ᠲᠠᠷᠢᠶᠠᠯᠠᠩ ᠤᠨ ᠪᠦᠲᠦᠭᠡᠭᠳᠡᠭᠦᠨ  ᠮᠠᠯ ᠤᠨ ᠠᠰᠢᠭ ᠰᠢᠮ᠎ᠡ ᠶᠢᠨ ᠤᠷᠤᠨ ᠪᠦᠰᠡ ᠶᠢᠨ ᠨᠡᠶᠢᠳᠡ ᠶᠢᠨ ᠬᠡᠷᠡᠭᠯᠡᠬᠡᠨ ᠤ ᠨᠡᠷᠡᠳᠤ ᠲᠡᠮᠳᠡᠭ  ᠤᠨ ᠪᠠᠶᠢᠭᠤᠯᠤᠯᠳᠠ  ᠶᠢᠨ ᠭᠤᠷᠪᠠᠨ ᠵᠢᠯ ︵2021 — 2023 ᠤᠨ︶ ᠤᠨ ᠠᠵᠢᠯᠯᠠᠭᠠᠨ ᠤ ᠲᠦᠰᠦᠯ︾ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ  ᠤᠷᠳᠤᠰ ᠵᠠᠰᠠᠭ ᠠᠯᠪᠠᠨ ᠲᠠᠷᠬᠠᠭᠠᠭᠰᠠᠨ ﹇2021﹈ 48 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2021/12/21
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ  ᠶᠢᠨ ᠭᠤᠷᠪᠠᠨ ᠵᠢᠯ ︵2021 — 2023 ᠣᠨ︶ ᠤᠨ ᠠᠵᠢᠯᠯᠠᠭᠠᠨ ᠤ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                           ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                          2021 ᠣᠨ ᠤ 7 ᠰᠠᠷ᠎ᠠ ᠶᠢᠨ 27 ᠤ ᠡᠳᠦᠷ ᠣᠷᠳᠣᠰ ᠬᠤᠲᠠ ᠶᠢᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠤ ᠲᠡᠮᠳᠡᠭ ᠤᠨ ᠪᠠᠶᠢᠭᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶    ᠨᠡᠷᠡᠲᠦ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ︽︿ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ﹀ ︵2021 — 2023 ᠣᠨ︶ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠳᠣᠰ ᠬᠤᠲᠠ ᠶᠢᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ  ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠡᠭᠦᠳᠦᠨ ᠪᠠᠶᠢᠭᠤᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠨᠡᠮᠡᠭᠳᠡᠭᠦᠯᠵᠣ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃   ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠥᠬᠡᠶ ᠲᠤᠤᠱᠯᠠᠭᠤᠯᠵᠤ᠂ ᠮᠠᠨ ᠤ ᠬᠤᠲᠠ ᠶᠢᠨ ᠥᠪᠡᠷᠮᠢᠴᠡ ᠪᠠᠶᠢᠭᠠᠯᠢ ᠶᠢᠨ ᠭᠠᠵᠠᠷ ᠵᠦᠶ ᠶᠢᠨ ᠡᠬᠢ ᠪᠠᠶᠠᠯᠢᠭ ᠤᠨ ᠳᠠᠪᠠᠭᠤᠯᠢᠭ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠤᠯᠠᠮᠵᠢᠯᠠᠯᠲᠤ ᠲᠠᠷᠢᠶᠠᠯᠠᠬᠤ ᠪᠣᠯᠪᠠᠰᠤᠨ ᠵᠡᠷᠭᠡ ᠲᠡᠤᠬᠡ ᠰᠣᠶᠣᠯ ᠢᠷᠭᠡᠨᠰᠢᠯ ᠤᠨ ᠤᠯᠠᠮᠵᠢᠯᠠᠯ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠣᠲᠣ ᠦᠶ᠎ᠡ ᠶᠢᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠡᠷᠡᠳᠣ ᠲᠡᠮᠳᠡᠭ ᠤᠨ ᠥᠷᠲᠡᠭ ᠤᠨ ᠲᠤᠭᠳᠠᠯᠴᠠᠭ᠎ᠠ ᠶᠢ ᠪᠠᠶᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ  ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ ᠠᠵᠤ ᠣᠶᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠨ᠎ᠡ ᠥᠰᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠬᠤ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃    ᠬᠤᠶᠠᠷ᠂ ᠠᠵᠢᠯ ᠤᠨ ᠬᠠᠷᠠᠯᠲᠠ    ᠨᠣᠯᠤᠤᠷ ᠤᠨ ᠢᠮᠠᠭ᠎ᠠ᠂ ᠨᠠᠷᠢᠨ ᠨᠤᠤᠰᠤᠳᠤ ᠬᠤᠨᠢ᠂ ᠠᠯᠠᠰᠢᠨ ᠬᠤᠨᠢ᠂ ᠠᠯᠠᠰᠢᠨ ᠦᠬᠡᠷ᠂ ᠭᠠᠭ᠋ᠠᠶ᠂ ᠰᠠᠭᠠᠯᠢ ᠶᠢᠨ ᠦᠢᠯᠡᠰ᠂ ᠭᠤᠸᠠ ᠵᠢᠮᠢᠰ ᠢᠳᠡᠰᠢᠨ ᠨᠣᠭᠤᠭ᠎ᠠ᠂ ᠬᠤᠯᠢᠮᠠᠭ ᠠᠮᠤ ᠪᠤᠳᠠᠭ᠎ᠠ᠂ ᠱᠤᠷᠠᠭ ᠵᠠᠮᠠᠭ ᠵᠡᠷᠭᠡ ᠳᠠᠪᠠᠭᠤᠯᠢᠭ ᠢᠶᠠᠷ ᠭᠤᠣᠯᠯᠠᠭᠤᠯᠤᠭᠰᠠᠨ ᠤᠨᠴᠠᠯᠢᠬᠳᠤ ᠠᠵᠤ ᠦᠢᠯᠡᠰ ᠲᠤ ᠲᠦᠰᠢᠭᠯᠡᠨ᠂ ᠬᠤᠳᠠ  ᠶᠢᠨ ᠲᠡᠰ ᠤᠨ ᠤᠯᠡᠠ ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠤ ᠲᠡᠮᠳᠡᠭ ᠢ ᠡᠭᠦᠳᠦᠨ ᠪᠠᠶᠢᠭᠤᠯᠤᠨ᠎ᠠ᠃ ᠡᠯ᠎ᠡ ᠬᠤᠰᠢᠭᠤ ᠲᠣᠭᠤᠷᠢᠭ ᠨᠢ ᠬᠤᠲᠠ ᠶᠢᠨ ᠱᠠᠲᠤᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ  ᠤᠨ ᠬᠠᠮᠤᠷᠤᠭᠰᠠᠨ ᠠᠵᠤ ᠣᠶᠢᠯᠡᠰ ᠵᠢᠴᠢ ᠡᠷᠬᠡ ᠣᠯᠭᠤᠭᠰᠠᠨ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠭᠤᠤᠯᠯᠠᠬᠤ ᠠᠵᠤ ᠣᠶᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠵᠢᠴᠢ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ ᠬᠤᠲᠠ ᠶᠢᠨ ᠱᠠᠲᠤᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠬᠥᠭᠵᠢᠯᠲᠡ ᠶᠢᠨ ᠰᠠᠭᠤᠷᠢ ᠶᠢ ᠪᠠᠳᠤᠳᠬᠠᠨ᠎ᠠ᠃    ᠬᠤᠲᠠ ᠬᠤᠰᠢᠭᠤ ᠬᠤᠶᠠᠷ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ 2023 ᠣᠨ ᠳᠤ ᠮᠠᠨ ᠤ ᠬᠤᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠤᠯᠤᠰ ᠤᠨ ᠳᠣᠲᠣᠭᠠᠳᠤ ᠶᠢᠨ ᠨᠡᠯᠢᠶᠡᠳ ᠠᠯᠳᠠᠷᠰᠢᠯ ᠲᠠᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠪᠣᠯᠭᠠᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ 30% ᠠᠴᠠ ᠳᠡᠭᠡᠭᠰᠢ ᠦᠨ᠎ᠡ ᠥᠰᠬᠡᠬᠦ ᠶᠢ ᠪᠡᠶᠡᠯᠡᠭᠦᠯᠵᠣ᠂ ᠪᠤᠰᠤᠳ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ 10% ᠠᠴᠠ ᠳᠡᠭᠡᠭᠰᠢ ᠦᠨ᠎ᠡ ᠥᠰᠬᠡᠬᠦ ᠶᠢ ᠳᠠᠶᠢᠴᠢᠯᠠᠨ᠎ᠠ᠃ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢ 20% ᠪᠠᠷ ᠨᠡᠮᠡᠭᠳᠡᠭᠦᠯᠵᠦ᠂ ᠪᠣᠬᠢᠷᠲᠤᠯ ᠥᠬᠡᠶ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠵᠢᠯ ᠪᠦᠷᠢ 6% ᠪᠠᠷ ᠨᠡᠮᠡᠭᠳᠡᠭᠦᠯᠵᠣ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ ᠢ 15 ᠬᠤᠪᠢ ᠪᠣᠯᠭᠠᠨ ᠨᠡᠮᠡᠭᠳᠡᠭᠦᠯᠵᠦ᠂ ᠬᠠᠮᠲᠤ ᠶᠢᠨ ᠲᠠᠸᠠᠷ ᠤᠨ ᠲᠡᠮᠳᠡᠭ ᠤᠨ ᠲᠤᠭ᠎ᠠ ᠬᠡᠮᠵᠢᠶ᠎ᠡ ᠶᠢ ᠶᠡᠬᠡᠪᠡᠷ ᠨᠡᠮᠡᠭᠳᠡᠭᠦᠯᠦᠨ᠎ᠡ᠃    ᠭᠤᠷᠪᠠ᠂ ᠦᠨᠳᠦᠰᠦᠨ ᠵᠠᠷᠴᠢᠮ   ︵ᠨᠢᠭᠡ︶ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠤᠨ᠎ᠠ᠃ ᠵᠠᠰᠠᠭ ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠶ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠬᠤᠯᠪᠤᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠤᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ ᠳᠤᠮᠳᠠᠬᠢ ᠨᠢᠭᠡᠳᠦᠯᠲᠡᠶ ᠲᠥᠯᠥᠪᠯᠡᠬᠦ ᠪᠠ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠬᠠᠮᠲᠤᠷᠠᠭᠰᠠᠨ ᠬᠤᠷᠠᠯ᠂ ᠵᠥᠪᠳᠡᠯᠴᠡᠨ ᠠᠬᠢᠭᠤᠯᠬᠤ ᠲᠦᠷᠢᠮ ᠢ ᠪᠠᠶᠢᠭᠤᠯᠵᠤ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ ᠢᠶᠠᠷ ᠭᠤᠤᠯᠯᠠᠭᠤᠯᠤᠭᠰᠠᠨ ᠤᠨᠴᠠᠯᠢᠬᠳᠤ ᠠᠵᠤ ᠣᠶᠢᠯᠡᠰ ᠲᠤ ᠰᠠᠭᠤᠷᠢᠯᠠᠨ᠂ ᠣᠷᠣᠨ ᠪᠦᠰᠡ ᠶᠢᠨ ᠨᠡᠷᠡᠳᠣ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠵᠢᠯᠣᠭᠤᠳᠤᠨ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠴᠢᠩᠭᠠᠳᠬᠠᠨ᠂ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠣ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠪᠤᠶᠢᠵᠢᠭᠤᠯᠤᠨ ᠬᠥᠭᠵᠢᠭᠦᠯᠬᠦ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃   ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠤᠨ᠎ᠠ᠃ ᠠᠵᠤ ᠠᠬᠤᠶ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠣᠳᠣᠬᠠᠨ ᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠯᠡᠭᠡᠨ ᠤ ᠪᠦᠲᠦᠴᠡ᠂ ᠣᠶᠢᠯᠠ ᠠᠵᠢᠯᠯᠠᠭ᠎ᠠ᠂ ᠳᠠᠳᠬᠠᠯ ᠵᠡᠷᠭᠡ ᠶᠢ ᠭᠦᠨᠵᠡᠭᠡᠶ ᠰᠤᠳᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠮᠠᠨ ᠤ ᠬᠤᠲᠠ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠮᠠᠯᠴᠢᠨ ᠲᠠᠷᠢᠶᠠᠴᠢᠨ ᠵᠢᠴᠢ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠪᠣᠷᠣᠯᠠᠭᠤᠯᠭ᠎ᠠ ᠰᠠᠶᠢᠲᠠᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠢ ᠣᠶᠢᠯᠡᠳᠪᠦᠷᠢᠯᠠᠨ ᠪᠣᠯᠪᠠᠰᠤᠷᠠᠭᠤᠯᠵᠤ᠂ ᠬᠡᠷᠡᠭᠯᠡᠭᠡᠨ ᠤ ᠬᠦᠮᠦᠰ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃    ︵ᠭᠤᠷᠪᠠ︶ ᠠᠵᠤ ᠠᠬᠤᠶᠢᠯᠠᠯ ᠢᠶᠠᠷ ᠭᠤᠤᠯ ᠴᠣᠭᠴᠠ ᠪᠤᠯᠭᠠᠨ᠎ᠠ᠃ ᠠᠵᠤ ᠠᠬᠤᠶᠢᠯᠠᠯ ᠪᠣᠯ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠤ ᠲᠡᠮᠳᠡᠭ ᠢ ᠡᠭᠦᠳᠦᠨ ᠪᠠᠶᠢᠭᠤᠯᠬᠤ ᠭᠤᠣᠯ ᠴᠣᠭᠴᠠ ᠶᠢᠨ ᠬᠦᠴᠦᠨ ᠮᠥᠨ᠂ ᠡᠷᠬᠡ ᠣᠯᠭᠤᠬᠤ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠬᠡᠷᠡᠭᠯᠡᠬᠦ ᠶᠢ ᠵᠣᠷᠢᠭᠵᠢᠭᠤᠯᠵᠤ᠂  ᠲᠡᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠪᠤᠯᠪᠠᠰᠤᠷᠠᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠲᠠᠯ᠎ᠠ ᠪᠠᠷ ᠬᠢ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠣᠶᠢᠯᠡᠳᠤᠯ ᠢ ᠪᠠᠳᠠᠷᠠᠭᠤᠯᠵᠤ᠂ ᠪᠠᠷᠢᠮᠵᠢᠶᠠᠵᠢᠭᠤᠯᠤᠨ ᠣᠶᠢᠯᠡᠳᠪᠦᠷᠢᠯᠡᠬᠦ ᠶᠢ ᠬᠡᠷᠡᠭᠵᠢᠭᠦᠯᠦᠨ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠡᠷᠡᠳᠣ ᠲᠡᠮᠳᠡᠭ᠂ ᠪᠦᠲᠦᠭᠡᠭᠳᠡᠬᠦᠨ ᠤ ᠨᠡᠷᠡᠳᠣ ᠲᠡᠮᠳᠡᠭ ᠢ ᠪᠤᠵᠠᠭᠠᠶᠢᠷᠠᠭᠤᠯᠤᠨ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠡᠷᠡᠭᠦᠯ ᠢᠶᠠᠷ ᠬᠥᠭᠵᠢᠬᠦ ᠶᠢ ᠬᠦᠴᠦᠲᠡᠶ ᠲᠤᠯᠭᠠᠭᠤᠷᠢᠯᠠᠨ᠎ᠠ᠃    ︵ᠳᠥᠷᠪᠡ︶ ᠬᠠᠮᠵᠢᠯᠴᠠᠨ ᠬᠠᠮᠲᠤᠪᠠᠷ ᠪᠠᠶᠢᠭᠤᠯᠤᠨ᠎ᠠ᠃ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠤᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠨᠡᠶᠢᠭᠡᠮᠯᠢᠭ ᠠᠴᠠ ᠨᠥᠬᠦᠪᠥᠷᠢᠯᠡᠭᠰᠡᠨ᠂ ᠨᠡᠶᠢᠭᠡᠮ ᠢᠶᠠᠷ ᠢᠶᠠᠨ ᠣᠷᠣᠯᠴᠠᠭᠰᠠᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠨᠢ ᠭᠦᠴᠦᠨᠲᠠᠢ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠠᠵᠢᠯᠯᠠᠭᠠᠨ ᠨᠢ ᠰᠠᠭᠠᠳ ᠦᠬᠡᠢ᠂ ᠬᠠᠮᠲᠤᠪᠠᠷ ᠪᠠᠶᠢᠭᠤᠯᠵᠤ ᠢᠯᠡᠭᠦᠤ ᠠᠰᠢᠭ ᠭᠥᠷᠳᠡᠬᠦ ᠨᠡᠷᠡᠳᠣ ᠲᠡᠮᠳᠡᠭ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠣᠶ ᠪᠣᠯᠭᠠᠨ᠎ᠠ᠃   ᠳᠥᠷᠪᠡ᠂ ᠭᠤᠤᠯᠳᠠᠯᠭ᠎ᠠ ᠲᠠᠢ ᠡᠭᠦᠷᠭᠡ    ︵ᠨᠢᠭᠡ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠪᠠᠷᠢᠮᠵᠢᠶ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠪᠥᠷᠢᠨᠰᠢᠬᠦᠯᠥᠨ᠎ᠡ᠃ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠭᠠᠷᠤᠯᠲᠠ ᠶᠢᠨ ᠣᠷᠣᠨ ᠤ ᠣᠷᠴᠢᠨ ᠠᠬᠤᠶ ᠶᠢ ᠴᠡᠪᠡᠷᠰᠢᠭᠦᠯᠬᠦ᠂ ᠣᠷᠣᠭᠤᠯᠤᠯᠲᠠ ᠶᠢᠨ ᠵᠣᠶᠢᠯ ᠤᠨ ᠬᠡᠮᠵᠢᠶ᠎ᠡ ᠶᠢ ᠪᠠᠭᠠᠰᠬᠠᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠪᠤᠶᠢᠵᠢᠭᠤᠯᠬᠤ ᠲᠠᠢ ᠨᠢᠭᠳᠠ ᠤᠶᠠᠯᠳᠤᠭᠤᠯᠵᠤ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠤᠷᠢᠵᠤ᠂ ᠮᠠᠨ ᠤ ᠬᠤᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠳᠤ ᠴᠢᠭᠯᠡᠭᠦᠯᠦᠨ᠂ ᠳᠠᠷᠢᠵᠤ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ᠂ ᠣᠶᠢᠯᠡᠳᠪᠦᠷᠢᠯᠡᠵᠣ ᠪᠤᠯᠪᠠᠰᠤᠷᠠᠭᠤᠯᠬᠤ᠂ ᠪᠦᠲᠦᠭᠡᠭᠳᠡᠬᠦᠨ ᠤ ᠶᠠᠰᠤ ᠴᠢᠨᠠᠷ᠂ ᠬᠠᠳᠠᠭᠠᠯᠠᠵᠤ ᠲᠡᠭᠡᠭᠡᠪᠦᠷᠢᠯᠡᠬᠦ᠂ ᠪᠣᠭᠤᠳᠠᠯᠯᠠᠬᠤ᠂ ᠡᠵᠡᠩᠨᠡᠨ ᠪᠣᠷᠣᠯᠠᠭᠤᠯᠬᠤ᠂ ᠣᠶᠢᠯᠡᠴᠢᠯᠡᠬᠦ ᠵᠡᠷᠭᠡ ᠶᠢ ᠬᠠᠮᠤᠷᠤᠭᠰᠠᠨ ᠪᠥᠬᠦ ᠠᠵᠤ ᠣᠶᠢᠯᠡᠰ ᠤᠨ ᠬᠡᠯᠬᠢᠶᠡᠨ  ᠤ ᠪᠠᠷᠢᠮᠵᠢᠶ᠎ᠠ ᠶᠢᠨ ᠲᠤᠭᠳᠠᠯᠴᠠᠭ᠎ᠠ ᠶᠢ ᠪᠠᠶᠢᠭᠤᠯᠵᠤ᠂ ᠪᠦᠲᠦᠭᠡᠭᠳᠡᠬᠦᠨ ᠤ ᠪᠠᠷᠢᠮᠵᠢᠶ᠎ᠠ ᠶᠢᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠵᠤ᠂ ᠪᠦᠲᠦᠭᠡᠭᠳᠡᠬᠦᠨ ᠤ ᠤᠨᠴᠠᠯᠢᠭᠳᠤ ᠶᠠᠰᠤ ᠴᠢᠨᠠᠷ ᠰᠢᠮ᠎ᠡ ᠲᠡᠵᠢᠭᠡᠯ ᠤᠨ ᠭᠦᠢᠴᠡᠳᠬᠡᠯ ᠲᠤᠭ᠎ᠠ ᠬᠢᠭᠡᠳ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠤᠯᠪᠣᠭᠳᠠᠯᠳᠤ ᠴᠢᠨᠠᠷᠲᠠᠢ ᠦᠨᠡᠯᠡᠯᠲᠡ ᠶᠢ ᠥᠷᠨᠢᠭᠦᠯᠦᠨ᠎ᠡ᠃ 2023 ᠣᠨ ᠪᠣᠯᠬᠤ ᠳᠤ 11 ᠵᠣᠶᠢᠯ ᠤᠨ ᠲᠠᠷᠢᠶᠠᠯᠠᠩ ᠮᠠᠯ ᠠᠵᠤ ᠠᠬᠤᠶ ᠶᠢᠨ ᠣᠷᠣᠨ ᠨᠤᠲᠤᠭ  ᠤᠨ ᠪᠠᠷᠢᠮᠵᠢᠶ᠎ᠠ ᠶᠢ ᠲᠤᠭᠳᠠᠭᠠᠵᠣ ᠰᠢᠨ᠎ᠡ ᠪᠠᠷ ᠨᠡᠮᠡᠭᠳᠡᠭᠦᠯᠦᠨ᠎ᠡ᠃ ᠪᠥᠬᠦ ᠠᠵᠤ ᠣᠶᠢᠯᠡᠰ ᠤᠨ ᠬᠡᠯᠬᠢᠶᠡᠨ ᠤ ᠪᠠᠷᠢᠮᠵᠢᠶ᠎ᠠ ᠶᠢᠨ ᠬᠤᠷᠠᠮᠠᠯ ᠬᠡᠷᠡᠭᠯᠡᠭᠡᠨ ᠤ ᠰᠠᠭᠤᠷᠢᠨ ᠭᠠᠵᠠᠷ ᠢ ᠪᠣᠶ ᠪᠣᠯᠭᠠᠵᠤ᠂ ᠪᠠᠷᠢᠮᠵᠢᠶ᠎ᠠ ᠶᠢ ᠤᠬᠠᠭᠤᠯᠤᠨ ᠬᠡᠷᠡᠭᠯᠡᠬᠦ ᠶᠢ ᠴᠢᠩᠭᠠᠳᠬᠠᠨ᠂ ᠮᠠᠯᠴᠢᠨ ᠲᠠᠷᠢᠶᠠᠴᠢᠳ ᠤᠨ ᠪᠠᠷᠢᠮᠵᠢᠶ᠎ᠠ ᠶᠣᠰᠣᠭᠠᠷ ᠣᠶᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠷᠢᠮᠵᠢᠶᠠᠵᠢᠭᠤᠯᠤᠨ ᠣᠶᠢᠯᠡᠳᠪᠦᠷᠢᠯᠡᠬᠦ ᠪᠠᠷ ᠳᠠᠮᠵᠢᠭᠤᠯᠤᠨ ᠪᠦᠲᠦᠭᠡᠭᠳᠡᠭᠦᠨ ᠤ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠦᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠶᠠᠰᠤ ᠴᠢᠨᠠᠷ ᠤᠨ ᠰᠠᠭᠤᠷᠢ ᠶᠢ ᠪᠠᠲᠤᠳᠬᠠᠨ᠎ᠠ᠃ ︵ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ  ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠂ ᠲᠤᠤᠷᠠᠬᠢ ᠶᠢ ᠴᠥᠮ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠵᠤ᠂ ᠳᠠᠭᠢᠵᠤ ᠵᠢᠭᠰᠠᠭᠠᠬᠤ ᠥᠬᠡᠶ︶   ︵ᠬᠤᠶᠠᠷ︶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ︽ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ︾ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠣᠤᠷᠵᠢᠭᠤᠯᠤᠭᠰᠠᠨ ᠬᠢᠨᠠᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠣᠶᠤᠨᠴᠢ ᠬᠢᠨᠠᠨ ᠬᠠᠮᠢᠶᠠᠷᠤᠯᠳᠠ ᠶᠢ ᠠᠬᠢᠭᠤᠯᠤᠨ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠨ ᠦᠨᠡᠮᠯᠡᠯ ᠤᠨ ᠲᠦᠷᠢᠮ ᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠲᠤᠭᠳᠠᠯᠴᠠᠭ᠎ᠠ ᠶᠢ ᠬᠡᠷᠡᠭᠵᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭᠳᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠲᠣᠭᠤᠷᠢᠨ ᠳᠤ᠂ ᠪᠥᠬᠦ ᠠᠵᠤ ᠣᠶᠢᠯᠡᠰ ᠤᠨ ᠬᠡᠯᠬᠢᠶ᠎ᠡ ᠶᠢᠨ ︽ᠨᠢᠭᠡ ᠵᠣᠶᠢᠯ ᠤᠨ ᠪᠦᠲᠦᠭᠡᠭᠳᠡᠬᠦᠨ ᠳᠤ ᠨᠢᠭᠡ ᠠᠷᠭ᠎ᠠ︾ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠠᠬᠢᠭᠤᠯᠵᠤ᠂ ᠲᠦᠭᠰᠢᠭᠦᠷᠢ ᠶᠢᠨ ᠳᠠᠯᠳᠠ ᠬᠡᠮ ᠤᠨ ᠴᠡᠭ ᠢ ᠪᠠᠶᠢᠴᠠᠭᠠᠨ ᠳᠣᠲᠣᠯᠠᠵᠤ᠂ ᠬᠠᠮᠢᠶᠠᠷᠤᠨ ᠡᠵᠡᠮᠳᠡᠬᠦ ᠵᠠᠩᠭᠢᠯᠠᠭ᠎ᠠ ᠶᠢᠨ ᠴᠡᠭ ᠢ ᠲᠤᠷᠠᠳᠴᠣ᠂ ︽ᠣᠶᠢᠯᠡᠳᠪᠦᠷᠢᠯᠡᠬᠦ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠪᠥᠬᠦ ᠶᠠᠪᠤᠴᠠ ᠶᠢ ᠬᠠᠮᠢᠶᠠᠷᠤᠨ ᠡᠵᠡᠮᠳᠡᠬᠦ︾ ᠲᠣᠭᠲᠠᠴᠠ ᠶᠢ ᠪᠣᠶ ᠪᠣᠯᠭᠠᠨ᠎ᠠ᠃ ᠨᠡᠷᠡᠳᠣ ᠲᠡᠮᠳᠡᠭᠳᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠪᠠᠲᠤᠯᠠᠵᠤ᠂ ᠣᠷᠳᠣᠰ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠬᠢᠨᠠᠨ ᠲᠣᠭᠲᠠᠭᠠᠬᠤ ᠪᠠᠷᠢᠮᠵᠢᠶ᠎ᠠ ᠪᠠ ᠶᠠᠰᠤ ᠴᠢᠨᠠᠷ ᠤᠨ ᠡᠵᠡᠮᠳᠡᠯ ᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠨᠡᠷᠡᠳᠣ ᠲᠡᠮᠳᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠤᠷᠤᠭᠤᠯᠬᠤ ᠶᠢ ᠵᠦᠪᠰᠢᠶᠡᠷᠡᠬᠦ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠨᠡᠷᠡᠳᠣ ᠲᠡᠮᠳᠡᠭ ᠢᠶᠠᠷ ᠡᠷᠬᠡ ᠣᠯᠭᠤᠭᠰᠠᠨ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠨ ᠬᠡᠮᠵᠢᠯᠳᠡ ᠶᠢ ᠥᠷᠨᠢᠭᠦᠯᠵᠦ᠂ ᠶᠠᠰᠤ ᠴᠢᠨᠠᠷ ᠢ ᠰᠢᠯᠭᠠᠨ ᠦᠨᠡᠯᠡᠬᠦ ᠶᠢ ᠥᠷᠨᠢᠭᠦᠯᠦᠨ᠎ᠡ᠃ ᠭᠠᠷᠤᠯᠲᠠ ᠶᠢᠨ ᠣᠷᠣᠨ ᠠᠴᠠ ᠭᠠᠷᠭᠠᠬᠤ ᠶᠢ ᠵᠥᠪᠰᠢᠶᠡᠷᠡᠬᠦ ᠪᠠ ᠵᠠᠬ᠎ᠠ ᠳᠡᠯᠭᠡᠭᠦᠷ ᠲᠤ ᠤᠷᠤᠭᠤᠯᠬᠤ ᠶᠢ ᠵᠥᠪᠰᠢᠶᠡᠷᠡᠬᠦ ᠲᠣᠭᠲᠠᠴᠠ  ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠬᠠᠤᠯᠢ ᠬᠡᠷᠡᠭᠵᠢᠭᠦᠯᠬᠦ᠂ ᠨᠡᠬᠡᠮᠵᠢᠯᠡᠬᠦ ᠪᠠ ᠢᠲᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ  ᠤᠨ ᠣᠶᠢᠯᠡᠳᠪᠦᠷᠢᠯᠠᠯ ᠡᠵᠡᠩᠨᠡᠯᠲᠡ ᠶᠢᠨ ᠭᠤᠤᠯ ᠴᠣᠭᠴᠠ ᠶᠢᠨ ᠪᠥᠬᠦ ᠣᠷᠣᠨ ᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠬᠦ ᠲᠠᠪᠴᠠᠩ ᠢ ᠬᠡᠷᠡᠭᠯᠡᠬᠦ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭᠳᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠬᠢᠷᠢ ᠲᠦᠪᠰᠢᠨ ᠪᠠ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠭᠦᠯᠦᠨ᠎ᠡ᠃ ︵ᠬᠤᠳᠠ ᠶᠢᠨ ᠲᠠᠷᠢᠶᠠᠯᠠᠩ ᠮᠠᠯ ᠠᠵᠤ ᠠᠬᠤᠢ᠂ ᠬᠤᠳᠠ  ᠶᠢᠨ ᠵᠠᠬ᠎ᠠ ᠲᠡᠯᠬᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠡᠭᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶     ︵ᠭᠤᠷᠪᠠ︶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠡᠭᠦᠳᠬᠦ ᠪᠠ ᠪᠤᠶᠢᠵᠢᠭᠤᠯᠬᠤ ᠶᠢ ᠴᠢᠩᠭᠠᠳᠬᠠᠨ᠎ᠠ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠭᠤᠷᠪᠠᠳᠠᠬᠢ ᠡᠲᠡᠭᠡᠳ ᠤᠨ ᠲᠤᠰᠬᠠᠶ ᠣᠶᠢᠯᠡᠴᠢᠯᠡᠬᠡᠨ ᠤ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠵᠠᠭᠤᠴᠢ ᠪᠠᠶᠢᠭᠤᠯᠤᠮᠵᠢ ᠶᠢ ᠪᠤᠶᠢᠵᠢᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠠᠮᠢᠶᠠᠷᠤᠯᠲᠠ ᠶᠢᠨ ᠵᠠᠭᠪᠤᠷ ᠵᠢᠴᠢ ᠡᠵᠡᠩᠨᠡᠯᠲᠡ ᠶᠢᠨ ᠭᠤᠤᠯ ᠴᠣᠭᠴᠠ  ᠶᠢ ᠲᠣᠭᠲᠠᠭᠠᠨ᠎ᠠ᠃ ︽ᠣᠷᠳᠣᠰ ᠬᠤᠲᠠ ᠶᠢᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠡᠷᠬᠡ ᠣᠯᠭᠤᠨ ᠬᠡᠷᠡᠭᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠡᠷᠬᠡ ᠣᠯᠭᠤᠨ ᠬᠡᠷᠡᠭᠯᠡᠭᠦᠯᠦᠭᠰᠡᠨ ᠨᠡᠷᠡᠳᠣ ᠲᠡᠮᠳᠡᠭᠳᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠣ᠂ ᠵᠠᠬ᠎ᠠ ᠳᠡᠯᠭᠡᠭᠦᠷ ᠲᠤ ᠤᠷᠤᠭᠤᠯᠬᠤ ᠶᠢ ᠵᠦᠪᠰᠢᠶᠡᠷᠡᠬᠦ ᠪᠠ ᠪᠤᠴᠠᠭᠠᠨ ᠭᠠᠷᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠡᠷᠡᠳᠣ ᠲᠡᠮᠳᠡᠭ ᠤᠨ ᠬᠢᠨᠠᠨ ᠬᠠᠮᠢᠶᠠᠷᠤᠯᠳᠠ ᠪᠠ ᠡᠷᠬᠡ ᠣᠯᠭᠤᠬᠤ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯ ᠬᠠᠭᠤᠷᠮᠠᠭ᠂ ᠡᠷᠬᠡ ᠳᠤ ᠬᠠᠯᠳᠠᠭᠰᠠᠨ ᠣᠶᠢᠯᠠ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠤᠭᠰᠠᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠢᠯᠣᠭᠤᠳᠤᠭᠰᠠᠨ᠂ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ᠂ ᠡᠷᠳᠡᠮ ᠰᠢᠨᠵᠢᠯᠡᠬᠡᠨ ᠤ ᠳᠡᠭᠡᠳᠦ ᠰᠤᠷᠭᠠᠭᠤᠯᠢ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠣᠶᠢᠯᠡᠳᠪᠦᠷᠢᠯᠠᠯ ᠡᠵᠡᠩᠨᠡᠯᠲᠡ ᠶᠢᠨ ᠭᠤᠤᠯ ᠴᠣᠭᠴᠠ ᠨᠤᠭᠤᠳ ᠬᠠᠮᠲᠤᠪᠠᠷ ᠣᠷᠣᠯᠴᠠᠭᠰᠠᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠦᠨᠡᠮᠰᠢᠬᠦ ᠪᠠ ᠦᠨᠡᠯᠡᠨ ᠵᠢᠱᠢᠬᠦ ᠲᠣᠭᠲᠠᠴᠠ ᠶᠢ ᠪᠣᠶ ᠪᠣᠯᠭᠠᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠣᠶᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠳᠥᠷᠪᠡ︶ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠶᠢᠯᠡᠳᠪᠦᠷᠢᠯᠠᠯ ᠢ ᠶᠡᠬᠡᠪᠡᠷ ᠠᠬᠢᠭᠤᠯᠤᠨ᠎ᠠ᠃ ᠪᠥᠬᠦ ᠬᠤᠲᠠ ᠶᠢᠨ ᠳᠠᠪᠠᠭᠤᠯᠢᠭ ᠤᠨᠴᠠᠯᠢᠭᠳᠤ ᠭᠤᠤᠯᠯᠠᠬᠤ ᠠᠵᠤ ᠣᠶᠢᠯᠡᠰ ᠲᠤ ᠲᠦᠰᠢᠭᠯᠡᠨ᠂ ᠪᠠᠷᠢᠮᠵᠢᠶ᠎ᠠ ᠶᠣᠰᠣᠭᠠᠷ ᠣᠶᠢᠯᠡᠳᠪᠦᠷᠢᠯᠡᠬᠦ᠂ ᠪᠥᠬᠦ ᠶᠠᠪᠤᠴᠠ ᠶᠢ ᠬᠠᠮᠢᠶᠠᠷᠤᠨ ᠡᠵᠡᠮᠳᠡᠬᠦ᠂ ᠪᠦᠲᠦᠭᠡᠭᠳᠡᠬᠦᠨ ᠨᠢ ᠴᠢᠨᠠᠷ ᠰᠠᠶᠢᠲᠠᠶ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠶᠢᠯᠡᠳᠪᠦᠷᠢᠯᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠨᠢᠭᠡ ᠪᠦᠯᠦᠭ ᠨᠥᠯᠥᠭᠡᠯᠡᠬᠦ ᠬᠦᠴᠦᠨ ᠲᠠᠢ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠪᠤᠶᠢᠵᠢᠭᠤᠯᠵᠤ᠂ ︽ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰᠵᠢᠯᠳᠠ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠳᠤ ᠳᠠᠬᠢᠨ ᠵᠠᠰᠠᠪᠤᠷᠢ ᠣᠷᠣᠭᠤᠯᠵᠤ᠂ 2023 ᠣᠨ ᠪᠣᠯᠬᠤ ᠳᠤ᠂ ᠬᠤᠲᠠ ᠶᠢᠨ ᠱᠠᠲᠤᠨ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ 350 ᠡᠷᠦᠬᠡ ᠠᠴᠠ ᠳᠡᠭᠡᠭᠰᠢ ᠳᠤ ᠬᠦᠷᠬᠡᠵᠣ᠂ ᠬᠤᠯᠪᠣᠭᠠᠲᠤ ᠴᠣᠭᠴᠠ ᠶᠢᠨ ᠲᠤᠭ᠎ᠠ ᠬᠡᠮᠵᠢᠶ᠎ᠡ ᠶᠢ 65 ᠡᠷᠦᠬᠡ ᠳᠤ ᠬᠦᠷᠬᠡᠨ᠎ᠡ᠃ ︽ᠨᠠᠮ ᠤᠨ ᠡᠭᠦᠷ + ᠬᠥᠲᠥᠴᠢ ᠠᠵᠤ ᠠᠬᠤᠶᠢᠯᠠᠯ + ᠬᠤᠷᠰᠢᠶ᠎ᠠ + ᠬᠤᠷᠰᠢᠭᠰᠠᠨ ᠵᠣᠬᠢᠶᠠᠨ ᠪᠠᠶᠢᠭᠤᠯᠤᠯᠲᠠ + ᠮᠠᠯᠵᠢᠬᠤ ᠲᠠᠷᠢᠶᠠᠯᠠᠬᠤ ᠡᠷᠦᠬᠡ︾ ᠪᠠᠷ ᠭᠤᠤᠯ ᠪᠣᠯᠭᠠᠭᠰᠠᠨ ᠠᠵᠤ ᠣᠶᠢᠯᠡᠰ ᠤᠨ ᠬᠥᠭᠵᠢᠯᠲᠡ ᠶᠢᠨ ᠵᠠᠭᠪᠤᠷ ᠢ ᠶᠡᠬᠡᠪᠡᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠠᠵᠤ ᠣᠶᠢᠯᠡᠰ ᠤᠨ ᠬᠥᠭᠵᠢᠯᠲᠡ ᠳᠤ ᠭᠦᠨᠵᠡᠭᠡᠶ ᠣᠷᠣᠯᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠡᠯ᠎ᠡ ᠲᠥᠷᠥᠯ ᠤᠨ ᠭᠤᠤᠯ ᠴᠣᠭᠴᠠ ᠶᠢᠨ ᠪᠣᠬᠢᠷᠲᠤᠯ ᠥᠬᠡᠶ᠂ ᠣᠷᠭᠠᠨᠢᠭ᠂ ᠨᠡᠷᠡᠲᠠᠢ ᠤᠨᠴᠠᠭᠠᠢ ᠰᠢᠯᠢᠳᠡᠭ ᠰᠢᠨ᠎ᠡ ᠵᠡᠷᠭᠡ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ  ᠶᠢᠨ ᠭᠡᠷᠡᠴᠢᠯᠡᠭᠡ ᠬᠢᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃ ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠢ ᠶᠢᠨ ᠪᠡᠯᠭᠡ ᠳᠡᠮᠳᠡᠭ ᠢᠶᠠᠷ ᠬᠡᠷᠡᠴᠢᠯᠡᠭᠰᠡᠨ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢ ᠢᠳᠡᠪᠬᠢᠲᠡᠶ ᠵᠢᠯᠣᠭᠤᠳᠴᠤ᠂ ᠭᠠᠵᠠᠷ ᠵᠦᠢ ᠶᠢᠨ ᠪᠡᠯᠭᠡ ᠲᠡᠮᠳᠡᠭᠳᠤ ᠲᠠᠷᠢᠶᠠᠯᠠᠩ ᠤᠨ ᠪᠦᠲᠦᠭᠡᠭᠳᠡᠬᠦᠨ ᠢ ᠲᠠᠩᠰᠠᠯᠠᠨ ᠬᠠᠮᠠᠭᠠᠯᠠᠬᠤ ᠶᠢ ᠭᠤᠶᠤᠴᠢᠯᠠᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶   ︵ᠲᠠᠪᠤ︶ ᠨᠡᠷᠡᠳᠣ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠎ᠠ᠃ ᠭᠤᠤᠯ ᠵᠠᠭᠤᠴᠢᠯᠠᠭᠤᠷ ᠤᠨ ᠬᠦᠴᠦᠨ ᠢ ᠠᠰᠢᠭᠯᠠᠨ᠂ ᠤᠯᠤᠰ ᠤᠨ ᠳᠣᠲᠣᠭᠠᠳᠤ ᠶᠢᠨ ᠭᠤᠤᠯᠳᠠᠯᠭ᠎ᠠ ᠲᠠᠢ ᠵᠠᠬ᠎ᠠ ᠳᠡᠯᠭᠡᠭᠦᠷ ᠲᠤ ᠬᠠᠷᠠᠯᠳᠠᠳᠤ ᠬᠥᠮᠦᠰ ᠢ ᠲᠤᠭᠳᠠᠭᠠᠵᠣ᠂ ᠣᠷᠳᠣᠰ ᠤᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠤᠬᠠᠭᠤᠯᠵᠤ᠂ ᠨᠠᠷᠠᠲᠤ ᠲᠡᠮᠳᠡᠭ ᠤᠨ ᠥᠯᠢᠭᠡᠷ ᠢ ᠰᠠᠶᠢᠲᠤᠷ ᠶᠠᠷᠢᠨ᠎ᠠ᠃ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠷᠡᠳᠣ ᠲᠡᠮᠳᠡᠭᠳᠤ ᠡᠵᠡᠩᠨᠡᠯᠲᠡ ᠶᠢᠨ ᠭᠤᠤᠯ ᠴᠣᠭᠴᠠ ᠶᠢ ᠵᠢᠯᠣᠭᠤᠳᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠡᠵᠡᠩᠨᠡᠨ ᠪᠣᠷᠣᠯᠠᠭᠤᠯᠬᠤ ᠲᠤᠭᠳᠠᠯᠴᠠᠭ᠎ᠠ ᠶᠢ ᠪᠠᠶᠢᠭᠤᠯᠵᠤ᠂ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠲᠥᠪ᠂ ᠬᠤᠯᠪᠣᠯᠳᠤᠭᠰᠠᠨ ᠳᠡᠯᠭᠡᠭᠦᠷ᠂ ᠭᠤᠤᠯ ᠪᠣᠯᠬᠤ ᠬᠡᠲᠦ ᠳᠡᠯᠭᠡᠭᠦᠷ᠂ ᠡᠯᠧᠺᠲᠷᠣᠨ ᠬᠤᠳᠠᠯᠳᠤᠭᠠᠨ ᠤ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠡᠵᠡᠩᠨᠡᠨ ᠪᠣᠷᠣᠯᠠᠭᠤᠯᠬᠤ ᠰᠦᠯᠵᠢᠶ᠎ᠡ ᠶᠢ ᠪᠠᠶᠢᠭᠤᠯᠤᠨ᠎ᠠ᠃ ᠲᠠᠷᠢᠶᠠᠯᠠᠩ ᠤᠨ ᠦᠵᠡᠭᠦᠯᠦᠯᠭᠡ ᠶᠢᠨ ᠴᠤᠭᠯᠠᠭᠠᠨ᠂ ᠨᠡᠷᠡᠳᠣ ᠲᠡᠮᠳᠡᠭ ᠢ ᠲᠠᠨᠢᠯᠴᠠᠭᠤᠯᠬᠤ ᠴᠤᠭᠯᠠᠭᠠᠨ᠂ ᠣᠶᠢᠯᠡᠳᠪᠦᠷᠢᠯᠠᠯ ᠪᠣᠷᠣᠯᠠᠭᠤᠯᠭ᠎ᠠ ᠶᠢ ᠵᠣᠯᠭᠠᠭᠤᠯᠬᠤ ᠴᠤᠭᠯᠠᠭᠠᠨ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠡᠯᠪᠡᠭ ᠪᠠᠶᠠᠯᠢᠭ ᠪᠥᠬᠦᠶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ᠮᠠᠯ  ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃ ︵ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶   ︵ᠵᠢᠷᠭᠤᠭ᠎ᠠ︶ ᠨᠡᠷᠡᠳᠣ ᠲᠡᠮᠳᠡᠭ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠎ᠠ᠃ ᠠᠵᠤ ᠦᠢᠯᠡᠰ ᠵᠢᠴᠢ ᠲᠡᠦᠬᠡ ᠰᠣᠶᠣᠯ ᠤᠨ ᠤᠯᠠᠮᠵᠢᠯᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠳᠠᠭᠠᠤ ᠶᠢᠨ ᠤᠯᠠᠮᠵᠢᠯᠠᠯᠲᠤ ᠲᠠᠷᠢᠶᠠᠯᠠᠬᠤ ᠰᠣᠶᠣᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠬᠢᠭᠡᠳ ᠪᠣᠳᠠᠰ ᠤᠨ ᠪᠤᠰᠤ ᠰᠣᠶᠣᠯ ᠤᠨ ᠥᠪ᠂ ᠨᠤᠲᠤᠭ ᠤᠨ ᠵᠠᠩ ᠵᠠᠩᠰᠢᠯ ᠠᠷᠠᠳ ᠤᠨ ᠵᠠᠩ ᠣᠶᠢᠯᠠ᠂ ᠠᠷᠠᠳ ᠤᠨ ᠤᠷᠠᠨ ᠮᠡᠷᠭᠡᠰᠢᠯ᠂ ᠨᠤᠲᠤᠭ ᠤᠰᠤᠨ ᠤ ᠵᠠᠩ ᠠᠭᠠᠯᠢ᠂ ᠢᠳᠡᠭᠡᠨ ᠤᠮᠳᠠᠭᠠᠨ ᠤ ᠰᠣᠶᠣᠯ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠶᠢᠨ ᠭᠦᠨᠵᠡᠭᠡᠶ  ᠠᠭᠤᠰᠤᠯᠴᠠᠯ ᠢ ᠠᠬᠢᠭᠤᠯᠵᠤ᠂ ᠬᠠᠭᠤᠴᠢᠨ ᠨᠠᠷᠠᠲᠤ ᠲᠡᠮᠳᠡᠭ᠂ ᠬᠠᠭᠤᠴᠢᠨ ᠤᠷᠠᠯᠠᠯ᠂ ᠬᠠᠭᠤᠴᠢᠨ ᠲᠦᠷᠦᠯ ᠵᠣᠶᠢᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠂ ᠢᠯᠡ ᠲᠣᠳᠣ ᠭᠠᠵᠠᠷ ᠣᠷᠣᠨ ᠤ ᠣᠨᠴᠠᠯᠢᠭ ᠪᠠ ᠥᠪᠡᠷᠮᠢᠴᠡ ᠰᠣᠶᠣᠯ ᠤᠨ ᠠᠭᠤᠯᠤᠭᠳᠠᠬᠤᠨ ᠲᠠᠢ ᠣᠷᠳᠣᠰ ᠤᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠪᠤᠶᠢᠵᠢᠭᠤᠯᠤᠨ᠎ᠠ᠃ ︽ᠲᠠᠸᠠᠷ ᠤᠨ ᠲᠡᠮᠳᠡᠭ + ᠵᠣᠬᠢᠶᠠᠯ ᠪᠦᠲᠦᠭᠡᠯ ᠤᠨ ᠡᠷᠬᠡ︾ ᠶᠢ ᠬᠠᠮᠠᠭᠠᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠤᠰ ᠬᠠᠮᠠᠭᠠᠯᠠᠯᠲᠠ ᠶᠢᠨ ᠳᠡᠩᠰᠡᠯᠡᠯᠲᠡ ᠶᠢ ᠪᠡᠶᠡᠯᠡᠭᠦᠯᠵᠦ᠂ ᠴᠡᠭ ᠠᠴᠠ ᠪᠥᠬᠦ ᠲᠠᠯ᠎ᠠ ᠳᠤ ᠬᠦᠷᠲᠡᠯ᠎ᠡ ᠨᠡᠷᠡᠳᠣ ᠲᠡᠮᠳᠡᠭ ᠢ ᠪᠥᠬᠦ ᠲᠠᠯ᠎ᠠ ᠪᠠᠷ ᠬᠠᠮᠠᠭᠠᠯᠠᠬᠤ ᠶᠢ ᠪᠡᠶᠡᠯᠡᠭᠦᠯᠦᠨ᠎ᠡ ᠃ ︵ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ  ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠳᠣᠯᠤᠭ᠎ᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠨᠡᠷᠡᠳᠣ ᠲᠡᠮᠳᠡᠭ ᠤᠨ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢᠶᠠᠷ ᠭᠠᠷᠳᠠᠴᠠ ᠪᠣᠯᠭᠠᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ︽ᠴᠢᠳᠠᠪᠤᠷᠢᠲᠠᠨ ᠢ ᠲᠠᠲᠠᠬᠤ︾ ᠪᠠ ︽ᠴᠢᠳᠠᠪᠤᠷᠢᠲᠠᠨ ᠢ ᠬᠥᠮᠦᠵᠢᠭᠦᠯᠬᠦ︾ ᠶᠢ ᠵᠡᠷᠭᠡᠪᠡᠷ ᠠᠳᠬᠤᠬᠤ ᠶᠢ ᠠᠬᠢᠭᠤᠯᠤᠨ᠎ᠠ᠃ ᠨᠢᠭᠡ ᠲᠠᠯ᠎ᠠ ᠪᠠᠷ ︽ᠣᠷᠣᠭᠤᠯᠤᠨ ᠠᠪᠴᠢᠷᠠᠵᠤ︾᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠷᠡᠳᠣ ᠲᠡᠮᠳᠡᠭ ᠢ ᠤᠬᠠᠭᠠᠯᠠᠨ ᠡᠵᠡᠩᠨᠡᠬᠦ ᠵᠡᠷᠭᠡ ᠪᠠᠶᠢᠭᠤᠯᠤᠮᠵᠢ ᠶᠢᠨ ᠨᠠᠷᠠᠲᠤ ᠲᠤᠰᠬᠠᠶ ᠮᠡᠷᠭᠡᠵᠢᠯᠲᠡᠨ ᠢ ᠤᠷᠢᠵᠤ ᠠᠰᠠᠭᠤᠨ ᠯᠠᠪᠯᠠᠬᠤ ᠪᠦᠯᠬᠦᠮ ᠢ ᠪᠦᠷᠢᠯᠳᠦᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠳᠤ ᠴᠢᠳᠠᠪᠤᠷᠢᠲᠠᠨ ᠵᠢᠴᠢ ᠣᠶᠤᠨ ᠤ ᠳᠡᠮᠵᠢᠯᠭᠡ ᠬᠠᠩᠭᠠᠨ᠎ᠠ︔ ᠨᠥᠭᠦᠭᠡ ᠲᠠᠯ᠎ᠠ ᠪᠠᠷ ︽ᠭᠠᠳᠠᠭᠰᠢ ᠭᠠᠷᠴᠤ︾᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠨ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯᠲᠠᠨ ᠤ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠨᠣᠯ ᠤᠨ ᠴᠢᠳᠠᠪᠤᠷᠢ ᠪᠠ ᠣᠶᠢᠯᠡᠳᠦᠯᠬᠡ ᠶᠢᠨ ᠲᠤᠷᠰᠢᠯᠭ᠎ᠠ ᠶᠢ ᠬᠤᠤᠰᠯᠠᠭᠤᠯᠤᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ  ᠶᠢᠨ ᠣᠶᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠬᠠᠷᠢᠭᠤᠴᠠᠨ᠎ᠠ︶     ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠠᠵᠢᠯ ᠡᠬᠢᠯᠡᠭᠦᠯᠬᠦ ᠱᠠᠲᠤ ᠦᠶ᠎ᠡ ︵2021 ᠣᠨ ᠤ 6 ᠰᠠᠷ᠎ᠠ — 7 ᠳ᠋ᠤᠭᠠᠷ ᠰᠠᠷ᠎ᠠ︶᠃ ᠵᠣᠬᠢᠶᠠᠨ ᠪᠠᠶᠢᠭᠤᠯᠤᠨ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠠᠵᠢᠯ ᠤᠨ ᠲᠥᠰᠦᠯ ᠲᠤᠭᠳᠠᠭᠠᠵᠣ᠂ ᠡᠯ᠎ᠡ ᠨᠢᠭᠡᠴᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠴᠢ ᠠᠵᠢᠯ ᠤᠨ ᠭᠤᠤᠯᠳᠠᠯᠭ᠎ᠠ ᠶᠢ ᠲᠤᠳᠤᠷᠬᠠᠶᠢᠯᠠᠨ᠎ᠠ᠃ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠨᠡᠷᠡᠳᠣ ᠲᠡᠮᠳᠡᠭ ᠤᠨ ᠠᠵᠢᠯᠯᠠᠭᠠᠨ ᠤ ᠲᠤᠷᠰᠢᠯᠭ᠎ᠠ ᠪᠠᠷ ᠲᠣᠯᠢ ᠪᠣᠯᠭᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠨᠡᠷᠡᠳᠣ ᠲᠡᠮᠳᠡᠭ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ᠎ᠠ᠃ ᠤᠯᠤᠰ ᠤᠨ ᠳᠣᠲᠣᠭᠠᠳᠤ ᠶᠢᠨ ᠨᠡᠷᠡᠳᠣ ᠲᠡᠮᠳᠡᠭ ᠢ ᠲᠥᠰᠦᠪᠯᠡᠬᠦ ᠺᠣᠮᠫᠠᠨᠢ ᠶᠢ ᠤᠷᠢᠵᠤ ᠬᠤᠲᠠ ᠶᠢᠨ ᠱᠠᠲᠤᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠨᠡᠷᠡᠳᠣ ᠲᠡᠮᠳᠡᠭ ᠤᠨ ᠬᠦᠭᠵᠢᠯᠳᠡ ᠶᠢᠨ ᠲᠦᠯᠦᠪᠵᠢᠭᠦᠯᠬᠡ ᠶᠢ ᠲᠤᠭᠳᠠᠭᠠᠨ᠎ᠠ᠃ ᠡᠭᠦᠷᠭᠡ ᠶᠢᠨ ᠨᠠᠷᠢᠨ ᠲᠠᠩᠰᠠ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠳᠤ ᠡᠮᠦᠨᠡᠬᠢ ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃   ︵ᠬᠤᠶᠠᠷ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2021 ᠣᠨ ᠤ 8 ᠰᠠᠷ᠎ᠠ — 2023 ᠣᠨ ᠤ 10 ᠰᠠᠷ᠎ᠠ︶᠃ ᠨᠡᠷᠡᠳᠣ ᠲᠡᠮᠳᠡᠭ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠵᠢᠯ ᠤᠨ ᠲᠥᠰᠦᠯ ᠶᠣᠰᠣᠭᠠᠷ᠂ ᠣᠨ ᠬᠤᠪᠢᠶᠠᠨ ᠬᠡᠷᠡᠭᠵᠢᠭᠦᠯᠬᠦ ᠲᠥᠰᠦᠯ ᠲᠣᠭᠲᠠᠭᠠᠵᠤ᠂ ᠣᠶᠢᠯᠡᠳᠪᠦᠷᠢᠯᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠶᠠᠰᠤ ᠴᠢᠨᠠᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ᠂ ᠣᠶᠢᠯᠡᠳᠪᠦᠷᠢᠯᠠᠯ ᠤᠨ ᠪᠠᠷᠢᠮᠵᠢᠶ᠎ᠠ ᠶᠢ ᠲᠣᠭᠲᠠᠭᠠᠬᠤ᠂ ᠪᠦᠲᠦᠭᠡᠭᠳᠡᠭᠦᠨ ᠢ ᠪᠠᠶᠢᠴᠠᠭᠠᠨ ᠰᠢᠯᠭᠠᠬᠤ ᠪᠠ ᠭᠡᠷᠡᠴᠢᠯᠡᠬᠦ᠂ ᠡᠷᠬᠡ ᠣᠯᠭᠤᠨ ᠬᠠᠮᠢᠶᠠᠷᠬᠤ᠂ ᠨᠡᠷᠡᠳᠣ ᠲᠡᠮᠳᠡᠭ ᠢ ᠬᠠᠮᠠᠭᠠᠯᠠᠬᠤ᠂ ᠨᠡᠷᠡᠳᠣ ᠲᠡᠮᠳᠡᠭ ᠢ ᠤᠬᠠᠭᠤᠯᠵᠤ ᠡᠵᠡᠩᠨᠡᠨ ᠪᠣᠷᠣᠯᠠᠭᠤᠯᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠳᠣᠪᠤᠶᠢᠯᠭᠠᠨ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠱᠠᠲᠤ ᠲᠡᠰ ᠬᠤᠪᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃   ︵ᠭᠤᠷᠪᠠ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2023 ᠣᠨ ᠤ 11 ᠰᠠᠷ᠎ᠠ — 12 ᠰᠠᠷ᠎ᠠ︶᠃ ᠥᠪᠡᠷᠲᠡᠭᠡᠨ ᠵᠠᠰᠠᠬᠤ ᠣᠷᠣᠨ ᠤ ᠨᠡᠷᠡᠳᠣ ᠲᠡᠮᠳᠡᠭ ᠢ ᠠᠬᠢᠭᠤᠯᠬᠤ ᠬᠤᠷᠠᠯ ᠵᠢᠴᠢ ᠤᠯᠤᠰ ᠤᠨ ᠳᠣᠲᠣᠭᠠᠳᠤ ᠶᠢᠨ ᠨᠡᠷᠡᠳᠣ ᠲᠡᠮᠳᠡᠭ ᠢ ᠲᠥᠰᠦᠪᠯᠡᠬᠦ ᠵᠡᠷᠭᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠲᠠᠢ ᠠᠵᠢᠯᠯᠠᠬᠤ ᠳᠤᠭᠤᠶᠢᠯᠠᠩ ᠪᠠᠶᠢᠭᠤᠯᠵᠤ᠂ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠲᠠᠢ ᠬᠠᠷᠢᠴᠠᠭᠤᠯᠵᠤ᠂ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ ᠠᠬᠤᠶ᠂ ᠠᠮᠢ ᠠᠬᠤᠶ᠂ ᠨᠡᠶᠢᠭᠡᠮ ᠤᠨ ᠦᠷ᠎ᠡ ᠠᠰᠢᠭ ᠵᠡᠷᠭᠡ ᠡᠯ᠎ᠡ ᠲᠠᠯ᠎ᠠ ᠠᠴᠠ ᠪᠥᠬᠦ ᠬᠤᠲᠠ ᠶᠢᠨ ᠲᠠᠷᠢᠶᠠᠯᠠᠩ  ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠨ ᠦᠨᠡᠯᠡᠵᠦ᠂ ᠲᠤᠷᠰᠢᠯᠭ᠎ᠠ ᠪᠠᠨ ᠳ᠋ᠦᠩᠨᠡᠨ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠳᠣᠲᠣᠭᠠᠳᠤ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠶᠢ ᠠᠮᠢ ᠠᠬᠤᠶ  ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠣᠰ ᠰᠠᠯᠠᠭ᠎ᠠ ᠮᠥᠴᠢᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠣᠷᠣᠭᠤᠯᠤᠨ ᠲᠥᠯᠥᠪᠵᠢᠭᠦᠯᠦᠨ ᠪᠠᠶᠢᠷᠢᠯᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠣᠨ ᠬᠤᠪᠢᠶᠠᠨ ᠲᠥᠯᠥᠪᠯᠡᠭᠡ ᠶᠣᠰᠣᠭᠠᠷ᠂ ᠠᠯᠬᠤᠮ ᠳᠠᠷᠠᠭ᠎ᠠ ᠲᠠᠢ ᠪᠠᠷ ᠪᠤᠶᠢᠵᠢᠭᠤᠯᠤᠨ ᠬᠦᠭᠵᠢᠭᠦᠯᠦᠨ᠎ᠡ᠃    ︵ᠬᠤᠶᠠᠷ︶ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠬᠢᠭᠡᠳ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠬᠡᠬᠡᠨ ᠵᠡᠷᠭᠡ ᠠᠵᠤ ᠣᠶᠢᠯᠡᠰ ᠤᠨ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠭᠦᠴᠦᠨ ᠢ ᠪᠦᠷᠢᠯᠳᠦᠭᠦᠯᠦᠨ᠎ᠡ᠃ ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢ ᠳᠡᠮᠵᠢᠵᠦ᠂ ᠪᠠᠯᠠ ᠣᠷᠣᠭᠤᠯᠵᠤ ᠪᠠᠯᠠ ᠳᠣᠭᠢᠷᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠠᠯᠠ ᠮᠥᠩᠭᠦ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠨ ᠂ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠳᠠ ᠪᠤᠳᠠᠳᠤ ᠠᠮᠵᠢᠯᠳᠠ ᠪᠦᠲᠦᠮᠵᠢ ᠤᠯᠬᠤ ᠶᠢ ᠪᠠᠳᠤᠯᠠᠨ᠎ᠠ᠃   ︵ᠭᠤᠷᠪᠠ︶ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠤᠲᠠ ᠶᠢᠨ ᠡᠳ᠋ ᠤᠨ ᠵᠠᠰᠠᠭ ᠨᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢᠨ ᠪᠠᠯᠠ ᠮᠥᠩᠭᠦ ᠶᠢ ᠲᠥᠰᠦᠪ ᠲᠤ ᠣᠷᠣᠭᠤᠯᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠵᠢᠯᠴᠠᠨ ᠪᠤᠰᠤᠳ ᠬᠠᠮᠢᠶ᠎ᠠ ᠪᠥᠬᠦᠶ ᠪᠠᠶᠢᠭᠤᠯᠤᠯᠲᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠬᠦᠴᠦ ᠪᠠᠨ ᠲᠥᠪᠯᠡᠷᠡᠭᠦᠯᠦᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ ᠭᠤᠭᠴᠤᠭ᠎ᠠ  ᠶᠢ ᠳᠡᠮᠵᠢᠵᠦ᠂ ᠣᠯᠠᠨ ᠵᠣᠶᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠳᠡ ᠶᠢᠨ ᠬᠡᠷᠡᠭᠯᠡᠬᠡᠨ ᠤ ᠨᠡᠷᠡᠳᠤ ᠲᠡᠮᠳᠡᠭ ᠢ ᠲᠡᠮᠵᠢᠬᠦ ᠭᠦᠴᠦᠯᠡᠴᠡ ᠶᠢ ᠨᠡᠮᠡᠭᠳᠡᠭᠦᠯᠦᠨ᠎ᠡ᠃    ︵ᠳᠥᠷᠪᠡ︶ ᠣᠯᠠᠨ ᠨᠡᠶᠢᠲᠡ ᠶᠢᠨ ᠣᠶᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ᠂ ᠬᠤᠷᠰᠢᠭᠰᠠᠨ ᠵᠣᠬᠢᠶᠠᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠶᠢᠯᠡᠴᠢᠯᠡᠬᠡᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠵᠡᠷᠭᠡ ᠲᠠᠯ᠎ᠠ ᠪᠠᠷ ᠣᠶᠢᠯᠡᠴᠢᠯᠡᠬᠡᠨ ᠤ ᠬᠢᠷᠢ ᠲᠦᠪᠰᠢᠨ ᠪᠠᠨ ᠪᠥᠬᠦ ᠲᠠᠯ᠎ᠠ ᠪᠠᠷ ᠰᠠᠶᠢᠵᠢᠷᠠᠭᠤᠯᠤᠨ ᠳᠡᠭᠡᠭᠰᠢᠯᠡᠭᠦᠯᠵᠦ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠣ᠂ ᠠᠵᠤ ᠠᠬᠤᠶᠢᠯᠠᠯ ᠤᠨ ᠦᠰᠦᠨ ᠪᠤᠶᠢᠵᠢᠯᠲᠠ ᠶᠢ  ᠪᠠᠳᠤᠯᠠᠨ᠎ᠠ᠃ ᠡᠯ᠎ᠡ ᠲᠥᠷᠥᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠨᠡᠷᠡᠳᠣ ᠲᠡᠮᠳᠡᠭ ᠢ ᠲᠥᠰᠦᠪᠯᠡᠬᠦ ᠪᠠᠶᠢᠭᠤᠯᠤᠮᠵᠢ ᠵᠢᠴᠢ ᠠᠵᠢᠯ ᠲᠥᠷᠥᠯ ᠤᠨ ᠨᠡᠶᠢᠭᠡᠮᠯᠢᠭ ᠤᠨ ᠨᠡᠷᠡᠳᠣ ᠲᠡᠮᠳᠡᠭ ᠢ ᠳᠡᠯᠭᠡᠷᠡᠭᠦᠯᠦᠨ ᠡᠵᠡᠩᠨᠡᠬᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢ ᠨᠡᠶᠢᠲᠡᠯᠡᠬᠦ᠂ ᠡᠷᠬᠡ ᠪᠠᠨ ᠬᠠᠮᠠᠭᠠᠯᠠᠬᠤ ᠵᠠᠭᠠᠯᠳᠤᠯᠭ᠎ᠠ ᠶᠢ ᠵᠣᠬᠢᠴᠠᠭᠤᠯᠬᠤ ᠵᠡᠷᠭᠡ ᠬᠠᠮᠢᠶ᠎ᠠ ᠪᠥᠬᠦᠶ ᠣᠶᠢᠯᠡᠴᠢᠯᠡᠭᠡ ᠥᠷᠨᠢᠭᠦᠯᠬᠦ ᠶᠢ ᠳᠡᠮᠵᠢᠵᠦ᠂ ᠲᠠᠷᠢᠶᠠᠯᠠᠩ  ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠳᠤ ᠴᠢᠬᠤᠯᠠ ᠪᠥᠬᠦᠶ ᠰᠢᠢᠳᠪᠦᠷᠢᠳᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ᠃   ︵ᠲᠠᠪᠤ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠬᠤᠲᠠ ᠶᠢᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠶᠢ ᠦᠨᠳᠦᠰᠦᠯᠡᠨ᠂ ᠵᠢᠯ ᠪᠦᠷᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠡᠭᠦᠳᠦᠨ ᠪᠠᠶᠢᠭᠤᠯᠬᠤ ᠠᠵᠢᠯ ᠳᠤ ᠲᠤᠰᠬᠠᠢ ᠪᠠᠶᠢᠴᠠᠭᠠᠯᠳᠠ ᠦᠷᠨᠢᠭᠦᠯᠦᠨ᠎ᠡ᠃ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠪᠤᠶᠢᠵᠢᠭᠤᠯᠬᠤ ᠠᠵᠢᠯ ᠤᠨ ᠳᠤᠮᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠳ᠋ᠦᠩᠨᠡᠨ ᠳᠡᠯᠭᠡᠷᠡᠭᠦᠯᠬᠦ ᠶᠢ ᠴᠢᠬᠤᠯᠠᠴᠢᠯᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠣ ᠲᠡᠮᠳᠡᠭ ᠢ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠬᠢᠭᠡᠳ ᠠᠵᠤ ᠦᠶᠢᠯᠡᠰᠵᠢᠭᠦᠯᠦᠨ ᠬᠥᠭᠵᠢᠭᠦᠯᠬᠦ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ