ᠦᠤᠰᠢᠨ ᠬᠤᠰᠢᠭᠤᠨ ᠤ ᠬᠡᠷᠡᠭᠯᠡᠭᠡ ᠪᠠᠷ ᠶᠠᠳᠠᠭᠤ ᠶᠢ ᠲᠡᠳᠭᠦᠬᠦ ᠲᠤᠰᠬᠠᠢ ᠲᠠᠯᠠᠪᠤᠷ ᠨᠢ ᠮᠠᠯᠴᠢᠨ ᠲᠠᠷᠢᠶᠠᠴᠢᠳ ᠲᠤ ᠪᠤᠳᠠᠳᠤ ᠠᠰᠢᠭ ᠬᠦᠷᠳᠡᠭᠡᠨ᠎ᠠ
ᠨᠡᠶᠢᠲᠡᠯᠡᠭᠰᠡᠨ ᠴᠠᠭ᠄
2021/2/10
     ᠬᠡᠷᠡᠭᠯᠡᠭᠡ ᠪᠠᠷ ᠶᠠᠳᠠᠭᠤ ᠶᠢ ᠲᠡᠳᠭᠦᠬᠦ ᠠᠵᠢᠯᠯᠠᠭ᠎ᠠ ᠶᠢ ᠬᠦᠨᠵᠡᠭᠡᠶᠢᠷᠡᠭᠦᠯᠵᠤ᠂ ᠦᠤᠰᠢᠨ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠳᠤ ᠬᠠᠪᠰᠤᠷᠤᠮᠵᠢ ᠦᠵᠡᠭᠦᠯᠬᠦ ᠶᠢᠨ ᠲᠦᠯᠦᠭᠡ ᠦᠢᠷ᠎ᠠ ᠳᠤ᠂ ᠦᠤᠰᠢᠨ ᠬᠤᠰᠢᠭᠤᠨ ᠤ ᠬᠡᠷᠡᠭᠯᠡᠭᠡ ᠪᠠᠷ ᠶᠠᠳᠠᠭᠤ ᠶᠢ ᠲᠡᠳᠭᠦᠬᠦ ᠲᠤᠰᠬᠠᠢ ᠲᠠᠯᠠᠪᠤᠷ ᠨᠢ ᠠᠰᠢᠬᠯᠠᠯᠳᠡ ᠳᠤ ᠤᠷᠤᠵᠤ᠂ ᠮᠠᠯᠴᠢᠨ ᠲᠠᠷᠢᠶᠠᠴᠢᠨ ᠪᠡ ᠬᠡᠷᠡᠭᠯᠡᠭᠴᠢᠳ ᠲᠤ ᠦᠨᠡᠨ ᠬᠦ ᠠᠰᠢᠭ ᠬᠦᠷᠳᠡᠭᠡᠭᠰᠡᠨ ᠪᠠᠶᠢᠨ᠎ᠠ᠃      ᠦᠢᠯᠠᠭᠠᠬᠰᠡᠨ ᠢᠶᠠᠷ᠂ ᠲᠤᠰ ᠶᠠᠳᠠᠭᠤ ᠶᠢ ᠲᠡᠳᠭᠦᠬᠦ ᠲᠤᠰᠬᠠᠢ ᠲᠠᠯᠠᠪᠤᠷ ᠢ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠶᠠᠳᠠᠭᠤ ᠶᠢ ᠲᠡᠳᠭᠦᠬᠦ ᠠᠯᠪᠡᠨ ᠭᠡᠷ᠂ ᠦᠤᠰᠢᠨ ᠬᠤᠰᠢᠭᠤᠨ ᠤ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ᠂ ︽ ᠠᠳᠡ︾ ᠪᠤᠬᠢᠷᠳᠤᠯ ᠦᠭᠡᠢ ᠪᠦᠳᠦᠭᠡᠭᠳᠡᠭᠦᠨ ᠤ ᠬᠠᠩᠭᠠᠯᠭ᠎ᠠ ᠶᠢᠨ ᠬᠡᠯᠬᠢᠶᠡᠳᠤ ᠦᠢᠯᠡᠴᠢᠯᠡᠭᠡᠨ ᠤ ᠨᠡᠶᠢᠬᠡᠮᠯᠢᠭ ᠠᠴᠠ ᠬᠠᠮᠳᠤ ᠪᠠᠷ ᠪᠡᠯᠨ ᠤᠷᠤᠭᠤᠯᠵᠤ ᠪᠠᠶᠢᠭᠤᠯᠤᠬᠰᠡᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠬᠠᠨᠭ᠍ᠭᠠᠯᠭ᠎ᠠ ᠶᠢᠨ ᠬᠡᠯᠬᠢᠶᠡᠳᠤ ᠦᠢᠯᠡᠴᠢᠯᠡᠭᠡᠨ ᠤ ᠲᠠᠪᠴᠠᠩ ᠮᠦᠨ᠃ ᠡᠨᠡ ᠨᠢ ᠮᠠᠯᠴᠢᠨ ᠲᠠᠷᠢᠶᠠᠴᠢᠳ ᠤᠨ ᠪᠤᠬᠢᠷᠳᠦᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠳᠤ ᠪᠦᠭᠡᠮ ᠪᠤᠷᠤᠯᠠᠭᠤᠯᠭ᠎ᠠ ᠶᠢᠨ ᠰᠢᠨ᠎ᠡ ᠵᠠᠮ ᠮᠦᠷ ᠢ ᠤᠯᠭᠤᠬᠰᠠᠨ ᠤ ᠬᠠᠮᠳᠤ ᠬᠡᠷᠡᠭᠯᠡᠭᠴᠢᠳ ᠲᠤ ᠪᠤᠬᠢᠷᠳᠤᠯ ᠦᠭᠡᠢ ᠪᠠᠷᠠᠭ᠎ᠠ ᠲᠠᠸᠠᠷ ᠢ ᠬᠠᠨᠭ᠍ᠭᠠᠨ ᠦᠭᠴᠤ᠂ ᠬᠤᠶᠢᠰᠢᠳᠡ ᠪᠠᠰᠨ ᠨᠡᠩ ᠤᠯᠡᠨ ᠨᠡᠶᠢᠭᠡᠮ ᠤᠨ ᠬᠦᠴᠦᠨ ᠢ ᠦᠷᠭᠡᠨ ᠢᠶᠠᠷ ᠲᠠᠶᠢᠴᠢᠯᠡᠨ ᠬᠡᠷᠡᠭᠯᠡᠭᠡ ᠪᠠᠷ ᠶᠠᠳᠠᠭᠤ ᠶᠢ ᠲᠡᠳᠭᠦᠬᠦ ᠠᠵᠢᠯ ᠦᠢᠯᠡᠰ ᠲᠤ ᠤᠷᠤᠯᠴᠠᠭᠤᠯᠤᠨ᠂ ᠮᠠᠯᠴᠢᠨ ᠲᠠᠷᠢᠶᠠᠴᠢᠳ ᠤᠨ ᠪᠤᠷᠤᠯᠠᠭᠤᠯᠭ᠎ᠠ ᠶᠢᠨ ᠵᠠᠮ ᠮᠦᠷ ᠢ ᠤᠯᠠᠮ ᠨᠢᠭᠡ ᠠᠯᠬᠤᠮ ᠦᠷᠭᠡᠳᠭᠡᠨ᠂ ᠶᠠᠳᠠᠭᠤ ᠬᠦᠴᠢᠷᠳᠡᠯᠳᠠᠢ ᠤᠯᠡᠨ ᠲᠦᠮᠡᠨ ᠤ ᠤᠷᠤᠯᠭ᠎ᠠ ᠶᠢ ᠲᠤᠬᠳᠠᠭᠤᠨ ᠢᠶᠠᠷ ᠨᠡᠮᠡᠭᠳᠡᠭᠦᠯᠬᠦ ᠪᠤᠯᠤᠨ᠎ᠠ᠃      ᠦᠷᠯᠦᠭᠡ ᠡᠷᠳᠡ ᠪᠠᠷ ᠲᠤᠰ ᠬᠤᠰᠢᠭᠤᠨ ᠤ ᠤᠯᠠᠭᠠᠨᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ᠮᠠᠯᠴᠢᠨ ᠲᠦᠮᠡᠨᠴᠡᠴᠡᠭ ᠦᠪᠡᠷ ᠤᠨ ᠬᠢᠭᠰᠡᠨ ᠬᠤᠷᠤᠳ ᠢᠶᠠᠨ ᠬᠡᠷᠡᠭᠯᠡᠭᠡ ᠪᠠᠷ ᠶᠠᠳᠠᠭᠤ ᠶᠢ ᠲᠡᠳᠭᠦᠭᠦ ᠲᠤᠰᠬᠠᠢ ᠲᠠᠯᠠᠪᠤᠷ ᠲᠤ ᠠᠪᠠᠴᠢᠵᠦ ᠲᠡᠯᠭᠡᠨ ᠪᠤᠷᠤᠯᠠᠭᠤᠯᠬᠤ ᠪᠠᠷ ᠪᠠᠵᠠᠭᠠᠨ᠎ᠠ᠃ ᠲᠡᠷᠨ᠄ ︽ᠲᠤᠰ ᠬᠡᠷᠡᠭᠯᠡᠭᠡ ᠪᠠᠷ ᠶᠠᠳᠠᠭᠤ ᠶᠢ ᠲᠡᠳᠭᠦᠬᠦ ᠲᠠᠯᠠᠪᠤᠷ ᠢ ᠪᠠᠶᠢᠷᠢᠯᠠᠭᠤᠯᠤᠬᠰᠡᠨ ᠶᠠᠪᠤᠳᠠᠯ ᠨᠢ ᠮᠠᠯᠴᠢᠨ ᠲᠠᠷᠢᠶᠠᠴᠢᠳ ᠲᠤ ᠠᠪᠴᠤ ᠬᠡᠯᠡᠪᠡᠯ ᠲᠤᠩ ᠠᠰᠢᠬᠳᠠᠢ᠃ ᠤᠤᠯ ᠨᠢ ᠪᠢᠳᠡ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢᠶᠠᠨ ᠭᠡᠷ ᠲᠡᠭᠡᠨ ᠲᠠᠯᠪᠢᠵᠤ ᠬᠤᠳᠠᠯᠳᠤᠨ ᠠᠪᠬᠤ ᠬᠦᠮᠤᠰ ᠢ ᠬᠦᠯᠢᠶᠠᠵᠤ ᠰᠠᠭᠤᠳᠠᠭ᠃ ᠤᠳᠤ ᠪᠤᠯ ᠰᠢᠭᠤᠳ ᠡᠨᠡ ᠭᠠᠵᠠᠷ ᠲᠤ ᠠᠪᠴᠢᠷᠠᠵᠦ ᠬᠤᠳᠠᠯᠳᠤᠪᠠᠯ ᠪᠤᠯᠴᠢᠬᠠᠨ᠎ᠠ᠂ ᠡ᠊ᠨᠳᠡ ᠰᠦᠢᠳᠭᠡᠯ ᠬᠤᠷᠢᠶᠠᠬᠤ ᠦᠭᠡᠢ ᠪᠠᠷ ᠪᠢᠳᠠᠨ ᠳᠤ ᠲᠠᠯᠠᠪᠤᠷ ᠪᠠ ᠦᠢᠯᠡᠴᠢᠯᠡᠭᠡ ᠬᠠᠩᠭᠠᠳᠠᠭ᠃ ᠮᠠᠨ ᠤ ᠭᠡᠷ ᠢᠶᠠᠷ ᠠᠪᠴᠤ ᠬᠡᠯᠡᠪᠡᠯ ᠨᠢᠭᠡ ᠵᠢᠯ ᠳᠤ ᠠᠳᠠᠭ ᠲᠠᠭᠠᠨ 3000 ᠲᠦᠭᠦᠷᠢᠭ ᠤᠨ ᠤᠷᠤᠯᠭ᠎ᠠ ᠨᠡᠮᠡᠭᠳᠡᠬᠦ ᠪᠤᠯᠤᠮᠵᠢ ᠲᠠᠢ︾ ᠭᠡᠵᠤ ᠪᠠᠶᠢᠯ᠎ᠠ᠃      ︽ᠡ᠊ᠨᠳᠡ︾ ᠪᠤᠬᠢᠷᠳᠤᠯ ᠦᠭᠡᠢ ᠪᠦᠳᠦᠭᠡᠭᠳᠡᠭᠦᠨ ᠤ ᠬᠠᠨᠭ᠍ᠭᠠᠯᠭ᠎ᠠ ᠶᠢᠨ ᠬᠡᠯᠬᠢᠶᠠᠳᠤ ᠦᠢᠯᠡᠴᠢᠯᠡᠭᠡᠨ ᠤ ᠨᠡᠶᠢᠭᠡᠮᠯᠢᠭ ᠤᠨ ᠵᠦᠪᠯᠡᠭᠴᠢ ᠠᠯᠳᠡᠨᠪᠦ᠋ᠷᠭᠦᠳ᠄ ︽ᠪᠢᠳᠡ ᠮᠠᠯᠴᠢᠨ ᠲᠠᠷᠢᠶᠠᠴᠢᠨ ᠡᠷᠤᠭᠡ ᠠᠴᠠ ᠬᠡᠷᠡᠭᠯᠡᠭᠴᠢᠳ ᠬᠦᠷᠳᠡᠯᠡᠬᠢ ᠰᠢᠭᠤᠳ ᠨᠡᠪᠳᠡᠷᠡᠬᠦ ᠵᠠᠮ ᠢ ᠨᠡᠭᠡᠭᠡᠬᠦ ᠵᠤᠷᠢᠯᠭ᠎ᠠ ᠲᠠᠢ᠃ ᠡᠶᠢᠮᠦᠷᠬᠦᠦ ᠬᠡᠯᠪᠡᠷᠢ ᠪᠠᠷ ᠲᠠᠮᠵᠢᠭᠤᠯᠤᠨ ᠪᠢᠳᠡ ᠬᠠᠨᠭ᠍ᠭᠠᠯᠭ᠎ᠠ ᠶᠢᠨ ᠬᠡᠯᠬᠢᠶᠠᠳᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠡᠷᠡᠭᠯᠡᠭᠴᠢᠳ ᠲᠤ ᠪᠤᠬᠢᠷᠳᠦᠯ ᠦᠭᠡᠢ ᠢᠳᠡᠭᠡᠨ ᠤᠮᠳᠠᠭᠠᠨ ᠡᠳ᠋ ᠪᠤᠳᠠᠰ ᠢ ᠬᠠᠨᠭ᠍ᠭᠠᠵᠤ᠂ ᠮᠠᠯᠴᠢᠨ ᠲᠠᠷᠢᠶᠠᠴᠢᠨ ᠡᠷᠤᠭᠡ ᠶᠢᠨ ᠪᠤᠬᠢᠷᠳᠤᠯ ᠦᠭᠡᠢ ᠪᠦᠳᠦᠭᠡᠭᠳᠡᠭᠦᠨ ᠢ ᠰᠠᠶᠢᠨ ᠦᠨ᠎ᠠ ᠬᠠᠨᠭ᠍ᠰᠢ ᠳᠤ ᠬᠦᠷᠭᠡᠨ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢ ᠠᠬᠢᠭᠤᠯᠬᠤ ᠵᠤᠷᠢᠯᠭ᠎ᠠ ᠲᠠᠢ︾ ᠭᠡᠵᠠᠢ᠃      ᠬᠡᠷᠡᠭᠯᠡᠭᠴᠢ ᠲᠡᠷᠭᠡᠯ᠄ ︽ᠪᠢ ᠬᠠᠮᠳᠤ ᠠᠵᠢᠯᠯᠠᠭᠰᠠᠳ ᠲᠠᠢ ᠪᠠᠨ ᠦᠷᠭᠦᠯᠵᠢ ᠡᠨᠡ ᠲᠡᠯᠡᠪᠤᠷ ᠲᠤ ᠢᠷᠡᠵᠤ ᠪᠠᠷᠠᠭ᠎ᠠ ᠠᠪᠳᠠᠭ᠃ ᠡ᠊ᠨᠳᠡ ᠠᠴᠠ ᠮᠠᠯᠵᠢᠬᠤ ᠲᠠᠷᠢᠶᠠᠯᠠᠬᠤ ᠤᠷᠤᠨ ᠤ ᠴᠤᠯ ᠪᠠᠶᠢᠭᠠᠯᠢᠯᠢᠭ ᠪᠦᠳᠦᠭᠡᠭᠳᠡᠭᠦᠨ ᠢ ᠬᠤᠳᠠᠯᠳᠤᠨ ᠠᠪᠴᠤ ᠲᠠᠶᠢᠯᠬᠦ ᠮᠦᠷᠳᠡᠭᠡᠨ ᠦᠨ᠎ᠡ ᠬᠠᠨᠭ᠍ᠰᠢ ᠨᠢ ᠪᠠᠰᠨ ᠲᠤᠬᠢᠷᠠᠮᠵᠢᠳᠠᠢ᠂ ᠡᠨᠡ ᠨᠢ ᠪᠠᠰᠨ ᠶᠠᠳᠠᠭᠤ ᠬᠦᠴᠢᠷᠳᠡᠯᠳᠠᠢ ᠡᠷᠦᠬᠡ ᠶᠢ ᠲᠠᠮ ᠢᠶᠠᠷ ᠲᠡᠳᠭᠦᠵᠤ ᠪᠠᠶᠢᠳᠠᠭ ᠨᠢ ᠦᠨᠡᠭᠡᠷ ᠪᠠᠶᠠᠷᠯᠠᠭᠤᠰᠢᠳᠠᠢ ᠶᠠᠪᠤᠳᠠᠯ ᠮᠦᠨ︾ ᠭᠡᠵᠤ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号