ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ︿ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ | ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 9 ᠰᠠᠷ᠎ᠠ ᠶᠢᠨ 16 ᠤ ᠡᠳᠦᠷ | | | ᠣᠷᠳᠣᠰ ᠬᠤᠲᠠ ᠶᠢᠨ ︿ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ | | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠨᠠᠭᠰᠢᠳᠠ ᠬᠦᠨᠵᠡᠬᠡᠶᠢᠷᠡᠭᠦᠯᠵᠣ᠂ ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ | ᠠᠬᠢᠭᠤᠯᠵᠤ᠂ ᠨᠡᠩ ᠣᠯᠠᠨ ᠤᠴᠢᠷ ᠶᠠᠪᠤᠳᠠᠯ ᠢ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠬᠦ ᠶᠢᠨ ᠲᠤᠰᠠᠳᠠ᠂ ︽ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠵᠢᠴᠢ ︽︿ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ ᠭᠦᠨᠵᠡᠭᠡᠶ ᠠᠬᠢᠭᠤᠯᠬᠤ | ᠶᠢᠨ ᠵᠢᠯᠣᠭᠤᠳᠬᠤ ᠰᠠᠨᠠᠯ﹀ ᠢ ᠲᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠥᠰᠥᠭ ﹇2018﹈ 22 ᠳ᠋ᠤᠭᠠᠷ ᠲᠣᠭᠠᠲᠤ︶᠂ ︽︿ᠪᠠᠭᠤᠯᠭᠠᠬᠤ ᠬᠠᠮᠢᠶᠠᠷᠬᠤ ᠣᠶᠢᠯᠡᠴᠢᠯᠡᠬᠦ﹀ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ ᠠᠬᠢᠭᠤᠯᠬᠤ ᠶᠢᠨ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ | ᠤᠨ ᠵᠠᠰᠠᠭ ᠤᠨ ᠣᠷᠳᠣᠨ ᠤ ᠠᠯᠪᠠᠨ ᠲᠢᠩᠬᠢᠮ ᠮᠡᠳᠡᠭᠳᠡᠯ︾ ︵ᠲᠢᠩᠬᠢᠮ ᠲᠠᠷᠬᠠᠭᠠᠭᠰᠠᠨ ﹇2018﹈ 9 ᠳ᠋ᠤᠬᠡᠷ ᠲᠣᠭᠠᠲᠤ︶᠂ ︽ᠵᠠᠰᠠᠭ ᠤᠨ ᠶᠠᠪᠤᠳᠠᠯ ᠤᠨ | ᠣᠶᠢᠯᠡᠴᠢᠯᠡᠭᠡ ᠶᠢ ᠠᠬᠢᠭᠤᠯᠬᠤ ︿ᠨᠢᠭᠡ ᠰᠦᠯᠵᠢᠶ᠎ᠡ ᠨᠢᠭᠡ ᠲᠥᠷᠥᠯ ᠨᠢᠭᠡ ᠤᠳᠠᠭ᠎ᠠ﹀ ᠶᠢᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠬᠤᠲᠠ ᠲᠠᠷᠬᠠᠭᠠᠭᠰᠠᠨ ﹇2019﹈ | 33 ᠳ᠋ᠤᠭᠠᠷ ᠲᠣᠭᠠᠲᠤ︶᠂ ︽ᠤᠷᠳᠤᠰ ᠬᠤᠳᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︿ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ | ﹀ ᠠᠵᠢᠯ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ | ︵ᠣᠷᠳᠣᠰ ᠵᠠᠰᠠᠭ ᠲᠠᠷᠬᠠᠭᠠᠭᠰᠠᠨ ﹇2020﹈ 49 ᠳ᠋ᠤᠬᠡᠷ ᠲᠣᠭᠠᠲᠤ︶ ᠤᠨ ᠶᠡᠷᠦᠩᠬᠡᠶ ᠱᠠᠭᠠᠷᠳᠠᠯᠭ᠎ᠠ ᠶᠤᠰᠤᠭᠠᠷ᠂ ᠮᠠᠨ ᠤ ᠬᠤᠲᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠭᠤᠤᠯ ᠬᠠᠷᠠᠯᠲᠠ | ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠬᠦᠶᠦᠯᠬᠡᠬᠦ︾ ᠪᠠᠷ ᠥᠭᠡᠷᠡᠴᠢᠯᠡᠯᠲᠡ ᠶᠢᠨ ᠬᠠᠷᠠᠯᠲᠠ ᠪᠣᠯᠭᠠᠵᠤ᠂ ᠠᠷᠠᠳ ᠳᠤ ᠲᠦᠭᠦᠮ ᠦᠵᠡᠭᠦᠯᠵᠣ ᠠᠵᠤ | ᠠᠬᠤᠶᠢᠯᠠᠯ ᠳᠤ ᠠᠰᠢᠭ ᠬᠦᠷᠲᠡᠭᠡᠬᠦ ᠪᠠᠷ ᠤᠳᠤᠷᠢᠳᠤᠮᠵᠢ ᠪᠣᠯᠭᠠᠵᠤ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠪᠠ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠰᠠᠯᠠᠭ᠎ᠠ ᠮᠥᠴᠢᠷ ᠤᠨ ᠵᠠᠭᠠᠭ ᠬᠢᠵᠠᠭᠠᠷ ᠢ ᠡᠪᠳᠡᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ᠭᠤᠶᠤᠴᠢᠯᠠᠯ ᠤᠨ | ᠮᠠᠲ᠋ᠧᠷᠢᠶᠠᠯ ᠢ ᠴᠣᠮᠬᠠᠳᠬᠠᠵᠤ᠂ ᠣᠶᠢᠯᠡᠴᠢᠯᠡᠬᠡᠨ ᠤ ᠪᠠᠷᠢᠮᠵᠢᠶ᠎ᠠ ᠶᠢ ᠨᠢᠭᠡᠳᠬᠡᠵᠦ᠂ ᠲᠤᠬᠠᠶ ᠶᠢᠨ ᠲᠠᠯᠠᠪᠤᠷ ᠲᠤ ᠭᠦᠢᠴᠡᠳᠬᠡᠬᠦ ᠳᠤ ︽ᠬᠠᠮᠤᠭ ᠠᠷᠪᠢᠨ ᠳᠠᠭᠠᠨ ᠨᠢᠭᠡ | ᠯᠡ ᠤᠳᠠᠭ᠎ᠠ ᠭᠦᠶᠦᠯᠭᠡᠬᠦ︾᠂ ᠵᠠᠰᠠᠭ ᠤᠨ ᠶᠠᠪᠤᠳᠠᠯ ᠤᠨ ᠣᠶᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠳᠤ ︽ᠥᠴᠦᠬᠡᠨ ᠴᠦ ᠭᠦᠶᠦᠯᠭᠡᠬᠦ ᠥᠬᠡᠶ︾ | ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠢᠯᠭᠠᠭ᠎ᠠ ᠥᠬᠡᠶ ᠭᠦᠢᠴᠡᠳᠬᠡᠬᠦ ᠵᠠᠰᠠᠭ ᠤᠨ ᠶᠠᠪᠤᠳᠠᠯ | ᠤᠨ ᠣᠶᠢᠯᠡᠴᠢᠯᠡᠭᠡ ᠬᠠᠩᠭᠠᠨ᠎ᠠ᠃ 2021 ᠣᠨ ᠤ ᠵᠢᠯ ᠤᠨ ᠡᠴᠦᠰ ᠠᠴᠠ ᠡᠮᠦᠨ᠎ᠡ᠂ ᠪᠥᠬᠦ ᠬᠤᠲᠠ ᠶᠢᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠵᠣᠶᠢᠯᠡᠰ ᠢ | ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠨᠣᠷᠮ᠎ᠠ ᠶᠢ 100% ᠳᠤ ᠬᠦᠷᠬᠡᠨ᠎ᠡ᠃ | ᠬᠤᠶᠠᠷ᠂ ᠠᠵᠢᠯ ᠤᠨ ᠡᠭᠦᠷᠭᠡ | ︵ᠨᠢᠭᠡ︶ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠤᠨ ᠴᠤᠩᠬᠤᠪᠴᠢ ᠶᠢ ᠰᠢᠯᠢᠳᠡᠭᠵᠢᠭᠦᠯᠦᠨ ᠨᠡᠶᠢᠯᠡᠭᠦᠯᠦᠨ᠎ᠡ᠃ ︽ᠬᠦᠯᠢᠶᠠᠨ ᠠᠪᠬᠤ ᠪᠠ | ᠬᠢᠨᠠᠨ ᠵᠦᠪᠰᠢᠶᠡᠷᠡᠬᠦ ᠶᠢ ᠰᠠᠯᠭᠠᠬᠤ᠂ ᠨᠢᠭᠤᠷ ᠵᠣᠯᠭᠠᠬᠤ ᠦᠭᠡᠢ ᠪᠠᠷ ᠬᠢᠨᠠᠨ ᠵᠦᠪᠰᠢᠶᠡᠷᠡᠬᠦ︾ ᠵᠠᠷᠴᠢᠮ ᠶᠣᠰᠣᠭᠠᠷ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ | ᠬᠦᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠦᠷᠦᠯ ᠬᠤᠪᠢᠶᠠᠨ ᠬᠢᠨᠠᠨ ᠵᠥᠪᠰᠢᠶᠡᠷᠡᠬᠦ᠂ ᠨᠢᠬᠡ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾ ᠬᠢᠨᠠᠨ | ᠵᠥᠪᠰᠢᠶᠡᠷᠡᠬᠦ ᠵᠠᠭᠪᠤᠷ ᠢ ᠬᠡᠷᠡᠭᠵᠢᠭᠦᠯᠦᠨ᠎ᠡ᠃ ᠪᠤᠳᠠᠳᠤ ᠪᠠᠶᠢᠳᠠᠯ ᠢᠶᠠᠨ ᠦᠨᠳᠦᠰᠦᠯᠡᠨ ᠪᠠᠯᠠ ᠣᠷᠣᠭᠤᠯᠤᠯᠲᠠ ᠶᠢᠨ ᠲᠥᠷᠥᠯ ᠵᠣᠶᠢᠯ᠂ ᠵᠠᠮ ᠬᠠᠷᠢᠯᠴᠠᠭ᠎ᠠ ᠲᠡᠭᠡᠭᠡᠪᠦᠷᠢ | ᠂ ᠲᠠᠷᠢᠶᠠᠯᠠᠩ ᠣᠶ ᠰᠢᠭᠤᠶ ᠤᠰᠤᠨ ᠤ ᠶᠠᠪᠤᠳᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ ᠲᠤ ᠤᠷᠤᠭᠤᠯᠬᠤ ᠶᠢ | ᠵᠦᠪᠰᠢᠶᠡᠷᠡᠬᠦ ᠪᠠ ᠶᠡᠷᠦᠩᠬᠡᠶᠢᠯᠡᠭᠰᠡᠨ ᠤᠴᠢᠷ ᠶᠠᠪᠤᠳᠠᠯ ᠵᠡᠷᠭᠡ 6 ᠲᠥᠷᠥᠯ ᠤᠨ ᠴᠤᠩᠬᠤᠪᠴᠢ ᠶᠢ ᠰᠢᠯᠢᠳᠡᠭᠵᠢᠭᠦᠯᠦᠨ ᠨᠡᠶᠢᠯᠡᠭᠦᠯᠵᠣ ︽ᠶᠡᠷᠦᠩᠬᠡᠶᠢᠯᠡᠭᠰᠡᠨ ᠨᠢᠭᠡ | ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠴᠤᠩᠬᠤᠪᠴᠢ ᠪᠣᠯᠭᠠᠨ᠂ ᠲᠤᠬᠠᠶᠢᠯᠠᠭᠰᠠᠨ ᠠᠵᠢᠯ ᠭᠥᠯᠢᠶᠡᠨ ᠠᠪᠴᠤ ᠰᠢᠢᠳᠪᠦᠷᠢᠯᠡᠬᠦ ᠪᠠ ᠭᠠᠷᠭᠠᠭᠰᠠᠨ | ᠵᠣᠶᠢᠯ ᠢ ︽ᠨᠢᠭᠡ ᠴᠤᠩᠬᠤᠪᠴᠢ︾ ᠳᠤ ᠲᠥᠪᠯᠡᠷᠡᠭᠦᠯᠦᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ | ᠵᠥᠪᠰᠢᠶᠡᠷᠡᠬᠦ ᠶᠢ ᠬᠠᠷᠢᠭᠤᠴᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ | ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ︵ᠬᠤᠶᠠᠷ︶ ᠴᠤᠩᠬᠤᠪᠴᠢ ᠶᠢ ᠵᠢᠷᠤᠮᠵᠢᠭᠤᠯᠤᠨ ᠠᠵᠢᠯᠯᠠᠭᠤᠯᠬᠤ ᠢ ᠴᠢᠩᠭᠠᠳᠬᠠᠨ᠎ᠠ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ᠴᠤᠩᠬᠤᠪᠴᠢ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ | ᠰᠦᠯᠵᠢᠶᠡᠨ ᠳᠡᠭᠡᠷ᠎ᠡ ᠭᠤᠤᠯᠳᠠᠭᠤ ᠰᠦᠯᠵᠢᠶᠡᠨ ᠳᠡᠭᠡᠷ᠎ᠡ ᠳᠠᠩᠰᠠᠯᠠᠬᠤ ᠪᠠ ᠴᠠᠭ ᠲᠤᠬᠠᠶ ᠳᠤᠨᠢ ᠰᠢᠯᠵᠢᠭᠦᠯᠦᠨ ᠭᠦᠢᠴᠡᠳᠬᠡᠬᠦ᠂ ᠱᠠᠭᠠᠷᠳᠠᠨ ᠭᠦᠢᠴᠡᠳᠬᠡᠬᠦ ᠶᠢ | ᠬᠠᠷᠢᠭᠤᠴᠠᠵᠤ᠂ ᠰᠦᠯᠵᠢᠶᠡᠨ ᠭᠠᠳᠠᠨ᠎ᠠ ᠭᠤᠤᠯᠳᠠᠭᠤ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠰᠢᠯᠵᠢᠭᠦᠯᠦᠨ ᠭᠦᠢᠴᠡᠳᠬᠡᠬᠦ᠂ ᠲᠤᠬᠠᠶᠢᠯᠠᠭᠰᠠᠨ ᠠᠵᠢᠯ ᠢ | ᠵᠣᠬᠢᠴᠠᠭᠤᠯᠬᠤ ᠵᠢᠴᠢ ᠭᠦᠢᠴᠡᠳᠭᠡᠭᠰᠡᠨ ᠦᠷ᠎ᠡ ᠳ᠋ᠦᠩ ᠢ ᠨᠢᠭᠡᠳᠦᠯᠲᠡᠶ ᠭᠠᠷᠭᠠᠵᠤ ᠥᠭᠬᠦ ᠶᠢ ᠬᠠᠷᠢᠭᠤᠴᠠᠨ᠎ᠠ᠃ ᠠᠷᠤ ᠲᠠᠪᠴᠠᠩ ᠤᠨ ᠬᠢᠨᠠᠨ ᠵᠥᠪᠰᠢᠶᠡᠷᠡᠬᠦ | ᠵᠣᠶᠢᠯᠡᠰ ᠢ ᠭᠦᠢᠴᠡᠳᠬᠡᠬᠦ ᠲᠣᠭᠤᠷᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠠᠮᠲᠤᠷᠠᠨ ᠬᠢᠨᠠᠨ ᠵᠥᠪᠰᠢᠶᠡᠷᠡᠬᠦ ᠶᠢ ᠥᠷᠨᠢᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | 1. ᠲᠤᠬᠠᠶ ᠶᠢᠨ ᠭᠠᠵᠠᠷ ᠲᠤᠨᠢ ᠬᠦᠯᠢᠶᠡᠨ ᠠᠪᠴᠤ ᠰᠢᠢᠳᠪᠦᠷᠢᠯᠡᠬᠦ ᠴᠤᠪᠤᠷᠠᠯ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠬᠦᠯᠢᠶᠡᠨ ᠠᠪᠴᠤ | ᠰᠢᠢᠳᠪᠦᠷᠢᠯᠡᠬᠦ︾ ᠠᠵᠢᠯᠲᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠦᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ | ᠭᠤᠣᠯᠳᠠᠯᠭ᠎ᠠ ᠲᠠᠢ ᠬᠠᠷᠢᠴᠠᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ | ᠬᠢᠬᠦ ᠶᠢᠨ ᠬᠠᠮᠲᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢᠶᠠᠷ ᠠᠩᠬ᠎ᠠ ᠬᠢᠨᠠᠨ ᠨᠤᠲᠠᠯᠠᠭᠤᠯᠤᠭᠰᠠᠨ ᠤ ᠳᠠᠷᠠᠭ᠎ᠠ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠳᠤ ᠣᠷᠣᠭᠤᠯᠵᠤ᠂ ᠡᠯᠧᠺᠲᠷᠣᠨ ᠮᠠᠲ᠋ᠧᠷᠢᠶᠠᠯ ᠢ ᠰᠢᠷᠪᠢᠨ ᠠᠴᠢᠶᠠᠯᠠᠵᠣ᠂ ᠪᠢᠴᠢᠭ ᠮᠠᠲ᠋ᠧᠷᠢᠶᠠᠯ ᠢ ᠭᠥᠯᠢᠶᠡᠨ | ᠠᠪᠤᠭᠰᠠᠨ ᠭᠡᠷᠡᠴᠢ ᠪᠠᠷᠢᠮᠲᠠ ᠶᠢ ᠳᠠᠷᠤᠮᠠᠯᠯᠠᠭᠠᠳ ᠭᠤᠶᠤᠴᠢᠯᠠᠭᠴᠢ ᠳᠤ ᠬᠠᠷᠢᠭᠤ ᠲᠤᠰᠬᠠᠵᠤ᠂ ᠭᠤᠶᠤᠴᠢᠯᠠᠭᠴᠢ ᠶᠢ ᠬᠥᠲᠥᠯᠦᠨ ᠵᠢᠯᠣᠭᠤᠳᠴᠤ ᠪᠠᠶᠢᠭᠠᠳ ︽ | ᠶᠡᠷᠦᠩᠬᠡᠶᠢᠯᠡᠭᠰᠡᠨ ᠪᠢᠴᠢᠭ ᠮᠠᠲ᠋ᠧᠷᠢᠶᠠᠯ ᠭᠠᠷᠭᠠᠬᠤ ᠴᠤᠩᠬᠤᠪᠴᠢ︾ ᠳᠤ ᠬᠦᠷᠴᠦ ᠭᠦᠢᠴᠡᠳᠭᠡᠭᠰᠡᠨ ᠦᠷ᠎ᠡ ᠳ᠋ᠦᠩ ︵ᠭᠡᠷᠡᠴᠢ ᠦᠨᠡᠮᠯᠡᠯ ᠪᠤᠶᠤ ᠴᠣᠬᠤᠯᠠᠪᠤᠷᠢᠯᠠᠭᠰᠠᠨ | ᠪᠢᠴᠢᠭ ᠮᠠᠲ᠋ᠧᠷᠢᠶᠠᠯ︶ ᠢ ᠠᠪᠤᠨ᠎ᠠ᠃ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ ᠪᠤᠶᠤ ᠠᠭᠤᠯᠭ᠎ᠠ ᠨᠢ ᠵᠢᠷᠤᠮᠵᠢᠯ ᠥᠬᠡᠶ ᠪᠠᠶᠢᠪᠠᠯ᠂ ︽ᠶᠡᠷᠦᠩᠬᠡᠶᠢᠯᠡᠭᠰᠡᠨ | ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠲᠤᠬᠠᠢ ᠶᠢᠨ ᠲᠠᠯᠠᠪᠤᠷ ᠲᠤ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠠᠭᠤᠯᠭ᠎ᠠ ᠶᠢ | ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ᠃ ᠭᠤᠤᠯ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠲᠤᠳᠠᠭᠰᠠᠨ ᠮᠠᠲ᠋ᠧᠷᠢᠶᠠᠯ ᠤᠨ | ᠨᠥᠬᠦᠪᠥᠷᠢᠯᠡᠬᠦ ᠠᠭᠤᠯᠭ᠎ᠠ ᠪᠠ ᠠᠷᠭ᠎ᠠ ᠮᠠᠶ᠋ᠢᠭ ᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠭᠤᠶᠤᠴᠢᠯᠠᠭᠰᠠᠨ ᠵᠤᠶᠢᠯᠡᠰ ᠨᠢ ︽ᠨᠢᠭᠡ ᠴᠤᠩᠬᠤᠪᠴᠢ ᠪᠠᠷ ᠬᠦᠯᠢᠶᠡᠨ | ᠠᠪᠴᠤ ᠰᠢᠢᠳᠪᠦᠷᠢᠯᠡᠬᠦ︾ ᠬᠡᠪᠴᠢᠶᠡᠨ ᠳᠤ ᠪᠠᠭᠲᠠᠬᠤ ᠦᠭᠡᠶ ᠪᠣᠯ᠂ ᠬᠦᠯᠢᠶᠡᠨ ᠠᠪᠴᠤ ᠰᠢᠢᠳᠪᠦᠷᠢᠯᠡᠬᠦ ᠦᠭᠡᠶ ᠤᠴᠢᠷ ᠰᠢᠯᠲᠠᠭᠠᠨ ᠢᠶᠠᠨ ᠲᠤᠬᠠᠶ ᠶᠢᠨ | ᠭᠠᠵᠠᠷ ᠲᠤᠨᠢ ᠮᠡᠳᠡᠭᠳᠡᠨ᠎ᠡ᠃ | 2. ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ ᠴᠤᠪᠤᠷᠠᠯ᠃ ᠠᠵᠤ ᠠᠬᠤᠶᠢᠯᠠᠯ ᠣᠯᠠᠨ ᠲᠦᠮᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ | ᠤᠨ ᠣᠶᠢᠯᠡᠴᠢᠯᠡᠬᠡᠨ ᠤ ᠰᠦᠯᠵᠢᠶ᠎ᠡ ︵ᠣᠷᠳᠣᠰ︶᠂ ᠮᠧᠩ ᠰᠦ ᠪᠠᠨ APP ︵ᠬᠡᠷᠡᠭᠯᠡᠭᠡᠨ ᠤ ᠫᠷᠤᠭ᠍ᠷᠠᠮ︶ ︵ᠣᠷᠳᠣᠰ︶᠂ ᠥᠪᠡᠰᠦᠪᠡᠨ ᠣᠶᠢᠯᠡᠴᠢᠯᠡᠬᠦ | ᠦᠵᠦᠭᠦᠷ ᠤᠨ ᠮᠠᠰᠢᠨ ᠵᠡᠷᠭᠡ ᠪᠠᠷ ᠳᠠᠮᠵᠢᠭᠤᠯᠤᠨ ᠡᠯᠧᠺᠲᠷᠣᠨ ᠮᠠᠲ᠋ᠧᠷᠢᠶᠠᠯ ᠢᠶᠠᠨ ᠲᠤᠰᠢᠶᠠᠪᠠᠯ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ᠠᠵᠢᠯᠲᠠᠨ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠲᠠᠪᠴᠠᠩ ᠳᠤ ᠭᠠᠷᠴᠤ᠂ ᠭᠥᠯᠢᠶᠡᠨ ᠠᠪᠤᠭᠰᠠᠨ | ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠭᠤᠤᠯᠳᠠᠯᠭ᠎ᠠ ᠶᠢᠨ ᠶᠣᠰᠣᠭᠠᠷ ᠡᠯᠧᠺᠲᠷᠣᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠭᠥᠯᠢᠶᠡᠨ | ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠨ᠎ᠠ︔ ᠬᠦᠯᠢᠶᠡᠨ ᠠᠪᠴᠤ | ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠦᠬᠡᠢ ᠤᠴᠢᠷ ᠰᠢᠯᠲᠠᠭᠠᠨ ᠢᠶᠠᠨ ᠲᠠᠪᠴᠠᠩ ᠢᠶᠠᠷ ᠳᠠᠮᠵᠢᠭᠤᠯᠤᠨ | ᠮᠡᠳᠡᠭᠳᠡᠨ᠎ᠡ︔ ᠮᠠᠲ᠋ᠧᠷᠢᠶᠠᠯ ᠢ ᠨᠥᠬᠦᠪᠥᠷᠢᠯᠡᠬᠦ ᠪᠤᠶᠤ ᠵᠠᠯᠠᠷᠠᠭᠤᠯᠬᠤ ᠴᠢᠬᠤᠯᠠᠲᠠᠶ ᠪᠠᠶᠢᠪᠠᠯ᠂ ᠨᠥᠬᠦᠪᠥᠷᠢᠯᠡᠬᠦ ᠴᠢᠬᠤᠯᠠᠲᠠᠶ ᠨᠠᠷᠢᠨ ᠲᠠᠩᠰᠠ ᠪᠤᠶᠤ ᠵᠠᠯᠠᠷᠠᠭᠤᠯᠬᠤ | ᠠᠭᠤᠯᠭ᠎ᠠ ᠶᠢ ᠲᠠᠪᠴᠠᠩ ᠢᠶᠠᠷ ᠳᠠᠮᠵᠢᠭᠤᠯᠤᠨ ᠮᠡᠳᠡᠭᠳᠡᠨ᠎ᠡ᠃ | ︵ᠭᠤᠷᠪᠠ︶ ᠬᠤᠯᠪᠤᠭᠳᠠᠯ ᠪᠥᠬᠦᠶ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ ᠢ ᠲᠣᠳᠣᠷᠬᠠᠶᠢᠯᠠᠨ᠎ᠠ᠃ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠶᠡᠭᠡ ᠲᠢᠩᠬᠢᠮ ᠳᠤ ᠴᠢᠳᠠᠮᠵᠢ ᠶᠢᠨ ᠣᠷᠣᠨ ᠬᠤᠪᠢᠶᠠᠨ ᠳᠣᠭᠢᠷᠠᠭᠤᠯᠬᠤ ᠪᠠ ︽ᠶᠡᠷᠦᠩᠬᠡᠶᠢᠯᠡᠭᠰᠡᠨ | ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠯᠠᠭᠠᠨ ᠤ ᠬᠠᠮᠢᠶᠠᠷᠤᠯᠲᠠ ᠶᠢ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠬᠠᠷᠢᠭᠤᠴᠠᠨ᠎ᠠ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ | ᠴᠤᠩᠬᠤᠪᠴᠢ ᠨᠢ ᠠᠵᠤ ᠠᠬᠤᠶᠢᠯᠠᠯ ᠣᠯᠠᠨ ᠲᠦᠮᠡᠨ ᠳᠤ ᠯᠠᠪᠯᠠᠭ᠎ᠠ ᠥᠭᠴᠦ ᠬᠥᠲᠥᠯᠦᠨ ᠵᠢᠯᠣᠭᠤᠳᠬᠤ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ | ᠰᠢᠯᠵᠢᠭᠦᠯᠦᠨ ᠰᠢᠢᠳᠪᠦᠷᠢᠯᠡᠭᠦᠯᠵᠣ ᠱᠠᠭᠠᠷᠳᠠᠨ ᠰᠢᠢᠳᠪᠦᠷᠢᠯᠡᠭᠦᠯᠬᠦ᠂ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠬᠤ ᠣᠶᠢᠯᠡᠴᠢᠯᠡᠭᠡ ᠬᠠᠩᠭᠠᠬᠤ ᠶᠢ ᠪᠣᠳᠠᠲᠠᠶ | ᠬᠠᠷᠢᠭᠤᠴᠠᠨ᠎ᠠ᠃ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠤᠨ ᠠᠷᠤ ᠲᠠᠪᠴᠠᠩ ᠤᠨ ᠲᠥᠷᠥᠯ | ᠬᠤᠪᠢᠶᠠᠨ ᠬᠢᠨᠠᠨ ᠵᠥᠪᠰᠢᠶᠡᠷᠡᠬᠦ ᠶᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠵᠤ᠂ ᠡᠮᠦᠨ᠎ᠡ ᠲᠠᠪᠴᠠᠩ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠳᠤ | ᠲᠤᠯᠭᠠᠭᠤᠷᠢᠯᠠᠯ ᠬᠠᠩᠭᠠᠨ᠎ᠠ︔ ᠡᠭᠦᠷᠭᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠵᠣᠶᠢᠯᠡᠰ ᠢ ᠬᠢᠨᠠᠨ ᠵᠥᠪᠰᠢᠶᠡᠷᠡᠬᠦ ᠪᠠ ᠲᠣᠭᠲᠠᠭᠠᠬᠤ ᠶᠢ | ᠬᠠᠷᠢᠭᠤᠴᠠᠬᠤ ᠶᠢᠨ ᠬᠠᠮᠲᠤ᠂ ᠠᠮᠠᠯᠠᠭᠰᠠᠨ ᠴᠠᠭ ᠤᠨ ᠬᠢᠵᠠᠭᠠᠷ ᠳᠣᠲᠣᠷ᠎ᠠ ᠭᠦᠢᠴᠡᠳᠭᠡᠭᠰᠡᠨ ᠦᠷ᠎ᠡ ᠳ᠋ᠦᠩ ᠢ ᠭᠠᠷᠭᠠᠵᠤ ᠥᠭᠭᠦᠨ᠎ᠡ᠃ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠤᠨ ᠨᠠᠶᠢᠷᠠᠭᠤᠯᠤᠨ ᠵᠣᠬᠢᠶᠠᠭᠰᠠᠨ ᠵᠣᠶᠢᠯᠡᠰ ᠢ ᠬᠢᠨᠠᠨ ᠪᠠᠶᠢᠴᠠᠭᠠᠬᠤ ᠭᠤᠤᠯᠳᠠᠯᠭ᠎ᠠ ᠨᠢ ᠲᠣᠳᠣᠷᠬᠠᠶ ᠥᠬᠡᠶ ᠪᠤᠶᠤ ᠴᠠᠭ ᠲᠤᠬᠠᠶ ᠳᠤᠨᠢ ᠰᠢᠨᠡᠳᠬᠡᠭᠰᠡᠨ | ᠥᠬᠡᠶ ᠠᠴᠠ ᠪᠣᠯᠵᠣ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠴᠤᠩᠬᠤᠪᠴᠢ ᠶᠢᠨ ᠠᠵᠢᠯᠲᠠᠨ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠤᠨ ᠬᠠᠩᠭᠠᠭᠰᠠᠨ ᠵᠣᠶᠢᠯᠡᠰ ᠢ ᠬᠢᠨᠠᠨ ᠪᠠᠶᠢᠴᠠᠭᠠᠬᠤ ᠭᠤᠤᠯᠳᠠᠯᠭ᠎ᠠ ᠶᠢᠨ ᠶᠣᠰᠣᠭᠠᠷ ᠬᠡᠪ ᠤᠨ ᠶᠣᠰᠣᠭᠠᠷ ᠭᠥᠯᠢᠶᠡᠨ ᠠᠪᠴᠤ ᠰᠢᠢᠳᠪᠦᠷᠢᠯᠡᠬᠦ ᠶᠢᠨ | ᠠᠷᠭ᠎ᠠ ᠥᠬᠡᠶ ᠪᠣᠯᠭᠠᠭᠰᠠᠨ ᠪᠠᠶᠢᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︽ᠶᠡᠷᠦᠩᠬᠡᠶᠢᠯᠡᠭᠰᠡᠨ ᠨᠢᠭᠡ | ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠠᠩᠭᠠᠭᠰᠠᠨ ᠵᠣᠶᠢᠯᠡᠰ ᠢ ᠬᠢᠨᠠᠨ ᠪᠠᠶᠢᠴᠠᠭᠠᠬᠤ | ᠭᠤᠤᠯᠳᠠᠯᠭ᠎ᠠ ᠶᠢᠨ ᠶᠣᠰᠣᠭᠠᠷ ᠭᠥᠯᠢᠶᠡᠨ ᠠᠪᠴᠤ ᠰᠢᠢᠳᠪᠦᠷᠢᠯᠡᠭᠰᠡᠨ ᠥᠬᠡᠶ ᠪᠠᠶᠢᠪᠠᠯ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ᠠᠵᠢᠯᠲᠠᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶ | ︵ᠳᠥᠷᠪᠡ︶ ᠲᠤᠬᠠᠶᠢᠯᠠᠭᠰᠠᠨ ᠠᠵᠢᠯ ᠭᠥᠯᠢᠶᠡᠨ ᠠᠪᠴᠤ ᠰᠢᠢᠳᠪᠦᠷᠢᠯᠡᠬᠦ ᠶᠢ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ︽ᠬᠠᠮᠤᠭ ᠤᠨ ᠪᠠᠭ᠎ᠠ ᠮᠥᠬᠦᠯᠢᠭ | ᠤᠨ ᠬᠡᠮᠵᠢᠶ᠎ᠡ︾ ᠶᠢᠨ ᠵᠠᠷᠴᠢᠮ ᠶᠣᠰᠣᠭᠠᠷ᠂ ᠵᠣᠶᠢᠯᠡᠰ ᠢ ᠨᠠᠷᠢᠯᠢᠬᠵᠢᠭᠤᠯᠬᠤ᠂ ᠪᠠᠶᠢᠳᠠᠯᠵᠢᠭᠤᠯᠤᠨ ᠡᠮᠬᠢᠯᠡᠬᠦ ᠠᠵᠢᠯ ᠢ ᠥᠷᠨᠢᠭᠦᠯᠵᠦ᠂ ᠵᠣᠶᠢᠯᠡᠰ ᠤᠨ ᠭᠤᠶᠤᠴᠢᠯᠠᠬᠤ | ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢ ᠨᠢᠭᠡ ᠨᠢᠭᠡ ᠪᠠᠷ | ᠲᠣᠳᠣᠷᠬᠠᠶᠢᠯᠠᠨ ᠨᠠᠷᠢᠯᠢᠬᠵᠢᠭᠤᠯᠵᠤ᠂ ᠪᠠᠯᠠᠷᠬᠠᠶ ᠲᠣᠭᠠᠴᠢᠯᠲᠠ ᠪᠠ ᠦᠨᠳᠦᠰᠦᠨ ᠵᠣᠶᠢᠯ ᠢ ᠪᠠᠲᠤᠯᠠᠬᠤ ᠵᠣᠶᠢᠯ ᠵᠤᠷᠪᠤᠰ ᠢ ᠬᠡᠷᠡᠭᠯᠡᠵᠦ ᠪᠣᠯᠬᠤ ᠥᠬᠡᠶ᠃ ᠬᠢᠨᠠᠨ | ᠪᠠᠶᠢᠴᠠᠭᠠᠬᠤ ᠭᠤᠣᠯᠳᠠᠯᠭ᠎ᠠ ᠶᠢ ᠪᠠᠷᠢᠮᠵᠢᠶᠠᠵᠢᠭᠤᠯᠬᠤ ᠶᠢ ᠠᠬᠢᠭᠤᠯᠵᠤ᠂ ᠬᠢᠨᠠᠨ ᠪᠠᠶᠢᠴᠠᠭᠠᠬᠤ ᠠᠷᠭ᠎ᠠ ᠵᠢᠴᠢ ᠲᠠᠰᠤᠯᠤᠯᠲᠠ ᠶᠢᠨ ᠪᠠᠷᠢᠮᠵᠢᠶ᠎ᠠ ᠶᠢ ᠨᠠᠷᠢᠯᠢᠬᠵᠢᠭᠤᠯᠤᠨ᠂ | ︽ᠢᠯᠭᠠᠭ᠎ᠠ ᠦᠭᠡᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠰᠢᠢᠳᠪᠦᠷᠢᠯᠡᠬᠦ︾ ᠶᠢ ᠦᠨᠡᠨ ᠬᠦ ᠪᠠᠲᠤᠯᠠᠨ᠎ᠠ᠃ ︽ᠶᠡᠷᠦᠩᠬᠡᠶᠢᠯᠡᠭᠰᠡᠨ | ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠳᠤ ᠣᠷᠣᠭᠤᠯᠤᠭᠰᠠᠨ ᠵᠣᠶᠢᠯᠡᠰ ᠢ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠪᠠᠷᠢᠮᠵᠢᠶᠠᠵᠢᠭᠤᠯᠤᠭᠰᠠᠨ ᠤᠴᠢᠷ ᠶᠠᠪᠤᠳᠠᠯ ᠭᠦᠢᠴᠡᠳᠬᠡᠬᠦ ᠵᠦᠭᠯᠡᠭᠦᠷ᠂ ᠵᠣᠶᠢᠯᠡᠰ ᠢ ᠬᠢᠨᠠᠨ ᠪᠠᠶᠢᠴᠠᠭᠠᠬᠤ ᠭᠤᠤᠯᠳᠠᠯᠭ᠎ᠠ ᠪᠠ ᠮᠠᠳᠠᠭ ᠲᠠᠢ ᠵᠣᠶᠢᠯ ᠢ | ᠬᠠᠷᠢᠭᠤᠯᠬᠤ ᠭᠠᠷ ᠳᠡᠪᠲᠡᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠠᠭ ᠲᠤᠬᠠᠶ ᠳᠤᠨᠢ ᠰᠢᠨᠡᠳᠬᠡᠨ | ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ | ᠲᠣᠪᠴᠢᠶ᠎ᠠ ᠶᠢᠨ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ | 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶ | ︵ᠲᠠᠪᠤ︶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠢᠯᠣᠭᠤᠳᠣᠯᠭ᠎ᠠ ᠶᠢ ᠰᠠᠶᠢᠲᠤᠷ ᠬᠢᠨ᠎ᠡ᠃ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ︽ | ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠪᠠᠶᠢᠩᠭᠤ ᠶᠢᠨ ᠴᠢᠨᠠᠷᠲᠠᠶ | ᠡᠭᠡᠯᠵᠢᠯᠡᠨ ᠪᠣᠯᠪᠠᠰᠤᠷᠠᠭᠤᠯᠬᠤ ᠶᠢ ᠬᠡᠷᠡᠭᠵᠢᠭᠦᠯᠦᠨ᠂ ᠣᠷᠣᠨ ᠪᠦᠰᠡ᠂ ᠴᠤᠩᠬᠤᠪᠴᠢ ᠶᠢᠨ ᠬᠢᠵᠠᠭᠠᠷᠯᠠᠯ ᠢ ᠡᠪᠳᠡᠵᠦ᠂ ᠴᠤᠩᠬᠤᠪᠴᠢ ᠶᠢᠨ ᠠᠵᠢᠯᠲᠠᠨ ᠢ ︽ᠲᠤᠰᠬᠠᠶ | ᠮᠡᠷᠭᠡᠵᠢᠯ ᠲᠠᠢ︾ ᠪᠠᠶᠢᠭᠰᠠᠨ ᠠᠴᠠ ᠨᠢ ︽ᠪᠦᠷᠢᠨ ᠴᠢᠳᠠᠪᠤᠷᠢ ᠲᠠᠢ︾ ᠪᠣᠯᠭᠠᠨ ᠬᠤᠪᠢᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ︶ | ︵ᠵᠢᠷᠭᠤᠭ᠎ᠠ︶ ᠥᠭᠡᠷᠡᠴᠢᠯᠡᠯᠲᠡ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠪᠥᠬᠦ ᠣᠷᠣᠨ ᠤ ᠨᠢᠭᠡᠳᠦᠯᠲᠡᠶ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠳᠤ ᠲᠦᠰᠢᠭᠯᠡᠨ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ | ᠭᠦᠨᠵᠡᠭᠡᠶᠢᠷᠡᠭᠦᠯᠵᠦ᠂ ᠬᠤᠲᠠ᠂ ᠬᠤᠰᠢᠭᠤ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ᠰᠢᠰᠲ᠋ᠧᠮ ᠢ ᠴᠠᠭ ᠲᠤᠬᠠᠶ ᠳᠤᠨᠢ ᠡᠬᠢᠯᠡᠨ ᠬᠡᠷᠡᠭᠯᠡᠵᠦ᠂ ᠭᠥᠯᠢᠶᠡᠨ ᠠᠪᠴᠤ ᠰᠢᠢᠳᠪᠦᠷᠢᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠬᠦ᠂ | ᠭᠦᠢᠴᠡᠳ ᠬᠠᠮᠲᠤᠪᠠᠷ ᠭᠥᠷᠳᠡᠬᠦ᠂ ᠬᠠᠮᠵᠢᠯᠴᠠᠨ ᠬᠡᠷᠡᠭᠯᠡᠬᠦ ᠶᠢ ᠦᠨᠡᠨ ᠬᠦ ᠪᠠᠲᠤᠯᠠᠵᠤ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ᠵᠠᠭᠪᠤᠷ ᠲᠤ ᠬᠡᠷᠡᠭᠯᠡᠭᠡᠨ ᠤ ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠵᠤ᠂ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ︽ᠶᠡᠷᠦᠩᠬᠡᠶᠢᠯᠡᠭᠰᠡᠨ ᠨᠢᠭᠡ | ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠬᠦ ᠪᠣᠯ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠣᠶᠢᠯᠡᠴᠢᠯᠡᠭᠡ ᠶᠢ ᠲᠦᠭᠦᠮᠴᠢᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ | ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ | ᠲᠤᠰᠬᠠᠶ ᠬᠥᠮᠦᠨ ᠲᠣᠭᠲᠠᠭᠠᠵᠤ ᠬᠠᠷᠢᠭᠤᠴᠠᠭᠤᠯᠤᠨ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠰᠠᠯᠠᠭ᠎ᠠ ᠮᠥᠴᠢᠷ ᠲᠠᠢ ᠬᠠᠮᠵᠢᠯᠴᠠᠨ ᠥᠭᠡᠷᠡᠴᠢᠯᠡᠯᠲᠡ ᠶᠢᠨ | ᠬᠤᠭᠤᠴᠠᠭᠠᠨ ᠳᠠᠬᠢ ᠴᠤᠩᠬᠤᠪᠴᠢ ᠶᠢᠨ ᠲᠣᠬᠢᠷᠠᠭᠤᠯᠤᠯᠲᠠ᠂ ᠠᠵᠢᠯᠲᠠᠨ ᠤ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠲᠤᠬᠠᠶᠢᠯᠠᠭᠰᠠᠨ | ᠠᠵᠢᠯ ᠢ ᠵᠣᠯᠭᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠳᠤᠯᠠᠨ᠎ᠠ᠃ ᠵᠠᠰᠠᠭ ᠤᠨ ᠣᠷᠳᠣᠨ ᠤ ᠣᠶᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ︽ᠶᠡᠷᠦᠩᠬᠡᠶᠢᠯᠡᠭᠰᠡᠨ | ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠠᠬᠢᠭᠤᠯᠬᠤ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠥᠷᠨᠢᠭᠦᠯᠬᠦ ᠳᠤ ᠬᠡᠷᠡᠭᠰᠡᠬᠦ ᠪᠠᠯᠠ ᠮᠥᠩᠭᠦ ᠶᠢ ᠡᠳ᠋ | ᠤᠨ ᠵᠠᠰᠠᠭ ᠤᠨ ᠵᠢᠯ ᠤᠨ ᠲᠥᠰᠦᠪ ᠲᠤ ᠣᠷᠣᠭᠤᠯᠵᠤ᠂ ᠭᠦᠢᠴᠡᠳ ᠵᠠᠷᠤᠳᠠᠯ ᠤᠨ ᠪᠠᠲᠤᠯᠠᠭ᠎ᠠ ᠣᠯᠭᠤᠨ᠎ᠠ᠃ | ︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠬᠤᠯᠠᠴᠢᠯᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠳ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠠᠪᠴᠠᠩ ᠳᠤ ᠪᠥᠬᠦ ᠴᠤᠪᠤᠷᠠᠯ | ᠤᠨ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠡᠯ᠎ᠡ ᠭᠤᠭᠴᠤᠭ᠎ᠠ ᠶᠢ ᠪᠦᠬᠦᠨ ᠢ ᠡᠯᠧᠺᠲᠷᠣᠨ ᠬᠢᠨᠠᠨ ᠪᠠᠶᠢᠴᠠᠭᠠᠯᠳᠠ ᠳᠤ ᠣᠷᠣᠭᠤᠯᠵᠤ᠂ | ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠠᠵᠢᠯ ᠤᠨ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠪᠠᠷ ᠠᠵᠢᠯᠯᠠᠬᠤ ᠶᠢ ᠦᠨᠡᠨ ᠬᠦ | ᠪᠠᠳᠤᠯᠠᠨ᠎ᠠ᠃ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠢ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠠᠵᠢᠯ | ᠤᠨ ᠵᠢᠯ ᠤᠨ ᠰᠢᠯᠭᠠᠨ ᠬᠢᠨᠠᠯᠳᠠ ᠳᠤ ᠣᠷᠣᠭᠤᠯᠵᠤ᠂ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠢᠶᠠᠨ ᠦᠷᠭᠦᠯᠵᠢᠯᠡᠨ | ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ | ︵ᠭᠤᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠤᠬᠠᠭᠤᠯᠭ᠎ᠠ ᠪᠠᠨ ᠴᠢᠩᠭᠠᠳᠬᠠᠵᠤ᠂ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ᠣᠶᠢᠯᠡᠴᠢᠯᠡᠬᠡᠨ ᠤ ᠵᠠᠭᠪᠤᠷ ᠢ ᠣᠶᠢᠯᠠᠭᠠᠨ ᠮᠡᠳᠡᠬᠦ ᠬᠡᠮᠵᠢᠶ᠎ᠡ ᠪᠠᠨ ᠲᠡᠭᠡᠭᠰᠢᠯᠡᠭᠦᠯᠦᠨ᠎ᠡ᠃ ᠠᠵᠤ ᠠᠬᠤᠶᠢᠯᠠᠯ ᠤᠯᠠᠨ ᠲᠦᠮᠡᠨ ᠤ ᠰᠠᠨᠠᠭᠤᠯᠭ᠎ᠠ ᠶᠢ | ᠤᠯᠠᠨ ᠠᠷᠭ᠎ᠠ ᠵᠠᠮ ᠢᠶᠠᠷ ᠰᠣᠨᠣᠰᠴᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠥᠭᠡᠷᠡᠴᠢᠯᠡᠯᠲᠡ ᠶᠢᠨ ᠰᠠᠶᠢᠨ ᠰᠠᠶᠢᠬᠠᠨ | ᠤᠷᠴᠢᠨ ᠠᠬᠤᠢ ᠶᠢ ᠪᠤᠢ ᠪᠤᠯᠭᠠᠨ᠎ᠠ᠃ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠡᠯ᠎ᠡ ᠵᠦᠢᠯ ᠤᠨ ᠠᠵᠢᠯ | ᠢ ᠯᠠᠪᠳᠠᠭᠤᠨ ᠪᠠᠲᠤᠲᠠᠢ ᠪᠦᠲᠦᠮᠵᠢᠲᠡᠢ ᠦᠷᠨᠢᠭᠦᠯᠬᠦ ᠶᠢ ᠠᠬᠢᠭᠤᠯᠤᠨ᠎ᠠ᠃ | |