ᠣᠶᠢᠷ᠎ᠠ ᠶᠢᠨ 10 ᠵᠢᠯ ᠤᠨ ᠲᠤᠷᠰᠢ ᠮᠠᠨ ᠤ ᠤᠯᠤᠰ ᠢ ᠨᠥᠯᠥᠭᠡᠯᠡᠭᠰᠡᠨ ᠬᠠᠮᠤᠭ ᠤᠨ ᠬᠦᠴᠦᠲᠡᠢ ᠡᠯᠡᠰᠦᠨ ᠰᠢᠭᠤᠷᠭ᠎ᠠ ᠤᠮᠠᠷᠠᠲᠤ ᠣᠷᠣᠨ ᠤ ᠣᠯᠠᠩᠬᠢ ᠭᠠᠵᠠᠷ ᠢ ᠨᠥᠯᠥᠭᠡᠯᠡᠪᠡ
ᠨᠡᠶᠢᠲᠡᠯᠡᠭᠰᠡᠨ ᠴᠠᠭ᠄
2021/3/17
   ᠲᠥᠪ ᠷᠠᠳᠢᠣ᠋ ᠶᠢᠨ ᠮᠡᠳᠡᠭᠡ᠄ ᠤᠮᠠᠷᠠᠲᠤ ᠣᠷᠣᠨ ᠤ ᠣᠯᠠᠩᠬᠢ ᠭᠠᠵᠠᠷ ᠲᠤ 15  ᠎ ᠤ ᠡᠳᠦᠷ ᠡᠯᠡᠰᠦᠨ ᠰᠢᠭᠤᠷᠭ᠎ᠠ ᠳᠡᠭᠳᠡᠭᠰᠡᠨ ᠪᠠᠶᠢᠨ᠎ᠠ᠃ ᠡᠨᠡ ᠪᠣᠯ ᠣᠶᠢᠷ᠎ᠠ ᠶᠢᠨ 10 ᠵᠢᠯ ᠤᠨ ᠲᠤᠷᠰᠢ ᠮᠠᠨ ᠤ  ᠤᠯᠤᠰ  ᠎ ᠢ  ᠨᠥᠯᠥᠭᠡᠯᠡᠭᠰᠡᠨ ᠬᠠᠮᠤᠭ  ᠎ ᠤᠨ ᠬᠦᠴᠦᠲᠡᠢ ᠡᠯᠡᠰᠦᠨ ᠰᠢᠭᠤᠷᠭ᠎ᠠ ᠪᠣᠯᠣᠨ᠎ᠠ᠃                    ᠲᠥᠪ ᠤᠨ ᠴᠠᠭ ᠠᠭᠤᠷ ᠤᠨ ᠰᠲ᠋ᠠᠨᠼ ᠤᠨ ᠵᠢᠱᠢᠵᠦ ᠪᠠᠶᠢᠬᠤ ᠪᠠᠷ᠂ 16᠎ ᠤ ᠡᠳᠦᠷ ᠪᠡᠭᠡᠵᠢᠩ᠂ ᠾᠧᠪᠧᠢ᠂ ᠱᠠᠨ ᠰᠢ᠂ ᠲᠢᠶᠠᠨᠵᠢᠨ ᠵᠡᠷᠭᠡ ᠭᠠᠵᠠᠷ ᠤᠨ ᠬᠡᠰᠡᠭ ᠣᠷᠣᠨ ᠳᠤ ᠲᠣᠭᠤᠰᠣ ᠰᠢᠷᠣᠢ ᠳᠡᠭᠳᠡᠵᠦ᠂ ᠭᠠᠨᠰᠤ ᠶᠢᠨ ᠾᠧ ᠰᠢ᠂ ᠨᠢᠩᠰᠢᠶᠠ‌ᠵᠢᠨ ᠬᠤᠶᠢᠲᠤ ᠪᠡᠶ᠎ᠡ᠂ ᠰᠢᠨᠵᠢᠶᠠᠩ ᠤᠨ ᠲᠠᠷᠢᠮ ᠤᠨ ᠬᠤᠲᠣᠭᠤᠷ ᠤᠨ ᠡᠮᠦᠨ᠎ᠡ ᠪᠡᠶ᠎ᠡ ᠶᠢᠨ ᠬᠡᠰᠡᠭ ᠭᠠᠵᠠᠷ ᠲᠤ ᠡᠯᠡᠰᠦᠨ ᠰᠢᠭᠤᠷᠭ᠎ᠠ ᠳᠡᠭᠳᠡᠭᠰᠡᠨ ᠪᠠᠶᠢᠨ᠎ᠠ᠃                    ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠣᠷᠴᠢᠨ ᠠᠬᠤᠢ ᠶᠢᠨ ᠴᠠᠭ ᠠᠭᠤᠷ ᠤᠨ ᠰᠢᠨᠵᠢᠯᠡᠭᠡᠨ ᠤ ᠲᠥᠪ ᠤᠨ ᠡᠷᠬᠢᠯᠡᠭᠴᠢ ᠵᠠᠩ ᠪᠢ ᠾᠦᠢ ᠢᠯᠡᠷᠬᠡᠶᠢᠯᠡᠬᠦ ᠳᠡᠭᠡᠨ᠂ ᠡᠨᠡ ᠤᠳᠠᠭ᠎ᠠ ᠮᠠᠨ ᠤ ᠤᠯᠤᠰ ᠤᠨ ᠤᠮᠠᠷᠠᠲᠤ ᠣᠷᠣᠨ ᠢ ᠨᠥᠯᠥᠭᠡᠯᠡᠭᠰᠡᠨ ᠡᠯᠡᠰᠦᠨ ᠰᠢᠭᠤᠷᠭ᠎ᠠ ᠮᠣᠩᠭᠤᠯ ᠤᠯᠤᠰ ᠠᠴᠠ ᠡᠬᠢ ᠢᠷᠡᠯᠲᠡ ᠲᠠᠢ ᠶᠤᠮ᠂ ᠮᠣᠩᠭᠤᠯ ᠤᠯᠤᠰ ᠲᠤ ᠠᠭᠠᠷ ᠤᠨ ᠬᠦᠴᠦᠲᠡᠢ ᠤᠷᠤᠰᠬᠠᠯ ᠪᠣᠢ ᠪᠣᠯᠵᠤ᠂ ᠡᠯᠡᠰᠦ ᠰᠢᠷᠣᠢ ᠬᠦᠴᠦᠲᠡᠢ ᠤᠷᠤᠰᠬᠠᠯ ᠎ ᠤᠨ ᠳᠠᠷᠠᠭᠠᠬᠢ ᠬᠦᠢᠲᠡᠨ ᠠᠭᠠᠷ ᠤᠨ ᠥᠨᠳᠥᠷ ᠳᠠᠷᠤᠯᠲᠠ ᠶᠢᠨ ᠳᠣᠣᠷ᠎ᠠ ᠡᠮᠦᠨᠡᠰᠢᠯᠡᠵᠦ ᠮᠠᠨ ᠤ ᠤᠯᠤᠰ ᠤᠨ ᠤᠮᠠᠷᠠᠲᠤ ᠪᠡᠶ᠎ᠡ ᠶᠢᠨ ᠶᠡᠬᠡᠩᠬᠢ ᠭᠠᠵᠠᠷ ᠢ ᠨᠥᠯᠥᠭᠡᠯᠡᠭᠰᠡᠨ‌‍ᠪᠠᠶᠢᠨ᠎ᠠ ᠭᠡᠵᠡᠢ᠃      
 
ᠢᠷᠡᠯᠲᠡ᠄ ᠲᠥᠪ ᠷᠠᠳᠢᠣ᠋ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号