ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠬᠦᠭᠵᠢᠬᠦᠯᠬᠦ﹀ ᠠᠵᠢᠯᠯᠠᠭ᠎ᠠ ᠶᠢ ᠬᠦᠨᠵᠡᠬᠡᠢ ᠨᠠᠶᠢᠲᠠᠪᠤᠷᠢᠵᠢᠭᠤᠯᠵᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠲᠠᠪᠤᠷᠢᠵᠢᠭᠤᠯᠰᠤᠭᠠᠢ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 5 ᠰᠠᠷ᠎ᠠ ᠶᠢᠨ 19 ᠤ ᠡᠳᠦᠷ | | | | | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠬᠦᠨᠵᠡᠬᠡᠢ ᠨᠠᠶᠢᠲᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ | ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠰᠢᠨ᠎ᠡ ᠶᠢ ᠡᠭᠦᠳᠬᠦ ᠶᠢ ᠠᠳᠬᠤᠬᠤ ᠪᠣᠯ | ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ ᠶᠠᠪᠤᠳᠠᠯ ᠮᠥᠨ᠃ | ᠰᠢᠨ᠎ᠡ ᠶᠢ ᠡᠭᠦᠳᠬᠦ ᠬᠥᠭᠵᠢᠯᠲᠡ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠬᠦ ᠶᠢᠨ ᠲᠤᠰᠠᠳᠠ᠂ ︽ᠳᠥᠷᠪᠡ ᠳᠤ | ᠬᠠᠨᠳᠤᠭᠤᠯᠬᠤ︾ ᠶᠢ ᠪᠠᠷᠢᠮᠲᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠬᠦᠭᠵᠢᠬᠦᠯᠬᠦ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠨᠠᠮ ᠲᠠᠷᠬᠠᠭᠠᠭᠰᠠᠨ ﹇ | 2020﹈ 17 ᠳ᠋ᠤᠭᠠᠷ ᠲᠣᠭᠠᠲᠤ︶ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠨᠠᠢᠮᠠᠨ ᠶᠡᠭᠡ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠥᠲᠥᠭᠡᠨ ᠪᠠᠶᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠲᠤᠭᠳᠠᠵᠤ᠂ ᠲᠣᠰ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠤᠨ᠎ᠠ | ︵ᠨᠢᠭᠡ︶ ᠠᠵᠤ ᠦᠢᠯᠡᠰ ᠤᠨ ᠬᠡᠯᠬᠢᠶ᠎ᠡ ᠶᠢ ᠳᠠᠬᠢᠨ ᠪᠠᠶᠢᠭᠤᠯᠬᠤ ᠶᠢ ᠠᠬᠢᠭᠤᠯᠤᠨ᠎ᠠ᠃ ᠠᠷᠢᠭᠤᠨ ᠴᠡᠪᠡᠷ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ | ᠦᠢᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠥᠷᠪᠡᠨ ᠭᠤᠣᠯᠳᠠᠯᠭ᠎ᠠ ᠲᠠᠢ ᠠᠵᠤ | ᠦᠢᠯᠡᠰ ᠢ ᠳᠣᠪᠤᠶᠢᠯᠭᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠳᠤᠲᠠᠭᠳᠠᠵᠤ ᠪᠠᠶᠢᠭ᠎ᠠ ᠬᠡᠰᠡᠭ ᠪᠠ ᠪᠠᠭᠤᠷᠠᠢ ᠭᠤᠭᠴᠤᠭ᠎ᠠ ᠶᠢᠨ | ᠲᠣᠭᠤᠷᠢᠨ ᠳᠤ᠂ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠤᠨᠢᠨ ᠳᠡᠭᠡᠷ᠎ᠡ ᠨᠢ ᠥᠷᠨᠢᠭᠦᠯᠵᠦ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠡᠷᠴᠢᠮᠯᠢᠭ ᠥᠨᠳᠥᠷ ᠦᠷ᠎ᠡ ᠪᠦᠲᠦᠮᠵᠢᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠲᠣᠭᠲᠠᠭᠤᠨ ᠪᠦᠷᠢᠨ ᠪᠦᠲᠦᠨ | ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠵᠦᠢᠯ ᠤᠨ ᠪᠠᠯᠠ ᠮᠥᠩᠭᠦ ᠶᠢ ᠪᠠᠶᠢᠭᠤᠯᠵᠤ᠂ | ᠳᠥᠷᠪᠡᠨ ᠭᠤᠤᠯᠳᠠᠯᠭ᠎ᠠ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠶᠢᠯᠡᠰᠵᠢᠭᠦᠯᠬᠦ ᠲᠥᠷᠥᠯ ᠵᠦᠢᠯ ᠢ ᠳᠡᠮᠵᠢᠵᠦ | ᠂ ᠬᠤᠲᠠ᠂ ᠬᠤᠰᠢᠭᠤ ᠲᠣᠭᠤᠷᠢᠭ ︵ᠬᠦᠷᠢᠶᠡᠯᠡᠩ ᠲᠣᠭᠤᠷᠢᠭ︶ ᠨᠢ ᠲᠥᠷᠥᠯ ᠵᠦᠢᠯ ᠤᠨ ᠬᠡᠪᠴᠢᠶ᠎ᠡ᠂ ᠮᠡᠷᠭᠡᠵᠢᠯ ᠤᠨ ᠲᠡᠷᠢᠭᠦᠨ ᠤ ᠴᠢᠨᠠᠷ ᠵᠢᠴᠢ ᠠᠵᠤ | ᠦᠢᠯᠡᠰ ᠲᠤ ᠦᠵᠡᠭᠦᠯᠬᠦ ᠳᠠᠶᠢᠴᠢᠯᠠᠬᠤ ᠦᠢᠯᠡᠳᠦᠯ ᠵᠡᠷᠭᠡ ᠶᠢ ᠦᠨᠳᠦᠰᠦᠯᠡᠨ ᠬᠠᠮᠲᠤᠪᠠᠷ ᠳᠡᠮᠵᠢᠯᠭᠡ ᠦᠵᠡᠭᠦᠯᠦᠨ᠎ᠡ᠃ ᠭᠤᠤᠯᠳᠠᠯᠭ᠎ᠠ ᠲᠠᠢ ᠠᠵᠤ ᠦᠢᠯᠡᠰ ᠤᠨ | ᠲᠥᠷᠥᠯ ᠵᠦᠢᠯ ᠳᠤ ᠡᠭᠦᠰᠦᠭᠰᠡᠨ ᠮᠡᠷᠭᠡᠵᠢᠯ ᠣᠷᠣᠭᠤᠯᠬᠤ ᠵᠠᠷᠤᠳᠠᠯ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ | ᠬᠤᠲᠠ ᠶᠢᠨ ᠳᠣᠲᠣᠷᠠᠬᠢ ᠡᠯ᠎ᠡ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠲᠠᠢ ᠬᠤᠯᠪᠣᠭᠠᠯᠠᠨ | ᠠᠵᠤ ᠦᠢᠯᠡᠰ ᠤᠨ ᠭᠡᠯᠬᠢᠶ᠎ᠡ ᠶᠢᠨ ᠬᠠᠮᠲᠤᠷᠠᠯᠴᠠᠭᠠᠨ ᠤ ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠮᠡᠳᠡᠭᠡ ᠵᠠᠩᠭᠢ ᠬᠠᠷᠢᠯᠴᠠᠨ | ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠪᠣᠭᠤᠮᠲᠠ ᠰᠢᠪᠲᠤᠯᠬᠤ ᠠᠵᠤ ᠦᠢᠯᠡᠰ ᠤᠨ | ᠬᠡᠯᠬᠢᠶ᠎ᠡ ᠶᠢᠨ ᠬᠠᠩᠭᠠᠯᠭ᠎ᠠ ᠬᠡᠷᠡᠭᠴᠡᠭᠡ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠡᠭᠡᠳᠦ ᠳᠣᠤᠷᠠᠳᠤ ᠤᠷᠤᠰᠬᠠᠯ ᠤᠨ ᠪᠠ ᠵᠡᠬᠦᠨᠳᠡᠬᠢ ᠪᠠᠷᠠᠭᠤᠨᠳᠡᠬᠢ | ᠬᠡᠯᠬᠢᠶ᠎ᠡ ᠶᠢᠨ ᠠᠵᠤ ᠠᠬᠤᠶᠢᠯᠠᠯ ᠤᠨ ᠬᠠᠮᠵᠢᠯᠴᠠᠨ ᠢᠵᠢ ᠪᠥᠷᠢᠳᠦᠭᠦᠯᠬᠦ ᠶᠢ ᠠᠬᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ | ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ | ᠶᠢᠨ ᠵᠥᠪᠯᠡᠯ︶ | ︵ᠬᠤᠶᠠᠷ︶ ᠰᠢᠨ᠎ᠡ ᠶᠢ ᠡᠭᠦᠳᠬᠦ ᠬᠡᠯᠬᠢᠶ᠎ᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ | ᠬᠡᠯᠬᠢᠶ᠎ᠡ ᠶᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠭᠤᠣᠯᠳᠠᠯᠭ᠎ᠠ ᠲᠠᠢ ᠠᠵᠤ ᠦᠢᠯᠡᠰ ᠳᠡᠭᠡᠷ᠎ᠡ ᠲᠥᠪᠯᠡᠷᠡᠭᠦᠯᠦᠨ ᠪᠠᠶᠢᠷᠢᠯᠠᠭᠤᠯᠬᠤ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠶ ᠶᠢᠨ ᠤᠶᠠᠯᠳᠤᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠠᠵᠤ | ᠦᠢᠯᠡᠰᠵᠢᠯᠲᠡ ᠶᠢ ᠬᠠᠷᠰᠢᠯᠠᠵᠤ ᠪᠠᠶᠢᠭᠰᠠᠨ ︽ᠰᠢᠪᠡᠭᠡ ᠬᠠᠰᠢᠶ᠎ᠠ︾ ᠶᠢ ᠨᠤᠷᠠᠭᠠᠵᠤ᠂ ᠠᠵᠤ ᠦᠢᠯᠡᠰ ᠤᠨ ᠳᠤᠮᠳᠠ ᠳᠡᠭᠡᠳᠦ ᠲᠡᠰ ᠲᠡᠶᠢᠰᠢ ᠲᠡᠪᠰᠢᠬᠤ ᠶᠢ | ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠭᠠᠳᠠᠭᠰᠢᠯᠠᠭᠤᠯᠬᠤ | ᠤᠷᠬᠢᠯ ᠬᠡᠮᠵᠢᠭᠳᠡᠯ ᠬᠥᠷᠬᠦ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠭᠠᠳᠠᠭᠰᠢᠯᠠᠭᠤᠯᠬᠤ ᠵᠦᠭᠰᠢᠷᠡᠬᠦᠯᠦᠨ ᠨᠠᠮᠳᠠᠭᠠᠬᠤ᠂ ᠠᠭᠤᠷᠬᠠᠶ ᠶᠢᠨ ᠠᠮᠢ ᠠᠬᠤᠶ ᠶᠢ | ᠰᠡᠷᠭᠦᠭᠡᠬᠦ᠂ ᠥᠩᠭᠡ ᠦᠵᠡᠮᠵᠢ ᠶᠢᠨ ᠤᠰᠤᠲᠥ᠋ᠷᠥᠭᠴᠢ ᠬᠠᠳᠠᠭᠠᠯᠠᠬᠤ ᠲᠠᠯᠠᠪᠤᠷ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠ | ᠭᠤᠤᠯᠳᠠᠯᠭ᠎ᠠ ᠲᠠᠢ ᠠᠵᠤ ᠦᠢᠯᠡᠰ ᠤᠨ ᠮᠡᠷᠭᠡᠵᠢᠯ ᠤᠨ ᠲᠠᠰ ᠳᠡᠪᠰᠢᠬᠦ ᠶᠢᠨ ᠲᠣᠭᠤᠷᠢᠨ ᠳᠤ᠂ ᠰᠢᠨ᠎ᠡ ᠶᠢ ᠡᠭᠦᠳᠬᠦ ᠬᠡᠯᠬᠢᠶᠡᠨ ᠳᠠᠷᠤᠭ᠎ᠠ ᠶᠢᠨ ᠲᠦᠷᠢᠮ ᠢ | ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶᠡᠨ ᠤ ᠵᠢᠷᠤᠭ ᠤᠨ ᠵᠢᠭᠰᠠᠯ ᠢ ᠲᠣᠭᠲᠠᠭᠠᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯᠡᠰ ᠢ ᠬᠠᠮᠲᠤᠷᠠᠨ ᠬᠡᠷᠡᠭᠵᠢᠭᠦᠯᠵᠦ᠂ ᠲᠠᠩ ᠭᠠᠭᠴᠠ ᠲᠥᠷᠥᠯ | ᠵᠦᠢᠯ ᠳᠤ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠶ᠋ᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠭᠤᠷᠪᠠ︶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ ᠲᠤᠭᠠᠵᠢᠭᠤᠯᠤᠭᠰᠠᠨ ᠠᠵᠤ ᠠᠬᠤᠶ ᠪᠠ ᠰᠢᠨ᠎ᠡ ᠡᠨᠧᠷᠭᠢ | ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠣᠶᠤᠨᠴᠢ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠲᠥᠷᠥᠯ ᠵᠦᠢᠯ ᠪᠠ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠪᠯᠡᠷᠡᠭᠦᠯᠦᠨ | ᠲᠡᠳᠬᠦᠵᠦ ᠨᠠᠶᠢᠳᠠᠪᠤᠷᠢᠵᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢ | ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠬᠤᠲᠠ᠂ ᠬᠤᠰᠢᠭᠤ ᠲᠣᠭᠤᠷᠢᠭ ︵ᠬᠦᠷᠢᠶᠡᠯᠡᠩ ᠲᠣᠭᠤᠷᠢᠭ︶ ᠨᠢ ᠲᠥᠷᠥᠯ ᠵᠦᠢᠯ ᠤᠨ ᠮᠡᠷᠭᠡᠵᠢᠯ ᠤᠨ | ᠲᠡᠷᠢᠭᠦᠨ ᠤ ᠴᠢᠨᠠᠷ᠂ ᠵᠢᠱᠢᠭᠰᠡᠨ ᠦᠷ᠎ᠡ ᠠᠰᠢᠭ ᠵᠡᠷᠭᠡ ᠶᠢ ᠦᠨᠳᠦᠰᠦᠯᠡᠨ ᠬᠠᠮᠲᠤᠪᠠᠷ ᠳᠡᠮᠵᠢᠯᠭᠡ ᠦᠵᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢᠨ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠰᠢᠭᠯᠠᠯᠲᠠ ᠳᠤ | ᠤᠷᠤᠭᠤᠯᠬᠤ ᠠᠴᠠ ᠡᠮᠦᠨᠡᠬᠢ ᠲᠤᠷᠰᠢᠯᠲᠠ ᠪᠠᠷ ᠪᠣᠯᠪᠠᠰᠤᠷᠠᠩᠭᠤᠶ ᠪᠣᠯᠭᠠᠬᠤ ᠶᠢ ᠠᠬᠢᠭᠤᠯᠤᠨ᠂ ᠠᠵᠤ ᠦᠢᠯᠡᠰᠵᠢᠬᠦᠯᠦᠯᠲᠡ ᠶᠢᠨ ᠮᠡᠷᠭᠡᠵᠢᠯ ᠤᠨ ᠪᠣᠭᠤᠮᠢ ᠶᠢ | ᠰᠢᠪᠲᠤᠯᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ᠬᠢᠶ᠎ᠠ ᠪᠠᠭᠰᠢ | ᠲᠣᠭᠤᠷᠢᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠤᠷᠢᠳᠠᠪᠠᠷ ᠬᠡᠷᠡᠭᠵᠢᠭᠦᠯᠬᠦ ᠬᠤᠲᠠ ᠪᠠᠶᠢᠭᠤᠯᠬᠤ ᠶᠢ ᠳᠡᠮᠵᠢᠵᠦ᠂ ᠨᠥᠯᠥᠭᠡᠯᠡᠬᠦ ᠬᠦᠴᠦᠨ ᠲᠠᠢ ᠣᠷᠣᠨ | ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ ᠥᠨᠳᠥᠷ ᠦᠷ᠎ᠡ ᠠᠰᠢᠭ ᠲᠠᠢ ᠡᠭᠦᠯᠳᠡᠷ ᠪᠤᠶᠢᠵᠢᠭᠤᠯᠬᠤ᠂ ᠤᠨᠴᠠᠯᠢᠭᠳᠤ ᠳᠠᠷᠢᠵᠤ ᠲᠡᠵᠢᠭᠡᠬᠦ᠂ ᠲᠠᠷᠢᠶᠠᠯᠠᠩ ᠮᠠᠯ ᠠᠵᠤ ᠠᠬᠤᠶ ᠶᠢᠨ ᠡᠬᠢ | ᠪᠠᠶᠠᠯᠢᠭ ᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠠᠷᠢᠶᠠᠯᠠᠩ ᠮᠠᠯ | ᠠᠵᠤ ᠠᠬᠤᠶ ᠶᠢᠨ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠶᠢᠨ ᠲᠣᠭᠤᠷᠢᠨ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠴᠡᠪᠡᠷ ᠡᠨᠧᠷᠭᠢ ᠬᠠᠩᠭᠠᠬᠤ᠂ ᠥᠨᠳᠥᠷ ᠦᠷ᠎ᠡ | ᠪᠦᠲᠦᠮᠵᠢᠲᠡᠶ ᠣᠯᠠᠨ ᠨᠡᠶᠢᠲᠡ ᠶᠢᠨ ᠦᠢᠯᠡᠴᠢᠯᠡᠬᠡᠨ ᠵᠡᠷᠭᠡ ᠲᠠᠯ᠎ᠠ ᠶᠢᠨ ᠮᠡᠷᠭᠡᠵᠢᠯ ᠤᠨ ᠵᠢᠱᠢᠶ᠎ᠡ ᠦᠵᠡᠭᠦᠯᠦᠨ ᠬᠡᠷᠡᠭᠯᠡᠬᠦ ᠶᠢ ᠳᠡᠮᠵᠢᠵᠦ᠂ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠤᠷᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠨᠡᠮᠡᠷᠢᠯᠡᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ | ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠳᠣᠰ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠲᠣᠭᠤᠷᠢᠭ ᠲᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ 1000 ᠲᠦᠮᠡᠨ ᠲᠥᠭᠦᠷᠢᠭ ᠲᠤᠬᠢᠷᠠᠭᠤᠯᠵᠤ᠂ ᠰᠢᠨᠵᠢᠯᠡᠬᠦ | ᠤᠬᠠᠭᠠᠨ ᠤ ᠰᠤᠳᠤᠯᠤᠯ ᠤᠨ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ | ᠪᠤᠶᠢᠵᠢᠭᠤᠯᠵᠤ᠂ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠥᠷᠨᠢᠭᠦᠯᠦᠨ᠎ᠡ᠃ ᠮᠠᠨ ᠤ ᠬᠤᠳᠠ ᠶᠢᠨ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠶᠢ ᠬᠥᠲᠥᠯᠥᠨ ᠵᠢᠯᠣᠭᠤᠳᠬᠤ ᠪᠠ ᠲᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ | ᠲᠦᠷᠢᠮ ᠢ ᠭᠦᠨᠵᠡᠭᠡᠶ ᠬᠡᠷᠡᠭᠵᠢᠭᠦᠯᠵᠦ᠂ ᠬᠠᠮᠢᠶᠠᠷᠤᠯᠲᠠ ᠶᠢᠨ ᠲᠣᠭᠲᠠᠴᠠ ᠪᠠ ᠳᠡᠮᠵᠢᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠵᠢᠯ ᠪᠦᠷᠢ ᠠᠳᠠᠭ ᠪᠠᠭ᠎ᠠ | ᠳᠠᠭᠠᠨ 1000 ᠲᠦᠮᠡᠨ ᠲᠥᠭᠦᠷᠢᠭ ᠲᠤᠬᠢᠷᠠᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ | ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | ︵ᠲᠠᠪᠤ︶ ᠨᠡᠶᠢᠭᠡᠮ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠯᠥᠪᠯᠡᠭᠡ ᠶᠢ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ᠂ ᠰᠤᠷᠭᠠᠨ ᠬᠥᠮᠦᠵᠢᠯ ᠰᠣᠶᠣᠯ᠂ | ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠤ᠂ ᠤᠯᠠᠨ ᠨᠡᠶᠢᠲᠡ ᠶᠢᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠤᠯᠠᠨ ᠨᠡᠶᠢᠲᠡ ᠶᠢᠨ | ᠦᠢᠯᠡᠴᠢᠯᠡᠭᠡ ᠵᠡᠷᠭᠡ ᠬᠦᠷᠢᠶᠡᠨ ᠳᠤ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ ᠬᠡᠷᠡᠭᠯᠡᠬᠦ ᠶᠢ ᠲᠡᠮᠵᠢᠨ᠎ᠠ᠃ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢᠨ ᠡᠷᠴᠢᠮᠵᠢᠭᠦᠯᠦᠨ ᠬᠠᠮᠵᠢᠯᠴᠠᠬᠤ ᠶᠢ | ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠣᠭᠲᠠᠭᠤᠨ ᠢᠶᠠᠷ | ᠳᠡᠮᠵᠢᠬᠦ ᠡᠷᠴᠢᠮ ᠢ ᠴᠢᠩᠭᠠᠷᠠᠭᠤᠯᠵᠤ᠂ ᠵᠢᠯ ᠪᠦᠷᠢ ᠠᠳᠠᠭ ᠪᠠᠭ᠎ᠠ ᠳᠠᠭᠠᠨ 2000 ᠲᠦᠮᠡᠨ ᠲᠥᠭᠦᠷᠢᠭ ᠲᠤᠬᠢᠷᠠᠭᠤᠯᠵᠤ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ | ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ ᠣᠷᠳᠣᠰ ᠤᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ | ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠵᠢᠯ ᠪᠦᠷᠢ 5000 ᠲᠦᠮᠡᠨ ᠲᠥᠭᠦᠷᠢᠭ | ᠳᠣᠭᠢᠷᠠᠭᠤᠯᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠪᠣᠬᠢᠷᠲᠤᠯ ᠢ ᠪᠠᠭᠠᠰᠬᠠᠨ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠷᠭᠡᠵᠢᠯ ᠢ ᠤᠯᠠᠷᠢᠭᠤᠯᠤᠨ ᠬᠡᠷᠡᠭᠯᠡᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | | ᠬᠤᠶᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ | ︵ᠵᠢᠷᠭᠤᠭ᠎ᠠ︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ ᠶᠢ ᠲᠡᠭ ᠪᠣᠯᠭᠠᠬᠤ︾ ᠠᠵᠢᠯᠯᠠᠭ᠎ᠠ ᠶᠢ | ᠬᠡᠷᠡᠭᠵᠢᠭᠦᠯᠦᠨ᠎ᠡ᠃ ᠡᠯ᠎ᠡ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠨᠢ ᠠᠵᠤ ᠠᠬᠤᠶᠢᠯᠠᠯᠲᠠᠨ ᠤ ᠰᠢᠨ᠎ᠡ ᠶᠢ ᠡᠭᠦᠳᠦᠨ ᠬᠥᠭᠵᠢᠭᠦᠯᠬᠦ ᠦᠵᠡᠯ ᠤᠬᠠᠮᠰᠠᠷ ᠢ | ᠬᠦᠴᠦᠯᠡᠨ ᠪᠤᠶᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠢ ᠬᠥᠲᠥᠯᠦᠨ ᠵᠢᠯᠣᠭᠤᠳᠴᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠳᠠᠬᠢ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠥᠬᠡᠶ ᠪᠤᠶᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠪᠠᠷ | ᠪᠠᠭ᠎ᠠ ᠪᠠᠶᠢᠪᠠᠯ᠂ ︽ᠴᠡᠭ ᠠᠴᠠ ᠴᠡᠭ ᠲᠤ ᠬᠥᠷᠬᠦ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ | ᠬᠡᠷᠡᠭᠲᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠬᠤᠲᠠ ᠶᠢᠨ ᠰᠤᠳᠤᠯᠤᠨ ᠨᠡᠭᠡᠭᠡᠬᠦ | ᠣᠷᠣᠭᠤᠯᠤᠯᠲᠠ ᠥᠬᠡᠶ᠂ ᠰᠤᠳᠤᠯᠤᠨ ᠨᠡᠭᠡᠭᠡᠬᠦ ᠪᠠᠶᠢᠭᠤᠯᠤᠮᠵᠢ ᠥᠬᠡᠶ ᠪᠠ ᠡᠭᠦᠳᠦᠯᠲᠡ ᠶᠢᠨ ᠲᠤᠰᠬᠠᠶ ᠠᠰᠢᠭ ᠥᠬᠡᠶ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ︽ᠦᠬᠡᠢ ᠪᠣᠯᠭᠠᠬᠤ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠲᠥᠷᠢᠮ ᠪᠠᠶᠢᠭᠤᠯᠬᠤ ᠶᠢ ᠠᠬᠢᠭᠤᠯᠵᠤ᠂ ᠰᠤᠳᠤᠯᠤᠨ ᠨᠡᠭᠡᠭᠡᠬᠦ ᠵᠠᠷᠤᠳᠠᠯ ᠤᠨ ᠲᠣᠭᠠᠴᠠᠭ᠎ᠠ | ᠬᠢᠬᠦ ᠶᠢ ᠵᠢᠷᠤᠮᠵᠢᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠵᠡᠩᠨᠡᠯᠲᠡ ᠶᠢᠨ ᠣᠷᠣᠯᠭ᠎ᠠ ᠳᠠᠬᠢ ᠡᠵᠡᠯᠡᠬᠦ ᠬᠠᠷᠢᠴᠠᠯ ᠨᠢ 3% ᠠᠴᠠ ᠳᠡᠭᠡᠭᠰᠢ | ᠪᠤᠯᠤᠭᠰᠠᠨ ᠪᠤᠶᠤ ᠰᠤᠳᠤᠯᠤᠨ ᠨᠡᠭᠡᠭᠡᠬᠦ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠤᠯᠤᠭᠰᠠᠨ ᠬᠡᠪᠴᠢᠶ᠎ᠡ ᠠᠴᠠ ᠳᠡᠭᠡᠭᠰᠢᠬᠢ ᠠᠵᠤ | ᠠᠬᠤᠶᠢᠯᠠᠯ ᠳᠤ ᠲᠠᠰ ᠬᠤᠪᠢᠶᠠᠨ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠱᠠᠭᠠᠷᠳᠠᠯᠭ᠎ᠠ ᠳᠤ ᠬᠦᠷᠦᠭᠰᠡᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠳᠠᠬᠢᠨ ᠢᠶᠠᠷ ᠱᠠᠩᠨᠠᠯ ᠨᠥᠬᠦᠪᠥᠷᠢ ᠣᠯᠭᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠢᠭᠡᠳ ᠡᠳ᠋ ᠤᠨ ᠵᠠᠰᠠᠭ ᠤᠨ ᠨᠥᠬᠦᠪᠥᠷᠢ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ | ᠨᠡᠶᠢᠯᠡᠭᠦᠯᠦᠨ ᠬᠤᠯᠪᠣᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠪᠠᠷ ᠶᠡᠭᠡ᠂ ᠰᠢᠨ᠎ᠡ ᠶᠢ ᠡᠭᠦᠳᠬᠦ ᠴᠢᠳᠠᠪᠤᠷᠢ ᠪᠠᠷ | ᠴᠢᠩᠭ᠎ᠠ᠂ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢᠶᠠᠷ ᠢᠯᠡᠷᠬᠡᠶ ᠳᠠᠭᠠᠭᠤᠯᠤᠭᠴᠢ ᠠᠵᠤ ᠠᠬᠤᠶᠢᠯᠠᠯ ᠳᠤ ᠲᠥᠷᠥᠯ ᠵᠦᠢᠯ᠂ ᠲᠠᠪᠴᠠᠩ ᠵᠡᠷᠭᠡ ᠲᠠᠯ᠎ᠠ ᠪᠠᠷ | ᠭᠤᠤᠯᠳᠠᠯᠭ᠎ᠠ ᠲᠠᠢ ᠳᠡᠮᠵᠢᠯᠭᠡ ᠦᠵᠡᠭᠦᠯᠵᠦ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠪᠠᠶᠢᠬᠤᠤ ᠥᠪᠡᠷᠮᠢᠴᠡ ᠦᠢᠯᠡᠴᠢᠯᠡᠭᠡ ᠬᠠᠩᠭᠠᠨ᠎ᠠ᠃ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠵᠤ ᠤᠷᠮᠠᠰᠢᠭᠤᠯᠬᠤ ᠲᠣᠭᠲᠠᠴᠠ ᠶᠢ | ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠠᠰᠢᠭ ᠬᠤᠨᠵᠢᠪᠣᠷᠢ ᠲᠠᠢ ᠠᠳᠠᠯᠢ ᠪᠠᠷ ᠦᠵᠡᠵᠦ᠂ ᠨᠡᠮᠡᠭᠳᠡᠯ ᠤᠨ ᠬᠡᠮᠵᠢᠶ᠎ᠡ ᠶᠢᠨ | ᠬᠡᠰᠡᠭ ᠢ 150% ᠪᠠᠷ ᠨᠡᠮᠡᠵᠦ ᠪᠤᠳᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠰᠢᠨ᠎ᠡ ᠪᠠᠷ ᠮᠠᠭᠠᠳᠯᠠᠨ ᠲᠤᠭᠳᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ | ᠠᠬᠤᠶᠢᠯᠠᠯ ᠤᠨ ᠮᠡᠷᠭᠡᠵᠢᠯ ︵ᠰᠤᠳᠤᠯᠤᠨ ᠨᠡᠭᠡᠭᠡᠬᠦ︶ ᠤᠨ ᠲᠥᠪ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 300 ᠲᠦᠮᠡᠨ ᠲᠥᠭᠦᠷᠢᠭ ᠪᠠ 30 | ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠲᠥᠪ ᠤᠨ ᠠᠵᠤ ᠠᠬᠤᠶᠢᠯᠠᠯ ᠲᠠᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ | ᠬᠤᠲᠠ ᠳᠤ ᠰᠤᠳᠤᠯᠤᠨ ᠨᠡᠭᠡᠭᠡᠬᠦ ᠲᠠᠪᠴᠠᠩ ᠪᠠᠶᠢᠭᠤᠯᠵᠤ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠰᠬᠠᠶ ᠠᠰᠢᠭ ᠤᠨ ᠡᠭᠦᠳᠦᠨ ᠪᠦᠲᠦᠭᠡᠯᠲᠡ᠂ ᠬᠡᠷᠡᠭᠯᠡᠯᠲᠡ ᠵᠡᠷᠭᠡ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠢᠯᠣᠭᠤᠳᠤᠨ ᠤᠷᠮᠠᠰᠢᠭᠤᠯᠬᠤ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ | ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ | ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ | ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ | ᠶᠢᠨ ᠵᠥᠪᠯᠡᠯ︶ | ︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠤᠨ᠎ᠠ᠃ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ︽ᠬᠤᠶᠠᠷ ᠲᠠᠬᠢᠨ ᠢᠶᠠᠷ | ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠵᠦ᠂ ᠱᠠᠲᠤᠯᠠᠨ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠶᠠᠷ ᠵᠢᠯ ᠳᠠᠷᠠᠭᠠᠯᠠᠨ ᠬᠥᠮᠥᠷᠭᠡ ᠳᠤ | ᠣᠷᠣᠭᠤᠯᠤᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ 5 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠵᠤ᠂ ᠳᠠᠬᠢᠨᠲᠠ ᠵᠥᠪᠰᠢᠶᠡᠷᠡᠯ ᠣᠯᠤᠭᠰᠠᠨ ᠪᠠ ᠪᠦᠬᠦᠯᠢ ᠴᠣᠭᠴᠠ ᠪᠠᠷ ᠢᠶᠠᠨ ᠮᠠᠨ ᠤ ᠬᠤᠲᠠ ᠳᠤ ᠨᠡᠭᠦᠵᠦ ᠤᠷᠤᠭᠰᠠᠨ ᠤᠯᠤᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠬᠤᠲᠠ | ᠶᠢᠨ ᠲᠠᠰ ᠤᠨ ︽ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠭᠠᠶᠢᠵᠢᠭᠰᠠᠨ ᠰᠢᠨᠡᠴᠢᠯᠡᠭᠰᠡᠨ︾ ᠠᠵᠤ ᠠᠬᠤᠶᠢᠯᠠᠯ᠂ ︽ᠵᠢᠵᠢᠭ ᠮᠤᠨᠳᠠᠭ ᠤᠳ︾ ᠠᠵᠤ | ᠠᠬᠤᠶᠢᠯᠠᠯ ᠳᠤ ᠲᠣᠰ ᠲᠣᠰ ᠨᠢᠭᠡ ᠤᠳᠠᠭ᠎ᠠ ᠳᠤ 10 ᠲᠦᠮᠡᠨ ᠲᠥᠭᠦᠷᠢᠭ ᠪᠠ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠨᠠᠢᠮᠠ︶ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠵᠦᠢᠯᠡᠰ ᠢ ᠬᠡᠷᠡᠭᠵᠢᠭᠦᠯᠬᠦ ᠶᠢ ᠲᠡᠮᠵᠢᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ | ᠵᠦᠢᠯᠡᠰ ᠢ ᠡᠭᠦᠷᠭᠡᠯᠡᠵᠦ ᠪᠠᠶᠢᠭ᠎ᠠ ᠨᠢᠭᠡᠴᠡ ᠳᠤ ᠲᠡᠭᠦᠨ ᠤ ᠣᠯᠤᠭᠰᠠᠨ ᠤᠯᠤᠰ ᠤᠨ ᠲᠤᠰᠬᠠᠶ ᠵᠦᠢᠯ ᠤᠨ ᠰᠠᠯᠭᠠᠨ ᠥᠭᠬᠦ ᠵᠣᠭᠤᠰ ᠤᠨ ᠲᠣᠭᠠᠨ ᠤ 10% ᠶᠢᠨ | ᠨᠥᠬᠦᠪᠥᠷᠢ ᠥᠭᠭᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ | ᠲᠤᠰᠬᠠᠶ ᠵᠦᠢᠯ ᠤᠨ ᠪᠡᠯᠡ ᠮᠥᠩᠭᠦ ᠶᠢ ᠠᠳᠠᠭ ᠪᠠᠭ᠎ᠠ ᠳᠠᠭᠠᠨ 1000 ᠲᠦᠮᠡᠨ ᠲᠥᠭᠦᠷᠢᠭ ᠲᠤᠬᠢᠷᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ | ᠪᠤᠳᠤᠯᠭ᠎ᠠ ᠲᠣᠭᠲᠠᠭᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠳᠣᠲᠣᠭᠠᠳᠤ ᠶᠢᠨ ᠰᠤᠳᠤᠯᠤᠨ ᠨᠡᠭᠡᠭᠡᠬᠦ ᠬᠠᠮᠢᠶᠠᠷᠤᠯᠲᠠ ᠶᠢᠨ ᠲᠥᠷᠢᠮ ᠢ | ᠲᠡᠬᠦᠯᠳᠡᠷᠵᠢᠬᠦᠯᠵᠤ᠂ ᠰᠢᠨ᠎ᠡ ᠶᠢ ᠡᠭᠦᠳᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠨ᠎ᠡ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯᠲᠠᠨ ᠢ ᠶᠡᠬᠡᠪᠡᠷ | ᠪᠤᠶᠢᠵᠢᠭᠤᠯᠵᠤ᠂ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠤᠰᠢᠶᠠᠯᠲᠠᠨ ᠢ ᠰᠣᠩᠭᠤᠨ ᠲᠣᠮᠢᠯᠠᠵᠤ᠂ | ᠠᠵᠤ ᠠᠬᠤᠶᠢᠯᠠᠯ ᠤᠨ ᠮᠡᠷᠭᠡᠵᠢᠯ ᠤᠨ ᠲᠦᠷᠦᠭᠦᠦ ᠲᠤᠰᠢᠶᠠᠯᠲᠠᠨ ᠢ ᠪᠤᠶᠢᠵᠢᠭᠤᠯᠬᠤ ᠶᠢ ᠵᠣᠷᠢᠭᠵᠢᠭᠤᠯᠤᠨ ᠲᠡᠮᠵᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠶᠢᠰᠦ︶ ᠠᠵᠤ ᠠᠬᠤᠶᠢᠯᠠᠯ ᠳᠤ ᠬᠤᠯᠪᠣᠭᠳᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠲᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠤᠳᠤᠵᠤ ᠰᠠᠭᠤᠳᠬᠠᠨ ᠬᠠᠰᠤᠬᠤ᠂ | ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠬᠠᠰᠤᠬᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠶᠢᠨ ᠨᠤᠷᠮ᠎ᠠ ᠶᠢᠨ ᠬᠠᠷᠠᠭᠠᠯᠵᠠᠯ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ | ᠠᠬᠤᠶᠢᠯᠠᠯ ᠤᠨ ᠭᠠᠶᠢᠯᠢ ᠲᠤᠰᠢᠶᠠᠪᠠᠯ ᠵᠣᠬᠢᠬᠤ ᠠᠰᠢᠭ ᠣᠷᠣᠯᠭ᠎ᠠ ᠶᠢᠨ ᠲᠤᠭ᠎ᠠ ᠶᠢ ᠲᠤᠯᠭᠠᠨ ᠬᠠᠰᠤᠬᠤ᠂ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ | ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠭᠠᠶᠢᠯᠢ ᠲᠠᠳᠠᠪᠤᠷᠢ ᠶᠢᠨ ᠬᠠᠷᠠᠭᠠᠯᠵᠠᠯ ᠤᠨ ᠲᠥᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠎ᠠ | ᠃ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠬᠡᠭᠰᠡᠨ ᠠᠵᠤ ᠦᠢᠯᠡᠰ ᠤᠨ ᠠᠵᠤ ᠠᠬᠤᠶᠢᠯᠠᠯ ᠤᠨ ᠴᠠᠬᠢᠯᠭᠠᠨ ᠬᠦᠴᠦᠨ ᠤ | ᠠᠷᠠᠯᠵᠢᠶ᠎ᠠ ᠳᠤ ᠤᠷᠢᠳᠠᠪᠠᠷ ᠣᠷᠣᠯᠴᠠᠬᠤ᠂ ᠨᠠᠷᠠᠨ ᠤ ᠡᠨᠧᠷᠬᠢ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠶᠢ ᠲᠣᠬᠢᠷᠠᠭᠤᠯᠬᠤ᠂ ᠲᠣᠩᠭᠤᠷᠤᠤ | ᠱᠠᠲᠤᠯᠢᠭ ᠴᠠᠬᠢᠯᠭᠠᠨ ᠳᠠᠮᠵᠢᠭᠤᠯᠵᠤ ᠲᠦᠭᠡᠭᠡᠬᠦ ᠦᠨ᠎ᠡ ᠶᠢ ᠬᠡᠷᠡᠭᠵᠢᠬᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ | ᠣᠷᠣᠨ ᠠᠴᠠ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠮᠡᠷᠭᠡᠵᠢᠯ ᠤᠨ ᠦᠷ᠎ᠡ | ᠪᠦᠲᠦᠭᠡᠯ ᠢ ᠡᠵᠡᠮᠰᠢᠭᠴᠢ ᠮᠠᠨ ᠤ ᠬᠤᠲᠠ ᠳᠤ ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠠᠶᠢᠭᠤᠯᠬᠤ ᠭᠠᠶᠢᠯᠢ ᠲᠠᠲᠠᠪᠤᠷᠢ ᠶᠢ | ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠠᠴᠢᠶᠠᠯᠠᠪᠤᠷᠢ ᠶᠢ ᠪᠥᠲᠥᠭᠡᠨ ᠪᠠᠶᠢᠭᠤᠯᠬᠤ ᠠᠵᠢᠯᠯᠠᠭ᠎ᠠ | ︵ᠠᠷᠪᠠ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ︽ᠶᠠᠰᠤ ᠴᠢᠨᠠᠷ ᠢ ᠳᠡᠭᠡᠭᠰᠢᠯᠡᠭᠦᠯᠵᠦ ᠣᠷᠣᠨ ᠪᠠᠶᠢᠷᠢ ᠶᠢ ᠨᠢ ᠳᠡᠭᠡᠭᠰᠢᠯᠡᠭᠦᠯᠬᠦ︾ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠬᠤ ᠪᠠ | ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠢ ᠰᠤᠳᠤᠯᠤᠨ ᠨᠡᠭᠡᠭᠡᠬᠦ | ᠶᠢᠨ ᠲᠣᠭᠤᠷᠢᠨ ᠳᠤ᠂ ᠬᠥᠲᠥᠴᠢ ᠠᠵᠤ ᠠᠬᠤᠶᠢᠯᠠᠯ ᠪᠠ ᠨᠠᠷᠠᠲᠤ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠨᠢᠭᠲᠠ ᠠᠩᠬᠠᠷᠴᠤ᠂ ᠨᠢᠭᠡ ᠪᠦᠯᠦᠭ ᠴᠢᠬᠤᠯᠠ | ᠶᠡᠭᠡ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠥᠷᠥᠯ ᠵᠦᠢᠯ ᠪᠠ ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠢ ᠲᠥᠪᠯᠡᠷᠡᠭᠦᠯᠦᠨ ᠬᠦᠴᠦ ᠣᠷᠣᠭᠤᠯᠤᠨ ᠠᠪᠴᠢᠷᠠᠬᠤ ᠬᠡᠷᠡᠭᠲᠡᠶ᠃ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠᠷ ᠳᠠᠮᠵᠢᠭᠤᠯᠤᠨ᠂ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠲᠡ ᠶᠢᠨ ᠲᠤᠭᠤᠷᠢᠭ ᠢ ᠪᠥᠬᠦ ᠬᠤᠲᠠ ᠶᠢᠨ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠨᠡᠮᠡᠭᠳᠡᠯ ᠤᠨ ᠲᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠯᠤᠮᠳᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ | ᠲᠡᠭᠦᠯᠳᠡᠷᠵᠢᠭᠦᠯᠬᠦ ᠶᠢ ᠳᠡᠮᠵᠢᠵᠦ᠂ ᠰᠢᠨ᠎ᠡ ᠬᠡᠯᠪᠡᠷᠢ ᠶᠢᠨ ᠵᠠᠰᠠᠯᠲᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠡᠷᠬᠡ ᠣᠯᠭᠤᠬᠤ ᠵᠦᠢᠯᠡᠰ ᠤᠨ ᠨᠠᠷᠢᠨ ᠬᠠᠭᠤᠳᠠᠰᠤ | ᠶᠢ ᠪᠠᠶᠢᠭᠤᠯᠵᠤ᠂ ᠬᠤᠲᠠ ᠶᠢᠨ ᠱᠠᠲᠤᠨ ᠤ ᠠᠵᠤ ᠠᠬᠤᠶ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠪᠦᠬᠦᠨ ᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠪᠠᠭᠤᠯᠭᠠᠨ᠎ᠠ᠃ ᠬᠤᠲᠠ ᠶᠢᠨ ᠡᠳ᠋ ᠤᠨ ᠵᠠᠰᠠᠭ ᠠᠴᠠ ᠵᠢᠯ ᠪᠦᠷᠢ 5000 ᠲᠦᠮᠡᠨ ᠲᠥᠭᠦᠷᠢᠭ ᠳᠣᠭᠢᠷᠠᠭᠤᠯᠤᠨ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠡᠪᠴᠢᠬᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠬᠤ | ᠶᠢ ᠳᠡᠮᠵᠢᠵᠦ᠂ ᠰᠢᠨ᠎ᠡ ᠶᠢ ᠡᠭᠦᠳᠬᠦ ᠲᠠᠪᠴᠠᠩ ᠢ ᠪᠤᠶᠢᠵᠢᠭᠤᠯᠤᠨ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠤᠷᠳᠤᠰ | ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠤᠯᠤᠰ | ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠥᠳᠥᠭᠡᠨ ᠪᠠᠶᠢᠭᠤᠯᠬᠤ ᠶᠢ ᠲᠡᠮᠵᠢᠨ᠎ᠡ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠦᠷᠢᠶᠡᠴᠢᠯᠡᠭᠰᠡᠨ | ᠬᠢᠨᠠᠨ ᠰᠢᠯᠭᠠᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠬᠤ | ᠬᠦᠢᠴᠡᠳᠬᠡᠯ ᠲᠤᠭ᠎ᠠ ᠶᠢ ᠳᠣᠪᠤᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ︽ᠰᠢᠯᠢᠳᠡᠭ ᠢ | ᠠᠬᠢᠭᠤᠯᠤᠨ ᠪᠤᠶᠢᠵᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠣᠲᠣ ᠶᠢᠨ ᠪᠠᠶᠢᠭ᠎ᠠ ᠬᠦᠷᠢᠶᠡᠯᠡᠩ ᠲᠣᠭᠤᠷᠢᠭ ᠠᠴᠠ ᠪᠤᠶᠢᠵᠢᠭᠤᠯᠬᠤ ᠡᠲᠡᠭᠡᠳ ᠢ ᠰᠢᠯᠢᠨ | ᠰᠣᠩᠭᠤᠵᠤ᠂ ᠪᠤᠶᠢᠵᠢᠭᠤᠯᠬᠤ ᠬᠤᠭᠤᠴᠠᠭᠠᠨ ᠳᠤ ᠵᠢᠯ ᠪᠦᠷᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ | ᠵᠥᠪᠰᠢᠶᠡᠷᠡᠯ ᠣᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠡᠯ᠎ᠡ | ᠲᠥᠷᠥᠯ ᠤᠨ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠲᠦᠷᠭᠡᠳᠬᠡᠬᠦ ᠶᠢ ᠳᠡᠮᠵᠢᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠬᠦᠳᠬᠦ ᠶᠢ ᠤᠷᠮᠠᠰᠢᠭᠤᠯᠬᠤ ᠲᠤᠭᠳᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠶᠢᠨ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | ︵ᠠᠷᠪᠠᠨ ᠨᠢᠭᠡ︶ ᠰᠤᠳᠤᠯᠤᠨ ᠨᠡᠭᠡᠭᠡᠬᠦ ᠲᠠᠪᠴᠠᠩ ᠤᠨ ᠴᠡᠭ ᠢ ᠨᠡᠮᠡᠭᠳᠡᠭᠦᠯᠵᠦ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠣᠷᠳᠣᠰ ᠤᠨ ᠠᠵᠤ | ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠪᠣᠯᠤᠨ | ᠴᠦᠯᠡᠷᠭᠡᠭᠵᠢᠯ ᠢ ᠵᠠᠰᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠤᠨ᠎ᠠ᠃ ᠠᠵᠤ ᠠᠬᠤᠶᠢᠯᠠᠯ ᠤᠨ ᠡᠯ᠎ᠡ ᠲᠥᠷᠥᠯ ᠤᠨ ᠰᠢᠨ᠎ᠡ ᠶᠢ | ᠡᠭᠦᠳᠬᠦ ᠲᠠᠪᠴᠠᠩ ᠢ ᠲᠦᠷᠦᠭᠦᠯᠡᠨ ᠡᠭᠦᠳᠦᠨ ᠪᠠᠶᠢᠭᠤᠯᠬᠤ ᠶᠢ ᠶᠡᠬᠡᠪᠡᠷ ᠳᠡᠮᠵᠢᠵᠦ᠂ ᠡᠭᠦᠳᠦᠨ ᠪᠠᠶᠢᠭᠤᠯᠬᠤ ᠬᠤᠭᠤᠴᠠᠭᠠᠨ ᠳᠠᠬᠢ ᠤᠯᠤᠰ ᠤᠨ ᠲᠠᠰ ᠤᠨ ᠰᠢᠨ᠎ᠡ ᠶᠢ | ᠡᠭᠦᠳᠬᠦ ᠲᠠᠪᠴᠠᠩ ᠳᠤ ᠪᠠᠯᠠ ᠮᠥᠩᠭᠦ᠂ ᠭᠠᠵᠠᠷ ᠰᠢᠷᠣᠶ᠂ ᠡᠨᠧᠷᠭᠢ ᠬᠡᠷᠡᠭᠯᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠪᠠᠶᠢᠭᠤᠯᠬᠤ ᠶᠢ | ᠵᠥᠪᠰᠢᠶᠡᠷᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ | 500 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ | ᠢᠨᠵᠧᠨᠧᠷᠢᠩ ᠤᠨ ᠰᠤᠳᠤᠯᠭᠠᠨ ᠤ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ | ᠲᠥᠪ ᠲᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ 200 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ | ᠲᠠᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠳᠤ 5 ᠵᠢᠯ ᠳᠠᠷᠠᠭᠠᠯᠠᠨ᠂ ᠵᠢᠯ ᠪᠦᠷᠢ ᠠᠳᠠᠭ ᠪᠠᠭ᠎ᠠ ᠳᠠᠭᠠᠨ 20 | ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ | ᠲᠤᠮᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠨᠡᠬᠡᠬᠡᠯᠲᠡ | ᠲᠠᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠡᠨᠧᠷᠭᠢ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ | ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ | ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠦᠬᠦᠷ ᠢ ᠲᠤᠰᠬᠠᠶᠢᠵᠢᠭᠤᠯᠬᠤ᠂ ᠳᠡᠭᠡᠳᠦ ᠲᠡᠰᠵᠢᠬᠦᠯᠬᠦ ᠳᠠᠰᠢ ᠬᠥᠭᠵᠢᠭᠦᠯᠬᠦ ᠶᠢ | ᠠᠬᠢᠭᠤᠯᠵᠤ᠂ ᠨᠡᠪᠴᠢᠬᠦᠯᠬᠦ ᠲᠥᠷᠥᠯ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠎ᠡ᠃ ᠰᠢᠨ᠎ᠡ ᠪᠠᠷ ᠮᠠᠭᠠᠳᠯᠠᠨ | ᠲᠣᠭᠲᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠣᠴᠢ | ᠲᠥᠯᠦᠪᠯᠡᠭᠡ ᠶᠢᠨ ᠰᠢᠨ᠎ᠡ ᠶᠢ ᠡᠭᠦᠳᠬᠦ ᠣᠷᠣᠨ ᠵᠠᠶ ᠳᠤ ᠲᠠᠰ ᠪᠠ ᠲᠥᠷᠥᠯ ᠬᠡᠯᠪᠡᠷᠢ ᠪᠠᠷ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠬᠤ ᠶᠢᠨ ᠬᠠᠮᠲᠤ᠂ ᠦᠢᠯᠡᠴᠢᠯᠡᠬᠡᠨ ᠤ ᠠᠮᠵᠢᠯᠲᠠ ᠪᠦᠲᠦᠮᠵᠢ ᠶᠢ ᠦᠨᠳᠦᠰᠦᠯᠡᠨ ᠴᠢᠨᠠᠭᠰᠢᠳᠠ ᠵᠣᠭᠤᠰ ᠮᠥᠩᠭᠦ ᠪᠠᠷ ᠲᠤᠰᠠᠯᠠᠨ᠎ᠠ᠃ ᠰᠢᠨ᠎ᠡ ᠶᠢ | ᠡᠭᠦᠳᠬᠦ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠶᠢ ᠲᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠠᠵᠢᠯᠯᠠᠭ᠎ᠠ | ︵ᠠᠷᠪᠠᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠬᠤ ᠲᠠᠪᠴᠠᠩ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠲᠤᠮᠤ ᠵᠠᠬ᠎ᠠ ᠳᠡᠯᠭᠡᠭᠦᠷ ᠢ ᠪᠠᠶᠢᠭᠤᠯᠵᠤ᠂ 5 ᠵᠢᠯ ᠳᠠᠷᠠᠭᠠᠯᠠᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠦᠵᠡᠭᠦᠯᠵᠦ᠂ ᠮᠡᠷᠭᠡᠵᠢᠯ ᠣᠷᠣᠭᠤᠯᠬᠤ ᠪᠠ | ᠠᠷᠠᠯᠵᠢᠶᠠᠯᠠᠬᠤ ᠶᠢ ᠠᠬᠢᠭᠤᠯᠤᠨ᠎ᠠ ᠃ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠠᠪᠴᠠᠩ ᠳᠤ ᠦᠢᠯᠡᠴᠢᠯᠡᠬᠡᠨ ᠤ ᠠᠮᠵᠢᠯᠲᠠ ᠪᠦᠲᠦᠮᠵᠢ | ᠶᠢ ᠦᠨᠳᠦᠰᠦᠯᠡᠨ᠂ 5 ᠵᠢᠯ ᠳᠠᠷᠠᠭᠠᠯᠠᠨ ᠵᠢᠯ ᠪᠦᠷᠢ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠤᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ | ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠡᠯ᠎ᠡ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ ᠬᠤᠪᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠭᠤᠤᠯᠳᠠᠯᠭ᠎ᠠ ᠲᠠᠢ ᠬᠠᠮᠲᠤᠷᠠᠯᠴᠠᠬᠤ ᠭᠤᠤᠯ ᠴᠣᠭᠴᠠ ᠯᠤᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠶᠢ | ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠎ᠠ᠃ ᠮᠡᠷᠭᠡᠵᠢᠯ ᠰᠢᠯᠵᠢᠭᠦᠯᠬᠦ᠂ ᠠᠳᠠᠯ ᠦᠢᠯᠡᠰ ᠴᠣᠭᠴᠠᠯᠠᠨ ᠨᠡᠪᠴᠢᠬᠦᠯᠬᠦ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠮᠠᠭᠠᠳᠯᠠᠨ ᠲᠤᠭᠳᠠᠭᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ 20 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠨ᠎ᠠ᠃ ᠮᠡᠷᠭᠡᠵᠢᠯ ᠤᠨ ᠵᠠᠭᠤᠴᠢᠯᠠᠭᠴᠢ᠂ ᠲᠤᠰᠬᠠᠶ ᠠᠰᠢᠭ ᠤᠨ ᠣᠷᠣᠯᠠᠭᠴᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠡᠷᠭᠡᠵᠢᠯ ᠤᠨ ᠪᠠᠷᠢᠮᠵᠢᠶ᠎ᠠ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠰᠠᠨ ᠨᠢᠭᠡᠴᠡ ᠳᠤ ᠲᠥᠷᠥᠯ ᠬᠡᠯᠪᠡᠷᠢ ᠪᠠ ᠲᠠᠰ ᠢᠶᠠᠷ ᠨᠢ | ᠨᠢᠭᠡ ᠤᠳᠠᠭ᠎ᠠ ᠶᠢᠨ ᠴᠢᠨᠠᠷᠲᠠᠶ ᠪᠠᠷ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ︶ | ︵ᠠᠷᠪᠠᠨ ᠲᠠᠪᠤ︶ ᠰᠢᠨ᠎ᠡ ᠶᠢ ᠡᠭᠦᠳᠬᠦ ᠦᠢᠯᠡᠳᠬᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠳᠣᠲᠣᠭᠠᠳᠤ | ᠶᠢᠨ ᠵᠠᠬ᠎ᠠ ᠳᠡᠯᠭᠡᠭᠦᠷ ᠲᠤ ᠠᠩᠬ᠎ᠠ ᠤᠳᠠᠭ᠎ᠠ ᠣᠷᠣᠭᠤᠯᠤᠭᠰᠠᠨ᠂ ᠭᠤᠣᠯᠯᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠣᠯᠪᠠᠴᠤ ᠵᠠᠬ᠎ᠠ | ᠳᠡᠯᠭᠡᠭᠦᠷ ᠤᠨ ᠥᠷᠢᠰᠥᠯᠳᠦᠬᠦ ᠬᠦᠴᠦᠨ ᠢ ᠲᠦᠷ ᠪᠦᠷᠢᠯᠳᠦᠭᠦᠯᠦᠭᠡᠳᠦᠶ ᠴᠢᠬᠤᠯᠠ ᠶᠡᠭᠡ ᠰᠢᠨ᠎ᠡ ᠶᠢ ᠡᠭᠦᠳᠦᠭᠰᠡᠨ ᠦᠢᠯᠡᠳᠬᠦᠨ ᠢ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠤᠨ᠎ᠠ᠃ ᠰᠢᠨ᠎ᠡ ᠶᠢ ᠡᠭᠦᠳᠬᠦ ᠵᠢᠴᠢ ᠠᠩᠬᠠᠨ ᠤ ᠦᠢᠯᠡᠳᠬᠦᠨ ᠤ ᠭᠠᠷᠴᠠᠭ᠂ ᠳᠠᠪᠠᠭᠤᠯᠢᠭ ᠠᠵᠤ ᠦᠢᠯᠡᠳᠪᠦᠷᠢ ᠶᠢᠨ ᠦᠢᠯᠡᠳᠬᠦᠨ ᠤ ᠭᠠᠷᠴᠠᠭ ᠢ | ᠰᠣᠩᠭᠤᠨ ᠨᠡᠶᠢᠲᠡᠯᠡᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠪᠠᠷ | ᠬᠤᠳᠠᠯᠳᠤᠨ ᠠᠪᠬᠤ ᠲᠥᠷᠥᠯ ᠵᠦᠢᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠤᠳᠠᠯᠳᠤᠨ ᠠᠪᠬᠤ ᠲᠥᠷᠥᠯ ᠵᠦᠢᠯ | ᠵᠢᠴᠢ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ ᠰᠠᠭᠤᠷᠢ ᠲᠦᠬᠦᠬᠡᠷᠦᠮᠵᠢ᠂ ᠣᠯᠠᠨ ᠨᠡᠶᠢᠲᠡ ᠶᠢᠨ ᠦᠢᠯᠡᠳᠬᠦᠨ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠲᠥᠷᠥᠯ ᠵᠦᠢᠯ ᠳᠤ᠂ ᠰᠢᠨ᠎ᠡ ᠶᠢ ᠡᠭᠦᠳᠬᠦ ᠵᠢᠴᠢ ᠠᠩᠬᠠᠨ ᠤ ᠦᠢᠯᠡᠳᠬᠦᠨ ᠪᠠ ᠳᠠᠪᠠᠭᠤᠯᠢᠭ ᠠᠵᠤ ᠦᠢᠯᠡᠳᠪᠦᠷᠢ ᠶᠢᠨ ᠦᠢᠯᠡᠳᠬᠦᠨ ᠢ ᠳᠡᠯᠭᠡᠷᠡᠭᠦᠯᠦᠨ | ᠬᠡᠷᠡᠭᠯᠡᠨ᠎ᠡ᠃ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠶᠢ ᠡᠭᠦᠳᠬᠦ ᠵᠢᠴᠢ ᠠᠩᠬᠠᠨ ᠤ | ᠦᠢᠯᠡᠳᠬᠦᠨ ᠪᠠ ᠳᠠᠪᠠᠭᠤᠯᠢᠭ ᠠᠵᠤ ᠦᠢᠯᠡᠳᠪᠦᠷᠢ ᠶᠢᠨ ᠦᠢᠯᠡᠳᠬᠦᠨ ᠢ ᠬᠡᠷᠡᠭᠯᠡᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ᠲᠠᠪᠤ᠂ ᠨᠡᠬᠡᠬᠡᠯᠳᠡ ᠬᠢᠵᠦ ᠬᠠᠮᠵᠢᠯᠴᠠᠵᠤ ᠰᠢᠨ᠎ᠡ ᠶᠢ ᠡᠭᠦᠳᠬᠦ ᠠᠵᠢᠯᠯᠠᠭ᠎ᠠ | ︵ᠠᠷᠪᠠᠨ ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠲᠠᠳᠠᠨ ᠠᠪᠴᠢᠷᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭ᠎ᠠ ᠶᠢ ᠶᠡᠬᠡᠪᠡᠷ ᠥᠷᠨᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ᠂ | ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠰᠢᠨ᠎ᠡ ᠶᠢ ᠡᠭᠦᠳᠬᠦ ᠲᠠᠪᠴᠠᠩ ᠢ ᠬᠠᠮᠲᠤ ᠪᠠᠷ ᠪᠠᠶᠢᠭᠤᠯᠬᠤ ᠶᠢ ᠭᠤᠣᠯᠳᠠᠯᠭ᠎ᠠ ᠲᠠᠢ ᠪᠠᠷ | ᠠᠬᠢᠭᠤᠯᠤᠨ᠎ᠠ᠃ ᠨᠠᠷᠠᠲᠠᠶ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠨ ᠤ ᠬᠤᠲᠠ ᠳᠤ ᠪᠠᠶᠢᠭᠤᠯᠤᠭᠰᠠᠨ | ᠰᠤᠳᠤᠯᠬᠤ ᠰᠣᠷᠣᠭᠴᠢ ᠶᠢᠨ ᠬᠦᠷᠢᠶᠡᠯᠡᠩ᠂ ᠰᠤᠳᠤᠯᠤᠨ ᠨᠡᠭᠡᠭᠡᠬᠦ ᠰᠠᠯᠪᠤᠷᠢ ᠪᠠᠶᠢᠭᠤᠯᠤᠮᠵᠢ ᠳᠤ ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ | ᠳᠡᠮᠵᠢᠯᠭᠡ ᠦᠵᠡᠭᠦᠯᠵᠦ᠂ ︽ᠨᠢᠭᠡ ᠬᠦᠷᠢᠶᠡᠯᠡᠩ ᠬᠤᠶᠠᠷ ᠭᠠᠵᠠᠷ︾ ᠢ ᠬᠠᠮᠲᠤᠪᠠᠷ ᠪᠠᠶᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠭᠵᠢᠬᠦᠯᠬᠦ︾ ᠬᠠᠮᠲᠤᠷᠠᠯᠴᠠᠭᠠᠨ ᠤ ᠲᠤᠰᠬᠠᠶ ᠵᠦᠢᠯ ᠢ ᠪᠠᠶᠢᠭᠤᠯᠵᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠬᠢᠭᠡᠳ ︽4+8+N︾ ᠭᠤᠤᠯ ᠴᠣᠭᠴᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠦᠷ᠎ᠡ | ᠪᠦᠲᠦᠭᠡᠯ ᠢ ᠬᠤᠪᠢᠷᠠᠭᠤᠯᠬᠤ᠂ ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠶᠢ ᠬᠠᠮᠲᠤᠷᠠᠨ ᠥᠷᠨᠢᠭᠦᠯᠬᠦ ᠶᠢ ᠳᠡᠮᠵᠢᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ | ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠳᠣᠯᠤᠭ᠎ᠠ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠶᠡᠬᠡᠪᠡᠷ ᠬᠥᠭᠵᠢᠭᠦᠯᠦᠨ᠎ᠡ᠃ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠭᠤᠤᠯᠯᠠᠭᠤᠯᠤᠨ ᠵᠣᠬᠢᠶᠠᠨ ᠪᠠᠶᠢᠭᠤᠯᠤᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ᠂ ᠪᠥᠲᠥᠭᠡᠨ ᠪᠠᠶᠢᠭᠤᠯᠤᠯᠲᠠ ᠶᠢᠨ | ᠡᠬᠢᠨ ᠤ ᠬᠤᠭᠤᠴᠠᠭᠠᠨ ᠳᠤ ︽ᠨᠢᠭᠡ ᠬᠡᠷᠡᠭ ᠢ ᠨᠢᠭᠡ ᠵᠥᠪᠯᠡᠬᠦ︾ ᠪᠠᠷ ᠳᠠᠮᠵᠢᠭᠤᠯᠤᠨ ᠬᠠᠮᠤᠭ ᠠᠷᠪᠢᠨ ᠳᠠᠭᠠᠨ 5 ᠵᠢᠯ᠂ ᠬᠠᠮᠤᠭ ᠠᠷᠪᠢᠨ ᠳᠠᠭᠠᠨ 2 ᠳ᠋ᠦᠩᠰᠢᠭᠤᠷ | ᠲᠥᠭᠦᠷᠢᠭ ᠤᠨ ᠵᠠᠷᠤᠳᠠᠯ ᠤᠨ ᠳᠡᠮᠵᠢᠯᠭᠡ ᠣᠯᠭᠤᠵᠤ ᠪᠣᠯᠤᠨ᠎ᠠ᠃ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠢᠶᠠᠷ ᠭᠤᠤᠯᠯᠠᠭᠤᠯᠤᠨ ᠵᠣᠬᠢᠶᠠᠨ | ᠪᠠᠶᠢᠭᠤᠯᠤᠭᠰᠠᠨ ᠭᠤᠤᠯᠳᠠᠯᠭ᠎ᠠ ᠲᠠᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠡᠳ᠋ ᠤᠨ | ᠵᠠᠰᠠᠭ ᠤᠨ ᠣᠷᠣᠭᠤᠯᠤᠯᠲᠠ ᠶᠢᠨ ᠪᠠᠯᠠ ᠮᠥᠩᠭᠦ ᠶᠢ 1᠄ 1 ᠶᠢᠨ ᠬᠠᠷᠢᠴᠠᠯ ᠢᠶᠠᠷ᠂ ᠬᠠᠮᠤᠭ ᠠᠷᠪᠢᠨ ᠳᠠᠭᠠᠨ 5 ᠵᠢᠯ᠂ ᠵᠢᠯ ᠪᠦᠷᠢ ᠬᠠᠮᠤᠭ ᠠᠷᠪᠢᠨ ᠳᠠᠭᠠᠨ 500 | ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠨᠥᠬᠦᠴᠡᠯ ᠳᠤ ᠨᠡᠶᠢᠴᠡᠬᠦ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ᠂ ᠳᠡᠭᠡᠷ᠎ᠡ ᠵᠢᠯ ᠤᠨ | ᠡᠳ᠋ ᠤᠨ ᠵᠠᠰᠠᠭ ᠤᠨ ᠳᠡᠮᠵᠢᠯᠭᠡ ᠶᠢ ᠬᠠᠰᠤᠭᠰᠠᠨ ᠤ ᠳᠠᠷᠠᠭᠠᠬᠢ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠶ ᠲᠤᠭ᠎ᠠ ᠶᠢ ᠦᠨᠳᠦᠰᠦᠯᠡᠨ᠂ 20% ᠶᠢᠨ | ᠪᠠᠷᠢᠮᠵᠢᠶ᠎ᠠ ᠪᠠᠷ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ | ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠠᠷᠪᠠᠨ ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠲᠡᠷᠢᠭᠦᠨ ᠤ ᠬᠥᠭᠵᠢᠭᠰᠡᠨ ᠭᠠᠵᠠᠷ | ᠣᠷᠣᠨ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ︽ᠭᠠᠳᠠᠨ᠎ᠠ ᠠᠴᠠ ᠤᠷᠤᠭᠤᠯᠤᠨ ᠠᠪᠴᠢᠷᠠᠵᠤ ᠨᠡᠪᠴᠢᠬᠦᠯᠬᠦ︾ | ︽ᠬᠠᠷᠢᠶᠠᠲᠤ ᠭᠠᠳᠠᠨ᠎ᠠ ᠤᠷᠤᠨ ᠳᠤ ᠪᠤᠶᠢᠵᠢᠭᠤᠯᠬᠤ︾ ᠵᠡᠷᠭᠡ ᠵᠠᠭᠪᠤᠷ ᠢ ᠬᠠᠶᠢᠨ ᠰᠦᠪᠡᠭᠴᠢᠯᠡᠵᠦ᠂ ᠤᠨᠳᠤᠤ ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭᠠᠨ ᠤ ᠠᠴᠢᠶᠠᠯᠠᠪᠤᠷᠢ ᠶᠢ ᠪᠠᠶᠢᠭᠤᠯᠤᠨ᠎ᠠ᠃ ᠮᠠᠨ ᠤ ᠬᠤᠲᠠ ᠶᠢᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ ᠯᠤᠭ᠎ᠠ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠮᠡᠷᠭᠡᠵᠢᠯ | ᠰᠢᠯᠵᠢᠭᠦᠯᠬᠦ ᠲᠥᠪ᠂ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠵᠡᠷᠭᠡ ᠶᠢ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠭᠰᠡᠨ ᠣᠯᠠᠨ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠪᠠ ᠤᠯᠤᠰ ᠤᠨ ᠴᠢᠳᠠᠪᠤᠷᠢᠲᠠᠨ ᠣᠷᠣᠭᠤᠯᠵᠤ ᠣᠶᠤᠨ ᠣᠷᠣᠭᠤᠯᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠪᠠ 30 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ︶ | ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠳᠠᠭᠠᠭᠤᠯᠤᠨ ᠬᠥᠮᠦᠵᠢᠭᠦᠯᠬᠦ ᠠᠵᠢᠯᠯᠠᠭ᠎ᠠ | ︵ᠠᠷᠪᠠ ᠶᠢᠰᠦ︶ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠴᠢᠳᠠᠪᠤᠷᠢᠲᠠᠨ ᠢ ᠢᠳᠡᠪᠬᠢᠲᠡᠶ ᠪᠠᠷ ᠤᠷᠤᠭᠤᠯᠤᠨ ᠠᠪᠴᠢᠷᠠᠨ᠎ᠠ᠃ ︽ᠨᠢᠭᠡ | ᠲᠦᠪ ᠣᠯᠠᠨ ᠴᠡᠭ︾ ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠴᠢᠳᠠᠪᠤᠷᠢᠲᠠᠨ ᠣᠷᠳᠣᠰ︾ ᠤᠨ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ︽ᠳᠡᠭᠡᠳᠦ ᠵᠡᠷᠭᠡ ᠶᠢᠨ ᠨᠠᠷᠢᠯᠢᠭᠵᠢᠭᠰᠠᠨ ᠦᠵᠡᠬᠦᠷ ᠲᠡᠰ ᠤᠨ ᠳᠤᠲᠠᠭᠳᠠᠵᠤ ᠪᠠᠶᠢᠭ᠎ᠠ︾ | ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠬᠤᠲᠠ ᠳᠤ ᠠᠪᠴᠢᠷᠠᠵᠤ | ᠬᠤᠪᠢᠷᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠤ ᠪᠦᠯᠬᠦᠮ ᠳᠤ ︽ᠨᠢᠭᠡ ᠬᠡᠷᠡᠭ ᠢ ᠨᠢᠭᠡ ᠵᠥᠪᠯᠡᠬᠦ︾ | ᠠᠷᠭ᠎ᠠ ᠮᠠᠶ᠋ᠢᠭ ᠢᠶᠠᠷ ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠲᠤᠰᠠᠯᠠᠮᠵᠢ ᠣᠯᠭᠤᠵᠤ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ | ᠦᠢᠯᠡᠳᠦᠯ ᠢᠶᠠᠷ ᠯᠤᠲᠤ ᠶᠡᠭᠡ ᠪᠠᠶᠢᠪᠠᠯ᠂ ᠲᠤᠰᠠᠯᠠᠮᠵᠢ ᠶᠢ ᠨᠡᠮᠡᠵᠦ ᠪᠣᠯᠤᠨ᠎ᠠ᠃ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠳᠤ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠲᠤᠰᠠᠯᠠᠮᠵᠢ | ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠨ ᠪᠠᠶᠢᠭᠤᠯᠤᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠳᠤ ᠨᠢᠭᠡ ᠤᠳᠠᠭ᠎ᠠ ᠶᠢᠨ | ᠴᠢᠨᠠᠷᠲᠠᠶ ᠪᠠᠷ 100 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ︔ ᠥᠷᠲᠡᠭᠡ ᠪᠠᠶᠢᠭᠤᠯᠤᠭᠰᠠᠨ ᠤ ᠳᠠᠷᠠᠭ᠎ᠠ᠂ ᠣᠷᠣᠭᠤᠯᠤᠯᠲᠠ ᠪᠠ ᠦᠷ᠎ᠡ | ᠪᠦᠲᠦᠮᠵᠢ ᠪᠠᠷ ᠨᠢ ᠵᠢᠯ ᠪᠦᠷᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠠᠵᠢᠯᠯᠠᠭᠠᠨ ᠤ ᠨᠥᠬᠦᠪᠥᠷᠢ ᠣᠯᠭᠤᠵᠤ᠂ ᠠᠺᠠᠳᠧᠮᠢᠴᠢ ᠵᠢᠴᠢ ᠲᠡᠳᠡᠨ ᠤ | ᠪᠦᠯᠬᠦᠮ ᠨᠡᠶᠢᠲᠡ ᠶᠢᠨ ᠮᠠᠨ ᠤ ᠬᠤᠲᠠ ᠳᠤ ᠬᠡᠷᠡᠭᠵᠢᠭᠦᠯᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠳᠤ ᠭᠤᠤᠯᠳᠠᠯᠭ᠎ᠠ ᠲᠠᠢ ᠳᠡᠮᠵᠢᠯᠭᠡ | ᠦᠵᠡᠭᠦᠯᠦᠨ᠎ᠡ᠃ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ᠂ ᠱᠠᠩᠬᠠᠶ᠂ | ᠱᠧᠨᠵᠧᠨ ᠤ ᠴᠢᠳᠠᠪᠤᠷᠢᠲᠠᠨ ᠤ ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠪᠡᠭᠡᠵᠢᠩ ᠱᠠᠩᠬᠠᠶ ᠭᠤᠸᠠᠩᠵᠧᠦ ᠳᠤ ᠰᠣᠳᠣᠯᠣᠨ | ᠨᠡᠭᠡᠭᠡᠵᠤ᠂ ᠣᠷᠳᠣᠰ ᠲᠤ ᠬᠤᠪᠢᠷᠠᠭᠤᠯᠬᠤ︾ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠭᠪᠤᠷ ᠢ ᠬᠠᠶᠢᠨ ᠰᠦᠪᠡᠭᠴᠢᠯᠡᠵᠦ᠂ ︽ᠴᠢᠳᠠᠪᠤᠷᠢᠲᠠᠨ ᠤ ᠬᠠᠷᠢᠶᠠᠲᠤ | ᠭᠠᠳᠠᠨ᠎ᠠ ᠤᠷᠤᠨ︾ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠲᠥᠪ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠪᠠᠯ ᠣᠷᠣᠭᠤᠯᠵᠤ ᠠᠪᠴᠢᠷᠠᠭᠰᠠᠨ ᠵᠢᠷᠭᠤᠭᠠᠨ ᠲᠥᠷᠥᠯ ᠤᠨ ᠴᠢᠳᠠᠪᠤᠷᠢᠲᠠᠨ ᠤ ᠦᠷ᠎ᠡ ᠬᠡᠤᠬᠡᠳ ᠢ | ᠮᠠᠨ ᠤ ᠬᠤᠲᠠ ᠳᠤ ᠰᠤᠷᠭᠠᠭᠤᠯᠢ ᠳᠤ ᠣᠷᠣᠭᠤᠯᠬᠤ ᠴᠢᠬᠤᠯᠠᠲᠠᠶ ᠪᠣᠯ᠂ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠳᠣᠭᠢᠷᠠᠭᠤᠯᠤᠨ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ | ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ︶ | ︵ᠬᠤᠷᠢ︶ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠠᠺᠠᠳᠧᠮᠢᠴᠢ ᠶᠢᠨ ᠪᠡᠯᠡᠳᠬᠡᠯ | ᠵᠢᠱᠢᠭᠳᠡᠭᠴᠢ ᠶᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ | ᠬᠥᠮᠦᠵᠢᠭᠦᠯᠬᠦ ᠶᠢ ᠴᠢᠩᠭᠠᠳᠬᠠᠵᠤ᠂ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠳᠠᠭᠠᠭᠤᠯᠤᠭᠴᠢ ᠴᠢᠳᠠᠪᠤᠷᠢᠲᠠᠨ ᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠳᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠵᠦ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠲᠥᠯᠥᠪᠯᠡᠭᠡ ᠳᠤ ᠰᠣᠩᠭᠤᠭᠳᠠᠭᠰᠠᠨ ᠬᠤᠪᠢ ᠬᠥᠮᠦᠨ᠂ ᠪᠦᠯᠬᠦᠮ ᠨᠡᠶᠢᠲᠡ ᠳᠤ | ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠯᠠᠭᠤ | ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠬᠢᠵᠦ ᠪᠠᠶᠢᠭ᠎ᠠ ᠳ᠋ᠣᠺᠲ᠋ᠣᠷ᠂ ᠮᠠᠰᠲ᠋ᠧᠷ | ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠯᠢᠳᠡᠭ ᠵᠠᠯᠠᠭᠤ ᠴᠢᠳᠠᠪᠤᠷᠢᠲᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ | ᠳᠡᠮᠵᠢᠯᠭᠡ ᠦᠵᠡᠭᠦᠯᠦᠨ᠎ᠡ᠃ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠢ ᠬᠤᠯᠪᠣᠭᠠᠯᠠᠭᠤᠯᠬᠤ ᠶᠢ | ᠠᠬᠢᠭᠤᠯᠵᠤ᠂ ᠨᠢᠭᠡ ᠪᠦᠯᠦᠭ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ | ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠤᠷᠮᠠᠰᠢᠭᠤᠯᠬᠤ ᠶᠢ ᠴᠢᠩᠭᠠᠳᠬᠠᠨ᠎ᠠ᠃ ᠠᠵᠢᠯ ᠦᠢᠯᠡᠰ ᠤᠨ ᠨᠢᠭᠡᠴᠡ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ᠂ ᠲᠤᠰᠢᠶᠠᠯ ᠬᠠᠪᠰᠤᠷᠭᠠᠨ ᠰᠢᠨ᠎ᠡ ᠶᠢ | ᠡᠭᠦᠳᠬᠦ᠂ ᠠᠵᠢᠯ ᠤᠨ ᠪᠠᠶᠢᠷᠢ ᠳᠡᠭᠡᠷ᠎ᠡ ᠪᠠᠨ ᠠᠵᠤ ᠠᠬᠤᠶᠢᠯᠠᠯ ᠪᠠᠶᠢᠭᠤᠯᠬᠤ ᠵᠡᠷᠭᠡ ᠤᠷᠮᠠᠰᠢᠭᠤᠯᠬᠤ ᠲᠥᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠤᠨ᠎ᠠ᠃ ᠤᠯᠤᠰ | ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠡᠭᠦᠷᠭᠡᠯᠡᠵᠦ | ᠪᠠᠶᠢᠭ᠎ᠠ᠂ ᠳᠡᠭᠡᠳᠦ ᠵᠡᠷᠭᠡ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠤᠯᠤᠰ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠢ ᠬᠤᠶᠢᠰᠢᠯᠠᠭᠤᠯᠤᠨ ᠬᠦᠢᠴᠡᠳᠬᠡᠵᠤ ᠪᠣᠯᠤᠨ᠎ᠠ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ᠂ ᠬᠤᠭᠤᠴᠠᠭᠠᠲᠤ ᠡᠷᠬᠡ ᠪᠠ ᠠᠰᠢᠭ ᠬᠤᠪᠢᠶᠠᠬᠤ | ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ ᠪᠠᠷ ᠤᠷᠮᠠᠰᠢᠭᠤᠯᠬᠤ ᠪᠤᠶᠤ ᠪᠡᠯᠡᠨ ᠵᠣᠭᠤᠰ ᠤᠨ ᠠᠰᠢᠭ ᠬᠤᠪᠢᠶᠠᠬᠤ ᠤᠷᠮᠠᠰᠢᠭᠤᠯᠤᠯ ᠤᠨ ᠵᠠᠷᠤᠯᠭ᠎ᠠ ᠶᠢ | ᠴᠠᠯᠢᠩ ᠤᠨ ᠶᠡᠷᠦᠩᠬᠡᠶ ᠲᠤᠭᠠᠨ ᠤ ᠰᠠᠭᠤᠷᠢ ᠲᠤᠭᠠᠨ ᠳᠤ ᠤᠷᠤᠭᠤᠯᠬᠤ ᠦᠬᠡᠢ᠃ ᠬᠤᠳᠠ ᠶᠢᠨ ᠳᠣᠲᠣᠷᠠᠬᠢ ᠳᠡᠭᠡᠳᠦ ᠰᠤᠷᠭᠠᠭᠤᠯᠢ᠂ ᠬᠤᠳᠠ ᠶᠢᠨ ᠬᠠᠷᠢᠶ᠎ᠠ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ | ᠲᠤᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠯᠬᠤ ᠶᠢ ᠨᠢᠭᠡᠳᠦᠭᠡᠷ ᠲᠤ ᠪᠡᠶᠡᠯᠡᠭᠦᠯᠦᠭᠰᠡᠨ ᠨᠢᠭᠡᠴᠡ ᠵᠢᠴᠢ | ᠬᠠᠮᠢᠶ᠎ᠠ ᠪᠥᠬᠦᠶ ᠬᠥᠮᠦᠰ ᠲᠤ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ ᠲᠠᠢ ᠲᠡᠩᠴᠡᠭᠦᠤ ᠲᠣᠭᠠᠨ ᠤ ᠱᠠᠩᠨᠠᠯ ᠣᠯᠭᠤᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ︶ | ᠳᠣᠯᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠵᠢᠯᠯᠠᠭ᠎ᠠ | ︵ᠬᠤᠷᠢᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ ᠠᠷᠭ᠎ᠠ ᠮᠠᠶ᠋ᠢᠭ ᠢ ᠥᠭᠡᠷᠡᠴᠢᠯᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢ ᠳᠥᠭᠦᠮᠴᠢᠯᠡᠵᠦ᠂ ᠲᠥᠷᠥᠯ | ᠵᠦᠢᠯ ᠤᠨ ᠰᠢᠭᠤᠳ ᠵᠠᠷᠤᠳᠠᠯ ᠳᠤ ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨ᠎ᠠ᠂ ᠪᠤᠰᠤᠳ ᠵᠦᠢᠯ ᠢᠯᠭᠠᠯ ᠤᠨ ᠵᠠᠷᠤᠳᠠᠯ ᠳᠤ ᠵᠥᠪᠬᠡᠨ ᠦᠨᠳᠦᠰᠦᠨ | ᠲᠥᠰᠦᠭᠡᠯᠡᠨ ᠪᠤᠳᠤᠭᠰᠠᠨ ᠲᠣᠳᠣᠷᠬᠠᠶᠢᠯᠠᠯᠲᠠ ᠶᠢ ᠬᠠᠩᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠵᠦᠢᠯᠡᠰ ᠤᠨ ᠵᠠᠷᠤᠳᠠᠯ ᠤᠨ ᠬᠠᠮᠢᠶᠠᠷᠤᠯᠲᠠ | ᠬᠡᠷᠡᠭᠯᠡᠯᠲᠡ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ᠂ ᠵᠦᠢᠯᠡᠰ ᠤᠨ ᠰᠢᠭᠤᠳ ᠵᠠᠷᠤᠳᠠᠯ ᠳᠤ ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨ᠎ᠠ᠂ ᠪᠤᠰᠤᠳ | ᠵᠦᠢᠯ ᠢᠯᠭᠠᠯ ᠤᠨ ᠵᠠᠷᠤᠳᠠᠯ ᠢ ᠲᠣᠬᠢᠷᠠᠭᠤᠯᠬᠤ ᠡᠷᠬᠡ ᠶᠢ ᠪᠦᠬᠦᠨ ᠢ ᠵᠦᠢᠯᠡᠰ ᠢ ᠡᠭᠦᠷᠭᠡᠯᠡᠬᠦ ᠨᠢᠭᠡᠴᠡ ᠳᠤ ᠪᠠᠭᠤᠯᠭᠠᠨ᠎ᠠ᠃ ᠲᠥᠷᠥᠯ ᠵᠦᠢᠯ ᠤᠨ ᠵᠠᠷᠤᠳᠠᠯ ᠤᠨ | ᠬᠡᠷᠡᠭᠯᠡᠯᠲᠡ ᠶᠢᠨ ︽ᠳᠠᠭᠠᠭᠠᠴᠢᠯᠠᠯᠲᠠ ᠶᠢᠨ ᠲᠦᠷᠢᠮ︾ ᠤᠨ ᠲᠤᠷᠰᠢᠯᠲᠠ ᠶᠢ ᠥᠷᠨᠢᠭᠦᠯᠵᠦ᠂ ᠵᠦᠢᠯ ᠢᠯᠭᠠᠯ ᠤᠨ ᠬᠠᠷᠢᠴᠠᠯ ᠢ ᠬᠢᠵᠠᠭᠠᠷᠯᠠᠬᠤ ᠥᠬᠡᠶ᠃ ᠬᠤᠳᠠ | ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠰᠢᠭᠤᠳ ᠰᠢᠯᠵᠢᠭᠦᠯᠦᠨ ᠥᠭᠬᠦ ᠲᠣᠭᠲᠠᠴᠠ ᠪᠠ ᠬᠤᠳᠠ | ᠠᠯᠤᠰᠯᠠᠨ ᠬᠡᠷᠡᠭᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠤᠶᠢᠰᠢᠳᠠ ᠶᠢᠨ | ᠨᠥᠬᠦᠪᠥᠷᠢ ᠪᠠᠷ ᠭᠤᠣᠯ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ ᠳᠡᠮᠵᠢᠬᠦ ᠠᠷᠭ᠎ᠠ ᠮᠠᠶ᠋ᠢᠭ ᠢ ᠪᠤᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠲᠥᠬᠦᠭᠡᠷᠦᠮᠵᠢ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠠᠷᠭ᠎ᠠ ᠶᠢ | ᠰᠠᠶᠢᠵᠢᠷᠠᠭᠤᠯᠤᠨ᠎ᠠ᠃ ᠭᠠᠭᠴᠠᠭᠠᠷ ᠣᠷᠣᠯᠠᠨ ᠬᠦᠢᠴᠡᠳᠬᠡᠬᠦ ᠪᠤᠶᠤ ᠦᠢᠯᠡᠳᠪᠦᠷᠢᠯᠡᠬᠦ ᠬᠡᠮᠵᠢᠭᠦᠷᠯᠢᠭ ᠲᠥᠬᠦᠭᠡᠷᠦᠮᠵᠢ ᠳᠤ᠂ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ ᠬᠤᠯᠪᠣᠭᠳᠠᠯ ᠪᠥᠬᠦᠶ ᠲᠣᠭᠲᠠᠭᠠᠯ ᠪᠠ ᠲᠠᠰ ᠳᠠᠷᠠᠭᠠᠯᠠᠯ ᠶᠣᠰᠣᠭᠠᠷ ᠨᠠᠩ ᠠᠮᠢᠳᠤᠯᠢᠭ ᠪᠥᠭᠡᠳ ᠳᠥᠭᠦᠮ | ᠳᠥᠲᠡ ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ ᠪᠣᠯᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠳᠤ ᠪᠠᠴᠢᠮ ᠬᠡᠷᠡᠭᠰᠡᠬᠦ ᠲᠥᠬᠦᠭᠡᠷᠦᠮᠵᠢ ᠪᠣᠯᠤᠨ | ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠡᠰ ᠳᠠᠷᠠᠭᠠᠯᠠᠯ ᠢ ᠭᠦᠢᠴᠡᠳᠬᠡᠬᠦ ᠥᠭᠡᠢ ᠪᠠᠶᠢᠵᠤ ᠪᠣᠯᠬᠤ ᠪᠥᠭᠡᠳ ᠣᠨᠴᠠ | ᠶᠠᠪᠤᠳᠠᠯ ᠢ ᠤᠨᠴᠠᠭᠠᠶᠢᠯᠠᠨ ᠰᠢᠢᠳᠪᠦᠷᠢᠯᠡᠬᠦ᠂ ᠬᠡᠵᠢᠶ᠎ᠡ ᠣᠴᠢᠪᠠᠯ ᠬᠡᠵᠢᠶ᠎ᠡ ᠡᠷᠬᠢᠯᠡᠬᠦ ᠬᠤᠳᠠᠯᠳᠤᠨ ᠠᠪᠬᠤ ᠲᠣᠭᠲᠠᠴᠠ ᠶᠢ ᠬᠡᠷᠡᠭᠯᠡᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠬᠤᠷᠢᠨ ᠳᠥᠷᠪᠡ︶ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠬᠡᠪᠴᠢᠶᠡᠨ | ᠳᠣᠲᠣᠷ᠎ᠠ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠪᠡᠶ᠎ᠡ ᠪᠠᠨ | ᠳᠠᠭᠠᠭᠠᠨ ᠲᠣᠭᠲᠠᠭᠠᠬᠤ ᠶᠢᠨ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨ᠎ᠡ ᠶᠢ ᠡᠭᠦᠳᠬᠦ ᠪᠦᠯᠬᠦᠮ ᠨᠡᠶᠢᠲᠡ ᠪᠠ ᠰᠢᠯᠢᠳᠡᠭ ᠵᠠᠯᠠᠭᠤ | ᠴᠢᠳᠠᠪᠤᠷᠢᠲᠠᠨ ᠳᠠᠰᠢ ᠬᠡᠯᠪᠠᠶᠢᠯᠭᠡᠵᠦ ᠪᠣᠯᠤᠨ᠎ᠠ᠃ ᠪᠦᠬᠦ ᠴᠠᠭ ᠢᠶᠠᠷ ᠢᠶᠠᠨ ᠬᠤᠲᠠ ᠶᠢᠨ ᠳᠡᠰ ᠤᠨ ᠵᠠᠩᠭᠢᠯᠠᠭ᠎ᠠ ᠶᠢᠨ ᠬᠦᠷᠢᠶᠡᠨ ᠤ ᠭᠤᠣᠯᠯᠠᠭᠴᠢ ᠮᠡᠷᠭᠡᠵᠢᠯ ᠤᠨ | ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠭᠰᠡᠨ ᠪᠦᠯᠬᠦᠮ ᠤᠨ ᠬᠠᠷᠢᠭᠤᠴᠠᠯᠭᠠᠲᠠᠨ ᠵᠢᠴᠢ ᠨᠢᠭᠡᠴᠡ ᠶᠢᠨ ᠣᠷᠣᠭᠤᠯᠤᠨ ᠠᠪᠴᠢᠷᠠᠭᠰᠠᠨ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠵᠡᠷᠭᠡ ᠳᠤ ᠣᠨ ᠤ ᠴᠠᠯᠢᠩ ᠤᠨ ᠲᠦᠷᠢᠮ᠂ ᠵᠥᠪᠯᠡᠯᠴᠡᠭᠡᠷ ᠤᠨ ᠴᠠᠯᠢᠩ᠂ ᠲᠥᠷᠥᠯ ᠵᠦᠢᠯ ᠤᠨ ᠴᠠᠯᠢᠩ | ᠵᠡᠷᠭᠡ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠲᠥᠷᠥᠯ ᠵᠦᠢᠯ ᠤᠨ ᠵᠠᠷᠤᠳᠠᠯ ᠤᠨ ᠳᠣᠲᠣᠷ᠎ᠠ ᠲᠤᠰᠠᠭᠠᠷ ᠬᠢᠨᠠᠨ | ᠲᠣᠭᠲᠠᠭᠠᠵᠤ᠂ ᠲᠡᠭᠦᠨ ᠤ ᠴᠠᠯᠢᠩ ᠬᠥᠯᠥᠰᠥ ᠶᠢ ᠪᠠᠶᠢᠭ᠎ᠠ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠳᠣᠲᠣᠷ᠎ᠠ | ᠠᠰ ᠲᠤᠨᠢ ᠵᠢᠭᠰᠠᠭᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠤᠨ᠂ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠶ ᠬᠡᠮᠵᠢᠶ᠎ᠡ ᠳᠤ ᠪᠤᠳᠤᠵᠤ ᠣᠷᠣᠭᠤᠯᠬᠤ ᠥᠬᠡᠶ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠲᠤᠰᠢᠶᠠᠯ ᠬᠠᠪᠰᠤᠷᠭᠠᠭᠰᠠᠨ ᠪᠤᠶᠤ | ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠰᠠᠨ ᠣᠷᠣᠯᠭ᠎ᠠ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ | ᠬᠢᠵᠠᠭᠠᠷᠯᠠᠭᠳᠠᠬᠤ ᠥᠬᠡᠶ᠂ ᠶᠡᠷᠦᠩᠬᠡᠢ ᠲᠤᠭᠠᠨ ᠤ ᠰᠠᠭᠤᠷᠢ ᠲᠤᠭᠠᠨ ᠳᠤ ᠤᠷᠤᠭᠤᠯᠬᠤ ᠦᠬᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ︶ | ︵ᠬᠤᠷᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ ᠵᠦᠢᠯᠡᠰ᠂ ᠲᠠᠪᠴᠠᠩ᠂ ᠴᠢᠳᠠᠪᠤᠷᠢᠲᠠᠨ᠂ ᠪᠡᠯᠡ ᠮᠥᠩᠭᠦ ᠶᠢ ᠨᠢᠭᠡ ᠴᠤᠭᠴᠠᠵᠢᠭᠤᠯᠤᠨ | ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠶᠢ ᠠᠬᠢᠭᠤᠯᠤᠨ᠎ᠠ᠃ ᠰᠠᠭᠤᠷᠢ ᠰᠤᠳᠤᠯᠤᠯ ᠢ ᠴᠢᠩᠭᠠᠳᠬᠠᠵᠤ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ ᠬᠡᠷᠡᠭᠯᠡᠭᠡᠨ ᠤ ᠰᠠᠭᠤᠷᠢ ᠰᠤᠳᠤᠯᠤᠯ ᠪᠠ ᠬᠤᠰᠢᠭᠤᠷᠠᠯ ᠤᠨ ᠴᠢᠨᠠᠷᠲᠠᠶ ᠮᠡᠷᠭᠡᠵᠢᠯ ᠤᠨ ᠨᠡᠭᠡᠭᠡᠯᠲᠡ ᠬᠢᠬᠦ ᠶᠢ ᠳᠡᠮᠵᠢᠨ᠎ᠡ᠃ ᠰᠢᠨᠵᠢᠯᠡᠬᠦ | ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠰᠠᠶᠢᠵᠢᠷᠠᠭᠤᠯᠵᠤ᠂ ᠬᠠᠨᠳᠤᠯᠭ᠎ᠠ ᠲᠠᠢ ᠪᠠᠷ ᠨᠠᠶᠢᠳᠠᠬᠤ᠂ ᠵᠠᠷᠯᠠᠨ | ᠮᠠᠩᠯᠠᠶᠢᠯᠠᠭᠤᠯᠬᠤ ᠵᠡᠷᠭᠡ ᠲᠥᠷᠥᠯ ᠵᠦᠢᠯ ᠲᠣᠭᠲᠠᠭᠠᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠲᠤᠰᠬᠠᠶ | ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠲᠥᠷᠥᠯ ᠵᠦᠢᠯ ᠢ ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠯᠲᠠ ᠲᠠᠯᠪᠢᠵᠤ ᠬᠠᠮᠢᠶᠠᠷᠬᠤ ᠶᠢ | ᠰᠠᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠦᠷᠦᠯ ᠵᠦᠢᠯ ᠢ ᠬᠢᠨᠠᠨ ᠲᠣᠭᠲᠠᠭᠠᠬᠤ᠂ ᠴᠢᠳᠠᠪᠤᠷᠢᠲᠠᠨ ᠢ ᠦᠨᠡᠯᠡᠬᠦ᠂ ᠪᠠᠶᠢᠭᠤᠯᠤᠮᠵᠢ ᠶᠢ ᠦᠨᠡᠯᠡᠬᠦ | ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠢᠨᠠᠨ ᠪᠠᠶᠢᠴᠠᠭᠠᠯᠲᠠ᠂ ᠲᠡᠮᠳᠡᠭᠯᠡᠯ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠵᠠᠩᠭᠢᠯᠠᠭ᠎ᠠ | ᠶᠢᠨ ᠴᠡᠭ ᠲᠤ ᠴᠢᠭᠯᠡᠭᠦᠯᠦᠨ ︽ᠬᠥᠰᠢᠶ᠎ᠡ ᠲᠡᠮᠲᠡᠭ︾ ᠤᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ | ᠶᠢᠨ ᠲᠥᠷᠥᠯ ᠵᠦᠢᠯ ᠤᠨ ᠬᠡᠷᠡᠭᠵᠢᠭᠦᠯᠬᠦ ᠦᠶᠡᠯᠡᠯ ᠤᠨ ᠬᠤᠭᠤᠴᠠᠭᠠᠨ ᠳᠠᠬᠢ ᠡᠯ᠎ᠡ ᠲᠥᠷᠥᠯ ᠤᠨ ᠦᠨᠡᠯᠡᠨ ᠵᠢᠱᠢᠬᠦ᠂ ᠪᠠᠶᠢᠴᠠᠭᠠᠬᠤ᠂ ᠬᠢᠨᠠᠨ ᠪᠤᠳᠤᠬᠤ ᠵᠡᠷᠭᠡ | ᠠᠵᠢᠯᠯᠠᠭ᠎ᠠ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ ᠬᠢᠨᠠᠯᠲᠠ ᠲᠠᠯᠪᠢᠬᠤ᠂ ᠪᠠᠶᠢᠴᠠᠭᠠᠬᠤ᠂ ᠬᠢᠨᠠᠨ | ᠪᠤᠳᠤᠬᠤ ᠵᠡᠷᠭᠡ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠲᠡᠭᠦᠯᠳᠡᠷᠵᠢᠭᠦᠯᠵᠦ᠂ ᠠᠳᠠᠯᠢ ᠨᠢᠭᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ | ᠵᠦᠢᠯ ᠳᠤ ᠬᠢᠨᠠᠯᠲᠠ ᠲᠠᠯᠪᠢᠬᠤ ᠪᠠ ᠪᠠᠶᠢᠴᠠᠭᠠᠬᠤ ᠶᠢ ᠬᠡᠷᠡᠭᠵᠢᠬᠦᠯᠵᠤ᠂ ᠳᠣᠲᠣᠭᠠᠳᠤ ᠶᠢᠨ ᠬᠢᠨᠠᠨ ᠪᠤᠳᠤᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠢᠯᠡᠴᠢᠯᠡᠭᠡ ᠲᠡᠶᠢᠰᠢ | ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠣᠲᠣᠭᠠᠳᠤ ᠶᠢᠨ ᠵᠠᠰᠠᠯᠲᠠ ᠶᠢ ᠲᠡᠭᠦᠯᠳᠡᠷᠵᠢᠭᠦᠯᠵᠦ᠂ | ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ | ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠷᠣᠨ ᠲᠤᠭ᠎ᠠ ᠪᠤᠶᠤ ᠠᠵᠢᠯᠲᠠᠨ ᠤ ᠶᠡᠷᠦᠩᠬᠡᠶ ᠲᠣᠭᠠᠨ ᠤ ᠳᠣᠲᠣᠷ᠎ᠠ ᠠᠵᠢᠯ ᠤᠨ ᠪᠠᠶᠢᠷᠢ | ᠳᠣᠭᠢᠷᠠᠭᠤᠯᠬᠤ ᠲᠥᠰᠦᠯ ᠪᠠ ᠬᠠᠮᠢᠶᠠᠷᠤᠯᠲᠠ ᠶᠢᠨ ᠠᠷᠭ᠎ᠠ ᠶᠢ ᠦᠪᠡᠰᠦᠪᠡᠨ ᠲᠣᠭᠲᠠᠭᠠᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠢᠨᠠᠨ ᠪᠤᠳᠤᠬᠤ ᠲᠣᠪᠴᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠨᠠᠢᠮᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ ᠠᠵᠢᠯᠯᠠᠭ᠎ᠠ | ︵ᠬᠤᠷᠢᠨ ᠵᠢᠷᠭᠤᠭ᠎ᠠ︶ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ | ᠂ ᠪᠦᠬᠦ ᠠᠮᠢ ᠨᠠᠰᠤᠨ ᠤ ᠦᠶᠡᠯᠡᠯ ᠤᠨ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠢ ᠬᠦᠨᠳᠦᠳᠬᠡᠬᠦ᠂ | ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠶᠢ ᠬᠤᠳᠠ ᠶᠢᠨ ᠵᠣᠷᠢᠭ | ᠰᠠᠨᠠᠭ᠎ᠠ ᠪᠠ ᠦᠷᠳᠡᠭ ᠤᠨ ᠤᠳᠤᠷᠢᠳᠤᠮᠵᠢ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠣᠷᠣᠭᠤᠯᠤᠯᠲᠠ ᠶᠢ ᠨᠡᠮᠡᠭᠳᠡᠭᠦᠯᠵᠦ᠂ ᠪᠦᠬᠦ | ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ | ᠬᠥᠲᠥᠯᠥᠨ ᠵᠢᠯᠣᠭᠤᠳᠬᠤ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠦᠭᠰᠡᠨ ᠦᠯᠢᠭᠡᠷ ᠢ ᠰᠠᠶᠢᠲᠤᠷ ᠶᠠᠷᠢᠵᠤ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ | ᠬᠠᠯᠠᠭᠤᠨ ᠰᠡᠳᠬᠢᠯᠭᠡ ᠶᠢ ᠬᠦᠭᠵᠢᠬᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠷᠢᠨ ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠪᠠ ᠬᠠᠮᠠᠭᠠᠯᠠᠯᠲᠠ ᠶᠢ ᠴᠢᠩᠭᠠᠳᠬᠠᠨ᠎ᠠ᠃ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠪᠠᠷ ᠵᠥᠪᠰᠢᠶᠡᠷᠡᠭᠳᠡᠭᠰᠡᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠷᠰᠢᠯᠲᠠ ᠶᠢᠨ ᠴᠡᠭ ᠪᠠ ᠵᠢᠱᠢᠶ᠎ᠡ ᠦᠵᠡᠭᠦᠯᠬᠦ ᠨᠢᠭᠡᠴᠡ ᠳᠤ ᠲᠠᠰ᠂ ᠲᠥᠷᠥᠯ ᠬᠡᠯᠪᠡᠷᠢ ᠪᠠᠷ ᠨᠢ ᠬᠠᠮᠤᠭ ᠥᠨᠳᠥᠷ ᠲᠡᠭᠡᠨ 50 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠮᠵᠢᠶ᠎ᠠ ᠳᠤ ᠨᠡᠶᠢᠴᠡᠭᠦᠯᠦᠨ ᠰᠢᠨ᠎ᠡ ᠪᠠᠷ ᠭᠡᠷᠡᠴᠢᠯᠡᠨ ᠮᠠᠭᠠᠳᠯᠠᠭᠰᠠᠨ ᠠᠵᠤ | ᠠᠬᠤᠶᠢᠯᠠᠯ᠂ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠰᠢᠨ᠎ᠡ ᠶᠢ ᠡᠭᠦᠳᠬᠦ ᠴᠢᠳᠠᠪᠤᠷᠢ᠂ ᠭᠡᠷᠡᠴᠢᠯᠡᠨ | ᠮᠠᠭᠠᠳᠯᠠᠭᠰᠠᠨ ᠥᠪᠡᠷ ᠤᠨ ᠥᠷᠲᠡᠭ ᠵᠡᠷᠭᠡ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠪᠠᠷ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠬᠡᠨ ᠤ ᠲᠥᠪ ᠢ ᠪᠠᠶᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠬᠦᠯᠵᠤ ᠡᠷᠬᠡ ᠬᠠᠮᠠᠭᠠᠯᠠᠬᠤ ᠲᠤᠭᠳᠠᠴᠠ ᠶᠢ ᠲᠡᠬᠦᠯᠳᠡᠷᠵᠢᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠬᠤᠷᠢᠨ ᠨᠠᠢᠮᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠠᠯᠳᠠᠭ᠎ᠠ ᠪᠤᠷᠤᠭᠤ ᠶᠢ ᠪᠠᠭᠲᠠᠭᠠᠬᠤ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠶᠤᠯ ᠲᠦᠭᠰᠢᠭᠦᠷᠢ ᠶᠡᠬᠡᠲᠡᠶ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠵᠣᠷᠢᠭᠲᠠᠶ ᠪᠠᠷ ᠦᠢᠯᠡᠳᠦᠯᠭᠡ ᠬᠢᠬᠦ᠂ ᠵᠣᠷᠢᠭᠲᠠᠶ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠪᠤᠷᠤᠭᠤ ᠲᠤᠷᠰᠢᠬᠤ ᠶᠢ ᠵᠥᠪᠰᠢᠶᠡᠷᠡᠬᠦ᠂ | ᠢᠯᠠᠭᠳᠠᠯ ᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ᠎ᠠ᠃ ᠡᠳ᠋ ᠤᠨ ᠵᠠᠰᠠᠭ ᠤᠨ ᠵᠣᠭᠤᠰ ᠢᠶᠠᠷ ᠲᠤᠰᠠᠯᠠᠭᠰᠠᠨ ᠰᠢᠨ᠎ᠡ ᠶᠢ ᠡᠭᠦᠳᠬᠦ ᠲᠥᠷᠥᠯ ᠵᠦᠢᠯ ᠨᠢ | ᠵᠢᠱᠢᠭᠰᠡᠨ ᠬᠠᠷᠠᠯᠲᠠ ᠪᠠᠨ ᠣᠯᠤᠭᠠᠳᠤᠶ᠂ ᠲᠤᠰᠬᠠᠶ ᠮᠡᠷᠭᠡᠵᠢᠯᠲᠡᠨ ᠢᠶᠠᠷ ᠦᠨᠡᠯᠡᠬᠦᠯᠦᠬᠡᠳ ᠦᠨᠡᠨᠬᠦ ᠴᠢᠬᠤᠯᠠ ᠬᠠᠶᠢᠨ ᠰᠦᠪᠡᠭᠴᠢᠯᠡᠬᠦ ᠦᠨ᠎ᠡ ᠥᠷᠲᠡᠭ ᠲᠠᠢ | ᠮᠥᠷᠲᠡᠭᠡᠨ ᠰᠢᠨ᠎ᠡ ᠶᠢ ᠡᠭᠦᠳᠬᠦ ᠭᠤᠤᠯ ᠴᠣᠭᠴᠠ ᠨᠢ ᠨᠢᠭᠡᠨᠲᠡ ᠴᠢᠷᠮᠠᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠪᠠᠯ᠂ ᠲᠡᠳᠡᠨ ᠤ ᠰᠤᠳᠤᠯᠭᠠᠨ ᠥᠷᠨᠢᠭᠦᠯᠬᠦ | ᠶᠢ ᠦᠷᠭᠦᠯᠵᠢᠯᠡᠨ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠵᠠᠷᠤᠳᠠᠯ ᠤᠨ | ᠲᠤᠰᠠᠯᠠᠮᠵᠢ ᠪᠤᠶᠤ ᠲᠦᠭᠰᠢᠭᠦᠷᠢᠲᠦ ᠪᠠᠯᠠ ᠣᠷᠣᠭᠤᠯᠤᠯᠲᠠ ᠬᠢᠵᠦ᠂ ᠲᠣᠭᠲᠠᠭᠠᠯ ᠳᠤ ᠨᠡᠶᠢᠴᠡᠬᠦ ᠪᠣᠯᠪᠠᠴᠤ ᠵᠢᠱᠢᠭᠰᠡᠨ ᠦᠷ᠎ᠡ ᠪᠦᠲᠦᠮᠵᠢ ᠳᠤ ᠬᠦᠷᠴᠦ ᠳᠡᠶᠢᠯᠦᠭᠰᠡᠨ | ᠥᠬᠡᠶ ᠂ ᠬᠠᠮᠢᠶ᠎ᠠ ᠪᠥᠬᠦᠶ ᠨᠢᠭᠡᠴᠡ ᠪᠠ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠭᠡᠭᠰᠡᠨ᠂ ᠬᠤᠪᠢ ᠶᠢᠨ ᠠᠰᠢᠭ ᠢ ᠬᠥᠭᠡᠭᠡᠴᠡᠯᠳᠦᠭᠰᠡᠨ | ᠦᠬᠡᠢ ᠤᠷᠢᠲᠠᠯ ᠳᠣᠤᠷ᠎ᠠ᠂ ᠨᠠᠵᠠᠭᠠᠶ ᠲᠠᠯ᠎ᠠ ᠶᠢᠨ ᠦᠨᠡᠯᠡᠯᠲᠡ ᠬᠢᠬᠦ ᠥᠬᠡᠶ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠭᠡᠯᠳᠦᠷᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠢᠨᠠᠨ ᠪᠤᠳᠤᠬᠤ | ᠲᠣᠪᠴᠢᠶ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ︶ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢ ᠶᠢᠰᠦ︶ ᠪᠠᠯᠠ ᠮᠥᠩᠭᠦ ᠶᠢᠨ ᠪᠠᠲᠤᠯᠠᠭ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ | ᠬᠡᠷᠡᠭᠵᠢᠭᠦᠯᠵᠦ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠲᠤᠯᠭᠠᠲᠤ ᠨᠡᠮᠡᠭᠳᠡᠯ ᠪᠠ ᠨᠡᠶᠢᠭᠡᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ᠎ᠠ᠃ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠶ ᠪᠠᠯᠠ ᠮᠥᠩᠭᠦ ᠶᠢᠨ | ᠲᠥᠰᠦᠪ ᠢ 2021 ᠣᠨ ᠤ ᠰᠠᠭᠤᠷᠢ ᠲᠤᠭ᠎ᠠ ᠳᠡᠭᠡᠷ᠎ᠡ ᠭᠤᠷᠪᠠᠨ ᠵᠢᠯ ᠳᠠᠷᠠᠭᠠᠯᠠᠨ 15% ᠪᠠᠷ ᠠᠬᠢᠨ ᠨᠡᠮᠡᠭᠳᠡᠬᠦᠯᠦᠨ᠎ᠡ︔ ᠬᠤᠰᠢᠭᠤ ᠲᠤᠭᠤᠷᠢᠭ ᠤᠨ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ1% ᠠᠴᠠ ᠳᠣᠤᠷ᠎ᠠ ᠪᠠᠶᠢᠯᠭᠠᠬᠤ | ᠥᠬᠡᠶ ᠪᠥᠭᠡᠳ ᠵᠢᠯ ᠳᠠᠷᠠᠭᠠᠯᠠᠨ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠡᠷᠭᠡ ᠪᠠᠶᠢᠭᠤᠯᠤᠮᠵᠢ ᠨᠤᠭᠤᠳ ᠡᠯ᠎ᠡ ᠲᠠᠯ᠎ᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ᠂ ᠰᠤᠳᠤᠯᠤᠨ ᠨᠡᠭᠡᠭᠡᠬᠦ | ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠬᠦᠢᠯᠬᠡᠬᠡᠨ ᠤ ᠭᠦᠨᠵᠡᠭᠡᠶ | ᠠᠭᠤᠰᠤᠯᠴᠠᠯ ᠢ ᠶᠡᠬᠡᠪᠡᠷ ᠠᠬᠢᠭᠤᠯᠵᠤ᠂ ᠠᠳᠠᠭ ᠪᠠᠭ᠎ᠠ ᠳᠠᠭᠠᠨ 30 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢ ᠮᠥᠩᠭᠦ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠨᠥᠬᠦᠪᠥᠷᠢᠯᠡᠬᠦ ᠲᠣᠭᠲᠠᠴᠠ ᠶᠢ | ᠪᠠᠶᠢᠭᠤᠯᠵᠤ᠂ ᠪᠠᠩᠬᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ ᠪᠠᠩᠬᠢ ᠪᠠᠶᠢᠭᠤᠯᠬᠤ ᠶᠢ ᠵᠣᠷᠢᠭᠵᠢᠭᠤᠯᠵᠤ᠂ ᠮᠥᠩᠭᠦᠨ ᠬᠦᠢᠯᠬᠡᠬᠡᠨ ᠤ ᠬᠥᠷᠥᠩᠭᠡ᠂ | ᠠᠷᠠᠳ ᠤᠨ ᠬᠥᠷᠥᠩᠭᠡ ᠶᠢᠨ ᠰᠢᠨ᠎ᠡ ᠶᠢ ᠡᠭᠦᠳᠬᠦ ᠬᠦᠷᠢᠶᠡᠨ ᠳᠤ ᠢᠯᠡᠬᠦᠤ ᠣᠷᠣᠬᠤ ᠶᠢ ᠬᠥᠲᠥᠯᠦᠨ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠶᠢ ᠪᠦᠷᠢᠳᠬᠡᠬᠦ ᠪᠠ ᠬᠢᠨᠠᠨ ᠬᠡᠮᠵᠢᠬᠦ ᠶᠢ ᠴᠢᠩᠭᠠᠳᠬᠠᠵᠤ᠂ ᠪᠦᠷᠢᠳᠭᠡᠪᠡᠰᠦ ᠵᠣᠬᠢᠬᠤ ᠶᠢ ᠪᠦᠬᠦᠨ ᠢ ᠪᠦᠷᠢᠳᠬᠡᠬᠦ ᠶᠢ ᠦᠨᠡᠨᠬᠦ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ᠂ ᠬᠤᠲᠠ | ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠭᠤᠴᠢ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠡᠯ᠎ᠡ ᠬᠤᠰᠢᠭᠤ ᠲᠤᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠨᠢᠭᠡᠳᠦᠭᠡᠷ ᠭᠠᠷ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠢ ᠠᠳᠬᠤᠬᠤ︾ ᠲᠤᠰᠢᠶᠠᠯ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠦᠪᠡᠭᠴᠢᠯᠡᠬᠦ ᠪᠠ ᠠᠬᠢᠭᠤᠯᠬᠤ ᠬᠡᠷᠡᠭᠲᠡᠶ᠃ ᠡᠯ᠎ᠡ | ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠲᠠ ᠶᠢᠨ ᠰᠢᠭᠤᠳ ᠬᠠᠷᠢᠶ᠎ᠠ ᠬᠦᠷᠢᠶᠡᠯᠡᠩ | ᠲᠣᠭᠤᠷᠢᠭ ᠨᠢ ᠵᠢᠯ ᠪᠦᠷᠢ ᠶᠢᠨ ᠵᠢᠯ ᠤᠨ ᠰᠡᠭᠦᠯᠴᠢ ᠠᠴᠠ ᠡᠮᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠤᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ︽1+1︾ ᠬᠤᠲᠠ ᠶᠢᠨ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ | ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ | ᠬᠦᠢᠴᠡᠳᠬᠡᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠲᠣᠰ ᠲᠥᠰᠦᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠪᠠᠨ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | ᠠᠷᠪᠠ᠂ ᠪᠤᠰᠤᠳ ᠵᠦᠢᠯ | ᠲᠣᠰ ᠲᠥᠰᠦᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠶᠢᠯᠪᠤᠷᠢᠯᠠᠯᠲᠠ ᠬᠢᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠲᠦᠷᠢᠮ ᠢ ᠢᠵᠢ ᠪᠦᠷᠢᠳᠦᠬᠦᠯᠦᠨ ᠲᠣᠭᠲᠠᠭᠠᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠬᠤᠶᠢᠰᠢᠳᠠ ᠰᠢᠨ᠎ᠡ ᠲᠥᠷᠥ ᠶᠢᠨ ᠪᠣᠳᠣᠯᠭ᠎ᠠ ᠨᠡᠶᠢᠲᠡᠯᠡᠭᠰᠡᠨ ᠪᠠᠶᠢᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠥᠷᠥ ᠶᠢᠨ ᠪᠣᠳᠣᠯᠭ᠎ᠠ ᠶᠢ ᠵᠢᠷᠤᠮᠯᠠᠨ᠎ᠠ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠥᠷᠥ ᠶᠢᠨ ᠪᠣᠳᠣᠯᠭ᠎ᠠ ᠶᠢ ᠮᠥᠷᠳᠡᠨ ᠲᠠᠭᠠᠵᠤ | ᠦᠨᠡᠯᠡᠨ ᠵᠢᠱᠢᠬᠦ ᠪᠠᠨ ᠴᠢᠩᠭᠠᠳᠬᠠᠵᠤ᠂ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠣᠰ ᠲᠥᠰᠦᠯ ᠢ ᠲᠤᠬᠢᠷᠠᠭᠤᠯᠤᠨ | ᠲᠡᠬᠦᠯᠳᠡᠷᠵᠢᠬᠦᠯᠦᠨ᠎ᠡ᠃ | | |