ᠰᠢᠷᠬᠤᠰᠤᠨ ᠪᠠᠯᠭᠠᠰᠤᠨ ᠤ ᠠᠵᠤ ᠦᠢᠯᠡᠰ ᠤᠨ ᠬᠤᠯᠪᠤᠭᠠᠯᠠᠭᠰᠠᠨ ᠴᠤᠭᠴᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠯ᠎ᠠ
ᠨᠡᠶᠢᠲᠡᠯᠡᠭᠰᠡᠨ ᠴᠠᠭ᠄
2021/3/1
    ᠦᠤᠰᠢᠨ ᠬᠤᠰᠢᠭᠤᠨ ᠤ ᠰᠢᠷᠬᠤᠰᠤᠨ ᠪᠠᠯᠭᠠᠰᠤ ᠤᠳᠤᠬᠢᠴᠢᠯᠠᠭᠰᠠᠨ ᠮᠠᠯ ᠲᠠᠷᠢᠶᠠᠯᠠᠩ ᠢ ᠪᠦᠬᠦ ᠲᠠᠯ᠎ᠠ ᠪᠠᠷ ᠬᠦᠭᠵᠢᠬᠦᠯᠵᠦ ︽ᠲᠠᠭᠠᠭᠤᠯᠤᠭᠴᠢ ᠠᠵᠤ ᠠᠬᠤᠢᠢᠯᠠᠯ ᠢᠶᠠᠷ ᠭᠤᠤᠯᠳᠠᠯᠭ᠎ᠠ ᠪᠤᠯᠭᠠᠵᠤ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠢᠶᠠᠷ ᠠᠴᠢᠶᠠᠯᠠᠪᠤᠷᠢ ᠪᠤᠯᠭᠠᠨ᠂ ᠭᠡᠷ ᠪᠦᠯᠢ ᠶᠢᠨ ᠮᠠᠯ ᠲᠡᠷᠢᠶᠠᠯᠠᠩ ᠤᠨ ᠲᠠᠯᠠᠪᠠᠢ ᠪᠠᠷ ᠰᠠᠭᠤᠷᠢᠯᠠᠭᠰᠠᠨ︾ ᠠᠵᠤ ᠦᠢᠯᠡᠰ ᠤᠨ ᠬᠤᠯᠪᠤᠭᠠᠯᠠᠭᠰᠠᠨ ᠴᠤᠭᠴᠠ ᠶᠢ ᠪᠠᠶᠢᠭᠤᠯᠤᠨ᠂ ᠡᠯ᠎ᠠ ᠭᠤᠭᠴᠤᠭᠠᠨ ᠤ ᠠᠵᠢᠯ ᠢ ᠨᠢᠭᠡᠳᠦᠯᠳᠡᠢ ᠲᠤᠬᠢᠷᠠᠭᠤᠯᠤᠨ ᠬᠠᠮᠳᠤ ᠪᠠᠷ ᠢᠶᠠᠨ ᠠᠰᠢᠭ ᠬᠦᠷᠳᠡᠬᠦ ᠶᠢ ᠪᠡᠶᠡᠯᠡᠭᠦᠯᠵᠦ ᠪᠠᠶᠢᠨ᠎ᠠ᠃     ᠰᠢᠷᠬᠤᠰᠤᠨ ᠪᠠᠯᠭᠠᠰᠤ ᠶᠢᠨ ᠪᠠᠭ᠎ᠠ ᠰᠢᠪᠡᠷ ᠲᠤᠰᠬᠤᠨ ᠤ ᠶᠠᠳᠠᠭᠤ ᠠᠴᠠ ᠠᠩᠭᠢᠵᠢᠷᠠᠨ ᠪᠠᠳᠤᠳᠬᠠᠵᠤ ᠪᠠᠶᠢᠭ᠎ᠠ ᠡᠷᠦᠭᠡ ᠫᠸᠡᠭ ᠲᠠᠢ ᠱᠠᠨ ᠤ ᠬᠢᠨ 2020 ᠤᠨ ᠤ ᠨᠠᠮᠤᠷ 7 ᠲᠦᠮᠡ ᠭᠠᠷᠤᠢ ᠵᠢᠩ ᠡᠷᠳᠡᠨᠢ ᠰᠢᠰᠢ ᠬᠤᠷᠢᠶᠠᠵᠤ᠂ ᠵᠢᠩ ᠪᠦᠷᠢ ᠳᠡᠭᠡᠨ ᠵᠠᠬ᠎ᠠ ᠲᠡᠯᠭᠡᠭᠦᠷ ᠤᠨ ᠦᠨ᠎ᠠ ᠠᠴᠠ ᠢᠯᠡᠭᠦᠦ 3 ᠮᠦᠡᠭᠭᠦ ᠪᠠᠷ ᠦᠤᠰᠢᠨ ᠬᠤᠰᠢᠭᠤᠨ ᠤ ᠬᠤᠨᠭ᠌ ᠹᠸᠡᠭ ᠠᠮᠤ ᠪᠤᠳᠠᠭ᠎ᠠ ᠬᠤᠳᠠᠯᠳᠤᠨ ᠪᠤᠷᠤᠯᠠᠭᠤᠯᠬᠤ ᠺᠤᠮᠫᠠᠨᠢ ᠳᠤ ᠬᠤᠳᠠᠯᠳᠤᠵᠤ ᠢᠯᠡᠭᠦᠦ 2100 ᠭᠠᠷᠤᠢ ᠲᠦᠭᠦᠷᠢᠭ ᠤᠨ ᠠᠰᠢᠭ ᠤᠷᠤᠯᠭ᠎ᠠ ᠤᠯᠵᠤ ︽ᠠᠵᠤ ᠤᠢᠢᠯᠡᠰ ᠤᠨ ᠬᠤᠯᠪᠤᠭᠠᠯᠠᠭᠰᠠᠨ ᠴᠤᠭᠴᠠ ᠶᠢᠨ ᠲᠠᠭᠠᠭᠤᠯᠤᠭᠴᠢ ᠠᠵᠤ ᠠᠬᠤᠢᠢᠯᠠᠯ ᠤᠨ ᠬᠠᠷᠠᠭᠠᠯᠠᠵᠠᠯ ᠢᠶᠠᠷ ᠡᠷᠳᠡᠨᠢ ᠰᠢᠰᠢ ᠪᠠᠨ ᠰᠠᠶᠢᠨ ᠦᠨ᠎ᠠ ᠪᠠᠷ ᠬᠤᠳᠠᠯᠳᠤᠯ᠎ᠠ ᠁︾ ᠭᠡᠵᠤ ᠪᠠᠶᠠᠷᠳᠠᠢ ᠶᠠᠷᠢᠵᠤ ᠪᠠᠶᠢᠯ᠎ᠠ᠃     ᠦᠤᠰᠢᠨ ᠬᠤᠰᠢᠭᠤᠨ ᠤ ᠬᠤᠨᠭ᠌ ᠹᠸᠡᠭ ᠠᠮᠤ ᠪᠤᠳᠠᠭ᠎ᠠ ᠬᠤᠳᠠᠯᠳᠤᠨ ᠪᠤᠷᠤᠯᠠᠭᠤᠯᠬᠤ ᠺᠤᠮᠫᠠᠨᠢ ᠨᠢ ᠰᠢᠷᠬᠤᠰᠤᠨ ᠪᠠᠯᠭᠠᠰᠤᠨ ᠳᠤ ᠰᠠᠭᠤᠷᠢᠰᠢᠵᠤ ᠪᠠᠶᠢᠭ᠎ᠠ ᠤᠯᠤᠰ ᠤᠨ ᠦᠮᠴᠢᠯᠡᠯᠳᠤ ᠠᠮᠤ ᠪᠤᠳᠠᠭ᠎ᠠ ᠬᠤᠳᠠᠯᠳᠤᠨ ᠪᠤᠷᠤᠯᠭᠠᠤᠯᠬᠤ ᠬᠤᠪᠢ ᠤᠷᠤᠭᠤᠯᠤᠭᠰᠠᠨ ᠺᠤᠮᠫᠠᠨᠢ ᠪᠠᠶᠢᠵᠤ᠂ ᠦᠤᠰᠢᠨ ᠬᠤᠰᠢᠭᠤᠨ ᠤ ᠤᠳᠤᠬᠢᠴᠢᠯᠠᠭᠰᠠᠨ ᠠᠵᠤ ᠦᠢᠯᠡᠰᠵᠢᠭᠦᠯᠦᠯᠳᠡ ᠶᠢᠨ ᠬᠤᠯᠪᠤᠭᠠᠯᠠᠭᠰᠠᠨ ᠴᠤᠭᠴᠠ ᠶᠢᠨ ᠲᠠᠭᠠᠭᠤᠯᠤᠭᠴᠢ ᠠᠵᠤ ᠠᠬᠤᠢᠢᠯᠠᠯ ᠪᠤᠯᠬᠤ ᠶᠤᠮ᠃ ᠨᠠᠮᠤᠷ ᠤᠨ ᠤᠯᠠᠷᠢᠯ ᠠᠮᠤ ᠪᠤᠳᠠᠭ᠎ᠠ ᠬᠤᠳᠠᠯᠳᠤᠨ ᠠᠪᠬᠤ ᠳᠠᠭᠠᠨ ᠬᠤᠯᠪᠤᠭᠠᠯᠠᠭᠰᠠᠨ ᠴᠤᠭᠴᠠ ᠶᠢᠨ ᠭᠡᠰᠢᠭᠦᠳ ᠤᠨ ᠡᠷᠳᠡᠨᠢ ᠰᠢᠰᠢ ᠶᠢ ᠵᠠᠬ᠎ᠠ ᠲᠡᠯᠭᠡᠭᠦᠷ ᠤᠨ ᠦᠨ᠎ᠠ ᠠᠴᠠ ᠢᠯᠡᠭᠦᠦ 2 ᠮᠦᠡᠭᠭᠦ᠂ ᠶᠠᠳᠠᠭᠤ ᠬᠦᠴᠢᠷᠳᠡᠯᠳᠡᠢ ᠡᠷᠦᠭᠡ ᠶᠢᠨ ᠡᠷᠳᠡᠨᠢ ᠰᠢᠰᠢ ᠶᠢ ᠢᠯᠡᠭᠦᠦ 3 ᠮᠦᠡᠭᠭᠦ ᠪᠠᠷ ᠬᠤᠳᠠᠯᠳᠤᠨ ᠠᠪᠴᠤ ᠬᠤᠪᠤᠭᠠᠯᠠᠭᠰᠠᠨ ᠴᠤᠭᠴᠠ ᠶᠢᠨ ᠭᠡᠰᠢᠭᠦᠨ ᠪᠤᠯᠭᠠᠨ ᠤ ᠤᠷᠤᠯᠭ᠎ᠠ ᠶᠢ ᠲᠤᠮᠳᠠᠴᠢ ᠪᠠᠷ 3000 ᠭᠠᠷᠤᠢ ᠲᠦᠭᠦᠷᠢᠭ ᠨᠡᠮᠡᠭᠳᠡᠭᠦᠯᠦᠭᠰᠡᠨ ᠪᠠᠶᠢᠨ᠎ᠠ᠃     ᠤᠢᠢᠷ᠎ᠠ ᠶᠢᠨ ᠵᠢᠯ ᠠᠴᠠ ᠨᠠᠭᠠᠰᠢ᠂ ᠰᠢᠷᠬᠤᠰᠤᠨ ᠪᠠᠯᠭᠠᠰᠤ ᠨᠢ ᠠᠵᠤ ᠦᠢᠯᠡᠰ ᠤᠨ ᠬᠡᠪᠴᠢᠶᠡᠵᠢᠬᠦᠯᠦᠨ ᠲᠦᠪᠯᠠᠷᠡᠭᠦᠯᠵᠦ ᠡᠵᠡᠩᠨᠡᠬᠦ ᠶᠢ ᠴᠢᠩᠭᠠᠳᠬᠠᠨ ᠮᠠᠯᠴᠢᠨ ᠲᠠᠷᠢᠶᠠᠴᠢᠳ ᠤᠨ ᠠᠰᠢᠭ ᠲᠤᠰᠠ ᠶᠢᠨ ᠬᠤᠯᠪᠤᠭᠠᠯᠠᠯ ᠢ ᠨᠢᠭᠳᠠᠷᠠᠭᠤᠯᠬᠤ ᠶᠢᠨ ᠲᠦᠯᠦᠭᠡ ᠠᠵᠤ ᠦᠢᠯᠡᠰ ᠤᠨ ᠬᠤᠯᠪᠤᠭᠠᠯᠠᠭᠰᠠᠨ ᠴᠤᠭᠴᠠ ᠶᠢ ᠪᠠᠶᠢᠭᠤᠯᠤᠨ ᠮᠠᠯ ᠲᠠᠷᠢᠶᠠᠯᠠᠩ ᠢ ᠬᠡᠪᠴᠢᠶᠡᠵᠢᠬᠦᠯᠦᠨ ᠡᠵᠡᠩᠨᠡᠬᠦᠯᠵᠤ᠂ ᠲᠠᠷᠢᠵᠤ ᠬᠤᠷᠢᠶᠠᠬᠤ ᠮᠠᠰᠢᠨᠴᠢᠯᠠᠯᠳᠠ ᠶᠢ ᠪᠠᠶᠡᠯᠡᠭᠦᠯᠦᠨ ᠶᠠᠳᠠᠭᠤ ᠡᠷᠦᠬᠡ ᠶᠢ ᠲᠠᠶᠢᠴᠢᠯᠠᠨ ᠬᠠᠮᠳᠤ ᠪᠠᠷ ᠠᠰᠢᠭ ᠤᠷᠤᠯᠭ᠎ᠠ ᠡᠭᠦᠳᠬᠦ ᠬᠠᠷᠠᠯᠳᠠ ᠶᠢ ᠪᠡᠶᠡᠯᠡᠬᠦᠯᠬᠦ ᠪᠠᠷ ᠴᠢᠷᠮᠠᠶᠢᠭᠰᠠᠭᠠᠷ ᠢᠷᠡᠵᠡᠢ᠃    ᠤᠢᠢᠯᠠᠭᠠᠭᠰᠠᠨ ᠢᠶᠠᠷ᠂ ᠰᠢᠷᠬᠤᠰᠤᠨ ᠪᠠᠯᠭᠠᠰᠤᠨ ᠤ ᠠᠵᠤ ᠦᠢᠯᠡᠰ ᠤᠨ ᠬᠤᠯᠪᠤᠭᠠᠯᠠᠭᠰᠠᠨ ᠴᠤᠭᠴᠠ ᠨᠢ ᠲᠠᠭᠠᠭᠤᠯᠤᠭᠴᠢ ᠠᠵᠤ ᠠᠬᠤᠢᠢᠯᠠᠯ᠂ ᠮᠦᠡᠭᠭᠦᠨ ᠭᠦᠢᠯᠭᠡᠭᠡᠨ ᠤ ᠪᠠᠶᠢᠭᠤᠯᠤᠮᠵᠢ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠲᠡᠷᠢᠶᠠᠯᠠᠩ ᠤᠨ ᠲᠡᠯᠡᠪᠡᠢ ᠵᠡᠷᠭᠡ ᠶᠢ ᠬᠠᠮᠤᠷᠤᠨ 23 ᠲᠦᠮᠡᠨ ᠮᠦ ᠶᠢᠨ ᠲᠠᠷᠢᠮᠠᠯ ᠤᠨ ᠰᠠᠭᠤᠷᠢᠨ ᠭᠠᠵᠠᠷ ᠢ ᠬᠡᠪᠴᠢᠶᠡᠵᠢᠭᠦᠯᠦᠨ ᠲᠡᠷᠢᠵᠤ᠂ 2158 ᠮᠠᠯᠴᠢᠨ ᠡᠷᠦᠬᠡ ᠶᠢᠨ 5399 ᠬᠦᠮᠦᠨ ᠠᠰᠢᠭ ᠬᠦᠷᠳᠡᠭᠰᠡᠨ ᠪᠠᠶᠢᠨ᠎ᠠ᠃ 2020 ᠤᠨ ᠳᠤ᠂ ᠲᠤᠰ ᠬᠤᠯᠪᠤᠭᠠᠯᠠᠭᠰᠠᠨ ᠴᠤᠭᠴᠠ ᠨᠢ 1.2 ᠲᠦᠮᠡᠨ ᠲᠤᠨ ᠬᠢᠮᠢ ᠶᠢᠨ ᠪᠤᠷᠳᠤᠭᠤᠷ᠂ 50 ᠲᠤᠨ ᠲᠡᠷᠢᠶᠠᠨ ᠦᠷ᠎ᠠ ᠶᠢ ᠨᠢᠭᠡᠳᠦᠯᠳᠡᠢ ᠬᠤᠳᠠᠯᠳᠤᠨ ᠠᠪᠴᠤ ᠬᠤᠪᠢᠶᠠᠵᠦ ᠦᠭᠭᠦᠭᠡᠳ 1.2 ᠳ᠋ᠦᠡᠭᠰᠢᠭᠤᠷ ᠵᠢᠩ ᠡᠷᠳᠡᠨᠢ ᠰᠢᠰᠢ ᠬᠤᠷᠢᠶᠠᠵᠤ᠂ 1.5 ᠳ᠋ᠦᠡᠭᠰᠢᠭᠤᠷ ᠲᠦᠭᠦᠷᠢᠭ ᠤᠨ ᠲᠤᠤᠷ᠎ᠠ ᠬᠦᠦ ᠲᠠᠢ ᠵᠢᠭᠡᠯᠡᠯᠭᠡ ᠶᠢ ᠵᠤᠬᠢᠴᠠᠭᠤᠯᠤᠨ ᠲᠠᠯᠪᠢᠭᠰᠠᠨ ᠪᠠᠶᠢᠨ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号