ᠣᠷᠳᠣᠰ ᠬᠤᠲᠠ ᠶᠢᠨ ᠶᠠᠲᠤᠭ᠎ᠠ ᠶᠢᠨ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/3/26
   ᠤᠢᠢᠷ᠎ᠠ ᠳᠤ ᠶᠠᠲᠤᠭ᠎ᠠ ᠬᠦ᠋ᠭᠵᠢᠮ ᠤᠨ ᠢᠷᠠᠭᠤ  ᠴᠡᠭᠡᠯᠬᠡᠨ ᠠᠶᠠᠰ ᠤᠨ  ᠳᠤᠮᠳᠠ  ᠣᠷᠳᠣᠰ ᠬᠤᠲᠠ ᠶᠢᠨ ᠲᠠᠭᠤᠤ ᠬᠥᠭᠵᠢᠮᠴᠢᠳ ᠤᠨ ᠨᠡᠶᠢᠭᠡᠮᠯᠢᠭ ᠤᠨ ᠶᠠᠲᠤᠭ᠎ᠠ ᠶᠢᠨ ᠨᠡᠶᠢᠭᠡᠮᠯᠢᠭ ᠪᠠᠶᠢᠭᠤᠯᠤᠭᠳᠠᠬᠤ ᠶᠤᠰᠤᠯᠡᠯ ᠪᠤᠯᠪᠠ᠃              ᠣᠷᠳᠣᠰ ᠨᠤᠳᠤᠭ ᠪᠤᠯ ᠠᠷᠠᠳ ᠤᠨ ᠶᠠᠲᠤᠭ᠎ᠠ ᠬᠦᠭᠵᠢᠮᠳᠡᠬᠦᠷ ᠳᠡᠯᠭᠡᠷᠡᠭᠰᠡᠨ ᠴᠢᠬᠤᠯᠠ  ᠭᠠᠵᠠᠷ  ᠨᠤᠳᠤᠭ  ᠪᠠᠶᠢᠵᠤ᠂ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠣᠷᠳᠣᠰ ᠬᠤᠲᠠ ᠳᠤ ᠶᠡᠭᠡ ᠬᠡᠮᠵᠢᠶᠡᠨ ᠤ ᠶᠠᠲᠤᠭ᠎ᠠ ᠶᠢᠨ ᠬᠥᠭᠵᠢᠮᠴᠢᠨ᠂ ᠵᠢᠭᠠᠨ ᠰᠤᠷᠭᠠᠯᠲᠠ ᠶᠢᠨ ᠠᠵᠢᠯᠯᠠᠭᠴᠢᠳ ᠵᠢᠴᠢ ᠶᠡᠭᠡ ᠬᠡᠮᠵᠢᠶᠡᠨ ᠤ  ᠶᠠᠲᠤᠭ᠎ᠠ ᠵᠢᠨ‌‍ᠲ᠋ᠤᠷ᠎ᠠ ᠪᠠᠭ᠋ᠠᠳᠠᠳ ᠴᠣᠯᠭᠤᠷᠠᠨ ᠭᠠᠷᠴᠠᠶ᠃ ᠦᠨᠳᠦᠰᠦᠲᠡᠨ ᠤ ᠰᠣᠶᠣᠯ ᠢ ᠨᠠᠩ ᠰᠠᠶᠢᠲᠤᠷ ᠤᠯᠠᠮᠵᠢᠯᠠᠨ ᠬᠠᠮᠠᠭᠠᠯᠠᠵᠤ᠂ ᠶᠠᠲᠤᠭ᠎ᠠ ᠬᠦᠭᠵᠢᠮ‌‍ᠤᠨ ᠠᠵᠢᠯ ᠲᠥᠷᠥᠯ ᠢ  ᠬᠥᠲᠥᠯᠥᠨ   ᠵᠢᠯᠣᠭᠤᠳᠬᠤ ᠵᠢᠨ‌‍ᠲ᠋ᠥ᠋ᠯᠥᠭᠡ᠂ ᠣᠷᠳᠣᠰ ᠬᠤᠲᠠ ᠵᠢᠨ‌ᠤᠳᠬ᠎ᠠ‌ᠤᠷᠠᠯᠢᠭ ᠤᠨ ᠬᠢᠨ ᠤ ᠬᠤᠯᠪᠣᠭ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠣᠷᠳᠣᠰ ᠬᠤᠲᠠ ᠵᠢᠨ‌‍ᠲ᠋ᠠᠭᠤᠤ  ᠬᠥᠭᠵᠢᠮᠴᠢᠳ ᠤᠨ ᠨᠡᠶᠢᠭᠡᠮᠯᠢᠭ ᠣᠯᠠᠨ ᠤᠳᠠᠭ᠎ᠠ ᠪᠠᠶᠢᠴᠠᠭᠠᠨ  ᠰᠤᠳᠤᠯᠤᠯᠳᠠ  ᠬᠢᠬᠦ ᠪᠠᠷ  ᠳᠠᠮᠵᠢᠭᠤᠯᠵᠤ  ︽ᠣᠷᠳᠣᠰ  ᠬᠤᠲᠠ ᠶᠢᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠶᠠᠲᠤᠭ᠎ᠠ ᠶᠢᠨ ᠨᠡᠶᠢᠭᠡᠮᠯᠢᠭ︾᠎ ᠢ ᠪᠠᠶᠢᠭᠤᠯᠤᠭᠰᠠᠨ ᠪᠠᠶᠢᠨ᠎ᠠ᠃                  ︽ᠶᠠᠲᠤᠭ᠎ᠠ ᠶᠢᠨ ᠨᠡᠶᠢᠭᠡᠮᠯᠢᠭ ᠣᠯᠠᠨ ᠲᠠᠯ᠎ᠠ ᠶᠢᠨ ᠳᠠᠪᠠᠭᠤᠯᠢᠭ ᠢ ᠥᠷᠭᠡᠨ ᠢᠶᠠᠷ  ᠰᠢᠩᠭᠡᠭᠡᠨ ᠠᠪᠴᠤ᠂  ᠨᠡᠷ᠎ᠡ ᠬᠦᠨᠳᠦᠲᠡᠶ ᠶᠠᠳᠤᠭ᠎ᠠ ᠤᠷᠠᠯᠢᠭ ᠤᠨ ᠪᠠᠭᠰᠢ᠂ ᠬᠥᠭᠵᠢᠮᠴᠢᠨ ᠵᠡᠷᠭᠡ ᠶᠢ ᠤᠷᠢᠵᠤ ᠵᠢᠯᠣᠭᠤᠳᠬᠤ ᠠᠵᠢᠯ ᠬᠢᠯᠭᠡᠵᠦ᠂ ᠶᠠᠲᠤᠭ᠎ᠠ ᠵᠢᠨ‌ᠡᠷᠳᠡᠮ ᠰᠢᠨᠵᠢᠯᠡᠭᠡᠨ ᠤ ᠰᠣᠯᠢᠯᠴᠠᠭ᠎ᠠ ᠶᠠᠷᠢᠯᠴᠠᠭ᠎ᠠ᠂ ᠶᠠᠲᠤᠭ᠎ᠠ ᠬᠥᠭᠵᠢᠮ ᠤᠨ ᠦᠵᠡᠭᠦᠯᠭᠡ ᠵᠢᠴᠢ ᠶᠠᠲᠤᠭ᠎ᠠ ᠶᠢᠨ ᠰᠤᠷᠤᠯᠴᠠᠯᠭ᠎ᠠ ᠪᠣᠯᠪᠠᠰᠤᠷᠠᠯ ᠵᠡᠷᠭᠡ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠦᠷᠨᠢᠬᠦᠯᠦᠨ᠎ᠠ︾ ᠬᠡᠵᠤ ᠨᠡᠶᠢᠭᠡᠮᠯᠢᠭ ᠤᠨ ᠬᠠᠮᠢᠶ᠎ᠠ ᠪᠥᠬᠦᠶ ᠬᠥᠮᠦᠰ ᠢᠯᠡᠷᠬᠡᠶᠢᠯᠡᠪᠡ᠃ ᠲᠤᠰ ᠨᠡᠶᠢᠬᠡᠮᠯᠢᠭ ᠨᠢ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ᠂ ᠵᠣᠷᠢᠯᠭ᠎ᠠ ᠲᠠᠢ᠂ ᠠᠯᠬᠤᠮ ᠳᠠᠷᠠᠭ᠎ᠠ ᠲᠠᠢ ᠪᠠᠷ ᠠᠯᠢ ᠣᠯᠠᠨ ᠳᠠᠭᠤᠤ ᠬᠥᠭᠵᠢᠮ ᠤᠨ ᠣᠨᠣᠯ ᠤᠨ ᠶᠠᠷᠢᠯᠴᠠᠭ᠎ᠠ ᠪᠠ ᠰᠣᠶᠣᠯ ᠤᠨ ᠠᠵᠢᠯᠯᠠᠭ᠎ᠠ  ᠥᠷᠨᠢᠭᠦᠯᠵᠦ᠂ ᠰᠣᠶᠣᠯ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ᠂ ᠬᠤᠲᠠ ᠵᠢᠨ‌‍ᠰᠣᠶᠣᠯ ‍ᠤᠨ‌ᠠᠭᠤᠯᠤᠭᠳᠠᠬᠤᠨ ᠢ ᠪᠠᠶᠠᠯᠢᠭᠵᠢᠭᠤᠯᠬᠤ᠂ ᠬᠤᠲᠠ ᠶᠢᠨ ᠰᠣᠶᠣᠯ ᠤᠨ ᠴᠢᠨᠠᠷ ᠲᠠᠰ ᠢ  ᠳᠡᠭᠡᠭᠰᠢᠯᠡᠭᠦᠯᠬᠦ᠂ ᠳᠤᠮᠳᠠᠳᠤ  ᠤᠯᠤᠰ ᠤᠨ  ᠤᠯᠠᠮᠵᠢᠯᠠᠯᠲᠤ  ᠰᠣᠶᠣᠯ ᠢ ᠰᠠᠶᠢᠲᠤᠷ ᠵᠠᠯᠭᠠᠮᠵᠢᠯᠠᠨ ᠬᠦᠭᠵᠢᠭᠦᠯᠬᠦ ᠳᠤ ᠠᠪᠢᠶᠠᠰ ᠪᠢᠯᠢᠭ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃            
ᠢᠷᠡᠯᠲᠡ᠄ ᠤᠷᠳᠤᠰ ᠮᠤᠩᠭᠤᠯ ᠰᠦᠯᠵᠢᠶ᠎ᠠ