ᠪᠦᠬᠦ ᠬᠤᠳᠠ ᠶᠢᠨ ︽ᠤᠯᠠᠭᠠᠨᠮᠦ᠋ᠴᠢᠷ ᠤᠨ ᠵᠤᠷᠢᠬ ᠰᠠᠨᠠᠭ᠎ᠠ ᠶᠢ ᠪᠠᠳᠠᠷᠠᠭᠤᠯᠵᠤ ᠠᠷᠡᠳ ᠳᠦᠮᠡᠨ ᠤ ᠳᠤᠮᠳᠠ ᠤᠴᠢᠬᠤ︾ ᠦᠨᠳᠦᠰᠦᠨ ᠱᠠᠳᠤᠨ ᠤ ᠶᠡᠷᠦᠩᠬᠡᠶᠢᠯᠡᠭᠰᠡᠨ ᠰᠠᠶᠢᠨ ᠳᠤᠷ᠎ᠡ ᠶᠢᠨ ᠦᠢᠯᠡᠴᠢᠯᠡᠬᠡᠨ ᠤ ᠠᠵᠢᠯᠯᠠᠭ᠎ᠠ ᠡᠬᠢᠯᠡᠯ᠎ᠠ
ᠨᠡᠶᠢᠲᠡᠯᠡᠭᠰᠡᠨ ᠴᠠᠭ᠄
2021/3/19
   ᠤᠢᠢᠷ᠎ᠠ ᠶᠢᠨ ᠡᠳᠦᠷ᠂ ᠮᠠᠨ ᠤ ᠬᠤᠳᠠ ᠶᠢᠨ ︽ᠤᠯᠠᠭᠠᠨᠮᠦ᠋ᠴᠢᠷ ᠤᠨ ᠵᠤᠷᠢᠬ ᠰᠠᠨᠠᠭ᠎ᠠ ᠶᠢ ᠪᠠᠳᠠᠷᠠᠭᠤᠯᠵᠤ ᠠᠷᠡᠳ ᠳᠦᠮᠡᠨ ᠤ ᠳᠤᠮᠳᠠ ᠤᠴᠢᠬᠤ︾ ᠦᠨᠳᠦᠰᠦᠨ ᠱᠠᠳᠤᠨ ᠤ ᠶᠠᠷᠦᠩᠬᠡᠶᠢᠯᠡᠭᠰᠡᠨ ᠰᠠᠶᠢᠨ ᠳᠤᠷ᠎ᠡ ᠶᠢᠨ ᠦᠢᠯᠡᠴᠢᠯᠡᠬᠡᠨ ᠤ ᠨᠢᠬᠡᠳᠦᠬᠡᠷ ᠬᠤᠪᠢᠶᠠᠷᠢ ᠠᠩᠬᠢ ᠬᠢᠶ᠎ᠠ ᠪᠠᠭᠰᠢ ᠳᠤᠭᠤᠷᠢᠬ ᠤᠨ ᠬᠠ᠊ ᠪᠠᠭᠰᠢ ᠵᠡᠬᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠳᠠᠷᠬᠠᠨ ᠨᠡᠶᠢᠬᠡᠮ ᠳᠤᠭᠤᠷᠢᠬ ᠤᠨ ᠦᠢᠯᠡᠳᠦᠯᠬᠡᠵᠢᠬᠦᠯᠬᠦ ᠦᠷᠳᠡᠭᠡ ᠳᠤ ᠬᠦᠷᠴᠤ ᠦᠨᠳᠦᠰᠦᠨ ᠱᠠᠳᠤᠨ ᠤ ᠶᠡᠷᠦᠩᠬᠡᠶᠢᠯᠡᠭᠰᠡᠨ ᠰᠠᠶᠢᠨ ᠳᠤᠷ᠎ᠡ ᠶᠢᠨ ᠦᠢᠯᠡᠴᠢᠯᠡᠬᠡᠨ ᠤ ᠠᠵᠢᠯᠯᠠᠭ᠎ᠠ ᠪᠠᠨ ᠡᠬᠢᠯᠡᠬᠦᠯᠪᠡ᠃    ᠠᠵᠢᠯᠯᠠᠭ᠎ᠠ ᠶᠢᠨ ᠠᠬᠤᠢ ᠳᠠᠯᠠᠪᠠᠢ ᠳᠤ᠂ ᠮᠤᠷᠢᠨ ᠬᠤᠭᠤᠷ ᠤᠨ ᠰᠢᠷᠤᠩᠬᠠᠢ ᠠᠶᠠᠰ ᠤᠨ ᠳᠤᠮᠳᠠ ᠠᠵᠢᠯᠯᠠᠭ᠎ᠠ ᠡᠬᠢᠯᠡᠵᠤ᠂ ᠤᠯᠠᠨ ᠬᠡᠯᠪᠡᠷᠢ ᠶᠢᠨ ᠤᠷᠡᠨ ᠰᠠᠶᠢᠬᠠᠨ ᠤ ᠳᠤᠬᠯᠠᠯᠳᠠ ᠨᠢ ᠦᠵᠡᠭᠴᠢᠳ ᠤᠨ ᠠᠯᠠᠭ᠎ᠠ ᠳᠠᠰᠢᠯᠳᠡ ᠶᠢ ᠬᠦᠯᠢᠶᠡᠵᠤ ᠪᠠᠶᠢᠯ᠎ᠠ᠃ ᠠᠵᠢᠯᠳᠡᠨ ᠠᠴᠠ ᠰᠠᠭᠤᠭᠠᠯᠢ ᠠᠷᠡᠳ ᠲᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠵᠡᠷᠬᠡ ᠠᠭᠤᠯᠭ᠎ᠠ ᠪᠦᠬᠦᠢ ᠤᠬᠠᠭᠤᠯᠭ᠎ᠠ ᠶᠢᠨ ᠪᠢᠴᠢᠭ ᠮᠠᠲ᠋ᠧᠷᠢᠶᠡᠯ ᠳᠠᠷᠬᠠᠭᠠᠭᠰᠠᠨ ᠤ ᠬᠠᠮᠳᠤ ᠠᠯᠪᠠᠨ ᠵᠢᠷᠤᠮ ᠤᠨ ᠡᠮᠴᠢᠯᠡᠭᠡ ᠦᠷᠨᠢᠬᠦᠯᠵᠠᠢ᠃    ᠤᠢᠢᠯᠠᠭᠠᠬᠰᠠᠨ ᠢᠶᠠᠷ᠂ ᠳᠤᠰ ᠤᠳᠠᠭᠠᠨ ᠤ ᠠᠵᠢᠯᠯᠠᠭ᠎ᠠ ᠳᠤ ᠤᠨᠤᠯ ᠳᠦᠷᠦ ᠶᠢᠨ ᠪᠤᠳᠤᠯᠭ᠎ᠠ ᠶᠢ ᠤᠬᠠᠭᠤᠯᠤᠨ ᠳᠠᠶᠢᠯᠪᠤᠷᠢᠯᠡᠬᠤ ᠦᠢᠯᠡᠴᠢᠯᠡᠭᠡ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠬᠡᠵᠢᠯ ᠵᠢᠴᠢ ᠳᠠᠷᠢᠶᠠᠯᠠᠩ ᠮᠠᠯ ᠠᠵᠤ ᠠᠬᠤᠢ ᠶᠢᠨ ᠮᠡᠳᠡᠯᠬᠡ ᠶᠢᠨ ᠦᠢᠯᠡᠴᠢᠯᠡᠭᠡ ᠵᠡᠷᠬᠡ ᠨᠠᠢᠮᠠᠨ ᠳᠦᠷᠦᠯ ᠤᠨ ᠠᠵᠢᠯᠯᠠᠭ᠎ᠠ ᠪᠤᠢ᠃ ᠬᠤᠳᠠ ᠶᠢᠨ ᠨᠠᠮ ᠤᠨ ᠬᠤᠷᠢᠶᠡᠨ ᠤ ᠤᠬᠠᠭᠤᠯᠬᠤ ᠬᠡᠯᠳᠡᠰ ᠠᠴᠠ ︽ᠤᠯᠠᠭᠠᠨᠮᠦ᠋ᠴᠢᠷ ᠤᠨ ᠵᠤᠷᠢᠬ ᠰᠠᠨᠠᠭ᠎ᠠ ᠶᠢ ᠪᠠᠳᠠᠷᠠᠭᠤᠯᠵᠤ᠂ ᠠᠷᠡᠳ ᠳᠦᠮᠡᠨ ᠤ ᠳᠤᠮᠳᠠ ᠤᠴᠢᠬᠤ︾ 4 ᠦᠨᠳᠦᠰᠦᠨ ᠱᠠᠳᠤᠨ ᠤ ᠶᠡᠷᠦᠩᠬᠡᠶᠢᠯᠡᠭᠰᠡᠨ ᠰᠠᠶᠢᠨ ᠳᠤᠷ᠎ᠡ ᠶᠢᠨ ᠦᠢᠯᠡᠴᠢᠯᠡᠬᠡᠨ ᠤ ᠠᠩᠬᠢ ᠶᠢ ᠳᠦᠯᠦᠪᠵᠢᠬᠦᠯᠦᠨ ᠵᠤᠬᠢᠶᠠᠨ ᠪᠠᠶᠢᠭᠤᠯᠵᠤ᠂ 3 ᠰᠠᠷ᠎ᠡ ᠶᠢᠨ 15 — 19᠎ ᠤ ᠡᠳᠦᠷ ᠪᠤᠯᠳᠠᠯ᠎ᠠ ᠮᠠᠨ ᠤ ᠬᠤᠳᠠ ᠶᠢᠨ 9 ᠬᠤᠰᠢᠭᠤ ᠳᠤᠭᠤᠷᠢᠬ ᠲᠤ 5 ᠡᠳᠦᠷ ᠤᠨ ᠬᠤᠭᠤᠴᠠᠭ᠎ᠠ ᠲᠠᠢ ᠦᠨᠳᠦᠰᠦᠨ ᠱᠠᠳᠤᠨ ᠤ ᠶᠡᠷᠦᠩᠬᠡᠶᠢᠯᠡᠭᠰᠡᠨ ᠰᠠᠶᠢᠨ ᠳᠤᠷ᠎ᠡ ᠶᠢᠨ ᠦᠢᠯᠡᠴᠢᠯᠡᠬᠡᠨ ᠤ ᠠᠵᠢᠯᠯᠠᠭ᠎ᠠ ᠦᠷᠨᠢᠬᠦᠯᠤᠨ᠎ᠡ᠃ ᠡᠬᠦᠨ ᠳᠤ ᠬᠤᠰᠢᠭᠤ ᠳᠤᠭᠤᠷᠢᠬ ᠤᠨ ᠬᠤᠳᠠ ᠶᠢᠨ ᠳᠤᠭᠤᠷᠢᠬ ᠬᠢᠬᠡᠳ ᠬᠦᠳᠡᠭᠡ ᠳᠤᠰᠬᠤᠨ ᠳᠤ ᠳᠤᠰ ᠪᠦᠷᠢ 2 ᠳᠠᠯᠠᠪᠤᠷ ᠠᠵᠢᠯᠯᠠᠭ᠎ᠠ ᠦᠷᠨᠢᠬᠦᠯᠤᠨ᠎ᠡ᠃  
 
ᠢᠷᠡᠯᠲᠡ᠄ ᠤᠷᠳᠤᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号