᠪᠡᠰᠦᠨ ᠤ ᠦᠷ᠎ᠡ ᠶᠢᠨ ᠡᠬᠢ ᠪᠠᠶᠠᠯᠢᠭ ᠢ 240 ᠬᠤᠪᠢ ᠠᠴᠠ ᠳᠡᠭᠡᠭᠰᠢ ᠴᠤᠭᠯᠠᠭᠤᠯᠵᠤ᠂ ᠨᠤᠲᠤᠭ ᠤᠨ ᠮᠣᠳᠣᠨ ᠤ ᠲᠦᠷᠦᠯ ᠪᠠ ᠨᠤᠲᠤᠭ ᠤᠨ ᠡᠪᠡᠰᠦᠨ ᠤ ᠲᠦᠷᠦᠯ ᠤᠨ ᠡᠬᠢ ᠪᠠᠶᠠᠯᠢᠭ ᠢ 390 ᠬᠤᠪᠢ ᠠᠴᠠ ᠳᠡᠭᠡᠭᠰᠢ ᠴᠤᠭᠯᠠᠭᠤᠯᠵᠤ᠂ ᠮᠠᠨ ᠤ ᠬᠤᠲᠠ ᠶᠢᠨ ᠣᠨᠴᠠ ᠪᠠᠶᠢᠳᠠᠭ᠂ ᠬᠤᠪᠣᠷ ᠴᠤᠬᠠᠭ ᠣᠷᠣᠨ ᠨᠤᠲᠤᠭ ᠤᠨ ᠲᠦᠷᠦᠯ ᠵᠣᠶᠢᠯ᠂ ᠬᠦᠳᠡᠭᠡ ᠶᠢᠨ ᠵᠢᠴᠢ ᠵᠡᠷᠯᠢᠭ ᠲᠦᠷᠦᠯ ᠵᠣᠶᠢᠯ ᠢ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠳᠤ ᠣᠷᠣᠭᠤᠯᠤᠨ ᠬᠠᠮᠠᠭᠠᠯᠠᠬᠤ ᠪᠠᠷ ᠴᠢᠷᠮᠠᠶᠢᠵᠤ᠂ ᠪᠥᠬᠦ ᠬᠤᠲᠠ ᠶᠢᠨ ᠣᠶ ᠮᠣᠳᠣᠨ ᠤ ᠤᠷᠭᠤᠮᠠᠯ ᠤᠨ ᠦᠷ᠎ᠡ ᠶᠢᠨ ᠡᠬᠢ ᠪᠠᠶᠠᠯᠢᠭ ᠢ ᠰᠢᠰᠲ᠋ᠧᠮ ᠲᠠᠢ ᠴᠤᠭᠯᠠᠭᠤᠯᠤᠨ ᠬᠠᠮᠠᠭᠠᠯᠠᠵᠤ᠂ ᠬᠢᠨᠠᠨ ᠲᠣᠭᠲᠠᠭᠠᠵᠤ ᠦᠨᠡᠯᠡᠬᠦ ᠶᠢ ᠴᠢᠩᠭᠠᠷᠠᠭᠤᠯᠤᠨ᠂ ᠪᠥᠬᠦ ᠬᠤᠲᠠ ᠶᠢᠨ ᠣᠶ ᠮᠣᠳᠣᠨ ᠤ ᠤᠷᠭᠤᠮᠠᠯ ᠤᠨ ᠦᠷ᠎ᠡ  ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠪᠥᠬᠦ ᠬᠤᠲᠠ ᠶᠢᠨ ᠮᠠᠯ ᠵᠢᠭᠦᠷᠲᠡᠨ ᠤ ᠦᠷ᠎ᠡ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠪᠥᠬᠦ ᠬᠤᠲᠠ ᠶᠢᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠳᠠᠲᠠᠶ ᠨᠠᠶᠢᠳᠠᠪᠤᠷᠢᠵᠢᠭᠤᠯᠤᠨ᠎ᠠ᠃ ᠳᠣᠤᠷᠠᠬᠢ ᠡᠯ᠎ᠡ ᠵᠣᠶᠢᠯ ᠤᠨ ᠡᠭᠦᠷᠭᠡ ᠶᠢ ᠴᠥᠮ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ  ᠤᠨ ᠣᠷᠳᠣᠨ ᠨᠠᠶᠢᠳᠠᠪᠤᠷᠢᠵᠢᠭᠤᠯᠬᠤ ᠬᠡᠷᠡᠭᠲᠡᠶ᠂ ᠳᠠᠭᠢᠵᠤ ᠵᠢᠭᠰᠠᠭᠠᠬᠤ ᠥᠬᠡᠶ︶᠃    2. ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠠᠷᠪᠠᠰ ᠤᠨ ᠨᠣᠯᠤᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ ᠦᠦᠰᠢᠨ ᠮᠣᠷᠢ᠂ ᠬᠤᠤᠰ ᠪᠥᠬᠦᠲᠦ ᠲᠡᠮᠡᠭᠡ ᠵᠡᠷᠭᠡ ᠣᠷᠣᠨ ᠨᠤᠲᠤᠭ ᠤᠨ ᠡᠭᠦᠯᠳᠡᠷ ᠢ ᠬᠠᠮᠠᠭᠠᠯᠠᠬᠤ ᠠᠵᠢᠯ ᠢ ᠳᠡᠮᠵᠢᠨ᠎ᠡ᠃ ᠴᠡᠴᠡᠭ ᠤᠨ ᠨᠠᠪᠴᠢᠲᠤ ᠬᠠᠶᠢᠲᠠᠩ᠂ ᠮᠣᠩᠭᠤᠯ ᠪᠤᠶᠢᠯᠠᠰᠤᠨ ᠲᠤᠭᠤᠷ᠂ ᠲᠠᠪᠤᠯᠵᠢᠨ ᠪᠠᠲᠤᠴᠠᠭᠠᠨ᠂ ᠮᠣᠩᠭᠤᠯ ᠲᠣᠮᠣ ᠮᠣᠳᠣ᠂ ᠣᠷᠬᠢᠴᠠ᠂ ᠬᠠᠭᠠᠰ ᠬᠤᠨᠤᠭ ᠤᠨ ᠴᠡᠴᠡᠭ᠂ ᠡᠯᠡᠰᠦᠨ ᠪᠠᠯᠤ᠂ ᠬᠤᠨᠢᠨ ᠡᠪᠡᠰᠦ᠂ ᠬᠤᠯᠢᠮᠠᠭ ᠴᠡᠴᠡᠭᠲᠦ ᠴᠠᠷᠭᠠᠰᠤ ᠵᠡᠷᠭᠡ ᠤᠨᠴᠠᠯᠢᠬᠳᠤ ᠮᠥᠬᠦᠬᠦ ᠰᠢᠬᠠᠭᠰᠠᠨ ᠳᠦᠷᠰᠦ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠨᠤᠲᠤᠭ  ᠤᠨ ᠮᠤᠳᠤ ᠡᠪᠡᠰᠤᠨ ᠤ ᠲᠦᠷᠦᠯ ᠤᠨ ᠡᠬᠢ ᠪᠠᠶᠠᠯᠢᠭ ᠤᠨ ᠬᠥᠮᠥᠷᠭᠡ ᠪᠠ ᠡᠬᠢ ᠪᠠᠶᠠᠯᠢᠭ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠭᠤᠣᠯᠳᠠᠭᠤ ᠠᠮᠢᠳᠤ ᠪᠡᠶ᠎ᠡ ᠶᠢ ᠬᠠᠮᠠᠭᠠᠯᠠᠬᠤ ᠠᠷᠭ᠎ᠠ ᠮᠠᠶ᠋ᠢᠭ ᠢᠶᠠᠷ ᠬᠠᠮᠠᠭᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠤᠳᠤᠮᠯᠠᠯ ᠤᠨ ᠪᠣᠳᠠᠰ ᠢ ᠬᠠᠳᠠᠭᠠᠯᠠᠬᠤ ᠠᠵᠢᠯ ᠢ ᠬᠢᠵᠦ᠂ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠪᠤᠳᠠᠰ ᠤᠨ ᠲᠦᠷᠰᠣ ᠶᠢᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠵᠣ᠂ ᠬᠠᠮᠠᠭᠠᠯᠠᠬᠤ ᠶᠣᠰᠣᠲᠠᠶ ᠮᠠᠯ ᠤᠨ ᠡᠭᠦᠯᠳᠡᠷ ᠤᠨ ᠰᠦᠷᠦᠭ ᠲᠤ ᠨᠥᠬᠦᠪᠥᠷᠢ ᠥᠭᠬᠦ ᠡᠷᠴᠢᠮ ᠢ ᠴᠢᠩᠭᠠᠳᠬᠠᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶᠃    3. ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠬᠠᠮᠵᠢᠨ ᠲᠡᠭᠦᠯᠳᠡᠷᠵᠢᠭᠦᠯᠦᠨ᠎ᠡ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠨ ᠤ ᠬᠤᠲᠠ  ᠶᠢᠨ ᠬᠤᠪᠣᠷ ᠴᠤᠬᠠᠭ᠂ ᠮᠥᠬᠦᠬᠦ ᠰᠢᠬᠠᠭᠰᠠᠨ᠂ ᠤᠨᠴᠠ ᠪᠠᠶᠢᠳᠠᠭ ᠡᠬᠢ ᠪᠠᠶᠠᠯᠢᠭ ᠪᠤᠯᠤᠨ ᠤᠨᠴᠠᠯᠢᠬᠳᠤ ᠣᠷᠣᠨ ᠨᠤᠲᠤᠭ ᠤᠨ ᠲᠥᠷᠥᠯ ᠵᠣᠶᠢᠯ ᠢ ᠭᠡᠭᠡᠭᠳᠡᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠳᠤᠮᠳᠠ ᠬᠤᠭᠤᠴᠠᠭᠠᠨ ᠤ ᠬᠥᠮᠥᠷᠭᠡ᠂ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠭᠤᠤᠯ ᠬᠥᠮᠥᠷᠭᠡ᠂ ᠨᠤᠲᠤᠭ ᠤᠨ ᠡᠪᠡᠰᠦᠨ ᠤ ᠲᠦᠷᠦᠯ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠣ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠤᠢ ᠮᠣᠳᠣᠨ ᠤ ᠦᠷ᠎ᠡ ᠶᠢᠨ ᠡᠬᠢ ᠪᠠᠶᠠᠯᠢᠭ ᠢ ᠬᠠᠳᠠᠭᠠᠯᠠᠬᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    ︵ᠬᠤᠶᠠᠷ︶ ᠲᠥᠷᠥᠯ ᠵᠦᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ    1. ᠡᠭᠦᠯᠳᠡᠷ ᠪᠤᠶᠢᠵᠢᠭᠤᠯᠬᠤ᠂ ᠤᠳᠤᠮ ᠢ ᠰᠠᠶᠢᠵᠢᠷᠠᠭᠤᠯᠬᠤ ᠶᠢ ᠴᠢᠩᠭᠠᠳᠬᠠᠨ᠎ᠠ᠃ ᠡᠭᠦᠯᠳᠡᠷ ᠪᠤᠶᠢᠵᠢᠭᠤᠯᠬᠤ ᠠᠩᠬᠠᠨ ᠤ ᠮᠠᠲ᠋ᠧᠷᠢᠶᠠᠯ ᠢ ᠥᠷᠭᠡᠨ ᠢᠶᠠᠷ ᠴᠤᠭᠯᠠᠭᠤᠯᠵᠤ᠂ ᠭᠤᠤᠯᠳᠠᠯᠭ᠎ᠠ ᠲᠠᠢ ᠠᠵᠤ ᠣᠶᠢᠯᠡᠰ ᠤᠨ ᠬᠦᠷᠢᠶ᠎ᠡ  ᠬᠡᠪᠴᠢᠶᠡᠨ ᠳᠤ᠂ 1 — 2 ᠶᠠᠰᠤ ᠴᠢᠨᠠᠷ ᠢᠶᠠᠷ ᠰᠠᠶᠢᠨ᠂ ᠡᠰᠡᠷᠭᠦᠴᠡᠬᠦ ᠴᠢᠨ᠋᠊‍ᠠᠷ ᠢᠶᠠᠷ ᠴᠢᠩᠭ᠎ᠠ ᠭᠠᠵᠠᠷ ᠣᠷᠣᠨ ᠤ ᠬᠠᠭᠤᠴᠢᠨ ᠡᠭᠦᠯᠳᠡᠷ ᠢ ᠤᠷᠢᠳᠠᠪᠠᠷ ᠨᠡᠭᠡᠭᠡᠨ ᠠᠰᠢᠭᠯᠠᠬᠤ ᠪᠠᠷ ᠴᠢᠷᠮᠠᠶᠢᠨ᠎ᠠ᠃ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠮᠠᠨ ᠤ ᠬᠤᠲᠠ ᠳᠤ ᠳᠠᠷᠢᠬᠤ ᠳᠤ ᠳᠣᠭᠢᠷᠠᠬᠤ ᠡᠷᠳᠡᠨᠢ ᠰᠢᠰᠢ᠂ ᠰᠢᠯᠦᠬᠡᠶ ᠰᠢᠰᠢ ᠶᠢᠨ ᠲᠥᠷᠥᠯ ᠤᠨ ᠴᠢᠨᠠᠷ ᠰᠠᠶᠢᠲᠠᠶ ᠰᠢᠨ᠎ᠡ ᠡᠭᠦᠯᠳᠡᠷ ᠢ 5 ᠠᠴᠠ ᠳᠡᠭᠡᠭᠰᠢ ᠪᠤᠶᠢᠵᠢᠭᠤᠯᠤᠨ᠎ᠠ᠃ ᠵᠢᠮᠢᠰᠯᠡᠬᠦ ᠨᠣᠷᠮ᠎ᠠ᠂ ᠠᠮᠢᠳᠤ ᠪᠣᠳᠠᠰ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠮᠥᠬᠦᠯᠢᠭ ᠤᠨ ᠬᠠᠭᠠᠷᠠᠬᠤ ᠶᠢ ᠪᠠᠭᠤᠷᠠᠭᠤᠯᠬᠤ ᠪᠠᠷ ᠭᠤᠤᠯᠳᠠᠯᠭ᠎ᠠ ᠪᠣᠯᠭᠠᠨ᠂ ᠲᠤᠷᠤᠭ ᠲᠡᠷᠪᠡᠯᠵᠢ᠂ ᠲᠠᠯᠠᠨ ᠬᠠᠯᠢᠰᠤ᠂ ᠴᠠᠭᠠᠨ ᠬᠠᠷᠭᠠᠨ᠎ᠠ᠂ ᠲᠤᠮᠳᠠ ᠶᠢᠨ ᠬᠠᠷᠭᠠᠨ᠎ᠠ᠂ ᠡᠯᠡᠰᠦᠨ ᠪᠤᠷᠭᠠᠰᠤ᠂ ᠰᠧᠩᠳᠧᠩ᠂ ᠠᠷᠤ ᠭᠠᠵᠠᠷ ᠤᠨ ᠤᠯᠠᠭᠠᠨ ᠵᠡᠷᠭᠡ ᠰᠢᠯᠢᠳᠡᠭ ᠣᠶ ᠡᠪᠡᠰᠦᠨ ᠤ ᠡᠭᠦᠯᠳᠡᠷ ᠢ 2  ᠠᠴᠠ ᠳᠡᠭᠡᠭᠰᠢ ᠪᠤᠶᠢᠵᠢᠭᠤᠯᠤᠨ᠎ᠠ᠃ ᠮᠠᠯ ᠵᠢᠭᠦᠷᠲᠡᠨ ᠤ ᠤᠳᠤᠮ ᠢ ᠰᠠᠶᠢᠵᠢᠷᠠᠭᠤᠯᠬᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠡᠭᠦᠯᠳᠡᠷ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠠᠷᠪᠠᠰ ᠤᠨ ᠨᠣᠯᠤᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ ᠦᠦᠰᠢᠨ ᠮᠣᠷᠢ ᠵᠡᠷᠭᠡ ᠳᠠᠪᠠᠭᠤᠯᠢᠭ ᠤᠨᠴᠠᠯᠢᠭᠳᠤ ᠣᠷᠣᠨ ᠨᠤᠲᠤᠭ ᠤᠨ ᠡᠭᠦᠯᠳᠡᠷ ᠢ ᠦᠷᠭᠦᠯᠵᠢᠯᠡᠨ ᠰᠣᠩᠭᠤᠨ ᠪᠤᠶᠢᠵᠢᠭᠤᠯᠵᠤ ᠳᠡᠭᠡᠭᠰᠢᠯᠡᠭᠦᠯᠦᠨ᠎ᠡ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    2. ᠬᠠᠮᠲᠤᠷᠠᠨ ᠡᠭᠦᠯᠳᠡᠷ ᠪᠤᠶᠢᠵᠢᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠭᠤᠣᠯᠳᠠᠯᠭᠠᠲᠤ ᠦᠷ᠎ᠡ ᠶᠢᠨ ᠦᠢᠯᠡᠰ ᠤᠨ ᠬᠦᠷᠢᠶᠡᠨ ᠳᠤ ᠭᠤᠣᠯᠯᠠᠭᠴᠢ ᠦᠷ᠎ᠡ ᠶᠢᠨ ᠢᠷᠡᠯᠲᠡ ᠶᠢᠨ ᠬᠠᠩᠭᠠᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ᠂ ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠤᠶᠢᠵᠢᠭᠤᠯᠬᠤ ᠪᠠᠷ ᠬᠠᠷᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢᠨ ᠨᠢᠭᠲᠠ ᠤᠶᠠᠯᠳᠤᠯ ᠢ ᠠᠬᠢᠭᠤᠯᠵᠤ᠂ ᠠᠷᠪᠠᠰ ᠤᠨ ᠨᠣᠣᠯᠤᠷ ᠤᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ ᠠᠯᠠᠰᠢᠨ ᠬᠤᠨᠢ᠂ ᠠᠯᠠᠰᠢᠨ ᠦᠬᠡᠷ᠂ ᠡᠷᠳᠡᠨᠢ ᠰᠢᠰᠢ᠂ ᠰᠢᠯᠦᠬᠡᠶ ᠰᠢᠰᠢ᠂ ᠡᠪᠡᠰᠦ ᠪᠤᠷᠳᠤᠭ᠎ᠠ᠂ ᠤᠰᠤᠨ ᠭᠠᠷᠤᠯᠲᠠ ᠶᠢᠨ ᠦᠷ᠎ᠡ ᠵᠢᠷᠠᠭᠠᠬᠠᠶ᠂ ᠬᠤᠪᠣᠷ ᠴᠤᠬᠠᠭ ᠮᠥᠬᠦᠬᠦ ᠰᠢᠬᠠᠭᠰᠠᠨ ᠨᠤᠲᠤᠭ ᠤᠨ ᠮᠣᠳᠣᠨ ᠤ ᠲᠥᠷᠥᠯ᠂ ᠨᠤᠲᠤᠭ ᠤᠨ ᠡᠪᠡᠰᠦᠨ ᠤ ᠲᠥᠷᠥᠯ ᠵᠡᠷᠭᠡ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠪᠣᠳᠠᠰ ᠤᠨ ᠳᠦᠷᠰᠦ ᠶᠢᠨ ᠲᠣᠭᠤᠷᠢᠨ ᠳᠤ᠂ ᠳᠠᠪᠠᠭᠤᠯᠢᠭ ᠬᠦᠴᠦᠨ ᠢ ᠡᠮᠬᠢᠯᠡᠨ ᠨᠡᠶᠢᠯᠡᠭᠦᠯᠵᠦ ᠬᠠᠮᠲᠤᠷᠠᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠨ᠂ ᠬᠦᠴᠦ ᠪᠠᠨ ᠬᠠᠮᠲᠤᠳᠬᠠᠨ ᠮᠠᠨ ᠤ ᠬᠤᠲᠠ ᠶᠢᠨ ᠦᠷ᠎ᠡ ᠶᠢᠨ ᠣᠶᠢᠯᠡᠰ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠡᠭᠦᠯᠳᠡᠷ ᠰᠣᠩᠭᠤᠨ ᠪᠤᠶᠢᠵᠢᠭᠤᠯᠬᠤ ᠠᠬᠢᠴᠠ ᠶᠢ ᠲᠦᠷᠭᠡᠳᠬᠡᠨ᠎ᠡ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ  ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    3. ᠰᠢᠯᠢᠳᠡᠭ ᠡᠭᠦᠯᠳᠡᠷ ᠢ ᠱᠠᠩᠨᠠᠬᠤ ᠲᠣᠭᠲᠠᠴᠠ ᠶᠢ ᠬᠡᠷᠡᠭᠵᠢᠭᠦᠯᠦᠨ᠎ᠡ᠃ ᠰᠢᠯᠢᠳᠡᠭ ᠡᠭᠦᠯᠳᠡᠷ ᠢ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠢᠴᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠯᠭ᠎ᠠ ᠳᠤ ᠨᠡᠶᠢᠴᠡᠬᠦ ᠰᠢᠯᠢᠳᠡᠭ ᠡᠭᠦᠯᠳᠡᠷ ᠪᠣᠯᠤᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠢ ᠱᠠᠩᠨᠠᠭᠰᠠᠨ ᠰᠠᠭᠤᠷᠢᠨ ᠳᠡᠭᠡᠷ᠎ᠡ᠂ ᠠᠷᠪᠠᠰ ᠤᠨ ᠨᠣᠯᠤᠤᠷ  ᠤᠨ ᠢᠮᠠᠭ᠎ᠠ᠂ ᠤᠷᠳᠤᠰ ᠤᠨ ᠨᠠᠷᠢᠨ ᠨᠤᠤᠰᠤᠳᠤ ᠬᠤᠨᠢ᠂ ᠦᠦᠰᠢᠨ ᠮᠤᠷᠢ ᠶᠢᠨ ᠡᠭᠦᠯᠳᠡᠷ ᠬᠠᠮᠠᠭᠠᠯᠠᠬᠤ ᠲᠠᠯᠠᠪᠠᠢ᠂ ᠣᠷᠣᠭᠤᠯᠵᠤ ᠢᠷᠡᠭᠰᠡᠨ ᠠᠯᠠᠰᠢᠨ ᠬᠤᠨᠢ᠂ ᠠᠯᠠᠰᠢᠨ ᠦᠬᠡᠷ᠂ ᠦᠷ᠎ᠡ ᠶᠢᠨ ᠮᠠᠯ ᠵᠢᠭᠦᠷᠲᠡᠨ ᠤ ᠲᠠᠯᠠᠪᠠᠢ᠂ ᠡᠷᠳᠡᠨᠢ ᠰᠢᠰᠢ ᠬᠢᠭᠡᠳ ᠰᠢᠯᠦᠬᠡᠶ ᠰᠢᠰᠢ ᠶᠢᠨ ᠲᠦᠷᠦᠯ ᠤᠨ ᠬᠤᠯᠢᠮᠠᠭ ᠠᠮᠤ ᠪᠤᠷᠴᠠᠭ ᠤᠨ ᠲᠠᠷᠢᠮᠠᠯ  ᠤᠨ ᠦᠷ᠎ᠡ ᠪᠤᠶᠢᠵᠢᠭᠤᠯᠬᠤ ᠠᠵᠤ ᠠᠬᠤᠶᠢᠯᠠᠯ ᠡᠷᠳᠡᠮ ᠰᠢᠨᠵᠢᠯᠡᠬᠡᠨ ᠤ ᠨᠢᠭᠡᠴᠡ ᠶᠢ ᠵᠣᠬᠢᠬᠤ ᠬᠡᠮᠵᠢᠶ᠎ᠡ ᠪᠠᠷ ᠱᠠᠩᠨᠠᠬᠤ ᠬᠡᠷᠡᠭᠲᠡᠶ᠃ ᠬᠤᠲᠠ ᠶᠢᠨ ᠳᠣᠲᠣᠷᠠᠬᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠡᠯᠡᠰᠦᠨ ᠪᠤᠷᠭᠠᠰᠤ᠂ ᠲᠤᠷᠤᠭ ᠲᠡᠷᠪᠡᠯᠵᠢ᠂ ᠲᠠᠯᠠᠨ ᠬᠠᠯᠢᠰᠤ᠂ ᠮᠠᠩᠬᠠᠨ ᠠᠷᠴᠠ ᠂ ᠬᠠᠭᠤᠷᠠᠶ ᠪᠤᠷᠭᠠᠰᠤ᠂ ᠲᠤᠮᠳᠠ ᠶᠢᠨ ᠬᠠᠷᠭᠠᠨ᠎ᠠ᠂ ᠨᠠᠷᠠᠰᠤ ᠵᠡᠷᠭᠡ ᠲᠦᠷᠦᠯ ᠵᠣᠶᠢᠯ ᠤᠨ ᠵᠢᠯ ᠤᠨ ᠳᠡᠯᠭᠡᠷᠡᠭᠦᠯᠬᠦ ᠲᠠᠯᠠᠪᠠᠶ ᠪᠤᠶᠤ ᠰᠢᠷᠢᠰ ᠲᠦᠷᠦᠯ ᠵᠣᠶᠢᠯ ᠤᠨ ᠨᠡᠶᠢᠲᠡ ᠳᠡᠯᠭᠡᠷᠡᠭᠦᠯᠬᠦ ᠲᠠᠯᠠᠪᠠᠶ ᠨᠢ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠰᠢᠯᠢᠳᠡᠭ ᠡᠭᠦᠯᠳᠡᠷ ᠲᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    4. ᠦᠷ᠎ᠡ ᠶᠢᠨ ᠣᠶᠢᠯᠡᠰ ᠤᠨ ᠰᠠᠭᠤᠷᠢ ᠰᠤᠳᠤᠯᠤᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠣᠭᠤᠷᠢᠨ ᠳᠤ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ ᠰᠤᠳᠤᠯᠤᠯ ᠤᠨ ᠬᠦᠷᠢᠶᠡᠨ ᠤ ᠳᠠᠪᠠᠭᠤᠯᠢᠭ ᠢ ᠪᠠᠳᠠᠷᠠᠭᠤᠯᠤᠨ᠂ ᠳᠠᠪᠠᠭᠤᠯᠢᠭ ᠦᠷ᠎ᠡ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠴᠢᠩᠭᠠᠳᠬᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠷᠳᠡᠮ ᠰᠢᠨᠵᠢᠯᠡᠬᠡᠨ ᠤ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ ᠪᠤᠰᠤᠳ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠢ ᠮᠠᠨ ᠤ ᠬᠤᠲᠠ ᠳᠤ ᠣᠷᠣᠭᠤᠯᠤᠨ ᠠᠪᠴᠢᠷᠠᠵᠤ ᠰᠢᠨᠵᠢᠯᠡᠬᠦ ᠤᠬᠠᠭᠠᠨ ᠤ ᠰᠤᠳᠤᠯᠭᠠᠨ ᠬᠢᠯᠭᠡᠨ᠎ᠡ᠃ ᠮᠠᠨ ᠤ ᠬᠤᠳᠠ ᠶᠢᠨ ᠴᠢᠬᠤᠯᠠ ᠲᠠᠷᠢᠮᠠᠯ ᠤᠨ ᠵᠦᠢᠯ᠂ ᠡᠪᠡᠰᠦᠨ ᠲᠡᠵᠢᠭᠡᠯᠳᠤ ᠭᠡᠷ  ᠤᠨ ᠲᠡᠵᠢᠭᠡᠪᠦᠷᠢ ᠪᠣᠯᠤᠨ ᠤᠢ ᠰᠢᠭᠤᠶ ᠡᠪᠡᠰᠦᠨ ᠤ ᠲᠥᠷᠥᠯ ᠵᠦᠢᠯ ᠤᠨ ᠭᠧᠨ ᠤ ᠵᠢᠷᠤᠭ ᠤᠨ ᠵᠢᠭᠰᠠᠯ ᠢ ᠠᠯᠬᠤᠮ ᠠᠯᠬᠤᠮ ᠢᠶᠠᠷ ᠪᠠᠶᠢᠭᠤᠯᠵᠤ᠂ ᠲᠡᠷᠢᠭᠦᠨ ᠤ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠮᠡᠷᠭᠡᠵᠢᠯ ᠢ ᠠᠰᠢᠭᠯᠠᠨ ᠡᠭᠦᠯᠳᠡᠷ ᠰᠠᠶᠢᠵᠢᠷᠠᠭᠤᠯᠤᠨ᠂ ᠦᠷ᠎ᠡ ᠪᠤᠶᠢᠵᠢᠭᠤᠯᠬᠤ ᠮᠠᠲ᠋ᠧᠷᠢᠶᠠᠯ ᠢ ᠡᠭᠦᠳᠴᠦ᠂ ᠦᠷ᠎ᠡ ᠶᠢᠨ ᠡᠬᠢ ᠪᠠᠶᠠᠯᠢᠭ ᠤᠨ ᠣᠨᠴᠣᠭᠤᠶ ᠭᠧᠨ ᠢ ᠠᠭᠤᠳᠠᠯᠬᠤ ᠪᠠ ᠠᠰᠢᠭᠯᠠᠵᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠰᠠᠭᠤᠷᠢ ᠲᠠᠯᠪᠢᠵᠤ ᠥᠭᠭᠦᠨ᠎ᠡ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    5. ᠡᠮᠦᠨᠡᠳᠤ ᠤᠷᠤᠨ ᠳᠤ ᠪᠤᠶᠢᠵᠢᠭᠤᠯᠬᠤ ᠡᠷᠳᠡᠮ ᠰᠢᠨᠵᠢᠯᠡᠬᠡᠨ ᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠮᠦᠨᠡᠳᠤ ᠤᠷᠤᠨ ᠳᠤ ᠪᠤᠶᠢᠵᠢᠭᠤᠯᠬᠤ ᠦᠷ᠎ᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠦᠷ᠎ᠡ ᠪᠤᠶᠢᠵᠢᠭᠤᠯᠬᠤ ᠡᠷᠳᠡᠮ ᠰᠢᠨᠵᠢᠯᠡᠬᠡᠨ ᠤ ᠨᠢᠭᠡᠴᠡ ᠬᠢᠭᠡᠳ ᠦᠷ᠎ᠡ ᠶᠢᠨ ᠠᠵᠤ ᠠᠬᠤᠶᠢᠯᠠᠯ ᠤᠨ ᠡᠮᠦᠨᠡᠳᠤ ᠤᠷᠤᠨ ᠳᠤ ᠪᠤᠶᠢᠵᠢᠭᠤᠯᠬᠤ ᠡᠷᠳᠡᠮ ᠰᠢᠨᠵᠢᠯᠡᠬᠡᠨ ᠤ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠂ ᠡᠮᠦᠨᠡᠳᠤ ᠤᠷᠤᠨ ᠳᠤ ᠪᠤᠶᠢᠵᠢᠭᠤᠯᠬᠤ ᠰᠠᠭᠤᠷᠢᠨ ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ᠂ ᠢᠵᠢ ᠪᠦᠷᠢᠳᠦᠭᠦᠯᠬᠦ ᠪᠠ ᠦᠷ᠎ᠡ ᠪᠤᠶᠢᠵᠢᠭᠤᠯᠬᠤ ᠲᠤᠷᠰᠢᠯᠲᠠ ᠶᠢᠨ ᠲᠦᠭᠦᠭᠡᠷᠤᠮᠵᠢ ᠶᠢᠨ ᠪᠦᠳᠦᠬᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠲᠤᠰᠬᠠᠶᠢᠵᠢᠭᠰᠠᠨ ᠡᠪᠡᠳᠴᠢᠨ ᠬᠤᠷᠣᠬᠠᠶ ᠶᠢᠨ ᠬᠦᠨᠦᠬᠡᠯ ᠢ ᠨᠢᠭᠡᠳᠦᠯᠲᠡᠶ ᠰᠡᠷᠭᠡᠶᠢᠯᠡᠨ ᠵᠠᠰᠠᠬᠤ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠳᠤ ᠳᠡᠮᠵᠢᠯᠭᠡ ᠦᠵᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠦᠷ᠎ᠡ ᠪᠤᠶᠢᠵᠢᠭᠤᠯᠬᠤ ᠦᠢᠯᠡᠴᠢᠯᠡᠭᠡ᠂ ᠦᠷ᠎ᠡ ᠪᠤᠶᠢᠵᠢᠭᠤᠯᠬᠤ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠠᠵᠢᠯ ᠢ ᠥᠷᠨᠢᠭᠦᠯᠵᠦ᠂ ᠦᠷ᠎ᠡ ᠪᠤᠶᠢᠵᠢᠭᠤᠯᠬᠤ ᠡᠷᠳᠡᠮ ᠰᠢᠨᠵᠢᠯᠡᠬᠡᠨ ᠤ ᠨᠢᠭᠡᠴᠡ᠂ ᠦᠷ᠎ᠡ ᠶᠢᠨ ᠠᠵᠤ ᠠᠬᠤᠶᠢᠯᠠᠯ ᠤᠨ ᠦᠷ᠎ᠡ ᠪᠤᠶᠢᠵᠢᠭᠤᠯᠬᠤ ᠮᠠᠲ᠋ᠧᠷᠢᠶᠠᠯ ᠢ ᠡᠮᠦᠨᠡᠳᠤ ᠤᠷᠤᠨ ᠳᠤ ᠪᠤᠶᠢᠵᠢᠭᠤᠯᠬᠤ ᠪᠠ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠵᠡᠷᠭᠡ  ᠳᠤ ᠮᠡᠷᠭᠡᠵᠢᠯ ᠤᠨ ᠲᠤᠯᠭᠠᠭᠤᠷᠢᠯᠠᠯ ᠪᠠ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ ︶᠃   ︵ᠭᠤᠷᠪᠠ︶ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠬᠡᠳᠬᠡᠨ᠎ᠡ    1. ᠰᠠᠶᠢᠨ ᠡᠭᠦᠯᠳᠡᠷ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    ᠬᠤᠶᠠᠷ ᠭᠤᠣᠯ ᠤᠨ ᠰᠠᠪᠠ ᠭᠠᠵᠠᠷ ᠲᠤ ᠴᠢᠨᠠᠷ ᠰᠠᠶᠢᠲᠠᠢ ᠡᠷᠳᠡᠨᠢ ᠰᠢᠰᠢ᠂ ᠭᠤᠸᠠ ᠵᠢᠮᠢᠰ ᠢᠳᠡᠰᠢᠨ ᠨᠣᠭᠤᠭ᠎ᠠ ᠶᠢᠨ ᠦᠷ᠎ᠡ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠮᠡᠷᠭᠡᠵᠢᠯ ᠤᠨ ᠬᠤᠷᠠᠮᠠᠯ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠵᠤ᠂ ᠵᠡᠭᠦᠨ ᠬᠡᠰᠡᠭ ᠤᠨ ᠳᠣᠪᠣᠷᠬᠠᠭ ᠠᠭᠤᠯᠠᠷᠬᠠᠭ ᠣᠷᠣᠨ  ᠳᠤ ᠴᠢᠨᠠᠷ ᠰᠠᠶᠢᠲᠠᠶ ᠬᠤᠯᠢᠮᠠᠭ ᠠᠮᠤ ᠪᠤᠷᠴᠠᠭ ᠤᠨ ᠦᠷ᠎ᠡ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠮᠡᠷᠭᠡᠵᠢᠯ ᠤᠨ ᠬᠤᠷᠠᠮᠠᠯ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠵᠤ᠂ ᠪᠡᠯᠴᠢᠬᠡᠷ ᠡᠪᠡᠰᠦ ᠵᠢᠴᠢ ᠤᠢ ᠮᠣᠳᠣ ᠲᠡᠷᠢᠬᠤ ᠳᠤ ᠵᠤᠬᠢᠷᠠᠬᠤ ᠭᠠᠵᠠᠷ ᠣᠷᠣᠨ ᠳᠤ ᠦᠷ᠎ᠡ ᠲᠡᠭᠦᠬᠦ ᠰᠠᠭᠤᠷᠢᠨ ᠭᠠᠵᠠᠷ ᠪᠠ ᠵᠤᠯᠵᠠᠭ᠎ᠠ ᠮᠣᠳᠣᠨ ᠤ ᠬᠦᠷᠢᠶᠡᠯᠡᠩ ᠢ ᠪᠥᠳᠥᠭᠡᠨ ᠪᠠᠶᠢᠭᠤᠯᠤᠨ᠎ᠠ᠃ ᠰᠠᠭᠤᠷᠢᠨ ᠭᠠᠵᠠᠷ ᠤᠨ ᠲᠠᠷᠢᠶᠠᠨ ᠭᠠᠵᠠᠷ ᠤᠨ ᠶᠠᠰᠤ ᠴᠢᠨᠠᠷ᠂ ᠡᠭᠦᠯᠳᠡᠷ ᠦᠷ᠎ᠡ ᠪᠤᠶᠢᠵᠢᠭᠤᠯᠬᠤ ᠲᠤᠷᠰᠢᠯᠲᠠ᠂ ᠡᠪᠡᠳᠴᠢᠨ ᠬᠤᠷᠣᠬᠠᠶ ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠨ ᠵᠠᠰᠠᠬᠤ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠵᠡᠷᠭᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠡᠭᠦᠯᠳᠡᠷ ᠦᠷ᠎ᠡ ᠪᠤᠶᠢᠵᠢᠭᠤᠯᠬᠤ ᠡᠷᠳᠡᠮ ᠰᠢᠨᠵᠢᠯᠡᠬᠡᠨ ᠤ ᠨᠢᠭᠡᠴᠡ ᠶᠢᠨ ᠰᠢᠨ᠎ᠡ ᠡᠭᠦᠯᠳᠡᠷ ᠦᠷ᠎ᠡ ᠰᠣᠩᠭᠤᠨ ᠪᠤᠶᠢᠵᠢᠭᠤᠯᠬᠤ᠂ ᠲᠤᠷᠰᠢᠯᠲᠠ ᠬᠢᠬᠦ᠂ ᠰᠠᠶᠢᠨ ᠦᠷ᠎ᠡ ᠰᠠᠶᠢᠨ ᠠᠷᠭ᠎ᠠ ᠶᠢ ᠢᠵᠢ ᠪᠥᠷᠢᠳᠦᠭᠦᠯᠦᠨ ᠬᠤᠷᠠᠮᠳᠤᠭᠤᠯᠬᠤ᠂ ᠤᠤᠯ ᠤᠨ ᠡᠭᠦᠯᠳᠡᠷ ᠦᠷ᠎ᠡ ᠶᠢ ᠦᠷᠡᠵᠢᠭᠦᠯᠬᠦ᠂ ᠮᠡᠷᠭᠡᠵᠢᠯ ᠢ ᠳᠡᠯᠭᠡᠷᠡᠭᠦᠯᠬᠦ ᠪᠣᠯᠪᠠᠰᠤᠷᠠᠭᠤᠯᠤᠯ ᠳᠤ ᠲᠤᠯᠭᠠᠭᠤᠷᠢᠯᠠᠯ ᠬᠠᠩᠭᠠᠵᠤ᠂ ᠡᠭᠦᠯᠳᠡᠷ ᠦᠷ᠎ᠡ ᠪᠤᠶᠢᠵᠢᠭᠤᠯᠬᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠂ ᠡᠯ᠎ᠡ ᠬᠤᠰᠢᠭᠤ ᠲᠤᠭᠤᠷᠢᠭ ᠤᠨ ᠪᠡᠶ᠎ᠡ ᠪᠠᠨ ᠲᠠᠭᠠᠭᠠᠭᠰᠠᠨ ᠲᠣᠭᠲᠠᠪᠤᠷᠢᠲᠠᠶ ᠰᠠᠶᠢᠨ ᠡᠭᠦᠯᠳᠡᠷ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃    ︵1︶ ᠡᠷᠳᠡᠨᠢ ᠰᠢᠰᠢ᠃ ᠨᠥᠬᠦᠴᠡᠯ ᠲᠠᠢ ᠡᠭᠦᠯᠳᠡᠷ ᠦᠷ᠎ᠡ ᠪᠤᠶᠢᠵᠢᠭᠤᠯᠬᠤ ᠠᠵᠤ ᠠᠬᠤᠶᠢᠯᠠᠯ ᠤᠨ ᠰᠠᠶᠢᠨ ᠡᠭᠦᠯᠳᠡᠷ ᠦᠷ᠎ᠡ ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠲᠠᠯᠠᠳ ᠬᠤᠰᠢᠭᠤ᠂ ᠦᠦᠰᠢᠨ ᠬᠤᠰᠢᠭᠤ᠂ ᠬᠠᠩᠭᠢᠨ ᠬᠤᠰᠢᠭᠤᠨ ᠳᠤ ᠥᠨᠳᠥᠷ ᠪᠠᠷᠢᠮᠵᠢᠶᠠᠲᠤ ᠡᠷᠳᠡᠨᠢ ᠰᠢᠰᠢ ᠶᠢᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 15000 ᠮᠦ ᠪᠠᠶᠢᠭᠤᠯᠤᠨ᠎ᠠ᠃ ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠣᠷᠣᠨ ᠳᠤ ᠵᠢᠯ ᠪᠦᠷᠢ 100 ᠮᠥ ᠠᠴᠠ ᠪᠠᠭ᠎ᠠ ᠥᠬᠡᠶ ᠡᠷᠳᠡᠨᠢ ᠰᠢᠰᠢ ᠶᠢᠨ ᠰᠢᠨ᠎ᠡ ᠡᠭᠦᠯᠳᠡᠷ ᠦᠷ᠎ᠡ᠂ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠴᠡᠭ ᠢ 1 ᠳᠣᠭᠢᠷᠠᠭᠤᠯᠤᠨ᠎ᠠ᠃    ︵2︶ ᠬᠤᠯᠢᠮᠠᠭ ᠠᠮᠤ ᠪᠤᠷᠴᠠᠭ᠃ ᠬᠤᠯᠢᠮᠠᠭ ᠠᠮᠤ ᠪᠤᠷᠴᠠᠭ ᠤᠨ ᠰᠠᠶᠢᠨ ᠡᠭᠦᠯᠳᠡᠷ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠵᠡᠭᠦᠨ ᠬᠡᠰᠡᠭ ᠤᠨ ᠳᠣᠪᠣᠷᠬᠠᠭ ᠠᠭᠤᠯᠠᠷᠬᠠᠭ ᠣᠷᠣᠨ ᠵᠡᠷᠭᠡ ᠡᠯᠳᠡᠪ ᠠᠮᠤ ᠡᠯᠳᠡᠪ ᠪᠤᠷᠴᠠᠭ ᠤᠨ ᠭᠤᠣᠯ ᠭᠠᠷᠤᠯᠲᠠ  ᠶᠢᠨ ᠣᠷᠣᠨ ᠤ ᠡᠯᠳᠡᠪ ᠠᠮᠤ ᠡᠯᠳᠡᠪ ᠪᠤᠷᠴᠠᠭ ᠤᠨ ᠦᠷ᠎ᠡ ᠪᠤᠶᠢᠵᠢᠭᠤᠯᠬᠤ ᠠᠵᠢᠯ ᠥᠷᠨᠢᠭᠦᠯᠬᠦ ᠶᠢ ᠲᠡᠮᠵᠢᠨ᠎ᠡ᠃ ᠡᠯᠳᠡᠪ ᠠᠮᠤ ᠡᠯᠳᠡᠪ ᠪᠤᠷᠴᠠᠭ ᠤᠨ ᠭᠤᠣᠯ ᠭᠠᠷᠤᠯᠲᠠ ᠶᠢᠨ ᠣᠷᠣᠨ ᠳᠤ ᠵᠢᠯ ᠪᠦᠷᠢ 30 ᠮᠤ᠋ ᠠᠴᠠ ᠪᠠᠭ᠎ᠠ ᠦᠭᠡᠢ ᠬᠤᠯᠢᠮᠠᠭ ᠠᠮᠤ ᠪᠤᠷᠴᠠᠭ ᠤᠨ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠤᠨ ᠲᠤᠷᠰᠢᠯᠲᠠ  ᠶᠢᠨ ᠵᠢᠱᠢᠶ᠎ᠡ ᠦᠵᠡᠭᠦᠯᠬᠦ‍ ᠴᠢᠭ ᠢ 1 ᠲᠣᠬᠢᠷᠠᠭᠤᠯᠤᠨ᠎ᠠ᠃    ︵3︶ ᠭᠤᠸᠠ ᠵᠢᠮᠢᠰ ᠢᠳᠡᠰᠢᠨ ᠨᠣᠭᠤᠭ᠎ᠠ᠃ ᠭᠤᠸᠠ ᠵᠢᠮᠢᠰ ᠢᠳᠡᠰᠢᠨ ᠨᠣᠭᠤᠭ᠎ᠠ ᠶᠢᠨ ᠰᠠᠶᠢᠨ ᠡᠭᠦᠯᠳᠡᠷ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠯᠠᠳ ᠬᠤᠰᠢᠭᠤ᠂ ᠵᠡᠭᠦᠨᠭᠠᠷ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤ ᠵᠡᠷᠭᠡ ᠭᠤᠸᠠ ᠵᠢᠮᠢᠰ ᠢᠳᠡᠰᠢᠨ ᠨᠣᠭᠤᠭ᠎ᠠ ᠶᠢᠨ ᠳᠠᠪᠠᠭᠤᠯᠢᠭ ᠭᠠᠷᠤᠯᠲᠠ ᠶᠢᠨ ᠣᠷᠣᠨ ᠢ ᠳᠡᠮᠵᠢᠵᠦ᠂ ᠭᠤᠸᠠ ᠵᠢᠮᠢᠰ ᠢᠳᠡᠰᠢᠨ ᠨᠣᠭᠤᠭ᠎ᠠ  ᠶᠢᠨ ᠦᠷ᠎ᠡ᠂ ᠦᠷ᠎ᠡ ᠴᠢᠬᠢ ᠶᠢ ᠣᠶᠢᠯᠡᠳᠪᠦᠷᠢᠯᠠᠨ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ 1000 ᠮᠥ ᠪᠠᠶᠢᠭᠤᠯᠵᠤ᠂ ᠭᠤᠸᠠ ᠵᠢᠮᠢᠰ ᠢᠳᠡᠰᠢᠨ ᠨᠣᠭᠤᠭ᠎ᠠ ᠶᠢᠨ ᠣᠶᠢᠯᠡᠳᠪᠦᠷᠢᠯᠠᠯ ᠤᠨ ᠦᠷ᠎ᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠤᠸᠠ ᠵᠢᠮᠢᠰ ᠢᠳᠡᠰᠢᠨ ᠨᠣᠭᠤᠭ᠎ᠠ ᠶᠢᠨ ᠤᠯᠠᠮᠵᠢᠯᠠᠯᠲᠤ ᠦᠷ᠎ᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠭᠤᠸᠠ ᠵᠢᠮᠢᠰ ᠢᠳᠡᠰᠢᠨ ᠨᠣᠭᠤᠭ᠎ᠠ ᠶᠢᠨ ᠭᠤᠣᠯ ᠭᠠᠷᠤᠯᠲᠠ ᠶᠢᠨ ᠣᠷᠣᠨ ᠳᠤ ᠵᠢᠯ ᠪᠦᠷᠢ 10 ᠮᠣ᠋ ᠠᠴᠠ ᠪᠠᠭ᠎ᠠ ᠦᠭᠡᠢ ᠭᠤᠸᠠ ᠵᠢᠮᠢᠰ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠦᠷ᠎ᠡ᠂ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠴᠡᠭ ᠢ 5 ᠲᠣᠬᠢᠷᠠᠭᠤᠯᠤᠨ᠎ᠠ᠃    ︵4︶ ᠪᠡᠯᠴᠢᠬᠡᠷ ᠡᠪᠡᠰᠦ ᠪᠠ ᠠᠮᠢ ᠠᠬᠤᠶ ᠳᠤ ᠬᠡᠷᠡᠭᠯᠡᠬᠦ ᠡᠪᠡᠰᠦ᠃ ᠮᠠᠨ ᠤ ᠬᠤᠲᠠ ᠶᠢᠨ ᠪᠡᠯᠴᠢᠬᠡᠷ ᠡᠪᠡᠰᠦ ᠳᠠᠷᠢᠬᠤ ᠳᠤ ᠵᠤᠬᠢᠷᠠᠬᠤ ᠠᠰᠢᠭᠲᠠᠶ ᠭᠠᠵᠠᠷ ᠵᠦᠶ ᠪᠠ ᠠᠭᠤᠷ ᠠᠮᠢᠰᠬᠤᠯ ᠤᠨ ᠨᠥᠬᠦᠴᠡᠯ ᠢ ᠭᠦᠢᠴᠡᠳ ᠠᠰᠢᠭᠯᠠᠨ᠂  ᠪᠡᠯᠴᠢᠬᠡᠷ ᠡᠪᠡᠰᠦᠨ ᠤ ᠰᠠᠭᠤᠷᠢᠨ ᠭᠠᠵᠠᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠴᠠᠷᠭᠠᠰᠤ ᠶᠢᠨ ᠤᠤᠯ ᠦᠷ᠎ᠡ ᠶᠢᠨ ᠲᠠᠷᠢᠶ᠎ᠠ ᠶᠢ 5000 ᠮᠥ ᠪᠥᠲᠥᠭᠡᠨ ᠪᠠᠶᠢᠭᠤᠯᠵᠤ᠂ ᠲᠤᠮᠳᠠ ᠶᠢᠨ ᠬᠠᠷᠭᠠᠨ᠎ᠠ ᠵᠡᠷᠭᠡ ᠠᠮᠢ ᠠᠬᠤᠶ ᠳᠤ ᠬᠡᠷᠡᠭᠯᠡᠬᠦ ᠡᠪᠡᠰᠦᠨ ᠤ ᠦᠷ᠎ᠡ ᠲᠡᠭᠦᠬᠦ ᠰᠠᠭᠤᠷᠢᠨ ᠭᠠᠵᠠᠷ ᠢ 5000 ᠮᠥ ᠪᠥᠲᠥᠭᠡᠨ ᠪᠠᠶᠢᠭᠤᠯᠬᠤ ᠶᠢ ᠳᠡᠮᠵᠢᠨ᠎ᠡ᠃    ︵5︶ ᠤᠢ ᠮᠣᠳᠣᠨ ᠤ ᠰᠠᠶᠢᠨ ᠡᠭᠦᠯᠳᠡᠷ ᠦᠷ᠎ᠡ᠃ ᠣᠶ ᠮᠣᠳᠣᠨ ᠤ ᠰᠠᠶᠢᠨ ᠡᠭᠦᠯᠳᠡᠷ ᠦᠷ᠎ᠡ ᠶᠢᠨ ᠰᠠᠭᠤᠷᠢᠨ ᠭᠠᠵᠠᠷ᠂ ᠦᠷ᠎ᠡ ᠴᠤᠭᠯᠠᠭᠤᠯᠬᠤ ᠰᠠᠭᠤᠷᠢᠨ ᠭᠠᠵᠠᠷ ᠪᠠ ᠪᠠᠲᠤᠯᠠᠭ᠎ᠠ ᠶᠢᠨ ᠴᠢᠨᠠᠷᠲᠠᠶ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠩᠭᠢᠨ ᠬᠤᠰᠢᠭᠤᠨ ᠤ ᠤᠯᠤᠰ ᠤᠨ ᠴᠠᠭᠠᠨ ᠬᠠᠷᠭᠠᠨ᠎ᠠ ᠶᠢᠨ ᠰᠠᠶᠢᠨ ᠦᠷ᠎ᠡ ᠶᠢᠨ ᠰᠠᠭᠤᠷᠢᠨ ᠭᠠᠵᠠᠷ ᠤᠨ ᠴᠠᠭᠠᠨ ᠬᠠᠷᠭᠠᠨ᠎ᠠ ᠶᠢᠨ ᠡᠭᠦᠯᠳᠡᠷ ᠦᠷ᠎ᠡ ᠶᠢᠨ ᠡᠬᠢ ᠪᠠᠶᠠᠯᠢᠭ ᠢ ᠬᠠᠳᠠᠭᠠᠯᠠᠬᠤ ᠬᠥᠮᠥᠷᠭᠡ ᠶᠢ 300 ᠮᠥ ᠪᠠᠶᠢᠭᠤᠯᠬᠤ ᠶᠢ ᠳᠡᠮᠵᠢᠵᠦ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤᠨ ᠤ ᠲᠤᠷᠤᠭ ᠲᠡᠷᠪᠡᠯᠵᠢ ᠵᠡᠷᠭᠡ ᠦᠷ᠎ᠡ ᠲᠡᠭᠦᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠠᠵᠢᠯ ᠥᠷᠨᠢᠭᠦᠯᠬᠦ ᠶᠢ ᠳᠡᠮᠵᠢᠵᠦ᠂ ᠦᠦᠰᠢᠨ ᠬᠤᠰᠢᠭᠤᠨ ᠤ ᠰᠢᠷᠬᠤᠰᠤᠨ ᠭᠤᠤᠯ ᠤᠨ ᠣᠶ ᠰᠢᠭᠤᠶ ᠶᠢᠨ ᠲᠠᠯᠠᠪᠠᠶ ᠶᠢᠨ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠵᠤᠯᠵᠠᠭ᠎ᠠ ᠮᠣᠳᠣᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠲᠦᠷᠦᠯ ᠵᠣᠶᠢᠯ ᠢ ᠥᠷᠭᠡᠳᠬᠡᠬᠦ ᠶᠢ ᠳᠡᠮᠵᠢᠵᠦ᠂ ᠰᠠᠶᠢᠨ ᠡᠭᠦᠯᠳᠡᠷ ᠦᠷ᠎ᠡ ᠦᠷᠡᠵᠢᠭᠦᠯᠦᠨ ᠪᠤᠶᠢᠵᠢᠭᠤᠯᠬᠤ ᠠᠬᠢᠴᠠ ᠶᠢ ᠳᠡᠭᠡᠭᠰᠢᠯᠡᠭᠦᠯᠦᠨ᠂ ᠣᠷᠳᠣᠰ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠵᠤᠯᠵᠠᠭ᠎ᠠ ᠮᠣᠳᠣᠨ ᠤ ᠬᠦᠷᠢᠶᠡᠯᠡᠩ ᠳᠤ ᠣᠷᠣᠭᠤᠯᠬᠤ ᠪᠠᠷ ᠴᠢᠷᠮᠠᠶᠢᠵᠤ᠂ ᠣᠶ ᠮᠣᠳᠣᠨ ᠤ ᠦᠷ᠎ᠡ ᠴᠢᠬᠢ ᠶᠢᠨ ᠬᠠᠩᠭᠠᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠭᠤᠣᠯ ᠪᠣᠯᠬᠤ ᠣᠶᠢᠵᠢᠭᠤᠯᠤᠯᠲᠠ ᠶᠢᠨ ᠮᠣᠳᠣᠨ ᠤ ᠲᠦᠷᠦᠯ ᠤᠨ ᠰᠠᠶᠢᠨ ᠡᠭᠦᠯᠳᠡᠷ ᠦᠷ᠎ᠡ ᠶᠢᠨ ᠬᠠᠩᠭᠠᠯᠭ᠎ᠠ ᠶᠢᠨ ᠨᠤᠷᠮ᠎ᠠ ᠶᠢ 70% ᠳᠤ ᠬᠦᠷᠬᠡᠨ᠎ᠡ᠃    2. ᠮᠠᠯ ᠵᠢᠭᠦᠷᠲᠡᠨ ᠤ ᠡᠭᠦᠯᠳᠡᠷ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ  ᠶᠢᠨ ᠲᠣᠪᠴᠢᠶ᠎ᠠ ᠬᠠᠷᠢᠭᠤᠴᠠᠨ᠎ᠠ︶᠃    ᠮᠠᠨ ᠤ ᠬᠤᠳᠠ ᠶᠢᠨ ᠣᠨᠴᠠ ᠪᠠᠶᠢᠭ᠎ᠠ ᠮᠠᠯ ᠤᠨ ᠡᠭᠦᠯᠳᠡᠷ ᠤᠨ ᠭᠤᠣᠯ ᠭᠠᠷᠤᠯᠲᠠ ᠶᠢᠨ ᠣᠷᠣᠨ ᠳᠤ ᠠᠷᠪᠠᠰ ᠤᠨ ᠨᠣᠯᠤᠤᠷ ᠤᠨ ᠢᠮᠠᠭ᠎ᠠ᠂ ᠤᠷᠳᠤᠰ ᠤᠨ ᠨᠠᠷᠢᠨ ᠨᠤᠤᠰᠤᠳᠤ ᠬᠤᠨᠢ᠂ ᠦᠦᠰᠢᠨ ᠮᠣᠷᠢ ᠶᠢᠨ ᠡᠭᠦᠯᠳᠡᠷ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠭᠤᠣᠯ ᠪᠣᠯᠬᠤ ᠡᠭᠦᠯᠳᠡᠷ ᠪᠤᠶᠢᠵᠢᠭᠤᠯᠬᠤ ᠲᠠᠯᠠᠪᠠᠢ ᠶᠢᠨ ᠪᠦᠳᠦᠬᠡᠨ ᠪᠠᠶᠢᠭᠤᠯᠤᠯᠲᠠ ᠶᠢ ᠲᠡᠳᠬᠦᠬᠦ ᠡᠷᠴᠢᠮ ᠢ ᠴᠢᠩᠭᠠᠳᠬᠠᠵᠣ᠂ ᠠᠯᠠᠰᠢᠨ ᠬᠤᠨᠢ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠭᠠᠭ᠋ᠠᠶ ᠶᠢᠨ ᠡᠭᠦᠯᠳᠡᠷ ᠦᠷ᠎ᠡ ᠶᠢᠨ ᠮᠠᠯ ᠤᠨ ᠲᠠᠯᠠᠪᠠᠢ ᠶᠢᠨ ᠰᠠᠭᠤᠷᠢ ᠲᠦᠭᠦᠭᠡᠷᠤᠮᠵᠢ ᠶᠢᠨ ᠪᠦᠳᠦᠬᠡᠨ ᠪᠠᠶᠢᠭᠤᠯᠤᠯᠲᠠ ᠶᠢ ᠲᠡᠮᠵᠢᠵᠤ᠂ ᠡᠭᠦᠯᠳᠡᠷ ᠦᠷ᠎ᠡ ᠰᠣᠩᠭᠤᠨ ᠪᠤᠶᠢᠵᠢᠭᠤᠯᠬᠤ ᠪᠠᠷ ᠳᠠᠮᠵᠢᠭᠤᠯᠤᠨ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠲᠤᠭᠳᠠᠯᠴᠠᠭ᠎ᠠ ᠶᠢ ᠪᠦᠳᠦᠬᠡᠨ ᠪᠠᠶᠢᠭᠤᠯᠤᠨ᠎ᠠ᠃    ︵1︶ ᠠᠷᠪᠠᠰ ᠤᠨ ᠨᠣᠣᠯᠤᠷ ᠤᠨ ᠢᠮᠠᠭ᠎ᠠ᠃ ᠠᠷᠪᠠᠰ ᠤᠨ ᠨᠣᠯᠤᠤᠷ ᠤᠨ ᠢᠮᠠᠭᠠᠨ ᠤ ᠭᠤᠣᠯ ᠭᠠᠷᠤᠯᠲᠠ ᠶᠢᠨ ᠣᠷᠣᠨ ᠤᠳᠤᠭ ᠬᠤᠰᠢᠭᠤ ᠪᠠᠷ ᠭᠤᠣᠯ ᠣᠷᠣᠨ ᠪᠣᠯᠭᠠᠵᠤ᠂ ᠤᠳᠤᠭ ᠤᠨ ᠡᠮᠦᠨᠡᠲᠦ ᠬᠤᠰᠢᠭᠤ᠂ ᠬᠠᠩᠭᠢᠨ ᠬᠤᠰᠢᠭᠤ ᠶᠢ ᠨᠥᠯᠥᠭᠡᠯᠡᠨ᠂ ᠨᠣᠯᠤᠤᠷ ᠤᠨ ᠢᠮᠠᠭᠠᠨ ᠤ ᠡᠭᠦᠯᠳᠡᠷ ᠦᠷ᠎ᠡ ᠶᠢᠨ ᠢᠨᠵᠧᠨᠧᠷᠢᠩ  ᠤᠨ ᠪᠦᠳᠦᠬᠡᠨ ᠪᠠᠶᠢᠭᠤᠯᠤᠯᠲᠠ ᠬᠢᠭᠡᠳ ᠦᠷ᠎ᠡ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠡᠭᠦᠯᠳᠡᠷ ᠦᠷ᠎ᠡ ᠪᠤᠶᠢᠵᠢᠭᠤᠯᠬᠤ ᠭᠤᠣᠯ ᠲᠠᠯᠠᠪᠠᠢ ᠶᠢᠨ ᠪᠦᠳᠦᠬᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠡᠭᠦᠯᠳᠡᠷ ᠦᠷ᠎ᠡ ᠪᠤᠶᠢᠵᠢᠭᠤᠯᠬᠤ ᠠᠵᠤ ᠠᠬᠤᠶᠢᠯᠠᠯ ᠬᠢᠭᠡᠳ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ ᠬᠠᠮᠳᠤᠷᠠᠯᠴᠠᠭ᠎ᠠ ᠶᠢ ᠶᠢ ᠵᠣᠷᠢᠭᠵᠢᠭᠤᠯᠤᠨ᠂ ᠤᠳᠤ ᠪᠠᠶᠢᠭ᠎ᠠ ᠡᠭᠦᠯᠳᠡᠷ ᠦᠷ᠎ᠡ ᠪᠤᠶᠢᠵᠢᠭᠤᠯᠬᠤ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠵᠦᠢ ᠵᠣᠬᠢᠰᠲᠠᠶ ᠂ ᠥᠨᠳᠥᠷ ᠪᠦᠲᠦᠮᠵᠢᠲᠡᠶ ᠰᠢᠨᠵᠢᠯᠡᠬᠦ ᠤᠬᠠᠭᠠᠨᠴᠢ ᠪᠠᠷ ᠡᠭᠦᠯᠳᠡᠷ ᠦᠷ᠎ᠡ ᠪᠤᠶᠢᠵᠢᠭᠤᠯᠬᠤ ᠲᠤᠭᠳᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠬᠤᠶᠠᠷ ᠴᠢᠨᠠᠷ ᠰᠠᠶᠢᠲᠠᠢ ᠨᠢᠭᠡ ᠥᠨᠳᠥᠷ ᠡᠭᠦᠯᠳᠡᠷ ᠤᠨ ᠰᠦᠷᠦᠭ ︵ᠬᠤᠶᠠᠷ ᠴᠢᠨᠠᠷ ᠰᠠᠶᠢᠲᠠᠢ᠄ ᠴᠢᠨᠠᠷ ᠰᠠᠶᠢᠲᠠᠶ ᠨᠣᠯᠤᠤᠷ᠂ ᠴᠢᠨᠠᠷ ᠰᠠᠶᠢᠲᠠᠶ ᠮᠢᠬ᠎ᠠ᠂ ᠨᠢᠭᠡ ᠥᠨᠳᠥᠷ᠄ ᠦᠷᠡᠵᠢᠯ ᠤᠨ ᠨᠣᠷᠮ᠎ᠠ ᠥᠨᠳᠥᠷ︶ ᠢ ᠰᠣᠩᠭᠤᠨ ᠪᠤᠶᠢᠵᠢᠭᠤᠯᠤᠨ᠎ᠠ᠃ ᠲᠠᠯᠠᠪᠠᠶ ᠡᠷᠦᠬᠡ ᠬᠤᠯᠪᠣᠭᠠᠯᠠᠨ ᠡᠭᠦᠯᠳᠡᠷ ᠪᠤᠶᠢᠵᠢᠭᠤᠯᠬᠤ ᠲᠣᠭᠲᠠᠴᠠ ᠶᠢᠨ ᠶᠣᠰᠣᠭᠠᠷ ᠡᠭᠦᠯᠳᠡᠷ ᠪᠤᠶᠢᠵᠢᠭᠤᠯᠬᠤ ᠭᠤᠤᠯᠯᠠᠭᠴᠢ ᠡᠷᠦᠬᠡ ᠶᠢ ᠪᠠᠶᠢᠭᠤᠯᠬᠤ ᠶᠢ ᠵᠣᠷᠢᠭᠵᠢᠭᠤᠯᠤᠨ᠎ᠠ᠃ ᠪᠥᠬᠦ ᠬᠤᠲᠠ ᠶᠢᠨ ᠠᠷᠪᠠᠰ ᠤᠨ ᠨᠣᠯᠤᠤᠷ ᠤᠨ ᠢᠮᠠᠭᠠᠨ ᠤ ᠭᠤᠤᠯ ᠡᠭᠦᠯᠳᠡᠷ ᠬᠠᠮᠠᠭᠠᠯᠠᠬᠤ ᠣᠷᠣᠨ ᠤ 22 ᠭᠠᠴᠠᠭ᠎ᠠ ᠶᠢ ᠳᠡᠮᠵᠢᠬᠦ ᠡᠷᠴᠢᠮ ᠢᠶᠠᠨ ᠭᠤᠤᠯᠳᠠᠯᠭ᠎ᠠ ᠲᠠᠢ ᠴᠢᠩᠭᠠᠷᠠᠭᠤᠯᠵᠤ᠂ ᠡᠭᠦᠯᠳᠡᠷ ᠬᠠᠮᠠᠭᠠᠯᠠᠬᠤ ᠣᠷᠣᠨ ᠤ ᠭᠤᠤᠯ ᠰᠦᠷᠦᠭ ᠤᠨ ᠤᠬᠤᠨ᠎ᠠ᠂ ᠡᠮ᠎ᠡ ᠢᠮᠠᠭ᠎ᠠ ᠳᠤ ᠨᠥᠬᠦᠪᠥᠷᠢ ᠣᠯᠭᠤᠨ᠎ᠠ᠃ ᠠᠷᠪᠠᠰ ᠤᠨ ᠨᠣᠯᠤᠤᠷ ᠤᠨ ᠢᠮᠠᠭᠠᠨ ᠤ ᠭᠠᠷ ᠬᠡᠭᠡᠯᠲᠦᠭᠦᠯᠭᠡ ᠶᠢᠨ ᠥᠷᠲᠡᠭᠡ ᠶᠢ ᠰᠢᠨ᠎ᠡ ᠪᠠᠷ 240 ᠪᠠᠶᠢᠭᠤᠯᠤᠨ ᠲᠡᠭᠦᠯᠳᠡᠷᠵᠢᠭᠦᠯᠦᠨ᠎ᠡ᠃    ︵2︶ ᠣᠷᠳᠣᠰ ᠤᠨ ᠨᠠᠷᠢᠨ ᠨᠤᠤᠰᠤᠳᠤ ᠬᠤᠨᠢ᠃ ᠣᠷᠳᠣᠰ ᠤᠨ ᠨᠠᠷᠢᠨ ᠨᠤᠤᠰᠤᠳᠤ ᠬᠤᠨᠢᠨ ᠤ ᠭᠤᠤᠯ ᠭᠠᠷᠤᠯᠲᠠ ᠶᠢᠨ ᠣᠷᠣᠨ ᠦᠤᠰᠢᠨ ᠬᠤᠰᠢᠭᠤ ᠪᠠᠷ ᠭᠤᠤᠯᠳᠠᠯᠭ᠎ᠠ ᠲᠠᠢ ᠬᠥᠭᠵᠢᠭᠦᠯᠬᠦ ᠣᠷᠣᠨ ᠪᠦᠰᠡ ᠪᠣᠯᠭᠠᠵᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠵᠡᠷᠭᠡ ᠭᠠᠵᠠᠷ ᠣᠷᠣᠨ ᠢ ᠨᠥᠯᠥᠭᠡᠯᠡᠨ᠂ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠬᠢᠭᠡᠳ  ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ ᠬᠠᠮᠳᠤᠷᠠᠯᠴᠠᠭ᠎ᠠ ᠶᠢ ᠵᠣᠷᠢᠭᠵᠢᠭᠤᠯᠤᠨ᠂ ᠬᠤᠶᠠᠷ ᠴᠢᠨᠠᠷ ᠰᠠᠶᠢᠲᠠᠢ ᠨᠢᠭᠡ ᠥᠨᠳᠥᠷ ᠡᠭᠦᠯᠳᠡᠷ ᠤᠨ ᠰᠦᠷᠦᠭ ︵ᠬᠤᠶᠠᠷ ᠴᠢᠨᠠᠷ ᠰᠠᠶᠢᠲᠠᠢ᠄ ᠴᠢᠨᠠᠷ ᠰᠠᠶᠢᠲᠠᠶ ᠨᠣᠤᠰᠣ᠂ ᠴᠢᠨᠠᠷ ᠰᠠᠶᠢᠲᠠᠶ ᠮᠢᠬ᠎ᠠ᠂ ᠨᠢᠭᠡ ᠥᠨᠳᠥᠷ᠄ ᠦᠷᠡᠵᠢᠯ ᠤᠨ ᠨᠣᠷᠮ᠎ᠠ ᠥᠨᠳᠥᠷ︶ ᠢ ᠰᠣᠩᠭᠤᠨ ᠪᠤᠶᠢᠵᠢᠭᠤᠯᠤᠨ᠎ᠠ᠃ ᠪᠥᠬᠦ ᠬᠤᠲᠠ ᠶᠢᠨ ᠣᠷᠳᠣᠰ ᠤᠨ ᠨᠠᠷᠢᠨ ᠨᠤᠤᠰᠤᠳᠤ ᠬᠤᠨᠢᠨ ᠤ ᠡᠭᠦᠯᠳᠡᠷ ᠬᠠᠮᠠᠭᠠᠯᠠᠬᠤ ᠭᠤᠤᠯ ᠤᠷᠤᠨ ᠤ 28 ᠭᠠᠴᠠᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠭᠦᠯᠳᠡᠷ ᠬᠠᠮᠠᠭᠠᠯᠠᠬᠤ ᠣᠷᠣᠨ ᠤ ᠭᠤᠤᠯ ᠰᠦᠷᠦᠭ ᠤᠨ ᠬᠤᠴᠠ᠂ ᠡᠮ᠎ᠡ ᠬᠤᠨᠢᠨ ᠳᠤ ᠨᠥᠬᠦᠪᠥᠷᠢ ᠣᠯᠭᠤᠨ᠎ᠠ᠃ ᠣᠷᠳᠣᠰ ᠤᠨ ᠨᠠᠷᠢᠨ ᠨᠤᠤᠰᠤᠳᠤ ᠬᠤᠨᠢᠨ ᠤ ᠭᠠᠷ ᠬᠡᠭᠡᠯᠲᠦᠭᠦᠯᠭᠡ ᠶᠢᠨ ᠥᠷᠲᠡᠭᠡ ᠶᠢ ᠰᠢᠨ᠎ᠡ ᠪᠠᠷ 160 ᠪᠠᠶᠢᠭᠤᠯᠤᠨ ᠲᠡᠭᠦᠯᠳᠡᠷᠵᠢᠭᠦᠯᠦᠨ᠎ᠡ᠃    ︵3︶ ᠠᠯᠠᠰᠢᠨ ᠬᠤᠨᠢ᠃ ᠬᠤᠶᠠᠷ ᠭᠤᠣᠯ ᠤᠨ ᠰᠠᠪᠠ ᠭᠠᠵᠠᠷ ᠲᠤ ᠠᠯᠠᠰᠢᠨ ᠬᠤᠨᠢᠨ ᠤ ᠡᠭᠦᠯᠳᠡᠷ ᠦᠷ᠎ᠡ ᠶᠢᠨ ᠦᠢᠯᠡᠰ ᠢ ᠭᠤᠣᠯᠳᠠᠯᠭ᠎ᠠ ᠲᠠᠢ ᠪᠠᠷ ᠬᠥᠭᠵᠢᠭᠦᠯᠵᠦ᠂ ᠠᠯᠠᠰᠢᠨ ᠬᠤᠨᠢᠨ ᠤ ᠡᠭᠦᠯᠳᠡᠷ ᠢ ᠨᠤᠲᠤᠭ ᠲᠤᠨᠢ ᠳᠠᠰᠬᠠᠬᠤ ᠶᠢ ᠴᠢᠩᠭᠠᠳᠬᠠᠨ᠎ᠠ᠃ ᠤᠬᠤᠨ᠎ᠠ ᠬᠤᠴᠠ ᠶᠢᠨ ᠭᠤᠤᠯ ᠲᠠᠯᠠᠪᠠᠢ ᠶᠢᠨ ᠰᠠᠭᠤᠷᠢ ᠲᠦᠭᠦᠭᠡᠷᠤᠮᠵᠢ ᠶᠢᠨ ᠪᠥᠳᠥᠭᠡᠨ ᠪᠠᠶᠢᠭᠤᠯᠤᠯᠲᠠ ᠶᠢ ᠲᠡᠮᠵᠢᠨ᠎ᠡ᠃ ᠤᠬᠤᠨ᠎ᠠ ᠬᠤᠨᠢ ᠶᠢᠨ ᠲᠠᠯᠠᠪᠠᠶ ᠪᠣᠯᠤᠨ ᠡᠭᠦᠯᠳᠡᠷ ᠪᠤᠶᠢᠵᠢᠭᠤᠯᠬᠤ ᠡᠷᠦᠬᠡ ᠶᠢᠨ ᠬᠠᠮᠲᠤᠷᠠᠨ ᠡᠭᠦᠯᠳᠡᠷ ᠪᠤᠶᠢᠵᠢᠭᠤᠯᠬᠤ ᠵᠢᠴᠢ ᠭᠠᠷ ᠬᠡᠭᠡᠯᠲᠦᠭᠦᠯᠭᠡ ᠶᠢᠨ ᠥᠷᠲᠡᠭᠡ ᠪᠠᠶᠢᠭᠤᠯᠬᠤ ᠶᠢ ᠳᠡᠮᠵᠢᠵᠦ᠂ ᠤᠬᠤᠨ᠎ᠠ ᠬᠤᠴᠠ ᠶᠢᠨ ᠲᠠᠯᠠᠪᠠᠶ ᠶᠢᠨ ᠬᠦᠪᠦᠷᠡᠯ ᠰᠢᠯᠵᠢᠭᠦᠯᠦᠨ ᠤᠷᠭᠤᠭᠤᠯᠬᠤ᠂ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠶᠢ ᠳᠡᠮᠵᠢᠵᠦ᠂ ᠴᠢᠨᠠᠷ ᠰᠠᠶᠢᠲᠠᠶ ᠦᠷ᠎ᠡ ᠡᠭᠦᠯᠳᠡᠷ ᠤᠨ ᠮᠠᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠯᠠᠰᠢᠨ ᠬᠤᠨᠢᠨ ᠤ ᠭᠠᠷ ᠬᠡᠭᠡᠯᠲᠦᠭᠦᠯᠭᠡ ᠶᠢᠨ ᠥᠷᠲᠡᠭᠡ ᠶᠢ ᠰᠢᠨ᠎ᠡ ᠪᠠᠷ 130 ᠪᠠᠶᠢᠭᠤᠯᠤᠨ ᠲᠡᠭᠦᠯᠳᠡᠷᠵᠢᠭᠦᠯᠦᠨ᠎ᠡ᠃    ︵4︶ ᠠᠯᠠᠰᠢᠨ ᠦᠬᠡᠷ᠃ ᠠᠯᠠᠰᠢᠨ ᠦᠬᠡᠷ ᠤᠨ ᠳᠡᠭᠡᠳᠦ ᠲᠠᠰ ᠤᠨ ᠠᠵᠤ ᠣᠶᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠶᠢ ᠴᠢᠩᠭᠠᠳᠬᠠᠵᠤ᠂ ᠬᠦᠯᠳᠡᠭᠡᠭᠰᠡᠨ ᠦᠷ᠎ᠡ ᠶᠢᠨ ᠰᠢᠩᠭᠡᠨ ᠢᠶᠠᠷ ᠭᠠᠷ ᠬᠡᠬᠡᠯᠳᠦᠭᠦᠯᠬᠡ ᠬᠢᠬᠦ ᠪᠦᠷᠬᠦᠯᠳᠡ ᠶᠢᠨ ᠬᠡᠪᠴᠢᠶ᠎ᠡ ᠶᠢ ᠥᠷᠭᠡᠳᠬᠡᠨ᠂ ᠴᠢᠨᠠᠷ ᠰᠠᠶᠢᠲᠠᠶ ᠠᠯᠠᠰᠢᠨ ᠦᠬᠡᠷ ᠤᠨ ᠬᠦᠯᠳᠡᠭᠡᠭᠰᠡᠨ ᠦᠷ᠎ᠡ ᠶᠢᠨ ᠰᠢᠩᠭᠡᠨ ᠢᠶᠠᠷ ᠭᠠᠷ ᠬᠡᠬᠡᠯᠳᠦᠭᠦᠯᠬᠡ ᠬᠢᠬᠦ ᠪᠠᠷ ᠲᠣᠰ ᠭᠠᠵᠠᠷ ᠤᠨ ᠠᠯᠠᠰᠢᠨ ᠦᠬᠡᠷ ᠤᠨ ᠵᠢᠭᠳᠡ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠷᠭᠦᠯᠵᠢᠯᠡᠨ ᠰᠠᠶᠢᠵᠢᠷᠠᠭᠤᠯᠬᠤ ᠪᠠ ᠣᠷᠣᠨ ᠨᠤᠲᠤᠭ ᠲᠤᠨᠢ ᠲᠠᠰᠬᠠᠬᠤ ᠪᠠᠷ ᠳᠠᠮᠵᠢᠭᠤᠯᠤᠨ ᠠᠯᠠᠰᠢᠨ ᠦᠬᠡᠷ ᠤᠨ ᠶᠠᠰᠤ ᠴᠢᠨᠠᠷ ᠪᠠ ᠣᠶᠢᠯᠡᠳᠪᠦᠷᠢᠯᠠᠯ ᠤᠨ ᠴᠢᠳᠠᠮᠵᠢ ᠶᠢ ᠳᠡᠭᠡᠭᠰᠢᠯᠡᠭᠦᠯᠦᠨ᠎ᠡ᠃ ᠭᠠᠷ ᠬᠡᠭᠡᠯᠲᠦᠭᠦᠯᠭᠡ ᠶᠢᠨ ᠥᠷᠲᠡᠭᠡ ᠴᠡᠭ ᠪᠠᠶᠢᠭᠤᠯᠬᠤ᠂ ᠬᠡᠭᠡᠯᠲᠦᠭᠦᠯᠦᠭᠴᠢ ᠶᠢ ᠬᠥᠮᠦᠵᠢᠭᠦᠯᠬᠦ᠂ ᠭᠠᠷ ᠬᠡᠭᠡᠯᠲᠦᠭᠦᠯᠭᠡ ᠬᠢᠬᠦ ᠭᠤᠭᠴᠤᠭ᠎ᠠ᠂ ᠰᠢᠯᠢᠳᠡᠭ ᠡᠭᠦᠯᠳᠡᠷ ᠤᠨ ᠦᠨᠢᠶ᠎ᠡ ᠶᠢ ᠥᠷᠭᠡᠳᠬᠡᠨ ᠦᠷᠡᠵᠢᠭᠦᠯᠬᠦ ᠶᠢ ᠲᠠᠮᠵᠢᠵᠣ ᠨᠥᠬᠦᠪᠥᠷᠢ ᠥᠭᠴᠦ᠂ ᠵᠢᠯ ᠪᠦᠷᠢ ᠠᠯᠠᠰᠢᠨ ᠦᠬᠡᠷ ᠤᠨ ᠬᠦᠢᠲᠡᠨ ᠢᠶᠠᠷ ᠬᠡᠭᠡᠯᠲᠦᠭᠦᠯᠬᠦ ᠥᠷᠲᠡᠭᠡ ᠶᠢ ᠰᠢᠨ᠎ᠡ ᠪᠠᠷ 25 ᠪᠠᠶᠢᠭᠤᠯᠤᠨ ᠲᠡᠭᠦᠯᠳᠡᠷᠵᠢᠭᠦᠯᠦᠨ᠎ᠡ᠃    ︵5︶ ᠰᠠᠭᠠᠯᠢ ᠶᠢᠨ ᠦᠨᠢᠶ᠎ᠡ᠃ ᠳᠠᠯᠠᠳ ᠬᠤᠰᠢᠭᠤ ᠪᠠᠷ ᠭᠤᠣᠯ ᠪᠣᠯᠭᠠᠭᠰᠠᠨ ᠬᠠᠲᠤᠨ ᠭᠤᠣᠯ ᠤᠨ ᠰᠠᠪᠠ ᠭᠠᠵᠠᠷ ᠲᠤ᠂ ᠰᠢᠯᠢᠳᠡᠭ ᠡᠭᠦᠯᠳᠡᠷ ᠤᠨ ᠬᠦᠯᠳᠡᠭᠡᠭᠰᠡᠨ ᠦᠷ᠎ᠡ ᠶᠢᠨ ᠰᠢᠩᠬᠡᠨ᠂ ᠪᠡᠯᠭᠡ ᠶᠢᠨ ᠡᠵᠡᠮᠳᠡᠯ ᠤᠨ ᠮᠡᠷᠭᠡᠵᠢᠯ ᠢ ᠠᠰᠢᠭᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠰᠠᠭᠠᠯᠢ ᠶᠢᠨ ᠦᠨᠢᠶ᠎ᠡ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃    ︵6︶ ᠮᠣᠷᠢ᠃ ᠦᠦᠰᠢᠨ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠬᠠᠩᠭᠢᠨ ᠬᠤᠰᠢᠭᠤᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠳᠤᠭᠤᠨ ᠤ ᠠᠵᠤ ᠣᠶᠢᠯᠡᠰ ᠤᠨ ᠬᠥᠭᠵᠢᠯᠲᠡ ᠶᠢᠨ ᠲᠥᠷᠥᠯ ᠵᠣᠶᠢᠯ ᠳᠤ ᠲᠦᠰᠢᠭᠯᠡᠨ ᠠᠳᠤᠭᠤᠨ ᠤ ᠰᠠᠶᠢᠨ ᠡᠭᠦᠯᠳᠡᠷ ᠢ ᠳᠡᠭᠡᠭᠰᠢᠯᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠠᠮᠵᠢᠵᠣ ᠠᠳᠤᠭᠤᠨ ᠤ ᠡᠭᠦᠯᠳᠡᠷ ᠤᠨ ᠣᠶᠢᠯᠡᠰ ᠢ ᠬᠦᠭᠵᠢᠭᠦᠯᠵᠣ᠂ ᠦᠦᠰᠢᠨ ᠮᠤᠷᠢ  ᠶᠢᠨ ᠬᠠᠮᠠᠭᠠᠯᠠᠯᠲᠠ᠂ ᠡᠭᠦᠯᠳᠡᠷ ᠬᠠᠮᠠᠭᠠᠯᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠭᠧᠨ ᠤ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠭᠤᠤᠯᠳᠠᠯᠭ᠎ᠠ ᠲᠠᠢ ᠬᠢᠨ᠎ᠠ᠃ ᠦᠦᠰᠢᠨ ᠮᠤᠷᠢ ᠶᠢᠨ ᠭᠤᠣᠯ ᠲᠡᠵᠢᠭᠡᠪᠦᠷᠢ ᠶᠢᠨ ᠡᠷᠦᠬᠡ ᠶᠢᠨ ᠰᠠᠭᠤᠷᠢ ᠠᠳᠤᠭᠤᠨ ᠤ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠦᠦᠰᠢᠨ ᠮᠤᠷᠢ ᠶᠢᠨ ᠤᠳᠤᠮ ᠤᠨ ᠴᠡᠪᠡᠷ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠴᠢᠩᠭᠠᠳᠬᠠᠵᠤ᠂ ᠵᠢᠯ ᠪᠦᠷᠢ ᠠᠳᠠᠭ ᠲᠠᠭᠠᠨ 15 ᠤᠳᠤᠮ ᠢ ᠲᠡᠳᠬᠦᠨ᠎ᠡ    ︵7︶ ᠭᠠᠭ᠋ᠠᠶ᠃ ᠤᠯᠤᠰ ᠤᠨ ᠳᠣᠲᠣᠭᠠᠳᠤ ᠶᠢᠨ ᠰᠢᠯᠢᠳᠡᠭ ᠡᠭᠦᠯᠳᠡᠷ ᠤᠨ ᠭᠠᠭ᠋ᠠᠶ ᠶᠢ ᠣᠷᠣᠭᠤᠯᠤᠨ ᠠᠪᠴᠢᠷᠠᠵᠤ᠂ ᠭᠠᠭ᠋ᠠᠶ ᠶᠢᠨ ᠰᠠᠶᠢᠨ ᠡᠭᠦᠯᠳᠡᠷ ᠤᠨ ᠨᠥᠬᠦᠪᠥᠷᠢ ᠶᠢ ᠬᠡᠷᠡᠭᠵᠢᠭᠦᠯᠵᠦ᠂ ᠡᠭᠦᠯᠳᠡᠷ ᠤᠨ ᠭᠠᠭ᠋ᠠᠶ ᠶᠢᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠲᠡᠮᠵᠢᠵᠤ᠂ ᠭᠠᠭ᠋ᠠᠶ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠨ᠎ᠡ᠃    3. ᠤᠰᠤᠨ ᠭᠠᠷᠤᠯᠲᠠ ᠶᠢᠨ ᠦᠷ᠎ᠡ ᠵᠢᠷᠭᠠᠬᠠᠢ ᠶᠢᠨ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ︶᠃    ︽ ᠳ᠋ᠠ ᠱᠣ᠋ ᠸᠠᠨ ᠬᠠᠲᠤᠨ ᠭᠤᠤᠯ ᠤᠨ ᠵᠢᠭᠠᠰᠤ︾ ︽ᠵᠢᠤᠢ ᠾᠧ ᠲᠠᠨ ᠤ ᠵᠢᠭᠠᠰᠤ︾ ︽ᠬᠠᠲᠤᠨ ᠭᠤᠤᠯ ᠤᠨ ᠡᠷᠲᠡᠨ ᠤ ᠵᠠᠮ ᠤᠨ ᠵᠢᠭᠠᠰᠤ︾ ᠵᠡᠷᠭᠡ ᠨᠤᠲᠤᠭ ᠤᠨ ᠨᠠᠷᠠᠲᠤ ᠲᠡᠮᠳᠡᠭᠲᠦ ᠶᠢᠨ ᠳᠠᠪᠠᠭᠤᠯᠢᠭ ᠢᠶᠠᠷ ᠢᠶᠠᠨ ᠨᠠᠭᠤᠷ ᠴᠥᠭᠦᠷᠥᠮ ᠳᠤ ᠲᠡᠵᠢᠭᠡᠨ ᠦᠷᠡᠵᠢᠭᠦᠯᠬᠦ ᠵᠢᠭᠠᠰᠤᠨ ᠤ ᠲᠦᠷᠦᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠲᠤᠨ ᠭᠤᠤᠯ ᠤᠨ ᠮᠥᠷᠭᠦ᠂ ᠬᠠᠲᠤᠨ ᠭᠤᠤᠯ ᠤᠨ ᠴᠤᠯᠪᠤᠷᠲᠤ ᠵᠢᠭᠠᠰᠤ᠂ ᠶᠠᠰᠤᠲᠤ ᠮᠡᠯᠡᠬᠡᠶ ᠵᠢᠴᠢ ᠪᠤᠰᠤᠳ ᠤᠰᠤᠨ ᠭᠠᠷᠤᠯᠲᠠ ᠶᠢᠨ ᠰᠢᠯᠢᠳᠡᠭ ᠦᠷ᠎ᠡ ᠵᠢᠷᠠᠭᠠᠬᠠᠶ ᠶᠢ ᠦᠷᠡᠵᠢᠭᠦᠯᠦᠨ ᠪᠤᠶᠢᠵᠢᠭᠤᠯᠬᠤ ᠪᠠᠷᠢᠮᠵᠢᠶᠠᠵᠢᠭᠤᠯᠤᠭᠰᠠᠨ ᠲᠠᠯᠠᠪᠠᠶ ᠶᠢ 3 ᠪᠠᠶᠢᠭᠤᠯᠤᠨ ᠲᠡᠭᠦᠯᠳᠡᠷᠵᠢᠭᠦᠯᠦᠨ᠎ᠡ᠃ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ᠂ ᠲᠣᠰ ᠭᠠᠵᠠᠷ ᠤᠨ ᠠᠵᠤ ᠠᠬᠤᠶᠢᠯᠠᠯ ᠲᠠᠢ ᠬᠠᠮᠲᠤᠷᠠᠯᠴᠠᠬᠤ ᠪᠠᠷ ᠳᠠᠮᠵᠢᠭᠤᠯᠤᠨ ᠠᠵᠤ ᠠᠬᠤᠶᠢᠯᠠᠯ ᠳᠡᠭᠡᠳᠦ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠨᠢᠭᠡ ᠴᠤᠭᠴᠠᠵᠢᠭᠤᠯᠤᠭᠰᠠᠨ ᠱᠤᠷᠠᠭ ᠵᠠᠮᠠᠭ ᠤᠨ ᠲᠥᠷᠥᠯ ᠢ ᠰᠣᠩᠭᠤᠨ ᠪᠤᠶᠢᠵᠢᠭᠤᠯᠬᠤ ᠲᠥᠪ ᠢ 1 ᠪᠠᠶᠢᠭᠤᠯᠤᠨ᠎ᠠ᠃   ︵ᠲᠦᠷᠪᠡ︶ ᠤᠳᠤ ᠦᠶ᠎ᠡ ᠶᠢᠨ ᠦᠷ᠎ᠡ ᠶᠢᠨ ᠦᠢᠯᠡᠰ ᠢ ᠬᠦᠴᠦᠯᠡᠨ ᠬᠥᠭᠵᠢᠭᠦᠯᠦᠨ᠎ᠡ    1. ᠣᠲᠣ ᠦᠶ᠎ᠡ ᠶᠢᠨ ᠦᠷ᠎ᠡ ᠶᠢᠨ ᠣᠶᠢᠯᠡᠰ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠦᠷ᠎ᠡ ᠶᠢᠨ ᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠮᠵᠢᠵᠤ᠂ ᠨᠢᠭᠡ ᠪᠦᠯᠦᠭ ᠦᠷ᠎ᠡ   ᠶᠢᠨ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠦᠢᠯᠡᠳᠪᠦᠷᠢᠯᠡᠯ ᠤᠨ ᠮᠡᠷᠭᠡᠵᠢᠯ ᠨᠢ ᠲᠡᠷᠢᠭᠦᠨ ᠤ ᠬᠢ᠂ ᠵᠠᠬ᠎ᠠ ᠳᠡᠯᠭᠡᠭᠦᠷ ᠲᠤ ᠡᠵᠡᠯᠡᠬᠦ ᠨᠤᠷᠮ᠎ᠠ ᠪᠠᠷ ᠥᠨᠳᠥᠷ᠂ ᠡᠵᠡᠩᠨᠡᠯᠲᠡ ᠶᠢᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠪᠦᠷᠢᠨ ᠪᠦᠲᠦᠨ ᠤᠳᠤ ᠦᠶ᠎ᠡ ᠶᠢᠨ ᠦᠷ᠎ᠡ ᠶᠢᠨ ᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠤᠯ ᠬᠦᠴᠦᠨ ᠤ ᠣᠶᠢᠯᠡᠳᠤᠯ ᠢ ᠪᠠᠳᠠᠷᠠᠭᠤᠯᠵᠤ᠂ ᠦᠷ᠎ᠡ ᠶᠢᠨ ᠣᠶᠢᠯᠡᠰ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠬᠤᠪᠢᠷᠠᠭᠤᠯᠬᠤ᠂ ᠵᠠᠬ᠎ᠠ ᠳᠡᠯᠭᠡᠭᠦᠷ ᠲᠤ ᠳᠡᠯᠭᠡᠷᠡᠭᠦᠯᠬᠦ ᠵᠡᠷᠭᠡ ᠲᠠᠯ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠦᠷ᠎ᠡ ᠶᠢᠨ ᠡᠬᠢ ᠪᠠᠶᠠᠯᠢᠭ ᠤᠨ ᠶᠠᠰᠤ ᠴᠢᠨᠠᠷ ᠤᠨ ᠮᠥᠷᠳᠡᠵᠦ ᠪᠣᠯᠬᠤᠶᠢᠴᠠ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠵᠤ ᠠᠬᠤᠶᠢᠯᠠᠯ ᠤᠨ ᠨᠡᠶᠢᠭᠡᠮ ᠤᠨ ᠬᠥᠷᠥᠩᠭᠡ ᠶᠢ ᠲᠠᠲᠠᠬᠤ᠂ ᠵᠠᠬ᠎ᠠ ᠳᠡᠯᠭᠡᠭᠦᠷ ᠲᠤ ᠭᠠᠷᠴᠤ ᠪᠠᠯᠠ ᠳᠣᠭᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠣᠶᠢᠯᠡᠰ ᠤᠨ ᠬᠡᠯᠬᠢᠶ᠎ᠡ ᠶᠢ ᠤᠷᠳᠤᠳᠬᠠᠨ ᠬᠦᠨᠵᠡᠬᠡᠶᠢᠷᠡᠭᠦᠯᠵᠣ᠂ ᠦᠷ᠎ᠡ ᠶᠢᠨ ᠣᠶᠢᠯᠡᠰ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠡᠷᠳᠡᠮ ᠰᠢᠨᠵᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠬᠢᠬᠦ ᠶᠢ ᠵᠣᠷᠢᠭᠵᠢᠭᠤᠯᠤᠨ᠂ ᠦᠷ᠎ᠡ ᠶᠢᠨ ᠣᠶᠢᠯᠡᠰ ᠤᠨ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠦᠷ᠎ᠡ ᠶᠢᠨ ᠣᠶᠢᠯᠡᠰ ᠤᠨ ᠨᠡᠷᠡᠳᠤ ᠠᠵᠤ ᠠᠬᠤᠶᠢᠯᠠᠯ ᠢ ᠪᠣᠶ ᠪᠣᠯᠭᠠᠨ᠎ᠠ᠃ ᠡᠯ᠎ᠡ ᠦᠷ᠎ᠡ ᠪᠤᠶᠢᠵᠢᠭᠤᠯᠬᠤ ᠠᠵᠤ ᠠᠬᠤᠶᠢᠯᠠᠯ ᠤᠨ ᠰᠠᠶᠢᠨ ᠰᠠᠶᠢᠬᠠᠨ ᠬᠥᠭᠵᠢᠯᠲᠡ ᠶᠢ ᠳᠡᠮᠵᠢᠵᠦ᠂ ᠲᠡᠳᠡᠨ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠂ ᠦᠷ᠎ᠡ ᠪᠤᠶᠢᠵᠢᠭᠤᠯᠬᠤ ᠠᠵᠤ ᠠᠬᠤᠶᠢᠯᠠᠯ ᠤᠨ ᠬᠤᠯᠪᠣᠭᠠᠯᠠᠨ ᠬᠥᠭᠵᠢᠬᠦ ᠥᠷᠢᠰᠦᠯᠳᠦᠬᠦ ᠬᠦᠴᠦᠨ ᠢ ᠪᠣᠶ ᠪᠣᠯᠭᠠᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    2. ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ ᠰᠦᠷᠦᠭᠵᠢᠨ ᠬᠥᠭᠵᠢᠭᠦᠯᠬᠦ ᠶᠢ ᠪᠠᠷᠢᠮᠲᠠᠯᠠᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠎ᠡ᠃ ᠦᠷ᠎ᠡ ᠶᠢᠨ ᠣᠶᠢᠯᠡᠰ ᠤᠨ ᠰᠢᠨ᠎ᠡ ᠶᠢ ᠡᠭᠦᠳᠬᠦ ᠠᠵᠤ ᠣᠶᠢᠯᠡᠰ ᠤᠨ ᠲᠣᠭᠤᠷᠢᠭ ᠪᠠ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠦᠷ᠎ᠡ ᠶᠢᠨ ᠣᠶᠢᠯᠡᠰ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠷᠠᠮᠳᠤᠭᠤᠯᠤᠨ᠂ ᠰᠢᠯᠵᠢᠭᠦᠯᠦᠨ ᠬᠤᠪᠢᠷᠠᠭᠤᠯᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ᠂ ᠰᠣᠯᠢᠯᠴᠠᠨ ᠠᠷᠠᠯᠵᠢᠶᠠᠯᠠᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ᠂ ᠦᠷ᠎ᠡ ᠶᠢᠨ ᠣᠶᠢᠯᠡᠰ ᠤᠨ ᠥᠷᠲᠡᠭ ᠤᠨ ᠬᠡᠯᠬᠢᠶ᠎ᠡ ᠶᠢ ᠤᠷᠲᠤᠳᠬᠠᠨ᠎ᠠ᠃ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠪᠠ ᠣᠶ ᠰᠢᠭᠤᠶ ᠡᠪᠡᠰᠦ ᠪᠡᠯᠴᠢᠭᠡᠷ ᠤᠨ ᠮᠡᠷᠭᠡᠵᠢᠯ ᠢ ᠳᠡᠯᠭᠡᠷᠡᠭᠦᠯᠬᠦ ᠣᠶᠢᠯᠡᠴᠢᠯᠡᠬᠡᠨ ᠤ ᠲᠤᠭᠳᠠᠯᠴᠠᠭ᠎ᠠ ᠶᠢᠨ ᠳᠠᠪᠠᠭᠤᠯᠢᠭ᠂ ᠡᠩᠨᠡᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠴᠢᠨᠠᠷ ᠰᠠᠶᠢᠲᠠᠶ ᠲᠥᠷᠥᠯ ᠵᠣᠶᠢᠯ ᠪᠠ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠴᠢᠨᠠᠷ ᠰᠠᠶᠢᠲᠠᠶ ᠡᠭᠦᠯᠳᠡᠷ ᠢ ᠲᠦᠭᠡᠮᠡᠯᠵᠢᠭᠦᠯᠦᠨ ᠠᠰᠢᠭᠯᠠᠬᠤ ᠣᠶᠢᠯᠡᠳᠦᠯᠬᠡ ᠶᠢᠨ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠠᠵᠣ ᠠᠬᠤᠶᠢᠯᠠᠯ ᠲᠡᠬᠡᠳᠤ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ ᠦᠷ᠎ᠡ ᠶᠢᠨ ᠦᠢᠯᠡᠰ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠠᠷ ᠬᠡᠬᠡᠯᠳᠦᠭᠦᠯᠬᠡ ᠶᠢᠨ ᠦᠷᠳᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠳᠡᠯᠭᠡᠷᠡᠭᠦᠯᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠵᠣᠷᠢᠭᠵᠢᠭᠤᠯᠤᠨ ᠲᠡᠮᠵᠢᠵᠤ᠂ ᠰᠠᠶᠢᠨ ᠦᠷ᠎ᠡ ᠰᠠᠶᠢᠨ ᠠᠷᠭ᠎ᠠ ᠶᠢ ᠡᠷᠦᠭᠡ ᠳᠤ ᠣᠷᠣᠭᠤᠯᠬᠤ ᠶᠢ ᠳᠡᠯᠭᠡᠷᠡᠭᠦᠯᠦᠨ᠎ᠡ ︵ᠬᠤᠳᠠ  ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶᠃   ︵ᠲᠠᠪᠤ︶ ᠦᠷ᠎ᠡ ᠶᠢᠨ ᠦᠢᠯᠡᠰ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ    1. ᠦᠷ᠎ᠡ ᠶᠢᠨ ᠣᠶᠢᠯᠡᠰ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢ ᠴᠢᠩᠭᠠᠷᠠᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠪᠦᠬᠦ ᠶᠠᠪᠤᠴᠠ  ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ ᠣᠯᠭᠤᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠠᠷᠠᠭᠠᠴᠢ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠰᠠᠶᠢᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠦᠷᠢᠨᠰᠢᠬᠦᠯᠵᠦ᠂ ᠬᠢᠨᠠᠨ ᠪᠠᠶᠢᠴᠠᠭᠠᠭᠰᠠᠨ ᠦᠭᠡᠢ ᠪᠠᠷ ᠤᠷᠢᠳᠠᠪᠠᠷ ᠳᠡᠯᠭᠡᠷᠡᠭᠦᠯᠬᠦ᠂ ᠦᠨᠡᠮᠯᠡᠯ ᠦᠭᠡᠢ ᠪᠠᠷ ᠦᠢᠯᠡᠳᠪᠦᠷᠢᠯᠡᠬᠦ᠂ ᠫᠠᠶᠢᠰᠠ ᠲᠤᠬᠤᠵᠤ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠦᠷ᠎ᠡ᠂ ᠦᠷ᠎ᠡ ᠶᠢᠨ ᠴᠢᠬᠢ᠂ ᠦᠷ᠎ᠡ ᠡᠭᠦᠯᠳᠡᠷ ᠤᠨ ᠮᠠᠯ ᠵᠢᠭᠦᠷᠲᠡᠨ ᠢ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠎ᠠ᠃ ︽ᠬᠤᠶᠠᠷ ᠢ ᠲᠠᠰᠢᠷᠠᠮ ᠳᠠᠭᠠᠤ ᠬᠢᠵᠦ ᠨᠢᠭᠡ ᠶᠢ ᠢᠯᠡ ᠪᠣᠯᠭᠠᠬᠤ︾ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠪᠠ ᠴᠣᠬᠢᠯᠲᠠ ᠥᠭᠬᠦ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠨ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠭᠤᠤᠯᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠠᠯᠲᠠ ᠪᠠᠨ ᠬᠡᠮᠵᠢᠶᠡᠵᠢᠭᠦᠯᠦᠨ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠭᠤᠤᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠪᠤᠳᠠᠰ ᠤᠨ ᠲᠦᠷᠰᠤ᠂ ᠴᠢᠬᠤᠯᠠ ᠭᠤᠭᠴᠤᠭ᠎ᠠ᠂ ᠴᠢᠬᠤᠯᠠ ᠬᠡᠷᠡᠭ ᠲᠤ ᠬᠢᠨᠠᠨ ᠬᠠᠮᠢᠶᠠᠷᠤᠯᠳᠠ ᠬᠢᠵᠣ ᠂ ᠬᠢᠨᠠᠨ ᠬᠠᠮᠢᠶᠠᠷᠤᠯᠳᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠨ᠎ᠠ᠃ ᠮᠠᠯ ᠵᠢᠭᠦᠷᠲᠡᠨ ᠤ ᠡᠭᠦᠯᠳᠡᠷ ᠤᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠬᠠᠭᠤᠷᠮᠠᠭ ᠮᠠᠭᠤ ᠡᠭᠦᠯᠳᠡᠷ ᠤᠨ ᠮᠠᠯ᠂ ᠬᠦᠯᠳᠡᠭᠡᠭᠰᠡᠨ ᠦᠷ᠎ᠡ ᠶᠢᠨ ᠰᠢᠩᠬᠡᠨ᠂ ᠬᠦᠪᠦᠷᠡᠯ ᠢ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    2. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠣᠶᠢᠯᠡᠳᠪᠦᠷᠢᠯᠠᠯ ᠤᠨ ᠵᠠᠩᠭᠢᠯᠠᠭ᠎ᠠ ᠶᠢᠨ ᠦᠶ᠎ᠡ ᠳᠤ ᠦᠷ᠎ᠡ ᠶᠢᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠦᠷ᠎ᠡ ᠶᠢᠨ ᠡᠷᠬᠡ ᠳᠤ ᠬᠠᠯᠳᠠᠭᠰᠠᠨ ᠣᠶᠢᠯᠠ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠣ᠂ ᠡᠭᠦᠯᠳᠡᠷ ᠤᠨ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠡᠷᠬᠡ ᠪᠠᠨ ᠬᠠᠮᠠᠭᠠᠯᠠᠬᠤ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠵᠣ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠯᠦᠭᠡ ᠶᠢᠨ ᠡᠷᠬᠡ ᠪᠠᠨ ᠬᠠᠮᠠᠭᠠᠯᠠᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠠᠷᠢᠮᠠᠯ ᠭᠤᠤᠯᠳᠠᠯᠭ᠎ᠠ ᠲᠠᠢ ᠡᠭᠦᠯᠳᠡᠷ ᠤᠨ ᠡᠷᠬᠡ ᠪᠠᠨ ᠬᠠᠮᠠᠭᠠᠯᠠᠬᠤ ᠠᠵᠢᠯ ᠢ ᠥᠷᠨᠢᠭᠦᠯᠵᠦ᠂ ᠤᠷᠭᠤᠮᠠᠯ ᠤᠨ ᠰᠢᠨ᠎ᠡ ᠦᠷ᠎ᠡ ᠶᠢᠨ ᠡᠷᠬᠡ ᠶᠢ ᠬᠠᠮᠠᠭᠠᠯᠠᠬᠤ ᠪᠦᠲᠦᠮᠵᠢᠲᠡᠶ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    3. ᠡᠭᠦᠯᠳᠡᠷ ᠢ ᠦᠨᠡᠯᠡᠬᠦ ᠲᠤᠭᠳᠠᠯᠴᠠᠭ᠎ᠠ ᠶᠢ ᠪᠠᠶᠢᠭᠤᠯᠤᠨ᠎ᠠ᠃ ᠲᠠᠷᠢᠮᠠᠯ ᠵᠢᠴᠢ ᠡᠪᠡᠰᠦᠨ ᠤ ᠡᠭᠦᠯᠳᠡᠷ ᠦᠷ᠎ᠡ ᠶᠢᠨ ᠣᠷᠣᠨ ᠪᠦᠰᠡ ᠶᠢᠨ ᠵᠢᠱᠢᠶ᠎ᠡ ᠦᠵᠡᠭᠦᠯᠬᠦ ᠶᠢ ᠰᠢᠰᠲ᠋ᠧᠮ ᠲᠠᠢ ᠪᠠᠷ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠᠷ ᠭᠤᠣᠯ ᠪᠣᠯᠭᠠᠭᠰᠠᠨ᠂ ᠡᠭᠦᠯᠳᠡᠷ ᠦᠷ᠎ᠡ ᠶᠢᠨ ᠣᠨᠴᠣᠭᠤᠶ ᠴᠢᠨᠠᠷ ᠢ ᠬᠢᠨᠠᠨ ᠲᠣᠭᠲᠠᠭᠠᠵᠤ ᠵᠥᠪᠰᠢᠶᠡᠷᠡᠨ ᠣᠷᠣᠭᠤᠯᠬᠤ᠂ ᠮᠥᠷᠳᠡᠨ ᠦᠨᠡᠯᠡᠬᠦ ᠬᠢᠭᠡᠳ ᠵᠢᠱᠢᠶ᠎ᠡ ᠦᠵᠡᠭᠦᠯᠵᠦ ᠳᠡᠯᠭᠡᠷᠡᠭᠦᠯᠬᠦ ᠶᠢ ᠣᠷᠭᠠᠨᠢᠭ ᠢᠶᠠᠷ ᠤᠶᠠᠯᠳᠤᠭᠤᠯᠤᠭᠰᠠᠨ ᠦᠷ᠎ᠡ ᠶᠢᠨ ᠦᠢᠯᠡᠰ ᠤᠨ ᠰᠢᠨ᠎ᠡ ᠮᠠᠶ᠋ᠢᠭ ᠤᠨ ᠡᠭᠦᠯᠳᠡᠷ ᠢ ᠦᠨᠡᠯᠡᠨ ᠬᠠᠮᠢᠶᠠᠷᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    4. ᠬᠡᠷᠡᠴᠢᠯᠡᠵᠣ ᠪᠠᠶᠢᠴᠠᠭᠠᠨ ᠰᠢᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠦᠷ᠎ᠡ ᠶᠢᠨ ᠣᠶᠢᠯᠡᠰ ᠤᠨ ᠣᠶᠢᠯᠡᠳᠭᠦᠨ ᠤ ᠶᠠᠰᠤ ᠴᠢᠨᠠᠷ ᠪᠠ ᠮᠥᠷᠳᠡᠵᠦ ᠪᠣᠯᠬᠤᠶᠢᠴᠠ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠦᠷ᠎ᠡ ᠶᠢᠨ ᠣᠶᠢᠯᠡᠰ ᠤᠨ ᠣᠶᠢᠯᠡᠳᠭᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠶᠠᠰᠤ ᠴᠢᠨᠠᠷ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠡᠷᠡᠴᠢᠯᠡᠯ ᠤᠨ ᠲᠦᠷᠢᠮ ᠢ ᠠᠵᠤ ᠠᠬᠤᠶᠢᠯᠠᠯ ᠤᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠦᠨᠳᠦᠰᠦᠨ ᠱᠠᠲᠤᠨ ᠤ ᠲᠠᠷᠢᠮᠠᠯ ᠤᠨ ᠦᠷ᠎ᠡ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠲᠥᠪ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠳᠤ ᠬᠤᠰᠢᠭᠤ ᠲᠤᠭᠤᠷᠢᠭ ᠤᠨ ᠲᠠᠰ ᠤᠨ ᠦᠷ᠎ᠡ ᠶᠢᠨ ᠶᠠᠰᠤ ᠴᠢᠨᠠᠷ ᠢ ᠪᠠᠷᠢᠮᠵᠢᠶᠠᠵᠢᠭᠤᠯᠤᠨ ᠰᠢᠯᠭᠠᠨ ᠪᠠᠶᠢᠴᠠᠭᠠᠬᠤ ᠲᠠᠰᠤᠭ ᠢ ᠰᠢᠨ᠎ᠡ ᠪᠠᠷ 2 ᠪᠠᠶᠢᠭᠤᠯᠬᠤ ᠪᠠᠷ ᠴᠢᠷᠮᠠᠶᠢᠨ᠎ᠠ᠃ ᠬᠤᠲᠠ ᠶᠢᠨ ᠱᠠᠲᠤᠨ ᠤ ᠣᠶ ᠮᠣᠳᠣᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ᠢ 1᠂ ᠬᠤᠰᠢᠭᠤ ᠲᠣᠭᠤᠷᠢᠭ ᠤᠨ ᠱᠠᠲᠤᠨ ᠤ ᠣᠶ ᠮᠣᠳᠣᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠥᠷᠲᠡᠭᠡ ᠶᠢ 3 ᠪᠠᠶᠢᠭᠤᠯᠤᠨ᠎ᠠ᠃ ᠬᠤᠲᠠ ᠶᠢᠨ ᠱᠠᠲᠤᠨ ᠤ ᠡᠪᠡᠰᠦᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠥᠷᠲᠡᠭᠡ ᠶᠢ 1 ᠪᠠᠶᠢᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃    5. ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ ᠣᠶᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ᠂ ᠬᠠᠮᠢᠶᠠᠷᠤᠯᠲᠠ᠂ ᠣᠶᠢᠯᠡᠴᠢᠯᠡᠬᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠷ᠎ᠡ ᠶᠢᠨ ᠣᠶᠢᠯᠡᠰ ᠤᠨ ᠰᠤᠳᠤᠯᠤᠨ ᠨᠡᠭᠡᠭᠡᠬᠦ᠂ ᠣᠶᠢᠯᠡᠳᠪᠦᠷᠢᠯᠡᠬᠦ᠂ ᠶᠠᠰᠤ ᠴᠢᠨᠠᠷ ᠤᠨ ᠪᠠᠶᠢᠴᠠᠭᠠᠯᠲᠠ ᠬᠢᠬᠦ᠂ ᠡᠳ᠋ᠰᠢᠭᠦᠯᠬᠦ᠂ ᠮᠡᠷᠭᠡᠵᠢᠯ ᠢ ᠳᠡᠯᠭᠡᠷᠡᠭᠦᠯᠬᠦ᠂ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠤᠨ᠎ᠠ᠃ ᠪᠦᠬᠦ ᠬᠤᠳᠠ ᠶᠢᠨ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠤᠨᠤᠯ᠂ ᠰᠢᠨ᠎ᠡ ᠮᠡᠷᠭᠡᠵᠢᠯ ᠤᠨ ᠲᠣᠭᠤᠷᠢᠨ ᠳᠤ ᠪᠣᠯᠪᠠᠰᠤᠷᠠᠭᠤᠯᠤᠯ ᠪᠠ ᠰᠣᠯᠢᠯᠴᠠᠭ᠎ᠠ ᠥᠷᠨᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠨᠥᠭᠡᠴᠡᠯᠡᠯᠲᠡ ᠶᠢ ᠠᠯᠬᠤᠮ ᠠᠯᠬᠤᠮ ᠢᠶᠠᠷ ᠴᠢᠩᠭᠠᠳᠬᠠᠨ᠎ᠠ ︵ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃   ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠣᠷᠳᠣᠰ ᠬᠤᠲᠠ ᠶᠢᠨ ᠣᠲᠣ ᠦᠶ᠎ᠡ ᠶᠢᠨ ᠦᠷ᠎ᠡ ᠶᠢᠨ ᠣᠶᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠢᠭᠡᠳᠦᠯᠲᠡᠶ ᠤᠳᠤᠷᠢᠳᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠬᠦᠴᠦ ᠪᠠᠨ ᠬᠠᠮᠲᠤᠳᠬᠠᠨ ᠠᠬᠢᠭᠤᠯᠬᠤ ᠠᠵᠢᠯ ᠤᠨ ᠲᠣᠭᠲᠠᠴᠠ ᠶᠢ ᠲᠦᠷᠭᠡᠳᠬᠡᠨ ᠪᠣᠶ ᠪᠣᠯᠭᠠᠵᠤ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠡᠯ᠎ᠡ ᠵᠣᠶᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠨ᠎ᠡ᠃ ᠡᠯ᠎ᠡ ᠬᠤᠰᠢᠭᠤ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠷ᠎ᠡ ᠶᠢᠨ ᠣᠶᠢᠯᠡᠰ ᠤᠨ ᠠᠵᠢᠯ ᠢ ᠭᠤᠤᠯᠳᠠᠯᠭ᠎ᠠ ᠲᠠᠢ ᠠᠵᠢᠯ ᠤᠨ ᠬᠡᠪᠴᠢᠶᠡᠨ ᠳᠤ ᠣᠷᠣᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠥᠭᠵᠢᠭᠦᠯᠬᠦ ᠬᠡᠷᠡᠭᠲᠡᠶ᠃ ᠦᠷ᠎ᠡ ᠶᠢᠨ ᠣᠶᠢᠯᠡᠰ ᠤᠨ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠶᠢ ᠦᠨᠡᠨᠬᠦ ᠴᠢᠩᠭᠠᠳᠬᠠᠵᠤ᠂ ᠲᠣᠰ ᠭᠠᠵᠠᠷ ᠣᠷᠣᠨ ᠤ ᠦᠷ᠎ᠡ ᠶᠢᠨ ᠣᠶᠢᠯᠡᠰ ᠤᠨ ᠬᠥᠭᠵᠢᠯᠲᠡ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠵᠢᠯᠣᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠣᠶᠢᠯ  ᠤᠨ ᠭᠤᠤᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ︵ᠣᠷᠳᠣᠰ ᠬᠤᠲᠠ ᠶᠢᠨ ᠣᠲᠣ ᠦᠶ᠎ᠡ ᠶᠢᠨ ᠦᠷ᠎ᠡ ᠶᠢᠨ ᠣᠶᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶᠃   ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠦᠨ᠎ᠡ᠃ ᠬᠤᠲᠠ᠂ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠲᠤᠰᠬᠠᠶ ᠵᠣᠶᠢᠯ ᠤᠨ ᠪᠠᠯᠠ ᠮᠥᠩᠭᠦ ᠪᠠ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠦᠷ᠎ᠡ  ᠶᠢᠨ ᠣᠶᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠦᠷ᠎ᠡ ᠶᠢᠨ ᠣᠶᠢᠯᠡᠰ ᠤᠨ ᠬᠥᠭᠵᠢᠯᠲᠡ ᠶᠢ ᠣᠲᠣ ᠶᠢᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠶᠢ ᠴᠠᠭ ᠲᠤᠨᠢ ᠪᠣᠳᠣᠯᠬᠢᠯᠠᠵᠤ᠂ ᠨᠡᠶᠢᠭᠡᠮ ᠤᠨ ᠬᠥᠷᠥᠩᠭᠡ ᠶᠢ ᠲᠡᠳᠡᠨ ᠦᠷ᠎ᠡ ᠶᠢᠨ ᠣᠶᠢᠯᠡᠰ  ᠤᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠭᠤᠯᠬᠤ ᠬᠡᠷᠡᠭᠲᠡᠶ᠃ ᠦᠷ᠎ᠡ ᠶᠢᠨ ᠦᠢᠯᠡᠰ ᠢ ᠬᠥᠭᠵᠢᠭᠦᠯᠬᠦ ᠠᠵᠤ ᠦᠢᠯᠡᠰ ᠤᠨ ᠰᠠᠭᠤᠷᠢ ᠮᠥᠩᠭᠦ ᠶᠢ ᠴᠠᠭ ᠲᠤᠨᠢ ᠲᠣᠬᠢᠷᠠᠭᠤᠯᠤᠨ ᠪᠠᠶᠢᠭᠤᠯᠵᠤ᠂ ᠤᠳᠤ ᠦᠶ᠎ᠡ ᠶᠢᠨ ᠦᠷ᠎ᠡ ᠶᠢᠨ ᠦᠢᠯᠡᠰ ᠤᠨ ᠬᠥᠭᠵᠢᠯᠲᠡ ᠳᠤ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ︔ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠲᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠴᠢᠭᠯᠡᠯ ᠳᠤ ᠨᠡᠶᠢᠴᠡᠬᠦ ᠲᠥᠷᠥᠯ ᠵᠣᠶᠢᠯ ᠳᠤ ᠳᠡᠮᠵᠢᠯᠭᠡ ᠦᠵᠡᠭᠦᠯᠬᠦ ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠳ ᠦᠷ᠎ᠡ ᠶᠢᠨ ᠣᠶᠢᠯᠡᠰ  ᠤᠨ ᠲᠠᠯ᠎ᠠ ᠪᠠᠷ ᠬᠢ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠳᠡᠯᠭᠡᠷᠡᠭᠦᠯᠬᠦ᠂ ᠬᠥᠲᠥᠯᠦᠨ ᠵᠢᠯᠣᠭᠤᠳᠬᠤ᠂ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠦᠷ᠎ᠡ ᠶᠢᠨ ᠣᠶᠢᠯᠡᠰ ᠤᠨ ᠰᠢᠨ᠎ᠡ ᠶᠢ ᠡᠭᠦᠳᠬᠦ ᠢᠨᠵᠧᠨᠧᠷᠢᠩ ᠢ ᠭᠤᠤᠯᠳᠠᠯᠭ᠎ᠠ ᠲᠠᠢ ᠳᠡᠮᠵᠢᠵᠦ᠂ ᠦᠷ᠎ᠡ ᠶᠢᠨ ᠣᠶᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠶ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠡᠭᠦᠯᠳᠡᠷ ᠬᠠᠮᠠᠭᠠᠯᠠᠬᠤ ᠲᠠᠯᠠᠪᠠᠶ ᠪᠠ ᠭᠤᠤᠯ ᠪᠣᠯᠬᠤ ᠡᠭᠦᠯᠳᠡᠷ ᠪᠤᠶᠢᠵᠢᠭᠤᠯᠬᠤ ᠲᠠᠯᠠᠪᠠᠶ ᠶᠢᠨ ᠬᠡᠷᠡᠭᠯᠡᠬᠦ ᠭᠠᠵᠠᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠶᠢᠨ ᠨᠠᠷᠢᠨ ᠲᠠᠩᠰᠠ ᠶᠢ ᠡᠮᠬᠢᠯᠡᠨ ᠳᠢᠭᠯᠡᠵᠦ᠂ ᠢᠳᠡᠪᠬᠢᠲᠡᠶ ᠪᠠᠷ ᠬᠠᠮᠵᠢᠯᠴᠠᠨ᠂ ᠪᠥᠬᠦ ᠬᠤᠲᠠ ᠶᠢᠨ ᠦᠷ᠎ᠡ ᠶᠢᠨ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠵᠣᠶᠢᠯ ᠤᠨ ᠬᠠᠷᠠᠯᠲᠠᠲᠤ ᠡᠭᠦᠷᠭᠡ ᠪᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠥᠬᠦ ᠬᠤᠲᠠ ᠶᠢᠨ ᠦᠷ᠎ᠡ ᠶᠢᠨ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠶ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃   ︵ᠭᠤᠷᠪᠠ︶ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ  ᠤᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠦᠨᠡᠯᠡᠬᠦ ᠭᠦᠢᠴᠡᠳᠬᠡᠬᠦ ᠲᠤᠭ᠎ᠠ ᠶᠢᠨ ᠲᠤᠭᠳᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠰᠢᠯᠭᠠᠨ ᠬᠢᠨᠠᠵᠣ ᠵᠠᠷᠯᠠᠬᠤ ᠲᠥᠷᠢᠮ ᠢ ᠪᠠᠶᠢᠭᠤᠯᠤᠨ᠂ ᠬᠤᠰᠢᠭᠤ ᠲᠤᠭᠤᠷᠢᠭ ᠪᠣᠯᠤᠨ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠵᠢᠯ ᠢ ᠠᠬᠢᠭᠤᠯᠤᠭᠰᠠᠨ ᠪᠠᠶᠢᠳᠠᠯ ᠢ ᠰᠢᠯᠭᠠᠨ ᠦᠨᠡᠯᠡᠵᠦ᠂ ᠰᠢᠯᠭᠠᠨ ᠬᠢᠨᠠᠵᠣ ᠦᠨᠡᠯᠡᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠵᠣ᠂ ᠠᠵᠢᠯᠯᠠᠭ᠎ᠠ ᠶᠢᠨ ᠲᠥᠰᠦᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ ︵ᠤᠷᠳᠤᠰ ᠬᠤᠳᠠ ᠶᠢᠨ ᠤᠳᠤ ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠠᠷᠢᠭᠤᠴᠠᠨ᠎ᠠ︶᠃    ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠪᠠᠷ ᠳᠠᠮᠵᠢᠭᠤᠯᠤᠨ᠂ ᠦᠷ᠎ᠡ ᠶᠢᠨ ᠣᠶᠢᠯᠡᠰ ᠤᠨ ᠬᠥᠭᠵᠢᠯᠲᠡ ᠶᠢᠨ ᠪᠠᠶᠢᠳᠠᠯ ᠳᠤ ᠤᠬᠠᠭᠤᠯᠭ᠎ᠠ ᠬᠢᠵᠦ᠂ ᠣᠯᠤᠭᠰᠠᠨ ᠰᠠᠶᠢᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠲᠤᠰᠬᠠᠬᠤ ᠬᠡᠷᠡᠭᠲᠡᠶ᠃ ᠤᠬᠠᠭᠤᠯᠭ᠎ᠠ ᠪᠠᠷ ᠳᠡᠮᠵᠢᠨ᠂ ᠪᠥᠬᠦ ᠬᠤᠲᠠ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠦᠷ᠎ᠡ ᠶᠢᠨ ᠣᠶᠢᠯᠡᠰ ᠢ ᠴᠢᠬᠤᠯᠠᠴᠢᠯᠠᠬᠤ᠂ ᠦᠷ᠎ᠡ ᠶᠢᠨ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠢᠨ᠎ᠡ ᠪᠠᠶᠢᠳᠠᠯ ᠢ ᠪᠣᠶ ᠪᠣᠯᠭᠠᠨ᠎ᠠ ︵ᠣᠷᠳᠣᠰ ᠬᠤᠲᠠ ᠶᠢᠨ ᠣᠲᠣ ᠦᠶ᠎ᠡ ᠶᠢᠨ ᠦᠷ᠎ᠡ ᠶᠢᠨ ᠣᠶᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠠᠷᠢᠭᠤᠴᠠᠨ᠎ᠠ︶᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ