ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠲᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ᠂ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠳᠤ᠄ | ᠣᠷᠳᠣᠰ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠠᠴᠠ | ᠬᠠᠮᠲᠤᠷᠠᠨ ᠲᠣᠭᠲᠠᠭᠠᠭᠰᠠᠨ ︽ᠣᠷᠳᠣᠰ ᠬᠤᠲᠠ ᠶᠢᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ ᠢᠶᠠᠷ ᠵᠦᠪᠰᠢᠶᠡᠷᠡᠭᠦᠯᠦᠬᠡᠳ᠂ | ᠡᠳᠦᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ | ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ | 2021 ᠣᠨ ᠤ 7 ᠰᠠᠷ᠎ᠠ ᠶᠢᠨ 13 ᠤ ᠡᠳᠦᠷ | | ᠣᠷᠳᠣᠰ ᠬᠤᠲᠠ ᠶᠢᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ | | ᠮᠠᠨ ᠤ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠢ ᠲᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠴᠢᠨᠠᠭᠰᠢᠳᠠ | ᠰᠠᠶᠢᠲᠤᠷ ᠬᠢᠵᠣ᠂ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠪᠦᠬᠦᠨ ᠢ ᠠᠵᠢᠯ ᠣᠯᠭᠤᠬᠤ ᠶᠢ ᠪᠡᠶᠡᠯᠡᠭᠦᠯᠬᠦ ᠶᠢᠨ ᠲᠤᠰᠠᠳᠠ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ︽ᠰᠢᠨ᠎ᠡ ᠴᠠᠭ ᠦᠶ᠎ᠡ ᠶᠢᠨ | ᠴᠡᠷᠢᠭ ᠠᠴᠠ ᠬᠠᠯᠠᠭᠳᠠᠭᠰᠠᠳ ᠤᠨ ᠠᠵᠢᠯ ᠢ ᠴᠢᠩᠭᠠᠳᠬᠠᠬᠤ ᠲᠤᠬᠠᠶ ᠰᠠᠨᠠᠯ︾ ︵ᠲᠥᠪ ᠲᠠᠷᠬᠠᠭᠠᠭᠰᠠᠨ ﹇2019﹈ 30 ᠳ᠋ᠤᠭᠠᠷ ᠲᠣᠭᠠᠲᠤ︶᠂ ᠲᠥᠷᠥ ᠶᠢᠨ | ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠂ ᠶᠡᠷᠦᠩᠬᠡᠶ ᠱᠲ᠋ᠠᠪ ᠤᠨ ᠬᠡᠯᠲᠡᠰ᠂ ᠶᠡᠷᠦᠩᠬᠡᠶ ᠤᠯᠤᠰ ᠲᠥᠷᠥ ᠶᠢᠨ ᠬᠡᠯᠲᠡᠰ ᠤᠨ ︿ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ | ᠲᠥᠪᠬᠢᠨᠡᠭᠦᠯᠬᠦ ᠠᠷᠭ᠎ᠠ﹀ ᠶᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇2013﹈ 42 ᠳ᠋ᠤᠭᠠᠷ ᠲᠣᠭᠠᠲᠤ︶᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠥᠪᠥᠷ | ᠮᠣᠩᠭᠤᠯ ᠤᠨ ᠴᠡᠷᠢᠭ ᠤᠨ ᠲᠣᠭᠤᠷᠢᠭ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ | ᠣᠯᠭᠤᠵᠤ ᠲᠥᠪᠬᠢᠨᠡᠭᠦᠯᠬᠦ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2014﹈ 74 ᠳ᠋ᠤᠬᠡᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠨᠢᠭᠡ᠂ ᠲᠥᠪᠬᠢᠨᠡᠭᠦᠯᠬᠦ ᠡᠲᠡᠭᠡᠳ | ᠲᠣᠰ ᠠᠷᠭ᠎ᠠ ᠶᠢ ᠣᠷᠳᠣᠰ ᠬᠤᠲᠠ ᠶᠢᠨ ᠬᠠᠷᠢᠶᠠᠨ ᠳᠠᠬᠢ ᠬᠤᠲᠠ ᠳᠤ ᠰᠠᠭᠤᠭ᠎ᠠ ᠡᠯ᠎ᠡ ᠴᠡᠷᠢᠭ ᠠᠩᠭᠢ᠂ ᠴᠡᠷᠢᠭ ᠠᠩᠭᠢ ᠶᠢᠨ ᠳ᠋ᠢᠸᠢᠽᠢ ︵ᠪᠠᠷᠢᠭᠠᠳᠠ︶ ᠶᠢᠨ | ᠱᠠᠲᠤᠨ ᠠᠴᠠ ᠳᠡᠭᠡᠭᠰᠢᠬᠢ ᠨᠢᠭᠡᠴᠡ ᠶᠢᠨ ᠤᠯᠤᠰ ᠲᠥᠷᠥ ᠶᠢᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠶᠢᠨ ᠬᠠᠮᠲᠤ ᠴᠡᠷᠢᠭ ᠠᠩᠭᠢ ᠶᠢ ᠳᠠᠭᠠᠬᠤ ᠭᠠᠷᠳᠠᠮ ᠢ | ᠭᠦᠢᠴᠡᠳᠭᠡᠭᠰᠡᠨ ᠵᠢᠩᠬᠢᠨᠢ ᠠᠯᠪᠠᠨ ᠤ ᠴᠡᠷᠢᠭ ᠤᠨ ᠬᠤᠯᠪᠣᠰᠤ ᠳᠤ ᠬᠡᠷᠡᠭᠯᠡᠨ᠎ᠡ᠃ | ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠴᠡᠷᠢᠭ ᠢ ᠲᠡᠭᠠᠬᠰᠡᠠ ᠭᠡᠷ ᠪᠦᠯᠢ ᠶᠢᠨ ᠬᠢᠨ ᠢ ᠲᠥᠪᠬᠢᠨᠡᠭᠦᠯᠵᠦ ᠥᠭᠬᠦ ᠤᠢᠭᠡᠢ᠄ ᠨᠢᠭᠡᠨᠲᠡ | ᠠᠵᠢᠯ ᠠᠴᠠ ᠪᠠᠭᠤᠬᠤ ᠨᠠᠰᠤᠨ ᠳᠤ ᠬᠦᠷᠦᠭᠰᠡᠠ︔ ᠲᠠᠩᠰᠠ ᠡᠪᠬᠡᠮᠡᠯ ᠤᠨ ᠠᠩᠬᠠᠨ ᠤ ᠮᠠᠲ᠋ᠧᠷᠢᠶᠠᠯ ᠨᠢ ᠪᠦᠷᠢᠨ ᠪᠤᠰᠤ ᠨᠥᠬᠦᠪᠥᠷᠢᠯᠡᠭᠰᠡᠨ ᠪᠣᠯᠪᠠᠴᠤ ᠮᠥᠨ ᠪᠦᠷᠢᠨ | ᠪᠤᠰᠤ ᠪᠤᠶᠤ ᠬᠤᠳᠠᠯ ᠬᠠᠭᠤᠷᠮᠠᠭ ᠪᠠᠶᠢᠬᠤ︔ ᠲᠤᠰ ᠬᠥᠮᠦᠨ ᠨᠢ ᠲᠥᠪᠬᠢᠨᠡᠭᠦᠯᠦᠨ ᠠᠵᠢᠯ ᠣᠯᠭᠤᠬᠤ ᠶᠢ ᠲᠡᠪᠴᠢᠭᠰᠡᠨ ᠪᠤᠶᠤ ᠨᠥᠬᠦᠴᠡᠯ ᠳᠤ ᠨᠡᠶᠢᠴᠡᠬᠦ ᠦᠭᠡᠢ | ᠪᠤᠰᠤᠳ ᠪᠠᠶᠢᠳᠠᠯ ᠲᠠᠢ ᠪᠠᠶᠢᠬᠤ᠃ | ᠬᠤᠶᠠᠷ᠂ ᠲᠥᠪᠬᠢᠨᠡᠭᠦᠯᠬᠦ ᠠᠷᠭ᠎ᠠ ᠮᠠᠶ᠋ᠢᠭ | ︵ᠨᠢᠭᠡ︶ ᠳᠠᠭᠠᠯᠳᠤᠭᠤᠯᠤᠨ ᠰᠢᠯᠵᠢᠭᠦᠯᠬᠦ | 1. ᠲᠠᠭᠠᠯᠳᠤᠭᠤᠯᠤᠨ ᠰᠢᠯᠵᠢᠭᠦᠯᠬᠦ ᠭᠡᠳᠡᠭ ᠨᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠬᠤᠲᠠ ᠶᠢᠨ ᠭᠠᠳᠠᠨ᠎ᠠ ᠠᠴᠠ ᠲᠣᠰ ᠬᠤᠲᠠ ᠪᠤᠶᠤ ᠲᠣᠰ | ᠬᠤᠲᠠ ᠶᠢᠨ ᠳᠣᠲᠣᠷᠠᠬᠢ ᠬᠤᠰᠢᠭᠤ ᠲᠣᠭᠤᠷᠢᠭ ᠤᠨ ᠬᠤᠭᠤᠷᠣᠨᠳᠣ ᠰᠢᠯᠵᠢᠭᠦᠯᠬᠦ ᠶᠢ ᠵᠢᠭᠠᠵᠤ ᠪᠣᠶ᠃ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ | ᠬᠤᠷᠤᠭ᠎ᠠ ᠬᠤᠰᠢᠭᠤᠨ ᠤ ᠬᠤᠭᠤᠷᠤᠨᠳᠤ ᠰᠢᠯᠵᠢᠭᠦᠯᠬᠦ ᠨᠢ ᠲᠠᠭᠠᠯᠳᠤᠭᠤᠯᠤᠨ ᠰᠢᠯᠵᠢᠭᠦᠯᠬᠦ ᠬᠡᠪᠴᠢᠶᠡᠨ ᠳᠤ ᠪᠠᠭᠲᠠᠬᠤ ᠥᠬᠡᠶ᠃ | 2. ᠵᠢᠩᠬᠢᠨᠢ ᠠᠯᠪᠠᠨ ᠤ ᠴᠡᠷᠢᠭ ᠤᠨ ᠬᠡᠷ ᠪᠦᠯᠢ ᠶᠢ ᠰᠢᠯᠵᠢᠭᠦᠯᠬᠦ ᠠᠴᠠ ᠡᠮᠦᠨ᠎ᠡ᠂ ᠤᠤᠯ ᠤᠨ ᠡᠷᠦᠬᠡ ᠠᠮᠠ ᠶᠢᠨ ᠲᠠᠩᠰᠠ ᠪᠠᠶᠢᠭᠰᠠᠨ ᠭᠠᠵᠠᠷ ︵ᠪᠤᠶᠤ ᠤᠤᠯ | ᠤᠨ ᠴᠡᠷᠢᠭ ᠢ ᠲᠠᠭᠠᠭᠰᠠᠨ ᠭᠠᠵᠠᠷ︶ ᠲᠤ ᠠᠯᠪᠠᠨ ᠪᠠᠶᠢᠭᠤᠯᠭ᠎ᠠ ᠠᠵᠢᠯ ᠣᠶᠢᠯᠡᠰ ᠤᠨ ᠨᠢᠭᠡᠴᠡ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ | ᠠᠵᠢᠯᠲᠠᠨ ᠪᠠᠶᠢᠪᠠᠯ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠲᠤᠰᠬᠠᠶ ᠮᠡᠷᠭᠡᠵᠢᠯ ᠢ ᠨᠢ ᠳᠣᠭᠢᠷᠠᠭᠤᠯᠵᠤ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ | ᠪᠠᠶᠢᠯᠭᠠᠬᠤ︾ ᠵᠠᠷᠴᠢᠮ ᠶᠣᠰᠣᠭᠠᠷ᠂ ᠲᠣᠰ ᠬᠥᠮᠦᠨ ᠤ ᠬᠢᠷᠢ ᠬᠡᠮ᠂ ᠲᠤᠰᠢᠶᠠᠯ ᠪᠠ ᠲᠤᠰᠢᠶᠠᠯ ᠤᠨ ᠪᠠᠶᠢᠷᠢ ᠶᠢᠨ ᠲᠥᠷᠥᠯ ᠢᠯᠭᠠᠯ ᠢᠶᠠᠷ ᠯᠠᠪᠯᠠᠯᠲᠠ ᠪᠣᠯᠭᠠᠵᠤ᠂ | ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠰᠢᠯᠵᠢᠭᠦᠯᠬᠦ ᠠᠷᠭ᠎ᠠ ᠮᠠᠶ᠋ᠢᠭ ᠢᠶᠠᠷ ᠠᠵᠢᠯ ᠲᠥᠷᠥᠯ ᠢᠶᠠᠷ ᠲᠠᠭᠠᠷᠠᠬᠤ ᠠᠯᠪᠠᠨ ᠪᠠᠶᠢᠭᠤᠯᠭ᠎ᠠ ᠠᠵᠢᠯ | ᠣᠶᠢᠯᠡᠰ ᠤᠨ ᠤᠨ ᠨᠢᠭᠡᠴᠡ ᠳᠤ ᠰᠢᠯᠵᠢᠭᠦᠯᠦᠨ᠎ᠡ᠃ | ︵ᠬᠤᠶᠠᠷ︶ ᠠᠵᠢᠯ ᠣᠯᠭᠤᠵᠤ ᠲᠥᠪᠬᠢᠨᠡᠭᠦᠯᠬᠦ | ᠴᠡᠷᠢᠭ ᠢ ᠲᠠᠭᠠᠵᠣ ᠠᠵᠢᠯ ᠣᠯᠤᠭᠠᠳᠤᠶ ᠴᠡᠷᠢᠭ ᠤᠨ ᠬᠡᠷ ᠪᠦᠯᠢ ᠶᠢ ︽ᠬᠠᠷᠢᠶ᠎ᠠ ᠤᠷᠤᠨ ᠳᠤᠨᠢ ᠬᠠᠮᠢᠶᠠᠷᠤᠭᠤᠯᠬᠤ᠂ ᠲᠤᠬᠠᠶ ᠶᠢᠨ ᠭᠠᠵᠠᠷ ᠲᠤᠨᠢ ᠣᠶᠢᠷ᠎ᠠ | ᠬᠠᠪᠢ ᠳᠤᠨᠢ ᠪᠠᠶᠢᠯᠭᠠᠬᠤ︾ ᠵᠠᠷᠴᠢᠮ ᠢᠶᠠᠷ ᠲᠥᠪᠬᠢᠨᠡᠭᠦᠯᠵᠦ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠠᠴᠠ ᠠᠵᠢᠯ ᠣᠯᠭᠤᠵᠤ ᠲᠥᠪᠬᠢᠨᠡᠭᠦᠯᠬᠦ | ᠨᠥᠬᠦᠴᠡᠯ ᠳᠤ ᠨᠡᠶᠢᠴᠡᠬᠦ ᠴᠡᠷᠢᠭ ᠢ ᠲᠠᠭᠠᠭᠰᠠᠨ ᠬᠡᠷ ᠪᠦᠯᠢ ᠶᠢ ᠵᠢᠯ ᠪᠦᠷᠢ ᠵᠣᠬᠢᠬᠤ ᠬᠠᠷᠢᠴᠠᠯ ᠢᠶᠠᠷ ᠠᠵᠤ ᠠᠬᠤᠶᠢᠯᠠᠯ ᠳᠤ ᠲᠥᠪᠬᠢᠨᠡᠭᠦᠯᠬᠦ᠂ ᠠᠵᠢᠯ ᠣᠶᠢᠯᠡᠰ ᠤᠨ | ᠨᠢᠭᠡᠴᠡ ᠶᠢᠨ ᠰᠢᠯᠭᠠᠯᠲᠠ ᠪᠠᠷ ᠤᠷᠢᠬᠤ ᠵᠡᠷᠭᠡ ᠠᠷᠭ᠎ᠠ ᠮᠠᠶ᠋ᠢᠭ ᠢᠶᠠᠷ ᠲᠥᠪᠬᠢᠨᠡᠭᠦᠯᠦᠨ᠎ᠡ᠃ | 1. ᠬᠤᠳᠠ ᠶᠢᠨ ᠲᠤᠰ ᠱᠠᠳᠤ ᠨᠢ ᠤᠷᠳᠤᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠪᠠᠶᠢᠭᠤᠯᠭ᠎ᠠ᠂ ᠵᠡᠪᠰᠡᠭᠲᠦ ᠴᠠᠭᠳᠠᠭ᠎ᠠ ᠶᠢᠨ ᠤᠷᠳᠤᠰ ᠲᠠᠬᠢ | ᠰᠠᠯᠪᠤᠷᠢ ᠠᠩᠬᠢ ᠶᠢᠨ ᠪᠠᠶᠢᠭᠤᠯᠭ᠎ᠠ ᠵᠢᠴᠢ ᠪᠡᠯᠡᠳᠬᠡᠯ ᠶᠡᠭᠡ ᠠᠩᠬᠢ᠂ ᠦᠢᠯᠡᠴᠢᠯᠡᠭᠡᠨ ᠤ ᠪᠠᠲᠤᠯᠠᠭ᠎ᠠ ᠶᠢᠨ ᠶᠡᠭᠡ ᠠᠩᠬᠢ᠂ ᠵᠢᠭᠠᠨ ᠵᠢᠯᠣᠭᠤᠳᠬᠤ ᠠᠩᠬᠢ᠂ ᠡᠭᠦᠷᠭᠡ | ᠭᠦᠢᠴᠡᠳᠬᠡᠬᠦ ᠨᠢᠭᠡᠳᠦᠭᠡᠷ᠂ ᠬᠤᠶᠠᠳᠤᠭᠠᠷ ᠶᠡᠭᠡ ᠠᠩᠬᠢ᠂ ᠡᠭᠦᠷᠭᠡ ᠭᠦᠢᠴᠡᠳᠬᠡᠬᠦ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠳᠤᠮᠳᠠ ᠠᠩᠬᠢ᠂ | ᠪᠡᠯᠡᠳᠬᠡᠯ ᠠᠯᠪᠠᠨ ᠤ 90 ᠳ᠋ᠤᠭᠠᠷ ᠬᠤᠷᠢᠶ᠎ᠠ᠂ 93502 ᠴᠡᠷᠢᠭ ᠠᠩᠬᠢ ᠶᠢᠨ 81 ᠳ᠋ᠤᠭᠠᠷ ᠠᠩᠬᠢ᠂ 31401 ᠴᠡᠷᠢᠭ ᠠᠩᠬᠢ ᠶᠢᠨ 86 ᠳ᠋ᠤᠭᠠᠷ ᠠᠩᠬᠢ ᠶᠢᠨ | ᠴᠡᠷᠢᠭ ᠢ ᠲᠠᠭᠠᠵᠣ ᠠᠵᠢᠯ ᠣᠯᠤᠭᠠᠳᠤᠶ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃ | 2. ᠡᠯ᠎ᠡ ᠬᠤᠰᠢᠭᠤ ᠲᠣᠭᠤᠷᠢᠭ ᠨᠢ ᠬᠠᠷᠢᠶ᠎ᠠ ᠰᠠᠭᠤᠭ᠎ᠠ ᠭᠠᠵᠠᠷ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠣᠷᠳᠣᠰ | ᠲᠠᠬᠢ ᠰᠠᠯᠪᠤᠷᠢ ᠠᠩᠭᠢ ᠶᠢᠨ ᠬᠤᠰᠢᠭᠤ ᠲᠣᠭᠤᠷᠢᠭ ᠲᠤ ᠰᠠᠭᠤᠭ᠎ᠠ ᠳᠤᠮᠳᠠ ᠠᠩᠭᠢ ᠵᠡᠷᠭᠡ ᠴᠡᠷᠢᠭ ᠠᠩᠭᠢ ᠶᠢᠨ ᠴᠡᠷᠢᠭ ᠢ ᠲᠠᠭᠠᠵᠣ ᠠᠵᠢᠯ ᠣᠯᠤᠭᠠᠳᠤᠶ ᠬᠡᠷ ᠪᠦᠯᠢ | ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃ ᠡᠭᠦᠨ ᠳᠤ᠂ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ | ᠬᠤᠰᠢᠭᠤ ᠨᠢ ᠲᠥᠪᠬᠢᠨᠡᠭᠦᠯᠬᠦ ᠬᠡᠷᠡᠭᠴᠡᠭᠡ ᠪᠠᠨ ᠦᠨᠳᠦᠰᠦᠯᠡᠨ ᠵᠣᠬᠢᠬᠤ ᠬᠤᠲᠠ ᠶᠢᠨ ᠲᠠᠰ ᠤᠨ ᠲᠥᠪᠬᠢᠨᠡᠭᠦᠯᠬᠦ ᠡᠭᠦᠷᠭᠡ ᠶᠢ ᠡᠭᠦᠷᠭᠡᠯᠡᠨ᠎ᠡ᠃ | 3. ᠴᠡᠷᠢᠭ ᠢ ᠲᠠᠭᠠᠵᠣ ᠠᠵᠢᠯ ᠣᠯᠤᠭᠠᠳᠤᠢ ᠬᠡᠷ ᠪᠦᠯᠢ ᠶᠢᠨ ᠬᠢᠨ ᠥᠪᠡᠷ ᠢᠶᠠᠨ ᠠᠵᠤ ᠠᠬᠤᠶᠢᠯᠠᠯ ᠳᠤ ᠠᠵᠢᠯ ᠣᠯᠤᠭᠰᠠᠨ ᠪᠠᠶᠢᠪᠠᠯ᠂ ᠭᠥᠯᠢᠶᠡᠨ ᠠᠪᠤᠭᠰᠠᠨ | ᠨᠢᠭᠡᠴᠡ ᠪᠤᠶᠤ ᠲᠣᠰ ᠬᠥᠮᠦᠨ ᠠᠴᠠ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠵᠦ | ᠳᠠᠩᠰᠠᠯᠠᠭᠤᠯᠤᠨ᠎ᠠ᠃ | 4. ᠴᠡᠷᠢᠭ ᠢ ᠳᠠᠭᠠᠵᠤ ᠠᠵᠢᠯ ᠣᠯᠤᠭᠰᠠᠨ ᠴᠡᠷᠢᠭ ᠤᠨ ᠭᠡᠷ ᠪᠦᠯᠢ ᠶᠢᠨ ᠬᠢᠨ ᠲᠥᠪᠬᠢᠨᠡᠭᠦᠯᠦᠨ ᠲᠣᠬᠢᠷᠠᠭᠤᠯᠬᠤ ᠨᠢᠭᠡᠴᠡ ᠶᠢᠨ ᠠᠳᠠᠯᠢ ᠲᠦᠷᠦᠯ ᠤᠨ ᠬᠥᠮᠦᠰ | ᠤᠨ ᠠᠳᠠᠯᠢ ᠲᠡᠭᠰᠢ ᠬᠥᠯᠥᠰᠥ ᠣᠯᠭᠤᠮᠵᠢ᠂ ᠠᠰᠠᠷᠠᠮᠵᠢ ᠬᠠᠷᠠᠭᠠᠯᠵᠠᠯ ᠢ ᠬᠦᠷᠳᠡᠨ᠎ᠠ᠂ ᠬᠦᠳᠡᠯᠮᠦᠷᠢ ︵ᠤᠷᠢᠵᠤ ᠬᠡᠷᠡᠭᠯᠡᠬᠦ︶ ᠶᠢᠨ ᠭᠡᠷ᠎ᠡ ᠶᠢᠨ ᠬᠤᠭᠤᠴᠠᠭᠠᠨ ᠳᠤ | ᠲᠤᠰ ᠬᠥᠮᠦᠨ ᠤ ᠣᠴᠢᠷ ᠰᠢᠯᠲᠠᠭᠠᠨ ᠦᠭᠡᠢ ᠪᠣᠯ ᠳᠤᠷ᠎ᠠ ᠪᠠᠷ ᠢᠶᠠᠨ ᠠᠵᠢᠯ ᠠᠴᠠ ᠨᠢ ᠵᠣᠭᠰᠣᠭᠠᠵᠤ ᠪᠣᠯᠬᠤ ᠦᠭᠡᠢ᠂ ᠬᠡᠷᠪᠡ ᠠᠵᠤ ᠠᠬᠤᠶ ᠶᠢᠨ ᠴᠢᠨᠠᠷᠲᠠᠶ ᠬᠥᠮᠦᠨ | ᠬᠠᠰᠤᠬᠤ ᠳᠤ ᠬᠦᠷᠪᠡᠯ ᠤᠷᠢᠳᠠᠪᠠᠷ ᠦᠯᠡᠳᠡᠭᠡᠨ ᠬᠡᠷᠡᠭᠯᠡᠨ᠎ᠡ᠃ | ︵ᠭᠤᠷᠪᠠ︶ ᠦᠨᠳᠦᠰᠦᠨ ᠠᠮᠢᠳᠤᠷᠠᠯ ᠤᠨ ᠨᠥᠬᠦᠪᠥᠷᠢ ᠣᠯᠭᠤᠨ᠎ᠠ᠃ ᠲᠣᠰ ᠵᠢᠯ ᠤᠨ ᠠᠵᠢᠯ ᠣᠯᠭᠤᠵᠤ ᠲᠥᠪᠬᠢᠨᠡᠭᠦᠯᠬᠦ ᠬᠡᠪᠴᠢᠶᠡᠨ ᠳᠤ ᠣᠷᠣᠭᠤᠯᠤᠭᠠᠳᠤᠶ | ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠳᠤ ︽ᠣᠷᠳᠣᠰ ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠠᠵᠢᠯ ᠣᠯᠤᠭᠠᠳᠤᠶ | ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠤ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ ᠣᠯᠭᠤᠬᠤ ᠬᠠᠮᠢᠶᠠᠷᠤᠯᠲᠠ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶︾ ︵ᠣᠷᠳᠣᠰ ᠴᠡᠷᠢᠭ ᠠᠴᠠ ᠬᠠᠯᠠᠭᠳᠠᠭᠰᠠᠳ ᠲᠠᠷᠬᠠᠭᠠᠭᠰᠠᠨ ﹇2019﹈ 71 ᠳ᠋ᠤᠬᠡᠷ ᠲᠣᠭᠠᠲᠤ︶ ᠶᠣᠰᠣᠭᠠᠷ ᠦᠨᠳᠦᠰᠦᠨ | ᠠᠮᠢᠳᠤᠷᠠᠯ ᠤᠨ ᠨᠥᠬᠦᠪᠥᠷᠢ ᠣᠯᠭᠤᠨ᠎ᠠ᠃ | ︵ᠳᠥᠷᠪᠡ︶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠴᠡᠷᠢᠭ ᠢ ᠳᠠᠭᠠᠵᠤ ᠠᠵᠢᠯ ᠣᠯᠤᠭᠠᠳᠤᠶ ᠴᠡᠷᠢᠭ ᠤᠨ ᠬᠡᠷ | ᠪᠦᠯᠢ ᠶᠢᠨ ᠬᠢᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠢᠶᠠᠷ ᠯᠠᠪᠯᠠᠯᠲᠠ ᠪᠣᠯᠭᠠᠨ ᠨᠢᠭᠡ ᠤᠳᠠᠭᠠᠨ ᠤ ᠰᠤᠶᠢᠳᠬᠡᠯ ᠬᠤᠷᠢᠶᠠᠬᠤ | ᠥᠬᠡᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠤᠶᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠢ ᠰᠣᠩᠭᠤᠨ | ᠭᠥᠷᠳᠡᠵᠦ ᠪᠣᠯᠤᠨ᠎ᠠ᠂ ᠪᠠᠰᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠵᠢᠯ ᠮᠡᠷᠭᠡᠵᠢᠯ ᠤᠨ ᠤᠷ᠎ᠠ | ᠴᠢᠳᠠᠪᠦᠷᠢ ᠶᠢᠨ ᠨᠦᠬᠦᠪᠦᠷᠢ ᠶᠢᠨ ᠴᠢᠨᠠᠷᠲᠠᠢ ᠪᠤᠯᠪᠠᠰᠤᠷᠠᠭᠤᠯᠤᠯ ᠳᠤ ᠤᠷᠤᠯᠴᠠᠵᠣ ᠪᠣᠯᠣᠨ᠎ᠠ᠃ | ︵ᠲᠠᠪᠤ︶ ᠠᠳᠠᠯ ᠣᠶᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ᠠᠳᠠᠯ ᠣᠶᠢᠯᠡᠰ ᠴᠣᠭᠴᠠᠯᠠᠬᠤ ᠬᠦᠰᠡᠯ ᠲᠠᠢ ᠴᠡᠷᠢᠭ ᠢ ᠳᠠᠭᠠᠵᠤ | ᠠᠵᠢᠯ ᠣᠯᠤᠭᠠᠳᠤᠶ ᠬᠡᠷ ᠪᠦᠯᠢ ᠶᠢᠨ ᠬᠢᠨ ᠴᠡᠷᠢᠭ ᠠᠴᠠ ᠬᠠᠯᠠᠭᠳᠠᠭᠰᠠᠳ ᠤᠨ ᠠᠳᠠᠯ ᠣᠶᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠬᠤᠯᠪᠣᠭᠳᠠᠯ ᠪᠥᠬᠦᠶ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠳᠡᠵᠣ ᠪᠤᠯᠤᠨ᠎ᠠ᠃ | ᠭᠤᠷᠪᠠ᠂ ᠲᠥᠪᠬᠢᠨᠡᠭᠦᠯᠬᠦ ᠲᠡᠰ ᠳᠠᠷᠠᠭᠠᠯᠠᠯ | ︵ᠨᠢᠭᠡ︶ ᠮᠡᠳᠡᠭᠦᠯᠬᠦ ᠮᠠᠲ᠋ᠧᠷᠢᠶᠠᠯ | ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠵᠢᠯ ᠪᠦᠷᠢ ᠶᠢᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠲᠠ ᠶᠢᠨ ᠬᠤᠶᠠᠷ ᠢ ᠬᠦᠷᠢᠶᠡᠯᠡᠬᠦ ᠠᠵᠢᠯ | ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠡᠲᠡᠭᠡᠳ ᠤᠨ | ᠲᠠᠨᠢᠯᠴᠠᠭᠤᠯᠭ᠎ᠠ ᠶᠢᠨ ᠬᠦᠰᠦᠨᠦᠭᠲᠦ ᠵᠢᠴᠢ ᠪᠤᠰᠤᠳ ᠮᠠᠲ᠋ᠧᠷᠢᠶᠠᠯ ᠢ ᠬᠠᠩᠭᠠᠨ᠎ᠠ᠂ ᠪᠣᠳᠠᠲᠠᠶ ᠪᠠᠭᠲᠠᠬᠤ ᠨᠢ᠄ | 1. ᠴᠡᠷᠢᠭ ᠢ ᠲᠠᠭᠠᠬᠤ ᠪᠠᠷ ᠭᠤᠶᠤᠴᠢᠯᠠᠬᠤ ᠮᠡᠳᠡᠭᠦᠯᠦᠯᠲᠡ ᠶᠢᠨ ᠬᠦᠰᠦᠨᠦᠭᠲᠦ ᠪᠤᠶᠤ ᠴᠡᠷᠢᠭ ᠢ ᠲᠠᠭᠠᠬᠰᠠᠨ ᠭᠡᠷ ᠪᠦᠯᠢ ᠶᠢᠨ ᠬᠢᠨ ᠤ ᠮᠡᠳᠡᠭᠦᠯᠬᠦ ᠬᠦᠰᠦᠨᠦᠭᠲᠦ | ᠪᠤᠶᠤ ᠴᠡᠷᠢᠭ ᠢ ᠲᠠᠭᠠᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠪᠠᠭᠤᠯᠭᠠᠪᠤᠷᠢ︔ | 2. ᠵᠢᠩᠬᠢᠨᠢ ᠠᠯᠪᠠᠨ ᠤ ᠴᠡᠷᠢᠭ ᠤᠨ ᠲᠤᠰᠢᠶᠠᠯ ᠡᠭᠦᠷᠭᠡᠯᠡᠬᠦ ᠵᠠᠷᠯᠢᠭ ᠪᠤᠶᠤ ᠴᠡᠷᠢᠭ ᠤᠨ ᠲᠠᠷᠤᠭ᠎ᠠ ᠲᠣᠮᠢᠯᠠᠬᠤ ᠪᠠᠭᠤᠯᠭᠠᠬᠤ ᠮᠡᠳᠡᠭᠦᠯᠦᠯᠲᠡ ᠶᠢᠨ ᠬᠦᠰᠦᠨᠦᠭᠲᠦ | ᠶᠢᠨ ᠪᠠᠭᠤᠯᠭᠠᠪᠤᠷᠢ︔ | 3. ᠵᠢᠩᠬᠢᠨᠢ ᠠᠯᠪᠠᠨ ᠤ ᠴᠡᠷᠢᠭ ᠤᠨ ᠨᠠᠮᠲᠠᠷ ᠤᠨ ᠬᠦᠰᠦᠨᠦᠭᠲᠦ ᠶᠢᠨ ᠪᠠᠭᠤᠯᠭᠠᠪᠤᠷᠢ︔ | 4. ᠭᠠᠪᠢᠶ᠎ᠠ ᠪᠠᠶᠢᠭᠤᠯᠤᠭᠠᠳ ᠱᠠᠩᠨᠠᠯ ᠣᠯᠤᠭᠰᠠᠨ ︵ᠮᠡᠳᠡᠭᠳᠡᠯ᠂ ᠵᠠᠷᠯᠠᠯ᠂ ᠪᠠᠶᠠᠷ ᠤᠨ ᠮᠡᠳᠡᠭᠡ᠂ ᠦᠨᠡᠮᠯᠡᠯ︶ ᠤᠨ ᠪᠠᠭᠤᠯᠭᠠᠪᠤᠷᠢ︔ | 5. ᠤᠷᠤᠬ ᠤᠨ ᠦᠨᠡᠮᠯᠡᠯ ᠤᠨ ᠤᠬ ᠮᠠᠲ᠋ᠧᠷᠢᠶᠠᠯ᠂ ᠪᠠᠭᠤᠯᠭᠠᠪᠤᠷᠢ︔ | 6. ᠴᠡᠷᠢᠭ ᠢ ᠳᠠᠭᠠᠭᠰᠠᠨ ᠬᠡᠷ ᠪᠦᠯᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠣᠭ ᠮᠠᠲ᠋ᠧᠷᠢᠶᠠᠯ ᠵᠢᠴᠢ ᠬᠠᠭᠤᠯᠪᠤᠷᠢ︔ | 7. ᠴᠡᠷᠢᠭ ᠢ ᠳᠠᠭᠠᠭᠰᠠᠨ ᠬᠡᠷ ᠪᠦᠯᠢ ᠶᠢᠨ ᠤᠤᠯ ᠤᠨ ᠠᠵᠢᠯᠯᠠᠵᠤ ᠪᠠᠶᠢᠭᠰᠠᠨ ᠨᠢᠭᠡᠴᠡ ᠳᠤ ᠠᠵᠢᠯᠯᠠᠭᠰᠠᠨ ᠥᠩᠭᠡᠷᠡᠯᠲᠡ ᠶᠢᠨ ᠭᠡᠷᠡᠴᠢ ︵ᠠᠯᠪᠠᠲᠠᠨ ᠪᠤᠶᠤ | ᠠᠵᠢᠯ ᠣᠶᠢᠯᠡᠰ ᠤᠨ ᠨᠢᠭᠡᠴᠡ ᠶᠢᠨ ᠭᠡᠷᠡᠴᠢ ᠵᠢᠴᠢ ᠲᠤᠬᠠᠶ ᠶᠢᠨ ᠭᠠᠵᠠᠷ ᠤᠨ ᠣᠷᠣᠨ ᠲᠣᠭᠠᠨ ᠤ ᠰᠠᠯᠠᠭ᠎ᠠ ᠮᠥᠴᠢᠷ ᠤᠨ ᠭᠡᠷᠡᠴᠢ᠂ ᠴᠢᠬᠤᠯᠠᠲᠠᠶ ᠦᠶ᠎ᠡ ᠳᠤ | ᠭᠠᠳᠠᠭᠰᠢ ᠰᠢᠯᠵᠢᠭᠦᠯᠬᠦ ᠪᠠᠷ ᠳᠡᠮᠵᠢᠨ ᠬᠠᠮᠢᠶ᠎ᠠ ᠪᠥᠬᠦᠶ ᠪᠠᠶᠢᠳᠠᠯ ᠢ ᠨᠠᠶᠢᠳᠠᠪᠤᠷᠢᠵᠢᠭᠤᠯᠵᠤ ᠪᠣᠯᠤᠨ᠎ᠠ︶︔ | 8. ᠴᠡᠷᠢᠭ ᠢ ᠳᠠᠭᠠᠵᠤ ᠠᠵᠢᠯ ᠣᠯᠤᠭᠠᠳᠤᠶ ᠬᠡᠷ ᠪᠦᠯᠢ ᠶᠢᠨ ᠬᠢᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠲᠤᠰᠬᠠᠶ ᠮᠡᠷᠭᠡᠵᠢᠯ ᠤᠨ ᠬᠢᠷᠢ ᠬᠡᠮ ᠤᠨ | ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ᠃ | ︵ᠬᠤᠶᠠᠷ︶ ᠲᠥᠯᠥᠪᠯᠡᠭᠡ ᠲᠣᠭᠲᠠᠭᠠᠨ᠎ᠠ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠯ ᠪᠦᠷᠢ ᠶᠢᠨ | 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠭᠰᠢ ᠮᠡᠳᠡᠭᠦᠯᠦᠭᠰᠡᠨ ᠴᠡᠷᠢᠭ ᠢ ᠲᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ | ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠴᠡᠷᠢᠭ ᠢ ᠲᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠩᠬ᠎ᠠ ᠠᠯᠬᠤᠮ ᠤᠨ | ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠳᠠᠷᠠᠭ᠎ᠠ ᠵᠢᠯ ᠤᠨ 4 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠤᠨ ᠪᠠᠶᠢᠷᠢ ᠶᠢᠨ ᠣᠷᠣᠨ | ᠲᠤᠭ᠎ᠠ ᠶᠢ ᠬᠤᠪᠢᠶᠠᠷᠢᠯᠠᠬᠤ ᠲᠥᠰᠦᠯ ᠢ ᠲᠣᠭᠲᠠᠭᠠᠵᠤ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠢ ᠲᠠᠭᠠᠭᠰᠠᠨ ᠬᠡᠷ ᠪᠦᠯᠢ ᠶᠢᠨ ᠬᠢᠨ ᠳᠤ ᠠᠵᠢᠯ | ᠣᠯᠭᠤᠵᠤ ᠲᠥᠪᠬᠢᠨᠡᠭᠦᠯᠬᠦ ᠲᠤᠰᠬᠠᠶ ᠠᠵᠢᠯ ᠤᠨ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠰᠤᠳᠤᠯᠤᠨ ᠬᠢᠨᠠᠨ ᠲᠣᠭᠲᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ | ᠬᠡᠷᠡᠭᠵᠢᠭᠦᠯᠦᠨ᠎ᠡ᠃ | ︵ᠭᠤᠷᠪᠠ︶ ᠰᠢᠯᠭᠠᠨ ᠬᠢᠨᠠᠬᠤ ᠨᠡᠷᠡᠰ ᠤᠨ ᠵᠢᠭᠰᠠᠭᠠᠯᠲᠠ᠃ ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ ᠢᠶᠠᠷ ᠲᠦᠷᠦᠭᠦᠯᠡᠭᠦᠯᠦᠨ᠂ ᠬᠤᠲᠠ ᠳᠤ | ᠰᠠᠭᠤᠭ᠎ᠠ ᠴᠡᠷᠢᠭ ᠠᠩᠭᠢ ᠶᠢᠨ ᠵᠢᠩᠬᠢᠨᠢ ᠠᠯᠪᠠᠨ ᠤ ᠴᠡᠷᠢᠭ ᠤᠨ ᠴᠡᠷᠢᠭ ᠤᠨ ᠠᠯᠪᠠ ᠬᠠᠭᠠᠭᠰᠠᠨ ᠬᠤᠭᠤᠴᠠᠭ᠎ᠠ᠂ ᠲᠤᠰᠢᠶᠠᠯ ᠤᠨ ᠵᠡᠷᠬᠡ ᠳᠡᠰ᠂ ᠲᠤᠰᠢᠶᠠᠯ | ᠡᠭᠦᠷᠭᠡᠯᠡᠭᠰᠡᠨ ᠣᠨ ᠵᠢᠯ᠂ ᠠᠵᠢᠯᠯᠠᠭᠰᠠᠨ ᠥᠩᠭᠡᠷᠡᠯᠲᠡ᠂ ᠴᠡᠷᠢᠭ ᠠᠩᠭᠢ ᠳᠤ ᠪᠠᠶᠢᠬᠤ ᠦᠶ᠎ᠡ ᠶᠢᠨ ᠠᠵᠢᠯ ᠤᠨ ᠢᠯᠡᠷᠡᠯ᠂ ᠬᠢᠯᠢ ᠬᠢᠵᠠᠭᠠᠷ ᠤᠨ ᠬᠦᠴᠢᠷ | ᠪᠡᠷᠬᠡᠰᠢᠶᠡᠯᠲᠡᠶ ᠭᠠᠵᠠᠷ ᠣᠷᠣᠨ᠂ ᠣᠨᠴᠠᠭᠠᠶ ᠠᠵᠢᠯ ᠤᠨ ᠪᠠᠶᠢᠷᠢ᠂ ᠵᠡᠮᠳᠡᠭ ᠪᠣᠯᠤᠭᠰᠠᠨ ᠵᠡᠷᠭᠡ ᠪᠠᠶᠢᠳᠠᠯ ᠢ ᠦᠨᠳᠦᠰᠦᠯᠡᠨ ᠭᠡᠷ ᠪᠦᠯᠢ ᠶᠢᠨ ᠬᠢᠨ ᠳᠤ ᠠᠵᠢᠯ | ᠣᠯᠭᠤᠵᠤ ᠲᠥᠪᠬᠢᠨᠡᠭᠦᠯᠬᠦ ᠭᠤᠶᠤᠴᠢᠯᠠᠯ ᠭᠠᠷᠭᠠᠭᠰᠠᠨ ᠵᠢᠩᠬᠢᠨᠢ ᠠᠯᠪᠠᠨ ᠤ ᠴᠡᠷᠢᠭ ᠲᠤ ᠰᠢᠯᠭᠠᠨ ᠬᠢᠨᠠᠯᠳᠠ ᠶᠢᠨ ᠬᠤᠪᠢ ᠤᠯᠭᠤᠬᠤ ᠶᠢᠨ ᠬᠠᠮᠲᠤ ᠡᠯ᠎ᠡ ᠴᠡᠷᠢᠭ | ᠠᠩᠭᠢ ᠶᠢᠨ ᠬᠤᠪᠢᠶᠠᠷᠢᠯᠠᠵᠤ ᠪᠣᠯᠬᠤ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠦᠨᠳᠦᠰᠦᠯᠡᠨ ᠪᠦᠬᠦᠯᠢ ᠴᠣᠭᠴᠠ ᠶᠢᠨ ᠠᠵᠢᠯ ᠤᠨ ᠪᠠᠶᠢᠷᠢ ᠰᠣᠩᠭᠤᠨ ᠨᠡᠷᠡᠰ | ᠤᠨ ᠵᠢᠭᠰᠠᠭᠠᠯᠲᠠ ᠬᠢᠵᠦ᠂ ᠰᠢᠯᠭᠠᠨ ᠬᠢᠨᠠᠭᠰᠠᠨ ᠬᠢᠷᠢ ᠪᠦᠲᠦᠮᠵᠢ ᠵᠢᠴᠢ ᠨᠡᠷᠡᠰ ᠤᠨ ᠵᠢᠭᠰᠠᠭᠠᠯᠲᠠ ᠶᠢ ᠵᠣᠬᠢᠬᠤ ᠬᠡᠯᠪᠡᠷᠢ ᠪᠠᠷ ᠵᠠᠷᠯᠠᠨ ᠨᠡᠶᠢᠲᠡᠯᠡᠵᠦ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠪᠠ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ | ︵ᠳᠥᠷᠪᠡ︶ ᠢᠯᠡ ᠪᠠᠷ ᠠᠵᠢᠯ ᠤᠨ ᠪᠠᠶᠢᠷᠢ ᠰᠣᠩᠭᠤᠬᠤ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠨᠢ ᠰᠢᠯᠭᠠᠨ ᠬᠢᠨᠠᠯᠳᠠ ᠶᠢᠨ ᠬᠤᠪᠢ ᠶᠢᠨ ᠵᠢᠭᠰᠠᠭᠠᠯᠲᠠ ᠶᠢᠨ ᠪᠠᠶᠢᠳᠠᠯ ᠢ ᠦᠨᠳᠦᠰᠦᠯᠡᠨ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ ᠵᠣᠬᠢᠶᠠᠨ ᠪᠠᠶᠢᠭᠤᠯᠵᠤ | ᠰᠣᠩᠭᠤᠭᠤᠯᠢ ᠶᠢᠨ ᠪᠡᠯᠡᠳᠬᠡᠯ ᠨᠢᠭᠡᠴᠡ ᠳᠤ ᠢᠯᠡ ᠪᠠᠷ ᠠᠵᠢᠯ ᠤᠨ ᠪᠠᠶᠢᠷᠢ ᠰᠣᠩᠭᠤᠬᠤ ᠶᠢᠨ ᠬᠠᠮᠲᠤ ᠭᠠᠷ ᠤᠨ ᠦᠰᠦᠭ ᠵᠢᠷᠤᠵᠤ ᠨᠤᠳᠠᠯᠠᠨ᠎ᠠ᠃ | ︵ᠲᠠᠪᠤ︶ ᠬᠦᠯᠢᠶᠡᠨ ᠠᠪᠬᠤ ᠪᠠ ᠰᠢᠯᠵᠢᠭᠦᠯᠬᠦ ᠬᠠᠷᠢᠴᠠᠭ᠎ᠠ᠃ ᠰᠤᠩᠭᠤᠭᠰᠠᠨ ᠠᠵᠢᠯ ᠤᠨ ᠪᠠᠶᠢᠷᠢ ᠶᠢ ᠨᠤᠲᠠᠯᠠᠭᠰᠠᠨ ᠤ ᠳᠠᠷᠠᠭ᠎ᠠ᠂ ᠴᠡᠷᠢᠭ ᠢ ᠳᠠᠭᠠᠭᠰᠠᠨ ᠬᠡᠷ | ᠪᠦᠯᠢ ᠶᠢᠨ ᠬᠢᠨ ᠲᠣᠭᠲᠠᠭᠰᠠᠨ ᠴᠠᠭ ᠤᠨ ᠳᠣᠲᠣᠷ᠎ᠠ ᠲᠥᠪᠬᠢᠨᠡᠭᠦᠯᠬᠦ ᠭᠠᠵᠠᠷ ᠤᠨ ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠪᠤᠶᠤ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠬᠦᠷᠴᠦ ᠨᠡᠷ᠎ᠡ ᠮᠡᠳᠡᠭᠦᠯᠬᠦ ᠶᠢᠨ | ᠬᠠᠮᠲᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ | ᠠᠵᠢᠯ ᠨᠢ ᠥᠭᠡᠷᠡᠴᠢᠯᠡᠯᠲᠡ ᠬᠢᠵᠣ ᠬᠥᠭᠵᠢᠭᠦᠯᠬᠦ ᠲᠣᠭᠲᠠᠭᠤᠨ ᠪᠠᠶᠢᠯᠭᠠᠬᠤ ᠶᠡᠭᠡ ᠲᠠᠯ᠎ᠠ ᠳᠤ ᠬᠤᠯᠪᠣᠭᠳᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠬᠢ ᠶᠢᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠬᠤᠯᠪᠣᠭᠳᠠᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠠᠮᠢ ᠪᠡᠶ᠎ᠡ ᠶᠢᠨ ᠠᠰᠢᠭ | ᠲᠤᠰᠠ ᠳᠤ ᠬᠤᠯᠪᠣᠭᠳᠠᠵᠤ ᠪᠠᠶᠢᠳᠠᠭ ᠶᠣᠮ᠃ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠪᠠᠲᠤᠯᠠᠭ᠎ᠠ ᠪᠠᠨ | ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠵᠦ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ︽ᠴᠡᠷᠢᠭ ᠠᠴᠠ ᠬᠠᠯᠠᠭᠳᠠᠭᠰᠠᠨ ᠤ ᠲᠠᠷᠠᠭᠠᠬᠢ | ᠠᠵᠢᠯ᠂ ᠬᠤᠯᠪᠤᠰᠤ᠂ ᠦᠷ᠎ᠡ ᠬᠡᠣᠬᠡᠳ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠦᠬᠦ ᠤᠯᠤᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ | ᠶᠢᠨ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠰᠢᠨ᠎ᠡ ᠴᠠᠭ ᠦᠶ᠎ᠡ ᠶᠢᠨ ᠪᠦᠬᠦ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ | ᠪᠠᠶᠢᠳᠠᠯ ᠢ ᠳᠠᠰᠤᠷᠠᠯᠳᠠ ᠦᠬᠡᠢ ᠡᠭᠦᠳᠦᠨ᠎ᠡ᠃ | ︵ᠬᠤᠶᠠᠷ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ | ᠠᠵᠢᠯ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠲᠠ ᠶᠢᠨ ᠴᠡᠷᠢᠭ ᠠᠴᠠ | ᠬᠠᠯᠠᠭᠳᠠᠭᠰᠠᠳ ᠵᠢᠴᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠲᠤᠰᠬᠠᠶ ᠠᠵᠢᠯ ᠤᠨ ᠳᠤᠭᠤᠶᠢᠯᠠᠩ ᠠᠴᠠ ᠪᠣᠳᠠᠲᠠᠶ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠰᠠᠯᠠᠭ᠎ᠠ ᠮᠥᠴᠢᠷ ᠲᠤ | ᠬᠤᠯᠪᠣᠭᠳᠠᠬᠤ ᠬᠠᠮᠢᠶ᠎ᠠ ᠪᠥᠬᠦᠶ ᠠᠵᠢᠯ ᠢ ᠬᠠᠮᠵᠢᠯᠴᠠᠨ ᠰᠠᠶᠢᠲᠤᠷ ᠬᠢᠨ᠎ᠠ᠃ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠨᠢ ᠬᠤᠲᠠ ᠶᠢᠨ ᠲᠣᠰ ᠱᠠᠲᠤᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠶᠢ | ᠬᠠᠷᠢᠭᠤᠴᠠᠬᠤ ᠶᠢᠨ ᠬᠠᠮᠲᠤ᠂ ᠡᠯ᠎ᠡ ᠬᠤᠰᠢᠭᠤ ᠲᠣᠭᠤᠷᠢᠭ ᠤᠨ ᠠᠵᠢᠯ ᠢᠶᠠᠨ ᠥᠷᠨᠢᠭᠦᠯᠬᠦ ᠶᠢ ᠵᠢᠯᠣᠭᠤᠳᠤᠨ᠎ᠠ᠃ | ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠨᠢ ︽ᠦᠨᠡᠨ ᠠᠴᠠ ᠵᠥᠪ ᠢ ᠡᠷᠢᠬᠦ᠂ | ᠡᠷᠬᠡ ᠲᠡᠭᠰᠢ ᠲᠥᠪ ᠭᠤᠤᠯᠴᠢ ᠪᠠᠶᠢᠬᠤ︾ ᠵᠠᠷᠴᠢᠮ ᠶᠣᠰᠣᠭᠠᠷ᠂ ︽ ᠲᠤᠤᠷ᠎ᠠ ᠠᠴᠠ ᠳᠡᠭᠡᠭᠰᠢ᠂ ᠠᠷᠠᠳᠴᠢᠯᠠᠯ ᠢᠶᠠᠷ ᠢᠯᠡ ᠪᠣᠯᠭᠠᠬᠤ᠂ ᠬᠠᠮᠲᠤ ᠪᠠᠷ ᠰᠤᠳᠤᠯᠬᠤ︾ | ᠠᠷᠭ᠎ᠠ ᠮᠠᠶ᠋ᠢᠭ ᠢ ᠠᠪᠴᠤ᠂ ᠲᠠᠰ ᠳᠠᠷᠠᠭᠠᠯᠠᠯ ᠢ ᠵᠢᠷᠤᠮᠵᠢᠭᠤᠯᠤᠨ᠂ ᠪᠣᠭᠤᠮᠲᠠ ᠶᠢ ᠴᠢᠩᠭ᠎ᠠ ᠠᠳᠬᠤᠵᠤ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ | ᠣᠯᠭᠤᠵᠤ ᠲᠥᠪᠬᠢᠨᠡᠭᠦᠯᠬᠦ ᠶᠢ ᠮᠡᠳᠡᠭᠦᠯᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠲᠥᠪᠬᠢᠨᠡᠭᠦᠯᠬᠦ ᠲᠥᠯᠥᠪᠯᠡᠭᠡ ᠶᠢ ᠦᠨᠳᠦᠰᠦᠯᠡᠨ᠂ ᠲᠥᠪᠬᠢᠨᠡᠭᠦᠯᠬᠦ ᠠᠵᠢᠯ ᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠪᠠ ᠲᠥᠪᠬᠢᠨᠡᠭᠦᠯᠬᠦ ᠪᠠᠯᠠ | ᠮᠥᠩᠭᠦ ᠶᠢᠨ ᠲᠥᠰᠦᠪ ᠵᠡᠷᠭᠡ ᠠᠵᠢᠯ ᠢ ᠰᠠᠶᠢᠲᠤᠷ ᠬᠢᠵᠦ᠂ ᠲᠥᠪᠬᠢᠨᠡᠭᠦᠯᠬᠦ ᠡᠭᠦᠷᠭᠡ ᠶᠢ ᠵᠢᠩᠬᠢᠨᠢ ᠪᠠᠷ ᠪᠠᠭᠤᠯᠭᠠᠭᠰᠠᠨ ᠤ ᠳᠠᠷᠠᠭ᠎ᠠ᠂ ᠴᠠᠭ ᠲᠤᠬᠠᠶ ᠳᠤᠨᠢ ᠬᠠᠮᠢᠶ᠎ᠠ | ᠪᠥᠬᠦᠶ ᠲᠥᠪᠬᠢᠨᠡᠭᠦᠯᠬᠦ ᠭᠠᠷᠳᠠᠮ ᠢ ᠭᠦᠢᠴᠡᠳᠬᠡᠨ᠎ᠡ᠃ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠲᠤ ᠬᠦᠷᠴᠦ ᠬᠠᠮᠢᠶ᠎ᠠ ᠪᠥᠬᠦᠶ ᠭᠠᠷᠳᠠᠮ ᠢ ᠭᠦᠢᠴᠡᠳᠬᠡᠵᠣ᠂ ᠵᠦᠶ ᠵᠤᠬᠢᠰᠲᠠᠢ ᠰᠢᠯᠲᠠᠭᠠᠨ ᠥᠬᠡᠶ ᠪᠠᠷ ᠬᠤᠭᠤᠴᠠᠭ᠎ᠠ ᠦᠩᠬᠡᠷᠡᠬᠡᠳ ᠭᠠᠷᠳᠠᠮ ᠢ | ᠭᠦᠢᠴᠡᠳᠬᠡᠬᠦ ᠥᠬᠡᠶ ᠪᠤᠶᠤ ᠲᠥᠪᠬᠢᠨᠡᠭᠦᠯᠬᠦ ᠶᠢ ᠳᠠᠭᠠᠬᠤ ᠥᠬᠡᠶ ᠪᠠᠶᠢᠪᠠᠯ᠂ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠨᠢ ᠳᠠᠭᠢᠵᠤ ᠮᠡᠳᠡᠭᠦᠯᠬᠦ ᠥᠬᠡᠶ᠂ ᠬᠤᠲᠠ᠂ | ᠬᠤᠰᠢᠭᠤ ᠲᠣᠭᠤᠷᠢᠭ ᠨᠢ ᠳᠠᠭᠢᠵᠤ ᠲᠥᠪᠬᠢᠨᠡᠭᠦᠯᠬᠦ ᠶᠢ ᠬᠠᠷᠢᠭᠤᠴᠠᠬᠤ ᠥᠬᠡᠶ᠃ ᠡᠯ᠎ᠡ ᠬᠤᠰᠢᠭᠤ ᠲᠣᠭᠤᠷᠢᠭ ᠨᠢ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠢ | ᠲᠥᠪᠬᠢᠨᠡᠭᠦᠯᠦᠭᠰᠡᠨ ᠤ ᠳᠠᠷᠠᠭ᠎ᠠ᠂ 15 ᠠᠵᠢᠯᠯᠠᠬᠤ ᠡᠳᠦᠷ ᠤᠨ ᠳᠣᠲᠣᠷ᠎ᠠ ᠳᠡᠭᠡᠭᠰᠢ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ | ᠤᠨ ᠠᠯᠪᠠᠨ ᠬᠡᠷ ᠲᠤ ᠮᠡᠳᠡᠭᠦᠯᠵᠦ ᠲᠠᠩᠰᠠᠯᠠᠭᠤᠯᠤᠨ᠎ᠠ᠃ | ᠲᠠᠪᠤ᠂ ᠳᠠᠭᠠᠯᠳᠤᠭᠤᠯᠤᠭᠰᠠᠨ ᠲᠦᠷᠢᠮ | ︵ᠨᠢᠭᠡ︶ ᠡᠯ᠎ᠡ ᠬᠤᠰᠢᠭᠤ ᠲᠤᠭᠤᠷᠢᠭ ᠤᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠳᠤ ᠲᠣᠰ ᠠᠷᠭ᠎ᠠ ᠪᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ︵ᠬᠤᠶᠠᠷ︶ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠠᠵᠢᠯᠳᠠᠨ ᠳᠤ ᠬᠠᠷᠠᠭᠠᠯᠵᠠᠯ ᠦᠵᠡᠭᠦᠯᠬᠦ | ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 24 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠠᠵᠢᠯᠳᠠᠨ ᠤ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠳᠤ ᠲᠣᠰ | ᠠᠷᠭ᠎ᠠ ᠪᠠᠷ ᠯᠠᠪᠯᠠᠯᠲᠠ ᠪᠣᠯᠭᠠᠵᠤ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ︵ᠭᠤᠷᠪᠠ︶ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | | | | |