ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠬᠤᠲᠠ ᠶᠢᠨ ᠠᠷᠠᠳ ᠤᠨ ᠵᠠᠰᠠᠭ | ᠤᠨ ᠣᠷᠳᠣᠨ ᠤ 2021 ᠣᠨ ᠤ 11 ᠳ᠋ᠤᠬᠡᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠳᠡᠯᠡᠶ᠎ᠡ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 7 ᠰᠠᠷ᠎ᠠ ᠶᠢᠨ 23 ᠤ ᠡᠳᠦᠷ | | | ᠤᠷᠳᠤᠰ ᠬᠤᠳᠠ ᠶᠢᠨ ᠨᠡᠶᠢᠭᠡᠮ ᠲᠣᠭᠤᠷᠢᠭ ᠤᠨ ᠠᠵᠢᠯᠳᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠬᠡᠷᠡᠭᠴᠡᠭᠡ ᠳᠤ ᠵᠤᠬᠢᠴᠠᠭᠤᠯᠵᠤ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠵᠤ᠂ | ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠲᠤᠭ᠎ᠠ ᠬᠡᠮᠵᠢᠶ᠎ᠡ ᠨᠢ ᠭᠦᠢᠴᠡᠳ᠂ ᠪᠦᠲᠦᠴᠡ ᠨᠢ ᠵᠣᠬᠢᠰᠲᠠᠶ᠂ ᠬᠠᠮᠢᠶᠠᠷᠤᠯᠲᠠ ᠨᠢ | ᠵᠢᠷᠤᠮᠵᠢᠭᠰᠠᠨ᠂ ᠬᠡᠪ ᠪᠤᠯᠪᠠᠰᠤᠷᠠᠯ ᠨᠢ ᠰᠢᠯᠢᠳᠡᠭ ᠰᠠᠶᠢᠨ ᠲᠤᠰᠬᠠᠶᠢᠵᠢᠭᠰᠠᠨ᠂ ᠠᠵᠢᠯ ᠮᠡᠷᠭᠡᠵᠢᠭᠰᠡᠨ᠂ ᠵᠢᠷᠤᠮᠵᠢᠭᠰᠠᠨ ᠨᠡᠶᠢᠭᠡᠮ ᠲᠣᠭᠤᠷᠢᠭ ᠤᠨ ᠠᠵᠢᠯᠲᠠᠨ ᠤ | ᠡᠩᠨᠡᠭᠡ ᠶᠢ ᠴᠢᠷᠮᠠᠶᠢᠨ ᠪᠠᠶᠢᠭᠤᠯᠬᠤ ᠶᠢᠨ ᠲᠤᠰᠠᠳᠠ᠂ ︽ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠪ ᠠᠯᠪᠠᠨ ᠲᠠᠷᠬᠠᠭᠠᠭᠰᠠᠨ ﹇ | 2019﹈ 30 ᠳ᠋ᠤᠭᠠᠷ ᠲᠣᠭᠠᠲᠤ︶᠂ ︽︿ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ | ᠶᠢᠨ ᠴᠡᠭ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠭᠢᠮ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠬᠡᠮ ᠤᠨ | ᠪᠠᠳᠤᠯᠠᠭ᠎ᠠ ᠶᠢᠨ ᠲᠢᠩᠭᠢᠮ ᠤᠨ ᠮᠡᠳᠡᠭᠳᠡᠯ︾ ︵ᠥᠪᠥᠷ ᠵᠤᠬᠢᠶᠠᠨ ᠪᠠᠶᠢᠭᠤᠯᠬᠤ ᠦᠰᠦᠭᠳᠤ ﹇2020﹈ 9 ᠳ᠋ᠤᠬᠡᠷ ᠲᠣᠭᠠᠲᠤ︶᠂ ︽ᠥᠪᠡᠷᠲᠡᠭᠡᠨ ᠵᠠᠰᠠᠬᠤ | ᠣᠷᠣᠨ ᠤ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠤ ᠠᠵᠢᠯᠲᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠦᠰᠦᠭᠳᠤ ﹇2012﹈ 263 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ | ᠲᠣᠰ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠳ ᠲᠤ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ | ᠠᠵᠢᠯᠲᠠᠳ ᠪᠣᠯᠤᠨ ᠨᠡᠶᠢᠭᠡᠮ ᠲᠣᠭᠤᠷᠢᠭ ᠳᠤ ᠠᠵᠢᠯᠯᠠᠵᠤ ᠪᠠᠶᠢᠭ᠎ᠠ ᠪᠤᠰᠤᠳ ᠠᠵᠢᠯᠳᠠᠳ ᠪᠠᠭᠲᠠᠨ᠎ᠠ᠃ ᠡᠭᠦᠨ ᠤ ᠳᠣᠲᠣᠷ᠎ᠠ᠄ | ᠲᠤᠰᠬᠠᠶ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠨ ᠭᠡᠳᠡᠭ ᠨᠢ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠶᠢᠨ ᠰᠠᠭᠤᠭᠠᠯᠢ ᠠᠷᠠᠳ ᠤᠨ | ᠲᠣᠭᠤᠷᠢᠭ ᠲᠤ ᠲᠤᠰᠬᠠᠶᠢᠯᠠᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠦᠢᠯᠡᠴᠢᠯᠡᠭᠡ ᠶᠢ ᠡᠷᠭᠢᠯᠡᠵᠦ᠂ ᠲᠡᠷᠡᠴᠢᠯᠠᠨ | ᠣᠷᠣᠨ ᠨᠤᠲᠤᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠥᠬᠦᠪᠥᠷᠢ ᠥᠭᠬᠦ ᠪᠦᠬᠦᠯᠢ ᠡᠳᠦᠷ ᠤᠨ ᠳᠦᠷᠢᠮᠲᠦ ᠠᠵᠢᠯᠳᠠᠨ ᠢ ᠵᠢᠭᠠᠵᠣ ᠪᠣᠢ᠂ ᠭᠤᠣᠯᠳᠠᠭᠤ | ᠬᠠᠤᠯᠢ ᠶᠣᠰᠣᠭᠠᠷ ᠰᠣᠩᠭᠤᠵᠤ ᠭᠠᠷᠭᠠᠭᠰᠠᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ᠂ ᠨᠡᠶᠢᠭᠡᠮ ᠠᠴᠠ ᠢᠯᠡ ᠪᠠᠷ ᠤᠷᠢᠵᠤ | ᠬᠡᠷᠡᠭᠯᠡᠭᠰᠡᠨ ᠣᠷᠣᠨ ᠲᠣᠭᠠᠨ ᠠᠴᠠ ᠭᠠᠳᠠᠨᠠᠬᠢ ᠬᠠᠮᠢᠶᠠᠷᠤᠯᠲᠠ ᠶᠢᠨ ᠠᠵᠢᠯᠳᠠᠨ ᠪᠠ ᠨᠡᠶᠢᠭᠡᠮ ᠲᠣᠭᠤᠷᠢᠭ ᠲᠤ ᠳᠣᠷᠣᠭᠰᠢ ᠲᠣᠮᠢᠯᠠᠭᠰᠠᠨ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯᠳᠠᠨ ᠪᠠᠭᠲᠠᠨ᠎ᠠ᠃ | ᠨᠡᠶᠢᠭᠡᠮ ᠲᠣᠭᠤᠷᠢᠭ ᠲᠤ ᠠᠵᠢᠯᠯᠠᠵᠤ ᠪᠠᠶᠢᠭ᠎ᠠ ᠪᠤᠰᠤᠳ ᠬᠥᠮᠦᠰ ᠲᠤ ᠭᠤᠣᠯᠳᠠᠭᠤ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ | ᠦᠢᠯᠡᠴᠢᠯᠡᠬᠦ ᠲᠦᠷᠦᠯ ᠵᠣᠶᠢᠯ︾ ᠤᠨ ᠬᠥᠮᠦᠰ᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ︾ ᠶᠢᠨ ᠬᠥᠮᠦᠰ ᠵᠡᠷᠭᠡ ᠪᠠᠭᠲᠠᠨ᠎ᠠ᠃ | ᠭᠤᠷᠪᠠᠳᠤᠭᠠᠷ ᠵᠣᠶᠢᠯ ᠨᠡᠶᠢᠭᠡᠮ ᠲᠣᠭᠤᠷᠢᠭ ᠤᠨ ᠠᠵᠢᠯᠲᠠᠨ ᠢ ᠲᠤᠬᠢᠷᠠᠭᠤᠯᠬᠤ ᠬᠠᠷᠢᠴᠠᠯ ᠢ ᠡᠯ᠎ᠡ ᠬᠤᠰᠢᠭᠤ ᠲᠣᠭᠤᠷᠢᠭ ᠠᠴᠠ ᠲᠣᠭᠲᠠᠭᠠᠨ᠎ᠠ᠃ ᠡᠩ ᠤᠨ | ᠪᠠᠶᠢᠳᠠᠯ ᠳᠤ 200 ᠡᠷᠦᠬᠡ ᠠᠴᠠ 400 ᠡᠷᠦᠬᠡ ᠳᠤ 1 ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠢ ᠲᠣᠬᠢᠷᠠᠭᠤᠯᠵᠤ᠂ ᠨᠡᠶᠢᠭᠡᠮ ᠲᠣᠭᠤᠷᠢᠭ | ᠤᠨ ᠠᠵᠢᠯᠲᠠᠨ ᠤ ᠡᠩᠨᠡᠭᠡ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠤᠭᠳᠠᠭᠠᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠨᠢ ᠶᠡᠷᠦᠩᠬᠡᠶ ᠳᠡᠭᠡᠨ ᠱᠦᠵᠢ᠂ ᠳᠡᠳ᠋ ᠱᠦᠵᠢ᠂ ᠭᠡᠰᠢᠭᠦᠳ ᠢᠶᠠᠷ ᠪᠦᠷᠢᠯᠳᠦᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠨᠢ | ᠶᠡᠷᠦᠩᠬᠡᠶ ᠳᠡᠭᠡᠨ ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠳ ᠢᠶᠠᠷ ᠪᠦᠷᠢᠯᠳᠦᠨ᠎ᠡ᠃ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢ ᠰᠣᠩᠭᠤᠨ ᠭᠠᠷᠭᠠᠨ᠎ᠠ᠃ ᠨᠡᠶᠢᠭᠡᠮ | ᠲᠣᠭᠤᠷᠢᠭ ᠨᠢᠭᠡᠪᠦᠷᠢ ᠳᠤ 1 ᠲᠤᠰᠬᠠᠶ ᠲᠤᠰᠢᠶᠠᠯᠲᠤ ᠳᠡᠳ᠋ ᠱᠦᠵᠢ ᠲᠣᠬᠢᠷᠠᠭᠤᠯᠵᠤ ᠨᠠᠮ ᠤᠨ ᠪᠠᠶᠢᠭᠤᠯᠤᠯᠲᠠ ᠶᠢᠨ ᠡᠳᠦᠷ ᠲᠤᠲᠤᠮ ᠤᠨ ᠠᠵᠢᠯ ᠢ | ᠬᠠᠷᠢᠭᠤᠴᠠᠭᠤᠯᠵᠤ᠂ ᠡᠭᠦᠷᠭᠡ ᠨᠡᠯᠢᠶᠡᠳ ᠬᠦᠨᠳᠦ ᠭᠠᠵᠠᠷ ᠣᠷᠣᠨ ᠳᠤ ᠲᠤᠰᠬᠠᠶ ᠲᠤᠰᠢᠶᠠᠯᠲᠤ ᠨᠠᠮ ᠤᠨ ᠠᠵᠢᠯ ᠤᠨ ᠠᠵᠢᠯᠲᠠᠨ ᠤ ᠲᠤᠭ᠎ᠠ ᠶᠢ ᠵᠣᠬᠢᠬᠤ | ᠬᠡᠮᠵᠢᠶ᠎ᠡ ᠪᠠᠷ ᠨᠡᠮᠡᠭᠳᠡᠭᠦᠯᠵᠦ ᠪᠣᠯᠤᠨ᠎ᠠ᠃ | ᠬᠤᠶᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ ᠬᠢᠭᠡᠳ ᠡᠷᠬᠡ | ᠳᠥᠷᠪᠡᠳᠦᠭᠡᠷ ᠵᠦᠢᠯ ᠨᠡᠶᠢᠭᠡᠮ ᠲᠣᠭᠤᠷᠢᠭ ᠤᠨ ᠠᠵᠢᠯᠳᠠᠨ ᠤ ᠦᠨᠳᠦᠰᠦᠨ ᠲᠤᠰᠢᠶᠠᠯ ᠬᠠᠷᠢᠭᠤᠴᠠᠯᠭ᠎ᠠ᠄ | ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠤᠬᠠᠭᠤᠯᠵᠤ ᠲᠤᠤᠱᠯᠠᠭᠤᠯᠤᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠬᠡᠷᠡᠭᠵᠢᠭᠦᠯᠵᠦ᠂ ᠰᠠᠭᠤᠭᠠᠯᠢ ᠠᠷᠠᠳ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ | ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠨ᠎ᠡ᠃ | ︵ᠬᠤᠶᠠᠷ︶ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ᠂ ᠰᠢᠢᠳᠪᠦᠷᠢ ᠪᠠ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠬᠤᠷᠠᠯᠳᠤᠭᠠᠨ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠷᠠᠯᠳᠤᠭᠠᠨ ᠤ ᠲᠣᠭᠲᠠᠭᠠᠯ᠂ ᠰᠠᠨᠠᠯ ᠢ ᠬᠡᠷᠡᠭᠵᠢᠭᠦᠯᠵᠦ᠂ ᠲᠤᠰ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠤᠨ ᠤᠯᠡᠠ ᠨᠡᠶᠢᠲᠡ ᠶᠢᠨ ᠬᠡᠷᠡᠭ ᠶᠠᠪᠤᠳᠠᠯ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠢ ᠡᠷᠬᠢᠯᠡᠵᠦ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ | ︵ᠭᠤᠷᠪᠠ︶ ᠬᠠᠷᠢᠶ᠎ᠠ ᠣᠷᠣᠨ ᠤ ᠨᠢᠭᠡᠴᠡ ᠶᠢᠨ ᠵᠠᠰᠠᠯᠳᠠ ᠬᠢᠬᠦ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ | ᠬᠤᠯᠪᠣᠭᠠᠯᠠᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ᠂ ᠠᠷᠠᠳ | ᠣᠯᠠᠨ ᠤ ᠣᠯᠠᠨ ᠲᠠᠰ ᠳᠠᠪᠬᠤᠷᠭ᠎ᠠ ᠶᠢᠨ᠂ ᠵᠦᠷᠢᠶᠡᠴᠢᠯᠡᠭᠰᠡᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠰᠠᠭᠤᠭᠠᠯᠢ ᠠᠷᠠᠳ ᠤᠨ | ᠨᠡᠶᠢᠭᠡᠮ ᠲᠣᠭᠤᠷᠢᠭ ᠲᠠᠬᠢ ᠵᠦᠪᠰᠢᠶᠡᠷᠡᠭᠳᠡᠬᠦᠢ ᠲᠦᠷᠦᠭᠳᠡᠯ ᠂ ᠬᠠᠷᠢᠶᠠᠯᠠᠭᠳᠠᠬᠤᠢ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠵᠦ᠂ | ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠵᠠᠰᠠᠯᠲᠠ ᠶᠢᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ | ︵ᠳᠥᠷᠪᠡ︶ ᠵᠠᠰᠠᠭ ᠤᠨ ᠣᠷᠳᠣᠨ ᠪᠤᠶᠤ ᠲᠡᠭᠦᠨ ᠤ ᠲᠣᠮᠢᠯᠠᠭᠰᠠᠨ ᠪᠠᠶᠢᠭᠤᠯᠭ᠎ᠠ ᠲᠠᠢ ᠬᠠᠮᠵᠢᠯᠴᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠰᠢᠭ | ᠲᠤᠰᠠ ᠲᠠᠢ ᠬᠤᠯᠪᠣᠭᠳᠠᠬᠤ ᠣᠯᠠᠨ ᠨᠡᠶᠢᠲᠡ ᠶᠢᠨ ᠦᠢᠯᠡᠴᠢᠯᠡᠭᠡ᠂ ᠬᠠᠮᠢᠶᠠᠷᠤᠯᠲᠠ᠂ ᠠᠮᠤᠷ ᠲᠦᠪᠰᠢᠨ ᠵᠡᠷᠭᠡ ᠬᠡᠷᠡᠭ ᠶᠠᠪᠤᠳᠠᠯ ᠢ ᠰᠠᠶᠢᠲᠤᠷ ᠬᠢᠵᠦ᠂ ᠨᠡᠶᠢᠭᠡᠮ ᠤᠨ | ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠮᠤᠷ ᠲᠦᠪᠰᠢᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠲᠥᠯᠥᠪᠯᠡᠭᠡ ᠲᠠᠢ ᠪᠠᠷ ᠬᠡᠦᠬᠡᠳ | ᠠᠪᠬᠤ᠂ ᠬᠠᠷᠠᠭᠠᠯᠵᠠᠨ ᠲᠡᠳᠬᠦᠬᠦ᠂ ᠬᠥᠳᠡᠯᠮᠦᠷᠢ ᠠᠵᠢᠯ ᠣᠯᠭᠤᠯᠲᠠ᠂ ᠰᠣᠶᠣᠯ ᠪᠡᠶ᠎ᠡ ᠶᠢᠨ ᠲᠠᠮᠢᠷ᠂ ᠬᠠᠤᠯᠢ ᠪᠠᠷ ᠵᠠᠰᠠᠬᠤ ᠤᠬᠠᠭᠤᠯᠭ᠎ᠠ᠂ ᠠᠷᠠᠳ ᠤᠨ ᠡᠶᠡᠳᠡᠭᠦᠯᠭᠡ | ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠴᠢ ᠨᠠᠰᠤᠲᠠᠶᠢᠴᠤᠳ᠂ ᠵᠡᠮᠳᠡᠭᠴᠦᠳ᠂ ᠨᠠᠰᠤᠨ ᠳᠤ ᠦᠯᠦ | ᠬᠦᠷᠦᠭᠰᠡᠳ ᠪᠠ ᠨᠡᠭᠦᠳᠡᠯ ᠬᠥᠮᠦᠨ ᠠᠮᠠ ᠶᠢᠨ ᠡᠷᠬᠡ ᠠᠰᠢᠭ ᠤᠨ ᠪᠠᠲᠤᠯᠠᠭ᠎ᠠ ᠵᠡᠷᠭᠡ ᠶᠢ ᠪᠠᠭᠲᠠᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠪᠠ ᠤᠯᠠᠨ ᠨᠡᠶᠢᠲᠡ | ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠤᠨ ᠪᠦᠬᠦ ᠰᠠᠭᠤᠭᠠᠯᠢ ᠠᠷᠠᠳ ᠲᠤ ᠬᠠᠮᠤᠷᠤᠭᠤᠯᠬᠤ ᠶᠢ ᠠᠬᠢᠭᠤᠯᠤᠨ᠎ᠠ᠃ | ︵ᠲᠠᠪᠤ︶ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠢᠨᠠᠯᠲᠠ ᠲᠠᠯᠪᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠲᠣᠭᠤᠷᠢᠭ | ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠪᠣᠯᠤᠨ ᠬᠤᠰᠢᠭᠤ ᠲᠣᠭᠤᠷᠢᠭ ᠤᠨ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ ᠵᠢᠴᠢ ᠠᠵᠢᠯᠲᠠᠨ ᠤ ᠠᠵᠢᠯ᠂ ᠬᠠᠷᠢᠶ᠎ᠠ ᠣᠷᠣᠨ ᠤ ᠨᠢᠭᠡᠴᠡ ᠶᠢᠨ ᠨᠡᠶᠢᠭᠡᠮ ᠤᠨ ᠵᠠᠰᠠᠯᠲᠠ ᠵᠢᠴᠢ ᠦᠨᠳᠦᠰᠦᠨ | ᠱᠠᠲᠤᠨ ᠤ ᠥᠪᠡᠷᠲᠡᠭᠡᠨ ᠵᠠᠰᠠᠬᠤ ᠠᠵᠢᠯ ᠳᠤ ᠣᠷᠣᠯᠴᠠᠭᠰᠠᠨ ᠵᠡᠷᠭᠡ ᠪᠠᠶᠢᠳᠠᠯ ᠳᠤ ᠠᠷᠠᠳᠴᠢᠯᠠᠯ ᠢᠶᠠᠷ ᠦᠨᠡᠯᠡᠯᠲᠡ ᠬᠢᠨ᠎ᠠ᠃ | ︵ᠵᠢᠷᠭᠤᠭ᠎ᠠ︶ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠲᠠᠪᠤᠳᠤᠭᠠᠷ ᠵᠦᠢᠯ ᠨᠡᠶᠢᠭᠡᠮ ᠲᠣᠭᠤᠷᠢᠭ ᠤᠨ ᠠᠵᠢᠯᠳᠠᠨ ᠤ ᠡᠳ᠋ᠯᠡᠬᠦ ᠡᠷᠬᠡ᠄ | ︵ᠨᠢᠭᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠦᠷᠢᠯᠳᠦᠭᠦᠯᠪᠡᠰᠦ ᠵᠣᠬᠢᠬᠤ ᠠᠵᠢᠯ ᠤᠨ ᠨᠥᠬᠦᠴᠡᠯ ᠢ ᠣᠯᠬᠤ᠃ | ︵ᠬᠤᠶᠠᠷ︶ ᠬᠠᠷᠠᠮᠵᠢ ᠣᠯᠵᠤ᠂ ᠬᠠᠤᠯᠢ ᠪᠠᠷ ᠲᠣᠭᠲᠠᠭᠠᠭᠰᠠᠨ ᠳᠠᠭᠠᠳᠬᠠᠯ ᠠᠰᠠᠷᠠᠮᠵᠢ ᠶᠢᠨ ᠬᠠᠷᠠᠭᠠᠯᠵᠠᠯ ᠢ ᠡᠳ᠋ᠯᠡᠬᠦ᠃ | ︵ᠭᠤᠷᠪᠠ︶ ᠤᠯᠤᠰ ᠲᠦᠷᠦ ᠶᠢᠨ ᠤᠨᠤᠯ ᠵᠢᠴᠢ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠳᠤ ᠣᠷᠣᠯᠴᠠᠬᠤ᠃ | ︵ᠲᠥᠷᠪᠡ︶ ᠨᠡᠶᠢᠭᠡᠮ ᠲᠣᠭᠤᠷᠢᠭ ᠤᠨ ᠠᠵᠢᠯ ᠳᠤ ᠰᠠᠨᠠᠯ ᠪᠠ ᠰᠠᠨᠠᠭᠤᠯᠭ᠎ᠠ ᠲᠤᠷᠠᠳᠬᠤ᠃ | ︵ᠲᠠᠪᠤ︶ ᠬᠠᠤᠯᠢ ᠶᠣᠰᠣᠭᠠᠷ ᠡᠳ᠋ᠯᠡᠬᠦ ᠪᠤᠰᠤᠳ ᠡᠷᠬᠡ ᠨᠦᠭᠦᠳ᠃ | ᠭᠤᠷᠪᠠᠳᠤᠭᠠᠷ ᠪᠦᠯᠦᠭ ᠡᠯᠰᠡᠵᠦ ᠬᠡᠷᠡᠭᠯᠡᠬᠦ ᠪᠠ ᠤᠷᠢᠵᠤ ᠬᠡᠷᠡᠭᠯᠡᠬᠦ | ᠵᠢᠷᠭᠤᠳᠤᠭᠠᠷ ᠵᠦᠢᠯ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠤ ᠠᠵᠢᠯᠳᠠᠨ ᠢ ᠰᠣᠩᠭᠤᠨ ᠲᠣᠮᠢᠯᠠᠬᠤ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠳᠦᠷᠢᠮ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠰᠠᠭᠤᠭᠠᠯᠢ | ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠪᠠ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠬᠦᠨ ᠢᠶᠠᠷ ᠰᠣᠩᠭᠤᠭᠳᠠᠪᠠᠯ᠂ ᠰᠢᠯᠭᠠᠨ ᠬᠢᠨᠠᠭᠠᠳ ᠬᠢᠷᠢ ᠲᠡᠩᠴᠡᠭᠰᠡᠨ ᠤ ᠳᠠᠷᠠᠭ᠎ᠠ᠂ ᠬᠠᠮᠢᠶ᠎ᠠ | ᠪᠥᠬᠦᠶ ᠭᠠᠷᠳᠠᠮ ᠢ ᠭᠦᠢᠴᠡᠳᠬᠡᠵᠣ᠂ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠤ ᠠᠵᠢᠯ ᠮᠡᠷᠭᠡᠵᠢᠯ ᠤᠨ ᠲᠤᠭᠳᠠᠯᠴᠠᠭ᠎ᠠ ᠶᠢᠨ ᠬᠠᠮᠢᠶᠠᠷᠤᠯᠲᠠ | ᠶᠢᠨ ᠬᠡᠪᠴᠢᠶᠡᠨ ᠳᠤ ᠣᠷᠣᠭᠤᠯᠵᠤ᠂ ᠰᠣᠩᠭᠤᠨ ᠲᠣᠮᠢᠯᠠᠬᠤ ᠠᠵᠢᠯ ᠢ ᠡᠯ᠎ᠡ ᠬᠤᠰᠢᠭᠤ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠠ | ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ᠎ᠠ᠃ | ᠳᠣᠯᠣᠳᠤᠭᠠᠷ ᠵᠦᠢᠯ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠳᠠᠨ ᠤᠷᠢᠬᠤ | ᠰᠣᠩᠭᠤᠨ ᠲᠣᠮᠢᠯᠠᠭᠰᠠᠨ ᠬᠥᠮᠦᠰ ᠪᠠ ᠳᠣᠷᠣᠭᠰᠢ ᠲᠣᠮᠢᠯᠠᠭᠰᠠᠨ ᠬᠥᠮᠦᠰ ᠠᠴᠠ ᠭᠠᠳᠠᠨ᠎ᠠ᠂ ᠪᠤᠰᠤᠳ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ | ᠠᠵᠢᠯᠲᠠᠳ ᠢ ︽ᠢᠯᠡ ᠪᠠᠶᠢᠯᠭᠠᠬᠤ᠂ ᠡᠷᠬᠡ ᠲᠡᠭᠰᠢ ᠪᠠᠶᠢᠯᠭᠠᠬᠤ᠂ ᠥᠷᠢᠰᠥᠯᠳᠦᠭᠦᠯᠬᠦ᠂ ᠰᠢᠯᠢᠳᠡᠭ ᠢ ᠨᠢ ᠰᠣᠩᠭᠤᠬᠤ︾ ᠵᠠᠷᠴᠢᠮ ᠶᠣᠰᠣᠭᠠᠷ ᠨᠡᠶᠢᠭᠡᠮ ᠳᠤ | ᠬᠠᠨᠳᠤᠭᠤᠯᠤᠨ ᠨᠢᠭᠡᠳᠦᠯᠲᠡᠶ ᠢᠯᠡ ᠪᠠᠷ ᠤᠷᠢᠵᠤ᠂ ᠤᠷᠢᠬᠤ ᠠᠵᠢᠯ ᠢ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠳᠠ ᠶᠢᠨ ᠠᠷᠠᠳ | ᠤᠨ ᠶᠠᠪᠤᠳᠠᠯ ᠤᠨ ᠲᠣᠪᠴᠢᠶ᠎ᠠ᠂ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠨᠢᠭᠡᠳᠦᠯᠲᠡᠶ ᠵᠣᠬᠢᠶᠠᠨ | ᠪᠠᠶᠢᠭᠤᠯᠤᠨ ᠥᠷᠨᠢᠭᠦᠯᠬᠦ ᠪᠥᠭᠡᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠰᠢᠭᠤ ᠲᠣᠭᠤᠷᠢᠭ ᠲᠤ ᠨᠠᠶᠢᠳᠠᠵᠤ ᠵᠣᠬᠢᠶᠠᠨ ᠪᠠᠶᠢᠭᠤᠯᠤᠨ ᠬᠡᠷᠡᠭᠵᠢᠭᠦᠯᠵᠣ | ᠪᠣᠯᠤᠨ᠎ᠠ᠂ ᠡᠯᠰᠡᠨ ᠬᠡᠷᠡᠭᠯᠡᠬᠦ ᠬᠥᠮᠦᠰ ᠢ ᠬᠤᠰᠢᠭᠤ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠪᠦᠷᠢᠳᠬᠡᠨ ᠲᠠᠩᠰᠠᠯᠠᠭᠤᠯᠤᠨ᠎ᠠ᠃ | ᠰᠢᠨ᠎ᠡ ᠪᠠᠷ ᠰᠣᠩᠭᠤᠨ ᠤᠷᠢᠭᠰᠠᠨ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠤ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ᠂ | ᠰᠢᠯᠭᠠᠨ ᠬᠢᠨᠠᠭᠠᠳ ᠬᠢᠷᠢ ᠲᠡᠩᠴᠡᠭᠰᠡᠨ ᠤ ᠳᠠᠷᠠᠭ᠎ᠠ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠤ ᠠᠵᠢᠯ ᠮᠡᠷᠭᠡᠵᠢᠯ ᠤᠨ ᠲᠤᠭᠳᠠᠯᠴᠠᠭ᠎ᠠ ᠶᠢᠨ | ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠣᠷᠣᠭᠤᠯᠵᠤ ᠪᠣᠯᠤᠨ᠎ᠠ᠂ ᠨᠡᠶᠢᠭᠡᠮ ᠲᠣᠭᠤᠷᠢᠭ ᠲᠤ ᠣᠶᠢᠯᠡᠴᠢᠯᠡᠬᠦ ᠬᠤᠭᠤᠴᠠᠭ᠎ᠠ ᠶᠢ 3 ᠵᠢᠯ ᠠᠴᠠ ᠳᠤᠲᠠᠭᠤ | ᠪᠠᠶᠢᠯᠭᠠᠵᠤ ᠪᠣᠯᠬᠤ ᠥᠬᠡᠶ᠃ | ︵ᠨᠢᠭᠡ︶ ᠡᠯᠰᠡᠬᠦ ᠠᠵᠢᠯᠳᠠᠨ ᠳᠤ ᠪᠠᠶᠢᠪᠠᠰᠤ ᠵᠣᠬᠢᠬᠤ ᠨᠥᠬᠦᠴᠡᠯ | 1. ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠬᠠᠷᠢᠭᠤᠴᠠᠯᠭᠠᠲᠤ | ᠰᠡᠳᠬᠢᠯᠭᠡ ᠪᠠᠷ ᠴᠢᠩᠭ᠎ᠠ᠂ ᠰᠠᠭᠤᠭᠠᠯᠢ ᠠᠷᠠᠳ ᠲᠤ ᠬᠠᠯᠠᠭᠤᠨ ᠰᠡᠳᠬᠢᠯ ᠢᠶᠠᠷ ᠣᠶᠢᠯᠡᠴᠢᠯᠡᠵᠣ᠂ ᠵᠣᠬᠢᠬᠤ ᠵᠣᠬᠢᠶᠠᠨ ᠪᠠᠶᠢᠭᠤᠯᠬᠤ᠂ ᠬᠠᠮᠢᠶᠠᠷᠬᠤ᠂ ᠵᠣᠬᠢᠴᠠᠭᠤᠯᠬᠤ | ᠴᠢᠳᠠᠪᠤᠷᠢ ᠪᠠ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠶ᠃ | 2. ᠤᠯᠤᠰ ᠠᠴᠠ ᠮᠡᠳᠡᠷᠡᠭᠰᠡᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠬᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠃ | 3. ᠪᠡᠶ᠎ᠡ ᠮᠠᠬᠠᠪᠣᠳ ᠨᠢ ᠡᠷᠡᠭᠦᠯ ᠴᠢᠬᠢᠷᠠᠭ᠂ ᠪᠦᠬᠦᠯᠢ 40 ᠨᠠᠰᠤᠨ ᠠᠴᠠ ᠲᠤᠷᠤᠭᠰᠢ ᠪᠠᠶᠢᠬᠤ ᠬᠡᠷᠡᠭᠲᠠᠢ᠃ | 4. ᠤᠯᠤᠰ ᠤᠨ ᠨᠡᠶᠢᠭᠡᠮ ᠤᠨ ᠠᠵᠢᠯᠲᠠᠨ ︵ᠳᠡᠭᠡᠳᠦ ᠵᠡᠷᠭᠡ ᠶᠢᠨ ᠨᠡᠶᠢᠭᠡᠮ ᠤᠨ ᠠᠵᠢᠯ ᠤᠨ ᠮᠡᠷᠭᠡᠵᠢᠯᠲᠡᠨ᠂ ᠨᠡᠶᠢᠭᠡᠮ ᠤᠨ ᠠᠵᠢᠯ ᠤᠨ ᠮᠡᠷᠭᠡᠵᠢᠯᠲᠡᠨ᠂ | ᠲᠤᠰᠠᠯᠠᠭᠴᠢ ᠨᠡᠶᠢᠭᠡᠮ ᠤᠨ ᠠᠵᠢᠯ ᠤᠨ ᠮᠡᠷᠭᠡᠵᠢᠯᠲᠡᠨ ᠵᠡᠷᠭᠡ︶ ᠤ ᠠᠵᠢᠯ ᠮᠡᠷᠭᠡᠵᠢᠯ ᠤᠨ ᠬᠢᠷᠢ ᠲᠦᠪᠰᠢᠨ ᠤ ᠦᠨᠡᠮᠯᠡᠯ ᠲᠠᠢ ᠠᠵᠢᠯᠲᠠᠨ ᠢ ᠤᠷᠢᠳᠠᠪᠠᠷ ᠡᠯᠰᠡᠨ | ᠬᠡᠷᠡᠭᠯᠡᠵᠦ ᠪᠣᠯᠤᠨ᠎ᠠ᠃ | ︵ᠬᠤᠶᠠᠷ︶ ᠤᠷᠢᠨ ᠬᠡᠷᠡᠭᠯᠡᠵᠦ ᠪᠤᠯᠬᠤ ᠦᠬᠡᠢ ᠪᠠᠶᠢᠳᠠᠯ | 1. ᠬᠠᠤᠯᠢ ᠶᠢ ᠵᠥᠷᠢᠴᠡᠵᠦ ᠶᠠᠯ᠎ᠠ ᠬᠢᠭᠰᠡᠨ ᠲᠡᠮᠳᠡᠭᠯᠡᠯ ᠲᠠᠢ ᠪᠠᠶᠢᠬᠤ᠃ | 2. ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠳ᠃ | 3. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠭᠰᠠᠨ᠂ ᠨᠢᠭᠤᠴᠠ ᠱᠠᠰᠢᠨ ᠰᠤᠷᠲᠠᠬᠤᠨ ᠤ ᠠᠵᠢᠯᠯᠠᠭ᠎ᠠ ᠬᠢᠭᠰᠡᠨ᠂ ᠹᠸᠤᠳᠠᠯ ᠤᠨ ᠮᠤᠬᠤᠷ | ᠪᠢᠰᠢᠷᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ᠃ | 4. ᠨᠠᠮ ᠤᠨ ᠰᠠᠬᠢᠯᠭ᠎ᠠ ᠪᠠᠲᠤ ᠪᠠ ᠵᠠᠰᠠᠭ ᠤᠨ ᠶᠠᠪᠤᠳᠠᠯ ᠤᠨ ᠰᠢᠳᠬᠡᠯ ᠣᠯᠣᠭᠰᠠᠨ ᠬᠤᠭᠤᠴᠠᠭᠠᠨ ᠳᠤ ᠪᠠᠶᠢᠬᠤ︔ | 5. ᠬᠠᠤᠯᠢ ᠶᠣᠰᠣᠭᠠᠷ ᠨᠡᠶᠢᠭᠡᠮ ᠲᠣᠭᠤᠷᠢᠭ ᠤᠨ ᠠᠵᠢᠯ ᠢ ᠬᠢᠵᠦ ᠳᠡᠶᠢᠯᠬᠦ ᠦᠭᠡᠢ ᠬᠥᠮᠦᠰ᠃ | ︵ᠭᠤᠷᠪᠠ︶ ᠤᠷᠢᠬᠤ ᠠᠷᠭ᠎ᠠ ᠮᠠᠶ᠋ᠢᠭ ᠵᠢᠴᠢ ᠲᠠᠰ ᠳᠠᠷᠠᠭᠠᠯᠠᠯ | 1. ᠰᠢᠯᠭᠠᠯᠲᠠ ᠪᠠᠷ ᠡᠯᠰᠡᠨ ᠬᠡᠷᠡᠭᠯᠡᠨ᠎ᠡ᠃ ᠣᠷᠣᠨ ᠪᠦᠰᠡ ᠶᠢᠨ ᠲᠠᠯᠠᠪᠠᠢ᠂ ᠬᠥᠮᠦᠨ ᠠᠮᠠ ᠶᠢᠨ ᠪᠦᠲᠦᠴᠡ᠂ ᠬᠠᠮᠢᠶᠠᠷᠤᠯᠲᠠ ᠶᠢᠨ ᠬᠦᠴᠢᠷᠳᠡᠯ᠂ ᠨᠡᠶᠢᠭᠡᠮ | ᠲᠣᠭᠤᠷᠢᠭ ᠤᠨ ᠬᠡᠪᠴᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ ᠨᠡᠶᠢᠭᠡᠮ ᠲᠣᠭᠤᠷᠢᠭ ᠤᠨ ᠠᠵᠢᠯᠳᠠᠨ ᠢ ᠵᠦᠢ ᠵᠣᠬᠢᠰᠲᠠᠶ ᠲᠣᠬᠢᠷᠠᠭᠤᠯᠵᠤ᠂ ᠲᠤᠬᠢᠷᠠᠮᠵᠢᠲᠠᠢ | ᠴᠠᠭ ᠲᠤᠨᠢ ᠢᠯᠡ ᠪᠠᠷ ᠰᠢᠯᠭᠠᠨ ᠡᠯᠰᠡᠵᠦ᠂ ᠰᠢᠯᠭᠠᠨ ᠡᠯᠰᠡᠬᠦ ᠳᠤ ᠢᠯᠡ ᠪᠠᠷ ᠰᠢᠯᠭᠠᠬᠤ᠂ ᠴᠢᠩᠭ᠎ᠠ ᠰᠢᠯᠭᠠᠨ ᠪᠠᠶᠢᠴᠠᠭᠠᠬᠤ᠂ ᠡᠷᠬᠡ ᠲᠡᠭᠰᠢ ᠪᠠᠷ ᠥᠷᠢᠰᠥᠯᠳᠦᠭᠦᠯᠬᠦ | ᠂ ᠰᠢᠯᠢᠳᠡᠭ ᠢ ᠨᠢ ᠰᠣᠩᠭᠤᠨ ᠬᠡᠷᠡᠭᠯᠡᠬᠦ ᠠᠷᠭ᠎ᠠ ᠮᠠᠶ᠋ᠢᠭ ᠢ ᠠᠪᠴᠤ ᠶᠠᠪᠤᠭᠳᠠᠭᠤᠯᠤᠨ᠎ᠠ᠃ ᠪᠣᠳᠠᠲᠠᠶ ᠲᠠᠰ ᠳᠠᠷᠠᠭᠠᠯᠠᠯ ᠳᠤ᠄ ᠤᠷᠢᠨ ᠬᠡᠷᠡᠭᠯᠡᠬᠦ ᠲᠥᠰᠦᠯ ᠢ | ᠨᠠᠶᠢᠷᠠᠭᠤᠯᠤᠨ ᠵᠣᠬᠢᠶᠠᠬᠤ᠂ ᠤᠷᠢᠨ ᠬᠡᠷᠡᠭᠯᠡᠬᠦ ᠠᠯᠪᠠᠨ ᠵᠠᠷ ᠨᠡᠶᠢᠲᠡᠯᠡᠬᠦ᠂ ᠤᠷᠢᠨ ᠬᠡᠷᠡᠭᠯᠡᠬᠦ ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠬᠤ᠂ ᠤᠷᠢᠨ ᠬᠡᠷᠡᠭᠯᠡᠬᠦ | ᠬᠥᠮᠦᠰ ᠤᠨ ᠰᠢᠯᠭᠠᠯᠲᠠ ︵ᠪᠢᠷ ᠤᠨ ᠰᠢᠯᠭᠠᠯᠲᠠ᠂ ᠨᠢᠭᠤᠷᠳᠠᠬᠤ ᠰᠢᠯᠭᠠᠯᠲᠠ︶ ᠶᠢ ᠵᠣᠬᠢᠶᠠᠨ ᠪᠠᠶᠢᠭᠤᠯᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠤᠷᠢᠨ ᠬᠡᠷᠡᠭᠯᠡᠬᠦ | ᠬᠥᠮᠦᠰ ᠤᠨ ᠨᠡᠷᠡᠰ ᠢ ᠨᠡᠶᠢᠲᠡᠯᠡᠬᠦ᠂ ᠡᠯᠰᠡᠨ ᠬᠡᠷᠡᠭᠯᠡᠬᠦ ᠭᠠᠷᠳᠠᠮ ᠢ ᠭᠦᠢᠴᠡᠳᠬᠡᠬᠦ ᠵᠡᠷᠭᠡ ᠶᠢ ᠪᠠᠭᠲᠠᠭᠠᠨ᠎ᠠ᠃ | 2. ᠰᠢᠯᠭᠠᠨ ᠬᠢᠨᠠᠵᠣ ᠡᠯᠰᠡᠨ ᠬᠡᠷᠡᠭᠯᠡᠬᠦ᠃ ᠨᠡᠶᠢᠭᠡᠮ ᠲᠣᠭᠤᠷᠢᠭ ᠲᠤ ᠡᠯᠰᠡᠨ ᠬᠡᠷᠡᠭᠯᠡᠭᠰᠡᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠶᠢᠯᠡᠴᠢᠯᠡᠬᠦ ᠲᠥᠷᠥᠯ ᠵᠣᠶᠢᠯ︾ ᠤᠨ ᠠᠵᠢᠯᠲᠠᠨ ᠤ | ᠣᠶᠢᠯᠡᠴᠢᠯᠡᠬᠦ ᠬᠤᠭᠤᠴᠠᠭ᠎ᠠ ᠨᠢ ᠲᠦᠭᠦᠷᠴᠣ ᠰᠢᠯᠭᠠᠨ ᠬᠢᠨᠠᠯᠳᠠ ᠨᠢ ᠰᠢᠯᠢᠳᠡᠭ ᠪᠠᠶᠢᠪᠠᠯ᠂ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠶᠢᠨ ᠠᠵᠢᠯ ᠤᠨ | ᠬᠡᠷᠡᠭᠴᠡᠭᠡ ᠪᠣᠯᠤᠨ ᠠᠵᠢᠯ ᠤᠨ ᠪᠠᠶᠢᠷᠢ ᠶᠢᠨ ᠬᠤᠭᠤᠰᠣᠨ ᠳᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠰᠢᠭᠤᠳ ᠰᠢᠯᠭᠠᠨ ᠬᠢᠨᠠᠬᠤ᠂ ᠰᠢᠯᠭᠠᠨ ᠪᠠᠶᠢᠴᠠᠭᠠᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠪᠣᠯᠭᠠᠨ ᠬᠤᠪᠢᠷᠠᠭᠤᠯᠵᠤ ᠪᠣᠯᠤᠨ᠎ᠠ᠃ ᠰᠢᠯᠭᠠᠨ ᠬᠢᠨᠠᠬᠤ ᠰᠢᠯᠭᠠᠨ | ᠪᠠᠶᠢᠴᠠᠭᠠᠬᠤ ᠠᠵᠢᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︵ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ︶ ᠠᠴᠠ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠠᠰ ᠳᠠᠷᠠᠭᠠᠯᠠᠯ ᠵᠢᠴᠢ ᠦᠷ᠎ᠡ ᠳ᠋ᠦᠩ ᠢ ᠬᠤᠰᠢᠭᠤ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠪᠣᠳᠠᠲᠠᠶ ᠲᠠᠰ ᠳᠠᠷᠠᠭᠠᠯᠠᠯ ᠳᠤ᠄ ᠰᠢᠯᠭᠠᠨ ᠬᠢᠨᠠᠬᠤ ᠳᠤᠭᠤᠶᠢᠯᠠᠩ | ᠪᠠᠶᠢᠭᠤᠯᠬᠤ᠂ ᠰᠢᠯᠭᠠᠨ ᠬᠢᠨᠠᠬᠤ ᠲᠥᠰᠦᠯ ᠢ ᠨᠠᠶᠢᠷᠠᠭᠤᠯᠤᠨ ᠵᠣᠬᠢᠶᠠᠬᠤ᠂ ᠰᠢᠯᠭᠠᠨ ᠬᠢᠨᠠᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠢᠯᠭᠠᠨ ᠬᠢᠨᠠᠯᠳᠠ ᠳᠤ | ᠬᠢᠷᠢ ᠲᠡᠩᠴᠡᠭᠰᠡᠳ ᠤᠨ ᠨᠡᠷᠡᠰ ᠢ ᠢᠯᠡ ᠨᠡᠶᠢᠲᠡᠯᠡᠬᠦ᠂ ᠤᠷᠢᠨ ᠬᠡᠷᠡᠭᠯᠡᠬᠦ ᠭᠠᠷᠳᠠᠮ ᠢ ᠭᠦᠢᠴᠡᠳᠬᠡᠬᠦ ᠵᠡᠷᠭᠡ ᠶᠢ ᠪᠠᠭᠲᠠᠭᠠᠨ᠎ᠠ᠃ ᠨᠡᠶᠢᠭᠡᠮ ᠲᠣᠭᠤᠷᠢᠭ ᠲᠤ ᠨᠡᠶᠢᠭᠡᠮ | ᠤᠨ ᠠᠵᠢᠯ ᠤᠨ ᠲᠤᠰᠬᠠᠶ ᠠᠵᠢᠯ ᠤᠨ ᠪᠠᠶᠢᠷᠢ ᠨᠡᠭᠡᠭᠡᠬᠦ ᠳᠤ᠂ ᠰᠢᠯᠭᠠᠨ ᠡᠯᠰᠡᠬᠦ ᠪᠤᠶᠤ ᠤᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠨᠡᠶᠢᠭᠡᠮ ᠤᠨ | ᠠᠵᠢᠯᠳᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠣᠬᠢᠷᠠᠭᠤᠯᠵᠤ ᠪᠣᠯᠤᠨ᠎ᠠ᠃ | ᠨᠠᠢᠮᠠᠳᠤᠭᠠᠷ ᠵᠦᠢᠯ ᠤᠳᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯᠳᠠᠨ ᠢ ᠰᠢᠯᠵᠢᠭᠦᠯᠬᠦ | ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨᠡᠬᠢ ᠤᠤᠯ ᠤᠨ ᠠᠵᠢᠯ ᠤᠨ ᠪᠠᠶᠢᠷᠢ ᠳᠤ ᠪᠠᠶᠢᠭᠰᠠᠨ ᠨᠡᠶᠢᠭᠡᠮ ᠲᠣᠭᠤᠷᠢᠭ ᠤᠨ ᠠᠵᠢᠯᠲᠠᠨ ᠢ ᠡᠯ᠎ᠡ ᠬᠤᠰᠢᠭᠤ | ᠲᠣᠭᠤᠷᠢᠭ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ ᠶᠢᠨ ᠬᠠᠮᠲᠤ ᠶᠡᠷᠦᠩᠬᠡᠶᠢᠯᠡᠭᠰᠡᠨ ᠰᠢᠯᠭᠠᠨ ᠬᠢᠨᠠᠯᠳᠠ ᠬᠢᠨ᠎ᠡ᠃ ᠤᠷᠢᠨ ᠬᠡᠷᠡᠭᠯᠡᠬᠦ | ᠨᠥᠬᠦᠴᠡᠯ ᠳᠤ ᠨᠡᠶᠢᠴᠡᠪᠡᠯ᠂ ᠲᠣᠰ ᠠᠷᠭ᠎ᠠ ᠶᠢᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠵᠣᠬᠢᠬᠤ ᠴᠠᠯᠢᠩ ᠬᠦᠯᠦᠰᠤ ᠣᠯᠭᠤᠨ᠎ᠠ᠃ ᠪᠤᠰᠤᠳ | ᠬᠥᠮᠦᠰ ᠢ ᠤᠤᠯ ᠤᠨ ᠬᠢᠷᠢ ᠬᠡᠮ ᠢᠶᠠᠷ ᠨᠢ ᠬᠠᠮᠢᠶᠠᠷᠤᠨ᠎ᠠ᠃ | ᠶᠢᠰᠦᠳᠦᠭᠡᠷ ᠵᠦᠢᠯ ᠰᠢᠨ᠎ᠡ ᠪᠠᠷ ᠡᠯᠰᠡᠨ ᠬᠡᠷᠡᠭᠯᠡᠬᠦ ᠨᠡᠶᠢᠭᠡᠮ ᠲᠣᠭᠤᠷᠢᠭ ᠤᠨᠲ᠋ᠤᠰᠬᠠᠢ ᠲᠤᠰᠢᠶᠠᠯᠳᠤ ᠠᠵᠢᠯᠳᠠᠨ ᠤ ᠲᠤᠷᠰᠢᠨ ᠬᠡᠷᠡᠭᠯᠡᠬᠦ ᠬᠤᠭᠤᠴᠠᠭ᠎ᠠ ᠨᠢ 3 | ᠰᠠᠷ᠎ᠠ ᠪᠣᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠭᠰᠡᠨ ᠤ ᠳᠠᠷᠠᠭ᠎ᠠ ᠵᠢᠩᠬᠢᠨᠢ ᠪᠠᠷ ᠤᠷᠢᠨ ᠬᠡᠷᠡᠭᠯᠡᠨ᠎ᠡ᠂ ᠤᠷᠢᠨ ᠬᠡᠷᠡᠭᠯᠡᠬᠦ | ᠬᠤᠭᠤᠴᠠᠭ᠎ᠠ ᠨᠢ 3 ᠵᠢᠯ ᠪᠣᠯᠤᠨ᠎ᠠ︔ ᠬᠢᠷᠢ ᠲᠡᠩᠴᠡᠭᠰᠡᠨ ᠦᠭᠡᠢ ᠪᠠᠶᠢᠪᠠᠯ ᠤᠷᠢᠬᠤ ᠪᠠᠨ ᠵᠣᠭᠰᠣᠨ᠎ᠠ︔ ᠨᠡᠶᠢᠭᠡᠮ ᠲᠣᠭᠤᠷᠢᠭ ᠲᠤ ᠠᠵᠢᠯᠯᠠᠭᠠᠳ ᠪᠦᠬᠦᠯᠢ 3 ᠵᠢᠯ | ᠪᠣᠯᠤᠭᠰᠠᠨ ᠪᠥᠭᠡᠳ ᠵᠠᠯᠭᠠᠭ᠎ᠠ ᠪᠠᠷ 3 ᠵᠢᠯ ᠰᠢᠯᠭᠠᠨ ᠬᠢᠨᠠᠭᠠᠳ ᠬᠢᠷᠢ ᠲᠡᠩᠴᠡᠭᠰᠡᠨ ᠪᠠᠶᠢᠪᠠᠯ᠂ ᠦᠷᠭᠦᠯᠵᠢᠯᠡᠨ ᠤᠷᠢᠬᠤ ᠬᠥᠳᠡᠯᠮᠦᠷᠢ ᠶᠢᠨ ᠭᠡᠷ᠎ᠡ ᠲᠣᠭᠲᠠᠵᠤ | ᠪᠣᠯᠤᠨ᠎ᠠ᠃ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠤ ᠠᠵᠢᠯᠲᠠᠨ ᠤ ᠬᠥᠳᠡᠯᠮᠦᠷᠢ ᠶᠢᠨ ᠭᠡᠷ᠎ᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠲᠣᠭᠲᠠᠭᠠᠬᠤ ᠪᠠ ᠬᠦᠴᠦᠨ ᠦᠭᠡᠶ ᠪᠣᠯᠭᠠᠨ᠎ᠠ᠃ | ᠳᠥᠷᠪᠡᠳᠦᠭᠡᠷ ᠪᠦᠯᠦᠭ ᠴᠠᠯᠢᠩ ᠬᠦᠯᠦᠰᠤ ᠶᠢᠨ ᠪᠠᠷᠢᠮᠵᠢᠶ᠎ᠠ | ᠠᠷᠪᠠᠳᠤᠭᠠᠷ ᠵᠦᠢᠯ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ | ᠳᠠᠭᠠᠳᠬᠠᠯ᠂ ᠦᠷᠡᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠵᠡᠷᠭᠡ ᠨᠡᠶᠢᠭᠡᠮ ᠤᠨ | ᠳᠠᠭᠠᠳᠬᠠᠯ ᠢ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠲᠤᠰᠢᠶᠠᠨ᠎ᠠ᠃ | ᠠᠷᠪᠠᠨ ᠨᠢᠭᠡᠳᠦᠭᠡᠷ ᠵᠣᠶᠢᠯ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠤ ᠴᠠᠯᠢᠩ ᠬᠥᠯᠥᠰᠥ ᠶᠢᠨ ᠬᠠᠮᠢᠶᠠᠷᠤᠯᠲᠠ ᠶᠢ ︽ᠣᠷᠳᠣᠰ ᠬᠤᠲᠠ | ᠶᠢᠨ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠤ ᠠᠵᠢᠯ ᠤᠨ ᠪᠠᠶᠢᠷᠢ ᠶᠢᠨ ᠵᠡᠷᠬᠡ ᠲᠠᠰ ᠪᠠ ᠴᠠᠯᠢᠩ ᠬᠥᠯᠥᠰᠥ ᠶᠢᠨ ᠬᠡᠷᠡᠭᠵᠢᠭᠦᠯᠬᠦ ᠲᠥᠰᠦᠯ︾ | ᠶᠣᠰᠣᠭᠠᠷ ᠬᠡᠷᠡᠭᠵᠢᠭᠦᠯᠦᠨ᠎ᠡ᠃ ᠨᠡᠶᠢᠬᠡᠮ ᠲᠤᠭᠤᠷᠢᠭ ᠤᠨ ᠲᠤᠰᠬᠠᠢ ᠲᠤᠰᠢᠶᠠᠯᠳᠣ ᠠᠵᠢᠯᠲᠠᠨ ᠤ ᠴᠠᠯᠢᠩ ᠬᠥᠯᠥᠰᠥ ᠶᠢᠨ ᠬᠠᠮᠢᠶᠠᠷᠤᠯᠲᠠ ᠳᠤ ᠣᠷᠣᠭᠤᠯᠤᠭᠠᠳᠤᠶ | ᠪᠤᠰᠤᠳ ᠨᠡᠶᠢᠭᠡᠮ ᠲᠣᠭᠤᠷᠢᠭ ᠤᠨ ᠠᠵᠢᠯᠲᠠᠨ ᠠᠵᠢᠯ ᠤᠨ ᠪᠠᠶᠢᠷᠢ ᠶᠢᠨ ᠲᠥᠷᠥᠯ ᠬᠡᠯᠪᠡᠷᠢ᠂ ᠠᠵᠢᠯᠯᠠᠭᠰᠠᠨ ᠴᠠᠭ ᠤᠨ ᠣᠷᠳᠣ ᠵᠡᠷᠭᠡ ᠠᠵᠢᠯ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠴᠠᠯᠢᠩ ᠬᠦᠯᠦᠰᠤ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠤᠭᠳᠠᠭᠠᠨ᠎ᠠ᠃ | ᠲᠠᠪᠤᠳᠤᠭᠠᠷ ᠪᠦᠯᠦᠭ ᠬᠠᠮᠢᠶᠠᠷᠤᠯᠲᠠ ᠪᠠ ᠪᠣᠯᠪᠠᠰᠤᠷᠠᠭᠤᠯᠤᠯ | ᠠᠷᠪᠠᠨ ᠬᠤᠶᠠᠳᠤᠭᠠᠷ ᠵᠦᠢᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠤᠴᠢᠷ ᠶᠠᠪᠤᠳᠠᠯ ᠢ ᠨᠢᠭᠡᠳᠦᠯᠲᠡᠶ ᠲᠥᠯᠥᠪᠯᠡᠨ ᠵᠤᠬᠢᠴᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠳᠠ ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠵᠢᠴᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠶᠢ ᠬᠠᠷᠢᠭᠤᠴᠠᠨ᠎ᠠ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ | ᠵᠢᠴᠢ ᠲᠦᠷᠢᠮ ᠤᠨ ᠪᠠᠶᠢᠭᠤᠯᠤᠯᠲᠠ ᠶᠢ ᠬᠠᠷᠢᠭᠤᠴᠠᠬᠤ ᠶᠢᠨ ᠬᠠᠮᠲᠤ᠂ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠶᠢ ᠵᠢᠯᠣᠭᠤᠳᠤᠨ ᠨᠡᠶᠢᠭᠡᠮ ᠲᠣᠭᠤᠷᠢᠭ | ᠤᠨ ᠠᠵᠢᠯᠲᠠᠨ ᠤ ᠡᠩᠨᠡᠭᠡ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠰᠠᠶᠢᠲᠤᠷ ᠬᠢᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠨᠡᠶᠢᠭᠡᠮ ᠲᠣᠭᠤᠷᠢᠭ ᠤᠨ | ᠠᠵᠢᠯᠲᠠᠨ ᠤ ᠵᠠᠷᠤᠳᠠᠯ ᠤᠨ ᠪᠠᠲᠤᠯᠠᠭ᠎ᠠ ᠶᠢ ᠬᠠᠷᠢᠭᠤᠴᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ | ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠬᠦᠯᠦᠰᠤ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠳᠠᠭᠠᠵᠣ᠂ ᠨᠡᠶᠢᠭᠡᠮ ᠲᠣᠭᠤᠷᠢᠭ ᠤᠨ ᠠᠵᠢᠯᠲᠠᠨ ᠢ ᠡᠯᠰᠡᠨ | ᠬᠡᠷᠡᠭᠯᠡᠬᠦ᠂ ᠪᠣᠯᠪᠠᠰᠤᠷᠠᠭᠤᠯᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠶᠢ ᠬᠠᠷᠢᠭᠤᠴᠠᠨ᠎ᠠ︔ ᠪᠤᠰᠤᠳ ᠠᠵᠢᠯ ᠲᠥᠷᠥᠯ ᠤᠨ ᠰᠠᠯᠠᠭ᠎ᠠ ᠮᠥᠴᠢᠷ ᠤᠳ ᠵᠡᠭᠡᠯᠢ | ᠭᠤᠳᠤᠮᠵᠢ ︵ᠰᠤᠮᠤ ᠰᠢᠶᠠᠩ ᠪᠠᠯᠭᠠᠰᠤ︶ ᠲᠠᠢ ᠬᠠᠮᠵᠢᠯᠴᠠᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠵᠢᠯᠣᠭᠤᠳᠬᠤ᠂ | ᠡᠬᠢ ᠪᠠᠶᠠᠯᠢᠭ ᠢ ᠳᠣᠭᠢᠷᠠᠭᠤᠯᠬᠤ᠂ ᠬᠦᠴᠦᠨ ᠢ ᠳᠣᠭᠢᠷᠠᠭᠤᠯᠬᠤ᠂ ᠰᠢᠯᠭᠠᠨ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ︵ᠰᠤᠮᠤ ᠰᠢᠶᠠᠩ | ᠪᠠᠯᠭᠠᠰᠤ︶ ᠨᠢ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠡᠳᠦᠷ ᠲᠤᠲᠤᠮ ᠤᠨ ᠬᠠᠮᠢᠶᠠᠷᠤᠯᠲᠠ᠂ ᠰᠢᠯᠭᠠᠨ ᠬᠢᠨᠠᠵᠤ ᠬᠡᠷᠡᠭᠯᠡᠬᠦ ᠶᠢ ᠬᠠᠷᠢᠭᠤᠴᠠᠨ᠎ᠠ᠃ | ᠠᠷᠪᠠᠨ ᠭᠤᠷᠪᠠᠳᠤᠭᠠᠷ ᠵᠣᠶᠢᠯ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ | ᠨᠢ ᠨᠡᠶᠢᠭᠡᠮ ᠲᠣᠭᠤᠷᠢᠭ ᠤᠨ ᠠᠵᠢᠯᠲᠠᠳ ᠲᠤ ᠠᠵᠢᠯ ᠤᠨ ᠲᠠᠩᠰᠠ ᠡᠪᠬᠡᠮᠡᠯ ᠪᠠᠶᠢᠭᠤᠯᠵᠤ᠂ ᠡᠭᠦᠨ ᠳᠤ ᠭᠤᠤᠯᠳᠠᠭᠤ ᠨᠡᠶᠢᠭᠡᠮ ᠲᠣᠭᠤᠷᠢᠭ ᠤᠨ ᠠᠵᠢᠯᠲᠠᠳ ᠤᠨ | ᠦᠨᠳᠦᠰᠦᠨ ᠪᠠᠶᠢᠳᠠᠯ᠂ ᠬᠥᠳᠡᠯᠮᠦᠷᠢ ᠶᠢᠨ ᠭᠡᠷ᠎ᠡ᠂ ᠠᠵᠢᠯ ᠤᠨ ᠥᠩᠭᠡᠷᠡᠯᠲᠡ᠂ ᠠᠵᠢᠯ ᠤᠨ ᠪᠠᠶᠢᠷᠢ ᠶᠢᠨ ᠬᠤᠪᠢᠷᠠᠯᠲᠠ᠂ ᠰᠢᠯᠭᠠᠨ ᠬᠢᠨᠠᠵᠣ ᠦᠨᠡᠯᠡᠬᠦ᠂ | ᠪᠣᠯᠪᠠᠰᠤᠷᠠᠭᠤᠯᠵᠤ ᠬᠥᠬᠢᠭᠦᠯᠦᠨ ᠰᠠᠶᠢᠰᠢᠶᠠᠬᠤ ᠵᠡᠷᠭᠡ ᠪᠠᠶᠢᠳᠠᠯ ᠪᠠᠭᠲᠠᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠲᠠᠩᠰᠠ ᠡᠪᠬᠡᠮᠡᠯ ᠵᠡᠷᠭᠡ ᠶᠢ ᠵᠡᠭᠡᠯᠢ | ᠭᠤᠳᠤᠮᠵᠢ ︵ᠰᠤᠮᠤ ᠰᠢᠶᠠᠩ ᠪᠠᠯᠭᠠᠰᠤ︶ ᠠᠴᠠ ᠬᠠᠷᠢᠭᠤᠴᠠᠨ ᠬᠠᠮᠢᠶᠠᠷᠬᠤ ᠶᠢᠨ ᠬᠠᠮᠲᠤ᠂ ᠬᠤᠰᠢᠭᠤ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ ᠳᠤ ᠪᠦᠷᠢᠳᠬᠡᠨ ᠳᠠᠩᠰᠠᠯᠠᠭᠤᠯᠤᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ | ᠶᠢᠨ ᠱᠦᠵᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠳᠤ ᠠᠰᠲᠠᠭᠠᠨ ᠲᠣᠭᠲᠠᠭᠠᠯ ᠲᠠᠢ ᠪᠣᠯ ᠬᠠᠮᠢᠶ᠎ᠠ ᠪᠥᠬᠦᠶ ᠲᠣᠭᠲᠠᠭᠠᠯ ᠢ ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠨᠡᠶᠢᠭᠡᠮ ᠲᠣᠭᠤᠷᠢᠭ ᠤᠨ | ᠠᠵᠢᠯᠳᠠᠨ ᠢ ᠳᠤᠷ᠎ᠠ ᠪᠠᠷ ᠢᠶᠠᠨ ᠵᠢᠭᠡᠯᠡᠨ ᠬᠡᠷᠡᠭᠯᠡᠵᠣ ᠪᠣᠯᠬᠤ ᠥᠭᠡᠢ᠂ ᠦᠨᠡᠨᠬᠦ ᠵᠢᠭᠡᠯᠡᠨ ᠬᠡᠷᠡᠭᠯᠡᠬᠦ ᠴᠢᠬᠤᠯᠠ ᠲᠠᠢ ᠪᠣᠯ ᠡᠯ᠎ᠡ ᠬᠤᠰᠢᠭᠤ ᠲᠣᠭᠤᠷᠢᠭ ᠤᠨ ᠵᠣᠬᠢᠶᠠᠨ | ᠪᠠᠶᠢᠭᠤᠯᠬᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠭᠤᠯᠤᠨ ᠵᠥᠪᠰᠢᠶᠡᠷᠡᠭᠦᠯᠬᠦ ᠬᠡᠷᠡᠭᠲᠡᠶ᠂ ᠴᠠᠭ ᠬᠤᠭᠤᠴᠠᠭ᠎ᠠ ᠶᠢ 3 ᠰᠠᠷ᠎ᠠ ᠠᠴᠠ ᠬᠡᠲᠦᠷᠡᠭᠦᠯᠵᠦ | ᠪᠣᠯᠬᠤ ᠥᠭᠡᠢ᠂ ᠠᠳᠠᠯᠢ ᠨᠢᠭᠡᠨ ᠬᠤᠭᠤᠴᠠᠭᠠᠨ ᠳᠤ ᠠᠳᠠᠯᠢ ᠨᠢᠭᠡᠨ ᠨᠡᠶᠢᠭᠡᠮ ᠲᠣᠭᠤᠷᠢᠭ ᠤᠨ ᠵᠢᠭᠡᠯᠡᠭᠳᠡᠨ ᠬᠡᠷᠡᠭᠯᠡᠭᠳᠡᠭᠰᠡᠨ ᠺᠡᠳ᠋ᠷ 2 ᠬᠥᠮᠦᠨ ᠠᠴᠠ ᠬᠡᠳᠦᠷᠡᠵᠣ | ᠪᠣᠯᠬᠤ ᠥᠭᠡᠢ᠃ | ᠠᠷᠪᠠᠨ ᠲᠠᠪᠤᠳᠤᠭᠠᠷ ᠵᠣᠶᠢᠯ ︽ᠨᠢᠭᠡ ᠵᠣᠶᠢᠯ ᠳᠤ ᠮᠡᠷᠭᠡᠰᠢᠵᠦ ᠣᠯᠠᠨ ᠵᠣᠶᠢᠯ ᠤᠨ ᠴᠢᠳᠠᠪᠤᠷᠢ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠣᠯᠠᠨ | ᠬᠠᠷᠢᠭᠤᠴᠠᠯᠭ᠎ᠠ ᠲᠠᠢ ᠪᠠᠶᠢᠬᠤ︾ ᠵᠠᠷᠴᠢᠮ ᠶᠣᠰᠣᠭᠠᠷ᠂ ᠠᠳᠠᠯᠢ ᠪᠤᠰᠤ ᠨᠡᠶᠢᠭᠡᠮ ᠲᠣᠭᠤᠷᠢᠭ ᠤᠨ ᠬᠤᠭᠤᠷᠣᠨᠳᠣ᠂ ᠨᠡᠶᠢᠭᠡᠮ ᠲᠣᠭᠤᠷᠢᠭ ᠤᠨ ᠳᠣᠲᠣᠷᠠᠬᠢ ᠠᠳᠠᠯᠢ | ᠪᠤᠰᠤ ᠠᠵᠢᠯ ᠤᠨ ᠪᠠᠶᠢᠷᠢ᠂ ᠠᠳᠠᠯᠢ ᠪᠤᠰᠤ ᠲᠣᠤᠷᠵᠢᠯ ᠲᠣᠭᠤᠷᠢᠭ ᠤᠨ ᠬᠤᠭᠤᠷᠣᠨᠳᠣ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠶᠢ ᠬᠡᠷᠡᠭᠵᠢᠭᠦᠯᠵᠦ᠂ ᠠᠵᠢᠯ | ᠤᠨ ᠪᠠᠶᠢᠷᠢ ᠶᠢᠨ ᠣᠶᠢᠯᠡᠳᠦᠯᠬᠡ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ AB ᠠᠵᠢᠯ ᠤᠨ ᠪᠠᠶᠢᠷᠢ᠂ ᠴᠠᠭ ᠵᠥᠷᠢᠵᠦ | ᠠᠵᠢᠯ ᠳᠤ ᠭᠠᠷᠬᠤ ᠪᠠ ᠠᠵᠢᠯ ᠠᠴᠠ ᠪᠠᠨ ᠪᠠᠭᠤᠬᠤ᠂ ᠪᠦᠬᠦᠯᠢ ᠡᠳᠦᠷ ᠢᠶᠠᠷ ᠵᠢᠵᠢᠭᠦᠷᠯᠡᠬᠦ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠡᠯᠵᠢᠯᠡᠨ | ᠠᠮᠠᠷᠠᠬᠤ ᠵᠡᠷᠭᠡ ᠲᠦᠷᠢᠮ ᠢ ᠰᠦᠪᠡᠭᠴᠢᠯᠡᠨ ᠬᠡᠷᠡᠭᠵᠢᠭᠦᠯᠵᠦ᠂ ᠠᠵᠢᠯᠲᠠᠨ ᠢ ᠵᠦᠶ ᠵᠣᠬᠢᠰᠲᠠᠶ ᠲᠤᠬᠢᠷᠠᠭᠤᠯᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ | ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ | ᠠᠷᠪᠠᠨ ᠵᠢᠷᠭᠤᠳᠤᠭᠠᠷ ᠵᠣᠶᠢᠯ ᠡᠯ᠎ᠡ ᠬᠤᠰᠢᠭᠤ ᠲᠣᠭᠤᠷᠢᠭ ᠨᠢ ᠨᠡᠶᠢᠭᠡᠮ ᠲᠣᠭᠤᠷᠢᠭ ᠤᠨ ᠠᠵᠢᠯᠲᠠᠨ ᠢ ᠬᠦᠮᠦᠵᠢᠭᠦᠯᠦᠨ ᠪᠤᠯᠪᠠᠰᠤᠷᠠᠭᠤᠯᠬᠤ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠭᠤᠯᠤᠯ ᠤᠨ ᠵᠠᠷᠤᠳᠠᠯ ᠢ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ | ᠡᠭᠦᠷᠭᠡᠯᠡᠵᠦ᠂ ᠬᠤᠰᠢᠭᠤ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤᠪᠠᠷ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠵᠢᠯ ᠪᠦᠷᠢ ᠶᠢᠨ ᠬᠤᠲᠠ᠂ ᠬᠤᠰᠢᠭᠤ ᠲᠣᠭᠤᠷᠢᠭ᠂ ᠵᠡᠭᠡᠯᠢ ᠭᠤᠳᠤᠮᠵᠢ ︵ᠰᠤᠮᠤ ᠰᠢᠶᠠᠩ | ᠪᠠᠯᠭᠠᠰᠤ︶ ᠶᠢᠨ ᠵᠣᠬᠢᠶᠠᠨ ᠪᠠᠶᠢᠭᠤᠯᠤᠭᠰᠠᠨ ᠪᠤᠯᠪᠠᠰᠤᠷᠠᠭᠤᠯᠤᠯ ᠳᠤ ᠣᠷᠣᠯᠴᠠᠬᠤ ᠴᠠᠭ ᠢ 40 ᠬᠢᠴᠢᠶᠡᠯ ᠤᠨ ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ | ᠠᠷᠪᠠᠨ ᠳᠣᠯᠣᠳᠤᠭᠠᠷ ᠵᠦᠢᠯ ᠨᠡᠶᠢᠭᠡᠮ ᠲᠣᠭᠤᠷᠢᠭ ᠤᠨ ᠠᠵᠢᠯᠲᠠᠳ ᠤᠨ ᠪᠦᠬᠦ ᠤᠯᠤᠰ ᠤᠨ ᠨᠡᠶᠢᠭᠡᠮ ᠤᠨ ᠠᠵᠢᠯᠲᠠᠳ ᠤᠨ ᠠᠵᠢᠯ ᠮᠡᠷᠭᠡᠵᠢᠯ ᠤᠨ ᠬᠢᠷᠢ | ᠬᠡᠮ ᠤᠨ ᠬᠢᠷᠢ ᠲᠦᠪᠰᠢᠨ ᠤ ᠪᠣᠯᠪᠠᠰᠤᠷᠠᠭᠤᠯᠤᠯ ᠬᠢᠭᠡᠳ ᠰᠢᠯᠭᠠᠯᠲᠠ ᠳᠤ ᠣᠷᠣᠯᠴᠠᠬᠤ ᠶᠢ ᠢᠳᠡᠪᠬᠢᠲᠡᠶ ᠪᠠᠷ ᠵᠣᠷᠢᠭᠵᠢᠭᠤᠯᠤᠨ᠂ ᠨᠡᠶᠢᠭᠡᠮ ᠲᠣᠭᠤᠷᠢᠭ ᠤᠨ | ᠠᠵᠢᠯᠲᠠᠳ ᠤᠨ ᠲᠤᠰᠬᠠᠶᠢᠵᠢᠭᠰᠠᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠭᠦᠯᠦᠨ᠎ᠡ᠃ ᠲᠤᠰᠠᠯᠠᠭᠴᠢ ᠨᠡᠶᠢᠭᠡᠮ ᠤᠨ ᠠᠵᠢᠯᠳᠠᠨ᠂ ᠨᠡᠶᠢᠭᠡᠮ ᠤᠨ | ᠠᠵᠢᠯᠳᠠᠨ ᠪᠣᠯᠤᠨ ᠳᠡᠭᠡᠳᠦ ᠵᠡᠷᠭᠡ ᠶᠢᠨ ᠨᠡᠶᠢᠭᠡᠮ ᠤᠨ ᠠᠵᠢᠯᠳᠠᠨ ᠵᠡᠷᠭᠡ ᠬᠠᠮᠢᠶ᠎ᠠ ᠪᠥᠬᠦᠢ ᠠᠵᠢᠯ ᠮᠡᠷᠭᠡᠵᠢᠯ ᠤᠨ ᠬᠢᠷᠢ ᠬᠡᠮ ᠢ ᠣᠯᠤᠭᠰᠠᠨ ᠨᠡᠶᠢᠭᠡᠮ ᠲᠣᠭᠤᠷᠢᠭ ᠤᠨ | ᠠᠵᠢᠯᠳᠠᠨ ᠳᠤ ᠵᠣᠬᠢᠬᠤ ᠠᠵᠢᠯ ᠮᠡᠷᠭᠡᠵᠢᠯ ᠤᠨ ᠨᠡᠮᠡᠭᠦᠷᠢ ᠦᠭᠭᠦᠨ᠎ᠡ᠃ ᠬᠤᠰᠢᠭᠤ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠮᠢᠶ᠎ᠠ ᠪᠥᠬᠦᠶ | ᠠᠵᠢᠯ ᠮᠡᠷᠭᠡᠵᠢᠯ ᠤᠨ ᠬᠢᠷᠢ ᠬᠡᠮ ᠣᠯᠤᠭᠰᠠᠨ ᠨᠡᠶᠢᠭᠡᠮ ᠲᠣᠭᠤᠷᠢᠭ ᠤᠨ ᠠᠵᠢᠯᠲᠠᠳ ᠢ ᠦᠷᠭᠦᠯᠵᠢᠯᠠᠨ ᠬᠦᠮᠦᠵᠢᠭᠦᠯᠦᠨ ᠪᠤᠯᠪᠠᠰᠤᠷᠠᠭᠤᠯᠵᠤ᠂ ᠵᠠᠷᠤᠳᠠᠯ ᠢ ᠬᠤᠰᠢᠭᠤ | ᠲᠣᠭᠤᠷᠢᠭ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ | ᠵᠢᠷᠭᠤᠳᠤᠭᠠᠷ ᠪᠦᠯᠦᠭ ᠰᠢᠯᠭᠠᠨ ᠬᠢᠨᠠᠬᠤ ᠪᠠ ᠤᠷᠮᠠᠰᠢᠭᠤᠯᠬᠤ | ᠠᠷᠪᠠᠨ ᠨᠠᠢᠮᠠᠳᠤᠭᠠᠷ ᠵᠦᠢᠯ ᠪᠤᠰᠤᠳᠴᠢ᠂ ᠭᠤᠣᠯᠴᠢ᠂ ᠢᠯᠡ ᠪᠠᠶᠢᠯᠭᠠᠬᠤ ᠵᠠᠷᠴᠢᠮ ᠢ ᠪᠠᠷᠢᠮᠳᠠᠯᠠᠵᠣ᠂ ᠨᠡᠶᠢᠭᠡᠮ ᠲᠣᠭᠤᠷᠢᠭ ᠤᠨ ᠠᠵᠢᠯᠳᠠᠨ ᠤ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠤᠨ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠪᠠᠷ ᠦᠨᠳᠦᠰᠦᠨ ᠦᠨᠳᠦᠰᠦᠯᠡᠯ ᠪᠣᠯᠭᠠᠨ᠂ ᠡᠳᠦᠷ ᠲᠤᠳᠤᠮ ᠤᠨ | ᠰᠢᠯᠭᠠᠨ ᠬᠢᠨᠠᠬᠤ᠂ ᠣᠨ ᠤ ᠰᠢᠯᠭᠠᠨ ᠬᠢᠨᠠᠬᠤ᠂ ᠰᠠᠭᠤᠭᠠᠯᠢ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠳᠠᠨ ᠤ ︽ᠮᠣᠷᠠᠯ᠂ ᠴᠢᠳᠠᠪᠤᠷᠢ᠂ ᠠᠵᠢᠯᠴᠢ᠂ ᠠᠮᠵᠢᠯᠲᠠ ᠪᠦᠲᠦᠮᠵᠢ᠂ ᠠᠷᠢᠭᠤᠨ ᠴᠢᠬᠡᠴᠢ︾ ᠶᠢ ᠪᠥᠬᠦ ᠲᠠᠯ᠎ᠠ ᠪᠠᠷ | ᠰᠢᠯᠭᠠᠨ ᠬᠢᠨᠠᠨ᠎ᠠ᠃ ᠠᠵᠢᠯ ᠤᠨ ᠪᠣᠳᠠᠲᠤ ᠠᠮᠵᠢᠯᠲᠠ ᠪᠣᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠭᠤᠤᠯᠳᠠᠯᠭ᠎ᠠ ᠲᠠᠢ | ᠳᠣᠪᠤᠶᠢᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠡᠩ ᠤᠨ ᠪᠠᠶᠢᠳᠠᠯ ᠳᠤ ᠰᠢᠯᠭᠠᠨ ᠬᠢᠨᠠᠬᠤ ᠶᠡᠷᠦᠩᠬᠡᠶ ᠬᠤᠪᠢ ᠶᠢᠨ | 50% ᠶᠢ ᠡᠵᠡᠯᠡᠨ᠎ᠡ᠃ ᠰᠢᠯᠭᠠᠨ ᠬᠢᠨᠠᠯᠳᠠ ᠶᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ ᠳᠡᠭᠡᠨ ᠬᠢᠷᠢ ᠲᠡᠩᠴᠡᠭᠰᠡᠨ ᠪᠠ ᠬᠢᠷᠢ ᠲᠡᠩᠴᠡᠭᠰᠡᠨ ᠥᠬᠡᠶ ᠭᠡᠵᠦ | ᠳᠥᠷᠪᠡᠨ ᠳᠡᠰ ᠬᠤᠪᠢᠶᠠᠵᠤ᠂ ᠰᠢᠯᠢᠳᠡᠭ ᠬᠠᠷᠢᠴᠠᠯ ᠢ ᠡᠩ ᠤᠨ ᠪᠠᠶᠢᠳᠠᠯ ᠳᠤ ᠶᠡᠷᠦᠩᠬᠡᠶ ᠲᠣᠭᠠᠨ ᠤ 20% ᠠᠴᠠ ᠳᠠᠪᠠᠭᠤᠯᠬᠤ ᠥᠬᠡᠶ᠃ ᠰᠢᠯᠭᠠᠨ ᠬᠢᠨᠠᠭᠰᠠᠨ | ᠦᠷ᠎ᠡ ᠳ᠋ᠦᠩ ᠢ ᠨᠡᠶᠢᠭᠡᠮ ᠲᠣᠭᠤᠷᠢᠭ ᠤᠨ ᠠᠵᠢᠯᠳᠠᠨ ᠢ ᠦᠷᠭᠦᠯᠵᠢᠯᠡᠨ ᠤᠷᠢᠬᠤ᠂ ᠤᠷᠢᠬᠤ ᠪᠠᠨ ᠵᠣᠭᠰᠣᠭᠠᠬᠤ᠂ ᠱᠠᠩᠨᠠᠵᠤ ᠲᠣᠷᠭᠠᠬᠤ᠂ ᠠᠵᠢᠯ ᠤᠨ ᠪᠠᠶᠢᠷᠢ | ᠪᠣᠯᠤᠨ ᠴᠠᠯᠢᠩ ᠭᠦᠯᠦᠰᠤ ᠶᠢ ᠲᠣᠬᠢᠷᠠᠭᠤᠯᠬᠤ ᠶᠢᠨ ᠴᠢᠬᠤᠯᠠ ᠦᠨᠳᠦᠰᠦᠯᠡᠯ ᠪᠤᠯᠭᠠᠨ᠎ᠠ᠃ | ᠠᠷᠪᠠ ᠶᠢᠰᠦᠳᠦᠭᠡᠷ ᠵᠣᠶᠢᠯ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠬᠢᠨᠠᠬᠤ ᠠᠷᠭ᠎ᠠ ᠶᠢ ᠡᠯ᠎ᠡ ᠬᠤᠰᠢᠭᠤ ᠲᠣᠭᠤᠷᠢᠭ ᠠᠴᠠ ᠵᠣᠬᠢᠶᠠᠨ ᠪᠠᠶᠢᠭᠤᠯᠬᠤ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠣᠭᠲᠠᠭᠠᠵᠤ᠂ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︵ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ︶ ᠨᠢ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠯᠭᠠᠨ ᠬᠢᠨᠠᠭᠰᠠᠨ ᠦᠷ᠎ᠡ ᠳ᠋ᠦᠩ ᠢ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠬᠤ᠂ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠳᠤ ᠳᠣᠷᠣᠭᠰᠢ ᠲᠣᠮᠢᠯᠠᠭᠰᠠᠨ ᠬᠤᠰᠢᠭᠤ ᠲᠣᠭᠤᠷᠢᠭ | ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠵᠢᠯᠲᠠᠨ ᠢ ᠰᠢᠯᠭᠠᠨ ᠬᠢᠨᠠᠬᠤ᠂ ᠳᠡᠪᠰᠢᠭᠦᠯᠬᠦ ᠳᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︵ᠰᠤᠮᠤ | ᠰᠢᠶᠠᠩ ᠪᠠᠯᠭᠠᠰᠤ ᠶᠢᠨ ᠨᠠᠮ ᠤᠨ ᠬᠤᠷᠢᠶ᠎ᠠ︶ ᠶᠢᠨ ᠰᠠᠨᠠᠯ ᠢ ᠰᠤᠨᠤᠰᠤᠨ᠎ᠠ᠃ | ᠬᠤᠷᠢᠳᠤᠭᠠᠷ ᠵᠦᠢᠯ ᠨᠡᠶᠢᠭᠡᠮ ᠲᠣᠭᠤᠷᠢᠭ ᠤᠨ ᠠᠵᠢᠯᠳᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠨ᠎ᠡ᠃ ᠥᠪᠡᠷᠲᠡᠭᠡᠨ | ᠵᠠᠰᠠᠬᠤ ᠣᠷᠣᠨ ᠳᠤ ᠠᠯᠪᠠᠲᠠᠨ ᠡᠯᠰᠡᠬᠦ ᠲᠥᠯᠥᠪᠯᠡᠭᠡ ᠶᠢ ᠮᠡᠳᠡᠭᠦᠯᠬᠦ ᠪᠤᠶᠤ ᠠᠵᠢᠯ ᠣᠶᠢᠯᠡᠰ ᠤᠨ ᠨᠢᠭᠡᠴᠡ ᠳᠤ ᠢᠯᠡ ᠪᠠᠷ ᠤᠷᠢᠨ ᠬᠡᠷᠡᠭᠯᠡᠬᠦ ᠳᠡᠭᠡᠨ᠂ ᠵᠣᠬᠢᠬᠤ | ᠲᠤᠭ᠎ᠠ ᠬᠡᠮᠵᠢᠶᠡᠨ ᠤ ᠠᠵᠢᠯ ᠤᠨ ᠪᠠᠶᠢᠷᠢ ᠳᠣᠭᠢᠷᠠᠭᠤᠯᠵᠤ᠂ ᠲᠤᠰᠢᠶᠠᠯ ᠡᠭᠦᠷᠭᠡᠯᠡᠭᠡᠳ ᠪᠦᠬᠦᠯᠢ ᠨᠢᠭᠡ ᠬᠤᠭᠤᠴᠠᠭ᠎ᠠ ᠪᠣᠯᠤᠭᠰᠠᠨ᠂ ᠲᠤᠰᠢᠶᠠᠯ ᠤᠨ ᠬᠤᠭᠤᠴᠠᠭᠠᠨ ᠳᠤ | ᠢᠯᠡᠷᠡᠯ ᠨᠢ ᠰᠢᠯᠢᠳᠡᠭ᠂ ᠠᠵᠢᠯ ᠤᠨ ᠪᠣᠳᠠᠲᠤ ᠪᠦᠲᠦᠮᠵᠢ ᠨᠢ ᠲᠣᠪᠤᠶᠢᠮ᠎ᠠ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠪᠠᠷ ᠥᠨᠳᠥᠷ ᠨᠡᠶᠢᠭᠡᠮ ᠲᠣᠭᠤᠷᠢᠭ | ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠢᠴᠢ ᠨᠡᠶᠢᠭᠡᠮ ᠲᠣᠭᠤᠷᠢᠭ ᠤᠨ ᠪᠤᠰᠤᠳ ᠰᠢᠯᠢᠳᠡᠭ | ᠠᠵᠢᠯᠲᠠᠨ ᠢ ᠬᠠᠨᠳᠤᠯᠭ᠎ᠠ ᠲᠠᠢ ᠪᠠᠷ ᠡᠯᠰᠡᠨ ᠬᠡᠷᠡᠭᠯᠡᠵᠦ ᠪᠣᠯᠤᠨ᠎ᠠ᠃ ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ | ᠰᠣᠩᠭᠤᠵᠤ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠳᠤ ᠣᠴᠢᠭᠤᠯᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠲᠤᠰᠢᠶᠠᠯ ᠢ ᠡᠭᠦᠷᠭᠡᠯᠡᠭᠦᠯᠵᠦ᠂ ᠵᠡᠭᠡᠯᠢ | ᠭᠤᠳᠤᠮᠵᠢ ︵ᠰᠤᠮᠤ ᠰᠢᠶᠠᠩ ᠪᠠᠯᠭᠠᠰᠤ︶ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠳᠣᠲᠣᠷᠠᠬᠢ ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠵᠣᠬᠢᠬᠤ ᠬᠠᠷᠢᠴᠠᠯ ᠢ ᠡᠵᠡᠯᠡᠨ᠎ᠡ᠃ | ᠬᠤᠷᠢᠨ ᠨᠢᠭᠡᠳᠦᠭᠡᠷ ᠵᠦᠢᠯ ᠨᠡᠶᠢᠭᠡᠮ ᠲᠣᠭᠤᠷᠢᠭ ᠤᠨ ᠰᠢᠯᠢᠳᠡᠭ ᠠᠵᠢᠯᠳᠠᠨ ᠤ ᠳᠣᠲᠣᠷ᠎ᠠ ᠠᠴᠠ ᠨᠠᠮ ᠤᠨ ᠭᠡᠰᠢᠭᠦᠨ ᠡᠯᠰᠡᠬᠦ᠂ ᠴᠢᠳᠠᠪᠤᠷᠢᠲᠠᠨ ᠢ ᠰᠢᠯᠢᠨ | ᠰᠣᠩᠭᠤᠬᠤ ᠡᠷᠴᠢᠮ ᠢᠶᠠᠨ ᠴᠢᠩᠭᠠᠳᠬᠠᠵᠣ᠂ ᠬᠤᠳᠠ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠲᠡᠰ ᠤᠨ ᠢᠷᠠᠭᠤ ᠠᠯᠳᠠᠷ ᠢ ᠬᠦᠷᠳᠡᠭᠰᠡᠨ ᠨᠡᠶᠢᠭᠡᠮ | ᠲᠣᠭᠤᠷᠢᠭ ᠤᠨ ᠰᠢᠯᠢᠳᠡᠭ ᠠᠵᠢᠯᠳᠠᠨ ᠢ ᠡᠯ᠎ᠡ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠶᠠᠷ ᠲᠠᠨᠢᠯᠴᠠᠭᠤᠯᠤᠨ᠎ᠠ᠃ ᠠᠵᠢᠯ ᠤᠨ ᠢᠯᠡᠷᠡᠯ ᠢᠶᠠᠷ ᠲᠤᠪᠤᠶᠢᠮ᠎ᠠ᠂ ᠢᠯᠡᠳᠲᠡ ᠠᠮᠵᠢᠯᠲᠠ ᠪᠦᠲᠦᠮᠵᠢ ᠪᠠ ᠬᠤᠪᠢ | ᠨᠡᠮᠡᠷᠢ ᠦᠵᠡᠭᠦᠯᠦᠭᠰᠡᠨ᠂ ᠡᠰᠡᠬᠦᠯ᠎ᠡ ᠪᠤᠰᠤᠳ ᠲᠤᠪᠤᠶᠢᠮ᠎ᠠ ᠦᠢᠯᠡ ᠠᠵᠢᠯᠯᠠᠭ᠎ᠠ ᠲᠠᠢ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠳᠤ ᠠᠵᠢᠯᠳᠠᠨ ᠢ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠦᠬᠢᠭᠦᠯᠦᠨ᠎ᠡ᠃ | ᠬᠤᠷᠢᠨ ᠬᠤᠶᠠᠳᠤᠭᠠᠷ ᠵᠣᠶᠢᠯ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ | ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠲᠤ ᠲᠦᠰᠢᠭᠯᠡᠨ᠂ ᠨᠡᠶᠢᠭᠡᠮ ᠲᠣᠭᠤᠷᠢᠭ ᠤᠨ ᠠᠵᠢᠯᠲᠠᠳ ᠤᠨ ᠳᠣᠲᠣᠷᠠᠬᠢ ᠨᠡᠶᠢᠲᠡᠯᠢᠭ ᠵᠢᠱᠢᠶ᠎ᠡ᠂ ᠲᠡᠷᠢᠭᠦᠨ ᠤ | ᠥᠢᠯᠡ ᠶᠠᠪᠤᠳᠠᠯ ᠢ ᠶᠡᠬᠡᠪᠡᠷ ᠤᠬᠠᠭᠤᠯᠤᠨ ᠮᠡᠳᠡᠭᠡᠯᠡᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠰᠠᠶᠢᠨ ᠰᠠᠶᠢᠬᠠᠨ ᠲᠥᠷᠢ ᠲᠥᠷᠬᠦ ᠶᠢ ᠪᠣᠢ ᠪᠣᠯᠭᠠᠵᠣ᠂ | ᠨᠡᠶᠢᠭᠡᠮ ᠤᠨ ᠬᠢᠨ ᠤ ᠮᠡᠳᠡᠷᠡᠬᠦ ᠰᠡᠳᠬᠢᠯᠭᠡ ᠪᠣᠯᠤᠨ ᠡᠷᠬᠢᠯᠡᠭᠰᠡᠨ ᠠᠵᠢᠯ ᠤᠨ ᠢᠷᠠᠭᠤ ᠠᠯᠳᠠᠷᠲᠤ ᠲᠦᠷᠦᠭᠳᠡᠯ ᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ | ᠠᠵᠢᠯᠲᠠᠳ ᠢ ᠴᠢᠬᠤᠯᠠᠴᠢᠯᠠᠬᠤ᠂ ᠬᠠᠯᠠᠮᠵᠢᠯᠠᠬᠤ᠂ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠨᠡᠶᠢᠭᠡᠮ ᠳᠤ ᠴᠢᠷᠮᠠᠶᠢᠨ ᠪᠤᠢ ᠪᠤᠯᠭᠠᠨ᠎ᠠ᠃ | ᠳᠣᠯᠣᠳᠤᠭᠠᠷ ᠪᠦᠯᠦᠭ ᠤᠷᠢᠬᠤ ᠪᠠᠨ ᠪᠤᠯᠢᠬᠤ ᠪᠠ ᠭᠠᠷᠭᠠᠬᠤ | ᠬᠤᠷᠢᠨ ᠭᠤᠷᠪᠠᠳᠤᠭᠠᠷ ᠵᠦᠢᠯ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠤ ᠠᠵᠢᠯᠳᠠᠨ ᠭᠡᠷ᠎ᠡ ᠶᠢ ᠭᠦᠢᠴᠡᠳᠬᠡᠬᠦ ᠬᠤᠭᠤᠴᠠᠭᠠᠨ ᠳᠤ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ᠳᠤ ᠲᠣᠭᠲᠠᠭᠠᠭᠰᠠᠨ ᠭᠡᠷ᠎ᠡ ᠶᠢ ᠭᠦᠴᠦᠨ ᠦᠬᠡᠢ ᠪᠤᠯᠭᠠᠬᠤ ᠪᠤᠶᠤ | ᠳᠠᠭᠤᠰᠬᠠᠵᠤ ᠪᠣᠯᠬᠤ ᠪᠠᠶᠢᠳᠠᠯ ᠭᠠᠷᠬᠤ ᠠᠴᠠ ᠭᠠᠳᠠᠨ᠎ᠠ᠂ ᠬᠡᠷᠪᠡ ᠳᠣᠣᠷᠠᠬᠢ ᠮᠡᠲᠦ ᠪᠠᠶᠢᠳᠠᠯ ᠲᠠᠢ ᠪᠠᠶᠢᠪᠠᠯ᠂ ᠬᠥᠮᠦᠨ ᠬᠡᠷᠡᠭᠯᠡᠬᠦ ᠨᠢᠭᠡᠴᠡ ᠨᠢ ᠬᠠᠤᠯᠢ ᠶᠣᠰᠣᠭᠠᠷ | ᠬᠥᠳᠡᠯᠮᠦᠷᠢ ᠶᠢᠨ ᠭᠡᠷ᠎ᠡ ᠶᠢ ᠭᠦᠴᠦᠨ ᠦᠬᠡᠢ ᠪᠤᠯᠭᠠᠵᠣ᠂ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠤ ᠠᠵᠢᠯᠳᠠᠨ ᠤ ᠡᠩᠨᠡᠭᠡ ᠠᠴᠠ ᠭᠠᠷᠭᠠᠨ᠎ᠠ᠃ | ︵ᠨᠢᠭᠡ︶ ᠤᠯᠤᠰ ᠤᠨ ᠨᠡᠷ᠎ᠡ ᠬᠦᠨᠳᠦ ᠶᠢ ᠭᠤᠲᠤᠭᠠᠬᠤ ᠦᠭᠡ ᠶᠠᠷᠢᠶ᠎ᠠ ᠲᠠᠷᠬᠠᠭᠠᠵᠤ᠂ ᠲᠦᠷᠦ ᠶᠢ ᠡᠰᠡᠷᠭᠦᠴᠡᠬᠦ ᠵᠣᠷᠢᠯᠭ᠎ᠠ ᠲᠠᠢ ᠬᠤᠷᠠᠯ ᠴᠤᠭᠯᠠᠭ᠎ᠠ ᠬᠢᠬᠦ᠂ | ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠤᠶᠤ ᠣᠷᠣᠯᠴᠠᠭᠰᠠᠨ᠃ | ︵ᠬᠤᠶᠠᠷ︶ ᠬᠤᠶᠠᠷ ᠵᠢᠯ ᠳᠠᠷᠠᠭᠠᠯᠠᠨ ᠰᠢᠯᠭᠠᠨ ᠬᠢᠨᠠᠵᠣ ᠦᠨᠡᠯᠡᠭᠡᠳ ︽ᠬᠢᠷᠢ ᠲᠡᠩᠴᠡᠭᠦ ᠥᠬᠡᠶ︾ ᠪᠠᠷ ᠲᠣᠭᠲᠠᠭᠠᠭᠰᠠᠨ᠃ | ︵ᠭᠤᠷᠪᠠ︶ ᠠᠵᠢᠯ ᠢᠶᠠᠨ ᠬᠢᠵᠦ ᠳᠡᠶᠢᠯᠬᠦ ᠤᠢᠭᠡᠢ᠂ ᠪᠣᠯᠪᠠᠰᠤᠷᠠᠭᠤᠯᠤᠭᠰᠠᠨ ᠪᠤᠶᠤ ᠠᠵᠢᠯ ᠤᠨ ᠪᠠᠶᠢᠷᠢ ᠳᠤᠨᠢ ᠲᠤᠬᠢᠷᠡᠭᠤᠯᠦᠯᠳᠠ ᠬᠢᠭᠰᠡᠨ ᠪᠣᠯᠪᠠᠴᠤ ᠮᠥᠨ ᠯᠡ | ᠬᠢᠵᠦ ᠳᠡᠶᠢᠯᠬᠦ ᠤᠢᠭᠡᠢ ᠪᠠᠶᠢᠬᠤ᠃ | ︵ᠲᠥᠷᠪᠡ︶ ᠠᠵᠢᠯ ᠤᠨ ᠬᠠᠷᠢᠭᠤᠴᠠᠯᠭ᠎ᠠ ᠪᠠᠨ ᠠᠯᠳᠠᠭᠰᠠᠨ ᠠᠴᠠ ᠪᠣᠯᠣᠭᠠᠳ ᠰᠠᠭᠤᠭᠠᠯᠢ ᠠᠷᠠᠳ ᠤᠯᠠᠨ ᠤ ᠠᠰᠢᠭ ᠲᠤᠰᠠ ᠳᠤ ᠬᠦᠨᠳᠦ ᠶᠡᠭᠡ ᠬᠤᠬᠢᠷᠠᠯ | ᠤᠴᠠᠷᠠᠭᠤᠯᠤᠭᠰᠠᠨ ᠪᠤᠶᠤ ᠮᠠᠭᠤ ᠨᠥᠯᠥᠭᠡ ᠦᠵᠡᠭᠦᠯᠦᠭᠰᠡᠨ᠃ | ︵ᠲᠠᠪᠤ︶ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠴᠠ ᠪᠤᠯᠵᠦ ᠨᠠᠮ ᠠᠴᠠ ᠬᠥᠭᠡᠭᠡᠭᠳᠡᠭᠰᠡᠨ ᠪᠤᠶᠤ ᠡᠷᠡᠭᠦᠦ ᠪᠠᠷ ᠰᠢᠳᠬᠡᠭᠳᠡᠭᠰᠡᠨ᠃ | ︵ᠵᠢᠷᠭᠤᠭ᠎ᠠ︶ ᠨᠡᠶᠢᠭᠡᠮ ᠲᠣᠭᠤᠷᠢᠭ ᠤᠨ ᠠᠵᠢᠯ ᠤᠨ ᠲᠦᠷᠢᠮ ᠲᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ᠃ | ︵ᠲᠤᠯᠤᠭ᠎ᠠ︶ ᠵᠠᠯᠭᠠᠭ᠎ᠠ ᠪᠠᠷ 15 ᠡᠳᠦᠷ ᠠᠴᠠ ᠲᠡᠭᠡᠭᠰᠢ ᠠᠵᠢᠯ ᠰᠠᠭᠠᠲᠠᠭᠰᠠᠨ᠂ ᠡᠰᠡᠬᠦᠯ᠎ᠡ ᠨᠢᠭᠡ ᠵᠢᠯ ᠤᠨ ᠳᠣᠲᠣᠷ᠎ᠠ ᠠᠵᠢᠯ ᠰᠠᠭᠠᠲᠠᠭᠰᠠᠨ ᠴᠠᠭ ᠨᠢ | ᠨᠡᠶᠢᠳᠡ 30 ᠠᠵᠢᠯᠯᠠᠬᠤ ᠡᠳᠦᠷ ᠠᠴᠠ ᠬᠡᠲᠦᠷᠡᠭᠰᠡᠨ᠃ | ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ | ᠬᠤᠷᠢᠨ ᠳᠥᠷᠪᠡᠳᠦᠭᠡᠷ ᠵᠦᠢᠯ ᠨᠡᠶᠢᠭᠡᠮ ᠲᠣᠭᠤᠷᠢᠭ ᠤᠨ ᠠᠵᠢᠯᠳᠠᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠰᠡᠵᠢᠭᠯᠡᠯᠲᠡᠶ ᠪᠠᠶᠢᠪᠠᠯ᠂ ᠬᠠᠤᠯᠢ | ᠶᠣᠰᠣᠭᠠᠷ ᠡᠷᠬᠡᠲᠦ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ | ᠬᠤᠷᠢᠨ ᠲᠠᠪᠤᠳᠤᠭᠠᠷ ᠵᠦᠢᠯ ᠭᠠᠷᠭᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠢᠯᠡ ᠪᠠᠷ ᠤᠷᠢᠨ ᠬᠡᠷᠡᠭᠯᠡᠭᠰᠡᠨ ᠨᠡᠶᠢᠭᠡᠮ ᠲᠣᠭᠤᠷᠢᠭ ᠤᠨ | ᠲᠤᠰᠬᠠᠶ ᠲᠤᠰᠢᠶᠠᠯᠲᠤ ᠠᠵᠢᠯᠲᠠᠨ ᠢ ᠤᠷᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠬᠥᠳᠡᠯᠮᠦᠷᠢ ᠶᠢᠨ ᠭᠡᠷ᠎ᠡ ᠨᠢ ᠠᠶᠠᠨᠳᠠᠭᠠᠨ ᠳᠠᠭᠤᠰᠴᠤ᠂ ᠰᠢᠯᠭᠠᠨ | ᠬᠢᠨᠠᠭᠠᠳ ᠬᠢᠷᠢ ᠲᠡᠩᠴᠡᠭᠰᠡᠨ ᠢ ᠨᠢ ᠦᠷᠭᠦᠯᠵᠢᠯᠡᠨ ᠤᠷᠢᠨ ᠬᠡᠷᠡᠭᠯᠡᠨ᠎ᠡ︔ ᠨᠡᠶᠢᠭᠡᠮ ᠲᠣᠭᠤᠷᠢᠭ ᠲᠤ ᠠᠵᠢᠯᠯᠠᠵᠤ ᠪᠠᠶᠢᠭ᠎ᠠ ᠪᠤᠰᠤᠳ ᠬᠥᠮᠦᠰ ᠢ ᠰᠢᠯᠭᠠᠨ ᠬᠢᠨᠠᠭᠰᠠᠨ | ᠪᠠᠶᠢᠳᠠᠯ ᠢ ᠦᠨᠳᠦᠰᠦᠯᠡᠨ᠂ ᠤᠤᠯ ᠤᠨ ᠬᠢᠷᠢ ᠬᠡᠮ ᠤᠨ ᠵᠣᠬᠢᠴᠠᠩᠭᠤᠶ ᠬᠠᠮᠢᠶᠠᠷᠤᠯᠲᠠ ᠶᠢᠨ ᠠᠷᠭ᠎ᠠ ᠪᠠᠷ ᠬᠠᠮᠢᠶᠠᠷᠤᠨ᠎ᠠ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠬᠤᠷᠢᠨ ᠵᠢᠷᠭᠤᠳᠤᠭᠠᠷ ᠵᠣᠶᠢᠯ ᠲᠣᠰ ᠠᠷᠭ᠎ᠠ ᠶᠢ 2021 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠣᠷᠳᠣᠰ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠵᠤ᠂ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠤ | ᠬᠠᠮᠢᠶᠠᠷᠤᠯᠲᠠ ᠳᠤ ᠬᠡᠷᠡᠭᠯᠡᠨ᠎ᠡ᠃ ︽ᠣᠷᠳᠣᠰ ᠬᠤᠲᠠ ᠶᠢᠨ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠤ ᠠᠵᠢᠯᠲᠠᠨ ᠤ ᠬᠠᠮᠢᠶᠠᠷᠤᠯᠲᠠ | ᠶᠢᠨ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ | ᠲᠠᠷᠬᠠᠭᠠᠭᠰᠠᠨ ﹇2015﹈ 20 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ | ᠂ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | |