ᠡᠵᠡᠨ ᠬᠤᠷᠤᠭ᠎ᠠ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠲᠥᠯ ᠲᠤᠰᠴᠤ ᠪᠤᠶᠢᠵᠢᠭᠤᠯᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/3/17
   2021 ᠣᠨ ᠳᠤ᠂ ᠡᠵᠡᠨ ᠬᠤᠷᠤᠭ᠎ᠠ ᠬᠤᠰᠢᠭᠤ ᠡᠷᠲᠡ ᠬᠥᠳᠡᠯᠦᠯᠴᠡᠨ᠂ ᠡᠷᠲᠡ ᠲᠥᠯᠥᠪᠯᠡᠵᠦ᠂ ᠡᠷᠲᠡ ᠪᠠᠶᠢᠷᠢᠯᠠᠭᠤᠯᠬᠤ ᠶᠢ ᠪᠠᠷᠢᠮᠲᠠᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠲᠥᠯ ᠲᠤᠰᠴᠤ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃    ᠰᠤᠪᠤᠷᠭ᠎ᠠ ᠪᠠᠯᠭᠠᠰᠤᠨ ᠤ ᠶᠠᠩ ᠵᠢᠶᠠ ᠬᠤᠤ ᠲᠣᠰᠬᠤᠨ ᠤ ᠲᠠᠪᠤᠳᠤᠭᠠᠷ ᠬᠤᠷᠰᠢᠶ᠎ᠠ ᠶᠢᠨ ᠶᠠᠩ ᠹᠦ᠋ ᠰᠢᠶᠠᠩ ᠪᠣᠯ ᠰᠤᠪᠤᠷᠭ᠎ᠠ ᠪᠠᠯᠭᠠᠰᠤᠨ ᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠣᠯᠤᠨ᠎ᠠ᠂ ᠲᠡᠳᠡᠨ ᠤ ᠬᠢᠨ ᠨᠤᠤᠯᠤᠭᠤᠷ ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠦᠭᠡᠳ ᠨᠢᠭᠡᠨᠲᠡ 20 ᠰᠢᠬᠠᠮ ᠵᠢᠯ ᠪᠣᠯᠵᠠᠢ᠃    ᠶᠠᠩ ᠹᠦ᠋ ᠰᠢᠶᠠᠩ ᠰᠤᠷᠪᠤᠯᠵᠢᠯᠠᠭᠴᠢ ᠳᠤ᠄ ︽ᠡᠪᠡᠰᠦ ᠪᠣᠷᠳᠤᠭ᠎ᠠ ᠶᠢ ᠵᠢᠭᠳᠡ ᠲᠣᠬᠢᠷᠠᠭᠤᠯᠵᠤ᠂ ᠶᠡᠭᠡ ᠪᠠᠭ᠎ᠠ ᠶᠢ ᠨᠢ ᠬᠤᠪᠢᠶᠠᠨ ᠬᠠᠮᠢᠶᠠᠷᠴᠤ᠂ ᠣᠯᠠᠨ ᠵᠥᠢᠯ ᠤᠨ ᠡᠪᠡᠰᠤ ᠪᠤᠷᠳᠤᠭ᠎ᠠ ᠪᠠᠷ ᠲᠡᠵᠢᠭᠡᠨ᠎ᠡ᠂ ᠨᠢᠭᠡ ᠵᠦᠢᠯ ᠤᠨ ᠡᠪᠡᠰᠦ ᠪᠤᠷᠳᠤᠭ᠎ᠠ ᠪᠠᠷ ᠲᠡᠵᠢᠭᠡᠵᠦ ᠪᠣᠯᠬᠤ ᠥᠬᠡᠶ᠂ ᠡᠪᠦᠯ ᠳᠡᠭᠡᠨ ᠡᠪᠡᠰᠦ ᠨᠢ ᠬᠤᠪᠠᠭ᠋ᠠᠶᠢᠷᠠᠪᠠᠯ ᠯᠤᠤᠪᠠᠩ ᠢᠶᠠᠷ ᠲᠠᠵᠢᠬᠡᠵᠤ ᠸᠢᠲ᠋ᠠᠮᠢᠨ ᠨᠥᠬᠦᠪᠥᠷᠢᠯᠡᠨ᠎ᠡ᠂ ᠬᠢᠵᠢᠭ ᠢ ᠰᠡᠷᠭᠡᠶᠢᠯᠡᠬᠦ ᠠᠵᠢᠯ ᠢ ᠴᠤ ᠰᠠᠶᠢᠨ ᠬᠢᠬᠦ ᠬᠡᠷᠡᠭᠳᠡᠢ᠂ ᠪᠢ ᠮᠡᠷᠭᠡᠵᠢᠯ ᠤᠨ ᠲᠠᠯ᠎ᠠ ᠪᠠᠷ ᠰᠠᠶᠢᠨ ᠤᠶᠢᠯᠠᠭᠠᠬᠤ ᠦᠭᠡᠢ᠂ ᠮᠠᠯ ᠠᠵᠤ ᠠᠬᠤᠶ ᠶᠢᠨ ᠠᠵᠢᠯ ᠤᠨ ᠦᠷᠳᠡᠭᠡᠨ ᠤ ᠠᠵᠢᠯᠲᠠᠨ ᠰᠠᠷ᠎ᠠ ᠳᠤ ᠨᠢᠭᠡ ᠤᠳᠠᠭ᠎ᠠ ᠢᠷᠡᠵᠦ᠂ ᠬᠤᠷᠠᠭ᠎ᠠ ᠢᠰᠢᠭᠡ ᠶᠢ ᠶᠠᠭᠠᠬᠢᠵᠤ ᠪᠤᠷᠳᠤᠨ ᠲᠠᠷᠭᠤᠯᠠᠭᠤᠯᠬᠤ ᠶᠢ ᠵᠢᠭᠠᠨ ᠵᠢᠯᠤᠭᠤᠳᠴᠤ ᠪᠣᠢ ᠁︾ ᠬᠡᠵᠤ ᠶᠠᠷᠢᠵᠤ ᠪᠠᠶᠢᠯ᠎ᠠ᠃   ᠣᠳᠣᠬᠠᠨ ᠳᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠲᠥᠯ ᠲᠤᠰᠴᠤ ᠪᠤᠶᠢᠵᠢᠭᠤᠯᠬᠤ ᠠᠵᠢᠯ ᠢ ᠰᠠᠶᠢᠲᠤᠷ ᠬᠢᠬᠦ ᠨᠢ ᠪᠦᠬᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠪᠦᠬᠦ ᠲᠠᠯ᠎ᠠ ᠲᠠᠢ ᠬᠤᠯᠪᠣᠭᠳᠠᠵᠤ᠂ ᠨᠠᠩ ᠴᠤ ᠥᠷᠭᠡᠨ ᠣᠯᠠᠨ ᠮᠠᠯᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ ᠴᠢᠳᠠᠬᠤ ᠡᠰᠡᠬᠦ ᠲᠠᠢ ᠬᠤᠯᠪᠤᠭᠳᠠᠵᠣ ᠪᠣᠢ᠃ ᠲᠥᠯ ᠲᠤᠰᠴᠤ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤ ᠲᠡᠵᠢᠭᠡᠨ ᠦᠷᠡᠵᠢᠭᠦᠯᠬᠦ ᠡᠷᠦᠬᠡ ᠶᠢᠨ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠡᠵᠢᠭᠡᠨ ᠠᠷᠠᠴᠢᠯᠠᠬᠤ ᠨᠥᠬᠦᠴᠡᠯ ᠢ ᠰᠠᠶᠢᠵᠢᠷᠠᠭᠤᠯᠤᠨ᠂ ᠲᠦᠯ ᠲᠤᠰᠬᠤ ᠠᠵᠢᠯ ᠤᠨ ᠠᠮᠤᠷ ᠲᠦᠪᠰᠢᠨ ᠪᠠ ᠴᠢᠨᠠᠷᠵᠢᠯ ᠢ ᠳᠡᠭᠡᠭᠰᠢᠯᠡᠭᠦᠯᠪᠡ᠃ ᠡᠭᠦᠨ ᠤ ᠬᠠᠮᠲᠤ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠮᠠᠯ ᠠᠵᠤ ᠠᠬᠤᠶ ᠶᠢᠨ ᠠᠵᠢᠯ ᠤᠨ ᠥᠷᠲᠡᠭᠡ ᠨᠢ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠡᠷᠦᠬᠡ ᠳᠠᠷᠠᠭᠠᠯᠠᠨ ᠲᠡᠵᠢᠭᠡᠨ ᠠᠷᠠᠴᠢᠯᠠᠬᠤ ᠬᠠᠮᠢᠶᠠᠷᠤᠯᠲᠠ᠂ ᠲᠥᠯ ᠲᠤᠰᠴᠤ ᠪᠤᠶᠢᠵᠢᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠤᠨ ᠵᠢᠯᠣᠭᠤᠳᠤᠯᠭ᠎ᠠ ᠬᠢᠬᠦ ᠶᠢᠨ ᠬᠠᠮᠲᠤ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠨᠠᠷᠢᠨ ᠠᠩᠬᠠᠷᠴᠤ᠂ ᠡᠷᠲᠡ ᠪᠡᠯᠡᠳᠬᠡᠵᠦ᠂ ᠡᠷᠲᠡ ᠰᠡᠷᠭᠡᠶᠢᠯᠡᠵᠦ᠂ ᠡᠷᠲᠡ ᠬᠥᠳᠡᠯᠦᠯᠴᠡᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠷ ᠭᠠᠮᠰᠢᠭ ᠢ ᠰᠡᠷᠭᠡᠶᠢᠯᠡᠵᠦ ᠮᠠᠯ ᠳᠡᠵᠢᠭᠡᠪᠤᠷᠢ ᠶᠢ ᠬᠠᠮᠠᠭᠠᠯᠠᠬᠤ ᠠᠵᠢᠯ ᠢ ᠰᠠᠶᠢᠲᠤᠷ ᠬᠢᠵᠤ ᠪᠠᠶᠢᠨ᠎ᠠ᠃    ᠡᠵᠡᠨ ᠬᠤᠷᠤᠭ᠎ᠠ ᠬᠤᠰᠢᠭᠤᠨ ᠤ ᠮᠠᠯ ᠠᠵᠤ ᠠᠬᠤᠶ ᠶᠢᠨ ᠠᠵᠢᠯ ᠤᠨ ᠥᠷᠲᠡᠭᠡ ᠶᠢᠨ ᠮᠡᠷᠭᠡᠵᠢᠯᠲᠡᠨ ᠯᠢ ᠷᠦᠩ ᠰᠤᠷᠪᠤᠯᠵᠢᠯᠠᠭᠴᠢ ᠳᠤ᠄ ︽ᠲᠥᠯ ᠲᠤᠰᠴᠤ ᠪᠤᠶᠢᠵᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠪᠠᠶᠢᠭᠤᠯᠭ᠎ᠠ ᠵᠢᠯ ᠪᠦᠷᠢ ᠪᠦᠬᠦ ᠬᠤᠰᠢᠭᠤᠨ ᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠵᠣᠬᠢᠶᠠᠨ ᠪᠠᠶᠢᠭᠤᠯᠵᠤ ᠬᠤᠶᠠᠷ ᠠᠴᠠ ᠭᠤᠷᠪᠠ ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠵᠣ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠢ ᠤᠷᠢᠵᠣ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ᠂ ᠰᠦᠷᠦᠭ ᠬᠤᠪᠢᠶᠠᠨ ᠬᠠᠮᠢᠶᠠᠷᠬᠤ᠂ ᠲᠥᠯ ᠲᠤᠰᠴᠤ ᠪᠤᠶᠢᠵᠢᠭᠤᠯᠬᠤ ᠵᠡᠷᠭᠡ ᠲᠠᠯ᠎ᠠ ᠪᠠᠷ ᠪᠣᠯᠪᠠᠰᠤᠷᠠᠯ ᠬᠢᠯᠭᠡᠵᠦ᠂ ᠳᠠᠷᠠᠭ᠎ᠠ ᠨᠢ ᠮᠠᠨ ᠤ ᠪᠠᠶᠢᠭᠤᠯᠭ᠎ᠠ ᠶᠢᠨ ᠪᠦᠬᠦ ᠠᠵᠢᠯᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠮᠡᠷᠭᠡᠵᠢᠯ ᠤᠨ ᠵᠢᠯᠣᠭᠤᠳᠤᠯᠭ᠎ᠠ ᠬᠢᠵᠣ᠂ ᠲᠥᠯ ᠲᠣᠰᠬᠤ ᠠᠴᠠ ᠡᠮᠦᠨ᠎ᠡ᠂ ᠲᠥᠯ ᠳᠤᠰᠤᠭᠰᠠᠨ ᠤ ᠳᠠᠷᠠᠭ᠎ᠠ ᠪᠠᠶᠢᠳᠠᠯ ᠢ ᠦᠵᠠᠨ ᠴᠢᠨᠠᠷ ᠰᠠᠶᠢᠲᠠᠶ ᠬᠥᠬᠡ ᠡᠪᠡᠰᠦ ᠨᠦᠬᠦᠪᠦᠷᠢᠯᠡᠭᠦᠯᠵᠦ᠂ ᠲᠥᠯ ᠲᠤᠰᠴᠤ ᠪᠤᠶᠢᠵᠢᠭᠤᠯᠬᠤ ᠠᠵᠢᠯ ᠢ ᠰᠠᠶᠢᠲᠤᠷ ᠬᠢᠳᠡᠭ︾ ᠬᠡᠵᠤ ᠪᠠᠶᠢᠯ᠎ᠠ᠃    ᠣᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤᠨ ᠳᠤ 42.96 ᠲᠦᠮᠡᠨ ᠪᠣᠭ ᠮᠠᠯ ᠪᠣᠢ᠂ ᠡᠭᠦᠨ ᠳᠤ ᠨᠤᠤᠯᠤᠭᠤᠷ ᠤᠨ ᠴᠠᠭᠠᠨ ᠢᠮᠠᠭ᠎ᠠ 33.24 ᠲᠦᠮᠡ᠂ ᠬᠤᠨᠢ 9.72 ᠲᠦᠮᠡ ᠪᠠᠶᠢᠨ᠎ᠠ᠃ ᠨᠤᠤᠯᠤᠭᠤᠷ ᠤᠨ ᠴᠠᠭᠠᠨ ᠢᠮᠠᠭ᠎ᠠ ᠪᠠᠷ ᠭᠤᠣᠯᠯᠠᠬᠤ ᠠᠵᠤ ᠦᠢᠯᠡᠰ ᠪᠣᠯᠭᠠᠬᠤ ᠨᠢ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢᠨ ᠵᠠᠩᠭᠢᠯᠠᠭ᠎ᠠ ᠪᠣᠯᠤᠨ᠎ᠠ᠃ 2021 ᠣᠨ ᠤ 2 ᠰᠠᠷ᠎ᠠ ᠪᠣᠯᠲᠠᠯ᠎ᠠ᠂ ᠨᠤᠤᠯᠤᠭᠤᠷ ᠤᠨ ᠴᠠᠭᠠᠨ ᠢᠮᠠᠭᠠᠨ ᠤ ᠲᠥᠯᠯᠡᠵᠦ ᠳᠡᠶᠢᠯᠬᠦ ᠡᠬᠡ ᠮᠠᠯ 26.11 ᠲᠦᠮᠡ᠂ ᠲᠥᠯᠯᠡᠭᠰᠡᠨ ᠨᠢ 13.62 ᠲᠦᠮᠡ ᠪᠣᠯᠵᠣ᠂ ᠢᠰᠢᠭᠡ ᠬᠤᠷᠠᠭᠠᠨ ᠤ ᠤᠨᠳᠤᠷᠤᠯᠳᠠ ᠶᠢᠨ ᠨᠣᠷᠮ᠎ᠠ ᠴᠥᠮ 98%᠎ ᠠᠴᠠ ᠳᠡᠭᠡᠭᠰᠢ ᠳᠤ ᠬᠦᠷᠴᠡᠶ᠃    
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号