ᠰᠤᠶᠤᠯᠲᠦ ᠲᠥᠯᠥᠭᠡᠯᠡᠭᠴᠢ᠄ ᠬᠦᠳᠡᠭᠡ ᠳᠤᠰᠬᠤᠨ ᠤ ᠬᠤᠷᠰᠢᠶᠠᠵᠢᠯ ᠢ ᠳᠦᠷᠢᠮᠵᠢᠬᠦᠯᠬᠦ ᠴᠢᠬᠤᠯᠠᠲᠠᠢ
ᠨᠡᠶᠢᠲᠡᠯᠡᠭᠰᠡᠨ ᠴᠠᠭ᠄
2021/3/9
   ᠦᠤᠰᠢᠨ ᠬᠤᠰᠢᠭᠤᠨ ᠤ ᠤᠯᠠᠭᠠᠨᠲᠤᠯᠤᠭᠠᠢ ᠪᠠᠯᠭᠠᠰᠦᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠤᠶᠤᠯᠲᠦ ᠡᠨᠡ ᠤᠳᠠᠭᠠᠨ ᠤ ︽ᠬᠤᠶᠠᠷ ᠬᠤᠷᠡᠯ︾ ᠳᠡᠭᠡᠷ᠎ᠡ ᠬᠦᠳᠡᠭᠡ ᠳᠤᠰᠬᠤᠨ ᠤ ᠬᠤᠷᠰᠢᠶᠠᠵᠢᠯ ᠢ ᠬᠡᠷᠬᠢᠨ ᠳᠦᠷᠢᠮᠵᠢᠬᠦᠯᠬᠦ ᠲᠤᠬᠠᠢ ᠰᠠᠨᠠᠯ ᠳᠤᠷᠠᠳᠤᠯᠭ᠎ᠠ ᠳᠡᠪᠰᠢᠬᠦᠯᠦᠭᠰᠡᠨ ᠪᠠᠶᠢᠨ᠎ᠡ᠃

   ᠲᠡᠷᠡ᠄ ︽ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ ᠬᠦᠳᠡᠭᠡ

ᠳᠤᠰᠬᠤᠨ ᠤ ᠬᠤᠷᠰᠢᠶᠡᠵᠢᠯ ᠨᠢ ᠲᠤᠩ ᠶᠡᠭᠡ ᠤᠢᠢᠯᠡᠳᠤᠯ ᠦᠵᠡᠬᠦᠯᠵᠡᠢ᠂ ᠭᠡᠪᠡᠴᠤ ᠡᠨᠡ ᠳᠤᠮᠳᠠ ᠪᠠᠰᠠ ᠤᠯᠠᠨ

ᠵᠦᠢᠯ ᠤᠨ ᠠᠰᠠᠭᠤᠳᠠᠯ ᠤᠷᠤᠰᠢᠵᠤ ᠪᠤᠢ᠃ ᠵᠢᠱᠢᠶᠡᠯᠡᠪᠡᠯ᠂ ᠵᠠᠷᠢᠮ ᠭᠠᠵᠠᠷ ᠨᠢ ᠬᠤᠷᠰᠢᠶᠡᠵᠢᠯ ᠪᠠᠶᠢᠭᠤᠯᠬᠤ ᠶᠢ ᠯᠠ

ᠴᠢᠬᠤᠯᠠᠴᠢᠯᠠᠭᠠᠳ᠂ ᠬᠤᠷᠰᠢᠶᠡᠵᠢᠯ ᠤᠨ ᠡᠵᠡᠩᠨᠡᠯᠳᠡ ᠬᠠᠮᠢᠶᠠᠷᠤᠯᠲᠠ ᠶᠢ ᠴᠢᠬᠤᠯᠠᠴᠢᠯᠠᠬᠤ ᠦᠭᠡᠢ ᠪᠠᠶᠢᠨ᠎ᠡ᠃ ᠪᠠᠰᠠ

ᠵᠠᠷᠢᠮ ᠭᠠᠵᠠᠷ ᠣᠷᠣᠨ ᠳᠤ ᠬᠤᠷᠰᠢᠶᠡᠵᠢᠯ ᠨᠢ ᠬᠡᠲᠦᠷᠬᠡᠶ ᠤᠯᠠᠨ ᠪᠤᠯᠵᠤ᠂ ᠨᠢᠭᠡᠳᠦᠯᠲᠡᠶ ᠬᠠᠮᠢᠶᠠᠷᠤᠯᠲᠠ

ᠳᠤᠲᠠᠮᠠᠭ ᠠᠴᠠ ᠪᠤᠯᠤᠭᠠᠳ ᠦᠢᠯᠡᠳᠦᠯ ᠢᠶᠠᠨ ᠪᠠᠳᠠᠷᠠᠭᠤᠯᠬᠤ ᠳᠤ ᠬᠦᠴᠢᠷᠲᠡᠶ ᠪᠠᠶᠢᠨ᠎ᠡ᠃ ᠬᠤᠷᠰᠢᠶᠡᠵᠢᠯ ᠤᠨ

ᠪᠦ᠋ᠳᠦᠬᠡᠨ ᠪᠠᠶᠢᠭᠤᠯᠤᠯᠲᠠ ᠶᠢᠨ ᠳᠤᠮᠳᠠᠬᠢ ᠡᠲᠡᠭᠡᠷ ᠠᠰᠠᠭᠤᠳᠠᠯ ᠳᠤ ᠴᠢᠭᠯᠡᠭᠦᠯᠦᠨ ᠪᠢ ᠳᠤᠰ ᠤᠳᠠᠭᠠᠨ ᠤ ᠬᠤᠷᠠᠯ

ᠳᠡᠭᠡᠷ᠎ᠡ ᠳᠤᠤᠷᠠᠬᠢ ᠬᠡᠳᠤᠨ ᠰᠠᠨᠠᠭᠤᠯᠭ᠎ᠠ ᠶᠢ ᠳᠡᠪᠰᠢᠬᠦᠯᠵᠡᠢ᠃ ᠨᠢᠭᠡ ᠳᠤ᠂ ᠵᠠᠰᠠᠭ ᠤᠨ ᠤᠷᠳᠤᠨ ᠵᠢᠴᠢ ᠬᠠᠮᠢᠶ᠎ᠡ

ᠪᠦᠬᠦᠢ ᠪᠠᠶᠢᠭᠤᠯᠭ᠎ᠠ ᠠᠴᠠ ᠭᠠᠴᠠᠭ᠎ᠠ ᠲᠣᠰᠬᠤᠨ ᠤ ᠬᠤᠷᠰᠢᠶᠡᠵᠢᠯ ᠤᠨ ᠪᠡᠯᠡ ᠮᠦᠡᠭᠭᠦ ᠪᠠ ᠳᠦᠷᠦᠯ ᠵᠦᠢᠯ ᠢ

ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠵᠤ᠂ ᠬᠤᠷᠰᠢᠶᠡᠵᠢᠯ ᠤᠨ ᠡᠯ᠎ᠡ ᠡᠵᠡᠩᠨᠡᠯᠲᠡ ᠶᠢᠨ

ᠭᠤᠭᠴᠤᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠡᠯ᠎ᠡ ᠲᠥᠷᠥᠯ ᠤᠨ ᠬᠤᠷᠰᠢᠶᠡᠵᠢᠯ ᠤᠨ ᠡᠭᠦᠷᠭᠡ

ᠴᠢᠳᠠᠪᠬᠢ ᠶᠢᠨ ᠭᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠠᠯ ᠵᠤᠬᠢᠨ᠎ᠠ︔ ᠬᠤᠶᠠᠷ ᠲᠤ᠂

ᠬᠤᠷᠰᠢᠶᠡᠵᠢᠯ ᠤᠨ ᠲᠤᠰ ᠪᠡᠶ᠎ᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠣᠬᠢᠶᠠᠨ ᠪᠠᠶᠢᠭᠤᠯᠵᠤ ᠬᠦᠳᠦᠯᠦᠨ

ᠵᠢᠯᠣᠭᠤᠳᠬᠤ᠂ ᠰᠢᠨ᠎ᠡ ᠮᠡᠷᠭᠡᠵᠢᠯ ᠢ ᠲᠠᠨᠢᠯᠴᠠᠭᠤᠯᠬᠤ᠂ ᠦᠢᠯᠡᠳᠪᠦᠷᠢᠯᠡᠯ ᠢ ᠵᠢᠯᠣᠭᠤᠳᠬᠤ᠂ ᠬᠠᠷᠢᠯᠴᠠᠨ

ᠵᠣᠬᠢᠴᠠᠭᠤᠯᠬᠤ ᠵᠡᠷᠭᠡ ᠲᠠᠯ᠎ᠠ ᠶᠢᠨ ᠦᠢᠯᠡᠳᠦᠯ ᠢᠶᠠᠨ ᠪᠠᠳᠠᠷᠠᠭᠤᠯᠪᠠᠯ ᠵᠤᠬᠢᠨ᠎ᠠ︔ ᠭᠤᠷᠪᠠ ᠳᠤ᠂ ᠬᠤᠷᠰᠢᠶᠡᠵᠢᠯ ᠤᠨ

ᠴᠢᠳᠠᠪᠤᠷᠢᠲᠠᠨ ᠤ ᠡ᠊ᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠷᠰᠢᠶᠡᠵᠢᠯ ᠤᠨ ᠬᠠᠪᠰᠤᠷᠤᠨ

ᠵᠢᠯᠣᠭᠤᠳᠣᠭᠴᠢ ᠶᠢᠨ ᠡ᠊ᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠣᠶᠤᠲᠠᠳ ᠢ ᠬᠤᠷᠰᠢᠶᠡᠵᠢᠯ ᠤᠨ

ᠬᠠᠮᠢᠶᠠᠷᠤᠯᠲᠠ ᠳᠤ ᠣᠷᠣᠯᠴᠠᠭᠤᠯᠤᠨ᠂ ᠭᠠᠴᠠᠭ᠎ᠠ ᠲᠣᠰᠬᠤᠨ ᠲᠣᠭᠲᠠᠮᠠᠯ ᠬᠤᠭᠤᠴᠠᠭ᠎ᠠ ᠲᠠᠢ ᠪᠠᠷ ᠬᠤᠷᠰᠢᠶᠡᠵᠢᠯ ᠤᠨ

ᠬᠡᠰᠢᠬᠦᠨ ᠡᠷᠦᠬᠡ ᠳᠤ ᠪᠣᠯᠪᠠᠰᠤᠷᠠᠯ ᠬᠥᠮᠦᠵᠢᠯ ᠬᠦ᠋ᠷᠳᠡᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ

ᠬᠤᠷᠰᠢᠶᠡᠵᠢᠯ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠮᠠᠯᠴᠢᠨ ᠲᠠᠷᠢᠶᠠᠴᠢᠨ ᠡᠷᠦᠬᠡ ᠶᠢᠨ ᠢᠳᠡᠪᠬᠢᠵᠢᠯ ᠪᠠ

ᠪᠦᠳᠦᠬᠡᠯᠴᠢ ᠴᠢᠨᠡᠷ ᠢ ᠬᠦᠢᠴᠡᠳ ᠳᠠᠶᠢᠴᠢᠯᠠᠪᠠᠯ ᠵᠤᠬᠢᠨ᠎ᠠ︾ ᠭᠡᠪᠡ᠃

 

 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号