ᠨᠢᠰᠬᠡᠯ ᠤᠨ ᠪᠢᠯᠧᠲ ᠢ ᠪᠤᠴᠠᠭᠠᠭᠰᠠᠨ ᠤ ᠳᠠᠷᠠᠭ᠎ᠠ 7 ᠠᠵᠢᠯᠯᠠᠬᠤ ᠡᠳᠦᠷ ᠤᠨ ᠳᠣᠲᠣᠷ᠎ᠠ ᠵᠤᠭᠤᠰ ᠢ ᠨᠢ ᠪᠤᠴᠠᠭᠠᠨ᠎ᠠ︕ ᠰᠢᠨ᠎ᠡ ᠲᠣᠭᠲᠠᠭᠠᠯ ᠭᠠᠷᠪᠠ
ᠨᠡᠶᠢᠲᠡᠯᠡᠭᠰᠡᠨ ᠴᠠᠭ᠄
2021/3/17
   ︽ᠠᠷᠠᠳ ᠤᠨ ᠠᠭᠠᠷ ᠤᠨ ᠲᠡᠭᠡᠭᠡᠪᠦᠷᠢ ᠶᠢᠨ ᠪᠢᠯᠧᠲ  ᠪᠤᠴᠠᠭᠠᠬᠤ ᠬᠤᠷᠳᠤᠴᠠ ᠤᠳᠠᠭᠠᠨ  ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠠᠭᠠᠷ ᠤᠨ ᠠᠶᠠᠯᠠᠯ ᠤᠨ ᠺᠣᠮᠫᠠᠨᠢ ᠪᠣᠯᠤᠨ ᠠᠭᠠᠷ ᠤᠨ ᠠᠶᠠᠯᠠᠯ ᠤᠨ ᠤᠷᠤᠯᠠᠨ ᠪᠣᠷᠣᠯᠠᠭᠤᠯᠤᠭᠴᠢ ᠶᠢ 7 ᠠᠵᠢᠯᠯᠠᠬᠤ ᠡᠳᠦᠷ ᠤᠨ ᠳᠣᠲᠣᠷ᠎ᠠ ᠵᠣᠭᠤᠰ  ᠪᠤᠴᠠᠭᠠᠬᠤ  ᠭᠠᠷ  ᠬᠦᠢᠴᠡᠳᠭᠡᠯ ᠢ  ᠬᠢᠵᠦ ᠳᠠᠭᠤᠰᠬᠠᠬᠤ ᠬᠡᠷᠡᠭᠲᠡᠶ ᠭᠡᠵᠦ  ᠲᠣᠭᠲᠠᠭᠠᠪᠠ᠃ ᠵᠠᠭᠠᠯᠳᠤᠯᠭ᠎ᠠ ᠶᠢ ᠰᠢᠢᠳᠪᠦᠷᠢᠯᠡᠬᠦ ᠲᠠᠯ᠎ᠠ ᠪᠠᠷ᠂ ᠵᠠᠭᠠᠯᠳᠤᠭᠳᠠᠭᠰᠠᠨ ᠪᠤᠢ ᠪᠦᠬᠦᠢ ᠠᠵᠤ ᠠᠬᠤᠶᠢᠯᠠᠯ ᠢ ᠡᠷᠬᠡᠪᠰᠢ 10 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ  ᠳᠠᠭᠤᠰᠬᠠᠬᠤ  ᠬᠡᠷᠡᠭᠲᠡᠶ  ᠭᠡᠵᠦ  ᠲᠣᠳᠣᠷᠬᠠᠶ ᠲᠣᠭᠲᠠᠭᠠᠪᠠ︾ ᠬᠡᠵᠦ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶᠠᠨ ᠤ ᠲᠡᠭᠡᠭᠡᠪᠦᠷᠢ ᠶᠢᠨ ᠵᠤᠷᠭᠠᠨ ᠤ ᠳᠠᠷᠤᠭ᠎ᠠ ᠢᠦᠶ ᠪᠢᠶᠤᠤ  15᠎ ᠤ ᠡᠳᠦᠷ ︽ᠣᠯᠠᠨ ᠨᠡᠶᠢᠲᠡ ᠶᠢᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾᠎ ᠤᠨ ᠲᠤᠬᠠᠶ ᠲᠠᠶᠢᠯᠤᠮᠵᠢ ᠬᠢᠬᠦ ᠳᠡᠭᠡᠨ ᠬᠡᠯᠡᠵᠠᠢ᠃          ︽ᠣᠯᠠᠨ ᠨᠡᠶᠢᠲᠡ ᠶᠢᠨ ᠠᠭᠠᠷ ᠤᠨ ᠲᠡᠭᠡᠭᠡᠪᠦᠷᠢ ᠵᠢᠨ‌ᠠᠶᠠᠨᠴᠢᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾᠎ ᠢ ᠲᠦᠷᠦᠭᠦᠬᠡᠨ ᠵᠢᠩᠬᠢᠨᠢ ᠪᠠᠷ ᠨᠡᠶᠢᠲᠡᠯᠡᠵᠦ᠂ ᠡᠨᠡ ᠵᠢᠯ ᠤᠨ 9 ᠰᠠᠷ᠎ᠠ ᠶᠢᠨ1᠎ ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠬᠦ ᠪᠠᠷ ᠪᠠᠶᠢᠨ᠎ᠠ᠃ ᠲᠤᠬᠠᠶ ᠶᠢᠨ ᠡᠳᠦᠷ ᠬᠤᠷᠠᠯᠳᠤᠭᠤᠯᠤᠭᠰᠠᠨ ᠠᠷᠠᠳ ᠤᠨ  ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠢᠦᠶ ᠪᠢᠶᠤᠤ᠄ ᠡᠨᠡ ᠤᠳᠠᠭ᠎ᠠ ᠨᠡᠶᠢᠲᠡᠯᠡᠭᠰᠡᠨ ᠲᠣᠭᠲᠠᠭᠠᠯ ᠨᠢ ᠤᠤᠯ ᠤᠨ ᠲᠦᠷᠢᠮ ᠲᠣᠭᠲᠠᠭᠠᠯ ᠳᠤ ᠪᠥᠬᠦ ᠲᠠᠯ᠎ᠠ ᠪᠠᠷ ᠨᠡᠯᠢᠶᠡᠳ‌‍ᠶᠡᠭᠡ ᠵᠠᠰᠠᠪᠤᠷᠢ ᠣᠷᠣᠭᠤᠯᠪᠠ᠂ᠲᠣᠰ ᠤᠳᠠᠭ᠎ᠠ ᠵᠠᠰᠠᠪᠤᠷᠢ ᠣᠷᠣᠭᠤᠯᠤᠭᠰᠠᠨ  ᠭᠤᠤᠯᠳᠠᠯᠭ᠎ᠠ ᠨᠢ ᠬᠡᠷᠡᠭᠯᠡᠭᠴᠢᠳ ᠤᠨ ᠡᠷᠬᠡ  ᠠᠰᠢᠭ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠠᠨᠴᠢᠳ ᠤᠨ ᠪᠢᠯᠧᠲ ᠪᠣᠷᠣᠯᠠᠭᠤᠯᠬᠤ᠂ ᠪᠢᠯᠧᠲ ᠪᠤᠴᠠᠭᠠᠬᠤ ᠪᠠ ᠴᠠᠬ ᠬᠤᠭᠤᠴᠠᠭ᠎ᠠ ᠪᠠᠨ‌‍ᠰᠤᠯᠢᠬᠤ ᠪᠠᠷ ᠭᠠᠷ ᠤᠨ ᠥᠰᠥᠭ ᠵᠢᠷᠤᠬᠤ᠂ ᠬᠡᠳᠦᠷᠡᠳᠡᠯ᠎ᠡ  ᠪᠤᠷᠤᠯᠠᠭᠤᠯᠤᠨ  ᠬᠤᠳᠠᠯᠳᠤᠬᠤ ᠵᠡᠷᠭᠡ ᠠᠮᠠᠷᠬᠠᠨ ᠵᠢᠭᠤᠷᠠᠯᠳᠤᠭᠠᠨ‌ᠡᠭᠦᠰᠬᠦ ᠵᠠᠩᠭᠢᠯᠠᠭ᠎ᠠ ᠶᠢᠨ ᠭᠤᠭᠴᠤᠭ᠎ᠠ ᠶᠢᠨ ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠴᠤ᠂ ᠠᠶᠠᠨᠴᠢᠳ ᠤᠨ ᠪᠠᠶᠢᠳᠠᠯ ᠢ ᠮᠡᠳᠡᠬᠦ ᠡᠷᠬᠡ᠂ ᠰᠣᠩᠭᠤᠯᠲᠠ ᠬᠢᠬᠦ ᠡᠷᠬᠡ ᠪᠠ ᠲᠥᠯᠥᠪᠦᠷᠢ ᠨᠡᠬᠡᠬᠦ ᠡᠷᠬᠡ ᠶᠢ ᠨᠠᠩ ᠰᠠᠶᠢᠲᠤᠷ ᠬᠠᠮᠠᠭᠠᠯᠠᠬᠤ ᠶᠢ ᠵᠤᠷᠢᠬᠰᠠᠨ ᠶᠠᠪᠤᠳᠠᠯ ᠪᠣᠯᠤᠨ᠎ᠠ᠃           ᠬᠡᠷᠡᠭᠯᠡᠬᠦ ᠬᠡᠪᠴᠢᠶ᠎ᠡ ᠶᠢᠨ ᠲᠠᠯ᠎ᠠ ᠪᠠᠷ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠠᠭᠠᠷ ᠤᠨ ᠠᠶᠠᠯᠠᠯ ᠤᠨ ᠪᠣᠷᠣᠯᠠᠭᠤᠯᠭ᠎ᠠ ᠵᠢᠨ‌‍ᠰᠦ᠋ᠯᠵᠢᠶᠡᠨ ᠤ ᠲᠠᠪᠴᠠᠩ ᠤᠨ ᠡᠵᠡᠩᠨᠡᠭᠴᠢ᠂ ᠠᠭᠠᠷ ᠤᠨ ᠠᠶᠠᠯᠠᠯ ‍ᠤᠨ‌ᠮᠡᠳᠡᠭᠡ ᠵᠠᠩᠭᠢ ᠶᠢᠨ ᠠᠵᠤ ᠠᠬᠤᠶᠢᠯᠠᠯ ᠵᠡᠷᠭᠡ ᠠᠶᠠᠨᠴᠢᠳ ᠤᠨ ᠦᠢᠯᠡᠴᠢᠯᠡᠭᠡ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠮᠡᠭᠰᠡᠨ ᠪᠥᠭᠡᠳ ᠭᠠᠳᠠᠭᠠᠳᠤ ᠶᠢᠨ ᠠᠭᠠᠷ ‍ᠤᠨ‌ᠠᠶᠠᠯᠠᠯ ᠤᠨ ᠺᠣᠮᠫᠠᠨᠢ᠂ ᠰᠢᠶᠠᠩᠭᠠᠩ ᠣᠣᠮᠧᠨ ᠲᠠᠶᠢᠸᠠᠨ ᠤ ᠠᠭᠠᠷ ‍ᠤᠨ‌ᠠᠶᠠᠯᠠᠯ ᠤᠨ ᠺᠣᠮᠫᠠᠨᠢ ᠶᠢᠨ ᠮᠠᠨ ᠤ ᠤᠯᠤᠰ ᠤᠨ ᠬᠢᠯᠢ ᠳᠣᠲᠣᠷᠠᠬᠢ ᠡᠵᠡᠩᠨᠡᠯᠲᠡ ᠵᠢᠨ‌ᠠᠵᠢᠯᠯᠠᠭ᠎ᠠ ᠶᠢ ᠴᠤ ᠲᠦᠷᠢᠮ ᠤᠨ ᠠᠶ ᠳᠤ ᠣᠷᠣᠭᠤᠯᠵᠤ᠂ ᠬᠠᠤᠯᠢ ᠲᠣᠭᠲᠠᠭᠠᠯᠲᠠ ᠶᠢᠨ ᠬᠤᠭᠤᠰᠣᠨ ᠢ ᠨᠥᠬᠦᠪᠥᠷᠢᠯᠡᠵᠡᠶ᠃        ᠵᠠᠰᠠᠭ ᠢ ᠴᠣᠮᠬᠠᠳᠬᠠᠨ‌ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠥᠩᠭᠡᠷᠡᠭᠰᠡᠨ ᠤ ᠠᠵᠤ ᠠᠬᠤᠶᠢᠯᠠᠯ ᠤᠨ ᠦᠢᠯᠡᠴᠢᠯᠡᠭᠡ ᠶᠢᠨ ᠲᠤᠬᠠᠶ ᠬᠡᠲᠦ ᠨᠠᠷᠢᠨ ᠲᠣᠭᠲᠠᠭᠠᠭᠰᠠᠨ ᠪᠠ ᠬᠡᠲᠦ ᠦᠬᠦᠯᠡᠬᠦᠳᠡ ᠬᠠᠮᠢᠶᠠᠷᠴᠤ ᠪᠠᠶᠢᠬᠰᠠᠨ ᠵᠦᠢᠯ ᠵᠤᠷᠪᠤᠰ ᠲᠤ ᠨᠡᠯᠢᠶᠡᠳ ᠶᠡᠭᠡ ᠬᠠᠰᠤᠯᠲᠠ ᠪᠠ ᠲᠣᠬᠢᠷᠠᠭᠤᠯᠤᠯᠲᠠ ᠬᠢᠭᠰᠡᠨ‌‍ᠪᠠᠶᠢᠨ᠎ᠠ᠃ ᠪᠣᠭᠤᠳᠠᠯ ᠪᠠᠭᠯᠠᠭ᠎ᠠ ᠶᠢ ᠲᠡᠭᠡᠭᠡᠪᠦᠷᠢᠯᠡᠬᠦ ᠪᠠᠷ ᠵᠢᠱᠢᠶᠡᠯᠡᠪᠡᠯ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠪᠣᠭᠤᠳᠠᠯ ᠪᠠᠭᠯᠠᠭ᠎ᠠ ᠶᠢᠨ ᠬᠡᠮ ᠬᠡᠮᠵᠢᠶ᠎ᠡ᠂ ᠬᠦᠨᠳᠦ ᠶᠢᠨ ᠬᠡᠮᠵᠢᠶ᠎ᠡ᠂ ᠰᠦᠢᠳᠭᠡᠯ ᠥᠯᠥ  ᠬᠤᠷᠢᠶᠠᠬᠤ  ᠪᠣᠭᠤᠳᠠᠯ  ᠪᠠᠭᠯᠠᠭ᠎ᠠ ᠶᠢᠨ ᠲᠤᠭ᠎ᠠ ᠵᠡᠷᠭᠡ ᠶᠢ ︽ᠡᠭᠡᠭᠡ ᠠᠳᠠᠯᠢ ᠪᠠᠶᠢᠯᠭᠠᠬᠤ︾ ᠲᠤᠬᠠᠶ ᠲᠣᠭᠲᠠᠭᠠᠯ ᠢ ᠬᠠᠰᠤᠪᠠ᠂ ᠠᠭᠠᠷ ᠤᠨ ᠠᠶᠠᠯᠠᠯ ᠤᠨ ᠺᠣᠮᠫᠠᠨᠢ ᠥᠪᠡᠰᠦᠪᠡᠨ ᠬᠤᠯᠪᠣᠭᠳᠠᠯ ᠪᠥᠬᠦᠶ ᠪᠠᠷᠢᠮᠵᠢᠶ᠎ᠠ ᠲᠣᠭᠲᠠᠭᠠᠬᠤ ᠶᠢᠨ ᠬᠠᠮᠲᠤ ᠭᠠᠳᠠᠭᠰᠢ ᠨᠡᠶᠢᠲᠡᠯᠡᠵᠦ᠂ ᠠᠶᠠᠨᠴᠢᠳ ᠲᠤ ᠣᠯᠠᠨ ᠡᠰᠢᠵᠢᠭᠰᠡᠨ᠂ ᠵᠥᠷᠢᠶᠡᠵᠢᠭᠰᠡᠨ ᠠᠭᠠᠷ ᠤᠨ ᠠᠶᠠᠯᠠᠯ ᠤᠨ ᠦᠢᠯᠡᠴᠢᠯᠡᠭᠡᠨ ᠤ ᠦᠢᠯᠡᠳᠬᠦᠨ ᠬᠠᠩᠭᠠᠵᠤ ᠪᠣᠯᠤᠨ᠎ᠠ ᠬᠡᠪᠡ᠃           ᠢᠦᠶ ᠪᠢᠶᠤᠤ᠄ ᠲᠠᠷᠠᠭᠠᠴᠢ ᠶᠢᠨ ᠠᠯᠬᠤᠮ ᠳᠤ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠲᠦᠷᠢᠮ ᠲᠣᠭᠲᠠᠭᠠᠯ ᠤᠨ ᠬᠤᠯᠪᠣᠭᠳᠠᠯ ᠪᠥᠬᠦᠶ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠨᠢᠭᠡᠳᠦᠯᠲᠡᠶ ᠲᠥᠯᠥᠪᠯᠡᠨ ᠲᠣᠭᠲᠠᠭᠠᠬᠤ ᠪᠠ ᠵᠠᠰᠠᠪᠤᠷᠢ ᠣᠷᠣᠭᠤᠯᠵᠤ᠂ ᠠᠷᠠᠳ ‍ᠤᠨ‌ᠠᠭᠠᠷ ᠤᠨ ᠲᠡᠭᠡᠭᠡᠪᠦᠷᠢ ᠵᠢᠨ‌ᠦᠢᠯᠡᠴᠢᠯᠡᠭᠡᠨ‌‍ᠤ ᠶᠠᠰᠤ ᠴᠢᠨᠠᠷ ᠤᠨ ᠬᠠᠮᠢᠶᠠᠷᠤᠯᠲᠠ ᠵᠢᠨ‌‍ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠷᠠᠳ ᠤᠨ ᠠᠭᠠᠷ ᠤᠨ ᠲᠡᠭᠡᠭᠡᠪᠦᠷᠢ ᠶᠢᠨ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠬᠡᠵᠦ ᠬᠡᠯᠡᠪᠡ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号